ᠲᠡᠷᠢᠭᠦᠨ ᠬᠠᠭᠤᠳᠠᠰᠤ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠥᠪᠥᠷ ᠮᠣᠩᠭᠣᠯ 43 ᠴᠢᠩᠭᠡᠯᠢᠭ ᠲᠠᠰᠤᠯᠭ᠎ᠠ᠎ᠲᠠᠢ ᠡᠮᠨᠡᠯᠭᠡ ᠵᠢᠨ ᠬᠣᠷᠢᠶ᠎ᠠ ᠪᠠᠢ᠌ᠭᠤᠯᠬᠤ᠎ᠪᠠᠷ ᠪᠣᠶ
ᠨᠡᠶ᠋ᠢᠲᠡᠯᠡᠭᠰᠡᠨ ᠴᠠᠭ᠄ 2021-01-05

     2020 ᠣᠨ᠎ᠤ 12 ᠳ᠋ᠤᠭ᠋ᠠᠷ ᠰᠠᠷ᠎ᠠ ᠵᠢᠨ 30᠎ᠤ ᠡᠳᠦᠷ᠂ ᠬᠥᠬᠡᠬᠣᠲᠠ᠎ᠳᠤ ᠬᠤᠷᠠᠯᠳᠤᠭᠰᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠠᠴᠠ ᠣᠢ᠌ᠯᠠᠭ᠋ᠠᠭᠰᠠᠨ ᠵᠶ᠋ᠠᠷ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠠᠷᠭ᠋ᠠᠴᠠᠭ᠋ᠠᠬᠤ᠎ᠪᠠᠷ ᠥᠪᠥᠷ ᠮᠣᠩᠭᠣᠯ ᠨᠢᠭᠡᠨᠲᠡ ᠠᠵᠢᠯᠲᠠᠨ᠂ ᠡᠳ᠋ ᠪᠣᠳᠠᠰ᠎ᠤᠨ ᠨᠥᠭᠡᠴᠡ᠎ᠪᠠᠨ ᠰᠠᠢ᠌ᠲᠤᠷ ᠬᠢᠵᠡᠶ᠃
      ᠥᠪᠥᠷ ᠮᠣᠩᠭᠣᠯ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠡᠷᠬᠢᠯᠡᠭᠴᠢ ᠲᠠᠨᠢᠯᠴᠠᠭᠤᠯᠬᠤ᠎ᠳᠤ᠎ᠪᠠᠨ᠂ ᠣᠳᠣᠬᠠᠨ᠎ᠳᠤ᠂ ᠥᠪᠥᠷ ᠮᠣᠩᠭᠣᠯ ᠨᠡᠢ᠌ᠲᠡ 122 ᠰᠠᠯᠠᠭ᠎ᠠ 4077 ᠬᠥᠮᠦᠨ᠎ᠤ ᠬᠡᠪᠴᠢᠶ᠎ᠡ᠎ᠲᠠᠢ ᠡᠮᠴᠢᠯᠡᠵᠦ ᠠᠪᠤᠷᠠᠨ ᠲᠤᠰᠠᠯᠠᠬᠤ ᠡᠩᠨᠡᠭᠡ ᠵᠢ ᠵᠣᠬᠢᠶᠠᠨ ᠪᠠᠢ᠌ᠭᠤᠯᠵᠤ᠂ ᠡᠮᠴᠢᠯᠡᠵᠦ ᠠᠪᠤᠷᠠᠨ ᠲᠤᠰᠠᠯᠠᠬᠤ 5645 ᠪᠡᠯᠡᠳᠬᠡᠯ ᠠᠵᠢᠯᠲᠠᠨ᠎ᠢ ᠪᠡᠯᠡᠨ ᠪᠣᠯᠭ᠋ᠠᠵᠤ᠂ ᠡᠪᠡᠳᠴᠢᠨ ᠬᠢᠵᠢᠭ᠎ᠢ ᠰᠡᠷᠭᠡᠢ᠌ᠯᠡᠨ ᠡᠵᠡᠮᠳᠡᠬᠦ᠂ ᠳᠣᠲᠣᠭ᠋ᠠᠳᠤ ᠵᠢ ᠬᠠᠮᠠᠭ᠋ᠠᠯᠠᠬᠤ᠂ ᠴᠢᠮᠡᠭᠡ ᠬᠣᠯᠪᠣᠭ᠎ᠠ᠂ ᠵᠠᠮ ᠬᠠᠷᠢᠯᠴᠠᠭ᠎ᠠ ᠲᠡᠭᠡᠭᠡᠪᠦᠷᠢ᠂ ᠨᠡᠢ᠌ᠭᠡᠮ ᠲᠣᠭᠣᠷᠢᠭ ᠵᠡᠷᠭᠡ ᠨᠢᠭᠡᠴᠢ ᠵᠢᠨ ᠠᠵᠢᠯᠲᠠᠳ ᠵᠶ᠋ᠠᠷ ᠪᠦᠷᠢᠯᠳᠦᠭᠰᠡᠨ 1261 ᠰᠢᠯᠵᠢᠭᠦᠯᠦᠨ ᠲᠣᠬᠢᠷᠠᠭᠤᠯᠬᠤ ᠳᠤᠭᠤᠢ᠌ᠯᠠᠩ᠎ᠢ ᠵᠣᠬᠢᠶᠠᠨ ᠪᠠᠢ᠌ᠭᠤᠯᠵᠤ᠂ 565 ᠬᠥᠮᠦᠨ᠎ᠤ ᠲᠤᠰᠬᠠᠶ ᠠᠷᠢᠭᠤᠳᠬᠠᠨ ᠠᠷᠢᠯᠭ᠋ᠠᠬᠤ ᠡᠩᠨᠡᠭᠡ ᠵᠢ ᠵᠣᠬᠢᠶᠠᠨ ᠪᠠᠢ᠌ᠭᠤᠯᠵᠤ᠂ ᠨᠡᠢ᠌ᠭᠡᠮ ᠲᠣᠭᠣᠷᠢᠭ᠎ᠤᠨ ᠲᠣᠤᠷᠵᠢᠭᠤᠯᠤᠭᠴᠢ ᠵᠢᠨ ᠡᠩᠨᠡᠭᠡ ᠵᠢ ᠤᠯᠠᠮ ᠨᠢᠭᠡ ᠠᠯᠬᠤᠮ ᠲᠣᠬᠢᠷᠠᠭᠤᠯᠤᠨ ᠲᠡᠭᠦᠯᠳᠡᠷᠵᠢᠭᠦᠯᠵᠦ᠂ ᠬᠢᠵᠢᠭ᠎ᠤᠨ ᠪᠠᠢ᠌ᠳᠠᠯ ᠢᠯᠡᠷᠡᠭᠰᠡᠭᠡᠷ ᠳᠠᠷᠤᠶ ᠲᠦᠷᠭᠡᠨ ᠤᠷᠢᠶᠠᠯᠠᠨ ᠳᠠᠭ᠋ᠠᠵᠤ᠂ ᠪᠦᠲᠦᠮᠵᠢᠲᠡᠶ ᠰᠢᠢᠳᠪᠦᠷᠢᠯᠡᠬᠦ ᠵᠢ ᠦᠨᠡᠨ ᠬᠦ᠌ ᠪᠠᠲᠤᠯᠠᠵᠤ ᠴᠢᠳᠠᠨ᠎ᠠ ᠭᠡᠵᠡᠶ᠃
      ᠡᠭᠦᠨ᠎ᠤ ᠬᠠᠮᠲᠤ᠂ ᠥᠪᠥᠷ ᠮᠣᠩᠭᠣᠯ ᠨᠡᠢ᠌ᠲᠡ 121 ᠴᠡᠭ ᠲᠣᠭᠲᠠᠭ᠋ᠠᠭᠰᠠᠨ ᠡᠮᠨᠡᠯᠭᠡ ᠵᠢᠨ ᠬᠣᠷᠢᠶ᠎ᠠ᠂ 87 ᠪᠡᠯᠡᠳᠬᠡᠯ ᠡᠮᠨᠡᠯᠭᠡ ᠵᠢᠨ ᠬᠣᠷᠢᠶ᠎ᠠ᠂ ᠬᠣᠶᠠᠳᠤᠭ᠋ᠠᠷ ᠳᠡᠰ ᠵᠢᠴᠢ ᠳᠡᠭᠡᠭᠰᠢᠬᠢ ᠶᠡᠷᠦᠩᠬᠡᠢ᠌ᠯᠡᠭᠰᠡᠨ ᠡᠮᠨᠡᠯᠭᠡ ᠵᠢᠨ ᠬᠣᠷᠢᠶ᠎ᠠ᠎ᠳᠤ ᠨᠡᠢ᠌ᠲᠡ 207 ᠬᠠᠯᠠᠭᠤᠷᠠᠯ᠎ᠤᠨ ᠡᠭᠦᠳᠡᠨ ᠡᠮᠨᠡᠯᠭᠡ ᠵᠢ ᠨᠤᠲᠠᠯᠠᠨ ᠲᠣᠭᠲᠠᠭ᠋ᠠᠪᠠ᠃ ᠡᠯ᠎ᠡ ᠠᠢ᠌ᠮᠠᠭ ᠬᠣᠲᠠ᠎ᠠᠴᠠ ᠲᠤᠬᠠᠶ ᠵᠢᠨ ᠭᠠᠵᠠᠷ ᠣᠷᠣᠨ᠎ᠤ ᠪᠠᠢ᠌ᠳᠠᠯ᠎ᠳᠤ᠎ᠪᠠᠨ ᠳᠣᠭᠢᠷᠠᠭᠤᠯᠤᠨ ᠪᠡᠶ᠎ᠡ ᠵᠢᠨ ᠲᠠᠮᠢᠷ᠎ᠤᠨ ᠣᠷᠳᠣᠨ᠂ ᠦᠵᠡᠭᠦᠯᠭᠡ ᠵᠢᠨ ᠣᠷᠳᠣᠨ ᠵᠡᠷᠭᠡ ᠵᠢ ᠰᠣᠩᠭᠣᠵᠤ 43 ᠴᠢᠩᠭᠡᠯᠢᠭ ᠲᠠᠰᠤᠯᠭ᠎ᠠ᠎ᠲᠠᠢ ᠡᠮᠨᠡᠯᠭᠡ ᠵᠢᠨ ᠬᠣᠷᠢᠶ᠎ᠠ ᠵᠢ ᠪᠠᠢ᠌ᠭᠤᠯᠵᠤ 《ᠬᠢᠵᠢᠭ᠎ᠤᠨ ᠪᠠᠢ᠌ᠳᠠᠯ ᠢᠯᠡᠷᠡᠭᠰᠡᠭᠡᠷ ᠴᠢᠩᠭᠡᠯᠢᠭ ᠲᠠᠰᠤᠯᠭ᠎ᠠ᠎ᠲᠠᠢ ᠡᠮᠨᠡᠯᠭᠡ ᠵᠢᠨ ᠬᠣᠷᠢᠶ᠎ᠠ ᠵᠢ ᠲᠡᠷᠡ ᠳᠠᠷᠤᠶ᠎ᠳᠤ᠎ᠨᠢ ᠠᠰᠢᠭᠯᠠᠯᠲᠠ᠎ᠳᠤ ᠣᠷᠣᠭᠤᠯᠬᠤ᠎ᠪᠠᠷ ᠪᠣᠢ》᠃
     《ᠡᠭᠦᠨ᠎ᠠᠴᠠ ᠭᠠᠳᠠᠨ᠎ᠠ᠂ ᠡᠯ᠎ᠡ ᠭᠠᠵᠠᠷ᠎ᠤᠨ᠎ᠬᠢᠨ ᠣᠨᠣᠰᠢᠯᠠᠭᠳᠠᠭᠰᠠᠨ ᠡᠪᠡᠳᠴᠢᠲᠡᠨ᠎ᠤ 1᠄ 100 ᠵᠢᠨ ᠬᠠᠷᠢᠴᠠᠯ ᠶᠣᠰᠣᠭ᠋ᠠᠷ ᠲᠤᠰᠠᠭ᠋ᠠᠷᠯᠠᠬᠤ ᠬᠥᠮᠦᠰ᠎ᠤᠨ ᠬᠡᠪᠴᠢᠶ᠎ᠡ ᠵᠢ ᠲᠣᠭᠲᠠᠭ᠋ᠠᠵᠤ᠂ ᠲᠤᠰᠠᠭ᠋ᠠᠷᠯᠠᠬᠤ ᠨᠥᠬᠥᠴᠡᠯ᠎ᠳᠤ ᠨᠡᠢ᠌ᠴᠡᠭᠰᠡᠨ ᠨᠡᠢ᠌ᠲᠡ 378 ᠵᠣᠴᠢᠳ᠎ᠤᠨ ᠪᠠᠭᠤᠳᠠᠯ ᠪᠠ ᠬᠣᠭᠣᠯᠠᠨ ᠭᠡᠷ᠎ᠲᠠᠢ ᠤᠷᠢᠳᠴᠢᠯᠠᠨ ᠭᠡᠷ᠎ᠡ ᠲᠣᠭᠲᠠᠭᠰᠠᠨ ᠪᠥᠭᠡᠳ ᠲᠤᠰᠠᠭ᠋ᠠᠷᠯᠠᠬᠤ ᠲᠠᠯᠠᠪᠤᠷ ᠪᠦᠷᠢ᠎ᠳᠤ ᠡᠮᠨᠡᠯᠭᠡ ᠵᠢᠨ ᠠᠵᠢᠯᠲᠠᠳ᠂ ᠨᠡᠢ᠌ᠭᠡᠮ ᠲᠣᠭᠣᠷᠢᠭ᠎ᠤᠨ ᠺᠠᠳ᠋ᠷᠴᠤᠳ᠂ ᠳᠣᠲᠣᠭ᠋ᠠᠳᠤ ᠵᠢ ᠬᠠᠮᠠᠭ᠋ᠠᠯᠠᠬᠤ ᠺᠠᠳ᠋ᠷ ᠴᠠᠭᠳᠠᠭ᠎ᠠ ᠨᠠᠷ ᠵᠶ᠋ᠠᠷ ᠪᠦᠷᠢᠯᠳᠦᠭᠰᠡᠨ ᠠᠵᠢᠯᠯᠠᠬᠤ ᠳᠤᠭᠤᠢ᠌ᠯᠠᠩ ᠳᠣᠭᠢᠷᠠᠭᠤᠯᠵᠠᠶ》 ᠭᠡᠵᠦ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠡᠷᠬᠢᠯᠡᠭᠴᠢ ᠲᠠᠨᠢᠯᠴᠠᠭᠤᠯᠵᠤ᠂ ᠪᠠᠰᠠ

《ᠲᠤᠰᠠᠭ᠋ᠠᠷᠯᠠᠬᠤ ᠲᠠᠯᠠᠪᠤᠷ᠎ᠢ ᠡᠬᠢᠯᠡᠵᠦ ᠬᠡᠷᠡᠭᠯᠡᠭᠰᠡᠭᠡᠷ ᠠᠵᠢᠯᠲᠠᠳ ᠳᠠᠷᠤᠢ ᠲᠦᠷᠭᠡᠨ ᠵᠶ᠋ᠠᠷ ᠠᠵᠢᠯᠯᠠᠵᠤ ᠴᠢᠳᠠᠨ᠎ᠠ》 ᠭᠡᠵᠡᠢ᠃
      ᠬᠠᠮᠤᠭ᠎ᠤᠨ ᠰᠢᠨ᠎ᠡ ᠲᠣᠬᠢᠷᠠᠭᠤᠯᠤᠯᠲᠠ ᠵᠢᠨ ᠪᠠᠢ᠌ᠳᠠᠯ᠎ᠠᠴᠠ ᠦᠵᠡᠪᠡᠯ᠂ ᠥᠪᠥᠷ ᠮᠣᠩᠭᠣᠯ ᠨᠢᠭᠡᠨᠲᠡ ᠡᠮᠴᠢᠯᠡᠭᠡᠨ᠎ᠳᠤ ᠬᠡᠷᠡᠭᠯᠡᠬᠦ ᠠᠮᠠᠪᠴᠢ 2452.84 ᠲᠦᠮᠡ᠂ ᠡᠮᠴᠢᠯᠡᠭᠡᠨ᠎ᠳᠤ ᠬᠡᠷᠡᠭᠯᠡᠬᠦ N95 ᠠᠮᠠᠪᠴᠢ 150.7 ᠲᠦᠮᠡ᠂ ᠡᠮᠴᠢᠯᠡᠭᠡᠨ᠎ᠳᠤ ᠬᠡᠷᠡᠭᠯᠡᠬᠦ ᠬᠠᠮᠠᠭ᠋ᠠᠯᠠᠯᠲᠠ ᠵᠢᠨ ᠬᠤᠪᠴᠠᠰᠤ 96.43 ᠲᠦᠮᠡ᠂ ᠡᠮᠴᠢᠯᠡᠭᠡᠨ᠎ᠳᠤ ᠬᠡᠷᠡᠭᠯᠡᠬᠦ ᠲᠤᠰᠠᠭ᠋ᠠᠷᠯᠠᠬᠤ ᠬᠤᠪᠴᠠᠰᠤ 62.87 ᠲᠦᠮᠡ᠂ ᠪᠥᠭᠡᠮ ᠬᠦᠴᠢᠯ᠎ᠤᠨ ᠪᠠᠢ᠌ᠴᠠᠭ᠋ᠠᠨ ᠰᠢᠨᠵᠢᠯᠡᠯᠲᠡ ᠵᠢᠨ ᠲᠤᠷᠰᠢᠬᠤ ᠡᠮ 87.58 ᠲᠦᠮᠡᠨ ᠬᠤᠪᠢ᠂ ᠡᠯ᠎ᠡ ᠲᠥᠷᠥᠯ᠎ᠤᠨ ᠡᠮ᠎ᠤᠨ ᠵᠦᠢᠯ 42 ᠲᠦᠮᠡ ᠵᠢ ᠪᠣᠲᠠᠲᠠᠢ᠎ᠪᠠᠷ

ᠨᠥᠭᠡᠴᠡᠯᠡᠪᠡ᠃
      ᠬᠢᠵᠢᠭ᠎ᠤᠨ ᠪᠠᠢ᠌ᠳᠠᠯ ᠪᠠᠴᠢᠮ ᠬᠦᠨᠳᠦ ᠬᠤᠭᠤᠴᠠᠭ᠋ᠠᠨ᠎ᠳᠠᠬᠢ ᠥᠪᠥᠷ ᠮᠣᠩᠭᠣᠯ᠎ᠤᠨ ᠴᠢᠬᠤᠯᠠ ᠡᠮᠴᠢᠯᠡᠭᠡᠨ᠎ᠳᠤ ᠬᠡᠷᠡᠭᠯᠡᠬᠦ ᠡᠳ᠋ ᠪᠣᠳᠠᠰ ᠦᠢᠯᠡᠳᠪᠦᠷᠢᠯᠡᠬᠦ ᠠᠵᠤ ᠠᠬᠤᠢ᠌ᠯᠠᠯ᠎ᠤᠨ ᠪᠡᠯᠡᠳᠬᠡᠮᠵᠢ ᠵᠢᠨ ᠪᠥᠲᠥᠭᠡᠨ ᠪᠠᠢ᠌ᠭᠤᠯᠤᠯᠲᠠ᠂ ᠦᠢᠯᠡᠳᠪᠦᠷᠢᠯᠡᠬᠦ ᠴᠢᠳᠠᠯ ᠪᠠ ᠭᠠᠷᠭ᠋ᠠᠯᠭ᠎ᠠ ᠵᠢᠨ ᠲᠥᠷᠥᠯ ᠵᠦᠢᠯ ᠶᠠᠰᠤ ᠴᠢᠨᠠᠷ᠂ ᠰᠢᠯᠵᠢᠭᠦᠯᠦᠨ ᠲᠣᠬᠢᠷᠠᠭᠤᠯᠤᠭᠰᠠᠨ ᠪᠠᠢ᠌ᠳᠠᠯ᠂ ᠲᠦᠭᠦᠬᠡᠶ ᠮᠠᠲ᠋ᠧᠷᠢᠶᠠᠯ᠎ᠤᠨ ᠬᠠᠩᠭ᠋ᠠᠯᠭ᠎ᠠ᠂ ᠠᠵᠤ ᠦᠢᠯᠡᠰ᠎ᠤᠨ ᠪᠠᠢ᠌ᠷᠢᠰᠢᠭᠤᠯᠤᠯᠲᠠ ᠵᠡᠷᠭᠡ ᠲᠠᠯ᠎ᠠ᠎ᠪᠠᠷ᠎ᠬᠢ ᠶᠡᠷᠦᠩᠬᠡᠢ᠌ᠯᠡᠭᠰᠡᠨ ᠰᠤᠳᠤᠯᠤᠨ ᠮᠠᠭ᠋ᠠᠳᠯᠠᠯᠲᠠ ᠵᠢ ᠦᠨᠳᠦᠰᠦᠯᠡᠨ᠂ ᠥᠪᠥᠷ ᠮᠣᠩᠭᠣᠯ ᠵᠡᠭᠦᠨ᠂ ᠳᠤᠮᠳᠠ᠂ ᠪᠠᠷᠠᠭᠤᠨ ᠬᠡᠰᠡᠭ᠎ᠤᠨ ᠭᠠᠵᠠᠷ ᠣᠷᠣᠨ᠎ᠠᠴᠠ ᠡᠮᠴᠢᠯᠡᠭᠡᠨ᠎ᠳᠤ ᠬᠡᠷᠡᠭᠯᠡᠬᠦ ᠠᠮᠠᠪᠴᠢ ᠦᠢ᠍ᠯᠡᠳᠪᠦᠷᠢᠯᠡᠬᠦ 6 ᠠᠵᠤ ᠠᠬᠤᠢ᠌ᠯᠠᠯ᠂ ᠡᠮᠴᠢᠯᠡᠭᠡᠨ᠎ᠳᠤ ᠬᠡᠷᠡᠭᠯᠡᠬᠦ ᠬᠠᠮᠠᠭ᠋ᠠᠯᠠᠯᠲᠠ ᠵᠢᠨ ᠬᠤᠪᠴᠠᠰᠤ ᠦᠢ᠍ᠯᠡᠳᠪᠦᠷᠢᠯᠡᠬᠦ 2 ᠠᠵᠤ ᠠᠬᠤᠢ᠌ᠯᠠᠯ᠂ ᠠᠷᠢᠭᠤᠳᠬᠠᠯ ᠡᠳ᠋ ᠦᠢ᠍ᠯᠡᠳᠪᠦᠷᠢᠯᠡᠬᠦ 7 ᠠᠵᠤ ᠠᠬᠤᠢ᠌ᠯᠠᠯ ᠵᠢ ᠡᠮᠴᠢᠯᠡᠭᠡᠨ᠎ᠳᠤ ᠬᠡᠷᠡᠭᠯᠡᠬᠦ ᠴᠢᠬᠤᠯᠠ ᠡᠳ᠋ ᠪᠣᠳᠠᠰ᠎ᠤᠨ ᠴᠡᠭ ᠲᠣᠭᠲᠠᠭ᠋ᠠᠭᠰᠠᠨ ᠬᠠᠩᠭ᠋ᠠᠯᠭ᠎ᠠ ᠵᠢ ᠪᠠᠲᠤᠯᠠᠬᠤ ᠠᠵᠤ ᠠᠬᠤᠢ᠌ᠯᠠᠯ ᠵᠶ᠋ᠠᠷ ᠰᠣᠩᠭᠣᠨ ᠲᠣᠭᠲᠠᠭ᠋ᠠᠪᠠ᠃
      ᠲᠣᠭ᠎ᠠ ᠪᠠᠷᠢᠮᠲᠠ ᠵᠢᠨ ᠪᠦᠷᠢᠳᠬᠡᠯ᠎ᠤᠨ ᠢᠯᠡᠷᠡᠭᠦᠯᠦᠭᠰᠡᠨ ᠵᠶ᠋ᠡᠷ᠂ ᠡᠮᠴᠢᠯᠡᠭᠡᠨ᠎ᠳᠤ ᠬᠡᠷᠡᠭᠯᠡᠬᠦ ᠠᠮᠠᠪᠴᠢ ᠦᠢᠯᠡᠳᠪᠦᠷᠢᠯᠡᠬᠦ ᠠᠵᠤ ᠠᠬᠤᠢ᠌ᠯᠠᠯ᠎ᠤᠨ ᠡᠳᠦᠷ᠎ᠤᠨ ᠦᠢᠯᠡᠳᠪᠦᠷᠢᠯᠡᠬᠦ ᠴᠢᠳᠠᠯ᠎ᠨᠢ 298.5 ᠲᠦᠮᠡ᠂ ᠦᠢ᠍ᠯᠡᠳᠬᠦᠨ᠎ᠤ ᠬᠠᠳᠠᠭ᠋ᠠᠯᠠᠯᠲᠠ᠎ᠨᠢ 1189.86 ᠲᠦᠮᠡ᠂ ᠭᠣᠤᠯ ᠪᠣᠯᠬᠤ ᠲᠦᠭᠦᠬᠡᠶ ᠮᠠᠲ᠋ᠧᠷᠢᠶᠠᠯ᠎ᠤᠨ ᠬᠥᠮᠥᠷᠭᠡ ᠵᠢᠨ ᠬᠠᠳᠠᠭ᠋ᠠᠯᠠᠯᠲᠠ᠎ᠪᠠᠷ ᠨᠤᠭᠤᠯᠵᠤ ᠪᠤᠳᠤᠭᠰᠠᠨ ᠦᠢᠯᠡᠳᠬᠦᠨ 3588.87 ᠲᠦᠮᠡ ᠪᠣᠢ; ᠡᠮᠴᠢᠯᠡᠭᠡᠨ᠎ᠳᠤ ᠬᠡᠷᠡᠭᠯᠡᠬᠦ ᠬᠠᠮᠠᠭ᠋ᠠᠯᠠᠯᠲᠠ ᠵᠢᠨ ᠬᠤᠪᠴᠠᠰᠤ ᠦᠢᠯᠡᠳᠪᠦᠷᠢᠯᠡᠬᠦ ᠠᠵᠤ ᠠᠬᠤᠢ᠌ᠯᠠᠯ᠎ᠤᠨ ᠡᠳᠦᠷ᠎ᠤᠨ ᠦᠢᠯᠡᠳᠪᠦᠷᠢᠯᠡᠬᠦ ᠴᠢᠳᠠᠯ᠎ᠨᠢ 1.56 ᠲᠦᠮᠡ᠂ ᠦᠢ᠍ᠯᠡᠳᠬᠦᠨ᠎ᠤ ᠬᠠᠳᠠᠭ᠋ᠠᠯᠠᠯᠲᠠ᠎ᠨᠢ 3.69 ᠲᠦᠮᠡᠨ ᠢᠵᠢ᠂ ᠭᠣᠤᠯ ᠪᠣᠯᠬᠤ ᠲᠦᠭᠦᠬᠡᠶ ᠮᠠᠲ᠋ᠧᠷᠢᠶᠠᠯ᠎ᠤᠨ ᠬᠠᠳᠠᠭ᠋ᠠᠯᠠᠯᠲᠠ᠎ᠪᠠᠷ ᠨᠤᠭᠤᠯᠵᠤ ᠪᠣᠳᠣᠭᠰᠠᠨ ᠦᠢ᠍ᠯᠡᠳᠬᠦᠨ 5.66 ᠲᠦᠮᠡᠨ ᠢᠵᠢ ᠪᠤᠢ; ᠠᠷᠢᠭᠤᠳᠬᠠᠬᠤ ᠡᠳ᠋ ᠦᠢ᠍ᠯᠡᠳᠪᠦᠷᠢᠯᠡᠬᠦ ᠠᠵᠤ ᠠᠬᠤᠢ᠌ᠯᠠᠯ᠎ᠤᠨ ᠡᠳᠦᠷ᠎ᠤᠨ ᠦᠢ᠍ᠯᠡᠳᠪᠦᠷᠢᠯᠡᠬᠦ ᠴᠢᠳᠠᠯ᠎ᠨᠢ 279 ᠲᠣᠨ᠂ ᠦᠢ᠍ᠯᠡᠳᠬᠦᠨ᠎ᠤ ᠬᠥᠮᠥᠷᠭᠡ ᠵᠢᠨ ᠬᠠᠳᠠᠭ᠋ᠠᠯᠠᠯᠲᠠ᠎ᠨᠢ ᠪᠠᠷᠤᠭ 320 ᠲᠣᠨ ᠪᠤᠢ᠃
      ᠡᠭᠦᠨ᠎ᠤ ᠬᠠᠮᠲᠤ᠂ ᠥᠪᠥᠷ ᠮᠣᠩᠭᠣᠯ ᠲᠣᠰ ᠱᠠᠲᠤᠨ᠎ᠤ ᠨᠥᠭᠡᠴᠡ ᠡᠳ᠋ ᠪᠣᠳᠠᠰ᠎ᠢ ᠳᠣᠭᠢᠷᠠᠭᠤᠯᠤᠨ ᠬᠡᠷᠡᠭᠯᠡᠬᠦ ᠲᠣᠭᠲᠠᠴᠠ᠎ᠪᠠᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠨᠥᠭᠡᠴᠡᠯᠡᠵᠦ ᠪᠠᠢ᠌ᠭ᠎ᠠ ᠡᠮᠴᠢᠯᠡᠭᠡᠨ᠎ᠤ ᠰᠡᠷᠭᠡᠢ᠌ᠯᠡᠨ ᠬᠠᠮᠠᠭ᠋ᠠᠯᠠᠬᠤ ᠡᠳ᠋ ᠪᠣᠳᠠᠰ᠂ ᠪᠠᠢ᠌ᠴᠠᠭ᠋ᠠᠨ ᠰᠢᠨᠵᠢᠯᠡᠯᠲᠡ ᠵᠢᠨ ᠲᠤᠷᠰᠢᠬᠤ ᠡᠮ ᠪᠠ ᠬᠣᠷᠣᠭᠳᠠᠯ ᠮᠠᠲ᠋ᠧᠷᠢᠶᠠᠯ᠎ᠨᠢ 2 — 3 ᠠᠢ᠌ᠮᠠᠭ ᠬᠣᠲᠠ ᠵᠢ ᠵᠡᠷᠭᠡ᠎ᠳᠤ᠎ᠨᠢ ᠳᠡᠮᠵᠢᠨ ᠲᠤᠰᠠᠯᠠᠵᠤ ᠨᠢᠭᠡ ᠤᠳᠠᠭ᠋ᠠᠨ᠎ᠤ ᠪᠦᠬᠦ ᠬᠦᠮᠦᠰ᠎ᠤᠨ ᠪᠥᠭᠡᠮ ᠬᠦᠴᠢᠯ᠎ᠤᠨ ᠪᠠᠢ᠌ᠴᠠᠭ᠋ᠠᠨ ᠰᠢᠨᠵᠢᠯᠡᠬᠦ ᠠᠵᠢᠯ᠎ᠢ ᠥᠷᠨᠢᠭᠦᠯᠵᠦ ᠴᠢᠳᠠᠨ᠎ᠠ᠃

ᠢᠷᠡᠯᠲᠡ᠄ ᠥᠪᠥᠷ ᠮᠣᠨᠭ᠌ᠭᠣᠯ᠎ᠤᠨ ᠵᠠᠰᠠᠭ᠎ᠤᠨ ᠣᠷᠳᠣᠨ