ᠣᠢᠷ᠎ᠠ᠎ᠳᠤ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ ᠠᠯᠪᠠᠨ ᠲᠢᠩᠬᠢᠮ᠂ ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠎ᠶᠢᠨ ᠠᠯᠪᠠᠨ ᠭᠡᠷ᠂ ᠤᠯᠤᠰ᠎ᠤᠨ ᠬᠢᠲᠠᠳ ᠡᠮ ᠡᠮᠨᠡᠯᠭᠡ᠎ᠶᠢᠨ ᠲᠣᠪᠴᠢᠶ᠎ᠠ᠎ᠶᠢᠨ ᠶᠡᠷᠦᠩᠬᠡᠢᠯᠡᠭᠰᠡᠨ ᠵᠤᠷᠭᠠᠨ᠂ ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠣᠪᠴᠢᠶ᠎ᠠ᠎ᠶᠢᠨ ᠶᠡᠷᠦᠩᠬᠡᠢᠯᠡᠭᠰᠡᠨ ᠵᠤᠷᠭᠠᠨ ᠬᠠᠮᠲᠤᠷᠠᠨ 《ᠡᠮᠴᠢᠯᠡᠬᠦ᠌ ᠠᠰᠠᠷᠠᠬᠤ᠎ᠶ᠋ᠢ ᠤᠶᠠᠯᠳᠤᠭᠤᠯᠬᠤ᠎ᠶᠢ ᠠᠬᠢᠭᠤᠯᠬᠤ ᠠᠵᠢᠯᠯᠠᠭᠠᠨ ᠥᠷᠨᠢᠭᠦᠯᠬᠦ ᠲᠤᠬᠠᠢ ᠮᠡᠳᠡᠭᠳᠡᠯ》᠎ᠢ ᠳᠠᠷᠤᠮᠠᠯᠯᠠᠨ ᠶᠠᠪᠤᠭᠤᠯᠵᠤ᠂ ᠡᠮᠴᠢᠯᠡᠬᠦ᠌ ᠠᠰᠠᠷᠠᠬᠤ᠎ᠶ᠋ᠢ ᠤᠶᠠᠯᠳᠤᠭᠤᠯᠬᠤ᠎ᠶᠢ ᠠᠬᠢᠭᠤᠯᠬᠤ ᠠᠵᠢᠯᠯᠠᠭ᠎ᠠ᠎ᠨᠢ ᠵᠣᠬᠢᠶᠠᠨ ᠪᠠᠢᠭᠤᠯᠤᠨ ᠥᠷᠨᠢᠭᠦᠯᠪᠡ᠂ ᠡᠳᠦᠭᠡ ᠳᠣᠣᠷᠠᠬᠢ ᠮᠡᠲᠦ ᠲᠠᠢᠯᠤᠮᠵᠢ ᠬᠢᠶ᠎ᠠ᠄
《ᠮᠡᠳᠡᠭᠳᠡᠯ》᠎ᠳᠤ ᠳᠤᠷᠠᠳᠤᠭ᠍ᠰᠠᠨ᠎ᠢᠶᠠᠷ᠂ 2027 ᠣᠨ᠎ᠤ ᠡᠴᠦᠰ ᠪᠣᠯᠬᠤ᠎ᠳᠤ᠂ ᠡᠮᠴᠢᠯᠡᠬᠦ᠌ ᠠᠰᠠᠷᠠᠬᠤ᠎ᠶ᠋ᠢ ᠤᠶᠠᠯᠳᠤᠭᠤᠯᠬᠤ ᠲᠥᠷᠥ᠎ᠶᠢᠨ ᠪᠣᠳᠣᠯᠭ᠎ᠠ᠎ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠦᠢᠯᠡᠴᠢᠯᠡᠭᠡᠨ᠎ᠦ ᠲᠣᠭ᠍ᠲᠠᠯᠴᠠᠭ᠎ᠠ᠎ᠶ᠋ᠢ ᠨᠠᠩ ᠪᠦᠷᠢᠨᠰᠢᠭᠦᠯᠦᠨ᠂ ᠦᠢᠯᠡᠴᠢᠯᠡᠭᠡᠨ᠎ᠦ ᠬᠠᠩᠭᠠᠯᠭ᠎ᠠ᠎ᠶᠢ ᠪᠦᠲᠦᠮᠵᠢᠲᠡᠶ ᠨᠡᠮᠡᠭᠳᠡᠭᠦᠯᠵᠦ᠂ ᠦᠢᠯᠡᠴᠢᠯᠡᠭᠡᠨ᠎ᠦ ᠴᠢᠳᠠᠪᠤᠷᠢ᠎ᠶᠢ ᠢᠯᠡᠳᠲᠡ ᠳᠡᠭᠡᠭᠰᠢᠯᠡᠭᠦᠯᠦᠨ᠂ ᠡᠮᠴᠢᠯᠡᠭᠡ ᠡᠷᠡᠭᠦᠯ ᠬᠠᠮᠠᠭᠠᠯᠠᠯ ᠬᠢᠭᠡᠳ ᠨᠠᠰᠤᠵᠢᠯ᠎ᠤᠨ ᠠᠰᠠᠷᠠᠮᠵᠢ᠎ᠶᠢᠨ ᠡᠬᠢ ᠪᠠᠶᠠᠯᠢᠭ᠋᠎ᠢ ᠤᠯᠠᠮ ᠨᠢᠭᠡ ᠠᠯᠬᠤᠮ ᠬᠠᠮᠲᠤ᠎ᠪᠠᠷ ᠪᠠᠢᠭᠤᠯᠤᠨ ᠬᠠᠮᠲᠤ᠎ᠪᠠᠷ ᠡᠳ᠋ᠯᠡᠵᠦ᠂ ᠨᠠᠰᠤᠲᠠᠢᠴᠤᠳ᠎ᠤᠨ ᠡᠷᠡᠭᠦᠯ ᠮᠡᠨᠳᠦ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠬᠡᠷᠡᠭᠴᠡᠭᠡ ᠱᠠᠭᠠᠷᠳᠠᠯᠭ᠎ᠠ᠎ᠶ᠋ᠢ ᠨᠠᠩ ᠰᠠᠢᠲᠤᠷ ᠬᠠᠩᠭᠠᠨ᠎ᠠ᠃
《ᠮᠡᠳᠡᠭᠳᠡᠯ》᠎ᠳᠤ ᠲᠤᠯᠤᠭᠠᠨ ᠲᠠᠯ᠎ᠠ᠎ᠪᠠᠷ 25 ᠵᠦᠢᠯ᠎ᠦᠨ ᠪᠣᠳᠠᠲᠠᠢ ᠡᠭᠦᠷᠭᠡ᠎ᠶᠢ ᠪᠠᠢᠷᠢᠯᠠᠭᠤᠯᠪᠠ ᠄ ᠨᠢᠭᠡ᠎ᠳᠦ᠂ ᠦᠢᠯᠡᠴᠢᠯᠡᠭᠡᠨ᠎ᠦ ᠡᠬᠢ ᠪᠠᠶᠠᠯᠢᠭ᠋᠎ᠤᠨ ᠪᠠᠢᠷᠢᠰᠢᠭᠤᠯᠤᠯᠲᠠ᠎ᠶᠢ ᠲᠡᠭᠦᠯᠳᠡᠷᠵᠢᠭᠦᠯᠦᠨ᠎ᠡ᠃ ᠡᠭᠦᠨ᠎ᠳᠦ ᠡᠮᠴᠢᠯᠡᠬᠦ᠌ ᠠᠰᠠᠷᠠᠬᠤ᠎ᠶ᠋ᠢ ᠤᠶᠠᠯᠳᠤᠭᠤᠯᠬᠤ ᠦᠢᠯᠡᠴᠢᠯᠡᠭᠡᠨ᠎ᠦ ᠲᠣᠭ᠍ᠲᠠᠯᠴᠠᠭ᠎ᠠ᠎ᠶ᠋ᠢ ᠪᠦᠷᠢᠨᠰᠢᠭᠦᠯᠬᠦ᠂ ᠡᠮᠴᠢᠯᠡᠬᠦ᠌ ᠠᠰᠠᠷᠠᠬᠤ᠎ᠶ᠋ᠢ ᠤᠶᠠᠯᠳᠤᠭᠤᠯᠬᠤ ᠴᠢᠳᠠᠮᠵᠢ᠎ᠶᠢ ᠳᠡᠮᠵᠢᠨ ᠦᠷᠭᠡᠳᠭᠡᠬᠦ᠌᠂ ᠡᠮᠴᠢᠯᠡᠭᠡᠨ᠎ᠦ ᠬᠣᠯᠪᠣᠭᠠᠲᠤ ᠴᠣᠭ᠍ᠴᠠ᠎ᠶ᠋ᠢᠨ ᠳᠣᠲᠣᠭᠠᠳᠤ᠎ᠳᠠᠬᠢ ᠡᠮᠴᠢᠯᠡᠬᠦ᠌ ᠠᠰᠠᠷᠠᠬᠤ ᠬᠠᠮᠵᠢᠯᠴᠠᠭ᠎ᠠ᠎ᠶ᠋ᠢ ᠭᠦᠨᠵᠡᠭᠡᠢᠷᠡᠬᠦᠯᠬᠦ᠌ ᠵᠡᠷᠭᠡ ᠪᠠᠭᠲᠠᠨ᠎ᠠ᠃ ᠬᠣᠶᠠᠷ᠎ᠲᠤ᠂ ᠴᠢᠳᠠᠪᠤᠷᠢᠲᠠᠨ᠎ᠤ ᠡᠩᠨᠡᠭᠡᠨ᠎ᠦ ᠪᠠᠢᠭᠤᠯᠤᠯᠲᠠ᠎ᠶᠢ ᠴᠢᠩᠭᠠᠳᠬᠠᠨ᠎ᠠ᠃ ᠡᠭᠦᠨ᠎ᠳᠦ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠢ ᠬᠥᠮᠥᠵᠢᠭᠦᠯᠬᠦ ᠬᠡᠪᠴᠢᠶ᠎ᠡ᠎ᠶᠢ ᠥᠷᠭᠡᠳᠬᠡᠬᠦ᠂ ᠠᠵᠢᠯ ᠡᠷᠬᠢᠯᠡᠭᠰᠡᠳ᠎ᠦᠨ ᠲᠤᠰᠬᠠᠢ ᠮᠡᠷᠭᠡᠵᠢᠯ᠎ᠦᠨ ᠬᠢᠷᠢ ᠲᠦᠪᠱᠢᠨ᠎ᠢ ᠳᠡᠭᠡᠭ᠌ᠰᠢᠯᠡᠭᠦᠯᠬᠦ᠌᠂ ᠡᠷᠡᠭᠦᠯ ᠮᠡᠨᠳᠦ᠎ᠶᠢᠨ ᠬᠥᠮᠦᠵᠢᠯ ᠪᠠ ᠬᠠᠷᠠᠭᠠᠯᠵᠠᠨ ᠠᠰᠠᠷᠠᠬᠤ ᠤᠷ᠎ᠠ ᠴᠢᠳᠠᠪᠤᠷᠢ᠎ᠶᠢᠨ ᠪᠣᠯᠪᠠᠰᠤᠷᠠᠯ ᠥᠷᠨᠢᠭᠦᠯᠬᠦ ᠵᠡᠷᠭᠡ ᠪᠠᠭᠲᠠᠨ᠎ᠠ᠃ ᠭᠤᠷᠪᠠ᠎ᠳᠤ᠂ ᠭᠡᠷ ᠪᠦᠯᠢ ᠪᠠ ᠨᠡᠢᠭᠡᠮ ᠲᠣᠭᠣᠷᠢᠭ᠋᠎ᠤᠨ ᠦᠢᠯᠡᠴᠢᠯᠡᠭᠡ᠎ᠶᠢ ᠬᠥᠭᠵᠢᠭᠦᠯᠦᠨ᠎ᠡ᠃ ᠡᠭᠦᠨ᠎ᠳᠦ ᠨᠠᠰᠤᠲᠠᠢᠴᠤᠳ᠎ᠤᠨ ᠡᠷᠡᠭᠦᠯ ᠮᠡᠨᠳᠦ᠎ᠶᠢᠨ ᠬᠠᠮᠢᠶᠠᠷᠤᠯᠲᠠ᠎ᠶᠢ ᠴᠢᠩᠭᠠᠳᠬᠠᠬᠤ᠂ ᠭᠡᠷ ᠪᠦᠯᠢ᠎ᠶᠢᠨ ᠡᠮᠴᠢ ᠯᠦ᠍ᠭᠡ ᠭᠡᠷ᠎ᠡ ᠲᠣᠭ᠍ᠲᠠᠬᠤ ᠴᠢᠨᠠᠷ ᠴᠢᠨᠰᠠᠭ᠎ᠠ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠂ ᠨᠡᠢᠭᠡᠮ ᠲᠣᠭᠣᠷᠢᠭ᠋᠎ᠤᠨ ᠱᠢᠭᠢᠳᠭᠡᠯ ᠦᠢᠯᠡᠴᠢᠯᠡᠭᠡ ᠬᠠᠩᠭᠠᠬᠤ ᠵᠡᠷᠭᠡ ᠪᠠᠭᠲᠠᠨ᠎ᠠ᠃ ᠳᠥᠷᠪᠡ᠎ᠳᠦ᠂ ᠦᠢᠯᠡᠴᠢᠯᠡᠭᠡᠨ᠎ᠦ ᠬᠠᠩᠭᠠᠯᠭ᠎ᠠ᠎ᠶᠢ ᠥᠷᠭᠡᠳᠬᠡᠨ᠎ᠡ᠃ ᠡᠭᠦᠨ᠎ᠳᠦ ᠡᠮᠴᠢᠯᠡᠬᠦ᠌ ᠠᠰᠠᠷᠠᠬᠤ ᠪᠠᠢᠭᠤᠯᠤᠮᠵᠢ᠎ᠨᠤᠭᠤᠳ᠎ᠤᠨ ᠦᠢᠯᠡᠴᠢᠯᠡᠭᠡ᠎ᠶᠢ ᠪᠦᠲᠦᠮᠵᠢᠲᠡᠶ ᠵᠣᠯᠭᠠᠭᠤᠯᠬᠤ᠎ᠶᠢ ᠭᠦᠨᠵᠡᠭᠡᠢᠷᠡᠭᠦᠯᠬᠦ᠂ ᠬᠢᠲᠠᠳ ᠡᠮ ᠡᠮᠨᠡᠯᠭᠡ᠎ᠶᠢᠨ ᠡᠮᠴᠢᠯᠡᠬᠦ᠌ ᠠᠰᠠᠷᠠᠬᠤ᠎ᠶ᠋ᠢ ᠤᠶᠠᠯᠳᠤᠭᠤᠯᠬᠤ ᠦᠢᠯᠡᠴᠢᠯᠡᠭᠡ᠎ᠶᠢ ᠭᠦᠨᠵᠡᠭᠡᠢᠷᠡᠭᠦᠯᠬᠦ᠂ ᠰᠡᠳᠬᠢᠴᠡ᠎ᠶᠢᠨ ᠡᠷᠡᠭᠦᠯ ᠮᠡᠨᠳᠦ᠎ᠶᠢᠨ ᠮᠡᠳᠡᠯᠭᠡ᠎ᠶᠢ ᠲᠦᠭᠡᠮᠡᠯᠵᠢᠭᠦᠯᠬᠦ᠂ ᠡᠮᠴᠢᠯᠡᠭᠡᠨ᠎ᠦ ᠳᠠᠭᠠᠳᠭᠠᠯ᠎ᠤᠨ ᠳᠡᠮᠵᠢᠯᠭᠡ᠎ᠶᠢᠨ ᠡᠷᠴᠢᠮ᠎ᠢ ᠴᠢᠩᠭᠠᠷᠠᠭᠤᠯᠬᠤ᠂ ᠮᠡᠳᠡᠭᠡ ᠵᠠᠩᠭᠢᠴᠢᠯᠠᠯᠲᠠ᠎ᠶ᠋ᠢᠨ ᠲᠤᠯᠭᠠᠭᠤᠷᠢᠯᠠᠯ᠎ᠢ ᠴᠢᠩᠭᠠᠳᠭᠠᠬᠤ ᠵᠡᠷᠭᠡ ᠪᠠᠭ᠍ᠲᠠᠨ᠎ᠠ᠃ ᠲᠠᠪᠤ᠎ᠳᠤ᠂ ᠠᠵᠢᠯᠯᠠᠭᠠᠨ᠎ᠤ ᠴᠢᠳᠠᠪᠤᠷᠢ ᠪᠠ ᠤᠶᠤᠨ᠎ᠤ ᠴᠢᠳᠠᠪᠤᠷᠢ᠎ᠪᠠᠨ ᠠᠯᠳᠠᠭᠰᠠᠨ ᠨᠠᠰᠤᠲᠠᠢᠴᠤᠳ᠎ᠤᠨ ᠦᠢᠯᠡᠴᠢᠯᠡᠭᠡᠨ᠎ᠦ ᠪᠠᠲᠤᠯᠠᠭ᠎ᠠ᠎ᠶᠢ ᠴᠢᠩᠭᠠᠳᠬᠠᠨ᠎ᠠ᠃ ᠡᠭᠦᠨ᠎ᠳᠦ ᠠᠵᠢᠯᠯᠠᠭᠠᠨ᠎ᠤ ᠴᠢᠳᠠᠪᠤᠷᠢ᠎ᠪᠠᠨ ᠠᠯᠳᠠᠭᠰᠠᠨ ᠨᠠᠰᠤᠲᠠᠢᠴᠤᠳ᠎ᠤᠨ ᠡᠷᠡᠭᠦᠯ ᠮᠡᠨᠳᠦ᠎ᠶᠢᠨ ᠦᠢᠯᠡᠴᠢᠯᠡᠭᠡᠨ᠎ᠦ ᠠᠵᠢᠯᠯᠠᠭᠠᠨ ᠥᠷᠨᠢᠭᠦᠯᠬᠦ᠂ ᠠᠵᠤ ᠠᠬᠤᠢ᠎ᠶᠢᠨ ᠬᠦᠴᠢᠷᠳᠡᠯ᠎ᠲᠠᠢ ᠠᠵᠢᠯᠯᠠᠭᠠᠨ᠎ᠤ ᠴᠢᠳᠠᠪᠤᠷᠢ᠎ᠪᠠᠨ ᠠᠯᠳᠠᠭᠰᠠᠨ ᠨᠠᠰᠤᠲᠠᠢᠴᠤᠳ᠎ᠤᠨ ᠬᠠᠷᠠᠭᠠᠯᠵᠠᠨ ᠠᠰᠠᠷᠠᠬᠤ ᠬᠡᠷᠡᠭᠴᠡᠭᠡ᠎ᠶᠢ ᠪᠠᠲᠤᠯᠠᠬᠤ᠂ ᠣᠶᠤᠨ᠎ᠤ ᠴᠢᠳᠠᠪᠤᠷᠢ᠎ᠪᠠᠨ ᠠᠯᠳᠠᠭᠰᠠᠨ ᠨᠠᠰᠤᠲᠠᠢᠴᠤᠳ᠎ᠤᠨ ᠣᠨᠴᠠᠯᠢᠭ᠍ᠲᠤ ᠦᠢᠯᠡᠴᠢᠯᠡᠭᠡ ᠥᠷᠨᠢᠭᠦᠯᠬᠦ᠎ᠶᠢ ᠵᠣᠷᠢᠭ᠍ᠵᠢᠭᠤᠯᠬᠤ᠂ ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠤᠨ ᠳᠦᠷᠢᠮ᠎ᠢ ᠠᠬᠢᠭᠤᠯᠤᠨ ᠬᠡᠷᠡᠭ᠌ᠵᠢᠭᠦᠯᠬᠦ᠌ ᠵᠡᠷᠭᠡ ᠪᠠᠭᠲᠠᠨ᠎ᠠ᠃ ᠵᠢᠷᠭᠤᠭ᠎ᠠ᠎ᠳᠤ᠂ ᠴᠢᠨᠠᠷ ᠴᠢᠨᠰᠠᠭ᠎ᠠ᠎ᠶ᠋ᠢᠨ ᠬᠠᠮᠢᠶᠠᠷᠤᠯᠲᠠ᠎ᠶᠢ ᠴᠢᠩᠭᠠᠳᠭᠠᠨ᠎ᠠ᠃ ᠡᠭᠦᠨ᠎ᠳᠦ ᠨᠠᠰᠤᠲᠠᠢᠴᠤᠳ᠎ᠤᠨ ᠬᠦᠷᠢᠶᠡᠯᠡᠩ᠎ᠳᠦ ᠣᠷᠣᠵᠤ ᠰᠠᠭᠤᠬᠤ᠎ᠶᠢ ᠦᠨᠡᠯᠡᠨ ᠵᠢᠱ᠌ᠢᠬᠦ ᠳᠦᠷᠢᠮ᠎ᠢ ᠨᠠᠢᠳᠠᠪᠤᠷᠢᠵᠢᠭᠤᠯᠬᠤ᠂ ᠴᠢᠨᠠᠷ ᠴᠢᠨᠰᠠᠭ᠎ᠠ᠎ᠶ᠋ᠢᠨ ᠡᠵᠡᠮᠳᠡᠯ᠎ᠢ ᠴᠢᠩᠭᠠᠳᠬᠠᠬᠤ᠂ ᠣᠯᠠᠨ ᠰᠢᠨᠵᠢᠯᠡᠭᠡᠨ᠎ᠦ ᠰᠠᠯᠠᠭᠠᠨ᠎ᠤ ᠦᠷᠭᠦᠯᠵᠢᠯᠡᠭᠰᠡᠨ ᠦᠢᠯᠡᠴᠢᠯᠡᠭᠡ᠎ᠶᠢ ᠳᠡᠯᠭᠡᠷᠡᠭᠦᠯᠬᠦ᠂ ᠥᠪᠡᠷᠲᠡᠭᠡᠨ ᠠᠪᠴᠤ ᠶᠠᠪᠤᠬᠤ ᠡᠮ᠎ᠦᠨ ᠵᠦᠢᠯ᠎ᠦᠨ ᠬᠠᠮᠢᠶᠠᠷᠤᠯᠲᠠ᠎ᠶᠢ ᠵᠢᠷᠤᠮᠵᠢᠭᠤᠯᠬᠤ ᠵᠡᠷᠭᠡ ᠪᠠᠭᠲᠠᠨ᠎ᠠ᠃ ᠲᠤᠯᠤᠭ᠎ᠠ᠎ᠳᠤ᠂ ᠠᠶᠤᠯ ᠦᠭᠡᠢ ᠦᠢᠯᠡᠳᠪᠦᠷᠢᠯᠡᠯ᠎ᠦᠨ ᠰᠡᠷᠭᠡᠢᠯᠡᠯᠲᠡ᠎ᠶᠢᠨ ᠱᠤᠭᠤᠮ᠎ᠢ ᠪᠡᠬᠢᠵᠢᠭᠦᠯᠦᠨ᠎ᠡ᠃ ᠡᠭᠦᠨ᠎ᠳᠦ ᠠᠵᠢᠯ ᠲᠦᠷᠦᠯ᠎ᠦᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠬᠤ᠂ ᠪᠠᠢᠭᠤᠯᠤᠮᠵᠢ᠎ᠶᠢᠨ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠬᠤ᠂ ᠬᠠᠯᠳᠠᠪᠤᠷᠢᠲᠤ ᠡᠪᠡᠳᠴᠢᠨ᠎ᠢ ᠰᠡᠷᠭᠡᠢᠯᠡᠨ ᠡᠵᠡᠮᠳᠡᠬᠦ ᠪᠠᠴᠢᠮ ᠪᠠᠢᠳᠠᠯ᠎ᠢ ᠠᠷᠭᠠᠴᠠᠭᠠᠬᠤ ᠰᠣᠷᠢᠯᠲᠠ ᠬᠢᠬᠦ ᠵᠡᠷᠭᠡ ᠪᠠᠭᠲᠠᠨ᠎ᠠ᠃
《ᠮᠡᠳᠡᠭᠳᠡᠯ》᠎ᠳᠤ ᠱᠠᠭᠠᠷᠳᠠᠭᠰᠠᠨ᠎ᠢᠶᠠᠷ᠂ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠳ ᠵᠣᠬᠢᠶᠠᠨ ᠪᠠᠢᠭᠤᠯᠤᠨ ᠤᠳᠤᠷᠢᠳᠭᠤ᠎ᠪᠠᠨ ᠴᠢᠩᠭᠠᠳᠬᠠᠵᠤ᠂ ᠳᠡᠮᠵᠢᠯᠭᠡ᠎ᠶ᠋ᠢᠨ ᠡᠷᠴᠢᠮ᠎ᠢᠶᠡᠨ ᠴᠢᠩᠭᠠᠷᠠᠭᠤᠯᠬᠤ ᠬᠡᠷᠡᠭᠲᠡᠢ ᠃ ᠡᠮᠴᠢᠯᠡᠬᠦ᠌ ᠠᠰᠠᠷᠠᠬᠤ᠎ᠶ᠋ᠢ ᠤᠶᠠᠯᠳᠤᠭᠤᠯᠤᠭ᠍ᠰᠠᠨ ᠵᠢᠱ᠌ᠢᠶ᠎ᠡ ᠦᠵᠡᠭᠦᠯᠬᠦ᠌ ᠪᠠᠢᠭᠤᠯᠤᠯᠲᠠ᠂ ᠠᠯᠪᠠᠨ᠎ᠡᠴᠡ ᠡᠷᠬᠢᠯᠡᠭ᠌ᠰᠡᠨ ᠡᠮᠨᠡᠯᠭᠡ᠎ᠶᠢᠨ ᠬᠣᠷᠢᠶ᠎ᠠ᠎ᠶᠢᠨ ᠴᠢᠨᠠᠷ ᠰᠠᠢᠲᠠᠢ ᠬᠥᠭᠵᠢᠯᠲᠡ᠂ ᠨᠢᠭ᠍ᠲᠠ ᠬᠡᠯᠪᠡᠷᠢ᠎ᠶᠢᠨ ᠡᠮᠴᠢᠯᠡᠭᠡᠨ᠎ᠦ ᠬᠣᠯᠪᠣᠭᠠᠲᠤ ᠴᠣᠭᠴᠠ᠎ᠶᠢᠨ ᠪᠠᠢᠭᠤᠯᠤᠯᠲᠠ ᠵᠡᠷᠭᠡ ᠯᠦ᠍ᠭᠡ ᠤᠶᠠᠯᠳᠤᠭᠤᠯᠤᠨ᠂ ᠠᠵᠢᠯ᠎ᠤᠨ ᠵᠢᠯᠣᠭᠣᠳᠤᠯᠭ᠎ᠠ ᠪᠠ ᠦᠷ᠎ᠡ ᠪᠦᠲᠦᠮᠵᠢ᠎ᠶᠢ ᠦᠨᠡᠯᠡᠨ ᠵᠢᠱ᠌ᠢᠬᠦ᠎ᠪᠡᠨ ᠴᠢᠩᠭᠠᠳᠬᠠᠬᠤ᠎ᠶᠢᠨ ᠬᠠᠮᠲᠤ ᠨᠡᠢᠲᠡᠯᠢᠭ ᠲᠤᠷᠰᠢᠯᠭ᠎ᠠ᠎ᠶᠢ ᠳ᠋ᠦᠩᠨᠡᠨ ᠳᠡᠯᠭᠡᠷᠡᠭᠦᠯᠬᠦ ᠠᠵᠢᠯ᠎ᠢ ᠰᠠᠢᠲᠤᠷ ᠬᠢᠬᠦ᠌ ᠬᠡᠷᠡᠭ᠌ᠲᠡᠢ᠃