ᠲᠡᠷᠢᠭᠦᠨ ᠬᠠᠭᠤᠳᠠᠰᠤ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠣᠮᠵᠢ
《2025 ᠣᠨ᠎ᠤ ᠪᠥᠬᠥ ᠣᠷᠣᠨ᠎ᠤ 〈ᠦᠨᠳᠦᠰᠦᠲᠡᠨ᠎ᠤ ᠲᠤᠬᠠᠢ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ〉 〈ᠦᠨᠳᠦᠰᠦᠲᠡᠨ᠎ᠤ ᠲᠤᠬᠠᠢ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ〉᠎ᠤᠨ ᠠᠵᠢᠯ᠎ᠤᠨ ᠲᠥᠰᠥᠯ》᠎ᠤᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2025-04-29

  2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠦᠨᠳᠦᠰᠦᠲᠡᠨ᠎ᠤ ᠲᠤᠬᠠᠢ  ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 《ᠦᠨᠳᠦᠰᠦᠲᠡᠨ᠎ᠤ ᠲᠤᠬᠠᠢ  ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》

   ᠴᠠᠭ᠎ᠤᠨ ᠲᠣᠬᠢᠷᠠᠭᠤᠯᠤᠯᠲᠠ

   ᠦᠨᠳᠦᠰᠦᠲᠡᠨ᠎ᠤ ᠲᠤᠬᠠᠢ  ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ᠄ 5 ᠳ᠋ᠤᠭ᠋ᠠᠷ  ᠰᠠᠷ᠎ᠠ ᠵᠢᠨ 1᠎ᠤ ᠡᠳᠦᠷ᠎ᠠᠴᠠ 5 ᠳ᠋ᠤᠭ᠋ᠠᠷ ᠰᠠᠷ᠎ᠠ ᠵᠢᠨ 31᠎ᠤ ᠡᠳᠦᠷ 

   ᠦᠨᠳᠦᠰᠦᠲᠡᠨ᠎ᠤ ᠲᠤᠬᠠᠢ  ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ᠄ 5 ᠳ᠋ᠤᠭ᠋ᠠᠷ  ᠰᠠᠷ᠎ᠠ ᠵᠢᠨ 25᠎ᠤ ᠡᠳᠦᠷ᠎ᠠᠴᠠ 5 ᠳ᠋ᠤᠭ᠋ᠠᠷ ᠰᠠᠷ᠎ᠠ ᠵᠢᠨ 31᠎ᠤ ᠡᠳᠦᠷ 

   ᠠᠵᠢᠯ᠎ᠤᠨ ᠭᠣᠣᠯ ᠰᠡᠳᠦᠪ 

   ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠪᠦᠯᠬᠦᠮᠳᠡᠨ ᠲᠡᠮᠡᠴᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠤᠨ᠎ᠠ᠃

   ᠶᠡᠷᠦᠩᠬᠡᠢ ᠱᠠᠭ᠋ᠠᠷᠳᠠᠯᠭ᠎ᠠ 

   ᠰᠢ ᠵᠢᠨ ᠫᠢᠩ᠎ᠤᠨ  ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ  ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠨ᠂  ᠨᠠᠮ᠎ᠤᠨ ᠬᠣᠷᠢᠳᠤᠭ᠋ᠠᠷ ᠶᠡᠬᠡ ᠬᠤᠷᠠᠯ ᠪᠠ  ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ  ᠪᠦᠬᠦ ᠲᠠᠯ᠎ᠠ᠎ᠪᠠᠷ ᠲᠤᠭᠤᠰᠢᠯᠠᠭᠤᠯᠤᠨ  ᠨᠠᠢ᠌ᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ  ᠦᠨᠳᠦᠰᠦᠲᠡᠨ᠎ᠤ ᠲᠤᠬᠠᠢ  ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠴᠢᠬᠤᠯᠠ ᠦᠵᠡᠯ ᠰᠠᠨᠠᠭ᠎ᠠ ᠪᠠ  ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠱᠤᠭᠤᠮ ᠪᠣᠯᠭ᠋ᠠᠵᠤ᠂ 《ᠳᠥᠷᠪᠡ ᠵᠢ ᠶᠡᠬᠡ᠎ᠪᠠᠷ ᠤᠬᠠᠭᠤᠯᠬᠤ》 ᠪᠠ 《ᠭᠤᠷᠪᠠ ᠵᠢ ᠲᠣᠳᠣᠷᠬᠠᠢ᠌ᠯᠠᠨ ᠶᠠᠷᠢᠬᠤ》᠎ᠯᠤᠭ᠎ᠠ  ᠨᠢᠭᠲᠠ ᠤᠶᠠᠯᠳᠤᠭᠤᠯᠤᠨ᠂ ᠨᠠᠮ᠎ᠤᠨ ᠦᠨᠳᠦᠰᠦᠲᠡᠨ᠎ᠤ ᠲᠤᠬᠠᠢ  ᠣᠨᠣᠯ᠎ᠤᠨ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠬᠥᠮᠦᠵᠢᠯ᠎ᠢ ᠪᠥᠬᠥ ᠲᠠᠯ᠎ᠠ᠎ᠪᠠᠷ ᠴᠢᠩᠭ᠋ᠠᠳᠬᠠᠵᠤ᠂ ᠪᠥᠬᠥ ᠣᠷᠣᠨ᠎ᠤ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠢ ᠬᠥᠮᠥᠵᠢᠭᠦᠯᠦᠨ ᠳᠠᠭ᠋ᠠᠭᠤᠯᠵᠤ ᠪᠠᠢ᠌ᠭ᠋ᠠᠳ 《ᠬᠣᠶᠠᠷ᠎ᠢ ᠲᠣᠭᠲᠠᠭ᠋ᠠᠭᠰᠠᠨ 》᠎ᠢ  ᠡᠷᠡᠰ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠦᠨ ᠂ 《ᠨᠢᠭᠡ ᠭᠣᠣᠯ ᠰᠢᠵᠢᠮ᠎ᠢ ᠲᠤᠭᠤᠰᠢᠯᠠᠭᠤᠯᠤᠨ ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠵᠦ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ  ᠪᠠᠳᠠᠷᠠᠭᠤᠯᠤᠨ᠂ ᠰᠢᠨ᠎ᠡ ᠵᠠᠮ᠎ᠢ ᠨᠡᠭᠡᠭᠡᠵᠦ ᠳᠤᠮᠳᠠ ᠲᠦᠪᠰᠢᠨ᠎ᠳᠤ ᠳᠠᠪᠰᠢᠬᠤ 》 ᠲᠠᠯ᠎ᠠ᠎ᠪᠠᠷ ᠨᠡᠩ ᠶᠡᠬᠡ ᠠᠬᠢᠴᠠ᠎ᠲᠠᠢ ᠪᠣᠯᠬᠤ᠎ᠪᠠᠷ ᠴᠢᠷᠮᠠᠢ᠌ᠨ᠎ᠠ᠃

   ᠭᠣᠣᠯᠳᠠᠯᠭ᠎ᠠ᠎ᠲᠠᠢ ᠤᠬᠠᠭᠤᠯᠬᠤ ᠠᠭᠤᠯᠭ᠎ᠠ 

   ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂  ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ;  ᠰᠢ ᠵᠢᠨ ᠫᠢᠩ᠎ᠤᠨ  ᠬᠠᠤᠯᠢᠵᠢᠯ᠎ᠤᠨ ᠦᠵᠡᠯ ᠰᠠᠨᠠᠭ᠎ᠠ᠂ ᠰᠢ ᠵᠢᠨ ᠫᠢᠩ᠎ᠤᠨ  ᠰᠣᠶᠣᠯ᠎ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠤᠨ  ᠦᠨᠳᠦᠰᠦᠲᠡᠨ᠎ᠤ ᠲᠤᠬᠠᠢ  ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠴᠢᠬᠤᠯᠠ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠤᠨ  ᠪᠦᠬᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ; ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ  ᠦᠨᠳᠦᠰᠦᠲᠡᠨ᠎ᠤ ᠲᠤᠬᠠᠢ ᠠᠵᠢᠯ᠎ᠤᠨ ᠬᠤᠷᠠᠯᠳᠤᠭ᠋ᠠᠨ᠎ᠤ ᠵᠣᠷᠢᠭ ᠰᠠᠨᠠᠭ᠎ᠠ;  ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ  ᠠᠬᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠂ 《ᠮᠣᠩᠭᠣᠯ ᠮᠣᠷᠢᠨ᠎ᠤ ᠵᠣᠷᠢᠭ ᠰᠠᠨᠠᠭ᠎ᠠ》 ᠪᠠ 《ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ ᠪᠠᠳᠠᠷᠠᠭᠤᠯᠬᠤ᠎ᠪᠠᠷ  ᠦᠨᠳᠦᠰᠦᠨ ᠠᠭᠤᠯᠤᠭᠳᠠᠬᠤᠨ ᠪᠣᠯᠭ᠋ᠠᠭᠰᠠᠨ ᠤᠮᠠᠷᠠᠲᠤ ᠬᠢᠯᠢ ᠵᠢᠨ ᠰᠣᠶᠣᠯ; 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ》 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠤᠨ ᠬᠠᠤᠯᠢ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠳᠦᠷᠢᠮ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠵᠢ ᠠᠬᠢᠭᠤᠯᠬᠤ ᠳᠦᠷᠢᠮ》 ᠵᠡᠷᠭᠡ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠃

   ᠠᠵᠢᠯ᠎ᠤᠨ ᠲᠣᠬᠢᠷᠠᠭᠤᠯᠤᠯᠲᠠ 

   ᠲᠤᠰᠬᠠᠢ ᠬᠦᠷᠢᠶᠡᠨ᠎ᠳᠠᠬᠢ  ᠠᠵᠢᠯ 

   ᠡᠨᠡ ᠵᠢᠯ ᠭᠠᠴᠠᠭ᠎ᠠ ᠲᠣᠰᠬᠣᠨ ᠪᠠ ᠨᠡᠢ᠌ᠭᠡᠮ ᠲᠣᠭᠣᠷᠢᠭ᠎ᠲᠤ ᠭᠣᠣᠯᠳᠠᠯᠭ᠎ᠠ᠎ᠲᠠᠢ ᠬᠠᠨᠳᠤᠭᠤᠯᠤᠨ᠂ ᠠᠯᠪᠠᠨ ᠪᠠᠢ᠌ᠭᠤᠯᠭ᠎ᠠ ᠂ ᠠᠵᠤ ᠠᠬᠤᠢ᠌ᠯᠠᠯ᠂ ᠰᠤᠷᠭ᠋ᠠᠭᠤᠯᠢ᠂ ᠴᠡᠷᠢᠭ᠎ᠤᠨ  ᠰᠤᠮᠤᠨ ᠠᠩᠭᠢ᠂ ᠱᠠᠰᠢᠨ ᠰᠤᠷᠲᠠᠬᠤᠨ᠎ᠤ ᠠᠵᠢᠯᠯᠠᠭ᠎ᠠ ᠵᠢᠨ  ᠲᠠᠯᠠᠪᠤᠷ ᠭᠠᠵᠠᠷ᠂ ᠰᠣᠶᠣᠯ ᠵᠢᠭᠤᠯᠴᠢᠯᠠᠯ᠎ᠤᠨ ᠲᠠᠯᠠᠪᠤᠷ ᠭᠠᠵᠠᠷ᠂ ᠰᠦᠯᠵᠢᠶ᠎ᠡ ᠵᠡᠷᠭᠡ 9 ᠬᠦᠷᠢᠶ᠎ᠡ ᠴᠠᠷᠠᠭ᠎ᠠ  ᠵᠢᠴᠢ ᠨᠡᠢ᠌ᠭᠡᠮ᠎ᠤᠨ ᠡᠯ᠎ᠡ ᠬᠦᠷᠢᠶ᠎ᠡ ᠵᠢ ᠨᠢᠭᠡᠳᠦᠯᠲᠡᠢ ᠲᠥᠯᠥᠪᠯᠡᠨ ᠬᠠᠮᠤᠷᠴᠤ ᠠᠵᠢᠯ ᠵᠶ᠋ᠠᠨ  ᠥᠷᠨᠢᠭᠦᠯᠦᠨ᠎ᠡ᠃

   ᠠᠯᠪᠠᠨ  ᠪᠠᠢ᠌ᠭᠤᠯᠭ᠎ᠠ᠎ᠳᠤ ᠦᠷᠨᠢᠭᠦᠯᠦᠨ᠎ᠡ 

  《ᠭᠤᠷᠪᠠᠨ ᠬᠤᠷᠠᠯ ᠨᠢᠭᠡ ᠬᠢᠴᠢᠶᠡᠯ》᠂ ᠨᠠᠮ᠎ᠤᠨ ᠭᠣᠣᠯ ᠰᠡᠳᠦᠪᠲᠦ ᠡᠳᠦᠷ ᠂ ᠠᠯᠪᠠᠨ ᠪᠠᠢ᠌ᠭᠤᠯᠭ᠎ᠠ ᠵᠢᠨ ᠺᠠᠳ᠋ᠷᠴᠤᠳ᠎ᠤᠨ ᠤᠯᠤᠰ ᠲᠥᠷᠥ ᠣᠨᠣᠯ᠎ᠤᠨ ᠰᠤᠷᠤᠯᠴᠠᠯᠭ᠎ᠠ ᠵᠡᠷᠭᠡ ᠵᠢ ᠥᠷᠨᠢᠭᠦᠯᠬᠦ᠎ᠪᠠᠷ ᠳᠠᠮᠵᠢᠭᠤᠯᠤᠨ᠂ ᠨᠠᠮ᠎ᠤᠨ ᠭᠡᠰᠢᠭᠦᠨ ᠺᠠᠳ᠋ᠷᠴᠤᠳ᠎ᠢ ᠬᠥᠲᠥᠯᠥᠨ ᠵᠢᠯᠤᠭᠣᠳᠴᠤ ᠪᠠᠢ᠌ᠭ᠋ᠠᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢᠨ  ᠪᠠᠶᠠᠯᠢᠭ ᠠᠭᠤᠯᠤᠭᠳᠠᠬᠤᠨ᠎ᠢ ᠨᠠᠩ ᠭᠦᠨᠵᠡᠭᠡᠢ ᠲᠠᠨᠢᠭᠤᠯᠤᠨ᠎ᠠ ᠃ ᠠᠯᠪᠠᠨ ᠪᠠᠢ᠌ᠭᠤᠯᠭ᠎ᠠ ᠵᠢᠨ ᠨᠠᠮ᠎ᠤᠨ ᠭᠡᠰᠢᠭᠦᠨ ᠺᠠᠳ᠋ᠷ᠂ ᠠᠵᠢᠯ᠎ᠠᠴᠠ᠎ᠪᠠᠨ ᠠᠮᠠᠷᠠᠭᠰᠠᠨ ᠺᠠᠳ᠋ᠷ᠂ ᠲᠤᠰᠬᠠᠢ ᠮᠡᠷᠭᠡᠵᠢᠯᠲᠡᠨ ᠡᠷᠳᠡᠮᠲᠡᠨ᠎ᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠨᠠᠮ᠎ᠤᠨ ᠦᠨᠳᠦᠰᠦᠲᠡᠨ᠎ᠤ ᠲᠤᠬᠠᠢ  ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠲᠠᠢ᠌ᠯᠤᠮᠵᠢ ᠵᠢ ᠰᠠᠢ᠌ᠲᠤᠷ ᠬᠢᠨ᠎ᠡ ᠃ ᠬᠣᠣᠰᠯᠠᠯ ᠪᠠᠢ᠌ᠭᠤᠯᠵᠤ ᠬᠠᠮᠲᠤ᠎ᠪᠠᠷ ᠪᠠᠶ᠋ᠢᠭᠤᠯᠬᠤ᠂ ᠬᠣᠶᠠᠷ᠎ᠲᠤ ᠮᠡᠳᠡᠭᠦᠯᠦᠨ  ᠬᠣᠶᠠᠷ᠎ᠲᠤ  ᠦᠢ᠍ᠯᠡᠴᠢᠯᠡᠬᠦ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠦᠢ᠍ᠯᠡᠴᠢᠯᠡᠬᠦ ᠡᠲᠡᠭᠡᠳ ᠪᠠ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠢ᠌ᠭ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠷᠠᠳ᠎ᠤᠨ ᠠᠮᠢᠳᠤᠷᠠᠯ᠎ᠤᠨ ᠨᠢᠭᠡ ᠪᠦᠯᠦᠭ  ᠪᠣᠳᠠᠲᠤ ᠶᠠᠪᠤᠳᠠᠯ᠎ᠢ ᠰᠠᠢ᠌ᠲᠤᠷ ᠰᠢᠢ᠍ᠳᠪᠦᠷᠢᠯᠡᠨ ᠭᠦᠢ᠍ᠴᠡᠳᠬᠡᠵᠦ᠂ ᠠᠯᠪᠠᠨ  ᠪᠠᠢ᠌ᠭᠤᠯᠭ᠎ᠠ ᠵᠢᠨ ᠺᠠᠳ᠋ᠷᠴᠤᠳ᠎ᠢ ᠬᠥᠲᠥᠯᠥᠨ ᠵᠢᠯᠤᠭᠣᠳᠴᠤ ᠪᠠᠢ᠌ᠭ᠋ᠠᠳ ᠨᠠᠮ᠎ᠤᠨ ᠦᠨᠳᠦᠰᠦᠲᠡᠨ᠎ᠤ ᠲᠤᠬᠠᠢ  ᠤᠨᠤᠯ ᠲᠦᠷᠦ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠠᠯ᠎ᠠ᠎ᠪᠠᠷ ᠬᠡᠪ ᠳᠠᠭᠤᠷᠢᠶᠠᠯ ᠪᠣᠯᠵᠤ᠂ ᠦᠯᠢᠭᠡᠷ ᠳᠠᠭᠤᠷᠢᠶᠠᠯ ᠦᠵᠡᠭᠦᠯᠦᠨ᠎ᠡ᠃

   ᠠᠵᠤ ᠠᠬᠤᠢ᠌ᠯᠠᠯ᠎ᠳᠤ ᠦᠷᠨᠢᠭᠦᠯᠦᠨ᠎ᠡ 

  《ᠠᠵᠤ ᠠᠬᠤᠢ᠌ᠯᠠᠯ᠎ᠢ  ᠲᠤᠰᠠᠯᠠᠬᠤ ᠠᠵᠢᠯᠯᠠᠭ᠋ᠠᠨ 》᠎ᠯᠤᠭ᠎ᠠ  ᠤᠶᠠᠯᠳᠤᠭᠤᠯᠤᠨ᠂ ᠠᠵᠤ ᠠᠬᠤᠢ᠌ᠯᠠᠯ᠎ᠳᠤ ᠬᠣᠯᠪᠣᠭᠳᠠᠬᠤ ᠲᠥᠷᠥ ᠵᠢᠨ ᠪᠣᠳᠣᠯᠭ᠎ᠠ ᠵᠢᠨ ᠤᠬᠠᠭᠤᠯᠤᠨ ᠲᠤᠭᠤᠰᠢᠯᠠᠭᠤᠯᠬᠤ  ᠬᠦᠴᠦᠨ᠎ᠢ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ ᠪᠤᠲᠠᠲᠠᠢ᠌ᠵᠢᠭᠤᠯᠬᠤ ᠵᠢ ᠦᠨᠡᠨ ᠬᠦ᠌  ᠪᠠᠲᠤᠯᠠᠨ᠎ᠠ᠃ ᠰᠤᠷᠤᠯᠴᠠᠯᠭ᠎ᠠ᠂ ᠪᠣᠯᠪᠠᠰᠤᠷᠠᠯ᠂ ᠲᠥᠷᠥ ᠵᠢᠨ ᠪᠣᠳᠣᠯᠭ᠎ᠠ᠂ ᠬᠠᠤᠯᠢ ᠴᠠᠭ᠋ᠠᠵᠠ᠂ ᠦᠢ᠍ᠯᠡᠴᠢᠯᠡᠭᠡ ᠵᠢ ᠦᠢ᠍ᠯᠡᠳᠪᠦᠷᠢ ᠵᠢᠨ ᠲᠠᠰᠤᠭ ᠪᠠ ᠠᠩᠭᠢ  ᠳᠤᠭᠤᠢ᠌ᠯᠠᠩ᠎ᠳᠤ ᠬᠦᠷᠭᠡᠬᠦ ᠠᠵᠢᠯ᠎ᠢ ᠦᠷᠨᠢᠭᠦᠯᠦᠨ ᠂ ᠨᠠᠮ᠎ᠤᠨ ᠡᠭᠦᠷ᠎ᠤᠨ  ᠱᠦᠵᠢ ᠵᠢ ᠵᠣᠬᠢᠶᠠᠨ ᠪᠠᠢ᠌ᠭᠤᠯᠵᠤ ᠪᠠᠢ᠌ᠭ᠋ᠠᠳ  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ  ᠲᠤᠰᠬᠠᠢ ᠰᠡᠳᠦᠪᠲᠦ ᠨᠠᠮ᠎ᠤᠨ ᠬᠢᠴᠢᠶᠡᠯ ᠶᠠᠷᠢᠭᠤᠯᠵᠤ᠂ ᠬᠠᠮᠲᠤ ᠵᠢᠨ  ᠠᠵᠢᠯᠯᠠᠭ᠎ᠠ ᠵᠢᠴᠢ ᠰᠢᠯᠢᠳᠡᠭ ᠨᠠᠮ᠎ᠤᠨ ᠭᠡᠰᠢᠭᠦᠨ᠂ ᠠᠵᠢᠯ ᠲᠦᠷᠦᠯ᠎ᠤᠨ ᠬᠤᠰᠢᠭᠤᠴᠢᠯᠠᠭᠴᠢ᠂  ᠬᠥᠳᠡᠯᠮᠦᠷᠢ ᠵᠢᠨ ᠵᠢᠱ᠌ᠢᠶᠡᠴᠢ ᠤᠷᠠᠨ ᠳᠠᠷᠬᠠᠳ  ᠵᠡᠷᠭᠡ ᠲᠡᠷᠢᠭᠦᠨ᠎ᠤ ᠨᠡᠢ᠌ᠲᠡᠯᠢᠭ ᠵᠢᠱ᠌ᠢᠶ᠎ᠡ ᠵᠢᠨ ᠭᠣᠣᠯ ᠰᠡᠳᠦᠪᠲᠦ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠠᠵᠢᠯᠲᠠᠨ ᠠᠵᠢᠯᠴᠢᠨ᠎ᠤ ᠦᠰᠦᠨ ᠪᠣᠶ᠋ᠢᠵᠢᠯᠲᠠ ᠪᠠ ᠠᠵᠤ ᠠᠬᠤᠢ᠌ᠯᠠᠯ᠎ᠤᠨ ᠬᠥᠭᠵᠢᠯᠲᠡ ᠵᠢ ᠬᠣᠯᠪᠣᠯᠳᠤᠭᠤᠯᠤᠭᠰᠠᠨ 《ᠰᠡᠳᠬᠢᠯ᠎ᠤᠨ ᠬᠣᠯᠪᠣᠭ᠋ᠠᠰᠤ》 ᠵᠢ  ᠪᠠᠢ᠌ᠭᠤᠯᠵᠤ᠂ ᠡᠶ᠎ᠡ ᠵᠣᠬᠢᠴᠠᠯ᠎ᠲᠠᠢ  ᠬᠥᠳᠡᠯᠮᠦᠷᠢ ᠵᠢᠨ ᠬᠠᠷᠢᠴᠠᠭ᠎ᠠ ᠵᠢ ᠪᠠᠢ᠌ᠭᠤᠯᠤᠨ᠎ᠠ᠃

   ᠨᠡᠢ᠌ᠭᠡᠮ ᠲᠣᠭᠣᠷᠢᠭ᠎ᠲᠤ ᠦᠷᠨᠢᠭᠦᠯᠦᠨ᠎ᠡ 

   ᠨᠠᠮ᠎ᠤᠨ ᠭᠡᠰᠢᠭᠦᠨ  ᠪᠠ ᠣᠯᠠᠨ ᠲᠦᠮᠡᠨ᠎ᠤ ᠦᠢ᠍ᠯᠡᠴᠢᠯᠡᠭᠡᠨ᠎ᠤ ᠲᠥᠪ᠂ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠩᠭᠢ ᠪᠠ ᠠᠳᠠᠯ ᠠᠬᠤᠢ ᠵᠢᠨ᠎ᠬᠢᠨ᠎ᠤ  ᠦᠢ᠍ᠯᠡᠳᠦᠯ᠎ᠢ ᠢᠳᠡᠪᠬᠢᠲᠡᠢ ᠪᠠᠳᠠᠷᠠᠭᠤᠯᠵᠤ᠂ ᠠᠳᠠᠯ ᠠᠬᠤᠢ ᠵᠢᠨ ᠸᠢᠴᠠᠲ᠎ᠤᠨ ᠴᠤᠭᠯᠠᠷᠠᠯ ᠂ ᠬᠤᠪᠢᠰᠬᠠᠯᠲᠤ  ᠰᠦᠯᠵᠢᠶᠡᠨ᠎ᠤ ᠴᠤᠭᠯᠠᠷᠠᠯ ᠂ ᠦᠵᠡᠭᠦᠯᠭᠡ ᠵᠢᠨ ᠰᠠᠮᠪᠠᠷ᠎ᠠ ᠵᠡᠷᠭᠡ ᠵᠢ ᠠᠰᠢᠭᠯᠠᠨ᠂ ᠠᠷᠠᠳ᠎ᠲᠤ ᠠᠰᠢᠭ ᠬᠦᠷᠲᠡᠭᠡᠬᠦ ᠨᠠᠮ᠎ᠤᠨ ᠲᠥᠷᠥ ᠵᠢᠨ ᠪᠣᠳᠣᠯᠭ᠎ᠠ ᠬᠢᠭᠡᠳ  ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠯᠦᠭᠡ ᠨᠢᠭᠲᠠ ᠬᠣᠯᠪᠣᠭ᠎ᠠ᠎ᠲᠠᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠤᠨ᠎ᠠ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠭᠣᠣᠯ ᠰᠡᠳᠦᠪᠲᠦ ᠠᠵᠢᠯᠯᠠᠭ᠎ᠠ ᠵᠢ ᠵᠣᠬᠢᠶᠠᠨ ᠪᠠᠢ᠌ᠭᠤᠯᠵᠤ᠂ ᠰᠢᠯᠢᠳᠡᠭ ᠤᠳᠬ᠎ᠠ ᠤᠷᠠᠯᠢᠭ᠎ᠤᠨ ᠰᠣᠳᠣᠨ ᠪᠦᠲᠦᠭᠡᠯ᠎ᠢ ᠲᠣᠭᠯᠠᠨ  ᠨᠡᠪᠲᠡᠷᠡᠭᠦᠯᠬᠦ᠂ ᠬᠥᠷᠰᠢ ᠵᠡᠷᠭᠡᠯᠡᠳᠡᠭᠡ᠎ᠪᠠᠷ ᠵᠶ᠋ᠡᠨ ᠪᠦᠯᠬᠦᠮᠳᠡᠨ ᠬᠠᠪᠰᠤᠷᠤᠯᠴᠠᠬᠤ ᠰᠢᠷᠢᠰ ᠠᠵᠢᠯᠯᠠᠭ᠎ᠠ ᠵᠢ ᠦᠷᠨᠢᠭᠦᠯᠦᠨ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠮᠲᠤ᠎ᠪᠠᠷ ᠰᠠᠭᠤᠷᠢᠰᠢᠨ  ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠬᠥᠷᠲᠡᠬᠦ᠂ ᠬᠠᠮᠲᠤ᠎ᠪᠠᠷ ᠠᠵᠢᠯᠯᠠᠵᠤ ᠬᠠᠮᠲᠤ᠎ᠪᠠᠷ ᠪᠠᠶᠠᠰᠬᠤ ᠨᠡᠢ᠌ᠭᠡᠮ᠎ᠤᠨ ᠨᠥᠬᠥᠴᠡᠯ᠎ᠢ ᠢᠳᠡᠪᠬᠢᠲᠡᠢ ᠪᠣᠢ ᠪᠣᠯᠭ᠋ᠠᠨ᠎ᠠ᠃

   ᠭᠠᠴᠠᠭ᠎ᠠ ᠲᠣᠰᠬᠣᠨ᠎ᠳᠤ ᠦᠷᠨᠢᠭᠦᠯᠦᠨ᠎ᠡ

  《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠥᠯᠢᠭᠡᠷ᠎ᠢ ᠰᠠᠢ᠌ᠲᠤᠷ ᠶᠠᠷᠢᠬᠤ》 ᠠᠵᠢᠯᠯᠠᠭ᠋ᠠᠨ᠎ᠢ  ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠭᠠᠴᠠᠭ᠎ᠠ ᠲᠣᠰᠬᠣᠨ᠎ᠤ 《ᠬᠣᠶᠠᠷ ᠵᠥᠪᠯᠡᠯ》᠎ᠤᠨ ᠪᠠᠭ᠎ᠤᠨ ᠪᠦᠷᠢᠯᠳᠦᠭᠦᠨ᠂ ᠲᠣᠰᠬᠣᠨ᠎ᠳᠤ ᠰᠠᠭᠤᠭᠰᠠᠨ  ᠠᠵᠢᠯᠯᠠᠬᠤ ᠠᠩᠭᠢ᠂ ᠠᠬᠠᠮᠠᠳ ᠨᠠᠮ᠎ᠤᠨ ᠭᠡᠰᠢᠭᠦᠨ᠂ ᠣᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠢ᠌ᠭᠤᠯᠤᠯᠲᠠ ᠵᠡᠷᠭᠡ᠎ᠨᠢ ᠡᠳᠦᠷ ᠲᠤᠲᠤᠮ᠎ᠤᠨ ᠠᠵᠢᠯ᠎ᠲᠠᠢ᠎ᠪᠠᠨ ᠤᠶᠠᠯᠳᠤᠭᠤᠯᠤᠨ  ᠠᠢ᠌ᠯ ᠡᠷᠦᠬᠡ᠎ᠪᠠᠷ ᠰᠤᠷᠪᠤᠯᠵᠢᠯᠠᠵᠤ ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠯᠦᠭᠡ  ᠬᠠᠮᠲᠤ᠎ᠪᠠᠷ  ᠵᠣᠭᠣᠭ ᠳᠡᠯᠭᠡᠨ ᠂ ᠨᠠᠮ᠎ᠤᠨ ᠦᠨᠳᠦᠰᠦᠲᠡᠨ᠎ᠤ ᠲᠤᠬᠠᠢ  ᠲᠥᠷᠥ ᠵᠢᠨ ᠪᠣᠳᠣᠯᠭ᠎ᠠ ᠵᠢᠨ ᠬᠡᠷᠡᠯ ᠰᠠᠴᠤᠷᠠᠩᠭᠤᠢ ᠠᠮᠵᠢᠯᠲᠠ ᠪᠦᠲᠦᠮᠵᠢ ᠵᠢ ᠶᠠᠷᠢᠯᠴᠠᠵᠤ ᠂ ᠦᠨᠳᠦᠰᠦᠲᠡᠨ᠎ᠨᠦᠭᠦᠳ᠎ᠤᠨ ᠮᠠᠯᠴᠢᠨ ᠲᠠᠷᠢᠶᠠᠴᠢᠳ᠎ᠢ ᠢᠳᠡᠪᠬᠢᠲᠡᠢ᠎ᠪᠠᠷ ᠬᠥᠲᠥᠯᠥᠨ ᠵᠢᠯᠤᠭᠣᠳᠴᠤ ᠪᠠᠢ᠌ᠭ᠋ᠠᠳ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠣᠨ᠎ᠤ  ᠪᠦᠲᠦᠭᠡᠨ ᠪᠠᠢ᠌ᠭᠤᠯᠤᠯᠲᠠ  ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠦᠢ᠍ᠯᠡᠳᠦᠯᠭᠡ᠎ᠳᠤ ᠣᠷᠣᠯᠴᠠᠭᠤᠯᠤᠨ᠎ᠠ ᠃ 《ᠨᠠᠮ᠎ᠤᠨ ᠠᠴᠢ᠎ᠳᠤ ᠲᠠᠯᠠᠷᠬᠠᠨ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ》 ᠭᠣᠣᠯ ᠰᠡᠳᠦᠪᠲᠦ ᠤᠬᠠᠭᠤᠯᠤᠨ ᠲᠠᠢ᠌ᠯᠪᠤᠷᠢᠯᠠᠯᠲᠠ ᠬᠢᠭᠡᠳ 《ᠠᠨᠠᠷ᠎ᠤᠨ ᠬᠡᠯᠬᠢᠶ᠎ᠡ 》 ᠲᠦᠷᠦ ᠵᠢᠨ ᠪᠣᠳᠣᠯᠭ᠎ᠠ᠂ ᠮᠡᠷᠭᠡᠵᠢᠯ᠂ ᠦᠢ᠍ᠯᠡᠴᠢᠯᠡᠭᠡ ᠵᠢ  ᠦᠨᠳᠦᠰᠦᠨ ᠱᠠᠲᠤᠨ᠎ᠳᠤ ᠬᠦᠷᠭᠡᠬᠦ  ᠠᠵᠢᠯᠯᠠᠭ᠎ᠠ᠎ᠯᠤᠭ᠎ᠠ  ᠤᠶᠠᠯᠳᠤᠭᠤᠯᠤᠨ ᠦᠨᠳᠦᠰᠦᠲᠡᠨ᠎ᠤ 18 ᠰᠢᠶᠠᠩ (ᠰᠤᠮᠤ)᠎ᠳᠤ ᠭᠦᠨᠵᠡᠭᠡᠢ᠌ᠷᠡᠵᠦ ᠨᠠᠮ᠎ᠤᠨ ᠦᠨᠳᠦᠰᠦᠲᠡᠨ᠎ᠤ ᠲᠤᠬᠠᠢ  ᠤᠨᠤᠯ ᠲᠦᠷᠦ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠵᠢ ᠴᠢᠩᠭ᠋ᠠᠳᠬᠠᠨ᠎ᠠ᠃

   ᠰᠤᠷᠭ᠋ᠠᠭᠤᠯᠢ᠎ᠨᠤᠭᠤᠳ᠎ᠲᠤ ᠦᠷᠨᠢᠭᠦᠯᠦᠨ᠎ᠡ 

   ᠵᠠᠯᠠᠭᠤᠴᠤᠳ ᠪᠠᠭ᠋ᠠᠴᠤᠳ᠎ᠤᠨ ᠣᠨᠴᠠᠯᠢᠭ᠎ᠯᠤᠭ᠎ᠠ  ᠤᠶᠠᠯᠳᠤᠭᠤᠯᠤᠨ ᠰᠤᠷᠭ᠋ᠠᠭᠤᠯᠢ ᠵᠢᠨ ᠬᠦᠷᠢᠶᠡᠨ᠎ᠳᠠᠬᠢ  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ  ᠭᠣᠣᠯ ᠰᠡᠳᠦᠪᠲᠦ ᠠᠵᠢᠯᠯᠠᠭ᠎ᠠ ᠵᠢ ᠤᠯᠠᠨ ᠶᠠᠩᠵᠤ᠎ᠪᠠᠷ᠂ ᠪᠠᠶᠠᠯᠢᠭ ᠬᠡᠯᠪᠡᠷᠢ᠎ᠲᠠᠢ  ᠥᠷᠨᠢᠭᠦᠯᠦᠨ᠎ᠡ᠃ 《ᠰᠤᠷᠭ᠋ᠠᠭᠤᠯᠢ᠎ᠳᠤ ᠣᠷᠣᠬᠤ  ᠨᠠᠰᠤᠨ᠎ᠠᠴᠠ ᠡᠮᠦᠨᠡᠬᠢ ᠨᠡᠢ᠌ᠲᠡᠯᠢᠭ ᠬᠡᠯᠡ》 ᠵᠢᠨ ᠰᠤᠷᠭ᠋ᠠᠨ ᠬᠥᠮᠦᠵᠢᠯ᠎ᠤᠨ ᠲᠤᠰᠬᠠᠢ ᠲᠥᠯᠥᠪᠯᠡᠭᠡ ᠵᠢ ᠭᠦᠨᠵᠡᠭᠡᠢ ᠬᠡᠷᠡᠭᠵᠢᠭᠦᠯᠵᠦ᠂ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ᠎ᠠᠴᠠ ᠨᠢᠭᠡᠳᠦᠯᠲᠡᠢ ᠨᠠᠢ᠌ᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ  ᠪᠦᠬᠦ ᠲᠠᠯ᠎ᠠ᠎ᠪᠠᠷ ᠳᠡᠯᠭᠡᠷᠡᠭᠦᠯᠦᠨ ᠬᠡᠷᠡᠭᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠬᠠᠷᠠᠬᠠᠨ ᠪᠠᠭ᠎ᠠ᠎ᠠᠴᠠ᠎ᠨᠢ  ᠬᠡᠦᠬᠡᠳ᠎ᠤᠨ ᠤᠶᠤᠨ ᠰᠠᠨᠠᠭ᠋ᠠᠨ᠎ᠳᠤ ᠬᠠᠳᠠᠩᠰᠢᠭᠤᠯᠤᠨ᠎ᠠ᠃

   ᠴᠡᠷᠢᠭ᠎ᠤᠨ  ᠰᠤᠮᠤᠨ ᠠᠩᠭᠢ᠎ᠳᠤ ᠦᠷᠨᠢᠭᠦᠯᠦᠨ᠎ᠡ

   ᠨᠠᠮ᠎ᠤᠨ ᠭᠣᠣᠯ ᠰᠡᠳᠦᠪᠲᠦ ᠡᠳᠦᠷ᠎ᠤᠨ ᠠᠵᠢᠯᠯᠠᠭ᠎ᠠ᠂ ᠡᠯ᠎ᠡ ᠲᠥᠷᠥᠯ᠎ᠤᠨ ᠲᠥᠪᠯᠡᠷᠡᠭᠦᠯᠦᠨ ᠪᠣᠯᠪᠠᠰᠤᠷᠠᠭᠤᠯᠬᠤ ᠪᠠ ᠡᠭᠡᠯᠵᠢᠯᠡᠨ ᠪᠣᠯᠪᠠᠰᠤᠷᠠᠭᠤᠯᠬᠤ᠂ ᠶᠡᠬᠡ ᠳᠡᠭᠡᠳᠦ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠪᠣᠯᠪᠠᠰᠤᠷᠠᠯ ᠳᠤᠮᠳᠠ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ  ᠪᠠ ᠬᠠᠤᠯᠢ᠎ᠪᠠᠷ ᠵᠠᠰᠠᠬᠤ ᠬᠥᠮᠦᠵᠢᠯ᠎ᠤᠨ ᠬᠠᠪᠰᠤᠷᠤᠨ ᠵᠢᠯᠤᠭᠣᠳᠬᠤ ᠬᠢᠴᠢᠶᠡᠯ᠎ᠢ ᠲᠣᠬᠢᠷᠠᠭᠤᠯᠵᠤ᠂ ᠬᠠᠪᠰᠤᠷᠤᠨ ᠳᠠᠭ᠋ᠠᠭᠤᠯᠵᠤ ᠬᠠᠪᠰᠤᠷᠤᠨ ᠪᠠᠶ᠋ᠢᠭᠤᠯᠬᠤ᠂ ᠴᠡᠭ᠎ᠲᠤ ᠰᠠᠭᠤᠵᠤ ᠪᠠᠢ᠌ᠴᠠᠭ᠋ᠠᠨ ᠰᠤᠳᠤᠯᠬᠤ  ᠵᠡᠷᠭᠡ᠎ᠯᠦᠭᠡ  ᠤᠶᠠᠯᠳᠤᠭᠤᠯᠤᠨ᠂ ᠨᠠᠮ᠎ᠤᠨ ᠦᠨᠳᠦᠰᠦᠲᠡᠨ᠎ᠤ ᠲᠤᠬᠠᠢ  ᠤᠨᠤᠯ ᠲᠦᠷᠦ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠤᠨ ᠲᠠᠢ᠌ᠯᠪᠤᠷᠢᠯᠠᠬᠤ ᠪᠠ ᠲᠣᠳᠣᠷᠬᠠᠢ᠌ᠯᠠᠨ  ᠲᠠᠢ᠌ᠯᠪᠤᠷᠢᠯᠠᠬᠤ ᠠᠵᠢᠯᠯᠠᠭ᠎ᠠ ᠵᠢ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠵᠢᠯᠣᠭᠣᠳᠤᠭᠴᠢ ᠪᠠᠢ᠌ᠯᠳᠤᠭᠴᠢᠳ᠎ᠢ ᠬᠥᠮᠥᠵᠢᠭᠦᠯᠦᠨ ᠵᠢᠯᠤᠭᠣᠳᠴᠤ ᠪᠠᠢ᠌ᠭ᠋ᠠᠳ ᠳᠡᠭᠡᠳᠦ ᠬᠡᠮᠵᠢᠶᠡᠨ᠎ᠤ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ᠎ᠪᠠᠷ ᠤᠯᠤᠰ ᠵᠶ᠋ᠠᠨ ᠬᠦᠴᠦᠷᠬᠡᠭᠵᠢᠭᠦᠯᠬᠦ ᠴᠡᠷᠢᠭ ᠵᠶ᠋ᠡᠨ ᠬᠦᠴᠦᠷᠬᠡᠭᠵᠢᠭᠦᠯᠬᠦ ᠦᠢ᠍ᠯᠡᠳᠦᠯᠭᠡ᠎ᠳᠤ ᠣᠷᠣᠯᠴᠠᠭᠤᠯᠤᠨ᠎ᠠ᠃

   ᠱᠠᠰᠢᠨ ᠰᠤᠷᠲᠠᠬᠤᠨ᠎ᠤ ᠠᠵᠢᠯᠯᠠᠭ᠎ᠠ ᠵᠢᠨ ᠲᠠᠯᠠᠪᠤᠷ  ᠭᠠᠵᠠᠷ᠎ᠲᠤ ᠦᠷᠨᠢᠭᠦᠯᠦᠨ᠎ᠡ 

   ᠨᠠᠮ᠎ᠤᠨ ᠦᠨᠳᠦᠰᠦᠲᠡᠨ᠎ᠤ ᠲᠤᠬᠠᠢ  ᠲᠥᠷᠥ ᠵᠢᠨ ᠪᠣᠳᠣᠯᠭ᠎ᠠ ᠪᠠ ᠱᠠᠰᠢᠨ ᠰᠤᠷᠲᠠᠬᠤᠨ᠎ᠤ ᠲᠤᠬᠠᠢ  ᠠᠵᠢᠯ᠎ᠤᠨ ᠦᠨᠳᠦᠰᠦᠨ ᠴᠢᠭᠯᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ ᠂ ᠱᠠᠰᠢᠨ ᠰᠤᠷᠲᠠᠬᠤᠨ᠎ᠤ  ᠪᠠᠭᠰᠢ ᠠᠵᠢᠯᠲᠠᠨ ᠪᠠ ᠱᠠᠰᠢᠨ ᠰᠢᠲᠦᠭᠴᠢᠳ᠎ᠲᠤ  ᠬᠠᠨᠳᠤᠭᠤᠯᠤᠨ ᠦᠨᠳᠦᠰᠦᠨ ᠬᠠᠤᠯᠢ ᠪᠠ ᠦᠨᠳᠦᠰᠦᠲᠡᠨ ᠱᠠᠰᠢᠨ ᠰᠤᠷᠲᠠᠬᠤᠨ᠎ᠤ ᠬᠦᠷᠢᠶᠡᠨ᠎ᠳᠠᠬᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠶᠡᠬᠡ᠎ᠪᠠᠷ ᠤᠬᠠᠭᠤᠯᠵᠤ᠂ ᠡᠬᠡ ᠣᠷᠣᠨᠴᠢ ᠦᠵᠡᠯ᠎ᠤᠨ ᠬᠥᠮᠦᠵᠢᠯ᠂ ᠨᠡᠢ᠌ᠭᠡᠮ ᠵᠢᠷᠤᠮ᠎ᠤᠨ ᠭᠣᠣᠯᠯᠠᠬᠤ ᠦᠷᠳᠡᠭ᠎ᠤᠨ ᠦᠵᠡᠯᠲᠡ ᠵᠢᠨ ᠬᠥᠮᠦᠵᠢᠯ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ  ᠤᠬᠠᠮᠰᠠᠷ᠎ᠢ ᠪᠠᠲᠤᠳᠬᠠᠬᠤ  ᠤᠬᠠᠭᠤᠯᠭ᠎ᠠ ᠬᠥᠮᠦᠵᠢᠯ᠎ᠢ ᠥᠷᠨᠢᠭᠦᠯᠵᠦ᠂ ᠱᠠᠰᠢᠨ ᠰᠤᠷᠲᠠᠬᠤᠨ᠎ᠤ  ᠪᠠᠭᠰᠢ ᠠᠵᠢᠯᠲᠠᠨ ᠪᠠ ᠱᠠᠰᠢᠨ ᠰᠢᠲᠦᠭᠴᠢᠳ᠎ᠢ ᠢᠳᠡᠪᠬᠢᠲᠡᠢ ᠬᠦᠲᠦᠯᠦᠨ ᠵᠢᠯᠣᠭᠣᠳᠴᠤ ᠪᠠᠢ᠌ᠭ᠋ᠠᠳ  ᠦᠨᠳᠦᠰᠦᠲᠡᠨ᠎ᠤ ᠪᠦᠯᠬᠦᠮᠳᠡᠯ᠂ ᠱᠠᠰᠢᠨ ᠰᠤᠷᠲᠠᠬᠤᠨ᠎ᠤ ᠡᠶ᠎ᠡ ᠵᠣᠬᠢᠴᠠᠯ᠂ ᠨᠡᠢ᠌ᠭᠡᠮ᠎ᠤᠨ ᠲᠣᠭᠲᠠᠭᠤᠨ ᠪᠠᠢ᠌ᠳᠠᠯ᠎ᠢ ᠤᠬᠠᠮᠰᠠᠷ᠎ᠠᠴᠠ᠎ᠪᠠᠨ ᠬᠠᠮᠠᠭ᠋ᠠᠯᠠᠬᠤ ᠪᠣᠯᠭ᠋ᠠᠨ᠎ᠠ᠃

   ᠰᠣᠶᠣᠯ ᠵᠢᠭᠤᠯᠴᠢᠯᠠᠯ᠎ᠤᠨ  ᠲᠠᠯᠠᠪᠤᠷ ᠭᠠᠵᠠᠷ᠎ᠲᠤ ᠦᠷᠨᠢᠭᠦᠯᠦᠨ᠎ᠡ 

   ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ  ᠲᠤᠰᠬᠠᠵᠤ ᠳᠡᠶ᠋ᠢᠯᠬᠦ ᠲᠡᠦᠬᠡ ᠵᠢᠨ ᠳᠤᠷᠠᠰᠬᠠᠯᠲᠤ ᠵᠦᠢ᠍ᠯ ᠪᠠ ᠲᠡᠦᠬᠡ ᠵᠢᠨ ᠪᠣᠳᠠᠲᠤ ᠬᠡᠷᠡᠭ ᠵᠶ᠋ᠡᠷ ᠠᠴᠢᠶᠠᠯᠠᠪᠤᠷᠢ ᠪᠣᠯᠭ᠋ᠠᠵᠤ᠂ ᠵᠢᠷᠤᠭ ᠦᠰᠦᠭ  ᠬᠣᠣᠰᠯᠠᠭᠤᠯᠤᠭᠰᠠᠨ ᠳᠡᠯᠭᠡᠨ ᠦᠵᠡᠭᠦᠯᠭᠡ ᠵᠢᠨ  ᠰᠠᠮᠪᠠᠷ᠎ᠠ᠂ ᠪᠦᠷᠢᠨ  ᠵᠠᠭᠤᠴᠢᠲᠤ ᠳᠡᠯᠭᠡᠨ ᠦᠵᠡᠭᠦᠯᠭᠡ  ᠵᠡᠷᠭᠡ ᠠᠷᠭ᠎ᠠ ᠪᠠᠷᠢᠯ ᠵᠶ᠋ᠠᠷ ᠳᠠᠮᠵᠢᠭᠤᠯᠤᠨ᠂  ᠲᠡᠦᠬᠡ ᠵᠢᠨ ᠳᠤᠷᠠᠰᠬᠠᠯᠲᠤ ᠵᠦᠢ᠍ᠯ᠎ᠳᠤ ᠠᠭᠤᠯᠤᠭᠳᠠᠵᠤ ᠪᠠᠢ᠌ᠭ᠎ᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢᠨ  ᠠᠭᠤᠯᠤᠭᠳᠠᠬᠤᠨ᠎ᠢ ᠲᠣᠳᠣᠷᠬᠠᠢ᠌ᠯᠠᠨ ᠲᠠᠢ᠌ᠯᠪᠤᠷᠢᠯᠠᠨ᠎ᠠ᠃ ᠣᠲᠣ ᠪᠠᠢ᠌ᠭ᠎ᠠ ᠳᠡᠯᠭᠡᠨ ᠦᠵᠡᠭᠦᠯᠭᠡ ᠵᠢᠨ  ᠪᠠᠢ᠌ᠷᠢᠰᠢᠯ᠎ᠯᠤᠭ᠎ᠠ  ᠤᠶᠠᠯᠳᠤᠭᠤᠯᠤᠨ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠡᠳ᠋ᠯᠡᠵᠦ  ᠬᠠᠮᠲᠤ᠎ᠪᠠᠷ ᠬᠥᠷᠲᠡᠭᠰᠡᠨ  ᠳᠤᠮᠳᠠᠳᠤ ᠵᠢᠨ ᠰᠣᠶᠣᠯ᠎ᠤᠨ ᠲᠡᠮᠳᠡᠭ ᠪᠠ ᠳᠦᠷᠢ ᠲᠥᠷᠬᠦ ᠵᠢ ᠰᠢᠭᠢᠳᠬᠡᠨ ᠣᠷᠣᠭᠤᠯᠵᠤ᠂ ᠤᠬᠠᠭᠤᠯᠤᠨ ᠳᠡᠯᠭᠡᠨ ᠦᠵᠡᠭᠦᠯᠬᠦ᠎ᠪᠠᠨ  ᠴᠢᠩᠭ᠋ᠠᠳᠬᠠᠨ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢ ᠠᠬᠢᠭᠤᠯᠵᠤ᠂ ᠰᠣᠶᠣᠯ ᠵᠢᠭᠤᠯᠴᠢᠯᠠᠯ᠎ᠤᠨ ᠲᠠᠯᠠᠪᠤᠷ ᠭᠠᠵᠠᠷ᠎ᠢ ᠨᠠᠮ᠎ᠤᠨ ᠦᠨᠳᠦᠰᠦᠲᠡᠨ᠎ᠤ ᠲᠤᠬᠠᠢ  ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠬᠤ ᠴᠢᠬᠤᠯᠠ ᠴᠣᠩᠬᠣᠪᠴᠢ  ᠪᠣᠯᠭ᠋ᠠᠨ᠎ᠠ᠃

   ᠰᠦᠯᠵᠢᠶᠡᠨ᠎ᠳᠤ ᠦᠷᠨᠢᠭᠦᠯᠦᠨ᠎ᠡ

  《ᠢᠨᠲ᠋ᠧᠷ ᠰᠦᠯᠵᠢᠶ᠎ᠡ + ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ 》 ᠠᠵᠢᠯᠯᠠᠭ᠋ᠠᠨ᠎ᠢ  ᠭᠦᠨᠵᠡᠭᠡᠢ ᠬᠡᠷᠡᠭᠵᠢᠭᠦᠯᠵᠦ᠂ ᠡᠯ᠎ᠡ ᠰᠠᠯᠠᠭ᠎ᠠ ᠮᠥᠴᠢᠷ ᠨᠢᠭᠡᠴᠢ  ᠢᠯᠠᠩᠭᠤᠶ᠎ᠠ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠭᠡᠰᠢᠭᠦᠨ ᠨᠢᠭᠡᠴᠢ᠎ᠨᠦᠭᠦᠳ ᠫᠣᠷᠲ᠋ᠧᠯ  ᠰᠦᠯᠵᠢᠶ᠎ᠡ ᠪᠤᠶᠤ ᠸᠢᠴᠠᠲ᠎ᠤᠨ ᠨᠡᠶ᠋ᠢᠲᠡ ᠵᠢᠨ ᠲᠠᠪᠴᠠᠩ᠎ᠳᠤ ᠤᠬᠠᠭᠤᠯᠭ᠎ᠠ ᠵᠢᠨ  ᠲᠤᠰᠬᠠᠢ ᠪᠤᠯᠤᠩ ᠭᠠᠷᠭ᠋ᠠᠵᠤ᠂ ᠨᠠᠮ᠎ᠤᠨ ᠦᠨᠳᠦᠰᠦᠲᠡᠨ᠎ᠤ ᠲᠤᠬᠠᠢ  ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠤᠨ ᠲᠠᠢ᠌ᠯᠪᠤᠷᠢᠯᠠᠬᠤ ᠠᠵᠢᠯ᠎ᠢ ᠰᠠᠢ᠌ᠲᠤᠷ ᠬᠢᠨ᠎ᠡ᠃ ᠡᠯ᠎ᠡ ᠭᠣᠣᠯ ᠪᠣᠯᠬᠤ  ᠵᠠᠭᠤᠴᠢᠯᠠᠭᠤᠷ᠎ᠤᠨ᠎ᠬᠢᠨ ᠰᠢᠨ᠎ᠡ ᠵᠠᠭᠤᠴᠢᠯᠠᠭᠤᠷ᠎ᠤᠨ ᠲᠠᠪᠴᠠᠩ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠦᠯᠵᠢᠶᠡᠨ᠎ᠤ ᠢᠷᠭᠡᠳ᠎ᠤᠨ ᠳᠤᠷᠠᠲᠠᠶ᠎ᠠ ᠬᠦᠯᠢᠶᠡᠨ ᠠᠪᠬᠤ ᠣᠬᠣᠷ ᠸᠢᠳᠢᠤ᠋ ᠵᠡᠷᠭᠡ ᠪᠦᠲᠦᠭᠡᠯ᠎ᠢ ᠵᠣᠬᠢᠶᠠᠨ ᠪᠦᠲᠦᠭᠡᠵᠦ ᠤᠬᠠᠭᠤᠯᠤᠨ  ᠲᠠᠨᠢᠯᠴᠠᠭᠤᠯᠵᠤ᠂ ᠢᠨᠲ᠋ᠧᠷ  ᠰᠦᠯᠵᠢᠶ᠎ᠡ ᠵᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠬᠠᠮᠤᠭ᠎ᠤᠨ ᠶᠡᠬᠡ ᠨᠡᠮᠡᠭᠳᠡᠯ ᠪᠣᠯᠭ᠋ᠠᠨ᠎ᠠ᠃

   ᠡᠯ᠎ᠡ ᠬᠦᠷᠢᠶ᠎ᠡ ᠴᠠᠷᠠᠭ᠋ᠠᠨ᠎ᠳᠤ ᠦᠷᠨᠢᠭᠦᠯᠦᠨ᠎ᠡ

   ᠡᠯ᠎ᠡ ᠠᠵᠢᠯ ᠲᠦᠷᠦᠯ᠎ᠤᠨ᠎ᠬᠢᠨ ᠡᠷᠬᠡ ᠴᠢᠳᠠᠮᠵᠢ  ᠡᠭᠦᠷᠭᠡ ᠬᠠᠷᠢᠭᠤᠴᠠᠯᠭ᠎ᠠ᠎ᠲᠠᠢ᠎ᠪᠠᠨ ᠤᠶᠠᠯᠳᠤᠭᠤᠯᠵᠤ᠂ ᠠᠷᠭ᠎ᠠ ᠬᠡᠯᠪᠡᠷᠢ ᠪᠠ  ᠠᠴᠢᠶᠠᠯᠠᠪᠤᠷᠢ ᠵᠢᠨ ᠲᠠᠯ᠎ᠠ᠎ᠪᠠᠷ  ᠢᠳᠡᠪᠬᠢᠲᠡᠢ ᠰᠢᠨ᠎ᠡ ᠵᠢ ᠡᠭᠦᠳᠴᠦ᠂ ᠨᠠᠮ᠎ᠤᠨ ᠦᠨᠳᠦᠰᠦᠲᠡᠨ᠎ᠤ ᠲᠤᠬᠠᠢ  ᠤᠨᠤᠯ ᠲᠦᠷᠦ ᠵᠢᠨ ᠪᠣᠳᠣᠯᠭ᠎ᠠ ᠪᠠ  ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠭᠦᠨᠵᠡᠭᠡᠢ ᠤᠬᠠᠭᠤᠯᠤᠨ᠂ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠬᠠᠮᠲᠤ ᠵᠢᠨ ᠤᠬᠠᠮᠰᠠᠷ᠂ ᠡᠵᠡᠨ ᠬᠥᠮᠥᠨ᠎ᠤ ᠤᠬᠠᠮᠰᠠᠷ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠬᠠᠮᠰᠠᠷ᠂ ᠨᠠᠮ ᠵᠶ᠋ᠠᠨ ᠬᠠᠢ᠌ᠷᠠᠯᠠᠵᠤ ᠤᠯᠤᠰ ᠵᠶ᠋ᠠᠨ ᠬᠠᠢ᠌ᠷᠠᠯᠠᠬᠤ ᠤᠬᠠᠮᠰᠠᠷ᠎ᠢ ᠪᠠᠲᠤ  ᠪᠤᠢ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢᠨ ᠠᠭᠤᠤ ᠶᠡᠬᠡ ᠦᠢ᠍ᠯᠡᠳᠦᠯᠭᠡ᠎ᠳᠤ ᠤᠬᠠᠮᠰᠠᠷ᠎ᠠᠴᠠ᠎ᠪᠠᠨ ᠣᠷᠣᠯᠴᠠᠬᠤ ᠪᠣᠯᠭ᠋ᠠᠨ᠎ᠠ᠃

   ᠭᠣᠣᠯ ᠲᠠᠯᠠᠪᠤᠷ᠎ᠤᠨ ᠭᠣᠣᠯᠳᠠᠯᠭ᠎ᠠ ᠪᠣᠯᠬᠤ  ᠠᠵᠢᠯ

   ᠭᠣᠣᠯ  ᠲᠠᠯᠠᠪᠤᠷ᠎ᠤᠨ ᠠᠵᠢᠯᠯᠠᠭ᠎ᠠ 

  4 ᠳ᠋ᠦ᠍ᠭᠡᠷ  ᠰᠠᠷ᠎ᠠ ᠵᠢᠨ ᠰᠡᠭᠦᠯᠴᠢ᠎ᠪᠠᠷ᠂ ᠦᠬᠠᠢ ᠬᠣᠲᠠ᠎ᠳᠤ ᠪᠥᠬᠥ ᠣᠷᠣᠨ᠎ᠤ 《ᠦᠨᠳᠦᠰᠦᠲᠡᠨ᠎ᠤ ᠲᠤᠬᠠᠢ  ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ》 ᠵᠢᠨ ᠭᠣᠣᠯ ᠲᠠᠯᠠᠪᠤᠷ᠎ᠤᠨ ᠠᠵᠢᠯᠯᠠᠭ᠎ᠠ ᠶᠠᠪᠤᠭᠳᠠᠭᠤᠯᠤᠨ᠎ᠠ ᠃

   ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠰᠢᠷᠢᠰ ᠠᠵᠢᠯᠯᠠᠭ᠎ᠠ

   ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ  ᠤᠬᠠᠭᠤᠯᠭ᠎ᠠ ᠵᠢᠨ ᠵᠢᠷᠤᠭᠲᠤ ᠵᠠᠷ  ᠪᠠ ᠤᠬᠠᠭᠤᠯᠭ᠎ᠠ ᠵᠢᠨ ᠣᠬᠣᠷ ᠸᠢᠳᠢᠣ᠋ ᠡᠯᠰᠡᠬᠦ  ᠠᠵᠢᠯᠯᠠᠭ᠎ᠠ᠎ᠳᠤ  ᠱᠠᠩᠨᠠᠯ ᠭᠥᠷᠳᠡᠭᠰᠡᠨ ᠪᠦᠲᠦᠭᠡᠯ᠎ᠢ ᠨᠡᠢ᠌ᠲᠡᠯᠡᠵᠦ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠫᠤᠷᠲᠸᠯ ᠰᠦᠯᠵᠢᠶ᠎ᠡ ᠪᠠ ᠸᠢᠴᠠᠲ᠎ᠤᠨ ᠨᠡᠶ᠋ᠢᠲᠡ ᠵᠢᠨ ᠲᠠᠪᠴᠠᠩ ᠵᠶ᠋ᠠᠷ ᠳᠠᠮᠵᠢᠭᠤᠯᠤᠨ ᠱᠠᠩᠨᠠᠯ ᠭᠥᠷᠳᠡᠭᠰᠡᠨ ᠪᠦᠲᠦᠭᠡᠯ᠎ᠢ ᠬᠤᠭᠤᠴᠠᠭ᠎ᠠ ᠪᠦᠯᠦᠭ ᠬᠤᠪᠢᠶᠠᠨ ᠳᠡᠯᠭᠡᠨ ᠦᠵᠡᠭᠦᠯᠦᠨ᠎ᠡ ᠂ ᠲᠡᠳᠡᠭᠡᠷ᠎ᠢ  ᠡᠯ᠎ᠡ ᠰᠠᠯᠠᠭ᠎ᠠ ᠮᠥᠴᠢᠷ ᠨᠢᠭᠡᠴᠢ ᠵᠢᠨ᠎ᠬᠢᠨ  ᠪᠠᠭᠤᠯᠭ᠋ᠠᠨ ᠠᠪᠴᠤ ᠤᠬᠠᠭᠤᠯᠬᠤ᠎ᠳᠤ ᠬᠡᠷᠡᠭᠯᠡᠵᠦ ᠪᠣᠯᠣᠨ᠎ᠠ᠃ 《ᠭᠡᠷᠡᠯ ᠵᠢᠷᠤᠭ᠎ᠲᠠᠬᠢ ᠤᠮᠠᠷᠠᠲᠤ ᠬᠢᠯᠢ · ᠰᠡᠳᠬᠢᠯ ᠵᠶ᠋ᠡᠨ ᠨᠢᠭᠡᠳᠬᠡᠨ ᠬᠦᠰᠡᠯ ᠵᠡᠭᠦᠳᠦ᠎ᠪᠠᠨ ᠲᠡᠷᠭᠡᠯᠰᠢᠭᠦᠯᠦᠶ᠎ᠡ — ᠮᠢᠨᠤ ᠳᠡᠷᠭᠡᠳᠡᠬᠢ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠯᠢᠭᠡᠷ》 ᠭᠡᠬᠦ ᠭᠡᠷᠡᠯ ᠵᠢᠷᠤᠭ᠎ᠤᠨ ᠪᠦᠲᠦᠭᠡᠯ ᠡᠯᠰᠡᠬᠦ ᠤᠷᠤᠯᠳᠤᠭ᠋ᠠᠨ᠎ᠤ ᠠᠵᠢᠯᠯᠠᠭ᠎ᠠ ᠵᠢ ᠡᠷᠬᠢᠯᠡᠨ᠎ᠡ᠃

   ᠵᠢᠱ᠌ᠢᠶ᠎ᠡ ᠦᠵᠡᠭᠦᠯᠵᠦ ᠬᠦᠲᠦᠯᠦᠨ  ᠳᠠᠭ᠋ᠠᠭᠤᠯᠬᠤ ᠠᠵᠢᠯᠯᠠᠭ᠎ᠠ 

   ᠡᠯ᠎ᠡ ᠱᠠᠲᠤᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠨᠢᠭᠡᠴᠢ᠎ᠨᠦᠭᠦᠳ ᠵᠢᠱ᠌ᠢᠶ᠎ᠡ ᠦᠵᠡᠭᠦᠯᠵᠦ ᠦᠯᠢᠭᠡᠷ ᠳᠠᠭᠤᠷᠢᠶᠠᠯ ᠪᠣᠯᠬᠤ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠵᠤ᠂ ᠤᠯᠠᠨ ᠠᠷᠭ᠎ᠠ ᠵᠠᠮ ᠵᠶ᠋ᠠᠷ ᠤᠬᠠᠭᠤᠯᠭ᠎ᠠ ᠵᠢᠨ  ᠠᠵᠢᠯ ᠵᠶ᠋ᠡᠨ  ᠰᠠᠢ᠌ᠲᠤᠷ ᠬᠢᠨ᠎ᠡ᠃ ᠡᠯ᠎ᠡ ᠱᠠᠲᠤᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ ᠨᠠᠷ  ᠲᠦᠷᠦᠭᠦᠯᠡᠨ ᠦᠨᠳᠦᠰᠦᠨ ᠱᠠᠲᠤᠨ᠎ᠳᠤ ᠭᠦᠨᠵᠡᠭᠡᠢ᠌ᠷᠡᠵᠦ ᠤᠬᠠᠭᠤᠯᠤᠨ ᠲᠠᠢ᠌ᠯᠪᠤᠷᠢᠯᠠᠬᠤ ᠠᠵᠢᠯ ᠦᠷᠨᠢᠭᠦᠯᠦᠨ᠎ᠡ᠃ ᠡᠯ᠎ᠡ ᠱᠠᠲᠤᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ  ᠬᠥᠮᠦᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ᠎ᠬᠢᠨ  ᠬᠣᠯᠪᠤᠭ᠋ᠠᠯᠠᠨ ᠰᠤᠷᠤᠯᠴᠠᠵᠤ ᠬᠣᠯᠪᠤᠭ᠋ᠠᠯᠠᠨ ᠪᠠᠶ᠋ᠢᠭᠤᠯᠬᠤ ᠵᠡᠷᠭᠡ ᠭᠣᠣᠯ ᠰᠡᠳᠦᠪᠲᠦ ᠠᠵᠢᠯᠯᠠᠭ᠎ᠠ ᠦᠷᠨᠢᠭᠦᠯᠦᠨ᠎ᠡ᠃

   ᠰᠦᠯᠵᠢᠶᠡᠨ᠎ᠤ ᠱᠠᠩᠨᠠᠯᠲᠤ ᠮᠡᠳᠡᠯᠭᠡ ᠵᠢᠨ ᠤᠷᠤᠯᠳᠤᠭ᠋ᠠᠨ᠎ᠤ ᠠᠵᠢᠯᠯᠠᠭ᠎ᠠ 

  《ᠦᠨᠳᠦᠰᠦᠲᠡᠨ᠎ᠤ ᠲᠤᠬᠠᠢ  ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ》᠎ᠤᠨ ᠬᠤᠭᠤᠴᠠᠭ᠋ᠠᠨ᠎ᠳᠤ᠂ ᠨᠠᠮ᠎ᠤᠨ ᠦᠨᠳᠦᠰᠦᠲᠡᠨ᠎ᠤ ᠲᠤᠬᠠᠢ  ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠰᠦᠯᠵᠢᠶᠡᠨ᠎ᠤ ᠱᠠᠩᠨᠠᠯᠲᠤ ᠮᠡᠳᠡᠯᠭᠡ ᠵᠢᠨ ᠤᠷᠤᠯᠳᠤᠭ᠋ᠠᠨ᠎ᠤ  ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠡᠯ᠎ᠡ ᠰᠠᠯᠠᠭ᠎ᠠ ᠮᠥᠴᠢᠷ ᠨᠢᠭᠡᠴᠢ ᠵᠢ  ᠥᠷᠭᠡᠨ ᠵᠶ᠋ᠡᠷ ᠳᠠᠶ᠋ᠢᠴᠢᠯᠠᠨ ᠣᠷᠣᠯᠴᠠᠭᠤᠯᠵᠤ᠂ ᠠᠵᠢᠯᠯᠠᠭ᠎ᠠ ᠵᠢᠨ ᠴᠥᠷᠬᠡᠯᠡᠭᠡ ᠵᠢ ᠸᠢᠴᠠᠲ᠎ᠤᠨ ᠨᠡᠶ᠋ᠢᠲᠡ ᠵᠢᠨ ᠲᠠᠪᠴᠠᠩ ᠵᠶ᠋ᠠᠷ ᠢᠳᠡᠪᠬᠢᠲᠡᠢ ᠳᠠᠮᠵᠢᠭᠤᠯᠤᠨ ᠲᠠᠷᠬᠠᠭ᠋ᠠᠵᠤ᠂ ᠠᠵᠢᠯᠯᠠᠭ᠎ᠠ ᠵᠢᠨ ᠬᠠᠮᠤᠷᠬᠤ ᠬᠡᠪᠴᠢᠶ᠎ᠡ ᠵᠢ ᠴᠢᠷᠮᠠᠢ᠌ᠨ ᠥᠷᠭᠡᠳᠬᠡᠵᠦ᠂ ᠨᠡᠢ᠌ᠭᠡᠮ᠎ᠤᠨ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠦᠨ᠎ᠡ ᠃

   ᠤᠬᠠᠭᠤᠯᠭ᠎ᠠ ᠵᠢᠨ  ᠣᠬᠣᠷ ᠮᠡᠳᠡᠭᠡ ᠳᠠᠮᠵᠢᠭᠤᠯᠬᠤ  ᠠᠵᠢᠯᠯᠠᠭ᠎ᠠ

  5 ᠳ᠋ᠤᠭ᠋ᠠᠷ  ᠰᠠᠷ᠎ᠠ ᠵᠢᠨ ᠡᠬᠢ᠎ᠪᠠᠷ᠂ ᠰᠢᠯᠵᠢᠮᠡᠯ  ᠬᠣᠯᠪᠣᠭ᠎ᠠ᠂ ᠨᠢᠭᠡᠳᠦᠮᠡᠯ ᠬᠣᠯᠪᠣᠭ᠎ᠠ᠂  ᠴᠠᠬᠢᠯᠭ᠋ᠠᠨ ᠬᠣᠯᠪᠣᠭ᠎ᠠ ᠵᠡᠷᠭᠡ ᠡᠵᠡᠩᠨᠡᠨ ᠠᠵᠢᠯᠯᠠᠭᠰᠠᠳ ᠵᠶ᠋ᠠᠷ  ᠳᠠᠮᠵᠢᠭᠤᠯᠤᠨ᠂ ᠪᠥᠬᠥ ᠣᠷᠣᠨ᠎ᠤ ᠭᠠᠷ ᠤᠲᠠᠰᠤᠨ᠎ᠤ ᠬᠡᠷᠡᠭᠯᠡᠭᠴᠢᠳ᠎ᠲᠤ  ᠨᠠᠮ᠎ᠤᠨ ᠦᠨᠳᠦᠰᠦᠲᠡᠨ᠎ᠤ ᠲᠤᠬᠠᠢ  ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠣᠬᠣᠷ ᠮᠡᠳᠡᠭᠡ ᠵᠢ ᠳᠠᠮᠵᠢᠭᠤᠯᠤᠨ᠎ᠠ ᠃

   ᠠᠵᠢᠯ᠎ᠤᠨ ᠱᠠᠭ᠋ᠠᠷᠳᠠᠯᠭ᠎ᠠ 

   ᠡᠯ᠎ᠡ ᠰᠠᠯᠠᠭ᠎ᠠ ᠮᠥᠴᠢᠷ ᠨᠢᠭᠡᠴᠢ᠎ᠨᠦᠭᠦᠳ ᠨᠠᠮ᠎ᠤᠨ ᠦᠨᠳᠦᠰᠦᠲᠡᠨ᠎ᠤ ᠲᠤᠬᠠᠢ  ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠵᠢᠨ ᠠᠵᠢᠯ᠎ᠢ ᠥᠷᠨᠢᠭᠦᠯᠬᠦ᠎ᠳᠤ᠎ᠪᠠᠨ  ᠦᠨᠡᠨ᠎ᠠᠴᠠ ᠵᠥᠪ᠎ᠢ ᠡᠷᠢᠬᠦ ᠵᠢ ᠪᠠᠷᠢᠮᠲᠠᠯᠠᠵᠤ᠂ ᠴᠠᠭ ᠬᠡᠮᠵᠢᠶ᠎ᠡ ᠪᠦᠲᠦᠮᠵᠢ᠎ᠪᠠᠨ  ᠡᠵᠡᠮᠳᠡᠬᠦ ᠬᠡᠷᠡᠭᠲᠡᠢ; ᠠᠷᠭ᠎ᠠ ᠬᠡᠯᠪᠡᠷᠢ ᠠᠷᠭ᠎ᠠ ᠮᠠᠶᠢᠭ᠎ᠢ  ᠠᠩᠬᠠᠷᠴᠤ᠂ ᠬᠡᠯᠪᠡᠷᠢᠴᠢ ᠦᠵᠡᠯ᠎ᠢ ᠴᠢᠩᠭ᠎ᠠ ᠴᠡᠭᠡᠷᠯᠡᠨ᠂ ᠱᠠᠲᠤ ᠱᠠᠲᠤ᠎ᠪᠠᠷ ᠠᠵᠢᠯ᠎ᠤᠨ ᠡᠭᠦᠷᠭᠡ ᠵᠢ᠎ᠨᠢ ᠨᠡᠮᠡᠭᠳᠡᠭᠦᠯᠵᠦ ᠪᠣᠯᠬᠤ  ᠦᠭᠡᠢ᠂ ᠦᠨᠳᠦᠰᠦᠨ ᠱᠠᠲᠤᠨ᠎ᠤ ᠳᠠᠷᠤᠭ᠋ᠠᠰᠤ ᠵᠢ᠎ᠨᠢ ᠨᠡᠮᠡᠭᠳᠡᠭᠦᠯᠵᠦ ᠪᠣᠯᠬᠤ ᠦᠭᠡᠢ; ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠠᠮᠠᠷᠬᠠᠨ ᠬᠦᠯᠢᠶᠡᠨ ᠠᠪᠬᠤ ᠬᠡᠯᠪᠡᠷᠢ᠎ᠪᠠᠷ ᠤᠬᠠᠭᠤᠯᠭ᠎ᠠ ᠵᠢᠨ ᠠᠵᠢᠯ ᠵᠶ᠋ᠠᠨ  ᠥᠷᠨᠢᠭᠦᠯᠵᠦ᠂ ᠪᠣᠳᠠᠲᠤ ᠬᠡᠷᠡᠭ ᠲᠣᠭ᠎ᠠ ᠪᠠᠷᠢᠮᠲᠠ᠂ ᠨᠡᠢ᠌ᠲᠡᠯᠢᠭ ᠬᠡᠷᠡᠭ᠎ᠤᠨ ᠵᠢᠱ᠌ᠢᠶ᠎ᠡ᠎ᠪᠠᠷ ᠶᠣᠰᠣ ᠤᠴᠢᠷ᠎ᠢ ᠲᠣᠳᠣᠷᠬᠠᠢ᠌ᠯᠠᠬᠤ᠎ᠳᠤ᠎ᠪᠠᠨ  ᠴᠢᠳᠠᠮᠠᠭ᠋ᠠᠢ ᠪᠠᠢ᠌ᠬᠤ ᠬᠡᠷᠡᠭᠲᠡᠢ;  ᠪᠦᠲᠦᠮᠵᠢᠲᠡᠶ ᠲᠤᠷᠰᠢᠯᠭ᠎ᠠ ᠪᠠ ᠠᠷᠭ᠎ᠠ ᠵᠢ ᠴᠠᠭ ᠲᠤᠬᠠᠢ᠎ᠳᠤ᠎ᠨᠢ  ᠳ᠋ᠦᠩᠨᠡᠵᠦ᠂ ᠨᠠᠮ᠎ᠤᠨ ᠦᠨᠳᠦᠰᠦᠲᠡᠨ᠎ᠤ ᠲᠤᠬᠠᠢ  ᠣᠨᠣᠯ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠬᠥᠮᠦᠵᠢᠯ᠎ᠤᠨ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠬᠦ ᠬᠡᠷᠡᠭᠲᠡᠢ᠃


ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ