
2 ᠰᠠᠷ᠎ᠠ ᠵᠢᠨ 24᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠲᠠᠰ ᠳᠠᠷᠠᠭ᠋ᠠᠯᠠᠯ᠎ᠤᠨ ᠲᠣᠭᠲᠠᠭ᠋ᠠᠯ》᠎ᠤᠨ ᠲᠥᠷᠥ ᠵᠢᠨ ᠪᠣᠳᠣᠯᠭ᠎ᠠ ᠵᠢᠨ ᠲᠤᠬᠠᠢ ᠵᠣᠷᠰᠢᠯᠲᠤ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠳᠡᠳ᠋ ᠳᠠᠷᠤᠭ᠎ᠠ ᠳ᠋ᠠᠶ ᠶᠠᠨ ᠬᠠᠮᠢᠶ᠎ᠠ ᠪᠥᠬᠥᠶ ᠪᠠᠢ᠌ᠳᠠᠯ᠎ᠳᠤ ᠲᠠᠨᠢᠯᠴᠠᠭᠤᠯᠭ᠎ᠠ ᠬᠢᠭᠰᠡᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠲᠠᠰ ᠳᠠᠷᠠᠭ᠋ᠠᠯᠠᠯ᠎ᠤᠨ ᠲᠣᠭᠲᠠᠭ᠋ᠠᠯ》᠎ᠤᠨ ᠲᠥᠷᠥ ᠵᠢᠨ ᠪᠣᠳᠣᠯᠭ᠎ᠠ ᠵᠢᠨ ᠲᠤᠬᠠᠢ ᠵᠤᠷᠰᠢᠯᠲᠤ ᠰᠣᠨᠢᠨ ᠮᠡᠳᠡᠭᠡ ᠨᠡᠢ᠌ᠲᠡᠯᠡᠬᠦ ᠬᠤᠷᠠᠯ ᠳᠡᠭᠡᠷᠡᠬᠢ ᠨᠡᠢ᠌ᠲᠡᠯᠡᠯ᠎ᠤᠨ ᠦᠭᠡ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠳᠡᠳ᠋ ᠳᠠᠷᠤᠭ᠎ᠠ ᠳ᠋ᠠᠶ ᠶᠠᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠲᠠᠰ ᠳᠠᠷᠠᠭ᠋ᠠᠯᠠᠯ᠎ᠤᠨ ᠲᠣᠭᠲᠠᠭ᠋ᠠᠯ》᠎ᠢ 2020 ᠣᠨ᠎ᠤ 12 ᠰᠠᠷ᠎ᠠ ᠵᠢᠨ 23᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 31 ᠳ᠋ᠦ᠍ᠭᠡᠷ ᠤᠳᠠᠭ᠎ᠠ ᠵᠢᠨ ᠪᠠᠢ᠌ᠩᠭᠤ ᠵᠢᠨ ᠬᠤᠷᠠᠯ᠎ᠠᠴᠠ ᠬᠢᠨᠠᠨ ᠵᠥᠪᠯᠡᠵᠦ ᠪᠠᠲᠤᠯᠠᠭ᠋ᠠᠳ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 248 ᠳ᠋ᠣᠭ᠋ᠠᠷ ᠲᠤᠭ᠋ᠠᠲᠤ ᠵᠠᠷᠯᠢᠭ ᠵᠶ᠋ᠠᠷ ᠨᠡᠢ᠌ᠲᠡᠯᠡᠵᠦ᠂ 2021 ᠣᠨ᠎ᠤ 3 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃ ᠳᠣᠤᠷ᠎ᠠ ᠪᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠲᠠᠰ ᠳᠠᠷᠠᠭ᠋ᠠᠯᠠᠯ᠎ᠤᠨ ᠲᠣᠭᠲᠠᠭ᠋ᠠᠯ》 (ᠳᠣᠷᠣᠭᠰᠢ 《ᠳᠡᠰ ᠳᠠᠷᠠᠭ᠋ᠠᠯᠠᠯ᠎ᠤᠨ ᠲᠣᠭᠲᠠᠭ᠋ᠠᠯ》 ᠭᠡᠵᠦ ᠲᠣᠪᠴᠢᠯᠠᠨ᠎ᠠ)᠎ᠢ ᠨᠡᠢ᠌ᠲᠡᠯᠡᠭᠰᠡᠨ ᠬᠠᠮᠢᠶ᠎ᠠ ᠪᠦᠬᠦᠢ ᠪᠠᠢ᠌ᠳᠠᠯ᠎ᠢ ᠲᠣᠪᠴᠢ ᠲᠠᠨᠢᠯᠴᠠᠭᠤᠯᠤᠶ᠎ᠠ᠃
ᠨᠢᠭᠡ᠂ 《ᠳᠡᠰ ᠳᠠᠷᠠᠭ᠋ᠠᠯᠠᠯ᠎ᠤᠨ ᠲᠣᠭᠲᠠᠭ᠋ᠠᠯ》᠎ᠢ ᠨᠡᠢ᠌ᠲᠡᠯᠡᠭᠰᠡᠨ ᠠᠬᠤᠶ ᠪᠠᠢ᠌ᠳᠠᠯ ᠪᠠ ᠲᠣᠭᠲᠠᠭ᠋ᠠᠭᠰᠠᠨ ᠶᠠᠪᠤᠴᠠ
ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠠᠴᠠ᠂ ᠬᠠᠤᠯᠢ ᠶᠣᠰᠣᠭ᠋ᠠᠷ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠲᠣᠭᠲᠠᠴᠠ ᠵᠢ ᠪᠦᠷᠢᠨᠰᠢᠬᠦᠯᠵᠤ᠂ ᠤᠯᠠᠨ ᠨᠡᠢ᠌ᠲᠡ ᠵᠢᠨ᠎ᠬᠢᠨ ᠤᠷᠤᠯᠴᠠᠬᠤ᠂ ᠲᠤᠰᠬᠠᠢ ᠮᠡᠷᠭᠡᠵᠢᠯᠲᠡᠨ ᠵᠶ᠋ᠡᠷ ᠨᠤᠲᠠᠯᠠᠭᠤᠯᠬᠤ᠂ ᠲᠦᠭᠰᠢᠭᠦᠷᠢ ᠵᠢ ᠦᠨᠡᠯᠡᠨ ᠵᠢᠱ᠌ᠢᠬᠦ᠂ ᠬᠠᠤᠯᠢ ᠶᠣᠰᠣᠴᠢ ᠴᠢᠨᠠᠷ᠎ᠢ ᠬᠢᠨᠠᠨ ᠪᠠᠢ᠌ᠴᠠᠭ᠋ᠠᠬᠤ᠂ ᠬᠠᠮᠲᠤ᠎ᠪᠠᠷ ᠶᠠᠷᠢᠯᠴᠠᠨ ᠲᠣᠭᠲᠠᠭ᠋ᠠᠬᠤ ᠵᠡᠷᠭᠡ ᠵᠢ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠬᠠᠤᠯᠢ᠎ᠪᠠᠷ ᠲᠣᠭᠲᠠᠭ᠋ᠠᠭᠰᠠᠨ ᠳᠡᠰ ᠳᠠᠷᠠᠭ᠋ᠠᠯᠠᠯ ᠪᠣᠯᠭ᠋ᠠᠬᠤ᠎ᠪᠠᠷ ᠲᠣᠭᠲᠠᠭ᠋ᠠᠪᠠ᠃ 2019 ᠣᠨ᠎ᠳᠤ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ 《ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠲᠠᠰ ᠳᠠᠷᠠᠭ᠋ᠠᠯᠠᠯ᠎ᠤᠨ ᠲᠦᠷ ᠬᠡᠷᠡᠭᠵᠢᠭᠦᠯᠬᠦ ᠲᠦᠷᠢᠮ》 (ᠳᠣᠷᠣᠭᠰᠢ 《ᠲᠦᠷ ᠬᠡᠷᠡᠭᠵᠢᠭᠦᠯᠬᠦ ᠲᠦᠷᠢᠮ 》 ᠭᠡᠵᠦ ᠲᠣᠪᠴᠢᠯᠠᠨ᠎ᠠ)᠎ᠢ ᠨᠡᠢ᠌ᠲᠡᠯᠡᠵᠦ᠂ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠪᠥᠬᠥ ᠴᠤᠪᠤᠷᠠᠯ᠎ᠳᠤ ᠪᠣᠳᠠᠲᠠᠶ ᠲᠣᠭᠲᠠᠭ᠋ᠠᠯ ᠭᠠᠷᠭ᠋ᠠᠵᠤ᠂ ᠲᠠᠰ ᠳᠠᠷᠠᠭ᠋ᠠᠯᠠᠯ᠂ ᠪᠠᠷᠢᠮᠵᠢᠶ᠎ᠠ ᠵᠡᠷᠭᠡ ᠲᠠᠯ᠎ᠠ᠎ᠳᠤ ᠪᠦᠷ ᠨᠠᠩ ᠥᠨᠳᠥᠷ ᠱᠠᠭ᠋ᠠᠷᠳᠠᠯᠭ᠎ᠠ ᠳᠤᠷᠠᠳᠴᠠᠶ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠲᠠᠰ ᠳᠠᠷᠠᠭ᠋ᠠᠯᠠᠯ᠎ᠤᠨ ᠲᠣᠭᠲᠠᠭ᠋ᠠᠯ 》 (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ 209 ᠳ᠋ᠦ᠍ᠭᠡᠷ ᠲᠣᠭ᠋ᠠᠲᠤ)᠎ᠢ 2015 ᠣᠨ᠎ᠳᠤ ᠨᠡᠢ᠌ᠲᠡᠯᠡᠨ ᠬᠡᠷᠡᠭᠵᠢᠭᠦᠯᠦᠭᠰᠡᠨ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠲᠠᠰ ᠳᠠᠷᠠᠭ᠋ᠠᠯᠠᠯ᠎ᠢ ᠵᠢᠷᠣᠮᠵᠢᠭᠤᠯᠤᠨ ᠰᠢᠨᠵᠢᠯᠡᠬᠦ ᠤᠬᠠᠭ᠋ᠠᠨᠴᠢ᠂ ᠠᠷᠠᠳᠴᠢᠯᠠᠯ ᠵᠶ᠋ᠡᠷ᠂ ᠬᠠᠤᠯᠢ ᠶᠣᠰᠣᠭ᠋ᠠᠷ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠵᠢ ᠪᠠᠲᠤᠯᠠᠬᠤ ᠲᠠᠯ᠎ᠠ᠎ᠪᠠᠷ ᠴᠢᠬᠤᠯᠠ ᠦᠢᠯᠡᠳᠦᠯ ᠦᠵᠡᠭᠦᠯᠪᠡ᠃ ᠭᠡᠪᠡᠴᠦ ᠦᠢ᠍ᠯᠡᠳᠦᠯᠭᠡ ᠵᠢᠨ ᠳᠤᠮᠳᠠ᠂ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠵᠦᠢ᠍ᠯᠡᠰ᠎ᠨᠢ ᠲᠣᠳᠣᠷᠬᠠᠶ ᠦᠭᠡᠶ᠂ ᠳᠡᠰ ᠳᠠᠷᠠᠭ᠋ᠠᠯᠠᠯ᠎ᠨᠢ ᠪᠦᠷᠢᠨ ᠪᠤᠰᠤ᠂ ᠬᠠᠤᠯᠢ ᠶᠣᠰᠣᠴᠢ ᠴᠢᠨᠠᠷ᠎ᠢ ᠬᠢᠨᠠᠨ ᠪᠠᠢ᠌ᠴᠠᠭ᠋ᠠᠬᠤ᠂ ᠰᠠᠨᠠᠯ ᠬᠤᠷᠢᠶᠠᠬᠤ ᠪᠠ ᠬᠠᠮᠲᠤ᠎ᠪᠠᠷ ᠶᠠᠷᠢᠯᠴᠠᠬᠤ ᠵᠢ ᠪᠤᠲᠠᠲᠠᠢ᠌ᠵᠢᠭᠤᠯᠤᠭᠰᠠᠨ ᠦᠭᠡᠶ ᠪᠠᠢ᠌ᠳᠠᠯ ᠣᠷᠣᠰᠢᠵᠤ ᠪᠠᠢ᠌ᠬᠤ᠎ᠠᠴᠠ ᠪᠣᠯᠵᠣ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ᠎ᠨᠢ ᠪᠣᠳᠠᠲᠤ ᠴᠣᠭᠴᠠ ᠡᠰᠡᠭᠦᠯ᠎ᠡ ᠳᠡᠰ ᠳᠠᠷᠠᠭ᠋ᠠᠯᠠᠯ᠎ᠤᠨ ᠲᠠᠯ᠎ᠠ᠎ᠪᠠᠷ ᠬᠠᠤᠯᠢ ᠵᠢ ᠵᠥᠷᠢᠴᠡᠵᠦ᠂ ᠵᠠᠰᠠᠭ᠎ᠤᠨ ᠣᠷᠳᠣᠨ᠎ᠤ ᠨᠡᠢ᠌ᠲᠡ᠎ᠳᠤ ᠢᠲᠡᠭᠡᠭᠦᠯᠬᠦ ᠬᠦᠴᠦᠨ᠎ᠢ ᠬᠣᠬᠢᠷᠠᠭᠤᠯᠤᠨ᠂ ᠭᠠᠵᠠᠷ ᠣᠷᠣᠨ᠎ᠤ ᠡᠵᠡᠩᠨᠡᠨ ᠬᠤᠳᠠᠯᠳᠣᠭ᠋ᠠᠯᠠᠬᠤ ᠣᠷᠴᠢᠨ ᠨᠦᠭᠦᠴᠡᠯ᠎ᠢ ᠡᠪᠳᠡᠵᠦ᠂ ᠥᠪᠡᠷᠲᠡᠭᠡᠨ ᠵᠠᠰᠠᠬᠤ ᠣᠷᠣᠨ᠎ᠤ ᠥᠭᠡᠷᠡᠴᠢᠯᠡᠯᠲᠡ ᠵᠢᠨ ᠠᠬᠢᠯᠲᠠ ᠪᠠ ᠠᠵᠤ ᠠᠬᠤᠶ ᠨᠡᠢ᠌ᠭᠡᠮ᠎ᠤᠨ ᠬᠥᠭᠵᠢᠯᠲᠡ ᠵᠢ ᠬᠢᠵᠠᠭ᠋ᠠᠷᠯᠠᠵᠤ ᠪᠠᠢ᠌ᠬᠤ ᠵᠢ ᠣᠯᠵᠣ ᠮᠡᠳᠡᠵᠡᠢ᠃ ᠲᠥᠷᠥ ᠵᠢᠨ ᠶᠠᠪᠤᠳᠠᠯ᠎ᠤᠨ ᠬᠣᠷᠢᠶᠠᠨ᠎ᠤ 《ᠲᠦᠷ ᠬᠡᠷᠡᠭᠵᠢᠭᠦᠯᠬᠦ ᠳᠦᠷᠢᠮ》᠎ᠤᠨ ᠱᠠᠭ᠋ᠠᠷᠳᠠᠯᠭ᠎ᠠ ᠵᠢ ᠳᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠳᠡᠰ ᠳᠠᠷᠠᠭ᠋ᠠᠯᠠᠯ᠎ᠢ ᠤᠯᠠᠮ ᠨᠢᠭᠡ ᠠᠯᠬᠤᠮ ᠵᠢᠷᠤᠮᠵᠢᠭᠤᠯᠤᠨ᠂ ᠮᠠᠨ᠎ᠤ ᠣᠷᠣᠨ᠎ᠤ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠵᠢᠨ ᠰᠢᠨᠵᠢᠯᠡᠬᠦ ᠤᠬᠠᠭ᠋ᠠᠨᠴᠢᠯᠠᠯᠲᠠ᠂ ᠠᠷᠠᠳᠴᠢᠯᠠᠯᠲᠠ᠂ ᠬᠠᠤᠯᠢᠵᠢᠭᠤᠯᠤᠯᠲᠠ ᠵᠢ ᠲᠦᠯᠬᠢᠨ ᠠᠬᠢᠭᠤᠯᠵᠤ᠂ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠶᠠᠰᠤ ᠴᠢᠨᠠᠷ ᠪᠣᠯᠤᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢᠨ ᠲᠤᠰᠠᠳᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠳᠡᠰ ᠳᠠᠷᠠᠭ᠋ᠠᠯᠠᠯ᠎ᠤᠨ ᠲᠣᠭᠲᠠᠭ᠋ᠠᠯ》᠎ᠳᠤ ᠵᠠᠰᠠᠪᠤᠷᠢ ᠣᠷᠣᠭᠤᠯᠬᠤ ᠵᠢ ᠲᠤᠯᠭ᠋ᠠᠮ ᠱᠠᠭ᠋ᠠᠷᠳᠠᠵᠤ ᠪᠣᠢ᠃
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠢ ᠣᠷᠣᠯᠠᠨ 《ᠲᠠᠰ ᠳᠠᠷᠠᠭ᠋ᠠᠯᠠᠯ᠎ᠤᠨ ᠲᠣᠭᠲᠠᠭ᠋ᠠᠯ》᠎ᠢ ᠲᠤᠭᠤᠷᠪᠢᠵᠤ᠂ ᠬᠠᠤᠯᠢ᠎ᠳᠤ ᠲᠣᠭᠲᠠᠭ᠋ᠠᠭᠰᠠᠨ ᠲᠠᠰ ᠳᠠᠷᠠᠭ᠋ᠠᠯᠠᠯ ᠶᠣᠰᠣᠭ᠋ᠠᠷ ᠪᠥᠬᠥ ᠨᠡᠢ᠌ᠭᠡᠮ᠎ᠠᠴᠠ ᠥᠷᠭᠡᠨ ᠵᠶ᠋ᠡᠷ ᠰᠠᠨᠠᠯ ᠬᠤᠷᠢᠶᠠᠭᠰᠠᠨ ᠪᠥᠭᠡᠳ ᠭᠦᠢᠴᠡᠳ ᠪᠠᠢ᠌ᠴᠠᠭ᠋ᠠᠨ ᠰᠤᠳᠤᠯᠵᠤ ᠨᠤᠲᠠᠯᠠᠯᠲᠠ ᠬᠢᠪᠠ᠃ 《ᠲᠠᠰ ᠳᠠᠷᠠᠭ᠋ᠠᠯᠠᠯ᠎ᠤᠨ ᠲᠣᠭᠲᠠᠭ᠋ᠠᠯ》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 2020 ᠣᠨ᠎ᠤ 31 ᠳ᠋ᠦ᠍ᠭᠡᠷ ᠤᠳᠠᠭ᠎ᠠ ᠵᠢᠨ ᠪᠠᠢ᠌ᠩᠭᠤ ᠵᠢᠨ ᠬᠤᠷᠠᠯ ᠵᠶ᠋ᠠᠷ ᠬᠢᠨᠠᠨ ᠵᠥᠪᠯᠡᠵᠦ ᠪᠠᠲᠤᠯᠠᠪᠠ᠃
ᠬᠣᠶᠠᠷ᠂ 《ᠲᠠᠰ ᠳᠠᠷᠠᠭ᠋ᠠᠯᠠᠯ᠎ᠤᠨ ᠲᠣᠭᠲᠠᠭ᠋ᠠᠯ》᠎ᠤᠨ ᠭᠣᠣᠯ ᠠᠭᠤᠯᠭ᠎ᠠ
《ᠲᠠᠰ ᠳᠠᠷᠠᠭ᠋ᠠᠯᠠᠯ᠎ᠤᠨ ᠲᠣᠭᠲᠠᠭ᠋ᠠᠯ》᠎ᠨᠢ 10 ᠪᠦᠯᠦᠭ ᠵᠶ᠋ᠠᠷ ᠪᠦᠷᠢᠯᠳᠦᠵᠦ᠂ ᠨᠡᠢ᠌ᠲᠡ 59 ᠵᠦᠢ᠍ᠯ ᠪᠣᠢ᠂ ᠳᠣᠣᠷᠠᠬᠢ ᠮᠡᠲᠦ ᠬᠠᠤᠯᠢ ᠲᠣᠭᠲᠠᠭ᠋ᠠᠬᠤ ᠣᠨᠴᠠᠯᠢᠭ᠎ᠲᠠᠢ᠄
(ᠨᠢᠭᠡ) ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠬᠦᠷᠢᠶ᠎ᠡ ᠬᠡᠪᠴᠢᠶ᠎ᠡ ᠵᠢ ᠲᠣᠳᠣᠷᠬᠠᠢ᠌ᠯᠠᠪᠠ᠃ 《ᠲᠠᠰ ᠳᠠᠷᠠᠭ᠋ᠠᠯᠠᠯ᠎ᠤᠨ ᠲᠣᠭᠲᠠᠭ᠋ᠠᠯ》᠎ᠳᠤ ᠵᠢᠭᠰᠠᠭ᠋ᠠᠨ ᠲᠣᠭ᠋ᠠᠴᠢᠬᠤ ᠬᠡᠯᠪᠡᠷᠢ᠎ᠪᠠᠷ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠵᠦᠢᠯᠡᠰ᠎ᠤᠨ ᠬᠡᠪᠴᠢᠶ᠎ᠡ ᠵᠢ ᠲᠣᠳᠣᠷᠬᠠᠢ᠌ᠯᠠᠪᠠ᠃ ᠡᠭᠦᠨ᠎ᠤ ᠬᠠᠮᠲᠤ᠂ ᠡᠯ᠎ᠡ ᠱᠠᠲᠤᠨ᠎ᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠪᠠᠢ᠌ᠭᠤᠯᠭ᠎ᠠ ᠵᠢᠨ ᠠᠵᠢᠯ ᠶᠠᠪᠤᠳᠠᠯ ᠬᠠᠮᠢᠶᠠᠷᠬᠤ ᠡᠷᠬᠡ ᠵᠢᠨ ᠠᠳᠠᠯᠢ ᠪᠤᠰᠤ᠂ ᠡᠯ᠎ᠡ ᠭᠠᠵᠠᠷ᠎ᠤᠨ ᠪᠣᠳᠠᠲᠤ ᠪᠠᠢ᠌ᠳᠠᠯ᠎ᠤᠨ ᠠᠳᠠᠯᠢ ᠪᠤᠰᠤ᠎ᠠᠴᠠ ᠪᠣᠯᠵᠣ᠂ 《ᠲᠠᠰ ᠳᠠᠷᠠᠭ᠋ᠠᠯᠠᠯ᠎ᠤᠨ ᠲᠣᠭᠲᠠᠭ᠋ᠠᠯ》᠎ᠳᠤ ᠡᠯ᠎ᠡ ᠱᠠᠲᠤᠨ᠎ᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠪᠠᠢ᠌ᠭᠤᠯᠭ᠎ᠠ ᠲᠣᠭᠲᠠᠭ᠋ᠠᠯ ᠶᠣᠰᠣᠭ᠋ᠠᠷ᠂ ᠡᠭᠦᠷᠭᠡ ᠬᠠᠷᠢᠭᠤᠴᠠᠯᠭ᠎ᠠ ᠵᠢᠨ ᠡᠷᠬᠡ ᠵᠢᠨ ᠬᠢᠵᠠᠭ᠋ᠠᠷ ᠪᠠ ᠲᠣᠰ ᠭᠠᠵᠠᠷ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠵᠦᠢᠯᠡᠰ᠎ᠤᠨ ᠭᠠᠷᠴᠠᠭ᠂ ᠪᠠᠷᠢᠮᠵᠢᠶ᠎ᠠ ᠵᠢ ᠲᠣᠭᠲᠠᠭ᠋ᠠᠬᠤ ᠵᠢᠨ ᠬᠠᠮᠲᠤ᠂ ᠪᠣᠳᠠᠲᠤ ᠪᠠᠢ᠌ᠳᠠᠯ ᠵᠶ᠋ᠠᠨ ᠦᠨᠳᠦᠰᠦᠯᠡᠨ ᠲᠣᠬᠢᠷᠠᠭᠤᠯᠤᠯᠲᠠ ᠬᠢᠵᠦ ᠪᠣᠯᠤᠨ᠎ᠠ ᠭᠡᠵᠦ ᠲᠣᠳᠣᠷᠬᠠᠢ᠌ᠯᠠᠪᠠ᠃ ᠢᠩᠭᠢᠵᠦ ᠲᠣᠭᠲᠠᠭ᠋ᠠᠭᠰᠠᠨ᠎ᠨᠢ ᠱᠠᠲᠤ ᠳᠠᠪᠬᠤᠷᠭ᠎ᠠ ᠵᠢᠨ ᠵᠥᠷᠢᠶ᠎ᠡ ᠪᠠ ᠣᠷᠣᠨ ᠪᠦᠰᠡ ᠵᠢᠨ ᠵᠥᠷᠢᠶ᠎ᠡ ᠵᠢ ᠭᠦᠢᠴᠡᠳ ᠪᠣᠳᠣᠯᠬᠢᠯᠠᠵᠤ᠂ ᠨᠠᠩ ᠢᠯᠡᠭᠦᠦ ᠬᠠᠨᠳᠤᠯᠭ᠋ᠠᠲᠤ ᠴᠢᠨᠠᠷ ᠪᠠ ᠪᠣᠯᠤᠮᠵᠢᠲᠤ ᠴᠢᠨᠠᠷᠲᠠᠢ ᠶᠤᠮ᠃
(ᠬᠤᠶᠠᠷ) ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠲᠠᠰ ᠳᠠᠷᠠᠭ᠋ᠠᠯᠠᠯ᠎ᠢ ᠨᠠᠷᠢᠯᠢᠭᠵᠢᠭᠤᠯᠪᠠ᠃ 《ᠲᠠᠰ ᠳᠠᠷᠠᠭ᠋ᠠᠯᠠᠯ᠎ᠤᠨ ᠲᠣᠭᠲᠠᠭ᠋ᠠᠯ》᠎ᠳᠤ ᠲᠥᠷᠥ ᠵᠢᠨ ᠶᠠᠪᠤᠳᠠᠯ᠎ᠤᠨ ᠬᠣᠷᠢᠶᠠᠨ᠎ᠤ 《ᠲᠦᠷ ᠬᠡᠷᠡᠭᠵᠢᠭᠦᠯᠬᠦ ᠲᠦᠷᠢᠮ》᠎ᠳᠤ ᠲᠣᠭᠲᠠᠭ᠋ᠠᠭᠰᠠᠨ ᠣᠯᠠᠨ ᠨᠡᠢ᠌ᠲᠡ ᠵᠢᠨ᠎ᠬᠢᠨ ᠤᠷᠤᠯᠴᠠᠬᠤ᠂ ᠲᠤᠰᠬᠠᠶ ᠮᠡᠷᠭᠡᠵᠢᠯᠲᠡᠨ ᠵᠶ᠋ᠡᠷ ᠨᠤᠲᠠᠯᠠᠭᠤᠯᠬᠤ᠂ ᠲᠦᠭᠰᠢᠭᠦᠷᠢ ᠵᠢ ᠦᠨᠡᠯᠡᠨ ᠵᠢᠱ᠌ᠢᠬᠦ᠂ ᠬᠠᠤᠯᠢ ᠶᠣᠰᠣᠴᠢ ᠴᠢᠨᠠᠷ᠎ᠢ ᠬᠢᠨᠠᠨ ᠪᠠᠢ᠌ᠴᠠᠭ᠋ᠠᠬᠤ᠂ ᠬᠠᠮᠲᠤ᠎ᠪᠠᠷ ᠶᠠᠷᠢᠯᠴᠠᠨ ᠲᠣᠭᠲᠠᠭ᠋ᠠᠬᠤ ᠵᠡᠷᠭᠡ ᠡᠯ᠎ᠡ ᠵᠦᠢᠯ᠎ᠤᠨ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠲᠠᠰ ᠳᠠᠷᠠᠭ᠋ᠠᠯᠠᠯ᠎ᠳᠤ ᠴᠢᠬᠤᠯᠠ ᠪᠥᠬᠥᠶ ᠨᠠᠷᠢᠯᠢᠭᠵᠢᠭᠤᠯᠤᠯᠲᠠ ᠪᠠ ᠨᠦᠬᠦᠪᠦᠷᠢᠯᠡᠯᠲᠡ ᠬᠢᠵᠦ᠂ ᠬᠡᠷᠡᠭᠵᠢᠭᠦᠯᠵᠦ ᠪᠣᠯᠬᠤᠢ᠌ᠴᠠ ᠴᠢᠨᠠᠷ᠎ᠢ ᠴᠢᠩᠭ᠋ᠠᠳᠬᠠᠪᠠ᠃ ᠰᠢᠢ᠍ᠳᠪᠦᠷᠢᠲᠦ ᠪᠤᠳᠤᠯᠭ᠎ᠠ ᠵᠢ ᠡᠬᠢᠯᠡᠭᠦᠯᠬᠦ ᠲᠠᠯ᠎ᠠ᠎ᠪᠠᠷ᠂ ᠰᠢᠢ᠍ᠳᠪᠦᠷᠢᠲᠦ ᠪᠤᠳᠤᠯᠭ᠎ᠠ ᠵᠢ ᠡᠬᠢᠯᠡᠭᠦᠯᠬᠦ ᠵᠦᠢ᠍ᠯᠡᠰ᠎ᠢ ᠰᠤᠳᠤᠯᠤᠨ ᠨᠤᠲᠠᠯᠠᠬᠤ ᠪᠡᠶᠡᠴᠢ ᠴᠣᠭᠴᠠ ᠵᠢ ᠨᠠᠷᠢᠯᠢᠬ᠍ᠵᠢᠭᠤᠯᠵᠤ᠂ ᠲᠤᠰᠬᠠᠢ ᠮᠡᠷᠭᠡᠵᠢᠯᠲᠡᠨ ᠪᠤᠶᠤ ᠲᠤᠰᠬᠠᠢ ᠪᠠᠢ᠌ᠭᠤᠯᠤᠮᠵᠢ᠎ᠳᠤ ᠨᠠᠢ᠌ᠳᠠᠵᠤ ᠲᠤᠭᠤᠷᠪᠢᠨ ᠪᠢᠴᠢᠭᠦᠯᠵᠦ ᠪᠣᠯᠬᠤ ᠲᠣᠭᠲᠠᠭ᠋ᠠᠯ᠎ᠢ ᠨᠡᠮᠡᠪᠡ; ᠣᠯᠠᠨ ᠨᠡᠢ᠌ᠲᠡ ᠵᠢᠨ᠎ᠬᠢᠨ ᠤᠷᠤᠯᠴᠠᠬᠤ ᠲᠠᠯ᠎ᠠ᠎ᠪᠠᠷ ᠰᠠᠨᠠᠯ ᠰᠣᠨᠣᠰᠬᠤ ᠠᠷᠭ᠎ᠠ ᠮᠠᠶᠢᠭ ᠪᠠ ᠠᠷᠠᠳ᠎ᠤᠨ ᠰᠠᠨᠠᠭ᠎ᠠ ᠵᠢ ᠪᠠᠢ᠌ᠴᠠᠭ᠋ᠠᠬᠤ ᠬᠣᠯᠪᠣᠭᠳᠠᠯ ᠪᠥᠬᠥᠶ ᠠᠭᠤᠯᠭ᠎ᠠ ᠵᠢ ᠨᠥᠬᠥᠪᠥᠷᠢᠯᠡᠵᠦ᠂ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠬᠣᠯᠪᠣᠭᠳᠠᠯ ᠪᠥᠬᠥᠶ ᠲᠣᠭᠲᠠᠭ᠋ᠠᠯ᠎ᠢ ᠨᠠᠷᠢᠯᠢᠬ᠍ᠵᠢᠭᠤᠯᠪᠠ; ᠲᠤᠰᠬᠠᠶ ᠮᠡᠷᠭᠡᠵᠢᠯᠲᠡᠨ ᠵᠶ᠋ᠡᠷ ᠨᠤᠲᠠᠯᠠᠭᠤᠯᠬᠤ ᠲᠠᠯ᠎ᠠ᠎ᠪᠠᠷ᠂ ᠲᠤᠰᠬᠠᠶ ᠮᠡᠷᠭᠡᠵᠢᠯᠲᠡᠨ ᠪᠠ ᠲᠤᠰᠬᠠᠶ ᠪᠠᠢ᠌ᠭᠤᠯᠤᠮᠵᠢ᠎ᠪᠠᠷ ᠨᠤᠲᠠᠯᠠᠭᠤᠯᠬᠤ ᠶᠠᠪᠤᠴᠠ᠎ᠳᠤ ᠮᠠᠲ᠋ᠧᠷᠢᠶᠠᠯ ᠪᠠᠢ᠌ᠴᠠᠭ᠋ᠠᠨ ᠦᠵᠡᠬᠦ᠂ ᠬᠤᠷᠠᠯ᠎ᠳᠤ ᠰᠤᠯᠠ ᠣᠷᠣᠯᠴᠠᠬᠤ᠂ ᠪᠠᠢ᠌ᠴᠠᠭ᠋ᠠᠨ ᠰᠤᠳᠤᠯᠬᠤ ᠠᠵᠢᠯᠯᠠᠭ᠎ᠠ᠎ᠳᠤ ᠣᠷᠣᠯᠴᠠᠬᠤ ᠵᠡᠷᠭᠡ ᠡᠷᠬᠡ᠎ᠲᠠᠢ ᠪᠠᠢ᠌ᠬᠤ ᠪᠠ ᠨᠢᠭᠤᠴᠠ ᠵᠢ ᠬᠠᠮᠠᠭ᠋ᠠᠯᠠᠬᠤ᠂ ᠨᠤᠲᠠᠯᠠᠯᠲᠠ ᠵᠢᠨ ᠰᠠᠨᠠᠯ᠎ᠳᠤ ᠬᠠᠷᠢᠭᠤᠴᠠᠯᠭ᠎ᠠ ᠡᠭᠦᠷᠭᠡᠯᠡᠬᠦ ᠵᠡᠷᠭᠡ ᠡᠭᠦᠷᠭᠡ ᠵᠢ ᠬᠠᠤᠯᠢ ᠶᠣᠰᠣᠭ᠋ᠠᠷ ᠡᠭᠦᠷᠭᠡᠯᠡᠬᠦ ᠵᠢ ᠨᠡᠮᠡᠪᠡ; ᠲᠦᠭᠰᠢᠭᠦᠷᠢ ᠵᠢ ᠦᠨᠡᠯᠡᠨ ᠵᠢᠱ᠌ᠢᠬᠦ ᠲᠠᠯ᠎ᠠ᠎ᠪᠠᠷ᠂ ᠲᠦᠭᠰᠢᠭᠦᠷᠢ ᠵᠢ ᠦᠨᠡᠯᠡᠨ ᠵᠢᠱ᠌ᠢᠬᠦ ᠳᠡᠰ ᠳᠠᠷᠠᠭ᠋ᠠᠯᠠᠯ᠎ᠢ ᠨᠠᠷᠢᠯᠢᠬ᠍ᠵᠢᠭᠤᠯᠵᠤ᠂ ᠲᠦᠭᠰᠢᠭᠦᠷᠢ ᠵᠢ ᠦᠨᠡᠯᠡᠨ ᠵᠢᠱ᠌ᠢᠭᠰᠡᠨ ᠮᠡᠳᠡᠭᠦᠯᠦᠯᠲᠡ ᠵᠢᠨ ᠠᠭᠤᠯᠭ᠎ᠠ ᠵᠢ ᠨᠡᠮᠡᠪᠡ; ᠬᠠᠤᠯᠢ ᠶᠣᠰᠣᠴᠢ ᠴᠢᠨᠠᠷ᠎ᠢ ᠬᠢᠨᠠᠨ ᠪᠠᠢ᠌ᠴᠠᠭ᠋ᠠᠬᠤ ᠲᠠᠯ᠎ᠠ᠎ᠪᠠᠷ᠂ ᠬᠢᠨᠠᠨ ᠪᠠᠢ᠌ᠴᠠᠭ᠋ᠠᠬᠤ ᠬᠤᠭᠤᠴᠠᠭ᠎ᠠ᠂ ᠬᠢᠨᠠᠨ ᠪᠠᠢ᠌ᠴᠠᠭ᠋ᠠᠬᠤ ᠠᠷᠭ᠎ᠠ ᠬᠡᠯᠪᠡᠷᠢ ᠪᠠ ᠬᠢᠨᠠᠨ ᠪᠠᠢ᠌ᠴᠠᠭ᠋ᠠᠬᠤ ᠰᠠᠨᠠᠯ ᠵᠡᠷᠭᠡ ᠵᠢ ᠲᠣᠭᠲᠠᠭ᠋ᠠᠪᠠ; ᠬᠠᠮᠲᠤ᠎ᠪᠠᠷ ᠶᠠᠷᠢᠯᠴᠠᠨ ᠲᠣᠭᠲᠠᠭ᠋ᠠᠬᠤ ᠲᠠᠯ᠎ᠠ᠎ᠪᠠᠷ᠂ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠤᠳᠤᠯᠭ᠎ᠠ ᠵᠢ ᠨᠡᠢ᠌ᠲᠡᠯᠡᠬᠦ᠎ᠠᠴᠠ ᠡᠮᠦᠨ᠎ᠡ ᠲᠣᠭᠲᠠᠭ᠋ᠠᠯ ᠶᠣᠰᠣᠭ᠋ᠠᠷ ᠠᠳᠠᠯᠢ ᠱᠠᠲᠤᠨ᠎ᠤ ᠨᠠᠮ᠎ᠤᠨ ᠬᠣᠷᠢᠢ᠎ᠠ᠎ᠠᠴᠠ ᠮᠡᠳᠡᠭᠦᠯᠬᠦ ᠠᠭᠤᠯᠭ᠎ᠠ ᠵᠢᠨ ᠵᠢᠭ᠋ᠠᠪᠤᠷᠢ ᠠᠪᠬᠤ ᠵᠢ ᠨᠡᠮᠡᠪᠡ᠃
(ᠭᠤᠷᠪᠠ) ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠲᠣᠬᠢᠷᠠᠭᠤᠯᠤᠯᠲᠠ ᠬᠢᠬᠦ ᠳᠡᠰ ᠳᠠᠷᠠᠭ᠋ᠠᠯᠠᠯ᠎ᠢ ᠵᠢᠷᠤᠮᠵᠢᠭᠤᠯᠪᠠ᠃ 《ᠲᠠᠰ ᠳᠠᠷᠠᠭ᠋ᠠᠯᠠᠯ᠎ᠤᠨ ᠲᠣᠭᠲᠠᠭ᠋ᠠᠯ》᠎ᠨᠢ ᠰᠢᠢᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠳᠤᠮᠳᠠᠬᠢ ᠠᠰᠠᠭᠤᠳᠠᠯ᠎ᠢ ᠬᠠᠷᠢᠭᠤ ᠲᠤᠰᠬᠠᠬᠤ ᠲᠣᠭᠲᠠᠴᠠ ᠪᠠ ᠰᠢᠢᠳᠪᠦᠷᠢᠲᠦ ᠪᠣᠳᠣᠯᠭ᠎ᠠ ᠲᠣᠭᠲᠠᠭ᠋ᠠᠭᠰᠠᠨ᠎ᠤ ᠳᠠᠷᠠᠭ᠋ᠠᠬᠢ ᠦᠨᠡᠯᠡᠨ ᠵᠢᠱ᠌ᠢᠬᠦ ᠲᠦᠷᠢᠮ᠎ᠢ ᠤᠯᠠᠮ ᠨᠢᠭᠡ ᠠᠯᠬᠤᠮ ᠨᠠᠷᠢᠯᠢᠬ᠍ᠵᠢᠭᠤᠯᠪᠠ᠃ ᠡᠭᠦᠨ᠎ᠤ ᠬᠠᠮᠲᠤ᠂ 《ᠲᠠᠰ ᠳᠠᠷᠠᠭ᠋ᠠᠯᠠᠯ᠎ᠤᠨ ᠲᠣᠭᠲᠠᠭ᠋ᠠᠯ》᠎ᠳᠤ ᠬᠠᠤᠯᠢ ᠶᠣᠰᠣᠭ᠋ᠠᠷ ᠭᠠᠷᠭ᠋ᠠᠭᠰᠠᠨ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ ᠵᠢ ᠳᠤᠷ᠎ᠠ᠎ᠪᠠᠷ ᠵᠶ᠋ᠠᠨ ᠬᠤᠪᠢᠷᠠᠭᠤᠯᠬᠤ ᠪᠤᠶᠤ ᠬᠡᠷᠡᠭᠵᠢᠭᠦᠯᠬᠦ ᠵᠢ ᠵᠣᠭᠰᠣᠭ᠋ᠠᠵᠤ ᠪᠣᠯᠬᠤ ᠥᠬᠡᠶ᠂ ᠴᠢᠬᠤᠯᠠ ᠶᠡᠬᠡ ᠲᠣᠬᠢᠷᠠᠭᠤᠯᠤᠯᠲᠠ ᠬᠢᠬᠦ ᠴᠢᠬᠤᠯᠠᠲᠠᠢ ᠪᠠᠢ᠌ᠪᠠᠯ᠂ ᠬᠠᠮᠢᠶ᠎ᠠ ᠪᠥᠬᠥᠶ ᠬᠠᠤᠯᠢ᠎ᠳᠤ ᠲᠣᠭᠲᠠᠭ᠋ᠠᠭᠰᠠᠨ ᠲᠠᠰ ᠳᠠᠷᠠᠭ᠋ᠠᠯᠠᠯ ᠵᠶ᠋ᠠᠷ ᠭᠦᠢᠴᠡᠳᠬᠡᠬᠦ ᠬᠡᠷᠡᠭᠲᠡᠶ ᠭᠡᠵᠦ ᠱᠠᠭ᠋ᠠᠷᠳᠠᠪᠠ᠃
(ᠳᠦᠷᠪᠡ) ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠵᠢᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ᠎ᠢ ᠲᠡᠭᠦᠯᠳᠡᠷᠵᠢᠭᠦᠯᠪᠡ᠃ 《ᠲᠠᠰ ᠳᠠᠷᠠᠭ᠋ᠠᠯᠠᠯ᠎ᠤᠨ ᠲᠣᠭᠲᠠᠭ᠋ᠠᠯ》᠎ᠳᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠪᠠᠢ᠌ᠭᠤᠯᠭ᠎ᠠ᠂ ᠰᠢᠢᠳᠪᠦᠷᠢᠲᠦ ᠪᠣᠳᠣᠯᠭ᠎ᠠ ᠵᠢ ᠳᠠᠭ᠋ᠠᠭ᠋ᠠᠨ ᠭᠦᠢᠴᠡᠳᠬᠡᠬᠦ ᠨᠢᠭᠡᠴᠢ ᠪᠠ ᠰᠢᠢᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠨᠢᠭᠡᠴᠢ ᠵᠢᠴᠢ ᠲᠡᠭᠦᠨ᠎ᠤ ᠬᠠᠮᠢᠶ᠎ᠠ ᠪᠥᠬᠥᠶ ᠠᠵᠢᠯᠲᠠᠨ ᠵᠢᠴᠢ ᠨᠤᠲᠠᠯᠠᠯᠲᠠ ᠬᠢᠵᠦ ᠦᠨᠡᠯᠡᠨ ᠵᠢᠱ᠌ᠢᠬᠦ ᠠᠵᠢᠯ᠎ᠢ ᠡᠭᠦᠷᠭᠡᠯᠡᠬᠦ ᠲᠤᠰᠬᠠᠶ ᠮᠡᠷᠭᠡᠵᠢᠯᠲᠡᠨ᠂ ᠲᠤᠰᠬᠠᠶ ᠪᠠᠢ᠌ᠭᠤᠯᠤᠮᠵᠢ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢ ᠲᠣᠳᠣᠷᠬᠠᠢ᠌ᠯᠠᠵᠤ᠂ ᠭᠡᠳᠡᠷᠭᠦ ᠪᠠᠢ᠌ᠴᠠᠭ᠋ᠠᠬᠤ ᠬᠠᠷᠢᠭᠤᠴᠠᠯᠭ᠎ᠠ ᠵᠢᠨ ᠲᠦᠷᠢᠮ ᠪᠠ ᠨᠠᠰᠤᠨ ᠲᠤᠷᠰᠢᠳᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ᠎ᠢ ᠲᠣᠳᠣᠷᠬᠠᠢ᠌ᠯᠠᠪᠠ᠃
ᠭᠤᠷᠪᠠ᠂ 《ᠳᠡᠰ ᠳᠠᠷᠠᠭ᠋ᠠᠯᠠᠯ᠎ᠤᠨ ᠲᠣᠭᠲᠠᠭ᠋ᠠᠯ》᠎ᠢ ᠨᠡᠢ᠌ᠲᠡᠯᠡᠨ ᠬᠡᠷᠡᠭᠵᠢᠭᠦᠯᠬᠦ ᠵᠢᠨ ᠴᠢᠬᠤᠯᠠ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂ ᠰᠤᠷᠤᠯᠴᠠᠬᠤ᠂ ᠤᠬᠠᠭᠤᠯᠬᠤ᠂ ᠨᠠᠢ᠌ᠳᠠᠪᠤᠷᠢᠵᠢᠭᠤᠯᠬᠤ ᠵᠢ ᠦᠨᠠᠨ ᠬᠦ᠌ ᠰᠠᠢ᠌ᠲᠤᠷ ᠠᠳᠬᠤᠬᠤ ᠬᠡᠷᠡᠭᠲᠡᠶ
ᠵᠠᠰᠠᠭ ᠵᠠᠬᠢᠷᠭ᠋ᠠᠨ᠎ᠤ ᠴᠢᠬᠤᠯᠠ ᠶᠡᠬᠡ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠳᠡᠰ ᠳᠠᠷᠠᠭ᠋ᠠᠯᠠᠯ᠎ᠢ ᠵᠢᠷᠤᠮᠵᠢᠭᠤᠯᠬᠤ ᠪᠣᠯ ᠬᠠᠤᠯᠢᠵᠢᠯ᠎ᠤᠨ ᠤᠯᠤᠰ᠂ ᠬᠠᠤᠯᠢᠵᠢᠯ᠎ᠤᠨ ᠵᠠᠰᠠᠭ᠎ᠤᠨ ᠣᠷᠳᠣᠨ᠎ᠢ ᠪᠠᠢ᠌ᠭᠤᠯᠬᠤ ᠵᠢᠨ ᠵᠠᠢ᠌ᠯᠠᠰᠢ ᠦᠭᠡᠢ ᠱᠠᠭ᠋ᠠᠷᠳᠠᠯᠭ᠎ᠠ ᠮᠥᠨ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠬᠠᠤᠯᠢᠵᠢᠯ᠎ᠤᠨ ᠰᠢᠰᠲ᠋ᠧᠮ᠎ᠢ ᠲᠡᠭᠦᠯᠳᠡᠷᠵᠢᠭᠦᠯᠬᠦ᠂ ᠨᠡᠢ᠌ᠭᠡᠮ᠎ᠤᠨ ᠵᠠᠰᠠᠯᠲᠠ ᠵᠢᠨ ᠰᠢᠰᠲ᠋ᠧᠮ ᠪᠠ ᠵᠠᠰᠠᠬᠤ ᠴᠢᠳᠠᠪᠤᠷᠢ ᠵᠢᠨ ᠣᠳᠣᠬᠢᠴᠢᠯᠠᠯᠲᠠ ᠵᠢ ᠲᠦᠯᠬᠢᠨ ᠠᠬᠢᠭᠤᠯᠬᠤ ᠵᠢᠨ ᠴᠢᠬᠤᠯᠠ ᠠᠷᠭ᠎ᠠ ᠬᠡᠮᠵᠢᠶ᠎ᠡ ᠮᠥᠨ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠳᠡᠰ ᠳᠠᠷᠠᠭ᠋ᠠᠯᠠᠯ᠎ᠤᠨ ᠲᠣᠭᠲᠠᠭ᠋ᠠᠯ》᠎ᠨᠢ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠲᠦᠯᠬᠢᠨ ᠠᠬᠢᠭᠤᠯᠬᠤ᠂ ᠬᠠᠤᠯᠢᠵᠢᠯ᠎ᠤᠨ ᠥᠪᠥᠷ ᠮᠣᠩᠭᠣᠯ᠎ᠢ ᠪᠠᠢ᠌ᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃
ᠨᠢᠭᠡ᠎ᠳᠤ᠂ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠠᠬᠢᠴᠠ ᠵᠢ ᠲᠦᠷᠭᠡᠳᠬᠡᠨ ᠠᠬᠢᠭᠤᠯᠬᠤ᠎ᠳᠤ ᠠᠰᠢᠭᠲᠠᠢ᠃ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠰᠢᠨᠵᠢᠯᠡᠬᠦ ᠤᠬᠠᠭ᠋ᠠᠨᠴᠢ᠂ ᠠᠷᠠᠳᠴᠢᠯᠠᠯ ᠵᠶ᠋ᠡᠷ᠂ ᠬᠠᠤᠯᠢ ᠶᠣᠰᠣᠭ᠋ᠠᠷ ᠰᠢᠢᠳᠪᠦᠷᠢᠲᠦ ᠪᠣᠳᠣᠯᠭ᠎ᠠ ᠲᠣᠭᠲᠠᠭ᠋ᠠᠵᠤ ᠴᠢᠳᠠᠬᠤ ᠡᠰᠡᠬᠦ᠎ᠨᠢ ᠬᠠᠤᠯᠢ ᠶᠣᠰᠣᠭ᠋ᠠᠷ ᠵᠠᠰᠠᠭ ᠶᠠᠪᠤᠭᠤᠯᠬᠤ ᠬᠢᠷᠢ ᠲᠦᠪᠰᠢᠨ᠎ᠢ ᠬᠠᠷᠠᠭᠤᠯᠵᠤ᠂ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ᠎ᠪᠠᠨ ᠵᠥᠪ ᠵᠶ᠋ᠡᠷ ᠭᠦᠢ᠍ᠴᠡᠳᠬᠡᠵᠦ ᠴᠢᠳᠠᠬᠤ ᠡᠰᠡᠬᠦᠯᠦᠭᠡ ᠬᠣᠯᠪᠣᠭᠳᠠᠬᠤ ᠶᠤᠮ᠃ 《ᠲᠠᠰ ᠳᠠᠷᠠᠭ᠋ᠠᠯᠠᠯ᠎ᠤᠨ ᠲᠣᠭᠲᠠᠭ᠋ᠠᠯ》᠎ᠨᠢ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠲᠠᠰ ᠳᠠᠷᠠᠭ᠋ᠠᠯᠠᠯ᠎ᠢ ᠵᠢᠷᠤᠮᠵᠢᠭᠤᠯᠬᠤ᠎ᠪᠠᠷ ᠴᠢᠬᠤᠯᠠ ᠭᠠᠷᠳᠠᠴᠠ ᠪᠣᠯᠭ᠋ᠠᠵᠤ᠂ ᠰᠢᠨᠵᠢᠯᠡᠬᠦ ᠤᠬᠠᠭ᠋ᠠᠨᠴᠢ ᠲᠠᠰ ᠳᠠᠷᠠᠭ᠋ᠠᠯᠠᠯ᠎ᠤᠨ ᠲᠦᠷᠢᠮ ᠵᠶ᠋ᠡᠷ ᠳᠠᠮᠵᠢᠭᠤᠯᠤᠨ ᠵᠠᠰᠠᠭ᠎ᠤᠨ ᠣᠷᠳᠣᠨ᠎ᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠠᠵᠢᠯᠯᠠᠭ᠎ᠠ ᠵᠢ ᠵᠢᠷᠤᠮᠵᠢᠭᠤᠯᠵᠤ᠂ ᠵᠠᠰᠠᠭ᠎ᠤᠨ ᠣᠷᠳᠣᠨ᠎ᠤ ᠨᠡᠢ᠌ᠲᠡ᠎ᠳᠤ ᠢᠲᠡᠭᠡᠭᠦᠯᠬᠦ ᠬᠦᠴᠦᠨ ᠪᠠ ᠬᠡᠷᠡᠭᠵᠢᠭᠦᠯᠬᠦ ᠬᠦᠴᠦᠨ᠎ᠢ ᠳᠡᠭᠡᠭᠰᠢᠯᠡᠭᠦᠯᠬᠦ ᠪᠣᠯᠣᠨ᠎ᠠ᠃ ᠡᠨᠡ᠎ᠨᠢ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠭᠦᠨᠵᠡᠭᠡᠢ ᠲᠦᠯᠬᠢᠨ ᠠᠬᠢᠭᠤᠯᠬᠤ᠂ ᠥᠨᠳᠥᠷ ᠪᠦᠲᠦᠮᠵᠢᠲᠡᠢ ᠪᠥᠭᠡᠳ ᠦᠨᠡᠨᠴᠢ ᠢᠲᠡᠭᠡᠮᠵᠢᠲᠡᠢ ᠬᠠᠤᠯᠢᠵᠢᠯ᠎ᠤᠨ ᠵᠠᠰᠠᠭ᠎ᠤᠨ ᠣᠷᠳᠣᠨ᠎ᠢ ᠲᠦᠷᠭᠡᠪᠴᠢᠯᠡᠨ ᠪᠠᠢ᠌ᠭᠤᠯᠬᠤ᠎ᠳᠤ ᠣᠷᠣᠯᠠᠭᠤᠯᠵᠤ ᠪᠣᠯᠤᠰᠢ ᠦᠭᠡᠢ ᠪᠣᠳᠠᠲᠤ ᠠᠴᠢ ᠬᠣᠯᠪᠣᠭᠳᠠᠯ᠎ᠲᠠᠢ ᠶᠤᠮ᠃
ᠬᠤᠶᠠᠷ᠎ᠲᠤ᠂ ᠥᠪᠡᠷᠲᠡᠭᠡᠨ ᠵᠠᠰᠠᠬᠤ ᠣᠷᠣᠨ᠎ᠤ ᠦᠭᠡᠷᠡᠴᠢᠯᠡᠯᠲᠡ ᠬᠦᠭᠵᠢᠯᠲᠡ ᠵᠢᠨ ᠲᠤᠭᠲᠠᠭᠤᠨ ᠶᠡᠬᠡ ᠲᠠᠯ᠎ᠠ ᠵᠢ ᠨᠡᠩ ᠰᠠᠢ᠌ᠲᠤᠷ ᠬᠠᠮᠠᠭ᠋ᠠᠯᠠᠬᠤ᠎ᠳᠤ ᠠᠰᠢᠭᠲᠠᠢ᠃ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ᠎ᠨᠢ ᠢᠮᠠᠭᠲᠠ ᠠᠵᠤ ᠠᠬᠤᠶ ᠨᠡᠢ᠌ᠭᠡᠮ᠎ᠤᠨ ᠬᠥᠭᠵᠢᠯᠲᠡ᠎ᠳᠤ ᠴᠢᠬᠤᠯᠠ ᠶᠡᠬᠡ ᠨᠥᠯᠥᠭᠡ᠎ᠲᠠᠢ ᠪᠠᠢ᠌ᠵᠤ᠂ ᠴᠢᠬᠤᠯᠠ ᠶᠡᠬᠡ ᠣᠯᠠᠨ ᠨᠡᠢ᠌ᠲᠡ ᠵᠢᠨ ᠠᠰᠢᠭ ᠲᠤᠰᠠ ᠪᠤᠶᠤ ᠨᠡᠢ᠌ᠭᠡᠮ ᠨᠡᠢ᠌ᠲᠡ ᠵᠢᠨ ᠲᠤᠰ ᠪᠡᠶ᠎ᠡ ᠵᠢᠨ ᠠᠰᠢᠭ ᠲᠤᠰᠠ᠎ᠳᠤ ᠬᠣᠯᠪᠣᠭᠳᠠᠵᠤ᠂ ᠥᠪᠡᠷᠲᠡᠭᠡᠨ ᠵᠠᠰᠠᠬᠤ ᠣᠷᠣᠨ᠎ᠤ ᠥᠭᠡᠷᠡᠴᠢᠯᠡᠯᠲᠡ ᠬᠥᠭᠵᠢᠯᠲᠡ ᠵᠢᠨ ᠲᠤᠭᠲᠠᠭᠤᠨ ᠶᠡᠬᠡ ᠲᠠᠯ᠎ᠠ᠎ᠳᠤ ᠬᠣᠯᠪᠣᠭᠳᠠᠬᠤ ᠪᠣᠯᠤᠨ᠎ᠠ᠃ 《ᠳᠡᠰ ᠳᠠᠷᠠᠭ᠋ᠠᠯᠠᠯ᠎ᠤᠨ ᠲᠣᠭᠲᠠᠭ᠋ᠠᠯ》᠎ᠨᠢ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠳᠡᠰ ᠳᠠᠷᠠᠭ᠋ᠠᠯᠠᠯ᠎ᠤᠨ ᠳᠦᠷᠢᠮ᠎ᠢ ᠵᠢᠷᠤᠮᠵᠢᠭᠤᠯᠬᠤ᠎ᠪᠠᠷ ᠳᠠᠮᠵᠢᠭᠤᠯᠤᠨ᠂ ᠨᠡᠢ᠌ᠭᠡᠮ ᠣᠯᠠᠨ ᠨᠡᠢ᠌ᠲᠡ ᠵᠢ ᠬᠥᠲᠥᠯᠥᠨ ᠵᠢᠯᠣᠭᠣᠳᠴᠤ ᠪᠠᠢ᠌ᠭ᠋ᠠᠳ ᠵᠠᠰᠠᠭ᠎ᠤᠨ ᠣᠷᠳᠣᠨ᠎ᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠣᠷᠣᠯᠴᠠᠭᠤᠯᠵᠤ᠂ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠶᠠᠪᠤᠴᠠ ᠵᠢ ᠲᠦᠮᠡᠨ᠎ᠤ ᠰᠠᠨᠠᠯ᠎ᠢ ᠬᠤᠷᠢᠶᠠᠵᠤ ᠣᠯᠠᠨ᠎ᠤ ᠤᠬᠠᠭ᠋ᠠᠨ᠎ᠢ ᠲᠥᠪᠯᠡᠷᠡᠭᠦᠯᠬᠦ᠂ ᠬᠠᠮᠲᠤ ᠵᠢᠨ ᠲᠠᠨᠢᠯᠲᠠ ᠵᠢ ᠨᠢᠭᠲᠠᠷᠠᠭᠤᠯᠬᠤ ᠶᠠᠪᠤᠴᠠ ᠪᠣᠯᠭ᠋ᠠᠵᠤ᠂ ᠴᠢᠨᠠᠭᠰᠢᠳᠠ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ ᠵᠢᠨ ᠭᠡᠷᠡᠭᠵᠢᠭᠦᠯᠵᠦ ᠪᠤᠯᠬᠤᠢ᠌ᠴᠠ ᠴᠢᠨᠠᠷ᠂ ᠲᠣᠭᠲᠠᠪᠤᠷᠢᠲᠤ ᠴᠢᠨᠠᠷ᠎ᠢ ᠪᠦᠲᠦᠮᠵᠢᠲᠡᠶ ᠨᠡᠮᠡᠭᠳᠡᠭᠦᠯᠦᠨ᠎ᠡ᠃ ᠡᠨᠡ᠎ᠨᠢ ᠥᠪᠡᠷᠲᠡᠭᠡᠨ ᠵᠠᠰᠠᠬᠤ ᠣᠷᠣᠨ᠎ᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ᠂ ᠠᠵᠤ ᠠᠬᠤᠢ ᠵᠢᠨ ᠦᠷᠭᠦᠯᠵᠢᠯᠡᠨ ᠡᠷᠡᠭᠦᠯ ᠵᠶ᠋ᠡᠷ ᠬᠥᠭᠵᠢᠬᠦ ᠪᠠ ᠨᠡᠢ᠌ᠭᠡᠮ᠎ᠤᠨ ᠲᠣᠭᠲᠠᠭᠤᠨ ᠶᠡᠬᠡ ᠲᠠᠯ᠎ᠠ ᠵᠢ ᠬᠠᠮᠠᠭ᠋ᠠᠯᠠᠬᠤ᠎ᠳᠤ ᠴᠢᠬᠤᠯᠠ ᠢᠳᠡᠪᠬᠢ ᠠᠴᠢ ᠬᠣᠯᠪᠣᠭᠳᠠᠯ᠎ᠲᠠᠢ ᠶᠤᠮ᠃
ᠭᠤᠷᠪᠠ᠎ᠳᠤ᠂ ᠵᠠᠰᠠᠭ ᠵᠠᠬᠢᠷᠭ᠋ᠠᠨ᠎ᠤ ᠡᠷᠬᠡ ᠵᠢᠨ ᠬᠢᠵᠠᠭ᠋ᠠᠷᠯᠠᠯ ᠪᠠ ᠬᠢᠨᠠᠯᠲᠠ ᠵᠢ ᠴᠢᠩᠭ᠋ᠠᠳᠬᠠᠬᠤ᠎ᠳᠤ ᠠᠰᠢᠭᠲᠠᠢ᠃ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠤᠳᠤᠯᠭ᠎ᠠ ᠪᠣᠯ ᠵᠠᠰᠠᠭ ᠵᠠᠬᠢᠷᠭ᠋ᠠᠨ᠎ᠤ ᠡᠷᠬᠡ ᠵᠢᠨ ᠠᠵᠢᠯᠯᠠᠭ᠋ᠠᠨ᠎ᠤ ᠡᠬᠢᠯᠡᠯᠲᠡ ᠮᠦᠷᠲᠡᠭᠡᠨ ᠵᠠᠰᠠᠭ ᠵᠠᠬᠢᠷᠭ᠋ᠠᠨ᠎ᠤ ᠡᠷᠬᠡ ᠵᠢ ᠵᠢᠷᠤᠮᠵᠢᠭᠤᠯᠬᠤ ᠵᠢᠨ ᠭᠣᠣᠯᠳᠠᠯᠭ᠎ᠠ ᠪᠣᠯᠣᠨ᠎ᠠ᠃ 《ᠲᠠᠰ ᠳᠠᠷᠠᠭ᠋ᠠᠯᠠᠯ᠎ᠤᠨ ᠲᠣᠭᠲᠠᠭ᠋ᠠᠯ》᠎ᠢ ᠬᠡᠷᠡᠭᠵᠢᠭᠦᠯᠬᠦ᠎ᠪᠠᠷ ᠳᠠᠮᠵᠢᠭᠤᠯᠤᠨ᠂ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠡᠷᠬᠡ ᠵᠢ ᠢᠯᠡ᠎ᠪᠠᠷ ᠠᠵᠢᠯᠯᠠᠭᠤᠯᠵᠤ᠂ ᠬᠠᠤᠯᠢ ᠲᠣᠭᠲᠠᠭ᠋ᠠᠯ ᠶᠣᠰᠣᠭ᠋ᠠᠷ ᠰᠢᠢᠳᠪᠦᠷᠢᠲᠦ ᠪᠣᠳᠣᠯᠭ᠎ᠠ ᠲᠣᠭᠲᠠᠭ᠋ᠠᠬᠤ᠂ ᠬᠠᠤᠯᠢ ᠶᠣᠰᠣᠨ᠎ᠤ ᠵᠦᠶ ᠵᠣᠬᠢᠰᠲᠠᠶ ᠬᠡᠷᠡᠭᠵᠢᠭᠦᠯᠦᠯᠲᠡ ᠵᠢ ᠪᠡᠶᠡᠯᠡᠭᠦᠯᠬᠦ ᠵᠢᠨ ᠤᠯᠠᠮ᠎ᠠᠴᠠ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠪᠢᠲᠡᠭᠦᠦ ᠬᠡᠯᠬᠢᠶ᠎ᠡ ᠵᠢ ᠪᠡᠶᠡᠯᠡᠭᠦᠯᠦᠨ᠎ᠡ᠂ ᠡᠨᠡ᠎ᠨᠢ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠡᠷᠬᠡ ᠵᠢᠨ ᠬᠡᠷᠡᠭᠵᠢᠭᠦᠯᠦᠭᠴᠢ᠎ᠳᠤ ᠠᠪᠴᠤ ᠬᠡᠯᠡᠪᠡᠯ᠂ ᠬᠢᠵᠠᠭ᠋ᠠᠷᠯᠠᠯ ᠮᠥᠷᠲᠡᠭᠡᠨ ᠪᠠᠰᠠ ᠬᠠᠮᠠᠭ᠋ᠠᠯᠠᠯᠲᠠ ᠪᠣᠯᠤᠨ᠎ᠠ᠃ ᠡᠢ᠌ᠮᠦ᠎ᠠᠴᠠ᠂ 《ᠳᠡᠰ ᠳᠠᠷᠠᠭ᠋ᠠᠯᠠᠯ᠎ᠤᠨ ᠲᠣᠭᠲᠠᠭ᠋ᠠᠯ》᠎ᠢ ᠨᠡᠢ᠌ᠲᠡᠯᠡᠨ ᠬᠡᠷᠡᠭᠵᠢᠭᠦᠯᠬᠦ᠎ᠨᠢ ᠪᠢᠳᠡᠨ᠎ᠤ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ᠂ ᠤᠨᠴᠠᠭ᠋ᠠᠢ᠌ᠯᠠᠨ ᠨᠡᠢ᠌ᠭᠡᠮ᠎ᠤᠨ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠲᠦᠯᠬᠢᠨ ᠠᠬᠢᠭᠤᠯᠬᠤ᠎ᠳᠤ ᠲᠤᠢ᠌ᠯ᠎ᠤᠨ ᠴᠢᠬᠤᠯᠠ ᠪᠣᠳᠠᠲᠤ ᠠᠴᠢ ᠬᠣᠯᠪᠣᠭᠳᠠᠯ᠎ᠲᠠᠢ ᠶᠤᠮ᠃
ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠡᠷᠬᠡ ᠰᠦᠷ᠎ᠨᠢ ᠴᠢᠩᠭ᠎ᠠ ᠬᠡᠷᠡᠭᠵᠢᠭᠦᠯᠬᠦ᠎ᠳᠤ ᠪᠣᠢ᠃ 《ᠳᠡᠰ ᠳᠠᠷᠠᠭ᠋ᠠᠯᠠᠯ᠎ᠤᠨ ᠲᠣᠭᠲᠠᠭ᠋ᠠᠯ》 ᠢ ᠰᠠᠢ᠌ᠲᠤᠷ ᠰᠤᠷᠤᠯᠴᠠᠵᠤ᠂ ᠰᠠᠢ᠌ᠲᠤᠷ ᠤᠬᠠᠭᠤᠯᠵᠤ᠂ ᠰᠠᠢ᠌ᠲᠤᠷ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠎ᠳᠤ ᠪᠦᠬᠦ ᠨᠡᠢ᠌ᠭᠡᠮ᠎ᠤᠨ ᠬᠠᠮᠲᠤ ᠵᠢᠨ ᠴᠢᠷᠮᠠᠢ᠌ᠯᠭ᠎ᠠ ᠱᠠᠭ᠋ᠠᠷᠳᠠᠭᠳᠠᠨ᠎ᠠ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠣᠯᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ 《ᠳᠡᠰ ᠳᠠᠷᠠᠭ᠋ᠠᠯᠠᠯ᠎ᠤᠨ ᠲᠣᠭᠲᠠᠭ᠋ᠠᠯ》᠎ᠢ ᠬᠢᠨᠠᠮᠠᠭ᠋ᠠᠶ ᠰᠤᠷᠤᠯᠴᠠᠨ᠂ ᠭᠦᠨᠵᠡᠭᠡᠶ ᠳᠣᠭᠣᠰᠢᠯᠠᠭᠤᠯᠤᠨ ᠨᠠᠢ᠌ᠳᠠᠪᠤᠷᠢᠵᠢᠭᠤᠯᠵᠤ᠂ ᠣᠯᠠᠨ ᠨᠡᠢ᠌ᠲᠡ ᠤᠷᠤᠯᠴᠠᠬᠤ᠂ ᠲᠤᠰᠬᠠᠶ ᠮᠡᠷᠭᠡᠵᠢᠯᠲᠡᠨ ᠵᠶ᠋ᠡᠷ ᠨᠤᠲᠠᠯᠠᠭᠤᠯᠬᠤ᠂ ᠲᠦᠭᠰᠢᠭᠦᠷᠢ ᠵᠢ ᠦᠨᠡᠯᠡᠨ ᠵᠢᠱ᠌ᠢᠬᠦ᠂ ᠬᠠᠤᠯᠢ ᠶᠣᠰᠣᠴᠢ ᠴᠢᠨᠠᠷ᠎ᠢ ᠬᠢᠨᠠᠨ ᠪᠠᠢ᠌ᠴᠠᠭ᠋ᠠᠬᠤ᠂ ᠬᠠᠮᠲᠤ᠎ᠪᠠᠷ ᠶᠠᠷᠢᠯᠴᠠᠨ ᠲᠣᠭᠲᠠᠭ᠋ᠠᠬᠤ ᠵᠡᠷᠭᠡ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠳᠡᠰ ᠳᠠᠷᠠᠭ᠋ᠠᠯᠠᠯ᠎ᠢ ᠬᠠᠤᠯᠢ ᠶᠣᠰᠣᠭ᠋ᠠᠷ ᠴᠢᠩᠭ᠎ᠠ ᠭᠦᠢ᠍ᠴᠡᠳᠬᠡᠵᠦ᠂ ᠰᠢᠨᠵᠢᠯᠡᠬᠦ ᠤᠬᠠᠭ᠋ᠠᠨᠴᠢ᠂ ᠠᠷᠠᠳᠴᠢᠯᠠᠯ ᠵᠶ᠋ᠡᠷ᠂ ᠬᠠᠤᠯᠢ ᠶᠣᠰᠣᠭ᠋ᠠᠷ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠵᠢ ᠪᠠᠲᠤᠯᠠᠬᠤ ᠬᠡᠷᠡᠭᠲᠡᠶ᠃ ᠡᠭᠦᠨ᠎ᠤ ᠬᠠᠮᠲᠤ᠂ ᠰᠣᠨᠢᠨ ᠮᠡᠳᠡᠭᠡ ᠵᠢᠨ᠎ᠬᠢᠨ᠎ᠤ ᠨᠠᠢ᠌ᠵᠠ ᠨᠠᠷ ᠰᠣᠨᠢᠨ ᠮᠡᠳᠡᠭᠡᠨ᠎ᠤ ᠵᠠᠭᠤᠴᠢ᠎ᠪᠠᠷ ᠳᠠᠮᠵᠢᠭᠤᠯᠤᠨ᠂ 《ᠳᠡᠰ ᠳᠠᠷᠠᠭ᠋ᠠᠯᠠᠯ᠎ᠤᠨ ᠲᠣᠭᠲᠠᠭ᠋ᠠᠯ》᠎ᠢ ᠶᠡᠬᠡᠪᠡᠷ ᠤᠬᠠᠭᠤᠯᠵᠤ᠂ ᠨᠡᠢ᠌ᠭᠡᠮ᠎ᠤᠨ ᠡᠯ᠎ᠡ ᠡᠲᠡᠭᠡᠳ᠎ᠲᠤ ᠴᠥᠮ 《ᠳᠡᠰ ᠳᠠᠷᠠᠭ᠋ᠠᠯᠠᠯ᠎ᠤᠨ ᠲᠣᠭᠲᠠᠭ᠋ᠠᠯ》᠎ᠢ ᠬᠡᠷᠡᠭᠵᠢᠭᠦᠯᠬᠦ ᠵᠢ ᠠᠩᠬᠠᠷᠣᠭᠣᠯᠣᠨ᠂ ᠥᠷᠭᠡᠨ ᠣᠯᠠᠨ ᠲᠦᠮᠡᠨ᠎ᠢ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠣᠷᠣᠯᠴᠠᠭᠤᠯᠵᠤ᠂ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠶᠠᠰᠤ ᠴᠢᠨᠠᠷ ᠪᠣᠯᠤᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠵᠢᠨ ᠰᠢᠨᠵᠢᠯᠡᠬᠦ ᠤᠬᠠᠭ᠋ᠠᠨᠴᠢᠯᠠᠯᠲᠠ᠂ ᠠᠷᠠᠳᠴᠢᠯᠠᠯᠲᠠ᠂ ᠬᠠᠤᠯᠢᠵᠢᠭᠤᠯᠤᠯᠲᠠ ᠵᠢ ᠲᠦᠯᠬᠢᠨ ᠠᠬᠢᠭᠤᠯᠬᠤ᠎ᠳᠤ ᠬᠦᠴᠦᠲᠡᠶ ᠪᠠᠲᠤᠯᠠᠭ᠎ᠠ ᠬᠠᠩᠭ᠋ᠠᠬᠤ ᠬᠡᠷᠡᠭᠲᠡᠶ᠃
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠲᠠᠰ ᠳᠠᠷᠠᠭ᠋ᠠᠯᠠᠯ᠎ᠤᠨ ᠲᠣᠭᠲᠠᠭ᠋ᠠᠯ》᠎ᠤᠨ ᠲᠥᠷᠥ ᠵᠢᠨ ᠪᠣᠳᠣᠯᠭ᠎ᠠ ᠵᠢᠨ ᠲᠤᠬᠠᠢ ᠵᠤᠷᠰᠢᠯᠲᠤ ᠰᠤᠨᠢᠨ ᠮᠡᠳᠡᠭᠡ ᠨᠡᠢ᠌ᠲᠡᠯᠡᠬᠦ ᠬᠤᠷᠠᠯ ᠳᠡᠭᠡᠷ᠎ᠡ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶᠠᠨ᠎ᠤ ᠰᠤᠷᠪᠤᠯᠵᠢᠯᠠᠭᠴᠢ᠄ 《ᠲᠠᠰ ᠳᠠᠷᠠᠭ᠋ᠠᠯᠠᠯ᠎ᠤᠨ ᠲᠣᠭᠲᠠᠭ᠋ᠠᠯ》᠎ᠤᠨ ᠬᠡᠷᠡᠭᠯᠡᠭᠳᠡᠬᠦ ᠬᠡᠪᠴᠢᠶ᠎ᠡ᠎ᠨᠢ ᠶᠠᠮᠠᠷ ᠪᠣᠶ? ᠵᠠᠰᠠᠭ᠎ᠤᠨ ᠣᠷᠳᠣᠨ᠎ᠤ ᠪᠦᠷᠢᠯᠳᠦᠬᠦᠨ ᠰᠠᠯᠠᠭ᠎ᠠ ᠮᠥᠴᠢᠷ᠎ᠠᠴᠠ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠲᠣᠰ ᠲᠣᠭᠲᠠᠭ᠋ᠠᠯ᠎ᠢ ᠬᠡᠷᠡᠭᠯᠡᠪᠡᠯ ᠲᠤᠬᠢᠷᠠᠨ᠎ᠠ ᠤᠤ?
ᠳ᠋ᠠᠶ ᠶᠠᠨ᠄ ᠲᠥᠷᠥ ᠵᠢᠨ ᠶᠠᠪᠤᠳᠠᠯ᠎ᠤᠨ ᠬᠣᠷᠢᠶᠠᠨ᠎ᠤ 《ᠲᠦᠷ ᠬᠡᠷᠡᠭᠵᠢᠭᠦᠯᠬᠦ ᠲᠦᠷᠢᠮ》᠎ᠢ ᠦᠨᠳᠦᠰᠦᠯᠡᠨ᠂ 《ᠲᠠᠰ ᠳᠠᠷᠠᠭ᠋ᠠᠯᠠᠯ᠎ᠤᠨ ᠲᠣᠭᠲᠠᠭ᠋ᠠᠯ》᠎ᠤᠨ ᠬᠣᠶᠠᠳᠤᠭ᠋ᠠᠷ ᠵᠦᠢᠯ᠎ᠳᠤ᠄ 《ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ ᠭᠠᠷᠭ᠋ᠠᠬᠤ ᠪᠠ ᠲᠣᠬᠢᠷᠠᠭᠤᠯᠤᠯᠲᠠ ᠬᠢᠬᠦ ᠲᠠᠰ ᠳᠠᠷᠠᠭ᠋ᠠᠯᠠᠯ᠎ᠳᠤ ᠲᠣᠰ ᠲᠣᠭᠲᠠᠭ᠋ᠠᠯ᠎ᠢ ᠲᠤᠬᠢᠷᠠᠭᠤᠯᠤᠨ ᠬᠡᠷᠡᠭᠯᠡᠨ᠎ᠡ》 ᠭᠡᠵᠦ ᠲᠤᠭᠲᠠᠭ᠋ᠠᠵᠠᠢ᠂ ᠳᠠᠷᠣᠢ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ ᠭᠤᠷᠪᠠᠨ ᠱᠠᠲᠤᠨ᠎ᠤ ᠵᠠᠰᠠᠭ᠎ᠤᠨ ᠣᠷᠳᠣᠨ ᠪᠣᠯ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠪᠠᠢ᠌ᠭᠤᠯᠭ᠎ᠠ ᠪᠣᠯᠤᠨ᠎ᠠ᠃ 《ᠲᠠᠰ ᠳᠠᠷᠠᠭ᠋ᠠᠯᠠᠯ᠎ᠤᠨ ᠲᠣᠭᠲᠠᠭ᠋ᠠᠯ》᠎ᠤᠨ ᠲᠠᠪᠢᠨ ᠨᠠᠢᠮᠠᠳᠤᠭ᠋ᠠᠷ ᠵᠦᠢᠯ᠎ᠳᠤ 《ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠪᠠ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠤ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ ᠭᠠᠷᠭ᠋ᠠᠬᠤ ᠪᠠ ᠲᠣᠬᠢᠷᠠᠭᠤᠯᠤᠯᠲᠠ ᠬᠢᠬᠦ ᠲᠠᠰ ᠳᠠᠷᠠᠭ᠋ᠠᠯᠠᠯ᠎ᠢ ᠲᠣᠰ ᠲᠣᠭᠲᠠᠭ᠋ᠠᠯ ᠵᠶ᠋ᠠᠷ ᠯᠠᠪᠯᠠᠯᠲᠠ ᠪᠣᠯᠭ᠋ᠠᠵᠤ ᠬᠡᠷᠡᠭᠵᠢᠭᠦᠯᠬᠦ ᠬᠡᠷᠡᠭᠲᠡᠢ》 ᠭᠡᠵᠦ ᠲᠤᠭᠲᠠᠭ᠋ᠠᠵᠠᠢ᠂ ᠲᠤᠬᠠᠢ᠌ᠯᠠᠪᠠᠯ ᠵᠠᠰᠠᠭ᠎ᠤᠨ ᠣᠷᠳᠣᠨ᠎ᠤ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ ᠪᠣᠯᠤᠨ ᠰᠤᠮᠤ ᠰᠢᠶᠠᠩ ᠪᠠᠯᠭ᠋ᠠᠰᠤ ᠵᠢᠨ ᠵᠠᠰᠠᠭ᠎ᠤᠨ ᠣᠷᠳᠣᠨ᠎ᠳᠤ 《ᠲᠠᠰ ᠳᠠᠷᠠᠭ᠋ᠠᠯᠠᠯ᠎ᠤᠨ ᠲᠣᠭᠲᠠᠭ᠋ᠠᠯ》᠎ᠢ ᠪᠦᠷᠢᠮᠦᠰᠦᠨ ᠬᠡᠷᠡᠭᠯᠡᠬᠦ ᠥᠬᠡᠶ᠂ ᠬᠠᠷᠢᠨ ᠯᠠᠪᠯᠠᠯᠲᠠ ᠪᠣᠯᠭ᠋ᠠᠨ ᠬᠡᠷᠡᠭᠵᠢᠭᠦᠯᠦᠨ᠎ᠡ᠃
ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶᠠᠨ᠎ᠤ ᠰᠤᠷᠪᠤᠯᠵᠢᠯᠠᠭᠴᠢ᠄ ᠠᠯᠢᠪᠠ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ᠎ᠨᠢ ᠴᠥᠮ ᠣᠯᠠᠨ ᠨᠡᠢ᠌ᠲᠡ ᠵᠢᠨ᠎ᠬᠢᠨ ᠤᠷᠤᠯᠴᠠᠬᠤ᠂ ᠲᠤᠰᠬᠠᠶ ᠮᠡᠷᠭᠡᠵᠢᠯᠲᠡᠨ ᠵᠶ᠋ᠡᠷ ᠨᠤᠲᠠᠯᠠᠭᠤᠯᠬᠤ᠂ ᠲᠦᠭᠰᠢᠭᠦᠷᠢ ᠵᠢ ᠦᠨᠡᠯᠡᠨ ᠵᠢᠱ᠌ᠢᠬᠦ᠂ ᠬᠠᠤᠯᠢ ᠶᠣᠰᠣᠴᠢ ᠴᠢᠨᠠᠷ᠎ᠢ ᠬᠢᠨᠠᠨ ᠪᠠᠢ᠌ᠴᠠᠭ᠋ᠠᠬᠤ᠂ ᠬᠠᠮᠲᠤ᠎ᠪᠠᠷ ᠶᠠᠷᠢᠯᠴᠠᠨ ᠲᠣᠭᠲᠠᠭ᠋ᠠᠬᠤ ᠡᠨᠡ ᠲᠠᠪᠤᠨ ᠶᠡᠬᠡ ᠲᠠᠰ ᠳᠠᠷᠠᠭ᠋ᠠᠯᠠᠯ᠎ᠢ ᠡᠷᠬᠡᠪᠰᠢ ᠪᠦᠷᠢᠮᠦᠰᠦᠨ ᠭᠦᠢᠴᠡᠳᠬᠡᠬᠦ ᠬᠡᠷᠡᠭᠲᠡᠶ ᠤᠤ?
ᠳ᠋ᠠᠶ ᠶᠠᠨ᠄ ᠣᠯᠠᠨ ᠨᠡᠢ᠌ᠲᠡ ᠵᠢᠨ᠎ᠬᠢᠨ ᠤᠷᠤᠯᠴᠠᠬᠤ᠂ ᠲᠤᠰᠬᠠᠶ ᠮᠡᠷᠭᠡᠵᠢᠯᠲᠡᠨ ᠵᠶ᠋ᠡᠷ ᠨᠤᠲᠠᠯᠠᠭᠤᠯᠬᠤ᠂ ᠲᠦᠭᠰᠢᠭᠦᠷᠢ ᠵᠢ ᠦᠨᠡᠯᠡᠨ ᠵᠢᠱ᠌ᠢᠬᠦ᠂ ᠬᠠᠤᠯᠢ ᠶᠣᠰᠣᠴᠢ ᠴᠢᠨᠠᠷ᠎ᠢ ᠬᠢᠨᠠᠨ ᠪᠠᠢ᠌ᠴᠠᠭ᠋ᠠᠬᠤ᠂ ᠬᠠᠮᠲᠤ᠎ᠪᠠᠷ ᠶᠠᠷᠢᠯᠴᠠᠨ ᠲᠣᠭᠲᠠᠭ᠋ᠠᠬᠤ ᠪᠣᠯ 《ᠲᠠᠰ ᠳᠠᠷᠠᠭ᠋ᠠᠯᠠᠯ᠎ᠤᠨ ᠲᠣᠭᠲᠠᠭ᠋ᠠᠯ》᠎ᠤᠨ ᠨᠢᠭᠡᠨ ᠭᠣᠤᠯ ᠠᠭᠤᠯᠭ᠎ᠠ ᠪᠣᠯᠤᠨ᠎ᠠ᠃ ᠡᠭᠦᠨ᠎ᠳᠤ ᠣᠯᠠᠨ ᠨᠡᠢ᠌ᠲᠡ ᠵᠢᠨ᠎ᠬᠢᠨ ᠤᠷᠤᠯᠴᠠᠬᠤ᠂ ᠬᠠᠤᠯᠢ ᠶᠣᠰᠣᠴᠢ ᠴᠢᠨᠠᠷ᠎ᠢ ᠬᠢᠨᠠᠨ ᠪᠠᠢ᠌ᠴᠠᠭ᠋ᠠᠬᠤ᠂ ᠬᠠᠮᠲᠤ᠎ᠪᠠᠷ ᠶᠠᠷᠢᠯᠴᠠᠨ ᠲᠣᠭᠲᠠᠭ᠋ᠠᠬᠤ ᠪᠣᠯ ᠵᠠᠪᠠᠯ ᠭᠦᠢ᠍ᠴᠡᠳᠬᠡᠬᠦ ᠳᠡᠰ ᠳᠠᠷᠠᠭ᠋ᠠᠯᠠᠯ ᠮᠥᠨ᠂ ᠠᠯᠢᠪᠠ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ᠎ᠨᠢ ᠴᠥᠮ ᠡᠷᠬᠡᠪᠰᠢ ᠭᠦᠢ᠍ᠴᠡᠳᠬᠡᠬᠦ ᠬᠡᠷᠡᠭᠲᠡᠢ᠃ ᠲᠤᠰᠬᠠᠶ ᠮᠡᠷᠭᠡᠵᠢᠯᠲᠡᠨ ᠵᠶ᠋ᠡᠷ ᠨᠤᠲᠠᠯᠠᠭᠤᠯᠬᠤ ᠪᠠ ᠲᠦᠭᠰᠢᠭᠦᠷᠢ ᠵᠢ ᠦᠨᠡᠯᠡᠨ ᠵᠢᠱ᠌ᠢᠬᠦ᠎ᠨᠢ ᠵᠠᠪᠠᠯ ᠥᠩᠭᠡᠷᠡᠭᠡᠬᠦ ᠳᠡᠰ ᠳᠠᠷᠠᠭ᠋ᠠᠯᠠᠯ ᠪᠢᠰᠢ᠂ ᠲᠦᠷᠢᠮ᠎ᠳᠤ᠄ ᠲᠤᠰᠬᠠᠶ ᠮᠡᠷᠭᠡᠵᠢᠯ᠎ᠤᠨ ᠴᠢᠨᠠᠷ᠂ ᠮᠡᠷᠭᠡᠵᠢᠯ᠎ᠤᠨ ᠴᠢᠨᠠᠷ ᠵᠶ᠋ᠠᠷ ᠨᠡᠯᠢᠶᠡᠳ ᠴᠢᠩᠭ᠎ᠠ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠵᠦᠢᠯᠡᠰ᠎ᠲᠤ ᠲᠤᠰᠬᠠᠶ ᠮᠡᠷᠭᠡᠵᠢᠯᠲᠡᠨ ᠵᠶ᠋ᠡᠷ ᠨᠤᠲᠠᠯᠠᠭᠤᠯᠬᠤ ᠳᠡᠰ ᠳᠠᠷᠠᠭ᠋ᠠᠯᠠᠯ᠎ᠢ ᠭᠦᠢᠴᠡᠳᠬᠡᠬᠦ ᠬᠡᠷᠡᠭᠲᠡᠶ; ᠵᠠᠰᠠᠭ ᠵᠠᠬᠢᠷᠭ᠋ᠠᠨ᠎ᠤ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ᠎ᠨᠢ ᠨᠡᠢ᠌ᠭᠡᠮ᠎ᠤᠨ ᠲᠣᠭᠲᠠᠭᠤᠨ᠂ ᠠᠮᠢ ᠠᠬᠤᠶ ᠵᠢᠨ ᠣᠷᠴᠢᠨ ᠲᠣᠭᠣᠷᠢᠨ᠂ ᠣᠯᠠᠨ ᠨᠡᠢ᠌ᠲᠡ ᠵᠢᠨ ᠠᠮᠤᠷ ᠲᠦᠪᠰᠢᠨ ᠵᠡᠷᠭᠡ ᠲᠠᠯ᠎ᠠ᠎ᠳᠤ ᠠᠰᠢᠭ ᠦᠭᠡᠶ ᠨᠥᠯᠥᠭᠡ ᠪᠣᠯᠵᠤ ᠮᠡᠳᠡᠬᠦ᠎ᠳᠤ ᠬᠦᠷᠪᠡᠯ᠂ ᠲᠦᠭᠰᠢᠭᠦᠷᠢ ᠵᠢ ᠦᠨᠡᠯᠡᠨ ᠵᠢᠱ᠌ᠢᠬᠦ ᠳᠡᠰ ᠳᠠᠷᠠᠭ᠋ᠠᠯᠠᠯ᠎ᠢ ᠭᠦᠢ᠍ᠴᠡᠳᠬᠡᠬᠦ ᠬᠡᠷᠡᠭᠲᠡᠶ ᠭᠡᠵᠦ ᠲᠤᠭᠲᠠᠭ᠋ᠠᠪᠠ᠃
ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ᠄ ᠲᠠᠪᠤᠨ ᠶᠡᠬᠡ ᠲᠠᠰ ᠳᠠᠷᠠᠭ᠋ᠠᠯᠠᠯ᠎ᠢ ᠭᠦᠢᠴᠡᠳᠬᠡᠬᠦ᠎ᠳᠤ ᠲᠣᠭᠲᠠᠭᠰᠠᠨ ᠳᠠᠷᠠᠭ᠋ᠠᠯᠠᠯ᠎ᠲᠠᠢ ᠤᠤ?
ᠳ᠋ᠠᠶ ᠶᠠᠨ᠄ ᠣᠯᠠᠨ ᠨᠡᠢ᠌ᠲᠡ ᠵᠢᠨ᠎ᠬᠢᠨ ᠤᠷᠤᠯᠴᠠᠬᠤ᠂ ᠲᠤᠰᠬᠠᠶ ᠮᠡᠷᠭᠡᠵᠢᠯᠲᠡᠨ ᠵᠶ᠋ᠡᠷ ᠨᠤᠲᠠᠯᠠᠭᠤᠯᠬᠤ᠂ ᠲᠦᠭᠰᠢᠭᠦᠷᠢ ᠵᠢ ᠦᠨᠡᠯᠡᠨ ᠵᠢᠱ᠌ᠢᠬᠦ᠂ ᠬᠠᠤᠯᠢ ᠶᠣᠰᠣᠴᠢ ᠴᠢᠨᠠᠷ᠎ᠢ ᠬᠢᠨᠠᠨ ᠪᠠᠢ᠌ᠴᠠᠭ᠋ᠠᠬᠤ᠂ ᠬᠠᠮᠲᠤ᠎ᠪᠠᠷ ᠶᠠᠷᠢᠯᠴᠠᠨ ᠲᠣᠭᠲᠠᠭ᠋ᠠᠬᠤ ᠡᠨᠡ ᠲᠠᠪᠤᠨ ᠶᠡᠬᠡ ᠳᠡᠰ ᠳᠠᠷᠠᠭ᠋ᠠᠯᠠᠯ᠎ᠨᠢ ᠪᠦᠷᠢᠮᠦᠰᠦᠨ ᠬᠡᠪᠰᠢᠭᠰᠡᠨ ᠴᠤᠪᠤᠷᠠᠯ ᠪᠢᠰᠢ᠂ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ ᠵᠢ ᠡᠬᠢᠯᠡᠭᠦᠯᠬᠦ᠎ᠠᠴᠠ ᠠᠪᠤᠭ᠋ᠠᠳ ᠭᠠᠷᠭ᠋ᠠᠬᠤ ᠬᠦᠷᠲᠡᠯ᠎ᠡ᠂ ᠶᠡᠬᠡ ᠲᠥᠯᠥᠪ ᠰᠢᠢᠳᠪᠦᠷᠢᠲᠦ ᠪᠣᠳᠣᠯᠭ᠎ᠠ ᠵᠢᠨ ᠲᠥᠰᠦᠯ᠎ᠤᠨ ᠪᠦᠷᠢᠯᠳᠦᠬᠦ ᠱᠠᠲᠤ᠂ ᠲᠥᠰᠦᠯ᠎ᠤᠨ ᠬᠠᠤᠯᠢ ᠶᠣᠰᠣᠴᠢ ᠴᠢᠨᠠᠷ᠎ᠢ ᠬᠢᠨᠠᠨ ᠪᠠᠢ᠌ᠴᠠᠭ᠋ᠠᠬᠤ ᠪᠠ ᠬᠠᠮᠲᠤ᠎ᠪᠠᠷ ᠶᠠᠷᠢᠯᠴᠠᠬᠤ ᠱᠠᠲᠤ ᠭᠡᠵᠦ ᠬᠤᠪᠢᠶᠠᠵᠤ ᠪᠣᠯᠤᠨ᠎ᠠ᠃ ᠣᠯᠠᠨ ᠨᠡᠢ᠌ᠲᠡ ᠵᠢᠨ᠎ᠬᠢᠨ ᠤᠷᠤᠯᠴᠠᠬᠤ᠂ ᠲᠤᠰᠬᠠᠶ ᠮᠡᠷᠭᠡᠵᠢᠯᠲᠡᠨ ᠵᠶ᠋ᠡᠷ ᠨᠤᠲᠠᠯᠠᠭᠤᠯᠬᠤ᠂ ᠲᠦᠭᠰᠢᠭᠦᠷᠢ ᠵᠢ ᠦᠨᠡᠯᠡᠨ ᠵᠢᠱ᠌ᠢᠬᠦ ᠪᠣᠯ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠲᠥᠰᠦᠯ᠎ᠤᠨ ᠪᠣᠶ ᠪᠣᠯᠬᠤ ᠱᠠᠲᠤᠨ᠎ᠤ ᠲᠠᠰ ᠳᠠᠷᠠᠭ᠋ᠠᠯᠠᠯ ᠪᠣᠯᠤᠨ᠎ᠠ᠂ ᠡᠨᠡ ᠭᠤᠷᠪᠠ ᠵᠢᠨ ᠬᠣᠭᠣᠷᠣᠨᠳᠣ ᠲᠤᠭᠲᠠᠭᠰᠠᠨ ᠡᠮᠦᠨ᠎ᠡ ᠬᠣᠢ᠌ᠨᠠᠬᠢ ᠲᠠᠰ ᠳᠠᠷᠠᠭ᠋ᠠᠯᠠᠯ ᠪᠠᠢ᠌ᠬᠤ ᠥᠬᠡᠶ᠂ ᠰᠢᠢᠳᠪᠦᠷᠢᠲᠦ ᠪᠣᠳᠣᠯᠭ᠎ᠠ ᠵᠢ ᠳᠠᠭ᠋ᠠᠭ᠋ᠠᠨ ᠠᠪᠴᠤ ᠭᠦᠢᠴᠡᠳᠬᠡᠬᠦ ᠨᠢᠭᠡᠴᠢ᠎ᠨᠢ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠵᠦᠢᠯᠡᠰ᠎ᠤᠨ ᠣᠨᠴᠠᠯᠢᠭ ᠪᠠ ᠪᠣᠳᠠᠲᠠᠶ ᠬᠡᠷᠡᠭᠴᠡᠭᠡ ᠵᠢ ᠦᠨᠳᠦᠰᠦᠯᠡᠨ ᠡᠵᠡᠮᠰᠢᠵᠦ ᠪᠣᠯᠤᠨ᠎ᠠ᠂ ᠵᠠᠷᠢᠮ ᠲᠠᠰ ᠳᠠᠷᠠᠭ᠋ᠠᠯᠠᠯ᠎ᠢ ᠳᠠᠬᠢᠨ ᠳᠠᠪᠲᠠᠨ ᠣᠯᠠᠨ ᠤᠳᠠᠭ᠎ᠠ ᠭᠦᠢᠴᠡᠳᠬᠡᠵᠦ ᠪᠣᠯᠤᠨ᠎ᠠ᠂ ᠵᠢᠱ᠌ᠢᠶᠡᠯᠡᠪᠡᠯ ᠲᠤᠰᠬᠠᠶ ᠮᠡᠷᠭᠡᠵᠢᠯᠲᠡᠨ ᠵᠶ᠋ᠡᠷ ᠣᠯᠠᠨ ᠤᠳᠠᠭ᠎ᠠ ᠨᠤᠲᠠᠯᠠᠭᠤᠯᠵᠤ ᠮᠡᠳᠡᠨ᠎ᠡ᠃ ᠡᠭᠦᠨ᠎ᠠᠴᠠ ᠭᠠᠳᠠᠨ᠎ᠠ᠂ ᠲᠦᠭᠰᠢᠭᠦᠷᠢ ᠵᠢ ᠦᠨᠡᠯᠡᠨ ᠵᠢᠱ᠌ᠢᠬᠦ ᠵᠢ ᠣᠯᠠᠨ ᠨᠡᠢ᠌ᠲᠡ ᠵᠢᠨ᠎ᠬᠢᠨ ᠤᠷᠤᠯᠴᠠᠬᠤ᠂ ᠲᠤᠰᠬᠠᠶ ᠮᠡᠷᠭᠡᠵᠢᠯᠲᠡᠨ ᠵᠶ᠋ᠡᠷ ᠨᠤᠲᠠᠯᠠᠭᠤᠯᠬᠤ ᠵᠡᠷᠭᠡ ᠠᠵᠢᠯ᠎ᠲᠠᠢ ᠤᠶᠠᠯᠳᠤᠭᠤᠯᠤᠨ ᠵᠡᠷᠭᠡ᠎ᠪᠡᠷ ᠵᠣᠬᠢᠶᠠᠨ ᠪᠠᠢ᠌ᠭᠤᠯᠵᠤ ᠪᠣᠯᠤᠨ᠎ᠠ᠃ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠲᠥᠰᠦᠯ ᠪᠦᠷᠢᠯᠳᠦᠭᠰᠡᠨ᠎ᠤ ᠲᠠᠷᠠᠭ᠎ᠠ᠂ ᠬᠠᠤᠯᠢ ᠶᠣᠰᠣᠴᠢ ᠴᠢᠨᠠᠷ᠎ᠢ ᠬᠢᠨᠠᠨ ᠪᠠᠢ᠌ᠴᠠᠭ᠋ᠠᠬᠤ ᠪᠠ ᠬᠠᠮᠲᠤ᠎ᠪᠠᠷ ᠶᠠᠷᠢᠯᠴᠠᠨ ᠲᠣᠭᠲᠠᠭ᠋ᠠᠬᠤ ᠳᠠᠷᠠᠭ᠋ᠠᠯᠠᠯ ᠵᠶ᠋ᠠᠷ ᠶᠠᠪᠤᠭᠳᠠᠭᠤᠯᠬᠤ ᠴᠢᠬᠤᠯᠠᠲᠠᠢ᠂ ᠡᠨᠡ ᠬᠣᠶᠠᠷ ᠳᠡᠰ ᠳᠠᠷᠠᠭ᠋ᠠᠯᠠᠯ ᠪᠣᠯ ᠡᠷᠬᠡᠪᠰᠢ ᠭᠦᠢ᠍ᠴᠡᠳᠬᠡᠬᠦ ᠳᠡᠰ ᠳᠠᠷᠠᠭ᠋ᠠᠯᠠᠯ ᠮᠥᠨ᠃ ᠠᠩᠬᠠᠷᠤᠭᠤᠰᠢᠲᠠᠢ᠎ᠨᠢ᠂ ᠬᠡᠷᠪᠡ ᠬᠠᠤᠯᠢ ᠶᠣᠰᠣᠴᠢ ᠴᠢᠨᠠᠷ᠎ᠤᠨ ᠬᠢᠨᠠᠨ ᠪᠠᠢ᠌ᠴᠠᠭ᠋ᠠᠯᠲᠠ ᠳᠤᠮᠳᠠ ᠭᠦᠢ᠍ᠴᠡᠳᠬᠡᠬᠦ ᠶᠣᠰᠣᠲᠠᠢ ᠪᠠᠢ᠌ᠲᠠᠯ᠎ᠠ ᠣᠯᠠᠨ ᠨᠡᠢ᠌ᠲᠡ ᠵᠢᠨ᠎ᠬᠢᠨ ᠤᠷᠤᠯᠴᠠᠬᠤ᠂ ᠲᠤᠰᠬᠠᠶ ᠮᠡᠷᠭᠡᠵᠢᠯᠲᠡᠨ ᠵᠶ᠋ᠡᠷ ᠨᠤᠲᠠᠯᠠᠭᠤᠯᠬᠤ᠂ ᠲᠦᠭᠰᠢᠭᠦᠷᠢ ᠵᠢ ᠦᠨᠡᠯᠡᠨ ᠵᠢᠱ᠌ᠢᠬᠦ ᠳᠡᠰ ᠳᠠᠷᠠᠭ᠋ᠠᠯᠠᠯ᠎ᠢ ᠭᠦᠢ᠍ᠴᠡᠳᠬᠡᠭᠰᠡᠨ ᠦᠭᠡᠢ ᠪᠠᠢ᠌ᠬᠤ ᠵᠢ ᠣᠯᠵᠤ ᠮᠡᠳᠡᠪᠡᠯ᠂ ᠬᠠᠤᠯᠢ ᠶᠣᠰᠣᠴᠢ ᠴᠢᠨᠠᠷ᠎ᠢ ᠬᠢᠨᠠᠨ ᠪᠠᠢ᠌ᠴᠠᠭ᠋ᠠᠬᠤ ᠵᠢ ᠬᠠᠷᠢᠭᠤᠴᠠᠬᠤ ᠰᠠᠯᠠᠭ᠎ᠠ ᠮᠥᠴᠢᠷ᠎ᠨᠢ ᠰᠢᠢ᠍ᠳᠪᠦᠷᠢᠲᠦ ᠪᠤᠳᠤᠯᠭ᠎ᠠ ᠵᠢ ᠳᠠᠭ᠋ᠠᠭ᠋ᠠᠨ ᠭᠦᠢ᠍ᠴᠡᠳᠭᠡᠬᠦ ᠨᠢᠭᠡᠴᠢ᠎ᠳᠤ ᠬᠣᠯᠪᠣᠭᠳᠠᠯ ᠪᠦᠬᠦᠢ ᠳᠡᠰ ᠳᠠᠷᠠᠭ᠋ᠠᠯᠠᠯ᠎ᠢ ᠨᠥᠬᠥᠪᠥᠷᠢᠯᠡᠨ ᠭᠦᠢ᠍ᠴᠡᠳᠬᠡᠭᠦᠯᠬᠦ᠎ᠪᠠᠷ ᠱᠠᠭ᠋ᠠᠷᠳᠠᠵᠤ ᠪᠣᠯᠤᠨ᠎ᠠ᠃ ᠬᠠᠮᠲᠤ᠎ᠪᠠᠷ ᠶᠠᠷᠢᠯᠴᠠᠨ ᠲᠣᠭᠲᠠᠭ᠋ᠠᠬᠤ ᠪᠣᠯ ᠲᠠᠪᠤᠨ ᠶᠡᠬᠡ ᠳᠡᠰ ᠳᠠᠷᠠᠭ᠋ᠠᠯᠠᠯ᠎ᠳᠠᠬᠢ ᠬᠠᠮᠤᠭ ᠡᠴᠦᠰ᠎ᠤᠨ ᠨᠢᠭᠡ ᠳᠡᠰ ᠳᠠᠷᠠᠭ᠋ᠠᠯᠠᠯ ᠮᠥᠨ᠂ ᠶᠠᠷᠢᠶᠠᠨ ᠦᠭᠡᠢ ᠬᠠᠮᠲᠤ᠎ᠪᠠᠷ ᠶᠠᠷᠢᠯᠴᠠᠬᠤ ᠦᠶ᠎ᠡ᠎ᠳᠤ ᠬᠣᠯᠪᠣᠭᠳᠠᠯ ᠪᠦᠬᠦᠢ ᠳᠡᠰ ᠳᠠᠷᠠᠭ᠋ᠠᠯᠠᠯ᠎ᠢ ᠰᠢᠨ᠎ᠡ᠎ᠪᠠᠷ ᠭᠦᠢ᠍ᠴᠡᠳᠬᠡᠬᠦ ᠪᠤᠶᠤ ᠨᠥᠬᠥᠪᠥᠷᠢᠯᠡᠨ ᠭᠦᠢ᠍ᠴᠡᠳᠬᠡᠭᠦᠯᠬᠦ᠎ᠪᠠᠷ ᠱᠠᠭ᠋ᠠᠷᠳᠠᠬᠤ ᠵᠢ ᠦᠭᠡᠢ᠌ᠰᠬᠡᠬᠦ ᠦᠭᠡᠢ ᠶᠤᠮ᠃