ᠲᠡᠷᠢᠭᠦᠨ ᠬᠠᠭᠤᠳᠠᠰᠤ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ ᠭᠤᠷᠪᠠᠨ ᠵᠢᠯ᠎ᠤᠨ ᠠᠵᠢᠯᠯᠠᠭ᠎ᠠ ᠵᠢᠨ ᠲᠥᠷᠥ ᠵᠢᠨ ᠪᠣᠳᠣᠯᠭ᠎ᠠ ᠵᠢ ᠮᠡᠳᠡᠭᠳᠡᠬᠦ ᠬᠤᠷᠠᠯ ᠬᠢᠪᠠ
ᠨᠡᠶ᠋ᠢᠲᠡᠯᠡᠭᠰᠡᠨ ᠴᠠᠭ᠄ 2021-03-17


     1 ᠳ᠋ᠦ᠍ᠭᠡᠷ ᠰᠠᠷ᠎ᠠ ᠵᠢᠨ 20᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ᠎ᠠᠴᠠ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ ᠭᠤᠷᠪᠠᠨ ᠵᠢᠯ᠎ᠤᠨ ᠠᠵᠢᠯᠯᠠᠭ᠋ᠠᠨ᠎ᠤ ᠲᠥᠷᠥ ᠵᠢᠨ ᠪᠣᠳᠣᠯᠭ᠎ᠠ ᠵᠢ ᠮᠡᠳᠡᠭᠳᠡᠬᠦ ᠬᠤᠷᠠᠯ ᠬᠢᠪᠠ᠃ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠨᠠᠮ᠎ᠤᠨ ᠬᠣᠷᠢᠶ᠎ᠠ ᠵᠢᠨ ᠭᠡᠰᠢᠭᠦᠨ᠂ ᠳᠡᠳ᠋ ᠡᠷᠬᠢᠯᠡᠭᠴᠢ᠂ ᠰᠣᠨᠢᠨ ᠮᠡᠳᠡᠭᠡ ᠨᠡᠶ᠋ᠢᠲᠡᠯᠡᠭᠴᠢ ᠸᠠᠩ ᠰᠢᠶᠤᠤ ᠶᠠᠨ ᠭᠣᠤᠯ ᠰᠡᠳᠦᠪᠲᠦ ᠨᠡᠶ᠋ᠢᠲᠡᠯᠡᠯ ᠬᠢᠭᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠲᠥᠯᠥᠪᠵᠢᠭᠦᠯᠭᠡ ᠬᠥᠭᠵᠢᠭᠦᠯᠦᠯᠲᠡ ᠵᠢᠨ ᠭᠠᠵᠠᠷ᠎ᠤᠨ ᠳᠠᠷᠤᠭ᠎ᠠ ᠸᠧᠶ ᠱᠤ᠌ ᠴᠢ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ ᠭᠠᠵᠠᠷ᠎ᠤᠨ ᠳᠠᠷᠤᠭ᠎ᠠ ᠵᠠᠩ ᠳ᠋ᠦᠩ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠬᠥᠷᠥᠩᠭᠡ ᠵᠢᠨ ᠡᠵᠡᠩᠨᠡᠯᠲᠡ ᠬᠢᠭᠡᠳ ᠠᠰᠢᠭ ᠣᠷᠣᠯᠭ᠎ᠠ ᠵᠢᠨ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ ᠵᠠᠩ ᠱ᠌ᠢ ᠬᠣᠩ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠬᠢᠨᠠᠨ ᠰᠢᠯᠭ᠋ᠠᠵᠤ ᠬᠤᠪᠢᠶᠠᠷᠢᠯᠠᠬᠤ ᠭᠠᠵᠠᠷ᠎ᠤᠨ ᠳᠠᠷᠤᠭ᠎ᠠ ᠪᠠᠶ ᠯᠠᠨ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃

    ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ ᠭᠤᠷᠪᠠᠨ ᠵᠢᠯ᠎ᠤᠨ ᠠᠵᠢᠯᠯᠠᠭ᠋ᠠᠨ᠎ᠤ ᠲᠥᠷᠥ ᠵᠢᠨ ᠪᠣᠳᠣᠯᠭ᠎ᠠ ᠵᠢᠨ ᠲᠤᠬᠠᠶ ᠰᠣᠨᠢᠨ ᠮᠡᠳᠡᠭᠡ ᠨᠡᠶ᠋ᠢᠲᠡᠯᠡᠬᠦ ᠬᠤᠷᠠᠯ ᠳᠡᠭᠡᠷ᠎ᠡ   ᠨᠡᠢ᠌ᠳᠡᠯᠡᠭᠰᠡᠨ ᠶᠠᠷᠢᠶ᠎ᠡ
    ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠨᠠᠮ᠎ᠤᠨ ᠬᠣᠷᠢᠶ᠎ᠠ ᠵᠢᠨ ᠭᠡᠰᠢᠭᠦᠨ᠂ ᠳᠡᠳ᠋ ᠡᠷᠬᠢᠯᠡᠭᠴᠢ᠂ ᠰᠣᠨᠢᠨ ᠮᠡᠳᠡᠭᠡᠨ᠎ᠤ ᠥᠭᠦᠯᠡᠭᠴᠢ     ᠸᠠᠩ ᠰᠢᠶᠤᠤ ᠶᠠᠨ
   
      ᠪᠢ ᠮᠠᠨ᠎ᠤ ᠣᠷᠣᠨ᠎ᠤ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ ᠭᠤᠷᠪᠠᠨ ᠵᠢᠯ᠎ᠤᠨ ᠠᠵᠢᠯᠯᠠᠭ᠎ᠠ ᠵᠢᠨ ᠬᠣᠯᠪᠣᠭᠳᠠᠯ ᠪᠥᠬᠥᠶ ᠪᠠᠶ᠋ᠢᠳᠠᠯ᠎ᠢ ᠣᠯᠠᠨ᠎ᠳᠤ ᠲᠠᠨᠢᠯᠴᠠᠭᠤᠯᠬᠤ ᠪᠤᠯᠤᠭᠰᠠᠨ᠎ᠳᠠᠭᠠᠨ ᠮᠠᠰᠢ ᠪᠠᠶᠠᠷᠲᠠᠶ ᠪᠠᠶ᠋ᠢᠨ᠎ᠠ᠃
    ᠡᠩ ᠲᠡᠷᠢᠭᠦᠨ᠎ᠳᠤ᠂ ᠪᠢ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ ᠤᠳᠤᠷᠢᠳᠬᠤ ᠳᠤᠭᠤᠶ᠋ᠢᠯᠠᠩ᠎ᠤᠨ ᠠᠯᠪᠠᠨ ᠬᠡᠷ᠎ᠤᠨ ᠡᠮᠦᠨ᠎ᠡ᠎ᠠᠴᠠ ᠥᠨᠥᠳᠦᠷ᠎ᠤᠨ ᠲᠥᠷᠥ ᠵᠢᠨ ᠪᠣᠳᠣᠯᠭ᠎ᠠ ᠵᠢᠨ ᠪᠠᠶ᠋ᠢᠳᠠᠯ ᠮᠡᠳᠡᠭᠳᠡᠬᠦ ᠬᠤᠷᠠᠯ᠎ᠳᠤ ᠣᠷᠣᠯᠴᠠᠭᠰᠠᠨ ᠰᠣᠨᠢᠨ ᠮᠡᠳᠡᠭᠡᠨ᠎ᠤ ᠡᠲᠡᠭᠡᠳ᠎ᠤᠨ ᠨᠠᠶ᠋ᠢᠵᠠ ᠨᠠᠷ᠎ᠢ ᠬᠠᠯᠠᠭᠤᠨ ᠵᠶ᠋ᠠᠷ ᠤᠭᠲᠤᠵᠤ ᠪᠠᠶ᠋ᠢᠨ᠎ᠠ! ᠮᠦᠨ ᠴᠦ᠍ ᠡᠨᠡ ᠬᠦ᠌ ᠲᠣᠬᠢᠶᠠᠯ᠎ᠢ ᠠᠰᠢᠭᠯᠠᠨ᠂ ᠪᠥᠬᠥ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ ᠬᠥᠭᠵᠢᠯᠲᠡ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠬᠠᠯᠠᠮᠵᠢᠯᠠᠨ ᠠᠩᠬᠠᠷᠴᠤ ᠳᠡᠮᠵᠢᠭᠰᠡᠨ ᠨᠡᠶ᠋ᠢᠭᠡᠮ᠎ᠤᠨ ᠡᠯ᠎ᠡ ᠡᠲᠡᠭᠡᠳ᠎ᠤᠨ ᠨᠠᠶ᠋ᠢᠵᠠ ᠨᠠᠷ᠎ᠲᠤ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠵᠦ ᠪᠠᠶ᠋ᠢᠨ᠎ᠠ!
   1 ᠳ᠋ᠦ᠍ᠭᠡᠷ ᠰᠠᠷ᠎ᠠ ᠵᠢᠨ 7᠎ᠤ ᠡᠳᠦᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ ᠭᠤᠷᠪᠠᠨ ᠵᠢᠯ᠎ᠤᠨ ᠠᠵᠢᠯᠯᠠᠭ᠋ᠠᠨ᠎ᠤ ᠬᠡᠷᠡᠭᠵᠢᠭᠦᠯᠬᠦ ᠲᠥᠰᠦᠯ》᠎ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠬᠣᠷᠢᠶ᠎ᠠ ᠵᠢᠨ ᠠᠷᠪᠠᠨ ᠬᠣᠶᠠᠳᠤᠭ᠋ᠠᠷ ᠤᠳᠠᠭ᠎ᠠ ᠵᠢᠨ ᠬᠤᠷᠠᠯ ᠵᠶ᠋ᠠᠷ ᠬᠢᠨᠠᠨ ᠵᠥᠪᠯᠡᠵᠦ ᠪᠠᠲᠤᠯᠠᠭ᠋ᠠᠳ᠂ ᠬᠣᠶ᠋ᠢᠰᠢᠳᠠ ᠵᠢᠨ ᠮᠠᠨ᠎ᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ᠎ᠳᠤ 《ᠳᠠᠶ᠋ᠢᠴᠢᠯᠠᠯᠲᠠ ᠵᠢᠨ ᠵᠠᠷᠯᠢᠭ》 ᠪᠠᠭᠤᠯᠭ᠋ᠠᠵᠤ᠂ 《ᠲᠠᠭ᠋ᠠᠷᠢᠯᠲᠠ ᠵᠢᠨ ᠪᠦᠷᠢᠶ᠎ᠡ》 ᠵᠢ ᠬᠠᠩᠭᠢᠨᠠᠭᠤᠯᠪᠠ᠃ ᠤᠯᠠᠨ᠎ᠤ ᠠᠰᠠᠭᠤᠯᠲᠠ ᠵᠢ ᠬᠠᠷᠢᠭᠤᠯᠬᠤ᠎ᠠᠴᠠ ᠡᠮᠦᠨ᠎ᠡ᠂ ᠪᠢ ᠤᠷᠢᠳ ᠵᠶ᠋ᠠᠷ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ ᠬᠣᠯᠪᠣᠭᠳᠠᠯ ᠪᠦᠬᠦᠢ ᠪᠠᠶ᠋ᠢᠳᠠᠯ᠎ᠢ   ᠲᠦᠭᠦᠮ ᠲᠠᠨᠢᠯᠴᠠᠭᠤᠯᠤᠶ᠎ᠠ᠃
    ᠣᠷᠴᠢᠮ᠎ᠤᠨ ᠵᠢᠯ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠰᠢᠰᠲ᠋ᠧᠮ᠎ᠤᠨ᠎ᠬᠢᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠪᠠ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ   ᠬᠤᠷᠠᠯ᠂ ᠭᠤᠷᠪᠠᠳᠤᠭ᠋ᠠᠷ ᠬᠤᠷᠠᠯ᠂ ᠳᠥᠷᠪᠡᠳᠦᠭᠡᠷ ᠬᠤᠷᠠᠯ᠂ ᠲᠥᠪ ᠬᠣᠷᠢᠶᠠᠨ᠎ᠤ ᠲᠠᠪᠤᠳᠤᠭ᠋ᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ ᠪᠣᠯᠤᠨ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠥᠭᠡᠷᠡᠴᠢᠯᠡᠯᠲᠡ ᠬᠥᠭᠵᠢᠯᠲᠡ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠨᠡᠢ᠌ᠳᠡᠪᠤᠵᠢᠷᠭᠤᠯᠪᠠ᠂ ᠨᠠᠮ᠎ᠤᠨ ᠲᠥᠪ ᠬᠣᠷᠢᠶ᠎ᠠ  ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠳᠣ ᠪᠣᠳᠣᠯᠭ᠎ᠠ ᠵᠢᠨ ᠪᠠᠶ᠋ᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠂ ᠵᠠᠰᠠᠭ᠎ᠤᠨ ᠣᠷᠳᠣᠨ᠎ᠤ ᠪᠠᠲᠤ ᠴᠢᠩᠭ᠎ᠠ ᠤᠳᠤᠷᠢᠳᠤᠯᠭ᠎ᠠ ᠲᠤᠤᠷ᠎ᠠ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ 《1 + 47》 ᠲᠦᠷᠦ ᠵᠢᠨ ᠪᠤᠳᠤᠯᠭ᠎ᠠ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠯᠠᠪᠳᠠᠭᠤᠨ ᠪᠠᠲᠤᠲᠠᠢ ᠠᠬᠢᠭᠤᠯᠪᠠ᠂ ᠠᠵᠤ ᠠᠬᠤᠶ᠋ᠢᠯᠠᠯ᠎ᠤᠨ ᠪᠦᠬᠦᠯᠢ ᠴᠣᠭᠴᠠ ᠵᠢᠨ ᠠᠰᠢᠭ ᠣᠯᠵᠠᠪᠤᠷᠢ ᠵᠢᠨ ᠰᠠᠭᠤᠷᠢ ᠦᠷᠭᠦᠯᠵᠢᠯᠡᠨ ᠪᠡᠬᠢᠵᠢᠵᠤ᠂ ᠤᠯᠤᠰ᠎ᠤᠨ ᠥᠮᠴᠢᠯᠡᠯ᠎ᠤᠨ ᠬᠦᠷᠦᠨᠭᠭᠡ ᠵᠢᠨ ᠪᠠᠶ᠋ᠢᠷᠢᠰᠢᠯ᠎ᠤᠨ ᠪᠦᠲᠦᠴᠡ ᠲᠠᠰᠤᠷᠠᠯᠳᠠ ᠦᠭᠡᠢ ᠰᠢᠯᠢᠳᠡᠭᠵᠢᠪᠡ᠂ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠦᠢ᠍ᠯᠡᠳᠣᠯ ᠴᠢᠳᠠᠪᠤᠷᠢ ᠵᠢ ᠪᠦᠲᠦᠮᠵᠢᠲᠡᠶ ᠲᠡᠭᠡᠭᠰᠢᠯᠡᠭᠦᠯᠵᠦ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠨᠠᠮ᠎ᠤᠨ ᠤᠳᠤᠷᠢᠳᠤᠯᠭ᠎ᠠ ᠨᠠᠮ᠎ᠤᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠪᠠ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠥᠭᠡᠷᠡᠴᠢᠯᠡᠯᠲᠡ ᠴᠢᠬᠤᠯᠠ ᠬᠦᠷᠢᠶ᠎ᠡ ᠪᠠ ᠵᠠᠩᠭᠢᠯᠠᠭ᠎ᠠ ᠵᠢᠨ ᠭᠣᠭᠴᠣᠭ᠎ᠠ᠎ᠳᠤ ᠠᠯᠢ ᠤᠯᠠᠨ ᠴᠢᠬᠤᠯᠠ ᠶᠡᠬᠡ ᠠᠬᠢᠴᠠ ᠵᠢ ᠪᠡᠶᠡᠯᠡᠭᠦᠯᠵᠦ᠂ ᠴᠢᠬᠤᠯᠠ ᠦᠷ᠎ᠡ ᠪᠦᠲᠦᠭᠡᠯ ᠣᠯᠵᠠᠶ᠂ ᠪᠦᠬᠦ ᠣᠷᠣᠨ᠎ᠤ ᠤᠯᠤᠰ᠎ᠤᠨ ᠥᠮᠴᠢᠯᠡᠯ᠎ᠤᠨ ᠡᠳ᠋ ᠬᠦᠷᠦᠩᠭᠡ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ ᠰᠢᠨ᠎ᠡ ᠭᠠᠷᠤᠭ᠎ᠠ ᠳᠡᠭᠡᠷ᠎ᠡ ᠵᠣᠭᠰᠣᠪᠠ᠃
      ᠨᠢᠭᠡ᠎ᠳᠤ᠂ ᠥᠭᠡᠷᠡᠴᠢᠯᠡᠯᠲᠡ ᠵᠢᠨ ᠤᠷᠤᠢ ᠵᠢᠨ ᠳᠠᠪᠬᠤᠷᠭ᠎ᠠ ᠵᠢᠨ ᠵᠢᠷᠤᠭ ᠲᠥᠯᠥᠪᠯᠡᠭᠡ ᠵᠢ ᠦᠨᠳᠦᠰᠦᠨ᠎ᠳᠡᠭᠡᠨ ᠪᠠᠶᠠᠯᠡᠭᠦᠯᠪᠡ᠃ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠂ ᠳᠤᠮᠳᠠᠳᠤ ᠤᠯᠤᠰ᠎ᠤᠨ ᠣᠨᠴᠠᠯᠢᠭ ᠪᠥᠬᠥᠶ ᠣᠲᠣ ᠦᠶ᠎ᠡ ᠵᠢᠨ ᠠᠵᠤ ᠠᠬᠤᠶ᠋ᠢᠯᠠᠯ᠎ᠤᠨ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠬᠦ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠪᠠᠶ᠋ᠢᠭᠤᠯᠤᠯ᠎ᠢ ᠲᠡᠭᠦᠯᠳᠡᠷᠵᠢᠭᠦᠯᠬᠦ᠂ ᠬᠢᠨᠠᠯᠲᠠ ᠲᠠᠯᠪᠢᠵᠤ ᠰᠡᠷᠭᠡᠶ᠋ᠢᠯᠡᠬᠦ ᠵᠢ ᠴᠢᠩᠭ᠋ᠠᠷᠠᠭᠤᠯᠬᠤ᠂ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠨᠠᠮ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ᠂ ᠥᠭᠡᠷᠡᠴᠢᠯᠡᠯᠲᠡ ᠬᠥᠭᠵᠢᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠵᠡᠷᠭᠡ ᠲᠠᠯ᠎ᠠ᠎ᠪᠠᠷ 《ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ   ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》 ᠵᠡᠷᠭᠡ ᠪᠢᠴᠢᠭ ᠮᠠᠲ᠋ᠧᠷᠢᠶᠠᠯ᠎ᠢ ᠤᠷᠢᠳ ᠬᠣᠵᠢᠳ ᠨᠡᠶ᠋ᠢᠲᠡᠯᠡᠵᠦ᠂ ᠥᠪᠡᠷᠲᠡᠭᠡᠨ ᠵᠠᠰᠠᠬᠤ ᠣᠷᠣᠨ᠎ᠤ 《1 + 47》 ᠵᠢᠨ ᠥᠭᠡᠷᠡᠴᠢᠯᠡᠯᠲᠡ ᠵᠢᠨ ᠲᠥᠷᠥ ᠵᠢᠨ ᠪᠣᠳᠣᠯᠭ᠎ᠠ ᠵᠢᠨ ᠰᠢᠰᠲ᠋ᠧᠮᠵᠢ᠎ᠪᠠᠷ ᠶᠡᠷᠦᠩᠬᠡᠶ᠋ᠢᠯᠡᠨ ᠵᠢᠯᠣᠭᠣᠳᠣᠭᠤᠯᠵᠤ᠂ ᠨᠡᠶ᠋ᠢᠳᠡᠮ᠎ᠳᠤᠨᠢ ᠥᠭᠡᠷᠡᠴᠢᠯᠡᠯᠲᠡ ᠵᠢᠨ ᠡᠭᠦᠷᠭᠡ ᠵᠢ ᠱᠠᠲᠤᠯᠢᠭ ᠵᠶ᠋ᠠᠷ ᠥᠷᠨᠢᠭᠦᠯᠦᠨ᠂ ᠭᠣᠤᠯᠳᠠᠯᠭ᠎ᠠ᠎ᠲᠠᠢ ᠬᠦᠷᠢᠶ᠎ᠡ ᠴᠠᠷᠠᠭ᠎ᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ ᠠᠬᠢᠭᠤᠯᠤᠭᠰᠠᠨ ᠪᠠᠶ᠋ᠢᠳᠠᠯ᠎ᠢ ᠪᠣᠶ ᠪᠣᠯᠭ᠋ᠠᠪᠠ᠃
    ᠬᠣᠶᠠᠷ᠎ᠲᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠤᠳᠤ ᠦᠶ᠎ᠡ ᠵᠢᠨ ᠠᠵᠤ ᠠᠬᠤᠶ᠋ᠢᠯᠠᠯ᠎ᠤᠨ ᠳᠦᠷᠢᠮ᠎ᠢ ᠪᠦᠷᠢᠨᠰᠢᠭᠦᠯᠦᠨ ᠲᠡᠭᠦᠯᠳᠡᠷᠵᠢᠭᠦᠯᠪᠡ᠃ ᠨᠠᠮ᠎ᠤᠨ ᠤᠳᠤᠷᠢᠳᠤᠯᠭ᠎ᠠ ᠵᠢ ᠺᠣᠮᠫᠠᠨᠢ ᠵᠢᠨ ᠵᠠᠰᠠᠯᠲᠠ ᠵᠢᠨ ᠪᠦᠲᠦᠴᠡ᠎ᠳᠤ ᠪᠦᠲᠦᠮᠵᠢᠲᠡᠢ ᠠᠭᠤᠰᠤᠯᠴᠠᠭᠤᠯᠵᠤ᠂ 《ᠬᠣᠣᠰ ᠴᠢᠭᠯᠡᠯ ᠵᠶ᠋ᠠᠷ ᠣᠷᠣᠬᠤ᠂ ᠰᠣᠯᠪᠢᠴᠠᠨ ᠲᠤᠰᠢᠶᠠᠯ ᠡᠭᠦᠷᠭᠡᠯᠡᠬᠦ》 ᠤᠳᠤᠷᠢᠳᠬᠤ ᠪᠠᠶ᠋ᠢᠭᠤᠯᠤᠮᠵᠢ ᠵᠢ ᠨᠠᠶ᠋ᠢᠳᠠᠪᠤᠷᠢᠵᠢᠭᠤᠯᠬᠤ᠎ᠪᠠᠷ ᠳᠠᠮᠵᠢᠭᠤᠯᠤᠨ᠂ ᠨᠠᠮ᠎ᠤᠨ ᠬᠣᠷᠢᠶᠠᠨ᠎ᠤ ᠬᠤᠷᠠᠯ᠎ᠠᠴᠠ ᠴᠢᠬᠤᠯᠠ ᠶᠡᠬᠡ ᠡᠵᠡᠩᠨᠡᠯᠲᠡ ᠬᠠᠮᠢᠶᠠᠷᠤᠯᠲᠠ ᠵᠢᠨ ᠵᠦᠢ᠍ᠯ᠎ᠢ ᠤᠷᠢᠳ ᠵᠶ᠋ᠠᠷ ᠰᠤᠳᠤᠯᠤᠨ ᠶᠠᠷᠢᠯᠴᠠᠬᠤ ᠵᠢ ᠬᠡᠷᠡᠭᠵᠢᠭᠦᠯᠵᠦ᠂ ᠠᠵᠤ ᠠᠬᠤᠶ᠋ᠢᠯᠠᠯ᠎ᠤᠨ ᠨᠠᠮ᠎ᠤᠨ ᠬᠣᠷᠢᠶᠠᠨ᠎ᠤ ᠴᠢᠭᠯᠡᠯ᠎ᠢ ᠡᠵᠡᠮᠳᠡᠬᠦ᠂ ᠶᠡᠬᠡ ᠲᠠᠯ᠎ᠠ ᠵᠢ ᠬᠠᠮᠢᠶᠠᠷᠬᠤ᠂ ᠨᠠᠶ᠋ᠢᠳᠠᠪᠤᠷᠢᠵᠢᠭᠤᠯᠤᠯᠲᠠ ᠵᠢ ᠪᠠᠲᠤᠯᠠᠬᠤ ᠤᠳᠤᠷᠢᠳᠬᠤ ᠦᠢ᠍ᠯᠡᠳᠦᠯ᠎ᠢ ᠤᠯᠠᠮ ᠴᠢᠨᠠᠭᠰᠢᠳᠠ ᠪᠠᠳᠠᠷᠠᠭᠤᠯᠪᠠ᠃ 《ᠨᠠᠮ᠎ᠤᠨ ᠪᠠᠶ᠋ᠢᠭᠤᠯᠤᠯᠲᠠ ᠵᠢᠨ ᠱᠠᠭ᠋ᠠᠷᠳᠠᠯᠭ᠎ᠠ ᠵᠢ ᠲᠦᠷᠢᠮ᠎ᠳᠤ ᠣᠷᠣᠭᠤᠯᠬᠤ》 ᠵᠢ ᠨᠠᠶ᠋ᠢᠳᠠᠪᠤᠷᠢᠵᠢᠭᠤᠯᠵᠤ᠂ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠠᠵᠤ ᠠᠬᠤᠶ᠋ᠢᠯᠠᠯ᠎ᠤᠨ ᠲᠦᠷᠢᠮ᠎ᠳᠤ ᠵᠠᠰᠠᠪᠤᠷᠢ ᠣᠷᠣᠭᠤᠯᠬᠤ ᠵᠢ ᠪᠦᠬᠦᠨ᠎ᠢ ᠪᠡᠶᠡᠯᠡᠭᠦᠯᠪᠡ᠃ 9 ᠠᠵᠤ ᠠᠬᠤᠶ᠋ᠢᠯᠠᠯ᠎ᠤᠨ ᠨᠠᠮ᠎ᠤᠨ ᠬᠣᠷᠢᠶ᠎ᠠ ᠬᠤᠭᠤᠴᠠᠭ᠎ᠠ ᠰᠣᠯᠢᠬᠤ ᠠᠵᠢᠯ ᠵᠶ᠋ᠠᠨ ᠳᠠᠭᠤᠰᠬᠠᠪᠠ᠃ ᠣᠷᠣᠨ᠎ᠤ ᠰᠢᠭᠤᠳ ᠬᠠᠷᠢᠶ᠎ᠠ 24 ᠠᠵᠤ ᠠᠬᠤᠶ᠋ᠢᠯᠠᠯ᠎ᠤᠨ ᠪᠦᠯᠦᠭᠯᠡᠯ᠎ᠤᠨ ᠳᠠᠪᠬᠤᠷᠭ᠎ᠠ᠎ᠳᠤ ᠺᠣᠮᠫᠠᠨᠢ ᠵᠢᠨ ᠲᠦᠷᠢᠮ᠎ᠤᠨ ᠥᠭᠡᠷᠡᠴᠢᠯᠡᠯᠲᠡ ᠵᠢ ᠦᠨᠳᠦᠰᠦᠨ᠎ᠳᠡᠭᠡᠨ ᠪᠡᠶᠡᠯᠡᠭᠦᠯᠵᠦ᠂ ᠺᠣᠮᠫᠠᠨᠢ ᠵᠢᠨ ᠬᠠᠤᠯᠢ ᠵᠢᠨ ᠡᠷᠬᠡᠲᠡᠨ᠎ᠤ ᠵᠠᠰᠠᠯᠲᠠ ᠵᠢᠨ ᠪᠦᠲᠦᠴᠡ ᠦᠷᠭᠦᠯᠵᠢᠯᠡᠨ ᠲᠡᠭᠦᠯᠳᠡᠷᠵᠢᠵᠦ᠂ ᠣᠷᠣᠨ᠎ᠤ ᠰᠢᠭᠤᠳ ᠬᠠᠷᠢᠶ᠎ᠠ ᠠᠵᠤ ᠠᠬᠤᠶ᠋ᠢᠯᠠᠯ᠎ᠤᠨ ᠪᠦᠯᠦᠭᠯᠡᠯ᠎ᠤᠨ ᠳᠠᠪᠬᠤᠷᠭ᠎ᠠ᠎ᠳᠤ ᠴᠥᠮ ᠵᠢᠷᠤᠮᠵᠢᠭᠰᠠᠨ ᠬᠡᠷᠡᠭ ᠮᠡᠳᠡᠭᠴᠢᠳ᠎ᠤᠨ ᠬᠤᠷᠠᠯ ᠪᠠᠶ᠋ᠢᠭᠤᠯᠪᠠ᠃ 5 ᠲᠠᠯ᠎ᠠ ᠵᠢᠨ 14 ᠵᠦᠢ᠍ᠯ᠎ᠤᠨ ᠪᠠᠯᠠ ᠭᠠᠷᠭ᠋ᠠᠭᠴᠢ ᠵᠢᠨ ᠡᠷᠬᠡ ᠵᠢ ᠪᠤᠭᠤᠲᠤ ᠵᠢᠨ ᠪᠣᠯᠣᠳ ᠲᠡᠮᠦᠷ᠎ᠤᠨ ᠺᠣᠮᠫᠠᠨᠢ᠂ ᠥᠪᠥᠷ ᠮᠣᠩᠭᠣᠯ᠎ᠤᠨ ᠡᠨᠧᠷᠭᠢ ᠵᠢᠨ ᠺᠣᠮᠫᠠᠨᠢ᠂ ᠵᠠᠮ ᠬᠠᠷᠢᠯᠴᠠᠭ᠋ᠠᠨ᠎ᠤ ᠪᠠᠯᠠ ᠣᠷᠣᠭᠤᠯᠤᠯᠲᠠ ᠵᠡᠷᠭᠡ ᠤᠯᠤᠰ᠎ᠤᠨ ᠥᠮᠴᠢᠯᠡᠯ᠎ᠤᠨ ᠬᠥᠷᠥᠩᠭᠡ ᠵᠢᠨ ᠪᠠᠯᠠ ᠣᠷᠣᠭᠤᠯᠤᠯᠲᠠ ᠵᠢᠨ ᠺᠣᠮᠫᠠᠨᠢ ᠵᠢᠨ ᠲᠤᠷᠰᠢᠯᠲᠠ ᠵᠢᠨ ᠠᠵᠤ ᠠᠬᠤᠶ᠋ᠢᠯᠠᠯ᠎ᠤᠨ ᠬᠡᠷᠡᠭ ᠮᠡᠳᠡᠭᠴᠢᠳ᠎ᠤᠨ ᠵᠥᠪᠯᠡᠯ᠎ᠳᠤ ᠣᠯᠭᠣᠵᠤ᠂ ᠤᠯᠤᠰ᠎ᠤᠨ ᠥᠮᠴᠢᠯᠡᠯ᠎ᠤᠨ ᠪᠠᠯᠠ ᠬᠥᠷᠥᠩᠭᠡ ᠵᠢᠨ ᠡᠵᠡᠩᠨᠡᠯᠲᠡ ᠵᠢᠨ ᠺᠣᠮᠫᠠᠨᠢ ᠵᠢᠨ ᠬᠡᠷᠡᠭ ᠮᠡᠳᠡᠭᠴᠢᠳ᠎ᠤᠨ ᠵᠥᠪᠯᠡᠯ᠎ᠳᠤ 10 ᠵᠦᠢ᠍ᠯ᠎ᠤᠨ ᠪᠠᠯᠠ ᠭᠠᠷᠭ᠋ᠠᠭᠴᠢ ᠵᠢᠨ ᠡᠷᠬᠡ ᠣᠯᠭᠣᠵᠤ᠂ ᠬᠡᠷᠡᠭ ᠮᠡᠳᠡᠭᠴᠢᠳ᠎ᠤᠨ ᠬᠤᠷᠠᠯ᠎ᠤᠨ ᠡᠷᠬᠡ ᠲᠤᠰᠢᠶᠠᠯ᠎ᠢ ᠪᠦᠲᠦᠮᠵᠢᠲᠡᠶ ᠨᠠᠶ᠋ᠢᠳᠠᠪᠤᠷᠢᠵᠢᠭᠤᠯᠪᠠ᠃
      ᠭᠤᠷᠪᠠ᠎ᠳᠤ᠂ ᠬᠣᠯᠢᠮᠠᠭ ᠥᠮᠴᠢᠯᠡᠯ᠎ᠤᠨ ᠳᠦᠷᠢᠮᠲᠦ ᠥᠭᠡᠷᠡᠴᠢᠯᠡᠯᠲᠡ ᠵᠢ ᠢᠳᠡᠪᠬᠢᠲᠡᠢ ᠪᠥᠭᠡᠳ ᠯᠠᠪᠳᠠᠭᠤᠨ ᠵᠶ᠋ᠠᠷ ᠲᠦᠯᠬᠢᠨ ᠠᠬᠢᠭᠤᠯᠪᠠ᠃ ᠬᠣᠯᠢᠮᠠᠭ ᠥᠮᠴᠢᠯᠡᠯ᠎ᠤᠨ ᠲᠦᠷᠢᠮ᠎ᠤᠨ ᠥᠭᠡᠷᠡᠴᠢᠯᠡᠯᠲᠡ ᠵᠢ ᠰᠢᠨ᠎ᠡ ᠨᠢᠭᠡ ᠡᠭᠡᠯᠵᠢ ᠵᠢᠨ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ ᠴᠢᠬᠤᠯᠠ ᠰᠢᠪᠲᠤᠯᠤᠯᠲᠠ ᠵᠢᠨ ᠴᠡᠭ ᠪᠣᠯᠭ᠋ᠠᠬᠤ ᠵᠢ ᠪᠠᠷᠢᠮᠲᠠᠯᠠᠵᠤ᠂ ᠬᠣᠯᠢᠮᠠᠭ ᠥᠮᠴᠢᠯᠡᠯ᠎ᠤᠨ ᠲᠦᠷᠢᠮ᠎ᠤᠨ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠦᠯ ᠪᠠ ᠠᠵᠢᠯᠯᠠᠭ᠋ᠠᠨ᠎ᠤ ᠵᠢᠯᠣᠭᠣᠳᠤᠮᠵᠢ ᠵᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ ᠢᠵᠢ ᠪᠥᠷᠢᠳᠦᠭᠰᠡᠨ ᠲᠦᠷᠢᠮ᠎ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠎ᠡ᠃ ᠬᠣᠯᠢᠮᠠᠭ ᠥᠮᠴᠢᠯᠡᠯ᠎ᠤᠨ ᠲᠦᠷᠢᠮ᠎ᠤᠨ ᠥᠭᠡᠷᠡᠴᠢᠯᠡᠯᠲᠡ ᠵᠢᠨ ᠲᠥᠷᠥᠯ ᠵᠦᠢ᠍ᠯ᠎ᠢ ᠨᠡᠶ᠋ᠢᠲᠡᠯᠡᠬᠦ ᠲᠠᠪᠴᠠᠩ᠎ᠢ ᠪᠠᠶ᠋ᠢᠭᠤᠯᠵᠤ᠂ ᠬᠣᠯᠢᠮᠠᠭ ᠥᠮᠴᠢᠯᠡᠯ᠎ᠤᠨ ᠲᠦᠷᠢᠮ᠎ᠤᠨ 100 ᠰᠢᠬᠠᠮ ᠲᠥᠷᠥᠯ ᠵᠦᠢ᠍ᠯ᠎ᠢ ᠪᠦᠯᠦᠭ ᠬᠤᠪᠢᠶᠠᠨ ᠨᠡᠶ᠋ᠢᠭᠡᠮ ᠨᠡᠶ᠋ᠢᠲᠡ᠎ᠳᠤ ᠲᠠᠨᠢᠯᠴᠠᠭᠤᠯᠪᠠ᠃ ᠪᠤᠭᠤᠲᠤ ᠵᠢᠨ ᠪᠣᠯᠣᠳ ᠲᠡᠮᠦᠷ᠎ᠤᠨ ᠪᠦᠯᠦᠭᠯᠡᠯ᠂ ᠴᠠᠬᠢᠯᠭ᠋ᠠᠨ ᠬᠦᠴᠦᠨ᠎ᠤ ᠥᠪᠥᠷ ᠮᠣᠩᠭᠣᠯ᠎ᠤᠨ ᠡᠨᠧᠷᠭᠢ ᠵᠢᠨ ᠠᠳᠠᠯ ᠠᠬᠤᠶ ᠪᠠ ᠥᠪᠥᠷ ᠮᠣᠩᠭᠣᠯ᠎ᠤᠨ ᠡᠨᠧᠷᠭᠢ ᠵᠢᠨ ᠬᠢᠩᠭ᠋ᠠᠨ᠎ᠤ ᠢᠯᠴᠢ ᠴᠠᠬᠢᠯᠭ᠋ᠠᠨ᠎ᠢ ᠤᠯᠤᠰ᠎ᠤᠨ ᠭᠤᠷᠪᠠᠳᠤᠭ᠋ᠠᠷ ᠪᠦᠯᠦᠭ᠂ ᠳᠥᠷᠪᠡᠳᠦᠭᠡᠷ ᠪᠦᠯᠦᠭ ᠬᠣᠯᠢᠮᠠᠭ ᠥᠮᠴᠢᠯᠡᠯ᠎ᠤᠨ ᠲᠦᠷᠢᠮ᠎ᠤᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠢᠭ᠎ᠤᠨ ᠠᠵᠢᠯ᠎ᠢ ᠭᠦᠨᠵᠡᠭᠡᠶ ᠬᠡᠷᠡᠭᠵᠢᠭᠦᠯᠬᠦ ᠵᠢ ᠠᠬᠢᠭᠤᠯᠵᠤ᠂ ᠪᠤᠭᠤᠲᠤ ᠵᠢᠨ ᠪᠣᠯᠣᠳ ᠲᠡᠮᠦᠷ᠎ᠤᠨ ᠪᠦᠯᠦᠭᠯᠡᠯ ᠵᠡᠷᠭᠡ ᠭᠣᠤᠯᠳᠠᠯᠭ᠎ᠠ᠎ᠲᠠᠢ ᠨᠢᠷᠤᠭᠤᠪᠴᠢ ᠠᠵᠤ ᠠᠬᠤᠶ᠋ᠢᠯᠠᠯ᠎ᠤᠨ ᠬᠠᠷᠢᠶ᠎ᠠ ᠪᠥᠬᠥᠶ ᠠᠵᠤ ᠠᠬᠤᠶ᠋ᠢᠯᠠᠯ᠎ᠤᠨ ᠬᠣᠯᠢᠮᠠᠭ ᠥᠮᠴᠢᠯᠡᠯ᠎ᠤᠨ ᠲᠦᠷᠢᠮ᠎ᠤᠨ ᠥᠭᠡᠷᠡᠴᠢᠯᠡᠯᠲᠡ ᠵᠢ ᠶᠡᠬᠡᠪᠡᠷ ᠳᠡᠭᠡᠭᠰᠢᠯᠡᠭᠦᠯᠦᠨ᠂ ᠲᠢᠶᠧ ᠵᠢᠶᠧ ᠪᠠᠷᠠᠭ᠋ᠠᠨ᠎ᠤ ᠭᠦᠢ᠍ᠯᠭᠡᠭᠡᠨ᠎ᠤ ᠺᠣᠮᠫᠠᠨᠢ᠂ ᠡᠵᠢ ᠨᠠᠭᠤᠷ᠎ᠤᠨ ᠳᠠᠪᠤᠰᠤ ᠦᠢ᠍ᠯᠡᠳᠬᠦ ᠺᠣᠮᠫᠠᠨᠢ ᠵᠡᠷᠭᠡ ᠨᠢᠭᠡ ᠪᠦᠯᠦᠭ ᠬᠣᠯᠢᠮᠠᠭ ᠥᠮᠴᠢᠯᠡᠯ᠎ᠤᠨ ᠲᠦᠷᠢᠮ᠎ᠤᠨ ᠥᠭᠡᠷᠡᠴᠢᠯᠡᠯᠲᠡ ᠵᠢᠨ ᠵᠠᠭᠪᠤᠷ᠎ᠢ ᠪᠥᠬᠥ ᠣᠷᠣᠨ᠎ᠳᠤ ᠬᠠᠭᠤᠯᠪᠤᠷᠢᠯᠠᠨ ᠳᠡᠯᠭᠡᠷᠡᠭᠦᠯᠦᠨ᠎ᠡ᠃
      ᠳᠥᠷᠪᠡ᠎ᠳᠤ᠂ ᠤᠯᠤᠰ᠎ᠤᠨ ᠥᠮᠴᠢᠯᠡᠯᠲᠦ ᠬᠥᠷᠥᠩᠭᠡ ᠵᠢᠨ ᠪᠠᠶ᠋ᠢᠷᠢᠰᠢᠭᠤᠯᠤᠯ᠎ᠤᠨ ᠪᠦᠲᠦᠴᠡ ᠵᠢ ᠲᠠᠰᠤᠷᠠᠯᠲᠠ ᠤᠢ᠍ᠭᠡᠢ ᠰᠢᠯᠢᠳᠡᠭᠵᠢᠭᠦᠯᠪᠡ᠃ ᠣᠷᠣᠨ᠎ᠤ ᠬᠠᠷᠢᠶ᠎ᠠ ᠪᠥᠬᠥᠶ ᠤᠯᠤᠰ᠎ᠤᠨ ᠥᠮᠴᠢᠯᠡᠯᠲᠦ ᠬᠥᠷᠥᠩᠭᠡ ᠵᠢᠨ ᠪᠠᠶ᠋ᠢᠷᠢᠰᠢᠭᠤᠯᠤᠯ᠎ᠤᠨ ᠪᠦᠲᠦᠴᠡ ᠵᠢᠨ ᠲᠣᠬᠢᠷᠠᠭᠤᠯᠤᠯᠲᠠ ᠵᠢᠨ ᠬᠡᠷᠡᠭᠵᠢᠭᠦᠯᠬᠦ ᠰᠠᠨᠠᠯ ᠪᠠ ᠲᠥᠯᠥᠪᠵᠢᠭᠦᠯᠭᠡ ᠵᠢᠨ ᠲᠥᠰᠦᠯ᠎ᠢ ᠳᠠᠷᠤᠮᠠᠯᠯᠠᠨ ᠲᠠᠷᠬᠠᠭ᠋ᠠᠵᠤ᠂ ᠣᠷᠣᠨ᠎ᠤ ᠳᠣᠲᠣᠷᠠᠬᠢ ᠳᠠᠪᠠᠭᠤᠯᠢᠭ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠬᠦ ᠵᠢ ᠲᠦᠷᠭᠡᠳᠬᠡᠨ᠂ ᠪᠤᠭᠤᠲᠤ ᠵᠢᠨ ᠪᠣᠯᠣᠳ ᠲᠡᠮᠦᠷ᠎ᠤᠨ ᠪᠦᠯᠦᠭᠯᠡᠯ᠂ ᠥᠪᠥᠷ ᠮᠣᠩᠭᠣᠯ᠎ᠤᠨ ᠡᠨᠧᠷᠭᠢ ᠵᠢᠨ ᠪᠦᠯᠦᠭᠯᠡᠯ᠂ ᠵᠠᠮ ᠬᠠᠷᠢᠯᠴᠠᠭ᠎ᠠ ᠵᠢᠨ ᠪᠠᠯᠠ ᠣᠷᠣᠭᠤᠯᠤᠯᠲᠠ ᠵᠢᠨ ᠪᠦᠯᠦᠭᠯᠡᠯ᠂ ᠤᠯᠤᠰ᠎ᠤᠨ ᠥᠮᠴᠢᠯᠡᠯᠲᠦ ᠬᠥᠷᠥᠩᠭᠡ ᠵᠢᠨ ᠡᠵᠡᠩᠨᠡᠯᠲᠡ ᠵᠢᠨ ᠺᠣᠮᠫᠠᠨᠢ ᠵᠢᠴᠢ ᠡᠳᠦᠶ ᠲᠡᠳᠦᠶ ᠪᠣᠳᠠᠲᠤ ᠴᠣᠭᠴᠠ ᠵᠢᠨ ᠠᠵᠤ ᠦᠢ᠍ᠯᠡᠰ᠎ᠤᠨ ᠪᠦᠯᠦᠭᠯᠡᠯ᠎ᠤᠨ 《1 + 3 + N》 (1 ᠤᠯᠤᠰ᠎ᠤᠨ ᠥᠮᠴᠢᠯᠡᠯᠲᠦ ᠬᠥᠷᠥᠩᠭᠡ ᠵᠢᠨ ᠡᠵᠡᠩᠨᠡᠯᠲᠡ ᠵᠢᠨ ᠺᠣᠮᠫᠠᠨᠢ᠂ 3 ᠤᠯᠤᠰ᠎ᠤᠨ ᠥᠮᠴᠢᠯᠡᠯᠲᠦ ᠬᠥᠷᠥᠩᠭᠡ ᠵᠢᠨ ᠪᠠᠯᠠ ᠣᠷᠣᠭᠤᠯᠤᠯᠲᠠ ᠵᠢᠨ ᠺᠣᠮᠫᠠᠨᠢ᠂ N ᠪᠣᠳᠠᠲᠤ ᠴᠣᠭᠴᠠ ᠵᠢᠨ ᠠᠵᠤ ᠦᠢ᠍ᠯᠡᠰ᠎ᠤᠨ ᠪᠦᠯᠦᠭᠯᠡᠯ) ᠤᠯᠤᠰ᠎ᠤᠨ ᠥᠮᠴᠢᠯᠡᠯᠲᠦ ᠬᠥᠷᠥᠩᠭᠡ ᠵᠢᠨ ᠪᠦᠳᠦᠭᠦᠪᠴᠢ ᠰᠢᠰᠲ᠋ᠧᠮᠵᠢ ᠵᠢ ᠪᠣᠶ ᠪᠣᠯᠭ᠋ᠠᠨ᠎ᠠ᠃ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠰᠠᠭᠤᠷᠢ ᠮᠥᠩᠭᠥ ᠵᠢ ᠪᠠᠶ᠋ᠢᠭᠤᠯᠵᠤ᠂ ᠨᠢᠭᠡᠨᠲᠡ ᠪᠠᠯᠠ ᠣᠷᠣᠭᠤᠯᠤᠭᠰᠠᠨ ᠪᠤᠭᠤᠲᠤ ᠵᠢᠨ ᠪᠣᠯᠣᠳ ᠲᠡᠮᠦᠷ᠎ᠤᠨ ᠺᠣᠮᠫᠠᠨᠢ ᠵᠢᠨ ᠥᠷᠢ ᠥᠭᠴᠡᠭᠡ ᠵᠢ ᠰᠲ᠋ᠣᠺ ᠪᠣᠯᠭ᠋ᠠᠨ ᠬᠤᠪᠢᠷᠠᠭᠤᠯᠬᠤ ᠲᠥᠷᠥᠯ ᠵᠦᠢ᠍ᠯ᠎ᠨᠢ ᠶᠠᠭ ᠰᠠᠶ᠋ᠢᠬᠠᠨ ᠪᠤᠰᠤᠳ ᠣᠷᠣᠨ᠎ᠤ ᠬᠠᠷᠢᠶ᠎ᠠ ᠪᠥᠬᠥᠶ ᠠᠵᠤ ᠠᠬᠤᠶ᠋ᠢᠯᠠᠯ᠎ᠤᠨ ᠪᠠᠯᠠ ᠣᠷᠣᠭᠤᠯᠤᠯᠲᠠ ᠵᠢᠨ ᠲᠥᠷᠥᠯ ᠵᠦᠢ᠍ᠯ᠎ᠳᠤ ᠲᠣᠬᠢᠷᠠᠭᠤᠯᠤᠯᠲᠠ ᠬᠢᠵᠦ ᠪᠣᠶ᠃ ᠰᠣᠶᠣᠯ ᠵᠢᠭᠤᠯᠴᠢᠯᠠᠯ᠎ᠤᠨ ᠪᠦᠯᠦᠭᠯᠡᠯ᠎ᠤᠨ ᠡᠮᠦᠨᠡᠬᠢ ᠬᠤᠭᠤᠴᠠᠭ᠋ᠠᠨ᠎ᠤ ᠵᠣᠬᠢᠶᠠᠨ ᠪᠠᠶ᠋ᠢᠭᠤᠯᠬᠤ ᠠᠵᠢᠯ ᠡᠮᠬᠢ ᠵᠢᠷᠤᠮ᠎ᠲᠠᠢ ᠠᠬᠢᠪᠠ᠃
      ᠲᠠᠪᠤ᠎ᠳᠤ᠂ ᠴᠢᠬᠤᠯᠠ ᠶᠡᠬᠡ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠯᠠᠪᠳᠠᠭᠤᠨ ᠵᠶ᠋ᠠᠷ ᠠᠬᠢᠪᠠ᠃ ᠮᠧᠩ ᠨᠧᠩ ᠪᠦᠯᠦᠭᠯᠡᠯ᠎ᠤᠨ ᠵᠢᠨ ᠱᠠᠨ ᠬᠣᠶᠠᠳᠤᠭ᠋ᠠᠷ ᠬᠤᠭᠤᠴᠠᠭ᠋ᠠᠨ᠎ᠤ 2 × 66 ᠲᠦᠮᠡᠨ ᠺᠢᠯᠣᠸᠠᠲ᠎ᠤᠨ ᠢᠯᠴᠢ ᠵᠢᠨ ᠴᠠᠬᠢᠯᠭ᠋ᠠᠨ᠎ᠤ ᠦᠢ᠍ᠯᠡᠳᠪᠦᠷᠢ ᠵᠢᠨ ᠲᠥᠷᠥᠯ ᠵᠦᠶᠯ᠂ ᠱᠠᠩᠬᠠᠶ ᠵᠢᠨ ᠰᠦᠮ᠎ᠡ 2 × 100 ᠲᠦᠮᠡᠨ ᠺᠢᠯᠣᠸᠠᠲ᠎ᠤᠨ ᠴᠠᠬᠢᠯᠭ᠋ᠠᠨ᠎ᠤ ᠦᠢ᠍ᠯᠡᠳᠪᠦᠷᠢ ᠵᠢᠨ ᠲᠥᠷᠥᠯ ᠵᠦᠢ᠍ᠯ ᠪᠣᠯᠤᠨ ᠡᠨᠧᠷᠭᠢ ᠵᠢᠨ ᠪᠦᠲᠦᠭᠡᠨ ᠪᠠᠶ᠋ᠢᠭᠤᠯᠤᠯᠲᠠ ᠵᠢᠨ ᠪᠦᠯᠦᠭᠯᠡᠯ᠎ᠤᠨ ᠴᠢ ᠰᠢᠶᠠ ᠶᠢᠩ

2 × 35 ᠲᠦᠮᠡᠨ ᠺᠢᠯᠣᠸᠠᠲ᠎ᠤᠨ ᠢᠯᠴᠢ ᠵᠢᠨ ᠴᠠᠬᠢᠯᠭ᠋ᠠᠨ᠎ᠤ ᠲᠥᠷᠥᠯ ᠵᠦᠶᠯ ᠵᠢᠩᠬᠢᠨᠢ᠎ᠪᠠᠷ ᠠᠵᠢᠯ ᠡᠬᠢᠯᠡᠪᠡ᠃ ᠵᠠᠮ ᠬᠠᠷᠢᠯᠴᠠᠭ᠋ᠠᠨ᠎ᠤ ᠪᠠᠯᠠ ᠣᠷᠣᠭᠤᠯᠤᠯᠲᠠ ᠵᠢᠨ ᠪᠦᠯᠦᠭᠯᠡᠯ᠎ᠤᠨ 5 ᠵᠤᠷᠪᠤᠰ ᠲᠦᠷᠭᠡᠨ᠎ᠤ ᠲᠡᠮᠦᠷ ᠵᠠᠮ᠎ᠤᠨ ᠲᠥᠷᠥᠯ ᠵᠦᠢ᠍ᠯ ᠪᠠᠶ᠋ᠢᠭᠤᠯᠤᠭᠳᠠᠨ ᠲᠡᠷᠭᠡ ᠨᠡᠪᠲᠡᠷᠡᠵᠦ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠨᠢᠰᠬᠡᠯ᠎ᠤᠨ ᠪᠠᠭᠤᠳᠠᠯ᠎ᠤᠨ ᠪᠦᠯᠦᠭᠯᠡᠯ᠎ᠤᠨ ᠬᠥᠬᠡᠬᠣᠲᠠ ᠵᠢᠨ ᠰᠢᠨ᠎ᠡ ᠨᠢᠰᠬᠡᠯ᠎ᠤᠨ ᠪᠠᠭᠤᠳᠠᠯ᠎ᠤᠨ ᠲᠥᠷᠥᠯ ᠵᠦᠢ᠍ᠯ᠂ ᠤᠰᠤᠨ ᠠᠰᠢᠭᠯᠠᠯᠲᠠ ᠵᠢᠨ ᠪᠠᠯᠠ ᠣᠷᠣᠭᠤᠯᠤᠯᠲᠠ ᠵᠢᠨ ᠪᠦᠯᠦᠭᠯᠡᠯ᠎ᠤᠨ 《ᠴᠤᠤᠯ ᠭᠣᠤᠯ᠎ᠤᠨ ᠤᠰᠤ ᠵᠢ ᠲᠠᠲᠠᠵᠤ ᠯᠢᠶᠣᠤᠾᠧ ᠭᠣᠤᠯ᠎ᠳᠤ ᠨᠡᠮᠡᠷᠢᠯᠡᠬᠦ》 ᠤᠰᠤᠨ ᠠᠰᠢᠭᠯᠠᠯᠲᠠ ᠵᠢᠨ ᠲᠥᠷᠥᠯ ᠵᠦᠢ᠍ᠯ ᠤᠷᠤᠭᠰᠢᠲᠠᠶ ᠠᠭᠢᠪᠠ᠃
      ᠵᠢᠷᠭᠤᠭ᠎ᠠ᠎ᠳᠤ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠢ ᠰᠠᠯᠭ᠋ᠠᠵᠤ ᠨᠡᠶ᠋ᠢᠭᠡᠮ᠎ᠤᠨ ᠠᠵᠢᠯ ᠡᠷᠬᠢᠯᠡᠬᠦ ᠲᠠᠯ᠎ᠠ᠎ᠪᠠᠷ ᠲᠡᠦᠬᠡᠲᠦ ᠴᠢᠨᠠᠷᠲᠠᠢ ᠰᠢᠪᠲᠤᠯᠤᠯᠲᠠ ᠭᠠᠷᠭ᠋ᠠᠪᠠ᠃ ᠪᠦᠬᠦ ᠣᠷᠣᠨ᠎ᠤ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ 《ᠭᠤᠷᠪᠠ ᠵᠢ ᠬᠠᠩᠭ᠋ᠠᠬᠤ ᠨᠢᠭᠡ ᠦᠢ᠍ᠯᠡᠰ》᠂ ᠭᠠᠯ ᠤᠨᠲᠠᠷᠠᠭ᠋ᠠᠬᠤ᠂ ᠬᠣᠲᠠ ᠵᠢᠨ ᠶᠠᠪᠤᠳᠠᠯ᠎ᠤᠨ ᠪᠡᠯᠡᠳᠬᠡᠮᠵᠢ ᠡᠷᠬᠢᠯᠡᠬᠦ᠂ ᠨᠡᠶ᠋ᠢᠭᠡᠮ ᠲᠣᠭᠣᠷᠢᠭ᠎ᠤᠨ ᠬᠠᠮᠢᠶᠠᠷᠤᠯᠲᠠ᠂ ᠰᠤᠷᠭ᠋ᠠᠨ ᠬᠥᠮᠦᠵᠢᠯ ᠡᠮ ᠡᠮᠨᠡᠯᠭᠡ ᠵᠢᠨ ᠪᠠᠶ᠋ᠢᠭᠤᠯᠤᠮᠵᠢ ᠵᠢᠨ ᠡᠭᠦᠷᠭᠡ ᠴᠢᠳᠠᠪᠤᠷᠢ ᠵᠢ ᠰᠢᠯᠵᠢᠭᠦᠯᠦᠨ ᠲᠤᠰᠢᠶᠠᠬᠤ ᠰᠡᠭᠦᠯ ᠬᠤᠷᠢᠶᠠᠬᠤ ᠠᠵᠢᠯ᠎ᠢ ᠤᠷᠤᠭᠰᠢᠲᠠᠶ ᠲᠦᠯᠬᠢᠨ ᠠᠬᠢᠭᠤᠯᠪᠠ᠃ ᠠᠵᠢᠯ᠎ᠠᠴᠠ᠎ᠪᠠᠨ ᠪᠠᠭᠤᠭᠰᠠᠳ᠎ᠤᠨ ᠨᠡᠶ᠋ᠢᠭᠡᠮᠴᠢᠯᠡᠭᠰᠡᠨ ᠬᠠᠮᠢᠶᠠᠷᠤᠯᠲᠠ ᠵᠢ ᠰᠢᠯᠵᠢᠭᠦᠯᠦᠨ ᠲᠤᠰᠢᠶᠠᠬᠤ ᠠᠵᠢᠯ᠎ᠢ ᠪᠦᠬᠦ ᠲᠠᠯ᠎ᠠ᠎ᠪᠠᠷ ᠪᠡᠶᠡᠯᠡᠭᠦᠯᠵᠦ᠂ ᠰᠢᠯᠵᠢᠭᠦᠯᠦᠨ ᠲᠤᠰᠢᠶᠠᠬᠤ ᠵᠢ ᠪᠡᠶᠡᠯᠡᠭᠦᠯᠦᠭᠰᠡᠨ ᠨᠣᠷᠮ᠎ᠠ 99 %᠎ᠳᠤ ᠬᠦᠷᠴᠦ᠂ ᠤᠯᠤᠰ᠎ᠠᠴᠠ ᠱᠠᠭ᠋ᠠᠷᠳᠠᠭᠰᠠᠨ ᠭᠣᠤᠯ ᠴᠣᠭᠴᠠ ᠵᠢᠨ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠪᠡ᠃
    ᠲᠤᠯᠤᠭ᠎ᠠ᠎ᠳᠤ᠂ ᠤᠯᠤᠰ᠎ᠤᠨ ᠥᠮᠴᠢᠯᠡᠯ᠎ᠤᠨ ᠡᠳ᠋ ᠬᠦᠷᠦᠨᠭᠭᠡ ᠵᠢ ᠬᠢᠨᠠᠨ ᠬᠠᠮᠢᠶᠠᠷᠬᠤ ᠪᠠᠶ᠋ᠢᠭᠤᠯᠤᠯ᠎ᠤᠨ ᠥᠭᠡᠷᠡᠴᠢᠯᠡᠯᠲᠡ ᠰᠢᠨ᠎ᠡ ᠠᠯᠬᠤᠮ᠎ᠢ ᠠᠯᠬᠤᠪᠠ᠃ ᠬᠥᠷᠥᠩᠭᠡ ᠵᠢ ᠬᠠᠮᠢᠶᠠᠷᠬᠤ᠎ᠪᠠᠷ ᠭᠣᠤᠯ ᠪᠣᠯᠭ᠋ᠠᠭᠰᠠᠨ ᠡᠭᠦᠷᠭᠡ ᠴᠢᠳᠠᠪᠤᠷᠢ ᠵᠢᠨ ᠬᠤᠪᠢᠷᠠᠭᠤᠯᠤᠯᠲᠠ ᠵᠢ ᠲᠦᠷᠭᠡᠳᠬᠡᠵᠦ᠂ ᠡᠷᠬᠡ ᠣᠯᠭᠣᠵᠤ ᠡᠷᠬᠡ ᠵᠢ ᠳᠣᠷᠣᠭᠰᠢ ᠪᠠᠭᠤᠯᠭ᠋ᠠᠬᠤ ᠡᠷᠴᠢᠮ᠎ᠢ ᠤᠯᠠᠮ ᠨᠢᠭᠡ ᠠᠯᠬᠤᠮ ᠴᠢᠩᠭ᠋ᠠᠷᠠᠭᠤᠯᠤᠨ᠂ ᠬᠥᠳᠡᠯᠦᠩᠭᠦᠶ ᠲᠣᠳᠣᠷᠬᠠᠶ ᠬᠠᠭᠤᠳᠠᠰᠤ ᠮᠠᠶᠢᠭ᠎ᠤᠨ ᠬᠠᠮᠢᠶᠠᠷᠤᠯᠲᠠ ᠵᠢ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠵᠦᠢ᠍ᠯᠡᠰ᠎ᠢ ᠶᠡᠬᠡ ᠬᠡᠮᠵᠢᠶ᠎ᠡ᠎ᠪᠠᠷ ᠪᠠᠭ᠋ᠠᠰᠬᠠᠨ᠎ᠠ᠃ ᠡᠳ᠋᠎ᠤᠨ ᠶᠠᠪᠤᠳᠠᠯ᠂ ᠥᠮᠴᠢᠯᠡᠬᠦ ᠡᠷᠬᠡ᠂ ᠲᠥᠯᠥᠪᠵᠢᠭᠦᠯᠭᠡ᠂ ᠥᠭᠡᠷᠡᠴᠢᠯᠡᠯᠲᠡ᠂ ᠪᠡᠯᠡ ᠣᠷᠣᠭᠤᠯᠵᠤ ᠪᠡᠯᠡ ᠲᠤᠬᠢᠷᠠᠭᠤᠯᠬᠤ᠂ ᠬᠢᠨᠠᠨ ᠰᠢᠯᠭ᠋ᠠᠵᠤ ᠬᠤᠪᠢᠶᠠᠷᠢᠯᠠᠬᠤ᠂ ᠠᠶᠤᠯᠭᠦᠢ ᠦᠢ᠍ᠯᠡᠳᠪᠦᠷᠢᠯᠡᠯ ᠵᠡᠷᠭᠡ ᠲᠠᠯ᠎ᠠ ᠵᠢᠨ ᠬᠢᠨᠠᠯᠲᠠ ᠬᠠᠮᠢᠶᠠᠷᠤᠯᠲᠠ ᠵᠢᠨ ᠲᠦᠷᠢᠮ ᠲᠣᠭᠲᠠᠴᠠ ᠵᠢ ᠲᠣᠭᠲᠠᠭ᠋ᠠᠨ ᠲᠡᠭᠦᠯᠳᠡᠷᠵᠢᠭᠦᠯᠦᠨ᠎ᠡ᠃ ᠪᠥᠬᠥ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠬᠢᠭᠡᠳ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠦᠢ᠍ᠯᠡᠴᠢᠯᠡᠭᠡᠨ᠎ᠤ ᠲᠣᠮᠣ ᠳ᠋ᠠᠶ᠋ᠢᠲ᠋ᠠ ᠵᠢᠨ ᠲᠠᠪᠴᠠᠩ᠎ᠢ ᠦᠨᠳᠦᠰᠦᠨ᠎ᠳᠡᠭᠡᠨ ᠪᠠᠶ᠋ᠢᠭᠤᠯᠵᠤ᠂ ᠣᠷᠣᠨ᠎ᠤ ᠬᠠᠷᠢᠶ᠎ᠠ ᠪᠥᠬᠥᠶ ᠠᠵᠤ ᠠᠬᠤᠶ᠋ᠢᠯᠠᠯ᠎ᠤᠨ ᠶᠡᠬᠡ ᠲᠣᠭ᠋ᠠᠨ᠎ᠤ ᠪᠠᠯᠠ ᠮᠥᠩᠭᠥ᠂ ᠡᠳ᠋᠎ᠤᠨ ᠶᠠᠪᠤᠳᠠᠯ᠂ ᠥᠮᠴᠢᠯᠡᠬᠦ ᠡᠷᠬᠡ᠂ ᠲᠥᠯᠥᠪᠵᠢᠭᠦᠯᠦᠨ ᠪᠠᠯᠠ ᠣᠷᠣᠭᠤᠯᠬᠤ ᠵᠡᠷᠭᠡ ᠲᠠᠯ᠎ᠠ᠎ᠪᠠᠷ᠎ᠬᠢ ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠵᠢ ᠪᠡᠶᠡᠯᠡᠭᠦᠯᠦᠨ᠎ᠡ᠃ ᠬᠠᠤᠯᠢ ᠴᠠᠭ᠋ᠠᠵᠠ ᠵᠢᠨ ᠲᠦᠭᠰᠢᠭᠦᠷᠢ ᠵᠢ ᠰᠡᠷᠭᠡᠶ᠋ᠢᠯᠡᠬᠦ ᠵᠣᠬᠢᠴᠠᠮᠵᠢ ᠵᠢᠨ ᠪᠠᠶ᠋ᠢᠭᠤᠯᠤᠯᠲᠠ ᠦᠷᠭᠦᠯᠵᠢᠯᠡᠨ ᠴᠢᠩᠭ᠋ᠠᠷᠠᠵᠤ᠂ ᠤᠯᠤᠰ᠎ᠠᠴᠠ ᠦᠮᠴᠢᠯᠡᠯᠡᠳᠣ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠠᠵᠤ ᠠᠬᠤᠶ᠋ᠢᠯᠠᠯ ᠪᠦᠬᠦᠨ᠎ᠳᠤ ᠬᠠᠤᠯᠢ ᠶᠠᠪᠤᠳᠠᠯ᠎ᠤᠨ ᠰᠠᠯᠠᠭ᠎ᠠ ᠮᠥᠴᠢᠷ ᠪᠠᠶ᠋ᠢᠭᠤᠯᠵᠤ᠂ 10 ᠡᠷᠦᠬᠡ᠎ᠳᠤ ᠶᠡᠷᠦᠩᠬᠡᠢ ᠬᠠᠤᠯᠢ ᠴᠠᠭ᠋ᠠᠵᠠ ᠵᠢᠨ ᠵᠥᠪᠯᠡᠭᠴᠢ᠂ ᠠᠵᠤ ᠠᠬᠤᠶ᠋ᠢᠯᠠᠯ᠎ᠤᠨ ᠳᠦᠷᠢᠮ ᠲᠣᠭᠲᠠᠭ᠋ᠠᠯ᠂ ᠠᠵᠤ ᠠᠬᠤᠢ ᠵᠢᠨ ᠭᠡᠷ᠎ᠡ ᠪᠠ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠬᠠᠤᠯᠢ ᠴᠠᠭ᠋ᠠᠵᠠ ᠵᠢᠨ ᠬᠢᠨᠠᠨ ᠬᠠᠷᠭᠤᠭᠤᠯᠤᠯᠲᠠ ᠵᠢᠨ ᠨᠣᠷᠮ᠎ᠠ ᠵᠢᠨ 100 %᠎ᠳᠤ ᠬᠦᠷᠭᠡᠪᠡ᠃ ᠡᠵᠡᠩᠨᠡᠯᠲᠡ ᠵᠢᠨ ᠴᠢᠨᠠᠷᠲᠠᠢ ᠤᠯᠤᠰ᠎ᠤᠨ ᠥᠮᠴᠢᠯᠡᠯ᠎ᠤᠨ ᠡᠳ᠋ ᠬᠦᠷᠦᠩᠭᠡ ᠵᠢ ᠲᠥᠪᠯᠡᠷᠡᠭᠦᠯᠦᠨ ᠨᠢᠭᠡᠳᠦᠯᠲᠡᠢ ᠬᠢᠨᠠᠨ ᠬᠠᠮᠢᠶᠠᠷᠬᠤ ᠵᠢ ᠦᠨᠳᠦᠰᠦᠨ᠎ᠳᠡᠭᠡᠨ ᠪᠡᠶᠡᠯᠡᠭᠦᠯᠵᠦ᠂ ᠰᠢᠭᠤᠳ ᠪᠠ ᠨᠠᠶ᠋ᠢᠳᠠᠨ ᠬᠢᠨᠠᠨ ᠬᠠᠮᠢᠶᠠᠷᠤᠭᠤᠯᠬᠤ᠎ᠳᠤ ᠣᠷᠣᠭᠤᠯᠤᠭᠰᠠᠨ ᠡᠵᠡᠩᠨᠡᠯᠲᠡ ᠵᠢᠨ ᠴᠢᠨᠠᠷᠲᠠᠢ ᠤᠯᠤᠰ᠎ᠤᠨ ᠥᠮᠴᠢᠯᠡᠯ᠎ᠤᠨ ᠡᠳ᠋ ᠬᠦᠷᠦᠩᠭᠡ ᠵᠢᠨ ᠶᠡᠷᠦᠩᠬᠡᠢ ᠬᠡᠮᠵᠢᠶ᠎ᠡ᠎ᠨᠢ ᠰᠠᠯᠭ᠋ᠠᠬᠤ ᠶᠣᠰᠣᠲᠠᠢ ᠠᠵᠤ ᠠᠬᠤᠶ᠋ᠢᠯᠠᠯ᠎ᠤᠨ ᠡᠳ᠋ ᠬᠦᠷᠦᠩᠭᠡ ᠵᠢᠨ 99 . 7 %᠎ᠠᠴᠠ ᠳᠡᠭᠡᠭᠰᠢᠬᠢ ᠵᠢ ᠡᠵᠡᠯᠡᠵᠦ᠂ ᠪᠦᠬᠦ ᠤᠯᠤᠰ᠎ᠤᠨ ᠡᠮᠦᠨ᠎ᠡ ᠡᠩᠨᠡᠭᠡᠨ᠎ᠳᠤ ᠣᠷᠣᠪᠠ᠃
      ᠨᠠᠢ᠍ᠮᠠ᠎ᠳᠤ᠂ ᠨᠠᠮ᠎ᠤᠨ ᠤᠳᠤᠷᠢᠳᠤᠯᠭ᠎ᠠ ᠨᠠᠮ᠎ᠤᠨ ᠪᠠᠶ᠋ᠢᠭᠤᠯᠤᠯᠲᠠ ᠵᠢ ᠦᠷᠭᠦᠯᠵᠢᠯᠡᠨ ᠴᠢᠩᠭ᠋ᠠᠳᠬᠠᠪᠠ᠃ ᠤᠯᠤᠰ ᠲᠦᠷᠦ ᠵᠢᠨ ᠪᠠᠶ᠋ᠢᠭᠤᠯᠤᠯᠲᠠ᠎ᠪᠠᠷ ᠶᠡᠷᠦᠩᠬᠡᠶ᠋ᠢᠯᠡᠨ ᠵᠢᠯᠤᠭᠤᠳᠤᠭᠤᠯᠬᠤ ᠵᠢ ᠪᠠᠷᠢᠮᠲᠠᠯᠠᠵᠤ᠂ ᠨᠢᠭᠡᠳᠦᠭᠡᠷ ᠵᠥᠪᠯᠡᠬᠦ ᠵᠦᠢ᠍ᠯ᠎ᠤᠨ ᠲᠦᠷᠢᠮ᠎ᠢ ᠪᠠᠶ᠋ᠢᠭᠤᠯᠵᠤ᠂ ᠲᠡᠷᠢᠭᠦᠨ ᠴᠢᠬᠤᠯᠠ ᠡᠭᠦᠷᠭᠡ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠢᠰᠲ᠋ᠧᠮ᠎ᠲᠠᠢ ᠰᠤᠷᠤᠯᠴᠠᠵᠤ᠂ ᠦᠨᠡᠨ ᠬᠦ᠌ ᠰᠢᠨ᠎ᠡ ᠦᠵᠡᠯ ᠰᠠᠨᠠᠭ᠎ᠠ᠎ᠪᠠᠷ ᠲᠠᠷᠢᠬᠢ ᠲᠣᠯᠣᠭ᠋ᠠᠢ᠎ᠪᠠᠨ ᠵᠡᠪᠰᠡᠭᠯᠡᠵᠦ᠂ ᠦᠢ᠍ᠯᠡᠳᠦᠯᠭᠡ᠎ᠪᠠᠨ ᠵᠢᠯᠤᠭᠤᠳᠤᠭᠤᠯᠵᠤ᠂ ᠠᠵᠢᠯ ᠵᠶ᠋ᠠᠨ ᠠᠬᠢᠭᠤᠯᠬᠤ ᠬᠡᠷᠡᠭᠲᠡᠢ᠃ ᠨᠠᠮ᠎ᠤᠨ ᠳᠣᠲᠣᠭ᠋ᠠᠳᠤ ᠵᠢᠨ ᠬᠢᠨᠠᠯᠲᠠ ᠲᠠᠯᠪᠢᠬᠤ ᠠᠵᠢᠯ ᠰᠢᠨ᠎ᠡ ᠠᠬᠢᠴᠠ᠎ᠲᠠᠢ ᠪᠤᠯᠵᠤ᠂ ᠨᠠᠮ᠎ᠤᠨ ᠬᠣᠷᠢᠶᠠᠨ᠎ᠤ ᠲᠣᠭᠣᠷᠢᠨ ᠪᠠᠶ᠋ᠢᠴᠠᠭ᠋ᠠᠬᠤ ᠠᠯᠪᠠᠨ ᠭᠡᠷ᠎ᠢ ᠵᠣᠬᠢᠶᠠᠨ ᠪᠠᠶ᠋ᠢᠭᠤᠯᠵᠤ᠂ ᠲᠣᠭᠣᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠵᠢ ᠱᠠᠯᠠᠪᠳᠠᠭᠤᠯᠤᠨ ᠵᠢᠯᠣᠭᠣᠳᠬᠤ ᠳᠤᠭᠤᠶ᠋ᠢᠯᠠᠩ ᠪᠠᠶ᠋ᠢᠭᠤᠯᠵᠤ᠂ ᠲᠣᠭᠣᠷᠢᠨ ᠪᠠᠶ᠋ᠢᠴᠠᠭ᠋ᠠᠵᠤ ᠲᠣᠭᠣᠷᠢᠨ ᠪᠠᠶ᠋ᠢᠴᠠᠭ᠋ᠠᠬᠤ᠎ᠳᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠵᠢ ᠠᠬᠢᠭᠤᠯᠪᠠ᠃ ᠦᠨᠳᠦᠰᠦᠨ ᠱᠠᠲᠤᠨ᠎ᠤ ᠵᠣᠬᠢᠶᠠᠨ ᠪᠠᠶ᠋ᠢᠭᠤᠯᠤᠯᠲᠠ ᠵᠢᠨ ᠴᠣᠭᠴᠠᠯᠠᠯᠲᠠ ᠨᠠᠩ ᠪᠡᠬᠢᠵᠢᠵᠦ᠂ ᠴᠠᠬᠢᠯᠭ᠋ᠠᠨ ᠬᠦᠴᠦᠨ᠎ᠤ ᠺᠣᠮᠫᠠᠨᠢ ᠵᠢᠨ ᠬᠡᠲᠦ ᠥᠨᠳᠥᠷ ᠬᠦᠴᠦᠳᠡᠯᠲᠦ ᠴᠠᠬᠢᠯᠭ᠋ᠠᠨ ᠬᠠᠩᠭ᠋ᠠᠬᠤ ᠲᠣᠪᠴᠢᠶ᠎ᠠ ᠵᠢᠨ ᠨᠠᠮ᠎ᠤᠨ ᠬᠣᠷᠢᠶ᠎ᠠ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠨᠢᠰᠬᠡᠯ᠎ᠤᠨ ᠪᠠᠭᠤᠳᠠᠯ᠎ᠤᠨ ᠬᠥᠬᠡᠬᠣᠲᠠ᠎ᠳᠠᠬᠢ ᠬᠤᠪᠢᠶᠠᠷᠢ ᠺᠣᠮᠫᠠᠨᠢ ᠵᠢᠨ ᠨᠠᠮ᠎ᠤᠨ ᠬᠣᠷᠢᠶ᠎ᠠ 《ᠪᠥᠬᠥ ᠤᠯᠤᠰ᠎ᠤᠨ ᠲᠡᠷᠢᠭᠦᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ》 ᠵᠢᠨ ᠢᠷᠠᠭᠤ ᠠᠯᠳᠠᠷ᠎ᠤᠨ ᠴᠣᠯᠠ ᠵᠢ ᠭᠥᠷᠳᠡᠪᠡ᠃ ᠨᠡᠶ᠋ᠢᠭᠡᠮ᠎ᠤᠨ ᠬᠠᠷᠢᠭᠤᠴᠠᠯᠭ᠎ᠠ ᠵᠢ ᠢᠳᠡᠪᠬᠢᠲᠡᠢ ᠨᠠᠶ᠋ᠢᠳᠠᠪᠤᠷᠢᠵᠢᠭᠤᠯᠵᠤ᠂ ᠰᠢᠰᠲ᠋ᠧᠮ᠎ᠤᠨ ᠠᠵᠤ ᠠᠬᠤᠶ᠋ᠢᠯᠠᠯ᠎ᠤᠨ ᠬᠦᠨᠳᠦ ᠶᠡᠬᠡ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ᠂ ᠤᠨᠢᠨ ᠳᠡᠭᠡᠷ᠎ᠡ᠎ᠨᠢ ᠶᠠᠳᠠᠭᠤ᠎ᠠᠴᠠ ᠠᠩᠭᠢᠵᠢᠷᠠᠭᠤᠯᠬᠤ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠭᠤᠷᠪᠠᠨ ᠶᠡᠬᠡ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ ᠲᠠᠯ᠎ᠠ᠎ᠪᠠᠷ ᠦᠯᠢᠭᠡᠷ ᠳᠠᠭᠤᠷᠢᠶᠠᠯ ᠪᠣᠯᠬᠤ ᠦᠢ᠍ᠯᠡᠳᠦᠯ ᠵᠶ᠋ᠠᠨ ᠪᠠᠳᠠᠷᠠᠭᠤᠯᠬᠤ ᠵᠢ ᠠᠬᠢᠭᠤᠯᠤᠨ᠎ᠠ᠃ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ ᠠᠵᠢᠯ᠎ᠢ ᠭᠦᠨᠵᠡᠭᠡᠢ ᠲᠦᠯᠬᠢᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠵᠢᠨ ᠠᠮᠢ ᠠᠬᠤᠢ ᠵᠢ ᠠᠯᠬᠤᠮ ᠠᠯᠬᠤᠮ ᠵᠶ᠋ᠠᠷ ᠪᠦᠷᠢᠯᠳᠦᠭᠦᠯᠪᠡ᠃
    ᠡᠳᠡᠭᠡᠷ ᠥᠭᠡᠷᠡᠴᠢᠯᠡᠯᠲᠡ ᠵᠢᠨ ᠦᠷ᠎ᠡ ᠪᠦᠲᠦᠭᠡᠯ᠎ᠢ ᠣᠯᠤᠭᠰᠠᠨ᠎ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠡᠷᠡᠰ ᠴᠢᠩᠭ᠎ᠠ ᠤᠳᠤᠷᠢᠳᠤᠯᠭ᠎ᠠ᠎ᠠᠴᠠ ᠪᠣᠯᠤᠭᠰᠠᠨ ᠶᠤᠮ᠂ ᠲᠥᠷᠦ ᠵᠢᠨ ᠶᠠᠪᠤᠳᠠᠯ᠎ᠤᠨ ᠬᠣᠷᠢᠶ᠎ᠠ ᠵᠢᠨ ᠤᠯᠤᠰ᠎ᠠᠴᠠ ᠥᠮᠴᠢᠯᠡᠯ᠎ᠤᠨ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠨᠠᠷᠢᠨ ᠨᠢᠮᠪᠠᠢ ᠵᠢᠯᠣᠭᠣᠳᠤᠯᠭ᠎ᠠ᠎ᠠᠴᠠ ᠪᠣᠯᠤᠭᠰᠠᠨ ᠶᠤᠮ᠂ ᠤᠯᠤᠰ᠎ᠠᠴᠠ ᠥᠮᠴᠢᠯᠡᠯ᠎ᠤᠨ ᠡᠳ᠋ ᠬᠥᠷᠥᠩᠭᠡ ᠤᠯᠤᠰ᠎ᠠᠴᠠ ᠥᠮᠴᠢᠯᠡᠯ᠎ᠤᠨ ᠠᠵᠤ ᠠᠬᠤᠶ᠋ᠢᠯᠠᠯ᠎ᠤᠨ ᠥᠷᠭᠡᠨ ᠣᠯᠠᠨ ᠺᠠᠳ᠋ᠷ ᠠᠵᠢᠯᠲᠠᠨ᠎ᠤ ᠴᠥᠬᠥᠷᠡᠰᠢ ᠦᠭᠡᠢ ᠴᠢᠷᠮᠠᠶ᠋ᠢᠯᠭ᠎ᠠ᠎ᠠᠴᠠ ᠪᠣᠯᠤᠭᠰᠠᠨ ᠶᠤᠮ᠃ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ ᠴᠢᠬᠤᠯᠠ ᠬᠦᠷᠢᠶ᠎ᠡ ᠪᠠ ᠵᠠᠩᠭᠢᠯᠠᠭ᠎ᠠ ᠵᠢᠨ ᠭᠣᠭᠴᠣᠭ᠎ᠠ᠎ᠳᠤ ᠣᠯᠤᠭᠰᠠᠨ ᠴᠢᠬᠤᠯᠠ ᠰᠢᠪᠲᠤᠯᠤᠯᠲᠠ᠎ᠨᠢ ᠠᠮᠢᠵᠢᠷᠠᠯ᠎ᠤᠨ ᠬᠦᠴᠦᠨ᠂ ᠬᠥᠳᠡᠯᠭᠡᠬᠦ ᠬᠦᠴᠦᠨ᠎ᠢ ᠪᠦᠬᠦ ᠲᠠᠯ᠎ᠠ᠎ᠪᠠᠷ ᠪᠠᠳᠠᠷᠠᠭᠤᠯᠵᠤ᠂ ᠤᠯᠤᠰ᠎ᠤᠨ ᠥᠮᠴᠢᠯᠡᠯ᠎ᠤᠨ ᠡᠳ᠋ ᠬᠦᠷᠦᠩᠭᠡ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠤᠭ᠋ᠠᠳ ᠢᠯᠡᠳᠲᠡ ᠦᠷ᠎ᠡ ᠪᠦᠲᠦᠮᠵᠢ ᠤᠯᠪᠠ᠃ ᠲᠦᠷᠭᠡᠨ ᠮᠡᠳᠡᠭᠦᠯᠦᠯᠲᠡ ᠵᠢᠨ ᠪᠦᠷᠢᠳᠬᠡᠯ᠎ᠢ ᠦᠨᠳᠦᠰᠦᠯᠡᠪᠡᠯ᠂ 2020 ᠣᠨ᠎ᠤ 12 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠤᠯᠤᠰ᠎ᠤᠨ ᠥᠮᠴᠢᠯᠡᠯᠲᠦ ᠵᠢᠴᠢ ᠤᠯᠤᠰ᠎ᠤᠨ ᠥᠮᠴᠢᠯᠡᠯᠲᠦ ᠬᠤᠪᠢ ᠡᠵᠡᠮᠳᠡᠭᠰᠡᠨ ᠲᠤᠰᠠᠭ᠋ᠠᠷ ᠲᠣᠭ᠋ᠠᠴᠠᠭ᠎ᠠ ᠬᠢᠭᠰᠡᠨ ᠠᠵᠤ ᠠᠬᠤᠶ᠋ᠢᠯᠠᠯ 2873 ᠡᠷᠦᠬᠡ ᠪᠠᠶ᠋ᠢᠵᠤ᠂ ᠡᠳ᠋ ᠬᠥᠷᠥᠩᠭᠡ ᠵᠢᠨ ᠶᠡᠷᠦᠩᠬᠡᠶ ᠲᠣᠭ᠎ᠠ᠎ᠨᠢ 2 . 8 ᠲᠦᠮᠡᠨ ᠳ᠋ᠦᠩᠰᠢᠭᠤᠷ ᠲᠥᠭᠥᠷᠢᠭ᠎ᠲᠤ ᠬᠦᠷᠴᠦ᠂ ᠡᠵᠡᠩᠨᠡᠯᠲᠡ ᠵᠢᠨ ᠣᠷᠣᠯᠭ᠎ᠠ᠎ᠨᠢ 2739.2 ᠳ᠋ᠦᠩᠰᠢᠭᠤᠷ ᠲᠥᠭᠥᠷᠢᠭ᠎ᠢ ᠪᠡᠶᠡᠯᠡᠭᠦᠯᠵᠦ᠂ ᠡᠳ᠋ ᠬᠥᠷᠥᠩᠭᠡ ᠵᠢᠨ ᠳᠤᠮᠳᠠᠴᠢ ᠥᠷᠢᠲᠦᠯ᠎ᠤᠨ ᠨᠣᠷᠮ᠎ᠠ᠎ᠨᠢ 61.1 % ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 0.9 ᠵᠠᠭᠤᠨ᠎ᠤ ᠴᠡᠭ ᠪᠠᠭᠤᠷᠠᠪᠠ᠃ 2020 ᠣᠨ᠎ᠤ 11 ᠳ᠋ᠤᠭᠡᠷ ᠰᠠᠷ᠎ᠠ᠎ᠳᠤ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠣᠷᠣᠯᠭ᠎ᠠ 1958.9 ᠳ᠋ᠦᠩᠰᠢᠭᠤᠷ ᠲᠥᠭᠥᠷᠢᠭ᠎ᠢ ᠪᠡᠶᠡᠯᠡᠭᠦᠯᠵᠦ᠂ ᠳᠤᠮᠳᠠᠴᠢ ᠡᠳ᠋ ᠬᠥᠷᠥᠩᠭᠡ ᠵᠢᠨ ᠥᠷᠢᠲᠦᠯ᠎ᠤᠨ ᠨᠣᠷᠮ᠎ᠠ 65.5 %᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 4.9 ᠵᠠᠭᠤᠨ᠎ᠤ ᠴᠡᠭ ᠪᠠᠭᠤᠷᠠᠵᠤ᠂ ᠲᠤᠶ᠋ᠢᠯ᠎ᠤᠨ ᠬᠦᠴᠢᠷᠳᠡᠯᠲᠡᠶ ᠪᠠᠶ᠋ᠢᠳᠠᠯ ᠳᠣᠤᠷ᠎ᠠ᠂ ᠤᠯᠤᠰ᠎ᠠᠴᠠ ᠱᠠᠭ᠋ᠠᠷᠳᠠᠭᠰᠠᠨ 2 ᠵᠠᠭᠤᠨ᠎ᠤ ᠴᠡᠭ ᠪᠠᠭᠤᠷᠠᠭᠤᠯᠬᠤ ᠬᠠᠲᠠᠭᠤ ᠪᠡᠷᠬᠡ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠪᠡ᠃ ᠲᠣᠭᠲᠠᠭᠤᠨ ᠵᠶ᠋ᠠᠷ ᠳᠡᠭᠡᠭᠰᠢᠯᠡᠬᠦ ᠰᠠᠶ᠋ᠢᠨ ᠪᠠᠶ᠋ᠢᠳᠠᠯ᠎ᠢ ᠪᠠᠲᠤᠯᠠᠵᠤ᠂ 13.8 ᠳ᠋ᠦᠩᠰᠢᠭᠤᠷ ᠲᠥᠭᠥᠷᠢᠭ᠎ᠤᠨ ᠠᠰᠢᠭ ᠣᠯᠵᠠᠪᠤᠷᠢ ᠵᠢ ᠪᠡᠶᠡᠯᠡᠭᠦᠯᠦᠨ᠎ᠡ᠃
    ᠳᠠᠷᠠᠭ᠎ᠠ ᠠᠯᠬᠤᠮ᠎ᠳᠤ᠂ ᠪᠢᠳᠡ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠦᠷᠭᠦᠯᠵᠢᠯᠡᠨ ᠪᠠᠷᠢᠮᠲᠠᠯᠠᠨ᠎ᠠ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠬᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠤᠨ᠎ᠠ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠳᠠᠯᠠᠵᠤ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠪᠠᠷ ᠭᠣᠤᠯ ᠰᠡᠳᠦᠪ ᠪᠣᠯᠭ᠋ᠠᠨ᠎ᠠ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠪᠠᠷ ᠭᠣᠣᠯ ᠰᠢᠵᠢᠮ ᠪᠣᠯᠭ᠋ᠠᠨ᠎ᠠ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠪᠠᠷ ᠦᠨᠳᠦᠰᠦᠨ ᠬᠥᠳᠡᠯᠭᠡᠬᠦ ᠬᠦᠴᠦᠨ ᠪᠣᠯᠭ᠋ᠠᠬᠤ᠂ ᠭᠤᠷᠪᠠᠨ ᠵᠢᠯ᠎ᠤᠨ ᠠᠵᠢᠯᠯᠠᠭ᠎ᠠ ᠵᠢ ᠬᠡᠷᠡᠭᠵᠢᠭᠦᠯᠬᠦ᠎ᠪᠠᠷ ᠶᠡᠷᠦᠩᠬᠡᠶ ᠭᠠᠷᠳᠠᠴᠠ ᠪᠣᠯᠭ᠋ᠠᠵᠣ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠶ᠋ᠢᠷᠡᠭᠦᠯᠦᠨ᠎ᠡ᠂ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠣᠯᠭ᠋ᠠᠬᠤ ᠵᠢ ᠴᠢᠩᠭ᠋ᠠᠳᠬᠠᠵᠣ᠂ ᠪᠠᠶ᠋ᠢᠷᠢᠰᠢᠯ᠎ᠢ ᠰᠢᠯᠢᠳᠡᠭᠵᠢᠭᠦᠯᠦᠨ ᠪᠦᠲᠦᠴᠡ ᠵᠢ ᠲᠣᠬᠢᠷᠠᠭᠤᠯᠤᠨ᠎ᠠ᠂ ᠨᠠᠮ᠎ᠤᠨ ᠪᠠᠶ᠋ᠢᠭᠤᠯᠤᠯᠲᠠ ᠵᠢᠨ ᠴᠢᠨᠠᠷ ᠴᠢᠨᠰᠠᠭ᠎ᠠ ᠵᠢ ᠲᠡᠭᠡᠭᠰᠢᠯᠡᠭᠦᠯᠵᠦ᠂ ᠤᠯᠤᠰ᠎ᠤᠨ ᠥᠮᠴᠢᠯᠡᠯ᠎ᠤᠨ ᠬᠦᠷᠦᠨᠭᠭᠡ ᠪᠠ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠢ ᠡᠷᠡᠰ ᠭᠤᠶ᠋ᠢᠪᠢᠰᠢ ᠦᠭᠡᠢ᠎ᠪᠠᠷ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭ᠋ᠠᠶ᠋ᠢᠷᠠᠭᠤᠯᠤᠨ᠎ᠠ᠂ ᠪᠥᠬᠥ ᠣᠷᠣᠨ᠎ᠤ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠵᠢᠨ ᠲᠥᠯᠥᠭᠡ᠂ ᠡᠬᠡ ᠤᠯᠤᠰ᠎ᠤᠨ ᠤᠮᠠᠷᠠᠲᠤ ᠵᠢᠨ ᠦᠵᠡᠰᠬᠦᠯᠡᠩᠲᠦ ᠰᠠᠶ᠋ᠢᠬᠠᠨ ᠦᠵᠡᠮᠵᠢ ᠵᠢᠨ ᠣᠷᠣᠨ᠎ᠢ ᠪᠥᠲᠥᠭᠡᠨ ᠪᠠᠶ᠋ᠢᠭᠤᠯᠬᠤ᠎ᠳᠤ ᠨᠠᠩ ᠶᠡᠬᠡ ᠰᠢᠨ᠎ᠡ ᠬᠤᠪᠢ ᠨᠡᠮᠡᠷᠢ ᠦᠵᠡᠭᠦᠯᠦᠨ᠎ᠡ᠃

    ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ ᠭᠤᠷᠪᠠᠨ ᠵᠢᠯ᠎ᠤᠨ ᠠᠵᠢᠯᠯᠠᠭ᠋ᠠᠨ᠎ᠤ ᠲᠥᠷᠥ ᠵᠢᠨ ᠪᠣᠳᠣᠯᠭ᠎ᠠ ᠵᠢᠨ ᠲᠤᠬᠠᠶ ᠰᠣᠨᠢᠨ ᠮᠡᠳᠡᠭᠡ ᠨᠡᠶ᠋ᠢᠲᠡᠯᠡᠬᠦ ᠬᠤᠷᠠᠯ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
   
      ᠥᠪᠥᠷ ᠮᠣᠩᠭᠣᠯ᠎ᠤᠨ ᠰᠣᠨᠢᠨ ᠮᠡᠳᠡᠭᠡᠨ᠎ᠤ ᠰᠦᠯᠵᠢᠶ᠎ᠡ ᠵᠢᠨ ᠰᠤᠷᠪᠤᠯᠵᠢᠯᠠᠭᠴᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠤᠷᠪᠠᠨ ᠵᠢᠯ᠎ᠤᠨ ᠠᠵᠢᠯᠯᠠᠭ᠋ᠠᠨ᠎ᠤ ᠬᠡᠷᠡᠭᠵᠢᠭᠦᠯᠬᠦ ᠲᠥᠰᠦᠯ᠎ᠤᠨ ᠭᠣᠤᠯ ᠠᠭᠤᠯᠭ᠎ᠠ ᠵᠢ ᠲᠠᠨᠢᠯᠴᠠᠭᠤᠯᠵᠤ ᠪᠣᠯᠬᠤ   ᠤᠤ?
      ᠸᠠᠩ ᠰᠢᠶᠤᠤ ᠶᠠᠨ᠄ ᠠᠰᠠᠭᠤᠭᠰᠠᠨ᠎ᠳᠤ ᠴᠢᠨᠢ ᠪᠠᠶᠠᠷᠯᠠᠯ᠎ᠠ᠃ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ ᠭᠤᠷᠪᠠᠨ ᠵᠢᠯ᠎ᠤᠨ ᠠᠵᠢᠯᠯᠠᠭ᠎ᠠ ᠵᠢ ᠬᠡᠷᠡᠭᠵᠢᠭᠦᠯᠬᠦ ᠪᠣᠯ ᠰᠢ ᠵᠢᠨ ᠫᠢᠩ ᠨᠥᠬᠥᠷ ᠵᠶ᠋ᠠᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶᠠᠨ᠎ᠤ ᠮᠠᠨ᠎ᠤ ᠤᠯᠤᠰ ᠤᠳᠠᠯ ᠦᠭᠡᠢ ᠰᠢᠨ᠎ᠡ ᠬᠥᠭᠵᠢᠯᠲᠡ ᠵᠢᠨ ᠱᠠᠲᠤᠨ᠎ᠳᠤ ᠣᠷᠣᠬᠤ ᠭᠡᠵᠦ ᠪᠠᠶ᠋ᠢᠭ᠎ᠠ ᠦᠶ᠎ᠡ᠎ᠳᠤ ᠭᠠᠷᠭ᠋ᠠᠭᠰᠠᠨ ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢᠯᠠᠭᠤᠯᠤᠯᠲᠠ ᠮᠥᠨ᠃ 2020 ᠣᠨ᠎ᠤ 6 ᠰᠠᠷ᠎ᠠ ᠵᠢᠨ 30᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠥᠪᠯᠡᠯ᠎ᠤᠨ ᠠᠷᠪᠠᠨ ᠳᠥᠷᠪᠡᠳᠦᠭᠡᠷ ᠤᠳᠠᠭ᠎ᠠ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ 《ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ ᠭᠤᠷᠪᠠᠨ ᠵᠢᠯ᠎ᠤᠨ ᠠᠵᠢᠯᠯᠠᠭ᠋ᠠᠨ᠎ᠤ ᠲᠥᠰᠦᠯ (20202022 ᠣᠨ)》᠎ᠢ ᠬᠢᠨᠠᠨ ᠵᠥᠪᠯᠡᠵᠦ ᠪᠠᠲᠤᠯᠠᠪᠠ᠃ ᠥᠪᠡᠷᠲᠡᠭᠡᠨ ᠵᠠᠰᠠᠬᠤ ᠣᠷᠣᠨ ᠨᠢᠳᠤᠨᠤᠨ᠎ᠤ 8 ᠳ᠋ᠤᠭ᠋ᠠᠷ ᠰᠠᠷ᠎ᠠ ᠵᠢᠨ ᠰᠡᠭᠦᠯᠴᠢ᠎ᠪᠠᠷ 《ᠬᠡᠷᠡᠭᠵᠢᠭᠦᠯᠬᠦ ᠲᠥᠰᠦᠯ》᠎ᠢ ᠲᠤᠭᠤᠷᠪᠢᠬᠤ ᠳᠤᠭᠤᠶ᠋ᠢᠯᠠᠩ ᠪᠠᠶ᠋ᠢᠭᠤᠯᠵᠤ᠂ ᠲᠤᠭᠤᠷᠪᠢᠬᠤ ᠠᠵᠢᠯ᠎ᠢ ᠵᠢᠩᠬᠢᠨᠢ᠎ᠪᠠᠷ ᠡᠬᠢᠯᠡᠭᠦᠯᠵᠦ᠂ ᠭᠦᠨᠵᠡᠭᠡᠶ ᠪᠠᠶ᠋ᠢᠴᠠᠭ᠋ᠠᠨ ᠰᠤᠳᠤᠯᠬᠤ᠂ ᠥᠷᠭᠡᠨ ᠵᠶ᠋ᠠᠷ ᠰᠠᠨᠠᠯ ᠬᠤᠷᠢᠶᠠᠬᠤ᠎ᠪᠠᠷ ᠳᠠᠮᠵᠢᠭᠤᠯᠤᠨ᠂ ᠤᠷᠢᠳ ᠬᠣᠵᠢᠳ ᠠᠷᠪᠠᠨ ᠬᠡᠳᠦᠨ ᠡᠬᠡ ᠨᠣᠤᠷᠠᠭ᠎ᠢ ᠳᠠᠬᠢᠨ ᠳᠠᠪᠲᠠᠨ ᠶᠠᠷᠢᠯᠴᠠᠵᠤ ᠵᠠᠰᠠᠪᠤᠷᠢ ᠣᠷᠣᠭᠤᠯᠤᠭᠰᠠᠨ᠎ᠤ ᠳᠠᠷᠠᠭ᠎ᠠ᠂ 《ᠬᠡᠷᠡᠭᠵᠢᠭᠦᠯᠬᠦ ᠲᠥᠰᠦᠯ》᠎ᠢ ᠤᠷᠢᠳ ᠬᠣᠵᠢᠳ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠪᠠᠶ᠋ᠢᠩᠭᠤ ᠵᠢᠨ ᠬᠤᠷᠠᠯ᠎ᠳᠤ ᠳᠡᠪᠰᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠶ᠋ᠢᠷᠡᠭᠦᠯᠬᠦ ᠵᠥᠪᠯᠡᠯ᠎ᠤᠨ ᠬᠤᠷᠠᠯ᠎ᠠᠴᠠ ᠬᠢᠨᠠᠨ ᠵᠥᠪᠯᠡᠵᠦ ᠪᠠᠲᠤᠯᠠᠪᠠ᠃
    《ᠬᠡᠷᠡᠭᠵᠢᠭᠦᠯᠬᠦ ᠲᠥᠰᠦᠯ》᠎ᠨᠢ ᠬᠣᠶ᠋ᠢᠰᠢᠳᠠ ᠵᠢᠨ ᠪᠦᠬᠦ ᠣᠷᠣᠨ᠎ᠤ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠳᠤ ᠰᠢᠨ᠎ᠡ ᠡᠭᠦᠷᠭᠡ ᠵᠢᠨ ᠪᠢᠴᠢᠭ᠂ ᠴᠠᠭ᠎ᠤᠨ ᠬᠦᠰᠦᠨᠦᠭᠲᠦ᠂ ᠵᠠᠮ ᠱᠤᠭᠤᠮ᠎ᠤᠨ ᠵᠢᠷᠤᠭ᠎ᠢ ᠲᠣᠭᠲᠠᠭ᠋ᠠᠵᠤ ᠥᠭᠪᠡ᠃
    ᠨᠢᠭᠡᠳᠦᠭᠡᠷ ᠬᠡᠰᠡᠭ ᠪᠣᠯ ᠶᠡᠷᠦᠩᠬᠡᠢ ᠱᠠᠭ᠋ᠠᠷᠳᠠᠯᠭ᠎ᠠ ᠪᠠ ᠲᠡᠷᠢᠭᠦᠨ ᠴᠢᠬᠤᠯᠠ ᠡᠭᠦᠷᠭᠡ ᠮᠥᠨ᠂ ᠭᠣᠤᠯ ᠠᠭᠤᠯᠭ᠎ᠠ᠎ᠨᠢ 《ᠬᠣᠶᠠᠷ᠎ᠢ ᠭᠦᠨᠵᠡᠭᠡᠶ ᠲᠤᠭᠤᠰᠢᠯᠠᠭᠤᠯᠬᠤ》 ᠪᠣᠯᠤᠨ᠎ᠠ (ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠠᠵᠢᠯ ᠪᠣᠯᠤᠨ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠥᠭᠡᠷᠡᠴᠢᠯᠡᠯᠲᠡ ᠬᠥᠭᠵᠢᠯᠲᠡ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠬᠡᠷᠡᠭᠲᠡᠶ)᠂ 《ᠨᠢᠭᠡ ᠵᠢ ᠣᠨᠣᠪᠴᠢᠲᠠᠢ ᠡᠵᠡᠮᠳᠡᠬᠦ》 (ᠮᠠᠨ᠎ᠤ ᠣᠷᠣᠨ᠎ᠤ 《ᠬᠣᠶᠠᠷ ᠰᠠᠭᠤᠷᠢᠨ》᠎ᠢ ᠣᠨᠣᠪᠴᠢᠲᠠᠢ ᠡᠵᠡᠮᠳᠡᠬᠦ ᠬᠡᠷᠡᠭᠲᠡᠢ᠂ 《ᠬᠣᠶᠠᠷ ᠬᠠᠯᠬᠠᠪᠴᠢ》᠂ 《ᠨᠢᠭᠡ ᠬᠥᠭᠥᠷᠭᠡᠨ ᠪᠡᠬᠢᠯᠡᠯᠲᠡ》 ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ᠂ ᠠᠮᠢ ᠠᠬᠤᠶ ᠵᠢ ᠲᠡᠷᠢᠭᠦᠨ᠎ᠳᠤ ᠲᠠᠯᠪᠢᠬᠤ ᠵᠢ ᠬᠠᠶ᠋ᠢᠨ ᠰᠦᠪᠡᠭᠴᠢᠯᠡᠵᠦ ᠪᠠᠢ᠍ᠨ᠎ᠠ᠂ ᠪᠣᠬᠢᠷᠲᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠶ᠋ᠢᠲᠠᠢ ᠬᠥᠭᠵᠢᠯᠲᠡ ᠵᠢᠨ ᠰᠢᠨ᠎ᠡ ᠵᠠᠮ ᠳᠡᠭᠡᠷ᠎ᠡ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠬᠦᠲᠦᠯᠦᠨ ᠳᠠᠭ᠋ᠠᠭᠤᠯᠵᠤ ᠳᠠᠶ᠋ᠢᠴᠢᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ)᠂ 《ᠲᠦᠷᠪᠡ ᠵᠢ ᠪᠠᠷᠢᠮᠲᠠᠯᠠᠬᠤ》 (ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠳᠠᠬᠢ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠨ᠎ᠠ᠂ ᠠᠵᠤ ᠠᠬᠤᠢ ᠵᠢᠨ ᠦᠨᠳᠦᠰᠦᠨ ᠪᠠᠶ᠋ᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠦᠨ᠎ᠡ᠂ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠥᠭᠡᠷᠡᠴᠢᠯᠡᠯᠲᠡ ᠵᠢᠨ ᠴᠢᠭᠯᠡᠯ᠎ᠢ ᠪᠠᠷᠢᠮᠲᠠᠯᠠᠨ᠎ᠠ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠤᠯᠤᠰ᠎ᠤᠨ ᠥᠮᠴᠢᠯᠡᠯ᠎ᠤᠨ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠭᠡᠬᠦ ᠡᠨᠡ ᠬᠦ᠌ ᠭᠣᠣᠯ ᠰᠡᠳᠦᠪ ᠭᠣᠣᠯ ᠰᠢᠵᠢᠮ᠎ᠢ ᠭᠤᠷᠪᠠᠨ ᠵᠢᠯ᠎ᠤᠨ ᠠᠵᠢᠯᠯᠠᠭ᠎ᠠ᠎ᠳᠤ ᠢᠮᠠᠭᠲᠠ ᠲᠤᠭᠤᠰᠢᠯᠠᠭᠤᠯᠬᠤ ᠵᠢ ᠪᠠᠷᠢᠮᠲᠠᠯᠠᠨ᠎ᠠ)᠂ 《ᠭᠤᠷᠪᠠᠨ ᠢᠯᠡᠷᠬᠡᠶ ᠦᠷ᠎ᠡ ᠪᠦᠲᠦᠮᠵᠢ》 (ᠨᠠᠩ ᠪᠣᠯᠪᠠᠰᠤᠷᠠᠩᠭᠤᠶ ᠨᠠᠩ ᠬᠡᠪᠰᠢᠭᠰᠡᠨ ᠳᠤᠮᠳᠠᠳᠤ ᠤᠯᠤᠰ᠎ᠤᠨ ᠣᠨᠴᠠᠯᠢᠭ᠎ᠲᠠᠢ ᠣᠲᠣ ᠦᠶ᠎ᠡ ᠵᠢᠨ ᠠᠵᠤ ᠠᠬᠤᠶ᠋ᠢᠯᠠᠯ᠎ᠤᠨ ᠲᠦᠷᠢᠮ ᠪᠠ ᠬᠥᠷᠥᠩᠭᠡ ᠬᠠᠮᠢᠶᠠᠷᠬᠤ᠎ᠪᠠᠷ ᠭᠣᠤᠯ ᠪᠣᠯᠭ᠋ᠠᠭᠰᠠᠨ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠪᠠᠶ᠋ᠢᠭᠤᠯᠤᠯ᠎ᠢ ᠪᠦᠷᠢᠯᠳᠦᠭᠦᠯᠬᠦ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠤᠯᠪᠠ᠂ ᠤᠯᠤᠰ᠎ᠤᠨ ᠥᠮᠴᠢᠯᠡᠯᠲᠦ ᠠᠵᠤ ᠠᠬᠤᠶ ᠵᠢᠨ ᠪᠠᠶ᠋ᠢᠷᠢᠯᠠᠭᠤᠯᠤᠯᠲᠠ ᠵᠢ ᠰᠢᠯᠢᠳᠡᠭᠵᠢᠭᠦᠯᠬᠦ ᠪᠠ ᠪᠦᠲᠦᠴᠡ ᠵᠢᠨ ᠲᠣᠬᠢᠷᠠᠭᠤᠯᠤᠯᠲᠠ ᠵᠢ ᠲᠦᠯᠬᠢᠨ ᠠᠬᠢᠭᠤᠯᠬᠤ ᠲᠠᠯ᠎ᠠ᠎ᠪᠠᠷ ᠢᠯᠡᠷᠬᠡᠶ ᠦᠷ᠎ᠡ ᠪᠦᠲᠦᠮᠵᠢ ᠣᠯᠪᠠ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠠᠮᠢᠳᠤᠯᠢᠭ ᠬᠦᠴᠦᠨ ᠪᠠ ᠦᠷ᠎ᠡ ᠪᠦᠲᠦᠮᠵᠢ ᠵᠢ ᠳᠡᠭᠡᠭᠰᠢᠯᠡᠭᠦᠯᠬᠦ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠤᠯᠪᠠ)᠃
    ᠬᠣᠶᠠᠳᠤᠭ᠋ᠠᠷ ᠬᠡᠰᠡᠭ᠎ᠨᠢ ᠨᠠᠢ᠍ᠮᠠᠨ ᠲᠠᠯ᠎ᠠ ᠵᠢᠨ ᠭᠣᠤᠯᠳᠠᠯᠭ᠎ᠠ᠎ᠲᠠᠢ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠪᠡ᠃ ᠨᠢᠭᠡ᠎ᠳᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠤᠳᠤ ᠦᠶ᠎ᠡ ᠵᠢᠨ ᠠᠵᠤ ᠠᠬᠤᠶ᠋ᠢᠯᠠᠯ᠎ᠤᠨ ᠲᠦᠷᠢᠮ᠎ᠢ ᠲᠡᠭᠦᠯᠳᠡᠷᠵᠢᠭᠦᠯᠵᠦ᠂ 《ᠬᠣᠶᠠᠷ᠎ᠢ ᠢᠮᠠᠭᠲᠠ ᠲᠤᠭᠤᠰᠢᠯᠠᠭᠤᠯᠬᠤ》 ᠵᠢ ᠪᠠᠷᠢᠮᠲᠠᠯᠠᠵᠤ᠂ ᠰᠢᠨᠵᠢᠯᠡᠬᠦ ᠤᠬᠠᠭ᠋ᠠᠨᠴᠢ ᠪᠦᠲᠦᠮᠵᠢᠲᠡᠢ ᠺᠣᠮᠫᠠᠨᠢ ᠵᠢᠨ ᠵᠠᠰᠠᠯᠲᠠ ᠵᠢᠨ ᠲᠣᠭᠲᠠᠴᠠ ᠵᠢ ᠪᠦᠷᠢᠯᠳᠦᠭᠦᠯᠬᠦ ᠬᠡᠷᠡᠭᠲᠡᠢ; ᠬᠣᠶᠠᠷ᠎ᠲᠤ᠂ ᠤᠯᠤᠰ᠎ᠤᠨ ᠥᠮᠴᠢᠯᠡᠯ᠎ᠤᠨ ᠠᠵᠤ ᠠᠬᠤᠶ ᠵᠢᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠬᠦ ᠪᠠ ᠪᠦᠲᠦᠴᠡ ᠵᠢᠨ ᠲᠣᠬᠢᠷᠠᠭᠤᠯᠤᠯᠲᠠ ᠵᠢ ᠠᠬᠢᠭᠤᠯᠵᠤ᠂ ᠭᠣᠤᠯ ᠬᠠᠷᠢᠭᠤᠴᠠᠯᠭ᠎ᠠ ᠭᠣᠤᠯ ᠠᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠣᠳᠠᠲᠤ ᠴᠣᠭᠴᠠ ᠵᠢᠨ ᠠᠵᠤ ᠠᠬᠤᠶ ᠵᠢ ᠬᠥᠭᠵᠢᠭᠦᠯᠵᠦ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠤᠯᠤᠰ᠎ᠤᠨ ᠥᠮᠴᠢᠯᠡᠯ᠎ᠤᠨ ᠬᠥᠷᠥᠩᠭᠡ ᠵᠢᠨ ᠲᠣᠬᠢᠷᠠᠭᠤᠯᠤᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ; ᠭᠤᠷᠪᠠ᠎ᠳᠤ ᠬᠣᠯᠢᠮᠠᠭ ᠥᠮᠴᠢᠯᠡᠯ᠎ᠤᠨ ᠳᠦᠷᠢᠮᠲᠦ ᠥᠭᠡᠷᠡᠴᠢᠯᠡᠯᠲᠡ ᠵᠢ ᠢᠳᠡᠪᠬᠢᠲᠡᠢ ᠪᠥᠭᠡᠳ ᠯᠠᠪᠳᠠᠭᠤᠨ ᠵᠶ᠋ᠠᠷ ᠲᠦᠯᠬᠢᠨ ᠠᠬᠢᠭᠤᠯᠵᠤ᠂ ᠡᠯ᠎ᠡ ᠲᠦᠷᠦᠯ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠰᠠᠢ᠍ᠢ᠍ᠨ᠎ᠲᠠᠢ ᠲᠠᠯ᠎ᠠ ᠵᠢ᠎ᠨᠢ ᠠᠪᠴᠤ ᠳᠤᠲᠠᠭᠳᠠᠯ᠎ᠲᠠᠢ ᠲᠠᠯ᠎ᠠ᠎ᠪᠠᠨ ᠨᠥᠬᠥᠪᠥᠷᠢᠯᠡᠬᠦ᠂ ᠬᠠᠮᠲᠤ᠎ᠪᠠᠷ ᠬᠥᠭᠵᠢᠬᠦ ᠵᠢ ᠠᠬᠢᠭᠤᠯᠤᠨ᠎ᠠ; ᠲᠦᠷᠪᠡ᠎ᠳᠤ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠠᠮᠢᠳᠤᠯᠢᠭ ᠬᠦᠴᠦᠨ᠎ᠢ ᠬᠥᠭᠵᠢᠭᠡᠵᠦ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠵᠢᠨ ᠲᠣᠭᠲᠠᠴᠠ ᠵᠢ ᠲᠡᠭᠦᠯᠳᠡᠷᠵᠢᠭᠦᠯᠦᠨ᠂ ᠵᠥᠪ ᠴᠢᠭᠯᠡᠯ ᠵᠶ᠋ᠠᠷ ᠤᠷᠮᠠᠰᠢᠭᠤᠯᠬᠤ ᠡᠷᠴᠢᠮ᠎ᠢ ᠴᠢᠩᠭ᠋ᠠᠷᠠᠭᠤᠯᠬᠤ ᠬᠡᠷᠡᠭᠲᠡᠢ ᠪᠥᠭᠡᠳ ᠡᠭᠦᠨ᠎ᠠᠴᠠ ᠪᠤᠯᠵᠤ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠢ; ᠲᠠᠪᠤ᠎ᠳᠤ ᠬᠦᠷᠦᠨᠭᠭᠡ ᠵᠢ ᠬᠠᠮᠢᠶᠠᠷᠬᠤ᠎ᠪᠠᠷ ᠭᠣᠣᠯ ᠪᠣᠯᠭ᠋ᠠᠭᠰᠠᠨ ᠤᠯᠤᠰ᠎ᠤᠨ ᠥᠮᠴᠢᠯᠡᠯ᠎ᠤᠨ ᠡᠳ᠋ ᠬᠦᠷᠦᠨᠭᠭᠡ ᠵᠢ ᠬᠢᠨᠠᠨ ᠬᠠᠮᠢᠶᠠᠷᠬᠤ ᠪᠠᠶ᠋ᠢᠭᠤᠯᠤᠯ᠎ᠢ ᠪᠤᠢ ᠪᠣᠯᠭ᠋ᠠᠵᠤ᠂ ᠬᠢᠨᠠᠨ ᠬᠠᠮᠢᠶᠠᠷᠬᠤ ᠣᠶ᠋ᠢᠯᠠᠭ᠋ᠠᠭᠳᠠᠬᠤᠨ᠂ ᠬᠢᠨᠠᠨ ᠬᠠᠮᠢᠶᠠᠷᠬᠤ ᠭᠣᠣᠯᠳᠠᠯᠭ᠎ᠠ᠂ ᠬᠢᠨᠠᠨ ᠬᠠᠮᠢᠶᠠᠷᠬᠤ ᠠᠷᠭ᠎ᠠ ᠮᠠᠶᠢᠭ᠂ ᠬᠢᠨᠠᠨ ᠬᠠᠮᠢᠶᠠᠷᠬᠤ ᠤᠳᠤᠷᠢᠳᠤᠮᠵᠢ ᠵᠡᠷᠭᠡ ᠤᠯᠠᠨ ᠲᠠᠯ᠎ᠠ᠎ᠠᠴᠠ ᠬᠤᠪᠢᠷᠠᠭᠤᠯᠤᠯᠲᠠ ᠵᠢ ᠬᠦᠴᠦᠯᠡᠨ ᠪᠡᠶᠡᠯᠡᠭᠦᠯᠵᠦ᠂ ᠤᠯᠤᠰ᠎ᠤᠨ ᠥᠮᠴᠢᠯᠡᠯ᠎ᠤᠨ ᠡᠳ᠋ ᠬᠦᠷᠦᠨᠭᠭᠡ ᠵᠢ ᠬᠢᠨᠠᠨ ᠬᠠᠮᠢᠶᠠᠷᠬᠤ ᠵᠢᠨ ᠰᠢᠰᠲ᠋ᠧᠮᠲᠦ ᠴᠢᠨᠠᠷ᠂ ᠬᠠᠨᠳᠤᠯᠭ᠋ᠠᠲᠤ ᠴᠢᠨᠠᠷ᠂ ᠪᠦᠳᠤᠮᠵᠢᠳᠤ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ; ᠵᠢᠷᠭᠤᠭ᠎ᠠ᠎ᠳᠤ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠡᠷᠬᠡ ᠲᠡᠭᠰᠢ᠎ᠪᠠᠷ ᠵᠠᠬ᠎ᠠ ᠳᠡᠯᠭᠡᠭᠦᠷ᠎ᠤᠨ ᠥᠷᠢᠰᠥᠯᠳᠦᠭᠡᠨ᠎ᠳᠤ ᠣᠷᠣᠯᠴᠠᠬᠤ ᠵᠢ ᠠᠬᠢᠭᠤᠯᠵᠤ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠪᠠᠶ᠋ᠢᠷᠢ ᠰᠠᠭᠤᠷᠢ ᠵᠢ ᠴᠢᠩᠭ᠋ᠠᠳᠬᠠᠵᠤ᠂ ᠢᠯᠡ ᠲᠣᠳᠣ᠂ ᠡᠷᠬᠡ ᠲᠡᠭᠰᠢ᠂ ᠲᠥᠪ ᠭᠣᠣᠯᠴᠢ ᠵᠠᠬ᠎ᠠ ᠳᠡᠯᠭᠡᠭᠦᠷ᠎ᠤᠨ ᠣᠷᠴᠢᠨ ᠲᠣᠭᠣᠷᠢᠨ᠎ᠢ ᠪᠤᠢ ᠪᠣᠯᠭ᠋ᠠᠨ᠎ᠠ; ᠲᠤᠯᠤᠭ᠎ᠠ᠎ᠳᠤ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ ᠠᠯᠢ ᠤᠯᠠᠨ ᠲᠤᠰᠬᠠᠢ ᠠᠵᠢᠯᠯᠠᠭ᠎ᠠ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠠᠬᠢᠭᠤᠯᠤᠨ᠎ᠠ; ᠨᠠᠢ᠍ᠮᠠ᠎ᠳᠤ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠨᠠᠮ᠎ᠤᠨ ᠤᠳᠤᠷᠢᠳᠤᠯᠭ᠎ᠠ ᠪᠣᠯᠤᠨ ᠨᠠᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠨᠠᠮ᠎ᠤᠨ ᠪᠠᠶ᠋ᠢᠭᠤᠯᠤᠯᠲᠠ ᠵᠢᠨ ᠠᠵᠢᠯ ᠪᠣᠯᠤᠨ ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠤᠨ᠎ᠠ᠃
    ᠭᠤᠷᠪᠠᠳᠤᠭ᠋ᠠᠷ ᠬᠡᠰᠡᠭ ᠪᠣᠯ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠵᠢ ᠴᠢᠩᠭ᠋ᠠᠳᠬᠠᠨ᠎ᠠ᠂ ᠡᠭᠦᠨ᠎ᠳᠤ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ᠂ ᠲᠥᠷᠥ ᠵᠢᠨ ᠪᠣᠳᠣᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠴᠢᠩᠭ᠋ᠠᠳᠬᠠᠬᠤ᠂ ᠰᠢᠮᠳᠠᠭᠤᠯᠤᠨ ᠪᠠᠶ᠋ᠢᠴᠠᠭ᠋ᠠᠵᠤ ᠰᠢᠯᠭ᠋ᠠᠨ ᠬᠢᠨᠠᠬᠤ ᠵᠢ ᠴᠢᠩᠭ᠋ᠠᠳᠬᠠᠬᠤ᠂ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠬᠤ ᠵᠡᠷᠭᠡ ᠠᠷᠭ᠎ᠠ ᠬᠡᠮᠵᠢᠶ᠎ᠡ ᠪᠠᠭᠲᠠᠨ᠎ᠠ᠃
    ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ᠄ ᠤᠯᠤᠰ᠎ᠤᠨ ᠥᠮᠴᠢᠯᠡᠯ᠎ᠤᠨ ᠬᠥᠷᠥᠩᠭᠡ ᠵᠢᠨ ᠪᠠᠶ᠋ᠢᠷᠢᠰᠢᠯ᠎ᠤᠨ ᠪᠦᠲᠦᠴᠡ᠎ᠳᠤ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠲᠣᠬᠢᠷᠠᠭᠤᠯᠤᠯᠲᠠ ᠬᠢᠬᠦ ᠪᠣᠯ ᠰᠢᠨ᠎ᠡ ᠨᠢᠭᠡ ᠡᠭᠡᠯᠵᠢ ᠵᠢᠨ ᠥᠭᠡᠷᠡᠴᠢᠯᠡᠯᠲᠡ ᠵᠢᠨ ᠭᠣᠤᠯᠳᠠᠯᠭ᠎ᠠ᠎ᠲᠠᠢ ᠡᠭᠦᠷᠭᠡ ᠮᠥᠨ᠂ ᠥᠭᠡᠷᠡᠴᠢᠯᠡᠯᠲᠡ ᠵᠢ ᠰᠠᠶ᠋ᠢᠲᠤᠷ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠲᠠᠷᠠᠭ᠋ᠠᠴᠢ ᠵᠢᠨ ᠱᠠᠲᠤᠨ᠎ᠳᠤ ᠪᠠᠶ᠋ᠢᠷᠢᠰᠢᠯ᠎ᠤᠨ ᠪᠦᠲᠦᠴᠡ ᠵᠢᠨ ᠲᠣᠬᠢᠷᠠᠭᠤᠯᠤᠯᠲᠠ ᠵᠢᠨ ᠲᠠᠯ᠎ᠠ᠎ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠣᠶ?
    ᠸᠧᠶ ᠱᠤ᠌ ᠴᠢ᠄ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠬᠥᠷᠥᠩᠭᠡ ᠵᠢᠨ ᠪᠠᠶ᠋ᠢᠷᠢᠰᠢᠭᠤᠯᠤᠯ᠎ᠢ ᠰᠢᠯᠢᠳᠡᠭᠵᠢᠭᠦᠯᠬᠦ ᠪᠠ ᠪᠦᠲᠦᠴᠡ ᠵᠢᠨ ᠲᠣᠬᠢᠷᠠᠭᠤᠯᠤᠯᠲᠠ ᠵᠢ ᠢᠯᠡᠳᠲᠡ ᠠᠬᠢᠴᠠ᠎ᠲᠠᠢ ᠪᠣᠯᠭ᠋ᠠᠪᠠ᠃

《ᠬᠡᠷᠡᠭᠵᠢᠭᠦᠯᠬᠦ ᠲᠥᠰᠦᠯ》᠎ᠳᠤ ᠤᠯᠤᠰ᠎ᠤᠨ ᠥᠮᠴᠢᠯᠡᠯ᠎ᠤᠨ ᠠᠵᠤ ᠠᠬᠤᠶ ᠵᠢᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠬᠦ ᠪᠠ ᠪᠦᠲᠦᠴᠡ ᠵᠢᠨ ᠲᠣᠬᠢᠷᠠᠭᠤᠯᠤᠯᠲᠠ ᠵᠢ ᠠᠬᠢᠭᠤᠯᠬᠤ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠤᠯᠬᠤ ᠬᠡᠷᠡᠭᠲᠡᠶ ᠭᠡᠵᠦ ᠲᠣᠳᠣᠷᠬᠠᠶ ᠵᠢᠭ᠋ᠠᠵᠤ ᠭᠠᠷᠭ᠋ᠠᠪᠠ᠃ ᠲᠠᠷᠠᠭ᠋ᠠᠴᠢ ᠵᠢᠨ ᠠᠯᠬᠤᠮ᠎ᠳᠤ᠂ ᠪᠢᠳᠡ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ᠎ᠳᠤ ᠦᠢ᠍ᠯᠡᠴᠢᠯᠡᠬᠦ ᠵᠢᠨ ᠲᠣᠭᠣᠷᠢᠨ᠎ᠳᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠎ᠲᠠᠢ ᠤᠶᠠᠯᠳᠤᠭᠤᠯᠵᠤ᠂ ᠤᠯᠤᠰ᠎ᠤᠨ ᠥᠮᠴᠢᠯᠡᠯ᠎ᠤᠨ ᠬᠥᠷᠥᠩᠭᠡ ᠵᠢᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠬᠦ ᠪᠠ ᠪᠦᠲᠦᠴᠡ ᠵᠢᠨ ᠲᠣᠬᠢᠷᠠᠭᠤᠯᠤᠯᠲᠠ ᠵᠢ ᠤᠯᠠᠮ ᠴᠢᠨᠠᠭᠰᠢᠳᠠ ᠠᠬᠢᠭᠤᠯᠤᠨ᠎ᠠ᠃ ᠪᠣᠳᠠᠲᠠᠢ᠎ᠪᠠᠷ ᠬᠡᠯᠡᠪᠡᠯ ᠳᠣᠣᠷᠠᠬᠢ ᠬᠡᠳᠦᠨ ᠲᠠᠯ᠎ᠠ ᠪᠠᠶ᠋ᠢᠨ᠎ᠠ᠃
    ᠨᠢᠭᠡ᠎ᠳᠤ᠂ ᠪᠦᠲᠦᠴᠡ ᠵᠢ ᠰᠢᠯᠢᠳᠡᠭᠵᠢᠭᠦᠯᠬᠦ᠂ ᠣᠷᠴᠢᠯ᠎ᠢ ᠰᠢᠯᠤᠭᠤᠳᠬᠠᠬᠤ᠂ ᠨᠡᠮᠡᠭᠳᠡᠯ᠎ᠢ ᠲᠣᠭᠲᠠᠪᠤᠷᠢᠵᠢᠭᠤᠯᠬᠤ ᠳᠤᠮᠳᠠᠬᠢ ᠤᠯᠤᠰ᠎ᠤᠨ ᠥᠮᠴᠢᠯᠡᠯ᠎ᠤᠨ ᠠᠵᠤ ᠠᠬᠤᠢ ᠵᠢᠨ ᠦᠢ᠍ᠯᠡᠳᠦᠯ᠎ᠢ ᠪᠦᠲᠦᠮᠵᠢᠲᠡᠢ ᠪᠠᠳᠠᠷᠠᠭᠤᠯᠤᠨ᠎ᠠ᠃ ᠠᠵᠤ ᠦᠢ᠍ᠯᠡᠰ᠎ᠤᠨ ᠣᠷᠴᠢᠯ᠂ ᠵᠠᠬ᠎ᠠ ᠳᠡᠯᠭᠡᠭᠦᠷ᠎ᠤᠨ ᠣᠷᠴᠢᠯ᠎ᠢ ᠰᠢᠯᠤᠭᠤᠳᠬᠠᠬᠤ᠂ ᠠᠵᠤ ᠠᠬᠤᠶ ᠨᠡᠶ᠋ᠢᠭᠡᠮ᠎ᠤᠨ ᠣᠷᠴᠢᠯ ᠵᠡᠷᠭᠡ ᠲᠠᠯ᠎ᠠ᠎ᠪᠠᠷ᠎ᠬᠢ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠬᠥᠲᠥᠯᠥᠨ ᠳᠠᠭ᠋ᠠᠭᠤᠯᠵᠤ ᠳᠠᠶ᠋ᠢᠴᠢᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠣᠷᠣᠨ᠎ᠤ ᠬᠠᠷᠢᠶ᠎ᠠ ᠪᠦᠬᠦᠢ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠭᠣᠣᠯ ᠬᠠᠷᠢᠭᠤᠴᠠᠯᠭ᠎ᠠ ᠭᠣᠣᠯ ᠠᠵᠢᠯ ᠦᠢ᠍ᠯᠡᠰ᠎ᠲᠤ ᠠᠩᠬᠠᠷᠤᠯ ᠵᠶ᠋ᠠᠨ ᠲᠥᠪᠯᠡᠷᠡᠭᠦᠯᠬᠦ ᠵᠢ ᠲᠦᠷᠭᠡᠳᠬᠡᠨ ᠠᠬᠢᠭᠤᠯᠵᠤ᠂ ᠵᠠᠬ᠎ᠠ ᠳᠡᠯᠭᠡᠭᠦᠷ ᠵᠶ᠋ᠠᠷ ᠤᠳᠤᠷᠢᠳᠤᠮᠵᠢ ᠪᠣᠯᠭ᠋ᠠᠨ ᠪᠦᠲᠦᠴᠡ ᠵᠢᠨ ᠲᠣᠬᠢᠷᠠᠭᠤᠯᠤᠯᠲᠠ ᠬᠢᠵᠦ᠂ ᠪᠣᠳᠠᠲᠤ ᠴᠣᠭᠴᠠ ᠵᠢᠨ ᠠᠵᠤ ᠠᠬᠤᠶ ᠵᠢ ᠬᠥᠭᠵᠢᠭᠦᠯᠦᠨ᠂ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢ ᠰᠢᠯᠢᠳᠡᠭᠵᠢᠭᠦᠯᠦᠨ ᠲᠣᠭᠲᠠᠪᠤᠷᠢᠵᠢᠭᠤᠯᠬᠤ ᠬᠡᠷᠡᠭᠲᠡᠶ᠃ ᠣᠷᠣᠨ᠎ᠤ ᠬᠠᠷᠢᠶ᠎ᠠ ᠪᠥᠬᠥᠶ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠲᠥᠷᠥᠯ ᠵᠦᠢ᠍ᠯ ᠵᠶ᠋ᠠᠷ ᠬᠠᠮᠲᠤᠷᠠᠯᠴᠠᠬᠤ᠂ ᠠᠵᠤ ᠦᠢ᠍ᠯᠡᠰ᠎ᠢ ᠬᠠᠮᠲᠤᠪᠠᠷ ᠪᠠᠶ᠋ᠢᠭᠤᠯᠬᠤ᠂ ᠬᠣᠯᠪᠣᠭ᠎ᠠ ᠪᠠᠶ᠋ᠢᠭᠤᠯᠬᠤ ᠵᠡᠷᠭᠡ ᠵᠠᠬ᠎ᠠ ᠳᠡᠯᠭᠡᠭᠦᠷᠴᠢᠯᠡᠬᠦ ᠠᠷᠭ᠎ᠠ ᠮᠠᠶᠢᠭ ᠵᠶ᠋ᠠᠷ ᠳᠠᠮᠵᠢᠭᠤᠯᠤᠨ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠂ ᠳᠤᠮᠳᠠ ᠵᠢᠵᠢᠭ ᠠᠵᠤ ᠠᠬᠤᠶ᠋ᠢᠯᠠᠯ᠎ᠤᠨ ᠬᠥᠭᠵᠢᠯᠲᠡ ᠵᠢ ᠳᠠᠶ᠋ᠢᠴᠢᠯᠠᠬᠤ ᠵᠢ ᠳᠡᠮᠵᠢᠨ᠎ᠡ᠃ ᠣᠷᠣᠨ᠎ᠤ ᠬᠠᠷᠢᠶ᠎ᠠ ᠪᠥᠬᠥᠶ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ ᠬᠢᠭᠡᠳ ᠲᠥᠪ᠎ᠤᠨ ᠠᠵᠤ ᠠᠬᠤᠶ᠋ᠢᠯᠠᠯ᠂ ᠪᠤᠰᠤᠳ ᠣᠷᠣᠨ ᠨᠤᠲᠤᠭ᠎ᠤᠨ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠢ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭ᠋ᠠᠷ ᠳᠠᠬᠢᠨ ᠵᠣᠬᠢᠶᠠᠨ ᠪᠠᠶ᠋ᠢᠭᠤᠯᠵᠤ ᠡᠮᠬᠢᠯᠡᠨ ᠨᠡᠶ᠋ᠢᠯᠡᠭᠦᠯᠬᠦ ᠵᠢ ᠳᠡᠮᠵᠢᠨ᠎ᠡ᠃ ᠣᠷᠣᠨ᠎ᠤ ᠬᠠᠷᠢᠶ᠎ᠠ ᠪᠥᠬᠥᠶ ᠠᠵᠤ ᠠᠬᠤᠶ᠋ᠢᠯᠠᠯ᠎ᠤᠨ ᠬᠥᠨᠳᠡᠯᠡᠨ ᠭᠤᠯᠳᠤ᠎ᠪᠠᠷ ᠲᠣᠬᠢᠷᠠᠭᠤᠯᠤᠯᠲᠠ ᠬᠢᠬᠦ ᠵᠢ ᠲᠦᠷᠭᠡᠳᠬᠡᠨ᠂ ᠠᠵᠤ ᠦᠢ᠍ᠯᠡᠰ᠎ᠤᠨ ᠬᠡᠯᠬᠢᠶ᠎ᠡ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠬᠢᠵᠦ ᠲᠠᠰ ᠳᠡᠪᠰᠢᠭᠦᠯᠵᠦ᠂ ᠮᠠᠰᠢ ᠣᠯᠠᠨ ᠳᠤᠮᠳᠠ ᠵᠢᠵᠢᠭ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠢ ᠰᠢᠯᠢᠳᠡᠭᠵᠢᠭᠦᠯᠦᠨ ᠡᠮᠬᠢᠯᠡᠨ ᠨᠡᠶ᠋ᠢᠯᠡᠭᠦᠯᠬᠦ ᠵᠢ ᠠᠬᠢᠭᠤᠯᠤᠨ᠎ᠠ᠃
    ᠬᠣᠶᠠᠷ᠎ᠲᠤ᠂ ᠤᠯᠤᠰ᠎ᠤᠨ ᠥᠮᠴᠢᠯᠡᠯ᠎ᠤᠨ ᠬᠦᠷᠦᠨᠭᠭᠡ ᠵᠢᠨ ᠴᠢᠬᠤᠯᠠ ᠠᠵᠢᠯ ᠲᠦᠷᠦᠯ ᠪᠠ ᠵᠠᠩᠭᠢᠯᠠᠭ᠎ᠠ ᠵᠢᠨ ᠬᠦᠷᠢᠶᠡᠨ᠎ᠳᠤ ᠲᠥᠪᠯᠡᠷᠡᠬᠦ ᠵᠢ ᠲᠦᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠴᠣᠭᠴᠠᠯᠠᠬᠤ ᠳᠤᠮᠳᠠᠬᠢ ᠴᠢᠳᠠᠮᠵᠢ ᠵᠢᠨ ᠪᠠᠶ᠋ᠢᠷᠢ ᠲᠣᠭᠲᠠᠭ᠋ᠠᠯᠲᠠ᠂ ᠡᠬᠢ ᠪᠠᠶᠠᠯᠢᠭ᠎ᠤᠨ ᠣᠭ ᠰᠤᠷᠪᠤᠯᠵᠢ᠂ ᠬᠠᠷᠢᠴᠠᠭᠤᠯᠤᠭᠰᠠᠨ ᠳᠠᠪᠠᠭᠤᠯᠢᠭ᠂ ᠬᠥᠭᠵᠢᠯᠲᠡ ᠵᠢᠨ ᠬᠡᠷᠡᠭᠴᠡᠭᠡ ᠪᠠ ᠪᠣᠳᠠᠲᠤ ᠪᠣᠯᠤᠮᠵᠢ᠎ᠳᠤ ᠰᠠᠭᠤᠷᠢᠯᠠᠨ᠂ ᠤᠯᠤᠰ᠎ᠤᠨ ᠴᠢᠬᠤᠯᠠ ᠡᠨᠧᠷᠭᠢ ᠪᠠ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠶᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠥᠲᠥᠭᠡᠨ ᠪᠠᠶ᠋ᠢᠭᠤᠯᠬᠤ᠎ᠲᠠᠢ ᠨᠢᠭᠲᠠ ᠤᠶᠠᠯᠳᠤᠭᠤᠯᠵᠤ᠂ ᠠᠵᠤ ᠦᠢ᠍ᠯᠡᠰ᠎ᠤᠨ ᠪᠦᠲᠦᠴᠡ ᠵᠢᠨ ᠲᠣᠬᠢᠷᠠᠭᠤᠯᠤᠯᠲᠠ ᠵᠢᠨ ᠠᠯᠬᠤᠴᠠ ᠵᠢ ᠲᠦᠷᠭᠡᠳᠬᠡᠨ᠂ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢ ᠰᠢᠯᠢᠳᠡᠭᠵᠢᠭᠦᠯᠦᠨ ᠲᠠᠰ ᠳᠡᠪᠰᠢᠭᠦᠯᠬᠦ ᠵᠢ ᠶᠡᠬᠡᠪᠡᠷ ᠠᠬᠢᠭᠤᠯᠵᠤ᠂ ᠣᠲᠣ ᠦᠶ᠎ᠡ ᠵᠢᠨ ᠠᠵᠤ ᠦᠢ᠍ᠯᠡᠰ᠎ᠤᠨ ᠰᠢᠨ᠎ᠡ ᠰᠢᠰᠲ᠋ᠧᠮᠵᠢ ᠵᠢ ᠬᠦᠴᠦᠯᠡᠨ ᠪᠠᠶ᠋ᠢᠭᠤᠯᠤᠨ᠎ᠠ᠃ ᠪᠥᠬᠥ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠤᠯᠤᠰ᠎ᠤᠨ ᠥᠮᠴᠢᠯᠡᠯ᠎ᠤᠨ ᠬᠥᠷᠥᠩᠭᠡ ᠵᠢᠨ ᠪᠠᠶ᠋ᠢᠷᠢᠰᠢᠭᠤᠯᠤᠯᠲᠠ ᠬᠢᠭᠡᠳ ᠪᠦᠲᠦᠴᠡ ᠵᠢᠨ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠲᠣᠬᠢᠷᠠᠭᠤᠯᠤᠯᠲᠠ ᠵᠢᠨ ᠲᠥᠯᠥᠪᠵᠢᠭᠦᠯᠭᠡ ᠵᠢ ᠡᠨᠡ ᠵᠢᠯ᠎ᠤᠨ 6 ᠰᠠᠷ᠎ᠠ᠎ᠠᠴᠠ ᠡᠮᠦᠨ᠎ᠡ ᠨᠠᠶ᠋ᠢᠷᠠᠭᠤᠯᠤᠨ ᠳᠠᠭᠤᠰᠬᠠᠬᠤ ᠵᠢᠨ ᠬᠠᠮᠲᠤ ᠪᠢᠳᠡ ᠪᠠᠰᠠ ᠣᠷᠣᠨ᠎ᠤ ᠬᠠᠷᠢᠶ᠎ᠠ ᠪᠥᠬᠥᠶ ᠤᠯᠤᠰ᠎ᠤᠨ ᠥᠮᠴᠢᠯᠡᠯ᠎ᠤᠨ ᠬᠥᠷᠥᠩᠭᠡ ᠵᠢᠨ ᠪᠠᠶ᠋ᠢᠷᠢᠰᠢᠭᠤᠯᠤᠯᠲᠠ ᠵᠢᠨ ᠪᠦᠲᠦᠴᠡ ᠵᠢᠨ ᠲᠣᠬᠢᠷᠠᠭᠤᠯᠤᠯᠲᠠ ᠵᠢᠨ ᠲᠥᠰᠦᠯ᠎ᠳᠤ ᠵᠠᠰᠠᠪᠤᠷᠢ ᠣᠷᠣᠭᠤᠯᠵᠤ᠂ ᠪᠥᠬᠥ ᠣᠷᠣᠨ᠎ᠤ ᠤᠯᠤᠰ᠎ᠤᠨ ᠥᠮᠴᠢᠯᠡᠯ᠎ᠤᠨ ᠬᠥᠷᠥᠩᠭᠡ ᠵᠢᠨ ᠪᠠᠶ᠋ᠢᠷᠢᠰᠢᠭᠤᠯᠤᠯᠲᠠ ᠬᠢᠭᠡᠳ ᠪᠦᠲᠦᠴᠡ ᠵᠢᠨ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠲᠣᠬᠢᠷᠠᠭᠤᠯᠤᠯᠲᠠ ᠵᠢᠨ ᠶᠡᠷᠦᠩᠬᠡᠶ ᠰᠡᠳᠬᠢᠮᠵᠢ ᠪᠠ ᠪᠠᠶ᠋ᠢᠯᠳᠤᠬᠤ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠬᠤ ᠪᠣᠯᠤᠨ᠎ᠠ᠃
    ᠭᠤᠷᠪᠠ᠎ᠳᠤ᠂ ᠳᠠᠪᠠᠭᠤᠯᠢᠭ ᠲᠠᠯ᠎ᠠ ᠵᠢ ᠪᠦᠷᠢᠯᠳᠦᠭᠦᠯᠦᠭᠡᠳᠦᠶ ᠭᠣᠣᠯ ᠡᠵᠡᠩᠨᠡᠯᠲᠡ ᠵᠢᠨ ᠪᠤᠰᠤ ᠲᠤᠬᠠᠶ᠋ᠢᠯᠠᠭᠰᠠᠨ ᠠᠵᠢᠯ ᠪᠣᠯᠤᠨ ᠦᠷ᠎ᠡ ᠠᠰᠢᠭ ᠵᠶ᠋ᠠᠷ ᠳᠣᠣᠷ᠎ᠠ ᠪᠤᠶᠤ ᠦᠷ᠎ᠡ ᠠᠰᠢᠭ ᠦᠭᠡᠶ ᠡᠳ ᠬᠥᠷᠥᠩᠭᠡ ᠵᠢ ᠦᠷᠭᠦᠯᠵᠢᠯᠡᠨ ᠢᠯᠭ᠋ᠠᠷᠠᠭᠤᠯᠤᠨ ᠪᠤᠴᠠᠭ᠋ᠠᠬᠤ ᠬᠡᠷᠡᠭᠲᠡᠶ᠃ ᠪᠢᠳᠡ 2021 ᠣᠨ᠎ᠳᠤ ᠣᠷᠣᠨ᠎ᠤ ᠬᠠᠷᠢᠶ᠎ᠠ ᠠᠵᠤ ᠠᠬᠤᠶ᠋ᠢᠯᠠᠯ᠎ᠤᠨ ᠭᠣᠤᠯ ᠠᠵᠢᠯ ᠪᠠ ᠪᠠᠯᠠ ᠣᠷᠣᠭᠤᠯᠤᠯᠲᠠ ᠵᠢᠨ ᠲᠥᠷᠥᠯ ᠦᠢ᠍ᠯᠡᠰ᠎ᠤᠨ ᠨᠠᠵᠠᠭ᠋ᠠᠶ ᠲᠠᠯ᠎ᠠ ᠵᠢᠨ ᠨᠠᠷᠢᠨ ᠲᠠᠩᠰᠠ ᠵᠢ ᠬᠥᠳᠡᠯᠦᠩᠭᠦᠶ᠎ᠪᠠᠷ ᠲᠣᠬᠢᠷᠠᠭᠤᠯᠬᠤ ᠲᠣᠭᠲᠠᠴᠠ ᠵᠢ ᠪᠠᠶ᠋ᠢᠭᠤᠯᠵᠤ᠂ ᠠᠵᠤ ᠠᠬᠤᠶ᠋ᠢᠯᠠᠯ᠎ᠤᠨ ᠭᠣᠤᠯ ᠠᠵᠢᠯ ᠵᠶ᠋ᠠᠨ ᠬᠦᠴᠦᠷᠬᠡᠭᠵᠢᠭᠦᠯᠦᠨ ᠰᠢᠯᠢᠳᠡᠭᠵᠢᠭᠦᠯᠬᠦ ᠵᠢ ᠬᠥᠲᠥᠯᠥᠨ ᠵᠢᠯᠣᠭᠣᠳᠤᠨ᠎ᠠ᠃ ᠣᠷᠣᠨ᠎ᠤ ᠬᠠᠷᠢᠶ᠎ᠠ ᠪᠥᠬᠥᠶ ᠠᠵᠤ ᠠᠬᠤᠶ᠋ᠢᠯᠠᠯ᠎ᠢ ᠵᠢᠯᠣᠭᠣᠳᠤᠨ ᠥᠷᠢᠰᠥᠯᠳᠦᠭᠡᠨ᠎ᠤ ᠳᠠᠪᠠᠭᠤᠯᠢᠭ᠎ᠢ ᠪᠦᠷᠢᠯᠳᠦᠭᠦᠯᠦᠭᠡᠳᠦᠶ᠂ ᠬᠥᠭᠵᠢᠯᠲᠡ ᠵᠢᠨ ᠳᠠᠯᠳᠠ ᠬᠦᠴᠦᠨ ᠵᠶ᠋ᠠᠷ ᠳᠤᠲᠠᠮᠠᠭ ᠪᠠᠶ᠋ᠢᠬᠤ ᠭᠣᠤᠯ ᠡᠵᠡᠩᠨᠡᠯᠲᠡ ᠵᠢᠨ ᠪᠤᠰᠤ ᠲᠤᠬᠠᠶ᠋ᠢᠯᠠᠭᠰᠠᠨ ᠠᠵᠢᠯ (ᠠᠵᠤ ᠠᠬᠤᠶ᠋ᠢᠯᠠᠯ) ᠪᠣᠯᠤᠨ ᠦᠷ᠎ᠡ ᠠᠰᠢᠭ ᠵᠶ᠋ᠠᠷ ᠳᠣᠤᠷ᠎ᠠ ᠪᠤᠶᠤ ᠦᠷ᠎ᠡ ᠠᠰᠢᠭ ᠥᠬᠡᠶ ᠡᠳ᠋ ᠬᠥᠷᠥᠩᠭᠡ ᠵᠢ ᠪᠥᠬᠥ ᠲᠠᠯ᠎ᠠ᠎ᠪᠠᠷ ᠡᠮᠬᠢᠯᠡᠵᠦ ᠪᠤᠴᠠᠭ᠋ᠠᠨ ᠭᠠᠷᠭ᠋ᠠᠵᠤ᠂ ᠵᠢᠱ᠌ᠢᠯᠲᠡ᠎ᠪᠠᠷ 2022 ᠣᠨ ᠪᠣᠯᠬᠤ᠎ᠳᠤ ᠣᠷᠣᠨ᠎ᠤ ᠬᠠᠷᠢᠶ᠎ᠠ ᠪᠥᠬᠥᠶ ᠠᠵᠤ ᠠᠬᠤᠶ᠋ᠢᠯᠠᠯ᠎ᠤᠨ ᠦᠯᠡᠳᠡᠭᠡᠯ᠎ᠢ ᠢᠯᠭ᠋ᠠᠷᠠᠭᠤᠯᠤᠨ ᠪᠤᠴᠠᠭ᠋ᠠᠬᠤ ᠶᠠᠪᠤᠳᠠᠯ᠎ᠢ ᠦᠨᠳᠦᠰᠦᠨ᠎ᠳᠤᠨᠢ ᠪᠡᠶᠡᠯᠡᠭᠦᠯᠵᠦ᠂ ᠬᠠᠮᠢᠶᠠᠷᠤᠯᠲᠠ ᠵᠢᠨ ᠱᠠᠲᠤ ᠲᠠᠰ᠎ᠢ ᠵᠠᠷᠴᠢᠮ ᠳᠡᠭᠡᠷ᠎ᠡ᠎ᠪᠠᠨ ᠭᠤᠷᠪᠠᠨ ᠱᠠᠲᠤᠨ᠎ᠤ ᠳᠣᠲᠣᠷ᠎ᠠ ᠬᠢᠵᠠᠭ᠋ᠠᠷᠯᠠᠵᠤ᠂ ᠬᠠᠤᠯᠢ ᠵᠢᠨ ᠡᠷᠬᠡᠲᠡᠨ᠎ᠤ ᠡᠷᠦᠬᠡ ᠵᠢᠨ ᠲᠣᠭ᠎ᠠ ᠵᠢ 20 %᠎ᠠᠴᠠ ᠳᠡᠭᠡᠭᠰᠢ ᠪᠠᠭ᠋ᠠᠰᠬᠠᠨ᠎ᠠ᠃
    ᠲᠦᠷᠪᠡ᠎ᠳᠤ᠂ ᠰᠢᠨ᠎ᠡ ᠬᠥᠳᠡᠯᠭᠡᠬᠦ ᠡᠨᠧᠷᠭᠢ ᠵᠢ ᠪᠣᠶ᠋ᠢᠵᠢᠭᠤᠯᠬᠤ ᠵᠢ ᠴᠢᠩᠭ᠋ᠠᠳᠬᠠᠵᠤ᠂ ᠴᠢᠨᠠᠷ ᠰᠠᠶ᠋ᠢᠲᠠᠢ ᠬᠥᠭᠵᠢᠯᠲᠡ ᠵᠢᠨ ᠰᠢᠨ᠎ᠡ ᠪᠠᠶ᠋ᠢᠷᠢᠰᠢᠯ᠎ᠢ ᠪᠠᠶ᠋ᠢᠭᠤᠯᠤᠨ᠎ᠠ᠃ ᠪᠢᠳᠡ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ 5 G᠂ ᠠᠵᠤ ᠦᠶᠯᠡᠳᠪᠦᠷᠢ ᠵᠢᠨ ᠢᠨᠲ᠋ᠧᠷ ᠰᠦᠯᠵᠢᠶ᠎ᠡ᠂ ᠵᠣᠬᠢᠶᠠᠮᠠᠯ ᠣᠶᠤᠨ ᠴᠢᠳᠠᠪᠤᠷᠢ᠂ ᠲᠣᠮᠣ ᠳ᠋ᠠᠶ᠋ᠢᠲ᠋ᠠ ᠵᠢᠨ ᠲᠥᠪ ᠵᠡᠷᠭᠡ ᠰᠢᠨ᠎ᠡ ᠬᠡᠯᠪᠡᠷᠢ ᠵᠢᠨ ᠰᠠᠭᠤᠷᠢ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢᠨ ᠬᠦᠷᠢᠶ᠎ᠡ ᠴᠠᠷᠠᠭ᠎ᠠ᠎ᠳᠤ ᠨᠠᠩ ᠣᠯᠠᠨ ᠣᠷᠣᠭᠤᠯᠤᠯᠲᠠ ᠬᠢᠬᠦ ᠵᠢ ᠢᠳᠡᠪᠬᠢᠲᠡᠶ ᠠᠬᠢᠭᠤᠯᠵᠤ᠂ ᠰᠢᠨ᠎ᠡ ᠨᠢᠭᠡ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ ᠬᠢᠭᠡᠳ ᠠᠵᠤ ᠦᠢ᠍ᠯᠡᠰ᠎ᠤᠨ ᠭᠦᠨᠵᠡᠭᠡᠶ ᠠᠭᠤᠰᠤᠯᠴᠠᠯ᠎ᠢ ᠠᠬᠢᠭᠤᠯᠤᠨ᠂ ᠠᠵᠤ ᠠᠬᠤᠶ᠋ᠢᠯᠠᠯ᠎ᠤᠨ ᠲᠣᠭ᠋ᠠᠴᠢᠯᠠᠯᠲᠠ᠂ ᠤᠶᠤᠨᠴᠢᠯᠠᠯᠲᠠ ᠵᠢᠨ ᠬᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠨ ᠠᠬᠢᠭᠤᠯᠵᠤ᠂ ᠨᠢᠭᠡ ᠪᠦᠯᠦᠭ ᠥᠷᠢᠰᠥᠯᠳᠦᠬᠦ ᠬᠦᠴᠦᠨ᠎ᠲᠠᠢ ᠠᠵᠢᠯ ᠲᠥᠷᠥᠯ᠎ᠤᠨ ᠲᠡᠷᠢᠭᠦᠨ᠎ᠤ ᠠᠵᠤ ᠠᠬᠤᠶ᠋ᠢᠯᠠᠯ᠎ᠢ ᠪᠣᠶ᠋ᠢᠵᠢᠭᠤᠯᠪᠠ᠃
      ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ ᠵᠢᠨ ᠰᠤᠷᠪᠤᠯᠵᠢᠯᠠᠭᠴᠢ᠄ ᠡᠨᠡ ᠤᠳᠠᠭ᠋ᠠᠨ᠎ᠤ ᠮᠠᠨ᠎ᠤ ᠣᠷᠣᠨ᠎ᠤ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ ᠭᠤᠷᠪᠠᠨ ᠵᠢᠯ᠎ᠤᠨ ᠠᠵᠢᠯᠯᠠᠭ᠋ᠠᠨ᠎ᠤ ᠬᠡᠷᠡᠭᠵᠢᠭᠦᠯᠬᠦ ᠲᠥᠰᠦᠯ᠎ᠨᠢ ᠶᠠᠮᠠᠷ ᠣᠨᠴᠠᠯᠢᠭ᠎ᠲᠠᠢ ᠪᠣᠶ? ᠲᠠᠷᠠᠭ᠋ᠠᠴᠢ ᠵᠢᠨ ᠠᠯᠬᠤᠮ᠎ᠳᠤ ᠥᠭᠡᠷᠡᠴᠢᠯᠡᠯᠲᠡ ᠵᠢ ᠳᠥᠯᠭᠢᠨ ᠠᠬᠢᠭᠤᠯᠬᠤ ᠵᠢᠨ ᠭᠣᠤᠯᠳᠠᠯᠭ᠎ᠠ᠎ᠨᠢ ᠶᠠᠭᠤ ᠪᠣᠶ?
      ᠵᠠᠩ ᠳ᠋ᠦᠩ᠄ ᠲᠠᠨ᠎ᠤ ᠠᠰᠠᠭᠤᠭᠰᠠᠨ᠎ᠳᠤ ᠪᠠᠶᠠᠷᠯᠠᠯ᠎ᠠ᠃ ᠮᠠᠨ᠎ᠤ ᠣᠷᠣᠨ᠎ᠤ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ 《ᠬᠡᠷᠡᠭᠵᠢᠭᠦᠯᠬᠦ ᠲᠥᠰᠦᠯ》 ᠪᠣᠯ ᠲᠥᠪ᠎ᠤᠨ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢᠬᠢ ᠮᠠᠨ᠎ᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ ᠬᠥᠭᠵᠢᠯᠲᠡ ᠵᠢᠨ ᠭᠣᠤᠯ ᠦᠷ᠎ᠡ ᠪᠦᠲᠦᠮᠵᠢ ᠪᠠ ᠲᠤᠷᠰᠢᠯᠭ᠎ᠠ ᠵᠢ ᠪᠥᠬᠥ ᠲᠠᠯ᠎ᠠ᠎ᠪᠠᠷ ᠳ᠋ᠦᠩᠨᠡᠭᠰᠡᠨ ᠰᠠᠭᠤᠷᠢᠨ ᠳᠡᠭᠡᠷ᠎ᠡ᠂ ᠰᠢᠨ᠎ᠡ ᠬᠥᠭᠵᠢᠯᠲᠡ ᠵᠢᠨ ᠱᠠᠲᠤ ᠦᠶ᠎ᠡ᠎ᠳᠤ ᠬᠠᠨᠳᠤᠭᠤᠯᠤᠨ ᠪᠥᠬᠥ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ ᠬᠥᠭᠵᠢᠯᠲᠡ ᠵᠢ ᠵᠢᠯᠣᠭᠣᠳᠬᠤ ᠴᠢᠬᠤᠯᠠ ᠪᠢᠴᠢᠭ ᠮᠠᠲ᠋ᠧᠷᠢᠶᠠᠯ ᠪᠣᠯᠤᠨ᠎ᠠ᠃ 《ᠬᠡᠷᠡᠭᠵᠢᠭᠦᠯᠬᠦ ᠲᠥᠰᠦᠯ》᠎ᠨᠢ ᠤᠯᠤᠰ᠎ᠤᠨ ᠠᠵᠢᠯᠯᠠᠭ᠎ᠠ ᠵᠢᠨ ᠲᠥᠰᠦᠯ᠎ᠳᠤ ᠣᠷᠣᠨ ᠨᠤᠲᠤᠭ᠎ᠤᠨ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠠᠵᠢᠯ᠎ᠤᠨ ᠠᠭᠤᠯᠭ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ ᠳᠤᠲᠠᠭᠤᠳᠠᠯ ᠪᠠ ᠪᠠᠭᠤᠷᠠᠶ ᠲᠠᠯ᠎ᠠ ᠵᠢ ᠲᠣᠳᠣᠷᠬᠠᠶ᠋ᠢᠯᠠᠵᠤ᠂ ᠪᠣᠳᠠᠲᠠᠶ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠭᠰᠠᠨ᠎ᠤ ᠬᠠᠮᠲᠤ᠂ ᠢᠷᠡᠭᠡᠳᠦᠶ ᠵᠢᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ ᠰᠢᠨ᠎ᠡ ᠵᠢ ᠡᠭᠦᠳᠬᠦ ᠴᠡᠭ ᠪᠠ ᠠᠵᠢᠯ᠎ᠤᠨ ᠬᠢᠯᠠᠰ ᠴᠡᠭ᠎ᠢ ᠢᠯᠡᠷᠡᠭᠦᠯᠵᠡᠶ᠃ ᠶᠡᠷᠦᠩᠬᠡᠢ᠎ᠳᠤᠨᠢ ᠠᠪᠴᠤ ᠦᠵᠡᠪᠡᠯ ᠭᠣᠣᠯᠳᠠᠭᠤ ᠭᠤᠷᠪᠠᠨ ᠣᠨᠴᠠᠯᠢᠭ᠎ᠢ ᠬᠠᠷᠠᠭᠤᠯᠵᠤ ᠪᠠᠶ᠋ᠢᠨ᠎ᠠ᠃
    ᠨᠢᠭᠡ᠎ᠳᠤ᠂ ᠥᠭᠡᠷᠡᠴᠢᠯᠡᠯᠲᠡ ᠵᠢᠨ ᠬᠠᠷᠠᠯᠲᠠ ᠵᠢᠨ ᠲᠠᠯ᠎ᠠ᠎ᠪᠠᠷ ᠠᠮᠢᠵᠢᠷᠠᠯ᠎ᠤᠨ ᠬᠦᠴᠦᠨ᠂ ᠶᠠᠰᠤ ᠴᠢᠨᠠᠷ᠂ ᠦᠷ᠎ᠡ ᠠᠰᠢᠭ᠎ᠢ ᠢᠯᠡᠷᠡᠭᠦᠯᠬᠦ ᠵᠢ ᠴᠢᠬᠤᠯᠠᠴᠢᠯᠠᠬᠤ ᠬᠡᠷᠡᠭᠲᠡᠢ᠃ 2022 ᠣᠨ ᠪᠣᠯᠲᠠᠯᠠᠬᠢ ᠥᠭᠡᠷᠡᠴᠢᠯᠡᠯᠲᠡ ᠵᠢᠨ ᠬᠠᠷᠠᠯᠲᠠ ᠵᠢ ᠲᠣᠳᠣᠷᠬᠠᠶ᠋ᠢᠯᠠᠪᠠ᠂ 2022 ᠣᠨ ᠪᠣᠯᠬᠤ᠎ᠳᠤ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠪᠦᠯᠦᠭᠯᠡᠯ᠎ᠤᠨ ᠳᠠᠪᠬᠤᠷᠭ᠎ᠠ ᠪᠠ ᠴᠢᠬᠤᠯᠠ ᠬᠤᠪᠢᠶᠠᠷᠢ ᠠᠵᠤ ᠠᠬᠤᠶ᠋ᠢᠯᠠᠯ᠎ᠳᠤ ᠴᠥᠮ ᠬᠡᠷᠡᠭ ᠮᠡᠳᠡᠭᠴᠢᠳ᠎ᠤᠨ ᠬᠤᠷᠠᠯ ᠪᠠᠶ᠋ᠢᠭᠤᠯᠬᠤ ᠵᠢ ᠪᠠᠭᠲᠠᠭ᠋ᠠᠨ᠎ᠠ; ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠳ ᠬᠡᠷᠡᠭ ᠮᠡᠳᠡᠭᠴᠢᠳ᠎ᠤᠨ ᠬᠤᠷᠠᠯ᠎ᠠᠴᠠ ᠲᠠᠭ᠋ᠠᠭ᠋ᠠᠮᠠᠯ᠎ᠤᠨ ᠳᠠᠪᠬᠤᠷᠭ᠎ᠠ᠎ᠳᠤ ᠡᠷᠬᠡ ᠣᠯᠭᠣᠭᠰᠠᠨ ᠬᠠᠮᠢᠶᠠᠷᠤᠯᠲᠠ ᠵᠢᠨ ᠲᠦᠷᠢᠮ᠎ᠢ ᠪᠦᠬᠦ ᠲᠠᠯ᠎ᠠ᠎ᠪᠠᠷ ᠪᠠᠶ᠋ᠢᠭᠤᠯᠤᠨ᠎ᠠ; ᠣᠷᠣᠨ᠎ᠤ ᠬᠠᠷᠢᠶ᠎ᠠ ᠪᠥᠬᠥᠶ ᠠᠵᠤ ᠠᠬᠤᠶ᠋ᠢᠯᠠᠯ᠎ᠤᠨ ᠦᠯᠡᠳᠡᠭᠡᠯ᠎ᠢ ᠢᠯᠭ᠋ᠠᠷᠠᠭᠤᠯᠤᠨ ᠪᠤᠴᠠᠭ᠋ᠠᠵᠤ ᠰᠢᠶᠳᠪᠦᠷᠢᠯᠡᠬᠦ ᠵᠢ ᠦᠨᠳᠦᠰᠦᠨ᠎ᠳᠡᠭᠡᠨ ᠪᠡᠶᠡᠯᠡᠭᠦᠯᠵᠦ᠂ ᠬᠠᠮᠢᠶᠠᠷᠤᠯᠲᠠ ᠵᠢᠨ ᠲᠠᠰ ᠱᠠᠲᠤ ᠵᠢ ᠵᠠᠷᠴᠢᠮ ᠳᠡᠭᠡᠷ᠎ᠡ᠎ᠪᠠᠨ ᠭᠤᠷᠪᠠᠳᠤᠭ᠋ᠠᠷ ᠳᠡᠰ᠎ᠤᠨ ᠳᠣᠲᠣᠷ᠎ᠠ ᠡᠵᠡᠮᠳᠡᠨ᠎ᠡ; ᠵᠠᠰᠠᠬᠤ ᠨᠡᠷᠡᠰ᠎ᠲᠤ ᠵᠢᠭᠰᠠᠭ᠋ᠠᠨ ᠣᠷᠣᠭᠤᠯᠤᠭᠰᠠᠨ ᠠᠯᠳᠠᠭᠳᠠᠯ᠎ᠲᠠᠢ ᠠᠵᠤ ᠠᠬᠤᠶ᠋ᠢᠯᠠᠯ ᠰᠢᠢ᠍ᠳᠪᠦᠷᠢᠯᠡᠬᠦ ᠡᠭᠦᠷᠭᠡ ᠵᠢ ᠪᠦᠬᠦ ᠲᠠᠯ᠎ᠠ᠎ᠪᠠᠷ ᠪᠡᠶᠡᠯᠡᠭᠦᠯᠦᠨ᠎ᠡ; ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠨᠡᠶ᠋ᠢᠭᠡᠮ᠎ᠤᠨ ᠦᠢ᠍ᠯᠡᠰ ᠡᠷᠬᠢᠯᠡᠬᠦ ᠡᠭᠦᠷᠭᠡ ᠴᠢᠳᠠᠪᠤᠷᠢ ᠵᠢ ᠰᠠᠯᠭ᠋ᠠᠵᠤ ᠲᠡᠦᠬᠡᠨ ᠦᠯᠡᠳᠡᠭᠳᠡᠯ ᠠᠰᠠᠭᠤᠳᠠᠯ᠎ᠢ ᠰᠢᠢ᠍ᠳᠪᠦᠷᠢᠯᠡᠬᠦ ᠵᠡᠷᠭᠡ ᠠᠯᠢ ᠤᠯᠠᠨ ᠴᠢᠬᠤᠯᠠ ᠥᠭᠡᠷᠡᠴᠢᠯᠡᠯᠲᠡ ᠵᠢᠨ ᠬᠠᠷᠠᠯᠲᠠ ᠵᠢ ᠪᠦᠬᠦ ᠲᠠᠯ᠎ᠠ᠎ᠪᠠᠷ ᠪᠡᠶᠡᠯᠡᠭᠦᠯᠬᠦ ᠬᠡᠷᠡᠭᠲᠡᠢ᠃
    ᠬᠣᠶᠠᠷ᠎ᠲᠤ᠂ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢᠨ ᠲᠠᠯ᠎ᠠ᠎ᠪᠠᠷ ᠵᠠᠩᠭᠢᠯᠠᠭ᠎ᠠ ᠵᠢ ᠠᠳᠬᠤᠬᠤ᠂ ᠳᠤᠲᠠᠭᠤᠳᠠᠯ᠎ᠢ ᠨᠥᠬᠥᠪᠥᠷᠢᠯᠡᠬᠦ᠂ ᠪᠠᠭᠤᠷᠠᠶ ᠲᠠᠯ᠎ᠠ ᠵᠢ ᠬᠦᠴᠦᠷᠬᠡᠭᠵᠢᠭᠦᠯᠬᠦ ᠵᠢ ᠴᠢᠬᠤᠯᠠᠴᠢᠯᠠᠨ ᠢᠯᠡᠷᠡᠭᠦᠯᠦᠨ᠎ᠡ᠃ ᠮᠠᠨ᠎ᠤ ᠣᠷᠣᠨ᠎ᠤ ᠤᠯᠤᠰ᠎ᠤᠨ ᠥᠮᠴᠢᠯᠡᠯᠲᠦ ᠠᠵᠤ ᠠᠬᠤᠶ ᠵᠢᠨ ᠬᠡᠪᠴᠢᠶ᠎ᠡ ᠵᠢᠨ ᠶᠡᠷᠦᠩᠬᠡᠶ ᠬᠡᠮᠵᠢᠶ᠎ᠡ ᠪᠠᠭ᠎ᠠ᠂ ᠪᠠᠶ᠋ᠢᠷᠢᠰᠢᠭᠤᠯᠤᠯ᠎ᠤᠨ ᠪᠦᠲᠦᠴᠡ ᠰᠢᠯᠢᠳᠡᠭ ᠪᠤᠰᠤ᠂ ᠰᠢᠨ᠎ᠡ ᠵᠢ ᠡᠭᠦᠳᠬᠦ ᠴᠢᠳᠠᠪᠤᠷᠢ ᠬᠦᠷᠦᠯᠴᠡᠬᠦ ᠥᠬᠡᠶ ᠵᠡᠷᠭᠡ ᠠᠰᠠᠭᠤᠳᠠᠯ᠎ᠳᠤ ᠴᠢᠭᠯᠡᠭᠦᠯᠦᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠲᠦᠷᠭᠡᠳᠬᠡᠨ ᠠᠬᠢᠭᠤᠯᠬᠤ᠂ ᠵᠠᠬ᠎ᠠ ᠳᠡᠯᠭᠡᠭᠦᠷ᠎ᠤᠨ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠬᠦ ᠵᠢ ᠪᠠᠭᠲᠠᠭ᠋ᠠᠭᠰᠠᠨ ᠵᠠᠩᠭᠢᠯᠠᠭ᠎ᠠ ᠵᠢᠨ ᠬᠦᠷᠢᠶ᠎ᠡ ᠴᠠᠷᠠᠭ᠎ᠠ ᠵᠢᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠴᠢᠩᠭ᠋ᠠᠷᠠᠭᠤᠯᠪᠠ; ᠤᠯᠤᠰ᠎ᠤᠨ ᠥᠮᠴᠢᠯᠡᠯᠲᠦ ᠬᠥᠷᠥᠩᠭᠡ ᠵᠢ ᠣᠲᠣ ᠦᠶ᠎ᠡ ᠵᠢᠨ ᠡᠨᠧᠷᠭᠢ ᠵᠢᠨ ᠠᠵᠤ ᠠᠬᠤᠶ᠂ ᠳᠡᠭᠡᠳᠦ ᠲᠠᠰ᠎ᠤᠨ ᠲᠣᠨᠣᠭ ᠲᠥᠬᠥᠭᠡᠷᠦᠮᠵᠢ ᠦᠢ᠍ᠯᠡᠳᠬᠦ  ᠂ ᠪᠣᠬᠢᠷᠲᠤᠯ ᠥᠬᠡᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠂ ᠰᠣᠶᠣᠯ ᠵᠢᠭᠤᠯᠴᠢᠯᠠᠯ᠂ ᠠᠮᠢ ᠠᠬᠤᠶ ᠣᠷᠴᠢᠨ ᠲᠣᠭᠣᠷᠢᠨ᠂ ᠲᠣᠭ᠋ᠠᠴᠢᠯᠠᠭᠰᠠᠨ ᠠᠵᠤ ᠠᠬᠤᠶ ᠵᠡᠷᠭᠡ ᠬᠦᠷᠢᠶ᠎ᠡ ᠴᠠᠷᠠᠭ᠎ᠠ ᠳᠠᠰᠢ ᠪᠠᠶ᠋ᠢᠷᠢᠰᠢᠭᠤᠯᠬᠤ ᠵᠢ ᠲᠦᠷᠭᠡᠳᠬᠡᠨ ᠠᠬᠢᠭᠤᠯᠵᠤ᠂ ᠠᠵᠤ ᠦᠢ᠍ᠯᠡᠰ ᠣᠶ᠋ᠢᠷᠠᠯᠴᠠᠭ᠎ᠠ᠂ ᠭᠣᠤᠯ ᠦᠢ᠍ᠯᠡᠰ ᠠᠳᠠᠯᠢᠬᠠᠨ ᠠᠵᠤ ᠠᠬᠤᠶ᠋ᠢᠯᠠᠯ᠎ᠢ ᠲᠥᠷᠥᠯ ᠬᠤᠪᠢᠶᠠᠨ ᠡᠮᠬᠢᠯᠡᠨ ᠨᠡᠶ᠋ᠢᠯᠡᠭᠦᠯᠬᠦ ᠵᠢ ᠠᠬᠢᠭᠤᠯᠤᠨ᠎ᠠ; ᠰᠤᠳᠤᠯᠤᠨ ᠨᠡᠭᠡᠭᠡᠬᠦ ᠣᠷᠣᠭᠤᠯᠤᠯᠲᠠ ᠵᠢᠨ ᠡᠷᠴᠢᠮ᠎ᠢ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ᠎ᠤ ᠡᠵᠡᠩᠨᠡᠯᠲᠡ ᠵᠢᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ᠎ᠳᠤ ᠣᠷᠣᠭᠤᠯᠵᠤ᠂ 5 G᠂ ᠵᠣᠬᠢᠶᠠᠮᠠᠯ ᠣᠶᠤᠨ ᠴᠢᠳᠠᠪᠤᠷᠢ᠂ ᠠᠵᠤ ᠦᠢ᠍ᠯᠡᠳᠪᠦᠷᠢ ᠵᠢᠨ ᠢᠨᠲ᠋ᠧᠷ ᠰᠦᠯᠵᠢᠶ᠎ᠡ᠂ ᠪᠣᠳᠠᠰᠯᠢᠭ ᠬᠣᠯᠪᠣᠭ᠋ᠠᠲᠤ ᠰᠦᠯᠵᠢᠶ᠎ᠡ᠂ ᠲᠣᠮᠣ ᠳ᠋ᠠᠶ᠋ᠢᠲ᠋ᠠ᠂ ᠬᠡᠰᠡᠭ ᠪᠦᠯᠦᠭ᠎ᠤᠨ ᠬᠡᠯᠬᠢᠶ᠎ᠡ ᠵᠡᠷᠭᠡ ᠵᠢ ᠠᠭᠤᠰᠤᠯᠴᠠᠭᠤᠯᠤᠨ ᠬᠡᠷᠡᠭᠯᠡᠬᠦ ᠵᠡᠷᠭᠡ ᠵᠢ ᠲᠦᠷᠭᠡᠳᠬᠡᠨ ᠠᠬᠢᠭᠤᠯᠤᠨ᠎ᠠ᠃
    ᠭᠤᠷᠪᠠ᠎ᠳᠤ᠂ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠲᠠᠯ᠎ᠠ᠎ᠪᠠᠷ ᠬᠡᠮᠵᠢᠵᠦ ᠪᠣᠯᠬᠤ᠂ ᠬᠢᠨᠠᠨ ᠰᠢᠯᠭ᠋ᠠᠵᠤ ᠪᠣᠯᠬᠤ᠂ ᠰᠢᠯᠭ᠋ᠠᠨ ᠪᠠᠶ᠋ᠢᠴᠠᠭ᠋ᠠᠵᠤ ᠪᠣᠯᠬᠤ ᠵᠢ ᠴᠢᠬᠤᠯᠠᠴᠢᠯᠠᠨ ᠢᠯᠡᠷᠡᠭᠦᠯᠦᠨ᠎ᠡ᠃ ᠨᠠᠶ᠋ᠢᠳᠠᠪᠤᠷᠢᠵᠢᠭᠤᠯᠤᠯᠲᠠ ᠵᠢ ᠠᠳᠬᠤᠬᠤ ᠵᠢ ᠨᠡᠩ ᠢᠯᠡᠭᠦᠦ ᠴᠢᠬᠤᠯᠠᠴᠢᠯᠠᠵᠤ᠂ ᠠᠵᠢᠯᠯᠠᠭ᠎ᠠ ᠥᠷᠨᠢᠭᠦᠯᠪᠡ᠂ ᠪᠢᠳᠡ ᠨᠠᠷᠢᠨ ᠲᠠᠩᠰᠠ ᠵᠢᠨ ᠬᠡᠯᠪᠡᠷᠢ ᠵᠢᠨ ᠠᠵᠢᠯ᠎ᠤᠨ ᠡᠬᠡ ᠲᠠᠩᠰᠠ ᠵᠢ ᠪᠠᠶ᠋ᠢᠭᠤᠯᠵᠤ᠂ ᠪᠠᠶ᠋ᠢᠴᠠᠭ᠋ᠠᠵᠤ ᠬᠢᠨᠠᠯᠲᠠ ᠲᠠᠯᠪᠢᠬᠤ ᠲᠣᠭᠲᠠᠴᠠ ᠵᠢ ᠪᠠᠶ᠋ᠢᠭᠤᠯᠵᠤ᠂ ᠰᠦᠯᠵᠢᠶᠡᠨ ᠳᠡᠭᠡᠷ᠎ᠡ ᠲᠣᠭᠲᠠᠭᠰᠠᠨ ᠭᠤᠷᠪᠠᠨ ᠵᠢᠯ᠎ᠤᠨ ᠠᠵᠢᠯᠯᠠᠭ᠋ᠠᠨ᠎ᠤ ᠬᠡᠷᠡᠭᠵᠢᠭᠦᠯᠬᠦ ᠲᠥᠰᠦᠯ᠎ᠢ ᠱᠠᠯᠠᠪᠳᠠᠭᠤᠯᠤᠨ ᠭᠦᠢ᠍ᠴᠡᠳᠬᠡᠬᠦ ᠰᠢᠰᠲ᠋ᠧᠮ᠎ᠢ ᠪᠠᠶ᠋ᠢᠭᠤᠯᠵᠤ᠂ ᠲᠤᠰᠬᠠᠢ ᠱᠠᠯᠠᠪᠳᠠᠭᠤᠯᠤᠨ ᠪᠠᠶ᠋ᠢᠴᠠᠭ᠋ᠠᠬᠤ ᠪᠤᠶᠤ ᠰᠤᠭᠤᠴᠢᠨ ᠪᠠᠶ᠋ᠢᠴᠠᠭ᠋ᠠᠬᠤ ᠵᠢ ᠵᠣᠬᠢᠶᠠᠨ ᠪᠠᠶ᠋ᠢᠭᠤᠯᠵᠤ᠂ ᠥᠭᠡᠷᠡᠴᠢᠯᠡᠯᠲᠡ ᠵᠢᠨ ᠠᠬᠢᠴᠠ ᠤᠳᠠᠭ᠋ᠠᠨ᠂ ᠱᠠᠳᠤᠴᠢ ᠴᠢᠨᠠᠷᠲᠠᠢ ᠡᠭᠦᠷᠭᠡ᠎ᠪᠠᠨ ᠪᠡᠶᠡᠯᠡᠭᠦᠯᠦᠭᠡᠳᠦᠢ ᠨᠢᠭᠡᠴᠢ ᠵᠢ ᠵᠠᠷᠯᠠᠨ ᠱᠠᠯᠠᠪᠳᠠᠭᠤᠯᠵᠤ᠂ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠠᠬᠢᠭᠤᠯᠤᠨ᠎ᠠ᠃ ᠡᠭᠦᠨ᠎ᠤ ᠬᠠᠮᠲᠤ᠂ ᠪᠢᠳᠡ ᠭᠤᠷᠪᠠᠨ ᠵᠢᠯ᠎ᠤᠨ ᠠᠵᠢᠯᠯᠠᠭ᠋ᠠᠨ᠎ᠤ ᠬᠡᠷᠡᠭᠵᠢᠭᠦᠯᠬᠦ ᠲᠥᠰᠦᠯ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠡᠯ᠎ᠡ ᠱᠠᠲᠤᠨ᠎ᠤ ᠵᠠᠰᠠᠭ᠎ᠤᠨ ᠣᠷᠳᠣᠨ ᠪᠠ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠢ ᠰᠢᠯᠭ᠋ᠠᠨ ᠬᠢᠨᠠᠬᠤ ᠴᠢᠬᠤᠯᠠ ᠠᠭᠤᠯᠭ᠎ᠠ ᠪᠣᠯᠭ᠋ᠠᠵᠤ᠂ ᠣᠷᠣᠨ᠎ᠤ ᠬᠠᠷᠢᠶ᠎ᠠ ᠪᠥᠬᠥᠶ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠠᠮᠵᠢᠯᠲᠠ ᠪᠦᠲᠦᠮᠵᠢ ᠵᠢᠨ ᠣᠨ᠎ᠤ ᠰᠢᠯᠭ᠋ᠠᠨ ᠬᠢᠨᠠᠬᠤ ᠴᠢᠬᠤᠯᠠ ᠠᠭᠤᠯᠭ᠎ᠠ᠎ᠳᠤ ᠵᠢᠭᠰᠠᠭ᠋ᠠᠨ ᠣᠷᠣᠭᠤᠯᠵᠤ᠂ ᠬᠡᠷᠡᠭᠵᠢᠭᠦᠯᠬᠦ ᠲᠥᠰᠦᠯ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠂ ᠥᠭᠡᠷᠡᠴᠢᠯᠡᠯᠲᠡ ᠵᠢᠨ ᠨᠢᠭᠡᠨᠲᠡ ᠨᠡᠶ᠋ᠢᠲᠡᠯᠡᠭᠰᠡᠨ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠎ᠳᠤ ᠨᠡᠶ᠋ᠢᠴᠡᠬᠦ ᠡᠰᠡᠬᠦ ᠵᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠣᠭᠣᠷᠢᠨ ᠪᠠᠶ᠋ᠢᠴᠠᠭ᠋ᠠᠬᠤ ᠪᠠ ᠡᠯ᠎ᠡ ᠱᠠᠲᠤᠨ᠎ᠤ ᠨᠠᠮ᠎ᠤᠨ ᠬᠣᠷᠢᠶ᠎ᠠ ᠵᠢᠨ ᠲᠣᠭᠣᠷᠢᠨ ᠪᠠᠶ᠋ᠢᠴᠠᠭ᠋ᠠᠬᠤ ᠬᠡᠪᠴᠢᠶᠡᠨ᠎ᠳᠤ ᠣᠷᠣᠭᠤᠯᠤᠨ᠎ᠠ᠃
    ᠨᠢᠭᠡ ᠬᠤᠪᠢ ᠵᠢᠨ ᠪᠠᠶ᠋ᠢᠷᠢᠯᠠᠭᠤᠯᠤᠯᠲᠠ᠂ ᠶᠢᠰᠦᠨ ᠬᠤᠪᠢ ᠵᠢᠨ ᠨᠠᠶ᠋ᠢᠳᠠᠪᠤᠷᠢᠵᠢᠭᠤᠯᠤᠯᠲᠠ᠃ ᠲᠠᠷᠠᠭ᠋ᠠᠴᠢ ᠵᠢᠨ ᠠᠯᠬᠤᠮ᠎ᠳᠤ᠂ ᠪᠥᠬᠥ ᠣᠷᠣᠨ᠎ᠤ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠢ ᠵᠢᠯᠣᠭᠣᠳᠤᠨ ᠠᠬᠢᠭᠤᠯᠵᠤ᠂ ᠡᠯ᠎ᠡ ᠵᠦᠢ᠍ᠯ᠎ᠤᠨ ᠭᠣᠤᠯᠳᠠᠯᠭ᠎ᠠ᠎ᠲᠠᠢ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠬᠤ ᠵᠢᠨ ᠬᠠᠮᠲᠤ᠂ ᠪᠢᠳᠡ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ ᠤᠳᠤᠷᠢᠳᠬᠤ ᠳᠤᠭᠤᠶ᠋ᠢᠯᠠᠩ᠎ᠤᠨ ᠠᠯᠪᠠᠨ ᠬᠡᠷ᠎ᠤᠨ ᠡᠭᠦᠷᠭᠡ ᠬᠠᠷᠢᠭᠤᠴᠠᠯᠭ᠎ᠠ ᠵᠢ ᠬᠢᠨᠠᠮᠠᠭ᠋ᠠᠶ ᠰᠠᠶ᠋ᠢᠲᠤᠷ ᠭᠦᠢ᠍ᠴᠡᠳᠭᠡᠵᠦ᠂ ᠬᠡᠳᠦᠨ ᠲᠠᠯ᠎ᠠ ᠵᠢᠨ ᠨᠠᠶ᠋ᠢᠳᠠᠪᠤᠷᠢᠵᠢᠭᠤᠯᠬᠤ ᠠᠵᠢᠯ᠎ᠢ ᠭᠣᠤᠯᠳᠠᠯᠭ᠎ᠠ᠎ᠲᠠᠢ ᠰᠠᠶ᠋ᠢᠲᠤᠷ ᠠᠳᠬᠤᠨ᠎ᠠ᠄ ᠨᠢᠭᠡᠳᠦᠭᠡᠷ᠎ᠲᠤ᠂ ᠬᠠᠷᠢᠭᠤᠴᠠᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠨ᠎ᠠ᠃ ᠰᠢᠭᠤᠳ ᠬᠠᠷᠢᠭᠤᠴᠠᠯᠭ᠎ᠠ ᠵᠢᠨ ᠰᠢᠰᠲ᠋ᠧᠮ᠎ᠢ ᠲᠣᠳᠣᠷᠬᠠᠶ᠋ᠢᠯᠠᠵᠤ᠂ ᠠᠵᠢᠯ᠎ᠤᠨ ᠬᠠᠷᠢᠭᠤᠴᠠᠯᠭ᠎ᠠ ᠵᠢ ᠱᠠᠲᠤ ᠱᠠᠲᠤ᠎ᠪᠠᠷ ᠪᠣᠳᠠᠲᠠᠶ᠋ᠢᠵᠢᠭᠤᠯᠤᠨ᠂ ᠠᠵᠢᠯ᠎ᠤᠨ ᠳᠠᠷᠤᠯᠲᠠ ᠵᠢ ᠳᠠᠮᠵᠢᠭᠤᠯᠵᠤ᠂ ᠨᠢᠭᠡ ᠱᠠᠲᠤ᠎ᠨᠢ ᠨᠢᠭᠡ ᠱᠠᠲᠤ᠎ᠪᠠᠨ ᠠᠳᠬᠤᠵᠤ᠂ ᠨᠢᠭᠡ ᠯᠡ ᠳᠡᠭᠡᠷ᠎ᠡ ᠡᠴᠦᠰ᠎ᠲᠤᠨᠢ ᠲᠤᠯᠲᠠᠯ᠎ᠠ ᠠᠳᠬᠤᠬᠤ ᠬᠡᠷᠡᠭᠲᠡᠶ᠃ ᠬᠣᠶᠠᠳᠤᠭ᠋ᠠᠷ᠎ᠲᠤ᠂ 《ᠬᠡᠷᠡᠭᠵᠢᠭᠦᠯᠬᠦ ᠲᠥᠰᠦᠯ》᠎ᠤᠨ ᠱᠠᠭ᠋ᠠᠷᠳᠠᠯᠭ᠎ᠠ ᠶᠣᠰᠣᠭ᠋ᠠᠷ᠂ ᠡᠯ᠎ᠡ ᠠᠶ᠋ᠢᠮᠠᠭ ᠬᠣᠲᠠ᠂ ᠠᠵᠤ ᠠᠬᠤᠶ᠋ᠢᠯᠠᠯ᠎ᠤᠨ ᠪᠣᠳᠠᠲᠠᠶ᠎ᠲᠠᠢ᠎ᠪᠠᠨ ᠤᠶᠠᠯᠳᠤᠭᠤᠯᠤᠨ᠂ ᠠᠶ᠋ᠢᠮᠠᠭ ᠬᠣᠲᠠ ᠪᠠ ᠠᠵᠤ ᠠᠬᠤᠶ᠋ᠢᠯᠠᠯ᠎ᠤᠨ ᠨᠠᠶ᠋ᠢᠳᠠᠪᠤᠷᠢᠵᠢᠭᠤᠯᠤᠨ ᠪᠣᠳᠠᠲᠠᠶ᠋ᠢᠵᠢᠭᠤᠯᠬᠤ ᠵᠢ ᠯᠠᠪᠳᠠᠭᠤᠨ ᠪᠠᠲᠤᠲᠠᠶ ᠰᠠᠶ᠋ᠢᠲᠤᠷ ᠬᠢᠬᠦ ᠬᠡᠷᠡᠭᠲᠡᠶ᠃ ᠭᠤᠷᠪᠠᠳᠤᠭ᠋ᠠᠷ᠎ᠲᠤ᠂ ᠰᠢᠮᠳᠠᠭᠤᠯᠤᠨ ᠪᠠᠶ᠋ᠢᠴᠠᠭ᠋ᠠᠵᠤ ᠰᠢᠯᠭ᠋ᠠᠨ ᠬᠢᠨᠠᠬᠤ ᠵᠢ ᠰᠠᠶ᠋ᠢᠲᠤᠷ ᠠᠳᠬᠤᠵᠤ᠂ ᠪᠠᠶ᠋ᠢᠴᠠᠭ᠋ᠠᠵᠤ ᠬᠢᠨᠠᠯᠲᠠ ᠲᠠᠯᠪᠢᠬᠤ ᠲᠣᠭᠲᠠᠴᠠ ᠵᠢ ᠪᠠᠶ᠋ᠢᠭᠤᠯᠤᠨ᠂

《ᠬᠡᠷᠡᠭᠵᠢᠭᠦᠯᠬᠦ ᠲᠥᠰᠦᠯ》᠎ᠤᠨ ᠠᠵᠢᠯ᠎ᠤᠨ ᠡᠬᠡ ᠲᠠᠩᠰᠠ ᠵᠢᠨ ᠶᠣᠰᠣᠭ᠋ᠠᠷ᠂ ᠲᠤᠰᠬᠠᠶ ᠰᠢᠮᠳᠠᠭᠤᠯᠤᠨ ᠪᠠᠶ᠋ᠢᠴᠠᠭ᠋ᠠᠬᠤ ᠪᠤᠶᠤ ᠰᠤᠭᠤᠴᠢᠨ ᠪᠠᠶ᠋ᠢᠴᠠᠭ᠋ᠠᠬᠤ ᠵᠢ ᠵᠣᠬᠢᠶᠠᠨ ᠪᠠᠶ᠋ᠢᠭᠤᠯᠵᠤ᠂ 《ᠬᠡᠷᠡᠭᠵᠢᠭᠦᠯᠬᠦ ᠲᠥᠰᠦᠯ》᠎ᠢ ᠨᠠᠶ᠋ᠢᠳᠠᠪᠤᠷᠢᠵᠢᠭᠤᠯᠤᠨ ᠪᠣᠳᠠᠲᠠᠶ᠋ᠢᠵᠢᠭᠤᠯᠬᠤ ᠵᠢ ᠠᠬᠢᠭᠤᠯᠤᠨ᠎ᠠ᠃
      ᠪᠢᠳᠡ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ ᠭᠤᠷᠪᠠᠨ ᠵᠢᠯ᠎ᠤᠨ ᠠᠵᠢᠯᠯᠠᠭ᠎ᠠ᠎ᠪᠠᠷ ᠳᠠᠮᠵᠢᠭᠤᠯᠤᠨ᠂ ᠨᠡᠩ ᠪᠣᠯᠪᠠᠰᠤᠷᠠᠩᠭᠤᠢ᠂ ᠨᠡᠩ ᠲᠣᠭᠲᠠᠪᠤᠷᠢᠵᠢᠭᠰᠠᠨ ᠳᠤᠮᠳᠠᠳᠤ ᠤᠯᠤᠰ᠎ᠤᠨ ᠣᠨᠴᠠᠯᠢᠭ ᠪᠦᠬᠦᠢ ᠤᠳᠤ ᠦᠶ᠎ᠡ ᠵᠢᠨ ᠠᠵᠤ ᠠᠬᠤᠶ᠋ᠢᠯᠠᠯ᠎ᠤᠨ ᠲᠦᠷᠢᠮ ᠪᠠ ᠬᠦᠷᠦᠨᠭᠭᠡ ᠵᠢ ᠬᠠᠮᠢᠶᠠᠷᠬᠤ᠎ᠪᠠᠷ ᠭᠣᠣᠯ ᠪᠣᠯᠭ᠋ᠠᠭᠰᠠᠨ ᠤᠯᠤᠰ᠎ᠤᠨ ᠥᠮᠴᠢᠯᠡᠯ᠎ᠤᠨ ᠡᠳ᠋ ᠬᠦᠷᠦᠨᠭᠭᠡ ᠵᠢᠨ ᠬᠢᠨᠠᠯᠲᠠ ᠬᠠᠮᠢᠶᠠᠷᠤᠯᠲᠠ ᠵᠢᠨ ᠪᠠᠶ᠋ᠢᠭᠤᠯᠤᠯ᠎ᠢ ᠪᠤᠢ ᠪᠣᠯᠭ᠋ᠠᠬᠤ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠤᠯᠬᠤ ᠵᠢ ᠬᠦᠰᠡᠵᠦ ᠪᠠᠶ᠋ᠢᠨ᠎ᠠ; ᠤᠯᠤᠰ᠎ᠤᠨ ᠥᠮᠴᠢᠯᠡᠯᠲᠦ ᠠᠵᠤ ᠠᠬᠤᠶ ᠵᠢᠨ ᠪᠠᠶ᠋ᠢᠷᠢᠯᠠᠭᠤᠯᠤᠯᠲᠠ ᠵᠢ ᠰᠢᠯᠢᠳᠡᠭᠵᠢᠭᠦᠯᠬᠦ ᠪᠠ ᠪᠦᠲᠦᠴᠡ ᠵᠢᠨ ᠲᠣᠬᠢᠷᠠᠭᠤᠯᠤᠯᠲᠠ ᠵᠢ ᠲᠦᠯᠬᠢᠨ ᠠᠬᠢᠭᠤᠯᠬᠤ ᠲᠠᠯ᠎ᠠ᠎ᠪᠠᠷ ᠢᠯᠡᠷᠬᠡᠶ ᠦᠷ᠎ᠡ ᠪᠦᠲᠦᠮᠵᠢ ᠣᠯᠪᠠ; ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠠᠮᠢᠳᠤᠯᠢᠭ ᠬᠦᠴᠦᠨ ᠪᠠ ᠦᠷ᠎ᠡ ᠪᠦᠲᠦᠮᠵᠢ ᠵᠢ ᠳᠡᠭᠡᠭᠰᠢᠯᠡᠭᠦᠯᠬᠦ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠣᠯᠵᠤ᠂ ᠤᠯᠤᠰ᠎ᠤᠨ ᠥᠮᠴᠢᠯᠡᠯ᠎ᠤᠨ ᠠᠵᠤ ᠠᠬᠤᠢ ᠵᠢᠨ ᠦᠷᠢᠰᠦᠯᠳᠦᠬᠦ ᠬᠦᠴᠦᠨ᠂ ᠰᠢᠨ᠎ᠡ ᠵᠢ ᠡᠭᠦᠳᠬᠦ ᠬᠦᠴᠦᠨ᠂ ᠡᠵᠡᠮᠳᠡᠬᠦ ᠬᠦᠴᠦᠨ᠂ ᠨᠥᠯᠥᠭᠡᠯᠡᠬᠦ ᠬᠦᠴᠦᠨ᠂ ᠠᠶᠤᠯ ᠲᠦᠭᠰᠢᠭᠦᠷᠢ ᠵᠢ ᠡᠰᠡᠷᠭᠦᠴᠡᠬᠦ ᠴᠢᠳᠠᠪᠤᠷᠢ ᠵᠢ ᠦᠨᠡᠨ ᠬᠦ᠌ ᠴᠢᠩᠭ᠋ᠠᠷᠠᠭᠤᠯᠤᠨ᠎ᠠ᠃ ᠪᠠᠶᠠᠷᠯᠠᠯ᠎ᠠ᠃
      ᠪᠦᠮᠪᠤᠷᠴᠡᠭ ᠰᠦᠯᠵᠢᠶ᠎ᠡ ᠵᠢᠨ ᠰᠤᠷᠪᠤᠯᠵᠢᠯᠠᠭᠴᠢ᠄ ᠬᠣᠯᠢᠮᠠᠭ ᠥᠮᠴᠢᠯᠡᠯ᠎ᠤᠨ ᠥᠭᠡᠷᠡᠴᠢᠯᠡᠯᠲᠡ᠎ᠨᠢ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢᠨ ᠴᠢᠬᠤᠯᠠ ᠠᠭᠤᠯᠭ᠎ᠠ ᠵᠢᠨ ᠨᠢᠭᠡ ᠪᠤᠯᠤᠨ᠎ᠠ᠃ ᠮᠠᠨ᠎ᠤ ᠣᠷᠣᠨ᠎ᠤ ᠣᠳᠣᠬᠢ ᠱᠠᠲᠤᠨ᠎ᠤ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠬᠣᠯᠢᠮᠠᠭ ᠥᠭᠡᠷᠡᠴᠢᠯᠡᠯᠲᠡ ᠵᠢᠨ ᠪᠠᠶ᠋ᠢᠳᠠᠯ᠎ᠢ ᠲᠠᠨᠢᠯᠴᠠᠭᠤᠯᠵᠤ ᠪᠣᠯᠬᠤ ᠤᠤ?
    ᠵᠠᠩ ᠱ᠌ᠢ ᠬᠣᠩ᠄ ᠲᠠᠨ᠎ᠤ ᠠᠰᠠᠭᠤᠭᠰᠠᠨ᠎ᠳᠤ ᠪᠠᠶᠠᠷᠯᠠᠯ᠎ᠠ᠃ ᠮᠠᠨ᠎ᠤ ᠣᠷᠣᠨ ᠢᠮᠠᠭᠲᠠ ᠬᠣᠯᠢᠮᠠᠭ ᠥᠮᠴᠢᠯᠡᠯ᠎ᠤᠨ ᠳᠦᠷᠢᠮᠲᠦ ᠥᠭᠡᠷᠡᠴᠢᠯᠡᠯᠲᠡ ᠵᠢ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢ ᠠᠬᠢᠭᠤᠯᠬᠤ ᠴᠢᠬᠤᠯᠠ ᠰᠢᠪᠲᠤᠯᠤᠯᠲᠠ ᠵᠢᠨ ᠴᠡᠭ ᠪᠣᠯᠭ᠋ᠠᠵᠤ᠂ ᠭᠠᠵᠠᠷ ᠣᠷᠣᠨ᠎ᠳᠤᠨᠢ ᠲᠤᠬᠢᠷᠠᠭᠤᠯᠤᠨ ᠲᠦᠷᠦ ᠵᠢᠨ ᠪᠤᠳᠤᠯᠭ᠎ᠠ ᠬᠡᠷᠡᠭᠵᠢᠭᠦᠯᠬᠦ᠂ ᠠᠵᠢᠯ ᠲᠦᠷᠦᠯ᠎ᠳᠤᠨᠢ ᠲᠤᠬᠢᠷᠠᠭᠤᠯᠤᠨ ᠲᠦᠷᠦ ᠵᠢᠨ ᠪᠤᠳᠤᠯᠭ᠎ᠠ ᠬᠡᠷᠡᠭᠵᠢᠭᠦᠯᠬᠦ᠂ ᠠᠵᠤ ᠠᠬᠤᠶ᠋ᠢᠯᠠᠯ᠎ᠳᠤᠨᠢ ᠲᠤᠬᠢᠷᠠᠭᠤᠯᠤᠨ ᠲᠦᠷᠦ ᠵᠢᠨ ᠪᠤᠳᠤᠯᠭ᠎ᠠ ᠬᠡᠷᠡᠭᠵᠢᠭᠦᠯᠬᠦ ᠵᠢ ᠪᠠᠷᠢᠮᠲᠠᠯᠠᠵᠤ᠂ ᠭᠠᠭᠴᠠᠭ᠋ᠠᠷ ᠬᠢᠪᠠᠯ ᠵᠣᠬᠢᠬᠤ ᠵᠢ᠎ᠨᠢ ᠭᠠᠭᠴᠠᠭ᠋ᠠᠷ ᠡᠵᠡᠮᠳᠡᠵᠦ᠂ ᠡᠵᠡᠮᠳᠡᠬᠦ᠎ᠳᠤ ᠲᠣᠬᠢᠷᠠᠮᠵᠢᠲᠠᠢ ᠵᠢ᠎ᠨᠢ ᠡᠵᠡᠮᠳᠡᠵᠦ᠂ ᠣᠷᠣᠯᠴᠠᠬᠤ᠎ᠳᠤ ᠲᠣᠬᠢᠷᠠᠮᠵᠢᠲᠠᠢ ᠵᠢ᠎ᠨᠢ ᠣᠷᠣᠯᠴᠠᠵᠤ᠂ ᠪᠦᠬᠦᠨ᠎ᠢ ᠪᠦᠷᠬᠦᠬᠦᠯᠬᠦ ᠦᠭᠡᠢ᠂ ᠴᠠᠭ᠎ᠤᠨ ᠬᠦᠰᠦᠨᠦᠭᠲᠦ ᠭᠠᠷᠭ᠋ᠠᠬᠤ ᠦᠭᠡᠢ ᠵᠠᠷᠴᠢᠮ᠎ᠢ ᠪᠠᠷᠢᠮᠲᠠᠯᠠᠵᠤ᠂ ᠬᠣᠯᠢᠮᠠᠭ ᠥᠮᠴᠢᠯᠡᠯ᠎ᠤᠨ ᠳᠦᠷᠢᠮᠲᠦ ᠥᠭᠡᠷᠡᠴᠢᠯᠡᠯᠲᠡ ᠵᠢ ᠱᠠᠳᠤ ᠬᠤᠪᠢᠶᠠᠨ ᠲᠦᠷᠦᠯ ᠬᠤᠪᠢᠶᠠᠨ ᠭᠦᠨᠵᠡᠭᠡᠶ᠋ᠢᠷᠡᠭᠦᠯᠪᠡ᠃
    ᠨᠢᠭᠡ᠎ᠳᠤ᠂ ᠲᠦᠷᠢᠮ᠎ᠤᠨ ᠰᠢᠰᠲ᠋ᠧᠮ᠎ᠢ ᠲᠡᠭᠦᠯᠳᠡᠷᠵᠢᠭᠦᠯᠵᠦ᠂ ᠠᠵᠢᠯᠯᠠᠭ᠋ᠠᠨ᠎ᠤ ᠶᠠᠪᠤᠴᠠ ᠵᠢ ᠵᠢᠷᠤᠮᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ 《ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠬᠣᠯᠢᠮᠠᠭ ᠥᠮᠴᠢᠯᠡᠯᠲᠦ ᠠᠵᠤ ᠠᠬᠤᠶ ᠵᠢ ᠬᠥᠭᠵᠢᠭᠦᠯᠬᠦ ᠵᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ》 (ᠥᠪᠥᠷ ᠵᠠᠰᠠᠭ ᠲᠠᠷᠬᠠᠭ᠋ᠠᠭᠰᠠᠨ  [2015]139 ᠳ᠋ᠦ᠍ᠭᠡᠷ ᠲᠣᠭ᠋ᠠᠲᠤ)᠎ᠤᠨ ᠶᠣᠰᠣᠭ᠋ᠠᠷ᠂ ᠤᠷᠢᠳ ᠬᠣᠵᠢᠳ 《ᠣᠷᠣᠨ᠎ᠤ ᠬᠠᠷᠢᠶ᠎ᠠ ᠠᠵᠤ ᠠᠬᠤᠶ᠋ᠢᠯᠠᠯ᠎ᠤᠨ ᠵᠠᠬ᠎ᠠ ᠳᠡᠯᠭᠡᠭᠦᠷ᠎ᠲᠤ ᠭᠠᠷᠬᠤ ᠵᠢ ᠲᠦᠷᠭᠡᠳᠬᠡᠨ ᠠᠬᠢᠭᠤᠯᠬᠤ ᠲᠤᠬᠠᠶ ᠵᠢᠯᠣᠭᠣᠳᠬᠤ ᠰᠠᠨᠠᠯ》᠎ᠢ ᠲᠣᠭᠲᠠᠭ᠋ᠠᠪᠠ᠂ 《ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠠᠵᠤ ᠠᠬᠤᠶ᠋ᠢᠯᠠᠯ᠎ᠤᠨ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠳᠤ ᠤᠯᠤᠰ᠎ᠤᠨ ᠥᠮᠴᠢᠯᠡᠯ᠎ᠤᠨ ᠪᠤᠰᠤ ᠬᠥᠷᠥᠩᠭᠡ ᠵᠢ ᠣᠷᠣᠭᠤᠯᠵᠤ ᠢᠷᠡᠬᠦ ᠲᠤᠷᠰᠢᠯᠲᠠ ᠵᠢᠨ ᠲᠥᠰᠦᠯ》᠂ 《ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠠᠵᠤ ᠠᠬᠤᠶ᠋ᠢᠯᠠᠯ᠎ᠤᠨ ᠬᠥᠷᠥᠩᠭᠡ᠎ᠪᠠᠨ ᠨᠡᠮᠡᠭᠳᠡᠭᠦᠯᠵᠦ ᠰᠲ᠋ᠣᠺ ᠵᠶ᠋ᠠᠨ ᠥᠷᠭᠡᠳᠬᠡᠬᠦ ᠬᠣᠯᠪᠣᠭᠳᠠᠯ ᠪᠦᠬᠦᠢ ᠤᠴᠢᠷ᠎ᠤᠨ ᠲᠤᠬᠠᠶ ᠮᠡᠳᠡᠭᠳᠡᠯ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ᠎ᠤ ᠬᠠᠷᠢᠶ᠎ᠠ ᠠᠵᠤ ᠠᠬᠤᠶ᠋ᠢᠯᠠᠯ᠎ᠤᠨ ᠬᠣᠯᠢᠮᠠᠭ ᠥᠮᠴᠢᠯᠡᠯ᠎ᠤᠨ ᠳᠦᠷᠢᠮ᠎ᠤᠨ ᠥᠭᠡᠷᠡᠴᠢᠯᠡᠯᠲᠡ ᠵᠢᠨ ᠠᠵᠢᠯᠯᠠᠭ᠋ᠠᠨ᠎ᠤ ᠵᠢᠯᠣᠭᠣᠳᠤᠮᠵᠢ (ᠲᠤᠷᠰᠢᠨ ᠬᠡᠷᠡᠭᠵᠢᠭᠦᠯᠬᠦ)》 ᠵᠡᠷᠭᠡ ᠠᠯᠢ ᠣᠯᠠᠨ ᠲᠥᠬᠥᠷ ᠳᠦᠷᠢᠮ᠂ ᠣᠷᠣᠢ ᠵᠢᠨ ᠳᠠᠪᠬᠤᠷᠭ᠎ᠠ ᠵᠢᠨ ᠵᠢᠷᠤᠭ ᠲᠥᠯᠥᠪᠯᠡᠭᠡ ᠵᠢ ᠴᠢᠩᠭ᠋ᠠᠳᠬᠠᠬᠤ᠎ᠪᠠᠷ ᠳᠠᠮᠵᠢᠨ᠂ ᠬᠣᠯᠢᠯᠳᠤᠭᠤᠯᠤᠨ ᠥᠭᠡᠷᠡᠴᠢᠯᠡᠬᠦ ᠬᠠᠷᠠᠯᠲᠠ ᠵᠢᠨ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠲᠣᠳᠣᠷᠬᠠᠶ᠋ᠢᠯᠠᠪᠠ᠂ ᠬᠣᠯᠢᠯᠳᠤᠭᠤᠯᠤᠨ ᠥᠭᠡᠷᠡᠴᠢᠯᠡᠬᠦ ᠠᠵᠢᠯ᠎ᠤᠨ ᠢᠳᠡᠪᠬᠢᠲᠡᠶ ᠪᠥᠭᠡᠳ ᠯᠠᠪᠳᠠᠭᠤᠨ ᠪᠠᠶ᠋ᠢᠬᠤ ᠵᠢ ᠪᠠᠳᠣᠯᠠᠵᠣ᠂ ᠵᠢᠷᠤᠮᠵᠢᠯ᠎ᠲᠠᠢ ᠡᠮᠬᠢ ᠵᠢᠷᠤᠮ᠎ᠲᠠᠢ ᠠᠬᠢᠭᠤᠯᠪᠠ᠃
    ᠬᠣᠶᠠᠷ᠎ᠲᠤ᠂ ᠬᠣᠯᠢᠮᠠᠭ ᠥᠮᠴᠢᠯᠡᠯ᠎ᠤᠨ ᠲᠦᠷᠢᠮ᠎ᠤᠨ ᠥᠭᠡᠷᠡᠴᠢᠯᠡᠯᠲᠡ ᠵᠢᠨ ᠮᠡᠳᠡᠭᠡ ᠵᠠᠩᠭᠢ ᠨᠡᠶ᠋ᠢᠲᠡᠯᠡᠬᠦ ᠲᠠᠪᠴᠠᠩ᠎ᠳᠤ ᠲᠦᠰᠢᠭᠯᠡᠨ ᠬᠣᠯᠢᠮᠠᠭ ᠥᠮᠴᠢᠯᠡᠯ᠎ᠤᠨ ᠲᠦᠷᠢᠮ᠎ᠤᠨ ᠥᠭᠡᠷᠡᠴᠢᠯᠡᠯᠲᠡ ᠵᠢ ᠠᠬᠢᠭᠤᠯᠤᠨ᠎ᠠ᠃ ᠥᠪᠥᠷ ᠮᠣᠩᠭᠣᠯ᠎ᠤᠨ ᠥᠮᠴᠢᠯᠡᠬᠦ ᠡᠷᠬᠡ ᠵᠢᠨ ᠠᠷᠠᠯᠵᠢᠶ᠎ᠠ ᠵᠢᠨ ᠲᠥᠪ ᠵᠶ᠋ᠠᠷ ᠲᠦᠰᠢᠭ ᠪᠣᠯᠭ᠋ᠠᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠯᠢᠮᠠᠭ ᠥᠮᠴᠢᠯᠡᠯᠲᠦ ᠥᠭᠡᠷᠡᠴᠢᠯᠡᠯᠲᠡ ᠵᠢᠨ ᠲᠥᠷᠥᠯ ᠵᠦᠢ᠍ᠯ᠎ᠢ ᠨᠡᠶ᠋ᠢᠲᠡᠯᠡᠬᠦ ᠲᠠᠪᠴᠠᠩ᠎ᠢ ᠪᠠᠶ᠋ᠢᠭᠤᠯᠵᠤ᠂ ᠬᠣᠯᠢᠮᠠᠭ ᠥᠮᠴᠢᠯᠡᠯᠲᠦ ᠥᠭᠡᠷᠡᠴᠢᠯᠡᠯᠲᠡ ᠵᠢᠨ ᠲᠥᠷᠥᠯ ᠵᠦᠢ᠍ᠯ᠎ᠤᠨ ᠬᠤᠳᠠᠯᠳᠤᠭ᠋ᠠᠴᠢᠨ ᠤᠷᠢᠬᠤ ᠮᠡᠳᠡᠭᠡ ᠵᠠᠩᠭᠢ ᠵᠢ ᠥᠷᠭᠡᠨ ᠵᠶ᠋ᠠᠷ ᠨᠡᠶ᠋ᠢᠲᠡᠯᠡᠨ᠎ᠡ᠃ 2019 ᠣᠨ᠎ᠳᠤ ᠠᠩᠬ᠎ᠠ ᠤᠳᠠᠭ᠎ᠠ ᠬᠣᠯᠢᠮᠠᠭ ᠥᠮᠴᠢᠯᠡᠯ᠎ᠤᠨ ᠳᠦᠷᠢᠮᠲᠦ ᠥᠭᠡᠷᠡᠴᠢᠯᠡᠯᠲᠡ ᠵᠢᠨ ᠲᠥᠷᠥᠯ ᠵᠦᠢ᠍ᠯ᠎ᠤᠨ ᠲᠠᠪᠴᠠᠩ ᠵᠶ᠋ᠠᠷ ᠳᠠᠮᠵᠢᠭᠤᠯᠤᠨ ᠨᠡᠶ᠋ᠢᠭᠡᠮ ᠨᠡᠶ᠋ᠢᠲᠡ᠎ᠳᠤ 40 ᠥᠪᠡᠷᠲᠡᠭᠡᠨ ᠵᠠᠰᠠᠬᠤ ᠣᠷᠣᠨ ᠪᠠ ᠠᠶ᠋ᠢᠮᠠᠭ ᠬᠣᠲᠠ ᠵᠢᠨ ᠠᠵᠤ ᠠᠬᠤᠶ᠋ᠢᠯᠠᠯ᠎ᠤᠨ ᠬᠣᠯᠢᠮᠠᠭ ᠥᠮᠴᠢᠯᠡᠯ᠎ᠤᠨ ᠳᠦᠷᠢᠮᠲᠦ ᠥᠭᠡᠷᠡᠴᠢᠯᠡᠯᠲᠡ ᠵᠢᠨ ᠲᠥᠷᠥᠯ ᠵᠦᠢ᠍ᠯ᠎ᠢ ᠢᠯᠡ᠎ᠪᠠᠷ ᠲᠠᠨᠢᠯᠴᠠᠭᠤᠯᠵᠤ᠂ 9 ᠲᠥᠷᠥᠯ ᠵᠦᠢ᠍ᠯ ᠳᠣᠭᠢᠷᠠᠪᠠ᠃ 2020 ᠣᠨ᠎ᠳᠤ ᠳᠠᠬᠢᠨᠲᠠ ᠲᠠᠪᠴᠠᠩ ᠵᠶ᠋ᠠᠷ ᠳᠠᠮᠵᠢᠭᠤᠯᠤᠨ 47 ᠬᠣᠯᠢᠮᠠᠭ ᠥᠭᠡᠷᠡᠴᠢᠯᠡᠯᠲᠡ ᠵᠢᠨ ᠲᠥᠷᠥᠯ ᠵᠦᠢ᠍ᠯ᠎ᠢ ᠢᠯᠡ᠎ᠪᠠᠷ ᠨᠡᠶ᠋ᠢᠲᠡᠯᠡᠪᠡ᠃ ᠲᠤᠰᠬᠠᠶ ᠰᠡᠳᠦᠪ ᠵᠶ᠋ᠠᠷ ᠲᠠᠨᠢᠯᠴᠠᠭᠤᠯᠬᠤ᠂ ᠰᠦᠯᠵᠢᠶᠡᠨ᠎ᠤ ᠵᠠᠮ᠎ᠤᠨ ᠦᠵᠡᠭᠦᠯᠦᠯᠭᠡ ᠬᠢᠭᠡᠳ ᠶᠠᠷᠢᠯᠴᠠᠨ ᠵᠥᠪᠳᠡᠯᠴᠡᠬᠦ᠂ ᠣᠨᠣᠪᠴᠢᠲᠠᠶ ᠵᠣᠯᠭ᠋ᠠᠭᠤᠯᠬᠤ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢ ᠤᠶᠠᠯᠳᠤᠭᠤᠯᠬᠤ ᠠᠷᠭ᠎ᠠ ᠬᠡᠯᠪᠡᠷᠢ ᠵᠢ ᠠᠪᠴᠤ᠂ ᠣᠯᠠᠨ ᠲᠠᠪᠴᠠᠩ ᠣᠯᠠᠨ ᠵᠠᠭᠤᠴᠢᠯᠠᠭᠤᠷ ᠵᠶ᠋ᠠᠷ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠬᠣᠯᠢᠮᠠᠭ ᠥᠭᠡᠷᠡᠴᠢᠯᠡᠯᠲᠡ ᠵᠢᠨ ᠲᠥᠷᠥᠯ ᠵᠦᠶᠯ᠎ᠢ ᠣᠯᠠᠨ ᠠᠷᠭ᠎ᠠ ᠵᠠᠮ ᠵᠶ᠋ᠠᠷ ᠲᠠᠨᠢᠯᠴᠠᠭᠤᠯᠵᠤ᠂ ᠲᠠᠨᠢᠯᠴᠠᠭᠤᠯᠬᠤ ᠠᠵᠢᠯᠯᠠᠭ᠎ᠠ ᠵᠢᠨ ᠨᠥᠯᠥᠭᠡᠯᠡᠬᠦ ᠬᠦᠴᠦᠨ ᠪᠠ ᠬᠠᠮᠤᠷᠬᠤ ᠬᠡᠪᠴᠢᠶ᠎ᠡ ᠵᠢ ᠥᠷᠭᠡᠳᠬᠡᠨ᠎ᠡ᠃
    ᠭᠤᠷᠪᠠ᠎ᠳᠤ᠂ 《ᠬᠣᠤᠰ ᠵᠠᠭᠤᠨ ᠠᠵᠤ ᠠᠬᠤᠶ᠋ᠢᠯᠠᠯ》 ᠪᠠ 《ᠬᠣᠶᠠᠷ ᠲᠥᠷᠥᠯ᠎ᠤᠨ ᠺᠣᠮᠫᠠᠨᠢ》 ᠵᠢᠨ ᠲᠤᠷᠰᠢᠯᠲᠠ ᠵᠢᠨ ᠠᠵᠤ ᠠᠬᠤᠶ᠋ᠢᠯᠠᠯ ᠵᠶ᠋ᠠᠷ ᠭᠣᠤᠯᠳᠠᠯᠭ᠎ᠠ ᠪᠣᠯᠭ᠋ᠠᠨ ᠬᠣᠯᠢᠮᠠᠭ ᠥᠮᠴᠢᠯᠡᠯ᠎ᠤᠨ ᠥᠭᠡᠷᠡᠴᠢᠯᠡᠯᠲᠡ ᠵᠢ ᠠᠬᠢᠭᠤᠯᠤᠨ᠎ᠠ᠃ ᠪᠤᠭᠤᠲᠤ ᠵᠢᠨ ᠪᠣᠯᠣᠳ ᠲᠡᠮᠦᠷ (ᠪᠦᠯᠦᠭᠯᠡᠯ)᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠂ ᠥᠪᠥᠷ ᠮᠣᠩᠭᠣᠯ᠎ᠤᠨ ᠮᠧᠩ ᠨᠧᠩ ᠠᠳᠠᠯ ᠠᠬᠤᠶ ᠵᠢᠨ ᠬᠠᠮᠢᠶᠠᠷᠤᠯᠲᠠ ᠵᠢᠨ ᠺᠣᠮᠫᠠᠨᠢ ᠪᠣᠯᠤᠨ ᠥᠪᠥᠷ ᠮᠣᠩᠭᠣᠯ᠎ᠤᠨ ᠡᠨᠧᠷᠭᠢ᠎ᠪᠠᠷ ᠴᠠᠬᠢᠯᠭ᠋ᠠᠨ ᠭᠠᠷᠭ᠋ᠠᠵᠤ ᠪᠠᠶ᠋ᠢᠭ᠎ᠠ ᠬᠢᠩᠭ᠋ᠠᠨ᠎ᠤ ᠢᠯᠴᠢ ᠴᠠᠬᠢᠯᠭ᠋ᠠᠨ᠎ᠤ ᠬᠢᠵᠠᠭ᠋ᠠᠷᠲᠤ ᠺᠣᠮᠫᠠᠨᠢ ᠵᠢᠨ ᠤᠯᠤᠰ᠎ᠤᠨ ᠭᠤᠷᠪᠠᠳᠤᠭ᠋ᠠᠷ ᠪᠦᠯᠦᠭ᠂ ᠳᠥᠷᠪᠡᠳᠦᠭᠡᠷ ᠪᠦᠯᠦᠭ ᠬᠣᠯᠢᠮᠠᠭ ᠥᠮᠴᠢᠯᠡᠯ᠎ᠤᠨ ᠳᠦᠷᠢᠮ᠎ᠤᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠢᠭ᠎ᠤᠨ ᠲᠥᠰᠦᠯ᠎ᠤᠨ ᠱᠠᠭ᠋ᠠᠷᠳᠠᠯᠭ᠎ᠠ ᠶᠣᠰᠣᠭ᠋ᠠᠷ ᠬᠣᠯᠢᠮᠠᠭ ᠥᠮᠴᠢᠯᠡᠯ᠎ᠤᠨ ᠳᠦᠷᠢᠮ᠎ᠤᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠢᠭ᠎ᠤᠨ ᠠᠵᠢᠯ᠎ᠢ ᠬᠢᠨᠠᠮᠠᠭ᠋ᠠᠶ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠵᠢ ᠲᠦᠯᠬᠢᠨ ᠠᠬᠢᠭᠤᠯᠤᠨ᠎ᠠ᠃ ᠪᠤᠭᠤᠲᠤ ᠵᠢᠨ ᠪᠣᠯᠣᠳ ᠲᠡᠮᠦᠷ᠎ᠤᠨ ᠪᠦᠯᠦᠭᠯᠡᠯ᠎ᠨᠢ ᠰᠲ᠋ᠣᠺ᠎ᠤᠨ ᠡᠷᠬᠡ ᠵᠢᠨ ᠣᠯᠠᠨ ᠡᠰᠢᠵᠢᠯᠲᠡ ᠪᠠ ᠬᠣᠯᠢᠮᠠᠭ ᠥᠮᠴᠢᠯᠡᠯ᠎ᠤᠨ ᠲᠦᠷᠢᠮ᠎ᠤᠨ ᠥᠭᠡᠷᠡᠴᠢᠯᠡᠯᠲᠡ ᠵᠢ ᠢᠳᠡᠪᠬᠢᠲᠡᠶ ᠯᠠᠪᠳᠠᠭᠤᠨ ᠵᠶ᠋ᠠᠷ ᠠᠬᠢᠭᠤᠯᠬᠤ᠎ᠪᠠᠷ ᠭᠣᠤᠯ ᠰᠢᠵᠢᠮ ᠪᠣᠯᠭ᠋ᠠᠵᠤ᠂ 《ᠪᠠᠯᠠ ᠣᠷᠣᠭᠤᠯᠬᠤ᠂ ᠣᠶᠤᠨ ᠤᠬᠠᠭ᠋ᠠᠨ ᠣᠷᠣᠭᠤᠯᠬᠤ᠂ ᠲᠦᠷᠢᠮ ᠣᠷᠣᠭᠤᠯᠬᠤ》 ᠵᠢ ᠵᠡᠷᠭᠡ᠎ᠪᠠᠷ ᠴᠢᠬᠤᠯᠠᠴᠢᠯᠠᠨ᠂ ᠲᠤᠬᠠᠶ᠋ᠢᠯᠠᠭᠰᠠᠨ ᠠᠵᠢᠯ ᠬᠤᠪᠢᠶᠠᠨ ᠬᠡᠪᠯᠡᠯ᠎ᠤᠨ ᠬᠡᠰᠡᠭ ᠬᠤᠪᠢᠶᠠᠵᠤ᠂ ᠣᠯᠠᠨ ᠠᠷᠭ᠎ᠠ ᠵᠠᠮ ᠵᠶ᠋ᠠᠷ ᠡᠯ᠎ᠡ ᠲᠥᠷᠥᠯ᠎ᠤᠨ ᠬᠥᠷᠥᠩᠭᠡ ᠵᠢ ᠣᠷᠣᠭᠤᠯᠤᠨ ᠠᠪᠴᠢᠷᠠᠵᠤ ᠬᠣᠶᠠᠳᠤᠭ᠋ᠠᠷ᠂ ᠭᠤᠷᠪᠠᠳᠤᠭ᠋ᠠᠷ ᠳᠡᠰ᠎ᠤᠨ ᠬᠤᠪᠢᠶᠠᠷᠢ ᠺᠣᠮᠫᠠᠨᠢ ᠵᠢᠨ ᠲᠦᠷᠢᠮ ᠵᠶ᠋ᠠᠨ ᠥᠭᠡᠷᠡᠴᠢᠯᠡᠵᠦ ᠳᠠᠬᠢᠨ ᠪᠠᠶ᠋ᠢᠭᠤᠯᠬᠤ᠎ᠳᠤ ᠣᠷᠣᠯᠴᠠᠭᠤᠯᠤᠨ᠎ᠠ᠃
    ᠳᠥᠷᠪᠡ᠎ᠳᠤ᠂ ᠬᠥᠷᠥᠩᠭᠡ ᠵᠢᠨ ᠵᠠᠬ᠎ᠠ ᠳᠡᠯᠭᠡᠭᠦᠷ᠎ᠲᠤ ᠲᠦᠰᠢᠭᠯᠡᠨ ᠬᠣᠯᠢᠮᠠᠭ ᠥᠮᠴᠢᠯᠡᠯ᠎ᠤᠨ ᠥᠭᠡᠷᠡᠴᠢᠯᠡᠯᠲᠡ ᠵᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠰᠠᠭᠤᠷᠢ ᠮᠥᠩᠭᠥ ᠵᠢᠨ ᠪᠠᠯᠠ ᠣᠷᠣᠭᠤᠯᠤᠯᠲᠠ ᠵᠢᠨ ᠬᠣᠯᠢᠮᠠᠭ ᠥᠮᠴᠢᠯᠡᠯᠲᠦ ᠥᠭᠡᠷᠡᠴᠢᠯᠡᠯᠲᠡ ᠵᠢᠨ ᠲᠥᠷᠥᠯ ᠵᠦᠢ᠍ᠯ ᠪᠠ ᠠᠵᠤ ᠠᠬᠤᠶ᠋ᠢᠯᠠᠯ᠎ᠢ ᠵᠣᠷᠢᠭᠵᠢᠭᠤᠯᠤᠨ᠎ᠠ᠃ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠪᠡᠯᠡ ᠨᠡᠶ᠋ᠢᠯᠡᠭᠦᠯᠬᠦ᠂ ᠬᠠᠮᠲᠤᠷᠠᠯᠴᠠᠬᠤ᠂ ᠬᠤᠳᠠᠯᠳᠤᠨ ᠠᠪᠬᠤ᠂ ᠨᠡᠶ᠋ᠢᠯᠡᠭᠦᠯᠬᠦ ᠵᠡᠷᠭᠡ ᠠᠷᠭ᠎ᠠ ᠮᠠᠶᠢᠭ ᠵᠶ᠋ᠠᠷ ᠠᠷᠠᠳ᠎ᠠᠴᠠ ᠡᠵᠡᠩᠨᠡᠭᠰᠡᠨ᠂ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠲᠠᠢ ᠪᠡᠯᠡ ᠨᠡᠶ᠋ᠢᠯᠡᠭᠦᠯᠦᠨ ᠬᠠᠮᠲᠤᠷᠠᠯᠴᠠᠬᠤ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠬᠥᠭᠵᠢᠯᠲᠡ᠎ᠳᠤ ᠣᠷᠣᠯᠴᠠᠬᠤ ᠵᠢ ᠲᠡᠮᠵᠢᠨ᠎ᠡ᠃ ᠠᠰᠢᠭᠲᠠᠶ ᠨᠥᠬᠥᠴᠡᠯ᠎ᠢ ᠡᠭᠦᠳᠴᠦ᠂ ᠣᠷᠣᠨ᠎ᠤ ᠬᠠᠷᠢᠶ᠎ᠠ ᠪᠦᠬᠦᠢ ᠵᠣᠬᠢᠬᠤ ᠰᠠᠭᠤᠷᠢ᠎ᠲᠠᠢ ᠠᠵᠤ ᠠᠬᠤᠶ᠋ᠢᠯᠠᠯ᠎ᠤᠨ ᠵᠠᠬ᠎ᠠ ᠳᠡᠯᠭᠡᠭᠦᠷ᠎ᠲᠤ ᠭᠠᠷᠬᠤ ᠠᠯᠬᠤᠴᠠ᠎ᠪᠠᠨ ᠲᠦᠷᠭᠡᠳᠬᠡᠬᠦ ᠵᠢ ᠲᠡᠳᠬᠦᠬᠦ ᠬᠡᠷᠡᠭᠲᠡᠶ᠃ ᠰᠤᠳᠤᠯᠤᠨ ᠨᠡᠭᠡᠭᠡᠵᠦ ᠰᠢᠨ᠎ᠡ ᠵᠢ ᠡᠭᠦᠳᠬᠦ᠂   ᠦᠢ᠍ᠯᠡᠳᠪᠦᠷᠢᠯᠡᠯ ᠦᠢ᠍ᠯᠡᠴᠢᠯᠡᠭᠡᠨ᠎ᠤ ᠲᠥᠷᠥᠯ᠎ᠤᠨ ᠪᠣᠳᠠᠲᠤ ᠴᠣᠭᠴᠠ ᠵᠢᠨ ᠠᠵᠤ ᠠᠬᠤᠶ᠋ᠢᠯᠠᠯ ᠵᠶ᠋ᠠᠷ ᠭᠣᠤᠯᠳᠠᠯᠭ᠎ᠠ ᠪᠣᠯᠭ᠋ᠠᠵᠤ᠂ ᠤᠯᠤᠰ᠎ᠤᠨ ᠥᠮᠴᠢᠯᠡᠯ᠎ᠤᠨ ᠪᠤᠰᠤ ᠬᠥᠷᠥᠩᠭᠡ ᠵᠢ ᠣᠷᠣᠭᠤᠯᠤᠨ ᠠᠪᠴᠢᠷᠠᠵᠤ᠂ ᠮᠡᠷᠭᠡᠵᠢᠯ᠂ ᠬᠠᠮᠢᠶᠠᠷᠤᠯᠲᠠ ᠪᠠ ᠬᠤᠳᠠᠯᠳᠤᠭ᠋ᠠᠨ᠎ᠤ ᠬᠡᠪ ᠵᠠᠭᠪᠤᠷ᠎ᠤᠨ ᠰᠢᠨ᠎ᠡ ᠵᠢ ᠡᠭᠦᠳᠬᠦ ᠵᠢ ᠲᠦᠷᠭᠡᠳᠬᠡᠵᠦ᠂ ᠳᠠᠪᠤᠰᠤᠨ᠎ᠤ ᠦᠢ᠍ᠯᠡᠰ᠎ᠤᠨ ᠺᠣᠮᠫᠠᠨᠢ ᠵᠢᠨ ᠡᠵᠢ ᠨᠠᠭᠤᠷ᠎ᠤᠨ ᠳᠠᠪᠤᠰᠤ ᠦᠢ᠍ᠯᠡᠳᠬᠦ ᠺᠣᠮᠫᠠᠨᠢ ᠳᠤᠮᠳᠠᠳᠤ ᠤᠯᠤᠰ᠎ᠤᠨ ᠳᠠᠪᠤᠰᠤᠨ᠎ᠤ ᠦᠢ᠍ᠯᠡᠰ᠎ᠤᠨ ᠺᠣᠮᠫᠠᠨᠢ ᠪᠠ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠵᠢᠤᠢ ᠰᠢᠶᠠᠩ ᠪᠠᠯᠠ ᠣᠷᠣᠭᠤᠯᠤᠯᠲᠠ ᠵᠢᠨ ᠺᠣᠮᠫᠠᠨᠢ ᠵᠢ ᠣᠷᠣᠭᠤᠯᠤᠨ ᠠᠪᠴᠢᠷᠠᠵᠤ᠂ 8144 ᠲᠦᠮᠡᠨ ᠲᠥᠭᠥᠷᠢᠭ᠎ᠤᠨ ᠪᠠᠯᠠ ᠮᠥᠩᠭᠥ ᠴᠤᠭᠯᠠᠭᠤᠯᠵᠤ᠂ 《ᠡᠬᠡ ᠨᠠᠭᠤᠷ》᠎ᠤᠨ ᠳᠠᠪᠤᠰᠤᠨ᠎ᠤ ᠡᠬᠢ ᠪᠠᠶᠠᠯᠢᠭ᠎ᠤᠨ ᠳᠠᠪᠠᠭᠤᠯᠢᠭ᠎ᠢ ᠠᠮᠢᠳᠤᠯᠢᠭᠵᠢᠭᠤᠯᠤᠭᠰᠠᠨ ᠪᠠᠶ᠋ᠢᠨ᠎ᠠ᠃
    ᠲᠠᠷᠠᠭ᠋ᠠᠴᠢ ᠵᠢᠨ ᠠᠯᠬᠤᠮ᠎ᠳᠤ᠂ ᠪᠢᠳᠡ ᠦᠷᠭᠦᠯᠵᠢᠯᠡᠨ ᠵᠠᠰᠠᠯᠲᠠ ᠵᠢ ᠲᠡᠭᠦᠯᠳᠡᠷᠵᠢᠭᠦᠯᠬᠦ᠂ ᠵᠣᠷᠢᠭᠵᠢᠭᠤᠯᠤᠯ᠎ᠢ ᠴᠢᠩᠭ᠋ᠠᠷᠠᠭᠤᠯᠬᠤ᠂ ᠭᠣᠣᠯ ᠠᠵᠢᠯ᠎ᠢ ᠲᠤᠪᠤᠢ᠍ᠢ᠍ᠯᠭ᠋ᠠᠬᠤ᠂ ᠦᠷ᠎ᠡ ᠪᠦᠲᠦᠮᠵᠢ ᠵᠢ ᠳᠡᠭᠡᠭᠰᠢᠯᠡᠭᠦᠯᠬᠦ ᠱᠠᠭ᠋ᠠᠷᠳᠠᠯᠭ᠎ᠠ ᠶᠣᠰᠣᠭ᠋ᠠᠷ᠂ 《ᠭᠤᠷᠪᠠᠨ ᠰᠢᠯᠲᠠᠭ᠋ᠠᠨ᠎ᠠᠴᠠ ᠪᠤᠯᠵᠤ ᠭᠤᠷᠪᠠᠨ ᠪᠣᠯᠬᠤ ᠦᠭᠡᠢ》 ᠪᠠᠶ᠋ᠢᠬᠤ ᠵᠢ ᠪᠠᠷᠢᠮᠲᠠᠯᠠᠵᠤ᠂ ᠬᠣᠯᠢᠮᠠᠭ ᠥᠮᠴᠢᠯᠡᠯ᠎ᠤᠨ ᠲᠦᠷᠢᠮ᠎ᠤᠨ ᠥᠭᠡᠷᠡᠴᠢᠯᠡᠯᠲᠡ ᠵᠢ ᠢᠳᠡᠪᠬᠢᠲᠡᠢ ᠯᠠᠪᠳᠠᠭᠤᠨ ᠵᠶ᠋ᠠᠷ ᠠᠬᠢᠭᠤᠯᠤᠨ᠎ᠠ᠃
    ᠨᠢᠭᠡ᠎ᠳᠤ᠂ ᠬᠣᠯᠢᠮᠠᠭ ᠥᠮᠴᠢᠯᠡᠯ᠎ᠤᠨ ᠳᠦᠷᠢᠮᠲᠦ ᠥᠭᠡᠷᠡᠴᠢᠯᠡᠯᠲᠡ ᠵᠢ ᠱᠠᠲᠤ ᠬᠤᠪᠢᠶᠠᠨ ᠲᠥᠷᠥᠯ ᠬᠤᠪᠢᠶᠠᠨ ᠠᠬᠢᠭᠤᠯᠵᠤ᠂ ᠤᠯᠤᠰ᠎ᠤᠨ ᠥᠮᠴᠢᠯᠡᠯ᠎ᠤᠨ ᠬᠥᠷᠥᠩᠭᠡ ᠵᠢᠨ ᠪᠠᠯᠠ ᠣᠷᠣᠭᠤᠯᠤᠯᠲᠠ᠂ ᠡᠵᠡᠩᠨᠡᠯᠲᠡ ᠵᠢᠨ ᠺᠣᠮᠫᠠᠨᠢ ᠵᠢᠨ ᠪᠠᠯᠠ ᠭᠠᠷᠭ᠋ᠠᠭᠰᠠᠨ ᠠᠵᠤ ᠠᠬᠤᠶ᠋ᠢᠯᠠᠯ ᠪᠣᠯᠤᠨ ᠬᠤᠳᠠᠯᠳᠤᠭ᠋ᠠᠨ᠎ᠤ ᠥᠷᠢᠰᠥᠯᠳᠦᠭᠡᠨ᠎ᠤ ᠲᠥᠷᠥᠯ᠎ᠤᠨ ᠬᠤᠪᠢᠶᠠᠷᠢ ᠠᠵᠤ ᠠᠬᠤᠶ᠋ᠢᠯᠠᠯ᠎ᠤᠨ ᠬᠣᠯᠢᠮᠠᠭ ᠥᠮᠴᠢᠯᠡᠯ᠎ᠤᠨ ᠳᠦᠷᠢᠮᠲᠦ ᠥᠭᠡᠷᠡᠴᠢᠯᠡᠯᠲᠡ ᠵᠢ ᠭᠣᠤᠯᠳᠠᠯᠭ᠎ᠠ᠎ᠲᠠᠢ ᠠᠬᠢᠭᠤᠯᠵᠤ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ ᠪᠣᠯᠤᠨ ᠠᠵᠤ   ᠦᠢ᠍ᠯᠡᠰ᠎ᠤᠨ ᠬᠡᠯᠬᠢᠶ᠎ᠡ ᠵᠢᠨ ᠳᠡᠭᠡᠳᠦ ᠳᠣᠤᠷᠠᠳᠤ ᠤᠷᠤᠰᠬᠠᠯ᠎ᠤᠨ ᠳᠤᠮᠳᠠ ᠵᠢᠵᠢᠭ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠳᠤ ᠬᠣᠯᠢᠮᠠᠭ ᠥᠮᠴᠢᠯᠡᠯ᠎ᠤᠨ ᠳᠦᠷᠢᠮᠲᠦ ᠥᠭᠡᠷᠡᠴᠢᠯᠡᠯᠲᠡ ᠬᠢᠬᠦ ᠵᠢ ᠠᠬᠢᠭᠤᠯᠵᠤ᠂ ᠡᠬᠢ ᠪᠠᠶᠠᠯᠢᠭ᠎ᠤᠨ ᠲᠥᠪᠯᠡᠷᠡᠵᠦ ᠲᠠᠷᠬᠠᠬᠤ᠂ ᠡᠯᠧᠮᠧᠨ᠋ᠲ᠎ᠤᠨ ᠠᠭᠤᠰᠤᠯᠴᠠᠨ ᠨᠡᠪᠲᠡᠷᠡᠯᠴᠡᠬᠦ ᠵᠢ ᠤᠯᠠᠮ ᠨᠢᠭᠡ ᠠᠯᠬᠤᠮ ᠠᠬᠢᠭᠤᠯᠵᠤ᠂ ᠬᠠᠮᠵᠢᠯᠴᠠᠨ ᠬᠥᠭᠵᠢᠬᠦ ᠵᠢ ᠪᠡᠶᠡᠯᠡᠭᠦᠯᠵᠦ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠳᠠᠭ᠋ᠠᠭᠤᠯᠤᠭᠴᠢ ᠵᠢᠨ ᠳᠠᠶ᠋ᠢᠴᠢᠯᠠᠬᠤ ᠦᠢ᠍ᠯᠡᠳᠣᠯ᠎ᠢ ᠦᠨᠡᠨ ᠬᠦ᠌ ᠪᠠᠳᠠᠷᠠᠭᠤᠯᠤᠨ᠎ᠠ᠃
    ᠬᠣᠶᠠᠷ᠎ᠲᠤ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠬᠣᠯᠢᠮᠠᠭ ᠥᠮᠴᠢᠯᠡᠯ᠎ᠤᠨ ᠳᠦᠷᠢᠮᠲᠦ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠲᠥᠰᠦᠯ᠎ᠢ ᠲᠣᠭᠲᠠᠭ᠋ᠠᠵᠤ᠂ ᠣᠷᠣᠨ᠎ᠤ ᠬᠠᠷᠢᠶ᠎ᠠ ᠪᠥᠬᠥᠶ ᠠᠵᠤ ᠠᠬᠤᠶ᠋ᠢᠯᠠᠯ᠎ᠤᠨ ᠪᠦᠯᠦᠭᠯᠡᠯ ᠺᠣᠮᠫᠠᠨᠢ ᠵᠢ ᠵᠢᠯᠣᠭᠣᠳᠤᠨ ᠪᠠᠯᠠ ᠣᠷᠣᠭᠤᠯᠤᠭᠰᠠᠨ ᠠᠵᠤ ᠠᠬᠤᠶ᠋ᠢᠯᠠᠯ᠎ᠤᠨ ᠬᠣᠯᠢᠮᠠᠭ ᠥᠮᠴᠢᠯᠡᠯ᠎ᠤᠨ ᠳᠦᠷᠢᠮᠲᠦ ᠥᠭᠡᠷᠡᠴᠢᠯᠡᠯᠲᠡ ᠵᠢ ᠰᠤᠳᠤᠯᠤᠨ ᠦᠨᠡᠯᠡᠵᠦ᠂ ᠨᠥᠬᠥᠴᠡᠯ ᠪᠦᠷᠢᠯᠳᠦᠭᠦᠯᠦᠭᠰᠡᠨ ᠠᠵᠤ ᠠᠬᠤᠶ᠋ᠢᠯᠠᠯ᠎ᠤᠨ 《ᠨᠢᠭᠡ ᠠᠵᠤ ᠠᠬᠤᠶ᠋ᠢᠯᠠᠯ᠎ᠳᠤ ᠨᠢᠭᠡ ᠲᠥᠷᠥ ᠵᠢᠨ ᠪᠣᠳᠣᠯᠭ᠎ᠠ ᠬᠡᠷᠡᠭᠵᠢᠭᠦᠯᠬᠦ》 ᠲᠥᠰᠦᠯ᠎ᠢ ᠲᠣᠭᠲᠠᠭ᠋ᠠᠵᠤ᠂ ᠨᠢᠭᠡ᠎ᠨᠢ ᠪᠣᠯᠪᠠᠰᠤᠷᠠᠩᠭᠤᠶ ᠪᠣᠯᠪᠠᠯ ᠨᠢᠭᠡ ᠵᠢ ᠠᠬᠢᠭᠤᠯᠤᠨ᠎ᠠ᠃ ᠵᠢᠯ ᠪᠦᠷᠢ ᠵᠠᠬ᠎ᠠ ᠳᠡᠯᠭᠡᠭᠦᠷᠴᠢᠯᠡᠭᠰᠡᠨ ᠲᠠᠪᠴᠠᠩ ᠵᠶ᠋ᠠᠷ ᠳᠠᠮᠵᠢᠭᠤᠯᠤᠨ ᠪᠥᠬᠥ ᠨᠡᠶ᠋ᠢᠭᠡᠮ᠎ᠳᠤ ᠨᠢᠭᠡ ᠪᠦᠯᠦᠭ ᠬᠣᠯᠢᠮᠠᠭ ᠥᠭᠡᠷᠡᠴᠢᠯᠡᠯᠲᠡ ᠵᠢᠨ ᠲᠥᠷᠥᠯ ᠵᠦᠢ᠍ᠯ᠎ᠢ ᠲᠠᠨᠢᠯᠴᠠᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠤᠯᠤᠰ᠎ᠠᠴᠠ ᠦᠮᠴᠢᠯᠡᠯᠳᠣ ᠠᠵᠤ ᠠᠬᠤᠶ᠋ᠢᠯᠠᠯ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠭᠦᠯᠬᠦ ᠰᠠᠭᠤᠷᠢ ᠮᠥᠩᠭᠥ ᠵᠢᠨ ᠬᠣᠯᠢᠮᠠᠭ   ᠦᠮᠴᠢᠯᠡᠯᠡᠳᠣ ᠥᠭᠡᠷᠡᠴᠢᠯᠡᠯᠲᠡ ᠵᠢ ᠳᠡᠮᠵᠢᠬᠦ ᠪᠠ ᠠᠬᠢᠭᠤᠯᠬᠤ ᠦᠢ᠍ᠯᠡᠳᠦᠯ᠎ᠢ ᠦᠨᠡᠨᠬᠦ ᠪᠠᠳᠠᠷᠠᠭᠤᠯᠵᠤ᠂ ᠨᠡᠶ᠋ᠢᠭᠡᠮ᠎ᠤᠨ ᠬᠥᠷᠥᠩᠭᠡ ᠵᠢᠨ ᠣᠷᠣᠯᠴᠠᠬᠤ ᠵᠠᠮ ᠮᠥᠷ᠎ᠢ ᠥᠷᠭᠡᠳᠬᠡᠨ᠎ᠡ᠃
    ᠭᠤᠷᠪᠠ᠎ᠳᠤ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠡᠳ᠋ ᠬᠦᠷᠦᠩᠭᠡ ᠵᠢ ᠦᠨᠡᠲᠦ ᠲᠡᠮᠲᠡᠭᠵᠢᠭᠦᠯᠬᠦ ᠲᠦᠪᠰᠢᠨ᠎ᠢ ᠳᠡᠭᠡᠭᠰᠢᠯᠡᠭᠦᠯᠵᠦ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠵᠠᠬ᠎ᠠ ᠳᠡᠯᠭᠡᠭᠦᠷ᠎ᠲᠤ ᠭᠠᠷᠬᠤ ᠵᠢ ᠶᠡᠬᠡ᠎ᠪᠠᠷ ᠠᠬᠢᠭᠤᠯᠤᠨ᠎ᠠ᠃ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠬᠤᠪᠢᠶᠠᠷᠢᠯᠠᠨ ᠰᠠᠯᠭ᠋ᠠᠵᠤ ᠵᠠᠬ᠎ᠠ ᠳᠡᠯᠭᠡᠭᠦᠷ᠎ᠲᠤ ᠭᠠᠷᠭ᠋ᠠᠬᠤ᠂ ᠪᠦᠬᠦᠯᠢ ᠴᠣᠭᠴᠠ᠎ᠪᠠᠷ ᠵᠠᠬ᠎ᠠ ᠳᠡᠯᠭᠡᠭᠦᠷ᠎ᠲᠤ ᠭᠠᠷᠭ᠋ᠠᠬᠤ ᠵᠡᠷᠭᠡ ᠣᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠳᠠᠮᠵᠢᠭᠤᠯᠤᠨ ᠬᠥᠷᠥᠩᠭᠡ ᠵᠢᠨ ᠵᠠᠬ᠎ᠠ ᠳᠡᠯᠭᠡᠭᠦᠷ᠎ᠲᠤ ᠣᠷᠣᠬᠤ ᠵᠢ ᠳᠡᠮᠵᠢᠬᠦ ᠬᠡᠷᠡᠭᠲᠡᠶ᠃ ᠪᠢᠳᠡ 2022 ᠣᠨ ᠪᠣᠯᠲᠠᠯ᠎ᠠ᠂ ᠣᠷᠣᠨ᠎ᠤ ᠬᠠᠷᠢᠶ᠎ᠠ ᠠᠵᠤ ᠠᠬᠤᠶ᠋ᠢᠯᠠᠯ (ᠬᠤᠪᠢᠶᠠᠷᠢ ᠠᠵᠤ ᠠᠬᠤᠶ᠋ᠢᠯᠠᠯ ᠪᠠᠭᠲᠠᠨ᠎ᠠ)᠎ᠤᠨ ᠭᠤᠤᠯ ᠰᠠᠮᠪᠠᠷ᠎ᠡ᠂ ᠰᠢᠨ᠎ᠡ ᠭᠤᠷᠪᠠᠳᠤᠭ᠋ᠠᠷ ᠰᠠᠮᠪᠠᠷ᠎ᠠ᠂ ᠬᠤᠶᠠᠳᠤᠭ᠋ᠠᠷ ᠰᠠᠮᠪᠠᠷ᠎ᠠ ᠵᠢᠨ ᠵᠠᠬ᠎ᠠ ᠳᠡᠯᠭᠡᠭᠦᠷ᠎ᠲᠤ ᠭᠠᠷᠬᠤ ᠺᠣᠮᠫᠠᠨᠢ ᠵᠢ 5᠎ᠠᠴᠠ ᠳᠡᠭᠡᠭᠰᠢ᠎ᠳᠤ ᠬᠦᠷᠦᠭᠦᠯᠬᠦ᠎ᠪᠠᠷ ᠴᠢᠷᠮᠠᠶ᠋ᠢᠨ᠎ᠠ᠃ ᠪᠠᠶᠠᠷᠯᠠᠯ᠎ᠠ᠃
    ᠳᠤᠮᠳᠠᠳᠤ ᠤᠯᠤᠰ᠎ᠤᠨ ᠠᠵᠤ ᠠᠬᠤᠶ ᠵᠢᠨ ᠭᠠᠷᠠᠭ᠎ᠤᠨ ᠰᠡᠳᠬᠦᠯ᠎ᠤᠨ ᠰᠤᠷᠪᠤᠯᠵᠢᠯᠠᠭᠴᠢ᠄ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠠᠴᠠ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠵᠠᠬ᠎ᠠ ᠳᠡᠯᠭᠡᠭᠦᠷᠴᠢᠯᠡᠭᠰᠡᠨ ᠠᠵᠢᠯᠴᠢᠨ ᠬᠡᠷᠡᠭᠯᠡᠬᠦ ᠲᠦᠷᠢᠮ ᠪᠠ ᠴᠠᠯᠢᠩ ᠬᠥᠯᠥᠰᠥ ᠵᠢᠨ ᠬᠤᠪᠢᠶᠠᠷᠢᠯᠠᠯᠲᠠ ᠵᠢᠨ ᠲᠣᠭᠲᠠᠴᠠ ᠵᠢ ᠪᠦᠷᠢᠨᠰᠢᠬᠥᠯᠤᠨ ᠲᠡᠭᠦᠯᠳᠡᠷᠵᠢᠭᠦᠯᠬᠦ᠂ ᠠᠵᠤ ᠠᠬᠤᠶ᠋ᠢᠯᠠᠯ᠎ᠤᠨ ᠣᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠤᠷᠮᠠᠰᠢᠭᠤᠯᠬᠤ ᠠᠵᠢᠯ ᠥᠷᠨᠢᠭᠦᠯᠬᠦ ᠵᠢ ᠳᠡᠮᠵᠢᠬᠦ ᠵᠡᠷᠭᠡ ᠲᠠᠯ᠎ᠠ᠎ᠪᠠᠷ᠎ᠬᠢ ᠬᠣᠯᠪᠣᠭᠳᠠᠯ ᠪᠥᠬᠥᠶ ᠪᠠᠶ᠋ᠢᠳᠠᠯ᠎ᠢ ᠲᠠᠨᠢᠯᠴᠠᠭᠤᠯᠤᠭ᠋ᠠᠳ ᠥᠭᠭᠦᠨ᠎ᠡ ᠤᠤ?
    ᠪᠠᠢ ᠯᠠᠨ᠄ ᠲᠠᠨ᠎ᠤ ᠠᠰᠠᠭᠤᠭᠰᠠᠨ᠎ᠳᠤ ᠪᠠᠶᠠᠷᠯᠠᠯ᠎ᠠ᠃ ᠣᠶ᠋ᠢᠷ᠎ᠠ ᠵᠢᠨ ᠵᠢᠯ᠎ᠤᠳ᠎ᠲᠤ᠂ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠠᠴᠠ ᠠᠵᠤ ᠠᠬᠤᠶ᠋ᠢᠯᠠᠯ᠎ᠤᠨ ᠳᠣᠲᠣᠭ᠋ᠠᠳᠤ ᠵᠢᠨ 《ᠭᠤᠷᠪᠠᠨ ᠵᠦᠢ᠍ᠯ᠎ᠤᠨ ᠲᠦᠷᠢᠮ》᠎ᠤᠨ ᠥᠭᠡᠷᠡᠴᠢᠯᠡᠯᠲᠡ᠂ ᠴᠠᠯᠢᠩ ᠬᠥᠯᠥᠰᠥ ᠵᠢᠨ ᠬᠤᠪᠢᠶᠠᠷᠢᠯᠠᠯᠲᠠ ᠵᠢᠨ ᠲᠣᠭᠲᠠᠴᠠ ᠵᠢᠨ ᠥᠭᠡᠷᠡᠴᠢᠯᠡᠯᠲᠡ ᠵᠢ ᠠᠬᠢᠭᠤᠯᠬᠤ᠂ ᠭᠣᠤᠯᠯᠠᠬᠤ ᠵᠠᠩᠭᠢᠯᠠᠭ᠎ᠠ ᠵᠢᠨ ᠴᠢᠳᠠᠪᠤᠷᠢᠲᠠᠨ᠎ᠤ ᠴᠠᠯᠢᠩ ᠬᠥᠯᠥᠰᠥ ᠵᠢᠨ ᠤᠷᠮᠠᠰᠢᠭᠤᠯᠬᠤ ᠲᠦᠷᠢᠮ᠎ᠢ ᠪᠠᠶ᠋ᠢᠭᠤᠯᠬᠤ ᠵᠡᠷᠭᠡ ᠲᠠᠯ᠎ᠠ᠎ᠪᠠᠷ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠳᠣᠤᠷᠠᠬᠢ ᠠᠵᠢᠯ᠎ᠢ ᠦᠷᠭᠦᠯᠵᠢᠯᠡᠨ ᠰᠠᠶ᠋ᠢᠲᠤᠷ ᠬᠢᠬᠦ ᠵᠢᠨ ᠬᠠᠮᠲᠤ ᠭᠦᠨᠵᠡᠭᠡᠶ᠋ᠢᠷᠡᠭᠦᠯᠬᠦ᠎ᠪᠠᠷ ᠪᠠᠶ᠋ᠢᠨ᠎ᠠ  ᠃
    ᠨᠢᠭᠡ᠎ᠳᠤ᠂ ᠠᠵᠤ ᠠᠬᠤᠶ᠋ᠢᠯᠠᠯ᠎ᠢ ᠵᠢᠯᠣᠭᠣᠳᠤᠨ ᠬᠥᠳᠡᠯᠮᠦᠷᠢ ᠵᠢᠨ ᠭᠡᠷ᠎ᠡ ᠵᠢᠨ ᠬᠠᠮᠢᠶᠠᠷᠤᠯᠲᠠ᠎ᠪᠠᠷ ᠵᠠᠩᠭᠢᠯᠠᠭ᠎ᠠ ᠪᠣᠯᠭ᠋ᠠᠭᠰᠠᠨ᠂ ᠠᠵᠢᠯ᠎ᠤᠨ ᠪᠠᠶ᠋ᠢᠷᠢ ᠵᠢᠨ ᠬᠠᠮᠢᠶᠠᠷᠤᠯᠲᠠ᠎ᠪᠠᠷ ᠰᠠᠭᠤᠷᠢ ᠪᠣᠯᠭ᠋ᠠᠭᠰᠠᠨ ᠵᠠᠬ᠎ᠠ ᠳᠡᠯᠭᠡᠭᠦᠷᠴᠢᠯᠡᠭᠰᠡᠨ ᠠᠵᠢᠯᠴᠢᠨ ᠬᠡᠷᠡᠭᠯᠡᠬᠦ ᠲᠦᠷᠢᠮ᠎ᠢ ᠲᠦᠷᠭᠡᠪᠴᠢᠯᠡᠨ ᠪᠠᠶ᠋ᠢᠭᠤᠯᠵᠤ ᠬᠡᠷᠡᠭᠵᠢᠭᠦᠯᠦᠨ᠎ᠡ᠃ ᠠᠵᠤ ᠠᠬᠤᠶ᠋ᠢᠯᠠᠯ᠎ᠤᠨ ᠬᠥᠳᠡᠯᠮᠦᠷᠢ ᠬᠦᠴᠦᠨ ᠬᠡᠷᠡᠭᠯᠡᠬᠦ ᠪᠠ ᠣᠷᠣᠯᠭ᠎ᠠ ᠵᠢᠨ ᠬᠤᠪᠢᠶᠠᠷᠢᠯᠠᠯᠲᠠ ᠵᠢᠨ ᠳᠦᠷᠢᠮ᠎ᠤᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠂ ᠠᠵᠢᠯᠲᠠᠨ ᠠᠵᠢᠯᠴᠢᠨ᠎ᠢ ᠢᠯᠡ᠎ᠪᠠᠷ ᠤᠷᠢᠬᠤ᠂ ᠬᠠᠮᠢᠶᠠᠷᠤᠯᠲᠠ ᠵᠢᠨ ᠠᠵᠢᠯᠲᠠᠨ᠎ᠢ ᠥᠷᠢᠰᠥᠯᠳᠦᠭᠦᠯᠦᠨ ᠠᠵᠢᠯ᠎ᠤᠨ ᠪᠠᠶ᠋ᠢᠷᠢ᠎ᠳᠤ ᠭᠠᠷᠭ᠋ᠠᠬᠤ ᠪᠠ ᠡᠭᠦᠷᠭᠡᠯᠡᠵᠦ ᠳᠡᠶ᠋ᠢᠯᠬᠦ ᠦᠭᠡᠶ ᠵᠢ᠎ᠨᠢ ᠪᠤᠴᠠᠭ᠋ᠠᠵᠤ ᠭᠠᠷᠭ᠋ᠠᠬᠤ ᠵᠡᠷᠭᠡ ᠳᠦᠷᠢᠮ᠎ᠢ ᠶᠠᠪᠤᠭᠤᠯᠬᠤ ᠬᠡᠷᠡᠭᠲᠡᠶ᠃ ᠠᠵᠤ ᠠᠬᠤᠶ᠋ᠢᠯᠠᠯ᠎ᠢ ᠵᠢᠯᠣᠭᠣᠳᠴᠤ ᠪᠠᠶ᠋ᠢᠭ᠋ᠠᠳ ᠳᠣᠲᠣᠭ᠋ᠠᠳᠤ ᠬᠤᠪᠢᠶᠠᠷᠢᠯᠠᠯᠲᠠ ᠵᠢᠨ ᠳᠦᠷᠢᠮ᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠠᠮᠵᠢᠯᠲᠠ ᠪᠦᠲᠦᠮᠵᠢ ᠵᠢᠨ ᠬᠤᠪᠢ ᠨᠡᠮᠡᠷᠢ᠎ᠪᠠᠷ᠎ᠨᠢ ᠴᠠᠯᠢᠩ ᠬᠥᠯᠥᠰᠥ ᠵᠢ ᠲᠣᠭᠲᠠᠭ᠋ᠠᠬᠤ ᠬᠤᠪᠢᠶᠠᠷᠢᠯᠠᠯᠲᠠ ᠵᠢᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠪᠦᠬᠦ ᠠᠵᠢᠯᠲᠠᠨ᠎ᠤ ᠠᠮᠵᠢᠯᠲᠠ ᠪᠦᠲᠦᠮᠵᠢ ᠵᠢ ᠬᠢᠨᠠᠨ ᠰᠢᠯᠭ᠋ᠠᠬᠤ᠂ ᠨᠢᠭᠡ ᠠᠵᠢᠯ᠎ᠤᠨ ᠪᠠᠶ᠋ᠢᠷᠢ᠎ᠳᠤ ᠨᠢᠭᠡ ᠴᠠᠯᠢᠩ᠎ᠲᠠᠢ ᠪᠠᠶ᠋ᠢᠯᠭ᠋ᠠᠬᠤ᠂ ᠠᠵᠢᠯ᠎ᠤᠨ ᠪᠠᠶ᠋ᠢᠷᠢ ᠵᠢ᠎ᠨᠢ ᠰᠣᠯᠢᠵᠤ ᠴᠠᠯᠢᠩ᠎ᠢ᠎ᠨᠢ ᠬᠤᠪᠢᠷᠠᠭᠤᠯᠬᠤ ᠵᠢ ᠬᠡᠷᠡᠭᠵᠢᠭᠦᠯᠦᠨ᠎ᠡ᠃
    ᠬᠣᠶᠠᠷ᠎ᠲᠤ᠂ ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ᠎ᠤ ᠴᠠᠯᠢᠩ ᠬᠥᠯᠥᠰᠥ ᠵᠢᠨ ᠲᠦᠷᠢᠮ ᠪᠠ ᠠᠵᠤ ᠠᠬᠤᠶ᠋ᠢᠯᠠᠯ᠎ᠤᠨ ᠴᠠᠯᠢᠩ᠎ᠤᠨ ᠶᠡᠷᠦᠩᠬᠡᠶ ᠲᠣᠭ᠎ᠠ ᠵᠢ ᠲᠣᠭᠲᠠᠭ᠋ᠠᠬᠤ ᠲᠣᠭᠲᠠᠴᠠ ᠵᠢᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠦᠨ᠎ᠡ᠃ 《ᠠᠵᠢᠯ᠎ᠤᠨ ᠠᠮᠵᠢᠯᠲᠠ ᠪᠦᠲᠦᠮᠵᠢ ᠵᠢ ᠳᠡᠭᠡᠭᠰᠢᠯᠡᠭᠦᠯᠬᠦ᠂ ᠴᠠᠯᠢᠩ ᠬᠥᠯᠥᠰᠥ ᠵᠢ ᠳᠡᠭᠡᠭᠰᠢᠯᠡᠭᠦᠯᠬᠦ᠂ ᠠᠵᠢᠯ᠎ᠤᠨ ᠠᠮᠵᠢᠯᠲᠠ ᠪᠦᠲᠦᠮᠵᠢ ᠵᠢ ᠪᠠᠭᠤᠷᠠᠭᠤᠯᠬᠤ᠂ ᠴᠠᠯᠢᠩ ᠬᠥᠯᠥᠰᠥ ᠵᠢ ᠪᠠᠭᠤᠷᠠᠭᠤᠯᠬᠤ》 ᠵᠢ ᠲᠣᠳᠣᠷᠬᠠᠶ᠋ᠢᠯᠠᠵᠤ᠂ ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ᠎ᠤ ᠴᠠᠯᠢᠩ ᠬᠥᠯᠥᠰᠥ ᠵᠢ ᠠᠵᠤ ᠠᠬᠤᠶ᠋ᠢᠯᠠᠯ᠎ᠤᠨ ᠠᠵᠤ ᠠᠬᠤᠶ ᠵᠢᠨ ᠦᠷ᠎ᠡ ᠠᠰᠢᠭ᠂ ᠠᠵᠢᠯ᠎ᠤᠨ ᠠᠮᠵᠢᠯᠲᠠ ᠪᠦᠲᠦᠮᠵᠢ ᠵᠢ ᠬᠢᠨᠠᠨ ᠰᠢᠯᠭ᠋ᠠᠬᠤ᠎ᠯᠤᠭ᠎ᠠ ᠨᠢᠭᠲᠠ ᠬᠣᠯᠪᠣᠭᠳᠠᠭᠤᠯᠪᠠ᠃ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠴᠠᠯᠢᠩ᠎ᠢ ᠲᠣᠭᠲᠠᠭ᠋ᠠᠬᠤ ᠲᠣᠭᠲᠠᠴᠠ ᠵᠢ ᠥᠭᠡᠷᠡᠴᠢᠯᠡᠬᠦ ᠲᠤᠬᠠᠶ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠰᠠᠨᠠᠯ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠠᠴᠠ ᠪᠡᠯᠡ ᠭᠠᠷᠭ᠋ᠠᠵᠤ ᠬᠢᠨᠠᠨ ᠬᠠᠮᠢᠶᠠᠷᠤᠭᠰᠠᠨ ᠠᠵᠤ ᠠᠬᠤᠶ᠋ᠢᠯᠠᠯ᠎ᠤᠨ ᠴᠠᠯᠢᠩ᠎ᠤᠨ ᠶᠡᠷᠦᠩᠬᠡᠶ ᠲᠣᠭ᠎ᠠ ᠵᠢᠨ ᠬᠠᠮᠢᠶᠠᠷᠤᠯᠲᠠ ᠵᠢᠨ ᠠᠷᠭ᠎ᠠ ᠵᠢᠴᠢ ᠬᠡᠷᠡᠭᠵᠢᠭᠦᠯᠬᠦ ᠨᠠᠷᠢᠨ ᠳᠦᠷᠢᠮ᠎ᠤᠨ ᠶᠣᠰᠣᠭ᠋ᠠᠷ᠂ ᠠᠵᠤ ᠠᠬᠤᠶ᠋ᠢᠯᠠᠯ᠎ᠤᠨ ᠴᠢᠳᠠᠮᠵᠢ ᠵᠢᠨ ᠪᠠᠶ᠋ᠢᠷᠢ ᠲᠣᠭᠲᠠᠭ᠋ᠠᠯᠲᠠ ᠶᠣᠰᠣᠭ᠋ᠠᠷ ᠲᠥᠷᠥᠯ ᠬᠤᠪᠢᠶᠠᠨ ᠬᠠᠮᠢᠶᠠᠷᠬᠤ ᠵᠢ ᠬᠡᠷᠡᠭᠵᠢᠭᠦᠯᠵᠦ᠂ ᠬᠥᠳᠡᠯᠮᠦᠷᠢ ᠬᠦᠴᠦᠨ᠎ᠤ ᠵᠠᠬ᠎ᠠ ᠳᠡᠯᠭᠡᠭᠦᠷ᠎ᠲᠠᠢ ᠦᠨᠳᠦᠰᠦᠨ᠎ᠳᠡᠭᠡᠨ ᠲᠣᠬᠢᠷᠠᠯᠴᠠᠭᠰᠠᠨ᠂ ᠠᠵᠤ ᠠᠬᠤᠶ᠋ᠢᠯᠠᠯ᠎ᠤᠨ ᠠᠵᠤ ᠠᠬᠤᠶ ᠵᠢᠨ ᠦᠷ᠎ᠡ ᠠᠰᠢᠭ ᠪᠣᠯᠤᠨ ᠬᠥᠳᠡᠯᠮᠦᠷᠢ ᠦᠢ᠍ᠯᠡᠳᠪᠦᠷᠢᠯᠡᠯ᠎ᠤᠨ ᠨᠣᠷᠮ᠎ᠠ᠎ᠯᠤᠭ᠎ᠠ ᠬᠣᠯᠪᠣᠭᠳᠠᠭᠤᠯᠤᠭᠰᠠᠨ ᠴᠠᠯᠢᠩ᠎ᠤᠨ ᠲᠣᠭᠲᠠᠭ᠋ᠠᠯ ᠪᠣᠯᠤᠨ ᠬᠡᠪ᠎ᠤᠨ ᠨᠡᠮᠡᠭᠳᠡᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠦᠨ᠎ᠡ᠃ ᠴᠠᠯᠢᠩ᠎ᠤᠨ ᠶᠡᠷᠦᠩᠬᠡᠶ ᠲᠣᠭ᠎ᠠ ᠵᠢᠨ ᠬᠠᠮᠢᠶᠠᠷᠤᠯᠲᠠ ᠵᠢᠨ ᠠᠷᠭ᠎ᠠ ᠮᠠᠶᠢᠭ᠎ᠢ ᠤᠯᠠᠮ ᠨᠢᠭᠡ ᠠᠯᠬᠤᠮ ᠳᠣᠭᠢᠷᠠᠭᠤᠯᠤᠨ ᠰᠢᠯᠢᠳᠡᠭᠵᠢᠭᠦᠯᠵᠦ᠂ ᠬᠤᠳᠠᠯᠳᠤᠭ᠋ᠠᠨ᠎ᠤ ᠥᠷᠢᠰᠥᠯᠳᠦᠭᠡᠨ᠎ᠤ ᠲᠥᠷᠥᠯ ᠪᠠ ᠨᠥᠬᠥᠴᠡᠯ᠎ᠳᠤ ᠨᠡᠶ᠋ᠢᠴᠡᠬᠦ ᠣᠨᠴᠠᠭ᠋ᠠᠢ ᠴᠢᠳᠠᠮᠵᠢ ᠵᠢᠨ ᠲᠥᠷᠥᠯ᠎ᠤᠨ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠴᠠᠯᠢᠩ᠎ᠤᠨ ᠶᠡᠷᠦᠩᠬᠡᠶ ᠲᠣᠭ᠎ᠠ ᠵᠢ ᠪᠦᠷᠢᠳᠬᠡᠨ ᠳᠠᠩᠰᠠᠯᠠᠬᠤ ᠲᠦᠷᠢᠮ᠎ᠤᠨ ᠬᠠᠮᠢᠶᠠᠷᠤᠯᠲᠠ ᠵᠢ ᠨᠠᠶ᠋ᠢᠳᠠᠪᠤᠷᠢᠵᠢᠭᠤᠯᠬᠤ ᠵᠢ ᠠᠬᠢᠭᠤᠯᠤᠨ᠂ ᠦᠶᠡᠯᠡᠯ᠎ᠤᠨ ᠬᠤᠭᠤᠴᠠᠭ᠋ᠠᠨ᠎ᠤ ᠲᠥᠰᠦᠪ᠎ᠤᠨ ᠬᠠᠮᠢᠶᠠᠷᠤᠯᠲᠠ ᠵᠢ ᠰᠦᠪᠡᠭᠴᠢᠯᠡᠨ ᠬᠡᠷᠡᠭᠵᠢᠭᠦᠯᠦᠨ᠎ᠡ᠃
    ᠭᠤᠷᠪᠠ᠎ᠳᠤ ᠠᠵᠤ ᠠᠬᠤᠶ᠋ᠢᠯᠠᠯ᠎ᠤᠨ ᠮᠡᠳᠡᠯᠭᠡ ᠵᠢᠨ ᠦᠷᠳᠡᠭ᠎ᠢ ᠨᠡᠮᠡᠭᠳᠡᠭᠦᠯᠬᠦ᠎ᠪᠠᠷ ᠤᠳᠤᠷᠢᠳᠤᠮᠵᠢ ᠪᠣᠯᠭ᠋ᠠᠭᠰᠠᠨ ᠳᠣᠲᠣᠭ᠋ᠠᠳᠤ ᠵᠢᠨ ᠬᠤᠪᠢᠶᠠᠷᠢᠯᠠᠯᠲᠠ ᠵᠢᠨ ᠲᠦᠷᠦ ᠵᠢᠨ ᠪᠤᠳᠤᠯᠭ᠎ᠠ ᠵᠢ ᠬᠡᠷᠡᠭᠵᠢᠭᠦᠯᠬᠦ ᠵᠢ ᠲᠦᠯᠬᠢᠨ ᠠᠬᠢᠭᠤᠯᠵᠤ᠂ ᠣᠷᠣᠯᠭ᠎ᠠ ᠵᠢᠨ ᠬᠤᠪᠢᠶᠠᠷᠢᠯᠠᠯᠲᠠ ᠵᠢᠨ ᠤᠷᠮᠠᠰᠢᠭᠤᠯᠬᠤ ᠤᠳᠤᠷᠢᠳᠤᠮᠵᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃ ᠠᠮᠵᠢᠯᠲᠠ ᠪᠦᠲᠦᠮᠵᠢ ᠵᠢᠨ ᠴᠠᠯᠢᠩ᠎ᠤᠨ ᠬᠤᠪᠢᠶᠠᠷᠢᠯᠠᠯᠲᠠ ᠵᠢᠨ ᠤᠷᠮᠠᠰᠢᠭᠤᠯᠬᠤ ᠡᠷᠴᠢᠮ᠎ᠢ ᠴᠢᠩᠭ᠋ᠠᠷᠠᠭᠤᠯᠤᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠤᠨ ᠱᠠᠩᠨᠠᠬᠤ ᠵᠡᠷᠭᠡ ᠤᠷᠮᠠᠰᠢᠭᠤᠯᠬᠤ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ᠎ᠪᠠᠷ ᠳᠠᠮᠵᠢᠭᠤᠯᠤᠨ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠣᠷᠣᠯᠭ᠎ᠠ ᠵᠢ ᠠᠵᠢᠯ᠎ᠤᠨ ᠪᠠᠶ᠋ᠢᠷᠢ ᠵᠢᠨ ᠡᠭᠦᠷᠭᠡ ᠬᠠᠷᠢᠭᠤᠴᠠᠯᠭ᠎ᠠ᠂ ᠠᠵᠢᠯ᠎ᠤᠨ ᠠᠮᠵᠢᠯᠲᠠ ᠪᠦᠲᠦᠮᠵᠢ᠂ ᠪᠣᠳᠠᠲᠠᠶ ᠬᠤᠪᠢ ᠨᠡᠮᠡᠷᠢ᠎ᠲᠠᠢ ᠨᠢᠭᠲᠠ ᠬᠣᠯᠪᠣᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ᠎ᠪᠠᠷ ᠳᠡᠮᠵᠢᠨ ᠵᠦᠶ ᠵᠣᠬᠢᠰᠲᠠᠶ ᠣᠷᠣᠯᠭ᠎ᠠ ᠤᠯᠬᠤ ᠵᠢ ᠵᠣᠷᠢᠭᠵᠢᠭᠤᠯᠤᠨ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠥᠷᠥᠯ ᠵᠦᠢ᠍ᠯ᠎ᠤᠨ ᠪᠠᠯᠠ ᠮᠥᠩᠭᠥ ᠵᠢᠨ ᠤᠷᠮᠠᠰᠢᠭᠤᠯᠤᠨ ᠵᠢᠯᠣᠭᠣᠳᠬᠤ ᠦᠢ᠍ᠯᠡᠳᠦᠯ᠎ᠢ ᠪᠠᠳᠠᠷᠠᠭᠤᠯᠤᠨ᠎ᠠ᠃ ᠬᠤᠪᠢᠶᠠᠷᠢᠯᠠᠯᠲᠠ᠎ᠪᠠᠷ ᠤᠷᠮᠠᠰᠢᠭᠤᠯᠬᠤ ᠵᠢ ᠬᠡᠷᠡᠭᠯᠡᠨ᠂ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠭᠣᠤᠯ ᠴᠣᠭᠴᠠ ᠵᠢᠨ ᠪᠠᠶ᠋ᠢᠷᠢ ᠰᠠᠭᠤᠷᠢ ᠵᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠳᠣᠲᠣᠭ᠋ᠠᠳᠤ ᠬᠥᠳᠡᠯᠭᠡᠬᠦ ᠬᠦᠴᠦᠨ᠎ᠢ ᠬᠥᠭᠵᠢᠭᠡᠨ᠂ ᠠᠵᠤ ᠠᠬᠤᠶ᠋ᠢᠯᠠᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ᠃
    ᠳᠥᠷᠪᠡ᠎ᠳᠤ ᠣᠯᠠᠨ ᠵᠦᠢ᠍ᠯ᠎ᠤᠨ ᠠᠷᠭ᠎ᠠ ᠮᠠᠶᠢᠭ᠎ᠤᠨ ᠳᠤᠮᠳᠠ ᠣᠷᠳᠣ ᠬᠤᠭᠤᠴᠠᠭ᠋ᠠᠨ᠎ᠤ ᠤᠷᠮᠠᠰᠢᠭᠤᠯᠤᠯ᠎ᠢ ᠢᠳᠡᠪᠬᠢᠲᠡᠶ ᠰᠦᠪᠡᠭᠴᠢᠯᠡᠨ᠎ᠡ᠃ ᠠᠵᠤ ᠠᠬᠤᠶ᠋ᠢᠯᠠᠯ᠎ᠢ ᠵᠢᠯᠣᠭᠣᠳᠤᠨ ᠤᠷᠮᠠᠰᠢᠭᠤᠯᠬᠤ ᠲᠥᠷᠥ ᠵᠢᠨ ᠪᠣᠳᠣᠯᠭ᠎ᠠ ᠵᠢᠨ 《ᠪᠠᠭ᠋ᠠᠵᠢ ᠵᠢᠨ ᠬᠠᠶ᠋ᠢᠷᠴᠠᠭ》᠎ᠢ ᠰᠠᠶ᠋ᠢᠲᠤᠷ ᠬᠡᠷᠡᠭᠯᠡᠵᠦ᠂ ᠤᠯᠤᠰ᠎ᠤᠨ ᠥᠮᠴᠢᠯᠡᠯᠲᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠠᠵᠤ ᠠᠬᠤᠶ᠋ᠢᠯᠠᠯ᠎ᠤᠨ ᠰᠲ᠋ᠣᠺ᠎ᠤᠨ ᠡᠷᠬᠡ ᠪᠠ ᠠᠰᠢᠭ ᠬᠤᠪᠢᠶᠠᠵᠤ ᠤᠷᠮᠠᠰᠢᠭᠤᠯᠬᠤ ᠠᠵᠢᠯ ᠥᠷᠨᠢᠭᠦᠯᠬᠦ ᠵᠢ ᠵᠣᠷᠢᠭᠵᠢᠭᠤᠯᠤᠨ᠎ᠠ᠃ ᠨᠥᠬᠥᠴᠡᠯ᠎ᠳᠤ ᠨᠡᠶ᠋ᠢᠴᠡᠬᠦ ᠠᠵᠤ ᠠᠬᠤᠶ᠋ᠢᠯᠠᠯ᠎ᠤᠨ ᠡᠯ᠎ᠡ ᠵᠦᠢ᠍ᠯ᠎ᠤᠨ ᠤᠷᠲᠤᠪᠲᠤᠷ ᠪᠠ ᠤᠷᠲᠤ ᠬᠤᠭᠤᠴᠠᠭ᠋ᠠᠨ᠎ᠤ ᠤᠷᠮᠠᠰᠢᠭᠤᠯᠬᠤ ᠲᠥᠷᠥ ᠵᠢᠨ ᠪᠣᠳᠣᠯᠭ᠎ᠠ ᠵᠢ ᠨᠢᠭᠡᠳᠦᠯᠲᠡᠶ ᠲᠥᠯᠥᠪᠯᠡᠨ ᠬᠡᠷᠡᠭᠯᠡᠬᠦ ᠵᠢ ᠳᠡᠮᠵᠢᠵᠦ᠂ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠪᠠ ᠤᠷᠮᠠᠰᠢᠭᠤᠯᠬᠤ ᠬᠢᠷᠢ ᠬᠡᠮᠵᠢᠶ᠎ᠡ ᠵᠢᠨ 《ᠬᠣᠣᠰ ᠬᠠᠷᠢᠴᠠᠭᠤᠯᠤᠯ》᠎ᠢ ᠴᠢᠩᠭ᠋ᠠᠷᠠᠭᠤᠯᠤᠨ᠂ ᠤᠷᠮᠠᠰᠢᠭᠤᠯᠬᠤ ᠪᠠ ᠬᠢᠵᠠᠭ᠋ᠠᠷᠯᠠᠬᠤ ᠵᠢ ᠬᠠᠷᠢᠯᠴᠠᠨ ᠨᠢᠭᠡᠳᠬᠡᠬᠦ ᠵᠢ ᠪᠡᠶᠡᠯᠡᠭᠦᠯᠦᠨ᠎ᠡ᠃

ᠢᠷᠡᠯᠲᠡ᠄ ᠥᠪᠦᠷ ᠮᠣᠩᠭᠤᠯ᠎ᠤᠨ ᠵᠠᠰᠠᠭ᠎ᠤᠨ ᠣᠷᠳᠤᠨ