ᠨᠢᠭᠡ᠂ ᠨᠡᠢᠲᠡᠯᠡᠭᠰᠡᠨ ᠠᠬᠤᠢ ᠪᠠᠢᠳᠠᠯ
《ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠡᠴᠡ ᠰᠣᠶᠣᠯ᠎ᠤᠨ ᠴᠢᠨᠠᠷ ᠰᠠᠢᠲᠠᠢ ᠬᠥᠭᠵᠢᠯᠲᠡ᠎ᠶᠢ ᠲᠦᠯᠬᠢᠨ ᠠᠬᠢᠭᠤᠯᠬᠤ ᠲᠤᠬᠠᠢ ᠠᠵᠤ ᠠᠬᠤᠢ᠎ᠶᠢᠨ ᠲᠥᠷᠥ᠎ᠶᠢᠨ ᠪᠣᠳᠣᠯᠭ᠎ᠠ᠎ᠨᠤᠭᠤᠳ᠎ᠢ ᠳᠠᠷᠤᠮᠠᠯᠯᠠᠨ ᠶᠠᠪᠤᠭᠤᠯᠬᠤ ᠤᠴᠢᠷ》(ᠲᠥᠷᠥ ᠠᠯᠪᠠᠨ ᠲᠠᠷᠬᠠᠭᠠᠭᠰᠠᠨ[2025] 4 ᠳ᠋ᠦ᠍ᠭᠡᠷ ᠲᠣᠭᠠᠲᠤ )᠎ᠤᠨ ᠵᠣᠷᠢᠭ᠋ ᠰᠠᠨᠠᠭ᠎ᠠ᠎ᠶᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠰᠣᠶᠣᠯ᠎ᠤᠨ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ ᠲᠠᠢ ᠨᠢᠭ᠍ᠲᠠ ᠤᠶᠠᠯᠳᠤᠭᠤᠯᠵᠤ ᠠᠷᠠᠳ ᠣᠯᠠᠨ᠎ᠤ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠣᠶᠤᠨ᠎ᠤ ᠰᠣᠶᠣᠯ᠎ᠤᠨ ᠬᠡᠷᠡᠭᠴᠡᠭᠡ ᠱᠠᠭᠠᠷᠳᠠᠯᠭ᠎ᠠ᠎ᠶᠢ ᠤᠯᠠᠮ ᠨᠢᠭᠡ ᠠᠯᠬᠤᠮ ᠬᠠᠩᠭᠠᠵᠤ᠂ ᠰᠣᠶᠣᠯ᠎ᠤᠨ ᠴᠢᠨᠠᠷ ᠰᠠᠢᠲᠠᠢ ᠬᠥᠭᠵᠢᠯᠲᠡ᠎ᠶᠢ ᠲᠦᠯᠬᠢᠨ ᠠᠬᠢᠭᠤᠯᠬᠤ᠎ᠶᠢᠨ ᠲᠤᠰᠠᠲᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠡᠴᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ〈ᠰᠣᠶᠣᠯ᠎ᠤᠨ ᠴᠢᠨᠠᠷ ᠰᠠᠢᠲᠠᠢ ᠬᠥᠭᠵᠢᠯᠲᠡ᠎ᠶᠢ ᠲᠦᠯᠬᠢᠨ ᠠᠬᠢᠭᠤᠯᠬᠤ ᠲᠤᠬᠠᠢ ᠠᠵᠤ ᠠᠬᠤᠢ᠎ᠶᠢᠨ ᠲᠥᠷᠥ᠎ᠶᠢᠨ ᠪᠣᠳᠣᠯᠭ᠎ᠠ᠎ᠨᠤᠭᠤᠳ〉᠎ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢᠨ ᠬᠡᠷᠡᠭᠵᠢᠭᠦᠯᠬᠦ ᠲᠥᠰᠥᠯ》 (ᠥᠪᠥᠷ ᠵᠠᠰᠠᠭ ᠠᠯᠪᠠᠨ ᠲᠠᠷᠬᠠᠭᠠᠭᠰᠠᠨ [2025] 33 ᠳ᠋ᠤᠭᠠᠷ ᠲᠣᠭᠠᠲᠤ) (ᠳᠣᠷᠣᠭ᠍ᠰᠢ 《ᠬᠡᠷᠡᠭᠵᠢᠭᠦᠯᠬᠦ ᠲᠥᠰᠥᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠶᠠᠪᠤᠭᠤᠯᠪᠠ᠃
ᠬᠣᠶᠠᠷ᠂ ᠭᠣᠣᠯ ᠠᠭᠤᠯᠭ᠎ᠠ
《ᠬᠡᠷᠡᠭᠵᠢᠭᠦᠯᠬᠦ ᠲᠥᠰᠥᠯ》᠎ᠢ ᠭᠣᠣᠯ ᠡᠭᠦᠷᠭᠡ ᠪᠠ ᠵᠣᠬᠢᠶᠠᠨ ᠪᠠᠢᠭᠤᠯᠵᠤ ᠬᠡᠷᠡᠭᠵᠢᠭᠦᠯᠬᠦ ᠭᠡᠬᠦ ᠬᠣᠶᠠᠷ ᠠᠭᠤᠯᠭ᠎ᠠ ᠬᠤᠪᠢᠶᠠᠪᠠ᠂ ᠲᠡᠭᠦᠨ᠎ᠦ ᠭᠣᠣᠯ ᠡᠭᠦᠷᠭᠡ᠎ᠳᠦ ᠲᠤᠯᠤᠭᠠᠨ ᠬᠡᠰᠡᠭ ᠪᠠᠭᠲᠠᠨ᠎ᠠ᠃ ᠨᠢᠭᠡ᠎ᠳᠦ᠂ ᠡᠳ᠋᠎ᠦᠨ ᠵᠠᠰᠠᠭ᠎ᠤᠨ ᠳᠡᠮᠵᠢᠯᠭᠡ᠂ ᠰᠣᠶᠣᠯ᠎ᠤᠨ ᠬᠦᠴᠦᠷᠬᠡᠭ ᠣᠷᠣᠨ᠎ᠤ ᠪᠠᠢᠭᠤᠯᠤᠯᠲᠠ ᠯᠤᠭ᠎ᠠ ᠵᠣᠬᠢᠴᠠᠯᠳᠤᠭᠰᠠᠨ ᠡᠳ᠋᠎ᠦᠨ ᠵᠠᠰᠠᠭ᠎ᠤᠨ ᠣᠷᠣᠭᠤᠯᠤᠯᠲᠠ᠎ᠶᠢᠨ ᠲᠣᠭᠲᠠᠴᠠ᠎ᠶᠢ ᠪᠠᠢᠭᠤᠯᠤᠨ ᠪᠦᠷᠢᠨᠰᠢᠭᠦᠯᠵᠦ᠂ ᠣᠯᠠᠨ ᠡᠰᠢᠵᠢᠭᠰᠡᠨ ᠣᠷᠣᠭᠤᠯᠤᠯᠲᠠ᠎ᠶᠢᠨ ᠬᠡᠪ ᠵᠠᠭᠪᠤᠷ᠎ᠢ ᠲᠡᠭᠦᠯᠳᠡᠷᠵᠢᠭᠦᠯᠦᠨ᠂ ᠰᠣᠶᠣᠯ᠎ᠤᠨ ᠬᠦᠷᠢᠶᠡᠨ᠎ᠦ ᠭᠣᠣᠯᠳᠠᠯᠭ᠎ᠠ ᠪᠣᠯᠬᠤ ᠡᠭᠦᠷᠭᠡ᠎ᠶᠢᠨ ᠬᠡᠷᠡᠭᠵᠢᠭᠦᠯᠦᠭᠳᠡᠬᠦ᠎ᠶᠢ ᠪᠠᠲᠤᠯᠠᠵᠤ᠂ ᠤᠮᠠᠷᠠᠲᠤ ᠬᠢᠵᠠᠭᠠᠷ᠎ᠤᠨ ᠰᠣᠶᠣᠯ᠎ᠤᠨ ᠣᠨᠣᠯ᠎ᠢ ᠰᠤᠳᠤᠯᠤᠨ ᠲᠠᠢᠯᠪᠤᠷᠢᠯᠠᠬᠤ᠂ ᠠᠭᠤᠯᠭ᠎ᠠ᠎ᠶᠢ ᠵᠣᠬᠢᠶᠠᠨ ᠪᠦᠲᠦᠭᠡᠬᠦ᠂ ᠤᠬᠠᠭᠤᠯᠤᠨ ᠳᠡᠯᠭᠡᠷᠡᠭᠦᠯᠬᠦ ᠲᠥᠷᠥᠯ ᠵᠦᠢᠯ᠎ᠦᠨ ᠪᠠᠢᠭᠤᠯᠤᠯᠲᠠ ᠵᠡᠷᠭᠡ ᠲᠠᠯ᠎ᠠ᠎ᠪᠠᠷ ᠬᠢ ᠡᠳ᠋᠎ᠦᠨ ᠵᠠᠰᠠᠭ᠎ᠤᠨ ᠳᠡᠮᠵᠢᠯᠭᠡ᠎ᠶᠢᠨ ᠴᠢᠭᠯᠡᠯ᠎ᠢ ᠲᠣᠳᠣᠷᠬᠠᠢ ᠪᠣᠯᠭᠠᠪᠠ᠃ ᠬᠣᠶᠠᠷ᠎ᠲᠤ ᠭᠠᠢᠯᠢ ᠲᠠᠲᠠᠪᠤᠷᠢ᠎ᠶᠢᠨ ᠬᠠᠷᠠᠭᠠᠯᠵᠠᠯ᠂ ᠰᠣᠶᠣᠯ᠎ᠤᠨ ᠥᠷᠲᠡᠭ ᠨᠡᠮᠡᠭᠳᠡᠯ᠎ᠦᠨ ᠭᠠᠢᠯᠢ᠂ ᠳᠦᠷᠢᠮ ᠨᠢ ᠬᠤᠪᠢᠷᠠᠭᠰᠠᠨ ᠰᠣᠶᠣᠯ᠎ᠤᠨ ᠠᠵᠤ ᠠᠬᠤᠢᠯᠠᠯ᠎ᠤᠨ ᠭᠠᠢᠯᠢ ᠲᠠᠲᠠᠪᠤᠷᠢ ᠵᠡᠷᠭᠡ ᠬᠠᠷᠠᠭᠠᠯᠵᠠᠯ᠎ᠤᠨ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠤᠨ᠎ᠠ᠃ ᠭᠤᠷᠪᠠ᠎ᠳᠤ᠂ ᠮᠥᠩᠭᠥᠨ ᠭᠦᠢᠯᠭᠡᠭᠡᠨ᠎ᠦ ᠦᠢᠯᠡᠴᠢᠯᠡᠭᠡ᠂ ᠪᠠᠩᠬᠢ᠎ᠶᠢᠨ ᠦᠢᠯᠡᠰ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢ ᠵᠣᠷᠢᠭᠤᠯᠵᠤ ᠪᠠᠢᠭᠠᠳ ᠰᠣᠶᠣᠯ᠎ᠤᠨ ᠠᠵᠤ ᠠᠬᠤᠢᠯᠠᠯ᠎ᠳᠤ ᠦᠵᠡᠭᠦᠯᠬᠦ ᠮᠥᠩᠭᠥᠨ ᠭᠦᠢᠯᠭᠡᠭᠡᠨ᠎ᠦ ᠳᠡᠮᠵᠢᠯᠭᠡ᠎ᠶᠢᠨ ᠡᠷᠴᠢᠮ ᠪᠣᠯᠣᠨ ᠦᠢᠯᠡᠴᠢᠯᠡᠭᠡᠨ᠎ᠦ ᠲᠦᠪᠰᠢᠨ᠎ᠢ ᠨᠢ ᠳᠡᠭᠡᠭᠰᠢᠯᠡᠭᠦᠯᠦᠨ᠂ ᠨᠥᠬᠥᠴᠡᠯ᠎ᠳᠦ ᠨᠡᠢᠴᠡᠬᠦ ᠰᠣᠶᠣᠯ᠎ᠤᠨ ᠠᠵᠤ ᠠᠬᠤᠢᠯᠠᠯ᠎ᠤᠨ ᠵᠠᠬ᠎ᠠ ᠳᠡᠯᠭᠡᠭᠦᠷ᠎ᠲᠦ ᠭᠠᠷᠬᠤ ᠪᠠ ᠳᠠᠬᠢᠨᠲᠠ ᠪᠡᠯᠡ ᠬᠤᠷᠠᠮᠳᠤᠭᠤᠯᠬᠤ᠎ᠶᠢ ᠨᠢ ᠳᠡᠮᠵᠢᠵᠦ᠂ ᠰᠣᠶᠣᠯ᠎ᠤᠨ ᠠᠵᠤ ᠠᠬᠤᠢᠯᠠᠯ᠎ᠤᠨ ᠳᠠᠯᠳᠠ ᠬᠥᠷᠥᠩᠭᠡ᠎ᠶᠢᠨ ᠡᠷᠬᠡ᠎ᠶᠢ ᠨᠤᠲᠠᠯᠠᠨ ᠲᠣᠭᠲᠠᠭᠠᠬᠤ᠂ ᠳᠠᠩᠰᠠᠯᠠᠬᠤ᠂ ᠨᠠᠢᠳᠠᠭᠠ ᠬᠠᠮᠢᠶᠠᠷᠬᠤ᠂ ᠪᠡᠯᠡ ᠣᠷᠣᠭᠤᠯᠬᠤ᠂ ᠡᠷᠭᠢᠯᠳᠦᠭᠦᠯᠬᠦ ᠪᠠ ᠰᠢᠢᠳᠪᠦᠷᠢᠯᠡᠬᠦ ᠳᠤᠭᠲᠠᠯᠴᠠᠭ᠎ᠠ᠎ᠶᠢ ᠨᠢ ᠲᠡᠭᠦᠯᠳᠡᠷᠵᠢᠭᠦᠯᠦᠨ᠎ᠡ᠃ ᠳᠥᠷᠪᠡ᠎ᠳᠦ᠂ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠰᠢᠨ᠎ᠡ ᠡᠭᠦᠳᠦᠯᠲᠡ᠂ ᠰᠣᠶᠣᠯ ᠪᠣᠯᠣᠨ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠠᠭᠤᠰᠤᠯᠴᠠᠯ᠎ᠤᠨ ᠪᠦᠲᠦᠮᠵᠢᠲᠡᠶ ᠲᠣᠭᠲᠠᠴᠠ᠎ᠶᠢ ᠬᠠᠢᠨ ᠰᠦᠪᠡᠭᠴᠢᠯᠡᠵᠦ᠂ ᠰᠣᠶᠣᠯ ᠪᠠ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠠᠭᠤᠰᠤᠯᠴᠠᠭᠰᠠᠨ ᠠᠵᠤ ᠠᠬᠤᠢᠯᠠᠯ ᠵᠢᠴᠢ ᠬᠦᠷᠢᠶᠡᠯᠡᠩ ᠲᠣᠭᠣᠷᠢᠭ᠋᠎ᠤᠨ ᠬᠥᠭᠵᠢᠯᠲᠡ᠎ᠶᠢ ᠳᠡᠮᠵᠢᠵᠦ᠂ ᠰᠣᠶᠣᠯ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠠᠵᠤ ᠠᠬᠤᠢᠯᠠᠯ᠎ᠤᠨ ᠬᠡᠪᠴᠢᠶ᠎ᠡ᠎ᠶᠢ ᠢᠳᠡᠪᠬᠢᠲᠡᠢ᠎ᠪᠡᠷ ᠪᠣᠢᠵᠢᠭᠤᠯᠤᠨ ᠪᠤᠵᠠᠭᠠᠢᠷᠠᠭᠤᠯᠵᠤ᠂ ᠰᠣᠶᠣᠯ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠠᠪᠴᠠᠩ᠎ᠢ ᠲᠦᠷᠭᠡᠳᠬᠡᠨ ᠪᠠᠢᠷᠢᠰᠢᠭᠤᠯᠵᠤ᠂ ᠰᠣᠨᠢᠨ ᠮᠡᠳᠡᠭᠡ ᠬᠡᠪᠯᠡᠯ᠂ ᠷᠠᠳᠢᠣ᠋ ᠲᠧᠯᠸᠢᠰ ᠦᠵᠡᠵᠦ ᠰᠣᠨᠣᠰᠬᠤ᠂ ᠰᠣᠶᠣᠯ᠎ᠤᠨ ᠥᠪ ᠵᠡᠷᠭᠡ ᠬᠦᠷᠢᠶ᠎ᠡ ᠴᠠᠷᠠᠭ᠎ᠠ᠎ᠳᠤ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ ᠪᠣᠯᠬᠤ ᠲᠤᠷᠰᠢᠯᠲᠠ᠎ᠶᠢᠨ ᠲᠠᠰᠤᠭ᠎ᠢ ᠪᠣᠢᠵᠢᠭᠤᠯᠤᠨ ᠪᠦᠲᠦᠭᠡᠨ ᠪᠠᠶ᠋ᠢᠭᠤᠯᠬᠤ᠎ᠶᠢ ᠳᠡᠮᠵᠢᠵᠦ᠂ ᠵᠣᠬᠢᠶᠠᠮᠠᠯ ᠤᠶᠤᠯᠢᠭ᠎ᠤᠨ ᠴᠢᠨᠠᠷ ᠰᠠᠢᠲᠠᠢ ᠳ᠋ᠠᠢᠲ᠋ᠠ᠎ᠶᠢᠨ ᠴᠤᠭᠯᠠᠷᠠᠯ ᠪᠠ ᠢᠲᠡᠭᠡᠮᠵᠢᠲᠦ ᠳ᠋ᠠᠢᠲ᠋ᠠ᠎ᠶᠢᠨ ᠣᠷᠣᠨ ᠵᠠᠢ᠎ᠶᠢ ᠪᠠᠶ᠋ᠢᠭᠤᠯᠬᠤ᠎ᠶᠢ ᠨᠢ ᠵᠣᠷᠢᠭ᠍ᠵᠢᠭᠤᠯᠤᠨ᠎ᠠ᠃ ᠲᠠᠪᠤ᠎ᠳᠤ᠂ ᠬᠡᠷᠡᠭᠯᠡᠬᠦ ᠭᠠᠵᠠᠷ᠎ᠤᠨ ᠪᠠᠲᠤᠯᠠᠭ᠎ᠠ᠂ ᠰᠣᠶᠣᠯ᠎ᠤᠨ ᠠᠵᠤ ᠠᠬᠤᠢᠯᠠᠯ᠎ᠤᠨ ᠵᠦᠢ ᠵᠣᠬᠢᠰᠲᠠᠢ ᠭᠠᠵᠠᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠎ᠶᠢ ᠬᠠᠤᠯᠢ ᠲᠣᠭᠲᠠᠭᠠᠯ ᠶᠣᠰᠣᠭᠠᠷ ᠪᠠᠲᠤᠯᠠᠵᠤ᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ ᠪᠣᠯᠬᠤ ᠰᠣᠶᠣᠯ᠎ᠤᠨ ᠠᠵᠤ ᠦᠢᠯᠡᠰ᠎ᠦᠨ ᠲᠥᠷᠥᠯ ᠵᠦᠢᠯ᠎ᠢᠶᠡᠷ ᠮᠠᠭᠠᠳᠯᠠᠨ ᠲᠣᠭᠲᠠᠭᠠᠭᠳᠠᠭᠰᠠᠨ ᠪᠠᠢᠪᠠᠯ᠂ ᠭᠠᠵᠠᠷ ᠰᠢᠷᠣᠢ᠎ᠶᠢ ᠬᠢᠮᠳᠠ᠎ᠪᠠᠷ ᠬᠤᠳᠠᠯᠳᠤᠬᠤ ᠰᠠᠭᠤᠷᠢ ᠦᠨ᠎ᠡ᠎ᠶᠢ ᠨᠢ ᠲᠣᠭᠲᠠᠭᠠᠬᠤ ᠦᠶ᠎ᠡ᠎ᠳᠦ᠂ ᠪᠠᠢᠭ᠎ᠠ ᠭᠠᠵᠠᠷ ᠰᠢᠷᠣᠢ᠎ᠶᠢᠨ ᠠᠳᠠᠯᠢ ᠢᠯᠭᠠᠯ᠎ᠲᠠᠢ ᠵᠣᠬᠢᠴᠠᠯᠳᠤᠭᠰᠠᠨ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ᠎ᠳᠦ ᠬᠡᠷᠡᠭᠯᠡᠬᠦ ᠭᠠᠵᠠᠷ ᠰᠢᠷᠣᠢ᠎ᠶᠢ ᠬᠢᠮᠳᠠ᠎ᠪᠠᠷ ᠬᠤᠳᠠᠯᠳᠤᠬᠤ ᠨᠠᠭᠠᠲᠤ ᠵᠠᠬ᠎ᠠ᠎ᠶᠢᠨ ᠪᠠᠷᠢᠮᠵᠢᠶ᠎ᠠ᠎ᠲᠠᠢ ᠬᠠᠷᠢᠴᠠᠭᠤᠯᠤᠨ ᠬᠡᠷᠡᠭᠵᠢᠭᠦᠯᠵᠦ ᠪᠣᠯᠣᠨ᠎ᠠ᠃ ᠵᠢᠷᠭᠤᠭ᠎ᠠ᠎ᠳᠤ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠣᠷᠣᠯᠭ᠎ᠠ᠎ᠶᠢ ᠬᠤᠪᠢᠶᠠᠷᠢᠯᠠᠯᠲᠠ᠂ ᠳᠡᠭᠡᠳᠦ ᠲᠡᠰ ᠳᠠᠪᠬᠤᠷᠭ᠎ᠠ᠎ᠶᠢᠨ ᠴᠢᠳᠠᠪᠤᠷᠢᠲᠠᠨ᠎ᠢ ᠣᠷᠣᠭᠤᠯᠤᠨ ᠬᠥᠮᠥᠵᠢᠭᠦᠯᠬᠦ ᠡᠷᠴᠢᠮ᠎ᠢ ᠴᠢᠩᠭᠠᠷᠠᠭᠤᠯᠵᠤ᠂ ᠰᠣᠶᠣᠯ᠎ᠤᠨ ᠠᠵᠢᠯ ᠦᠢᠯᠡᠰ᠎ᠦᠨ ᠨᠢᠭᠡᠴᠢ᠎ᠶᠢᠨ ᠳᠣᠲᠣᠭᠠᠳᠤ᠎ᠶᠢᠨ ᠬᠤᠪᠢᠶᠠᠷᠢᠯᠠᠯᠲᠠ᠎ᠶᠢᠨ ᠤᠷᠮᠠᠰᠢᠭᠤᠯᠬᠤ ᠲᠣᠭᠲᠠᠴᠠ᠎ᠶᠢ ᠲᠡᠭᠦᠯᠳᠡᠷᠵᠢᠭᠦᠯᠵᠦ᠂ ᠤᠯᠤᠰ᠎ᠤᠨ ᠥᠮᠴᠢᠯᠡᠯᠲᠦ ᠰᠣᠶᠣᠯ᠎ᠤᠨ ᠠᠵᠤ ᠠᠬᠤᠢᠯᠠᠯ᠎ᠤᠨ ᠴᠠᠯᠢᠩ ᠬᠥᠯᠥᠰᠦ᠎ᠶᠢᠨ ᠬᠠᠮᠢᠶᠠᠷᠤᠯᠲᠠ᠎ᠶᠢ ᠴᠢᠩᠭᠠᠳᠬᠠᠨ ᠰᠠᠢᠵᠢᠷᠠᠭᠤᠯᠵᠤ᠂ ᠤᠯᠤᠰ᠎ᠤᠨ ᠥᠮᠴᠢᠯᠡᠯᠲᠦ ᠰᠣᠶᠣᠯ᠎ᠤᠨ ᠠᠵᠤ ᠠᠬᠤᠢᠯᠠᠯ᠎ᠤᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠤᠷᠲᠤᠪᠲᠤᠷ ᠪᠠ ᠤᠷᠳᠤ ᠬᠤᠭᠤᠴᠠᠭᠠᠨ᠎ᠤ ᠤᠷᠮᠠᠰᠢᠭᠤᠯᠬᠤ ᠲᠦᠷᠦ᠎ᠶᠢᠨ ᠪᠣᠳᠣᠯᠭ᠎ᠠ᠎ᠶᠢ ᠬᠡᠷᠡᠭᠵᠢᠭᠦᠯᠬᠦ᠎ᠶᠢ ᠨᠢ ᠳᠡᠮᠵᠢᠬᠦ ᠵᠡᠷᠭᠡ ᠠᠭᠤᠯᠭ᠎ᠠ ᠨᠤᠭᠤᠳ᠎ᠢ ᠲᠣᠳᠣᠷᠬᠠᠢᠯᠠᠪᠠ᠃ ᠳᠣᠯᠣᠭ᠎ᠠ᠎ᠳᠤ ᠳᠦᠷᠢᠮ᠎ᠢᠶᠠᠨ ᠬᠤᠪᠢᠷᠠᠭᠤᠯᠤᠭᠰᠠᠨ ᠠᠵᠤ ᠠᠬᠤᠢᠯᠠᠯ᠎ᠢ ᠳᠡᠮᠵᠢᠨ᠎ᠡ᠂ ᠳᠦᠷᠢᠮ᠎ᠢᠶᠠᠨ ᠬᠤᠪᠢᠷᠠᠭᠤᠯᠤᠭᠰᠠᠨ ᠰᠣᠶᠣᠯ᠎ᠤᠨ ᠠᠵᠤ ᠠᠬᠤᠢᠯᠠᠯ᠎ᠤᠨ ᠠᠵᠢᠯᠲᠠᠨ᠎ᠤ ᠨᠡᠢᠭᠡᠮ᠎ᠦᠨ ᠳᠠᠭᠠᠳᠬᠠᠯ᠂ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠂ ᠣᠷᠣᠨ ᠰᠠᠭᠤᠴᠠ᠎ᠶᠢᠨ ᠨᠡᠮᠡᠭᠦᠷᠢ ᠵᠡᠷᠭᠡ ᠲᠠᠯ᠎ᠠ᠎ᠶᠢᠨ ᠪᠠᠲᠤᠯᠠᠭ᠎ᠠ᠎ᠶᠢᠨ ᠲᠥᠷᠥ᠎ᠶᠢᠨ ᠪᠣᠳᠣᠯᠭ᠎ᠠ᠎ᠶᠢ ᠲᠣᠳᠣᠷᠬᠠᠢᠯᠠᠪᠠ᠃
ᠭᠤᠷᠪᠠ᠂ ᠭᠣᠣᠯ ᠣᠨᠴᠠᠯᠢᠭ᠋
ᠨᠢᠭᠡ᠎ᠳᠦ ᠰᠣᠶᠣᠯ᠎ᠤᠨ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠳᠡᠮᠵᠢᠬᠦ ᠠᠯᠢ ᠣᠯᠠᠨ ᠪᠣᠳᠠᠲᠠᠢ ᠠᠷᠭ᠎ᠠ ᠬᠡᠮᠵᠢᠶ᠎ᠡ᠎ᠶᠢ ᠲᠣᠳᠣᠷᠬᠠᠢᠯᠠᠵᠤ᠂ ᠲᠥᠪ᠎ᠦᠨ ᠳᠣᠭᠲᠠᠭᠠᠭᠰᠠᠨ ᠰᠣᠶᠣᠯ᠎ᠤᠨ ᠠᠵᠤ ᠠᠬᠤᠢᠯᠠᠯ᠎ᠳᠤ ᠭᠠᠢᠯᠢ ᠲᠠᠲᠠᠪᠤᠷᠢ᠎ᠶᠢᠨ ᠬᠠᠷᠠᠭᠠᠯᠵᠠᠯ ᠦᠵᠡᠭᠦᠯᠬᠦ᠂ ᠭᠠᠵᠠᠷ ᠬᠡᠷᠡᠭᠯᠡᠬᠦ᠎ᠶᠢ ᠪᠠᠲᠤᠯᠠᠬᠤ ᠵᠡᠷᠭᠡ ᠲᠥᠷᠥ᠎ᠶᠢᠨ ᠪᠣᠳᠣᠯᠭ᠎ᠠ᠎ᠶᠢ ᠪᠠᠷᠢᠮᠲᠠᠯᠠᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠠᠵᠤ ᠦᠢᠯᠡᠰ᠎ᠦᠨ ᠬᠥᠭᠵᠢᠯᠲᠡ᠎ᠶᠢᠨ ᠲᠤᠰᠬᠠᠢ ᠪᠡᠯᠡ ᠮᠥᠩᠭᠥ᠎ᠶᠢ ᠪᠠᠶ᠋ᠢᠭᠤᠯᠬᠤ᠂ ᠰᠣᠶᠣᠯ᠎ᠤᠨ ᠠᠵᠤ ᠠᠬᠤᠢᠯᠠᠯ᠎ᠤᠨ ᠬᠡᠪᠴᠢᠶᠡᠵᠢᠯ᠎ᠳᠤ ᠣᠷᠣᠬᠤ᠎ᠶᠢ ᠱᠠᠩᠨᠠᠬᠤ᠂ ᠤᠮᠠᠷᠠᠲᠤ ᠬᠢᠵᠠᠭᠠᠷ᠎ᠤᠨ ᠰᠣᠶᠣᠯ᠎ᠤᠨ ᠪᠠᠢᠭᠤᠯᠤᠯᠲᠠ᠎ᠶᠢᠨ ᠲᠥᠷᠥᠯ ᠵᠦᠢᠯ᠎ᠳᠦ ᠨᠥᠬᠥᠪᠦᠷᠢ ᠥᠭᠬᠦ ᠵᠡᠷᠭᠡ ᠠᠷᠭ᠎ᠠ ᠬᠡᠮᠵᠢᠶ᠎ᠡ᠎ᠶᠢ ᠳᠤᠷᠠᠳᠤᠨ ᠳᠤᠭᠲᠠᠭᠠᠬᠤ ᠨᠢ ᠵᠠᠬ᠎ᠠ ᠳᠡᠯᠭᠡᠭᠦᠷ᠎ᠦᠨ ᠭᠣᠣᠯ ᠴᠣᠭᠴᠠ᠎ᠶᠢᠨ ᠬᠥᠭᠵᠢᠯᠲᠡ᠎ᠶᠢᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠰᠣᠶᠣᠯ᠎ᠤᠨ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠶᠠᠰᠤ ᠴᠢᠨᠠᠷ᠎ᠢᠶᠠᠨ ᠳᠡᠭᠡᠭᠰᠢᠯᠡᠭᠦᠯᠬᠦ᠎ᠶᠢ ᠠᠬᠢᠭᠤᠯᠬᠤ᠎ᠳᠤ ᠠᠰᠢᠭ᠍ᠲᠠᠢ ᠶᠤᠮ᠃
ᠬᠣᠶᠠᠷ᠎ᠲᠤ ᠰᠣᠶᠣᠯ᠎ᠤᠨ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠠᠯᠢ ᠤᠯᠠᠨ ᠪᠣᠳᠠᠲᠠᠢ ᠠᠷᠭ᠎ᠠ ᠬᠡᠮᠵᠢᠶ᠎ᠡ᠎ᠶᠢ ᠲᠣᠳᠣᠷᠬᠠᠢᠯᠠᠵᠤ᠂ 《ᠨᠡᠶ᠋ᠢᠲᠡ᠎ᠶᠢᠨ ᠠᠰᠠᠷᠠᠮᠵᠢ+ᠵᠠᠬ᠎ᠠ ᠳᠡᠯᠭᠡᠭᠦᠷ》᠂ 《ᠠᠵᠢᠯ ᠦᠢᠯᠡᠰ+ᠠᠵᠤ ᠠᠬᠤᠢᠯᠠᠯ》᠎ᠤᠨ ᠬᠥᠭᠵᠢᠯᠲᠡ᠎ᠶᠢᠨ ᠠᠷᠭ᠎ᠠ ᠵᠠᠮ᠎ᠢ ᠬᠠᠢᠨ ᠰᠦᠪᠡᠭᠴᠢᠯᠡᠵᠦ᠂ ᠰᠣᠶᠣᠯ᠎ᠤᠨ ᠬᠦᠷᠢᠶᠡᠨ᠎ᠳᠡᠬᠢ ᠤᠯᠤᠰ᠎ᠤᠨ ᠥᠮᠴᠢᠯᠡᠯᠲᠦ ᠡᠳ᠋ ᠬᠥᠷᠥᠩᠭᠡ ᠤᠯᠤᠰ᠎ᠤᠨ ᠥᠮᠴᠢᠯᠡᠯᠲᠥ ᠠᠵᠤ ᠠᠬᠤᠢᠯᠠᠯ᠎ᠤᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠰᠣᠶᠣᠯ᠎ᠤᠨ ᠠᠵᠢᠯ ᠦᠢᠯᠡᠰ᠎ᠦᠨ ᠨᠢᠭᠡᠴᠢ᠎ᠶᠢᠨ ᠳᠣᠲᠣᠭᠠᠳᠤ᠎ᠶᠢᠨ ᠥᠭᠡᠷᠡᠴᠢᠯᠡᠯᠲᠡ ᠭᠦᠨᠵᠡᠭᠡᠢᠷᠡᠭᠦᠯᠬᠦ᠎ᠶᠢ ᠲᠦᠷᠦᠯ ᠬᠤᠪᠢᠶᠠᠨ ᠲᠦᠯᠬᠢᠨ ᠠᠬᠢᠭᠤᠯᠵᠤ᠂ ᠤᠳᠬ᠎ᠠ ᠤᠷᠠᠯᠢᠭ᠋᠎ᠤᠨ ᠬᠦᠷᠢᠶᠡᠯᠡᠩ ᠪᠦᠯᠬᠦᠮ᠎ᠦᠨ ᠪᠠᠢᠭᠤᠯᠤᠯᠲᠠ ᠬᠥᠭᠵᠢᠯᠲᠡ᠎ᠶᠢᠨ ᠲᠣᠭᠲᠠᠴᠠ᠎ᠶᠢ ᠲᠡᠭᠦᠯᠳᠡᠷᠵᠢᠭᠦᠯᠦᠨ᠎ᠡ ᠭᠡᠵᠦ ᠳᠤᠷᠠᠳᠤᠨ ᠭᠠᠷᠭᠠᠪᠠ᠃
ᠭᠤᠷᠪᠠ᠎ᠳᠤ᠂ ᠰᠣᠶᠣᠯ ᠪᠣᠯᠣᠨ ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ᠎ᠦᠨ ᠠᠭᠤᠰᠤᠯᠴᠠᠨ ᠬᠥᠭᠵᠢᠬᠦ᠎ᠶᠢ ᠠᠬᠢᠭᠤᠯᠬᠤ ᠠᠯᠢ ᠤᠯᠠᠨ ᠪᠣᠳᠠᠲᠠᠢ ᠠᠷᠭ᠎ᠠ ᠬᠡᠮᠵᠢᠶ᠎ᠡ᠎ᠶᠢ ᠲᠣᠳᠣᠷᠬᠠᠢᠯᠠᠵᠤ᠂ ᠤᠯᠤᠰ᠎ᠤᠨ ᠳᠤᠭᠲᠠᠭᠠᠭᠰᠠᠨ ᠰᠣᠶᠣᠯ᠎ᠤᠨ ᠳ᠋ᠢᠭᠢᠲᠴᠢᠯᠡᠬᠦ ᠪᠠᠢᠯᠳᠤᠬᠤ ᠪᠣᠳᠣᠯᠭ᠎ᠠ᠎ᠶᠢ ᠪᠦᠬᠦ ᠲᠠᠯ᠎ᠠ᠎ᠪᠠᠷ ᠨᠠᠢᠳᠠᠪᠤᠷᠢᠵᠢᠭᠤᠯᠵᠤ᠂ ᠰᠢᠨ᠎ᠡ ᠮᠠᠶᠢᠭ᠋᠎ᠤᠨ ᠰᠣᠶᠣᠯ᠎ᠤᠨ ᠡᠵᠡᠩᠨᠡᠯᠲᠡ᠎ᠶᠢᠨ ᠬᠡᠯᠪᠡᠷᠢ ᠪᠠᠢᠳᠠᠯ᠎ᠢ ᠲᠦᠷᠭᠡᠨ ᠬᠥᠭᠵᠢᠭᠦᠯᠵᠦ᠂ ᠢᠨᠲᠸᠷ ᠰᠦᠯᠵᠢᠶ᠎ᠡ᠂ ᠲᠣᠮᠣ᠌ ᠳ᠋ᠠᠢᠲ᠋ᠠ᠂ ᠵᠣᠬᠢᠶᠠᠮᠠᠯ ᠤᠶᠤᠯᠢᠭ᠋᠎ᠤᠨ ᠮᠡᠷᠭᠡᠵᠢᠯ ᠪᠣᠯᠣᠨ ᠰᠣᠶᠣᠯ᠎ᠤᠨ ᠪᠠᠢᠭᠤᠯᠤᠯᠲᠠ᠎ᠶᠢᠨ ᠤᠶᠠᠯᠳᠤᠯ᠎ᠢ ᠠᠬᠢᠭᠤᠯᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠢᠳᠡᠪᠬᠢᠲᠡᠢ ᠪᠣᠢᠵᠢᠭᠤᠯᠤᠨ᠎ᠠ᠃
ᠳᠥᠷᠪᠡ᠎ᠳᠦ ᠳᠦᠷᠢᠮ᠎ᠢᠶᠠᠨ ᠬᠤᠪᠢᠷᠠᠭᠤᠯᠤᠭᠰᠠᠨ ᠰᠣᠶᠣᠯ᠎ᠤᠨ ᠠᠵᠤ ᠠᠬᠤᠢᠯᠠᠯ᠎ᠢ ᠳᠡᠮᠵᠢᠬᠦ ᠠᠯᠢ ᠤᠯᠠᠨ ᠪᠣᠳᠠᠲᠠᠢ ᠲᠦᠷᠦ᠎ᠶᠢᠨ ᠪᠣᠳᠣᠯᠭ᠎ᠠ᠎ᠶᠢ ᠲᠣᠳᠣᠷᠬᠠᠢᠯᠠᠵᠤ᠂ ᠡᠵᠡᠩᠨᠡᠯᠲᠡ᠎ᠶᠢᠨ ᠴᠢᠨᠠᠷᠲᠠᠢ ᠰᠣᠶᠣᠯ᠎ᠤᠨ ᠠᠵᠢᠯ ᠦᠢᠯᠡᠰ᠎ᠦᠨ ᠨᠢᠭᠡᠴᠢ᠎ᠶᠢ ᠠᠵᠤ ᠠᠬᠤᠢᠯᠠᠯ ᠪᠣᠯᠭᠠᠨ ᠬᠤᠪᠢᠷᠠᠭᠤᠯᠬᠤ ᠳᠦᠷᠢᠮ᠎ᠤᠨ ᠥᠭᠡᠷᠡᠴᠢᠯᠡᠯᠲᠡ᠎ᠶᠢ ᠲᠦᠯᠬᠢᠨ ᠠᠬᠢᠭᠤᠯᠵᠤ᠂ ᠳᠦᠷᠢᠮ᠎ᠢᠶᠠᠨ ᠬᠤᠪᠢᠷᠠᠭᠤᠯᠤᠭᠰᠠᠨ ᠠᠵᠤ ᠠᠬᠤᠢᠯᠠᠯ᠎ᠤᠨ ᠠᠵᠢᠯᠲᠠᠨ᠎ᠤ ᠬᠤᠪᠢ ᠪᠡᠶ᠎ᠡ᠎ᠶᠢᠨ ᠠᠰᠢᠭ᠋ ᠲᠤᠰᠠ᠎ᠶᠢ ᠪᠠᠲᠤᠯᠠᠬᠤ᠎ᠳᠤ ᠲᠦᠷᠦ᠎ᠶᠢᠨ ᠪᠣᠳᠣᠯᠭ᠎ᠠ᠎ᠶᠢᠨ ᠦᠨᠳᠦᠰᠦᠯᠡᠯ ᠬᠠᠩᠭᠠᠨ᠎ᠠ᠃