ᠱᠢᠨᠬᠤᠸᠠ ᠬᠣᠷᠢᠶᠠᠨ᠎ᠤ ᠪᠡᠭᠡᠵᠢᠩ᠎ᠦᠨ 7 ᠳ᠋ᠤᠭᠠᠷ ᠰᠠᠷ᠎ᠠ᠎ᠶᠢᠨ 3᠎ᠤ ᠡᠳᠦᠷ᠎ᠦᠨ ᠴᠠᠬᠢᠯᠭᠠᠨ ᠮᠡᠳᠡᠭᠡ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠲᠦᠷᠦᠭᠦᠬᠡᠨ ᠳᠠᠷᠤᠮᠠᠯᠯᠠᠨ ᠶᠠᠪᠤᠭᠤᠯᠤᠭ᠍ᠰᠠᠨ 《ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠢ ᠣᠯᠠᠨ ᠤᠯᠤᠰ᠎ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ᠎ᠤ ᠳᠦᠷᠢᠮ ᠯᠦ᠍ᠭᠡ ᠪᠥᠬᠥ ᠲᠠᠯ᠎ᠠ᠎ᠪᠠᠷ ᠵᠣᠯᠭᠠᠭᠤᠯᠵᠤ ᠥᠨᠳᠥᠷ ᠬᠢᠷᠢ ᠲᠦᠪᠰᠢᠨ ᠪᠦᠬᠦᠢ ᠳᠦᠷᠢᠮ᠎ᠦᠨ ᠬᠡᠯᠪᠡᠷᠢ᠎ᠶᠢᠨ ᠨᠡᠭᠡᠭᠡᠯᠲᠡ᠎ᠶᠢᠨ ᠲᠤᠷᠰᠢᠯᠲᠠ᠎ᠶᠢᠨ ᠴᠡᠭ᠎ᠦᠨ ᠠᠷᠭ᠎ᠠ ᠬᠡᠮᠵᠢᠶ᠎ᠡ᠎ᠶᠢ ᠵᠠᠭ᠍ᠪᠤᠷᠯᠠᠨ ᠳᠡᠯᠭᠡᠷᠡᠭᠦᠯᠬᠦ ᠠᠵᠢᠯ᠎ᠢ ᠰᠠᠢᠲᠤᠷ ᠬᠢᠬᠦ ᠲᠤᠬᠠᠢ ᠮᠡᠳᠡᠭᠳᠡᠯ》᠎ᠢ 3᠎ᠤ ᠡᠳᠦᠷ ᠨᠡᠢᠲᠡᠯᠡᠪᠡ᠃
ᠮᠡᠳᠡᠭᠳᠡᠯ᠎ᠢ ᠦᠨᠳᠦᠰᠦᠯᠡᠪᠡᠯ᠂ ᠲᠣᠰ ᠤᠳᠠᠭ᠎ᠠ ᠵᠠᠭ᠍ᠪᠤᠷᠯᠠᠨ ᠳᠡᠯᠭᠡᠷᠡᠭᠦᠯᠬᠦ 77 ᠵᠦᠢᠯ᠎ᠦᠨ ᠲᠤᠷᠰᠢᠯᠲᠠ᠎ᠶᠢᠨ ᠴᠡᠭ᠎ᠦᠨ ᠠᠷᠭ᠎ᠠ ᠬᠡᠮᠵᠢᠶ᠎ᠡ᠎ᠳᠦ ᠦᠢᠯᠡᠴᠢᠯᠡᠭᠡᠨ᠎ᠦ ᠠᠷᠠᠯᠵᠢᠶ᠎ᠠ᠂ ᠪᠠᠷᠠᠭᠠᠨ᠎ᠤ ᠠᠷᠠᠯᠵᠢᠶ᠎ᠠ᠂ ᠳ᠋ᠢᠭᠢᠲ ᠠᠷᠠᠯᠵᠢᠶ᠎ᠠ᠂ ᠮᠡᠳᠡᠯᠭᠡ᠎ᠶᠢᠨ ᠥᠮᠴᠢᠯᠡᠯ᠎ᠦᠨ ᠡᠷᠬᠡ᠎ᠶᠢᠨ ᠬᠠᠮᠠᠭᠠᠯᠠᠯᠲᠠ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠎ᠶ᠋ᠢᠨ ᠥᠭᠡᠷᠡᠴᠢᠯᠡᠯᠲᠡ᠂ 《ᠬᠢᠯᠢ ᠣᠷᠤᠭ᠍ᠰᠠᠨᠤ ᠳᠠᠷᠠᠭᠠᠬᠢ》 ᠬᠠᠮᠢᠶᠠᠷᠤᠯᠲᠠ᠎ᠶᠢᠨ ᠳᠦᠷᠢᠮ᠎ᠦᠨ ᠥᠭᠡᠷᠡᠴᠢᠯᠡᠯᠲᠡ᠂ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ ᠵᠡᠷᠭᠡ 7 ᠲᠠᠯ᠎ᠠ᠎ᠶᠢ ᠬᠠᠮᠤᠷᠴᠠᠢ᠃ ᠡᠭᠦᠨ᠎ᠳᠦ᠂ ᠳ᠋ᠢᠭᠢᠲ ᠠᠷᠠᠳ᠎ᠤᠨ ᠵᠣᠭᠣᠰ᠎ᠤᠨ ᠲᠤᠷᠰᠢᠯᠲᠠ᠎ᠶᠢᠨ ᠴᠡᠭ᠎ᠦᠨ ᠬᠡᠷᠡᠭ᠌ᠯᠡᠯᠲᠡ᠎ᠶ᠋ᠢᠨ ᠲᠠᠯᠠᠪᠤᠷ᠎ᠤᠨ ᠰᠢᠨ᠎ᠡ ᠡᠭᠦᠳᠦᠯᠲᠡ᠎ᠶ᠋ᠢ ᠴᠢᠩᠭᠠᠳᠬᠠᠵᠤ᠂ ᠤᠯᠤᠰ ᠠᠯᠤᠰᠯᠠᠭᠰᠠᠨ ᠺᠣᠮᠫᠠᠨᠢ᠎ᠶᠢᠨ ᠬᠢᠯᠢ ᠠᠯᠤᠰᠯᠠᠭᠰᠠᠨ ᠪᠡᠯᠡ ᠮᠥᠩᠭᠦᠨ᠎ᠦ ᠲᠥᠪᠯᠡᠷᠡᠭᠦᠯᠦᠨ ᠡᠵᠡᠩᠨᠡᠬᠦ ᠬᠠᠮᠢᠶᠠᠷᠤᠯᠲᠠ᠎ᠶᠢᠨ ᠲᠥᠷᠥ᠎ᠶᠢᠨ ᠪᠣᠳᠣᠯᠭ᠎ᠠ᠎ᠶᠢ ᠰᠢᠯᠢᠳᠡᠭᠵᠢᠭᠦᠯᠦᠨ᠂ ᠳ᠋ᠠᠢᠲ᠋ᠠ᠎ᠶ᠋ᠢᠨ ᠬᠢᠯᠢ᠎ᠡᠴᠡ ᠭᠠᠷᠭᠠᠬᠤ ᠲᠠᠯ᠎ᠠ᠎ᠪᠠᠷ ᠬᠢ ᠬᠣᠷᠢᠭ᠎ᠠ᠎ᠲᠠᠢ ᠵᠦᠢᠯᠡᠰ᠎ᠦᠨ ᠨᠠᠷᠢᠨ ᠲᠠᠩᠰᠠ᠎ᠶᠢ ᠲᠣᠭᠲᠠᠭᠠᠵᠤ᠂ ᠪᠠᠷᠠᠭ᠎ᠠ ᠭᠠᠷᠭᠠᠵᠤ ᠠᠪᠬᠤ ᠡᠯᠧᠺᠲᠷᠣᠨ ᠬᠠᠭᠤᠳᠠᠰᠤ ᠵᠡᠷᠭᠡ ᠡᠯᠧᠺᠲᠷᠣᠨ ᠪᠠᠷᠢᠮᠲᠠ᠎ᠶᠢᠨ ᠬᠡᠷᠡᠭᠯᠡᠯᠲᠡ᠎ᠶᠢ ᠠᠬᠢᠭᠤᠯᠵᠤ᠂ ᠬᠥᠳᠡᠯᠮᠦᠷᠢ᠎ᠶᠢᠨ ᠬᠠᠷᠢᠴᠠᠭ᠎ᠠ᠎ᠶᠢ ᠵᠣᠬᠢᠴᠠᠭᠤᠯᠬᠤ ᠭᠤᠷᠪᠠᠨ ᠲᠠᠯ᠎ᠠ᠎ᠶᠢᠨ ᠲᠣᠭᠲᠠᠴᠠ᠎ᠶᠢ ᠪᠦᠷᠢᠨᠰᠢᠭᠦᠯᠬᠦ ᠵᠡᠷᠭᠡ 34 ᠵᠦᠢᠯ᠎ᠦᠨ ᠠᠷᠭ᠎ᠠ ᠬᠡᠮᠵᠢᠶ᠎ᠡ᠎ᠶᠢ ᠪᠤᠰᠤᠳ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠳᠤ ᠵᠠᠭ᠍ᠪᠤᠷᠯᠠᠨ ᠳᠡᠯᠭᠡᠷᠡᠭᠦᠯᠦᠨ᠎ᠡ; ᠬᠢᠯᠢ ᠠᠯᠤᠰᠯᠠᠭ᠍ᠰᠠᠨ ᠡᠯᠧᠺᠲᠷᠣᠨ ᠲᠣᠭᠠᠴᠠᠭ᠎ᠠ ᠬᠢᠬᠦ᠌ ᠬᠡᠷᠡᠭ᠌ᠯᠡᠯᠲᠡ᠎ᠶ᠋ᠢ ᠠᠬᠢᠭᠤᠯᠵᠤ᠂ ᠬᠤᠳᠠᠯᠳᠤᠭᠠᠨ᠎ᠳᠤ ᠬᠡᠷᠡᠭᠯᠡᠬᠦ ᠨᠢᠭᠤᠴᠠ ᠨᠣᠮᠧᠷ᠎ᠢᠶᠠᠷ ᠪᠠᠢᠴᠠᠭᠠᠨ ᠰᠢᠯᠭᠠᠵᠤ ᠭᠡᠷᠡᠴᠢᠯᠡᠭᠰᠡᠨ ᠦᠷ᠎ᠡ ᠳ᠋ᠦᠩ᠎ᠢ ᠨᠢ ᠢᠲᠡᠭᠡᠵᠦ᠍ ᠬᠡᠷᠡᠭᠯᠡᠬᠦ᠎ᠶᠢ ᠵᠣᠷᠢᠭ᠍ᠵᠢᠭᠤᠯᠤᠨ᠂ ᠳ᠋ᠠᠢᠲ᠋ᠠ᠎ᠶᠢᠨ ᠠᠮᠤᠷ ᠲᠦᠪᠰᠢᠨ᠎ᠦ ᠬᠠᠮᠢᠶᠠᠷᠤᠯᠲᠠ᠎ᠶᠢᠨ ᠭᠡᠷᠡᠴᠢᠯᠡᠯ᠎ᠦᠨ ᠳᠦᠷᠢᠮ᠎ᠢ ᠬᠡᠷᠡᠭᠵᠢᠭᠦᠯᠵᠦ᠂ ᠵᠠᠰᠠᠭ᠎ᠤᠨ ᠶᠠᠪᠤᠳᠠᠯ᠎ᠤᠨ ᠳ᠋ᠠᠢᠲ᠋ᠠ᠎ᠪᠡᠨ ᠴᠢᠯᠦᠭᠡᠲᠡᠢ ᠪᠠᠢᠯᠭᠠᠬᠤ ᠨᠡᠭᠡᠭᠡᠯᠲᠡ᠎ᠶᠢ ᠡᠮᠬᠢ ᠵᠢᠷᠤᠮ᠎ᠲᠠᠢ ᠠᠬᠢᠭᠤᠯᠵᠤ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠲᠠᠪᠴᠠᠩ᠎ᠤᠨ ᠳ᠋ᠢᠭᠢᠲᠴᠢᠯᠡᠭᠰᠡᠨ ᠬᠢᠷᠢ ᠲᠦᠪᠰᠢᠨ᠎ᠢ ᠳᠡᠭᠡᠭᠰᠢᠯᠡᠭᠦᠯᠬᠦ ᠵᠡᠷᠭᠡ 43 ᠵᠦᠢᠯ᠎ᠦᠨ ᠠᠷᠭ᠎ᠠ ᠬᠡᠮᠵᠢᠶ᠎ᠡ᠎ᠶᠢ ᠪᠥᠬᠥ ᠤᠯᠤᠰ᠎ᠲᠤ ᠵᠠᠭ᠍ᠪᠤᠷᠯᠠᠨ ᠳᠡᠯᠭᠡᠷᠡᠭᠦᠯᠦᠨ᠎ᠡ᠃
ᠮᠡᠳᠡᠭᠳᠡᠯ᠎ᠳᠦ ᠵᠢᠭᠠᠵᠤ ᠭᠠᠷᠭᠠᠭᠰᠠᠨ᠎ᠢᠶᠠᠷ᠂ 2023 ᠣᠨ᠎ᠤ 11 ᠳ᠋ᠦ᠍ᠭᠡᠷ ᠰᠠᠷ᠎ᠠ᠎ᠳᠤ᠂ ᠲᠥᠷᠥ᠎ᠶᠢᠨ ᠶᠠᠪᠤᠳᠠᠯ᠎ᠤᠨ ᠬᠣᠷᠢᠶ᠎ᠠ 《ᠣᠯᠠᠨ ᠤᠯᠤᠰ᠎ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ᠎ᠤ ᠳᠦᠷᠢᠮ ᠯᠦ᠍ᠭᠡ ᠪᠥᠬᠥ ᠲᠠᠯ᠎ᠠ᠎ᠪᠠᠷ ᠵᠣᠯᠭᠠᠭᠤᠯᠵᠤ ᠳᠤᠮᠳᠠᠳᠤ ᠤᠯᠤᠰ (ᠱᠠᠩᠬᠠᠢ)᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠥᠨᠳᠥᠷ ᠬᠢᠷᠢ ᠲᠦᠪᠰᠢᠨ ᠪᠦᠬᠦᠢ ᠳᠦᠷᠢᠮ᠎ᠦᠨ ᠬᠡᠯᠪᠡᠷᠢ᠎ᠶᠢᠨ ᠨᠡᠭᠡᠭᠡᠯᠲᠡ᠎ᠶᠢ ᠠᠬᠢᠭᠤᠯᠬᠤ ᠶᠡᠷᠦᠩᠬᠡᠢ ᠲᠥᠰᠥᠯ》᠎ᠢ ᠳᠠᠷᠤᠮᠠᠯᠯᠠᠨ ᠶᠠᠪᠤᠭᠤᠯᠵᠤ᠂ ᠱᠠᠩᠬᠠᠢ᠎ᠶᠢᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠢ ᠣᠯᠠᠨ ᠤᠯᠤᠰ᠎ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ᠎ᠤ ᠳᠦᠷᠢᠮ ᠯᠦ᠍ᠭᠡ ᠪᠥᠬᠥ ᠲᠠᠯ᠎ᠠ᠎ᠪᠠᠷ ᠵᠣᠯᠭᠠᠭᠤᠯᠵᠤ ᠤᠷᠢᠳ᠎ᠢᠶᠠᠷ ᠬᠡᠷᠡᠭᠵᠢᠭᠦᠯᠵᠦ ᠤᠷᠢᠳ᠎ᠢᠶᠠᠷ ᠲᠤᠷᠰᠢᠬᠤ᠎ᠶᠢ ᠨᠢ ᠳᠡᠮᠵᠢᠵᠦ᠂ ᠤᠯᠤᠰ᠎ᠤᠨ ᠳᠦᠷᠢᠮ᠎ᠦᠨ ᠬᠡᠯᠪᠡᠷᠢ᠎ᠶᠢᠨ ᠨᠡᠭᠡᠭᠡᠯᠲᠡ᠎ᠶᠢᠨ ᠵᠢᠱ᠌ᠢᠶ᠎ᠡ ᠦᠵᠡᠭᠦᠯᠬᠦ ᠣᠷᠣᠨ᠎ᠢ ᠪᠣᠶ ᠪᠣᠯᠭᠠᠨ᠎ᠠ᠃ ᠵᠢᠯ ᠭᠠᠷᠤᠢ᠎ᠶᠢᠨ ᠲᠤᠷᠰᠢᠯᠲᠠ ᠬᠢᠬᠦ᠎ᠪᠡᠷ ᠳᠠᠮᠵᠢᠭᠠᠳ᠂ ᠨᠢᠭᠡ ᠪᠦᠯᠦᠭ ᠬᠥᠲᠥᠯᠥᠨ ᠳᠠᠭᠠᠭᠤᠯᠬᠤ ᠴᠢᠨᠠᠷᠲᠠᠢ᠂ ᠪᠡᠯᠭᠡ ᠲᠡᠮᠳᠡᠭ᠎ᠦᠨ ᠴᠢᠨᠠᠷᠲᠠᠢ ᠳᠦᠷᠢᠮ᠎ᠦᠨ ᠰᠢᠨ᠎ᠡ ᠡᠭᠦᠳᠦᠯᠲᠡ᠎ᠶᠢ ᠥᠷᠨᠢᠭᠦᠯᠵᠦ᠂ ᠨᠢᠭᠡ ᠪᠦᠯᠦᠭ ᠨᠡᠯᠢᠶᠡᠳ ᠥᠨᠳᠥᠷ ᠦᠨ᠎ᠡ ᠥᠷᠲᠡᠭ ᠲᠠᠢ ᠲᠡᠷᠢᠭᠦᠨ᠎ᠦ ᠲᠤᠷᠰᠢᠯᠭ᠎ᠠ ᠪᠠ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠪᠤᠢ ᠪᠣᠯᠭᠠᠪᠠ᠃
ᠮᠡᠳᠡᠭᠳᠡᠯ᠎ᠳᠦ ᠱᠠᠭᠠᠷᠳᠠᠭᠰᠠᠨ᠎ᠢᠶᠡᠷ᠂ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠢ ᠳᠡᠪᠱᠢᠭᠦᠯᠵᠦ᠍ ᠳᠡᠭᠡᠭᠰᠢᠯᠡᠭᠦᠯᠬᠦ ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠵᠦ᠂ ᠱᠠᠩᠬᠠᠢ᠎ᠶᠢᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠳᠦᠷᠢᠮ᠎ᠦᠨ ᠬᠡᠯᠪᠡᠷᠢ᠎ᠶᠢᠨ ᠨᠡᠭᠡᠭᠡᠯᠲᠡ᠎ᠶᠢᠨ ᠲᠤᠷᠰᠢᠯᠲᠠ᠎ᠶᠢᠨ ᠴᠡᠭ᠎ᠦᠨ ᠲᠤᠷᠰᠢᠯᠭ᠎ᠠ᠎ᠶᠢ ᠰᠠᠢᠲᠤᠷ ᠠᠰᠢᠭ᠍ᠯᠠᠵᠤ᠂ ᠭᠠᠵᠠᠷ ᠣᠷᠣᠨ᠎ᠤ ᠪᠠᠢᠳᠠᠯ᠎ᠳᠤ ᠨᠢ ᠲᠣᠬᠢᠷᠠᠭᠤᠯᠵᠤ ᠪᠠᠢᠭᠠᠳ ᠵᠠᠭ᠍ᠪᠤᠷᠯᠠᠨ ᠳᠡᠯᠭᠡᠷᠡᠭᠦᠯᠬᠦ ᠠᠵᠢᠯ᠎ᠢ ᠰᠠᠢᠲᠤᠷ ᠬᠢᠵᠦ᠂ ᠠᠵᠤ ᠠᠬᠤᠢᠯᠠᠯ ᠪᠠ ᠤᠯᠠᠨ ᠲᠦᠮᠡᠨ᠎ᠳᠦ ᠪᠠᠴᠢᠮ ᠱᠠᠭᠠᠷᠳᠠᠭᠳᠠᠵᠤ ᠪᠠᠢᠭ᠎ᠠ ᠲᠤᠷᠰᠢᠯᠲᠠ᠎ᠶᠢᠨ ᠴᠡᠭ᠎ᠦᠨ ᠠᠷᠭ᠎ᠠ ᠬᠡᠮᠵᠢᠶ᠎ᠡ᠎ᠶᠢ ᠭᠣᠣᠯᠳᠠᠯᠭ᠎ᠠ ᠲᠠᠢ ᠠᠬᠢᠭᠤᠯᠵᠤ᠂ ᠳᠦᠷᠢᠮ᠎ᠦᠨ ᠰᠢᠨ᠎ᠡ᠎ᠶᠢ ᠡᠭᠦᠳᠦᠭᠰᠡᠨ ᠠᠰᠢᠭ᠋ ᠲᠤᠰᠠ᠎ᠶᠢ ᠨᠡᠩ ᠶᠡᠬᠡ ᠬᠡᠪᠴᠢᠶᠡᠨ᠎ᠳᠦ ᠬᠦᠷᠲᠡᠭᠡᠵᠦ᠍᠂ ᠥᠨᠳᠥᠷ ᠲᠦᠪᠰᠢᠨ ᠪᠦᠬᠦᠢ ᠨᠡᠭᠡᠭᠡᠯᠲᠡ᠎ᠪᠡᠷ ᠭᠦᠨ ᠳᠠᠪᠬᠤᠷᠭ᠎ᠠ᠎ᠶᠢᠨ ᠥᠭᠡᠷᠡᠴᠢᠯᠡᠯᠲᠡ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ᠎ᠠ᠃