ᠲᠡᠷᠢᠭᠦᠨ ᠬᠠᠭᠤᠳᠠᠰᠤ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠣᠮᠵᠢ
ᠦᠰᠦᠭ ᠪᠢᠴᠢᠭ᠎ᠢᠶᠡᠷ ᠥᠭᠦᠯᠡᠬᠦᠢ᠄ 《ᠬᠣᠲᠠ᠎ᠶᠢᠨ ᠣᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠴᠢᠨᠠᠷ ᠰᠠᠢᠲᠠᠢ ᠬᠥᠭᠵᠢᠯᠲᠡ᠎ᠶᠢ ᠲᠦᠷᠭᠡᠳᠬᠡᠨ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ》᠎ᠤᠨ ᠲᠠᠢᠯᠤᠮᠵᠢ
ᠨᠡᠶ᠋ᠢᠲᠡᠯᠡᠭᠰᠡᠨ ᠴᠠᠭ᠄ 2025-08-13

ᠨᠢᠭᠡ᠂ ᠵᠠᠰᠠᠪᠤᠷᠢ ᠣᠷᠣᠭᠤᠯᠤᠭᠰᠠᠨ ᠠᠬᠤᠢ ᠪᠠᠢᠳᠠᠯ

ᠮᠠᠨ᠎ᠤ ᠣᠷᠣᠨ᠎ᠤ 2013 ᠣᠨ᠎ᠳᠤ ᠲᠣᠭᠲᠠᠭᠠᠭᠰᠠᠨ 《 ᠬᠣᠲᠠ᠎ᠳᠤ ᠣᠯᠠᠨ ᠨᠡᠢᠲᠡ᠎ᠶᠢᠨ ᠵᠠᠮ ᠬᠠᠷᠢᠯᠴᠠᠭ᠎ᠠ᠎ᠶᠢ ᠤᠷᠢᠳ᠎ᠢᠶᠠᠷ ᠬᠥᠭᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ》 ᠨᠢ ᠣᠯᠠᠨ ᠨᠡᠢᠲᠡ᠎ᠶᠢᠨ ᠵᠠᠮ ᠬᠠᠷᠢᠯᠴᠠᠭ᠎ᠠ᠎ᠶᠢ ᠤᠷᠢᠳ᠎ᠢᠶᠠᠷ ᠬᠥᠭᠵᠢᠭᠦᠯᠬᠦ ᠲᠠᠯ᠎ᠠ᠎ᠪᠠᠷ ᠴᠢᠬᠤᠯᠠ ᠦᠢᠯᠡᠳᠦᠯ ᠦᠵᠡᠭᠦᠯᠪᠡ᠃ ᠭᠡᠲᠡᠯ᠎ᠡ ᠪᠠᠢᠳᠠᠯ᠎ᠤᠨ ᠬᠥᠭᠵᠢᠯᠲᠡ ᠬᠤᠪᠢᠷᠠᠯᠲᠠ ᠪᠠ ᠣᠯᠠᠨ ᠲᠦᠮᠡᠨ᠎ᠦ ᠶᠠᠪᠤᠵᠤ ᠰᠠᠭᠤᠬᠤ ᠬᠡᠷᠡᠭᠴᠡᠭᠡ ᠱᠠᠭᠠᠷᠳᠠᠯᠭ᠎ᠠ᠎ᠶᠢᠨ ᠣᠯᠠᠨ ᠡᠰᠢᠵᠢᠬᠦ᠎ᠶᠢ ᠳᠠᠭᠠᠯᠳᠤᠨ᠂ ᠢᠯᠠᠩᠭᠤᠶ᠎ᠠ 2024 ᠣᠨ᠎ᠤ 10 ᠳ᠋ᠤᠭᠠᠷ ᠰᠠᠷ᠎ᠠ᠎ᠳᠤ᠂ ᠲᠥᠷᠥ᠎ᠶᠢᠨ ᠶᠠᠪᠤᠳᠠᠯ᠎ᠤᠨ ᠬᠣᠷᠢᠶ᠎ᠠ 《ᠬᠣᠲᠠ᠎ᠶᠢᠨ ᠣᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠳᠦᠷᠢᠮ》 (ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠵᠠᠷᠯᠢᠭ᠋ 793 ᠳ᠋ᠤᠭᠠᠷ ᠲᠣᠭᠠᠲᠤ)᠎ᠢ ᠨᠡᠢᠲᠡᠯᠡᠵᠦ᠂ ᠬᠣᠲᠠ᠎ᠶᠢᠨ ᠣᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠬᠥᠭᠵᠢᠯᠲᠡ᠎ᠳᠦ ᠰᠢᠨ᠎ᠡ ᠪᠠᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠳᠤᠷᠠᠳᠤᠭᠰᠠᠨ᠎ᠳᠤ ᠮᠠᠨ᠎ᠤ ᠣᠷᠣᠨ᠎ᠤ 《ᠰᠠᠨᠠᠯ》 ᠨᠢ ᠲᠥᠷᠥ᠎ᠶᠢᠨ ᠪᠣᠳᠣᠯᠭ᠎ᠠ᠎ᠶᠢ ᠵᠣᠯᠭᠠᠭᠤᠯᠬᠤ᠂ ᠪᠠᠢᠭᠤᠯᠤᠯ ᠲᠣᠭᠲᠠᠴᠠ᠂ ᠬᠠᠮᠢᠶᠠᠷᠤᠯᠲᠠ᠎ᠶᠢᠨ ᠬᠡᠪ ᠵᠠᠭᠪᠤᠷ ᠵᠡᠷᠭᠡ ᠲᠠᠯ᠎ᠠ᠎ᠪᠠᠷ ᠬᠣᠵᠢᠭ᠍ᠳᠠᠵᠤ ᠪᠠᠢᠭ᠎ᠠ ᠪᠣᠯᠬᠣᠷ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠴᠢᠬᠤᠯᠠᠲᠠᠢ ᠪᠣᠯᠣᠭᠰᠠᠨ ᠪᠠᠢᠨ᠎ᠠ᠃

ᠬᠣᠶᠠᠷ᠂ ᠭᠣᠣᠯ ᠠᠭᠤᠯᠭ᠎ᠠ

ᠨᠢᠭᠡ᠎ᠳᠦ᠂ ᠶᠡᠷᠦᠩᠬᠡᠢ ᠱᠠᠭᠠᠷᠳᠠᠯᠭ᠎ᠠ᠂ ᠬᠣᠲᠠ᠎ᠶᠢᠨ ᠣᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠴᠢᠨᠠᠷ ᠰᠠᠢᠲᠠᠢ ᠬᠥᠭᠵᠢᠯᠲᠡ᠎ᠶᠢᠨ ᠵᠢᠯᠤᠭᠣᠳᠬᠤ ᠦᠵᠡᠯ ᠰᠠᠨᠠᠭ᠎ᠠ ᠪᠠ ᠬᠥᠭᠵᠢᠯᠲᠡ᠎ᠶᠢᠨ ᠬᠠᠷᠠᠯᠲᠠ᠎ᠶᠢ ᠲᠣᠳᠣᠷᠬᠠᠢ ᠲᠣᠭᠲᠠᠭᠠᠪᠠ᠃

ᠬᠣᠶᠠᠷ᠎ᠲᠤ᠂ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠴᠢᠩᠭ᠎ᠠ ᠪᠣᠳᠠᠲᠠᠢᠵᠢᠭᠤᠯᠤᠨ᠎ᠠ᠂ ᠬᠤᠳᠠ᠎ᠶᠢᠨ ᠵᠠᠮ ᠬᠠᠷᠢᠯᠴᠠᠭ᠎ᠠ᠎ᠳᠠᠬᠢ ᠣᠯᠠᠨ ᠨᠡᠢᠲᠡ᠎ᠶᠢᠨ ᠵᠠᠮ ᠬᠠᠷᠢᠯᠴᠠᠭᠠᠨ᠎ᠤ ᠭᠣᠣᠯᠯᠠᠬᠤ ᠪᠠᠢᠷᠢ ᠰᠠᠭᠤᠷᠢ᠎ᠶᠢ ᠲᠣᠭᠲᠠᠭᠠᠵᠤ᠂ ᠬᠤᠳᠠ᠎ᠶᠢᠨ ᠤᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠠᠵᠢᠯ ᠲᠦᠷᠦᠯ᠎ᠦᠨ ᠥᠭᠡᠷᠡᠴᠢᠯᠡᠯᠲᠡ᠎ᠶᠢ ᠲᠦᠷᠭᠡᠳᠬᠡᠨ ᠠᠬᠢᠭᠤᠯᠤᠨ᠎ᠠ᠃

ᠭᠤᠷᠪᠠ᠎ᠳᠤ᠂ ᠬᠥᠭᠵᠢᠯᠲᠡ᠎ᠶᠢᠨ ᠬᠡᠪ ᠵᠠᠭᠪᠤᠷ᠎ᠢ ᠰᠢᠨᠵᠢᠯᠡᠬᠦ ᠤᠬᠠᠭᠠᠨᠴᠢ᠎ᠪᠠᠷ ᠲᠣᠭᠲᠠᠭᠠᠨ᠎ᠠ᠂ ᠡᠭᠦᠨ᠎ᠳᠦ ᠬᠤᠳᠠ᠎ᠶᠢᠨ ᠤᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠬᠥᠭᠵᠢᠯᠲᠡ᠎ᠶᠢᠨ ᠣᠷᠣᠨ ᠪᠦᠰᠡ᠂ ᠬᠡᠪ ᠵᠠᠭᠪᠤᠷ᠂ ᠬᠠᠷᠠᠯᠲᠠ ᠪᠠ ᠦᠢᠯᠡᠴᠢᠯᠡᠭᠡᠨ᠎ᠦ ᠪᠠᠷᠢᠮᠵᠢᠶ᠎ᠠ᠎ᠶᠢ ᠲᠣᠭᠲᠠᠭᠠᠬᠤ᠂ ᠬᠤᠳᠠ᠎ᠶᠢᠨ ᠤᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠲᠥᠯᠦᠪᠵᠢᠭᠦᠯᠭᠡ᠎ᠶᠢ ᠵᠣᠬᠢᠶᠠᠨ ᠪᠠᠢᠭᠤᠯᠵᠤ ᠨᠠᠢᠷᠠᠭᠤᠯᠤᠨ ᠵᠣᠬᠢᠶᠠᠬᠤ ᠪᠠᠭᠲᠠᠨ᠎ᠠ᠃

ᠳᠥᠷᠪᠡ᠎ᠳᠦ᠂ ᠪᠢᠯᠧᠲ᠎ᠦᠨ ᠳᠦᠷᠢᠮ ᠪᠠ ᠪᠢᠯᠧᠲ᠎ᠦᠨ ᠦᠨ᠎ᠡ᠎ᠶᠢ ᠵᠦᠢ ᠵᠣᠬᠢᠰᠲᠠᠢ ᠲᠣᠭᠲᠠᠭᠠᠨ᠎ᠠ᠂ 《ᠵᠠᠰᠠᠭ᠎ᠤᠨ ᠣᠷᠳᠣᠨ ᠡᠭᠦᠷᠭᠡᠯᠡᠵᠦ ᠳᠡᠶ᠋ᠢᠯᠬᠦ᠂ ᠠᠵᠤ ᠠᠬᠤᠢᠯᠠᠯ ᠦᠷᠭᠦᠯᠵᠢᠯᠡᠵᠦ ᠳᠡᠶ᠋ᠢᠯᠬᠦ᠂ ᠠᠷᠠᠳ ᠣᠯᠠᠨ ᠳᠠᠭᠠᠭᠠᠵᠤ ᠳᠡᠶ᠋ᠢᠯᠬᠦ》 ᠵᠠᠷᠴᠢᠮ ᠶᠣᠰᠣᠭᠠᠷ ᠪᠢᠯᠧᠲ᠎ᠦᠨ ᠦᠨ᠎ᠡ᠎ᠶᠢ ᠲᠣᠭᠲᠠᠭᠠᠬᠤ᠎ᠶᠢᠨ ᠬᠠᠮᠲᠤ ᠬᠥᠳᠡᠯᠦᠩᠭᠦᠢ ᠲᠣᠬᠢᠷᠠᠭᠤᠯᠬᠤ ᠲᠣᠭᠲᠠᠴᠠ᠎ᠶᠢ ᠰᠦᠪᠡᠭᠴᠢᠯᠡᠨ ᠪᠠᠢᠭᠤᠯᠤᠨ᠎ᠠ᠃

ᠲᠠᠪᠤ᠎ᠳᠤ᠂ ᠣᠨᠴᠠ ᠵᠥᠪᠰᠢᠶᠡᠷᠡᠯ ᠲᠡᠢ ᠡᠵᠡᠩᠨᠡᠯᠲᠡ ᠬᠠᠮᠢᠶᠠᠷᠤᠯᠲᠠ᠎ᠶᠢ ᠵᠢᠷᠤᠮᠵᠢᠭᠤᠯᠤᠨ᠎ᠠ᠂ ᠣᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠵᠠᠮ ᠱᠤᠭᠤᠮ᠎ᠤᠨ ᠣᠨᠴᠠ ᠵᠥᠪᠰᠢᠶᠡᠷᠡᠯ ᠲᠡᠢ ᠡᠵᠡᠩᠨᠡᠯᠲᠡ᠎ᠶᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠡᠯ᠎ᠡ ᠭᠠᠵᠠᠷ ᠣᠷᠤᠨ ᠨᠢ 2025 ᠣᠨ᠎ᠤ ᠡᠴᠦᠰ᠎ᠡᠴᠡ ᠡᠮᠦᠨ᠎ᠡ ᠣᠨᠴᠠ ᠵᠥᠪᠰᠢᠶᠡᠷᠡᠯ ᠲᠡᠢ ᠡᠵᠡᠩᠨᠡᠯᠲᠡ᠎ᠶᠢᠨ ᠵᠥᠪᠯᠡᠯᠴᠡᠭᠡᠷ ᠲᠣᠭᠲᠠᠬᠤ ᠠᠵᠢᠯ᠎ᠢ ᠳᠠᠭᠤᠰᠬᠠᠨ᠎ᠠ᠃

ᠵᠢᠷᠭᠤᠭ᠎ᠠ᠎ᠳᠤ᠂ ᠡᠳ᠋᠎ᠦᠨ ᠵᠠᠰᠠᠭ᠎ᠤᠨ ᠳᠡᠮᠵᠢᠯᠭᠡ᠎ᠶᠢᠨ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠤᠨ᠎ᠠ᠂ ᠡᠭᠦᠨ᠎ᠳᠦ ᠣᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠬᠥᠭᠵᠢᠯᠲᠡ᠎ᠶᠢᠨ ᠵᠠᠷᠤᠳᠠᠯ᠎ᠢ ᠲᠣᠰ ᠱᠠᠲᠤᠨ᠎ᠤ ᠡᠳ᠋᠎ᠦᠨ ᠵᠠᠰᠠᠭ᠎ᠤᠨ ᠲᠥᠰᠥᠪ᠎ᠲᠦ ᠣᠷᠣᠭᠤᠯᠬᠤ᠂ ᠭᠠᠵᠠᠷ ᠣᠷᠤᠨ᠎ᠤ ᠪᠠᠢᠳᠠᠯ᠎ᠳᠤ᠎ᠪᠠᠨ ᠲᠣᠬᠢᠷᠠᠭᠤᠯᠤᠨ ᠦᠨᠳᠦᠰᠦᠯᠡᠨ ᠬᠣᠲᠠ᠎ᠶᠢᠨ ᠣᠯᠠᠨ ᠨᠡᠶ᠋ᠢᠲᠡ᠎ᠶᠢᠨ ᠮᠠᠰᠢᠨ ᠲᠡᠷᠭᠡ ᠴᠠᠬᠢᠯᠭᠠᠨ ᠲᠡᠷᠭᠡᠨ᠎ᠦ ᠠᠵᠤ ᠠᠬᠤᠢᠯᠠᠯ᠎ᠤᠨ ᠡᠵᠡᠩᠨᠡᠯᠲᠡ᠎ᠶᠢᠨ ᠥᠪᠡᠷ᠎ᠦᠨ ᠥᠷᠲᠡᠭ᠎ᠦᠨ ᠲᠣᠭᠠᠴᠠᠭ᠎ᠠ ᠪᠠ ᠨᠡᠮᠡᠭᠦᠷᠢ ᠨᠥᠬᠥᠪᠦᠷᠢ ᠣᠯᠭᠣᠬᠤ᠂ ᠲᠤᠰᠬᠠᠢ ᠪᠡᠯᠡ ᠮᠥᠩᠭᠥᠨ᠎ᠦ ᠬᠠᠮᠢᠶᠠᠷᠤᠯᠲᠠ᠎ᠶᠢ ᠵᠢᠷᠤᠮᠵᠢᠭᠤᠯᠬᠤ ᠵᠡᠷᠭᠡ ᠠᠭᠤᠯᠭ᠎ᠠ ᠪᠠᠭᠲᠠᠨ᠎ᠠ᠃

ᠲᠤᠯᠤᠭ᠎ᠠ᠎ᠳᠤ᠂ ᠲᠣᠬᠢᠷᠠᠭᠤᠯᠤᠨ ᠪᠠᠶ᠋ᠢᠭᠤᠯᠬᠤ ᠪᠠᠷᠢᠮᠵᠢᠶ᠎ᠠ᠎ᠶᠢ ᠴᠢᠩᠭ᠎ᠠ ᠬᠡᠷᠡᠭᠵᠢᠭᠦᠯᠦᠨ᠎ᠡ᠂ ᠵᠠᠮ ᠬᠠᠷᠢᠯᠴᠠᠭᠠᠨ᠎ᠳᠠᠬᠢ ᠬᠤᠳᠠ᠎ᠶᠢᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠦᠨ ᠨᠥᠯᠥᠭᠡ᠎ᠶᠢ ᠦᠨᠡᠯᠡᠬᠦ ᠳᠦᠷᠢᠮ ᠪᠠ ᠤᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠪᠡᠯᠡᠳᠬᠡᠮᠵᠢ᠎ᠶᠢ ᠲᠣᠬᠢᠷᠠᠭᠤᠯᠤᠨ ᠪᠠᠶ᠋ᠢᠭᠤᠯᠬᠤ ᠪᠠᠷᠢᠮᠵᠢᠶ᠎ᠠ᠎ᠶᠢ ᠴᠢᠩᠭ᠎ᠠ ᠬᠡᠷᠡᠭᠵᠢᠭᠦᠯᠦᠨ᠎ᠡ᠃

ᠨᠠᠢ᠍ᠮᠠ᠎ᠳᠤ᠂ ᠬᠡᠷᠡᠭᠯᠡᠬᠦ ᠭᠠᠵᠠᠷ᠎ᠤᠨ ᠶᠡᠷᠦᠩᠬᠡᠢᠯᠡᠭᠰᠡᠨ ᠨᠡᠭᠡᠭᠡᠨ ᠬᠥᠭᠵᠢᠯᠲᠡ᠎ᠶᠢ ᠳᠡᠮᠵᠢᠨ᠎ᠡ᠂ ᠤᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠬᠡᠷᠡᠭᠯᠡᠬᠦ ᠭᠠᠵᠠᠷ᠎ᠤᠨ ᠶᠡᠷᠦᠩᠬᠡᠢᠯᠡᠨ ᠨᠡᠭᠡᠭᠡᠨ ᠬᠥᠭᠵᠢᠭᠦᠯᠦᠭᠡᠳ ᠣᠯᠣᠭᠰᠠᠨ ᠠᠰᠢᠭ᠋ ᠣᠷᠣᠯᠭ᠎ᠠ᠎ᠶᠢ ᠬᠤᠳᠠ᠎ᠶᠢᠨ ᠤᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠰᠠᠭᠤᠷᠢ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ ᠪᠠ ᠡᠵᠡᠩᠨᠡᠯᠲᠡ᠎ᠶᠢᠨ ᠠᠯᠳᠠᠭᠳᠠᠯ᠎ᠢ ᠨᠥᠬᠥᠪᠦᠷᠢᠯᠡᠬᠦ᠎ᠳᠦ ᠬᠡᠷᠡᠭᠯᠡᠵᠦ ᠪᠣᠯᠣᠨ᠎ᠠ᠃ 

ᠶᠢᠰᠦ᠎ᠳᠦ᠂ ᠵᠠᠮ᠎ᠤᠨ ᠡᠷᠬᠡ᠎ᠶᠢᠨ ᠳᠣᠬᠢᠶ᠎ᠠ᠎ᠶᠢ ᠤᠷᠢᠳ᠎ᠢᠶᠠᠷ ᠪᠣᠳᠣᠯᠬᠢᠯᠠᠬᠤ᠎ᠶᠢ ᠪᠠᠲᠤᠯᠠᠨ᠎ᠠ᠂ ᠡᠭᠦᠨ᠎ᠳᠦ ᠣᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠲᠤᠰᠬᠠᠢ ᠵᠠᠮ᠎ᠤᠨ ᠪᠠᠢᠷᠢᠯᠠᠭᠤᠯᠤᠯᠲᠠ᠎ᠶᠢ ᠰᠢᠯᠢᠳᠡᠭᠵᠢᠭᠦᠯᠬᠦ᠂ ᠳᠣᠬᠢᠶ᠎ᠠ᠎ᠶᠢ ᠤᠷᠢᠳ᠎ᠢᠶᠠᠷ ᠪᠣᠳᠣᠯᠬᠢᠯᠠᠬᠤ ᠰᠢᠰᠲᠧᠮ᠎ᠢ ᠲᠡᠭᠦᠯᠳᠡᠷᠵᠢᠭᠦᠯᠬᠦ᠂ ᠭᠠᠷᠠᠮ ᠮᠠᠶᠢᠭ᠋᠎ᠤᠨ ᠵᠣᠭᠰᠣᠭᠠᠯ᠎ᠤᠨ ᠥᠭᠡᠷᠡᠴᠢᠯᠡᠯᠲᠡ᠎ᠶᠢ ᠠᠬᠢᠭᠤᠯᠬᠤ ᠵᠡᠷᠭᠡ ᠠᠭᠤᠯᠭ᠎ᠠ ᠪᠠᠭᠲᠠᠨ᠎ᠠ᠃ 

ᠠᠷᠪᠠ᠎ᠳᠤ᠂ ᠣᠶᠤᠨᠴᠢᠯᠠᠭᠰᠠᠨ ᠪᠣᠬᠢᠷᠲᠤᠯ ᠦᠭᠡᠢ ᠡᠵᠡᠩᠨᠡᠯᠲᠡ᠎ᠶᠢ ᠠᠬᠢᠭᠤᠯᠤᠨ᠎ᠠ᠂ ᠰᠢᠨ᠎ᠡ ᠮᠡᠷᠭᠡᠵᠢᠯ᠎ᠦᠨ ᠬᠡᠷᠡᠭᠯᠡᠯᠲᠡ᠎ᠶᠢ ᠠᠬᠢᠭᠤᠯᠵᠤ᠂ ᠴᠠᠭ᠎ᠲᠤ᠎ᠪᠠᠨ ᠠᠵᠢᠯᠯᠠᠭᠰᠠᠨ ᠨᠤᠷᠮ᠎ᠠ ᠪᠠ ᠠᠵᠢᠯᠯᠠᠭᠠᠨ᠎ᠤ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ᠃ 

ᠠᠷᠪᠠᠨ ᠨᠢᠭᠡ᠎ᠳᠦ᠂ ᠣᠯᠠᠨ ᠲᠦᠮᠡᠨ᠎ᠦ ᠲᠡᠷᠭᠡᠨ᠎ᠳᠦ ᠰᠠᠭᠤᠬᠤ ᠳᠥᠭᠥᠮ ᠳᠥᠲᠡ ᠴᠢᠨᠠᠷ᠎ᠢ ᠳᠡᠭᠡᠭᠰᠢᠯᠡᠭᠦᠯᠦᠨ᠎ᠡ᠂ ᠨᠠᠰᠤᠲᠠᠢᠴᠤᠳ᠂ ᠬᠡᠦᠬᠡᠳ᠂ ᠵᠡᠮᠳᠡᠭᠴᠦᠳ ᠵᠡᠷᠭᠡ ᠬᠥᠮᠥᠰ᠎ᠦᠨ ᠶᠠᠪᠤᠵᠤ ᠰᠠᠭᠤᠬᠤ ᠦᠢᠯᠡᠴᠢᠯᠡᠭᠡ᠎ᠶ᠋ᠢ ᠦᠷᠭᠦᠯᠵᠢᠯᠡᠨ ᠳᠡᠭᠡᠭᠰᠢᠯᠡᠭᠦᠯᠦᠨ᠎ᠡ; ᠠᠮᠢᠳᠤᠯᠢᠭ᠋ ᠪᠥᠭᠡᠳ ᠣᠯᠠᠨ ᠶᠠᠩᠵᠤᠲᠤ ᠦᠢᠯᠡᠴᠢᠯᠡᠭᠡᠨ᠎ᠦ ᠬᠡᠪ ᠵᠠᠭᠪᠤᠷ᠎ᠢ ᠨᠡᠭᠡᠭᠡᠨ ᠬᠥᠭᠵᠢᠭᠦᠯᠵᠦ᠂ ᠬᠠᠩᠭᠠᠯᠭ᠎ᠠ ᠬᠡᠷᠡᠭᠴᠡᠭᠡ᠎ᠶᠢ ᠨᠠᠷᠢᠯᠢᠭ᠋ ᠣᠨᠣᠴᠠᠲᠠᠢ᠎ᠪᠠᠷ ᠲᠣᠬᠢᠷᠠᠭᠤᠯᠬᠤ᠎ᠶᠢ ᠠᠬᠢᠭᠤᠯᠤᠨ᠎ᠠ᠃ 

ᠠᠷᠪᠠᠨ ᠬᠣᠶᠠᠷ᠎ᠲᠤ᠂ ᠠᠵᠤ ᠠᠬᠤᠢᠯᠠᠯ᠎ᠤᠨ ᠣᠯᠠᠨ ᠡᠰᠢᠴᠢᠯᠡᠭᠰᠡᠨ ᠡᠵᠡᠩᠨᠡᠯᠲᠡ᠎ᠶᠢ ᠳᠡᠮᠵᠢᠨ᠎ᠡ᠂ ᠠᠵᠤ ᠠᠬᠤᠢᠯᠠᠯ᠎ᠤᠨ ᠡᠵᠡᠩᠨᠡᠯᠲᠡ ᠦᠢᠯᠡᠴᠢᠯᠡᠭᠡᠨ᠎ᠦ ᠬᠢᠷᠢ ᠲᠦᠪᠰᠢᠨ᠎ᠢᠶᠡᠨ ᠳᠡᠭᠡᠭᠰᠢᠯᠡᠭᠦᠯᠬᠦ᠎ᠶᠢ ᠳᠡᠮᠵᠢᠵᠦ᠂ ᠣᠯᠠᠨ ᠡᠰᠢᠴᠢᠯᠡᠭᠰᠡᠨ ᠡᠵᠡᠩᠨᠡᠯᠲᠡ᠎ᠶᠢ ᠥᠷᠭᠡᠳᠬᠡᠨ᠂ ᠦᠷᠭᠦᠯᠵᠢᠯᠡᠬᠦᠢᠴᠡ ᠬᠥᠭᠵᠢᠯᠲᠡ᠎ᠶᠢᠨ ᠴᠢᠳᠠᠪᠤᠷᠢ᠎ᠶᠢ ᠨᠢ ᠴᠢᠩᠭᠠᠷᠠᠭᠤᠯᠤᠨ᠎ᠠ᠃

ᠠᠷᠪᠠᠨ ᠭᠤᠷᠪᠠ᠎ᠳᠤ᠂ ᠠᠵᠢᠯᠯᠠᠵᠤ ᠪᠠᠢᠭ᠎ᠠ ᠬᠥᠮᠥᠰ᠎ᠦᠨ ᠡᠷᠬᠡ ᠠᠰᠢᠭ᠋᠎ᠢ ᠪᠠᠲᠤᠯᠠᠨ᠎ᠠ᠂ ᠡᠭᠦᠨ᠎ᠳᠦ ᠣᠯᠠᠨ ᠨᠡᠶ᠋ᠢᠲᠡ᠎ᠶ᠋ᠢᠨ ᠵᠠᠮ ᠬᠠᠷᠢᠯᠴᠠᠭᠠᠨ᠎ᠤ ᠠᠵᠢᠯᠲᠠᠨ ᠠᠵᠢᠯᠴᠢᠨ᠎ᠤ ᠴᠠᠯᠢᠩ᠎ᠤᠨ ᠬᠡᠪ᠎ᠦᠨ ᠥᠰᠦᠯᠲᠡ᠎ᠶ᠋ᠢᠨ ᠲᠣᠭᠲᠠᠴᠠ᠎ᠶ᠋ᠢ ᠲᠡᠭᠦᠯᠳᠡᠷᠵᠢᠭᠦᠯᠬᠦ᠂ ᠠᠵᠢᠯᠯᠠᠬᠤ ᠨᠥᠬᠥᠴᠡᠯ᠎ᠢ ᠰᠠᠢᠵᠢᠷᠠᠭᠤᠯᠬᠤ᠂ ᠠᠵᠢᠯ ᠲᠥᠷᠥᠯ᠎ᠦᠨ ᠲᠠᠲᠠᠬᠤ ᠬᠦᠴᠦᠨ᠎ᠢ ᠨᠡᠮᠡᠭᠳᠡᠭᠦᠯᠬᠦ ᠵᠡᠷᠭᠡ ᠠᠭᠤᠯᠭ᠎ᠠ ᠪᠠᠭᠲᠠᠨ᠎ᠠ᠃

ᠠᠷᠪᠠᠨ ᠳᠥᠷᠪᠡ᠎ᠳᠦ᠂ ᠠᠵᠢᠯ᠎ᠤᠨ ᠲᠣᠭᠲᠠᠴᠠ᠎ᠶᠢᠨ ᠪᠠᠲᠤᠯᠠᠭ᠎ᠠ᠎ᠶᠢ ᠴᠢᠩᠭᠠᠳᠬᠠᠨ᠎ᠠ᠂ ᠠᠢᠮᠠᠭ ᠬᠣᠲᠠ᠂ ᠬᠣᠰᠢᠭᠤ ᠰᠢᠶᠠᠨ᠎ᠤ ᠬᠢᠨ ᠡᠯ᠎ᠡ ᠵᠦᠢᠯ᠎ᠦᠨ ᠳᠡᠮᠵᠢᠯᠭᠡ᠎ᠶᠢᠨ ᠲᠥᠷᠥ᠎ᠶᠢᠨ ᠪᠣᠳᠣᠯᠭ᠎ᠠ᠎ᠶᠢ ᠪᠣᠳᠠᠲᠠᠢᠵᠢᠭᠤᠯᠤᠨ ᠨᠠᠢᠳᠠᠪᠤᠷᠢᠵᠢᠭᠤᠯᠬᠤ᠎ᠪᠠᠨ ᠠᠬᠢᠭᠤᠯᠵᠤ᠂ ᠡᠯ᠎ᠡ ᠵᠦᠢᠯ᠎ᠦᠨ ᠲᠥᠷᠥ᠎ᠶᠢᠨ ᠪᠣᠳᠣᠯᠭ᠎ᠠ᠎ᠶᠢ ᠪᠣᠳᠠᠲᠠᠢᠵᠢᠭᠤᠯᠤᠨ ᠨᠠᠢᠳᠠᠪᠤᠷᠢᠵᠢᠭᠤᠯᠬᠤ᠎ᠪᠠᠨ ᠦᠨᠡᠨ ᠬᠦ᠌ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ ᠬᠤᠳᠠ᠎ᠶ᠋ᠢᠨ ᠤᠯᠠᠨ ᠨᠡᠢ᠍ᠢᠳᠡ᠎ᠶ᠋ᠢᠨ ᠵᠠᠮ ᠬᠠᠷᠢᠯᠴᠠᠭᠠᠨ᠎ᠦ ᠠᠵᠢᠯ ᠲᠦᠷᠦᠯ᠎ᠤᠨ ᠬᠥᠭᠵᠢᠯᠲᠡ᠎ᠶ᠋ᠢᠨ ᠦᠢᠯᠡᠴᠢᠯᠡᠭᠡᠨ᠎ᠦ ᠠᠵᠢᠯ᠎ᠢ ᠰᠠᠢᠲᠤᠷ ᠬᠢᠨ᠎ᠡ᠃

ᠭᠤᠷᠪᠠ᠂ ᠰᠢᠨ᠎ᠡ ᠬᠠᠭᠤᠴᠢᠨ ᠲᠦᠷᠦ᠎ᠶᠢᠨ ᠪᠣᠳᠣᠯᠭ᠎ᠠ᠎ᠶᠢᠨ ᠵᠥᠷᠢᠶ᠎ᠡ 

(ᠨᠢᠭᠡ) ᠬᠠᠰᠤᠭᠰᠠᠨ ᠠᠭᠤᠯᠭ᠎ᠠ᠃

ᠨᠢᠭᠡ᠎ᠳᠦ᠂ ᠴᠠᠭ ᠬᠤᠭᠤᠴᠠᠭᠠᠲᠤ ᠴᠢᠨᠠᠷ ᠪᠦᠬᠦᠢ ᠢᠯᠡᠳᠬᠡᠬᠦ ᠴᠢᠨᠠᠷᠲᠠᠢ ᠵᠦᠢᠯ ᠵᠤᠷᠪᠤᠰ᠎ᠢ ᠬᠠᠰᠤᠵᠤ᠂ ᠬᠤᠳᠠ᠎ᠶᠢᠨ ᠤᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠡᠭᠦᠷᠭᠡ ᠴᠢᠳᠠᠪᠤᠷᠢ᠎ᠶᠢ ᠣᠷᠣᠨ ᠰᠠᠭᠤᠴᠠ ᠪᠠ ᠬᠤᠳᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠰᠠᠯᠠᠭ᠎ᠠ ᠮᠥᠴᠢᠷ᠎ᠡᠴᠡ ᠵᠠᠮ ᠲᠡᠭᠡᠭᠡᠪᠦᠷᠢ᠎ᠶᠢᠨ ᠰᠠᠯᠠᠭ᠎ᠠ ᠮᠥᠴᠢᠷ᠎ᠲᠦ ᠬᠤᠪᠢᠶᠠᠷᠢᠯᠠᠨ ᠰᠢᠯᠵᠢᠭᠦᠯᠬᠦ ᠵᠡᠷᠭᠡ ᠨᠢᠭᠡᠨᠲᠡ ᠪᠡᠶᠡᠯᠡᠭᠦᠯᠦᠭᠰᠡᠨ ᠱᠠᠲᠤᠴᠢ ᠴᠢᠨᠠᠷᠲᠠᠢ ᠠᠵᠢᠯ᠎ᠤᠨ ᠠᠭᠤᠯᠭ᠎ᠠ᠎ᠶᠢ ᠬᠠᠰᠤᠪᠠ᠃ ᠬᠣᠶᠠᠷ᠎ᠲᠤ᠂ 《ᠬᠤᠳᠠ᠎ᠶᠢᠨ ᠤᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠳᠦᠷᠢᠮ》 ᠯᠦ᠍ᠭᠡ ᠳᠡᠭᠡᠳᠦ ᠬᠡᠮᠵᠢᠶ᠎ᠡ᠎ᠪᠡᠷ ᠳᠠᠪᠬᠤᠷᠳᠠᠭᠰᠠᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠠᠯ᠎ᠠ᠎ᠶᠢᠨ ᠵᠦᠢᠯ ᠵᠤᠷᠪᠤᠰ᠎ᠢ ᠬᠠᠰᠤᠪᠠ᠃ ᠭᠤᠷᠪᠠ᠎ᠳᠤ᠂ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠵᠤ ᠬᠡᠷᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢ ᠰᠤᠳᠤᠯᠤᠨ ᠨᠡᠭᠡᠭᠡᠵᠦ ᠳᠡᠯᠭᠡᠷᠡᠭᠦᠯᠬᠦ᠂ ᠬᠥᠭᠵᠢᠯᠲᠡ᠎ᠶᠢᠨ ᠬᠢᠷᠢ ᠲᠦᠪᠰᠢᠨ᠎ᠢ ᠦᠨᠡᠯᠡᠬᠦ ᠵᠡᠷᠭᠡ ᠬᠡᠷᠡᠭᠵᠢᠭᠦᠯᠬᠦ ᠨᠠᠷᠢᠨ ᠳᠦᠷᠢᠮ᠎ᠦᠨ ᠲᠦᠷᠦᠯ᠎ᠦᠨ ᠲᠤᠬᠠᠢ ᠬᠡᠲᠦᠷᠬᠡᠢ ᠪᠣᠳᠠᠲᠠᠢ ᠬᠡᠷᠡᠭᠵᠢᠭᠦᠯᠬᠦ ᠨᠠᠷᠢᠨ ᠳᠦᠷᠢᠮ᠎ᠦᠨ ᠵᠦᠢᠯ ᠵᠤᠷᠪᠤᠰ᠎ᠢ ᠬᠠᠰᠤᠵᠤ᠂ ᠬᠣᠯᠪᠣᠭᠳᠠᠯ ᠪᠦᠬᠦᠢ ᠠᠭᠤᠯᠭ᠎ᠠ᠎ᠶᠢ ᠪᠤᠰᠤᠳ ᠬᠡᠰᠡᠭ᠎ᠲᠦ ᠲᠣᠬᠢᠷᠠᠭᠤᠯᠵᠤ᠂ ᠲᠦᠷᠦ᠎ᠶᠢᠨ ᠪᠣᠳᠣᠯᠭ᠎ᠠ᠎ᠶᠢᠨ ᠰᠢᠰᠲᠧᠮᠲᠦ ᠴᠢᠨᠠᠷ᠎ᠢ ᠳᠡᠭᠡᠭᠰᠢᠯᠡᠭᠦᠯᠪᠡ᠃ 

(ᠬᠣᠶᠠᠷ) ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠭᠰᠡᠨ ᠠᠭᠤᠯᠭ᠎ᠠ᠃

1. ᠡᠳ᠋᠎ᠦᠨ ᠵᠠᠰᠠᠭ᠎ᠠᠴᠠ ᠳᠡᠮᠵᠢᠬᠦ ᠲᠥᠷᠥ᠎ᠶᠢᠨ ᠪᠣᠳᠣᠯᠭ᠎ᠠ᠎ᠶᠢᠨ ᠲᠠᠯ᠎ᠠ᠎ᠪᠠᠷ᠂ ᠤᠤᠯ᠎ᠤᠨ ᠪᠢᠴᠢᠭ ᠮᠠᠲᠧᠷᠢᠶᠠᠯ᠎ᠳᠤ ᠲᠣᠭᠲᠠᠭᠠᠭᠰᠠᠨ ᠡᠳ᠋᠎ᠦᠨ ᠵᠠᠰᠠᠭ᠎ᠤᠨ ᠲᠥᠰᠥᠪ᠎ᠦᠨ 2%᠂ ᠭᠠᠵᠠᠷ ᠰᠢᠷᠣᠢ᠎ᠶᠢᠨ ᠰᠢᠯᠵᠢᠭᠦᠯᠦᠨ ᠬᠤᠳᠠᠯᠳᠤᠭᠰᠠᠨ ᠮᠥᠩᠭᠥᠨ᠎ᠦ 3% ᠵᠡᠷᠭᠡ ᠵᠠᠢᠯᠠᠰᠢ ᠦᠭᠡᠢ ᠴᠢᠨᠠᠷ ᠲᠠᠢ ᠪᠡᠯᠡ ᠣᠷᠣᠭᠤᠯᠤᠯᠲᠠ᠎ᠶᠢᠨ ᠬᠠᠷᠢᠴᠠᠯ᠎ᠤᠨ ᠱᠠᠭᠠᠷᠳᠠᠯᠭ᠎ᠠ᠎ᠶᠢ ᠬᠦᠴᠦᠨ ᠦᠭᠡᠢ ᠪᠣᠯᠭᠠᠵᠤ᠂ ᠦᠨᠳᠦᠰᠦᠨ ᠱᠠᠲᠤᠨ᠎ᠤ ᠲᠤᠰᠬᠠᠯ ᠶᠡᠬᠡᠲᠡᠢ ᠪᠠᠢᠭ᠎ᠠ ᠲᠠᠰᠤᠯᠤᠨ ᠦᠯᠡᠳᠡᠭᠡᠵᠦ ᠨᠡᠭᠦᠯᠭᠡᠨ ᠬᠡᠷᠡᠭᠯᠡᠬᠦ ᠠᠰᠠᠭᠤᠳᠠᠯ᠎ᠢ ᠬᠦᠴᠦᠯᠡᠨ ᠰᠢᠢᠳᠪᠦᠷᠢᠯᠡᠵᠦ᠂ ᠲᠤᠰᠬᠠᠢ ᠵᠦᠢᠯ᠎ᠦᠨ ᠪᠡᠯᠡ ᠮᠥᠩᠭᠥ᠎ᠶᠢ ᠲᠣᠭᠲᠠᠭᠠᠯ᠎ᠠᠴᠠ ᠵᠥᠷᠢᠴᠡᠨ ᠰᠢᠬᠠᠨ ᠡᠵᠡᠯᠡᠬᠦ᠂ ᠨᠡᠭᠦᠯᠭᠡᠨ ᠬᠡᠷᠡᠭᠯᠡᠬᠦ ᠶᠠᠮᠠᠷᠪᠠ ᠬᠡᠯᠪᠡᠷᠢ᠎ᠶᠢᠨ ᠦᠢᠯᠡ ᠠᠵᠢᠯᠯᠠᠭ᠎ᠠ᠎ᠶᠢ ᠲᠣᠳᠣᠷᠬᠠᠢ ᠴᠠᠭᠠᠵᠠᠯᠠᠭᠰᠠᠨ᠎ᠤ ᠬᠠᠮᠲᠤ᠂ ᠥᠷᠢᠲᠦᠵᠦ ᠪᠠᠢᠭ᠎ᠠ ᠪᠡᠯᠡ ᠮᠥᠩᠭᠥ᠎ᠶᠢ ᠲᠥᠯᠥᠵᠦ ᠳᠠᠭᠤᠰᠬᠠᠨ᠂ ᠣᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠠᠵᠤ ᠠᠬᠤᠢᠯᠠᠯ᠎ᠤᠨ ᠬᠡᠪ᠎ᠦᠨ ᠡᠵᠡᠩᠨᠡᠯᠲᠡ᠎ᠶᠢ ᠪᠠᠲᠤᠯᠠᠵᠤ᠂ ᠠᠳᠠᠯᠢ ᠪᠤᠰᠤ ᠥᠮᠴᠢᠯᠡᠯ᠎ᠦᠨ ᠡᠵᠡᠩᠨᠡᠯᠲᠡ᠎ᠶᠢᠨ ᠭᠣᠣᠯ ᠴᠣᠭᠴᠠ᠎ᠳᠤ ᠡᠷᠬᠡ ᠲᠡᠭᠰᠢ᠎ᠪᠡᠷ ᠬᠠᠨᠳᠤᠵᠤ᠂ ᠠᠷᠠᠳ᠎ᠠᠴᠠ ᠡᠵᠡᠩᠨᠡᠭᠰᠡᠨ ᠠᠵᠤ ᠠᠬᠤᠢᠯᠠᠯ᠎ᠳᠤ ᠡᠷᠬᠡ ᠲᠡᠭᠰᠢ᠎ᠪᠡᠷ ᠥᠷᠢᠰᠦᠯᠳᠦᠬᠦ ᠣᠷᠴᠢᠨ ᠨᠥᠬᠥᠴᠡᠯ᠎ᠢ ᠪᠤᠢ ᠪᠣᠯᠭᠠᠵᠤ ᠥᠭᠬᠦ᠎ᠶᠢ ᠴᠢᠬᠤᠯᠠᠴᠢᠯᠠᠪᠠ᠃

2. ᠭᠠᠵᠠᠷ ᠰᠢᠷᠣᠢ ᠬᠠᠩᠭᠠᠬᠤ ᠲᠥᠷᠥ᠎ᠶᠢᠨ ᠪᠣᠳᠣᠯᠭ᠎ᠠ᠎ᠶᠢᠨ ᠲᠠᠯ᠎ᠠ᠎ᠪᠠᠷ᠂ ᠰᠠᠯᠠᠭ᠎ᠠ ᠮᠥᠴᠢᠷ᠎ᠦᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠵᠡᠷᠭᠡ ᠥᠷᠭᠡᠨ ᠳᠡᠯᠭᠡᠷᠡᠩᠭᠦᠢ ᠱᠠᠭᠠᠷᠳᠠᠯᠭ᠎ᠠ᠎ᠶᠢ ᠬᠠᠰᠤᠵᠤ᠂ ᠬᠣᠲᠠ᠎ᠶᠢᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠦᠨ ᠵᠠᠮ ᠬᠠᠷᠢᠯᠴᠠᠭᠠᠨ᠎ᠤ ᠨᠥᠯᠥᠭᠡ᠎ᠶᠢ ᠦᠨᠡᠯᠡᠬᠦ ᠳᠦᠷᠢᠮ ᠪᠠ ᠣᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠪᠡᠯᠡᠳᠬᠡᠮᠵᠢ᠎ᠶᠢ ᠲᠣᠬᠢᠷᠠᠭᠤᠯᠤᠨ ᠪᠠᠶ᠋ᠢᠭᠤᠯᠬᠤ ᠪᠠᠷᠢᠮᠵᠢᠶ᠎ᠠ᠎ᠶᠢ ᠴᠢᠩᠭ᠎ᠠ ᠬᠡᠷᠡᠭᠵᠢᠭᠦᠯᠬᠦ᠎ᠶᠢᠨ ᠬᠠᠮᠲᠤ᠂ ᠨᠥᠭᠡᠴᠡ ᠡᠬᠢ ᠪᠠᠶᠠᠯᠢᠭ᠋᠎ᠢ ᠶᠡᠷᠦᠩᠬᠡᠢᠯᠡᠨ ᠨᠡᠭᠡᠭᠡᠨ ᠠᠰᠢᠭ᠍ᠯᠠᠬᠤ᠎ᠶᠢ ᠳᠣᠪᠣᠶ᠋ᠢᠯᠭᠠᠬᠤ᠎ᠶᠢ ᠱᠠᠭᠠᠷᠳᠠᠪᠠ᠃

3. ᠵᠠᠮ᠎ᠤᠨ ᠡᠷᠬᠡ᠎ᠶᠢᠨ ᠳᠣᠬᠢᠶ᠎ᠠ᠎ᠶᠢᠨ ᠪᠠᠲᠤᠯᠠᠭ᠎ᠠ᠎ᠶᠢᠨ ᠲᠠᠯ᠎ᠠ᠎ᠪᠠᠷ᠂ ᠬᠡᠷᠡᠭᠵᠢᠭᠦᠯᠬᠦ᠎ᠪᠡᠨ ᠵᠣᠭᠰᠣᠭᠠᠭᠰᠠᠨ 《ᠣᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠬᠣᠲᠠ》᠎ᠶᠢ ᠡᠭᠦᠳᠦᠨ ᠪᠠᠶ᠋ᠢᠭᠤᠯᠬᠤ ᠵᠡᠷᠭᠡ ᠠᠵᠢᠯ᠎ᠤᠨ ᠠᠭᠤᠯᠭ᠎ᠠ᠎ᠶᠢ ᠬᠠᠰᠤᠵᠤ᠂ ᠣᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠲᠤᠰᠬᠠᠢ ᠵᠠᠮ ᠭᠠᠷᠭᠠᠬᠤ᠂ ᠳᠣᠬᠢᠶ᠎ᠠ᠎ᠶᠢ ᠤᠷᠢᠳ᠎ᠢᠶᠠᠷ ᠲᠠᠯᠪᠢᠬᠤ᠂ ᠵᠣᠭᠰᠣᠭᠠᠯ ᠥᠷᠲᠡᠭᠡᠨ᠎ᠦ ᠶᠡᠨᠳᠡᠷ᠎ᠢ ᠥᠭᠡᠷᠡᠴᠢᠯᠡᠨ ᠪᠠᠶ᠋ᠢᠭᠤᠯᠬᠤ ᠵᠡᠷᠭᠡ ᠪᠣᠳᠠᠲᠠᠢ ᠠᠷᠭ᠎ᠠ ᠬᠡᠮᠵᠢᠶ᠎ᠡ᠎ᠶᠢ ᠨᠠᠷᠢᠯᠢᠭ᠍ᠵᠢᠭᠤᠯᠵᠤ᠂ ᠣᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠠᠵᠢᠯᠯᠠᠭᠠᠨ᠎ᠤ ᠦᠷ᠎ᠡ ᠪᠦᠲᠦᠮᠵᠢ ᠳᠣᠣᠷ᠎ᠠ ᠪᠠᠢᠬᠤ ᠠᠰᠠᠭᠤᠳᠠᠯ᠎ᠢ ᠨᠠᠮᠳᠠᠭᠤᠯᠵᠤ᠂ ᠣᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠦᠢᠯᠡᠴᠢᠯᠡᠭᠡᠨ᠎ᠦ ᠲᠠᠲᠠᠬᠤ ᠬᠦᠴᠦᠨ᠎ᠢ ᠴᠢᠩᠭᠠᠷᠠᠭᠤᠯᠪᠠ᠃

4. ᠠᠵᠢᠯᠯᠠᠵᠤ ᠪᠠᠢᠭ᠎ᠠ ᠬᠥᠮᠥᠰ᠎ᠦᠨ ᠡᠷᠬᠡ ᠠᠰᠢᠭ᠋᠎ᠢ ᠪᠠᠲᠤᠯᠠᠬᠤ ᠲᠠᠯ᠎ᠠ᠎ᠪᠠᠷ᠂ ᠴᠠᠯᠢᠩ᠎ᠢ ᠴᠠᠭ ᠲᠤᠬᠠᠢ᠎ᠳᠦ ᠨᠢ ᠲᠣᠭ᠎ᠠ ᠶᠣᠰᠣᠭᠠᠷ ᠥᠭᠬᠦ᠂ ᠨᠡᠢᠭᠡᠮ᠎ᠦᠨ ᠳᠠᠭᠠᠳᠬᠠᠯ᠎ᠢ ᠬᠠᠤᠯᠢ ᠶᠣᠰᠣᠭᠠᠷ ᠲᠤᠰᠢᠶᠠᠬᠤ ᠵᠡᠷᠭᠡ ᠠᠵᠢᠯᠯᠠᠵᠤ ᠪᠠᠢᠭ᠎ᠠ ᠬᠥᠮᠥᠰ᠎ᠦᠨ ᠦᠨᠳᠦᠰᠦᠨ ᠡᠷᠬᠡ ᠠᠰᠢᠭ᠋᠎ᠢ ᠪᠠᠲᠤᠯᠠᠬᠤ ᠡᠷᠴᠢᠮ᠎ᠢ ᠴᠢᠩᠭᠠᠷᠠᠭᠤᠯᠵᠤ᠂ ᠠᠵᠢᠯᠯᠠᠵᠤ ᠪᠠᠢᠭ᠎ᠠ ᠬᠥᠮᠥᠰ᠎ᠦᠨ ᠡᠩᠨᠡᠭᠡᠨ᠎ᠦ ᠲᠣᠭᠲᠠᠭᠤᠨ ᠴᠢᠨᠠᠷ᠎ᠢ ᠴᠢᠩᠭᠠᠷᠠᠭᠤᠯᠪᠠ᠃

5. ᠠᠵᠢᠯ᠎ᠤᠨ ᠲᠣᠭᠲᠠᠴᠠ᠎ᠶᠢᠨ ᠲᠠᠯ᠎ᠠ᠎ᠪᠠᠷ᠂ ᠠᠢᠮᠠᠭ ᠬᠤᠳᠠ᠂ ᠬᠣᠰᠢᠭᠤ ᠰᠢᠶᠠᠨ᠎ᠤ ᠡᠯ᠎ᠡ ᠱᠠᠲᠤᠨ᠎ᠦ ᠵᠠᠰᠠᠭ᠎ᠤᠨ ᠣᠷᠳᠣᠨ᠎ᠤ ᠬᠤᠳᠠ᠎ᠶᠢᠨ ᠤᠯᠠᠨ ᠨᠡᠶ᠋ᠢᠲᠡ᠎ᠶᠢᠨ ᠵᠠᠮ ᠬᠠᠷᠢᠯᠴᠠᠭ᠎ᠠ᠎ᠶᠢ ᠬᠥᠭᠵᠢᠭᠦᠯᠬᠦ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠲᠣᠳᠣᠷᠬᠠᠢᠯᠠᠵᠤ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠳᠦ ᠢᠵᠢ ᠪᠦᠷᠢᠳᠦᠭᠦᠯᠬᠦ ᠠᠵᠢᠯ᠎ᠤᠨ ᠵᠦᠭᠯᠡᠭᠦᠷ ᠲᠣᠭᠲᠠᠭᠠᠬᠤ᠎ᠶᠢ ᠱᠠᠭᠠᠷᠳᠠᠵᠤ᠂ ᠠᠵᠢᠯ ᠲᠥᠷᠥᠯ᠎ᠤᠨ ᠨᠡᠢᠭᠡᠮᠯᠢᠭ ᠪᠠᠶ᠋ᠢᠭᠤᠯᠬᠤ᠎ᠶᠢ ᠠᠬᠢᠭᠤᠯᠵᠤ᠂ ᠠᠵᠢᠯ ᠲᠥᠷᠥᠯ᠎ᠤᠨ ᠬᠥᠭᠵᠢᠯᠲᠡ᠎ᠶᠢᠨ ᠦᠢᠯᠡᠴᠢᠯᠡᠭᠡᠨ᠎ᠤ ᠲᠣᠭ᠍ᠲᠠᠯᠴᠠᠭ᠎ᠠ᠎ᠶᠢ ᠲᠡᠭᠦᠯᠳᠡᠷᠵᠢᠭᠦᠯᠦᠨ᠎ᠡ᠃ 

(ᠭᠤᠷᠪᠠ) ᠰᠢᠨ᠎ᠡ᠎ᠪᠡᠷ ᠨᠡᠮᠡᠭᠰᠡᠨ ᠠᠭᠤᠯᠭ᠎ᠠ᠃

ᠨᠢᠭᠡ᠎ᠳᠦ᠂ ᠤᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠬᠥᠭᠵᠢᠯᠲᠡ᠎ᠶᠢᠨ ᠰᠠᠭᠤᠷᠢ᠎ᠶᠢ ᠪᠡᠬᠢᠵᠢᠭᠦᠯᠦᠨ᠎ᠡ᠂ ᠡᠯ᠎ᠡ ᠭᠠᠵᠠᠷ᠎ᠲᠤ ᠲᠤᠰ ᠭᠠᠵᠠᠷ ᠣᠷᠣᠨ᠎ᠤ ᠠᠵᠤ ᠦᠢᠯᠡᠰ᠎ᠦᠨ ᠪᠠᠢᠷᠢᠰᠢᠯ᠂ ᠬᠥᠮᠥᠨ ᠠᠮᠠ᠎ᠶᠢᠨ ᠲᠠᠷᠬᠠᠯᠲᠠ ᠪᠠ ᠤᠯᠠᠨ ᠲᠦᠮᠡᠨ᠎ᠦ ᠶᠠᠪᠤᠵᠤ ᠰᠠᠭᠤᠬᠤ ᠣᠨᠴᠠᠯᠢᠭ᠋ ᠵᠡᠷᠭᠡ ᠡᠯᠧᠮᠧᠨ᠋ᠲ ᠯᠦ᠍ᠭᠡ ᠤᠶᠠᠯᠳᠤᠭᠤᠯᠵᠤ᠂ ᠤᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠬᠥᠭᠵᠢᠯᠲᠡ᠎ᠶᠢᠨ ᠬᠡᠪ ᠵᠠᠭᠪᠤᠷ᠂ ᠦᠢᠯᠡᠴᠢᠯᠡᠭᠡᠨ᠎ᠦ ᠪᠠᠷᠢᠮᠵᠢᠶ᠎ᠠ᠎ᠶᠢ ᠰᠢᠨᠵᠢᠯᠡᠬᠦ ᠤᠬᠠᠭᠠᠨᠴᠢ᠎ᠪᠠᠷ ᠲᠣᠭᠲᠠᠭᠠᠵᠤ᠂ ᠤᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠦᠢᠯᠡᠴᠢᠯᠡᠭᠡᠨ᠎ᠦ ᠬᠠᠩᠭᠠᠯᠭ᠎ᠠ᠎ᠶᠢ ᠣᠷᠣᠨ ᠪᠦᠰᠡ᠎ᠶᠢᠨ ᠬᠥᠭᠵᠢᠯᠲᠡ᠎ᠶᠢᠨ ᠬᠡᠷᠡᠭᠴᠡᠭᠡ ᠯᠦ᠍ᠭᠡ ᠬᠠᠷᠢᠯᠴᠠᠨ ᠵᠣᠬᠢᠴᠠᠭᠤᠯᠬᠤ᠎ᠶᠢ ᠦᠨᠡᠨ ᠬᠦ᠌ ᠪᠠᠲᠤᠯᠠᠬᠤ᠎ᠪᠠᠷ ᠱᠠᠭᠠᠷᠳᠠᠪᠠ; ᠬᠣᠶᠠᠷ᠎ᠲᠤ᠂ ᠣᠨᠴᠠ ᠵᠥᠪᠰᠢᠶᠡᠷᠡᠯ ᠲᠡᠢ ᠡᠵᠡᠩᠨᠡᠯᠲᠡ᠎ᠶᠢᠨ ᠵᠢᠷᠤᠮᠵᠢᠭ᠍ᠰᠠᠨ ᠬᠠᠮᠢᠶᠠᠷᠤᠯᠲᠠ᠎ᠶᠢᠨ ᠳᠦᠷᠢᠮ᠎ᠢ ᠵᠢᠷᠤᠮᠵᠢᠭᠤᠯᠵᠤ᠂ ᠡᠯ᠎ᠡ ᠭᠠᠵᠠᠷ᠎ᠲᠤ 2025 ᠣᠨ᠎ᠤ ᠰᠡᠭᠦᠯᠴᠢ᠎ᠡᠴᠡ ᠡᠮᠦᠨ᠎ᠡ ᠣᠨᠴᠠ ᠵᠥᠪᠰᠢᠶᠡᠷᠡᠯ ᠲᠡᠢ ᠡᠵᠡᠩᠨᠡᠯᠲᠡ᠎ᠶᠢᠨ ᠵᠥᠪᠯᠡᠯᠴᠡᠭᠡᠷ ᠲᠣᠭᠲᠠᠬᠤ ᠠᠵᠢᠯ᠎ᠢᠶᠠᠨ ᠪᠥᠬᠥ ᠲᠠᠯ᠎ᠠ᠎ᠪᠠᠷ ᠪᠡᠶᠡᠯᠡᠭᠦᠯᠵᠦ᠂ ᠲᠡᠭᠡᠭᠡᠪᠦᠷᠢᠯᠡᠬᠦ᠎ᠪᠡᠨ ᠵᠣᠭᠰᠤᠭᠠᠬᠤ ᠲᠦᠭᠰᠢᠭᠦᠷᠢ᠎ᠶᠢ ᠰᠡᠷᠭᠡᠢᠯᠡᠬᠦ ᠬᠡᠷᠡᠭᠲᠡᠢ ᠭᠡᠵᠦ ᠲᠣᠳᠣᠷᠬᠠᠢ ᠱᠠᠭᠠᠷᠳᠠᠪᠠ; ᠭᠤᠷᠪᠠ᠎ᠳᠤ᠂ ᠬᠥᠭᠵᠢᠯᠲᠡ᠎ᠶᠢᠨ ᠤᠷᠮᠠᠰᠢᠭᠤᠯᠬᠤ ᠲᠣᠭᠲᠠᠴᠠ᠎ᠳᠤ ᠰᠢᠨ᠎ᠡ᠎ᠶᠢ ᠡᠭᠦᠳᠴᠦ᠂ ᠲᠦᠷᠦ᠎ᠶᠢᠨ ᠪᠣᠳᠣᠯᠭ᠎ᠠ᠎ᠶᠢᠨ ᠲᠠᠯ᠎ᠠ᠎ᠠᠴᠠ ᠣᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠠᠵᠤ ᠠᠬᠤᠢᠯᠠᠯ᠎ᠤᠨ ᠪᠢᠴᠢᠯ ᠡᠷᠭᠢᠯᠲᠡᠲᠦ ᠣᠯᠠᠨ ᠨᠡᠶ᠋ᠢᠲᠡ᠎ᠶᠢᠨ ᠵᠠᠮ ᠬᠠᠷᠢᠯᠴᠠᠭ᠎ᠠ᠂ ᠥᠪᠡᠷᠮᠢᠴᠡ ᠵᠠᠬᠢᠶᠠᠯᠠᠭ᠎ᠠ ᠲᠠᠢ ᠣᠯᠠᠨ ᠨᠡᠶ᠋ᠢᠲᠡ᠎ᠶᠢᠨ ᠵᠠᠮ ᠬᠠᠷᠢᠯᠴᠠᠭ᠎ᠠ ᠵᠡᠷᠭᠡ ᠰᠢᠨ᠎ᠡ ᠮᠠᠶᠢᠭ᠋᠎ᠤᠨ ᠦᠢᠯᠡᠴᠢᠯᠡᠭᠡᠨ᠎ᠦ ᠬᠡᠪ ᠵᠠᠭᠪᠤᠷ᠎ᠢ ᠢᠳᠡᠪᠬᠢᠲᠡᠢ ᠬᠥᠭᠵᠢᠭᠦᠯᠬᠦ᠎ᠶᠢ ᠨᠢ ᠵᠣᠷᠢᠭ᠍ᠵᠢᠭᠤᠯᠵᠤ᠂ ᠠᠵᠤ ᠠᠬᠤᠢᠯᠠᠯ᠎ᠤᠨ ᠤᠯᠠᠨ ᠡᠰᠢᠴᠢᠯᠡᠭᠰᠡᠨ ᠡᠵᠡᠩᠨᠡᠯᠲᠡ᠎ᠶᠢᠨ ᠠᠷᠭ᠎ᠠ ᠵᠠᠮ᠎ᠢᠶᠠᠨ ᠥᠷᠭᠡᠳᠬᠡᠬᠦ᠎ᠶᠢ ᠲᠡᠮᠵᠢᠵᠤ᠂ ᠠᠵᠤ ᠠᠬᠤᠢᠯᠠᠯ᠎ᠤᠨ ᠥᠪᠡᠷ᠎ᠦᠨ ᠪᠣᠳᠠᠲᠤ ᠬᠦᠴᠦᠨ᠎ᠢᠶᠡᠨ ᠰᠡᠷᠭᠦᠭᠡᠬᠦ ᠴᠢᠳᠠᠮᠵᠢ ᠪᠠ ᠬᠥᠭᠵᠢᠯᠲᠡ᠎ᠶᠢᠨ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠦᠨ᠎ᠡ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ