10 ᠳ᠋ᠤᠭ᠋ᠠᠷ ᠰᠠᠷ᠎ᠠ ᠵᠢᠨ 19᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ 2021 ᠣᠨ᠎ᠤ ᠪᠥᠬᠥ ᠣᠷᠣᠨ᠎ᠤ ᠲᠦᠷᠦᠭᠦᠦ ᠭᠤᠷᠪᠠᠨ ᠤᠯᠠᠷᠢᠯ᠎ᠤᠨ ᠠᠵᠤ ᠠᠬᠤᠶ ᠵᠢᠨ ᠡᠷᠭᠢᠯᠲᠡ ᠵᠢᠨ ᠪᠠᠢ᠌ᠳᠠᠯ᠎ᠤᠨ ᠲᠤᠬᠠᠶ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠳᠡᠳ᠋ ᠳᠠᠷᠤᠭ᠎ᠠ ᠰᠢᠶᠠ ᠷᠦᠩ ᠬᠤᠸᠠ ᠭᠣᠤᠯ ᠰᠡᠳᠦᠪᠲᠦ ᠢᠯᠡᠳᠬᠡᠯ ᠬᠢᠭᠰᠡᠨ ᠪᠥᠭᠡᠳ ᠰᠣᠷᠪᠤᠯᠵᠢᠯᠠᠬ᠍ᠴᠢᠳ᠎ᠤᠨ ᠠᠰᠠᠭᠤᠯᠲᠠ᠎ᠨᠤᠭᠤᠳ᠎ᠢ ᠬᠠᠷᠢᠭᠤᠯᠪᠠ᠃
2021 ᠣᠨ᠎ᠤ ᠪᠥᠬᠥ ᠣᠷᠣᠨ᠎ᠤ ᠲᠦᠷᠦᠭᠦᠦ ᠭᠤᠷᠪᠠᠨ ᠤᠯᠠᠷᠢᠯ᠎ᠤᠨ ᠠᠵᠤ ᠠᠬᠤᠶ ᠵᠢᠨ ᠡᠷᠭᠢᠯᠲᠡ ᠵᠢᠨ
ᠪᠠᠢ᠌ᠳᠠᠯ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ ᠳᠡᠭᠡᠷᠡᠬᠢ ᠨᠡᠢ᠌ᠲᠡᠯᠡᠯᠲᠡ ᠵᠢᠨ ᠦᠭᠡ
ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠳᠡᠳ᠋ ᠳᠠᠷᠤᠭ᠎ᠠ ᠰᠢᠶᠠ ᠷᠦᠩ ᠬᠤᠸᠠ
ᠭᠠᠵᠠᠷ ᠣᠷᠣᠨ᠎ᠤ ᠦᠢᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ ᠨᠢᠭᠡᠳᠦᠯᠲᠡᠶ ᠲᠣᠭ᠋ᠠᠴᠠᠭ᠎ᠠ ᠬᠢᠭᠰᠡᠨ ᠦᠷ᠎ᠡ ᠳ᠋ᠦᠩ᠎ᠢ ᠦᠨᠳᠦᠰᠦᠯᠡᠪᠡᠯ᠂ 2021 ᠣᠨ᠎ᠤ ᠲᠦᠷᠦᠭᠦᠦ ᠭᠤᠷᠪᠠᠨ ᠤᠯᠠᠷᠢᠯ᠎ᠳᠤ ᠪᠥᠬᠥ ᠣᠷᠣᠨ᠎ᠤ ᠭᠠᠵᠠᠷ ᠣᠷᠣᠨ᠎ᠤ ᠦᠢᠯᠡᠳᠪᠦᠷᠢᠯᠡᠯ᠎ᠤᠨ ᠶᠡᠷᠦᠩᠬᠡᠶ ᠥᠷᠲᠡᠭ 14491.5 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 7.8% ᠨᠡᠮᠡᠭᠳᠡᠵᠡᠢ᠃ ᠡᠭᠦᠨ᠎ᠳᠤ᠂ ᠨᠢᠭᠡᠳᠦᠭᠡᠷ ᠠᠵᠤ ᠦᠢᠯᠡᠰ᠎ᠤᠨ ᠨᠡᠮᠡᠭᠳᠡᠯ ᠥᠷᠲᠡᠭ 784.9 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 4.1% ᠨᠡᠮᠡᠭᠳᠡᠵᠦ᠂ ᠬᠣᠶᠠᠷ ᠵᠢᠯ᠎ᠳᠤ ᠳᠤᠮᠳᠠᠴᠢ᠎ᠪᠠᠷ 2.1% ᠨᠡᠮᠡᠭᠳᠡᠪᠡ; ᠬᠣᠶᠠᠳᠤᠭ᠋ᠠᠷ ᠠᠵᠤ ᠦᠢᠯᠡᠰ᠎ᠤᠨ ᠨᠡᠮᠡᠭᠳᠡᠯ ᠥᠷᠲᠡᠭ 6679.7 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 7.5% ᠥᠰᠴᠦ᠂ ᠬᠣᠶᠠᠷ ᠵᠢᠯ᠎ᠳᠤ ᠳᠤᠮᠳᠠᠴᠢ᠎ᠪᠠᠷ 3.2% ᠨᠡᠮᠡᠭᠳᠡᠪᠡ; ᠭᠤᠷᠪᠠᠳᠤᠭ᠋ᠠᠷ ᠠᠵᠤ ᠦᠢᠯᠡᠰ᠎ᠤᠨ ᠨᠡᠮᠡᠭᠳᠡᠯ ᠥᠷᠲᠡᠭ 7027.0 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 8.4% ᠨᠡᠮᠡᠭᠳᠡᠵᠦ᠂ ᠬᠣᠶᠠᠷ ᠵᠢᠯ᠎ᠳᠤ ᠳᠤᠮᠳᠠᠴᠢ᠎ᠪᠠᠷ 2.6% ᠨᠡᠮᠡᠭᠳᠡᠪᠡ᠃
ᠨᠢᠭᠡ᠂ ᠲᠠᠷᠢᠶᠠᠯᠠᠩ᠎ᠤᠨ ᠦᠢ᠍ᠯᠡᠳᠪᠦᠷᠢᠯᠡᠯ ᠲᠣᠭᠲᠠᠭᠤᠨ ᠵᠶ᠋ᠠᠷ ᠨᠡᠮᠡᠭᠳᠡᠵᠦ᠂ ᠮᠠᠯ ᠠᠵᠤ ᠠᠬᠤᠶ ᠵᠢᠨ ᠬᠥᠭᠵᠢᠯᠲᠡ ᠲᠣᠭᠲᠠᠭᠤᠨ ᠵᠶ᠋ᠠᠷ ᠰᠠᠢ᠌ᠵᠢᠷᠠᠪᠠ
ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭ᠋ᠠᠰᠤᠨ ᠠᠵᠤ ᠠᠬᠤᠶ ᠵᠢᠨ ᠦᠢᠯᠡᠳᠬᠦᠨ᠎ᠤ ᠶᠡᠷᠦᠩᠬᠡᠢ ᠥᠷᠲᠡᠭ 1450.4 ᠳ᠋ᠦᠩᠰᠢᠭᠤᠷ ᠲᠥᠭᠥᠷᠢᠭ᠎ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ᠎ᠪᠠᠷ ᠪᠤᠳᠤᠪᠠᠯ᠂ ᠠᠳᠠᠯᠢ ᠬᠤᠭᠤᠴᠠᠭ᠋ᠠᠨ᠎ᠤ᠎ᠬᠢ᠎ᠠᠴᠠ 4.8% ᠨᠡᠮᠡᠭᠳᠡᠵᠦ᠂ ᠬᠣᠶᠠᠷ ᠵᠢᠯ᠎ᠳᠤ ᠳᠤᠮᠳᠠᠴᠢ᠎ᠪᠠᠷ 2.5% ᠨᠡᠮᠡᠭᠳᠡᠪᠡ᠃ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠤᠨ ᠪᠠᠢ᠌ᠳᠠᠯ ᠰᠠᠢ᠌ᠵᠢᠷᠠᠪᠠ᠃ ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠭᠠᠬᠠᠶ ᠦᠬᠡᠷ ᠬᠣᠨᠢ ᠵᠢᠭᠦᠷᠲᠡᠨ᠎ᠤ ᠮᠢᠬᠠᠨ ᠭᠠᠷᠤᠯᠲᠠ 172.8 ᠲᠦᠮᠡᠨ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 3.5% ᠨᠡᠮᠡᠭᠳᠡᠪᠡ᠃ ᠭᠠᠬᠠᠢ ᠲᠡᠵᠢᠭᠡᠬᠦ ᠦᠢ᠍ᠯᠡᠳᠪᠦᠷᠢᠯᠡᠯ᠎ᠤᠨ ᠴᠢᠳᠠᠪᠤᠷᠢ ᠵᠢ ᠦᠷᠭᠦᠯᠵᠢᠯᠡᠨ ᠰᠡᠷᠭᠦᠭᠡᠪᠡ᠃ ᠠᠮᠢᠳᠤ ᠭᠠᠬᠠᠶ ᠵᠢᠨ ᠲᠣᠭ᠎ᠠ 570.3 ᠲᠦᠮᠡ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 17.8% ᠨᠡᠮᠡᠭᠳᠡᠪᠡ; ᠭᠠᠬᠠᠢ ᠵᠢᠨ ᠮᠢᠬᠠᠨ᠎ᠤ ᠭᠠᠷᠤᠯᠲᠠ 50.3 ᠲᠦᠮᠡᠨ ᠲᠣᠨ᠎ᠳᠤ ᠬᠦᠷᠴᠦ᠂ 10.9% ᠨᠡᠮᠡᠭᠳᠡᠪᠡ᠃ 《ᠬᠣᠨᠢᠨ ᠲᠣᠭ᠎ᠠ ᠵᠢ ᠲᠣᠭᠲᠠᠪᠤᠷᠢᠵᠢᠭᠤᠯᠤᠨ ᠦᠬᠡᠷ᠎ᠤᠨ ᠲᠣᠭ᠎ᠠ ᠵᠢ ᠨᠡᠮᠡᠭᠳᠡᠭᠦᠯᠬᠦ》 ᠲᠥᠷᠥ ᠵᠢᠨ ᠪᠣᠳᠣᠯᠭ᠎ᠠ ᠵᠢᠨ ᠵᠢᠯᠣᠭᠣᠳᠣᠯᠭ᠎ᠠ ᠳᠠᠭ᠋ᠠᠤ᠂ ᠪᠥᠬᠥ ᠣᠷᠣᠨ᠎ᠳᠤ 770.5 ᠲᠦᠮᠡᠨ ᠲᠣᠯᠤᠭ᠋ᠠᠢ ᠦᠬᠡᠷ ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 10.7% ᠨᠡᠮᠡᠭᠳᠡᠵᠦ᠂ ᠦᠬᠡᠷ᠎ᠤᠨ ᠮᠢᠬᠠᠨ᠎ᠤ ᠭᠠᠷᠤᠯᠲᠠ
38.3 ᠲᠦᠮᠡᠨ ᠲᠣᠨ᠎ᠳᠤ ᠬᠦᠷᠴᠦ᠂ 0.4% ᠥᠰᠪᠡ; ᠬᠣᠨᠢᠨ ᠲᠣᠭ᠎ᠠ 6400.1 ᠲᠦᠮᠡ ᠲᠣᠯᠤᠭ᠋ᠠᠢ᠎ᠳᠤ ᠬᠦᠷᠴᠦ᠂ 1.4% ᠨᠡᠮᠡᠭᠳᠡᠨ᠂ ᠬᠣᠨᠢᠨ ᠮᠢᠬᠠᠨ᠎ᠤ ᠭᠠᠷᠤᠯᠲᠠ 71.4 ᠲᠦᠮᠡᠨ ᠲᠣᠨ᠎ᠳᠤ ᠬᠦᠷᠴᠦ᠂ 0.5% ᠨᠡᠮᠡᠭᠳᠡᠪᠡ᠃ ᠴᠠᠭ᠋ᠠᠨ ᠢᠳᠡᠭᠡᠨ᠎ᠤ ᠦᠢᠯᠡᠰ ᠡᠷᠡᠭᠦᠯ ᠪᠥᠭᠡᠳ ᠡᠮᠬᠢ ᠵᠢᠷᠤᠮ᠎ᠲᠠᠢ ᠭᠥᠭᠵᠢᠵᠡᠢ᠃ ᠲᠦᠷᠦᠭᠦᠦ ᠭᠤᠷᠪᠠᠨ ᠤᠯᠠᠷᠢᠯ᠎ᠳᠤ᠂ ᠰᠠᠭ᠋ᠠᠯᠢ ᠵᠢᠨ ᠦᠨᠢᠶ᠎ᠡ 147.6 ᠲᠦᠮᠡ ᠲᠣᠯᠤᠭ᠋ᠠᠢ᠎ᠳᠤ ᠬᠦᠷᠴᠦ᠂ 17.8% ᠨᠡᠮᠡᠭᠳᠡᠪᠡ; ᠦᠨᠢᠶᠡᠨ ᠰᠦ ᠵᠢᠨ ᠭᠠᠷᠤᠯᠲᠠ 388.1 ᠲᠦᠮᠡᠨ ᠲᠣᠨ᠎ᠳᠤ ᠬᠦᠷᠴᠦ᠂ 19.0% ᠨᠡᠮᠡᠭᠳᠡᠪᠡ᠃
ᠬᠣᠶᠠᠷ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠨᠡᠮᠡᠭᠳᠡᠯ᠎ᠢ ᠪᠠᠲᠤᠯᠠᠵᠤ᠂ ᠶᠠᠰᠤ ᠴᠢᠨᠠᠷ ᠦᠷ᠎ᠡ ᠠᠰᠢᠭ ᠢᠯᠡᠳᠲᠡ ᠳᠡᠭᠡᠭᠰᠢᠯᠡᠪᠡ
ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ ᠵᠢᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 7.4% ᠨᠡᠮᠡᠭᠳᠡᠵᠦ᠂ ᠬᠣᠶᠠᠷ ᠵᠢᠯ᠎ᠳᠤ ᠳᠤᠮᠳᠠᠴᠢ᠎ᠪᠠᠷ 2.6% ᠥᠰᠪᠡ᠃ ᠭᠤᠷᠪᠠᠨ ᠶᠡᠬᠡ ᠲᠥᠷᠥᠯ ᠵᠦᠢᠯ᠎ᠳᠤ᠂ ᠦᠢᠯᠡᠳᠬᠦ ᠦᠢᠯᠡᠰ ᠲᠤᠯᠭ᠋ᠠᠭᠤᠷᠢᠯᠠᠬᠤ ᠦᠢᠯᠡᠳᠦᠯ ᠪᠠᠳᠠᠷᠠᠭᠤᠯᠵᠤ᠂ ᠦᠢᠯᠡᠳᠬᠦ ᠦᠢᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 14.1% ᠨᠡᠮᠡᠭᠳᠡᠵᠦ᠂ ᠠᠭᠤᠷᠬᠠᠶ ᠮᠠᠯᠲᠠᠬᠤ ᠦᠢᠯᠡᠰ 4.9% ᠨᠡᠮᠡᠭᠳᠡᠨ᠂ ᠴᠠᠬᠢᠯᠭ᠋ᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ᠎ᠤ ᠦᠢᠯᠡᠳᠪᠦᠷᠢᠯᠡᠯ ᠪᠠ ᠬᠠᠩᠭ᠋ᠠᠯᠭ᠎ᠠ ᠵᠢᠨ ᠦᠢᠯᠡᠰ
0.3% ᠪᠠᠭᠤᠷᠠᠭᠰᠠᠨ ᠪᠠᠢ᠌ᠨ᠎ᠠ᠃ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ ᠲᠦᠷᠭᠡᠨ ᠵᠶ᠋ᠡᠷ ᠦᠰᠦᠨ ᠪᠣᠢ᠌ᠵᠢᠪᠠ᠃ ᠠᠵᠤ ᠦᠢᠯᠡᠳᠪᠦᠷᠢ ᠵᠢᠨ ᠪᠠᠢ᠌ᠯᠳᠤᠬᠤ ᠪᠣᠳᠣᠯᠭ᠎ᠠ ᠵᠢᠨ ᠴᠢᠨᠠᠷᠲᠠᠶ ᠰᠢᠨ᠎ᠡ᠎ᠪᠠᠷ ᠬᠥᠭᠵᠢᠭᠰᠡᠨ ᠠᠵᠤ ᠦᠢᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 14.4% ᠨᠡᠮᠡᠭᠳᠡᠵᠦ᠂ ᠳᠡᠭᠡᠳᠦ ᠮᠡᠷᠭᠡᠵᠢᠯ᠎ᠤᠨ ᠦᠢᠯᠡᠳᠬᠦ ᠦᠢᠯᠡᠰ 27.0% ᠨᠡᠮᠡᠭᠳᠡᠵᠡᠢ᠃ ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢᠯᠡᠳᠪᠦᠷᠢ ᠵᠢᠨ ᠠᠵᠤ ᠦᠢᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 9.0% ᠨᠡᠮᠡᠭᠳᠡᠵᠦ᠂ ᠨᠡᠭᠦᠷᠡᠰᠦᠨ᠎ᠤ ᠪᠤᠰᠤ ᠠᠵᠤ ᠦᠢᠯᠡᠰ 9.8% ᠨᠡᠮᠡᠭᠳᠡᠪᠡ᠃ ᠦᠢ᠍ᠯᠡᠳᠬᠦᠨ᠎ᠤ ᠭᠠᠷᠤᠯᠲᠠ᠎ᠠᠴᠠ ᠦᠵᠡᠪᠡᠯ᠂ ᠡᠯᠧᠺᠲᠷᠣᠨ ᠲᠤᠨᠤᠭ 5494.5 ᠲᠦᠮᠡ᠎ᠳᠤ ᠬᠦᠷᠴᠦ᠂ 86.8% ᠨᠡᠮᠡᠭᠳᠡᠪᠡ; ᠮᠠᠰᠢᠨ ᠲᠡᠷᠭᠡ 4.0 ᠲᠦᠮᠡ᠎ᠳᠤ ᠬᠦᠷᠴᠦ᠂ 1.7 ᠳᠠᠬᠢᠨ ᠨᠡᠮᠡᠭᠳᠡᠪᠡ; ᠴᠠᠭ᠋ᠠᠨ ᠢᠳᠡᠭᠡ 268.9 ᠲᠦᠮᠡᠨ ᠲᠣᠨ᠎ᠳᠤ ᠬᠦᠷᠴᠦ᠂ 8.5% ᠨᠡᠮᠡᠭᠳᠡᠵᠡᠢ᠃ ᠳᠠᠬᠢᠨ ᠡᠭᠦᠰᠴᠦ ᠪᠣᠯᠬᠤ ᠡᠨᠧᠷᠭᠢ ᠵᠢᠨ ᠡᠵᠡᠯᠡᠬᠦ ᠬᠠᠷᠢᠴᠠᠯ ᠳᠡᠭᠡᠭᠰᠢᠯᠡᠪᠡ᠃ ᠲᠦᠷᠦᠭᠦᠦ ᠭᠤᠷᠪᠠᠨ ᠤᠯᠠᠷᠢᠯ᠎ᠳᠤ᠂ ᠳᠠᠬᠢᠨ ᠡᠭᠦᠰᠴᠦ ᠪᠣᠯᠬᠤ ᠡᠨᠧᠷᠭᠢ᠎ᠪᠠᠷ ᠴᠠᠬᠢᠯᠭ᠋ᠠᠨ ᠭᠠᠷᠭ᠋ᠠᠭᠰᠠᠨ ᠬᠡᠮᠵᠢᠶ᠎ᠡ 764.1 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 24.4% ᠨᠡᠮᠡᠭᠳᠡᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ ᠵᠢᠨ ᠠᠵᠤ ᠠᠬᠤᠢ᠌ᠯᠠᠯ᠎ᠤᠨ ᠴᠠᠬᠢᠯᠭ᠋ᠠᠨ ᠭᠠᠷᠭ᠋ᠠᠭᠰᠠᠨ ᠬᠡᠮᠵᠢᠶ᠎ᠡ ᠵᠢᠨ 17.4% ᠵᠢ ᠡᠵᠡᠯᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 2.8 ᠵᠠᠭᠤᠨ᠎ᠤ ᠴᠡᠭ ᠳᠡᠭᠡᠭᠰᠢᠯᠡᠪᠡ᠃
ᠦᠢᠯᠡᠳᠪᠦᠷᠢᠯᠡᠯ ᠪᠣᠷᠣᠯᠠᠭᠤᠯᠭ᠎ᠠ ᠨᠡᠯᠢᠶᠡᠳ ᠰᠠᠢ᠌ᠨ ᠵᠣᠯᠭ᠋ᠠᠯᠳᠤᠪᠠ᠃ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ ᠵᠢᠨ ᠠᠵᠤ ᠠᠬᠤᠢ᠌ᠯᠠᠯ᠎ᠤᠨ ᠦᠢᠯᠡᠳᠬᠦᠨ᠎ᠤ ᠪᠣᠷᠣᠯᠠᠭᠤᠯᠭ᠎ᠠ ᠵᠢᠨ ᠨᠣᠷᠮ᠎ᠠ 7 ᠰᠠᠷ᠎ᠠ ᠳᠠᠷᠠᠭ᠋ᠠᠯᠠᠨ 100% ᠵᠢ ᠳᠠᠪᠠᠵᠤ᠂ ᠲᠦᠷᠦᠭᠦᠦ ᠭᠤᠷᠪᠠᠨ ᠤᠯᠠᠷᠢᠯ᠎ᠳᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ ᠵᠢᠨ ᠠᠵᠤ ᠠᠬᠤᠢ᠌ᠯᠠᠯ᠎ᠤᠨ ᠦᠢᠯᠡᠳᠬᠦᠨ᠎ᠤ ᠪᠣᠷᠣᠯᠠᠭᠤᠯᠭ᠎ᠠ ᠵᠢᠨ ᠨᠣᠷᠮ᠎ᠠ 100.4%᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 0.6 ᠵᠠᠭᠤᠨ᠎ᠤ ᠴᠡᠭ ᠳᠡᠭᠡᠭᠰᠢᠯᠡᠪᠡ᠃
1᠎ᠠᠴᠠ 8 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ ᠵᠢᠨ ᠠᠵᠤ ᠠᠬᠤᠢ᠌ᠯᠠᠯ᠎ᠤᠨ ᠡᠵᠡᠩᠨᠡᠯᠲᠡ ᠵᠢᠨ ᠣᠷᠣᠯᠭ᠎ᠠ 14385.8 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 35.6% ᠥᠰᠴᠦ᠂ ᠬᠣᠶᠠᠷ ᠵᠢᠯ᠎ᠳᠤ ᠳᠤᠮᠳᠠᠴᠢ᠎ᠪᠠᠷ 14.6% ᠨᠡᠮᠡᠭᠳᠡᠪᠡ; ᠠᠰᠢᠭ ᠬᠣᠨᠵᠢᠪᠣᠷᠢ 1914.4 ᠳ᠋ᠦᠩᠰᠢᠭᠤᠷ ᠲᠥᠭᠥᠷᠢᠭ᠎ᠲᠤ ᠬᠦᠷᠴᠦ᠂ 1.7 ᠳᠠᠬᠢᠨ ᠵᠶ᠋ᠠᠷ ᠨᠡᠮᠡᠭᠳᠡᠨ᠂ ᠬᠣᠶᠠᠷ ᠵᠢᠯ᠎ᠳᠤ ᠳᠤᠮᠳᠠᠴᠢ᠎ᠪᠠᠷ 38.3% ᠥᠰᠴᠡᠢ; ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ ᠵᠢᠨ ᠠᠵᠤ ᠠᠬᠤᠢ᠌ᠯᠠᠯ᠎ᠤᠨ ᠡᠵᠡᠩᠨᠡᠯᠲᠡ ᠵᠢᠨ ᠣᠷᠣᠯᠭ᠎ᠠ ᠵᠢᠨ ᠠᠰᠢᠭ ᠬᠣᠨᠵᠢᠪᠣᠷᠢ ᠵᠢᠨ ᠨᠣᠷᠮ᠎ᠠ 13.3% ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 6.5 ᠵᠠᠭᠤᠨ᠎ᠤ ᠴᠡᠭ ᠳᠡᠭᠡᠭᠰᠢᠯᠡᠪᠡ᠃
ᠭᠤᠷᠪᠠ᠂ ᠦᠢ᠍ᠯᠡᠴᠢᠯᠡᠭᠡᠨ᠎ᠤ ᠦᠢ᠍ᠯᠡᠰ ᠦᠷᠭᠦᠯᠵᠢᠯᠡᠨ ᠰᠡᠷᠭᠦᠵᠦ᠂ ᠬᠡᠰᠡᠭ ᠠᠵᠢᠯ ᠲᠥᠷᠥᠯ ᠨᠡᠯᠢᠶᠡᠳ ᠰᠠᠢ᠌ᠨ ᠬᠠᠨᠳᠤᠰᠢ᠎ᠲᠠᠢ ᠪᠣᠯᠵᠠᠢ
ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠦᠢᠯᠡᠴᠢᠯᠡᠭᠡᠨ᠎ᠤ ᠦᠢᠯᠡᠰ ᠰᠡᠷᠭᠦᠯᠲᠡ ᠵᠢᠨ ᠴᠢᠨᠠᠷᠲᠠᠶ ᠨᠡᠮᠡᠭᠳᠡᠯ᠎ᠲᠠᠢ ᠪᠣᠯᠪᠠ᠂ ᠡᠭᠦᠨ᠎ᠳᠤ᠂ ᠵᠠᠮ ᠬᠠᠷᠢᠯᠴᠠᠭ᠎ᠠ ᠲᠡᠭᠡᠭᠡᠪᠦᠷᠢ᠂ ᠰᠠᠩ ᠬᠥᠮᠦᠷᠭᠡ ᠵᠢᠨ ᠦᠢ᠍ᠯᠡᠰ ᠪᠠ ᠰᠢᠦᠳᠠᠨ᠎ᠤ ᠦᠢᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 12.3% ᠨᠡᠮᠡᠭᠳᠡᠵᠦ᠂ ᠬᠣᠶᠠᠷ ᠵᠢᠯ᠎ᠳᠤ ᠳᠤᠮᠳᠠᠴᠢ᠎ᠪᠠᠷ 3.2% ᠨᠡᠮᠡᠭᠳᠡᠪᠡ᠃ 1᠎ᠠᠴᠠ 8 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠦᠢᠯᠡᠴᠢᠯᠡᠭᠡᠨ᠎ᠤ ᠦᠢᠯᠡᠰ᠎ᠤᠨ ᠠᠵᠤ ᠠᠬᠤᠢ᠌ᠯᠠᠯ᠎ᠤᠨ ᠡᠵᠡᠩᠨᠡᠯᠲᠡ ᠵᠢᠨ ᠣᠷᠣᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 10.5% ᠨᠡᠮᠡᠭᠳᠡᠪᠡ᠃ ᠠᠵᠢᠯ ᠲᠥᠷᠥᠯ ᠵᠶ᠋ᠡᠷ ᠬᠤᠪᠢᠶᠠᠵᠤ ᠦᠵᠡᠪᠡᠯ᠂ 26 ᠦᠢᠯᠡᠴᠢᠯᠡᠭᠡᠨ᠎ᠤ ᠦᠢᠯᠡᠰ᠎ᠤᠨ ᠠᠵᠢᠯ ᠲᠥᠷᠥᠯ᠎ᠤᠨ ᠲᠣᠮᠣ ᠲᠥᠷᠥᠯ᠎ᠤᠨ ᠡᠵᠡᠩᠨᠡᠯᠲᠡ ᠵᠢᠨ ᠣᠷᠣᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ ᠨᠡᠮᠡᠭᠳᠡᠪᠡ᠂ ᠡᠭᠦᠨ᠎ᠳᠤ 22 ᠠᠵᠢᠯ ᠲᠥᠷᠥᠯ᠎ᠨᠢ ᠬᠣᠶᠠᠷ ᠣᠷᠣᠨᠲᠤ ᠲᠣᠭ᠎ᠠ᠎ᠪᠠᠷ ᠨᠡᠮᠡᠭᠳᠡᠵᠡᠢ᠃ ᠪᠠᠢ᠌ᠯᠳᠤᠬᠤ ᠪᠤᠳᠤᠯᠭ᠎ᠠ ᠵᠢᠨ ᠴᠢᠨᠠᠷᠲᠠᠢ ᠰᠢᠨ᠎ᠡ᠎ᠪᠠᠷ ᠬᠥᠭᠵᠢᠭᠰᠡᠨ ᠦᠢ᠍ᠯᠡᠴᠢᠯᠡᠭᠡᠨ᠎ᠤ ᠦᠢ᠍ᠯᠡᠰ᠎ᠤᠨ ᠡᠵᠡᠩᠨᠡᠯᠲᠡ ᠵᠢᠨ ᠣᠷᠣᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 10.5% ᠨᠡᠮᠡᠭᠳᠡᠵᠦ᠂ ᠬᠣᠶᠠᠷ ᠵᠢᠯ᠎ᠳᠤ ᠳᠤᠮᠳᠠᠴᠢ᠎ᠪᠠᠷ 4.2% ᠨᠡᠮᠡᠭᠳᠡᠪᠡ᠃ ᠠᠮᠢ ᠠᠬᠤᠢ ᠵᠢᠨ ᠬᠠᠮᠠᠭ᠋ᠠᠯᠠᠯᠲᠠ ᠪᠠ ᠣᠷᠴᠢᠨ ᠲᠣᠭᠣᠷᠢᠨ᠎ᠤ ᠵᠠᠰᠠᠯᠲᠠ ᠵᠢᠨ ᠦᠢ᠍ᠯᠡᠰ᠎ᠤᠨ ᠡᠵᠡᠩᠨᠡᠯᠲᠡ ᠵᠢᠨ ᠣᠷᠣᠯᠭ᠎ᠠ 72.8% ᠨᠡᠮᠡᠭᠳᠡᠵᠦ᠂ ᠬᠣᠶᠠᠷ ᠵᠢᠯ᠎ᠳᠤ ᠳᠤᠮᠳᠠᠴᠢ᠎ᠪᠠᠷ 18 . 7% ᠨᠡᠮᠡᠭᠳᠡᠪᠡ᠃
ᠳᠥᠷᠪᠡ᠂ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠲᠣᠭᠲᠠᠭᠤᠨ ᠵᠶ᠋ᠠᠷ ᠰᠡᠷᠭᠦᠵᠦ᠂ ᠭᠣᠤᠯᠳᠠᠯᠭ᠎ᠠ᠎ᠲᠠᠢ ᠬᠦᠷᠢᠶᠡᠨ᠎ᠤ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠪᠡ
ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ (ᠲᠠᠷᠢᠶᠠᠴᠢᠨ ᠡᠷᠦᠬᠡ ᠵᠢ᠎ᠨᠢ ᠪᠠᠭᠲᠠᠭ᠋ᠠᠬᠤ ᠥᠬᠡᠶ) ᠠᠳᠠᠯᠢ ᠬᠤᠭᠤᠴᠠᠭ᠋ᠠᠨ᠎ᠤ᠎ᠬᠢ᠎ᠠᠴᠠ 9.8% ᠨᠡᠮᠡᠭᠳᠡᠭᠰᠡᠨ ᠪᠠᠢ᠌ᠨ᠎ᠠ᠃ ᠬᠦᠷᠢᠶ᠎ᠡ ᠴᠠᠷᠠᠭ᠎ᠠ ᠬᠤᠪᠢᠶᠠᠵᠤ ᠦᠵᠡᠪᠡᠯ᠂ ᠰᠠᠭᠤᠷᠢ ᠪᠡᠯᠡᠳᠬᠡᠮᠵᠢ ᠵᠢᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 0.4% ᠨᠡᠮᠡᠭᠳᠡᠪᠡ᠃ ᠦᠢᠯᠡᠳᠬᠦ ᠦᠢᠯᠡᠰ᠎ᠤᠨ ᠪᠠᠯᠠ ᠣᠷᠣᠭᠤᠯᠤᠯᠲᠠ 31.9% ᠨᠡᠮᠡᠭᠳᠡᠵᠡᠢ᠃ ᠠᠵᠤ ᠦᠢᠯᠡᠰ ᠵᠶ᠋ᠡᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ᠎ᠤᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 4.6%᠂ ᠬᠣᠶᠠᠳᠤᠭ᠋ᠠᠷ ᠠᠵᠤ ᠦᠢᠯᠡᠰ᠎ᠤᠨ ᠪᠠᠯᠠ ᠣᠷᠣᠭᠤᠯᠤᠯᠲᠠ 24.2%᠂ ᠭᠤᠷᠪᠠᠳᠤᠭ᠋ᠠᠷ ᠠᠵᠤ ᠦᠢᠯᠡᠰ᠎ᠤᠨ ᠪᠠᠯᠠ ᠣᠷᠣᠭᠤᠯᠤᠯᠲᠠ 0.9% ᠨᠡᠮᠡᠭᠳᠡᠪᠡ᠃ ᠠᠷᠠᠳ᠎ᠤᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 17.4% ᠨᠡᠮᠡᠭᠳᠡᠵᠦ᠂ ᠬᠣᠶᠠᠷ ᠵᠢᠯ᠎ᠳᠤ ᠳᠤᠮᠳᠠᠴᠢ᠎ᠪᠠᠷ 4.6% ᠨᠡᠮᠡᠭᠳᠡᠪᠡ᠃ ᠳᠡᠭᠡᠳᠦ ᠮᠡᠷᠭᠡᠵᠢᠯ᠎ᠤᠨ ᠠᠵᠤ ᠦᠢ᠍ᠯᠡᠰ᠎ᠤᠨ ᠪᠡᠯᠡ ᠣᠷᠣᠭᠤᠯᠤᠯᠲᠠ 40.2% ᠨᠡᠮᠡᠭᠳᠡᠵᠦ᠂ ᠬᠣᠶᠠᠷ ᠵᠢᠯ᠎ᠳᠤ ᠳᠤᠮᠳᠠᠴᠢ᠎ᠪᠠᠷ 17.5% ᠨᠡᠮᠡᠭᠳᠡᠪᠡ᠃ ᠨᠡᠢ᠌ᠭᠡᠮ᠎ᠤᠨ ᠬᠦᠷᠢᠶᠡᠨ᠎ᠳᠠᠬᠢ ᠪᠠᠯᠠ ᠣᠷᠣᠭᠤᠯᠤᠯᠲᠠ 16.0% ᠵᠶ᠋ᠠᠷ ᠨᠡᠮᠡᠭᠳᠡᠵᠡᠢ᠃
ᠭᠡᠷ ᠭᠠᠵᠠᠷ ᠰᠢᠷᠣᠶ ᠵᠢᠨ ᠬᠥᠷᠥᠩᠭᠡ ᠵᠢᠨ ᠨᠡᠭᠡᠭᠡᠯᠲᠡ ᠵᠢᠨ ᠪᠡᠯᠡ ᠣᠷᠣᠭᠤᠯᠤᠯᠲᠠ ᠨᠡᠮᠡᠭᠳᠡᠯ ᠵᠶ᠋ᠡᠨ ᠪᠠᠲᠤᠯᠠᠪᠠ᠃ ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠬᠡᠷ ᠭᠠᠵᠠᠷ ᠬᠥᠷᠥᠩᠭᠡ ᠵᠢᠨ ᠨᠡᠭᠡᠭᠡᠯᠲᠡ ᠵᠢᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 4.3% ᠨᠡᠮᠡᠭᠳᠡᠵᠦ᠂ ᠬᠣᠶᠠᠷ ᠵᠢᠯ᠎ᠳᠤ ᠳᠤᠮᠳᠠᠴᠢ᠎ᠪᠠᠷ 6.6% ᠨᠡᠮᠡᠭᠳᠡᠪᠡ᠃ ᠪᠥᠬᠥ ᠣᠷᠣᠨ᠎ᠤ ᠲᠠᠸᠠᠷ᠎ᠤᠨ ᠬᠡᠷ ᠪᠠᠢ᠌ᠰᠢᠩ᠎ᠤᠨ ᠪᠣᠷᠣᠯᠠᠭᠤᠯᠤᠭᠰᠠᠨ ᠲᠠᠯᠠᠪᠠᠶ 1383.8 ᠲᠦᠮᠡᠨ ᠲᠡᠭᠰᠢ ᠳᠥᠷᠪᠡᠯᠵᠢᠨ ᠮᠧᠲᠷ ᠪᠠᠢ᠌ᠵᠤ᠂ 6.5% ᠨᠡᠮᠡᠭᠳᠡᠵᠦ᠂ ᠬᠣᠶᠠᠷ ᠵᠢᠯ᠎ᠳᠤ ᠳᠤᠮᠳᠠᠴᠢ᠎ᠪᠠᠷ 3.6% ᠨᠡᠮᠡᠭᠳᠡᠵᠡᠢ; ᠲᠠᠸᠠᠷ᠎ᠤᠨ ᠣᠷᠣᠨ ᠰᠠᠭᠤᠴᠠ ᠵᠢᠨ ᠪᠣᠷᠣᠯᠠᠭᠤᠯᠤᠯᠲᠠ ᠵᠢᠨ ᠬᠡᠮᠵᠢᠶ᠎ᠡ 930.5 ᠳ᠋ᠦᠩᠰᠢᠭᠤᠷ ᠲᠥᠭᠥᠷᠢᠭ᠎ᠲᠤ ᠬᠦᠷᠴᠦ᠂ 4.5% ᠨᠡᠮᠡᠭᠳᠡᠵᠦ᠂ ᠬᠣᠶᠠᠷ ᠵᠢᠯ᠎ᠳᠤ ᠳᠤᠮᠳᠠᠴᠢ᠎ᠪᠠᠷ 9.6% ᠨᠡᠮᠡᠭᠳᠡᠪᠡ᠃
ᠲᠠᠪᠤ᠂ ᠬᠡᠷᠡᠭᠯᠡᠭᠡᠨ᠎ᠤ ᠵᠠᠬ᠎ᠠ ᠳᠡᠯᠭᠡᠭᠦᠷ ᠦᠷᠭᠦᠯᠵᠢᠯᠡᠨ ᠰᠡᠷᠭᠦᠵᠦ᠂ ᠳᠡᠰ ᠳᠡᠪᠰᠢᠭᠰᠡᠨ ᠲᠥᠷᠥᠯ᠎ᠤᠨ ᠲᠠᠸᠠᠷ᠎ᠤᠨ ᠪᠣᠷᠣᠯᠠᠭᠤᠯᠭ᠎ᠠ ᠵᠢᠨ ᠬᠠᠨᠳᠤᠰᠢ ᠰᠠᠢ᠌ᠨ ᠪᠣᠯᠵᠠᠢ
ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠨᠡᠢ᠌ᠭᠡᠮ᠎ᠤᠨ ᠬᠡᠷᠡᠭᠯᠡᠭᠡᠨ᠎ᠤ ᠵᠦᠢᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭ᠎ᠠ 3548.0 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 9.2% ᠨᠡᠮᠡᠭᠳᠡᠪᠡ᠃ ᠡᠵᠡᠩᠨᠡᠯᠲᠡ ᠵᠢᠨ ᠨᠢᠭᠡᠴᠢ ᠵᠢᠨ ᠪᠠᠢ᠌ᠭ᠎ᠠ ᠭᠠᠵᠠᠷ ᠵᠶ᠋ᠠᠷ ᠬᠤᠪᠢᠶᠠᠪᠠᠯ᠂ ᠬᠣᠲᠠ ᠪᠠᠯᠭ᠋ᠠᠰᠤᠨ᠎ᠤ ᠬᠡᠷᠡᠭᠯᠡᠭᠡᠨ᠎ᠤ ᠵᠦᠢᠯ᠎ᠤᠨ ᠵᠢᠵᠢᠭᠯᠡᠨ ᠬᠤᠳᠠᠯᠳᠤᠭᠰᠠᠨ ᠲᠣᠭ᠎ᠠ 9.6% ᠨᠡᠮᠡᠭᠳᠡᠵᠦ᠂ ᠬᠥᠳᠡᠭᠡ ᠲᠣᠰᠬᠣᠨ᠎ᠤ ᠬᠡᠷᠡᠭᠯᠡᠭᠡᠨ᠎ᠤ ᠵᠦᠢᠯ᠎ᠤᠨ ᠵᠢᠵᠢᠭᠯᠡᠨ ᠬᠤᠳᠠᠯᠳᠤᠭᠰᠠᠨ ᠲᠣᠭ᠎ᠠ 7.0% ᠨᠡᠮᠡᠭᠳᠡᠪᠡ᠃ ᠳᠡᠰ ᠳᠠᠪᠰᠢᠭᠰᠠᠨ ᠲᠥᠷᠥᠯ᠎ᠤᠨ ᠲᠠᠸᠠᠷ ᠨᠡᠯᠢᠶᠡᠳ ᠲᠦᠷᠭᠡᠨ ᠨᠡᠮᠡᠭᠳᠡᠪᠡ᠃ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠢ ᠵᠢᠨ ᠠᠯᠲᠠ ᠮᠥᠩᠭᠥ ᠰᠤᠪᠤᠳ ᠡᠷᠳᠡᠨᠢ ᠵᠢᠨ ᠲᠥᠷᠥᠯ᠎ᠤᠨ ᠵᠢᠵᠢᠭᠯᠡᠨ ᠬᠤᠳᠠᠯᠳᠤᠭᠰᠠᠨ ᠲᠣᠭ᠎ᠠ 31.9% ᠨᠡᠮᠡᠭᠳᠡᠨ᠂ ᠪᠡᠶ᠎ᠡ ᠵᠢᠨ ᠲᠠᠮᠢᠷ ᠵᠤᠭ᠎ᠠ ᠴᠡᠩᠭᠡᠯ᠎ᠤᠨ ᠬᠡᠷᠡᠭᠰᠡᠯ᠎ᠤᠨ ᠲᠥᠷᠥᠯ 13. 9% ᠨᠡᠮᠡᠭᠳᠡᠵᠦ᠂ ᠨᠣᠮ ᠰᠣᠨᠢᠨ ᠰᠡᠳᠬᠦᠯ᠎ᠤᠨ ᠲᠥᠷᠥᠯ 54 . 5% ᠨᠡᠮᠡᠭᠳᠡᠭᠰᠡᠨ ᠪᠠᠢ᠌ᠨ᠎ᠠ᠃
ᠰᠦᠯᠵᠢᠶᠡᠨ ᠳᠡᠭᠡᠷᠡᠬᠢ ᠪᠣᠷᠣᠯᠠᠭᠤᠯᠭ᠎ᠠ ᠨᠡᠯᠢᠶᠡᠳ ᠲᠦᠷᠭᠡᠨ ᠨᠡᠮᠡᠭᠳᠡᠯ᠎ᠢ ᠪᠠᠲᠤᠯᠠᠪᠠ᠃ ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠪᠣᠳᠠᠲᠤ ᠲᠠᠸᠠᠷ᠎ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠣᠭ᠎ᠠ 216.2 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 23.9% ᠨᠡᠮᠡᠭᠳᠡᠪᠡ; ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠢ ᠵᠢᠨ ᠣᠯᠠᠨ ᠨᠡᠢ᠌ᠲᠡ ᠵᠢᠨ ᠰᠦᠯᠵᠢᠶ᠎ᠡ᠎ᠪᠠᠷ ᠳᠡᠮᠵᠢᠨ ᠪᠡᠶᠡᠯᠡᠭᠦᠯᠦᠭᠰᠡᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ 51.6% ᠨᠡᠮᠡᠭᠳᠡᠪᠡ᠃
ᠵᠢᠷᠭᠤᠭ᠎ᠠ᠂ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠨᠠᠮᠵᠢᠭᠤᠨ ᠥᠰᠴᠦ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠦᠨ᠎ᠡ ᠮᠥᠨ ᠯᠡ ᠥᠨᠳᠥᠷ ᠪᠠᠢ᠌ᠷᠢᠨ᠎ᠳᠤ ᠪᠠᠢ᠌ᠨ᠎ᠠ
ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠠᠳᠠᠯᠢ ᠬᠤᠭᠤᠴᠠᠭ᠋ᠠᠨ᠎ᠤ᠎ᠬᠢ᠎ᠠᠴᠠ 0.6% ᠥᠰᠴᠦ᠂ ᠥᠰᠥᠯᠲᠡ ᠵᠢᠨ ᠬᠡᠮᠵᠢᠶ᠎ᠡ᠎ᠨᠢ ᠳᠡᠭᠡᠷ᠎ᠡ ᠬᠠᠭ᠋ᠠᠰ ᠵᠢᠯ᠎ᠤᠨ᠎ᠬᠢ᠎ᠠᠴᠠ 0.1 ᠵᠠᠭᠤᠨ᠎ᠤ ᠴᠡᠭ ᠥᠰᠴᠡᠢ᠃ ᠨᠠᠢᠮᠠᠨ ᠶᠡᠬᠡ ᠲᠥᠷᠥᠯ᠎ᠤᠨ ᠦᠨ᠎ᠡ ᠬᠠᠩᠰᠢ᠎ᠠᠴᠠ 《ᠲᠠᠪᠤ ᠲᠥᠷᠦᠯ᠎ᠤᠨ ᠦᠨ᠎ᠡ ᠥᠰᠴᠦ ᠭᠤᠷᠪᠠ ᠲᠥᠷᠦᠯ᠎ᠤᠨ ᠦᠨ᠎ᠡ ᠪᠠᠭᠤᠷᠠᠭᠰᠠᠨ》 ᠪᠠᠢ᠌ᠨ᠎ᠠ᠂ ᠡᠭᠦᠨ᠎ᠳᠤ ᠢᠳᠡᠭᠡᠨ ᠠᠷᠢᠬᠢ ᠲᠠᠮᠠᠬᠢᠨ᠎ᠤ ᠲᠥᠷᠥᠯ 0.4%᠂ ᠣᠷᠣᠨ ᠰᠠᠭᠤᠴᠠ ᠵᠢᠨ ᠲᠥᠷᠥᠯ 0.2%᠂ ᠵᠠᠮ ᠬᠠᠷᠢᠯᠴᠠᠭ᠎ᠠ ᠪᠠ ᠮᠡᠳᠡᠭᠡ ᠬᠣᠯᠪᠣᠭ᠋ᠠᠨ᠎ᠤ ᠲᠥᠷᠥᠯ 3.1%᠂ ᠰᠤᠷᠭ᠋ᠠᠨ ᠬᠥᠮᠦᠵᠢᠯ ᠰᠣᠶᠣᠯ ᠪᠠ ᠵᠤᠭ᠎ᠠ ᠴᠡᠩᠭᠡᠯ᠎ᠤᠨ ᠲᠥᠷᠥᠯ 0.7%᠂ ᠡᠮ ᠡᠮᠨᠡᠯᠭᠡ ᠡᠷᠡᠭᠦᠯᠵᠢᠯ᠎ᠤᠨ ᠲᠥᠷᠥᠯ 0.3% ᠥᠰᠴᠡᠶ; ᠬᠤᠪᠴᠠᠰᠤ ᠬᠤᠨᠠᠷ᠎ᠤᠨ ᠲᠥᠷᠥᠯ 1.1%᠂ ᠠᠮᠢᠳᠤᠷᠠᠯ᠎ᠤᠨ ᠬᠡᠷᠡᠭᠰᠡᠯ ᠵᠢᠴᠢ ᠦᠢᠯᠡᠴᠢᠯᠡᠭᠡᠨ᠎ᠤ ᠲᠥᠷᠥᠯ 0.3%᠂ ᠪᠤᠰᠤᠳ ᠬᠡᠷᠡᠭᠰᠡᠯ ᠪᠠ ᠦᠢᠯᠡᠴᠢᠯᠡᠭᠡᠨ᠎ᠤ ᠲᠥᠷᠥᠯ 0.7% ᠪᠠᠭᠤᠷᠠᠪᠠ᠃ ᠪᠥᠬᠥ ᠣᠷᠣᠨ᠎ᠤ ᠠᠵᠤ ᠦᠢᠯᠡᠳᠪᠦᠷᠢ ᠵᠢᠨ ᠦᠢᠯᠡᠳᠪᠦᠷᠢᠯᠡᠭᠴᠢᠳ᠎ᠤᠨ ᠦᠢᠯᠡᠳᠪᠦᠷᠢ᠎ᠠᠴᠠ ᠭᠠᠷᠭ᠋ᠠᠬᠤ ᠦᠨ᠎ᠡ ᠠᠳᠠᠯᠢ ᠬᠤᠭᠤᠴᠠᠭ᠋ᠠᠨ᠎ᠤ᠎ᠬᠢ᠎ᠠᠴᠠ 22.4% ᠥᠰᠴᠦ᠂ ᠠᠵᠤ ᠦᠢᠯᠡᠳᠪᠦᠷᠢ ᠵᠢᠨ ᠦᠢᠯᠡᠳᠪᠦᠷᠢᠯᠡᠭᠴᠢᠳ᠎ᠤᠨ ᠬᠤᠳᠠᠯᠳᠤᠨ ᠠᠪᠬᠤ ᠦᠨ᠎ᠡ 21.1% ᠥᠰᠴᠦ᠂ ᠥᠰᠥᠯᠲᠡ ᠵᠢᠨ ᠬᠡᠮᠵᠢᠶ᠎ᠡ᠎ᠨᠢ ᠳᠡᠭᠡᠷ᠎ᠡ ᠬᠠᠭ᠋ᠠᠰ ᠵᠢᠯ᠎ᠤᠨ᠎ᠬᠢ᠎ᠠᠴᠠ ᠲᠣᠰ ᠲᠣᠰ
6.6 ᠪᠠ 5.3 ᠵᠠᠭᠤᠨ᠎ᠤ ᠴᠡᠭ ᠥᠰᠪᠡ᠃
ᠳᠣᠯᠣᠭ᠎ᠠ᠂ ᠰᠠᠭᠤᠭ᠋ᠠᠯᠢ ᠠᠷᠠᠳ᠎ᠤᠨ ᠣᠷᠣᠯᠭ᠎ᠠ ᠦᠷᠭᠦᠯᠵᠢᠯᠡᠨ ᠨᠡᠮᠡᠭᠳᠡᠵᠦ᠂ ᠲᠠᠷᠢᠶᠠᠯᠠᠬᠤ ᠮᠠᠯᠵᠢᠬᠤ ᠣᠷᠣᠨ᠎ᠤ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ᠎ᠠᠴᠠ ᠲᠦᠷᠭᠡᠨ ᠥᠰᠪᠡ
ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠪᠥᠬᠥ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 25132 ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 9.5% ᠨᠡᠮᠡᠭᠳᠡᠪᠡ᠃ ᠪᠠᠢ᠌ᠩᠭᠤ ᠰᠠᠭᠤᠭ᠎ᠠ ᠭᠠᠵᠠᠷ ᠵᠶ᠋ᠠᠷ ᠬᠤᠪᠢᠶᠠᠪᠠᠯ᠂ ᠬᠣᠲᠠ ᠪᠠᠯᠭ᠋ᠠᠰᠤᠨ᠎ᠤ ᠪᠠᠢ᠌ᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 33767 ᠲᠥᠭᠥᠷᠢᠭ᠎ᠲᠤ ᠬᠦᠷᠴᠦ᠂ 8. % ᠨᠡᠮᠡᠭᠳᠡᠪᠡ; ᠮᠠᠯᠵᠢᠬᠤ ᠲᠠᠷᠢᠶᠠᠯᠠᠬᠤ ᠣᠷᠣᠨ᠎ᠤ ᠪᠠᠢ᠌ᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 12031 ᠲᠥᠭᠥᠷᠢᠭ᠎ᠲᠤ ᠬᠦᠷᠴᠦ᠂ 11.4% ᠨᠡᠮᠡᠭᠳᠡᠪᠡ᠃ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠣᠷᠣᠯᠭ᠎ᠠ ᠵᠢᠨ ᠬᠠᠷᠢᠴᠠᠯ 2.81 ᠪᠣᠯᠵᠣ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 0 . 07 ᠪᠠᠭᠤᠷᠠᠵᠠᠢ᠃
ᠶᠡᠷᠦᠩᠬᠡᠶ᠎ᠳᠤᠨᠢ ᠠᠪᠴᠤ ᠦᠵᠡᠪᠡᠯ᠂ ᠲᠦᠷᠦᠭᠦᠦ ᠭᠤᠷᠪᠠᠨ ᠤᠯᠠᠷᠢᠯ᠎ᠳᠤ ᠪᠥᠬᠥ ᠣᠷᠣᠨ᠎ᠤ ᠠᠵᠤ ᠠᠬᠤᠶ ᠦᠷᠭᠦᠯᠵᠢᠯᠡᠨ ᠰᠡᠷᠭᠦᠵᠦ ᠪᠠᠢ᠌ᠭ᠎ᠠ ᠪᠣᠯᠪᠠᠴᠤ ᠠᠵᠤ ᠠᠬᠤᠶ ᠵᠢᠨ ᠰᠡᠷᠭᠦᠯᠲᠡ ᠵᠢᠨ ᠰᠠᠭᠤᠷᠢ ᠬᠠᠷᠠᠬᠠᠨ ᠪᠠᠲᠤ ᠪᠠᠬᠢ ᠪᠢᠰᠢ᠂ ᠭᠠᠳᠠᠭ᠋ᠠᠳᠤ ᠣᠷᠴᠢᠨ ᠨᠥᠭᠦᠴᠡᠯ᠎ᠳᠤ ᠮᠠᠰᠢ ᠣᠯᠠᠨ ᠲᠣᠭᠲᠠᠭᠤᠨ ᠪᠤᠰᠤ ᠲᠣᠳᠤᠷᠬᠠᠢ ᠪᠤᠰᠤ ᠬᠦᠴᠦᠨ ᠵᠦᠢᠯ᠎ᠤᠳ ᠣᠷᠣᠰᠢᠵᠤ᠂ ᠬᠡᠰᠡᠭ ᠲᠦᠭᠦᠬᠡᠶ ᠮᠠᠲ᠋ᠧᠷᠢᠶᠠᠯ᠎ᠤᠨ ᠦᠨ᠎ᠡ ᠬᠠᠩᠰᠢ ᠥᠨᠳᠥᠷ ᠪᠠᠢ᠌ᠷᠢᠨ᠎ᠳᠤ ᠡᠷᠭᠢᠯᠳᠦᠨ᠂ ᠠᠵᠤ ᠠᠬᠤᠶ ᠵᠢᠨ ᠲᠣᠭᠲᠠᠭᠤᠨ ᠨᠡᠮᠡᠭᠳᠡᠯ᠎ᠤᠨ ᠳᠠᠷᠤᠯᠲᠠ ᠨᠡᠯᠢᠶᠡᠳ ᠶᠡᠬᠡ ᠪᠠᠢ᠌ᠨ᠎ᠠ᠃ ᠳᠠᠷᠠᠭ᠋ᠠᠴᠢ ᠵᠢᠨ ᠠᠯᠬᠤᠮ᠎ᠳᠤ᠂ ᠪᠦᠬᠦ ᠣᠷᠣᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠨ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠠᠮᠢ ᠠᠬᠤᠶ ᠵᠢ ᠲᠡᠷᠢᠭᠦᠨ᠎ᠳᠤ ᠲᠠᠯᠪᠢᠭᠰᠠᠨ᠂ ᠪᠣᠬᠢᠷᠲᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠵᠠᠮ ᠵᠶ᠋ᠠᠷ ᠭᠤᠢ᠌ᠪᠢᠰᠢ ᠦᠭᠡᠢ ᠵᠠᠮᠨᠠᠨ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》 ᠪᠠ 《ᠨᠢᠭᠡ ᠪᠡᠬᠢᠯᠡᠯᠲᠡ》 ᠵᠢᠨ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢ ᠪᠠᠢ᠌ᠩᠭᠤᠵᠢᠭᠤᠯᠬᠤ ᠠᠵᠢᠯ᠎ᠢ ᠰᠠᠢ᠌ᠲᠤᠷ ᠠᠳᠬᠤᠵᠤ᠂ ᠡᠯ᠎ᠡ ᠲᠥᠷᠥᠯ᠎ᠤᠨ ᠠᠶᠤᠯ ᠲᠦᠭᠰᠢᠭᠦᠷᠢ ᠥᠷᠢᠰᠥᠯᠳᠦᠭᠡᠨ᠎ᠢ ᠢᠳᠡᠪᠬᠢᠲᠡᠶ ᠠᠷᠭ᠋ᠠᠴᠠᠭ᠋ᠠᠵᠤ᠂ ᠡᠨᠧᠷᠭᠢ ᠵᠢᠨ ᠰᠤᠷᠪᠤᠯᠵᠢ ᠵᠢᠨ ᠬᠠᠩᠭ᠋ᠠᠯᠭ᠎ᠠ ᠵᠢ ᠪᠠᠲᠤᠯᠠᠬᠤ ᠡᠯ᠎ᠡ ᠵᠦᠢ᠍ᠯ᠎ᠤᠨ ᠭᠣᠣᠯᠳᠠᠯᠭ᠎ᠠ᠎ᠲᠠᠢ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠭᠢᠵᠦ᠂ ᠬᠡᠷᠡᠭᠴᠡᠭᠡ ᠵᠢᠨ ᠳᠠᠯᠳᠠ ᠬᠦᠴᠦᠨ᠎ᠢ ᠭᠦᠢ᠍ᠴᠡᠳ ᠠᠭᠤᠳᠠᠯᠤᠨ ᠪᠠᠳᠠᠷᠠᠭᠤᠯᠵᠤ᠂ ᠠᠵᠤ ᠠᠬᠤᠢ ᠵᠢᠨ ᠡᠷᠭᠢᠯᠲᠡ ᠵᠢ ᠢᠮᠠᠭᠲᠠ ᠵᠦᠢ ᠵᠣᠬᠢᠰᠲᠠᠢ ᠣᠷᠣᠨ ᠪᠠᠢ᠌ᠷᠢ᠎ᠳᠤ ᠪᠠᠢ᠌ᠯᠭ᠋ᠠᠨ᠂ ᠪᠦᠬᠦ ᠵᠢᠯ᠎ᠤᠨ ᠠᠵᠤ ᠠᠬᠤᠶ ᠨᠡᠢ᠌ᠭᠡᠮ᠎ᠤᠨ ᠬᠥᠭᠵᠢᠯᠲᠡ ᠵᠢᠨ ᠭᠣᠤᠯ ᠬᠠᠷᠠᠯᠲᠠ ᠡᠭᠦᠷᠭᠡ ᠵᠢ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ ᠪᠠᠢ᠌ᠨ᠎ᠠ᠃
2021 ᠣᠨ᠎ᠤ ᠪᠥᠬᠥ ᠣᠷᠣᠨ᠎ᠤ ᠲᠦᠷᠦᠭᠦᠦ ᠭᠤᠷᠪᠠᠨ ᠤᠯᠠᠷᠢᠯ᠎ᠤᠨ ᠠᠵᠤ ᠠᠬᠤᠶ ᠵᠢᠨ ᠡᠷᠭᠢᠯᠲᠡ ᠵᠢᠨ
ᠪᠠᠢ᠌ᠳᠠᠯ᠎ᠤᠨ ᠲᠤᠬᠠᠶ ᠰᠣᠨᠢᠨ ᠮᠡᠳᠡᠭᠡ ᠨᠡᠢ᠌ᠲᠡᠯᠡᠬᠦ ᠬᠤᠷᠠᠯ ᠳᠡᠭᠡᠷᠡᠬᠢ ᠠᠰᠠᠭᠤᠯᠲᠠ ᠬᠠᠷᠢᠭᠤᠯᠲᠠ
ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶᠠᠨ᠎ᠤ ᠰᠤᠷᠪᠤᠯᠵᠢᠯᠠᠭᠴᠢ᠄ ᠣᠢ᠌ᠷ᠎ᠠ ᠵᠢᠨ ᠬᠤᠭᠤᠴᠠᠭ᠋ᠠᠨ᠎ᠳᠤ ᠡᠨᠧᠷᠭᠢ ᠵᠢᠨ ᠬᠠᠩᠭ᠋ᠠᠯᠭ᠎ᠠ ᠵᠢ ᠪᠠᠲᠤᠯᠠᠬᠤ ᠪᠣᠯ ᠣᠯᠠᠨ᠎ᠤ ᠶᠡᠬᠡᠪᠡᠷ ᠠᠩᠬᠠᠷᠴᠤ ᠪᠠᠢ᠌ᠭ᠎ᠠ ᠨᠢᠭᠡᠨ ᠶᠠᠷᠢᠶᠠᠨ᠎ᠤ ᠰᠡᠳᠦᠪ ᠮᠥᠨ᠂ ᠥᠪᠥᠷ ᠮᠣᠩᠭᠣᠯ ᠪᠣᠯ ᠤᠯᠤᠰ᠎ᠤᠨ ᠡᠨᠧᠷᠭᠢ ᠵᠢᠨ ᠴᠢᠬᠤᠯᠠ ᠰᠠᠭᠤᠷᠢᠨ ᠭᠠᠵᠠᠷ ᠪᠣᠯᠤᠨ᠎ᠠ᠂ ᠲᠠ ᠲᠦᠷᠦᠭᠦᠦ ᠭᠤᠷᠪᠠᠨ ᠤᠯᠠᠷᠢᠯ᠎ᠤᠨ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦ ᠪᠠ ᠴᠠᠬᠢᠯᠭ᠋ᠠᠨ ᠬᠦᠴᠦᠨ᠎ᠤ ᠦᠢᠯᠡᠳᠪᠦᠷᠢᠯᠡᠯ᠎ᠤᠨ ᠪᠠᠢ᠌ᠳᠠᠯ᠎ᠢ ᠲᠠᠨᠢᠯᠴᠠᠭᠤᠯᠵᠤ ᠥᠭᠭᠦᠨᠡᠦ?
ᠰᠢᠶᠠ ᠷᠦᠩ ᠬᠤᠸᠠ᠄ ᠬᠡᠯᠡᠯᠬᠡᠨ ᠦᠭᠡᠢ᠂ ᠨᠡᠭᠦᠷᠡᠰᠦ ᠴᠠᠬᠢᠯᠭ᠋ᠠᠨ᠎ᠤ ᠭᠠᠷᠤᠯᠲᠠ ᠪᠠ ᠬᠠᠩᠭ᠋ᠠᠯᠭ᠎ᠠ ᠵᠢ ᠨᠡᠮᠡᠭᠳᠡᠭᠦᠯᠬᠦ᠎ᠨᠢ ᠣᠳᠣᠬᠠᠨ᠎ᠤ ᠡᠯ᠎ᠡ ᠲᠠᠯ᠎ᠠ ᠵᠢᠨ᠎ᠬᠢᠨ᠎ᠤ ᠨᠡᠯᠢᠶᠡᠳ ᠠᠩᠬᠠᠷᠴᠤ ᠪᠠᠢ᠌ᠭ᠎ᠠ ᠬᠠᠯᠠᠮᠰᠢᠯ ᠠᠰᠠᠭᠤᠳᠠᠯ ᠪᠣᠯᠤᠨ᠎ᠠ᠃ ᠲᠦᠭᠦᠬᠡᠶ ᠨᠡᠭᠦᠷᠡᠰᠦᠨ᠎ᠤ ᠭᠠᠷᠤᠯᠲᠠ᠎ᠠᠴᠠ ᠦᠵᠡᠪᠡᠯ᠂ ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ ᠵᠢᠨ ᠠᠵᠤ ᠠᠬᠤᠢ᠌ᠯᠠᠯ᠎ᠤᠨ ᠲᠦᠭᠦᠬᠡᠶ ᠨᠡᠭᠦᠷᠡᠰᠦᠨ᠎ᠤ ᠭᠠᠷᠤᠯᠲᠠ 7.33 ᠳ᠋ᠦᠩᠰᠢᠭᠤᠷ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠠᠴᠠ 0.6% ᠨᠡᠮᠡᠭᠳᠡᠵᠦ᠂ 1᠎ᠠᠴᠠ 8 ᠳ᠋ᠤᠭ᠋ᠠᠷ ᠰᠠᠷ᠎ᠠ ᠵᠢᠨ᠎ᠠᠴᠠ 0.6 ᠵᠠᠭᠤᠨ᠎ᠤ ᠴᠡᠭ ᠲᠦᠷᠭᠡᠳᠪᠡ᠃ 9 ᠳ᠋ᠦ᠍ᠭᠡᠷ ᠰᠠᠷ᠎ᠠ᠎ᠳᠤ᠂ ᠨᠡᠭᠦᠷᠡᠰᠦᠨ᠎ᠤ ᠭᠠᠷᠤᠯᠲᠠ 8205.1 ᠲᠦᠮᠡᠨ ᠲᠣᠨ᠎ᠳᠤ ᠬᠦᠷᠴᠦ᠂ 8 ᠳ᠋ᠤᠭ᠋ᠠᠷ ᠰᠠᠷ᠎ᠠ ᠵᠢᠨ᠎ᠬᠢ᠎ᠠᠴᠠ 47 ᠲᠦᠮᠡᠨ ᠲᠣᠨ ᠴᠡᠪᠡᠷ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠠᠴᠠ 3.5% ᠨᠡᠮᠡᠭᠳᠡᠪᠡ; 9 ᠳ᠋ᠦ᠍ᠭᠡᠷ ᠰᠠᠷ᠎ᠠ ᠵᠢᠨ ᠡᠳᠦᠷ᠎ᠤᠨ ᠳᠤᠮᠳᠠᠴᠢ ᠭᠠᠷᠤᠯᠲᠠ 273.5 ᠲᠦᠮᠡᠨ ᠲᠣᠨ᠎ᠳᠤ ᠬᠦᠷᠴᠦ᠂ 8 ᠳ᠋ᠤᠭ᠋ᠠᠷ ᠰᠠᠷ᠎ᠠ ᠵᠢᠨ᠎ᠠᠴᠠ 10.3 ᠲᠦᠮᠡᠨ ᠲᠣᠨ ᠨᠡᠮᠡᠭᠳᠡᠪᠡ᠃ ᠴᠠᠬᠢᠯᠭ᠋ᠠᠨ ᠬᠦᠴᠦᠨ᠎ᠤ ᠦᠢᠯᠡᠳᠪᠦᠷᠢᠯᠡᠯ᠎ᠠᠴᠠ ᠦᠵᠡᠪᠡᠯ᠂ ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ ᠵᠢᠨ ᠠᠵᠤ ᠠᠬᠤᠢ᠌ᠯᠠᠯ᠎ᠤᠨ ᠴᠠᠬᠢᠯᠭ᠋ᠠᠨ ᠭᠠᠷᠭ᠋ᠠᠭᠰᠠᠨ ᠬᠡᠮᠵᠢᠶ᠎ᠡ 4398.9 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠠᠴᠠ 4.9% ᠨᠡᠮᠡᠭᠳᠡᠪᠡ᠃ ᠵᠡᠭᠦᠨ ᠬᠡᠰᠡᠭ᠎ᠤᠨ ᠭᠠᠵᠠᠷ ᠣᠷᠣᠨ᠎ᠤ ᠴᠠᠬᠢᠯᠭ᠋ᠠᠨ ᠭᠠᠷᠭ᠋ᠠᠭᠰᠠᠨ ᠬᠡᠮᠵᠢᠶ᠎ᠡ ᠠᠳᠠᠯᠢ ᠬᠤᠭᠤᠴᠠᠭ᠋ᠠᠨ᠎ᠤ᠎ᠠᠴᠠ 11.3% ᠨᠡᠮᠡᠭᠳᠡᠵᠦ᠂ 1᠎ᠠᠴᠠ 8 ᠳ᠋ᠤᠭ᠋ᠠᠷ ᠰᠠᠷ᠎ᠠ ᠵᠢᠨ᠎ᠠᠴᠠ 0.7 ᠵᠠᠭᠤᠨ᠎ᠤ ᠴᠢᠭ ᠳᠡᠭᠡᠭᠰᠢᠯᠡᠪᠡ᠃ 9 ᠳ᠋ᠦ᠍ᠭᠡᠷ ᠰᠠᠷ᠎ᠠ᠎ᠳᠤ᠂ ᠵᠡᠭᠦᠨ ᠬᠡᠰᠡᠭ᠎ᠤᠨ ᠭᠠᠵᠠᠷ ᠣᠷᠣᠨ᠎ᠤ ᠴᠠᠬᠢᠯᠭ᠋ᠠᠨ ᠭᠠᠷᠭ᠋ᠠᠭᠰᠠᠨ ᠬᠡᠮᠵᠢᠶ᠎ᠡ ᠠᠳᠠᠯᠢ ᠬᠤᠭᠤᠴᠠᠭ᠋ᠠᠨ᠎ᠤ᠎ᠠᠴᠠ 16.9% ᠨᠡᠮᠡᠭᠳᠡᠵᠦ᠂ 8 ᠳ᠋ᠤᠭ᠋ᠠᠷ ᠰᠠᠷ᠎ᠠ ᠵᠢᠨ᠎ᠠᠴᠠ 8.2 ᠵᠠᠭᠤᠨ᠎ᠤ ᠴᠢᠭ ᠳᠡᠭᠡᠭᠰᠢᠯᠡᠵᠦ᠂ ᠴᠠᠬᠢᠯᠭ᠋ᠠᠨ ᠭᠠᠷᠭ᠋ᠠᠬᠤ ᠬᠡᠮᠵᠢᠶ᠎ᠡ ᠵᠢᠨ ᠨᠡᠮᠡᠭᠳᠡᠯ᠎ᠤᠨ ᠬᠤᠷᠳᠤᠴᠠ ᠢᠯᠡᠳᠲᠡ ᠲᠦᠷᠭᠡᠳᠪᠡ᠃ ᠴᠠᠬᠢᠯᠭ᠋ᠠᠨ ᠭᠠᠷᠭ᠋ᠠᠬᠤ ᠲᠥᠷᠥᠯ ᠬᠡᠯᠪᠡᠷᠢ᠎ᠠᠴᠠ ᠦᠵᠡᠪᠡᠯ᠂ ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠢᠯᠴᠢ ᠵᠢᠨ ᠬᠦᠴᠦᠨ᠎ᠤ ᠴᠠᠬᠢᠯᠭ᠋ᠠᠨ ᠭᠠᠷᠭ᠋ᠠᠬᠤ ᠬᠡᠮᠵᠢᠶ᠎ᠡ ᠠᠳᠠᠯᠢ ᠬᠤᠭᠤᠴᠠᠭ᠋ᠠᠨ᠎ᠤ᠎ᠠᠴᠠ 1.5% ᠨᠡᠮᠡᠭᠳᠡᠵᠦ᠂ ᠰᠠᠯᠬᠢᠨ ᠬᠦᠴᠦᠨ᠎ᠤ ᠴᠠᠬᠢᠯᠭ᠋ᠠᠨ ᠭᠠᠷᠭ᠋ᠠᠬᠤ ᠬᠡᠮᠵᠢᠶ᠎ᠡ 31.4% ᠨᠡᠮᠡᠭᠳᠡᠵᠦ᠂ ᠨᠡᠷᠡᠨ᠎ᠤ ᠡᠨᠧᠷᠭᠢ ᠵᠢᠨ ᠴᠠᠬᠢᠯᠭ᠋ᠠᠨ ᠭᠠᠷᠭ᠋ᠠᠬᠤ ᠬᠡᠮᠵᠢᠶ᠎ᠡ 2.3% ᠨᠡᠮᠡᠭᠳᠡᠵᠡᠢ᠃
ᠵᠥᠩ ᠬᠣᠩ ᠰᠦᠯᠵᠢᠶ᠎ᠡ ᠵᠢᠨ ᠰᠤᠷᠪᠤᠯᠵᠢᠯᠠᠭᠴᠢ᠄ ᠥᠪᠡᠷᠲᠡᠭᠡᠨ ᠵᠠᠰᠠᠬᠤ ᠣᠷᠣᠨ᠎ᠤ ᠲᠦᠷᠦᠭᠦᠦ ᠭᠤᠷᠪᠠᠨ ᠤᠯᠠᠷᠢᠯ᠎ᠤᠨ ᠠᠵᠤ ᠦᠢᠯᠡᠳᠪᠦᠷᠢ ᠵᠢᠨ ᠠᠵᠤ ᠠᠬᠤᠶ ᠵᠢᠨ ᠡᠷᠭᠢᠯᠲᠡ ᠵᠢᠨ ᠪᠠᠢ᠌ᠳᠠᠯ᠎ᠢ ᠬᠡᠷᠬᠢᠨ ᠦᠨᠡᠯᠡᠬᠦ ᠪᠣᠶ? ᠪᠦᠬᠦ ᠣᠷᠣᠨ᠎ᠤ ᠠᠵᠤ ᠦᠢᠯᠡᠳᠪᠦᠷᠢ ᠵᠢᠨ ᠲᠣᠭᠲᠠᠭᠤᠨ ᠡᠷᠭᠢᠯᠲᠡ ᠵᠢ ᠲᠤᠯᠭ᠋ᠠᠭᠤᠷᠢᠯᠠᠬᠤ ᠬᠦᠴᠦᠨ ᠵᠦᠢ᠍ᠯᠡᠰ ᠶᠠᠭᠤ ᠶᠠᠭᠤ ᠪᠠᠢᠬᠤ ᠪᠤᠢ?
ᠰᠢᠶᠠ ᠷᠦᠩ ᠬᠤᠸᠠ᠄ ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠠᠵᠤ ᠦᠢᠯᠡᠳᠪᠦᠷᠢ ᠵᠢᠨ ᠦᠢᠯᠡᠳᠪᠦᠷᠢᠯᠡᠯ ᠶᠡᠷᠦᠩᠬᠡᠶ᠎ᠳᠤ᠎ᠪᠠᠨ ᠲᠣᠭᠲᠠᠭᠤᠨ ᠵᠶ᠋ᠠᠷ ᠨᠡᠮᠡᠭᠳᠡᠵᠦ᠂ ᠠᠵᠤ ᠠᠬᠤᠢ᠌ᠯᠠᠯ᠎ᠤᠨ ᠦᠷ᠎ᠡ ᠠᠰᠢᠭ ᠶᠡᠬᠡ᠎ᠪᠠᠷ ᠳᠡᠭᠡᠭᠰᠢᠯᠡᠪᠡ᠃ ᠲᠤᠯᠭ᠋ᠠᠭᠤᠷᠢᠯᠠᠬᠤ ᠬᠦᠴᠦᠨ ᠵᠦᠢ᠍ᠯ ᠭᠣᠣᠯᠳᠠᠭᠤ ᠲᠠᠪᠤᠨ ᠲᠠᠯ᠎ᠠ᠎ᠳᠤ ᠢᠯᠡᠷᠡᠵᠦ ᠪᠠᠢ᠌ᠨ᠎ᠠ᠄
ᠨᠢᠭᠡ᠎ᠳᠤ ᠦᠢ᠍ᠯᠡᠳᠬᠦ ᠦᠢ᠍ᠯᠡᠰ ᠨᠡᠮᠡᠭᠳᠡᠯ᠎ᠢ ᠬᠦᠳᠦᠯᠦᠨ ᠳᠠᠭ᠋ᠠᠭᠤᠯᠪᠠ᠃ ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠦᠢᠯᠡᠳᠬᠦ ᠦᠢᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 14.1% ᠨᠡᠮᠡᠭᠳᠡᠵᠦ᠂ ᠬᠣᠶᠠᠷ ᠵᠢᠯ᠎ᠳᠤ ᠳᠤᠮᠳᠠᠴᠢ᠎ᠪᠠᠷ 9.9% ᠨᠡᠮᠡᠭᠳᠡᠪᠡ᠃ ᠡᠨᠡ ᠵᠢᠯ᠎ᠠᠴᠠ ᠨᠠᠰᠢ᠂ ᠦᠢᠯᠡᠳᠬᠦ ᠦᠢᠯᠡᠰ᠎ᠤᠨ ᠨᠡᠮᠡᠭᠳᠡᠯ ᠥᠷᠲᠡᠭ᠎ᠤᠨ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ᠎ᠳᠤ ᠡᠵᠡᠯᠡᠬᠦ ᠬᠤᠪᠢ ᠵᠢᠨ ᠵᠢᠩ᠎ᠨᠢ ᠬᠡᠵᠢᠶᠡᠳᠡ 35%᠎ᠠᠴᠠ ᠥᠨᠳᠥᠷ ᠪᠠᠢ᠌ᠵᠤ᠂ ᠨᠡᠮᠡᠭᠳᠡᠯ᠎ᠤᠨ ᠬᠤᠷᠳᠤᠴᠠ᠎ᠨᠢ ᠶᠡᠷᠦ᠎ᠠᠴᠠ ᠪᠥᠬᠥ ᠣᠷᠣᠨ᠎ᠤ ᠳᠤᠮᠳᠠᠴᠢ ᠬᠢᠷᠢ ᠲᠦᠪᠰᠢᠨ᠎ᠠᠴᠠ ᠥᠨᠳᠥᠷ ᠪᠠᠢ᠌ᠵᠤ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ ᠵᠢᠨ ᠨᠡᠮᠡᠭᠳᠡᠯ ᠥᠷᠲᠡᠭ᠎ᠤᠨ ᠨᠡᠮᠡᠭᠳᠡᠯ᠎ᠤᠨ ᠬᠤᠷᠳᠤᠴᠠ ᠵᠢ 5.4 ᠵᠠᠭᠤᠨ᠎ᠤ ᠴᠡᠭ ᠵᠶ᠋ᠡᠷ ᠳᠠᠢ᠌ᠴᠢᠯᠠᠵᠤ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ᠎ᠨᠢ 73.3%᠎ᠳᠤ ᠬᠦᠷᠴᠦ᠂ ᠪᠥᠬᠥ ᠣᠷᠣᠨ᠎ᠤ ᠠᠵᠤ ᠦᠢᠯᠡᠳᠪᠦᠷᠢ ᠵᠢᠨ ᠠᠵᠤ ᠠᠬᠤᠶ ᠵᠢᠨ ᠲᠣᠭᠲᠠᠭᠤᠨ ᠡᠷᠭᠢᠯᠲᠡ ᠵᠢ ᠲᠤᠯᠭ᠋ᠠᠭᠤᠷᠢᠯᠠᠬᠤ ᠴᠢᠬᠤᠯᠠ ᠬᠦᠴᠦᠨ ᠪᠣᠯᠤᠭᠰᠠᠨ ᠪᠠᠢ᠌ᠨ᠎ᠠ᠃
ᠬᠣᠶᠠᠷ᠎ᠲᠤ ᠠᠵᠢᠯ ᠲᠥᠷᠥᠯ᠎ᠤᠨ ᠨᠡᠮᠡᠭᠳᠡᠯ᠎ᠤᠨ ᠬᠡᠪᠴᠢᠶ᠎ᠡ ᠤᠯᠠᠮ ᠨᠢᠭᠡ ᠠᠯᠬᠤᠮ ᠥᠷᠭᠡᠵᠢᠪᠡ᠃ ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ 37 ᠠᠵᠤ ᠦᠢᠯᠡᠳᠪᠦᠷᠢ ᠵᠢᠨ ᠲᠣᠮᠣ ᠠᠵᠢᠯ ᠲᠥᠷᠥᠯ᠎ᠤᠨ ᠳᠣᠲᠣᠷ᠎ᠠ᠂ 29 ᠠᠵᠢᠯ ᠲᠥᠷᠥᠯ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ ᠨᠡᠮᠡᠭᠳᠡᠵᠦ᠂ ᠨᠡᠮᠡᠭᠳᠡᠯ᠎ᠤᠨ ᠬᠡᠪᠴᠢᠶ᠎ᠡ᠎ᠨᠢ 78.4%᠎ᠳᠤ ᠬᠦᠷᠴᠦ᠂ ᠳᠡᠭᠡᠷ᠎ᠡ ᠬᠠᠭ᠋ᠠᠰ ᠵᠢᠯ᠎ᠤᠨ᠎ᠬᠢ᠎ᠠᠴᠠ 8.1 ᠵᠠᠭᠤᠨ᠎ᠤ ᠴᠡᠭ ᠥᠷᠭᠡᠳᠴᠦ᠂ 20 ᠠᠵᠢᠯ ᠲᠥᠷᠥᠯ᠎ᠤᠨ ᠨᠡᠮᠡᠭᠳᠡᠯ ᠥᠷᠲᠡᠭ ᠬᠣᠶᠠᠷ ᠣᠷᠣᠨᠲᠤ ᠲᠣᠭ᠎ᠠ ᠨᠡᠮᠡᠭᠳᠡᠪᠡ᠃
ᠭᠤᠷᠪᠠ᠎ᠳᠤ ᠰᠢᠨ᠎ᠡ ᠠᠵᠤ ᠦᠢ᠍ᠯᠡᠰ ᠰᠢᠨ᠎ᠡ ᠦᠢ᠍ᠯᠡᠳᠬᠦᠨ ᠨᠡᠯᠢᠶᠡᠳ ᠲᠦᠷᠭᠡᠨ ᠨᠡᠮᠡᠭᠳᠡᠵᠡᠢ᠃ ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠳᠡᠭᠡᠳᠦ ᠰᠢᠨ᠎ᠡ ᠮᠡᠷᠭᠡᠵᠢᠯ᠎ᠤᠨ ᠦᠢᠯᠡᠰ᠎ᠤᠨ ᠨᠡᠮᠡᠭᠳᠡᠯ ᠥᠷᠲᠡᠭ 31.2% ᠨᠡᠮᠡᠭᠳᠡᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ ᠵᠢᠨ ᠨᠡᠮᠡᠭᠳᠡᠯ᠎ᠤᠨ ᠬᠤᠷᠳᠤᠴᠠ᠎ᠠᠴᠠ 23.8 ᠵᠠᠭᠤᠨ᠎ᠤ ᠴᠡᠭ ᠲᠦᠷᠭᠡᠨ ᠪᠣᠯᠪᠠ᠃ ᠡᠭᠦᠨ᠎ᠳᠤ᠂ ᠺᠣᠮᠫᠢᠦ᠋ᠲ᠋ᠧᠷ᠂ ᠮᠡᠳᠡᠭᠡ ᠬᠣᠯᠪᠣᠭ᠎ᠠ ᠪᠠ ᠪᠤᠰᠤᠳ ᠡᠯᠧᠺᠲᠷᠣᠨ ᠲᠥᠬᠥᠭᠡᠷᠦᠮᠵᠢ ᠦᠢᠯᠡᠳᠬᠦ ᠦᠢᠯᠡᠰ 22.7%᠂ ᠡᠮ ᠡᠮᠨᠡᠯᠭᠡ ᠵᠢᠨ ᠦᠢᠯᠡᠳᠬᠦ ᠦᠢᠯᠡᠰ 31.0%᠂ ᠮᠠᠰᠢᠨ ᠲᠡᠷᠭᠡ ᠦᠢᠯᠡᠳᠬᠦ ᠦᠢᠯᠡᠰ 14.3% ᠨᠡᠮᠡᠭᠳᠡᠪᠡ᠃ ᠰᠢᠨ᠎ᠡ ᠦᠢᠯᠡᠳᠬᠦᠨ᠎ᠤ ᠭᠠᠷᠤᠯᠲᠠ ᠴᠤ᠌ ᠨᠡᠯᠢᠶᠡᠳ ᠲᠦᠷᠭᠡᠨ ᠨᠡᠮᠡᠭᠳᠡᠵᠦ᠂ ᠰᠠᠯᠬᠢᠨ ᠬᠦᠴᠦᠨ ᠵᠶ᠋ᠡᠷ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ ᠠᠳᠠᠯᠢ ᠬᠤᠭᠤᠴᠠᠭ᠋ᠠᠨ᠎ᠤ᠎ᠬᠢ᠎ᠠᠴᠠ 3 . 5 ᠳᠠᠬᠢᠨ ᠨᠡᠮᠡᠭᠳᠡᠵᠦ᠂ ᠲᠠᠩ ᠲᠠᠯᠠᠰᠲᠤ ᠴᠠᠬᠢᠭᠤᠷ 93.5% ᠨᠡᠮᠡᠭᠳᠡᠵᠦ᠂ ᠬᠣᠪᠣᠷ ᠰᠢᠷᠣᠶ ᠵᠢᠨ ᠰᠣᠷᠢᠨᠵᠢᠨ ᠴᠢᠨᠠᠷᠲᠠᠶ ᠮᠠᠲ᠋ᠧᠷᠢᠶᠠᠯ 39.7% ᠨᠡᠮᠡᠭᠳᠡᠭᠰᠡᠨ ᠪᠠᠢ᠌ᠨ᠎ᠠ᠃
ᠳᠥᠷᠪᠡ᠎ᠳᠤ ᠠᠵᠤ ᠠᠬᠤᠢ᠌ᠯᠠᠯ᠎ᠤᠨ ᠠᠰᠢᠭ ᠬᠣᠨᠵᠢᠪᠣᠷᠢ ᠲᠦᠷᠭᠡᠨ ᠵᠶ᠋ᠡᠷ ᠨᠡᠮᠡᠭᠳᠡᠪᠡ᠃ 1᠎ᠠᠴᠠ 8 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ 37 ᠠᠵᠤ ᠦᠢᠯᠡᠳᠪᠦᠷᠢ ᠵᠢᠨ ᠲᠣᠮᠣ ᠠᠵᠢᠯ ᠲᠥᠷᠥᠯ᠎ᠤᠨ ᠳᠣᠲᠣᠷ᠎ᠠ᠂ 24 ᠠᠵᠢᠯ ᠲᠥᠷᠥᠯ᠎ᠤᠨ ᠪᠡᠶᠡᠯᠡᠭᠦᠯᠦᠭᠰᠡᠨ ᠠᠰᠢᠭ ᠬᠣᠨᠵᠢᠪᠣᠷᠢ ᠵᠢᠨ ᠶᠡᠷᠦᠩᠬᠡᠶ ᠲᠣᠭ᠎ᠠ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ (ᠪᠤᠶᠤ ᠠᠯᠳᠠᠭᠳᠠᠯ᠎ᠲᠠᠢ ᠪᠠᠢ᠌ᠭᠰᠠᠨ᠎ᠠᠴᠠ᠎ᠪᠠᠨ ᠣᠯᠵᠠᠪᠤᠷᠢ᠎ᠲᠠᠢ ᠪᠣᠯᠤᠭᠰᠠᠨ) ᠨᠡᠮᠡᠭᠳᠡᠵᠦ᠂ ᠨᠡᠮᠡᠭᠳᠡᠯ᠎ᠤᠨ ᠬᠡᠪᠴᠢᠶ᠎ᠡ᠎ᠨᠢ 64.9%᠎ᠳᠤ ᠬᠥᠷᠪᠡ᠃ ᠡᠭᠦᠨ᠎ᠳᠤ᠂ 18 ᠠᠵᠢᠯ ᠲᠥᠷᠥᠯ᠎ᠤᠨ ᠠᠰᠢᠭ ᠬᠣᠨᠵᠢᠪᠣᠷᠢ ᠬᠣᠶᠠᠷ ᠣᠷᠣᠨᠲᠤ ᠲᠣᠭ᠎ᠠ ᠵᠢᠴᠢ ᠲᠡᠭᠦᠨ᠎ᠠᠴᠠ ᠳᠡᠭᠡᠭᠰᠢᠬᠢ ᠨᠡᠮᠡᠭᠳᠡᠯ᠎ᠢ ᠪᠡᠶᠡᠯᠡᠭᠦᠯᠪᠡ᠃ ᠬᠣᠶᠠᠷ ᠵᠢᠯ᠎ᠤᠨ ᠳᠤᠮᠳᠠᠴᠢ ᠨᠡᠮᠡᠭᠳᠡᠯ᠎ᠤᠨ ᠬᠤᠷᠳᠤᠴᠠ᠎ᠠᠴᠠ ᠦᠵᠡᠪᠡᠯ᠂ 18 ᠠᠵᠢᠯ ᠲᠥᠷᠥᠯ᠎ᠤᠨ ᠪᠡᠶᠡᠯᠡᠭᠦᠯᠦᠭᠰᠡᠨ ᠠᠰᠢᠭ ᠬᠣᠨᠵᠢᠪᠣᠷᠢ ᠵᠢᠨ ᠪᠥᠬᠥ ᠲᠣᠭ᠎ᠠ ᠵᠢᠨ ᠨᠡᠮᠡᠭᠳᠡᠯ᠎ᠤᠨ ᠡᠵᠡᠯᠡᠬᠦ ᠬᠠᠷᠢᠴᠠᠯ᠎ᠨᠢ 48.6%᠎ᠳᠤ ᠬᠦᠷᠴᠡᠶ᠃
ᠲᠠᠪᠤ᠎ᠳᠤ ᠳᠤᠮᠳᠠ ᠬᠡᠰᠡᠭ᠎ᠤᠨ ᠭᠠᠵᠠᠷ ᠣᠷᠣᠨ᠎ᠤ ᠠᠵᠤ ᠦᠢ᠍ᠯᠡᠳᠪᠦᠷᠢ ᠵᠢᠨ ᠨᠡᠮᠡᠭᠳᠡᠯ ᠨᠡᠯᠢᠶᠡᠳ ᠢᠯᠡᠷᠬᠡᠢ ᠪᠣᠯᠪᠠ᠃ ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ 12 ᠠᠢ᠌ᠮᠠᠭ ᠬᠣᠲᠠ ᠵᠢᠨ ᠳᠣᠲᠣᠷ᠎ᠠ᠂ 11 ᠠᠢ᠌ᠮᠠᠭ ᠬᠣᠲᠠ ᠵᠢᠨ ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ ᠵᠢᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ ᠥᠰᠪᠡ᠃ ᠳᠤᠮᠳᠠ ᠬᠡᠰᠡᠭ᠎ᠤᠨ ᠭᠠᠵᠠᠷ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ ᠵᠢᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 10.4% ᠨᠡᠮᠡᠭᠳᠡᠵᠦ᠂ ᠪᠠᠷᠠᠭᠤᠨ ᠬᠡᠰᠡᠭ᠎ᠤᠨ ᠭᠠᠵᠠᠷ ᠣᠷᠣᠨ ᠪᠠ ᠵᠡᠭᠦᠨ ᠬᠡᠰᠡᠭ᠎ᠤᠨ ᠭᠠᠵᠠᠷ ᠣᠷᠣᠨ᠎ᠤ 7.4 ᠪᠠ 4.9 ᠵᠠᠭᠤᠨ᠎ᠤ ᠴᠡᠭ᠎ᠠᠴᠠ ᠲᠣᠰ ᠲᠣᠰ ᠥᠨᠳᠥᠷ ᠪᠣᠯᠵᠣ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ ᠵᠢᠨ ᠨᠡᠮᠡᠭᠳᠡᠯ ᠥᠷᠲᠡᠭ᠎ᠤᠨ ᠨᠡᠮᠡᠭᠳᠡᠯ᠎ᠤᠨ ᠬᠤᠷᠳᠤᠴᠠ ᠵᠢ 6.1 ᠵᠠᠭᠤᠨ᠎ᠤ ᠴᠡᠭ ᠳᠠᠢ᠌ᠴᠢᠯᠠᠪᠠ᠃
ᠥᠪᠥᠷ ᠮᠣᠩᠭᠣᠯ᠎ᠤᠨ ᠥᠷᠯᠥᠭᠡ ᠵᠢᠨ ᠰᠣᠨᠢᠨ᠎ᠤ ᠰᠤᠷᠪᠤᠯᠵᠢᠯᠠᠭᠴᠢ᠄ ᠮᠠᠨ᠎ᠤ ᠣᠷᠣᠨ ᠪᠠᠯᠠ ᠣᠷᠣᠭᠤᠯᠤᠯᠲᠠ ᠵᠢᠨ ᠪᠦᠲᠦᠴᠡ ᠵᠢ ᠰᠢᠯᠢᠳᠡᠭᠵᠢᠭᠦᠯᠬᠦ ᠲᠠᠯ᠎ᠠ᠎ᠪᠠᠷ ᠶᠠᠮᠠᠷ ᠶᠠᠮᠠᠷ ᠰᠢᠨ᠎ᠡ ᠢᠯᠡᠷᠡᠯ᠎ᠲᠠᠢ ᠪᠣᠶ?
ᠰᠢᠶᠠ ᠷᠦᠩ ᠬᠤᠸᠠ᠄ ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠪᠠᠯᠠ ᠣᠷᠣᠭᠤᠯᠤᠯᠲᠠ ᠵᠢᠨ ᠪᠦᠲᠦᠴᠡ ᠲᠠᠰᠤᠷᠠᠯᠲᠠ ᠥᠬᠡᠶ ᠰᠢᠯᠢᠳᠡᠭᠵᠢᠪᠡ᠂ ᠭᠣᠤᠯᠳᠠᠭᠤ ᠳᠠᠷᠠᠭ᠋ᠠᠬᠢ ᠭᠤᠷᠪᠠᠨ ᠲᠠᠯ᠎ᠠ᠎ᠪᠠᠷ ᠢᠯᠡᠷᠡᠵᠦ ᠪᠣᠶ᠄
ᠨᠢᠭᠡ᠎ᠳᠤ ᠦᠢ᠍ᠯᠡᠳᠬᠦ ᠦᠢ᠍ᠯᠡᠰ᠎ᠤᠨ ᠪᠡᠯᠡ ᠣᠷᠣᠭᠤᠯᠤᠯᠲᠠ ᠵᠢᠨ ᠬᠤᠪᠢ ᠵᠢᠨ ᠵᠢᠩ ᠳᠡᠭᠡᠭᠰᠢᠯᠡᠪᠡ᠃ ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠦᠢᠯᠡᠳᠬᠦ ᠦᠢᠯᠡᠰ᠎ᠤᠨ ᠪᠠᠯᠠ ᠣᠷᠣᠭᠤᠯᠤᠯᠲᠠ᠎ᠨᠢ ᠪᠥᠬᠥ ᠣᠷᠣᠨ᠎ᠤ ᠪᠠᠯᠠ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ ᠵᠢ 5.3 ᠵᠠᠭᠤᠨ᠎ᠤ ᠴᠡᠭ ᠳᠠᠢ᠌ᠴᠢᠯᠠᠵᠤ᠂ ᠪᠥᠬᠥ ᠪᠠᠯᠠ ᠣᠷᠣᠭᠤᠯᠤᠯᠲᠠ ᠵᠢᠨ 20.2%᠎ᠢ ᠡᠵᠡᠯᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 3.4 ᠵᠠᠭᠤᠨ᠎ᠤ ᠴᠡᠭ ᠳᠡᠭᠡᠭᠰᠢᠯᠡᠪᠡ᠃ ᠡᠭᠦᠨ᠎ᠳᠤ᠂ ᠲᠣᠨᠣᠭᠯᠠᠯ ᠦᠢᠯᠡᠳᠬᠦ ᠦᠢᠯᠡᠰ᠎ᠤᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 63.4% ᠨᠡᠮᠡᠭᠳᠡᠵᠦ᠂ ᠬᠡᠷᠡᠭᠯᠡᠭᠡᠨ᠎ᠤ ᠵᠦᠢᠯ᠎ᠤᠨ ᠦᠢᠯᠡᠳᠬᠦ ᠦᠢᠯᠡᠰ
32 . 6% ᠨᠡᠮᠡᠭᠳᠡᠪᠡ
ᠬᠣᠶᠠᠷ᠎ᠲᠤ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠪᠡ᠃ ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠳᠡᠭᠡᠳᠦ ᠮᠡᠷᠭᠡᠵᠢᠯ᠎ᠤᠨ ᠠᠵᠤ ᠦᠢᠯᠡᠰ᠎ᠤᠨ ᠪᠠᠯᠠ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ᠎ᠨᠢ ᠪᠥᠬᠥ ᠣᠷᠣᠨ᠎ᠤ ᠪᠠᠯᠠ ᠣᠷᠣᠭᠤᠯᠤᠯᠲᠠ᠎ᠠᠴᠠ 30.4 ᠵᠠᠭᠤᠨ᠎ᠤ ᠴᠡᠭ ᠥᠨᠳᠥᠷ ᠪᠠᠢ᠌ᠵᠤ᠂ ᠪᠥᠬᠥ ᠣᠷᠣᠨ᠎ᠤ ᠪᠠᠯᠠ ᠣᠷᠣᠭᠤᠯᠤᠯᠲᠠ ᠵᠢᠨ 5.9% ᠵᠢ ᠡᠵᠡᠯᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ
1.3 ᠵᠠᠭᠤᠨ᠎ᠤ ᠴᠡᠭ ᠳᠡᠭᠡᠭᠰᠢᠯᠡᠪᠡ᠃ ᠡᠭᠦᠨ᠎ᠳᠤ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠪᠡᠯᠡ ᠣᠷᠣᠭᠤᠯᠤᠯᠲᠠ ᠵᠢ 96.4%᠎ᠪᠠᠷ ᠨᠡᠮᠡᠭᠳᠡᠭᠦᠯᠵᠦ᠂ ᠳᠡᠭᠡᠳᠦ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠪᠡᠯᠡ ᠣᠷᠣᠭᠤᠯᠤᠯᠲᠠ ᠵᠢ 12.2% ᠵᠢᠡᠷ ᠨᠡᠮᠡᠭᠳᠡᠭᠦᠯᠵᠡᠢ᠃ ᠳᠡᠭᠡᠳᠦ ᠮᠡᠷᠭᠡᠵᠢᠯ᠎ᠤᠨ ᠦᠢᠯᠡᠳᠬᠦ ᠦᠢᠯᠡᠰ᠎ᠤᠨ ᠪᠠᠯᠠ ᠣᠷᠣᠭᠤᠯᠤᠯᠲᠠ᠎ᠳᠤ᠂ ᠡᠯᠧᠺᠲᠷᠣᠨ ᠵᠢᠴᠢ ᠴᠢᠮᠡᠭᠡ ᠬᠣᠯᠪᠣᠭ᠋ᠠᠨ᠎ᠤ ᠲᠥᠬᠥᠭᠡᠷᠦᠮᠵᠢ ᠦᠢᠯᠡᠳᠬᠦ ᠦᠢᠯᠡᠰ᠎ᠤᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 1.8 ᠳᠠᠬᠢᠨ ᠨᠡᠮᠡᠭᠳᠡᠪᠡ᠃ ᠳᠡᠭᠡᠳᠦ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠪᠡᠯᠡ ᠣᠷᠣᠭᠤᠯᠤᠯᠲᠠ᠎ᠳᠤ᠂ ᠣᠷᠴᠢᠨ ᠠᠬᠤᠢ ᠵᠢ ᠬᠢᠨᠠᠨ ᠬᠡᠮᠵᠢᠬᠦ ᠵᠢᠴᠢ ᠵᠠᠰᠠᠬᠤ ᠦᠢ᠍ᠯᠡᠴᠢᠯᠡᠭᠡᠨ᠎ᠤ ᠪᠡᠯᠡ ᠣᠷᠣᠭᠤᠯᠤᠯᠲᠠ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠤᠯᠲᠠ ᠵᠢᠨ ᠦᠢ᠍ᠯᠡᠴᠢᠯᠡᠭᠡᠨ᠎ᠤ ᠪᠡᠯᠡ ᠣᠷᠣᠭᠤᠯᠤᠯᠲᠠ ᠵᠢ ᠲᠤᠰ ᠪᠦᠷᠢ 26.1%᠂ 89.5%᠎ᠪᠠᠷ ᠨᠡᠮᠡᠭᠳᠡᠭᠦᠯᠪᠡ᠃
ᠭᠤᠷᠪᠠ᠎ᠳᠤ ᠠᠷᠠᠳ᠎ᠤᠨ ᠠᠮᠢᠳᠤᠷᠠᠯ᠎ᠤᠨ ᠬᠦᠷᠢᠶᠡᠨ᠎ᠳᠠᠬᠢ ᠪᠡᠯᠡ ᠣᠷᠣᠭᠤᠯᠤᠯᠲᠠ ᠵᠢᠨ ᠡᠷᠴᠢᠮ ᠵᠶ᠋ᠡᠨ ᠴᠢᠩᠭ᠋ᠠᠷᠠᠭᠤᠯᠪᠠ᠃ ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠡᠷᠡᠭᠦᠯ ᠬᠠᠮᠠᠭ᠋ᠠᠯᠠᠯ ᠪᠠ ᠨᠡᠢ᠌ᠭᠡᠮ᠎ᠤᠨ ᠠᠵᠢᠯ᠂ ᠰᠤᠷᠭ᠋ᠠᠨ ᠬᠥᠮᠦᠵᠢᠯ᠎ᠤᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 47.4%᠂ 6.3% ᠨᠡᠮᠡᠭᠳᠡᠵᠦ᠂ ᠬᠣᠶᠠᠷ ᠵᠢᠯ᠎ᠳᠤ ᠳᠤᠮᠳᠠᠴᠢ᠎ᠪᠠᠷ ᠲᠣᠰ ᠲᠣᠰ 11.9%᠂ 5.6% ᠨᠡᠮᠡᠭᠳᠡᠪᠡ᠃ ᠰᠠᠭᠤᠷᠢ ᠪᠡᠯᠡᠳᠬᠡᠮᠵᠢ ᠵᠢᠨ ᠪᠡᠯᠡ ᠣᠷᠣᠭᠤᠯᠤᠯᠲᠠ ᠵᠢᠨ ᠬᠦᠷᠢᠶᠡᠨ᠎ᠳᠤ᠂ ᠠᠮᠢ ᠠᠬᠤᠢ ᠵᠢᠨ ᠬᠠᠮᠠᠭ᠋ᠠᠯᠠᠯᠲᠠ ᠪᠠ ᠣᠷᠴᠢᠨ ᠲᠣᠭᠣᠷᠢᠨ᠎ᠤ ᠵᠠᠰᠠᠯᠲᠠ ᠵᠢᠨ ᠦᠢ᠍ᠯᠡᠰ᠎ᠤᠨ ᠪᠡᠯᠡ ᠣᠷᠣᠭᠤᠯᠤᠯᠲᠠ 30.3% ᠨᠡᠮᠡᠭᠳᠡᠵᠦ᠂ ᠰᠠᠭᠤᠷᠢ ᠪᠡᠯᠡᠳᠬᠡᠮᠵᠢ ᠵᠢᠨ ᠪᠡᠯᠡ ᠣᠷᠣᠭᠤᠯᠤᠯᠲᠠ ᠵᠢᠨ 7.3% ᠵᠢ ᠡᠵᠡᠯᠡᠵᠦ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ ᠵᠠᠭᠤᠨ᠎ᠤ ᠬᠠᠷᠢᠴᠠᠯ ᠵᠶ᠋ᠠᠷ 1.7 ᠬᠤᠪᠢ ᠳᠡᠭᠡᠭᠰᠢᠯᠡᠪᠡ; ᠤᠰᠤᠨ ᠠᠰᠢᠭᠯᠠᠯᠲᠠ ᠵᠢᠨ ᠣᠷᠴᠢᠨ ᠲᠣᠭᠣᠷᠢᠨ ᠪᠠ ᠣᠯᠠᠨ ᠨᠡᠢ᠌ᠲᠡ ᠵᠢᠨ ᠪᠡᠯᠡᠳᠬᠡᠮᠵᠢ ᠵᠢᠨ ᠬᠠᠮᠢᠶᠠᠷᠤᠯᠲᠠ ᠵᠢᠨ ᠦᠢᠯᠡᠰ᠎ᠤᠨ ᠪᠠᠯᠠ ᠣᠷᠣᠭᠤᠯᠤᠯᠲᠠ 13.2% ᠨᠡᠮᠡᠭᠳᠡᠵᠦ᠂ 1᠎ᠠᠴᠠ 8 ᠳ᠋ᠤᠭ᠋ᠠᠷ ᠰᠠᠷ᠎ᠠ ᠵᠢᠨ᠎ᠬᠢ᠎ᠠᠴᠠ 5.7 ᠵᠠᠭᠤᠨ᠎ᠤ ᠴᠡᠭ ᠳᠡᠭᠡᠭᠰᠢᠯᠡᠪᠡ᠃ ᠴᠠᠬᠢᠯᠭ᠋ᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ᠎ᠤ ᠦᠢᠯᠡᠳᠪᠦᠷᠢᠯᠡᠯ ᠪᠠ ᠬᠠᠩᠭ᠋ᠠᠯᠭ᠎ᠠ ᠵᠢᠨ ᠦᠢᠯᠡᠰ᠎ᠤᠨ ᠪᠠᠯᠠ ᠣᠷᠣᠭᠤᠯᠤᠯᠲᠠ 10.5% ᠨᠡᠮᠡᠭᠳᠡᠵᠦ᠂ 1᠎ᠠᠴᠠ 8 ᠳ᠋ᠤᠭ᠋ᠠᠷ ᠰᠠᠷ᠎ᠠ ᠵᠢᠨ᠎ᠬᠢ᠎ᠲᠠᠢ ᠬᠠᠷᠢᠴᠠᠭᠤᠯᠪᠠᠯ 8.7 ᠵᠠᠭᠤᠨ᠎ᠤ ᠴᠡᠭ ᠳᠡᠭᠡᠭᠰᠢᠯᠡᠪᠡ᠃
ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶᠠᠨ᠎ᠤ ᠰᠤᠷᠪᠤᠯᠵᠢᠯᠠᠭᠴᠢ᠄ ᠨᠡᠢ᠌ᠲᠡᠯᠡᠭᠰᠡᠨ ᠲᠣᠭ᠎ᠠ ᠪᠠᠷᠢᠮᠲᠠ᠎ᠠᠴᠠ ᠦᠵᠡᠪᠡᠯ᠂ ᠪᠥᠬᠥ ᠣᠷᠣᠨ᠎ᠤ ᠬᠡᠷᠡᠭᠯᠡᠭᠡᠨ᠎ᠤ ᠵᠠᠬ᠎ᠠ ᠳᠡᠯᠭᠡᠭᠦᠷ᠎ᠤᠨ ᠠᠵᠢᠯᠯᠠᠭ᠋ᠠᠨ ᠲᠣᠭᠲᠠᠭᠤᠨ ᠪᠠᠢ᠌ᠵᠤ᠂ ᠰᠡᠷᠭᠦᠯᠲᠡ ᠵᠢᠨ ᠪᠠᠢ᠌ᠳᠠᠯ ᠰᠠᠢ᠌ᠵᠢᠷᠠᠬᠤ ᠬᠠᠨᠳᠤᠰᠢ᠎ᠲᠠᠢ ᠪᠠᠢ᠌ᠨ᠎ᠠ᠂ ᠣᠳᠣᠬᠠᠨ᠎ᠤ ᠬᠡᠷᠡᠭᠯᠡᠭᠡᠨ᠎ᠤ ᠵᠠᠬ᠎ᠠ ᠳᠡᠯᠭᠡᠭᠦᠷ᠎ᠨᠢ ᠶᠠᠮᠠᠷ ᠣᠨᠴᠠᠯᠢᠭ᠎ᠲᠠᠢ ᠪᠣᠶ?
ᠰᠢᠶᠠ ᠷᠦᠩ ᠬᠤᠸᠠ᠄ ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠬᠡᠷᠡᠭᠯᠡᠭᠡᠨ᠎ᠤ ᠵᠠᠬ᠎ᠠ ᠳᠡᠯᠭᠡᠭᠦᠷ ᠦᠷᠭᠦᠯᠵᠢᠯᠡᠨ ᠰᠡᠷᠭᠦᠵᠦ᠂ ᠰᠦᠯᠵᠢᠶᠡᠨ ᠳᠡᠭᠡᠷᠡᠬᠢ ᠬᠡᠷᠡᠭᠯᠡᠭᠡᠨ᠎ᠤ ᠬᠡᠷᠡᠭᠴᠡᠭᠡ ᠲᠠᠰᠤᠷᠠᠯᠲᠠ ᠥᠬᠡᠶ ᠢᠯᠡᠷᠡᠪᠡ᠃
ᠵᠠᠬ᠎ᠠ ᠳᠡᠯᠭᠡᠭᠦᠷ᠎ᠤᠨ ᠬᠡᠪᠴᠢᠶ᠎ᠡ᠎ᠠᠴᠠ ᠦᠵᠡᠪᠡᠯ᠄ ᠭᠤᠷᠪᠠᠳᠤᠭ᠋ᠠᠷ ᠤᠯᠠᠷᠢᠯ᠎ᠳᠤ ᠨᠡᠢ᠌ᠭᠡᠮ᠎ᠤᠨ ᠬᠡᠷᠡᠭᠯᠡᠭᠡᠨ᠎ᠤ ᠵᠦᠢᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭ᠎ᠠ 1258.0 ᠳ᠋ᠦᠩᠰᠢᠭᠤᠷ ᠲᠥᠭᠥᠷᠢᠭ᠎ᠢ ᠪᠡᠶᠡᠯᠡᠭᠦᠯᠵᠦ᠂ ᠶᠡᠷᠦᠩᠬᠡᠶ ᠬᠡᠮᠵᠢᠶ᠎ᠡ᠎ᠨᠢ ᠬᠣᠶᠠᠳᠤᠭ᠋ᠠᠷ ᠤᠯᠠᠷᠢᠯ᠎ᠤᠨ᠎ᠬᠢ᠎ᠠᠴᠠ 134.2 ᠳ᠋ᠦᠩᠰᠢᠭᠤᠷ ᠲᠥᠭᠥᠷᠢᠭ ᠨᠡᠮᠡᠭᠳᠡᠪᠡ; ᠡᠭᠦᠨ᠎ᠠᠴᠠ ᠭᠠᠳᠠᠨ᠎ᠠ᠂ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠢ ᠵᠢᠨ ᠵᠢᠵᠢᠭᠯᠡᠨ ᠬᠤᠳᠠᠯᠳᠤᠭᠰᠠᠨ ᠲᠣᠭ᠎ᠠ ᠮᠥᠨ ᠬᠦ᠌ ᠬᠣᠶᠠᠷ ᠣᠷᠣᠨᠲᠤ ᠲᠣᠭ᠎ᠠ ᠵᠢᠨ ᠨᠡᠮᠡᠭᠳᠡᠯ᠎ᠢ ᠪᠠᠲᠤᠯᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 14.8% ᠨᠡᠮᠡᠭᠳᠡᠵᠡᠢ᠃
ᠪᠦᠲᠦᠴᠡ᠎ᠠᠴᠠ᠎ᠨᠢ ᠦᠵᠡᠪᠡᠯ᠄ ᠲᠦᠷᠦᠭᠦᠦ ᠭᠤᠷᠪᠠᠨ ᠤᠯᠠᠷᠢᠯ᠎ᠳᠤ᠂ ᠨᠡᠢ᠌ᠭᠡᠮ᠎ᠤᠨ ᠬᠡᠷᠡᠭᠯᠡᠭᠡᠨ᠎ᠤ ᠵᠦᠢᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭ᠎ᠠ ᠵᠢᠨ ᠳᠣᠲᠣᠷ᠎ᠠ᠂ ᠰᠠᠭᠤᠭ᠋ᠠᠯᠢ ᠠᠷᠠᠳ᠎ᠤᠨ ᠡᠳᠦᠷ ᠲᠤᠲᠤᠮ᠎ᠤᠨ ᠠᠮᠢᠳᠤᠷᠠᠯ᠎ᠲᠠᠢ ᠬᠣᠯᠪᠣᠭᠳᠠᠬᠤ ᠲᠠᠸᠠᠷ᠎ᠤᠨ ᠵᠢᠵᠢᠭᠯᠡᠨ ᠬᠤᠳᠠᠯᠳᠤᠬᠤ ᠨᠡᠮᠡᠭᠳᠡᠯ᠎ᠤᠨ ᠬᠠᠨᠳᠤᠰᠢ ᠶᠡᠷᠦᠩᠬᠡᠶ᠎ᠳᠤ᠎ᠪᠠᠨ ᠲᠣᠭᠲᠠᠭᠤᠨ ᠪᠠᠢ᠌ᠬᠤ ᠵᠢ ᠪᠠᠲᠤᠯᠠᠵᠤ᠂ ᠪᠥᠬᠥ ᠣᠷᠣᠨ᠎ᠤ ᠬᠡᠷᠡᠭᠯᠡᠭᠡᠨ᠎ᠤ ᠵᠠᠬ᠎ᠠ ᠳᠡᠯᠭᠡᠭᠦᠷ᠎ᠤᠨ ᠦᠷᠭᠦᠯᠵᠢᠯᠡᠨ ᠰᠡᠷᠭᠦᠬᠦ ᠴᠢᠬᠤᠯᠠ ᠲᠤᠯᠭ᠋ᠠᠭᠤᠷᠢᠯᠠᠯ ᠪᠣᠯᠤᠭᠰᠠᠨ ᠪᠠᠢ᠌ᠨ᠎ᠠ᠃ ᠪᠥᠬᠥ ᠣᠷᠣᠨ᠎ᠤ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠢ ᠵᠢᠨ ᠠᠮᠤ ᠲᠣᠰᠣ ᠢᠳᠡᠭᠡᠨ᠎ᠤ ᠵᠦᠢᠯ᠎ᠤᠨ ᠵᠢᠵᠢᠭᠯᠡᠨ ᠬᠤᠳᠠᠯᠳᠤᠭᠰᠠᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 10.6% ᠨᠡᠮᠡᠭᠳᠡᠵᠦ᠂ ᠬᠤᠪᠴᠠᠰᠤ ᠬᠤᠨᠠᠷ᠂ ᠱᠠᠬᠠᠶ ᠮᠠᠯᠠᠭ᠋ᠠᠶ᠂ ᠨᠡᠬᠡᠮᠡᠯ᠎ᠤᠨ ᠵᠦᠢᠯ᠎ᠤᠨ ᠲᠥᠷᠥᠯ 6.3%᠂ ᠡᠳᠦᠷ ᠲᠤᠲᠤᠮ᠎ᠤᠨ ᠬᠡᠷᠡᠭᠯᠡᠭᠡᠨ᠎ᠤ ᠵᠦᠢᠯ᠎ᠤᠨ ᠲᠥᠷᠥᠯ 19.7%᠂ ᠴᠢᠯᠠᠭᠤᠨ ᠲᠣᠰᠣ ᠵᠢᠴᠢ ᠦᠢᠯᠡᠳᠬᠦᠨ᠎ᠤ ᠲᠥᠷᠥᠯ 15.6% ᠨᠡᠮᠡᠭᠳᠡᠵᠦ᠂ ᠭᠤᠷᠪᠠᠳᠤᠭ᠋ᠠᠷ ᠤᠯᠠᠷᠢᠯ᠎ᠳᠤ ᠤᠷᠤᠭᠰᠠᠨ᠎ᠠᠴᠠ ᠨᠠᠭ᠋ᠠᠰᠢᠬᠢ ᠨᠡᠮᠡᠭᠳᠡᠯ᠎ᠤᠨ ᠬᠠᠨᠳᠤᠰᠢ᠎ᠪᠠᠨ ᠦᠷᠭᠦᠯᠵᠢᠯᠡᠭᠦᠯᠪᠡ᠃ ᠡᠭᠦᠨ᠎ᠤ ᠬᠠᠮᠲᠤ᠂ ᠲᠡᠰ ᠳᠡᠪᠰᠢᠭᠰᠡᠨ ᠲᠦᠷᠦᠯ᠎ᠤᠨ ᠲᠠᠸᠠᠷ᠎ᠤᠨ ᠬᠡᠷᠡᠭᠯᠡᠭᠡ ᠨᠡᠯᠢᠶᠡᠳ ᠲᠦᠷᠭᠡᠨ ᠨᠡᠮᠡᠭᠳᠡᠯ ᠵᠶ᠋ᠡᠨ ᠪᠠᠲᠤᠯᠠᠵᠠᠢ᠃ ᠰᠢᠨ᠎ᠡ ᠡᠨᠧᠷᠭᠢ ᠵᠢᠨ ᠮᠠᠰᠢᠨ ᠲᠡᠷᠭᠡ᠎ᠪᠠᠷ ᠲᠥᠯᠥᠭᠡᠯᠡᠭᠦᠯᠦᠭᠰᠡᠨ ᠪᠣᠬᠢᠷᠲᠤᠯ ᠥᠬᠡᠶ ᠣᠶᠤᠨᠴᠢ ᠬᠡᠷᠡᠭᠯᠡᠭᠡ ᠦᠷᠭᠦᠯᠵᠢᠯᠡᠨ ᠨᠡᠮᠡᠭᠳᠡᠵᠦ᠂ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 1.4 ᠳᠠᠬᠢᠨ ᠨᠡᠮᠡᠭᠳᠡᠵᠦ᠂ ᠡᠮᠦᠰᠴᠦ ᠵᠡᠭᠦᠵᠦ ᠪᠣᠯᠬᠤ ᠣᠶᠤᠨᠴᠢ ᠲᠥᠬᠥᠭᠡᠷᠦᠮᠵᠢ ᠠᠳᠠᠯᠢ ᠬᠤᠭᠤᠴᠠᠭ᠋ᠠᠨ᠎ᠤ᠎ᠬᠢ᠎ᠠᠴᠠ 13.2% ᠨᠡᠮᠡᠭᠳᠡᠪᠡ᠃
ᠬᠡᠷᠡᠭᠯᠡᠭᠡᠨ᠎ᠤ ᠡᠵᠡᠩᠨᠡᠯᠲᠡ ᠵᠢᠨ ᠬᠡᠯᠪᠡᠷᠢ᠎ᠠᠴᠠ ᠦᠵᠡᠪᠡᠯ᠄ ᠰᠦᠯᠵᠢᠶᠡᠨ ᠳᠡᠭᠡᠷᠡᠬᠢ ᠬᠡᠷᠡᠭᠯᠡᠭᠡ ᠬᠥᠭᠵᠢᠶᠡᠨ᠎ᠲᠠᠢ ᠪᠠᠢ᠌ᠭᠰᠠᠭ᠋ᠠᠷ ᠪᠠᠢ᠌ᠨ᠎ᠠ᠃ ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠰᠦᠯᠵᠢᠶᠡᠨ ᠳᠡᠭᠡᠷ᠎ᠡ ᠵᠢᠵᠢᠭᠯᠡᠨ ᠪᠣᠷᠣᠯᠠᠭᠤᠯᠤᠭᠰᠠᠨ ᠲᠣᠭ᠎ᠠ 375.8 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 39.5% ᠨᠡᠮᠡᠭᠳᠡᠵᠦ᠂ ᠨᠡᠢ᠌ᠭᠡᠮ᠎ᠤᠨ ᠬᠡᠷᠡᠭᠯᠡᠭᠡᠨ᠎ᠤ ᠵᠦᠢᠯ᠎ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠶ ᠲᠣᠭ᠎ᠠ ᠵᠢᠨ ᠨᠡᠮᠡᠭᠳᠡᠯ᠎ᠤᠨ ᠬᠤᠷᠳᠤᠴᠠ᠎ᠠᠴᠠ 30.3 ᠵᠠᠭᠤᠨ᠎ᠤ ᠴᠡᠭ ᠥᠨᠳᠥᠷ ᠪᠣᠯᠵᠠᠶ᠃ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠪᠥᠭᠡᠮ ᠵᠶ᠋ᠡᠷ ᠪᠠ ᠵᠢᠵᠢᠭᠯᠡᠨ ᠬᠤᠳᠠᠯᠳᠤᠬᠤ ᠪᠠ ᠬᠣᠨᠤᠭ ᠬᠣᠭᠤᠯᠠᠨ᠎ᠤ ᠠᠵᠤ ᠠᠬᠤᠢ᠌ᠯᠠᠯ᠎ᠤᠨ ᠰᠦᠯᠵᠢᠶᠡᠨ ᠳᠡᠭᠡᠷᠡᠬᠢ ᠲᠤᠬᠠᠢ᠌ᠯᠠᠭᠰᠠᠨ ᠠᠵᠢᠯ ᠥᠷᠨᠢᠭᠦᠯᠬᠦ ᠨᠢᠭᠡᠴᠢ ᠵᠢᠨ ᠲᠣᠭ᠎ᠠ ᠲᠠᠰᠤᠷᠠᠯᠲᠠ ᠥᠬᠡᠶ ᠨᠡᠮᠡᠭᠳᠡᠪᠡ᠃ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠣᠯᠠᠨ ᠨᠡᠢ᠌ᠲᠡ ᠵᠢᠨ ᠰᠦᠯᠵᠢᠶ᠎ᠡ᠎ᠪᠠᠷ ᠳᠡᠮᠵᠢᠨ ᠪᠡᠶᠡᠯᠡᠭᠦᠯᠦᠭᠰᠡᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ᠂ ᠵᠣᠴᠢᠳ᠎ᠤᠨ ᠥᠷᠥᠭᠡ ᠵᠢᠨ ᠣᠷᠣᠯᠭ᠎ᠠ ᠵᠢᠴᠢ ᠬᠣᠭᠣᠯᠠᠨ ᠰᠦᠢᠳᠬᠡᠯ᠎ᠤᠨ ᠣᠷᠣᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 51.6%᠂ 70.4% ᠪᠠ 41.7% ᠨᠡᠮᠡᠭᠳᠡᠵᠦ᠂ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠢ ᠵᠢᠨ ᠵᠢᠵᠢᠭᠯᠡᠨ ᠬᠤᠳᠠᠯᠳᠤᠭᠰᠠᠨ ᠲᠣᠭ᠎ᠠ᠎ᠠᠴᠠ ᠲᠣᠰ ᠲᠣᠰ 36.8᠂ 55.6 ᠪᠠ 26.9 ᠵᠠᠭᠤᠨ᠎ᠤ ᠴᠡᠭ ᠥᠨᠳᠥᠷ ᠪᠣᠯᠵᠠᠢ᠃