ᠲᠡᠷᠢᠭᠦᠨ ᠬᠠᠭᠤᠳᠠᠰᠤ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠣᠮᠵᠢ
ᠠᠵᠤ ᠠᠬᠤᠢ᠌ᠯᠠᠯ᠎ᠤᠨ ᠲᠤᠰᠠᠳᠠ ᠳᠥᠷᠪᠡᠨ ᠰᠠᠯᠠᠭ᠎ᠠ ᠮᠥᠴᠢᠷ ᠬᠣᠯᠪᠣᠭᠳᠠᠯ ᠪᠦᠬᠦᠢ ᠪᠠᠢ᠌ᠳᠠᠯ᠎ᠢ ᠲᠠᠨᠢᠯᠴᠠᠭᠤᠯᠪᠠ!
ᠨᠡᠶ᠋ᠢᠲᠡᠯᠡᠭᠰᠡᠨ ᠴᠠᠭ᠄ 2025-04-02

 

       ᠠᠵᠤ ᠠᠬᠤᠢ᠌ᠯᠠᠯ ᠎ᠯᠤᠭ᠎ᠠ  ᠬᠣᠯᠪᠣᠭᠳᠠᠭᠰᠠᠨ ᠰᠦᠢ᠍ᠳᠬᠡᠯ  ᠬᠤᠷᠢᠶᠠᠬᠤ  ᠶᠠᠪᠤᠳᠠᠯ ᠎ᠨᠢ ᠠᠵᠤ ᠠᠬᠤᠢ᠌ᠯᠠᠯ᠎ᠤᠳ᠎ᠤᠨ ᠲᠤᠰ ᠪᠡᠶ᠎ᠡ ᠵᠢᠨ  ᠬᠢᠨᠢ  ᠠᠰᠢᠭ ᠲᠤᠰᠠ᠎ᠲᠠᠢ  ᠬᠣᠯᠪᠣᠭᠳᠠᠵᠤ  ᠪᠠᠢ᠌ᠳᠠᠭ ᠂  ᠠᠵᠤ ᠠᠬᠤᠢ᠌ᠯᠠᠯ ᠎ᠯᠤᠭ᠎ᠠ  ᠬᠣᠯᠪᠣᠭᠳᠠᠭᠰᠠᠨ ᠰᠦᠢ᠍ᠳᠬᠡᠯ  ᠬᠤᠷᠢᠶᠠᠬᠤ  ᠠᠵᠢᠯ᠎ᠳᠤ  ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠪᠣᠯ ᠠᠵᠤ ᠠᠬᠤᠢ᠌ᠯᠠᠯ᠎ᠤᠨ ᠡᠵᠡᠩᠨᠡᠯᠲᠡ ᠵᠢᠨ ᠥᠪᠡᠷ᠎ᠤᠨ ᠦᠷᠳᠡᠭ᠎ᠢ ᠎ᠨᠢ  ᠪᠠᠭᠤᠷᠠᠭᠤᠯᠬᠤ  ᠪᠠ ᠡᠵᠡᠩᠨᠡᠨ ᠬᠤᠳᠠᠯᠳᠤᠭ᠋ᠠᠯᠠᠬᠤ  ᠣᠷᠴᠢᠨ ᠨᠥᠬᠥᠴᠡᠯ᠎ᠢ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ ᠃ ᠣᠢ᠌ᠷ᠎ᠠ᠎ᠳᠤ ᠂  ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠠᠵᠤ ᠠᠬᠤᠢ᠌ᠯᠠᠯ ᠎ᠯᠤᠭ᠎ᠠ ᠬᠣᠯᠪᠣᠭᠳᠠᠭᠰᠠᠨ  ᠰᠦᠢ᠍ᠳᠬᠡᠯ  ᠬᠤᠷᠢᠶᠠᠬᠤ  ᠠᠵᠢᠯ᠎ᠤᠨ  ᠣᠷᠳᠣ ᠬᠤᠭᠤᠴᠠᠭ᠋ᠠᠨ᠎ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠬᠦ ᠲᠤᠬᠠᠢ ᠵᠢᠯᠤᠭᠣᠳᠬᠤ ᠰᠠᠨᠠᠯ》᠎ᠢ ᠳᠠᠷᠤᠮᠠᠯᠯᠠᠨ  ᠶᠠᠪᠤᠭᠤᠯᠪᠠ ᠂  ᠤᠯᠤᠰ᠎ᠤᠨ ᠬᠥᠭᠵᠢᠭᠦᠯᠦᠯᠲᠡ  ᠪᠠ  ᠥᠭᠡᠷᠡᠴᠢᠯᠡᠯᠲᠡ ᠵᠢᠨ  ᠵᠥᠪᠯᠡᠯ 3  ᠳ᠋ᠤᠭ᠋ᠠᠷ  ᠰᠠᠷ᠎ᠠ ᠵᠢᠨ 31᠎ᠤ ᠡᠳᠦᠷ᠎ᠤᠨ ᠦᠳᠡ ᠵᠢᠨ ᠬᠣᠢ᠌ᠨ᠎ᠠ ᠲᠤᠰᠬᠠᠢ ᠰᠡᠳᠦᠪᠲᠦ ᠰᠣᠨᠢᠨ ᠮᠡᠳᠡᠭᠡ ᠨᠡᠢ᠌ᠲᠡᠯᠡᠬᠦ ᠬᠤᠷᠠᠯ  ᠬᠤᠷᠠᠯᠳᠤᠭᠤᠯᠵᠤ᠂  ᠤᠯᠤᠰ᠎ᠤᠨ ᠬᠥᠭᠵᠢᠭᠦᠯᠦᠯᠲᠡ  ᠪᠠ  ᠥᠭᠡᠷᠡᠴᠢᠯᠡᠯᠲᠡ ᠵᠢᠨ  ᠵᠥᠪᠯᠡᠯ᠂  ᠠᠵᠤ ᠦᠢ᠍ᠯᠡᠳᠪᠦᠷᠢ ᠪᠠ ᠮᠡᠳᠡᠭᠡ  ᠵᠠᠩᠭᠢᠴᠢᠯᠠᠯᠲᠠ ᠵᠢᠨ ᠶᠠᠮᠤᠨ ᠂  ᠡᠳ᠋᠎ᠤᠨ ᠵᠠᠰᠠᠭ᠎ᠤᠨ ᠶᠠᠮᠤᠨ ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ  ᠵᠡᠷᠭᠡ  ᠳᠥᠷᠪᠡᠨ  ᠰᠠᠯᠠᠭ᠎ᠠ  ᠮᠥᠴᠢᠷ᠎ᠠᠴᠠ  ᠠᠵᠤ ᠠᠬᠤᠢ᠌ᠯᠠᠯ ᠎ᠯᠤᠭ᠎ᠠ ᠬᠣᠯᠪᠣᠭᠳᠠᠭᠰᠠᠨ  ᠰᠦᠢ᠍ᠳᠬᠡᠯ  ᠬᠤᠷᠢᠶᠠᠬᠤ  ᠠᠵᠢᠯ᠎ᠤᠨ  ᠣᠷᠳᠣ ᠬᠤᠭᠤᠴᠠᠭ᠋ᠠᠨ᠎ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠬᠦ ᠬᠣᠯᠪᠣᠭᠳᠠᠯ ᠪᠦᠬᠦᠢ ᠪᠠᠢ᠌ᠳᠠᠯ᠎ᠢ  ᠲᠠᠨᠢᠯᠴᠠᠭᠤᠯᠤᠭᠰᠠᠨ ᠪᠠᠢ᠌ᠨ᠎ᠠ᠂  ᠬᠠᠮᠲᠤ᠎ᠪᠠᠷ  ᠣᠢ᠌ᠯᠠᠭ᠋ᠠᠵᠠᠭ᠋ᠠᠶ᠎ᠠ! 

       ᠤᠯᠤᠰ᠎ᠤᠨ ᠬᠥᠭᠵᠢᠭᠦᠯᠦᠯᠲᠡ  ᠪᠠ  ᠥᠭᠡᠷᠡᠴᠢᠯᠡᠯᠲᠡ ᠵᠢᠨ  ᠵᠥᠪᠯᠡᠯ᠄ 

      《ᠠᠵᠤ ᠠᠬᠤᠢ᠌ᠯᠠᠯ ᠎ᠯᠤᠭ᠎ᠠ ᠬᠣᠯᠪᠣᠭᠳᠠᠭᠰᠠᠨ  ᠰᠦᠢ᠍ᠳᠬᠡᠯ  ᠬᠤᠷᠢᠶᠠᠬᠤ  ᠠᠵᠢᠯ᠎ᠤᠨ  ᠣᠷᠳᠣ ᠬᠤᠭᠤᠴᠠᠭ᠋ᠠᠨ᠎ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠬᠦ ᠲᠤᠬᠠᠢ ᠵᠢᠯᠤᠭᠣᠳᠬᠤ ᠰᠠᠨᠠᠯ》᠎ᠳᠤ ᠲᠤᠯᠤᠭ᠋ᠠᠨ ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠳᠤᠷᠠᠳᠪᠠ

       ᠠᠵᠤ ᠠᠬᠤᠢ᠌ᠯᠠᠯ ᠎ᠯᠤᠭ᠎ᠠ ᠬᠣᠯᠪᠣᠭᠳᠠᠭᠰᠠᠨ  ᠰᠦᠢ᠍ᠳᠬᠡᠯ ᠬᠤᠷᠢᠶᠠᠬᠤ ᠭᠠᠷᠴᠠᠭ᠎ᠤᠨ ᠲᠣᠳᠣᠷᠬᠠᠢ ᠬᠠᠭᠤᠳᠠᠰᠤ ᠵᠢᠨ ᠳᠦᠷᠢᠮ᠎ᠢ  ᠲᠡᠭᠦᠯᠳᠡᠷᠵᠢᠭᠦᠯᠪᠡ 


       ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ᠄

       ᠲᠣᠭᠲᠠᠭ᠋ᠠᠯ᠎ᠠᠴᠠ  ᠵᠥᠷᠢᠴᠡᠨ ᠰᠦᠢ᠍ᠳᠬᠡᠯ  ᠬᠤᠷᠢᠶᠠᠬᠤ  ᠠᠰᠠᠭᠤᠳᠠᠯ ᠣᠷᠣᠰᠢᠵᠤ ᠪᠠᠢ᠌ᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ  ᠢᠯᠠᠷᠡᠭᠦᠯᠪᠡᠯ  ᠬᠦᠴᠦᠨ ᠦᠭᠡᠢ  ᠪᠣᠯᠭ᠋ᠠᠪᠠᠰᠤ  ᠵᠣᠬᠢᠬᠤ  ᠰᠦᠢ᠍ᠳᠬᠡᠯ ᠬᠤᠷᠢᠶᠠᠬᠤ  ᠲᠥᠷᠥᠯ ᠵᠦᠢ᠍ᠯ᠎ᠢ ᠎ᠨᠢ  ᠡᠷᠡᠰ  ᠰᠢᠭᠤᠷᠬᠠᠢ᠎ᠪᠠᠷ  ᠬᠦᠴᠦᠨ ᠦᠭᠡᠢ ᠪᠣᠯᠭ᠋ᠠᠵᠤ ᠂  ᠰᠦᠢ᠍ᠳᠬᠡᠯ ᠬᠤᠷᠢᠶᠠᠬᠤ ᠭᠠᠷᠴᠠᠭ᠎ᠤᠨ ᠲᠣᠳᠣᠷᠬᠠᠢ ᠬᠠᠭᠤᠳᠠᠰᠤᠨ᠎ᠳᠤ  ᠣᠷᠣᠭᠤᠯᠪᠠᠰᠤ  ᠵᠣᠬᠢᠬᠤ ᠵᠢ᠎ᠨᠢ ᠴᠠᠭ ᠲᠤᠬᠠᠢ᠎ᠳᠤ᠎ᠨᠢ  ᠣᠷᠣᠭᠤᠯᠬᠤ ᠬᠡᠷᠡᠭᠲᠡᠢ᠃

       ᠠᠵᠤ ᠠᠬᠤᠢ᠌ᠯᠠᠯ ᠎ᠯᠤᠭ᠎ᠠ ᠬᠣᠯᠪᠣᠭᠳᠠᠭᠰᠠᠨ  ᠰᠦᠢ᠍ᠳᠬᠡᠯ ᠬᠤᠷᠢᠶᠠᠬᠤ  ᠲᠥᠷᠥᠯ ᠵᠦᠢ᠍ᠯ᠎ᠢ  ᠲᠣᠭᠲᠠᠭ᠋ᠠᠯ᠎ᠠᠴᠠ  ᠵᠥᠷᠢᠴᠡᠨ ᠰᠢᠨ᠎ᠡ᠎ᠪᠠᠷ ᠭᠠᠷᠭ᠋ᠠᠬᠤ ᠵᠢ ᠴᠢᠩᠭ᠎ᠠ  ᠬᠣᠷᠢᠭᠯᠠᠵᠤ ᠂  ᠡᠭᠦᠰᠦᠮᠡᠯ ᠴᠢᠨᠠᠷᠲᠠᠢ ᠵᠠᠭᠤᠴᠢ ᠦᠢ᠍ᠯᠡᠴᠢᠯᠡᠭᠡᠨ᠎ᠤ ᠰᠦᠢ᠍ᠳᠬᠡᠯ ᠬᠤᠷᠢᠶᠠᠬᠤ ᠂  ᠡᠯᠧᠺᠲᠷᠣᠨ ᠵᠠᠰᠠᠭ᠎ᠤᠨ ᠶᠠᠪᠤᠳᠠᠯ᠎ᠤᠨ ᠲᠠᠪᠴᠠᠩ᠎ᠤᠨ ᠰᠦᠢ᠍ᠳᠬᠡᠯ ᠬᠤᠷᠢᠶᠠᠬᠤ ᠵᠡᠷᠭᠡ ᠠᠰᠠᠭᠤᠳᠠᠯ ᠭᠠᠷᠬᠤ ᠵᠢ ᠴᠢᠩᠭ᠎ᠠ ᠰᠡᠷᠭᠡᠢ᠌ᠯᠡᠨ᠎ᠡ

       ᠥᠨᠥ  ᠵᠢᠯ ᠂  ᠰᠦᠢ᠍ᠳᠬᠡᠯ ᠬᠤᠷᠢᠶᠠᠬᠤ  ᠲᠥᠷᠥᠯ ᠵᠦᠢ᠍ᠯ᠎ᠢ ᠥᠪᠡᠷᠰᠡᠳ ᠵᠶ᠋ᠡᠨ ᠳᠣᠭᠲᠠᠭ᠋ᠠᠬᠤ᠂  ᠪᠠᠷᠢᠮᠵᠢᠶ᠎ᠠ᠎ᠠᠴᠠ  ᠬᠡᠲᠦᠷᠡᠭᠦᠯᠦᠨ ᠰᠦᠢ᠍ᠳᠬᠡᠯ ᠬᠤᠷᠢᠶᠠᠬᠤ ᠂  ᠪᠤᠰᠤᠳ ᠵᠶ᠋ᠠᠷ  ᠲᠤᠰᠢᠶᠠᠯᠭ᠋ᠠᠬᠤ  ᠰᠦᠢ᠍ᠳᠬᠡᠯ ᠵᠡᠷᠭᠡ ᠠᠰᠠᠭᠤᠳᠠᠯ᠎ᠢ  ᠭᠣᠣᠯᠳᠠᠯᠭ᠎ᠠ᠎ᠲᠠᠢ ᠪᠠᠢ᠌ᠴᠠᠭ᠋ᠠᠨ ᠰᠢᠢ᠍ᠳᠪᠦᠷᠢᠯᠡᠨ᠎ᠡ


       ᠡᠳ᠋᠎ᠤᠨ ᠵᠠᠰᠠᠭ᠎ᠤᠨ ᠶᠠᠮᠤᠨ ᠄

      2013 ᠣᠨ᠎ᠠᠴᠠ ᠨᠠᠭ᠋ᠠᠰᠢ᠂  ᠲᠥᠪ᠎ᠤᠨ ᠳᠣᠭᠲᠠᠭ᠋ᠠᠭᠰᠠᠨ  ᠵᠠᠰᠠᠭ ᠵᠠᠬᠢᠷᠭ᠋ᠠᠨ ᠠᠵᠢᠯ ᠦᠢ᠍ᠯᠡᠰ᠎ᠤᠨ ᠴᠢᠨᠠᠷᠲᠠᠢ  ᠬᠤᠷᠢᠶᠠᠵᠤ  ᠪᠠᠢ᠌ᠭᠰᠠᠨ 185 ᠵᠦᠢ᠍ᠯ᠎ᠤᠨ  ᠰᠦᠢ᠍ᠳᠬᠡᠯ᠎ᠢ  ᠴᠥᠬᠡᠳᠬᠡᠭᠡᠳ 50 ᠵᠦᠢ᠍ᠯ  ᠪᠣᠯᠭ᠋ᠠᠨ  ᠬᠠᠰᠤᠵᠤ ᠂ 73%᠎ᠪᠠᠷ  ᠪᠠᠭ᠋ᠠᠰᠬᠠᠪᠠ

       ᠫᠣᠷᠲ᠋ᠠᠯ ᠰᠦᠯᠵᠢᠶ᠎ᠡ᠎ᠳᠤ  ᠨᠡᠢ᠌ᠲᠡᠯᠡᠭᠰᠡᠨ ᠵᠶ᠋ᠡᠷ  ᠪᠣᠯ  ᠪᠦᠬᠦ ᠤᠯᠤᠰ᠎ᠤᠨ ᠵᠠᠰᠠᠭ᠎ᠤᠨ ᠣᠷᠳᠣᠨ᠎ᠤ ᠴᠢᠨᠠᠷᠲᠠᠢ ᠰᠠᠭᠤᠷᠢ ᠮᠥᠩᠭᠥ  ᠪᠠ  ᠵᠠᠰᠠᠭ ᠵᠠᠬᠢᠷᠭ᠋ᠠᠨ  ᠠᠵᠢᠯ ᠦᠢ᠍ᠯᠡᠰ᠎ᠤᠨ ᠴᠢᠨᠠᠷᠲᠠᠢ ᠰᠦᠢ᠍ᠳᠬᠡᠯ ᠬᠤᠷᠢᠶᠠᠬᠤ ᠭᠠᠷᠴᠠᠭ᠎ᠤᠨ ᠲᠣᠳᠣᠷᠬᠠᠢ ᠬᠠᠭᠤᠳᠠᠰᠤ ᠵᠢ  ᠨᠢᠭᠡᠳᠬᠡᠯ  ᠰᠦᠯᠵᠢᠶ᠎ᠡ᠎ᠪᠠᠷ  ᠨᠡᠢ᠌ᠲᠡᠯᠡᠨ᠎ᠡ 


       ᠠᠵᠤ ᠦᠢ᠍ᠯᠡᠳᠪᠦᠷᠢ ᠪᠠ ᠮᠡᠳᠡᠭᠡ  ᠵᠠᠩᠭᠢᠴᠢᠯᠠᠯᠲᠠ ᠵᠢᠨ ᠶᠠᠮᠤᠨ᠄

       ᠠᠵᠤ ᠠᠬᠤᠢ᠌ᠯᠠᠯ ᠎ᠯᠤᠭ᠎ᠠ ᠬᠣᠯᠪᠣᠭᠳᠠᠭᠰᠠᠨ ᠪᠠᠲᠤᠯᠠᠬᠤ  ᠮᠥᠩᠭᠥ ᠵᠢᠨ ᠭᠠᠷᠴᠠᠭ᠎ᠤᠨ  ᠲᠣᠳᠣᠷᠬᠠᠢ  ᠬᠠᠭᠤᠳᠠᠰᠤ ᠵᠢᠨ ᠠᠭᠤᠯᠭ᠎ᠠ ᠵᠢ ᠬᠥᠳᠡᠯᠦᠩᠭᠦᠢ᠎ᠪᠠᠷ ᠲᠣᠬᠢᠷᠠᠭᠤᠯᠵᠤ ᠂  ᠪᠡᠯᠡᠨ  ᠵᠣᠭᠣᠰ ᠵᠶ᠋ᠠᠷ ᠪᠠᠲᠤᠯᠠᠬᠤ ᠵᠢ  ᠪᠠᠲᠤᠯᠠᠭ᠎ᠠ ᠵᠢᠨ ᠪᠢᠴᠢᠭ (ᠳᠠᠭ᠋ᠠᠳᠬᠠᠯ) ᠵᠶ᠋ᠠᠷ  ᠣᠷᠣᠯᠠᠭᠤᠯᠬᠤ ᠬᠡᠪᠴᠢᠶ᠎ᠡ᠎ᠪᠠᠨ  ᠥᠷᠭᠡᠳᠬᠡᠨ᠎ᠡ 

       ᠠᠵᠤ ᠠᠬᠤᠢ᠌ᠯᠠᠯ ᠎ᠯᠤᠭ᠎ᠠ  ᠬᠣᠯᠪᠣᠭᠳᠠᠭᠰᠠᠨ ᠰᠦᠢ᠍ᠳᠬᠡᠯ ᠬᠤᠷᠢᠶᠠᠬᠤ ᠦᠢᠯᠡ ᠠᠵᠢᠯᠯᠠᠭ᠎ᠠ ᠵᠢ ᠎ᠨᠢ  ᠵᠢᠷᠤᠮᠵᠢᠭᠤᠯᠬᠤ ᠵᠢ  ᠴᠢᠬᠤᠯᠠ ᠠᠭᠤᠯᠭ᠎ᠠ ᠪᠣᠯᠭ᠋ᠠᠵᠤ ᠂ 2025 ᠣᠨ᠎ᠤ ᠪᠥᠬᠥ ᠤᠯᠤᠰ᠎ᠲᠠᠬᠢ  ᠠᠵᠤ ᠠᠬᠤᠢ᠌ᠯᠠᠯ᠎ᠤᠨ ᠳᠠᠷᠤᠭ᠋ᠠᠰᠤ ᠵᠢ ᠬᠥᠩᠭᠡᠷᠡᠭᠦᠯᠬᠦ ᠠᠵᠢᠯ᠎ᠤᠨ ᠬᠡᠷᠡᠭᠵᠢᠭᠦᠯᠬᠦ ᠲᠥᠰᠥᠯ᠎ᠢ  ᠨᠡᠢ᠌ᠲᠡᠯᠡᠨ᠎ᠡ 

      

      

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ