ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 9 ᠳ᠋ᠦ᠍ᠭᠡᠷ ᠰᠠᠷ᠎ᠠ᠎ᠶᠢᠨ 23 ᠤ ᠡᠳᠦᠷ᠎ᠦᠨ ᠴᠠᠬᠢᠯᠭᠠᠨ ᠮᠡᠳᠡᠭᠡ ᠲᠥᠷᠥ᠎ᠶᠢᠨ ᠶᠠᠪᠤᠳᠠᠯ᠎ᠤᠨ ᠬᠣᠷᠢᠶ᠎ᠠ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠲᠦᠷᠦᠭᠦᠬᠡᠨ 《ᠴᠡᠷᠢᠭ᠎ᠦᠨ ᠬᠡᠷᠡᠭᠯᠡᠭᠡᠨ᠎ᠦ ᠭᠠᠵᠠᠷ ᠰᠢᠷᠣᠢ᠎ᠶᠢᠨ ᠬᠠᠮᠢᠶᠠᠷᠤᠯᠲᠠ᠎ᠶᠢᠨ ᠳᠦᠷᠢᠮ》 (ᠳᠣᠷᠣᠭ᠍ᠰᠢ 《ᠳᠦᠷᠢᠮ》 ᠭᠡᠵᠦ ᠲᠣᠪᠴᠢᠯᠠᠪᠠ)᠎ᠢ ᠨᠡᠢᠲᠡᠯᠡᠵᠦ᠂ 2025 ᠣᠨ᠎ᠤ 11 ᠳ᠋ᠦ᠍ᠭᠡᠷ ᠰᠠᠷ᠎ᠠ᠎ᠶᠢᠨ 1 ᠦ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃
《ᠳᠦᠷᠢᠮ》 ᠨᠢ ᠴᠡᠷᠢᠭ᠎ᠦᠨ ᠬᠡᠷᠡᠭᠯᠡᠭᠡᠨ᠎ᠦ ᠭᠠᠵᠠᠷ ᠰᠢᠷᠣᠢ᠎ᠶᠢᠨ ᠬᠠᠮᠢᠶᠠᠷᠤᠯᠲᠠ᠎ᠶᠢ ᠴᠢᠩᠭᠠᠳᠬᠠᠬᠤ᠂ ᠴᠡᠷᠢᠭ᠎ᠦᠨ ᠬᠡᠷᠡᠭᠯᠡᠭᠡᠨ᠎ᠦ ᠭᠠᠵᠠᠷ ᠰᠢᠷᠣᠢ᠎ᠶᠢ ᠬᠠᠮᠠᠭᠠᠯᠠᠬᠤ ᠪᠠ ᠵᠦᠢ ᠵᠣᠬᠢᠰᠲᠠᠢ ᠠᠰᠢᠭᠯᠠᠬᠤ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶᠢᠨ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ ᠰᠢᠷᠣᠢ᠎ᠶᠢᠨ ᠬᠡᠷᠡᠭᠴᠡᠭᠡ᠎ᠶᠢ ᠪᠠᠲᠤᠯᠠᠬᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢ ᠪᠡᠬᠢᠵᠢᠭᠦᠯᠬᠦ᠂ ᠴᠡᠷᠢᠭ᠎ᠢ ᠬᠦᠴᠦᠷᠬᠡᠭᠵᠢᠭᠦᠯᠦᠨ ᠮᠠᠨᠳᠤᠭᠤᠯᠬᠤ᠎ᠳᠤ ᠰᠠᠭᠤᠷᠢ ᠡᠬᠢ ᠪᠠᠶᠠᠯᠢᠭ᠋᠎ᠤᠨ ᠲᠤᠯᠭᠠᠭᠤᠷᠢᠯᠠᠯ ᠬᠠᠩᠭᠠᠬᠤ᠎ᠪᠠᠷ ᠵᠣᠷᠢᠯᠲᠠ᠎ᠪᠠᠨ ᠪᠣᠯᠭᠠᠭᠰᠠᠨ ᠶᠤᠮ᠃ 《ᠳᠦᠷᠢᠮ》 ᠨᠢ ᠨᠡᠶ᠋ᠢᠲᠡ 30 ᠵᠦᠢᠯ ᠪᠠᠢᠵᠤ᠂ ᠭᠣᠣᠯᠳᠠᠭᠤ ᠳᠣᠣᠷᠠᠬᠢ ᠠᠭᠤᠯᠭ᠎ᠠ᠎ᠨᠤᠭᠤᠳ᠎ᠢ ᠲᠣᠭᠲᠠᠭᠠᠪᠠ᠃
ᠨᠢᠭᠡ᠎ᠳᠦ᠂ ᠴᠡᠷᠢᠭ᠎ᠦᠨ ᠬᠡᠷᠡᠭᠯᠡᠭᠡᠨ᠎ᠦ ᠭᠠᠵᠠᠷ ᠰᠢᠷᠣᠢ᠎ᠶᠢᠨ ᠲᠥᠪᠯᠡᠷᠡᠩᠭᠦᠢ ᠨᠢᠭᠡᠳᠦᠯᠲᠡᠢ ᠬᠠᠮᠢᠶᠠᠷᠤᠯᠲᠠ᠎ᠶᠢᠨ ᠳᠦᠷᠢᠮ᠎ᠢ ᠲᠣᠭᠲᠠᠭᠠᠪᠠ᠃ ᠴᠡᠷᠢᠭ᠎ᠦᠨ ᠬᠡᠷᠡᠭᠯᠡᠭᠡᠨ᠎ᠦ ᠭᠠᠵᠠᠷ ᠰᠢᠷᠣᠢ᠎ᠶᠢᠨ ᠬᠡᠷᠡᠭᠯᠡᠬᠦ ᠡᠷᠬᠡ ᠨᠢ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠳᠤ ᠬᠠᠷᠢᠶᠠᠯᠠᠭᠳᠠᠵᠤ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠠᠷᠤ ᠲᠠᠯ᠎ᠠ᠎ᠶᠢᠨ ᠦᠢᠯᠡᠴᠢᠯᠡᠭᠡᠨ᠎ᠦ ᠪᠠᠲᠤᠯᠠᠭ᠎ᠠ᠎ᠶᠢᠨ ᠬᠡᠯᠲᠡᠰ ᠨᠢ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢ ᠲᠥᠯᠥᠭᠡᠯᠡᠨ ᠬᠡᠷᠡᠭᠵᠢᠭᠦᠯᠦᠨ᠎ᠡ᠃ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠠᠷᠤ ᠲᠠᠯ᠎ᠠ᠎ᠶᠢᠨ ᠦᠢᠯᠡᠴᠢᠯᠡᠭᠡᠨ᠎ᠦ ᠪᠠᠲᠤᠯᠠᠭ᠎ᠠ᠎ᠶᠢᠨ ᠬᠡᠯᠲᠡᠰ᠎ᠡᠴᠡ ᠴᠡᠷᠢᠭ᠎ᠦᠨ ᠬᠡᠷᠡᠭᠯᠡᠭᠡᠨ᠎ᠦ ᠭᠠᠵᠠᠷ ᠰᠢᠷᠣᠢ᠎ᠶᠢᠨ ᠬᠡᠷᠡᠭᠯᠡᠯᠲᠡ᠎ᠶᠢ ᠨᠢᠭᠡᠳᠦᠯᠲᠡᠢ ᠲᠥᠯᠥᠪᠵᠢᠭᠦᠯᠬᠦ᠎ᠪᠡᠨ ᠴᠢᠩᠭᠠᠳᠬᠠᠵᠤ᠂ ᠴᠡᠷᠢᠭ᠎ᠦᠨ ᠬᠡᠷᠡᠭᠯᠡᠭᠡᠨ᠎ᠦ ᠭᠠᠵᠠᠷ ᠰᠢᠷᠣᠢ᠎ᠶᠢᠨ ᠡᠬᠢ ᠪᠠᠶᠠᠯᠢᠭ᠋᠎ᠢ ᠰᠢᠯᠢᠳᠡᠭᠵᠢᠭᠦᠯᠦᠨ ᠲᠣᠬᠢᠷᠠᠭᠤᠯᠬᠤ᠎ᠶᠢ ᠬᠥᠲᠥᠯᠥᠨ ᠵᠢᠯᠣᠭᠣᠳᠤᠨ᠎ᠠ᠃
ᠬᠣᠶᠠᠷ᠎ᠲᠤ᠂ ᠴᠡᠷᠢᠭ ᠠᠩᠭᠢ᠎ᠶᠢᠨ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠪᠠᠲᠤᠯᠠᠭ᠎ᠠ᠎ᠶᠢ ᠴᠢᠩᠭᠠᠷᠠᠭᠤᠯᠪᠠ᠃ ᠴᠡᠷᠢᠭ ᠠᠩᠭᠢ᠎ᠶᠢᠨ ᠪᠦᠲᠦᠭᠡᠨ ᠪᠠᠢᠭᠤᠯᠤᠯᠲᠠ᠎ᠳᠤ ᠭᠠᠵᠠᠷ ᠰᠢᠷᠣᠢ ᠬᠡᠷᠡᠭᠯᠡᠬᠦ᠎ᠳᠦ᠎ᠪᠡᠨ ᠴᠡᠷᠢᠭ᠎ᠦᠨ ᠬᠡᠷᠡᠭᠯᠡᠭᠡᠨ᠎ᠦ ᠬᠠᠳᠠᠭᠠᠯᠠᠮᠵᠢ ᠭᠠᠵᠠᠷ ᠰᠢᠷᠣᠢ᠎ᠶᠢ ᠤᠷᠢᠳ᠎ᠢᠶᠠᠷ ᠬᠡᠷᠡᠭᠯᠡᠬᠦ ᠬᠡᠷᠡᠭᠲᠡᠢ; ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ᠎ᠢ ᠦᠨᠡᠨ ᠬᠦ᠌ ᠰᠢᠨ᠎ᠡ᠎ᠪᠡᠷ ᠨᠡᠮᠡᠭᠳᠡᠭᠦᠯᠬᠦ ᠴᠢᠬᠤᠯᠠᠲᠠᠢ ᠪᠠᠢᠪᠠᠯ᠂ ᠤᠯᠤᠰ᠎ᠤᠨ ᠨᠤᠲᠤᠭ ᠳᠡᠪᠢᠰᠬᠡᠷ᠎ᠦᠨ ᠣᠷᠣᠨ ᠵᠠᠢ᠎ᠶᠢᠨ ᠲᠥᠯᠦᠪᠵᠢᠭᠦᠯᠭᠡ᠂ ᠭᠠᠵᠠᠷ ᠰᠢᠷᠣᠢ᠎ᠶᠢᠨ ᠠᠰᠢᠭ᠍ᠯᠠᠯᠲᠠ᠎ᠶᠢᠨ ᠣᠨ᠎ᠤ ᠲᠥᠯᠥᠪᠯᠡᠭᠡ ᠪᠠ ᠬᠡᠷᠡᠭᠯᠡᠯᠲᠡ᠎ᠶᠢᠨ ᠵᠠᠬᠢᠷᠤᠨ ᠬᠠᠮᠢᠶᠠᠷᠤᠯᠲᠠ ᠵᠡᠷᠭᠡ᠎ᠶᠢᠨ ᠱᠠᠭᠠᠷᠳᠠᠯᠭ᠎ᠠ᠎ᠳᠤ ᠨᠡᠢᠴᠡᠭᠦᠯᠵᠦ᠂ ᠠᠯᠢ ᠴᠢᠳᠠᠬᠤ᠎ᠪᠠᠷ ᠠᠰᠢᠭ᠍ᠯᠠᠭᠠᠳᠤᠢ ᠭᠠᠵᠠᠷ᠎ᠢ ᠬᠡᠷᠡᠭᠯᠡᠬᠦ᠎ᠶᠢᠨ ᠬᠠᠮᠲᠤ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠳᠦ ᠬᠡᠷᠡᠭᠯᠡᠬᠦ ᠭᠠᠵᠠᠷ᠎ᠤᠨ ᠬᠣᠯᠪᠣᠭᠳᠠᠯ ᠪᠦᠬᠦᠢ ᠭᠠᠷ ᠭᠦᠢᠴᠡᠳᠬᠡᠯ᠎ᠢ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠢ᠃ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠯᠤᠰ᠎ᠤᠨ ᠨᠤᠲᠤᠭ ᠳᠡᠪᠢᠰᠬᠡᠷ᠎ᠦᠨ ᠣᠷᠣᠨ ᠵᠠᠢ᠎ᠶᠢᠨ ᠲᠥᠯᠦᠪᠵᠢᠭᠦᠯᠭᠡ ᠪᠠ ᠭᠠᠵᠠᠷ ᠰᠢᠷᠣᠢ᠎ᠶᠢᠨ ᠠᠰᠢᠭ᠍ᠯᠠᠯᠲᠠ᠎ᠶᠢᠨ ᠣᠨ᠎ᠤ ᠲᠥᠯᠥᠪᠯᠡᠭᠡ᠎ᠶᠢ ᠵᠣᠬᠢᠶᠠᠨ ᠪᠠᠢᠭᠤᠯᠵᠤ ᠨᠠᠢᠷᠠᠭᠤᠯᠤᠨ ᠵᠣᠬᠢᠶᠠᠬᠤ᠎ᠳᠤ᠎ᠪᠠᠨ ᠴᠡᠷᠢᠭ ᠠᠩᠭᠢ᠎ᠶᠢᠨ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠴᠡᠭᠡ᠎ᠶᠢ ᠨᠢ ᠪᠠᠲᠤᠯᠠᠬᠤ᠎ᠶᠢ ᠭᠦᠢᠴᠡᠳ ᠪᠣᠳᠣᠯᠬᠢᠯᠠᠬᠤ ᠬᠡᠷᠡᠭᠲᠡᠢ ᠮᠥᠷᠲᠡᠭᠡᠨ ᠴᠡᠷᠢᠭ ᠠᠩᠭᠢ᠎ᠶᠢᠨ ᠬᠣᠯᠪᠣᠭᠳᠠᠯ ᠪᠦᠬᠦᠢ ᠨᠢᠭᠡᠴᠢ᠎ᠶᠢᠨ ᠰᠠᠨᠠᠯ᠎ᠢ ᠬᠤᠷᠢᠶᠠᠬᠤ ᠬᠡᠷᠡᠭᠲᠡᠢ᠃ ᠴᠡᠷᠢᠭ ᠠᠩᠭᠢ᠎ᠶᠢᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠳᠦ ᠬᠡᠷᠡᠭᠯᠡᠬᠦ ᠭᠠᠵᠠᠷ᠎ᠤᠨ ᠬᠡᠷᠡᠭᠴᠡᠭᠡ᠎ᠶᠢ ᠨᠡᠪᠲᠡᠷᠡᠭᠦᠯᠦᠨ ᠮᠡᠳᠡᠭᠦᠯᠬᠦ ᠪᠠ ᠴᠡᠷᠢᠭ ᠠᠩᠭᠢ ᠬᠢᠭᠡᠳ ᠣᠷᠣᠨ ᠨᠤᠲᠤᠭ᠎ᠢ ᠵᠣᠯᠭᠠᠭᠤᠯᠬᠤ ᠲᠣᠭᠲᠠᠴᠠ᠎ᠶᠢ ᠤᠯᠤᠰ᠎ᠠᠴᠠ ᠪᠦᠷᠢᠨᠰᠢᠭᠦᠯᠦᠨ᠎ᠡ᠃
ᠭᠤᠷᠪᠠ᠎ᠳᠤ᠂ ᠴᠡᠷᠢᠭ᠎ᠦᠨ ᠬᠡᠷᠡᠭᠯᠡᠭᠡᠨ᠎ᠦ ᠭᠠᠵᠠᠷ ᠰᠢᠷᠣᠢ᠎ᠶᠢᠨ ᠬᠠᠮᠠᠭᠠᠯᠠᠯᠲᠠ᠎ᠶᠢ ᠴᠢᠩᠭᠠᠳᠬᠠᠪᠠ᠃ ᠴᠡᠷᠢᠭ᠎ᠦᠨ ᠬᠡᠷᠡᠭᠯᠡᠭᠡᠨ᠎ᠦ ᠭᠠᠵᠠᠷ ᠰᠢᠷᠣᠢ᠎ᠶᠢᠨ ᠠᠭᠠᠷ ᠳᠡᠭᠡᠷᠡᠬᠢ ᠪᠤᠶᠤ ᠭᠠᠵᠠᠷ ᠳᠣᠣᠷᠠᠬᠢ ᠬᠠᠮᠢᠶ᠎ᠠ ᠪᠦᠬᠦᠢ ᠤᠯᠠᠨ ᠨᠡᠶ᠋ᠢᠲᠡ᠎ᠶᠢᠨ ᠰᠠᠭᠤᠷᠢ ᠪᠡᠯᠡᠳᠬᠡᠮᠵᠢ᠎ᠶᠢ ᠪᠠᠶ᠋ᠢᠭᠤᠯᠬᠤ ᠭᠡᠪᠡᠯ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠣᠭᠲᠠᠭᠠᠯ ᠶᠣᠰᠣᠭᠠᠷ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ᠃ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠨᠢ ᠰᠠᠭᠤᠷᠢ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ᠂ ᠨᠡᠶ᠋ᠢᠲᠡ᠎ᠶᠢᠨ ᠠᠰᠠᠷᠠᠮᠵᠢ᠎ᠶᠢᠨ ᠦᠢᠯᠡᠰ᠎ᠢ ᠥᠷᠨᠢᠭᠦᠯᠬᠦ ᠵᠡᠷᠭᠡ ᠰᠢᠯᠲᠠᠭᠠᠨ᠎ᠠᠴᠠ ᠪᠣᠯᠵᠤ ᠴᠡᠷᠢᠭ᠎ᠦᠨ ᠬᠡᠷᠡᠭᠯᠡᠭᠡᠨ᠎ᠦ ᠭᠠᠵᠠᠷ ᠰᠢᠷᠣᠢ᠎ᠶᠢ ᠵᠢᠭᠡᠯᠡᠵᠦ ᠬᠡᠷᠡᠭᠯᠡᠬᠦ ᠴᠢᠬᠤᠯᠠᠲᠠᠢ ᠪᠠᠢᠪᠠᠯ᠂ ᠴᠡᠷᠢᠭ ᠠᠩᠭᠢ᠎ᠶᠢᠨ ᠨᠢᠭᠡᠴᠢ ᠯᠦ᠍ᠭᠡ ᠵᠥᠪᠯᠡᠯᠴᠡᠭᠡᠷ ᠲᠣᠭᠲᠠᠵᠤ᠂ ᠵᠥᠪᠯᠡᠯᠴᠡᠭᠡᠷ᠎ᠲᠦ ᠪᠣᠯᠵᠣᠨ ᠲᠣᠭᠲᠠᠭᠰᠠᠨ ᠬᠡᠷᠡᠭᠴᠡᠭᠡ ᠪᠠ ᠬᠤᠭᠤᠴᠠᠭ᠎ᠠ ᠶᠣᠰᠣᠭᠠᠷ ᠭᠠᠵᠠᠷ ᠰᠢᠷᠣᠢ᠎ᠶᠢ ᠬᠡᠷᠡᠭᠯᠡᠬᠦ ᠬᠡᠷᠡᠭᠲᠡᠢ᠃ ᠴᠡᠷᠢᠭ᠎ᠦᠨ ᠬᠡᠷᠡᠭᠯᠡᠭᠡᠨ᠎ᠦ ᠭᠠᠵᠠᠷ ᠰᠢᠷᠣᠢ᠎ᠶᠢ ᠡᠵᠡᠯᠡᠬᠦ᠂ ᠪᠣᠬᠢᠷᠲᠤᠭᠤᠯᠬᠤ ᠪᠠ ᠡᠪᠳᠡᠬᠦ᠎ᠶᠢ ᠴᠠᠭᠠᠵᠠᠯᠠᠨ᠎ᠠ᠃
ᠳᠥᠷᠪᠡ᠎ᠳᠦ᠂ ᠴᠡᠷᠢᠭ᠎ᠦᠨ ᠬᠡᠷᠡᠭᠯᠡᠭᠡᠨ᠎ᠦ ᠭᠠᠵᠠᠷ ᠰᠢᠷᠣᠢ᠎ᠶᠢᠨ ᠬᠡᠷᠡᠭᠯᠡᠬᠦ ᠡᠷᠬᠡ᠎ᠶᠢ ᠵᠢᠷᠤᠮᠵᠢᠭᠤᠯᠤᠨ ᠲᠣᠬᠢᠷᠠᠭᠤᠯᠪᠠ᠃ ᠴᠡᠷᠢᠭ ᠠᠩᠭᠢ᠎ᠶᠢᠨ ᠨᠢᠭᠡᠴᠢ ᠨᠢ ᠴᠡᠷᠢᠭ ᠠᠩᠭᠢ ᠪᠠ ᠣᠷᠣᠨ ᠨᠤᠲᠤᠭ᠎ᠤᠨ ᠭᠠᠵᠠᠷ ᠰᠢᠷᠣᠢ᠎ᠶᠢᠨ ᠬᠡᠷᠡᠭᠯᠡᠬᠦ ᠡᠷᠬᠡ᠎ᠶᠢ ᠰᠣᠯᠢᠨ ᠨᠡᠢᠳᠬᠡᠬᠦ ᠪᠤᠶᠤ ᠴᠡᠷᠢᠭ᠎ᠦᠨ ᠬᠡᠷᠡᠭᠯᠡᠭᠡᠨ᠎ᠦ ᠭᠠᠵᠠᠷ ᠰᠢᠷᠣᠢ᠎ᠶᠢᠨ ᠬᠡᠷᠡᠭᠯᠡᠬᠦ ᠡᠷᠬᠡ᠎ᠶᠢ ᠣᠷᠣᠨ ᠨᠤᠲᠤᠭ᠎ᠲᠤ ᠰᠢᠯᠵᠢᠭᠦᠯᠬᠦ ᠵᠡᠷᠭᠡ ᠠᠷᠭ᠎ᠠ᠎ᠪᠠᠷ ᠴᠡᠷᠢᠭ᠎ᠦᠨ ᠬᠡᠷᠡᠭᠯᠡᠭᠡᠨ᠎ᠦ ᠭᠠᠵᠠᠷ ᠰᠢᠷᠣᠢ᠎ᠶᠢᠨ ᠬᠡᠷᠡᠭᠯᠡᠬᠦ ᠡᠷᠬᠡ᠎ᠶᠢ ᠲᠣᠬᠢᠷᠠᠭᠤᠯᠵᠤ ᠪᠣᠯᠣᠨ᠎ᠠ᠃ ᠴᠡᠷᠢᠭ᠎ᠦᠨ ᠬᠡᠷᠡᠭᠯᠡᠭᠡᠨ᠎ᠦ ᠭᠠᠵᠠᠷ ᠰᠢᠷᠣᠢ᠎ᠶᠢᠨ ᠬᠡᠷᠡᠭᠯᠡᠬᠦ ᠡᠷᠬᠡ᠎ᠶᠢ ᠲᠣᠬᠢᠷᠠᠭᠤᠯᠬᠤ᠎ᠳᠤ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠣᠭᠲᠠᠭᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠦᠭᠡᠳ᠂ ᠭᠠᠵᠠᠷ ᠰᠢᠷᠣᠢ᠎ᠶᠢᠨ ᠬᠡᠷᠡᠭᠯᠡᠬᠦ ᠡᠷᠬᠡ᠎ᠶᠢ ᠨᠢ ᠰᠣᠯᠢᠨ ᠨᠡᠢᠳᠬᠡᠬᠦ ᠠᠷᠭ᠎ᠠ᠎ᠶᠢ ᠤᠷᠢᠳ᠎ᠢᠶᠠᠷ ᠬᠡᠷᠡᠭᠯᠡᠬᠦ ᠬᠡᠷᠡᠭᠲᠡᠢ᠃ ᠤᠯᠠᠨ ᠨᠡᠶ᠋ᠢᠲᠡ᠎ᠶᠢᠨ ᠠᠰᠢᠭ᠋ ᠲᠤᠰᠠ᠎ᠶᠢᠨ ᠬᠡᠷᠡᠭᠴᠡᠭᠡ᠂ ᠴᠡᠷᠢᠭ᠎ᠦᠨ ᠶᠠᠪᠤᠳᠠᠯ᠎ᠤᠨ ᠪᠡᠯᠡᠳᠬᠡᠮᠵᠢ᠎ᠶᠢ ᠬᠡᠷᠡᠭᠯᠡᠭᠡᠨ᠎ᠡᠴᠡ ᠭᠠᠷᠭᠠᠵᠤ ᠨᠡᠭᠦᠯᠭᠡᠨ ᠪᠠᠢᠭᠤᠯᠤᠭᠰᠠᠨ᠂ ᠴᠡᠷᠢᠭ᠎ᠦᠨ ᠬᠡᠷᠡᠭᠯᠡᠭᠡᠨ᠎ᠦ ᠭᠠᠵᠠᠷ ᠰᠢᠷᠣᠢ ᠨᠢ ᠴᠡᠷᠢᠭ᠎ᠦᠨ ᠶᠠᠪᠤᠳᠠᠯ᠎ᠤᠨ ᠠᠰᠢᠭ᠍ᠯᠠᠯᠲᠠ᠎ᠶᠢᠨ ᠦᠷᠳᠡᠭ᠎ᠢᠶᠡᠨ ᠠᠯᠳᠠᠭᠰᠠᠨ ᠵᠡᠷᠭᠡ ᠪᠠᠢᠳᠠᠯ᠎ᠳᠤ᠂ ᠲᠣᠭᠲᠠᠭᠠᠯ ᠶᠣᠰᠣᠭᠠᠷ ᠭᠠᠵᠠᠷ ᠰᠢᠷᠣᠢ᠎ᠶᠢᠨ ᠬᠡᠷᠡᠭᠯᠡᠬᠦ ᠡᠷᠬᠡ᠎ᠶᠢ ᠣᠷᠣᠨ ᠨᠤᠲᠤᠭ᠎ᠲᠤ ᠰᠢᠯᠵᠢᠭᠦᠯᠵᠦ ᠪᠣᠯᠬᠤ ᠪᠥᠭᠡᠳ ᠬᠠᠤᠯᠢ ᠶᠣᠰᠣᠭᠠᠷ ᠦᠯᠦ ᠬᠥᠳᠡᠯᠬᠦ ᠬᠥᠷᠥᠩᠭᠡ᠎ᠶᠢᠨ ᠳᠠᠩᠰᠠᠯᠠᠨ ᠲᠡᠮᠳᠡᠭᠯᠡᠬᠦ ᠭᠠᠷ ᠭᠦᠢᠴᠡᠳᠬᠡᠯ ᠬᠢᠨ᠎ᠡ᠃
ᠲᠥᠷᠥ᠎ᠶᠢᠨ ᠪᠣᠳᠣᠯᠭ᠎ᠠ᠎ᠶᠢᠨ ᠬᠣᠯᠪᠣᠭᠠᠰᠤ᠄ ᠴᠡᠷᠢᠭ᠎ᠦᠨ ᠬᠡᠷᠡᠭᠯᠡᠭᠡᠨ᠎ᠦ ᠭᠠᠵᠠᠷ ᠰᠢᠷᠣᠢ᠎ᠶᠢᠨ ᠬᠠᠮᠢᠶᠠᠷᠤᠯᠲᠠ᠎ᠶᠢᠨ ᠳᠦᠷᠢᠮ