ᠲᠡᠷᠢᠭᠦᠨ ᠬᠠᠭᠤᠳᠠᠰᠤ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠣᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠲᠠᠩᠰᠠ ᠵᠢᠨ ᠬᠠᠮᠢᠶᠠᠷᠤᠯᠲᠠ ᠵᠢᠨ ᠠᠷᠭ᠎ᠠ》 ᠵᠢᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2025-06-20

  

  2025 ᠣᠨ᠎ᠤ 5 ᠳ᠋ᠤᠭ᠋ᠠᠷ ᠰᠠᠷ᠎ᠠ ᠵᠢᠨ 13᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠳᠠᠩᠰᠠ ᠵᠢᠨ ᠬᠠᠮᠢᠶᠠᠷᠤᠯᠲᠠ ᠵᠢᠨ ᠠᠷᠭ᠎ᠠ》 (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ   275 ᠳ᠋ᠤᠭ᠋ᠠᠷ ᠲᠣᠭ᠋ᠠᠲᠤ) ᠵᠢ ᠨᠡᠢ᠌ᠲᠡᠯᠡᠵᠦ᠂ 2025 ᠣᠨ᠎ᠤ 7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ 

   ᠨᠢᠭᠡ᠂ ᠲᠣᠭᠲᠠᠭ᠋ᠠᠭᠰᠠᠨ᠎ᠤ ᠴᠢᠬᠤᠯᠠ ᠴᠢᠨᠠᠷ 

   ᠶᠡᠷᠦᠩᠬᠡᠢ ᠱᠦᠵᠢ ᠰᠢ ᠵᠢᠨ ᠫᠢᠩ ᠵᠢᠭ᠋ᠠᠵᠤ ᠭᠠᠷᠭ᠋ᠠᠭᠰᠠᠨ ᠵᠶ᠋ᠡᠷ᠂ ᠵᠠᠰᠠᠭ᠎ᠤᠨ ᠣᠷᠳᠣᠨ᠎ᠤ ᠪᠢᠴᠢᠯ ᠠᠵᠢᠯ ᠶᠠᠪᠤᠳᠠᠯ᠎ᠤᠨ ᠲᠠᠯ᠎ᠠ᠎ᠳᠠᠬᠢ ᠬᠠᠮᠢᠶᠠᠷᠤᠯᠲᠠ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠬᠤ ᠬᠡᠷᠡᠭᠲᠡᠢ᠃ ᠬᠢᠨᠠᠨ ᠵᠥᠪᠰᠢᠶᠡᠷᠡᠬᠦ ᠵᠦᠢ᠍ᠯᠡᠰ᠎ᠢ ᠬᠡᠪ ᠵᠶ᠋ᠡᠷ ᠪᠠᠢ᠌ᠯᠭ᠋ᠠᠬᠤ᠎ᠳᠤ᠎ᠪᠠᠨ᠂ ᠡᠷᠬᠡ ᠵᠢᠨ ᠨᠠᠷᠢᠨ ᠳᠠᠩᠰᠠ ᠵᠢᠨ ᠳᠦᠷᠢᠮ᠎ᠢ ᠬᠡᠷᠡᠭᠵᠢᠭᠦᠯᠦᠨ᠂ ᠬᠢᠨᠠᠨ ᠵᠥᠪᠰᠢᠶᠡᠷᠡᠬᠦ ᠴᠣᠪᠣᠷᠠᠯ᠎ᠢ ᠢᠯᠡ ᠪᠣᠯᠭ᠋ᠠᠵᠤ᠂ ᠬᠢᠨᠠᠨ ᠵᠥᠪᠰᠢᠶᠡᠷᠡᠬᠦ ᠢᠯᠡ ᠲᠣᠳᠣ ᠵᠢᠨ ᠬᠡᠮᠵᠢᠶ᠎ᠡ ᠵᠢ ᠳᠡᠭᠡᠭᠰᠢᠯᠡᠭᠦᠯᠦᠨ᠂ ᠴᠢᠯᠦᠭᠡᠲᠡᠢ ᠲᠠᠰᠤᠯᠤᠯᠲᠠ ᠵᠢᠨ ᠡᠷᠬᠡ ᠵᠢ ᠪᠠᠭ᠋ᠠᠰᠬᠠᠬᠤ ᠬᠡᠷᠡᠭᠲᠡᠢ᠃ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ ᠵᠶ᠋ᠡᠷ᠂ ᠵᠠᠰᠠᠭ᠎ᠤᠨ ᠣᠷᠳᠣᠨ᠎ᠤ ᠪᠠᠢ᠌ᠭᠤᠯᠤᠮᠵᠢ᠂ ᠡᠭᠦᠷᠭᠡ ᠴᠢᠳᠠᠪᠤᠷᠢ᠂ ᠡᠷᠬᠡ ᠵᠢᠨ ᠬᠢᠵᠠᠭ᠋ᠠᠷ᠂ ᠶᠠᠪᠤᠴᠠ᠂ ᠬᠠᠷᠢᠭᠤᠴᠠᠯᠭ᠎ᠠ ᠵᠢ᠎ᠨᠢ ᠬᠠᠤᠯᠢ᠎ᠪᠠᠷ ᠲᠣᠭᠲᠠᠭ᠋ᠠᠬᠤ ᠵᠢ ᠲᠦᠯᠬᠢᠨ ᠠᠬᠢᠭᠤᠯᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠥᠮᠴᠢᠯᠡᠬᠦ ᠵᠢ ᠠᠬᠢᠭᠤᠯᠤᠨ᠂ ᠪᠦᠬᠦ ᠤᠯᠤᠰ᠎ᠢ ᠬᠠᠮᠤᠷᠤᠭᠰᠠᠨ ᠰᠦᠯᠵᠢᠶᠡᠨ ᠳᠡᠭᠡᠷᠡᠬᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠨᠢᠭᠡ ᠴᠣᠭᠴᠠᠵᠢᠭᠤᠯᠤᠭᠰᠠᠨ ᠲᠠᠪᠴᠠᠩ᠎ᠢ ᠲᠡᠭᠦᠯᠳᠡᠷᠵᠢᠭᠦᠯᠦᠨ᠎ᠡ ᠭᠡᠵᠦ ᠳᠤᠷᠠᠳᠪᠠ᠃ ᠥᠪᠡᠷᠲᠡᠭᠡᠨ ᠵᠠᠰᠠᠬᠤ ᠣᠷᠣᠨ᠎ᠠᠴᠠ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠲᠠᠩᠰᠠ ᠵᠢᠨ ᠳᠦᠷᠢᠮ᠎ᠢ ᠪᠠᠷᠢᠮᠲᠠᠯᠠᠨ ᠲᠤᠭᠤᠰᠢᠯᠠᠭᠤᠯᠤᠨ ᠬᠡᠷᠡᠭᠵᠢᠭᠦᠯᠵᠦ᠂ ᠨᠠᠷᠢᠨ ᠲᠠᠩᠰᠠ ᠵᠢᠨ ᠬᠡᠷᠡᠭᠯᠡᠯᠲᠡ ᠵᠢ ᠲᠠᠰᠤᠷᠠᠯᠲᠠ ᠦᠭᠡᠢ ᠴᠢᠩᠭ᠋ᠠᠷᠠᠭᠤᠯᠤᠨ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠴᠢᠳᠠᠪᠤᠷᠢ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ᠂ ᠠᠵᠢᠯ ᠶᠠᠪᠤᠳᠠᠯ᠎ᠤᠨ ᠳᠤᠮᠳᠠᠬᠢ ᠪᠠ ᠠᠵᠢᠯ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ ᠵᠢᠷᠤᠮᠵᠢᠭᠤᠯᠬᠤ ᠵᠡᠷᠭᠡ ᠲᠠᠯ᠎ᠠ᠎ᠪᠠᠷ ᠴᠢᠬᠤᠯᠠ ᠦᠢ᠍ᠯᠡᠳᠦᠯ ᠪᠠᠳᠠᠷᠠᠭᠤᠯᠪᠠ᠃ 

   ᠵᠣᠬᠢᠬᠤ ᠦᠷ᠎ᠡ ᠪᠦᠲᠦᠮᠵᠢ ᠣᠯᠣᠭᠰᠠᠨ ᠪᠣᠯᠪᠠᠴᠤ ᠪᠠᠰᠠ ᠡᠳᠦᠢ ᠲᠡᠳᠦᠢ ᠠᠰᠠᠭᠤᠳᠠᠯ ᠣᠷᠣᠰᠢᠵᠤ ᠪᠠᠢ᠌ᠨ᠎ᠠ᠄ 

   ᠨᠢᠭᠡ᠎ᠳᠤ ᠨᠠᠷᠢᠨ ᠳᠠᠩᠰᠠ ᠵᠢᠨ ᠬᠠᠮᠢᠶᠠᠷᠤᠯᠲᠠ ᠵᠢᠨ ᠲᠣᠭᠲᠠᠴᠠ ᠪᠦᠷᠢᠨ ᠲᠡᠭᠦᠯᠳᠡᠷ ᠪᠤᠰᠤ᠂ ᠴᠠᠭ ᠲᠤᠬᠠᠢ᠎ᠳᠤ᠎ᠨᠢ ᠬᠥᠳᠡᠯᠦᠩᠭᠦᠢ᠎ᠪᠠᠷ ᠲᠣᠬᠢᠷᠠᠭᠤᠯᠤᠯᠲᠠ ᠬᠢᠭᠰᠡᠨ ᠦᠭᠡᠢ 

   ᠬᠣᠶᠠᠷ᠎ᠲᠤ ᠵᠠᠰᠠᠭ ᠵᠠᠬᠢᠷᠭ᠋ᠠᠨ᠎ᠤ ᠡᠷᠬᠡ ᠵᠢ ᠬᠡᠷᠡᠭᠵᠢᠭᠦᠯᠬᠦ ᠪᠠᠢ᠌ᠭᠤᠯᠭ᠎ᠠ ᠵᠢᠨ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠪᠦᠷᠢᠨ ᠭᠦᠢ᠍ᠴᠡᠳᠬᠡᠭᠰᠡᠨ ᠦᠭᠡᠢ᠂ 《ᠨᠠᠷᠢᠨ ᠳᠠᠩᠰᠠ ᠵᠢ ᠦᠨᠳᠦᠰᠦᠯᠡᠨ ᠬᠠᠷᠢᠭᠤᠴᠠᠯᠭ᠎ᠠ᠎ᠪᠠᠨ ᠭᠦᠢ᠍ᠴᠡᠳᠬᠡᠬᠦ》 ᠴᠢᠳᠠᠪᠤᠷᠢ᠎ᠨᠢ ᠬᠦᠷᠦᠯᠴᠡᠬᠦ ᠦᠭᠡᠢ ᠪᠠᠢ᠌ᠨ᠎ᠠ

   ᠭᠤᠷᠪᠠ᠎ᠳᠤ ᠨᠠᠷᠢᠨ ᠳᠠᠩᠰᠠ ᠵᠢ ᠨᠠᠢ᠌ᠷᠠᠭᠤᠯᠤᠨ ᠵᠣᠬᠢᠶᠠᠬᠤ ᠠᠵᠢᠯ᠎ᠢ ᠵᠣᠬᠢᠴᠠᠭᠤᠯᠬᠤ᠎ᠳᠤ ᠬᠦᠴᠢᠷᠳᠡᠯ ᠶᠡᠬᠡ ᠪᠠᠢ᠌ᠵᠤ᠂ ᠬᠠᠤᠯᠢ᠎ᠪᠠᠷ ᠵᠠᠰᠠᠬᠤ ᠲᠤᠯᠭ᠋ᠠᠭᠤᠷᠢᠯᠠᠯ ᠳᠤᠲᠠᠮᠠᠭ ᠪᠠᠢ᠌ᠨ᠎ᠠ 

   ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠵᠠᠰᠠᠭ ᠵᠠᠬᠢᠷᠭ᠋ᠠᠨ᠎ᠤ ᠡᠷᠬᠡ ᠵᠢᠨ ᠠᠵᠢᠯᠯᠠᠭ᠋ᠠᠨ᠎ᠢ ᠵᠢᠷᠤᠮᠵᠢᠭᠤᠯᠤᠨ ᠰᠢᠯᠢᠳᠡᠭᠵᠢᠭᠦᠯᠵᠦ᠂ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠳᠠᠩᠰᠠ ᠵᠢᠨ ᠬᠠᠤᠯᠢ ᠶᠣᠰᠣᠭ᠋ᠠᠷ ᠵᠠᠰᠠᠭ ᠶᠠᠪᠤᠭᠤᠯᠬᠤ ᠪᠠ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ ᠵᠢᠨ ᠬᠤᠪᠢᠷᠠᠯᠲᠠ ᠵᠢ ᠠᠬᠢᠭᠤᠯᠬᠤ ᠳᠤᠮᠳᠠᠬᠢ ᠰᠠᠭᠤᠷᠢ ᠴᠢᠨᠠᠷᠲᠠᠢ ᠦᠢ᠍ᠯᠡᠳᠦᠯ᠎ᠢ ᠨᠠᠩ ᠰᠠᠢ᠌ᠨ ᠪᠠᠳᠠᠷᠠᠭᠤᠯᠬᠤ ᠵᠢᠨ ᠲᠤᠰᠠᠳᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠳᠠᠩᠰᠠ ᠵᠢᠨ ᠬᠠᠮᠢᠶᠠᠷᠤᠯᠲᠠ ᠵᠢᠨ ᠠᠷᠭ᠎ᠠ》 (ᠳᠣᠷᠣᠭᠰᠢ 《ᠠᠷᠭ᠎ᠠ》 ᠭᠡᠵᠦ ᠲᠣᠪᠴᠢᠯᠠᠨ᠎ᠠ) ᠵᠢ ᠲᠣᠭᠲᠠᠭ᠋ᠠᠬᠤ ᠴᠢᠬᠤᠯᠠᠲᠠᠢ ᠪᠠᠢ᠌ᠨ᠎ᠠ᠃ 

   ᠬᠣᠶᠠᠷ᠂ ᠨᠡᠢ᠌ᠲᠡᠯᠡᠨ ᠬᠡᠷᠡᠭᠵᠢᠭᠦᠯᠬᠦ ᠵᠢᠨ ᠠᠴᠢ ᠬᠣᠯᠪᠣᠭᠳᠠᠯ 

  (ᠨᠢᠭᠡ) ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠳᠠᠩᠰᠠ ᠵᠢᠨ ᠬᠠᠮᠢᠶᠠᠷᠤᠯᠲᠠ ᠵᠢᠨ ᠲᠣᠭᠲᠠᠴᠠ ᠵᠢ ᠪᠦᠷᠢᠨᠰᠢᠭᠦᠯᠪᠡ᠃ 

  《ᠠᠷᠭ᠎ᠠ》᠎ᠳᠤ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠲᠣᠰ ᠱᠠᠲᠤᠨ᠎ᠤ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠳᠠᠩᠰᠠ ᠵᠢᠨ ᠬᠠᠮᠢᠶᠠᠷᠤᠯᠲᠠ ᠵᠢᠨ ᠠᠵᠢᠯ᠎ᠤᠨ ᠲᠠᠯ᠎ᠠ᠎ᠳᠠᠬᠢ ᠤᠳᠤᠷᠢᠳᠤᠯᠭ᠎ᠠ᠎ᠪᠠᠨ ᠴᠢᠩᠭ᠋ᠠᠳᠬᠠᠬᠤ ᠬᠡᠷᠡᠭᠲᠡᠢ; ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠢᠭ᠋ᠠᠨ ᠲᠣᠭᠲᠠᠭ᠋ᠠᠭᠰᠠᠨ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠳᠠᠩᠰᠠ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠳᠠᠩᠰᠠ ᠵᠢ ᠨᠠᠢ᠌ᠷᠠᠭᠤᠯᠤᠨ ᠵᠣᠬᠢᠶᠠᠬᠤ᠂ ᠲᠣᠬᠢᠷᠠᠭᠤᠯᠬᠤ᠂ ᠨᠡᠢ᠌ᠲᠡᠯᠡᠬᠦ ᠪᠠ ᠬᠡᠷᠡᠭᠵᠢᠭᠦᠯᠬᠦ ᠠᠵᠢᠯ᠎ᠢ ᠵᠣᠬᠢᠶᠠᠨ ᠪᠠᠢ᠌ᠭᠤᠯᠵᠤ᠂ ᠬᠠᠮᠢᠶᠠᠷᠴᠤ᠂ ᠵᠢᠯᠤᠭᠣᠳᠬᠤ ᠪᠠ ᠬᠢᠨᠠᠯᠲᠠ ᠲᠠᠯᠪᠢᠬᠤ ᠵᠢ ᠬᠠᠷᠢᠭᠤᠴᠠᠨ᠎ᠠ; 

   ᠵᠠᠰᠠᠭ ᠵᠠᠬᠢᠷᠭ᠋ᠠᠨ᠎ᠤ ᠡᠷᠬᠡ ᠵᠢ ᠬᠡᠷᠡᠭᠵᠢᠭᠦᠯᠬᠦ ᠪᠠᠢ᠌ᠭᠤᠯᠭ᠎ᠠ᠎ᠨᠢ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠳᠠᠩᠰᠠ ᠵᠢᠨ

   ᠨᠠᠢ᠌ᠷᠠᠭᠤᠯᠤᠨ ᠵᠣᠬᠢᠶᠠᠬᠤ ᠭᠣᠣᠯ ᠴᠣᠭᠴᠠ    ᠬᠡᠷᠡᠭᠵᠢᠭᠦᠯᠬᠦ ᠭᠣᠣᠯ ᠴᠣᠭᠴᠠ    ᠬᠠᠷᠢᠭᠤᠴᠠᠯᠭ᠎ᠠ ᠵᠢᠨ ᠭᠣᠣᠯ ᠴᠣᠭᠴᠠ   

   ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠵᠠᠰᠠᠭ ᠵᠠᠬᠢᠷᠭ᠋ᠠᠨ᠎ᠤ ᠡᠷᠬᠡ ᠵᠢ ᠬᠡᠷᠡᠭᠵᠢᠭᠦᠯᠬᠦ ᠪᠠᠢ᠌ᠭᠤᠯᠭ᠎ᠠ᠎ᠨᠢ ᠲᠣᠰ ᠠᠵᠢᠯ ᠲᠥᠷᠥᠯ᠂ ᠲᠣᠰ ᠰᠢᠰᠲ᠋ᠧᠮ᠎ᠤᠨ ᠵᠶ᠋ᠠᠨ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠳᠠᠩᠰᠠ ᠵᠢᠨ ᠪᠠᠷᠢᠮᠵᠢᠶᠠᠵᠢᠭᠤᠯᠬᠤ ᠠᠵᠢᠯ᠎ᠢ ᠬᠠᠷᠢᠭᠤᠴᠠᠨ᠎ᠠ᠃ 

  (ᠬᠣᠶᠠᠷ) ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠳᠠᠩᠰᠠ ᠵᠢ ᠨᠠᠢ᠌ᠷᠠᠭᠤᠯᠤᠨ ᠵᠣᠬᠢᠶᠠᠬᠤ ᠪᠠ ᠲᠣᠬᠢᠷᠠᠭᠤᠯᠬᠤ ᠳᠦᠷᠢᠮᠯᠡᠯ᠎ᠢ ᠲᠣᠭᠲᠠᠭ᠋ᠠᠪᠠ᠃ 

  《ᠠᠷᠭ᠎ᠠ》᠎ᠳᠤ᠂ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠲᠠᠩᠰᠠ ᠵᠢ ᠨᠠᠢ᠌ᠷᠠᠭᠤᠯᠤᠨ ᠵᠣᠬᠢᠶᠠᠬᠤ᠎ᠳᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ ᠵᠶ᠋ᠠᠷ ᠦᠨᠳᠦᠰᠦᠯᠡᠯ ᠪᠣᠯᠭ᠋ᠠᠵᠤ᠂ ᠤᠯᠤᠰ᠎ᠤᠨ ᠬᠠᠮᠢᠶ᠎ᠠ ᠪᠦᠬᠦᠢ ᠨᠠᠷᠢᠨ ᠲᠠᠩᠰᠠ ᠪᠠ ᠭᠠᠷᠴᠠᠭ᠎ᠯᠤᠭ᠎ᠠ ᠰᠠᠢ᠌ᠲᠤᠷ ᠵᠣᠯᠭ᠋ᠠᠭᠤᠯᠬᠤ ᠬᠡᠷᠡᠭᠲᠡᠢ; ᠡᠭᠦᠨ᠎ᠤ ᠬᠠᠮᠲᠤ᠂ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠲᠠᠩᠰᠠ᠎ᠳᠤ ᠲᠣᠬᠢᠷᠠᠭᠤᠯᠤᠯᠲᠠ ᠬᠢᠬᠦ ᠪᠣᠳᠠᠲᠠᠢ ᠪᠠᠢ᠌ᠳᠠᠯ᠎ᠢ ᠨᠠᠷᠢᠯᠢᠭᠵᠢᠭᠤᠯᠵᠤ᠂ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠲᠠᠩᠰᠠ᠎ᠳᠤ ᠲᠥᠪᠯᠡᠷᠡᠭᠦᠯᠦᠨ ᠲᠣᠬᠢᠷᠠᠭᠤᠯᠤᠯᠲᠠ ᠬᠢᠬᠦ ᠪᠠ ᠣᠨᠴᠠ ᠵᠠᠷᠢᠮ ᠲᠣᠬᠢᠷᠠᠭᠤᠯᠤᠯᠲᠠ ᠬᠢᠬᠦ᠎ᠳᠤ ᠵᠢᠷᠤᠮ᠎ᠤᠨ ᠴᠢᠨᠠᠷᠲᠠᠢ ᠲᠣᠭᠲᠠᠭ᠋ᠠᠯ ᠭᠠᠷᠭ᠋ᠠᠪᠠ᠃ 

  (ᠭᠤᠷᠪᠠ) ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠳᠠᠩᠰᠠ ᠵᠢ ᠨᠡᠢ᠌ᠲᠡᠯᠡᠬᠦ ᠪᠠ ᠬᠡᠷᠡᠭᠵᠢᠭᠦᠯᠬᠦ ᠱᠠᠭ᠋ᠠᠷᠳᠠᠯᠭ᠎ᠠ ᠵᠢ ᠲᠣᠳᠣᠷᠬᠠᠢ᠌ᠯᠠᠪᠠ᠃ 

  《ᠠᠷᠭ᠎ᠠ》᠎ᠳᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠠᠰᠲᠠᠭ᠋ᠠᠨ ᠲᠣᠭᠲᠠᠭ᠋ᠠᠯ᠎ᠲᠠᠢ ᠪᠤᠶᠤ ᠤᠯᠤᠰ᠎ᠤᠨ ᠨᠢᠭᠤᠴᠠ᠎ᠳᠤ ᠬᠣᠯᠪᠣᠭᠳᠠᠬᠤ ᠵᠢ ᠭᠠᠷᠭ᠋ᠠᠪᠠᠯ᠂ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠳᠠᠩᠰᠠ ᠵᠢ ᠵᠠᠰᠠᠭ᠎ᠤᠨ ᠣᠷᠳᠣᠨ᠎ᠤ ᠫᠤᠷᠲᠸᠯ ᠰᠦᠯᠵᠢᠶ᠎ᠡ᠂ ᠰᠠᠯᠠᠭ᠎ᠠ ᠮᠥᠴᠢᠷ᠎ᠤᠨ ᠰᠦᠯᠵᠢᠶ᠎ᠡ᠂ ᠶᠡᠷᠦᠩᠬᠡᠢ᠌ᠯᠡᠭᠰᠡᠨ ᠴᠢᠨᠠᠷᠲᠠᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠯᠠᠪᠤᠷ ᠭᠠᠵᠠᠷ ᠵᠡᠷᠭᠡ ᠠᠴᠢᠶᠠᠯᠠᠪᠤᠷᠢ ᠪᠠ ᠠᠷᠭ᠎ᠠ ᠵᠠᠮ ᠵᠶ᠋ᠠᠷ ᠨᠡᠢ᠌ᠲᠡᠯᠡᠬᠦ ᠬᠡᠷᠡᠭᠲᠡᠢ; ᠵᠠᠰᠠᠭ ᠵᠠᠬᠢᠷᠭ᠋ᠠᠨ᠎ᠤ ᠡᠷᠬᠡ ᠵᠢ ᠬᠡᠷᠡᠭᠵᠢᠭᠦᠯᠬᠦ ᠪᠠᠢ᠌ᠭᠤᠯᠭ᠎ᠠ᠎ᠨᠢ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠳᠠᠩᠰᠠ ᠵᠢ ᠪᠣᠳᠠᠲᠠᠢ ᠠᠵᠢᠯ᠎ᠤᠨ ᠳᠤᠮᠳᠠ᠎ᠪᠠᠨ ᠨᠠᠢ᠌ᠳᠠᠪᠤᠷᠢᠵᠢᠭᠤᠯᠵᠤ᠂ ᠵᠠᠰᠠᠭ ᠵᠠᠬᠢᠷᠭ᠋ᠠᠨ᠎ᠤ ᠡᠷᠬᠡ᠎ᠯᠦᠭᠡ ᠵᠣᠬᠢᠴᠠᠯᠳᠤᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ ᠪᠠ ᠬᠢᠨᠠᠯᠲᠠ ᠬᠠᠮᠢᠶᠠᠷᠤᠯᠲᠠ ᠵᠢᠨ ᠵᠦᠢ᠍ᠯᠡᠰ᠎ᠢ ᠪᠥᠬᠥ ᠣᠷᠣᠨ᠎ᠤ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠂ ᠥᠪᠥᠷ ᠮᠣᠩᠭᠣᠯ᠎ᠤᠨ 《ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ》 ᠰᠢᠰᠲ᠋ᠧᠮ ᠵᠢᠴᠢ ᠶᠡᠷᠦᠩᠬᠡᠢ᠌ᠯᠡᠭᠰᠡᠨ ᠴᠢᠨᠠᠷᠲᠠᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠯᠠᠪᠤᠷ ᠭᠠᠵᠠᠷ ᠵᠡᠷᠭᠡ᠎ᠳᠤ ᠬᠡᠷᠡᠭᠯᠡᠵᠦ᠂ ᠠᠵᠤ ᠠᠬᠤᠢ᠌ᠯᠠᠯ ᠪᠠ ᠣᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠬᠡᠬᠦ᠎ᠳᠤ ᠲᠥᠬᠥᠮ ᠦᠵᠡᠭᠦᠯᠬᠦ ᠬᠡᠷᠡᠭᠲᠡᠢ ᠭᠡᠵᠦ ᠲᠣᠳᠣᠷᠬᠠᠢ ᠲᠣᠭᠲᠠᠭ᠋ᠠᠪᠠ᠃ 

  (ᠳᠥᠷᠪᠡ) ᠵᠠᠰᠠᠭ ᠵᠠᠬᠢᠷᠭ᠋ᠠᠨ᠎ᠤ ᠡᠷᠬᠡ ᠵᠢ ᠳᠣᠷᠣᠭᠰᠢ ᠪᠠᠭᠤᠯᠭ᠋ᠠᠬᠤ ᠲᠠᠯ᠎ᠠ᠎ᠪᠠᠷ᠎ᠬᠢ ᠦᠨᠡᠯᠡᠨ ᠵᠢᠱ᠌ᠢᠬᠦ ᠲᠣᠭᠲᠠᠴᠠ ᠵᠢ ᠪᠠᠢ᠌ᠭᠤᠯᠪᠠ᠃ 

  《ᠠᠷᠭ᠎ᠠ》᠎ᠳᠤ ᠲᠣᠭᠲᠠᠭ᠋ᠠᠭᠰᠠᠨ ᠵᠶ᠋ᠠᠷ᠂ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠲᠠᠩᠰᠠ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠲᠠᠩᠰᠠ᠎ᠳᠤ ᠲᠥᠪᠯᠡᠷᠡᠭᠦᠯᠦᠨ ᠲᠣᠬᠢᠷᠠᠭᠤᠯᠤᠯᠲᠠ ᠬᠢᠬᠦ᠎ᠠᠴᠠ ᠡᠮᠦᠨ᠎ᠡ᠂ ᠲᠣᠰ ᠱᠠᠲᠤᠨ᠎ᠤ᠎ᠪᠠᠨ ᠨᠢᠭᠡᠨᠲᠡ ᠳᠣᠷᠣᠭᠰᠢ ᠪᠠᠭᠤᠯᠭ᠋ᠠᠭᠰᠠᠨ ᠵᠠᠰᠠᠭ ᠵᠠᠬᠢᠷᠭ᠋ᠠᠨ᠎ᠤ ᠡᠷᠬᠡ ᠵᠢ ᠦᠨᠡᠯᠡᠨ ᠵᠢᠱ᠌ᠢᠬᠦ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠦᠨᠡᠯᠡᠨ ᠵᠢᠱ᠌ᠢᠯᠲᠡ᠎ᠪᠠᠷ ᠳᠡᠮᠵᠢᠨ ᠦᠨᠡᠬᠡᠷ ᠡᠭᠡᠭᠦᠯᠦᠨ ᠬᠤᠷᠢᠶᠠᠬᠤ ᠴᠢᠬᠤᠯᠠᠲᠠᠢ ᠵᠢ᠎ᠨᠢ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠳᠠᠩᠰᠠ᠎ᠳᠤ ᠲᠥᠪᠯᠡᠷᠡᠭᠦᠯᠦᠨ ᠲᠣᠬᠢᠷᠠᠭᠤᠯᠤᠯᠲᠠ ᠬᠢᠬᠦ ᠦᠶ᠎ᠡ᠎ᠳᠤ ᠬᠠᠮᠲᠤ᠎ᠳᠤ᠎ᠨᠢ ᠡᠭᠡᠭᠦᠯᠦᠨ ᠬᠤᠷᠢᠶᠠᠬᠤ ᠬᠡᠷᠡᠭᠲᠡᠢ; 

   ᠵᠠᠰᠠᠭ ᠵᠠᠬᠢᠷᠭ᠋ᠠᠨ᠎ᠤ ᠡᠷᠬᠡ ᠵᠢ ᠬᠡᠷᠡᠭᠵᠢᠭᠦᠯᠬᠦ ᠪᠠᠢ᠌ᠭᠤᠯᠭ᠎ᠠ᠎ᠨᠢ ᠵᠠᠰᠠᠭ ᠵᠠᠬᠢᠷᠭ᠋ᠠᠨ᠎ᠤ ᠡᠷᠬᠡ ᠵᠢ ᠳᠣᠷᠣᠭᠰᠢ ᠪᠠᠭᠤᠯᠭ᠋ᠠᠬᠤ ᠡᠳᠦᠷ ᠳᠣᠲᠣᠮ᠎ᠤᠨ ᠦᠨᠡᠯᠡᠨ ᠵᠢᠱ᠌ᠢᠯᠲᠡ᠎ᠳᠤ᠂ ᠦᠨᠡᠨ ᠬᠦ᠌ ᠡᠭᠡᠭᠦᠯᠦᠨ ᠬᠤᠷᠢᠶᠠᠬᠤ ᠴᠢᠬᠤᠯᠠᠲᠠᠢ ᠭᠡᠵᠦ ᠦᠵᠡᠭᠰᠡᠨ ᠵᠠᠰᠠᠭ ᠵᠠᠬᠢᠷᠭ᠋ᠠᠨ᠎ᠤ ᠡᠷᠬᠡ ᠵᠢ᠎ᠨᠢ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠳᠠᠩᠰᠠ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ ᠵᠶ᠋ᠡᠷ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠴᠠᠭ ᠲᠤᠬᠠᠢ᠎ᠳᠤ᠎ᠨᠢ ᠲᠣᠰ ᠱᠠᠲᠤᠨ᠎ᠤ᠎ᠪᠠᠨ ᠠᠷᠠᠳ᠎ᠤᠨ ᠵᠠᠰᠠᠭ᠎ᠤᠨ ᠣᠷᠳᠣᠨ᠎ᠳᠤ ᠳᠡᠪᠰᠢᠭᠦᠯᠵᠦ ᠬᠢᠨᠠᠨ ᠲᠣᠭᠲᠠᠭ᠋ᠠᠯᠭ᠋ᠠᠬᠤ ᠬᠡᠷᠡᠭᠲᠡᠢ᠃ 

   ᠡᠭᠦᠨ᠎ᠤ ᠬᠠᠮᠲᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠷᠣᠭᠰᠢ ᠪᠠᠭᠤᠯᠭ᠋ᠠᠭᠰᠠᠨ ᠵᠠᠰᠠᠭ ᠵᠠᠬᠢᠷᠭ᠋ᠠᠨ᠎ᠤ ᠡᠷᠬᠡ ᠵᠢᠨ ᠵᠦᠢ᠍ᠯᠡᠰ᠎ᠢ ᠦᠨᠡᠯᠡᠨ ᠵᠢᠱ᠌ᠢᠬᠦ ᠠᠷᠭ᠎ᠠ》 ᠵᠢ ᠢᠵᠢ ᠪᠦᠷᠢᠳᠦᠭᠦᠯᠦᠨ ᠲᠣᠭᠲᠠᠭ᠋ᠠᠵᠤ᠂ ᠦᠨᠡᠯᠡᠨ ᠵᠢᠱ᠌ᠢᠬᠦ ᠭᠣᠣᠯ ᠴᠣᠭᠴᠠ᠂ ᠬᠡᠪᠴᠢᠶ᠎ᠡ᠂ ᠠᠭᠤᠯᠭ᠎ᠠ᠂ ᠶᠠᠪᠤᠴᠠ ᠵᠢᠴᠢ ᠦᠷ᠎ᠡ ᠳ᠋ᠦᠩ᠎ᠤᠨ ᠬᠡᠷᠡᠭᠯᠡᠯᠲᠡ ᠵᠡᠷᠭᠡ ᠵᠢ ᠨᠠᠷᠢᠯᠢᠭᠵᠢᠭᠤᠯᠪᠠ᠃ 

   ᠭᠤᠷᠪᠠ᠂ ᠦᠨᠳᠦᠰᠦᠨ ᠪᠣᠷᠣ ᠲᠥᠯᠥᠪ ᠪᠠ ᠭᠣᠣᠯ ᠠᠭᠤᠯᠭ᠎ᠠ 

  《ᠠᠷᠭ᠎ᠠ》 ᠵᠢ ᠨᠡᠶ᠋ᠢᠲᠡ ᠲᠠᠪᠤᠨ ᠪᠦᠯᠦᠭ ᠬᠣᠷᠢᠨ ᠲᠤᠯᠤᠭ᠋ᠠᠨ ᠵᠦᠢ᠍ᠯ ᠬᠤᠪᠢᠶᠠᠵᠤ᠂ ᠪᠥᠬᠥ ᠣᠷᠣᠨ᠎ᠤ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠳᠠᠩᠰᠠ ᠵᠢᠨ ᠬᠠᠮᠢᠶᠠᠷᠤᠯᠲᠠ ᠵᠢᠨ ᠶᠡᠷᠦᠩᠬᠡᠢ ᠱᠠᠭ᠋ᠠᠷᠳᠠᠯᠭ᠎ᠠ᠂ ᠨᠠᠢ᠌ᠷᠠᠭᠤᠯᠤᠨ ᠵᠣᠬᠢᠶᠠᠬᠤ ᠪᠠ ᠲᠣᠬᠢᠷᠠᠭᠤᠯᠬᠤ᠂ ᠨᠡᠢ᠌ᠲᠡᠯᠡᠬᠦ ᠪᠠ ᠬᠡᠷᠡᠭᠵᠢᠭᠦᠯᠬᠦ᠂ ᠬᠠᠤᠯᠢ ᠵᠢᠨ ᠬᠠᠷᠢᠭᠤᠴᠠᠯᠭ᠎ᠠ ᠵᠡᠷᠭᠡ ᠠᠭᠤᠯᠭ᠎ᠠ᠎ᠳᠤ ᠲᠣᠳᠣᠷᠬᠠᠢ ᠲᠣᠭᠲᠠᠭ᠋ᠠᠯ ᠭᠠᠷᠭ᠋ᠠᠪᠠ᠂ ᠪᠣᠳᠠᠲᠠᠢ᠎ᠪᠠᠷ ᠬᠡᠯᠡᠪᠡᠯ ᠳᠣᠣᠷᠠᠬᠢ ᠮᠡᠲᠦ᠄ 

   ᠨᠢᠭᠡᠳᠦᠭᠡᠷ ᠪᠦᠯᠦᠭ᠎ᠲᠤ ᠶᠡᠷᠦᠩᠬᠡᠢ ᠳᠦᠷᠢᠮ᠎ᠨᠢ ᠨᠠᠢ᠍ᠢ᠍ᠳᠠ ᠨᠠᠢ᠍ᠮᠠᠨ ᠵᠦᠢ᠍ᠯ ᠪᠤᠢ

  《ᠠᠷᠭ᠎ᠠ》 ᠵᠢ ᠲᠣᠭᠲᠠᠭ᠋ᠠᠭᠰᠠᠨ ᠵᠣᠷᠢᠯᠭ᠎ᠠ᠂ ᠬᠡᠷᠡᠭᠯᠡᠭᠳᠡᠬᠦ ᠬᠡᠪᠴᠢᠶ᠎ᠡ᠂ ᠬᠣᠯᠪᠣᠭᠳᠠᠯ ᠪᠦᠬᠦᠢ ᠤᠬᠠᠭᠳᠠᠬᠤᠨ ᠵᠢᠴᠢ ᠦᠨᠳᠦᠰᠦᠨ ᠵᠠᠷᠴᠢᠮ᠎ᠢ ᠲᠣᠭᠲᠠᠭ᠋ᠠᠵᠤ᠂ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠳᠠᠩᠰᠠ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠵᠠᠰᠠᠭ ᠵᠠᠬᠢᠷᠭ᠋ᠠᠨ᠎ᠤ ᠡᠷᠬᠡ ᠵᠢ ᠬᠡᠷᠡᠭᠵᠢᠭᠦᠯᠬᠦ ᠪᠠᠢ᠌ᠭᠤᠯᠭ᠎ᠠ ᠵᠡᠷᠭᠡ ᠡᠯ᠎ᠡ ᠲᠠᠯ᠎ᠠ ᠵᠢᠨ᠎ᠬᠢᠨ᠎ᠤ ᠭᠣᠣᠯ ᠪᠣᠯᠬᠤ ᠲᠤᠰᠢᠶᠠᠯ ᠬᠠᠷᠢᠭᠤᠴᠠᠯᠭ᠎ᠠ ᠵᠢ᠎ᠨᠢ ᠲᠣᠳᠣᠷᠬᠠᠢ᠌ᠯᠠᠪᠠ᠃ 

   ᠬᠣᠶᠠᠳᠤᠭ᠋ᠠᠷ ᠪᠦᠯᠦᠭ᠎ᠲᠤ ᠨᠠᠢ᠌ᠷᠠᠭᠤᠯᠤᠨ ᠵᠣᠬᠢᠶᠠᠬᠤ ᠪᠠ ᠲᠣᠬᠢᠷᠠᠭᠤᠯᠬᠤ ᠲᠠᠯ᠎ᠠ᠎ᠪᠠᠷ ᠨᠡᠢ᠌ᠲᠡ ᠳᠣᠯᠣᠭ᠋ᠠᠨ ᠵᠦᠢ᠍ᠯ ᠪᠤᠢ 

   ᠭᠣᠣᠯᠳᠠᠭᠤ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠳᠠᠩᠰᠠ ᠵᠢ ᠨᠠᠢ᠌ᠷᠠᠭᠤᠯᠤᠨ ᠵᠣᠬᠢᠶᠠᠭᠰᠠᠨ ᠦᠨᠳᠦᠰᠦᠯᠡᠯ᠂ ᠲᠣᠬᠢᠷᠠᠭᠤᠯᠬᠤ ᠪᠠᠢ᠌ᠳᠠᠯ᠂ ᠲᠥᠪᠯᠡᠷᠡᠭᠦᠯᠦᠨ ᠲᠣᠬᠢᠷᠠᠭᠤᠯᠬᠤ ᠪᠠ ᠣᠨᠴᠠ ᠵᠠᠷᠢᠮ ᠵᠦᠢ᠍ᠯ᠎ᠤᠨ ᠲᠣᠬᠢᠷᠠᠭᠤᠯᠬᠤ ᠶᠠᠪᠤᠴᠠ᠂ ᠵᠠᠰᠠᠭ ᠵᠠᠬᠢᠷᠭ᠋ᠠᠨ᠎ᠤ ᠡᠷᠬᠡ ᠵᠢ ᠳᠣᠷᠣᠭᠰᠢ ᠪᠠᠭᠤᠯᠭ᠋ᠠᠭᠰᠠᠨ᠎ᠢ᠎ᠨᠢ ᠦᠨᠡᠯᠡᠨ ᠵᠢᠱ᠌ᠢᠬᠦ ᠠᠷᠭ᠎ᠠ ᠮᠠᠶᠢᠭ᠂ ᠴᠢᠬᠤᠯᠠ ᠵᠦᠢ᠍ᠯᠡᠰ᠎ᠤᠨ ᠮᠠᠲ᠋ᠧᠷᠢᠶᠠᠯ ᠵᠡᠷᠭᠡ ᠠᠭᠤᠯᠭ᠎ᠠ ᠵᠢ ᠲᠣᠭᠲᠠᠭ᠋ᠠᠵᠠᠢ᠃ 

   ᠭᠤᠷᠪᠠᠳᠤᠭ᠋ᠠᠷ ᠪᠦᠯᠦᠭ᠎ᠲᠤ ᠨᠡᠢ᠌ᠲᠡᠯᠡᠬᠦ ᠪᠠ ᠬᠡᠷᠡᠭᠵᠢᠭᠦᠯᠬᠦ ᠲᠠᠯ᠎ᠠ᠎ᠪᠠᠷ ᠨᠡᠢ᠍ᠢ᠍ᠳᠡ ᠲᠤᠯᠤᠭ᠋ᠠᠨ ᠵᠦᠢ᠍ᠯ ᠪᠤᠢ 

   ᠭᠣᠣᠯᠳᠠᠭᠤ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠳᠠᠩᠰᠠ ᠵᠢ ᠨᠡᠢ᠌ᠲᠡᠯᠡᠬᠦ ᠠᠷᠭ᠎ᠠ ᠮᠠᠶᠢᠭ᠂ ᠬᠡᠷᠡᠭᠵᠢᠭᠦᠯᠬᠦ ᠠᠷᠭ᠎ᠠ ᠮᠠᠶᠢᠭ᠂ ᠮᠠᠷᠭᠤᠯᠳᠤᠭ᠋ᠠᠨ᠎ᠢ ᠰᠢᠢ᠍ᠳᠪᠦᠷᠢᠯᠡᠬᠦ ᠠᠷᠭ᠎ᠠ ᠮᠠᠶᠢᠭ᠂ ᠬᠢᠨᠠᠯᠲᠠ ᠲᠠᠯᠪᠢᠬᠤ ᠠᠷᠭ᠎ᠠ ᠮᠠᠶᠢᠭ ᠵᠢᠴᠢ ᠵᠠᠰᠠᠭ ᠵᠠᠬᠢᠷᠭ᠋ᠠᠨ᠎ᠤ ᠡᠷᠬᠡ ᠵᠢ ᠬᠡᠷᠡᠭᠵᠢᠭᠦᠯᠬᠦ ᠪᠠᠢ᠌ᠭᠤᠯᠭ᠎ᠠ ᠵᠢᠨ ᠬᠣᠷᠢᠭ᠋ᠠᠲᠠᠢ ᠦᠢ᠍ᠯᠡ ᠠᠵᠢᠯᠯᠠᠭ᠎ᠠ ᠵᠢ ᠲᠣᠭᠲᠠᠭ᠋ᠠᠵᠠᠢ᠃ 

   ᠳᠥᠷᠪᠡᠳᠦᠭᠡᠷ ᠪᠦᠯᠦᠭ᠂ ᠲᠠᠪᠤᠳᠤᠭ᠋ᠠᠷ ᠪᠦᠯᠦᠭ᠎ᠲᠤ ᠬᠠᠤᠯᠢ ᠵᠢᠨ ᠬᠠᠷᠢᠭᠤᠴᠠᠯᠭ᠎ᠠ ᠪᠠ ᠳᠠᠭ᠋ᠠᠯᠳᠤᠭᠤᠯᠤᠯ ᠳᠦᠷᠢᠮ ᠨᠡᠢ᠍ᠢ᠍ᠳᠡ ᠲᠠᠪᠤᠨ ᠵᠦᠢ᠍ᠯ ᠪᠤᠢ

   ᠭᠣᠣᠯᠳᠠᠭᠤ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠳᠠᠩᠰᠠ ᠵᠢᠨ ᠬᠠᠮᠢᠶᠠᠷᠤᠯᠲᠠ ᠵᠢᠨ ᠠᠵᠢᠯ᠎ᠤᠨ ᠱᠠᠭ᠋ᠠᠷᠳᠠᠯᠭ᠎ᠠ ᠵᠢ ᠵᠥᠷᠢᠴᠡᠭᠰᠡᠨ ᠵᠢᠴᠢ ᠵᠠᠰᠠᠭ ᠵᠠᠬᠢᠷᠭ᠋ᠠᠨ᠎ᠤ ᠡᠷᠬᠡ ᠵᠢᠨ ᠨᠠᠷᠢᠨ ᠳᠠᠩᠰᠠ ᠵᠢᠨ ᠬᠠᠮᠢᠶᠠᠷᠤᠯᠲᠠ ᠵᠢᠨ ᠠᠵᠢᠯ᠎ᠤᠨ ᠳᠤᠮᠳᠠ ᠠᠯᠪᠠᠨ ᠲᠤᠰᠢᠶᠠᠯ᠎ᠳᠤ᠎ᠪᠠᠨ ᠠᠯᠮᠠᠢ᠌ᠷᠠᠨ ᠣᠰᠣᠯᠳᠠᠭᠰᠠᠨ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠬᠡᠷᠡᠭᠯᠡᠭᠰᠡᠨ᠂ ᠬᠤᠪᠢ ᠵᠢᠨ ᠨᠠᠢ᠌ᠷ ᠬᠠᠷᠠᠵᠤ ᠬᠠᠤᠯᠢ ᠶᠣᠰᠣ ᠵᠢ ᠵᠥᠷᠢᠴᠡᠭᠰᠡᠨ ᠵᠡᠷᠭᠡ ᠡᠭᠦᠷᠭᠡᠯᠡᠪᠡᠰᠦ ᠴᠢᠬᠤᠯᠠᠲᠠᠢ ᠵᠣᠬᠢᠬᠤ ᠬᠠᠷᠢᠭᠤᠴᠠᠯᠭ᠎ᠠ ᠵᠢ᠎ᠨᠢ ᠲᠣᠭᠲᠠᠭ᠋ᠠᠵᠤ᠂ ᠵᠠᠰᠠᠭ ᠵᠠᠬᠢᠷᠭ᠋ᠠᠨ᠎ᠤ ᠡᠷᠬᠡ ᠵᠢ ᠬᠡᠷᠡᠭᠵᠢᠭᠦᠯᠬᠦ ᠪᠠᠢ᠌ᠭᠤᠯᠭ᠎ᠠ ᠵᠢᠨ ᠤᠬᠠᠭᠳᠠᠬᠤᠨ ᠵᠢᠴᠢ 《ᠠᠷᠭ᠎ᠠ》 ᠵᠢᠨ ᠬᠦᠴᠦᠨ᠎ᠲᠠᠢ ᠪᠣᠯᠬᠤ ᠡᠳᠦᠷ ᠬᠤᠭᠤᠴᠠᠭ᠎ᠠ ᠵᠢ ᠲᠣᠳᠣᠷᠬᠠᠢ᠌ᠯᠠᠪᠠ᠃ 


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ