ᠲᠡᠷᠢᠭᠦᠨ ᠬᠠᠭᠤᠳᠠᠰᠤ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠣᠮᠵᠢ
ᠨᠠᠢᠳᠠᠨ ᠰᠠᠭᠠᠲᠠᠭᠤᠯᠬᠤ ᠦᠢᠯᠡᠴᠢᠯᠡᠭᠡ᠎ᠶᠢ ᠬᠡᠷᠬᠢᠨ ᠲᠦᠭᠡᠮᠡᠯ ᠬᠠᠷᠠᠭᠠᠯᠵᠠᠯ ᠲᠠᠢ ᠪᠣᠯᠭᠠᠬᠤ ᠪᠣᠶ?
ᠨᠡᠶ᠋ᠢᠲᠡᠯᠡᠭᠰᠡᠨ ᠴᠠᠭ᠄ 2025-08-05

ᠮᠠᠨ᠎ᠤ ᠤᠯᠤᠰ᠎ᠤᠨ 3 ᠨᠠᠰᠤᠨ᠎ᠠᠴᠠ ᠳᠣᠷᠣᠭ᠍ᠰᠢᠬᠢ ᠨᠢᠯᠬ᠎ᠠ ᠨᠢᠷᠠᠢ ᠬᠡᠦᠬᠡᠳ᠎ᠦᠨ ᠲᠣᠭ᠎ᠠ ᠪᠠᠷᠤᠭ 3000 ᠲᠦᠮᠡ᠎ᠳᠦ ᠬᠦᠷᠴᠦ᠂ ᠠᠷᠪᠠᠨ᠎ᠤ ᠭᠤᠷᠪᠠᠨ ᠬᠤᠪᠢ᠎ᠠᠴᠠ ᠳᠡᠭᠡᠭᠰᠢᠬᠢ ᠨᠢᠯᠬ᠎ᠠ ᠨᠢᠷᠠᠢ ᠬᠡᠦᠬᠡᠳ᠎ᠦᠨ ᠭᠡᠷ ᠪᠦᠯᠢ᠎ᠳᠦ ᠨᠠᠢᠳᠠᠨ ᠰᠠᠭᠠᠲᠠᠭᠤᠯᠬᠤ ᠱᠠᠭᠠᠷᠳᠠᠯᠭ᠎ᠠ ᠪᠠᠢᠳᠠᠭ᠃ ᠨᠠᠢᠳᠠᠨ ᠰᠠᠭᠠᠲᠠᠭᠤᠯᠬᠤ ᠦᠢᠯᠡᠴᠢᠯᠡᠭᠡᠨ᠎ᠦ ᠲᠠᠯ᠎ᠠ᠎ᠪᠠᠷ ᠬᠢ ᠥᠷᠭᠡᠨ ᠣᠯᠠᠨ ᠭᠡᠷ᠎ᠦᠨ ᠠᠬᠠᠮᠠᠳ᠎ᠤᠳ᠎ᠤᠨ ᠭᠣᠣᠯ ᠬᠦᠰᠡᠯ ᠱᠠᠭᠠᠷᠳᠠᠯᠭ᠎ᠠ ᠪᠣᠯ ᠦᠨ᠎ᠡ ᠬᠠᠩᠰᠢ ᠨᠢ ᠬᠢᠮᠳᠠ᠂ ᠣᠢᠷ᠎ᠠ ᠬᠠᠪᠢ᠎ᠳᠤ᠎ᠪᠠᠨ ᠨᠠᠢᠳᠠᠨ ᠰᠠᠭᠠᠲᠠᠭᠤᠯᠬᠤ᠂ ᠦᠢᠯᠡᠴᠢᠯᠡᠭᠡᠨ᠎ᠦ ᠴᠢᠨᠠᠷ ᠴᠢᠨᠰᠠᠭ᠎ᠠ ᠨᠢ ᠪᠠᠲᠤᠯᠠᠭ᠎ᠠ᠎ᠲᠠᠢ ᠪᠠᠢᠬᠤ ᠵᠡᠷᠭᠡ ᠪᠣᠯᠣᠨ᠎ᠠ᠃ ᠡᠳᠡᠭᠡᠷ ᠬᠦᠰᠡᠯ ᠱᠠᠭᠠᠷᠳᠠᠯᠭ᠎ᠠ᠎ᠶᠢ ᠬᠠᠩᠭᠠᠬᠤ᠎ᠶᠢᠨ ᠵᠠᠩᠭᠢᠯᠠᠭ᠎ᠠ ᠨᠢ ᠲᠦᠭᠡᠮᠡᠯ ᠬᠠᠷᠠᠭᠠᠯᠵᠠᠯᠲᠤ ᠨᠠᠢᠳᠠᠨ ᠰᠠᠭᠠᠲᠠᠭᠤᠯᠬᠤ ᠦᠢᠯᠡᠴᠢᠯᠡᠭᠡ᠎ᠶᠢ ᠬᠥᠭᠵᠢᠭᠦᠯᠬᠦ᠎ᠳᠦ ᠪᠠᠢᠨ᠎ᠠ᠃ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ ᠬᠣᠯᠪᠣᠭᠳᠠᠯ ᠪᠦᠬᠦᠢ ᠵᠤᠷᠭᠠᠨ ᠲᠣᠪᠴᠢᠶ᠎ᠠ᠎ᠶᠢᠨ ᠬᠠᠷᠢᠭᠤᠴᠠᠯᠭᠠᠲᠠᠨ ᠬᠣᠯᠪᠣᠭᠳᠠᠯ ᠪᠦᠬᠦᠢ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ ᠵᠢᠴᠢ ᠠᠬᠢᠴᠠ᠎ᠶᠢᠨ ᠪᠠᠢᠳᠠᠯ᠎ᠢ ᠲᠠᠨᠢᠯᠴᠠᠭᠤᠯᠪᠠ᠃

ᠤᠯᠠᠨ ᠠᠷᠭ᠎ᠠ ᠵᠠᠮ᠎ᠢᠶᠠᠷ ᠲᠦᠭᠡᠮᠡᠯ ᠬᠠᠷᠠᠭᠠᠯᠵᠠᠯᠲᠤ ᠨᠠᠢᠳᠠᠨ ᠰᠠᠭᠠᠲᠠᠭᠤᠯᠬᠤ ᠦᠢᠯᠡᠴᠢᠯᠡᠭᠡᠨ᠎ᠦ ᠬᠠᠩᠭᠠᠯᠭ᠎ᠠ᠎ᠶᠢ ᠨᠡᠮᠡᠭᠳᠡᠭᠦᠯᠦᠨ᠎ᠡ᠃ ᠲᠦᠭᠡᠮᠡᠯ ᠬᠠᠷᠠᠭᠠᠯᠵᠠᠯᠲᠤ ᠨᠠᠢᠳᠠᠨ ᠰᠠᠭᠠᠲᠠᠭᠤᠯᠬᠤ ᠦᠢᠯᠡᠴᠢᠯᠡᠭᠡ᠎ᠶᠢ ᠬᠥᠭᠵᠢᠭᠦᠯᠬᠦ᠎ᠳᠦ ᠲᠥᠪ᠎ᠦᠨ ᠪᠡᠯᠡ ᠮᠥᠩᠭᠥᠨ᠎ᠦ ᠳᠡᠮᠵᠢᠵᠦ ᠬᠥᠲᠥᠯᠥᠨ ᠵᠢᠯᠤᠭᠣᠳᠬᠤ ᠦᠢᠯᠡᠳᠦᠯ᠎ᠢ ᠪᠠᠳᠠᠷᠠᠭᠤᠯᠵᠤ᠂ ᠨᠠᠢᠳᠠᠨ ᠰᠠᠭᠠᠲᠠᠭᠤᠯᠬᠤ ᠶᠡᠷᠦᠩᠬᠡᠢᠯᠡᠭᠰᠡᠨ ᠦᠢᠯᠡᠴᠢᠯᠡᠭᠡᠨ᠎ᠦ ᠲᠥᠪ᠎ᠢᠶᠡᠷ ᠬᠦᠢᠰᠦ ᠪᠣᠯᠭᠠᠭᠰᠠᠨ᠂ ᠨᠠᠢᠳᠠᠨ ᠰᠠᠭᠠᠲᠠᠭᠤᠯᠬᠤ ᠪᠠᠢᠭᠤᠯᠤᠮᠵᠢ᠎ᠨᠤᠭᠤᠳ᠂ ᠨᠡᠢᠭᠡᠮ ᠲᠣᠭᠣᠷᠢᠭ᠋᠎ᠤᠨ ᠰᠢᠭᠢᠳᠬᠡᠯ ᠮᠠᠶᠢᠭ᠋᠎ᠤᠨ ᠨᠠᠢᠳᠠᠨ ᠰᠠᠭᠠᠲᠠᠭᠤᠯᠬᠤ᠂ ᠬᠡᠦᠬᠡᠳ᠎ᠦᠨ ᠴᠡᠴᠡᠷᠯᠢᠭ᠎ᠦᠨ ᠨᠠᠢᠳᠠᠨ ᠰᠠᠭᠠᠲᠠᠭᠤᠯᠬᠤ ᠠᠩᠭᠢ᠂ ᠬᠥᠮᠥᠨ ᠬᠡᠷᠡᠭᠯᠡᠬᠦ ᠨᠢᠭᠡᠴᠢ ᠨᠠᠢᠳᠠᠨ ᠰᠠᠭᠠᠲᠠᠭᠤᠯᠬᠤ᠎ᠶ᠋ᠢ ᠡᠷᠬᠢᠯᠡᠬᠦ᠌᠂ ᠭᠡᠷ ᠪᠦᠯᠢ᠎ᠶᠢᠨ ᠨᠠᠢᠳᠠᠨ ᠰᠠᠭᠠᠲᠠᠭᠤᠯᠬᠤ ᠴᠡᠭ ᠵᠡᠷᠭᠡ᠎ᠪᠡᠷ ᠲᠣᠣᠷᠵᠢᠭᠤᠯᠤᠭᠰᠠᠨ 《1+N》 ᠨᠠᠢᠳᠠᠨ ᠰᠠᠭᠠᠲᠠᠭᠤᠯᠬᠤ ᠦᠢᠯᠡᠴᠢᠯᠡᠭᠡᠨ᠎ᠦ ᠲᠣᠭᠲᠠᠯᠴᠠᠭ᠎ᠠ᠎ᠶᠢ ᠲᠦᠷᠭᠡᠳᠬᠡᠨ ᠪᠠᠢᠭᠤᠯᠤᠨ᠎ᠠ᠃ ᠨᠠᠢᠳᠠᠨ ᠰᠠᠭᠠᠲᠠᠭᠤᠯᠬᠤ ᠨᠢᠭᠡ ᠴᠣᠭᠴᠠᠵᠢᠭᠤᠯᠤᠭᠰᠠᠨ ᠦᠢᠯᠡᠴᠢᠯᠡᠭᠡ᠎ᠶᠢ ᠶᠡᠬᠡ᠎ᠪᠡᠷ ᠬᠥᠭᠵᠢᠭᠦᠯᠵᠦ᠂ ᠨᠥᠬᠥᠴᠡᠯ᠎ᠲᠠᠢ ᠬᠡᠦᠬᠡᠳ᠎ᠦᠨ ᠴᠡᠴᠡᠷᠯᠢᠭ᠎ᠲᠦ ᠨᠠᠢᠳᠠᠨ ᠰᠠᠭᠠᠲᠠᠭᠤᠯᠬᠤ ᠠᠩᠭᠢ ᠭᠠᠷᠭᠠᠬᠤ᠎ᠶᠢ ᠳᠡᠮᠵᠢᠵᠦ᠂ 2 - 3 ᠨᠠᠰᠤᠨ᠎ᠤ ᠬᠡᠦᠬᠡᠳ᠎ᠢ ᠡᠯᠰᠡᠵᠦ᠂ ᠰᠤᠷᠭᠠᠭᠤᠯᠢ᠎ᠳᠤ ᠣᠷᠣᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ ᠪᠠ ᠨᠠᠢᠳᠠᠨ ᠰᠠᠭᠠᠲᠠᠭᠤᠯᠬᠤ ᠦᠢᠯᠡᠴᠢᠯᠡᠭᠡᠨ᠎ᠦ ᠵᠣᠬᠢᠴᠠᠩᠭᠤᠢ ᠦᠷᠭᠦᠯᠵᠢᠯᠡᠬᠦᠢᠴᠡ ᠬᠥᠭ᠌ᠵᠢᠯᠲᠡ᠎ᠶ᠋ᠢ ᠠᠬᠢᠭᠤᠯᠤᠨ᠎ᠠ᠃ ᠣᠷᠣᠨ ᠨᠤᠲᠤᠭ᠎ᠢ ᠬᠥᠲᠥᠯᠥᠨ ᠵᠢᠯᠤᠭᠣᠳᠴᠤ ᠪᠠᠢᠭᠠᠳ ᠨᠡᠢᠭᠡᠮ ᠲᠣᠭᠣᠷᠢᠭ᠋᠎ᠤᠨ ᠨᠠᠢᠳᠠᠨ ᠰᠠᠭᠠᠲᠠᠭᠤᠯᠬᠤ ᠦᠢᠯᠡᠴᠢᠯᠡᠭᠡ᠎ᠶᠢ ᠶᠡᠬᠡ᠎ᠪᠡᠷ ᠬᠥᠭᠵᠢᠭᠦᠯᠵᠦ᠂ ᠨᠢᠭᠡᠨᠲᠡ ᠪᠠᠢᠭ᠎ᠠ ᠣᠷᠣᠨ ᠰᠠᠭᠤᠴᠠ᠎ᠶᠢᠨ ᠲᠣᠭᠣᠷᠢᠭ᠋᠎ᠲᠤ ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠳᠤ ᠨᠢ ᠬᠡᠷᠡᠭᠯᠡᠵᠦ ᠪᠠᠢᠭᠠᠳ ᠨᠠᠢᠳᠠᠨ ᠰᠠᠭᠠᠲᠠᠭᠤᠯᠬᠤ ᠦᠢᠯᠡᠴᠢᠯᠡᠭᠡᠨ᠎ᠦ ᠪᠡᠯᠡᠳᠬᠡᠮᠵᠢ᠎ᠶᠢ ᠨᠥᠬᠥᠪᠦᠷᠢᠯᠡᠵᠦ᠂ ᠰᠤᠯᠠ ᠲᠠᠯᠪᠢᠭᠠᠰᠤᠲᠠᠢ ᠬᠠᠳᠠᠭᠠᠯᠠᠮᠵᠢ᠎ᠶᠢᠨ ᠭᠡᠷ ᠪᠠᠢᠰᠢᠩ ᠪᠠ ᠪᠡᠯᠡᠳᠬᠡᠮᠵᠢ᠎ᠶᠢ ᠥᠭᠡᠷᠡᠴᠢᠯᠡᠨ ᠠᠰᠢᠭ᠍ᠯᠠᠬᠤ᠎ᠶᠢ ᠴᠢᠩᠭᠠᠳᠬᠠᠨ᠂ ᠰᠢᠨ᠎ᠡ᠎ᠪᠡᠷ ᠪᠠᠢᠭᠤᠯᠤᠭᠰᠠᠨ ᠣᠷᠣᠨ ᠰᠠᠭᠤᠴᠠ᠎ᠶᠢᠨ ᠲᠣᠭᠣᠷᠢᠭ᠋᠎ᠲᠤ ᠨᠠᠢᠳᠠᠨ ᠰᠠᠭᠠᠲᠠᠭᠤᠯᠬᠤ ᠦᠢᠯᠡᠴᠢᠯᠡᠭᠡᠨ᠎ᠦ ᠲᠥᠬᠥᠷ ᠪᠡᠯᠡᠳᠬᠡᠮᠵᠢ᠎ᠶᠢ ᠵᠡᠷᠭᠡ᠎ᠳᠤ ᠨᠢ ᠪᠦᠲᠦᠭᠡᠨ ᠪᠠᠢᠭᠤᠯᠤᠨ᠎ᠠ᠃

ᠭᠡᠷ ᠪᠦᠯᠢ᠎ᠶᠢᠨ ᠥᠰᠬᠡᠨ ᠪᠣᠢᠵᠢᠭᠤᠯᠬᠤ ᠥᠪᠡᠷ᠎ᠦᠨ ᠥᠷᠲᠡᠭ ᠪᠠ ᠨᠠᠢᠳᠠᠨ ᠰᠠᠭᠠᠲᠠᠭᠤᠯᠬᠤ ᠡᠵᠡᠩᠨᠡᠯᠲᠡ᠎ᠶᠢᠨ ᠥᠪᠡᠷ᠎ᠦᠨ ᠥᠷᠲᠡᠭ᠎ᠢ ᠪᠦᠲᠦᠮᠵᠢᠲᠡᠶ ᠪᠠᠭᠤᠷᠠᠭᠤᠯᠤᠨ᠎ᠠ᠃ 2022 ᠣᠨ᠎ᠠᠴᠠ ᠡᠬᠢᠯᠡᠨ᠂ 3 ᠨᠠᠰᠤᠨ᠎ᠠᠴᠠ ᠳᠣᠷᠣᠭ᠍ᠰᠢᠬᠢ ᠨᠢᠯᠬ᠎ᠠ ᠨᠢᠷᠠᠢ ᠬᠡᠦᠬᠡᠳ᠎ᠢ ᠬᠠᠷᠠᠭᠠᠯᠵᠠᠨ ᠠᠰᠠᠷᠠᠬᠤ᠎ᠳᠤ ᠬᠤᠪᠢ ᠬᠥᠮᠥᠨ᠎ᠦ ᠠᠰᠢᠭ᠋ ᠣᠷᠣᠯᠭ᠎ᠠ᠎ᠶᠢᠨ ᠭᠠᠢᠯᠢ᠎ᠶᠢᠨ ᠲᠤᠰᠬᠠᠢ ᠵᠦᠢᠯ᠎ᠦᠨ ᠨᠡᠮᠡᠯᠲᠡ᠎ᠶᠢᠨ ᠰᠠᠭᠤᠳᠬᠠᠯ᠎ᠢ ᠲᠣᠬᠢᠷᠠᠭᠤᠯᠵᠤ᠂ 2023 ᠣᠨ᠎ᠳᠤ ᠰᠠᠭᠤᠳᠬᠠᠬᠤ ᠪᠠᠷᠢᠮᠵᠢᠶ᠎ᠠ᠎ᠶᠢ ᠳᠡᠭᠡᠭᠰᠢᠯᠡᠭᠦᠯᠵᠦ᠂ ᠭᠡᠷ ᠪᠦᠯᠢ᠎ᠶᠢᠨ ᠥᠰᠬᠡᠨ ᠪᠣᠢᠵᠢᠭᠤᠯᠬᠤ ᠥᠪᠡᠷ᠎ᠦᠨ ᠥᠷᠲᠡᠭ᠎ᠢ ᠪᠠᠭᠤᠷᠠᠭᠤᠯᠪᠠ᠃ ᠲᠦᠷᠦᠭᠦᠬᠡᠨ ᠳᠠᠷᠤᠮᠠᠯᠯᠠᠨ ᠶᠠᠪᠤᠭᠤᠯᠤᠭᠰᠠᠨ 《ᠬᠡᠦᠬᠡᠳ ᠪᠣᠢᠵᠢᠭᠤᠯᠬᠤ ᠨᠡᠮᠡᠭᠦᠷᠢ᠎ᠶᠢᠨ ᠳᠦᠷᠢᠮ᠎ᠦᠨ ᠬᠡᠷᠡᠭᠵᠢᠭᠦᠯᠬᠦ ᠲᠥᠰᠥᠯ》᠎ᠳᠤ᠂ ᠡᠨᠡ ᠵᠢᠯ᠎ᠦᠨ 1 ᠳ᠋ᠦ᠍ᠭᠡᠷ ᠰᠠᠷ᠎ᠠ᠎ᠶᠢᠨ 1 ᠎ᠦ ᠡᠳᠦᠷ᠎ᠡᠴᠡ ᠡᠬᠢᠯᠡᠨ᠂ ᠬᠠᠤᠯᠢ ᠴᠠᠭᠠᠵᠠ ᠬᠠᠤᠯᠢ ᠲᠣᠭᠲᠠᠭᠠᠯ᠎ᠤᠨ ᠲᠣᠭᠲᠠᠭᠠᠯ᠎ᠳᠤ ᠨᠡᠢᠴᠡᠵᠦ ᠲᠥᠷᠥᠭ᠌ᠰᠡᠨ ᠬᠡᠦᠬᠡᠳ᠎ᠤᠨ ᠪᠦᠬᠦᠯᠢ 3 ᠨᠠᠰᠤᠨ᠎ᠠᠴᠠ ᠳᠣᠷᠣᠭ᠍ᠰᠢᠬᠢ ᠨᠢᠯᠬ᠎ᠠ ᠨᠢᠷᠠᠢ ᠬᠡᠦᠬᠡᠳ᠎ᠲᠦ ᠵᠢᠯ ᠪᠦᠷᠢ 3600 ᠲᠥᠭᠥᠷᠢᠭ᠎ᠦᠨ ᠨᠡᠮᠡᠭᠦᠷᠢ ᠣᠯᠭᠣᠵᠤ᠂ ᠪᠦᠬᠦᠯᠢ 3 ᠨᠠᠰᠤ ᠬᠦᠷᠲᠡᠯ᠎ᠡ ᠣᠯᠭᠣᠨ᠎ᠠ ᠭᠡᠵᠦ ᠲᠣᠳᠣᠷᠬᠠᠢ ᠲᠣᠭᠲᠠᠭᠠᠵᠠᠢ᠃ ᠡᠯ᠎ᠡ ᠭᠠᠵᠠᠷ᠎ᠤᠨ ᠬᠢᠨ᠎ᠦ ᠨᠠᠢᠳᠠᠨ ᠰᠠᠭᠠᠲᠠᠭᠤᠯᠬᠤ ᠦᠢᠯᠡᠴᠢᠯᠡᠭᠡ᠎ᠶᠢ ᠬᠥᠭᠵᠢᠭᠦᠯᠬᠦ᠎ᠶᠢ ᠲᠣᠰ ᠭᠠᠵᠠᠷ ᠣᠷᠣᠨ᠎ᠤ᠎ᠪᠠᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠥᠷᠥᠯ ᠵᠦᠢᠯ ᠪᠣᠯᠭᠠᠵᠤ᠂ ᠨᠠᠢᠳᠠᠨ ᠰᠠᠭᠠᠲᠠᠭᠤᠯᠬᠤ ᠪᠠᠢᠭᠤᠯᠤᠮᠵᠢ᠎ᠨᠤᠭᠤᠳ᠎ᠤᠨ ᠬᠡᠷᠡᠭᠯᠡᠬᠦ ᠤᠰᠤ ᠴᠠᠬᠢᠯᠭᠠᠨ ᠬᠡᠢ ᠢᠯᠴᠢ᠎ᠳᠦ ᠠᠷᠠᠳ᠎ᠤᠨ ᠬᠡᠷᠡᠭᠯᠡᠭᠡᠨ᠎ᠦ ᠦᠨ᠎ᠡ᠎ᠶᠢ ᠬᠡᠷᠡᠭ᠌ᠵᠢᠭᠦᠯᠬᠦ᠌ ᠵᠡᠷᠭᠡ ᠬᠠᠷᠠᠭᠠᠯᠵᠠᠯ᠎ᠤᠨ ᠠᠷᠭ᠎ᠠ ᠬᠡᠮᠵᠢᠶ᠎ᠡ ᠪᠠ ᠬᠠᠮᠢᠶ᠎ᠠ ᠪᠦᠬᠦᠢ ᠭᠠᠢᠯᠢ ᠰᠦᠢᠳᠬᠡᠯ᠎ᠢ ᠬᠠᠰᠤᠵᠤ ᠬᠡᠯᠲᠦᠷᠢᠭᠦᠯᠬᠦ᠎ᠶᠢ ᠬᠡᠷᠡᠭᠵᠢᠭᠦᠯᠬᠦ᠎ᠶᠢ ᠨᠢ ᠵᠣᠷᠢᠭ᠍ᠵᠢᠭᠤᠯᠤᠨ᠎ᠠ᠃ ᠣᠳᠣᠬᠠᠨ᠎ᠳᠤ ᠨᠢᠭᠡᠨᠲᠡ 1300 ᠭᠠᠷᠤᠢ ᠰᠢᠶᠠᠨ (ᠬᠣᠲᠠ᠂ ᠲᠣᠭᠣᠷᠢᠭ᠋)᠎ᠤ ᠬᠢᠨ ᠨᠠᠢᠳᠠᠨ ᠰᠠᠭᠠᠲᠠᠭᠤᠯᠬᠤ ᠪᠠᠢᠭᠤᠯᠤᠮᠵᠢ᠎ᠨᠤᠭᠤᠳ᠎ᠲᠤ ᠪᠦᠲᠦᠭᠡᠨ ᠪᠠᠢᠭᠤᠯᠤᠯᠲᠠ᠎ᠶᠢᠨ ᠨᠡᠮᠡᠭᠦᠷᠢ᠂ ᠡᠵᠡᠩᠨᠡᠯᠲᠡ᠎ᠶᠢᠨ ᠨᠡᠮᠡᠭᠦᠷᠢ᠂ ᠬᠡᠷᠡᠭᠯᠡᠭᠡ᠎ᠶᠢᠨ ᠲᠡᠮᠳᠡᠭᠲᠦ ᠲᠠᠷᠬᠠᠭᠠᠬᠤ ᠵᠡᠷᠭᠡ ᠳᠡᠮᠵᠢᠯᠭᠡ ᠦᠵᠡᠭᠦᠯᠬᠦ ᠠᠷᠭ᠎ᠠ ᠬᠡᠮᠵᠢᠶ᠎ᠡ᠎ᠶᠢ ᠨᠡᠢᠲᠡᠯᠡᠭᠰᠡᠨ ᠪᠠᠢᠨ᠎ᠠ᠃

ᠨᠠᠢᠳᠠᠨ ᠰᠠᠭᠠᠲᠠᠭᠤᠯᠬᠤ ᠦᠢᠯᠡᠴᠢᠯᠡᠭᠡᠨ᠎ᠦ ᠪᠠᠷᠢᠮᠵᠢᠶ᠎ᠠ ᠵᠢᠷᠤᠮᠵᠢᠯ᠎ᠤᠨ ᠲᠣᠭᠲᠠᠯᠴᠠᠭ᠎ᠠ᠎ᠶᠢ ᠲᠡᠭᠦᠯᠳᠡᠷᠵᠢᠭᠦᠯᠦᠨ᠎ᠡ᠃ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ ᠨᠠᠢᠳᠠᠨ ᠰᠠᠭᠠᠲᠠᠭᠤᠯᠬᠤ ᠪᠠᠢᠭᠤᠯᠤᠮᠵᠢ᠎ᠶᠢᠨ ᠲᠣᠬᠢᠷᠠᠭᠤᠯᠤᠨ ᠬᠠᠮᠢᠶᠠᠷᠬᠤ᠂ ᠠᠰᠠᠷᠠᠨ ᠬᠠᠷᠠᠭᠠᠯᠵᠠᠬᠤ᠂ ᠭᠡᠮᠲᠦᠯ᠎ᠢ ᠰᠡᠷᠭᠡᠢᠯᠡᠬᠦ᠂ ᠭᠠᠯ ᠤᠨᠲᠠᠷᠠᠭᠠᠬᠤ᠎ᠶᠢᠨ ᠠᠮᠤᠷ ᠲᠦᠪᠰᠢᠨ᠂ ᠰᠢᠮ᠎ᠡ ᠲᠡᠵᠢᠭᠡᠯ ᠲᠡᠢ᠎ᠪᠡᠷ ᠲᠡᠵᠢᠭᠡᠬᠦ ᠵᠡᠷᠭᠡ ᠪᠠᠷᠢᠮᠵᠢᠶ᠎ᠠ᠎ᠶᠢ ᠲᠦᠷᠦᠭᠦᠯᠡᠨ ᠲᠣᠭᠲᠠᠭᠠᠵᠤ᠂ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶᠢᠨ ᠵᠠᠬᠢᠶᠠᠯᠠᠭ᠎ᠠ᠎ᠪᠠᠷ ᠵᠥᠪᠯᠡᠯᠴᠡᠭᠡᠷ ᠲᠣᠬᠢᠷᠠᠯᠴᠠᠬᠤ ᠦᠢᠯᠡᠴᠢᠯᠡᠭᠡ ᠥᠷᠨᠢᠭᠦᠯᠬᠦ᠎ᠶᠢ ᠳᠡᠮᠵᠢᠵᠦ᠂ ᠨᠠᠢᠳᠠᠨ ᠰᠠᠭᠠᠲᠠᠭᠤᠯᠬᠤ ᠪᠠᠢᠭᠤᠯᠤᠮᠵᠢ᠎ᠳᠤ ᠡᠷᠡᠭᠦᠯ ᠬᠠᠮᠠᠭᠠᠯᠠᠯ ᠡᠷᠡᠭᠦᠯᠵᠢᠯ᠂ ᠢᠳᠡᠭᠡᠨ ᠤᠮᠳᠠᠭᠠᠨ᠎ᠤ ᠰᠢᠮ᠎ᠡ ᠲᠡᠵᠢᠭᠡᠯ᠂ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ ᠵᠡᠷᠭᠡ ᠬᠡᠦᠬᠡᠳ᠎ᠦᠨ ᠡᠷᠡᠭᠦᠯ ᠮᠡᠨᠳᠦ᠎ᠶᠢᠨ ᠬᠠᠮᠢᠶᠠᠷᠤᠯᠲᠠ᠎ᠶᠢᠨ ᠦᠢᠯᠡᠴᠢᠯᠡᠭᠡ ᠬᠠᠩᠭᠠᠵᠤ᠂ ᠨᠠᠢᠳᠠᠨ ᠰᠠᠭᠠᠲᠠᠭᠤᠯᠬᠤ ᠦᠢᠯᠡᠴᠢᠯᠡᠭᠡᠨ᠎ᠦ ᠬᠥᠭᠵᠢᠯᠲᠡ᠎ᠶᠢ ᠵᠢᠷᠤᠮᠵᠢᠭᠤᠯᠤᠨ᠎ᠠ᠃

ᠡᠮᠴᠢᠯᠡᠬᠦ ᠪᠠ ᠰᠠᠭᠠᠲᠠᠭᠤᠯᠬᠤ᠎ᠶᠢ ᠣᠷᠭᠠᠨᠢᠭ᠋᠎ᠢᠶᠠᠷ ᠤᠶᠠᠯᠳᠤᠭᠤᠯᠬᠤ᠎ᠶᠢ ᠠᠬᠢᠭᠤᠯᠵᠤ᠂ ᠨᠠᠢᠳᠠᠨ ᠰᠠᠭᠠᠲᠠᠭᠤᠯᠬᠤ ᠦᠢᠯᠡᠴᠢᠯᠡᠭᠡᠨ᠎ᠦ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠦᠨ᠎ᠡ᠃ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠂ ᠤᠯᠤᠰ᠎ᠤᠨ ᠬᠢᠲᠠᠳ ᠡᠮ ᠡᠮᠨᠡᠯᠭᠡ᠎ᠶᠢᠨ ᠲᠣᠪᠴᠢᠶ᠎ᠠ᠂ ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ ᠲᠣᠪᠴᠢᠶ᠎ᠠ 《ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶᠢᠨ ᠨᠠᠢᠳᠠᠨ ᠰᠠᠭᠠᠲᠠᠭᠤᠯᠬᠤ ᠦᠢᠯᠡᠴᠢᠯᠡᠭᠡᠨ᠎ᠦ ᠬᠥᠭᠵᠢᠯᠲᠡ᠎ᠶᠢ ᠳᠡᠮᠵᠢᠬᠦ ᠲᠤᠬᠠᠢ ᠵᠢᠯᠤᠭᠣᠳᠬᠤ ᠰᠠᠨᠠᠯ》᠎ᠢ ᠳᠠᠷᠤᠮᠠᠯᠯᠠᠨ ᠶᠠᠪᠤᠭᠤᠯᠵᠤ᠂ ᠡᠯ᠎ᠡ ᠱᠠᠲᠤᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠰᠠᠯᠠᠭ᠎ᠠ ᠮᠥᠴᠢᠷ᠎ᠦᠳ ᠨᠠᠢᠳᠠᠨ ᠰᠠᠭᠠᠲᠠᠭᠤᠯᠬᠤ ᠪᠠᠢᠭᠤᠯᠤᠮᠵᠢ᠎ᠳᠤ ᠬᠠᠨᠳᠤᠭᠤᠯᠤᠨ ᠵᠠᠬᠢᠶᠠᠯᠠᠭ᠎ᠠ᠎ᠪᠠᠷ ᠵᠥᠪᠯᠡᠯᠴᠡᠭᠡᠷ ᠲᠣᠬᠢᠷᠠᠯᠴᠠᠬᠤ ᠦᠢᠯᠡᠴᠢᠯᠡᠭᠡ ᠥᠷᠨᠢᠭᠦᠯᠵᠦ᠂ ᠬᠡᠦᠬᠡᠳ᠎ᠢ ᠬᠠᠷᠠᠭᠠᠯᠵᠠᠨ ᠵᠢᠯᠣᠭᠣᠳᠬᠤ᠎ᠶᠢ ᠴᠢᠩᠭᠠᠳᠬᠠᠨ᠂ ᠬᠢᠲᠠᠳ ᠡᠮ ᠡᠮᠨᠡᠯᠭᠡ᠎ᠶᠢᠨ ᠣᠨᠴᠠᠯᠢᠭ᠍ᠲᠤ ᠳᠠᠪᠠᠭᠤᠯᠢᠭ᠋᠎ᠢ ᠪᠠᠳᠠᠷᠠᠭᠤᠯᠵᠤ᠂ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠬᠤ ᠵᠡᠷᠭᠡ᠎ᠶᠢ ᠱᠠᠭᠠᠷᠳᠠᠵᠤ᠂ ᠨᠢᠯᠬ᠎ᠠ ᠨᠢᠷᠠᠢ ᠬᠡᠦᠬᠡᠳ᠎ᠦᠨ ᠢᠳᠡᠭᠡᠨ ᠤᠮᠳᠠᠭᠠᠨ᠎ᠤ ᠰᠢᠮ᠎ᠡ ᠲᠡᠵᠢᠭᠡᠯ᠂ ᠥᠰᠦᠯᠲᠡ ᠪᠣᠶ᠋ᠢᠵᠢᠯᠲᠠ᠂ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠂ ᠠᠰᠠᠷᠠᠨ ᠬᠠᠷᠠᠭᠠᠯᠵᠠᠬᠤ ᠵᠡᠷᠭᠡ ᠲᠠᠯ᠎ᠠ᠎ᠪᠠᠷ ᠨᠠᠢᠳᠠᠨ ᠰᠠᠭᠠᠲᠠᠭᠤᠯᠬᠤ ᠪᠠᠢᠭᠤᠯᠤᠮᠵᠢ᠎ᠶᠢᠨ ᠲᠤᠬᠠᠢᠯᠠᠭᠰᠠᠨ ᠠᠵᠢᠯ᠎ᠤᠨ ᠵᠢᠯᠣᠭᠣᠳᠤᠯᠭ᠎ᠠ ᠪᠠ ᠠᠵᠢᠯᠲᠠᠨ᠎ᠤ ᠪᠣᠯᠪᠠᠰᠤᠷᠠᠯ᠎ᠢ ᠴᠢᠩᠭᠠᠳᠬᠠᠬᠤ ᠬᠡᠷᠡᠭᠲᠡᠢ ᠭᠡᠵᠡᠢ᠃

ᠡᠨᠡ ᠵᠢᠯ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ ᠬᠣᠯᠪᠣᠭᠳᠠᠯ ᠪᠦᠬᠦᠢ ᠰᠠᠯᠠᠭ᠎ᠠ ᠮᠥᠴᠢᠷ ᠯᠦ᠍ᠭᠡ ᠬᠠᠮᠲᠤ᠎ᠪᠠᠷ ᠥᠷᠭᠡᠨ ᠣᠯᠠᠨ ᠭᠡᠷ ᠪᠦᠯᠢ᠎ᠶᠢᠨ ᠨᠠᠢᠳᠠᠨ ᠰᠠᠭᠠᠲᠠᠭᠤᠯᠬᠤ ᠲᠠᠯ᠎ᠠ᠎ᠪᠠᠷ ᠬᠢ ᠪᠠᠴᠢᠮᠳᠠᠵᠤ ᠲᠦᠪᠡᠭᠳᠡᠵᠦ ᠵᠣᠪᠠᠵᠤ ᠬᠦᠰᠡᠵᠦ ᠪᠠᠢᠭ᠎ᠠ ᠪᠠᠢᠳᠠᠯ᠎ᠤᠨ ᠲᠣᠭᠣᠷᠢᠨ᠎ᠳᠤ᠂ ᠡᠯ᠎ᠡ ᠭᠠᠵᠠᠷ᠎ᠤᠨ ᠲᠦᠭᠡᠮᠡᠯ ᠬᠠᠷᠠᠭᠠᠯᠵᠠᠯ᠎ᠤᠨ ᠴᠢᠨᠠᠷᠲᠠᠢ᠂ ᠰᠠᠭᠤᠷᠢ ᠴᠢᠨᠠᠷᠲᠠᠢ᠂ ᠳᠠᠭᠠᠭᠠᠨ ᠪᠠᠲᠤᠯᠠᠬᠤ ᠴᠢᠨᠠᠷᠲᠠᠢ ᠨᠠᠢᠳᠠᠨ ᠰᠠᠭᠠᠲᠠᠭᠤᠯᠬᠤ ᠪᠦᠲᠦᠭᠡᠨ ᠪᠠᠢᠭᠤᠯᠤᠯᠲᠠ᠎ᠶᠢ ᠴᠢᠩᠭᠠᠳᠬᠠᠬᠤ᠎ᠶᠢ ᠵᠢᠭᠠᠨ ᠵᠢᠯᠤᠭᠣᠳᠴᠤ᠂ ᠨᠠᠢᠳᠠᠨ ᠰᠠᠭᠠᠲᠠᠭᠤᠯᠬᠤ ᠦᠢᠯᠡᠴᠢᠯᠡᠭᠡᠨ᠎ᠦ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠦᠨ᠂ ᠠᠮᠤᠷ ᠲᠦᠪᠰᠢᠨ ᠡᠷᠡᠭᠦᠯ ᠮᠡᠨᠳᠦ᠎ᠶᠢᠨ ᠬᠣᠷᠢᠭ᠎ᠠ ᠱᠤᠭᠤᠮ᠎ᠢ ᠰᠠᠬᠢᠵᠤ᠂ ᠨᠢᠯᠬ᠎ᠠ ᠨᠢᠷᠠᠢ ᠬᠡᠦᠬᠡᠳ᠎ᠦᠨ ᠭᠡᠷ ᠪᠦᠯᠢ᠎ᠶᠢᠨ ᠣᠯᠠᠨ ᠶᠠᠩᠵᠤᠲᠤ ᠨᠠᠢᠳᠠᠨ ᠰᠠᠭᠠᠲᠠᠭᠤᠯᠬᠤ ᠦᠢᠯᠡᠴᠢᠯᠡᠭᠡᠨ᠎ᠦ ᠬᠡᠷᠡᠭᠴᠡᠭᠡ᠎ᠶᠢ ᠨᠢ ᠬᠠᠩᠭᠠᠨ᠎ᠠ᠃

ᠢᠷᠡᠯᠲᠡ᠄ ᠠᠷᠠᠳ᠎ᠤᠨ ᠡᠳᠦᠷ᠎ᠦᠨ ᠰᠣᠨᠢᠨ