ᠣᠢᠷ᠎ᠠ᠎ᠳᠤ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ ᠵᠡᠷᠭᠡ 9 ᠰᠠᠯᠠᠭ᠎ᠠ ᠮᠥᠴᠢᠷ 《ᠬᠣᠲᠠ᠎ᠶᠢᠨ ᠠᠮᠢᠳᠤᠷᠠᠯ᠎ᠳᠤ ᠳᠥᠭᠥᠮᠯᠡᠬᠦ ᠮᠥᠴᠡ᠎ᠶᠢᠨ ᠵᠠᠢᠲᠠᠢ ᠲᠣᠭᠣᠷᠢᠭ᠋᠎ᠤᠨ ᠪᠠᠢᠭᠤᠯᠤᠯᠲᠠ᠎ᠶᠢ ᠥᠷᠭᠡᠳᠬᠡᠨ ᠲᠠᠰ ᠳᠡᠪᠰᠢᠭᠦᠯᠬᠦ᠎ᠶᠢ ᠬᠦᠴᠦᠯᠡᠨ ᠠᠬᠢᠭᠤᠯᠬᠤ ᠲᠤᠬᠠᠢ ᠮᠡᠳᠡᠭᠳᠡᠯ》 (ᠳᠣᠷᠣᠭ᠍ᠰᠢ 《ᠮᠡᠳᠡᠭᠳᠡᠯ》 ᠭᠡᠵᠦ ᠲᠣᠪᠴᠢᠯᠠᠪᠠ)᠎ᠢ ᠬᠣᠯᠪᠣᠭᠠᠯᠠᠨ ᠨᠡᠢᠲᠡᠯᠡᠵᠦ᠂ ᠠᠮᠢᠳᠤᠷᠠᠯ᠎ᠳᠤ ᠳᠥᠭᠥᠮᠯᠡᠬᠦ ᠲᠣᠭᠣᠷᠢᠭ᠋᠎ᠤᠨ ᠪᠠᠢᠭᠤᠯᠤᠯᠲᠠ᠎ᠳᠤ ᠳᠠᠬᠢᠨᠲᠠ ᠪᠠᠢᠷᠢᠯᠠᠭᠤᠯᠤᠯᠲᠠ ᠬᠢᠪᠡ᠃
《ᠮᠡᠳᠡᠭᠳᠡᠯ》᠎ᠳᠤ ᠲᠠᠪᠤᠨ ᠲᠠᠯ᠎ᠠ᠎ᠶᠢᠨ ᠡᠭᠦᠷᠭᠡ᠎ᠶᠢ ᠲᠣᠳᠣᠷᠬᠠᠢ ᠲᠣᠭᠲᠠᠭᠠᠪᠠ᠄
ᠬᠠᠮᠤᠷᠬᠤ ᠬᠡᠪᠴᠢᠶ᠎ᠡ᠎ᠶᠢ ᠥᠷᠭᠡᠳᠬᠡᠨ᠎ᠡ᠃ 3 ᠵᠢᠯ᠎ᠦᠨ ᠬᠤᠭᠤᠴᠠᠭ᠎ᠠ᠎ᠶᠢ ᠠᠰᠢᠭᠯᠠᠭᠠᠳ ᠪᠥᠬᠥ ᠬᠡᠪᠴᠢᠶ᠎ᠡ᠎ᠪᠡᠷ ᠤᠷᠢᠳ᠎ᠢᠶᠠᠷ ᠬᠡᠷᠡᠭᠵᠢᠭᠦᠯᠬᠦ ᠲᠣᠭᠣᠷᠢᠭ᠋᠎ᠤᠨ ᠲᠤᠷᠰᠢᠯᠲᠠ᠎ᠶᠢᠨ ᠴᠡᠭ᠎ᠢ ᠦᠷᠭᠦᠯᠵᠢᠯᠡᠨ ᠥᠷᠨᠢᠭᠦᠯᠵᠦ᠂ ᠲᠤᠰᠬᠠᠢ ᠣᠷᠣᠨ᠎ᠤ ᠲᠠᠰ᠎ᠡᠴᠡ ᠳᠡᠭᠡᠭᠰᠢᠬᠢ ᠬᠣᠲᠠ᠎ᠶᠢᠨ ᠭᠣᠣᠯ ᠲᠣᠭᠣᠷᠢᠭ᠋ ᠪᠠ ᠨᠥᠬᠥᠴᠡᠯ ᠲᠠᠢ ᠰᠢᠶᠠᠨ᠎ᠤ ᠬᠣᠲᠠ᠎ᠶᠢᠨ ᠨᠡᠢᠭᠡᠮ ᠲᠣᠭᠣᠷᠢᠭ᠋᠎ᠲᠤ ᠪᠦᠬᠦᠨ᠎ᠢ ᠬᠠᠮᠤᠷᠤᠭᠤᠯᠤᠨ᠎ᠠ᠃ ᠠᠮᠢᠳᠤᠷᠠᠯ᠎ᠳᠤ ᠳᠥᠭᠥᠮᠯᠡᠬᠦ ᠲᠣᠭᠣᠷᠢᠭ᠋ ᠬᠢᠭᠡᠳ ᠨᠠᠰᠤᠲᠠᠨ᠎ᠢ ᠠᠰᠠᠷᠠᠵᠤ ᠨᠠᠢᠳᠠᠨ ᠰᠠᠭᠠᠲᠠᠭᠤᠯᠬᠤ ᠲᠣᠭᠣᠷᠢᠭ᠋᠂ ᠪᠠᠷᠠᠭ᠎ᠠ ᠬᠤᠳᠠᠯᠳᠤᠨ ᠠᠪᠬᠤ ᠦᠢᠯᠡᠴᠢᠯᠡᠭᠡᠨ᠎ᠦ ᠲᠣᠭᠣᠷᠢᠭ᠋᠂ ᠪᠡᠶ᠎ᠡ᠎ᠶᠢᠨ ᠲᠠᠮᠢᠷ᠎ᠤᠨ ᠲᠣᠭᠣᠷᠢᠭ᠋᠂ ᠨᠡᠢᠭᠡᠮ ᠲᠣᠭᠣᠷᠢᠭ᠋᠎ᠤᠨ ᠰᠣᠶᠣᠯ᠎ᠤᠨ ᠲᠣᠭᠣᠷᠢᠭ᠋᠂ ᠡᠷᠡᠭᠦᠯ ᠮᠡᠨᠳᠦ ᠡᠮᠴᠢᠯᠡᠭᠡᠨ᠎ᠦ ᠲᠣᠭᠣᠷᠢᠭ᠋ ᠵᠡᠷᠭᠡ᠎ᠶᠢᠨ ᠠᠭᠤᠰᠤᠯᠴᠠᠯ᠎ᠢ ᠠᠬᠢᠭᠤᠯᠵᠤ᠂ ᠦᠢᠯᠡᠴᠢᠯᠡᠭᠡ᠎ᠶᠢ ᠤᠯᠠᠮ ᠨᠢᠭᠲᠠᠷᠠᠭᠤᠯᠵᠤ᠂ ᠭᠦᠨᠵᠡᠭᠡᠢᠷᠡᠭᠦᠯᠵᠦ᠂ ᠥᠷᠭᠡᠳᠬᠡᠨ᠎ᠡ᠃
ᠪᠡᠯᠡᠳᠬᠡᠮᠵᠢ᠎ᠶᠢᠨ ᠪᠠᠢᠷᠢᠰᠢᠭᠤᠯᠤᠯᠲᠠ᠎ᠶᠢ ᠰᠢᠯᠢᠳᠡᠭᠵᠢᠭᠦᠯᠦᠨ᠎ᠡ᠃ ᠪᠦᠬᠦᠯᠢ ᠴᠣᠭᠴᠠ᠎ᠪᠠᠷ ᠨᠢ ᠲᠥᠯᠥᠪᠵᠢᠭᠦᠯᠬᠦ᠎ᠶᠢ ᠴᠢᠩᠭᠠᠳᠬᠠᠵᠤ᠂ ᠨᠢᠭᠡ ᠲᠣᠭᠣᠷᠢᠭ᠋᠎ᠲᠤ ᠨᠢᠭᠡ ᠪᠣᠳᠣᠯᠭ᠎ᠠ ᠠᠪᠴᠤ ᠲᠦᠷᠦᠯ ᠬᠤᠪᠢᠶᠠᠨ ᠪᠠᠢᠭᠤᠯᠵᠤ᠂ ᠬᠤᠳᠠᠯᠳᠤᠭᠠᠨ᠎ᠤ ᠪᠡᠯᠡᠳᠬᠡᠮᠵᠢ᠎ᠶᠢ ᠰᠢᠨᠵᠢᠯᠡᠬᠦ ᠤᠬᠠᠭᠠᠨᠴᠢ᠎ᠪᠠᠷ ᠪᠠᠢᠷᠢᠰᠢᠭᠤᠯᠵᠤ᠂ ᠵᠡᠭᠡᠯᠢ ᠭᠤᠳᠤᠮᠵᠢ᠎ᠶᠢᠨ ᠠᠵᠤ ᠠᠬᠤᠢ᠂ ᠨᠡᠢᠭᠡᠮ ᠲᠣᠭᠣᠷᠢᠭ᠋᠎ᠤᠨ ᠠᠵᠤ ᠠᠬᠤᠢ᠎ᠶᠢ ᠬᠥᠭᠵᠢᠭᠦᠯᠵᠦ᠂ ᠨᠡᠢᠭᠡᠮ ᠲᠣᠭᠣᠷᠢᠭ᠋᠎ᠤᠨ ᠬᠤᠳᠠᠯᠳᠤᠭ᠎ᠠ᠎ᠶᠢ ᠤᠯᠠᠨ ᠨᠡᠶ᠋ᠢᠲᠡ᠎ᠶᠢᠨ ᠦᠢᠯᠡᠴᠢᠯᠡᠭᠡ᠂ ᠠᠳᠠᠯ ᠠᠬᠤᠢ᠎ᠶᠢᠨ ᠦᠢᠯᠡᠴᠢᠯᠡᠭᠡ᠂ ᠨᠣᠭᠣᠭᠠᠷᠠᠭᠤᠯᠤᠭᠰᠠᠨ ᠴᠡᠴᠡᠷᠯᠢᠭ᠂ ᠪᠡᠶ᠎ᠡ᠎ᠶᠢᠨ ᠲᠠᠮᠢᠷ᠎ᠤᠨ ᠲᠠᠯᠠᠪᠤᠷ ᠭᠠᠵᠠᠷ ᠵᠡᠷᠭᠡ ᠪᠡᠯᠡᠳᠬᠡᠮᠵᠢᠨᠦᠭᠦᠳ ᠯᠦ᠍ᠭᠡ ᠬᠣᠯᠪᠣᠯᠳᠤᠭᠤᠯᠤᠨ ᠬᠥᠭᠵᠢᠭᠦᠯᠬᠦ᠎ᠶᠢ ᠲᠡᠮᠵᠢᠨ᠎ᠡ᠃
ᠡᠵᠡᠩᠨᠡᠯᠲᠡ᠎ᠶᠢᠨ ᠬᠡᠯᠪᠡᠷᠢ ᠪᠠᠢᠳᠠᠯ᠎ᠤᠨ ᠲᠡᠰ ᠳᠡᠪᠰᠢᠭᠦᠯᠬᠦ᠎ᠶᠢ ᠠᠬᠢᠭᠤᠯᠤᠨ᠎ᠠ᠃ ᠦᠨᠳᠦᠰᠦᠨ ᠪᠠᠲᠤᠯᠠᠭ᠎ᠠ᠎ᠶᠢᠨ ᠲᠦᠷᠦᠯ᠎ᠦᠨ ᠡᠵᠡᠩᠨᠡᠯᠲᠡ᠎ᠶᠢᠨ ᠬᠡᠯᠪᠡᠷᠢ ᠪᠠᠢᠳᠠᠯ᠎ᠢ ᠪᠦᠬᠦ ᠲᠠᠯ᠎ᠠ᠎ᠪᠠᠷ ᠨᠥᠬᠥᠪᠦᠷᠢᠯᠡᠵᠦ᠂ ᠬᠠᠭᠤᠴᠢᠨ ᠦᠢᠯᠡᠴᠢᠯᠡᠭᠡᠨ᠎ᠦ ᠬᠡᠯᠪᠡᠷᠢ ᠪᠠᠢᠳᠠᠯ᠎ᠢ ᠭᠣᠣᠯᠳᠠᠯᠭ᠎ᠠ᠎ᠲᠠᠢ᠎ᠪᠠᠷ ᠪᠦᠲᠦᠭᠡᠨ ᠪᠠᠢᠭᠤᠯᠵᠤ᠂ ᠨᠢᠯᠬᠠᠰ᠎ᠢ ᠬᠥᠮᠥᠵᠢᠭᠦᠯᠬᠦ ᠦᠢᠯᠡᠴᠢᠯᠡᠭᠡᠨ᠎ᠦ ᠬᠡᠯᠪᠡᠷᠢ ᠪᠠᠢᠳᠠᠯ᠎ᠢ ᠲᠦᠷᠭᠡᠪᠴᠢᠯᠡᠨ ᠬᠥᠭᠵᠢᠭᠦᠯᠵᠦ᠂ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ ᠰᠢᠨ᠎ᠡ ᠬᠡᠪ ᠵᠠᠭᠪᠤᠷ᠎ᠢ ᠪᠣᠢᠵᠢᠭᠤᠯᠬᠤ᠎ᠶᠢ ᠵᠣᠷᠢᠭ᠍ᠵᠢᠭᠤᠯᠵᠤ᠂ ᠰᠠᠭᠤᠭᠠᠯᠢ ᠠᠷᠠᠳ᠎ᠤᠨ ᠤᠯᠠᠨ ᠶᠠᠩᠵᠤᠲᠤ ᠬᠡᠷᠡᠭᠯᠡᠭᠡ᠎ᠶᠢᠨ ᠬᠡᠷᠡᠭᠴᠡᠭᠡ᠎ᠶᠢ ᠬᠠᠩᠭᠠᠨ᠎ᠠ᠃
ᠦᠢᠯᠡᠴᠢᠯᠡᠭᠡᠨ᠎ᠦ ᠳᠡᠰ ᠳᠡᠪᠰᠢᠬᠦ᠎ᠶᠢ ᠠᠬᠢᠭᠤᠯᠤᠨ᠎ᠠ᠃ ᠲᠥᠷᠥᠯ ᠲᠡᠮᠳᠡᠭ ᠪᠣᠯᠭᠠᠬᠤ ᠪᠠ ᠬᠡᠯᠬᠢᠶᠡᠵᠢᠭᠦᠯᠦᠨ ᠬᠥᠭᠵᠢᠭᠦᠯᠬᠦ᠎ᠶᠢ ᠠᠬᠢᠭᠤᠯᠵᠤ᠂ ᠬᠥᠮᠥᠯᠢᠭ ᠪᠠ ᠴᠢᠨᠠᠷ ᠴᠢᠨᠰᠠᠭ᠎ᠠ ᠲᠠᠢ ᠦᠢᠯᠡᠴᠢᠯᠡᠭᠡ ᠬᠠᠩᠭᠠᠵᠤ᠂ ᠨᠡᠢᠭᠡᠮ ᠲᠣᠭᠣᠷᠢᠭ᠋᠎ᠤᠨ ᠬᠣᠭᠣᠯᠠᠨ ᠭᠡᠷ᠎ᠦᠨ ᠰᠢᠨᠵᠢᠯᠡᠬᠦ ᠤᠬᠠᠭᠠᠨᠴᠢ᠎ᠪᠠᠷ ᠦᠨ᠎ᠡ ᠲᠣᠭᠲᠠᠭᠠᠬᠤ᠂ ᠵᠠᠬ᠎ᠠ ᠳᠡᠯᠭᠡᠭᠦᠷᠴᠢᠯᠡᠨ ᠡᠵᠡᠩᠨᠡᠬᠦ᠎ᠶᠢ ᠠᠬᠢᠭᠤᠯᠵᠤ᠂ ᠣᠨᠴᠠᠯᠢᠭᠲᠤ᠂ ᠣᠯᠠᠨ ᠶᠠᠩᠵᠤᠲᠤ ᠬᠥᠳᠡᠯᠭᠡᠭᠡᠨ᠎ᠢ ᠵᠣᠬᠢᠶᠠᠨ ᠪᠠᠢᠭᠤᠯᠤᠨ᠎ᠠ᠃
ᠬᠠᠮᠢᠶᠠᠷᠤᠯᠲᠠ᠎ᠶᠢᠨ ᠲᠡᠰ ᠳᠡᠪᠰᠢᠬᠦ᠎ᠶᠢ ᠠᠬᠢᠭᠤᠯᠤᠨ᠎ᠠ᠃ ᠤᠯᠠᠨ ᠡᠰᠢᠵᠢᠭᠰᠡᠨ ᠵᠠᠰᠠᠯᠲᠠ᠎ᠶᠢᠨ ᠲᠣᠭᠲᠠᠴᠠ᠎ᠶᠢ ᠪᠠᠢᠭᠤᠯᠵᠤ᠂ ᠲᠤᠰᠬᠠᠢ ᠮᠡᠷᠭᠡᠵᠢᠯ᠎ᠦᠨ ᠭᠣᠣᠯ ᠴᠣᠭᠴᠠ᠎ᠶᠢᠨ ᠡᠵᠡᠩᠨᠡᠯᠲᠡ᠎ᠶᠢ ᠳᠡᠮᠵᠢᠵᠦ᠂ ᠳ᠋ᠢᠭᠢᠲ ᠬᠠᠮᠢᠶᠠᠷᠤᠯᠲᠠ᠎ᠶᠢᠨ ᠬᠢᠷᠢ ᠲᠦᠪᠰᠢᠨ᠎ᠢᠶᠡᠨ ᠳᠡᠭᠡᠭᠰᠢᠯᠡᠭᠦᠯᠵᠦ᠂ ᠨᠡᠢᠭᠡᠮ ᠲᠣᠭᠣᠷᠢᠭ᠋᠎ᠤᠨ ᠠᠮᠢᠳᠤᠷᠠᠯ᠎ᠢ ᠨᠡᠩ ᠣᠶᠤᠨᠲᠤ᠂ ᠨᠡᠩ ᠳᠥᠭᠥᠮ ᠪᠣᠯᠭᠠᠨ᠎ᠠ᠃
ᠲᠥᠷᠥ᠎ᠶᠢᠨ ᠪᠣᠳᠣᠯᠭ᠎ᠠ᠎ᠶᠢᠨ ᠬᠣᠯᠪᠣᠭᠠᠰᠤ᠄ ᠬᠣᠲᠠ᠎ᠶᠢᠨ ᠠᠮᠢᠳᠤᠷᠠᠯ᠎ᠳᠤ ᠳᠥᠭᠥᠮᠯᠡᠬᠦ ᠮᠥᠴᠡ᠎ᠶᠢᠨ ᠵᠠᠢᠲᠠᠢ ᠲᠣᠭᠣᠷᠢᠭ᠋᠎ᠤᠨ ᠪᠠᠢᠭᠤᠯᠤᠯᠲᠠ᠎ᠶᠢ ᠥᠷᠭᠡᠳᠬᠡᠨ ᠲᠠᠰ ᠳᠡᠪᠰᠢᠭᠦᠯᠬᠦ᠎ᠶᠢ ᠬᠦᠴᠦᠯᠡᠨ ᠠᠬᠢᠭᠤᠯᠬᠤ ᠲᠤᠬᠠᠢ ᠬᠤᠳᠠᠯᠳᠤᠭᠠᠨ᠎ᠤ ᠶᠠᠪᠤᠳᠠᠯ᠎ᠤᠨ ᠶᠠᠮᠤᠨ ᠵᠡᠷᠭᠡ 9 ᠰᠠᠯᠠᠭ᠎ᠠ ᠮᠥᠴᠢᠷ᠎ᠦᠨ ᠮᠡᠳᠡᠭᠳᠡᠯ