ᠲᠡᠷᠢᠭᠦᠨ ᠬᠠᠭᠤᠳᠠᠰᠤ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠬᠠᠮᠢᠶᠠᠷᠤᠯᠲᠠ ᠵᠢᠨ ᠠᠷᠭ᠎ᠠ》 ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2021-10-29

     10 ᠳ᠋ᠤᠭ᠋ᠠᠷ ᠰᠠᠷ᠎ᠠ ᠵᠢᠨ 14᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠬᠠᠮᠢᠶᠠᠷᠤᠯᠲᠠ ᠵᠢᠨ ᠠᠷᠭ᠎ᠠ》 ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠳᠡᠳ᠋ ᠳᠠᠷᠤᠭ᠎ᠠ ᠵᠢᠶᠠ ᠯᠢ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠬᠣᠶᠠᠳᠤᠭ᠋ᠠᠷ ᠳᠡᠰ᠎ᠤᠨ ᠲᠣᠭᠣᠷᠢᠨ ᠪᠠᠶ᠋ᠢᠴᠠᠭ᠋ᠠᠭᠴᠢ ᠹᠸᠩ ᠶᠧ ᠭᠣᠣᠯ ᠰᠡᠳᠦᠪ᠎ᠢ ᠨᠡᠶ᠋ᠢᠲᠡᠯᠡᠪᠡ᠃ ᠥᠪᠡᠷᠲᠡᠭᠡᠨ ᠵᠠᠰᠠᠬᠤ ᠣᠷᠣᠨ᠎ᠤ ᠶᠠᠰᠤ ᠴᠢᠨᠠᠷ ᠪᠠ ᠪᠠᠷᠢᠮᠵᠢᠶᠠᠵᠢᠭᠤᠯᠤᠯᠲᠠ ᠵᠢᠨ ᠰᠤᠳᠤᠯᠭ᠋ᠠᠨ᠎ᠤ ᠬᠦᠷᠢᠶᠡᠯᠡᠩ᠎ᠤᠨ ᠳᠠᠷᠤᠭ᠎ᠠ ᠵᠢᠶᠠ ᠱᠤᠸᠠᠩ ᠸᠧᠨ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠬᠠᠤᠯᠢ ᠲᠣᠭᠲᠠᠭ᠋ᠠᠯ᠎ᠤᠨ ᠭᠠᠵᠠᠷ᠎ᠤᠨ ᠬᠣᠶᠠᠳᠤᠭ᠋ᠠᠷ ᠳᠡᠰ᠎ᠤᠨ ᠪᠠᠶ᠋ᠢᠴᠠᠭ᠋ᠠᠨ ᠰᠤᠳᠤᠯᠤᠭᠴᠢ ᠮᠢᠶᠣᠣ ᠰᠢᠤᠸᠠᠢ ᠵᠢᠶᠦ᠋ᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃

1.jpg

 



      《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠬᠠᠮᠢᠶᠠᠷᠤᠯᠲᠠ ᠵᠢᠨ ᠠᠷᠭ᠎ᠠ》 ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠳᠤ ᠨᠡᠢ᠌ᠲᠡᠯᠡᠭᠰᠡᠨ ᠦᠭᠡ
      ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠳᠡᠳ᠋ ᠳᠠᠷᠤᠭ᠎ᠠ   ᠵᠢᠶᠠ ᠯᠢ
     《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠬᠠᠮᠢᠶᠠᠷᠤᠯᠲᠠ ᠵᠢᠨ ᠠᠷᠭ᠎ᠠ》 (ᠳᠣᠷᠣᠭᠰᠢ 《ᠠᠷᠭ᠎ᠠ》 ᠭᠡᠵᠦ ᠲᠣᠪᠴᠢᠯᠠᠨ᠎ᠠ) ᠵᠢ 2021 ᠣᠨ᠎ᠤ 9 ᠳ᠋ᠦ᠍ᠭᠡᠷ ᠰᠠᠷ᠎ᠠ ᠵᠢᠨ 8᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 18 ᠳ᠋ᠤᠭ᠋ᠠᠷ ᠤᠳᠠᠭ᠎ᠠ ᠵᠢᠨ ᠪᠠᠶ᠋ᠢᠩᠭᠤ ᠵᠢᠨ ᠬᠤᠷᠠᠯ ᠵᠶ᠋ᠠᠷ ᠶᠠᠷᠢᠯᠴᠠᠨ ᠪᠠᠲᠤᠯᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 251 ᠳ᠋ᠦ᠍ᠭᠡᠷ ᠵᠠᠷᠯᠢᠭ ᠵᠶ᠋ᠠᠷ ᠨᠡᠶ᠋ᠢᠲᠡᠯᠡᠵᠦ᠂ 2021 ᠣᠨ᠎ᠤ 11 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠳᠣᠣᠷ᠎ᠠ ᠪᠢ 《ᠠᠷᠭ᠎ᠠ》 ᠵᠢ ᠨᠡᠶ᠋ᠢᠲᠡᠯᠡᠭᠰᠡᠨ ᠬᠣᠯᠪᠣᠭᠳᠠᠯ ᠪᠦᠬᠦᠢ ᠪᠠᠶ᠋ᠢᠳᠠᠯ᠎ᠤᠨ ᠲᠤᠬᠠᠶ ᠲᠣᠪᠴᠢᠬᠠᠨ ᠲᠠᠨᠢᠯᠴᠠᠭᠤᠯᠤᠶ᠎ᠠ᠃
      ᠨᠢᠭᠡ᠂ 《ᠠᠷᠭ᠎ᠠ》 ᠵᠢ ᠲᠣᠭᠲᠠᠭ᠋ᠠᠬᠤ ᠵᠢᠨ ᠴᠢᠬᠤᠯᠠ ᠴᠢᠨᠠᠷ
      ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠪᠦᠬᠦᠳᠡ ᠬᠤᠷᠠᠯ᠎ᠳᠤ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠺᠣᠳ᠋ ᠵᠶ᠋ᠠᠷ ᠰᠠᠭᠤᠷᠢᠯᠠᠭᠰᠠᠨ ᠬᠠᠤᠯᠢ ᠵᠢᠨ ᠡᠷᠬᠡᠲᠡᠨ ᠪᠠ ᠪᠤᠰᠤᠳ ᠵᠣᠬᠢᠶᠠᠨ ᠪᠠᠶ᠋ᠢᠭᠤᠯᠤᠯᠲᠠ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠲᠦᠷᠢᠮ᠎ᠢ ᠪᠠᠶ᠋ᠢᠭᠤᠯᠤᠨ᠎ᠠ ᠭᠡᠵᠦ ᠳᠤᠷᠠᠳᠴᠠᠢ᠃ 2015 ᠣᠨ᠎ᠤ 6 ᠳ᠋ᠤᠭ᠋ᠠᠷ ᠰᠠᠷ᠎ᠠ ᠵᠢᠨ 11᠎ᠤ ᠡᠳᠦᠷ᠎ᠤᠨ 《ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠵᠡᠷᠭᠡ ᠰᠠᠯᠠᠭ᠎ᠠ ᠮᠥᠴᠢᠷ᠎ᠤᠨ ᠬᠠᠤᠯᠢ ᠵᠢᠨ ᠡᠷᠬᠡᠲᠡᠨ ᠪᠠ ᠪᠤᠰᠤᠳ ᠵᠣᠬᠢᠶᠠᠨ ᠪᠠᠶ᠋ᠢᠭᠤᠯᠤᠯᠲᠠ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠲᠦᠷᠢᠮ᠎ᠤᠨ ᠪᠠᠶ᠋ᠢᠭᠤᠯᠤᠯᠲᠠ ᠵᠢᠨ ᠶᠡᠷᠦᠩᠬᠡᠶ ᠲᠥᠰᠦᠯ᠎ᠢ ᠴᠤᠬᠤᠯᠠᠪᠤᠷᠢᠯᠠᠨ ᠤᠯᠠᠮᠵᠢᠯᠠᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠮᠡᠳᠡᠭᠳᠡᠯ》 (ᠲᠥᠷᠥ ᠲᠠᠷᠬᠠᠭ᠋ᠠᠭᠰᠠᠨ [2015] 33 ᠳ᠋ᠤᠭ᠋ᠠᠷ ᠲᠣᠭ᠋ᠠᠲᠤ) (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠳᠤ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠺᠣᠳ᠋ ᠵᠶ᠋ᠠᠷ ᠰᠠᠭᠤᠷᠢᠯᠠᠭᠰᠠᠨ ᠬᠠᠤᠯᠢ ᠵᠢᠨ ᠡᠷᠬᠡᠲᠡᠨ ᠪᠠ ᠪᠤᠰᠤᠳ ᠵᠣᠬᠢᠶᠠᠨ ᠪᠠᠶ᠋ᠢᠭᠤᠯᠤᠯᠲᠠ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠲᠦᠷᠢᠮ᠎ᠢ ᠬᠡᠷᠡᠭᠵᠢᠭᠦᠯᠬᠦ᠎ᠪᠠᠷ ᠵᠢᠩᠬᠢᠨᠢ᠎ᠪᠠᠷ ᠲᠣᠭᠲᠠᠪᠠ᠃ 2020 ᠣᠨ᠎ᠤ 8 ᠳ᠋ᠤᠭ᠋ᠠᠷ ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦᠨ᠎ᠳᠤ ᠬᠣᠯᠪᠣᠭᠳᠠᠬᠤ ᠬᠦᠷᠢᠶᠡᠨ᠎ᠤ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠢ ᠲᠥᠪᠯᠡᠷᠡᠭᠦᠯᠦᠨ ᠢᠯᠭ᠋ᠠᠷᠠᠭᠤᠯᠬᠤ ᠠᠵᠢᠯ᠎ᠤᠨ ᠳᠤᠭᠤᠶ᠋ᠢᠯᠠᠩ᠎ᠤᠨ ᠲᠤᠰᠬᠠᠶ ᠴᠡᠭᠴᠡᠯᠡᠨ ᠵᠠᠰᠠᠬᠤ ᠠᠵᠢᠯ᠎ᠤᠨ ᠳᠤᠮᠳᠠ ᠢᠯᠡᠷᠡᠭᠦᠯᠦᠭᠰᠡᠨ ᠠᠵᠤ ᠠᠬᠤᠶ᠋ᠢᠯᠠᠯ᠎ᠤᠨ ᠭᠠᠶ᠋ᠢᠯᠢ ᠲᠠᠲᠠᠪᠤᠷᠢᠯᠠᠬᠤ᠂ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠤ ᠳᠠᠩᠰᠠᠯᠠᠯᠲᠠ ᠵᠢ ᠬᠤᠪᠢᠷᠠᠭᠤᠯᠬᠤ᠂ ᠰᠲ᠋ᠣᠺ᠎ᠤᠨ ᠡᠷᠬᠡ ᠵᠢ ᠬᠤᠪᠢᠷᠠᠭᠤᠯᠬᠤ ᠵᠡᠷᠭᠡ ᠲᠠᠯ᠎ᠠ ᠵᠢᠨ ᠠᠰᠠᠭᠤᠳᠠᠯ᠎ᠢ ᠢᠯᠡᠷᠡᠭᠦᠯᠵᠦ᠂ ᠣᠷᠣᠨ ᠨᠤᠲᠤᠭ᠎ᠤᠨ ᠬᠠᠤᠯᠢ ᠲᠣᠭᠲᠠᠭ᠋ᠠᠬᠤ᠎ᠪᠠᠷ ᠳᠠᠮᠵᠢᠭᠤᠯᠤᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠰᠠᠭᠤᠷᠢ ᠮᠡᠳᠡᠭᠡ ᠵᠠᠩᠭᠢ ᠵᠢᠨ ᠶᠠᠰᠤ ᠴᠢᠨᠠᠷ᠎ᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ᠎ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠪᠠ ᠠᠵᠢᠯ ᠲᠥᠷᠥᠯ᠎ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠳᠠᠩᠰᠠᠯᠠᠬᠤ ᠵᠦᠢ᠍ᠯᠡᠰ᠎ᠤᠨ ᠭᠠᠷᠴᠠᠭ᠎ᠢ ᠬᠥᠳᠡᠯᠦᠩᠭᠦᠶ᠎ᠪᠠᠷ ᠬᠠᠮᠠᠭ᠋ᠠᠯᠠᠬᠤ ᠲᠣᠭᠲᠠᠴᠠ ᠵᠢ ᠪᠦᠷᠢᠨᠰᠢᠭᠦᠯᠦᠨ᠎ᠡ ᠭᠡᠵᠦ ᠳᠤᠷᠠᠳᠪᠠ᠃ ᠨᠡᠶ᠋ᠢᠭᠡᠮ᠎ᠤᠨ ᠢᠲᠡᠭᠡᠮᠵᠢ ᠵᠢᠨ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠠᠬᠢᠭᠤᠯᠬᠤ ᠲᠠᠯ᠎ᠠ᠎ᠪᠠᠷ᠎ᠬᠢ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠶ ᠺᠣᠳ᠋᠎ᠤᠨ ᠢᠳᠡᠪᠬᠢᠲᠡᠶ ᠦᠢ᠍ᠯᠡᠳᠦᠯ᠎ᠢ ᠪᠥᠬᠥ ᠲᠠᠯ᠎ᠠ᠎ᠪᠠᠷ ᠪᠠᠳᠠᠷᠠᠭᠤᠯᠬᠤ ᠵᠢᠨ ᠲᠤᠰᠠᠳᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠬᠠᠮᠢᠶᠠᠷᠤᠯᠲᠠ ᠵᠢᠨ ᠠᠷᠭ᠎ᠠ》 ᠵᠢ ᠨᠡᠶ᠋ᠢᠲᠡᠯᠡᠬᠦ᠎ᠨᠢ ᠲᠤᠶ᠋ᠢᠯ᠎ᠤᠨ ᠴᠢᠬᠤᠯᠠ ᠪᠠᠢ᠌ᠳᠠᠭ᠃
      ᠬᠣᠶᠠᠷ᠂ 《ᠠᠷᠭ᠎ᠠ》 ᠵᠢ ᠲᠣᠭᠲᠠᠭ᠋ᠠᠭᠰᠠᠨ ᠶᠠᠪᠤᠴᠠ ᠪᠣᠯᠤᠨ ᠭᠣᠣᠯ ᠠᠭᠤᠯᠭ᠎ᠠ
      ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ 2021 ᠣᠨ᠎ᠤ ᠬᠠᠤᠯᠢ ᠲᠣᠭᠲᠠᠭ᠋ᠠᠬᠤ ᠲᠥᠯᠥᠪᠯᠡᠭᠡ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠢ ᠲᠥᠯᠥᠭᠡᠯᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠬᠠᠮᠢᠶᠠᠷᠤᠯᠲᠠ ᠵᠢᠨ ᠠᠷᠭ᠎ᠠ (ᠲᠥᠰᠦᠯ)》 ᠵᠢ ᠬᠢᠨᠠᠭᠤᠯᠬᠤ ᠨᠣᠣᠷᠠᠭ᠎ᠢ ᠲᠤᠭᠤᠷᠪᠢᠵᠤ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠨᠠᠷᠢᠯᠢᠭ ᠬᠢᠨᠠᠵᠤ᠂ ᠵᠣᠬᠢᠴᠠᠭᠤᠯᠬᠤ ᠪᠠ ᠵᠠᠰᠠᠪᠤᠷᠢ ᠣᠷᠣᠭᠤᠯᠵᠤ᠂ ᠡᠯ᠎ᠡ ᠠᠶ᠋ᠢᠮᠠᠭ ᠬᠤᠳᠠ᠂ ᠡᠯ᠎ᠡ ᠰᠠᠯᠠᠭ᠎ᠠ ᠮᠥᠴᠢᠷ ᠪᠣᠯᠤᠨ ᠨᠡᠶ᠋ᠢᠭᠡᠮ᠎ᠤᠨ ᠡᠯ᠎ᠡ ᠡᠲᠡᠭᠡᠳ᠎ᠤᠨ ᠰᠠᠨᠠᠯ᠎ᠢ ᠥᠷᠭᠡᠨ ᠵᠶ᠋ᠠᠷ ᠬᠤᠷᠢᠶᠠᠭᠰᠠᠨ᠎ᠤ ᠬᠠᠮᠲᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦᠨ᠎ᠤ ᠬᠦᠷᠢᠶᠡᠨ᠎ᠳᠤ ᠬᠣᠯᠪᠣᠭᠳᠠᠬᠤ ᠲᠥᠷᠥ ᠵᠢᠨ ᠪᠤᠳᠤᠯᠭ᠎ᠠ ᠬᠠᠤᠯᠢ ᠲᠣᠭᠲᠠᠭ᠋ᠠᠯ᠎ᠢ ᠲᠥᠪᠯᠡᠷᠡᠭᠦᠯᠦᠨ ᠢᠯᠭ᠋ᠠᠷᠠᠭᠤᠯᠬᠤ ᠠᠵᠢᠯ᠎ᠤᠨ ᠳᠤᠭᠤᠶ᠋ᠢᠯᠠᠩ ᠵᠶ᠋ᠠᠷ ᠬᠢᠨᠠᠭᠤᠯᠵᠤ᠂ 《ᠠᠷᠭ᠎ᠠ》 ᠵᠢ ᠬᠡᠷᠡᠭᠵᠢᠭᠦᠯᠬᠦᠢ᠌ᠴᠡ ᠴᠢᠨᠠᠷ᠎ᠲᠠᠢ ᠪᠣᠯᠭ᠋ᠠᠬᠤ᠎ᠪᠠᠷ ᠴᠢᠷᠮᠠᠶ᠋ᠢᠵᠤ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠶ᠋ᠢᠳᠠᠯ᠎ᠲᠠᠢ ᠨᠡᠶ᠋ᠢᠴᠡᠭᠦᠯᠪᠡ᠃
     《ᠠᠷᠭ᠎ᠠ》᠎ᠨᠢ ᠨᠡᠶ᠋ᠢᠲᠡ ᠬᠣᠷᠢᠨ ᠲᠠᠪᠤᠨ ᠵᠤᠷᠪᠤᠰ᠎ᠲᠠᠢ᠂ ᠣᠯᠠᠨ ᠪᠢᠰᠢ ᠪᠣᠯᠪᠠᠴᠤ ᠠᠭᠤᠯᠭ᠎ᠠ᠎ᠨᠢ ᠨᠡᠯᠢᠶᠡᠳ ᠪᠦᠷᠢᠨ ᠪᠠᠢ᠌ᠵᠤ᠂ ᠭᠣᠤᠯᠳᠠᠭᠤ ᠳᠣᠤᠷᠠᠬᠢ ᠮᠡᠲᠦ ᠬᠡᠳᠦᠨ ᠲᠠᠯ᠎ᠠ ᠵᠢᠨ ᠠᠭᠤᠯᠭ᠎ᠠ ᠵᠢ ᠪᠠᠭᠲᠠᠭ᠋ᠠᠨ᠎ᠠ᠄
     (ᠨᠢᠭᠡ) ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠬᠠᠮᠢᠶᠠᠷᠤᠯᠲᠠ᠎ᠳᠠᠬᠢ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ ᠡᠷᠬᠡ ᠮᠡᠳᠡᠯ᠎ᠢ ᠲᠣᠳᠣᠷᠬᠠᠢ᠌ᠯᠠᠪᠠ
     《ᠮᠡᠳᠡᠭᠳᠡᠯ》᠎ᠢ ᠨᠡᠶ᠋ᠢᠲᠡᠯᠡᠭᠰᠡᠨ᠎ᠤ ᠳᠠᠷᠠᠭ᠎ᠠ᠂ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠬᠠᠮᠢᠶᠠᠷᠤᠯᠲᠠ ᠵᠢᠨ ᠲᠦᠷᠢᠮ᠎ᠤᠨ ᠠᠵᠢᠯᠯᠠᠬᠤ ᠵᠠᠭᠪᠤᠷ ᠪᠠ ᠬᠠᠮᠢᠶᠠᠷᠤᠯᠲᠠ ᠵᠢᠨ ᠠᠷᠭ᠎ᠠ᠎ᠳᠤ ᠡᠳᠦᠶ ᠲᠡᠳᠦᠶ ᠬᠤᠪᠢᠷᠠᠯᠲᠠ ᠭᠠᠷᠴᠤ᠂ ᠬᠣᠯᠪᠣᠭᠳᠠᠭᠰᠠᠨ ᠰᠠᠯᠠᠭ᠎ᠠ ᠮᠥᠴᠢᠷ ᠨᠡᠯᠢᠶᠡᠳ ᠣᠯᠠᠨ ᠪᠣᠯᠵᠣ᠂ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠳᠡᠩᠰᠡᠯᠡᠯᠲᠡ ᠵᠢᠨ ᠬᠠᠮᠢᠶᠠᠷᠤᠯᠲᠠ ᠪᠠ ᠺᠣᠳ᠋᠎ᠤᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠤᠨ ᠠᠵᠢᠯ᠎ᠤᠨ ᠡᠭᠦᠷᠭᠡ ᠬᠠᠷᠢᠭᠤᠴᠠᠯᠭ᠎ᠠ ᠲᠣᠳᠣᠷᠬᠠᠶ ᠥᠬᠡᠶ ᠪᠣᠯᠪᠠ᠃ 《ᠠᠷᠭ᠎ᠠ》᠎ᠨᠢ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠨᠢᠭᠲᠠ ᠤᠶᠠᠯᠳᠤᠭᠤᠯᠤᠨ᠂ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ ᠠᠵᠢᠯ᠎ᠤᠨ ᠬᠤᠪᠢᠶᠠᠷᠢᠯᠠᠯ ᠲᠣᠳᠣᠷᠬᠠᠶ᠂ ᠡᠷᠬᠡ ᠬᠠᠷᠢᠭᠤᠴᠠᠯᠭ᠎ᠠ ᠲᠣᠳᠣᠷᠬᠠᠶ᠂ ᠲᠤᠬᠠᠶ᠋ᠢᠯᠠᠭᠰᠠᠨ ᠠᠵᠢᠯ᠎ᠤᠨ ᠬᠠᠮᠵᠢᠯᠴᠠᠭ᠎ᠠ ᠵᠢ ᠪᠡᠶᠡᠯᠡᠭᠦᠯᠪᠡ᠃
     (ᠬᠣᠶᠠᠷ) ᠲᠤᠬᠠᠶ᠋ᠢᠯᠠᠭᠰᠠᠨ ᠠᠵᠢᠯ᠎ᠤᠨ ᠬᠠᠮᠵᠢᠯᠴᠠᠭ᠎ᠠ ᠪᠠ ᠮᠡᠳᠡᠭᠡ ᠵᠠᠩᠭᠢ ᠵᠢ ᠬᠠᠮᠲᠤ᠎ᠳᠤ᠎ᠪᠠᠨ ᠬᠦᠷᠲᠡᠬᠦ ᠵᠢ ᠪᠡᠶᠡᠯᠡᠭᠦᠯᠦᠨ᠎ᠡ
      ᠮᠡᠳᠡᠭᠡ ᠵᠠᠩᠭᠢ ᠵᠢᠨ ᠥᠨᠥᠴᠢᠨ ᠠᠷᠠᠯ᠎ᠢ ᠡᠪᠳᠡᠬᠦ ᠵᠢᠨ ᠲᠥᠯᠥᠭᠡ᠂ ᠪᠦᠲᠦᠮᠵᠢᠲᠡᠶ ᠵᠣᠬᠢᠴᠠᠭᠤᠯᠤᠨ ᠬᠠᠮᠢᠶᠠᠷᠬᠤ ᠪᠠ ᠮᠡᠳᠡᠭᠡ ᠵᠠᠩᠭᠢ ᠵᠢ ᠬᠠᠮᠲᠤ᠎ᠳᠤ᠎ᠪᠠᠨ ᠬᠦᠷᠲᠡᠬᠦ ᠲᠣᠭᠲᠠᠴᠠ ᠵᠢ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠲᠣᠭ᠎ᠠ ᠪᠠᠷᠢᠮᠲᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠠᠢ ᠬᠠᠮᠲᠤᠷᠠᠨ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠮᠡᠳᠡᠭᠡ ᠵᠠᠩᠭᠢ ᠵᠢ ᠬᠠᠮᠲᠤ᠎ᠳᠤ᠎ᠪᠠᠨ ᠬᠦᠷᠲᠡᠬᠦ ᠲᠦᠷᠢᠮ᠎ᠢ ᠲᠡᠭᠦᠯᠳᠡᠷᠵᠢᠭᠦᠯᠵᠦ᠂ ᠮᠡᠳᠡᠭᠡ ᠵᠠᠩᠭᠢ ᠵᠢ ᠬᠠᠮᠲᠤ᠎ᠳᠤ᠎ᠪᠠᠨ ᠬᠦᠷᠲᠡᠬᠦ ᠲᠠᠪᠴᠠᠩ ᠵᠶ᠋ᠠᠷ ᠳᠠᠮᠵᠢᠭᠤᠯᠤᠨ ᠵᠠᠰᠠᠭ᠎ᠤᠨ ᠣᠷᠳᠣᠨ ᠵᠢᠴᠢ ᠲᠡᠭᠦᠨ᠎ᠤ ᠰᠠᠯᠠᠭ᠎ᠠ ᠮᠥᠴᠢᠷ᠎ᠯᠦᠭᠡ ᠮᠡᠳᠡᠭᠡ ᠵᠠᠩᠭᠢ ᠵᠢ ᠴᠠᠭ ᠲᠤᠬᠠᠶ᠎ᠳᠤ᠎ᠨᠢ ᠬᠠᠮᠲᠤ᠎ᠳᠤ᠎ᠪᠠᠨ ᠬᠦᠷᠲᠡᠬᠦ᠂ ᠬᠠᠮᠵᠢᠯᠴᠠᠨ ᠬᠢᠨᠠᠨ ᠬᠠᠮᠢᠶᠠᠷᠬᠤ ᠵᠢ ᠪᠡᠶᠡᠯᠡᠭᠦᠯᠦᠨ᠎ᠡ᠃
     (ᠭᠤᠷᠪᠠ) ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠮᠡᠳᠡᠭᠡ ᠵᠠᠩᠭᠢ ᠵᠢᠨ ᠬᠡᠷᠡᠭᠯᠡᠯᠲᠡ ᠵᠢ ᠴᠢᠩᠭ᠋ᠠᠳᠬᠠᠨ᠎ᠠ
      ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠮᠡᠳᠡᠭᠡ ᠵᠠᠩᠭᠢ᠎ᠨᠢ ᠤᠯᠤᠰ᠎ᠤᠨ ᠬᠠᠤᠯᠢ ᠵᠢᠨ ᠡᠷᠬᠡᠲᠡᠨ᠎ᠤ ᠳ᠋ᠠᠶ᠋ᠢᠲ᠋ᠠ ᠵᠢᠨ ᠬᠥᠮᠥᠷᠭᠡ ᠵᠢᠨ ᠰᠠᠭᠤᠷᠢ ᠮᠡᠳᠡᠭᠡ ᠵᠠᠩᠭᠢ ᠪᠣᠯᠤᠭᠰᠠᠨ᠎ᠤ ᠬᠤᠪᠢ᠎ᠳᠤ᠂ ᠴᠢᠬᠤᠯᠠ ᠮᠡᠳᠡᠭᠡ ᠵᠠᠩᠭᠢ ᠵᠢᠨ ᠡᠬᠢ ᠪᠠᠶᠠᠯᠢᠭ ᠪᠣᠯᠤᠨ᠎ᠠ᠃ 《ᠠᠷᠭ᠎ᠠ》᠎ᠳᠤ ᠳᠡᠩᠰᠡᠯᠡᠨ ᠬᠠᠮᠢᠶᠠᠷᠬᠤ ᠰᠠᠯᠠᠭ᠎ᠠ ᠮᠥᠴᠢᠷ᠂ ᠺᠣᠳ᠋᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠳ᠋ᠠᠶ᠋ᠢᠲ᠋ᠠ ᠵᠢᠨ ᠬᠥᠮᠥᠷᠭᠡ ᠵᠢᠨ ᠪᠠᠶ᠋ᠢᠭᠤᠯᠤᠯᠲᠠ᠂ ᠲᠤᠬᠠᠶ᠋ᠢᠯᠠᠭᠰᠠᠨ ᠠᠵᠢᠯ᠎ᠤᠨ ᠬᠠᠮᠵᠢᠯᠴᠠᠭ᠎ᠠ ᠵᠢᠨ ᠲᠠᠯ᠎ᠠ ᠵᠢᠨ ᠪᠣᠳᠠᠲᠠᠶ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠲᠣᠳᠣᠷᠬᠠᠶ᠋ᠢᠯᠠᠵᠤ᠂ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠢ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠪᠠᠶ᠋ᠢᠴᠠᠭ᠋ᠠᠨ ᠯᠠᠪᠯᠠᠬᠤ᠂ ᠵᠠᠰᠠᠭ ᠵᠠᠬᠢᠷᠭ᠋ᠠᠨ᠎ᠤ ᠵᠥᠪᠰᠢᠶᠡᠷᠡᠯ᠂ ᠲᠤᠬᠠᠶ᠋ᠢᠯᠠᠭᠰᠠᠨ ᠠᠵᠢᠯ᠎ᠤᠨ ᠪᠦᠷᠢᠳᠬᠡᠯ᠂ ᠨᠡᠶ᠋ᠢᠭᠡᠮ᠎ᠤᠨ ᠢᠲᠡᠭᠡᠮᠵᠢ ᠵᠡᠷᠭᠡ ᠵᠢᠨ ᠬᠡᠷᠡᠭᠯᠡᠭᠡᠨ᠎ᠤ ᠭᠣᠤᠯ ᠴᠣᠭᠴᠠ ᠵᠢᠨ ᠲᠡᠮᠳᠡᠭ ᠪᠣᠯᠭ᠋ᠠᠵᠤ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ᠎ᠳᠤ ᠳᠡᠮᠵᠢᠯᠭᠡ ᠦᠢ᠍ᠯᠡᠴᠢᠯᠡᠭᠡ ᠬᠠᠩᠭ᠋ᠠᠵᠤ᠂ ᠪᠠᠲᠤ ᠪᠠᠬᠢ ᠰᠠᠭᠤᠷᠢ ᠵᠢ ᠲᠠᠯᠪᠢᠭᠰᠠᠨ ᠪᠠᠶ᠋ᠢᠨ᠎ᠠ᠃
      ᠭᠤᠷᠪᠠ᠂ 《ᠠᠷᠭ᠎ᠠ》 ᠵᠢ ᠤᠬᠠᠭᠤᠯᠬᠤ ᠪᠠ ᠨᠠᠶ᠋ᠢᠳᠠᠪᠤᠷᠢᠵᠢᠭᠤᠯᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ
      ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠬᠠᠮᠢᠶᠠᠷᠤᠯᠲᠠ ᠵᠢᠨ ᠠᠵᠢᠯ᠎ᠢ ᠨᠢᠭᠡᠳᠬᠡᠬᠦ ᠵᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠶ ᠲᠠᠨᠢᠵᠤ᠂ 《ᠠᠷᠭ᠎ᠠ》 ᠵᠢ ᠰᠤᠷᠤᠯᠴᠠᠬᠤ᠂ ᠤᠬᠠᠭᠤᠯᠬᠤ᠂ ᠲᠤᠭᠤᠰᠢᠯᠠᠭᠤᠯᠬᠤ ᠵᠢ ᠨᠢᠭᠡ ᠵᠦᠢ᠍ᠯ᠎ᠤᠨ ᠴᠢᠬᠤᠯᠠ ᠠᠵᠢᠯ ᠪᠣᠯᠭ᠋ᠠᠨ ᠠᠳᠬᠤᠬᠤ ᠬᠡᠷᠡᠭᠲᠡᠶ᠃ 《ᠠᠷᠭ᠎ᠠ》 ᠵᠢᠨ ᠬᠠᠤᠯᠢ ᠲᠣᠭᠲᠠᠭ᠋ᠠᠬᠤ ᠵᠣᠷᠢᠯᠲᠠ ᠪᠠ ᠪᠣᠳᠠᠲᠠᠶ ᠠᠭᠤᠯᠭ᠎ᠠ ᠵᠢ ᠬᠢᠨᠠᠮᠠᠭ᠋ᠠᠶ ᠰᠤᠷᠤᠯᠴᠠᠨ ᠭᠦᠨᠵᠡᠭᠡᠶ ᠣᠶ᠋ᠢᠯᠠᠭ᠋ᠠᠵᠤ᠂ ᠡᠯ᠎ᠡ ᠵᠦᠢ᠍ᠯ᠎ᠤᠨ ᠱᠠᠭ᠋ᠠᠷᠳᠠᠯᠭ᠎ᠠ ᠵᠢ ᠣᠨᠣᠪᠴᠢᠲᠠᠶ ᠡᠵᠡᠮᠳᠡᠨ᠂ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠬᠦ ᠬᠠᠷᠢᠭᠤᠴᠠᠯᠭ᠋ᠠᠲᠤ ᠰᠡᠳᠬᠢᠯᠭᠡ ᠪᠠ ᠲᠤᠯᠭ᠋ᠠᠮ᠎ᠠ ᠰᠡᠳᠬᠢᠯᠭᠡ᠎ᠪᠠᠨ ᠦᠨᠡᠨ ᠬᠦ᠌ ᠴᠢᠩᠭ᠋ᠠᠳᠬᠠᠵᠤ᠂ ᠵᠠᠭᠤᠴᠢᠯᠠᠭᠤᠷ᠎ᠢ ᠢᠳᠡᠪᠬᠢᠲᠡᠶ᠎ᠪᠠᠷ ᠠᠰᠢᠭᠯᠠᠨ 《ᠠᠷᠭ᠎ᠠ》 ᠵᠢ ᠥᠷᠭᠡᠨ ᠵᠶ᠋ᠠᠷ ᠤᠬᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠬᠠᠮᠢᠶᠠᠷᠤᠯᠲᠠ ᠵᠢᠨ ᠠᠵᠢᠯ᠎ᠢ ᠠᠬᠢᠭᠤᠯᠬᠤ ᠬᠡᠷᠡᠭᠲᠡᠶ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠪᠣᠯᠤᠨ ᠬᠣᠯᠪᠣᠭᠳᠠᠯ ᠪᠥᠬᠥᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠤᠳ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠣᠯᠠᠨ ᠵᠦᠢ᠍ᠯ᠎ᠤᠨ ᠬᠡᠯᠪᠡᠷᠢ᠂ ᠣᠯᠠᠨ ᠵᠦᠢ᠍ᠯ᠎ᠤᠨ ᠠᠷᠭ᠎ᠠ ᠵᠠᠮ ᠵᠶ᠋ᠠᠷ ᠨᠡᠶ᠋ᠢᠭᠡᠮ ᠨᠡᠶ᠋ᠢᠲᠡ᠎ᠳᠤ ᠥᠷᠭᠡᠨ ᠳᠡᠯᠭᠡᠷ ᠭᠦᠨ ᠭᠦᠨᠵᠡᠭᠡᠶ ᠤᠬᠠᠭᠤᠯᠭ᠎ᠠ ᠬᠢᠵᠦ᠂ 《ᠠᠷᠭ᠎ᠠ》 ᠵᠢᠨ ᠡᠯ᠎ᠡ ᠵᠦᠢ᠍ᠯ᠎ᠤᠨ ᠲᠣᠭᠲᠠᠭ᠋ᠠᠯ᠎ᠢ ᠪᠣᠳᠠᠲᠠᠶ᠎ᠳᠤ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠡᠭᠦᠨ᠎ᠤ ᠬᠠᠮᠲᠤ᠂ ᠰᠣᠨᠢᠨ ᠮᠡᠳᠡᠭᠡᠨ᠎ᠤ ᠵᠠᠭᠤᠴᠢᠯᠠᠭᠤᠷ᠎ᠤᠨ᠎ᠬᠢᠨ 《ᠠᠷᠭ᠎ᠠ》 ᠵᠢᠨ ᠬᠣᠯᠪᠣᠭᠳᠠᠯ ᠪᠥᠬᠥᠶ ᠲᠣᠭᠲᠠᠭ᠋ᠠᠯ᠎ᠢ ᠬᠠᠪᠰᠤᠷᠤᠨ ᠤᠬᠠᠭᠤᠯᠵᠤ᠂ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠬᠠᠮᠢᠶᠠᠷᠤᠯᠲᠠ ᠵᠢᠨ ᠠᠵᠢᠯ᠎ᠢ ᠨᠡᠶ᠋ᠢᠭᠡᠮ ᠳᠠᠶᠠᠭ᠋ᠠᠷ᠎ᠲᠤ ᠣᠶ᠋ᠢᠯᠠᠭ᠋ᠠᠭᠤᠯᠬᠤ ᠵᠢ ᠬᠦᠰᠡᠵᠦ ᠪᠠᠶ᠋ᠢᠨ᠎ᠠ᠃ ᠰᠣᠨᠢᠨ ᠮᠡᠳᠡᠭᠡᠨ᠎ᠤ ᠵᠠᠭᠤᠴᠢᠯᠠᠭᠤᠷ ᠪᠠ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠬᠠᠮᠲᠤ᠎ᠪᠠᠷ ᠬᠢᠨᠠᠯᠲᠠ ᠲᠠᠯᠪᠢᠬᠤ ᠵᠢ ᠪᠠᠶᠠᠷᠯᠠᠨ ᠤᠭᠲᠤᠵᠤ᠂ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠨᠢᠭᠡᠳᠦᠯᠲᠡᠢ ᠬᠠᠮᠢᠶᠠᠷᠤᠯᠲᠠ ᠵᠢᠴᠢ ᠬᠡᠷᠡᠭᠯᠡᠭᠡᠨ᠎ᠤ ᠲᠤᠬᠠᠢ ᠪᠦᠬᠦ ᠨᠡᠶ᠋ᠢᠭᠡᠮ᠎ᠤᠨ ᠠᠩᠬᠠᠷᠤᠯ᠎ᠤᠨ ᠬᠡᠮᠵᠢᠶ᠎ᠡ ᠵᠢ ᠳᠡᠭᠡᠭᠰᠢᠯᠡᠭᠦᠯᠦᠨ᠎ᠡ᠃
      ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠬᠣᠶᠠᠳᠤᠭ᠋ᠠᠷ ᠳᠡᠰ᠎ᠤᠨ ᠲᠣᠭᠣᠷᠢᠨ ᠪᠠᠶ᠋ᠢᠴᠠᠭ᠋ᠠᠭᠴᠢ   ᠹᠧᠩ ᠶᠧ
      ᠨᠢᠭᠡ᠂ 《ᠠᠷᠭ᠎ᠠ》 ᠵᠢᠨ ᠭᠣᠣᠯ ᠠᠭᠤᠯᠭ᠎ᠠ
     (ᠨᠢᠭᠡ) ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠵᠢᠴᠢ ᠡᠭᠦᠷᠭᠡ ᠬᠠᠷᠢᠭᠤᠴᠠᠯᠭ᠎ᠠ ᠵᠢᠨ ᠲᠤᠬᠠᠶ
     《ᠠᠷᠭ᠎ᠠ》᠎ᠳᠤ ᠲᠣᠭᠲᠠᠭ᠋ᠠᠭᠰᠠᠨ ᠵᠶ᠋ᠠᠷ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠰᠠᠯᠠᠭ᠎ᠠ ᠮᠥᠴᠢᠷ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠠᠵᠢᠯ᠎ᠢ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠵᠤ᠂ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠠᠵᠢᠯ᠎ᠤᠨ ᠳᠤᠮᠳᠠ ᠲᠤᠯᠭ᠋ᠠᠷᠠᠭᠰᠠᠨ ᠴᠢᠬᠤᠯᠠ ᠶᠡᠬᠡ ᠠᠰᠠᠭᠤᠳᠠᠯ᠎ᠢ ᠬᠠᠮᠵᠢᠯᠴᠠᠨ ᠰᠢᠢ᠍ᠳᠪᠦᠷᠢᠯᠡᠬᠦ ᠬᠡᠷᠡᠭᠲᠡᠶ; ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠪᠦᠬᠦ ᠣᠷᠣᠨ᠎ᠤ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠵᠤ᠂ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠮᠡᠳᠡᠭᠡ ᠵᠠᠩᠭᠢ ᠵᠢ ᠳᠠᠮᠵᠢᠭᠤᠯᠬᠤ᠂ ᠬᠠᠮᠲᠤ᠎ᠳᠤ᠎ᠪᠠᠨ ᠬᠦᠷᠲᠡᠬᠦ ᠵᠡᠷᠭᠡ ᠪᠠᠷᠢᠮᠵᠢᠶ᠎ᠠ ᠵᠢ ᠲᠣᠭᠲᠠᠭ᠋ᠠᠵᠤ᠂ ᠺᠣᠳ᠋᠎ᠤᠨ ᠮᠡᠳᠡᠭᠡ ᠵᠠᠩᠭᠢ ᠲᠣᠭ᠎ᠠ ᠪᠠᠷᠢᠮᠲᠠ ᠵᠢᠨ ᠰᠢᠰᠲ᠋ᠧᠮ᠎ᠢ ᠲᠡᠭᠦᠯᠳᠡᠷᠵᠢᠭᠦᠯᠬᠦ᠂ ᠠᠵᠢᠯᠯᠠᠭᠤᠯᠬᠤ ᠪᠠ ᠬᠠᠮᠠᠭ᠋ᠠᠯᠠᠵᠤ᠂ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠺᠣᠳ᠋᠎ᠤᠨ ᠮᠡᠳᠡᠭᠡ ᠵᠠᠩᠭᠢ ᠵᠢ ᠬᠠᠷᠭᠤᠭᠤᠯᠵᠤ᠂ ᠺᠣᠳ᠋ ᠣᠯᠭᠣᠬᠤ ᠪᠠ ᠪᠤᠴᠠᠭ᠋ᠠᠨ ᠳᠠᠮᠵᠢᠭᠤᠯᠬᠤ ᠮᠡᠳᠡᠭᠡ ᠵᠠᠩᠭᠢ ᠵᠢ ᠬᠢᠨᠠᠨ ᠰᠢᠨᠵᠢᠯᠡᠵᠦ ᠦᠨᠡᠯᠡᠨ ᠵᠢᠱ᠌ᠢᠵᠦ᠂ ᠵᠠᠰᠠᠭ᠎ᠤᠨ ᠣᠷᠳᠣᠨ ᠵᠢᠴᠢ ᠲᠡᠭᠦᠨ᠎ᠤ ᠰᠠᠯᠠᠭ᠎ᠠ ᠮᠥᠴᠢᠷ᠂ ᠠᠵᠤ ᠠᠬᠤᠶ᠋ᠢᠯᠠᠯ ᠵᠡᠷᠭᠡ ᠭᠣᠤᠯ ᠴᠣᠭᠴᠠ᠎ᠳᠤ ᠮᠡᠳᠡᠭᠡ ᠵᠠᠩᠭᠢ ᠵᠢᠨ ᠦᠢ᠍ᠯᠡᠴᠢᠯᠡᠭᠡ ᠬᠠᠩᠭ᠋ᠠᠨ᠎ᠠ; ᠳᠠᠩᠰᠠᠯᠠᠨ ᠬᠠᠮᠢᠶᠠᠷᠬᠤ ᠰᠠᠯᠠᠭ᠎ᠠ ᠮᠥᠴᠢᠷ᠎ᠨᠢ ᠪᠠᠶ᠋ᠢᠭᠤᠯᠤᠮᠵᠢ ᠵᠢ ᠵᠣᠬᠢᠶᠠᠨ ᠪᠠᠶ᠋ᠢᠭᠤᠯᠤᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠮᠡᠳᠡᠭᠡ ᠵᠠᠩᠭᠢ ᠵᠢ ᠴᠤᠭᠯᠠᠭᠤᠯᠬᠤ᠂ ᠡᠮᠬᠢᠳᠬᠡᠬᠦ᠂ ᠴᠠᠭ ᠲᠤᠬᠠᠶ᠎ᠳᠤ᠎ᠨᠢ ᠺᠣᠳ᠋ ᠣᠯᠭᠣᠬᠤ᠂ ᠮᠡᠳᠡᠭᠡ ᠵᠠᠩᠭᠢ ᠵᠢ ᠪᠤᠴᠠᠭ᠋ᠠᠨ ᠳᠠᠮᠵᠢᠭᠤᠯᠬᠤ ᠵᠢ ᠵᠣᠬᠢᠶᠠᠨ ᠪᠠᠶ᠋ᠢᠭᠤᠯᠵᠤ᠂ ᠰᠢᠰᠲ᠋ᠧᠮ᠎ᠤᠨ ᠳ᠋ᠠᠶ᠋ᠢᠲ᠋ᠠ ᠵᠢᠨ ᠬᠥᠮᠥᠷᠭᠡ ᠪᠠᠶ᠋ᠢᠭᠤᠯᠬᠤ ᠪᠠ ᠲᠡᠭᠦᠯᠳᠡᠷᠵᠢᠭᠦᠯᠬᠦ ᠵᠢ ᠬᠠᠷᠢᠭᠤᠴᠠᠨ᠎ᠠ᠃
     (ᠬᠣᠶᠠᠷ) ᠴᠤᠷ᠎ᠤᠨ ᠭᠠᠭᠴᠠ ᠴᠢᠨᠠᠷ᠎ᠤᠨ ᠲᠤᠬᠠᠶ ᠵᠠᠷᠴᠢᠮ
     《ᠠᠷᠭ᠎ᠠ》᠎ᠳᠤ ᠲᠣᠳᠣᠷᠬᠠᠢ᠌ᠯᠠᠭᠰᠠᠨ ᠵᠶ᠋ᠠᠷ᠂ ᠨᠢᠭᠡ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ᠎ᠳᠤ ᠵᠥᠪᠬᠡᠨ ᠴᠣᠷ᠎ᠤᠨ ᠭᠠᠭᠴᠠ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠲᠠᠢ ᠪᠠᠶ᠋ᠢᠬᠤ ᠬᠡᠷᠡᠭᠲᠡᠶ ᠭᠡᠵᠦ ᠲᠣᠳᠣᠷᠬᠠᠶ ᠲᠣᠭᠲᠠᠭ᠋ᠠᠵᠠᠶ᠃ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠦᠷᠭᠦᠯᠵᠢᠯᠡᠨ ᠣᠷᠣᠰᠢᠬᠤ ᠬᠤᠭᠤᠴᠠᠭ᠋ᠠᠨ᠎ᠳᠠᠬᠢ ᠦᠨᠳᠦᠰᠦᠨ ᠮᠡᠳᠡᠭᠡ ᠵᠠᠩᠭᠢ᠎ᠳᠤ ᠶᠠᠮᠠᠷᠪᠠ ᠬᠤᠪᠢᠷᠠᠯᠲᠠ ᠭᠠᠷᠤᠭᠰᠠᠨ ᠴᠤ᠌ ᠲᠡᠭᠦᠨ᠎ᠤ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠶ ᠺᠣᠳ᠋᠎ᠢ ᠬᠤᠪᠢᠷᠠᠭᠤᠯᠬᠤ ᠥᠬᠡᠶ᠃
     (ᠭᠤᠷᠪᠠ) ᠮᠡᠳᠡᠭᠡ ᠵᠠᠩᠭᠢ ᠵᠢᠨ ᠲᠣᠭ᠎ᠠ ᠪᠠᠷᠢᠮᠲᠠ ᠵᠢ ᠳᠡᠭᠡᠭᠰᠢ ᠳᠠᠮᠵᠢᠭᠤᠯᠬᠤ᠂ ᠡᠮᠬᠢᠳᠬᠡᠬᠦ᠂ ᠬᠠᠷᠭᠤᠭᠤᠯᠬᠤ ᠪᠠ ᠵᠠᠯᠠᠷᠠᠭᠤᠯᠬᠤ ᠵᠢᠷᠤᠮ᠎ᠤᠨ ᠲᠦᠷᠢᠮ᠎ᠤᠨ ᠲᠤᠬᠠᠶ
     《ᠠᠷᠭ᠎ᠠ》᠎ᠳᠤ ᠳᠠᠩᠰᠠᠯᠠᠨ ᠬᠠᠮᠢᠶᠠᠷᠬᠤ ᠰᠠᠯᠠᠭ᠎ᠠ ᠮᠥᠴᠢᠷ᠎ᠨᠢ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠮᠡᠳᠡᠭᠡ ᠵᠠᠩᠭᠢ ᠵᠢ ᠪᠤᠴᠠᠭ᠋ᠠᠨ ᠳᠠᠮᠵᠢᠭᠤᠯᠬᠤ ᠬᠡᠷᠡᠭᠲᠡᠶ ᠭᠡᠵᠦ ᠲᠣᠳᠣᠷᠬᠠᠶ ᠲᠣᠭᠲᠠᠭ᠋ᠠᠵᠠᠶ᠃ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠭᠥᠯᠢᠶᠡᠨ ᠠᠪᠤᠭᠰᠠᠨ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠮᠡᠳᠡᠭᠡ ᠵᠠᠩᠭᠢ ᠵᠢ ᠬᠠᠷᠭᠤᠭᠤᠯᠬᠤ᠂ ᠴᠤᠭᠯᠠᠭᠤᠯᠬᠤ ᠵᠢᠴᠢ ᠳᠠᠪᠬᠤᠷ ᠺᠣᠳ᠋ ᠪᠤᠶᠤ ᠪᠤᠷᠤᠭᠤ ᠺᠣᠳ᠋᠎ᠢ ᠣᠯᠵᠤ ᠮᠡᠳᠡᠭᠰᠡᠨ ᠵᠡᠷᠭᠡ ᠪᠠᠶ᠋ᠢᠳᠠᠯ᠎ᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠳᠡᠩᠰᠡᠯᠡᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠳᠡᠵᠦ ᠵᠠᠯᠠᠷᠠᠭᠤᠯᠬᠤ ᠠᠯᠬᠤᠮ ᠪᠠ ᠬᠤᠭᠤᠴᠠᠭ᠎ᠠ ᠵᠢ ᠲᠣᠳᠣᠷᠬᠠᠢ ᠲᠣᠭᠲᠠᠭ᠋ᠠᠪᠠ᠃
     (ᠲᠦᠷᠪᠡ) ᠮᠡᠳᠡᠭᠡ ᠵᠠᠩᠭᠢ ᠵᠢ ᠬᠠᠮᠲᠤ᠎ᠳᠤ᠎ᠪᠠᠨ ᠬᠦᠷᠲᠡᠬᠦ ᠲᠣᠭᠲᠠᠴᠠ ᠵᠢᠨ ᠲᠤᠬᠠᠶ
     《ᠠᠷᠭ᠎ᠠ》᠎ᠳᠤ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠮᠡᠳᠡᠭᠡ ᠵᠠᠩᠭᠢ ᠵᠢ ᠨᠢᠭᠡᠳᠦᠯᠲᠡᠶ ᠪᠣᠯᠭ᠋ᠠᠬᠤ᠎ᠳᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠲᠣᠭ᠎ᠠ ᠪᠠᠷᠢᠮᠲᠠ ᠵᠢᠨ ᠡᠬᠢ ᠪᠠᠶᠠᠯᠢᠭ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠲᠣᠭ᠎ᠠ ᠪᠠᠷᠢᠮᠲᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠠᠢ ᠬᠠᠮᠲᠤᠷᠠᠨ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠬᠠᠮᠲᠤ᠎ᠳᠤ᠎ᠪᠠᠨ ᠬᠦᠷᠲᠡᠬᠦ ᠳᠦᠷᠢᠮ᠎ᠢ ᠲᠡᠭᠦᠯᠳᠡᠷᠵᠢᠭᠦᠯᠬᠦ ᠵᠢ ᠱᠠᠭ᠋ᠠᠷᠳᠠᠪᠠ᠃
     (ᠲᠠᠪᠤ) ᠮᠡᠳᠡᠭᠡ ᠵᠠᠩᠭᠢ ᠵᠢᠨ ᠬᠡᠷᠡᠭᠯᠡᠯᠲᠡ ᠵᠢᠨ ᠲᠤᠬᠠᠶ
     《ᠠᠷᠭ᠎ᠠ》᠎ᠳᠤ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠪᠠ ᠬᠣᠯᠪᠣᠭᠳᠠᠯ ᠪᠥᠬᠥᠶ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ᠎ᠳᠠᠬᠢ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠲᠣᠭ᠎ᠠ ᠪᠠᠷᠢᠮᠲᠠ ᠵᠢ ᠨᠢᠭᠡᠳᠦᠯᠲᠡᠶ ᠬᠡᠷᠡᠭᠯᠡᠬᠦ ᠲᠤᠰᠢᠶᠠᠯ ᠬᠠᠷᠢᠭᠤᠴᠠᠯᠭ᠎ᠠ ᠪᠠ ᠡᠭᠦᠷᠭᠡ ᠵᠢ ᠲᠣᠳᠣᠷᠬᠠᠶ ᠲᠣᠭᠲᠠᠭ᠋ᠠᠵᠠᠶ᠃ 《ᠠᠷᠭ᠎ᠠ》᠎ᠳᠤ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠮᠡᠳᠡᠭᠡ ᠵᠠᠩᠭᠢ ᠵᠢᠨ ᠲᠣᠭ᠎ᠠ ᠪᠠᠷᠢᠮᠲᠠ ᠵᠢᠨ ᠬᠡᠷᠡᠭᠯᠡᠭᠡᠨ᠎ᠤ ᠪᠠᠷᠢᠮᠵᠢᠶ᠎ᠠ ᠵᠢᠨ ᠰᠤᠳᠤᠯᠭ᠋ᠠᠨ᠎ᠢ ᠲᠣᠭ᠎ᠠ ᠪᠠᠷᠢᠮᠲᠠ ᠵᠢᠨ ᠪᠠᠷᠢᠮᠵᠢᠶ᠎ᠠ ᠪᠠ ᠲᠠᠪᠴᠠᠩ᠎ᠤᠨ ᠦᠢ᠍ᠯᠡᠴᠢᠯᠡᠭᠡᠨ᠎ᠤ ᠵᠠᠯᠭ᠋ᠠᠰᠤ ᠵᠢ ᠨᠢᠭᠡᠳᠦᠯᠲᠡᠶ ᠪᠣᠯᠭ᠋ᠠᠵᠤ᠂ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠲᠠᠷᠬᠠᠯᠲᠠ ᠵᠢᠨ ᠪᠠᠶ᠋ᠢᠳᠠᠯ᠂ ᠠᠵᠢᠯ ᠲᠥᠷᠥᠯ᠎ᠤᠨ ᠣᠨᠴᠠᠯᠢᠭ᠂ ᠠᠵᠤ ᠠᠬᠤᠶ ᠵᠢᠨ ᠲᠥᠷᠥᠯ ᠵᠡᠷᠭᠡ ᠠᠭᠤᠯᠭ᠎ᠠ ᠵᠢ ᠵᠠᠳᠠᠯᠵᠤ᠂ ᠵᠠᠰᠠᠭ᠎ᠤᠨ ᠣᠷᠳᠣᠨ ᠵᠢᠴᠢ ᠲᠡᠭᠦᠨ᠎ᠤ ᠰᠠᠯᠠᠭ᠎ᠠ ᠮᠥᠴᠢᠷ᠎ᠤᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠲᠣᠭ᠎ᠠ ᠪᠠᠷᠢᠮᠲᠠ ᠵᠢᠨ ᠳᠡᠮᠵᠢᠯᠭᠡ ᠬᠠᠩᠭ᠋ᠠᠵᠤ᠂ ᠠᠵᠤ ᠠᠬᠤᠶ᠋ᠢᠯᠠᠯ᠎ᠤᠨ ᠬᠥᠭᠵᠢᠯᠲᠡ ᠪᠠ ᠣᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠬᠡᠬᠦ᠎ᠳᠤ ᠲᠥᠬᠥᠮ ᠦᠵᠡᠭᠦᠯᠬᠦ ᠬᠡᠷᠡᠭᠲᠡᠢ; ᠵᠠᠰᠠᠭ᠎ᠤᠨ ᠣᠷᠳᠣᠨ ᠵᠢᠴᠢ ᠲᠡᠭᠦᠨ᠎ᠤ ᠰᠠᠯᠠᠭ᠎ᠠ ᠮᠥᠴᠢᠷ᠎ᠨᠢ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠢ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠪᠠᠶ᠋ᠢᠴᠠᠭ᠋ᠠᠨ ᠯᠠᠪᠯᠠᠬᠤ᠂ ᠵᠠᠰᠠᠭ ᠵᠠᠬᠢᠷᠭ᠋ᠠᠨ᠎ᠤ ᠵᠥᠪᠰᠢᠶᠡᠷᠡᠯ᠂ ᠲᠤᠬᠠᠶ᠋ᠢᠯᠠᠭᠰᠠᠨ ᠠᠵᠢᠯ᠎ᠤᠨ ᠪᠦᠷᠢᠳᠬᠡᠯ᠂ ᠨᠡᠶ᠋ᠢᠭᠡᠮ᠎ᠤᠨ ᠢᠲᠡᠭᠡᠮᠵᠢ ᠵᠡᠷᠭᠡ ᠵᠢᠨ ᠬᠡᠷᠡᠭᠯᠡᠭᠡᠨ᠎ᠤ ᠭᠣᠤᠯ ᠴᠣᠭᠴᠠ ᠵᠢᠨ ᠲᠡᠮᠳᠡᠭ ᠪᠠ ᠰᠢᠰᠲ᠋ᠧᠮ᠎ᠢ ᠨᠡᠢ᠌ᠳᠬᠡᠬᠦ᠂ ᠲᠣᠭ᠎ᠠ ᠪᠠᠷᠢᠮᠲᠠ ᠵᠢ ᠬᠠᠮᠲᠤ᠎ᠳᠤ᠎ᠪᠠᠨ ᠬᠦᠷᠲᠡᠬᠦ᠂ ᠲᠤᠬᠠᠶ᠋ᠢᠯᠠᠭᠰᠠᠨ ᠠᠵᠢᠯ᠎ᠤᠨ ᠬᠠᠮᠵᠢᠯᠴᠠᠭ᠎ᠠ ᠵᠢᠨ ᠰᠠᠭᠤᠷᠢ ᠲᠣᠭ᠎ᠠ ᠪᠠᠷᠢᠮᠲᠠ ᠪᠣᠯᠭ᠋ᠠᠬᠤ ᠬᠡᠷᠡᠭᠲᠡᠶ; ᠳᠡᠩᠰᠡᠯᠡᠨ ᠬᠠᠮᠢᠶᠠᠷᠬᠤ ᠰᠠᠯᠠᠭ᠎ᠠ ᠮᠥᠴᠢᠷ᠎ᠨᠢ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠢ ᠡᠯᠧᠺᠲᠷᠣᠨ ᠵᠠᠰᠠᠭ᠎ᠤᠨ ᠶᠠᠪᠤᠳᠠᠯ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ ᠪᠠ ᠢᠲᠡᠭᠡᠮᠵᠢ ᠵᠢᠨ ᠲᠣᠭᠲᠠᠯᠴᠠᠭ᠎ᠠ ᠵᠢᠨ ᠪᠠᠶ᠋ᠢᠭᠤᠯᠤᠯᠲᠠ᠎ᠳᠠᠬᠢ ᠨᠢᠭᠡᠳᠦᠯᠲᠡᠶ ᠬᠡᠷᠡᠭᠯᠡᠬᠦ ᠵᠢ ᠠᠬᠢᠭᠤᠯᠬᠤ ᠬᠡᠷᠡᠭᠲᠡᠶ; ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ᠎ᠨᠢ ᠬᠣᠯᠪᠣᠭᠳᠠᠯ ᠪᠦᠬᠦᠢ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠬᠦ᠎ᠳᠤ᠎ᠪᠠᠨ᠂ ᠬᠠᠤᠯᠢ ᠶᠣᠰᠣᠭ᠋ᠠᠷ ᠪᠡᠶ᠎ᠡ ᠵᠢᠨ ᠦᠨᠡᠮᠯᠡᠯ ᠭᠠᠷᠭ᠋ᠠᠬᠤ ᠴᠢᠬᠤᠯᠠ᠎ᠲᠠᠢ ᠪᠠᠶ᠋ᠢᠪᠠᠯ᠂ ᠭᠦᠢ᠍ᠴᠡᠳᠬᠡᠬᠦ ᠨᠢᠭᠡᠴᠢ᠎ᠨᠢ ᠲᠡᠭᠦᠨ᠎ᠤ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠢ ᠨᠡᠮᠡᠭᠰᠡᠨ ᠭᠡᠷᠡᠴᠢ ᠦᠨᠡᠮᠯᠡᠯ᠎ᠢ ᠪᠠᠶ᠋ᠢᠴᠠᠭ᠋ᠠᠨ ᠰᠢᠯᠭ᠋ᠠᠬᠤ ᠬᠡᠷᠡᠭᠲᠡᠶ; ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠨᠢ ᠬᠠᠮᠢᠶᠠᠷᠤᠯᠲᠠ ᠪᠠ ᠦᠢ᠍ᠯᠡᠴᠢᠯᠡᠭᠡᠨ᠎ᠤ ᠠᠵᠢᠯ᠎ᠢ ᠥᠷᠨᠢᠭᠦᠯᠬᠦ ᠳᠤᠮᠳᠠ᠂ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠪᠡᠶ᠎ᠡ ᠬᠡᠮ᠎ᠤᠨ ᠢᠯᠡᠳᠬᠡᠮᠵᠢ᠎ᠳᠤ ᠬᠣᠯᠪᠣᠭᠳᠠᠪᠠᠯ᠂ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠢ ᠬᠡᠷᠡᠭᠯᠡᠬᠦ ᠬᠡᠷᠡᠭᠲᠡᠶ ᠭᠡᠵᠦ ᠱᠠᠭ᠋ᠠᠷᠳᠠᠵᠠᠢ᠃
      ᠬᠣᠶᠠᠷ᠂ ᠤᠬᠠᠭᠤᠯᠬᠤ ᠵᠢ ᠬᠢᠨᠠᠮᠠᠭ᠋ᠠᠢ ᠰᠠᠢ᠌ᠲᠤᠷ ᠨᠠᠢ᠌ᠳᠠᠪᠤᠷᠢᠵᠢᠭᠤᠯᠤᠨ᠎ᠠ
     (ᠨᠢᠭᠡ) 《ᠠᠷᠭ᠎ᠠ》 ᠵᠢᠨ ᠤᠬᠠᠭᠤᠯᠭ᠎ᠠ ᠪᠣᠯᠪᠠᠰᠤᠷᠠᠯ᠎ᠤᠨ ᠡᠷᠴᠢᠮ᠎ᠢ ᠴᠢᠩᠭ᠋ᠠᠯᠠᠨ᠎ᠠ
      ᠤᠯᠠᠮᠵᠢᠯᠠᠯᠲᠤ ᠵᠠᠭᠤᠴᠢᠯᠠᠭᠤᠷ ᠬᠢᠭᠡᠳ ᠰᠢᠨ᠎ᠡ ᠵᠠᠭᠤᠴᠢᠯᠠᠭᠤᠷ᠎ᠢ ᠭᠦᠢ᠍ᠴᠡᠳ ᠠᠰᠢᠭᠯᠠᠨ ᠥᠷᠭᠡᠨ ᠳᠡᠯᠭᠡᠷ ᠤᠬᠠᠭᠤᠯᠭ᠎ᠠ ᠵᠢ ᠥᠷᠨᠢᠭᠦᠯᠵᠦ᠂ ᠤᠬᠠᠭᠤᠯᠭ᠎ᠠ ᠵᠢᠨ ᠰᠡᠳᠬᠢᠴᠡ ᠪᠠ ᠠᠷᠭ᠎ᠠ ᠮᠠᠶᠢᠭ᠎ᠢ ᠲᠠᠰᠤᠷᠠᠯᠲᠠ ᠥᠬᠡᠶ ᠪᠠᠶᠠᠯᠢᠭᠵᠢᠭᠤᠯᠤᠨ᠂ ᠣᠯᠠᠨ ᠲᠦᠮᠡᠨ᠎ᠤ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠬᠠᠮᠢᠶᠠᠷᠤᠯᠲᠠ ᠪᠠ ᠬᠡᠷᠡᠭᠯᠡᠯᠲᠡ ᠵᠢ ᠣᠶ᠋ᠢᠯᠠᠭ᠋ᠠᠬᠤ ᠨᠣᠷᠮ᠎ᠠ ᠵᠢ ᠳᠡᠭᠡᠭᠰᠢᠯᠡᠭᠦᠯᠦᠨ᠎ᠡ᠃ ᠢᠲᠡᠭᠡᠮᠵᠢ ᠵᠢᠨ ᠺᠣᠳ᠋᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠳᠡᠩᠰᠡᠯᠡᠨ ᠲᠡᠮᠳᠡᠭᠯᠡᠬᠦ ᠬᠠᠮᠢᠶᠠᠷᠤᠯᠲᠠ ᠵᠢᠨ ᠰᠠᠯᠠᠭ᠎ᠠ ᠮᠥᠴᠢᠷ ᠪᠣᠯᠤᠨ ᠠᠵᠢᠯᠲᠠᠨ᠎ᠤ ᠪᠣᠯᠪᠠᠰᠤᠷᠠᠯ᠎ᠢ ᠴᠢᠩᠭ᠋ᠠᠳᠬᠠᠵᠤ᠂ 《ᠠᠷᠭ᠎ᠠ》 ᠵᠢᠨ ᠠᠭᠤᠯᠭ᠎ᠠ ᠵᠢ ᠲᠤᠭᠤᠷᠠᠳᠠᠯ᠎ᠠ ᠶᠠᠷᠢᠵᠤ᠂ ᠣᠨᠣᠪᠴᠢᠲᠠᠶ ᠬᠡᠷᠡᠭᠯᠡᠬᠦ ᠵᠢ ᠦᠨᠡᠨ ᠬᠦ᠌ ᠪᠠᠲᠤᠯᠠᠵᠤ᠂ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠬᠦ ᠬᠡᠷᠡᠭᠲᠡᠶ᠃ ᠡᠯ᠎ᠡ ᠲᠥᠷᠥᠯ᠎ᠤᠨ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ᠂ ᠺᠣᠳ᠋᠎ᠤᠨ ᠬᠠᠮᠢᠶᠠᠷᠤᠯᠲᠠ᠂ ᠳᠡᠩᠰᠡᠯᠡᠨ ᠲᠡᠮᠳᠡᠭᠯᠡᠬᠦ ᠰᠠᠯᠠᠭ᠎ᠠ ᠮᠥᠴᠢᠷ ᠪᠠ ᠬᠡᠷᠡᠭᠯᠡᠭᠡᠨ᠎ᠤ ᠰᠠᠯᠠᠭ᠎ᠠ ᠮᠥᠴᠢᠷ᠎ᠤᠨ ᠬᠠᠤᠯᠢ ᠴᠠᠭ᠋ᠠᠵᠠ ᠵᠢᠨ ᠦᠵᠡᠯ ᠤᠬᠠᠮᠰᠠᠷ᠎ᠢ ᠳᠡᠭᠡᠭᠰᠢᠯᠡᠭᠦᠯᠵᠦ᠂ ᠺᠣᠳ᠋᠎ᠤᠨ ᠬᠠᠮᠢᠶᠠᠷᠤᠯᠲᠠ ᠪᠠ ᠬᠡᠷᠡᠭᠯᠡᠯᠲᠡ᠎ᠪᠠᠷ ᠳᠠᠮᠵᠢᠭᠤᠯᠤᠨ ᠮᠡᠳᠡᠭᠡ ᠵᠠᠩᠭᠢ ᠵᠢᠨ ᠪᠡᠬᠢᠯᠡᠯᠲᠡ ᠵᠢ ᠡᠪᠳᠡᠵᠦ᠂ ᠨᠡᠶ᠋ᠢᠭᠡᠮ᠎ᠤᠨ ᠢᠲᠡᠭᠡᠮᠵᠢ ᠵᠢᠨ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠠᠬᠢᠭᠤᠯᠬᠤ ᠰᠠᠶ᠋ᠢᠨ ᠰᠠᠶ᠋ᠢᠬᠠᠨ ᠬᠠᠮᠢᠶᠠᠷᠤᠯᠲᠠ ᠵᠢᠨ ᠣᠷᠴᠢᠨ ᠲᠣᠭᠣᠷᠢᠨ᠎ᠢ ᠪᠣᠶ ᠪᠣᠯᠭ᠋ᠠᠬᠤ ᠬᠡᠷᠡᠭᠲᠡᠢ᠃
     (ᠬᠣᠶᠠᠷ) ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠬᠠᠮᠢᠶᠠᠷᠤᠯᠲᠠ ᠪᠠ ᠬᠡᠷᠡᠭᠯᠡᠯᠲᠡ ᠵᠢᠨ ᠠᠵᠢᠯ᠎ᠢ ᠰᠠᠶ᠋ᠢᠲᠤᠷ ᠬᠢᠨ᠎ᠠ
      ᠡᠨᠡ ᠵᠢᠯ ᠪᠢᠳᠡ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠰᠠᠯᠠᠭ᠎ᠠ ᠮᠥᠴᠢᠷ᠂ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠢ ᠳᠠᠩᠰᠠᠯᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠵᠡᠷᠭᠡ᠎ᠲᠠᠢ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠢᠭᠡᠳᠦᠯᠲᠡᠢ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠲᠤ ᠺᠣᠳ᠋ ᠣᠯᠭᠣᠬᠤ᠂ ᠳᠡᠭᠡᠭᠰᠢ ᠳᠠᠮᠵᠢᠭᠤᠯᠬᠤ᠂ ᠬᠢᠨᠠᠨ ᠬᠠᠷᠭᠤᠭᠤᠯᠬᠤ᠂ ᠴᠤᠭᠯᠠᠭᠤᠯᠬᠤ ᠪᠠ ᠬᠡᠷᠡᠭᠯᠡᠬᠦ ᠵᠡᠷᠭᠡ ᠠᠵᠢᠯ᠎ᠤᠨ ᠬᠦᠷᠢᠶᠡᠨ᠎ᠳᠤ ᠦᠷᠭᠦᠯᠵᠢᠯᠡᠨ ᠨᠢᠭᠲᠠ ᠬᠠᠮᠵᠢᠯᠴᠠᠨ᠎ᠠ᠃ ᠺᠣᠳ᠋᠎ᠤᠨ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠪᠠ ᠠᠵᠢᠯ᠎ᠤᠨ ᠴᠤᠪᠤᠷᠠᠯ᠎ᠢ ᠤᠯᠠᠮ ᠨᠢᠭᠡ ᠠᠯᠬᠤᠮ ᠰᠢᠯᠤᠭᠤᠳᠬᠠᠵᠤ᠂ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠦᠨᠳᠦᠰᠦᠨ ᠮᠡᠳᠡᠭᠡ ᠵᠠᠩᠭᠢ ᠵᠢᠨ ᠲᠣᠭ᠎ᠠ ᠪᠠᠷᠢᠮᠲᠠ ᠪᠠ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠪᠣᠶ ᠪᠣᠯᠭ᠋ᠠᠭᠰᠠᠨ ᠪᠤᠶᠤ ᠬᠠᠳᠠᠭ᠋ᠠᠯᠠᠭᠰᠠᠨ ᠮᠡᠳᠡᠭᠡ ᠵᠠᠩᠭᠢ ᠵᠢᠨ ᠲᠣᠭ᠎ᠠ ᠪᠠᠷᠢᠮᠲᠠ ᠵᠢᠨ ᠬᠣᠭᠣᠷᠣᠨᠳᠣᠬᠢ ᠬᠦᠨᠳᠦ ᠨᠣᠴᠢᠲᠠᠶ ᠮᠡᠳᠡᠭᠡ ᠵᠠᠩᠭᠢ ᠵᠢᠨ ᠥᠨᠥᠴᠢᠨ ᠠᠷᠠᠯ᠎ᠤᠨ ᠠᠰᠠᠭᠤᠳᠠᠯ᠎ᠢ ᠰᠢᠢ᠍ᠳᠪᠦᠷᠢᠯᠡᠵᠦ᠂ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠬᠠᠮᠢᠶᠠᠷᠤᠯᠲᠠ ᠪᠠ ᠬᠡᠷᠡᠭᠯᠡᠭᠡᠨ᠎ᠤ ᠲᠦᠪᠰᠢᠨ᠎ᠢ ᠳᠡᠭᠡᠭᠰᠢᠯᠡᠭᠦᠯᠬᠦ᠎ᠪᠠᠷ ᠳᠠᠮᠵᠢᠭᠤᠯᠤᠨ᠂ ᠪᠥᠬᠥ ᠨᠡᠶ᠋ᠢᠭᠡᠮ᠎ᠤᠨ ᠢᠲᠡᠭᠡᠮᠵᠢ ᠵᠢᠨ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ ᠪᠣᠯᠤᠨ ᠬᠣᠰᠢᠭᠤ ᠰᠢᠶᠠᠨ (ᠬᠣᠲᠠ᠂ ᠲᠣᠭᠣᠷᠢᠭ)᠎ᠤ ᠡᠯ᠎ᠡ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠲᠤ ᠺᠣᠳ᠋ ᠣᠯᠭᠣᠬᠤ ᠨᠢᠭᠡᠴᠢ᠎ᠨᠦᠭᠦᠳ ᠡᠮᠬᠢ ᠵᠢᠷᠤᠮ᠎ᠲᠠᠢ᠎ᠪᠠᠷ ᠬᠠᠮᠵᠢᠯᠴᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠂ ᠨᠠᠩ ᠶᠡᠬᠡ ᠬᠡᠪᠴᠢᠶ᠎ᠡ᠂ ᠨᠠᠩ ᠭᠦᠨ ᠲᠠᠰ ᠳᠠᠪᠬᠤᠷᠭ᠎ᠠ᠎ᠳᠤ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠰᠠᠭᠤᠷᠢ ᠮᠡᠳᠡᠭᠡ ᠵᠠᠩᠭᠢ᠂ ᠬᠣᠯᠪᠣᠭᠳᠠᠯ ᠪᠦᠬᠦᠢ ᠢᠲᠡᠭᠡᠮᠵᠢ ᠵᠢᠨ ᠮᠡᠳᠡᠭᠡ ᠵᠠᠩᠭᠢ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠮᠡᠳᠡᠭᠡ ᠵᠠᠩᠭᠢ ᠵᠡᠷᠭᠡ ᠵᠢ ᠴᠤᠭᠯᠠᠭᠤᠯᠬᠤ᠂ ᠬᠠᠮᠲᠤ᠎ᠳᠤ᠎ᠪᠠᠨ ᠬᠦᠷᠲᠡᠬᠦ ᠪᠠ ᠲᠤᠬᠠᠶ᠋ᠢᠯᠠᠭᠰᠠᠨ ᠠᠵᠢᠯ᠎ᠤᠨ ᠬᠠᠮᠵᠢᠯᠴᠠᠬᠤ ᠵᠢ ᠪᠡᠶᠡᠯᠡᠭᠦᠯᠬᠦ ᠬᠡᠷᠡᠭᠲᠡᠶ᠃
     《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠬᠠᠮᠢᠶᠠᠷᠤᠯᠲᠠ ᠵᠢᠨ ᠠᠷᠭ᠎ᠠ》 ᠵᠢᠨ ᠲᠥᠷᠥ ᠵᠢᠨ ᠪᠣᠳᠣᠯᠭ᠎ᠠ ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠠᠭᠰᠠᠨ᠎ᠨᠢ
      ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ ᠵᠢᠨ ᠰᠤᠷᠪᠤᠯᠵᠢᠯᠠᠭᠴᠢ᠄ 《ᠠᠷᠭ᠎ᠠ》 ᠵᠢᠨ ᠲᠣᠭᠲᠠᠭ᠋ᠠᠯ᠎ᠢ ᠦᠨᠳᠦᠰᠦᠯᠡᠪᠡᠯ᠂ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠬᠠᠮᠢᠶᠠᠷᠤᠯᠲᠠ᠎ᠳᠤ ᠶᠠᠮᠠᠷ ᠶᠠᠮᠠᠷ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠠᠢ ᠬᠣᠯᠪᠣᠭᠳᠠᠬᠤ ᠪᠣᠶ᠂ ᠡᠲᠡᠭᠡᠷ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠶᠠᠮᠠᠷ ᠶᠠᠮᠠᠷ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠪᠡᠯ ᠵᠣᠬᠢᠬᠤ ᠪᠣᠶ?
      ᠮᠢᠶᠣᠣ ᠰᠢᠤᠸᠠᠢ ᠵᠢᠶᠦ᠋ᠨ᠄ 《ᠠᠷᠭ᠎ᠠ》᠎ᠳᠤ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠬᠠᠮᠢᠶᠠᠷᠤᠯᠲᠠ᠎ᠳᠠᠬᠢ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠠᠵᠢᠯ᠎ᠤᠨ ᠡᠭᠦᠷᠭᠡ ᠬᠠᠷᠢᠭᠤᠴᠠᠯᠭ᠎ᠠ ᠵᠢᠨ ᠲᠤᠬᠠᠶ ᠲᠣᠳᠣᠷᠬᠠᠶ ᠲᠣᠭᠲᠠᠭ᠋ᠠᠯ ᠭᠠᠷᠭ᠋ᠠᠪᠠ᠃
      ᠨᠢᠭᠡᠳᠦᠭᠡᠷ᠎ᠲᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠰᠠᠯᠠᠭ᠎ᠠ ᠮᠥᠴᠢᠷ᠎ᠤᠳ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠠᠵᠢᠯ᠎ᠤᠨ ᠵᠣᠬᠢᠴᠠᠭᠤᠯᠬᠤ ᠳᠦᠷᠢᠮ᠎ᠢ ᠪᠠᠢ᠌ᠭᠤᠯᠵᠤ᠂ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠠᠵᠢᠯ᠎ᠤᠨ ᠳᠤᠮᠳᠠ ᠲᠤᠯᠭ᠋ᠠᠷᠠᠭᠰᠠᠨ ᠴᠢᠬᠤᠯᠠ ᠶᠡᠬᠡ ᠠᠰᠠᠭᠤᠳᠠᠯ᠎ᠢ ᠬᠠᠮᠵᠢᠯᠴᠠᠨ ᠰᠢᠢ᠍ᠳᠪᠦᠷᠢᠯᠡᠵᠦ᠂ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠠᠢ ᠬᠠᠮᠲᠤᠷᠠᠨ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋ ᠵᠶ᠋ᠠᠷ ᠭᠣᠤᠯ ᠴᠣᠭᠴᠠ ᠵᠢᠨ ᠢᠯᠡᠷᠬᠡᠶ᠋ᠢᠯᠡᠭᠴᠢ ᠪᠣᠯᠭ᠋ᠠᠭᠰᠠᠨ ᠣᠯᠠᠨ ᠨᠡᠶ᠋ᠢᠲᠡ ᠵᠢᠨ ᠢᠲᠡᠭᠡᠮᠵᠢ ᠵᠢᠨ ᠮᠡᠳᠡᠭᠡ ᠵᠠᠩᠭᠢ ᠵᠢᠨ ᠬᠣᠯᠪᠣᠯᠳᠤᠨ ᠨᠡᠪᠲᠡᠷᠡᠯᠴᠡᠬᠦ ᠵᠢ ᠪᠡᠶᠡᠯᠡᠭᠦᠯᠵᠦ᠂ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠣᠯᠠᠨ ᠨᠡᠶ᠋ᠢᠲᠡ ᠵᠢᠨ ᠢᠲᠡᠭᠡᠮᠵᠢ ᠵᠢᠨ ᠮᠡᠳᠡᠭᠡ ᠵᠠᠩᠭᠢ ᠵᠢ ᠬᠠᠮᠲᠤ᠎ᠳᠤ᠎ᠪᠠᠨ ᠬᠦᠷᠲᠡᠬᠦ ᠵᠢ ᠠᠬᠢᠭᠤᠯᠤᠨ᠎ᠠ᠃
      ᠬᠣᠶᠠᠳᠤᠭ᠋ᠠᠷ᠎ᠲᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠪᠦᠬᠦ ᠣᠷᠣᠨ᠎ᠤ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠢ ᠬᠠᠮᠢᠶᠠᠷᠬᠤ ᠠᠵᠢᠯ᠎ᠢ ᠬᠠᠷᠢᠭᠤᠴᠠᠵᠤ᠂ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠮᠡᠳᠡᠭᠡ ᠵᠠᠩᠭᠢ ᠵᠢ ᠳᠠᠮᠵᠢᠭᠤᠯᠬᠤ᠂ ᠬᠠᠮᠲᠤ᠎ᠳᠤ᠎ᠪᠠᠨ ᠬᠦᠷᠲᠡᠬᠦ ᠵᠡᠷᠭᠡ ᠪᠠᠷᠢᠮᠵᠢᠶ᠎ᠠ ᠵᠢ ᠲᠣᠭᠲᠠᠭ᠋ᠠᠵᠤ᠂ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠮᠡᠳᠡᠭᠡ ᠵᠠᠩᠭᠢ ᠵᠢᠨ ᠲᠣᠭ᠎ᠠ ᠪᠠᠷᠢᠮᠲᠠ ᠵᠢᠨ ᠰᠢᠰᠲ᠋ᠧᠮ᠎ᠢ ᠲᠡᠭᠦᠯᠳᠡᠷᠵᠢᠭᠦᠯᠬᠦ᠂ ᠠᠵᠢᠯᠯᠠᠭᠤᠯᠬᠤ ᠪᠠ ᠬᠠᠮᠠᠭ᠋ᠠᠯᠠᠵᠤ᠂ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠮᠡᠳᠡᠭᠡ ᠵᠠᠩᠭᠢ ᠵᠢ ᠬᠢᠨᠠᠨ ᠬᠠᠷᠭᠤᠭᠤᠯᠵᠤ᠂ ᠺᠣᠳ᠋ ᠣᠯᠭᠣᠬᠤ ᠪᠠ ᠪᠤᠴᠠᠭ᠋ᠠᠨ ᠳᠠᠮᠵᠢᠭᠤᠯᠬᠤ ᠮᠡᠳᠡᠭᠡ ᠵᠠᠩᠭᠢ᠎ᠳᠤ ᠬᠢᠨᠠᠨ ᠰᠢᠨᠵᠢᠯᠡᠵᠦ ᠦᠨᠡᠯᠡᠨ ᠵᠢᠱ᠌ᠢᠯᠲᠡ ᠬᠢᠵᠦ᠂ ᠵᠠᠰᠠᠭ᠎ᠤᠨ ᠣᠷᠳᠣᠨ ᠵᠢᠴᠢ ᠲᠡᠭᠦᠨ᠎ᠤ ᠰᠠᠯᠠᠭ᠎ᠠ ᠮᠥᠴᠢᠷ᠂ ᠠᠵᠤ ᠠᠬᠤᠶ᠋ᠢᠯᠠᠯ ᠵᠡᠷᠭᠡ ᠭᠣᠤᠯ ᠴᠣᠭᠴᠠ᠎ᠳᠤ ᠮᠡᠳᠡᠭᠡ ᠵᠠᠩᠭᠢ ᠵᠢᠨ ᠦᠢ᠍ᠯᠡᠴᠢᠯᠡᠭᠡ ᠬᠠᠩᠭ᠋ᠠᠨ᠎ᠠ᠃
      ᠭᠤᠷᠪᠠᠳᠤᠭ᠋ᠠᠷ᠎ᠲᠤ᠂ ᠪᠠᠶ᠋ᠢᠭᠤᠯᠤᠮᠵᠢ ᠵᠢᠨ ᠣᠷᠣᠨ ᠲᠣᠭ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠠᠷᠠᠳ᠎ᠤᠨ ᠶᠠᠪᠤᠳᠠᠯ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠂ ᠲᠠᠷᠢᠶᠠᠯᠠᠩ ᠮᠠᠯ ᠠᠵᠤ ᠠᠬᠤᠶ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ᠂ ᠱᠠᠰᠢᠨ ᠰᠤᠷᠲᠠᠬᠤᠨ᠎ᠤ ᠬᠡᠷᠡᠭ ᠶᠠᠪᠤᠳᠠᠯ᠂ ᠠᠵᠢᠯᠴᠢᠨ᠎ᠤ ᠡᠪᠯᠡᠯ ᠵᠡᠷᠭᠡ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠺᠣᠳ᠋ ᠣᠯᠭᠣᠬᠤ ᠡᠷᠬᠡ᠎ᠲᠠᠢ ᠪᠤᠶᠤ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠮᠡᠳᠡᠭᠡ ᠵᠠᠩᠭᠢ ᠵᠢ ᠨᠢᠭᠡᠳᠦᠯᠲᠡᠶ ᠴᠤᠭᠯᠠᠭᠤᠯᠬᠤ ᠵᠢ ᠬᠠᠷᠢᠭᠤᠴᠠᠬᠤ ᠰᠠᠯᠠᠭ᠎ᠠ ᠮᠥᠴᠢᠷ ᠪᠣᠯ ᠳᠡᠩᠰᠡᠯᠡᠨ ᠬᠠᠮᠢᠶᠠᠷᠬᠤ ᠰᠠᠯᠠᠭ᠎ᠠ ᠮᠥᠴᠢᠷ ᠪᠣᠯᠤᠨ᠎ᠠ᠃ ᠡᠲᠡᠭᠡᠷ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠪᠠᠶ᠋ᠢᠭᠤᠯᠤᠮᠵᠢ ᠵᠢ ᠵᠣᠬᠢᠶᠠᠨ ᠪᠠᠶ᠋ᠢᠭᠤᠯᠵᠤ ᠪᠠᠶ᠋ᠢᠭ᠋ᠠᠳ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠮᠡᠳᠡᠭᠡ ᠵᠠᠩᠭᠢ ᠵᠢ ᠴᠤᠭᠯᠠᠭᠤᠯᠬᠤ᠂ ᠡᠮᠬᠢᠯᠡᠬᠦ᠂ ᠴᠠᠭ ᠲᠤᠬᠠᠶ᠎ᠳᠤ᠎ᠨᠢ ᠺᠣᠳ᠋ ᠣᠯᠭᠣᠬᠤ᠂ ᠮᠡᠳᠡᠭᠡ ᠵᠠᠩᠭᠢ ᠵᠢ ᠪᠤᠴᠠᠭ᠋ᠠᠨ ᠳᠠᠮᠵᠢᠭᠤᠯᠬᠤ ᠵᠢ ᠨᠢᠭᠡᠳᠦᠯᠲᠡᠶ ᠵᠣᠬᠢᠶᠠᠨ ᠪᠠᠶ᠋ᠢᠭᠤᠯᠵᠤ᠂ ᠲᠣᠰ ᠰᠢᠰᠲ᠋ᠧᠮ᠎ᠤᠨ ᠳ᠋ᠠᠶ᠋ᠢᠲ᠋ᠠ ᠵᠢᠨ ᠬᠥᠮᠥᠷᠭᠡ ᠵᠢ ᠪᠠᠶ᠋ᠢᠭᠤᠯᠤᠨ ᠲᠡᠭᠦᠯᠳᠡᠷᠵᠢᠭᠦᠯᠬᠦ ᠵᠢ ᠬᠠᠷᠢᠭᠤᠴᠠᠨ᠎ᠠ᠃
      ᠲᠥᠪ ᠷᠠᠳᠢᠣ᠋ ᠰᠦᠯᠵᠢᠶ᠎ᠡ ᠵᠢᠨ ᠥᠪᠥᠷ ᠮᠣᠩᠭᠣᠯ ᠥᠷᠲᠡᠭᠡ ᠵᠢᠨ ᠰᠤᠷᠪᠤᠯᠵᠢᠯᠠᠭᠴᠢ᠄ 《ᠠᠷᠭ᠎ᠠ》 ᠵᠢᠨ ᠲᠣᠭᠲᠠᠭ᠋ᠠᠯ᠎ᠢ ᠦᠨᠳᠦᠰᠦᠯᠡᠪᠡᠯ᠂ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠬᠠᠮᠢᠶᠠᠷᠤᠯᠲᠠ ᠵᠢ ᠬᠡᠷᠬᠢᠨ ᠪᠡᠶᠡᠯᠡᠭᠦᠯᠬᠦ ᠪᠣᠶ?
      ᠵᠢᠶᠠ ᠱᠤᠸᠠᠩ ᠸᠧᠨ᠄ ᠡᠩ ᠲᠡᠷᠢᠭᠦᠨ᠎ᠳᠤ᠂ ᠳᠡᠩᠰᠡᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠪᠠᠶ᠋ᠢᠭᠤᠯᠬᠤ ᠭᠤᠶᠤᠴᠢᠯᠠᠯ ᠭᠠᠷᠭ᠋ᠠᠭᠰᠠᠨ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ᠎ᠳᠤ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠢ ᠨᠢᠭᠡᠳᠦᠯᠲᠡᠶ ᠪᠣᠯᠭ᠋ᠠᠬᠤ ᠵᠢᠨ ᠬᠠᠮᠲᠤ᠂ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠮᠡᠳᠡᠭᠡ ᠵᠠᠩᠭᠢ ᠵᠢ ᠥᠪᠡᠷᠲᠡᠭᠡᠨ ᠵᠠᠰᠠᠬᠤ ᠣᠷᠣᠨ᠎ᠤ ᠳᠡᠩᠰᠡᠯᠡᠨ ᠬᠠᠮᠢᠶᠠᠷᠬᠤ ᠵᠣᠬᠢᠴᠠᠩᠭᠤᠶ ᠰᠠᠯᠠᠭ᠎ᠠ ᠮᠥᠴᠢᠷ᠎ᠲᠤ ᠳᠠᠮᠵᠢᠭᠤᠯᠤᠨ᠎ᠠ; ᠥᠪᠡᠷᠲᠡᠭᠡᠨ ᠵᠠᠰᠠᠬᠤ ᠣᠷᠣᠨ᠎ᠤ ᠳᠡᠩᠰᠡᠯᠡᠨ ᠬᠠᠮᠢᠶᠠᠷᠬᠤ ᠰᠠᠯᠠᠭ᠎ᠠ ᠮᠥᠴᠢᠷ᠎ᠨᠢ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠮᠡᠳᠡᠭᠡ ᠵᠠᠩᠭᠢ ᠵᠢ ᠬᠣᠶᠠᠷ ᠠᠵᠢᠯᠯᠠᠬᠤ ᠡᠳᠦᠷ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠳᠠᠮᠵᠢᠭᠤᠯᠤᠨ᠎ᠠ᠃
      ᠳᠠᠷᠠᠭ᠋ᠠᠯᠠᠪᠠᠯ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠮᠡᠳᠡᠭᠡ ᠵᠠᠩᠭᠢ ᠵᠢ ᠣᠯᠤᠭᠰᠠᠨ᠎ᠤ ᠳᠠᠷᠠᠭ᠎ᠠ ᠬᠣᠶᠠᠷ ᠠᠵᠢᠯᠯᠠᠬᠤ ᠡᠳᠦᠷ᠎ᠤᠨ ᠳᠣᠲᠣᠷ᠎ᠠ ᠳᠠᠪᠬᠤᠷ ᠺᠣᠳ᠋᠂ ᠪᠤᠷᠤᠭᠤ ᠺᠣᠳ᠋᠎ᠢ ᠬᠠᠷᠭᠤᠭᠤᠯᠬᠤ᠂ ᠮᠡᠳᠡᠭᠡ ᠵᠠᠩᠭᠢ ᠵᠢ ᠴᠤᠭᠯᠠᠭᠤᠯᠬᠤ ᠵᠡᠷᠭᠡ ᠬᠣᠯᠪᠣᠭᠳᠠᠯ ᠪᠦᠬᠦᠢ ᠠᠵᠢᠯ᠎ᠢ ᠪᠡᠶᠡᠯᠡᠭᠦᠯᠵᠦ᠂ ᠳᠠᠪᠬᠤᠷ ᠺᠣᠳ᠋᠂ ᠪᠤᠷᠤᠭᠤ ᠺᠣᠳ᠋ ᠵᠡᠷᠭᠡ ᠪᠠᠶ᠋ᠢᠳᠠᠯ ᠣᠷᠣᠰᠢᠵᠤ ᠪᠠᠶ᠋ᠢᠬᠤ ᠵᠢ ᠣᠯᠵᠤ ᠮᠡᠳᠡᠪᠡᠯ᠂ ᠥᠪᠡᠷᠲᠡᠭᠡᠨ ᠵᠠᠰᠠᠬᠤ ᠣᠷᠣᠨ᠎ᠤ ᠳᠡᠩᠰᠡᠯᠡᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠳᠡᠵᠦ᠂ ᠥᠪᠡᠷᠲᠡᠭᠡᠨ ᠵᠠᠰᠠᠬᠤ ᠣᠷᠣᠨ᠎ᠤ ᠳᠡᠩᠰᠡᠯᠡᠨ ᠬᠠᠮᠢᠶᠠᠷᠬᠤ ᠰᠠᠯᠠᠭ᠎ᠠ ᠮᠥᠴᠢᠷ ᠮᠡᠳᠡᠭᠳᠡᠯ᠎ᠢ ᠣᠯᠤᠭᠰᠠᠨ ᠡᠳᠦᠷ᠎ᠠᠴᠠ ᠡᠬᠢᠯᠡᠨ ᠭᠤᠷᠪᠠᠨ ᠠᠵᠢᠯᠯᠠᠬᠤ ᠡᠳᠦᠷ᠎ᠤᠨ ᠳᠣᠲᠣᠷ᠎ᠠ ᠵᠠᠯᠠᠷᠠᠭᠤᠯᠬᠤ ᠵᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠤᠯᠠᠮᠵᠢᠯᠠᠬᠤ ᠬᠡᠷᠡᠭᠲᠡᠶ᠃
      ᠳᠠᠷᠠᠭ᠋ᠠᠯᠠᠪᠠᠯ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠳᠡᠩᠰᠡᠯᠡᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠳᠠᠪᠬᠤᠷ ᠺᠣᠳ᠋᠂ ᠪᠤᠷᠤᠭᠤ ᠺᠣᠳ᠋᠎ᠢ ᠬᠠᠷᠭᠤᠭᠤᠯᠤᠨ ᠪᠠᠶ᠋ᠢᠴᠠᠭ᠋ᠠᠬᠤ ᠪᠠ ᠮᠡᠳᠡᠭᠡ ᠵᠠᠩᠭᠢ ᠵᠢ ᠬᠠᠮᠲᠤ᠎ᠳᠤ᠎ᠪᠠᠨ ᠬᠦᠷᠲᠡᠬᠦ ᠲᠣᠭᠲᠠᠴᠠ ᠵᠢ ᠪᠠᠶ᠋ᠢᠭᠤᠯᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠺᠣᠳ᠋ ᠣᠯᠭᠣᠭᠰᠠᠨ ᠪᠠ ᠮᠡᠳᠡᠭᠡ ᠵᠠᠩᠭᠢ ᠵᠢ ᠪᠤᠴᠠᠭ᠋ᠠᠨ ᠳᠠᠮᠵᠢᠭᠤᠯᠤᠭᠰᠠᠨ ᠪᠠᠶ᠋ᠢᠳᠠᠯ᠎ᠢ ᠨᠡᠪᠲᠡᠷᠡᠭᠦᠯᠬᠦ ᠬᠡᠷᠡᠭᠲᠡᠶ᠃
      ᠡᠴᠦᠰ᠎ᠲᠤ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠲᠣᠭ᠎ᠠ ᠪᠠᠷᠢᠮᠲᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠠᠢ ᠬᠠᠮᠲᠤᠷᠠᠨ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠮᠡᠳᠡᠭᠡ ᠵᠠᠩᠭᠢ ᠵᠢ ᠬᠠᠮᠲᠤ᠎ᠳᠤ᠎ᠪᠠᠨ ᠬᠦᠷᠲᠡᠬᠦ ᠲᠦᠷᠢᠮ᠎ᠢ ᠲᠡᠭᠦᠯᠳᠡᠷᠵᠢᠭᠦᠯᠵᠦ᠂ ᠮᠡᠳᠡᠭᠡ ᠵᠠᠩᠭᠢ ᠵᠢ ᠬᠠᠮᠲᠤ᠎ᠳᠤ᠎ᠪᠠᠨ ᠬᠦᠷᠲᠡᠬᠦ ᠲᠠᠪᠴᠠᠩ ᠵᠶ᠋ᠠᠷ ᠳᠠᠮᠵᠢᠭᠤᠯᠤᠨ ᠵᠠᠰᠠᠭ᠎ᠤᠨ ᠣᠷᠳᠣᠨ ᠵᠢᠴᠢ ᠰᠠᠯᠠᠭ᠎ᠠ ᠮᠥᠴᠢᠷ᠎ᠯᠦᠭᠡ ᠮᠡᠳᠡᠭᠡ ᠵᠠᠩᠭᠢ ᠵᠢ ᠴᠠᠭ ᠲᠤᠬᠠᠶ᠎ᠳᠤ᠎ᠨᠢ ᠬᠠᠮᠲᠤ᠎ᠳᠤ᠎ᠪᠠᠨ ᠬᠦᠷᠲᠡᠬᠦ᠂ ᠬᠠᠮᠵᠢᠯᠴᠠᠨ ᠬᠢᠨᠠᠨ ᠬᠠᠮᠢᠶᠠᠷᠬᠤ᠎ᠪᠠᠷ ᠳᠠᠮᠵᠢᠭᠤᠯᠤᠨ᠂ ᠲᠤᠬᠠᠶ᠋ᠢᠯᠠᠭᠰᠠᠨ ᠠᠵᠢᠯ᠎ᠤᠨ ᠬᠣᠯᠪᠣᠭ᠋ᠠᠯᠠᠨ ᠬᠥᠳᠡᠯᠦᠯᠴᠡᠬᠦ ᠵᠢ ᠪᠡᠶᠡᠯᠡᠭᠦᠯᠦᠨ᠎ᠡ᠃
      ᠥᠪᠥᠷ ᠮᠣᠩᠭᠣᠯ᠎ᠤᠨ ᠥᠷᠯᠥᠭᠡ ᠵᠢᠨ ᠰᠣᠨᠢᠨ᠎ᠤ ᠰᠤᠷᠪᠤᠯᠵᠢᠯᠠᠭᠴᠢ᠄ 《ᠠᠷᠭ᠎ᠠ》 ᠵᠢ ᠨᠡᠶ᠋ᠢᠲᠡᠯᠡᠭᠰᠡᠨ᠎ᠨᠢ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠬᠠᠮᠢᠶᠠᠷᠤᠯᠲᠠ ᠵᠢᠨ ᠠᠵᠢᠯ᠎ᠳᠤ ᠶᠠᠮᠠᠷ ᠶᠠᠮᠠᠷ ᠢᠳᠡᠪᠬᠢᠲᠡᠶ ᠦᠢ᠍ᠯᠡᠳᠦᠯ ᠪᠠ ᠨᠥᠯᠥᠭᠡ᠎ᠲᠠᠢ ᠪᠣᠶ?
      ᠮᠢᠶᠣᠣ ᠰᠢᠤᠸᠠᠢ ᠵᠢᠶᠦ᠋ᠨ᠄ ᠨᠢᠭᠡ᠎ᠳᠤ᠂ ᠮᠡᠳᠡᠭᠡ ᠵᠠᠩᠭᠢ ᠵᠢᠨ ᠥᠨᠥᠴᠢᠨ ᠠᠷᠠᠯ᠎ᠤᠨ ᠦᠵᠡᠭᠳᠡᠯ᠎ᠢ ᠰᠢᠢ᠍ᠳᠪᠦᠷᠢᠯᠡᠪᠡ᠃ 《ᠠᠷᠭ᠎ᠠ》 ᠵᠢ ᠨᠡᠶ᠋ᠢᠲᠡᠯᠡᠨ ᠬᠡᠷᠡᠭᠵᠢᠭᠦᠯᠦᠭᠰᠡᠨ᠎ᠨᠢ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠲᠣᠭ᠎ᠠ ᠪᠠᠷᠢᠮᠲᠠ ᠵᠢᠨ ᠬᠥᠮᠥᠷᠭᠡ ᠵᠢᠨ ᠶᠠᠰᠤ ᠴᠢᠨᠠᠷ᠎ᠢ ᠳᠡᠭᠡᠭᠰᠢᠯᠡᠭᠦᠯᠵᠦ᠂ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠴᠣᠷ᠎ᠤᠨ ᠭᠠᠭᠴᠠ ᠴᠢᠨᠠᠷ᠂ ᠪᠠᠭᠲᠠᠭ᠋ᠠᠮᠵᠢᠲᠤ ᠴᠢᠨᠠᠷ᠂ ᠲᠣᠭᠲᠠᠪᠤᠷᠢᠲᠤ ᠴᠢᠨᠠᠷ ᠪᠠ ᠪᠦᠬᠦᠨ᠎ᠢ ᠬᠠᠮᠤᠷᠬᠤ ᠴᠢᠨᠠᠷ᠎ᠢ ᠪᠠᠲᠤᠯᠠᠭᠰᠠᠨ ᠪᠠᠶ᠋ᠢᠨ᠎ᠠ᠃ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠬᠠᠮᠢᠶᠠᠷᠤᠯᠲᠠ ᠵᠢ ᠨᠢᠭᠡᠳᠬᠡᠬᠦ ᠡᠷᠬᠡ ᠲᠤᠰᠢᠶᠠᠯ ᠡᠭᠦᠷᠭᠡ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ ᠮᠡᠳᠡᠭᠡ ᠵᠠᠩᠭᠢ ᠵᠢ ᠴᠠᠭ ᠲᠤᠬᠠᠢ᠎ᠳᠤ᠎ᠨᠢ ᠳᠠᠮᠵᠢᠭᠤᠯᠬᠤ ᠵᠢ ᠪᠠᠲᠤᠯᠠᠵᠤ᠂ ᠮᠡᠳᠡᠭᠡ ᠵᠠᠩᠭᠢ ᠵᠢ ᠬᠠᠮᠲᠤ᠎ᠳᠤ᠎ᠪᠠᠨ ᠬᠦᠷᠲᠡᠵᠦ ᠬᠠᠮᠲᠤ᠎ᠪᠠᠷ ᠬᠡᠷᠡᠭᠯᠡᠬᠦ ᠵᠢ ᠴᠢᠩᠭ᠋ᠠᠳᠬᠠᠵᠤ᠂ ᠮᠡᠳᠡᠭᠡ ᠵᠠᠩᠭᠢ ᠵᠢᠨ ᠥᠨᠥᠴᠢᠨ ᠠᠷᠠᠯ᠎ᠢ ᠡᠪᠳᠡᠪᠡ᠃
      ᠬᠣᠶᠠᠷ᠎ᠲᠤ᠂ ᠨᠡᠶ᠋ᠢᠭᠡᠮ᠎ᠤᠨ ᠢᠲᠡᠭᠡᠮᠵᠢ ᠵᠢᠨ ᠬᠠᠮᠢᠶᠠᠷᠤᠯᠲᠠ ᠵᠢ ᠠᠬᠢᠭᠤᠯᠪᠠ᠃ 《ᠠᠷᠭ᠎ᠠ》᠎ᠳᠤ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠬᠠᠮᠢᠶᠠᠷᠤᠯᠲᠠ ᠪᠠ ᠬᠡᠷᠡᠭᠯᠡᠯᠲᠡ ᠵᠢ ᠨᠢᠭᠡᠳᠬᠡᠬᠦ ᠴᠣᠷ᠎ᠤᠨ ᠭᠠᠭᠴᠠ ᠴᠢᠨᠠᠷ᠎ᠤᠨ ᠵᠠᠷᠴᠢᠮ᠎ᠢ ᠲᠣᠭᠲᠠᠭ᠋ᠠᠵᠤ᠂ ᠵᠠᠰᠠᠭ᠎ᠤᠨ ᠣᠷᠳᠣᠨ ᠵᠢᠴᠢ ᠲᠡᠭᠦᠨ᠎ᠤ ᠰᠠᠯᠠᠭ᠎ᠠ ᠮᠥᠴᠢᠷ᠎ᠤᠨ ᠲᠤᠬᠠᠶ᠋ᠢᠯᠠᠭᠰᠠᠨ ᠠᠵᠢᠯ᠎ᠤᠨ ᠦᠢ᠍ᠯᠡᠴᠢᠯᠡᠭᠡ ᠪᠠ ᠬᠠᠮᠢᠶᠠᠷᠤᠯᠲᠠ ᠵᠢᠨ ᠰᠢᠰᠲ᠋ᠧᠮ᠎ᠤᠨ ᠬᠡᠷᠡᠭᠯᠡᠯᠲᠡ᠎ᠳᠠᠬᠢ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠪᠡᠶᠡᠴᠢ ᠴᠣᠭᠴᠠ ᠵᠢᠨ ᠢᠯᠡᠷᠬᠡᠶ᠋ᠢᠯᠡᠯ᠎ᠤᠨ ᠪᠠᠶ᠋ᠢᠷᠢ ᠰᠠᠭᠤᠷᠢ ᠵᠢ ᠲᠣᠳᠣᠷᠬᠠᠶ ᠲᠣᠭᠲᠠᠭ᠋ᠠᠵᠤ᠂ ᠳᠡᠩᠰᠡᠯᠡᠨ ᠬᠠᠮᠢᠶᠠᠷᠬᠤ ᠰᠠᠯᠠᠭ᠎ᠠ ᠮᠥᠴᠢᠷ᠎ᠢ ᠱᠠᠭ᠋ᠠᠷᠳᠠᠵᠤ ᠪᠠᠶ᠋ᠢᠭ᠋ᠠᠳ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠡᠯᠧᠺᠲᠷᠣᠨ ᠵᠠᠰᠠᠭ᠎ᠤᠨ ᠶᠠᠪᠤᠳᠠᠯ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ ᠪᠠ ᠢᠲᠡᠭᠡᠮᠵᠢ ᠵᠢᠨ ᠰᠢᠰᠲ᠋ᠧᠮ᠎ᠤᠨ ᠪᠠᠶ᠋ᠢᠭᠤᠯᠤᠯᠲᠠ᠎ᠳᠤ ᠬᠡᠷᠡᠭᠯᠡᠬᠦ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠠᠬᠢᠭᠤᠯᠬᠤ ᠵᠡᠷᠭᠡ ᠪᠣᠯᠤᠨ᠎ᠠ᠃ 《ᠠᠷᠭ᠎ᠠ》᠎ᠨᠢ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠬᠠᠮᠢᠶᠠᠷᠤᠯᠲᠠ ᠵᠢ ᠲᠡᠭᠦᠯᠳᠡᠷᠵᠢᠭᠦᠯᠵᠦ᠂ ᠨᠡᠶ᠋ᠢᠭᠡᠮ᠎ᠤᠨ ᠢᠲᠡᠭᠡᠮᠵᠢ ᠵᠢᠨ ᠰᠢᠰᠲ᠋ᠧᠮ᠎ᠤᠨ ᠪᠠᠶ᠋ᠢᠭᠤᠯᠤᠯᠲᠠ ᠵᠢ ᠠᠬᠢᠭᠤᠯᠤᠨ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠬᠦ᠎ᠳᠤ ᠨᠥᠬᠥᠴᠡᠯ ᠪᠦᠷᠢᠯᠳᠦᠭᠦᠯᠵᠦ ᠥᠭᠴᠡᠶ᠃
      ᠭᠤᠷᠪᠠ᠎ᠳᠤ᠂ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠦᠢ᠍ᠯᠡᠳᠦᠯ ᠴᠢᠳᠠᠪᠤᠷᠢ ᠪᠠ ᠵᠠᠰᠠᠬᠤ ᠴᠢᠳᠠᠪᠤᠷᠢ ᠵᠢ ᠳᠡᠭᠡᠭᠰᠢᠯᠡᠭᠦᠯᠪᠡ᠃ ᠵᠠᠰᠠᠭ᠎ᠤᠨ ᠣᠷᠳᠣᠨ ᠵᠢᠴᠢ ᠲᠡᠭᠦᠨ᠎ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠤᠳ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠲᠣᠭ᠎ᠠ ᠪᠠᠷᠢᠮᠲᠠ᠎ᠪᠠᠷ ᠰᠠᠭᠤᠷᠢ ᠪᠣᠯᠭ᠋ᠠᠵᠤ᠂ ᠨᠡᠶ᠋ᠢᠭᠡᠮ᠎ᠤᠨ ᠢᠲᠡᠭᠡᠮᠵᠢ ᠵᠢᠨ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠬᠡᠷᠡᠭᠲᠡᠶ; ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋ ᠵᠢᠴᠢ ᠲᠡᠭᠦᠨ᠎ᠤ ᠰᠠᠭᠤᠷᠢ ᠮᠡᠳᠡᠭᠡ ᠵᠠᠩᠭᠢ ᠵᠢ ᠠᠰᠢᠭᠯᠠᠨ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠨ ᠮᠡᠳᠡᠭᠡ ᠵᠠᠩᠭᠢ ᠵᠢᠨ ᠡᠬᠢ ᠪᠠᠶᠠᠯᠢᠭ᠎ᠢ ᠬᠠᠮᠲᠤ᠎ᠳᠤ᠎ᠪᠠᠨ ᠬᠦᠷᠲᠡᠬᠦ ᠵᠢ ᠠᠬᠢᠭᠤᠯᠬᠤ ᠵᠢᠨ ᠬᠠᠮᠲᠤ᠂ ᠨᠡᠶ᠋ᠢᠭᠡᠮ ᠪᠠ ᠵᠠᠬ᠎ᠠ ᠳᠡᠯᠭᠡᠭᠦᠷ᠎ᠤᠨ ᠡᠯ᠎ᠡ ᠲᠠᠯ᠎ᠠ ᠵᠢᠨ ᠮᠡᠳᠡᠭᠡ ᠵᠠᠩᠭᠢ ᠵᠢ ᠰᠣᠯᠢᠯᠴᠠᠵᠤ ᠡᠮᠬᠢᠯᠡᠨ ᠨᠡᠶ᠋ᠢᠯᠡᠭᠦᠯᠵᠦ᠂ ᠠᠰᠢᠭᠯᠠᠵᠤ ᠪᠣᠯᠬᠤᠶ᠋ᠢᠴᠠ ᠲᠣᠮᠣ ᠳ᠋ᠠᠶ᠋ᠢᠲ᠋ᠠ ᠵᠢᠨ ᠡᠬᠢ ᠪᠠᠶᠠᠯᠢᠭ᠎ᠢ ᠪᠣᠶ ᠪᠣᠯᠭ᠋ᠠᠨ᠂ ᠭᠦᠨ ᠲᠠᠰ ᠳᠠᠪᠬᠤᠷᠭ᠎ᠠ ᠵᠢᠨ ᠬᠡᠷᠡᠭᠯᠡᠯᠲᠡ ᠵᠢ ᠳᠡᠯᠭᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ᠂ ᠨᠡᠶ᠋ᠢᠭᠡᠮ᠎ᠤᠨ ᠪᠥᠲᠥᠭᠡᠨ ᠪᠠᠶ᠋ᠢᠭᠤᠯᠤᠯᠲᠠ᠎ᠳᠤ ᠰᠢᠢ᠍ᠳᠪᠦᠷᠢᠲᠦ ᠪᠣᠳᠣᠯᠭ᠎ᠠ ᠵᠢᠨ ᠦᠨᠳᠦᠰᠦᠯᠡᠯ ᠬᠠᠩᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠬᠥᠭᠵᠢᠯᠲᠡ ᠵᠢ ᠬᠠᠮᠠᠭ᠋ᠠᠯᠠᠨ᠎ᠠ᠃
      ᠲᠦᠷᠪᠡ᠎ᠳᠤ᠂ ᠥᠪᠡᠷᠲᠡᠭᠡᠨ ᠵᠠᠰᠠᠬᠤ ᠣᠷᠣᠨ᠎ᠤ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠢᠭᠡᠳᠦᠯᠲᠡᠢ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋ ᠵᠶ᠋ᠠᠷ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠪᠡᠶ᠎ᠡ ᠵᠢᠨ ᠭᠠᠷᠤᠯ᠎ᠢ ᠢᠯᠭ᠋ᠠᠬᠤ ᠺᠣᠳ᠋ ᠪᠣᠯᠭ᠋ᠠᠬᠤ ᠨᠡᠶ᠋ᠢᠭᠡᠮ᠎ᠤᠨ ᠪᠣᠳᠠᠲᠤ ᠬᠡᠷᠡᠭᠴᠡᠭᠡ᠎ᠳᠤ ᠬᠠᠷᠢᠭᠤᠯᠲᠠ ᠥᠭᠴᠡᠢ᠃ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶᠡᠨ᠎ᠳᠠᠬᠢ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠰᠠᠭᠤᠳᠠᠯ᠎ᠢ ᠲᠤᠰᠬᠠᠶ ᠴᠡᠭᠴᠡᠯᠡᠨ ᠵᠠᠰᠠᠬᠤ ᠠᠵᠢᠯ᠎ᠢ ᠥᠷᠨᠢᠭᠦᠯᠬᠦ ᠶᠠᠪᠤᠴᠠ᠎ᠳᠤ᠂ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠪᠡᠶ᠎ᠡ ᠵᠢᠨ ᠭᠠᠷᠤᠯ᠎ᠢ ᠢᠯᠭ᠋ᠠᠨ ᠲᠠᠨᠢᠬᠤ ᠨᠢᠭᠡᠳᠦᠯᠲᠡᠶ ᠪᠠᠷᠢᠮᠵᠢᠶ᠎ᠠ ᠳᠤᠲᠠᠭᠳᠠᠵᠤ᠂ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠳᠡᠩᠰᠡᠯᠡᠨ ᠲᠡᠮᠳᠡᠭᠯᠡᠭᠰᠡᠨ ᠵᠦᠢ᠍ᠯᠡᠰ ᠪᠦᠷᠢᠨ ᠪᠤᠰᠤ᠂ ᠦᠢ᠍ᠯᠡᠳᠪᠦᠷᠢᠯᠡᠯ ᠡᠵᠡᠩᠨᠡᠯᠲᠡ ᠵᠢᠨ ᠮᠡᠳᠡᠭᠡ ᠵᠠᠩᠭᠢ ᠪᠦᠷᠢᠨ ᠪᠤᠰᠤ ᠪᠠᠶ᠋ᠢᠬᠤ᠎ᠠᠴᠠ ᠪᠣᠯᠤᠭᠰᠠᠨ ᠭᠠᠶ᠋ᠢᠯᠢ ᠲᠠᠲᠠᠪᠤᠷᠢ᠂ ᠰᠲ᠋ᠣᠺ᠎ᠤᠨ ᠡᠷᠬᠡ ᠵᠢ ᠰᠢᠯᠵᠢᠭᠦᠯᠦᠨ ᠥᠭᠬᠦ ᠵᠡᠷᠭᠡ ᠲᠠᠯ᠎ᠠ ᠵᠢᠨ ᠬᠢᠨᠠᠯᠲᠠ ᠬᠠᠮᠢᠶᠠᠷᠤᠯᠲᠠ ᠵᠢᠨ ᠲᠠᠯ᠎ᠠ᠎ᠪᠠᠷ᠎ᠬᠢ ᠳᠤᠲᠠᠭᠳᠠᠯ᠎ᠲᠠᠢ ᠦᠵᠡᠭᠳᠡᠯ᠎ᠢ ᠢᠯᠡᠷᠡᠭᠦᠯᠵᠦ᠂ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢ ᠠᠯᠳᠠᠭᠳᠠᠯ᠎ᠲᠠᠢ ᠪᠣᠯᠭ᠋ᠠᠪᠠ᠃ ᠡᠶ᠋ᠢᠮᠦ᠎ᠠᠴᠠ᠂ ᠬᠠᠤᠯᠢ ᠲᠣᠭᠲᠠᠭ᠋ᠠᠬᠤ᠎ᠪᠠᠷ ᠳᠠᠮᠵᠢᠭᠤᠯᠤᠨ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠬᠠᠮᠢᠶᠠᠷᠤᠯᠲᠠ ᠵᠢᠨ ᠠᠷᠭ᠎ᠠ ᠮᠠᠶᠢᠭ ᠪᠠ ᠲᠠᠰ ᠳᠠᠷᠠᠭ᠋ᠠᠯᠠᠯ᠎ᠢ ᠨᠢᠭᠡᠳᠦᠯᠲᠡᠶ ᠪᠣᠯᠭ᠋ᠠᠬᠤ ᠵᠡᠷᠭᠡ ᠠᠭᠤᠯᠭ᠎ᠠ ᠵᠢ ᠲᠣᠳᠣᠷᠬᠠᠶ᠋ᠢᠯᠠᠵᠤ᠂ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠨ᠂ ᠲᠦᠷᠢᠮ᠎ᠤᠨ ᠠᠯᠳᠠᠰᠢ ᠭᠠᠷᠬᠤ ᠵᠢ ᠬᠣᠷᠢᠭᠯᠠᠵᠤ᠂ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦᠨ᠎ᠤ ᠡᠬᠢ ᠪᠠᠶᠠᠯᠢᠭ᠎ᠢ ᠡᠮᠬᠢ ᠵᠢᠷᠤᠮ᠎ᠲᠠᠢ᠎ᠪᠠᠷ ᠨᠡᠭᠡᠭᠡᠨ ᠠᠰᠢᠭᠯᠠᠬᠤ ᠵᠢ ᠳᠥᠯᠭᠢᠨ ᠠᠬᠢᠭᠤᠯᠵᠤ᠂ ᠨᠡᠭᠦᠷᠡᠰᠦ ᠵᠡᠷᠭᠡ ᠡᠬᠢ ᠪᠠᠶᠠᠯᠢᠭ᠎ᠤᠨ ᠠᠵᠤ ᠦᠢ᠍ᠯᠡᠰ᠎ᠢ ᠬᠦᠴᠦᠷᠬᠡᠭᠵᠢᠭᠦᠯᠦᠨ ᠪᠤᠵᠠᠭ᠋ᠠᠶ᠋ᠢᠷᠠᠭᠤᠯᠬᠤ᠎ᠨᠢ ᠪᠣᠳᠠᠲᠤ ᠠᠴᠢ ᠬᠣᠯᠪᠣᠭᠳᠠᠯ᠎ᠲᠠᠢ ᠶᠤᠮ᠃
      ᠲᠠᠪᠤ᠎ᠳᠤ᠂ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠬᠠᠮᠢᠶᠠᠷᠤᠯᠲᠠ ᠵᠢᠨ ᠬᠠᠤᠯᠢ ᠴᠠᠭ᠋ᠠᠵᠠ ᠵᠢᠨ ᠲᠦᠷᠢᠮ᠎ᠢ ᠨᠢᠭᠡᠳᠦᠯᠲᠡᠢ ᠪᠣᠯᠭ᠋ᠠᠬᠤ᠎ᠪᠠᠷ ᠳᠠᠮᠵᠢᠭᠤᠯᠤᠨ ᠤᠳᠤ ᠵᠢᠨ ᠬᠡᠷᠡᠭᠵᠢᠭᠦᠯᠵᠦ ᠪᠠᠶ᠋ᠢᠭ᠎ᠠ ᠬᠠᠤᠯᠢ ᠲᠣᠭᠲᠠᠭ᠋ᠠᠯᠲᠠ ᠵᠢᠨ ᠥᠪᠡᠷᠲᠡᠭᠡᠨ ᠵᠠᠰᠠᠬᠤ ᠣᠷᠣᠨ᠎ᠤ ᠤᠤᠯ᠎ᠤᠨ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠺᠣᠳ᠋᠎ᠤᠨ ᠬᠠᠮᠢᠶᠠᠷᠤᠯᠲᠠ᠎ᠳᠤ ᠲᠣᠬᠢᠷᠠᠭᠤᠯᠤᠯᠲᠠ ᠬᠢᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠺᠣᠳ᠋᠎ᠤᠨ ᠬᠠᠮᠢᠶᠠᠷᠤᠯᠲᠠ ᠵᠢᠨ ᠠᠷᠭ᠎ᠠ》 ᠪᠣᠯ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠮᠵᠢ ᠵᠢᠨ ᠺᠣᠳ᠋᠎ᠤᠨ ᠠᠵᠢᠯ᠎ᠢ ᠵᠢᠷᠤᠮᠵᠢᠭᠤᠯᠬᠤ ᠵᠠᠰᠠᠭ᠎ᠤᠨ ᠣᠷᠳᠣᠨ᠎ᠤ ᠨᠢᠭᠡᠨ ᠴᠢᠬᠤᠯᠠ ᠲᠦᠷᠢᠮ ᠲᠣᠭᠲᠠᠭ᠋ᠠᠯ ᠪᠣᠯᠤᠨ᠎ᠠ᠂ ᠲᠣᠰ ᠠᠷᠭ᠎ᠠ ᠵᠢ 2018 ᠣᠨ᠎ᠳᠤ ᠬᠦᠴᠦᠨ ᠥᠬᠡᠶ ᠪᠣᠯᠭ᠋ᠠᠪᠠ᠃ ᠡᠶ᠋ᠢᠮᠦ᠎ᠠᠴᠠ᠂ 《ᠠᠷᠭ᠎ᠠ》 ᠵᠢᠨ ᠬᠣᠯᠪᠣᠭᠳᠠᠯ ᠪᠦᠬᠦᠢ ᠲᠣᠭᠲᠠᠭ᠋ᠠᠯ ᠪᠣᠯ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠬᠠᠮᠢᠶᠠᠷᠤᠯᠲᠠ ᠵᠢᠨ ᠲᠦᠷᠢᠮ᠎ᠤᠨ ᠦᠢ᠍ᠯᠡᠳᠦᠯᠭᠡ ᠵᠢᠨ ᠲᠤᠷᠰᠢᠯᠭ᠎ᠠ ᠵᠢᠨ ᠳ᠋ᠦᠩᠨᠡᠯᠲᠡ ᠪᠣᠯᠬᠤ ᠪᠥᠭᠡᠳ ᠪᠠᠷᠠᠭ᠋ᠠᠯᠬᠢᠯᠠᠯ᠎ᠤᠨ ᠴᠢᠨᠠᠷᠲᠠᠶ ᠬᠠᠤᠯᠢ ᠴᠠᠭ᠋ᠠᠵᠠ ᠵᠢᠨ ᠲᠦᠷᠢᠮ᠎ᠤᠨ ᠵᠢᠷᠤᠭ ᠲᠥᠯᠥᠪᠯᠡᠭᠡ᠎ᠪᠠᠷ ᠳᠠᠮᠵᠢᠭᠤᠯᠤᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠎ᠤᠨ ᠬᠠᠮᠢᠶᠠᠷᠤᠯᠲᠠ ᠵᠢᠨ ᠠᠵᠢᠯ᠎ᠢ ᠵᠢᠷᠤᠮᠵᠢᠭᠤᠯᠵᠤ᠂ ᠬᠠᠤᠯᠢ᠎ᠪᠠᠷ ᠵᠠᠰᠠᠬᠤ ᠵᠢ ᠬᠥᠲᠥᠯᠦᠨ ᠵᠢᠯᠣᠭᠣᠳᠴᠤ ᠪᠠᠶ᠋ᠢᠳᠠᠭ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ