ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ ᠲᠤᠬᠠᠢ ᠲᠣᠭᠲᠠᠭᠠᠯ᠎ᠤᠳ》 (ᠳᠣᠷᠣᠭ᠍ᠰᠢ 《ᠲᠣᠭᠲᠠᠭᠠᠯ᠎ᠤᠳ》 ᠭᠡᠵᠦ ᠲᠣᠪᠴᠢᠯᠠᠪᠠ)᠎ᠢ ᠳᠠᠷᠤᠮᠠᠯᠯᠠᠨ ᠶᠠᠪᠤᠭᠤᠯᠤᠭ᠍ᠰᠠᠨ ᠪᠥᠭᠡᠳ ᠮᠡᠳᠡᠭᠳᠡᠯ ᠭᠠᠷᠭᠠᠵᠤ᠂ ᠡᠯ᠎ᠡ ᠭᠠᠵᠠᠷ ᠣᠷᠣᠨ ᠪᠠ ᠡᠯ᠎ᠡ ᠰᠠᠯᠠᠭ᠎ᠠ ᠮᠥᠴᠢᠷ᠎ᠦᠳ ᠬᠢᠨᠠᠮᠠᠭᠠᠢ ᠵᠢᠷᠤᠮᠯᠠᠨ ᠬᠡᠷᠡᠭᠵᠢᠭᠦᠯᠬᠦ᠎ᠶᠢ ᠱᠠᠭᠠᠷᠳᠠᠵᠠᠢ᠃
ᠮᠡᠳᠡᠭᠳᠡᠯ᠎ᠳᠦ ᠵᠢᠭᠠᠵᠤ ᠭᠠᠷᠭᠠᠬᠤ᠎ᠳᠤ᠎ᠪᠠᠨ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠪᠣᠯ ᠠᠷᠬᠠᠭ ᠭᠡᠮ ᠮᠥᠨ᠂ ᠡᠷᠬᠡᠪᠰᠢ ᠶᠡᠬᠡ ᠬᠦᠴᠦ ᠣᠷᠣᠭᠤᠯᠵᠤ ᠪᠠᠢᠭᠠᠳ ᠡᠷᠡᠰ ᠵᠠᠯᠠᠷᠠᠭᠤᠯᠬᠤ ᠬᠡᠷᠡᠭᠲᠡᠢ᠃ ᠦᠨᠳᠦᠰᠦᠨ ᠱᠠᠲᠤ ᠪᠣᠯ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢᠨ 《ᠡᠴᠦᠰ᠎ᠦᠨ ᠨᠢᠭᠡ ᠺᠢᠯᠣᠮᠧᠲᠷ》 ᠪᠣᠯᠣᠨ᠎ᠠ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠳᠤ ᠬᠦᠯᠢᠶᠡᠰᠦᠯᠡᠭᠳᠡᠵᠦ ᠪᠣᠯᠬᠤ ᠦᠭᠡᠢ᠃ 《ᠲᠣᠭᠲᠠᠭᠠᠯ᠎ᠤᠳ》᠎ᠢ ᠲᠣᠭᠲᠠᠭᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠱᠢᠯᠠᠭᠤᠯᠵᠤ᠂ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ ᠤᠷᠳᠤ ᠬᠤᠭᠤᠴᠠᠭᠠᠨ᠎ᠤ ᠪᠦᠲᠦᠮᠵᠢᠲᠡᠶ ᠲᠣᠭᠲᠠᠴᠠ᠎ᠶᠢ ᠪᠦᠷᠢᠨᠰᠢᠭᠦᠯᠬᠦ ᠨᠢ ᠬᠡᠯᠪᠡᠷᠢᠴᠢ ᠦᠵᠡᠯ᠎ᠢ ᠴᠡᠭᠴᠡᠯᠡᠨ ᠵᠠᠰᠠᠬᠤ᠎ᠶᠢ ᠦᠷᠭᠦᠯᠵᠢᠯᠡᠨ ᠭᠦᠨᠵᠡᠭᠡᠢᠷᠡᠭᠦᠯᠦᠨ ᠥᠷᠭᠡᠳᠬᠡᠵᠦ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ᠎ᠳᠦ ᠴᠢᠬᠤᠯᠠ ᠠᠴᠢ ᠬᠣᠯᠪᠣᠭᠳᠠᠯ᠎ᠲᠠᠢ ᠶᠤᠮ ᠭᠡᠪᠡ᠃
ᠮᠡᠳᠡᠭᠳᠡᠯ᠎ᠳᠦ ᠱᠠᠭᠠᠷᠳᠠᠬᠤᠳᠤᠪᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠳ 《ᠲᠣᠭᠲᠠᠭᠠᠯ᠎ᠤᠳ》᠎ᠢ ᠴᠢᠩᠭ᠎ᠠ ᠬᠡᠷᠡᠭᠵᠢᠭᠦᠯᠵᠦ᠂ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ ᠪᠠ ᠡᠷᠴᠢᠮᠯᠡᠬᠦ᠎ᠶᠢ ᠨᠢᠭᠡᠳᠦᠯᠲᠡᠢ ᠲᠥᠯᠥᠪᠯᠡᠵᠦ᠂ ᠦᠨᠳᠦᠰᠦᠨ ᠱᠠᠲᠤ᠎ᠶᠢ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠤᠨ ᠬᠦᠯᠢᠶᠡᠰᠦᠯᠡᠯ᠎ᠡᠴᠡ ᠦᠨᠡᠨ ᠬᠦ᠌ ᠠᠩᠭᠢᠵᠢᠷᠠᠭᠤᠯᠵᠤ᠂ ᠥᠷᠭᠡᠨ ᠤᠯᠠᠨ ᠨᠠᠮ᠎ᠤᠨ ᠭᠡᠰᠢᠭᠦᠳ᠂ ᠺᠠᠳ᠋ᠷᠴᠤᠳ᠎ᠢ ᠬᠥᠲᠥᠯᠥᠨ ᠵᠢᠯᠤᠭᠣᠳᠴᠤ ᠪᠠᠢᠭᠠᠳ ᠢᠳᠡᠪᠬᠢᠲᠡᠢ᠎ᠪᠡᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠯᠭᠡᠵᠦ᠂ ᠨᠡᠩ ᠶᠡᠬᠡ ᠤᠶᠤᠨ ᠴᠢᠳᠠᠯ᠎ᠢᠶᠠᠷ ᠨᠠᠢᠳᠠᠪᠤᠷᠢᠵᠢᠭᠤᠯᠤᠯᠲᠠ᠎ᠶᠢ ᠠᠳᠬᠤᠭᠤᠯᠬᠤ ᠬᠡᠷᠡᠭᠲᠡᠢ᠃ ᠲᠥᠪ᠎ᠦᠨ ᠱᠠᠲᠤᠨ᠎ᠠᠴᠠ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ ᠲᠤᠰᠬᠠᠢ ᠠᠵᠢᠯ᠎ᠤᠨ ᠲᠣᠭᠲᠠᠴᠠ᠎ᠪᠠᠷ ᠲᠣᠭᠲᠠᠮᠠᠯ ᠬᠤᠭᠤᠴᠠᠭ᠎ᠠ᠎ᠲᠠᠢ᠎ᠪᠠᠷ ᠰᠢᠮᠳᠠᠭᠤᠯᠤᠨ ᠪᠠᠢᠴᠠᠭᠠᠵᠤ᠂ ᠲᠥᠪ᠎ᠦᠨ ᠪᠠ ᠲᠦᠷᠦ᠎ᠶᠢᠨ ᠪᠠᠢᠭᠤᠯᠭ᠎ᠠ᠎ᠶᠢᠨ ᠡᠯ᠎ᠡ ᠰᠠᠯᠠᠭ᠎ᠠ ᠮᠥᠴᠢᠷ᠂ ᠡᠯ᠎ᠡ ᠮᠤᠵᠢ᠎ᠶᠢᠨ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠠᠵᠢᠯ ᠲᠣᠬᠢᠷᠠᠭᠤᠯᠤᠨ ᠪᠠᠢᠷᠢᠯᠠᠭᠤᠯᠬᠤ᠎ᠳᠤ᠎ᠪᠠᠨ ᠦᠨᠡᠨ᠎ᠡᠴᠡ ᠵᠥᠪ᠎ᠢ ᠡᠷᠢᠵᠦ᠂ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢᠯᠠᠩ) ᠭᠣᠣᠯ ᠴᠣᠭᠴᠠ᠎ᠶᠢᠨ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠬᠡᠵᠦ᠂ ᠡᠯ᠎ᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠨᠢ ᠬᠢᠨᠠᠯᠲᠠ ᠲᠠᠯᠪᠢᠵᠤ ᠬᠡᠷᠡᠭᠵᠢᠭᠦᠯᠬᠦ᠎ᠪᠡᠨ ᠴᠢᠩᠭᠠᠳᠬᠠᠵᠤ᠂ 《ᠲᠣᠭᠲᠠᠭᠠᠯ᠎ᠤᠳ》᠎ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠪᠠᠲᠤᠯᠠᠬᠤ ᠬᠡᠷᠡᠭᠲᠡᠢ ᠭᠡᠪᠡ᠃
ᠲᠥᠷᠥ᠎ᠶᠢᠨ ᠪᠣᠳᠣᠯᠭ᠎ᠠ᠎ᠶᠢᠨ ᠪᠥᠬᠥ ᠠᠭᠤᠯᠭ᠎ᠠ᠄ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ ᠲᠤᠬᠠᠢ ᠲᠣᠭᠲᠠᠭᠠᠯ᠎ᠤᠳ》