ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ᠎ᠪᠠᠨ ᠠᠪᠤᠭᠰᠠᠨ ᠠᠵᠢᠯ ᠠᠯᠳᠠᠭᠰᠠᠳ᠎ᠤᠨ ᠡᠮᠴᠢᠯᠡᠭᠡᠨ᠎ᠤ ᠳᠠᠭ᠋ᠠᠳᠬᠠᠯ᠎ᠢ ᠶᠠᠭ᠋ᠠᠬᠢᠬᠤ ᠪᠤᠶ? ᠥᠪᠡᠷᠰᠡᠳ ᠵᠶ᠋ᠡᠨ ᠰᠦᠢ᠍ᠳᠬᠡᠯ ᠲᠤᠰᠢᠶᠠᠬᠤ ᠴᠢᠬᠤᠯᠠᠲᠠᠢ ᠦᠦ? ᠡᠪᠡᠳᠴᠢᠨ ᠵᠶ᠋ᠠᠨ ᠦᠵᠡᠭᠦᠯᠬᠦ᠎ᠳᠤ ᠲᠠᠩᠰᠠ ᠪᠠᠰᠠ ᠳᠡᠶ᠋ᠢᠯᠵᠦ ᠲᠠᠶ᠋ᠢᠯᠤᠨ᠎ᠠ ᠦᠦ? ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠬᠦᠷᠲᠡᠵᠦ ᠪᠠᠢ᠌ᠭ᠎ᠠ ᠬᠤᠭᠤᠴᠠᠭ᠋ᠠᠨ᠎ᠳᠤ ᠴᠣᠬᠣᠮ ᠶᠠᠮᠠᠷ ᠶᠠᠮᠠᠷ ᠬᠠᠷᠠᠭ᠋ᠠᠯᠵᠠᠯ ᠭᠥᠷᠳᠡᠵᠦ ᠪᠣᠯᠬᠤ ᠪᠤᠶ? ᠤᠯᠠᠨ᠎ᠤ ᠠᠩᠬᠠᠷᠴᠤ ᠪᠠᠢ᠌ᠭ᠎ᠠ ᠡᠳᠡᠭᠡᠷ ᠠᠰᠠᠭᠤᠳᠠᠯ᠎ᠤᠳ᠎ᠲᠤ ᠨᠢᠭᠡᠳ ᠨᠢᠭᠡ᠎ᠪᠠᠷ ᠬᠠᠷᠢᠭᠤᠯᠲᠠ ᠥᠭᠭᠦᠶ᠎ᠡ ᠃
ᠨᠢᠭᠡ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠬᠦᠷᠲᠡᠵᠦ ᠪᠠᠢ᠌ᠭ᠎ᠠ ᠬᠤᠭᠤᠴᠠᠭ᠋ᠠᠨ᠎ᠳᠤ ᠦᠷᠭᠦᠯᠵᠢᠯᠡᠨ ᠡᠮᠴᠢᠯᠡᠭᠡᠨ᠎ᠤ ᠳᠠᠭ᠋ᠠᠳᠬᠠᠯ᠎ᠤᠨ ᠬᠠᠷᠠᠭ᠋ᠠᠯᠵᠠᠯ ᠬᠦᠷᠲᠡᠵᠦ ᠪᠣᠯᠣᠨ᠎ᠠ ᠦᠦ?
ᠪᠣᠯᠣᠨ᠎ᠠ᠃ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠬᠦᠷᠲᠡᠵᠦ ᠪᠠᠢ᠌ᠭ᠎ᠠ ᠬᠥᠮᠥᠰ᠎ᠤᠨ ᠠᠵᠢᠯᠲᠠᠨ ᠠᠵᠢᠯᠴᠢᠨ᠎ᠤ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠬᠤ᠎ᠪᠠᠷ ᠲᠤᠰᠢᠶᠠᠬᠤ ᠶᠣᠰᠣᠲᠠᠢ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠦᠢ᠍ᠳᠬᠡᠯ᠎ᠢ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠰᠠᠭᠤᠷᠢ ᠮᠥᠩᠭᠥᠨ᠎ᠠᠴᠠ ᠲᠤᠰᠢᠶᠠᠵᠤ ᠥᠭᠬᠦᠨ᠎ᠡ᠂ ᠬᠤᠪᠢ ᠬᠥᠮᠥᠨ ᠰᠦᠢ᠍ᠳᠬᠡᠯ ᠲᠤᠰᠢᠶᠠᠬᠤ ᠦᠭᠡᠢ᠃ ᠥᠭᠡᠷ᠎ᠡ᠎ᠪᠠᠷ ᠬᠡᠯᠡᠪᠡᠯ᠂ ᠠᠵᠢᠯ ᠠᠯᠳᠠᠭᠰᠠᠳ᠎ᠤᠨ ᠡᠮᠴᠢᠯᠡᠭᠡᠨ᠎ᠤ ᠳᠠᠭ᠋ᠠᠳᠬᠠᠯ᠎ᠢ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥᠨ᠎ᠠᠴᠠ ᠰᠢᠭᠤᠳ ᠲᠤᠰᠢᠶᠠᠵᠤ ᠥᠭᠭᠦᠨ᠎ᠡ ᠃
ᠬᠣᠶᠠᠷ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠬᠦᠷᠲᠡᠵᠦ ᠪᠠᠢ᠌ᠭ᠎ᠠ ᠬᠥᠮᠥᠰ ᠥᠪᠡᠷᠰᠡᠳ ᠵᠶ᠋ᠡᠨ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠴᠢᠬᠤᠯᠠᠲᠠᠢ ᠦᠦ?
ᠠᠵᠢᠯ ᠠᠯᠳᠠᠭᠰᠠᠳ᠎ᠤᠨ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠦᠢ᠍ᠳᠬᠡᠯ᠎ᠢ ᠡᠯ᠎ᠡ ᠱᠠᠲᠤᠨ᠎ᠤ ᠠᠵᠢᠯ ᠠᠯᠳᠠᠭᠰᠠᠳ᠎ᠤᠨ ᠳᠠᠭ᠋ᠠᠳᠬᠠᠯ᠎ᠢ ᠭᠠᠷᠳᠠᠨ ᠬᠢᠬᠦ ᠪᠠᠢ᠌ᠭᠤᠯᠤᠮᠵᠢ᠎ᠨᠤᠭᠤᠳ ᠰᠠᠷ᠎ᠠ᠎ᠪᠠᠷ ᠨᠢᠭᠡᠴᠢ ᠪᠣᠯᠭ᠋ᠠᠨ ᠣᠷᠣᠯᠠᠨ ᠲᠤᠰᠢᠶᠠᠨ᠎ᠠ᠃ ᠠᠵᠢᠯ ᠠᠯᠳᠠᠭᠰᠠᠳ᠎ᠲᠤ ᠠᠪᠴᠤ ᠬᠡᠯᠡᠪᠡᠯ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ᠎ᠪᠠᠨ ᠭᠤᠶᠤᠴᠢᠯᠠᠨ ᠣᠯᠣᠭᠰᠠᠨ᠎ᠤ ᠳᠠᠷᠠᠭ᠎ᠠ᠂ ᠥᠪᠡᠷᠰᠡᠳ ᠵᠶ᠋ᠡᠨ ᠡᠮᠴᠢᠯᠡᠭᠡᠨ᠎ᠤ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠴᠢᠬᠤᠯᠠ ᠦᠭᠡᠢ᠃
ᠭᠤᠷᠪᠠ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠬᠦᠷᠲᠡᠵᠦ ᠪᠠᠢ᠌ᠭ᠎ᠠ ᠬᠥᠮᠥᠰ ᠶᠠᠮᠠᠷ ᠶᠠᠮᠠᠷ ᠡᠮᠴᠢᠯᠡᠭᠡᠨ᠎ᠤ ᠳᠠᠭ᠋ᠠᠳᠬᠠᠯ᠎ᠤᠨ ᠬᠠᠷᠠᠭ᠋ᠠᠯᠵᠠᠯ ᠬᠦᠷᠲᠡᠵᠦ ᠪᠣᠯᠬᠤ ᠪᠤᠢ?
ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠬᠦᠷᠲᠡᠵᠦ ᠪᠠᠢ᠌ᠭ᠎ᠠ ᠬᠥᠮᠥᠰ᠎ᠨᠢ ᠠᠵᠢᠯ᠎ᠤᠨ ᠪᠠᠢ᠌ᠷᠢᠨ᠎ᠳᠤ᠎ᠪᠠᠨ ᠪᠠᠢ᠌ᠭ᠎ᠠ ᠠᠵᠢᠯᠲᠠᠨ ᠠᠵᠢᠯᠴᠢᠨ᠎ᠲᠠᠢ ᠡᠭᠡᠭᠡ ᠠᠳᠠᠯᠢᠬᠠᠨ ᠵᠶ᠋ᠠᠷ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠬᠠᠷᠠᠭ᠋ᠠᠯᠵᠠᠯ (ᠡᠮᠨᠡᠯᠭᠡ᠎ᠳᠤ ᠰᠠᠭᠤᠬᠤ᠂ ᠡᠩ᠎ᠤᠨ ᠡᠭᠦᠳᠡᠨ ᠡᠮᠨᠡᠯᠭᠡ᠎ᠳᠤ ᠡᠮᠨᠡᠭᠦᠯᠬᠦ᠂ ᠡᠭᠦᠳᠡᠨ ᠡᠮᠨᠡᠯᠭᠡ᠎ᠳᠤ ᠤᠵᠢᠭ ᠡᠪᠡᠳᠴᠢᠨ ᠣᠨᠴᠠᠭ᠋ᠠᠶ ᠡᠪᠡᠳᠴᠢᠨ ᠡᠮᠨᠡᠭᠦᠯᠬᠦ᠎ᠳᠤ ᠨᠢᠭᠡᠳᠦᠯᠲᠡᠢ ᠲᠥᠯᠥᠪᠯᠡᠬᠦ ᠬᠠᠷᠠᠭ᠋ᠠᠯᠵᠠᠯ᠎ᠢ ᠪᠠᠭᠲᠠᠭ᠋ᠠᠨ᠎ᠠ) ᠪᠠ ᠦᠷᠡᠵᠢᠯ᠎ᠤᠨ ᠳᠠᠭ᠋ᠠᠳᠬᠠᠯ᠎ᠤᠨ ᠬᠠᠷᠠᠭ᠋ᠠᠯᠵᠠᠯ᠎ᠢ ᠬᠦᠷᠲᠡᠵᠦ ᠪᠣᠯᠣᠨ᠎ᠠ ᠃
ᠳᠥᠷᠪᠡ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠬᠦᠷᠲᠡᠵᠦ ᠪᠠᠢ᠌ᠭ᠎ᠠ ᠬᠤᠭᠤᠴᠠᠭ᠋ᠠᠨ᠎ᠳᠤ ᠡᠮᠴᠢᠯᠡᠭᠡᠨ᠎ᠤ ᠳᠠᠭ᠋ᠠᠳᠬᠠᠯ᠎ᠤᠨ ᠬᠠᠷᠠᠭ᠋ᠠᠯᠵᠠᠯ᠎ᠢ ᠦᠷᠭᠦᠯᠵᠢᠯᠡᠨ ᠬᠦᠷᠲᠡᠭᠡᠳ ᠪᠠᠢ᠌ᠵᠤ ᠪᠣᠯᠣᠨ᠎ᠠ ᠦᠦ?
ᠪᠣᠯᠣᠨ᠎ᠠ᠃ ᠠᠵᠢᠯ ᠠᠯᠳᠠᠭᠰᠠᠳ᠎ᠢ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠬᠦᠷᠲᠡᠵᠦ ᠪᠠᠢ᠌ᠭ᠎ᠠ ᠬᠤᠭᠤᠴᠠᠭ᠋ᠠᠨ᠎ᠳᠤ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠰᠠᠭᠤᠷᠢ ᠮᠥᠩᠭᠥᠨ᠎ᠠᠴᠠ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠦᠢ᠍ᠳᠬᠡᠯ᠎ᠢ᠎ᠨᠢ ᠢᠵᠢᠯ ᠠᠯᠬᠤᠮ ᠵᠶ᠋ᠠᠷ ᠲᠤᠰᠢᠶᠠᠵᠤ ᠥᠭᠭᠦᠨ᠎ᠡ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠵᠢ ᠬᠡᠳᠦᠢ ᠤᠷᠲᠤ ᠬᠤᠭᠤᠴᠠᠭ᠎ᠠ ᠠᠪᠤᠪᠠᠯ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠦᠢ᠍ᠳᠬᠡᠯ᠎ᠢ᠎ᠨᠢ ᠳᠠᠷᠤᠢ ᠲᠡᠳᠦᠢ ᠤᠷᠲᠤ ᠬᠤᠭᠤᠴᠠᠭ᠎ᠠ ᠲᠤᠰᠢᠶᠠᠵᠤ ᠥᠭᠭᠦᠨ᠎ᠡ᠃
ᠲᠠᠪᠤ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠬᠦᠷᠲᠡᠵᠦ ᠪᠠᠢ᠌ᠭ᠎ᠠ ᠬᠤᠭᠤᠴᠠᠭ᠋ᠠᠨ᠎ᠳᠤ ᠠᠵᠢᠯᠲᠠᠨ ᠠᠵᠢᠯᠴᠢᠨ᠎ᠤ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠤᠨ ᠰᠦᠢ᠍ᠳᠬᠡᠯ ᠲᠤᠰᠢᠶᠠᠭᠰᠠᠨ ᠵᠢᠯ ᠬᠤᠭᠤᠴᠠᠭ᠎ᠠ ᠵᠢ ᠨᠡᠢ᠌ᠯᠡᠭᠦᠯᠦᠨ ᠪᠤᠳᠤᠵᠤ ᠥᠭᠭᠦᠨ᠎ᠡ ᠦᠦ?
ᠪᠣᠳᠣᠵᠤ ᠥᠭᠭᠦᠨ᠎ᠡ ᠃ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠬᠦᠷᠲᠡᠵᠦ ᠪᠠᠢ᠌ᠭ᠎ᠠ ᠬᠥᠮᠥᠰ᠎ᠤᠨ ᠠᠵᠢᠯᠲᠠᠨ ᠠᠵᠢᠯᠴᠢᠨ᠎ᠤ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠬᠤ᠎ᠪᠠᠷ ᠰᠦᠢ᠍ᠳᠬᠡᠯ ᠲᠤᠰᠢᠶᠠᠭᠰᠠᠨ ᠵᠢᠯ ᠬᠤᠭᠤᠴᠠᠭ᠎ᠠ ᠵᠢ᠎ᠨᠢ ᠲᠡᠭᠦᠨ᠎ᠤ ᠠᠵᠢᠯ ᠠᠯᠳᠠᠬᠤ᠎ᠠᠴᠠ ᠡᠮᠦᠨᠡᠬᠢ ᠠᠵᠢᠯᠲᠠᠨ ᠠᠵᠢᠯᠴᠢᠨ᠎ᠤ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠬᠤ᠎ᠪᠠᠷ ᠰᠦᠢ᠍ᠳᠬᠡᠯ ᠲᠤᠰᠢᠶᠠᠭᠰᠠᠨ ᠵᠢᠯ ᠬᠤᠭᠤᠴᠠᠭ᠎ᠠ ᠲᠠᠢᠨ᠎ᠢ ᠨᠡᠢ᠌ᠯᠡᠭᠦᠯᠦᠨ ᠪᠣᠳᠣᠨ᠎ᠠ᠃