ᠲᠡᠷᠢᠭᠦᠨ ᠬᠠᠭᠤᠳᠠᠰᠤ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠣᠮᠵᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠳᠦᠷᠢᠮ
ᠨᠡᠶ᠋ᠢᠲᠡᠯᠡᠭᠰᠡᠨ ᠴᠠᠭ᠄ 2025-05-20

    01 ᠳᠦᠷᠢᠮ᠎ᠢ ᠲᠣᠭᠲᠠᠭ᠋ᠠᠭᠰᠠᠨ ᠠᠬᠤᠢ ᠪᠠᠢ᠌ᠳᠠᠯ

    ᠥᠪᠥᠷ ᠮᠣᠩᠭᠣᠯ ᠤᠯᠤᠰ᠎ᠤᠨ ᠳᠣᠲᠣᠭ᠋ᠠᠳᠤ᠎ᠳᠤ᠎ᠪᠠᠨ ᠨᠠᠢ᠍ᠮᠠᠨ ᠮᠤᠵᠢ᠎ᠲᠠᠢ ᠬᠣᠯᠪᠣᠯᠳᠤᠵᠤ᠂ ᠭᠠᠳᠠᠭᠰᠢ᠎ᠪᠠᠨ ᠣᠷᠣᠰ ᠮᠣᠩᠭᠣᠯ᠎ᠲᠠᠢ ᠬᠥᠷᠰᠢᠯᠡᠵᠦ᠂ ᠣᠷᠣᠨ ᠪᠠᠢ᠌ᠷᠢ ᠵᠢᠨ ᠳᠠᠪᠠᠭᠤᠯᠢᠭ ᠲᠠᠯ᠎ᠠ ᠣᠯᠠᠨ᠎ᠠᠴᠠ ᠣᠨᠴᠠᠭ᠋ᠠᠶ ᠪᠠᠢ᠌ᠳᠠᠭ᠂ ᠲᠡᠦᠬᠡᠨ᠎ᠳᠤ᠎ᠪᠠᠨ ᠳᠠᠷᠤᠢ 《ᠲᠠᠯ᠎ᠠ ᠨᠤᠲᠤᠭ᠎ᠤᠨ ᠲᠣᠷᠭ᠋ᠠᠨ᠎ᠤ ᠵᠠᠮ》 ᠪᠠ 《ᠲᠦᠮᠡᠨ ᠭᠠᠵᠠᠷ᠎ᠤᠨ ᠴᠠᠢ ᠵᠢᠨ ᠵᠠᠮ》᠎ᠤᠨ ᠴᠢᠬᠤᠯᠠ ᠵᠠᠩᠭᠢᠯᠠᠭ᠎ᠠ ᠪᠠ ᠨᠡᠪᠲᠡᠷᠡᠯ ᠵᠠᠮ ᠮᠥᠨ ᠪᠠᠢ᠌ᠵᠤ᠂ ᠣᠳᠣ ᠨᠡᠩ ᠴᠤ᠌ ᠳᠤᠮᠳᠠᠳᠤ ᠮᠣᠩᠭᠣᠯ ᠣᠷᠣᠰ᠎ᠤᠨ ᠠᠵᠤ ᠠᠬᠤᠢ ᠵᠢᠨ ᠬᠣᠩᠭᠢᠯ᠎ᠤᠨ ᠴᠢᠬᠤᠯᠠ ᠵᠠᠩᠭᠢᠯᠠᠭ᠎ᠠ ᠵᠢᠨ ᠴᠡᠭ ᠪᠠᠢ᠌ᠵᠤ᠂ ᠳᠤᠮᠳᠠᠳᠤ ᠤᠯᠤᠰ᠎ᠤᠨ ᠪᠠᠷᠠᠭᠤᠨ ᠬᠡᠰᠡᠭ᠎ᠤᠨ ᠬᠠᠭᠤᠷᠠᠢ ᠳᠠᠯᠠᠶ ᠵᠢᠨ ᠰᠢᠨ᠎ᠡ ᠨᠡᠪᠲᠡᠷᠡᠯ ᠵᠠᠮ᠎ᠤᠨ ᠴᠢᠬᠤᠯᠠ ᠡᠭᠦᠳᠡ ᠪᠣᠯᠵᠤ ᠪᠠᠢ᠌ᠨ᠎ᠠ᠃ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢᠨ ᠪᠦᠲᠦᠭᠡᠨ ᠪᠠᠢ᠌ᠭᠤᠯᠤᠯᠲᠠ ᠪᠣᠯ ᠶᠡᠷᠦᠩᠬᠡᠢ ᠱᠦᠵᠢ ᠰᠢ ᠵᠢᠨ ᠫᠢᠩ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠶᠠᠷ ᠶᠡᠬᠡ ᠲᠠᠯ᠎ᠠ ᠵᠢ ᠨᠢᠭᠡᠳᠦᠯᠲᠡᠢ ᠲᠥᠯᠥᠪᠯᠡᠵᠦ ᠥᠪᠥᠷ ᠮᠣᠩᠭᠣᠯ᠎ᠤᠨ ᠪᠠᠢ᠌ᠳᠠᠯ᠎ᠳᠤ ᠲᠣᠬᠢᠷᠠᠭᠤᠯᠤᠨ ᠲᠣᠭᠲᠠᠭ᠋ᠠᠭᠰᠠᠨ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ ᠮᠥᠷᠲᠡᠭᠡᠨ ᠥᠪᠥᠷ ᠮᠣᠩᠭᠣᠯ᠎ᠤᠨ ᠰᠢᠨ᠎ᠡ ᠬᠥᠭᠵᠢᠯᠲᠡ ᠵᠢᠨ ᠪᠠᠢ᠌ᠷᠢᠰᠢᠯ᠎ᠳᠤ ᠦᠢ᠍ᠯᠡᠴᠢᠯᠡᠬᠦ ᠪᠠ ᠠᠭᠤᠰᠤᠯᠴᠠᠬᠤ ᠵᠢᠨ ᠴᠢᠬᠤᠯᠠ ᠲᠦᠰᠢᠭ ᠪᠣᠯᠣᠨ᠎ᠠ᠃ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠠᠯᠪᠢᠭᠰᠠᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠤᠯᠤᠰ᠎ᠤᠨ ᠳᠣᠲᠣᠭ᠋ᠠᠳᠤ ᠵᠢᠨ ᠶᠡᠬᠡ ᠣᠷᠴᠢᠯ᠎ᠤᠨ ᠴᠢᠬᠤᠯᠠ ᠵᠠᠩᠭᠢᠯᠠᠭ᠎ᠠ ᠵᠢᠨ ᠴᠡᠭ ᠪᠠ ᠤᠯᠤᠰ᠎ᠤᠨ ᠳᠣᠲᠣᠭ᠋ᠠᠳᠤ ᠵᠢᠨ ᠪᠠ ᠤᠯᠠᠨ ᠤᠯᠤᠰ᠎ᠤᠨ ᠬᠣᠣᠰ ᠣᠷᠴᠢᠯ᠎ᠤᠨ ᠪᠠᠢ᠌ᠯᠳᠤᠬᠤ ᠪᠣᠳᠣᠯᠭ᠎ᠠ ᠵᠢᠨ ᠲᠤᠯᠭ᠋ᠠᠭᠤᠷᠢᠯᠠᠬᠤ ᠴᠡᠭ᠎ᠢ ᠴᠣᠭᠴᠠᠯᠠᠵᠤ᠂ ᠤᠯᠤᠰ᠎ᠤᠨ ᠳᠣᠲᠣᠭ᠋ᠠᠳᠤ ᠵᠢᠨ ᠪᠠ ᠤᠯᠠᠨ ᠤᠯᠤᠰ᠎ᠤᠨ ᠬᠣᠣᠰ ᠣᠷᠴᠢᠯ᠎ᠢ ᠬᠣᠯᠪᠣᠬᠤ᠎ᠳᠤ ᠨᠡᠩ ᠶᠡᠬᠡ ᠦᠢ᠍ᠯᠡᠳᠦᠯ ᠭᠠᠷᠭ᠋ᠠᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠳᠦᠷᠢᠮ》᠎ᠢ ᠲᠣᠭᠲᠠᠭ᠋ᠠᠪᠠ᠃

    02 ᠳᠦᠷᠢᠮ᠎ᠤᠨ ᠭᠣᠣᠯ ᠠᠭᠤᠯᠭ᠎ᠠ

    ᠲᠣᠰ ᠳᠦᠷᠢᠮ᠎ᠨᠢ ᠪᠣᠭᠣᠮᠲᠠ ᠪᠠ ᠡᠯ᠎ᠡ ᠲᠥᠷᠥᠯ᠎ᠤᠨ ᠨᠡᠪᠲᠡᠷᠡᠯ ᠵᠠᠮ ᠵᠢᠴᠢ ᠠᠴᠢᠶᠠᠯᠠᠪᠤᠷᠢ ᠵᠢᠨ ᠪᠦᠲᠦᠭᠡᠨ ᠪᠠᠢ᠌ᠭᠤᠯᠤᠯᠲᠠ᠎ᠲᠠᠢ ᠨᠢᠭᠲᠠ ᠤᠶᠠᠯᠳᠤᠨ᠂ ᠬᠠᠮ ᠬᠢᠯᠢ ᠵᠢᠨ ᠪᠣᠭᠣᠮᠲᠠ ᠵᠢᠨ ᠠᠵᠤ ᠠᠬᠤᠢ ᠵᠢ ᠬᠥᠭᠵᠢᠭᠦᠯᠬᠦ᠎ᠳᠤ ᠬᠦᠴᠦᠯᠡᠪᠡ᠃ ᠳᠦᠷᠢᠮ᠎ᠳᠤ ᠪᠣᠭᠣᠮᠲᠠ ᠵᠢᠨ ᠬᠠᠮᠢᠶᠠᠷᠤᠯᠲᠠ ᠵᠢᠨ ᠪᠠᠢ᠌ᠭᠤᠯᠤᠯ᠎ᠢ ᠲᠡᠭᠦᠯᠳᠡᠷᠵᠢᠭᠦᠯᠵᠦ᠂ ᠠᠮᠤᠭᠤᠯᠠᠩᠲᠤ᠂ ᠪᠦᠲᠦᠮᠵᠢ᠎ᠲᠠᠢ᠂ ᠣᠶᠤᠨᠲᠤ᠂ ᠬᠠᠤᠯᠢᠵᠢᠯ᠎ᠤᠨ᠂ ᠪᠣᠬᠢᠷᠲᠤᠯ ᠦᠭᠡᠢ ᠬᠢᠯᠢ ᠵᠢᠨ ᠪᠣᠭᠣᠮᠲᠠ ᠵᠢᠨ ᠪᠦᠲᠦᠭᠡᠨ ᠪᠠᠢ᠌ᠭᠤᠯᠤᠯᠲᠠ ᠵᠢ ᠨᠢᠭᠡᠳᠦᠯᠲᠡᠢ ᠲᠥᠯᠥᠪᠯᠡᠨ ᠠᠬᠢᠭᠤᠯᠬᠤ ᠵᠢ ᠲᠣᠭᠲᠠᠭ᠋ᠠᠪᠠ; ᠥᠪᠡᠷᠲᠡᠭᠡᠨ ᠵᠠᠰᠠᠬᠤ ᠣᠷᠣᠨ ᠨᠡᠭᠡᠭᠡᠯᠲᠡ ᠵᠢᠨ ᠶᠡᠬᠡ ᠨᠡᠪᠲᠡᠷᠡᠯ ᠵᠠᠮ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠣᠷᠣᠨ ᠪᠠᠢ᠌ᠷᠢ ᠵᠢᠨ ᠳᠠᠪᠠᠭᠤᠯᠢᠭ ᠵᠶ᠋ᠠᠨ ᠨᠡᠭᠡᠭᠡᠯᠲᠡ ᠵᠢᠨ ᠳᠠᠪᠠᠭᠤᠯᠢᠭ ᠪᠠ ᠬᠥᠭᠵᠢᠯᠲᠡ ᠵᠢᠨ ᠳᠠᠪᠠᠭᠤᠯᠢᠭ ᠪᠣᠯᠭ᠋ᠠᠨ ᠤᠯᠠᠷᠢᠭᠤᠯᠵᠤ᠂ ᠭᠠᠳᠠᠭ᠋ᠠᠳᠤ᠎ᠠᠴᠠ ᠣᠷᠣᠭᠤᠯᠬᠤ ᠡᠬᠢ ᠪᠠᠶᠠᠯᠢᠭ᠎ᠢ ᠬᠢᠯᠢ ᠵᠢᠨ ᠪᠣᠭᠣᠮᠲᠠ ᠪᠠ ᠥᠷᠥᠴᠡ ᠭᠠᠵᠠᠷ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠲᠤ ᠨᠤᠲᠤᠭᠰᠢᠭᠤᠯᠤᠨ ᠡᠳ᠋ᠰᠢᠭᠦᠯᠬᠦ ᠵᠢ ᠠᠬᠢᠭᠤᠯᠵᠤ᠂ ᠠᠵᠤ ᠠᠬᠤᠢ ᠵᠢᠨ ᠨᠡᠪᠳᠡᠷᠡᠯ ᠵᠠᠮ᠎ᠢ ᠨᠡᠪᠳᠡᠷᠡᠯ ᠵᠠᠮ᠎ᠤᠨ ᠠᠵᠤ ᠠᠬᠤᠢ ᠲᠡᠢ᠌ᠰᠢ ᠬᠤᠪᠢᠷᠠᠭᠤᠯᠬᠤ᠂ ᠳᠠᠮᠵᠢᠭᠤᠯᠭ᠎ᠠ ᠵᠢᠨ ᠠᠵᠤ ᠠᠬᠤᠢ ᠵᠢ ᠨᠤᠲᠤᠭᠰᠢᠭᠰᠠᠨ ᠠᠵᠤ ᠠᠬᠤᠢ ᠲᠡᠢ᠌ᠰᠢ ᠬᠤᠪᠢᠷᠠᠭᠤᠯᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

    ᠲᠣᠰ ᠳᠦᠷᠢᠮ᠎ᠨᠢ ᠣᠷᠣᠨ ᠪᠦᠰᠡ ᠵᠢᠨ ᠰᠣᠯᠢᠯᠴᠠᠭ᠎ᠠ ᠬᠠᠮᠵᠢᠯᠴᠠᠭ᠎ᠠ ᠵᠢ ᠴᠢᠩᠭ᠋ᠠᠳᠬᠠᠬᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠎ᠳᠤ ᠦᠢ᠍ᠯᠡᠴᠢᠯᠡᠬᠦ ᠪᠠ ᠲᠡᠭᠦᠨ᠎ᠢ ᠠᠬᠢᠭᠤᠯᠬᠤ ᠵᠢ ᠲᠤᠪᠤᠢ᠍ᠢ᠍ᠯᠭ᠋ᠠᠪᠠ᠃ ᠳᠦᠷᠢᠮ᠎ᠨᠢ ᠤᠯᠤᠰ᠎ᠤᠨ ᠳᠣᠲᠣᠭ᠋ᠠᠳᠤ ᠵᠢᠨ ᠶᠡᠬᠡ ᠣᠷᠴᠢᠯ᠎ᠳᠤ ᠰᠠᠭᠤᠷᠢᠯᠠᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠣᠰ ᠣᠷᠴᠢᠯ᠎ᠢ ᠰᠠᠭ᠋ᠠᠳ ᠦᠭᠡᠢ ᠨᠡᠪᠲᠡᠷᠡᠭᠦᠯᠦᠨ᠂ ᠥᠪᠡᠷᠲᠡᠭᠡᠨ ᠵᠠᠰᠠᠬᠤ ᠣᠷᠣᠨ᠎ᠠᠴᠠ ᠬᠠᠮᠢᠶ᠎ᠠ ᠪᠦᠬᠦᠢ ᠮᠤᠵᠢ ᠣᠷᠣᠨ ᠵᠢᠴᠢ ᠭᠠᠵᠠᠷ ᠣᠷᠣᠨ᠎ᠤ ᠡᠬᠢ ᠪᠠᠶᠠᠯᠢᠭ᠎ᠤᠨ ᠤᠤᠭ᠋ᠠᠯ ᠨᠥᠭᠡᠴᠡ ᠬᠦᠴᠦᠨ ᠪᠠ ᠬᠠᠷᠢᠴᠠᠭᠤᠯᠤᠭᠰᠠᠨ ᠳᠠᠪᠠᠭᠤᠯᠢᠭ᠎ᠲᠠᠢ ᠤᠶᠠᠯᠳᠤᠭᠤᠯᠤᠨ᠂ ᠣᠷᠣᠨ ᠪᠦᠰᠡ ᠵᠢᠨ ᠠᠵᠤ ᠠᠬᠤᠢ ᠵᠢᠨ ᠬᠠᠮᠲᠤᠷᠠᠯᠴᠠᠭ᠋ᠠᠨ᠎ᠤ ᠬᠡᠪ ᠵᠠᠭᠪᠤᠷ ᠪᠠ ᠠᠵᠢᠯᠯᠠᠭ᠋ᠠᠨ᠎ᠤ ᠲᠣᠭᠲᠠᠴᠠ᠎ᠳᠤ ᠰᠢᠨ᠎ᠡ ᠵᠢ ᠡᠭᠦᠳᠴᠦ᠂ ᠣᠷᠣᠨ ᠪᠦᠰᠡ ᠠᠯᠤᠰᠯᠠᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠢ ᠬᠠᠮᠲᠤ᠎ᠪᠠᠷ ᠪᠠᠶ᠋ᠢᠭᠤᠯᠬᠤ ᠵᠢ ᠳᠡᠮᠵᠢᠨ᠎ᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠠᠮᠲᠤ᠎ᠪᠠᠷ ᠪᠠᠶ᠋ᠢᠭᠤᠯᠬᠤ ᠬᠦᠷᠢᠶᠡᠯᠡᠩ ᠲᠣᠭᠣᠷᠢᠭ᠎ᠤᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠬᠤ ᠬᠡᠷᠡᠭᠲᠡᠢ ᠭᠡᠵᠦ ᠣᠨᠴᠠᠭ᠋ᠠᠢ᠌ᠯᠠᠨ ᠴᠢᠬᠤᠯᠠᠴᠢᠯᠠᠪᠠ᠃

    ᠲᠣᠰ ᠳᠦᠷᠢᠮ᠎ᠨᠢ ᠭᠠᠳᠠᠭ᠋ᠠᠳᠤ ᠨᠡᠭᠡᠭᠡᠯᠲᠡ ᠵᠢᠨ ᠲᠦᠪᠰᠢᠨ᠎ᠢ ᠳᠡᠭᠡᠭᠰᠢᠯᠡᠭᠦᠯᠬᠦ᠂ ᠥᠨᠳᠥᠷ ᠲᠦᠪᠰᠢᠨ᠎ᠲᠠᠢ ᠨᠡᠭᠡᠭᠡᠯᠲᠡ᠎ᠪᠠᠷ ᠴᠢᠨᠠᠷ ᠰᠠᠢ᠌ᠲᠠᠢ ᠬᠥᠭᠵᠢᠯᠲᠡ ᠵᠢ ᠪᠦᠬᠦ ᠬᠦᠴᠦᠨ ᠵᠶ᠋ᠡᠷ ᠵᠶ᠋ᠡᠨ ᠠᠬᠢᠭᠤᠯᠬᠤ᠎ᠳᠤ ᠭᠣᠣᠯᠯᠠᠭᠤᠯᠪᠠ᠃ ᠳᠦᠷᠢᠮ᠎ᠨᠢ ᠶᠡᠷᠦᠩᠬᠡᠢ ᠱᠦᠵᠢ ᠰᠢ ᠵᠢᠨ ᠫᠢᠩ᠎ᠤᠨ ᠵᠢᠭ᠋ᠠᠪᠤᠷᠢᠯᠠᠭᠰᠠᠨ 《ᠥᠪᠥᠷ ᠮᠣᠩᠭᠣᠯ 〈ᠨᠢᠭᠡ ᠪᠦᠰᠡ ᠨᠢᠭᠡ ᠵᠠᠮ〉 ᠪᠠ ᠳᠤᠮᠳᠠᠳᠤ ᠮᠣᠩᠭᠣᠯ ᠤᠷᠤᠰ᠎ᠤᠨ ᠠᠵᠤ ᠠᠬᠤᠢ ᠵᠢᠨ ᠬᠣᠩᠭᠢᠯ᠎ᠤᠨ ᠪᠦᠲᠦᠭᠡᠨ ᠪᠠᠢ᠌ᠭᠤᠯᠤᠯᠲᠠ᠎ᠳᠤ ᠢᠳᠡᠪᠬᠢᠲᠡᠢ ᠣᠷᠣᠯᠴᠠᠵᠤ᠂ ᠭᠠᠳᠠᠭ᠋ᠠᠳᠤ ᠨᠡᠭᠡᠭᠡᠯᠲᠡ ᠵᠢᠨ ᠲᠦᠪᠰᠢᠨ ᠵᠶ᠋ᠡᠨ ᠳᠡᠭᠡᠭᠰᠢᠯᠡᠭᠦᠯᠬᠦ ᠬᠡᠷᠡᠭᠲᠡᠢ》 ᠭᠡᠬᠦ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠲᠠᠯᠪᠢᠬᠤ ᠬᠠᠮᠢᠶᠠᠷᠬᠤ ᠦᠢ᠍ᠯᠡᠴᠢᠯᠡᠬᠦ ᠵᠢᠨ ᠥᠭᠡᠷᠡᠴᠢᠯᠡᠯᠲᠡ᠂ ᠪᠡᠯᠡ ᠣᠷᠣᠭᠤᠯᠤᠯᠲᠠ ᠠᠷᠠᠯᠵᠢᠶ᠎ᠠ ᠵᠢ ᠳᠥᠭᠥᠮᠴᠢᠯᠡᠬᠦ ᠵᠡᠷᠭᠡ ᠭᠣᠣᠯᠳᠠᠯᠭ᠎ᠠ᠎ᠲᠠᠢ ᠬᠦᠷᠢᠶᠡᠨ᠎ᠤ ᠥᠭᠡᠷᠡᠴᠢᠯᠡᠯᠲᠡ ᠵᠢᠨ ᠡᠷᠴᠢᠮ᠎ᠢ ᠴᠢᠩᠭ᠋ᠠᠷᠠᠭᠤᠯᠵᠤ᠂ ᠵᠠᠰᠠᠭ᠎ᠤᠨ ᠣᠷᠳᠣᠨ ᠪᠠ ᠬᠤᠳᠠᠯᠳᠤᠭ᠋ᠠᠴᠢᠨ᠎ᠤ ᠳᠣᠲᠣᠨᠣᠰᠤᠭ ᠴᠡᠪᠡᠷᠬᠡᠨ ᠬᠠᠷᠢᠴᠠᠭ᠎ᠠ ᠵᠢ ᠪᠠᠢ᠌ᠭᠤᠯᠵᠤ᠂ ᠡᠯ᠎ᠡ ᠲᠦᠷᠦᠯ᠎ᠤᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠪᠡᠯᠡ ᠮᠥᠩᠭᠥ᠂ ᠮᠡᠷᠭᠡᠵᠢᠯ᠂ ᠬᠥᠮᠥᠨ᠎ᠤ ᠬᠦᠴᠦ᠂ ᠪᠠᠢ᠌ᠭ᠋ᠠᠯᠢ ᠵᠢᠨ ᠡᠬᠢ ᠪᠠᠶᠠᠯᠢᠭ ᠵᠡᠷᠭᠡ ᠦᠢ᠍ᠯᠡᠳᠪᠦᠷᠢᠯᠡᠯ᠎ᠤᠨ ᠬᠦᠴᠦᠨ ᠵᠦᠢ᠍ᠯ ᠪᠠ ᠤᠯᠠᠨ ᠨᠡᠶ᠋ᠢᠲᠡ ᠵᠢᠨ ᠦᠢ᠍ᠯᠡᠴᠢᠯᠡᠭᠡ ᠵᠢ ᠬᠠᠤᠯᠢ ᠶᠣᠰᠣᠭ᠋ᠠᠷ ᠡᠷᠬᠡ ᠲᠡᠭᠰᠢ᠎ᠪᠠᠷ ᠬᠡᠷᠡᠭᠯᠡᠬᠦ ᠵᠢ ᠪᠠᠲᠤᠯᠠᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠢ᠌ᠵᠢᠭᠰᠡᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠪᠤᠢ ᠪᠣᠯᠭ᠋ᠠᠬᠤ ᠵᠢ ᠴᠢᠬᠤᠯᠠᠴᠢᠯᠠᠪᠠ᠃

    03 《ᠠᠵᠤ ᠠᠬᠤᠢ ᠵᠢᠨ ᠨᠡᠪᠲᠡᠷᠡᠯ ᠵᠠᠮ》᠎ᠢ 《ᠨᠡᠪᠲᠡᠷᠡᠯ ᠵᠠᠮ᠎ᠤᠨ ᠠᠵᠤ ᠠᠬᠤᠢ》 ᠪᠣᠯᠭ᠋ᠠᠨ ᠬᠤᠪᠢᠷᠠᠭᠤᠯᠬᠤ ᠵᠢ ᠠᠬᠢᠭᠤᠯᠵᠤ᠂ 《ᠳᠠᠮᠵᠢᠭᠤᠯᠭ᠎ᠠ ᠵᠢᠨ ᠠᠵᠤ ᠠᠬᠤᠢ》 ᠵᠢ 《ᠨᠤᠲᠤᠭᠰᠢᠭᠰᠠᠨ ᠠᠵᠤ ᠠᠬᠤᠢ》 ᠪᠣᠯᠭ᠋ᠠᠨ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠪᠠ

    ᠳᠦᠷᠢᠮ᠎ᠳᠤ 《ᠭᠠᠷ ᠳᠠᠮᠵᠢᠪᠠᠴᠤ ᠠᠰᠢᠭ ᠬᠦᠷᠲᠡᠬᠦ ᠦᠭᠡᠢ》 ᠪᠠᠢ᠌ᠬᠤ ᠠᠰᠠᠭᠤᠳᠠᠯ᠎ᠢ ᠰᠢᠢ᠍ᠳᠪᠦᠷᠢᠯᠡᠬᠦ᠎ᠳᠤ ᠭᠣᠣᠯᠳᠠᠭᠤ ᠳᠠᠷᠠᠭ᠋ᠠᠬᠢ ᠬᠡᠳᠦᠨ ᠲᠠᠯ᠎ᠠ᠎ᠪᠠᠷ ᠲᠣᠭᠲᠠᠭ᠋ᠠᠯ ᠭᠠᠷᠭ᠋ᠠᠵᠠᠢ᠄

    ᠨᠢᠭᠡ᠎ᠳᠤ᠂ ᠳᠤᠮᠳᠠᠳᠤ ᠡᠸᠦ᠋ᠷᠦᠫᠡ ᠵᠢᠨ ᠵᠢᠰᠢᠶᠠᠨ᠎ᠤ ᠭᠠᠯᠲᠤ ᠲᠡᠷᠭᠡᠨ᠎ᠤ ᠨᠡᠪᠲᠡᠷᠡᠯ ᠵᠠᠮ᠎ᠤᠨ ᠳᠠᠪᠠᠭᠤᠯᠢᠭ᠎ᠢ ᠪᠠᠳᠠᠷᠠᠭᠤᠯᠵᠤ᠂ ᠳᠤᠮᠳᠠᠳᠤ ᠡᠸᠦ᠋ᠷᠦᠫᠡ ᠵᠢᠨ ᠵᠢᠰᠢᠶᠠᠨ᠎ᠤ ᠭᠠᠯᠲᠤ ᠲᠡᠷᠭᠡᠨ᠎ᠤ ᠨᠡᠪᠲᠡᠷᠡᠯ ᠵᠠᠮ᠎ᠤᠨ ᠦᠢ᠍ᠯᠡᠴᠢᠯᠡᠭᠡᠨ᠎ᠤ ᠴᠢᠳᠠᠮᠵᠢ ᠵᠢ ᠭᠦᠢ᠍ᠴᠡᠳ ᠰᠠᠢ᠌ᠲᠤᠷ ᠬᠡᠷᠡᠭᠯᠡᠨ᠎ᠡ᠃

    ᠳᠦᠷᠢᠮ᠎ᠳᠤ ᠳᠤᠮᠳᠠᠳᠤ ᠡᠸᠦ᠋ᠷᠦᠫᠡ ᠵᠢᠨ ᠵᠢᠰᠢᠶᠠᠨ᠎ᠤ ᠭᠠᠯᠲᠤ ᠲᠡᠷᠭᠡᠨ᠎ᠤ ᠠᠩᠬᠠᠨ᠎ᠤ ᠥᠷᠲᠡᠭᠡ ᠵᠢᠴᠢ ᠠᠶᠠᠯᠠᠭᠤᠯᠬᠤ ᠵᠠᠮ ᠱᠤᠭᠤᠮ᠎ᠢ ᠰᠢᠯᠢᠳᠡᠭᠵᠢᠭᠦᠯᠵᠦ᠂ ᠳᠤᠮᠳᠠᠳᠤ ᠡᠸᠦ᠋ᠷᠦᠫᠡ ᠵᠢᠨ ᠵᠢᠰᠢᠶᠠᠨ᠎ᠤ ᠭᠠᠯᠲᠤ ᠲᠡᠷᠭᠡᠨ᠎ᠤ ᠲᠥᠪᠯᠡᠷᠡᠭᠦᠯᠦᠨ ᠲᠠᠷᠬᠠᠭ᠋ᠠᠬᠤ ᠲᠥᠪ᠎ᠢ ᠪᠠᠢ᠌ᠭᠤᠯᠵᠤ᠂ ᠳᠤᠮᠳᠠᠳᠤ ᠡᠸᠦ᠋ᠷᠦᠫᠡ ᠵᠢᠨ ᠵᠢᠰᠢᠶᠠᠨ᠎ᠤ ᠭᠠᠯᠲᠤ ᠲᠡᠷᠭᠡᠨ᠎ᠤ ᠪᠠᠭᠲᠠᠭ᠋ᠠᠮᠵᠢ ᠵᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ ᠵᠢ ᠠᠬᠢᠭᠤᠯᠵᠤ᠂ ᠦᠢ᠍ᠯᠡᠴᠢᠯᠡᠭᠡᠨ᠎ᠤ ᠴᠢᠳᠠᠪᠤᠷᠢ ᠪᠠ ᠲᠤᠬᠠᠢ ᠵᠢᠨ ᠭᠠᠵᠠᠷ᠎ᠤᠨ ᠣᠷᠣᠯᠴᠠᠯᠭ᠎ᠠ ᠵᠢ ᠨᠡᠮᠡᠭᠳᠡᠭᠦᠯᠦᠨ᠎ᠡ; ᠪᠠᠷᠠᠭ᠋ᠠᠨ᠎ᠤ ᠢᠷᠡᠯᠲᠡ ᠵᠢ ᠵᠣᠬᠢᠶᠠᠨ ᠪᠠᠢ᠌ᠭᠤᠯᠬᠤ᠎ᠳᠤ᠎ᠪᠠᠨ ᠬᠣᠣᠰ ᠴᠢᠭᠯᠡᠯ ᠵᠶ᠋ᠡᠷ ᠵᠣᠬᠢᠶᠠᠨ ᠪᠠᠢ᠌ᠭᠤᠯᠬᠤ ᠠᠷᠭ᠎ᠠ ᠮᠠᠶᠢᠭ᠎ᠢ ᠥᠷᠭᠡᠳᠬᠡᠵᠦ᠂ ᠪᠠᠷᠠᠭ᠋ᠠᠨ᠎ᠤ ᠭᠦᠢ᠍ᠯᠭᠡᠭᠡ ᠵᠢ ᠨᠠᠢ᠌ᠳᠠᠪᠤᠷᠢᠵᠢᠭᠤᠯᠬᠤ᠂ ᠠᠷᠠᠯᠵᠢᠶ᠎ᠠ ᠵᠢ ᠨᠠᠢ᠌ᠳᠠᠪᠤᠷᠢᠵᠢᠭᠤᠯᠬᠤ ᠪᠠ ᠡᠳ᠋ᠰᠢᠭᠦᠯᠬᠦ ᠵᠢ ᠨᠠᠢ᠌ᠳᠠᠪᠤᠷᠢᠵᠢᠭᠤᠯᠬᠤ ᠵᠢ ᠠᠬᠢᠭᠤᠯᠤᠨ᠎ᠠ᠃

    ᠬᠣᠶᠠᠷ᠎ᠲᠤ᠂ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠵᠦ᠂ ᠬᠢᠯᠢ ᠵᠢᠨ ᠪᠣᠭᠣᠮᠲᠠ ᠪᠠ ᠨᠡᠪᠲᠡᠷᠡᠯ ᠵᠠᠮ᠎ᠤᠨ ᠳᠠᠭ᠋ᠠᠭ᠋ᠠᠴᠠ ᠵᠢ ᠨᠡᠮᠡᠭᠳᠡᠭᠦᠯᠦᠨ᠎ᠡ᠃

    ᠳᠦᠷᠢᠮ᠎ᠳᠤ᠂ ᠬᠢᠯᠢ ᠵᠢᠨ ᠪᠣᠭᠣᠮᠲᠠ ᠵᠢᠨ ᠴᠢᠳᠠᠮᠵᠢ ᠵᠢ ᠥᠷᠭᠡᠳᠬᠡᠨ ᠥᠭᠡᠷᠡᠴᠢᠯᠡᠬᠦ ᠵᠢ ᠠᠬᠢᠭᠤᠯᠵᠤ᠂ ᠥᠷᠥᠴᠡ ᠭᠠᠵᠠᠷ᠎ᠲᠤ ᠬᠠᠨᠳᠤᠭᠤᠯᠤᠭᠰᠠᠨ ᠴᠢᠬᠤᠯᠠ ᠶᠡᠬᠡ ᠰᠠᠭᠤᠷᠢ ᠪᠡᠯᠡᠳᠬᠡᠮᠵᠢ᠂ ᠴᠢᠬᠤᠯᠠ ᠵᠠᠩᠭᠢᠯᠠᠭ᠎ᠠ ᠵᠢᠨ ᠴᠡᠭ᠎ᠤᠨ ᠬᠣᠲᠠ᠂ ᠡᠳ᠋ ᠪᠠᠷᠠᠭ᠎ᠠ ᠵᠢ ᠲᠥᠪᠯᠡᠷᠡᠭᠦᠯᠦᠨ ᠲᠠᠷᠬᠠᠭ᠋ᠠᠬᠤ ᠲᠥᠪ᠂ ᠭᠠᠳᠠᠭ᠋ᠠᠳᠤ᠎ᠳᠤ ᠭᠠᠷᠭ᠋ᠠᠬᠤ ᠦᠢ᠍ᠯᠡᠳᠬᠦᠨ᠎ᠤ ᠰᠠᠭᠤᠷᠢᠨ ᠭᠠᠵᠠᠷ᠂ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ ᠪᠠ ᠡᠬᠢ ᠪᠠᠶᠠᠯᠢᠭ᠎ᠢ ᠤᠯᠠᠷᠢᠭᠤᠯᠬᠤ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠨᠤᠲᠤᠭᠰᠢᠭᠤᠯᠤᠨ ᠡᠳ᠋ᠰᠢᠭᠦᠯᠬᠦ᠂ ᠠᠷᠠᠯᠵᠢᠶ᠎ᠠ ᠬᠤᠳᠠᠯᠳᠤᠭ᠋ᠠᠨ᠎ᠤ ᠭᠦᠢ᠍ᠯᠭᠡᠭᠡ ᠵᠡᠷᠭᠡ ᠠᠵᠤ ᠦᠢ᠍ᠯᠡᠰ᠎ᠢ ᠪᠣᠢ᠌ᠵᠢᠭᠤᠯᠤᠨ ᠪᠤᠵᠠᠭ᠋ᠠᠢ᠌ᠷᠠᠭᠤᠯᠵᠤ᠂ ᠭᠠᠳᠠᠭ᠋ᠠᠳᠤ᠎ᠠᠴᠠ ᠣᠷᠣᠭᠤᠯᠬᠤ ᠡᠬᠢ ᠪᠠᠶᠠᠯᠢᠭ᠎ᠢ ᠬᠢᠯᠢ ᠵᠢᠨ ᠪᠣᠭᠣᠮᠲᠠ ᠪᠠ ᠥᠷᠥᠴᠡ ᠭᠠᠵᠠᠷ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠲᠤ ᠨᠤᠲᠤᠭᠰᠢᠭᠤᠯᠤᠨ ᠡᠳ᠋ᠰᠢᠭᠦᠯᠬᠦ ᠵᠢ ᠠᠬᠢᠭᠤᠯᠤᠨ᠎ᠠ ᠭᠡᠵᠦ ᠲᠣᠭᠲᠠᠭ᠋ᠠᠵᠠᠢ᠃

    ᠭᠤᠷᠪᠠ᠎ᠳᠤ᠂ ᠡᠯ᠎ᠡ ᠲᠦᠷᠦᠯ᠎ᠤᠨ ᠨᠡᠭᠡᠭᠡᠯᠲᠡ ᠵᠢᠨ ᠲᠠᠪᠴᠠᠩ᠎ᠤᠨ ᠴᠢᠳᠠᠪᠬᠢ ᠵᠢ ᠳᠡᠭᠡᠭᠰᠢᠯᠡᠭᠦᠯᠵᠦ᠂ ᠭᠠᠳᠠᠭ᠋ᠠᠳᠤ ᠨᠡᠭᠡᠭᠡᠯᠲᠡ ᠵᠢᠨ ᠲᠦᠪᠰᠢᠨ᠎ᠢ ᠪᠦᠬᠦ ᠲᠠᠯ᠎ᠠ᠎ᠪᠠᠷ ᠥᠷᠭᠡᠳᠬᠡᠨ᠎ᠡ᠃

    ᠳᠦᠷᠢᠮ᠎ᠳᠤ᠂ ᠶᠡᠷᠦᠩᠬᠡᠢ᠌ᠯᠡᠭᠰᠡᠨ ᠭᠠᠢ᠌ᠯᠢ ᠪᠠᠲᠤᠯᠠᠬᠤ ᠣᠷᠣᠨ ᠪᠠ ᠭᠠᠢ᠌ᠯᠢ ᠪᠠᠲᠤᠯᠠᠬᠤ ᠪᠠᠷᠠᠭ᠋ᠠᠨ᠎ᠤ ᠭᠦᠢ᠍ᠯᠭᠡᠭᠡᠨ᠎ᠤ ᠲᠥᠪ᠎ᠤᠨ ᠠᠵᠢᠯᠯᠠᠭ᠋ᠠᠨ᠎ᠤ ᠶᠠᠰᠤ ᠴᠢᠨᠠᠷ᠎ᠢ ᠳᠡᠭᠡᠭᠰᠢᠯᠡᠭᠦᠯᠵᠦ᠂ ᠨᠤᠲᠤᠭᠰᠢᠭᠤᠯᠤᠨ ᠡᠳ᠋ᠰᠢᠭᠦᠯᠬᠦ ᠬᠠᠮᠢᠶ᠎ᠠ ᠪᠦᠬᠦᠢ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠤᠨ᠎ᠠ; ᠬᠢᠯᠢ ᠵᠢᠨ ᠠᠷᠠᠳ᠎ᠤᠨ ᠵᠠᠬ᠎ᠠ ᠵᠢᠨ ᠭᠠᠳᠠᠭ᠋ᠠᠳᠤ᠎ᠠᠴᠠ ᠣᠷᠣᠭᠤᠯᠬᠤ ᠲᠠᠸᠠᠷ᠎ᠢ ᠨᠤᠲᠤᠭᠰᠢᠭᠤᠯᠤᠨ ᠡᠳ᠋ᠰᠢᠭᠦᠯᠬᠦ ᠵᠢ ᠠᠬᠢᠭᠤᠯᠵᠤ᠂ ᠵᠠᠬ᠎ᠠ ᠵᠢᠨ ᠠᠷᠠᠯᠵᠢᠶ᠎ᠠ ᠵᠢ ᠪᠣᠯᠪᠠᠰᠤᠷᠠᠭᠤᠯᠬᠤ᠂ ᠪᠡᠯᠡ ᠣᠷᠣᠭᠤᠯᠬᠤ᠂ ᠠᠷᠠᠯᠵᠢᠶ᠎ᠠ ᠵᠢ ᠨᠢᠭᠡ ᠴᠣᠭᠴᠠᠵᠢᠭᠤᠯᠬᠤ ᠴᠢᠭᠯᠡᠯ ᠲᠡᠢ᠌ᠰᠢ ᠬᠥᠭᠵᠢᠭᠦᠯᠬᠦ ᠵᠢ ᠬᠥᠲᠥᠯᠥᠨ ᠵᠢᠯᠣᠭᠣᠳᠤᠨ᠎ᠠ; ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠬᠥᠭᠵᠢᠯᠲᠡ ᠵᠢᠨ ᠬᠡᠪ ᠵᠠᠭᠪᠤᠷ᠎ᠲᠤ ᠰᠢᠨ᠎ᠡ ᠵᠢ ᠡᠭᠦᠳᠴᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠲᠦᠷᠭᠡᠨ ᠬᠥᠭᠵᠢᠯᠲᠡ ᠵᠢ ᠠᠬᠢᠭᠤᠯᠤᠨ᠎ᠠ; ᠣᠷᠣᠨ ᠪᠦᠰᠡ ᠵᠢᠨ ᠰᠣᠯᠢᠯᠴᠠᠭ᠎ᠠ ᠬᠠᠮᠵᠢᠯᠴᠠᠭ᠎ᠠ ᠵᠢ ᠴᠢᠩᠭ᠋ᠠᠳᠬᠠᠵᠤ᠂ ᠲᠡᠷᠢᠭᠦᠨ᠎ᠤ ᠠᠵᠤ ᠦᠢ᠍ᠯᠡᠰ᠎ᠤᠨ ᠰᠢᠯᠵᠢᠯᠲᠡ ᠵᠢ ᠢᠳᠡᠪᠬᠢᠲᠡᠢ᠎ᠪᠠᠷ ᠵᠣᠯᠭ᠋ᠠᠭᠤᠯᠤᠨ ᠠᠪᠴᠤ᠂ ᠣᠭᠣᠷᠴᠣᠭ ᠬᠠᠷᠢᠶ᠎ᠠ ᠭᠠᠵᠠᠷ᠎ᠤᠨ ᠠᠵᠤ ᠠᠬᠤᠢ ᠵᠡᠷᠭᠡ ᠠᠰᠢᠭ ᠲᠤᠰᠠ ᠵᠢ ᠬᠠᠮᠲᠤ ᠡᠳ᠋ᠯᠡᠬᠦ ᠬᠡᠪ ᠵᠠᠭᠪᠤᠷ᠎ᠢ ᠬᠠᠢ᠌ᠨ ᠰᠦᠪᠡᠭᠴᠢᠯᠡᠨ᠎ᠡ᠃

ᠢᠷᠡᠯᠲᠡ᠄ ᠥᠪᠥᠷ ᠮᠣᠩᠭᠣᠯ᠎ᠤᠨ ᠬᠠᠤᠯᠢ ᠴᠠᠭ᠋ᠠᠵᠠ ᠵᠢᠨ ᠲᠢᠩᠬᠢᠮ