ᠲᠡᠷᠢᠭᠦᠨ ᠬᠠᠭᠤᠳᠠᠰᠤ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠠᠩᠬᠠᠳᠠᠭᠴᠢ 《ᠳᠤᠮᠳᠠᠳᠤ ᠤᠯᠤᠰ᠎ᠤᠨ ᠠᠷᠠᠳ᠎ᠤᠨ ᠴᠠᠭᠳᠠᠭ᠎ᠠ ᠵᠢᠨ ᠪᠠᠶᠠᠷ》᠂ 《ᠠᠷᠠᠳ ᠲᠦᠮᠡᠨ᠎ᠳᠤ ᠮᠡᠳᠡᠭᠦᠯᠬᠦ》 ᠰᠢᠷᠢᠰ ᠰᠣᠨᠢᠨ ᠮᠡᠳᠡᠭᠡ ᠨᠡᠢ᠌ᠲᠡᠯᠡᠬᠦ ᠬᠤᠷᠠᠯ᠎ᠤᠨ ᠭᠤᠷᠪᠠᠳᠤᠭ᠋ᠠᠷ ᠲᠠᠯᠠᠪᠠᠶ ᠵᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2021-03-23


     1 ᠳ᠋ᠦ᠍ᠭᠡᠷ ᠰᠠᠷ᠎ᠠ ᠵᠢᠨ 8᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠠᠩᠬᠠᠳᠠᠭᠴᠢ 《ᠳᠤᠮᠳᠠᠳᠤ ᠤᠯᠤᠰ᠎ᠤᠨ ᠠᠷᠠᠳ᠎ᠤᠨ ᠴᠠᠭᠳᠠᠭ᠎ᠠ ᠵᠢᠨ ᠪᠠᠶᠠᠷ》᠂ 《ᠠᠷᠠᠳ ᠲᠦᠮᠡᠨ᠎ᠳᠤ ᠮᠡᠳᠡᠭᠦᠯᠬᠦ》 ᠰᠢᠷᠢᠰ ᠰᠣᠨᠢᠨ ᠮᠡᠳᠡᠭᠡ ᠨᠡᠢ᠌ᠲᠡᠯᠡᠬᠦ ᠬᠤᠷᠠᠯ᠎ᠤᠨ ᠭᠤᠷᠪᠠᠳᠤᠭ᠋ᠠᠷ ᠲᠠᠯᠠᠪᠠᠶ ᠬᠤᠷᠠᠯ᠎ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠡᠷᠡᠭᠦᠦ ᠵᠢᠨ ᠬᠡᠷᠡᠭ᠎ᠢ ᠲᠤᠷᠰᠢᠨ ᠪᠠᠢ᠌ᠴᠠᠭ᠋ᠠᠬᠤ ᠶᠡᠷᠦᠩᠬᠡᠶ ᠠᠩᠭᠢ ᠵᠢᠨ ᠡᠷᠡᠭᠦᠦ ᠵᠢᠨ ᠬᠡᠷᠡᠭ᠎ᠤᠨ ᠮᠡᠷᠭᠡᠵᠢᠯ᠎ᠤᠨ ᠭᠠᠵᠠᠷ᠎ᠤᠨ ᠳᠠᠷᠤᠭ᠎ᠠ ᠵᠠᠩ ᡁᠢ ᠬᠤᠸᠠ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠡᠯ᠎ᠡ ᠲᠥᠷᠥᠯ᠎ᠤᠨ ᠡᠷᠡᠭᠦᠦ ᠵᠢᠨ ᠬᠡᠷᠡᠭ᠎ᠤᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠠᠷᠠᠳ ᠲᠦᠮᠡᠨ᠎ᠤ ᠠᠮᠤᠷ ᠠᠮᠤᠭᠤᠯᠠᠩ᠎ᠢ ᠪᠠᠲᠤᠯᠠᠬᠤ ᠰᠢᠨ᠎ᠡ ᠠᠷᠭ᠎ᠠ ᠬᠡᠮᠵᠢᠶ᠎ᠡ ᠵᠢ ᠨᠠᠷᠢᠨ ᠨᠢᠮᠪᠠᠶ ᠨᠠᠢ᠌ᠳᠠᠪᠤᠷᠢᠵᠢᠭᠤᠯᠤᠭᠰᠠᠨ ᠬᠣᠯᠪᠣᠭᠳᠠᠯ ᠪᠥᠬᠥᠶ ᠪᠠᠢ᠌ᠳᠠᠯ᠎ᠢ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠣᠤᠷ ᠴᠠᠭ᠋ᠠᠵᠠᠯᠠᠬᠤ ᠠᠯᠪᠠᠨ ᠬᠡᠷ᠎ᠤᠨ ᠳᠡᠳ᠋ ᠡᠷᠬᠢᠯᠡᠭᠴᠢ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠬᠣᠤᠷ ᠴᠠᠭ᠋ᠠᠵᠠᠯᠠᠬᠤ ᠶᠡᠷᠦᠩᠬᠡᠶ ᠠᠩᠭᠢ ᠵᠢᠨ ᠺᠣᠮᠢᠰᠰᠠᠷ ᠵᠣᠣ ᠵᠢᠩ ᠬᠤᠸᠠ ᠪᠥᠬᠥ ᠣᠷᠣᠨ᠎ᠤ ᠬᠣᠤᠷ ᠴᠠᠭ᠋ᠠᠵᠠᠯᠠᠬᠤ ᠰᠠᠯᠠᠭ᠎ᠠ ᠮᠥᠴᠢᠷ᠎ᠤᠨ ᠰᠢᠨ᠎ᠡ ᠴᠠᠭ ᠦᠶ᠎ᠡ ᠵᠢᠨ ᠲᠠᠯ᠎ᠠ ᠨᠤᠲᠤᠭ᠎ᠤᠨ ᠬᠣᠤᠷ ᠴᠠᠭ᠋ᠠᠵᠠᠯᠠᠬᠤ ᠠᠷᠠᠳ᠎ᠤᠨ ᠲᠡᠢ᠌ᠨ᠎ᠢ ᠦᠷᠭᠦᠯᠵᠢᠯᠡᠨ ᠠᠬᠢᠭᠤᠯᠵᠤ᠂ ᠠᠷᠠᠳ ᠣᠯᠠᠨ᠎ᠤ ᠬᠦᠷᠲᠡᠮᠵᠢ ᠵᠢᠨ ᠲᠥᠷᠥᠭᠳᠡᠯ ᠵᠢᠷᠭ᠋ᠠᠯᠲᠤ ᠲᠥᠷᠥᠭᠳᠡᠯ ᠠᠮᠤᠷ ᠲᠦᠪᠰᠢᠨ᠎ᠤ ᠲᠥᠷᠥᠭᠳᠡᠯ᠎ᠢ ᠦᠨᠡᠨ ᠬᠦ᠌ ᠨᠡᠮᠡᠭᠳᠡᠭᠦᠯᠦᠭᠰᠡᠨ ᠬᠣᠯᠪᠣᠭᠳᠠᠯ ᠪᠥᠬᠥᠶ ᠪᠠᠢ᠌ᠳᠠᠯ᠎ᠢ ᠲᠠᠨᠢᠯᠴᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠬᠣᠤᠷ ᠴᠠᠭ᠋ᠠᠵᠠᠯᠠᠬᠤ ᠠᠯᠪᠠᠨ ᠬᠡᠷ᠎ᠤᠨ ᠳᠡᠳ᠋ ᠡᠷᠬᠢᠯᠡᠭᠴᠢ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠬᠣᠤᠷ ᠴᠠᠭ᠋ᠠᠵᠠᠯᠠᠬᠤ ᠶᠡᠷᠦᠩᠬᠡᠶ ᠠᠩᠭᠢ ᠵᠢᠨ ᠬᠣᠶᠠᠳᠤᠭ᠋ᠠᠷ ᠳᠡᠰ᠎ᠤᠨ ᠴᠠᠭᠳᠠᠭ᠋ᠠᠨ ᠳᠠᠷᠤᠭ᠎ᠠ ᠸᠠᠩ ᠲᠢᠶᠧ ᠹᠸᠩ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠡᠷᠡᠭᠦᠦ ᠵᠢᠨ ᠬᠡᠷᠡᠭ᠎ᠢ ᠲᠤᠷᠰᠢᠨ ᠪᠠᠢ᠌ᠴᠠᠭ᠋ᠠᠬᠤ ᠶᠡᠷᠦᠩᠬᠡᠶ ᠠᠩᠭᠢ ᠵᠢᠨ ᠰᠢᠨ᠎ᠡ ᠬᠡᠯᠪᠡᠷᠢ ᠵᠢᠨ ᠶᠠᠯᠠᠲᠤ ᠠᠵᠢᠯᠯᠠᠭ᠎ᠠ ᠵᠢ ᠲᠤᠷᠰᠢᠨ ᠪᠠᠢ᠌ᠴᠠᠭ᠋ᠠᠬᠤ ᠰᠠᠯᠪᠤᠷᠢ ᠠᠩᠭᠢ ᠵᠢᠨ ᠳᠥᠷᠪᠡᠳᠦᠭᠡᠷ ᠳᠡᠰ᠎ᠤᠨ ᠴᠠᠭᠳᠠᠭ᠋ᠠᠨ ᠳᠠᠷᠤᠭ᠎ᠠ ᠰᠢᠤᠢ ᠰᠢᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
      ᠡᠯ᠎ᠡ ᠲᠥᠷᠥᠯ᠎ᠤᠨ ᠡᠷᠡᠭᠦᠦ ᠵᠢᠨ ᠬᠡᠷᠡᠭ᠎ᠤᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠠᠷᠠᠳ ᠲᠦᠮᠡᠨ᠎ᠤ ᠠᠮᠤᠷ ᠲᠣᠭᠲᠠᠭᠤᠨ᠎ᠢ ᠪᠠᠲᠤᠯᠠᠬᠤ ᠰᠢᠨ᠎ᠡ ᠠᠷᠭ᠎ᠠ ᠬᠡᠮᠵᠢᠶ᠎ᠡ ᠵᠢ ᠨᠠᠷᠢᠯᠢᠭ ᠪᠣᠳᠠᠲᠠᠶ ᠨᠠᠢ᠌ᠳᠠᠪᠤᠷᠢᠵᠢᠭᠤᠯᠤᠶ᠎ᠠ
      ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠡᠷᠡᠭᠦᠦ ᠵᠢᠨ ᠬᠡᠷᠡᠭ᠎ᠢ ᠲᠤᠷᠰᠢᠨ ᠪᠠᠢ᠌ᠴᠠᠭ᠋ᠠᠬᠤ ᠶᠡᠷᠦᠩᠬᠡᠶ ᠠᠩᠭᠢ ᠵᠢᠨ ᠡᠷᠡᠭᠦᠦ ᠵᠢᠨ ᠬᠡᠷᠡᠭ᠎ᠤᠨ ᠮᠡᠷᠭᠡᠵᠢᠯ᠎ᠤᠨ ᠭᠠᠵᠠᠷ᠎ᠤᠨ ᠳᠠᠷᠤᠭ᠎ᠠ   ᠵᠠᠩ ᡁᠢ ᠬᠤᠸᠠ
     2020 ᠣᠨ᠎ᠳᠤ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠪᠣᠯᠤᠨ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶ᠎ᠠ ᠵᠢᠨ ᠡᠯ᠎ᠡ ᠲᠥᠷᠥᠯ᠎ᠤᠨ ᠡᠷᠡᠭᠦᠦ ᠵᠢᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠲᠤᠬᠠᠶ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢᠨ ᠲᠣᠭᠣᠷᠢᠨ᠎ᠳᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠲᠣᠭᠲᠠᠭᠤᠨ᠎ᠢ ᠬᠠᠮᠠᠭ᠋ᠠᠯᠠᠬᠤ ᠬᠣᠶᠠᠷ ᠶᠡᠬᠡ ᠲᠠᠯ᠎ᠠ ᠵᠢ ᠨᠢᠭᠡᠳᠦᠯᠲᠡᠶ ᠲᠥᠯᠥᠪᠵᠢᠭᠦᠯᠵᠦ᠂ 《ᠬᠣᠶᠠᠷ ᠬᠠᠯᠬᠠᠪᠴᠢ》 ᠵᠢᠨ ᠦᠨᠡᠨᠴᠢ ᠰᠢᠳᠤᠷᠭᠤ ᠬᠠᠮᠠᠭ᠋ᠠᠯᠠᠭᠴᠢ ᠵᠢᠨ ᠡᠭᠦᠷᠭᠡ ᠬᠠᠷᠢᠭᠤᠴᠠᠯᠭ᠎ᠠ᠎ᠪᠠᠨ ᠦᠨᠡᠨᠴᠢ᠎ᠪᠠᠷ ᠭᠦᠢᠴᠡᠳᠬᠡᠵᠦ᠂ ᠪᠥᠬᠥ ᠴᠠᠭᠳᠠᠭ᠎ᠠ ᠵᠢ ᠳᠠᠢ᠌ᠴᠢᠯᠠᠵᠤ᠂ ᠪᠥᠬᠥ ᠬᠦᠴᠦᠨ ᠵᠶ᠋ᠡᠷ ᠵᠶ᠋ᠡᠨ ᠴᠢᠷᠮᠠᠢ᠌ᠵᠤ᠂ ᠰᠠᠨᠠᠭ᠋ᠠᠴᠢᠯᠠᠭ᠎ᠠ᠎ᠠᠴᠠ᠎ᠪᠠᠨ ᠲᠠᠭ᠋ᠠᠷᠢᠯᠲᠠ ᠬᠢᠵᠦ᠂ ᠵᠠᠮ ᠨᠡᠭᠡᠭᠡᠵᠦ᠂ ᠡᠯ᠎ᠡ ᠲᠥᠷᠥᠯ᠎ᠤᠨ ᠡᠷᠡᠭᠦᠦ ᠵᠢᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠠᠮᠤᠷ ᠲᠦᠪᠰᠢᠨ ᠪᠠ ᠨᠡᠢ᠌ᠭᠡᠮ᠎ᠤᠨ ᠠᠮᠤᠷ ᠲᠦᠪᠰᠢᠨ᠎ᠤ ᠶᠡᠬᠡ ᠲᠠᠯ᠎ᠠ ᠵᠢᠨ ᠦᠷᠭᠦᠯᠵᠢᠯᠡᠨ ᠲᠣᠭᠲᠠᠭᠤᠨ ᠪᠠᠢ᠌ᠬᠤ ᠵᠢ ᠬᠦᠴᠦᠲᠡᠶ ᠬᠠᠮᠠᠭ᠋ᠠᠯᠠᠪᠠ᠃ ᠨᠢᠭᠡ ᠵᠢᠯ᠎ᠤᠨ ᠲᠤᠷᠰᠢ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠡᠯ᠎ᠡ ᠲᠥᠷᠥᠯ᠎ᠤᠨ ᠡᠷᠡᠭᠦᠦ ᠵᠢᠨ ᠬᠡᠷᠡᠭ᠎ᠢ ᠨᠡᠢ᠌ᠲᠡ 36239 ᠢᠯᠡᠷᠡᠭᠦᠯᠵᠦ᠂ ᠡᠭᠦᠨ᠎ᠳᠤ ᠨᠠᠢᠮᠠᠨ ᠲᠥᠷᠥᠯ᠎ᠤᠨ ᠬᠦᠨᠳᠦ ᠨᠣᠴᠢᠲᠠᠶ ᠬᠦᠴᠦᠷᠬᠡᠭᠯᠡᠯ᠎ᠤᠨ ᠶᠠᠯᠠᠲᠤ ᠬᠡᠷᠡᠭ (ᠭᠠᠯ ᠲᠠᠯᠪᠢᠭᠰᠠᠨ᠂ ᠳᠡᠯᠪᠡᠴᠢᠭᠰᠡᠨ᠂ ᠤᠤᠯᠭ᠋ᠠᠯᠠᠭᠰᠠᠨ᠂ ᠬᠥᠮᠦᠨ ᠠᠯᠠᠭᠰᠠᠨ᠂ ᠭᠡᠮᠲᠦᠭᠡᠭᠰᠡᠨ᠂ ᠨᠥᠵᠢᠳᠯᠡᠭᠰᠡᠨ᠂ ᠪᠠᠷᠢᠴᠠᠭ᠋ᠠᠯᠠᠭᠰᠠᠨ᠂ ᠳᠡᠭᠡᠷᠡᠮᠳᠡᠭᠰᠡᠨ)᠎ᠢ 2233 ᠢᠯᠡᠷᠡᠭᠦᠯᠵᠦ᠂ ᠡᠳ᠋ ᠬᠥᠷᠥᠩᠭᠡ᠎ᠳᠤ ᠬᠠᠯᠳᠠᠭᠰᠠᠨ ᠬᠡᠷᠡᠭ᠎ᠢ 18477 ᠢᠯᠡᠷᠡᠭᠦᠯᠵᠦ᠂ ᠶᠠᠯ᠎ᠠ ᠬᠢᠭᠰᠡᠨ ᠰᠡᠵᠢᠭᠯᠡᠯᠲᠡᠶ ᠡᠲᠡᠭᠡᠳ᠎ᠢ 30760 ᠪᠠᠷᠢᠪᠴᠢᠯᠠᠪᠠ᠃ ᠭᠣᠣᠯ ᠦᠷ᠎ᠡ ᠪᠦᠲᠦᠮᠵᠢ ᠭᠡᠪᠡᠯ᠄
      ᠨᠢᠭᠡ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠶ ᠲᠡᠮᠡᠴᠡᠯ ᠡᠯᠪᠡᠭ ᠦᠷ᠎ᠡ ᠪᠦᠲᠦᠭᠡᠯ ᠤᠯᠪᠠ᠃ 2018 ᠣᠨ᠎ᠤ 1 ᠳ᠋ᠤᠭᠡᠷ ᠰᠠᠷ᠎ᠠ᠎ᠳᠤ ᠲᠥᠪ᠎ᠠᠴᠠ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠶ ᠲᠡᠮᠡᠴᠡᠯ᠎ᠢ ᠪᠠᠢ᠌ᠷᠢᠯᠠᠭᠤᠯᠤᠨ ᠥᠷᠨᠢᠭᠦᠯᠦᠭᠰᠡᠨ᠎ᠠᠴᠠ ᠨᠠᠭ᠋ᠠᠰᠢ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠲᠥᠪ᠂ ᠥᠪᠡᠷᠲᠡᠭᠡᠨ ᠵᠠᠰᠠᠬᠤ ᠣᠷᠣᠨ ᠪᠠ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶ᠎ᠠ ᠵᠢᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠨᠠᠷᠢᠯᠢᠭᠵᠢᠭᠤᠯᠤᠨ ᠨᠠᠢ᠌ᠳᠠᠪᠤᠷᠢᠵᠢᠭᠤᠯᠵᠤ᠂ ᠠᠷᠠᠳ ᠣᠯᠠᠨ᠎ᠳᠤ ᠨᠢᠭᠲᠠ ᠲᠦᠰᠢᠭᠯᠡᠨ᠂ ᠪᠥᠬᠥ ᠴᠠᠭᠳᠠᠭ᠋ᠠᠨ᠎ᠤ ᠬᠦᠴᠦᠨ᠎ᠢ ᠲᠥᠪᠯᠡᠷᠡᠭᠦᠯᠵᠦ᠂ ᠪᠥᠬᠥ ᠴᠠᠭᠳᠠᠭ᠋ᠠᠨ᠎ᠤ ᠣᠶᠤᠨ ᠤᠬᠠᠭ᠋ᠠᠨ᠎ᠢ ᠲᠥᠪᠯᠡᠷᠡᠭᠦᠯᠦᠨ᠂ ᠬᠦᠴᠦᠲᠡᠶ ᠴᠣᠬᠢᠯᠲᠠ ᠥᠭᠴᠦ᠂ ᠭᠦᠨᠵᠡᠭᠡᠶ ᠠᠭᠤᠳᠠᠯᠵᠤ ᠲᠤᠢ᠌ᠯᠪᠤᠷᠢᠲᠠᠶ ᠪᠠᠢ᠌ᠴᠠᠭ᠋ᠠᠬᠤ ᠵᠢ ᠪᠠᠷᠢᠮᠲᠠᠯᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠠᠷᠠᠳ᠎ᠤᠨ ᠲᠡᠢ᠌ᠨ᠂ ᠨᠡᠢ᠌ᠯᠡᠮᠡᠯ ᠲᠡᠢ᠌ᠨ᠂ ᠪᠣᠭᠣᠮᠲᠠ ᠰᠢᠪᠲᠤᠯᠬᠤ ᠲᠡᠢ᠌ᠨ᠂ ᠰᠥᠨᠥᠭᠡᠬᠦ ᠲᠡᠢ᠌ᠨ᠎ᠢ ᠡᠷᠡᠰ ᠭᠤᠢ᠌ᠪᠢᠰᠢ ᠥᠬᠡᠶ ᠭᠦᠨᠵᠡᠭᠡᠶ ᠥᠷᠨᠢᠭᠦᠯᠵᠦ᠂ ᠭᠤᠷᠪᠠᠨ ᠵᠢᠯ᠎ᠤᠨ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠶ ᠲᠡᠮᠡᠴᠡᠯ᠎ᠤᠨ ᠬᠠᠷᠠᠯᠲᠠ ᠵᠢ ᠪᠡᠶᠡᠯᠡᠭᠦᠯᠪᠡ᠃ ᠭᠤᠷᠪᠠᠨ ᠵᠢᠯ᠎ᠤᠨ ᠲᠤᠷᠰᠢ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠬᠠᠷ᠎ᠠ ᠪᠦᠯᠦᠭᠲᠡᠨ ᠬᠠᠷᠭᠢᠰ ᠬᠦᠴᠦᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠪᠦᠯᠬᠦᠮ᠎ᠢ ᠨᠡᠢ᠌ᠲᠡ 1212 ᠪᠣᠳᠠ ᠨᠢᠷᠭᠡᠵᠦ᠂ ᠡᠭᠦᠨ᠎ᠳᠤ ᠬᠠᠷ᠎ᠠ ᠪᠦᠯᠦᠭᠲᠡᠨ ᠬᠠᠷᠭᠢᠰ ᠬᠦᠴᠦᠨ᠎ᠳᠤ ᠬᠣᠯᠪᠣᠭᠳᠠᠭᠰᠠᠨ ᠶᠠᠯᠠᠲᠤ ᠵᠣᠬᠢᠶᠠᠨ ᠪᠠᠢ᠌ᠭᠤᠯᠤᠯᠲᠠ 63᠂ ᠬᠠᠷᠭᠢᠰ ᠬᠦᠴᠦᠨ᠎ᠤ ᠶᠠᠯᠠᠲᠤ ᠪᠦᠯᠦᠭᠯᠡᠯ 150᠂ ᠬᠠᠷᠭᠢᠰ ᠬᠦᠴᠦᠨ᠎ᠳᠤ ᠬᠣᠯᠪᠣᠭᠳᠠᠭᠰᠠᠨ ᠡᠪᠰᠡᠯ ᠪᠦᠯᠦᠭ 220᠂ ᠬᠠᠷᠭᠢᠰ ᠬᠦᠴᠦᠨ᠎ᠳᠤ ᠬᠣᠯᠪᠣᠭᠳᠠᠭᠰᠠᠨ ᠪᠤᠰᠤᠳ ᠡᠪᠰᠡᠯ ᠪᠦᠯᠦᠭ 779 ᠪᠠᠢ᠌ᠵᠤ᠂ ᠶᠠᠯ᠎ᠠ ᠬᠢᠭᠰᠡᠨ ᠰᠡᠵᠢᠭᠯᠡᠯᠲᠡᠶ ᠡᠲᠡᠭᠡᠳ᠎ᠢ ᠨᠡᠢ᠌ᠲᠡ 11336 ᠪᠠᠷᠢᠪᠴᠢᠯᠠᠵᠤ᠂ 9341 ᠬᠡᠷᠡᠭ᠎ᠢ ᠢᠯᠡᠷᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ᠎ᠳᠤ ᠬᠣᠯᠪᠣᠭᠳᠠᠭᠰᠠᠨ ᠡᠳ᠋ ᠬᠥᠷᠥᠩᠭᠡ ᠵᠢ 287.75 ᠳ᠋ᠦᠩᠰᠢᠭᠤᠷ ᠲᠥᠭᠥᠷᠢᠭ᠎ᠢ ᠪᠠᠢ᠌ᠴᠠᠭ᠋ᠠᠨ ᠬᠤᠷᠢᠶᠠᠮᠵᠢᠯᠠᠵᠤ ᠴᠡᠪᠳᠡᠭᠰᠢᠭᠦᠯᠪᠡ᠃ ᠢᠯᠠᠩᠭᠤᠶ᠎ᠠ ᠲᠦᠩᠯᠢᠶᠣᠤ ᠬᠣᠲᠠ ᠵᠢᠨ ᠹᠧᠩ ᠴᠢᠶᠠᠩ᠂ ᠬᠥᠬᠡᠬᠣᠲᠠ ᠵᠢᠨ ᠮᠢᠶᠣᠣ ᠶᠢᠩ ᠴᠦᠨ᠂ ᠪᠤᠭᠤᠲᠤ ᠬᠣᠲᠠ ᠵᠢᠨ ᠭᠦᠸᠧ ᠴᠢᠤᠸᠠᠨ ᠱᠧᠩ᠂ ᠪᠠᠶᠠᠨᠨᠠᠭᠤᠷ ᠬᠣᠲᠠ ᠵᠢᠨ ᠵᠢᠶᠠ ᠵᠢᠩ ᠪᠥᠸᠧ ᠵᠡᠷᠭᠡ ᠨᠡᠢ᠌ᠭᠡᠮ᠎ᠳᠤ ᠴᠢᠩᠭ᠎ᠠ ᠲᠤᠰᠬᠠᠯ ᠭᠠᠷᠭ᠋ᠠᠭᠰᠠᠨ ᠬᠠᠷ᠎ᠠ ᠪᠦᠯᠦᠭᠲᠡᠨ᠎ᠳᠤ ᠬᠣᠯᠪᠣᠭᠳᠠᠭᠰᠠᠨ ᠨᠢᠭᠡ ᠪᠦᠯᠦᠭ ᠬᠡᠷᠡᠭ᠎ᠢ ᠳᠡᠩᠨᠡᠨ ᠢᠯᠡᠷᠡᠭᠦᠯᠪᠡ᠃ 2020 ᠣᠨ᠎ᠤ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠶ ᠲᠡᠮᠡᠴᠡᠯ᠎ᠤᠨ 《ᠵᠢᠷᠭᠤᠭ᠎ᠠ ᠵᠢ ᠴᠡᠪᠡᠷᠯᠡᠬᠦ》 ᠠᠵᠢᠯᠯᠠᠭ᠎ᠠ᠎ᠳᠤ᠂ 27403 ᠬᠤᠪᠢ ᠬᠠᠷ᠎ᠠ ᠪᠦᠯᠦᠭᠲᠡᠨ ᠬᠠᠷᠭᠢᠰ ᠬᠦᠴᠦᠨ᠎ᠳᠤ ᠬᠣᠯᠪᠣᠭᠳᠠᠭᠰᠠᠨ ᠬᠠᠷᠠᠯᠲᠠ ᠵᠢᠨ ᠰᠦᠪᠡᠭᠴᠢ ᠵᠢ ᠪᠦᠬᠦᠨ᠎ᠢ ᠴᠡᠪᠡᠷᠯᠡᠵᠦ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ᠎ᠨᠢ 100 %᠎ᠳᠤ ᠬᠦᠷᠴᠡᠶ; ᠬᠠᠷ᠎ᠠ ᠪᠦᠯᠦᠭᠲᠡᠨ ᠬᠠᠷᠭᠢᠰ ᠬᠦᠴᠦᠨ᠎ᠳᠤ ᠬᠣᠯᠪᠣᠭᠳᠠᠭᠰᠠᠨ 80 ᠬᠠᠷᠠᠯᠲᠠᠲᠤ ᠬᠡᠷᠡᠭ᠎ᠢ ᠪᠦᠬᠦᠨ᠎ᠢ ᠵᠠᠭ᠋ᠠᠯᠳᠤᠭᠤᠯᠬᠤ᠎ᠪᠠᠷ ᠰᠢᠯᠵᠢᠭᠦᠯᠦᠨ ᠬᠦᠷᠭᠡᠵᠦ᠂ ᠵᠠᠭ᠋ᠠᠯᠳᠤᠬᠤ ᠨᠣᠷᠮ᠎ᠠ ᠵᠢ 100 %᠎ᠳᠤ ᠬᠦᠷᠭᠡᠪᠡ; ᠬᠠᠷ᠎ᠠ ᠪᠦᠯᠦᠭᠲᠡᠨ ᠬᠠᠷᠭᠢᠰ ᠬᠦᠴᠦᠨ᠎ᠳᠤ ᠬᠣᠯᠪᠣᠭᠳᠠᠭᠰᠠᠨ 28 ᠬᠢᠯᠢ ᠵᠢᠨ ᠳᠣᠲᠣᠷᠠᠬᠢ ᠬᠠᠷᠠᠯᠲᠠ᠎ᠠᠴᠠ ᠳᠤᠲᠠᠭ᠋ᠠᠭᠰᠠᠨ ᠶᠠᠯᠠᠲᠠᠨ᠎ᠢ ᠪᠦᠬᠦᠨ᠎ᠢ ᠪᠠᠷᠢᠪᠴᠢᠯᠠᠵᠤ᠂ ᠬᠢᠯᠢ ᠵᠢᠨ ᠳᠣᠲᠣᠷᠠᠬᠢ ᠬᠠᠷᠠᠯᠲᠠ᠎ᠠᠴᠠ ᠳᠤᠲᠠᠭ᠋ᠠᠭᠰᠠᠨ ᠶᠠᠯᠠᠲᠠᠨ᠎ᠢ 《ᠪᠦᠬᠦᠨ᠎ᠢ ᠠᠷᠢᠯᠭ᠋ᠠᠬᠤ》 ᠬᠠᠷᠠᠯᠲᠠ ᠵᠢ ᠪᠡᠶᠡᠯᠡᠭᠦᠯᠪᠡ᠃ 2020 ᠣᠨ᠎ᠤ ᠳᠡᠭᠡᠷ᠎ᠡ ᠬᠠᠭ᠋ᠠᠰ ᠵᠢᠯ᠎ᠳᠤ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠪᠥᠬᠥ ᠤᠯᠤᠰ᠎ᠤᠨ ᠡᠯ᠎ᠡ ᠭᠠᠵᠠᠷ᠎ᠤᠨ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠶ ᠲᠡᠮᠡᠴᠡᠯ᠎ᠤᠨ ᠣᠯᠠᠨ ᠲᠦᠮᠡᠨ᠎ᠤ ᠲᠥᠷᠥᠭᠳᠡᠯ᠎ᠠᠴᠠ ᠰᠤᠭᠤᠴᠢᠨ ᠪᠠᠢ᠌ᠴᠠᠭ᠋ᠠᠭᠰᠠᠨ ᠦᠷ᠎ᠡ ᠳ᠋ᠦᠩ᠎ᠳᠤ ᠢᠯᠡᠷᠡᠭᠦᠯᠦᠭᠰᠡᠨ ᠵᠶ᠋ᠡᠷ᠂ ᠮᠠᠨ᠎ᠤ ᠣᠷᠣᠨ᠎ᠤ ᠠᠷᠠᠳ ᠣᠯᠠᠨ᠎ᠤ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ᠎ᠳᠤ          《ᠵᠦᠪᠰᠢᠶᠡᠷᠡᠬᠦ》 《ᠣᠷᠳᠣ ᠬᠤᠭᠤᠴᠠᠭ᠎ᠠ᠎ᠪᠠᠷ ᠪᠠᠷᠢᠮᠲᠠᠯᠠᠬᠤ》 ᠣᠪᠣᠷ᠎ᠤᠨ ᠬᠠᠷᠢᠴᠠᠯ᠎ᠨᠢ 98.55 % ᠪᠠᠢ᠌ᠵᠤ᠂ ᠪᠥᠬᠥ ᠤᠯᠤᠰ᠎ᠤᠨ ᠲᠠᠪᠤᠳᠤᠭ᠋ᠠᠷ᠎ᠲᠤ ᠣᠷᠣᠪᠠ; ᠲᠤᠰᠬᠠᠶ ᠲᠡᠮᠡᠴᠡᠯ᠎ᠤᠨ ᠦᠷ᠎ᠡ ᠪᠦᠲᠦᠮᠵᠢ᠎ᠳᠤ 《ᠬᠠᠨᠤᠮᠵᠢᠲᠠᠶ》 ᠪᠠ 《ᠨᠡᠯᠢᠶᠡᠳ ᠬᠠᠨᠤᠮᠵᠢᠲᠠᠶ》 ᠪᠠᠢ᠌ᠬᠤ ᠬᠠᠷᠢᠴᠠᠯ᠎ᠨᠢ 95.57 % ᠪᠠᠢ᠌ᠵᠤ᠂ ᠪᠥᠬᠥ ᠤᠯᠤᠰ᠎ᠤᠨ 12 ᠳ᠋ᠤᠭ᠋ᠠᠷ᠎ᠲᠤ ᠣᠷᠣᠪᠠ; ᠬᠠᠷ᠎ᠠ ᠪᠦᠯᠦᠭᠲᠡᠨ ᠬᠠᠷᠭᠢᠰ ᠬᠦᠴᠦᠨ᠎ᠤ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠲᠡᠮᠡᠴᠡᠯ᠎ᠤᠨ ᠪᠠᠢ᠌ᠳᠠᠯ 《ᠰᠠᠢ᠌ᠵᠢᠷᠠᠯᠲᠠ᠎ᠲᠠᠢ ᠪᠣᠯᠤᠭᠰᠠᠨ》᠂ 《ᠨᠢᠭᠡᠨᠲᠡ ᠬᠦᠨᠳᠦ ᠨᠣᠴᠢᠲᠠᠶ ᠪᠢᠰᠢ ᠪᠣᠯᠤᠭᠰᠠᠨ》 ᠬᠠᠷᠢᠴᠠᠯ᠎ᠨᠢ 94.62 % ᠪᠠᠢ᠌ᠵᠤ᠂ ᠪᠥᠬᠥ ᠤᠯᠤᠰ᠎ᠤᠨ 8 ᠳ᠋ᠤᠭ᠋ᠠᠷ᠎ᠲᠤ ᠣᠷᠣᠪᠠ; ᠣᠯᠠᠨ ᠲᠦᠮᠡᠨ᠎ᠢ ᠳᠠᠢ᠌ᠴᠢᠯᠠᠵᠤ᠂ ᠤᠬᠠᠭᠤᠯᠵᠤ ᠬᠥᠲᠥᠯᠥᠨ ᠵᠢᠯᠣᠭᠣᠳᠬᠤ 《ᠲᠣᠬᠢᠷᠠᠮᠵᠢᠲᠠᠶ》 ᠬᠠᠷᠢᠴᠠᠯ 83.18 % ᠪᠠᠢ᠌ᠵᠤ᠂ ᠪᠥᠬᠥ ᠤᠯᠤᠰ᠎ᠤᠨ ᠳᠣᠯᠣᠳᠤᠭ᠋ᠠᠷ᠎ᠲᠤ ᠵᠢᠭᠰᠠᠭ᠋ᠠᠭᠳᠠᠵᠤ ᠪᠠᠢ᠌ᠨ᠎ᠠ ᠭᠡᠵᠦ ᠦᠵᠡᠪᠡ᠃ ᠡᠭᠦᠨ᠎ᠠᠴᠠ ᠦᠵᠡᠪᠡᠯ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠶ ᠲᠡᠮᠡᠴᠡᠯ ᠦᠨᠡᠨ ᠪᠣᠳᠠᠲᠠᠶ ᠠᠮᠵᠢᠯᠲᠠ ᠪᠦᠲᠦᠮᠵᠢ᠎ᠪᠠᠷ ᠰᠢᠢᠳᠪᠦᠷᠢᠲᠦ ᠳᠠᠢ᠌ᠯᠠᠯᠳᠤᠭ᠋ᠠᠨ᠎ᠤ ᠪᠥᠬᠥ ᠲᠠᠯ᠎ᠠ ᠵᠢᠨ ᠢᠯᠠᠯᠲᠠ ᠵᠢ ᠣᠯᠵᠠᠶ᠃ ᠣᠳᠣᠬᠠᠨ᠎ᠳᠤ᠂ ᠪᠥᠬᠥ ᠤᠯᠤᠰ ᠪᠥᠬᠥ ᠣᠷᠣᠨ᠎ᠤ 《ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠠᠯᠪᠠᠨ ᠬᠡᠷ》᠎ᠤᠨ ᠲᠣᠬᠢᠷᠠᠭᠤᠯᠤᠯᠲᠠ ᠪᠠᠢ᠌ᠷᠢᠯᠠᠭᠤᠯᠤᠯᠲᠠ ᠵᠢ ᠦᠨᠳᠦᠰᠦᠯᠡᠨ᠂ ᠶᠠᠭ ᠴᠣᠬᠢᠯᠲᠠ ᠥᠭᠬᠦ᠂ ᠴᠡᠭᠴᠡᠯᠡᠨ ᠵᠠᠰᠠᠬᠤ᠂ ᠬᠠᠮᠢᠶᠠᠷᠬᠤ᠂ ᠪᠥᠲᠥᠭᠡᠨ ᠪᠠᠢ᠌ᠭᠤᠯᠬᠤ ᠵᠡᠷᠭᠡ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠬᠦᠴᠦᠯᠡᠨ ᠪᠠᠢ᠌ᠭᠤᠯᠤᠨ ᠪᠦᠷᠢᠨᠰᠢᠭᠦᠯᠵᠦ᠂ ᠲᠠᠷᠠᠭ᠋ᠠᠴᠢ ᠵᠢᠨ ᠠᠯᠬᠤᠮ᠎ᠳᠤ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠶ ᠲᠡᠮᠡᠴᠡᠯ᠎ᠢ 《ᠪᠠᠢ᠌ᠩᠭᠤᠵᠢᠭᠤᠯᠬᠤ》 ᠵᠢ ᠪᠡᠶᠡᠯᠡᠭᠦᠯᠬᠦ᠎ᠳᠤ ᠯᠠᠪᠳᠠᠭᠤᠨ ᠪᠠᠲᠤᠲᠠᠶ ᠰᠠᠭᠤᠷᠢ ᠲᠠᠯᠪᠢᠵᠤ ᠪᠠᠢ᠌ᠨ᠎ᠠ᠃
      ᠬᠣᠶᠠᠷ᠂ 《ᠡᠭᠦᠯᠡᠨ ᠰᠡᠯᠡᠮ᠎ᠡ — 2020》 ᠲᠤᠰᠬᠠᠶ ᠠᠵᠢᠯᠯᠠᠭ᠎ᠠ ᠢᠯᠡᠳᠲᠡ ᠦᠷ᠎ᠡ ᠪᠦᠲᠦᠮᠵᠢ ᠤᠯᠪᠠ᠃ 2020 ᠣᠨ᠎ᠤ ᠡᠬᠢ᠎ᠪᠠᠷ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠪᠥᠬᠥ ᠤᠯᠤᠰ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠳᠤ ᠠᠮᠢᠨ ᠬᠡᠷᠡᠭ᠎ᠤᠨ ᠳᠠᠷᠤᠭᠳᠠᠮᠠᠯ ᠬᠡᠷᠡᠭ᠎ᠤᠨ ᠪᠡᠷᠬᠡ ᠰᠡᠳᠦᠪ᠎ᠢ ᠰᠢᠢᠳᠪᠦᠷᠢᠯᠡᠬᠦ᠂ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ ᠵᠠᠰᠠᠬᠤ᠂ ᠦᠨᠳᠦᠰᠦᠲᠡᠨ᠎ᠤ ᠡᠳ᠋ ᠬᠥᠷᠥᠩᠭᠡ ᠵᠢ ᠴᠡᠪᠳᠡᠭᠰᠢᠭᠦᠯᠦᠯ᠎ᠠᠴᠠ ᠲᠠᠢ᠌ᠯᠬᠤ ᠲᠥᠷᠥᠯ᠎ᠤᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ᠎ᠪᠠᠷ ᠭᠣᠤᠯ ᠠᠭᠤᠯᠭ᠎ᠠ ᠪᠣᠯᠭ᠋ᠠᠭᠰᠠᠨ 《ᠡᠭᠦᠯᠡᠨ ᠰᠡᠯᠡᠮ᠎ᠡ — 2020》 ᠠᠵᠢᠯᠯᠠᠭ᠎ᠠ ᠵᠢ ᠪᠠᠢ᠌ᠷᠢᠯᠠᠭᠤᠯᠤᠨ ᠥᠷᠨᠢᠭᠦᠯᠪᠡ᠃ ᠠᠮᠢᠨ ᠬᠡᠷᠡᠭ᠎ᠤᠨ ᠳᠠᠷᠤᠭᠳᠠᠮᠠᠯ ᠬᠡᠷᠡᠭ᠎ᠤᠨ ᠪᠡᠷᠬᠡ ᠰᠡᠳᠦᠪ᠎ᠢ ᠰᠢᠢᠳᠪᠦᠷᠢᠯᠡᠬᠦ ᠠᠵᠢᠯᠯᠠᠭ᠎ᠠ ᠵᠢᠨ ᠳᠤᠮᠳᠠ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠠᠮᠢᠨ ᠬᠡᠷᠡᠭ᠎ᠤᠨ ᠳᠠᠷᠤᠭᠳᠠᠮᠠᠯ ᠬᠡᠷᠡᠭ᠎ᠤᠨ ᠪᠣᠭᠣᠮᠲᠠ ᠰᠢᠪᠲᠤᠯᠬᠤ ᠠᠵᠢᠯᠯᠠᠭ᠎ᠠ ᠵᠢ 《ᠨᠢᠭᠡᠳᠦᠭᠡᠷ ᠭᠠᠷ》᠎ᠤᠨ ᠢᠨᠵᠧᠨᠧᠷᠢᠩ ᠪᠣᠯᠭ᠋ᠠᠨ ᠪᠠᠢ᠌ᠷᠢᠯᠠᠭᠤᠯᠤᠨ ᠠᠬᠢᠭᠤᠯᠬᠤ ᠵᠢ ᠪᠠᠷᠢᠮᠲᠠᠯᠠᠪᠠ᠂ ᠪᠠᠢ᠌ᠯᠳᠤᠭ᠋ᠠᠨ᠎ᠳᠤ ᠣᠷᠣᠯᠴᠠᠭᠰᠠᠨ ᠠᠷᠠᠳ᠎ᠤᠨ ᠴᠠᠭᠳᠠᠭ᠎ᠠ 《ᠰᠤᠯᠠᠷᠠᠭᠤᠯᠤᠯ ᠦᠭᠡᠢ ᠪᠠᠷᠢᠮᠲᠠᠯᠠᠬᠤ》 ᠢᠲᠡᠭᠡᠯ ᠵᠣᠷᠢᠭ ᠪᠠ ᠡᠷᠴᠢ ᠬᠦᠴᠦ᠎ᠪᠠᠨ ᠪᠠᠳᠠᠷᠠᠭᠤᠯᠤᠨ᠂ ᠲᠣᠮᠣ ᠳ᠋ᠠᠢ᠌ᠲ᠋ᠠ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠷᠭ᠎ᠠ ᠪᠠᠷᠢᠯ᠎ᠢ ᠭᠦᠢᠴᠡᠳ ᠠᠰᠢᠭᠯᠠᠵᠤ᠂ ᠮᠡᠷᠭᠡᠵᠢᠯ᠎ᠤᠨ ᠬᠠᠮᠲᠤᠷᠠᠭᠰᠠᠨ ᠳᠠᠢ᠌ᠯᠠᠯᠳᠤᠭ᠋ᠠᠨ᠎ᠢ ᠲᠥᠪᠯᠡᠷᠡᠭᠦᠯᠦᠨ ᠥᠷᠨᠢᠭᠦᠯᠬᠦ ᠪᠠ ᠨᠡᠷ᠎ᠡ᠎ᠨᠢ ᠲᠤᠳᠤᠷᠠᠭ᠎ᠠ ᠦᠭᠡᠢ ᠦᠬᠦᠳᠡᠯ᠎ᠤᠨ ᠠᠮᠢᠳᠤ ᠪᠣᠳᠠᠰ᠎ᠤᠨ ᠢᠷᠡᠯᠲᠡ ᠵᠢ ᠡᠷᠢᠵᠦ ᠬᠠᠷᠢᠴᠠᠭᠤᠯᠵᠤ᠂ ᠠᠷᠭ᠎ᠠ ᠬᠡᠮᠵᠢᠶ᠎ᠡ ᠪᠦᠬᠦᠨ᠎ᠢ ᠬᠡᠷᠡᠭᠯᠡᠵᠦ᠂ ᠡᠯ᠎ᠡ ᠵᠦᠢᠯ᠎ᠤᠨ ᠬᠦᠴᠢᠷ ᠪᠡᠷᠬᠡᠰᠢᠶᠡᠯ ᠥᠷᠢᠰᠥᠯᠳᠦᠭᠡᠨ᠎ᠢ ᠢᠯᠠᠨ ᠳᠠᠪᠠᠵᠤ᠂ ᠠᠮᠢᠨ ᠬᠡᠷᠡᠭ᠎ᠤᠨ 135 ᠳᠠᠷᠤᠭᠳᠠᠮᠠᠯ ᠬᠡᠷᠡᠭ᠎ᠢ ᠵᠠᠯᠭ᠋ᠠᠭ᠎ᠠ᠎ᠪᠠᠷ ᠳᠡᠩᠨᠡᠨ ᠢᠯᠡᠷᠡᠭᠦᠯᠦᠭᠰᠡᠨ᠎ᠤ ᠳᠤᠲᠤᠷ᠎ᠠ ᠬᠡᠷᠡᠭ ᠭᠠᠷᠤᠭᠰᠠᠨ ᠴᠠᠭ᠎ᠨᠢ ᠬᠠᠮᠤᠭ ᠤᠷᠲᠤ᠎ᠨᠢ 37 ᠵᠢᠯ ᠎ᠤᠨ ᠡᠮᠦᠨᠡᠬᠢ ᠪᠠᠢ᠌ᠵᠤ᠂ ᠡᠭᠦᠨ᠎ᠳᠤ 30 ᠵᠢᠯ᠎ᠤᠨ ᠡᠮᠦᠨᠡᠬᠢ ᠠᠮᠢᠨ ᠬᠡᠷᠡᠭ᠎ᠤᠨ ᠳᠠᠷᠤᠭᠳᠠᠮᠠᠯ ᠬᠡᠷᠡᠭ 6 ᠪᠠᠢ᠌ᠵᠤ᠂ 20 ᠵᠢᠯ᠎ᠠᠴᠠ 30 ᠵᠢᠯ ᠪᠣᠯᠤᠭᠰᠠᠨ ᠠᠮᠢᠨ ᠬᠡᠷᠡᠭ᠎ᠤᠨ ᠳᠠᠷᠤᠭᠳᠠᠮᠠᠯ ᠬᠡᠷᠡᠭ 63 ᠪᠠᠢ᠌ᠵᠤ᠂ 10 ᠵᠢᠯ᠎ᠠᠴᠠ 20 ᠵᠢᠯ ᠪᠣᠯᠤᠭᠰᠠᠨ ᠠᠮᠢᠨ ᠬᠡᠷᠡᠭ᠎ᠤᠨ ᠳᠠᠷᠤᠭᠳᠠᠮᠠᠯ ᠬᠡᠷᠡᠭ 52 ᠪᠠᠢ᠌ᠵᠤ᠂ ᠣᠢ᠌ᠷ᠎ᠠ ᠵᠢᠨ 10 ᠵᠢᠯ᠎ᠤᠨ ᠠᠮᠢᠨ ᠬᠡᠷᠡᠭ᠎ᠤᠨ 14 ᠳᠠᠷᠤᠭᠳᠠᠮᠠᠯ ᠬᠡᠷᠡᠭ᠎ᠢ ᠢᠯᠡᠷᠡᠭᠦᠯᠪᠡ; ᠲᠣᠰ ᠭᠠᠵᠠᠷ᠎ᠤᠨ ᠠᠮᠢᠨ ᠬᠡᠷᠡᠭ᠎ᠤᠨ ᠳᠠᠷᠤᠭᠳᠠᠮᠠᠯ ᠬᠡᠷᠡᠭ᠎ᠤᠨ 92 ᠣᠷᠭᠣᠳᠤᠤᠯ ᠬᠡᠷᠡᠭᠲᠡᠨ᠎ᠢ ᠪᠠᠷᠢᠪᠴᠢᠯᠠᠵᠤ᠂ ᠭᠠᠳᠠᠨ᠎ᠠ ᠳᠤᠲᠠᠭ᠋ᠠᠭᠰᠠᠨ 84 ᠬᠡᠷᠡᠭᠲᠡᠨ᠎ᠢ ᠪᠠᠷᠢᠪᠴᠢᠯᠠᠵᠤ᠂ ᠡᠭᠦᠨ ᠎ᠤ ᠳᠤᠲᠤᠷ᠎ᠠ ᠬᠠᠮᠤᠭ᠎ᠤᠨ ᠣᠷᠳᠣ᠎ᠳᠤ᠎ᠪᠠᠨ 37 ᠵᠢᠯ ᠳᠤᠲᠠᠭ᠋ᠠᠭᠰᠠᠨ ᠬᠡᠷᠡᠭᠲᠡᠨ ᠪᠠᠢ᠌ᠨ᠎ᠠ᠂ ᠢᠯᠠᠩᠭᠤᠶ᠎ᠠ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠫᠠᠢ᠌ᠰᠠ ᠡᠯᠭᠦᠨ ᠰᠢᠪᠠᠳᠠᠨ ᠰᠢᠢᠳᠪᠦᠷᠢᠯᠡᠭᠦᠯᠦᠭᠰᠡᠨ 《7.17》᠎ᠤ ᠳᠡᠭᠡᠷᠡᠮᠳᠡᠭᠰᠡᠨ᠂ ᠨᠥᠵᠢᠳᠯᠡᠭᠰᠡᠨ᠂ ᠬᠥᠮᠦᠨ ᠠᠯᠠᠭᠰᠠᠨ ᠰᠢᠷᠢᠰ ᠬᠡᠷᠡᠭ ᠵᠡᠷᠭᠡ ᠠᠯᠢ ᠣᠯᠠᠨ ᠨᠡᠢ᠌ᠭᠡᠮ᠎ᠤᠨ ᠨᠥᠯᠥᠭᠡ᠎ᠪᠠᠷ ᠬᠦᠨᠳᠦ ᠨᠣᠴᠢᠲᠠᠶ᠂ ᠴᠠᠭ ᠬᠤᠭᠤᠴᠠᠭ᠎ᠠ ᠠᠯᠤᠰᠯᠠᠭᠰᠠᠨ ᠬᠦᠨᠳᠦ ᠶᠡᠬᠡ ᠣᠨᠴᠠ ᠶᠡᠬᠡ ᠬᠡᠷᠡᠭ᠎ᠢ ᠠᠮᠵᠢᠯᠲᠠᠲᠠᠶ ᠢᠯᠡᠷᠡᠭᠦᠯᠵᠦ᠂ ᠲᠡᠦᠬᠡᠨ ᠳᠡᠭᠡᠷᠡᠬᠢ ᠬᠠᠮᠤᠭ᠎ᠤᠨ ᠰᠠᠢ᠌ᠨ ᠬᠢᠷᠢ ᠪᠦᠲᠦᠮᠵᠢ ᠵᠢ ᠡᠭᠦᠳᠴᠦ᠂ ᠨᠡᠢ᠌ᠭᠡᠮ᠎ᠤᠨ ᠠᠮᠤᠷ ᠲᠦᠪᠰᠢᠨ᠎ᠤ ᠦᠯᠡᠮᠵᠢ ᠣᠯᠠᠨ ᠳᠠᠯᠳᠠ ᠬᠡᠮ᠎ᠢ ᠠᠷᠢᠯᠭ᠋ᠠᠵᠤ᠂ ᠬᠣᠬᠢᠷᠠᠯ ᠠᠮᠰᠠᠭᠴᠢ ᠵᠢᠴᠢ ᠲᠡᠭᠦᠨ᠎ᠤ ᠲᠥᠷᠥᠯ ᠰᠠᠳᠤᠨ᠎ᠢ ᠲᠠᠢ᠌ᠳᠬᠤᠷᠠᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ ᠡᠩᠨᠡᠭᠡᠨ᠎ᠤ ᠪᠡᠷᠬᠡ ᠵᠢ ᠳᠤᠭᠤᠯᠤᠨ ᠪᠡᠷᠬᠡ ᠵᠢ ᠳᠠᠪᠠᠬᠤ ᠴᠢᠳᠠᠪᠤᠷᠢ ᠵᠢᠨ ᠬᠢᠷᠢ ᠲᠦᠪᠰᠢᠨ᠎ᠢ ᠳᠠᠪᠲᠠᠨ ᠪᠣᠯᠪᠠᠰᠤᠷᠠᠭᠤᠯᠪᠠ᠃ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ ᠵᠠᠰᠠᠬᠤ ᠠᠵᠢᠯ᠎ᠤᠨ ᠳᠤᠮᠳᠠ᠂ 2020 ᠣᠨ᠎ᠳᠤ ᠮᠠᠰᠢ ᠲᠦᠷᠭᠡᠨ ᠡᠭᠦᠰᠴᠦ ᠪᠠᠢ᠌ᠭ᠎ᠠ ᠡᠯ᠎ᠡ ᠲᠥᠷᠥᠯ᠎ᠤᠨ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠶᠠᠯᠠᠲᠤ ᠠᠵᠢᠯᠯᠠᠭ᠎ᠠ ᠵᠢᠨ ᠡᠮᠦᠨ᠎ᠡ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠣᠯᠠᠨ ᠲᠠᠯ᠎ᠠ ᠵᠢᠨ ᠬᠠᠮᠢᠶᠠᠷᠤᠯᠲᠠ ᠵᠢ ᠵᠡᠷᠭᠡ᠎ᠪᠠᠷ ᠠᠳᠬᠤᠬᠤ ᠵᠢ ᠪᠠᠷᠢᠮᠲᠠᠯᠠᠨ᠂ ᠲᠣᠮᠣ ᠳ᠋ᠠᠢ᠌ᠲ᠋ᠠ ᠵᠢᠨ ᠠᠷᠭ᠎ᠠ ᠪᠠᠷᠢᠯ᠎ᠢ ᠭᠦᠢᠴᠡᠳ ᠬᠡᠷᠡᠭᠯᠡᠵᠦ᠂ ᠴᠢᠮᠡᠭᠡ ᠬᠣᠯᠪᠣᠭ᠋ᠠᠨ᠎ᠤ ᠬᠠᠮᠢᠶᠠᠷᠤᠯᠲᠠ ᠪᠠ ᠪᠠᠩᠬᠢ ᠵᠡᠷᠭᠡ ᠰᠠᠯᠠᠭ᠎ᠠ ᠮᠥᠴᠢᠷ᠎ᠢ ᠨᠢᠭᠲᠠ ᠬᠣᠯᠪᠣᠭ᠋ᠠᠯᠠᠨ ᠬᠥᠳᠡᠯᠦᠯᠴᠡᠵᠦ᠂ 《ᠬᠣᠶᠠᠷ ᠺᠠᠷᠲ》᠎ᠢ ᠴᠡᠭᠴᠡᠯᠡᠨ ᠵᠠᠰᠠᠬᠤ ᠵᠢᠴᠢ ᠬᠢᠯᠢ ᠳᠣᠲᠣᠷᠠᠬᠢ ᠡᠭᠦᠷ᠎ᠲᠤ ᠴᠣᠬᠢᠯᠲᠠ ᠥᠭᠬᠦ ᠵᠢ ᠤᠯᠠᠮ ᠨᠢᠭᠡ ᠠᠯᠬᠤᠮ ᠴᠢᠩᠭ᠋ᠠᠳᠬᠠᠨ᠂ ᠬᠦᠴᠦᠷᠬᠡᠭ ᠶᠡᠬᠡ ᠴᠢᠩᠭ᠎ᠠ ᠴᠣᠬᠢᠯᠲᠠ ᠥᠭᠬᠦ ᠬᠦᠴᠦᠨ ᠵᠶ᠋ᠡᠷ ᠪᠥᠬᠥ ᠣᠷᠣᠨ᠎ᠤ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠶᠠᠯᠠᠲᠤ ᠬᠡᠷᠡᠭ᠎ᠤᠨ ᠪᠠᠭᠤᠷᠠᠯᠲᠠ ᠵᠢ ᠭᠡᠳᠡᠷᠭᠦ ᠰᠢᠬᠠᠮᠳᠠᠭᠤᠯᠪᠠ᠃ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠬᠡᠷᠡᠭ᠎ᠢ ᠨᠡᠢ᠌ᠲᠡ 3181 ᠢᠯᠡᠷᠡᠭᠦᠯᠵᠦ᠂ ᠨᠢᠳᠤᠨᠤᠨ᠎ᠤ (1469)᠎ᠬᠢ᠎ᠲᠠᠢ ᠬᠠᠷᠢᠴᠠᠭᠤᠯᠪᠠᠯ 1712 ᠵᠢ ᠳᠠᠪᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 116.5 %᠎ᠪᠠᠷ ᠨᠡᠮᠡᠭᠳᠡᠪᠡ; ᠶᠠᠯ᠎ᠠ ᠬᠢᠭᠰᠡᠨ ᠰᠡᠵᠢᠭᠯᠡᠯᠲᠡᠢ 5260 ᠬᠥᠮᠦᠨ᠎ᠢ ᠪᠠᠷᠢᠪᠴᠢᠯᠠᠵᠤ᠂ ᠡᠭᠦᠨ᠎ᠢ ᠨᠢᠳᠤᠨᠤᠨ᠎ᠤ (955 ᠬᠥᠮᠦᠨ)᠎ᠬᠢ᠎ᠲᠠᠢ ᠬᠠᠷᠢᠴᠠᠭᠤᠯᠪᠠᠯ 4305 ᠬᠥᠮᠦᠨ᠎ᠢ ᠢᠯᠡᠭᠦᠦ ᠪᠠᠷᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 450.8 %᠎ᠪᠠᠷ ᠨᠡᠮᠡᠭᠳᠡᠵᠡᠢ᠃ ᠢᠯᠠᠩᠭᠤᠶ᠎ᠠ ᠲᠦᠩᠯᠢᠶᠣᠤ ᠬᠣᠲᠠ ᠵᠢᠨ ᠬᠢᠯᠢ ᠠᠯᠤᠰᠯᠠᠭᠰᠠᠨ ᠲᠣᠤᠷ ᠰᠦᠯᠵᠢᠶᠡᠨ᠎ᠤ ᠴᠠᠬᠢᠯᠭ᠋ᠠᠨ ᠬᠣᠯᠪᠣᠭ᠋ᠠᠨ᠎ᠤ ᠮᠡᠬᠡᠯᠡᠯ᠎ᠤᠨ ᠣᠨᠴᠠ ᠶᠡᠬᠡ ᠪᠦᠯᠦᠭᠯᠡᠯ᠎ᠢ ᠠᠮᠵᠢᠯᠲᠠᠲᠠᠶ ᠪᠣᠳᠠ ᠨᠢᠷᠭᠡᠵᠦ᠂ ᠪᠥᠬᠥ ᠤᠯᠤᠰ᠎ᠤᠨ ᠠᠳᠠᠯᠢ ᠲᠥᠷᠥᠯ᠎ᠤᠨ 120 ᠭᠠᠷᠤᠶ ᠬᠡᠷᠡᠭ᠎ᠢ ᠬᠣᠯᠪᠣᠵᠤ᠂ ᠬᠡᠷᠡᠭ᠎ᠲᠤ ᠬᠣᠯᠪᠣᠭᠳᠠᠭᠰᠠᠨ ᠪᠠᠯᠠ ᠮᠥᠩᠭᠥ᠎ᠨᠢ 3000 ᠭᠠᠷᠤᠶ ᠲᠦᠮᠡᠨ ᠲᠥᠭᠥᠷᠢᠭ᠎ᠲᠤ ᠬᠦᠷᠴᠡᠶ᠃ ᠡᠭᠦᠨ᠎ᠤ ᠬᠠᠮᠲᠤ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠰᠦᠯᠵᠢᠶᠡᠨ᠎ᠤ ᠰᠢᠨ᠎ᠡ ᠵᠠᠭᠤᠴᠢᠯᠠᠭᠤᠷ ᠵᠢᠴᠢ ᠰᠦᠯᠵᠢᠶᠡᠨ ᠭᠠᠳᠠᠨ᠎ᠠ ᠡᠷᠦᠬᠡ᠎ᠳᠤ ᠣᠷᠣᠵᠤ ᠤᠬᠠᠭᠤᠯᠬᠤ ᠵᠡᠷᠭᠡ ᠣᠯᠠᠨ ᠵᠦᠢᠯ᠎ᠤᠨ ᠠᠷᠭ᠎ᠠ ᠬᠡᠯᠪᠡᠷᠢ ᠵᠢ ᠭᠦᠢᠴᠡᠳ ᠠᠰᠢᠭᠯᠠᠨ ᠤᠬᠠᠭᠤᠯᠵᠤ ᠰᠡᠷᠭᠡᠢ᠌ᠯᠡᠬᠦ ᠡᠷᠴᠢᠮ ᠵᠶ᠋ᠡᠨ ᠲᠠᠰᠤᠷᠠᠯᠲᠠ ᠥᠬᠡᠶ ᠴᠢᠩᠭ᠋ᠠᠷᠠᠭᠤᠯᠵᠤ᠂ ᠨᠡᠢ᠌ᠲᠡ 69 ᠤᠬᠠᠭᠤᠯᠭ᠎ᠠ ᠵᠢᠨ ᠸᠢᠳᠢᠣ᠋ ᠨᠡᠢ᠌ᠲᠡᠯᠡᠵᠦ᠂ 142 ᠤᠳᠠᠭ᠎ᠠ ᠲᠠᠢ᠌ᠯᠤᠮᠵᠢ ᠬᠢᠵᠦ᠂ ᠮᠡᠬᠡᠯᠡᠯ᠎ᠢ ᠡᠰᠡᠷᠭᠦᠴᠡᠬᠦ ᠤᠷᠢᠳᠴᠢᠯᠠᠨ ᠰᠡᠷᠡᠮᠵᠢᠯᠡᠭᠦᠯᠬᠦ ᠤᠬᠠᠭᠤᠯᠭ᠎ᠠ ᠵᠢᠨ ᠵᠣᠬᠢᠶᠠᠯ᠎ᠢ 1986 ᠨᠡᠢ᠌ᠲᠡᠯᠡᠵᠦ᠂ ᠨᠡᠢ᠌ᠲᠡ 3169.5 ᠲᠦᠮᠡ ᠭᠠᠷᠤᠶ ᠤᠳᠠᠭ᠎ᠠ ᠲᠣᠪᠴᠢᠳᠠᠵᠠᠶ; ᠥᠪᠡᠷᠲᠡᠭᠡᠨ ᠵᠠᠰᠠᠬᠤ ᠣᠷᠣᠨ᠎ᠤ ᠴᠢᠮᠡᠭᠡ ᠬᠣᠯᠪᠣᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ ᠪᠣᠯᠤᠨ ᠭᠤᠷᠪᠠᠨ ᠲᠣᠮᠣ ᠡᠵᠡᠩᠨᠡᠯᠲᠡ ᠵᠢᠨ ᠬᠤᠳᠠᠯᠳᠤᠭ᠋ᠠᠴᠢᠨ᠎ᠢ ᠵᠣᠬᠢᠴᠠᠭᠤᠯᠵᠤ ᠪᠠᠢ᠌ᠭ᠋ᠠᠳ ᠭᠠᠷᠠᠭ ᠪᠦᠷᠢ ᠥᠪᠥᠷ ᠮᠣᠩᠭᠣᠯ᠎ᠳᠤ ᠳᠠᠩᠰᠠᠯᠠᠭᠤᠯᠤᠭᠰᠠᠨ ᠪᠤᠶ ᠪᠦᠬᠦᠢ ᠭᠠᠷ ᠤᠲᠠᠰᠤᠨ᠎ᠤ ᠬᠡᠷᠡᠭᠯᠡᠭᠴᠢ᠎ᠳᠤ ᠰᠡᠷᠡᠮᠵᠢᠯᠡᠭᠦᠯᠬᠦ ᠮᠡᠬᠡᠯᠡᠬᠦ ᠵᠢ ᠰᠡᠷᠭᠡᠢ᠌ᠯᠡᠬᠦ ᠰᠠᠨᠠᠭᠤᠯᠤᠮᠵᠢ ᠵᠢᠨ ᠣᠬᠣᠷ ᠮᠡᠳᠡᠭᠡ ᠵᠢ ᠶᠠᠪᠤᠭᠤᠯᠵᠤ᠂ ᠨᠡᠢ᠌ᠲᠡ 9 ᠳ᠋ᠦᠩᠰᠢᠭᠤᠷ ᠬᠥᠮᠦᠨ ᠤᠳᠠᠭ᠎ᠠ ᠶᠠᠪᠤᠭᠤᠯᠪᠠ; ᠪᠦᠬᠦ ᠣᠷᠣᠨ᠎ᠤ 96110 ᠰᠡᠷᠡᠮᠵᠢᠯᠡᠭᠦᠯᠬᠦ ᠣᠬᠣᠷ ᠲᠣᠭ᠋ᠠᠲᠤ ᠪᠦᠲᠦᠭᠡᠨ ᠪᠠᠢ᠌ᠭᠤᠯᠤᠯᠲᠠ ᠵᠢ ᠪᠡᠶᠡᠯᠡᠭᠦᠯᠵᠦ᠂ ᠰᠡᠷᠡᠮᠵᠢᠯᠡᠭᠦᠯᠬᠦ ᠰᠦᠪᠡᠭᠴᠢ ᠵᠢ ᠨᠡᠢ᠌ᠲᠡ 21.04 ᠲᠦᠮᠡᠨ ᠵᠤᠷᠪᠤᠰ ᠪᠠᠭᠤᠯᠭ᠋ᠠᠵᠤ᠂ ᠰᠡᠷᠡᠮᠵᠢᠯᠡᠭᠦᠯᠬᠦ ᠵᠢᠨ ᠠᠮᠵᠢᠯᠲᠠ ᠣᠯᠤᠭᠰᠠᠨ ᠨᠣᠷᠮ᠎ᠠ 99.32 %᠎ᠲᠤ ᠬᠦᠷᠴᠦ᠂ ᠰᠡᠷᠡᠮᠵᠢᠯᠡᠭᠦᠯᠬᠦ ᠪᠠ ᠰᠡᠷᠭᠡᠢ᠌ᠯᠡᠬᠦ ᠰᠠᠢ᠌ᠨ ᠦᠷ᠎ᠡ ᠪᠦᠲᠦᠮᠵᠢ ᠣᠯᠪᠠ᠃ ᠦᠨᠳᠦᠰᠦᠲᠡᠨ᠎ᠤ ᠡᠳ᠋ ᠬᠥᠷᠥᠩᠭᠡ ᠵᠢᠨ ᠴᠡᠪᠳᠡᠭᠰᠢᠭᠦᠯᠦᠯ᠎ᠠᠴᠠ ᠲᠠᠢ᠌ᠯᠬᠤ ᠲᠥᠷᠥᠯ᠎ᠤᠨ ᠮᠡᠬᠡᠯᠡᠯ᠎ᠤᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠠᠵᠢᠯ᠎ᠤᠨ ᠳᠤᠮᠳᠠ᠂ ᠮᠠᠨ᠎ᠤ ᠣᠷᠣᠨ᠎ᠤ ᠲᠤᠷᠰᠢᠨ ᠪᠠᠢ᠌ᠴᠠᠭ᠋ᠠᠵᠤ ᠪᠠᠢ᠌ᠭ᠎ᠠ ᠦᠨᠳᠦᠰᠦᠲᠡᠨ᠎ᠤ ᠡᠳ᠋ ᠬᠥᠷᠥᠩᠭᠡ ᠵᠢᠨ ᠴᠡᠪᠳᠡᠭᠰᠢᠭᠦᠯᠦᠯ᠎ᠠᠴᠠ ᠲᠠᠢ᠌ᠯᠬᠤ ᠲᠥᠷᠥᠯ᠎ᠤᠨ ᠮᠡᠬᠡᠯᠡᠯ᠎ᠤᠨ ᠶᠠᠯᠠᠲᠤ ᠬᠡᠷᠡᠭ 25 ᠪᠠᠢ᠌ᠵᠤ᠂ ᠶᠠᠯ᠎ᠠ ᠬᠢᠭᠰᠡᠨ ᠰᠡᠵᠢᠭᠳᠡᠨ 281 ᠬᠥᠮᠦᠨ᠎ᠢ ᠪᠠᠷᠢᠪᠴᠢᠯᠠᠵᠤ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠠᠴᠠ ᠮᠠᠨ᠎ᠤ ᠣᠷᠣᠨ᠎ᠳᠤ ᠪᠠᠭᠤᠯᠭ᠋ᠠᠭᠰᠠᠨ ᠬᠠᠷᠠᠯᠲᠠ ᠡᠭᠦᠷᠭᠡ᠎ᠪᠠᠨ ᠳᠠᠪᠠᠭᠤᠯᠤᠨ ᠪᠡᠶᠡᠯᠡᠭᠦᠯᠪᠡ᠃
      ᠭᠤᠷᠪᠠ᠂ ᠨᠡᠢ᠌ᠭᠡᠮ᠎ᠳᠤ ᠥᠷᠭᠡᠨ ᠳᠡᠯᠭᠡᠷ ᠨᠥᠯᠥᠭᠡ᠎ᠲᠠᠢ ᠬᠡᠷᠡᠭ᠎ᠢ ᠴᠠᠭ ᠲᠤᠬᠠᠢ᠎ᠳᠤ᠎ᠨᠢ ᠳᠡᠩᠨᠡᠨ ᠢᠯᠡᠷᠡᠭᠦᠯᠪᠡ᠃ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ ᠵᠢ ᠳᠡᠭᠡᠳᠦᠯᠡᠬᠦ ᠵᠢ ᠪᠠᠷᠢᠮᠲᠠᠯᠠᠵᠤ᠂ ᠠᠮᠢᠨ ᠬᠡᠷᠡᠭ᠎ᠢ ᠳᠡᠩᠨᠡᠨ ᠢᠯᠡᠷᠡᠭᠦᠯᠬᠦ ᠠᠵᠢᠯ᠎ᠤᠨ ᠲᠣᠭᠲᠠᠴᠠ ᠵᠢ ᠴᠢᠩᠭ᠎ᠠ ᠨᠠᠢ᠌ᠳᠠᠪᠤᠷᠢᠵᠢᠭᠤᠯᠵᠤ᠂ 2020 ᠣᠨ᠎ᠳᠤ ᠪᠥᠬᠥ ᠣᠷᠣᠨ᠎ᠳᠤ ᠡᠭᠦᠰᠦᠭᠰᠡᠨ 197 ᠠᠮᠢᠨ ᠬᠡᠷᠡᠭ᠎ᠢ ᠪᠦᠬᠦᠨ᠎ᠢ ᠲᠦᠷᠭᠡᠨ ᠳᠡᠩᠨᠡᠨ ᠢᠯᠡᠷᠡᠭᠦᠯᠵᠦ᠂ 3 ᠵᠢᠯ᠎ᠳᠤ ᠣᠲᠣ ᠵᠢᠨ ᠠᠮᠢᠨ ᠬᠡᠷᠡᠭ᠎ᠢ ᠪᠦᠬᠦᠨ᠎ᠢ ᠢᠯᠡᠷᠡᠭᠦᠯᠬᠦ ᠵᠢ ᠪᠠᠲᠤᠯᠠᠪᠠ᠂ ᠢᠯᠠᠩᠭᠤᠶ᠎ᠠ ᠬᠥᠬᠡᠬᠣᠲᠠ ᠵᠢᠨ ᠢᠦᠢ ᠴᠢᠤᠸᠠᠨ ᠲᠣᠭᠣᠷᠢᠭ᠎ᠤᠨ 《2020.6.03》 ᠯᠢᠦᠶ ᠣᠪᠣᠭᠲᠤ ᠵᠢᠨ 5 ᠬᠥᠮᠦᠨ ᠠᠯᠠᠭᠰᠠᠨ ᠬᠡᠷᠡᠭ᠂ ᠤᠯᠠᠭ᠋ᠠᠨᠬᠠᠳᠠ ᠬᠣᠲᠠ ᠵᠢᠨ ᠬᠤᠩᠱ᠌ᠠᠨ ᠲᠣᠭᠣᠷᠢᠭ᠎ᠤᠨ 《2020.7.09》 ᠸᠠᠩ ᠣᠪᠣᠭᠲᠤ ᠵᠢᠨ 3 ᠬᠥᠮᠦᠨ ᠠᠯᠠᠭᠰᠠᠨ ᠬᠡᠷᠡᠭ᠎ᠢ ᠲᠦᠷᠭᠡᠨ ᠳᠡᠩᠨᠡᠨ ᠢᠯᠡᠷᠡᠭᠦᠯᠵᠦ᠂ ᠨᠡᠢ᠌ᠭᠡᠮ᠎ᠤᠨ ᠨᠥᠯᠥᠭᠡ ᠵᠢ ᠴᠠᠭ ᠲᠤᠬᠠᠶ᠎ᠳᠤ᠎ᠨᠢ ᠠᠷᠢᠯᠭ᠋ᠠᠪᠠ᠃ ᠶᠡᠬᠡ ᠬᠡᠷᠡᠭ᠎ᠤᠨ ᠰᠢᠪᠲᠤᠯᠤᠯᠲᠠ ᠵᠢᠨ ᠲᠠᠯ᠎ᠠ᠎ᠪᠠᠷ᠂ ᠤᠷᠢᠳ ᠬᠣᠵᠢᠳ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ 《2020.1.12》 ᠵᠧᠦ ᠣᠪᠣᠭᠲᠤ ᠵᠢᠨ ᠫᠤᠤ ᠪᠠᠷᠢᠵᠤ ᠤᠤᠯᠭ᠋ᠠᠯᠠᠭᠰᠠᠨ ᠬᠡᠷᠡᠭ᠂ ᠬᠥᠯᠥᠨ ᠪᠣᠢ᠌ᠷ ᠬᠣᠲᠠ ᠵᠢᠨ ᠡᠸᠡᠩᠬᠢ ᠦᠨᠳᠦᠰᠦᠲᠡᠨ᠎ᠤ ᠥᠪᠡᠷᠲᠡᠭᠡᠨ ᠵᠠᠰᠠᠬᠤ ᠬᠣᠰᠢᠭᠤᠨ᠎ᠤ 《2020.9.01》 ᠯᠧᠦ ᠣᠪᠣᠭᠲᠤ ᠵᠢᠨ ᠤᠤᠯᠭ᠋ᠠᠯᠠᠭᠰᠠᠨ ᠬᠡᠷᠡᠭ ᠵᠡᠷᠭᠡ ᠨᠢᠭᠡ ᠪᠦᠯᠦᠭ ᠬᠦᠨᠳᠦ ᠶᠡᠬᠡ ᠣᠨᠴᠠ ᠶᠡᠬᠡ ᠬᠡᠷᠡᠭ᠎ᠢ ᠲᠦᠷᠭᠡᠨ ᠳᠡᠩᠨᠡᠨ ᠢᠯᠡᠷᠡᠭᠦᠯᠵᠦ᠂ ᠨᠡᠢ᠌ᠭᠡᠮ ᠳᠡᠭᠡᠷ᠎ᠡ ᠥᠷᠭᠡᠨ ᠳᠡᠯᠭᠡᠷ ᠨᠥᠯᠥᠭᠡ ᠪᠥᠬᠥᠶ ᠬᠡᠷᠡᠭ᠎ᠢ ᠰᠡᠭᠦᠯ ᠥᠬᠡᠶ ᠪᠠᠢ᠌ᠯᠭ᠋ᠠᠬᠤ ᠬᠠᠷᠠᠯᠲᠠ ᠵᠢ ᠦᠷᠭᠦᠯᠵᠢᠯᠡᠨ ᠪᠠᠲᠤᠯᠠᠪᠠ᠃ ᠢᠯᠠᠩᠭᠤᠶ᠎ᠠ 2020 ᠣᠨ᠎ᠳᠤ ᠢᠯᠡᠷᠡᠭᠰᠡᠨ ᠬᠢᠵᠢᠭ᠎ᠤᠨ ᠪᠠᠢ᠌ᠳᠠᠯ᠎ᠳᠤ ᠬᠣᠯᠪᠣᠭᠳᠠᠭᠰᠠᠨ ᠮᠡᠬᠡᠯᠡᠯ᠎ᠤᠨ ᠬᠡᠷᠡᠭ᠎ᠲᠤ ᠴᠢᠭᠯᠡᠭᠦᠯᠦᠨ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠬᠢᠵᠢᠭ᠎ᠤᠨ ᠪᠠᠢ᠌ᠳᠠᠯ᠎ᠳᠤ ᠬᠣᠯᠪᠣᠭᠳᠠᠭᠰᠠᠨ ᠮᠡᠬᠡᠯᠡᠯ᠎ᠤᠨ ᠬᠡᠷᠡᠭ᠎ᠲᠤ ᠴᠣᠬᠢᠯᠲᠠ ᠥᠭᠭᠦᠭᠰᠡᠨ ᠰᠦᠪᠡᠭᠴᠢ ᠵᠢ ᠦᠨᠳᠦᠰᠦᠯᠡᠨ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠵᠤ᠂ ᠲᠦᠷᠭᠡᠨ ᠠᠷᠭ᠋ᠠᠴᠠᠭ᠋ᠠᠵᠤ᠂ ᠬᠦᠴᠢᠷ ᠪᠡᠷᠬᠡᠰᠢᠶᠡᠯ᠎ᠢ ᠢᠯᠡᠨ ᠳᠠᠪᠠᠵᠤ᠂ ᠬᠢᠵᠢᠭ᠎ᠤᠨ ᠪᠠᠢ᠌ᠳᠠᠯ᠎ᠳᠤ ᠬᠣᠯᠪᠣᠭᠳᠠᠭᠰᠠᠨ ᠮᠡᠬᠡᠯᠡᠯ᠎ᠤᠨ ᠶᠠᠯᠠᠲᠤ ᠠᠵᠢᠯᠯᠠᠭ᠎ᠠ᠎ᠳᠤ ᠪᠥᠬᠥ ᠬᠡᠯᠬᠢᠶ᠎ᠡ᠎ᠪᠠᠷ ᠴᠣᠬᠢᠯᠲᠠ ᠥᠭᠴᠦ᠂ ᠬᠠᠤᠯᠢ ᠶᠣᠰᠣᠭ᠋ᠠᠷ ᠲᠦᠷᠭᠡᠨ ᠰᠢᠢᠳᠪᠦᠷᠢᠯᠡᠵᠦ᠂ ᠬᠦᠨᠳᠦ ᠴᠣᠬᠢᠯᠲᠠ ᠥᠭᠴᠦ᠂ ᠬᠢᠵᠢᠭ᠎ᠤᠨ ᠪᠠᠢ᠌ᠳᠠᠯ᠎ᠳᠤ ᠬᠣᠯᠪᠣᠭᠳᠠᠭᠰᠠᠨ ᠮᠡᠬᠡᠯᠡᠯ᠎ᠤᠨ ᠬᠡᠷᠡᠭ᠎ᠢ ᠨᠡᠢ᠌ᠲᠡ 135 ᠢᠯᠡᠷᠡᠭᠦᠯᠵᠦ᠂ 31 ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠵᠤ᠂ ᠬᠡᠷᠡᠭ᠎ᠲᠤ ᠬᠣᠯᠪᠣᠭᠳᠠᠭᠰᠠᠨ ᠪᠠᠯᠠ ᠮᠥᠩᠭᠥ ᠵᠢ 343.6 ᠲᠦᠮᠡᠨ ᠲᠥᠭᠥᠷᠢᠭ ᠪᠠᠢ᠌ᠴᠠᠭ᠋ᠠᠨ ᠬᠤᠷᠢᠶᠠᠵᠤ᠂ ᠢᠯᠠᠩᠭᠤᠶ᠎ᠠ ᠪᠤᠭᠤᠲᠤ ᠬᠣᠲᠠ ᠵᠢᠨ    《2020.2.09》 ᠸᠠᠩ ᠣᠪᠣᠭᠲᠤ ᠵᠢᠨ ᠬᠢᠵᠢᠭ᠎ᠤᠨ ᠪᠠᠢ᠌ᠳᠠᠯ᠎ᠳᠤ ᠬᠣᠯᠪᠣᠭᠳᠠᠭᠰᠠᠨ ᠮᠡᠬᠡᠯᠡᠯ᠎ᠤᠨ ᠬᠡᠷᠡᠭ᠎ᠢ ᠲᠦᠷᠭᠡᠨ ᠲᠠᠩᠨᠠᠨ ᠢᠯᠡᠷᠡᠭᠦᠯᠵᠦ᠂ ᠳᠡᠩᠨᠡᠨ ᠢᠯᠡᠷᠡᠭᠦᠯᠵᠦ᠂ ᠵᠠᠭ᠋ᠠᠯᠳᠤᠬᠤ᠎ᠠᠴᠠ ᠠᠪᠤᠭ᠋ᠠᠳ ᠲᠠᠰᠤᠯᠤᠯᠲᠠ ᠵᠢ ᠵᠠᠷᠯᠠᠬᠤ ᠪᠣᠯᠲᠠᠯ᠎ᠠ ᠵᠥᠪᠬᠡᠨ 8 ᠡᠳᠦᠷ᠎ᠤᠨ ᠴᠠᠭ ᠬᠡᠷᠡᠭᠰᠡᠪᠡ᠃
      ᠳᠥᠷᠪᠡ᠂ ᠡᠷᠡᠭᠦᠦ ᠵᠢᠨ ᠬᠡᠷᠡᠭ᠎ᠤᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ ᠢᠳᠡᠯᠢᠭ ᠳᠡᠭᠡᠭᠰᠢᠯᠡᠪᠡ᠃ ᠬᠦᠴᠦᠲᠡᠶ ᠴᠣᠬᠢᠯᠲᠠ ᠥᠭᠬᠦ᠎ᠪᠠᠷ ᠳᠠᠮᠵᠢᠭᠤᠯᠤᠨ᠂ ᠮᠠᠨ᠎ᠤ ᠣᠷᠣᠨ᠎ᠤ ᠡᠷᠡᠭᠦᠦ ᠵᠢᠨ ᠬᠡᠷᠡᠭ ᠳᠣᠤᠷ᠎ᠠ ᠲᠦᠪᠰᠢᠨ᠎ᠳᠤ ᠶᠠᠪᠤᠭᠳᠠᠬᠤ ᠵᠢ ᠦᠷᠭᠦᠯᠵᠢᠯᠡᠨ ᠪᠠᠲᠤᠯᠠᠪᠠ᠃ 2020 ᠣᠨ᠎ᠳᠤ᠂ ᠪᠥᠬᠥ ᠣᠷᠣᠨ᠎ᠳᠤ ᠡᠯ᠎ᠡ ᠲᠥᠷᠥᠯ᠎ᠤᠨ ᠡᠷᠡᠭᠦᠦ ᠵᠢᠨ ᠬᠡᠷᠡᠭ᠎ᠢ ᠨᠡᠢ᠌ᠲᠡ 67236 ᠳᠠᠩᠰᠠᠯᠠᠵᠤ᠂ ᠡᠭᠦᠨ᠎ᠤ ᠳᠣᠲᠤᠷᠠᠬᠢ ᠨᠠᠢᠮᠠᠨ ᠲᠥᠷᠥᠯ᠎ᠤᠨ ᠬᠡᠷᠡᠭ 2400 ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 14.2 % ᠵᠶ᠋ᠠᠷ ᠪᠠᠭᠤᠷᠠᠪᠠ᠃ ᠣᠨᠴᠠᠭ᠋ᠠᠢ᠌ᠯᠠᠨ ᠦᠨᠦ ᠪᠣᠯᠵᠤ ᠪᠠᠢ᠌ᠭ᠎ᠠ ᠠᠮᠢᠨ ᠬᠡᠷᠡᠭ ᠠᠳᠠᠯᠢ ᠬᠤᠭᠤᠴᠠᠭ᠋ᠠᠨ᠎ᠤ᠎ᠬᠢ᠎ᠠᠴᠠ 44 ᠪᠠᠭ᠋ᠠᠰᠴᠤ᠂ 18.3 %᠎ᠪᠠᠷ ᠪᠠᠭᠤᠷᠠᠪᠠ᠃ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠶᠠᠯᠠᠲᠤ ᠬᠡᠷᠡᠭ᠎ᠢ ᠳᠡᠩᠨᠡᠨ ᠢᠯᠡᠷᠡᠭᠦᠯᠬᠦ᠎ᠳᠤ ᠬᠦᠴᠢᠷ᠂ ᠪᠤᠵᠠᠷ ᠡᠳ᠋᠎ᠢ ᠨᠡᠬᠡᠮᠵᠢᠯᠡᠬᠦ᠎ᠳᠤ ᠬᠦᠴᠢᠷ᠂ ᠬᠣᠬᠢᠷᠠᠯ᠎ᠢ ᠡᠬᠡᠭᠦᠯᠬᠦ᠎ᠳᠤ ᠬᠦᠴᠢᠷ ᠵᠡᠷᠭᠡ ᠪᠣᠳᠠᠲᠤ ᠪᠠᠢ᠌ᠳᠠᠯ᠎ᠳᠤ ᠴᠢᠭᠯᠡᠭᠦᠯᠦᠨ᠂ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠰᠢᠨ᠎ᠡ ᠬᠡᠯᠪᠡᠷᠢ ᠵᠢᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ ᠵᠠᠰᠠᠬᠤ ᠲᠢᠩᠬᠢᠮ᠎ᠤᠨ ᠬᠣᠭᠣᠷᠣᠨᠳᠣᠬᠢ ᠬᠠᠮᠲᠤᠷᠠᠭᠰᠠᠨ ᠬᠤᠷᠠᠯ᠎ᠤᠨ ᠡᠭᠦᠷᠭᠡ ᠴᠢᠳᠠᠪᠤᠷᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠡᠯ᠎ᠡ ᠪᠦᠷᠢᠯᠳᠦᠬᠦᠨ ᠨᠢᠭᠡᠴᠢ ᠵᠢᠨ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ᠂ 17.72 ᠳ᠋ᠦᠩᠰᠢᠭᠤᠷ ᠲᠥᠭᠥᠷᠢᠭ᠎ᠤᠨ ᠰᠡᠵᠢᠭᠯᠡᠯᠲᠡᠢ ᠪᠡᠯᠡ ᠮᠥᠩᠭᠥ ᠥᠭᠬᠦ ᠵᠢ ᠠᠮᠵᠢᠯᠲᠠ᠎ᠲᠠᠢ᠎ᠪᠠᠷ ᠬᠣᠷᠢᠭᠯᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 195.33 %᠎ᠪᠠᠷ ᠨᠡᠮᠡᠭᠳᠡᠪᠡ᠃ ᠰᠡᠵᠢᠭᠯᠡᠯᠲᠡᠶ ᠪᠠᠯᠠ ᠮᠥᠩᠭᠥ ᠵᠢ 11.74 ᠳ᠋ᠦᠩᠰᠢᠭᠤᠷ ᠲᠥᠭᠥᠷᠢᠭ ᠴᠡᠪᠳᠡᠭᠰᠢᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 67.71 %᠎ᠪᠠᠷ ᠳᠡᠭᠡᠭᠰᠢᠯᠡᠪᠡ᠃ ᠨᠡᠢ᠌ᠲᠡ 17.17 ᠲᠦᠮᠡᠨ ᠭᠠᠷ ᠤᠲᠠᠰᠤᠨ᠎ᠤ ᠺᠠᠷᠲ᠂ 2038 ᠪᠠᠩᠬᠢ ᠵᠢᠨ ᠺᠠᠷᠲ᠎ᠢ ᠪᠠᠢ᠌ᠴᠠᠭ᠋ᠠᠨ ᠬᠤᠷᠢᠶᠠᠮᠵᠢᠯᠠᠵᠤ᠂ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠶᠠᠯᠠᠲᠤ ᠠᠵᠢᠯᠯᠠᠭ᠎ᠠ ᠡᠭᠦᠰᠬᠦ ᠵᠢ ᠦᠨᠡᠨ ᠬᠦ᠌ ᠤᠭ᠎ᠠᠴᠠ᠎ᠨᠢ ᠲᠡᠰᠦᠯᠪᠡ᠃ ᠮᠠᠨ᠎ᠤ ᠣᠷᠣᠨ ᠪᠣᠯ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠮᠣ ᠣᠷᠣᠨ ᠪᠣᠯᠤᠭᠰᠠᠨ ᠪᠤᠲᠠᠳᠣ ᠪᠠᠢ᠌ᠳᠠᠯ᠎ᠳᠤ ᠰᠠᠭᠤᠷᠢᠯᠠᠨ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ᠎ᠲᠠᠢ ᠬᠠᠮᠲᠤᠷᠠᠭ᠋ᠠᠳ 2020 ᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠵᠢ ᠦᠷᠨᠢᠭᠦᠯᠦᠭᠰᠡᠨ ᠵᠶ᠋ᠡᠷ ᠲᠡᠦᠬᠡ ᠵᠢᠨ ᠳᠤᠷᠠᠰᠬᠠᠯᠲᠤ ᠵᠦᠢᠯᠡᠰ᠎ᠤᠨ 23 ᠶᠠᠯᠠᠲᠤ ᠬᠡᠷᠡᠭ᠎ᠢ ᠢᠯᠡᠷᠡᠭᠦᠯᠵᠦ᠂ ᠶᠠᠯ᠎ᠠ ᠬᠢᠭᠰᠡᠨ 67 ᠰᠡᠵᠢᠭᠳᠡᠨ᠎ᠢ ᠪᠠᠷᠢᠪᠴᠢᠯᠠᠵᠤ᠂ 743 ᠲᠡᠦᠬᠡ ᠵᠢᠨ ᠳᠤᠷᠠᠰᠬᠠᠯᠲᠤ ᠵᠦᠢᠯᠡᠰ᠎ᠢ ᠨᠡᠬᠡᠮᠵᠢᠯᠡᠵᠦ ᠲᠤᠰᠢᠶᠠᠯᠭ᠋ᠠᠨ᠂ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢᠯᠡᠰ᠎ᠤᠨ ᠠᠮᠤᠷ ᠲᠦᠪᠰᠢᠨ᠎ᠢ ᠪᠦᠲᠦᠮᠵᠢᠲᠡᠶ ᠬᠠᠮᠠᠭ᠋ᠠᠯᠠᠪᠠ᠃ ᠡᠭᠦᠨ᠎ᠠᠴᠠ ᠭᠠᠳᠠᠨ᠎ᠠ᠂ 《ᠬᠥᠮᠥᠷᠭᠡ ᠵᠢᠨ ᠬᠠᠳᠠᠭ᠋ᠠᠯᠠᠯᠲᠠ ᠵᠢ ᠪᠠᠭ᠋ᠠᠰᠬᠠᠵᠤ᠂ ᠪᠠᠷᠢᠪᠴᠢᠯᠠᠬᠤ ᠨᠣᠷᠮ᠎ᠠ ᠵᠢ ᠳᠡᠭᠡᠭᠰᠢᠯᠡᠭᠦᠯᠬᠦ》 ᠬᠠᠷᠠᠯᠲᠠ ᠡᠭᠦᠷᠭᠡ ᠵᠢ ᠴᠢᠩᠭ᠎ᠠ ᠠᠩᠬᠠᠷᠴᠤ᠂ ᠭᠠᠳᠠᠭ᠋ᠠᠳᠤ᠎ᠳᠤ ᠳᠤᠲᠠᠭ᠋ᠠᠭᠰᠠᠨ ᠣᠷᠭᠣᠳᠠᠭᠤᠯ ᠬᠡᠷᠡᠭᠲᠡᠨ᠎ᠢ ᠨᠡᠬᠡᠮᠵᠢᠯᠡᠬᠦ ᠠᠵᠢᠯ᠎ᠢ ᠬᠦᠴᠦᠲᠡᠶ ᠳᠥᠯᠭᠢᠨ ᠠᠬᠢᠭᠤᠯᠪᠠ᠃ 2020 ᠣᠨ᠎ᠳᠤ ᠰᠦᠯᠵᠢᠶᠡᠨ ᠳᠡᠭᠡᠷᠡᠬᠢ ᠣᠷᠭᠤᠳᠠᠭᠤᠯ ᠬᠡᠷᠡᠭᠲᠡᠨ᠎ᠢ ᠨᠡᠢ᠌ᠲᠡ 3313 ᠪᠠᠷᠢᠪᠴᠢᠯᠠᠵᠤ᠂ ᠪᠠᠷᠢᠪᠴᠢᠯᠠᠭᠰᠠᠨ ᠨᠣᠷᠮ᠎ᠠ᠎ᠨᠢ 75.95 %᠎ᠳᠤ ᠬᠦᠷᠴᠡᠶ᠃
      ᠨᠢᠭᠡ ᠵᠢᠯ᠎ᠤᠨ ᠲᠤᠷᠰᠢ᠂ ᠬᠦᠴᠦᠲᠡᠶ ᠴᠣᠬᠢᠯᠲᠠ ᠦᠭᠴᠦ᠂ ᠠᠷᠠᠳ ᠣᠯᠠᠨ᠎ᠤ ᠰᠢᠨ᠎ᠡ ᠬᠦᠰᠡᠯ ᠡᠷᠡᠮᠡᠯᠵᠡᠯ᠎ᠢ ᠢᠳᠡᠪᠬᠢᠲᠡᠢ ᠬᠠᠷᠢᠭᠤᠯᠬᠤ᠎ᠪᠠᠷ ᠳᠠᠮᠵᠢᠭᠤᠯᠤᠨ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠡᠷᠡᠭᠦᠦ ᠵᠢᠨ ᠲᠠᠩᠨᠠᠯᠲᠠ ᠵᠢᠨ ᠰᠠᠯᠠᠭ᠎ᠠ ᠮᠥᠴᠢᠷ ᠬᠡᠷᠡᠭ᠎ᠢ ᠢᠯᠡᠷᠡᠭᠦᠯᠵᠦ ᠬᠡᠷᠡᠭ᠎ᠲᠤ ᠬᠣᠯᠪᠣᠭᠳᠠᠭᠰᠠᠨ ᠮᠥᠩᠭᠥ ᠪᠣᠳᠠᠰ᠎ᠢ ᠲᠥᠪᠯᠡᠷᠡᠭᠦᠯᠦᠨ ᠪᠤᠴᠠᠭ᠋ᠠᠬᠤ ᠶᠡᠬᠡ ᠬᠤᠷᠠᠯ᠎ᠢ ᠨᠡᠢ᠌ᠲᠡ 24 ᠤᠳᠠᠭ᠎ᠠ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂ ᠠᠷᠠᠳ ᠲᠦᠮᠡᠨ᠎ᠳᠤ 1271.65 ᠲᠦᠮᠡᠨ ᠲᠥᠭᠥᠷᠢᠭ ᠪᠤᠴᠠᠭ᠋ᠠᠨ᠂ ᠤᠷᠢᠳ ᠬᠣᠵᠢᠳ ᠣᠯᠠᠨ ᠲᠦᠮᠡᠨ᠎ᠤ ᠬᠦᠷᠭᠡᠭᠰᠡᠨ 336 ᠬᠡᠮᠡᠷᠯᠢᠭ ᠲᠣᠭ᠂ 23 ᠲᠠᠯᠠᠷᠬᠠᠯ᠎ᠤᠨ ᠵᠠᠬᠢᠳᠠᠯ᠎ᠢ ᠬᠣᠷᠢᠶᠠᠨ ᠣᠯᠵᠠᠶ᠃ ᠡᠳᠡᠭᠡᠷ ᠠᠮᠵᠢᠯᠲᠠ ᠵᠢ ᠣᠯᠤᠭᠰᠠᠨ᠎ᠨᠢ ᠭᠣᠣᠯᠳᠠᠭᠤ ᠳᠣᠣᠷᠠᠬᠢ ᠲᠦᠷᠪᠡᠨ ᠲᠠᠯ᠎ᠠ᠎ᠠᠴᠠ ᠪᠣᠯᠤᠭᠰᠠᠨ ᠶᠤᠮ᠄
      ᠨᠢᠭᠡ᠎ᠳᠤ᠂ ᠨᠢᠮᠪᠠᠢ ᠵᠣᠬᠢᠶᠠᠨ ᠪᠠᠢ᠌ᠭᠤᠯᠵᠤ᠂ ᠨᠠᠷᠢᠨ ᠪᠠᠢ᠌ᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠪᠠ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶ᠎ᠠ ᠡᠷᠡᠭᠦᠦ ᠵᠢᠨ ᠬᠡᠷᠡᠭ᠎ᠤᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠢᠯᠠᠩᠭᠤᠶ᠎ᠠ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠳᠠᠷᠤᠭ᠎ᠠ ᠾᠧᠩ ᠰᠢᠶᠤᠤ ᠹᠠᠨ ᠨᠥᠬᠥᠷ ᠠᠮᠢᠨ ᠬᠡᠷᠡᠭ᠎ᠤᠨ ᠳᠠᠷᠤᠭᠳᠠᠮᠠᠯ ᠬᠡᠷᠡᠭ᠎ᠤᠨ ᠪᠣᠭᠣᠮᠲᠠ ᠰᠢᠪᠲᠤᠯᠬᠤ ᠵᠡᠷᠭᠡ ᠣᠯᠠᠨ ᠲᠤᠰᠬᠠᠶ ᠠᠵᠢᠯᠯᠠᠭ᠎ᠠ ᠵᠢᠨ ᠤᠳᠤᠷᠢᠳᠬᠤ ᠳᠤᠭᠤᠢ᠌ᠯᠠᠩ᠎ᠤᠨ ᠳᠠᠷᠤᠭ᠎ᠠ ᠵᠢᠨ ᠲᠤᠰᠢᠶᠠᠯ᠎ᠢ ᠦᠪᠡᠷ ᠵᠶ᠋ᠡᠨ ᠡᠭᠦᠷᠭᠡᠯᠡᠨ᠂ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠠᠵᠢᠯ᠎ᠢ ᠪᠡᠶ᠎ᠡ᠎ᠪᠠᠷ ᠵᠶ᠋ᠡᠨ ᠵᠣᠬᠢᠶᠠᠨ ᠪᠠᠢ᠌ᠭᠤᠯᠵᠤ᠂ ᠵᠢᠯᠣᠭᠣᠳᠴᠤ᠂ ᠰᠤᠳᠤᠯᠪᠠ᠃ ᠵᠢᠯ᠎ᠤᠨ ᠡᠬᠢᠨ᠎ᠳᠤ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠳᠠᠷᠤᠭ᠎ᠠ ᠨᠠᠷ᠎ᠤᠨ ᠬᠤᠷᠠᠯ ᠳᠡᠭᠡᠷ᠎ᠡ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠰᠢᠨ᠎ᠡ ᠴᠠᠭ ᠦᠶ᠎ᠡ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠡᠭᠦᠷᠭᠡ ᠬᠠᠷᠢᠭᠤᠴᠠᠯᠭ᠎ᠠ ᠵᠢ ᠪᠠᠲᠤ ᠡᠵᠡᠮᠳᠡᠵᠦ᠂ ᠤᠯᠤᠰ᠎ᠤᠨ ᠤᠯᠤᠰ ᠲᠥᠷᠥ ᠵᠢᠨ ᠠᠮᠤᠷ ᠲᠦᠪᠰᠢᠨ ᠪᠠ ᠨᠡᠢ᠌ᠭᠡᠮ᠎ᠤᠨ ᠲᠣᠭᠲᠠᠭᠤᠨ᠎ᠢ ᠪᠠᠲᠤᠯᠠᠨ ᠬᠠᠮᠠᠭ᠋ᠠᠯᠠᠬᠤ ᠴᠢᠳᠠᠪᠤᠷᠢ ᠵᠢᠨ ᠲᠦᠪᠰᠢᠨ ᠵᠶ᠋ᠡᠨ ᠪᠥᠬᠥ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠶ ᠭᠡᠵᠦ ᠱᠠᠭ᠋ᠠᠷᠳᠠᠪᠠ᠃ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠡᠷᠡᠭᠦᠦ ᠵᠢᠨ ᠲᠠᠩᠨᠠᠯᠲᠠ ᠵᠢᠨ ᠰᠠᠯᠠᠭ᠎ᠠ ᠮᠥᠴᠢᠷ᠎ᠤᠳ ᠡᠷᠡᠭᠦᠦ ᠵᠢᠨ ᠬᠡᠷᠡᠭ᠎ᠤᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠭᠣᠤᠯ ᠬᠦᠴᠦᠨ᠎ᠤ ᠦᠢᠯᠡᠳᠦᠯ᠎ᠢ ᠭᠦᠢᠴᠡᠳ ᠪᠠᠳᠠᠷᠠᠭᠤᠯᠤᠨ᠂ ᠤᠯᠤᠰ ᠲᠥᠷᠥ ᠵᠢ ᠲᠡᠷᠢᠭᠦᠨ᠎ᠳᠤ ᠲᠠᠯᠪᠢᠬᠤ᠂ ᠤᠯᠡᠠ ᠲᠦᠮᠡᠨ᠎ᠢ ᠲᠡᠷᠢᠭᠦᠨ᠎ᠳᠤ ᠲᠠᠯᠪᠢᠬᠤ᠂ ᠦᠨᠳᠦᠰᠦᠨ ᠱᠠᠲᠤ ᠵᠢ ᠲᠡᠷᠢᠭᠦᠨ᠎ᠳᠤ ᠲᠠᠯᠪᠢᠬᠤ᠂ ᠠᠷᠠᠳ᠎ᠤᠨ ᠴᠠᠭᠳᠠᠭ᠎ᠠ ᠬᠤᠰᠢᠭᠤᠷᠠᠬᠤ ᠵᠢ ᠪᠠᠷᠢᠮᠲᠠᠯᠠᠵᠤ᠂ ᠴᠢᠩᠭ᠎ᠠ ᠴᠣᠬᠢᠯᠲᠠ ᠥᠭᠬᠦ ᠴᠢᠭᠯᠡᠯᠲᠡ ᠵᠢ ᠭᠤᠢ᠌ᠪᠢᠰᠢ ᠦᠭᠡᠢ ᠪᠠᠷᠢᠮᠲᠠᠯᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠶ ᠲᠡᠮᠡᠴᠡᠯ ᠵᠶ᠋ᠡᠷ ᠤᠳᠤᠷᠢᠳᠤᠮᠵᠢ ᠪᠣᠯᠭ᠋ᠠᠨ᠂ 《ᠡᠭᠦᠯᠡᠨ ᠰᠡᠯᠡᠮ᠎ᠡ — 2020》 ᠠᠵᠢᠯᠯᠠᠭ᠎ᠠ᠎ᠪᠠᠷ ᠲᠦᠰᠢᠴᠡ ᠬᠢᠵᠦ᠂ ᠨᠠᠮ᠎ᠤᠨ ᠦᠨᠳᠦᠰᠦᠨ ᠱᠠᠲᠤᠨ᠎ᠤ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠯᠲᠠ ᠵᠢ ᠴᠢᠩᠭ᠋ᠠᠳᠬᠠᠬᠤ᠎ᠪᠠᠷ ᠪᠠᠲᠤᠯᠠᠭ᠎ᠠ ᠪᠣᠯᠭ᠋ᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠶ ᠲᠡᠮᠡᠴᠡᠯ᠂ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠵᠡᠷᠭᠡ ᠠᠯᠢ ᠣᠯᠠᠨ ᠲᠤᠰᠬᠠᠶ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠵᠢ ᠯᠠᠪᠳᠠᠭᠤᠨ ᠪᠦᠭᠡᠳ ᠪᠦᠲᠦᠮᠵᠢᠲᠡᠶ ᠦᠷᠨᠢᠭᠦᠯᠦᠨ᠂ ᠦᠨᠡᠨ ᠬᠦ᠌ ᠴᠣᠬᠢᠯᠲᠠ ᠥᠭᠬᠦ ᠭᠣᠤᠯᠳᠠᠯᠭ᠎ᠠ ᠲᠣᠳᠤᠷᠬᠠᠢ᠂ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠭᠰᠠᠨ᠎ᠨᠢ ᠪᠤᠲᠠᠲᠠᠢ᠂ ᠠᠷᠭ᠎ᠠ ᠪᠠᠷᠢᠯ᠎ᠨᠢ ᠲᠣᠬᠢᠷᠠᠮᠵᠢᠲᠠᠢ᠂ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠤ ᠣᠷᠤᠯᠴᠠᠯᠭ᠎ᠠ᠎ᠲᠠᠢ᠂ ᠠᠷᠠᠳ ᠲᠦᠮᠡᠨ᠎ᠤ ᠳᠡᠮᠵᠢᠯᠭᠡ᠎ᠲᠠᠢ᠂ ᠴᠡᠭᠴᠡᠯᠡᠨ ᠵᠠᠰᠠᠭᠰᠠᠨ ᠦᠷ᠎ᠡ ᠪᠦᠲᠦᠮᠵᠢ ᠢᠯᠡᠷᠬᠡᠢ ᠪᠣᠯᠤᠭᠰᠠᠨ ᠵᠶ᠋ᠡᠷ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠠᠮᠤᠷ ᠲᠦᠪᠰᠢᠨ ᠪᠠ ᠨᠡᠢ᠌ᠭᠡᠮ᠎ᠤᠨ ᠶᠡᠬᠡ ᠲᠠᠯ᠎ᠠ ᠵᠢᠨ ᠦᠷᠭᠦᠯᠵᠢᠯᠡᠨ ᠲᠣᠭᠲᠠᠭᠤᠨ ᠪᠠᠢ᠌ᠬᠤ ᠵᠢ ᠬᠦᠴᠦᠲᠡᠶ ᠬᠠᠮᠠᠭ᠋ᠠᠯᠠᠪᠠ᠃
      ᠬᠣᠶᠠᠷ᠎ᠲᠤ᠂ ᠤᠨᠢᠨ ᠳᠡᠭᠡᠷ᠎ᠡ᠎ᠨᠢ ᠢᠳᠡᠯᠡᠵᠦ᠂ ᠲᠦᠪᠯᠡᠷᠡᠯ᠎ᠲᠠᠢ᠎ᠪᠠᠷ ᠪᠣᠭᠣᠮᠲᠠ ᠰᠢᠪᠲᠤᠯᠪᠠ᠃ ᠠᠷᠠᠳ ᠣᠯᠠᠨ᠎ᠤ ᠴᠢᠩᠭ᠎ᠠ ᠲᠤᠰᠬᠠᠯ᠎ᠲᠠᠢ ᠲᠣᠪᠣᠢ᠌ᠮ᠎ᠠ ᠶᠠᠯᠠᠲᠤ ᠬᠡᠷᠡᠭ᠎ᠲᠤ ᠴᠢᠭᠯᠡᠭᠦᠯᠦᠨ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠨᠤᠭᠤᠳ 《ᠣᠭᠲᠣ ᠠᠭᠤᠴᠢᠯᠠᠬᠤ ᠥᠬᠡᠶ》 ᠣᠪᠣᠷ᠎ᠢ ᠪᠠᠷᠢᠮᠲᠠᠯᠠᠵᠤ᠂ ᠠᠩᠬᠠᠷᠤᠯ ᠵᠶ᠋ᠠᠨ ᠲᠦᠪᠯᠡᠷᠡᠭᠦᠯᠦᠨ᠂ ᠴᠠᠭᠳᠠᠭ᠋ᠠᠨ᠎ᠤ ᠬᠦᠴᠦᠨ ᠵᠶ᠋ᠡᠨ ᠲᠦᠪᠯᠡᠷᠡᠭᠦᠯᠵᠦ᠂ ᠶᠠᠯᠠᠲᠤ ᠬᠡᠷᠡᠭ᠎ᠲᠤ ᠴᠣᠬᠢᠯᠲᠠ ᠥᠭᠬᠦ ᠠᠵᠢᠯ᠎ᠤᠨ ᠳᠤᠮᠳᠠ ᠣᠨᠤᠴᠠᠲᠠᠢ ᠢᠳᠡᠯᠡᠪᠡ᠃ ᠨᠢᠭᠡ ᠲᠠᠯ᠎ᠠ᠎ᠪᠠᠷ᠂ ᠶᠡᠬᠡ ᠬᠡᠷᠡᠭ᠎ᠢ ᠰᠢᠪᠲᠤᠯᠬᠤ᠎ᠪᠠᠷ ᠭᠣᠣᠯᠳᠠᠯᠭ᠎ᠠ ᠪᠣᠯᠭ᠋ᠠᠨ ᠪᠣᠭᠣᠮᠲᠠ ᠰᠢᠪᠲᠤᠯᠬᠤ ᠵᠢ ᠴᠢᠩᠭ᠋ᠠᠳᠬᠠᠪᠠ᠃ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠭᠣᠤᠯᠳᠠᠯᠭ᠎ᠠ᠎ᠲᠠᠢ ᠰᠦᠪᠡᠭᠴᠢ᠂ ᠬᠦᠨᠳᠦ ᠶᠡᠬᠡ ᠬᠡᠷᠡᠭ᠎ᠢ ᠴᠢᠩᠭ᠎ᠠ ᠠᠩᠬᠠᠷᠤᠨ᠂ ᠨᠢᠭᠡ ᠪᠦᠯᠦᠭ ᠲᠣᠮᠣ ᠬᠡᠷᠡᠭ᠎ᠢ ᠲᠥᠪᠯᠡᠷᠡᠭᠦᠯᠦᠨ ᠰᠢᠪᠲᠤᠯᠵᠤ᠂ ᠨᠢᠭᠡ ᠪᠦᠯᠦᠭ ᠬᠦᠴᠢᠷ ᠠᠰᠠᠭᠤᠳᠠᠯ᠎ᠢ ᠰᠢᠭᠤᠷᠬᠠᠢ᠌ᠯᠠᠨ ᠰᠢᠢᠳᠪᠦᠷᠢᠯᠡᠪᠡ᠃ ᠲᠦᠩᠯᠢᠶᠣᠤ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠡᠷᠡᠭᠦᠦ ᠵᠢᠨ ᠬᠡᠷᠡᠭ᠎ᠤᠨ ᠮᠡᠷᠭᠡᠵᠢᠯ᠎ᠤᠨ ᠠᠷᠭ᠎ᠠ ᠪᠠᠷᠢᠯ ᠵᠶ᠋ᠡᠷ 37 ᠵᠢᠯ ᠳᠤᠲᠠᠭ᠋ᠠᠭᠰᠠᠨ ᠠᠮᠢᠨ ᠬᠡᠷᠡᠭ᠎ᠤᠨ ᠣᠷᠭᠤᠳᠠᠭᠤᠯ ᠬᠡᠷᠡᠭᠲᠡᠨ ᠬᠠᠶ ᠣᠪᠣᠭᠲᠤ ᠵᠢ ᠨᠤᠲᠠᠯᠠᠵᠤ᠂ 《1982.7.16》 ᠬᠥᠮᠦᠨ ᠠᠯᠠᠭᠰᠠᠨ ᠬᠡᠷᠡᠭ᠎ᠢ ᠠᠮᠵᠢᠯᠲᠠᠲᠠᠶ ᠳᠡᠩᠨᠡᠨ ᠢᠯᠡᠷᠡᠭᠦᠯᠪᠡ᠃ ᠣᠷᠳᠣᠰ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠬᠢᠵᠢᠭ᠎ᠤᠨ ᠨᠥᠯᠥᠭᠡ ᠵᠢ ᠢᠯᠡᠨ ᠳᠠᠪᠠᠵᠤ᠂ ᠨᠠᠢᠮᠠᠨ ᠰᠠᠷ᠎ᠠ ᠳᠠᠷᠠᠭ᠋ᠠᠯᠠᠨ ᠪᠥᠬᠥ ᠤᠯᠤᠰ᠎ᠤᠨ ᠡᠯ᠎ᠡ ᠭᠠᠵᠠᠷ᠎ᠤᠳ ᠵᠶ᠋ᠡᠷ ᠬᠡᠳᠦᠨ ᠲᠦᠮᠡᠨ ᠺᠢᠯᠣᠮᠧᠲᠷ ᠶᠠᠪᠤᠵᠤ᠂ 600 ᠭᠠᠷᠤᠶ ᠲᠦᠮᠡᠨ ᠲᠥᠭᠥᠷᠢᠭ᠎ᠤᠨ ᠬᠡᠷᠡᠭ᠎ᠲᠤ ᠬᠣᠯᠪᠣᠭᠳᠠᠭᠰᠠᠨ 《2020.4.15》 ᠣᠨᠴᠠ ᠶᠡᠬᠡ ᠮᠡᠬᠡᠯᠡᠯ᠎ᠤᠨ ᠬᠡᠷᠡᠭ᠎ᠢ ᠠᠮᠵᠢᠯᠲᠠᠲᠠᠶ ᠳᠡᠩᠨᠡᠨ ᠢᠯᠡᠷᠡᠭᠦᠯᠪᠡ᠃ ᠨᠦᠬᠦᠭᠡ ᠲᠠᠯ᠎ᠠ᠎ᠪᠠᠷ᠂ ᠪᠠᠭ᠎ᠠ ᠬᠡᠷᠡᠭ᠎ᠢ ᠰᠢᠢ᠍ᠳᠪᠦᠷᠢᠯᠡᠬᠦ᠎ᠪᠠᠷ ᠭᠠᠷᠳᠠᠴᠠ ᠪᠣᠯᠭ᠋ᠠᠨ ᠪᠣᠭᠣᠮᠲᠠ ᠰᠢᠪᠲᠤᠯᠬᠤ ᠵᠢ ᠴᠢᠩᠭ᠋ᠠᠳᠬᠠᠪᠠ᠃ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠣᠯᠠᠨ ᠲᠦᠮᠡᠨ᠎ᠤ ᠦᠪᠡᠷ ᠪᠡᠶ᠎ᠡ ᠵᠢᠨ᠎ᠬᠢ᠎ᠨᠢ ᠠᠰᠢᠭ ᠲᠤᠰᠠ᠎ᠳᠤ ᠬᠠᠯᠳᠠᠵᠤ᠂ ᠪᠥᠬᠥ ᠣᠷᠣᠨ᠎ᠤ ᠡᠷᠡᠭᠦᠦ ᠵᠢᠨ ᠬᠡᠷᠡᠭ ᠡᠭᠦᠰᠬᠦ ᠬᠠᠨᠳᠤᠰᠢ ᠵᠢ ᠭᠣᠤᠯᠯᠠᠨ ᠵᠢᠯᠤᠭᠤᠳᠳᠠᠭ 《ᠬᠣᠶᠠᠷ ᠲᠣᠨᠤᠭ᠎ᠠ ᠨᠢᠭᠡ ᠬᠤᠯᠠᠭ᠋ᠠᠢ ᠨᠢᠭᠡ ᠮᠡᠬᠡᠯᠡᠯ》 ᠣᠯᠠᠨᠲᠠ ᠡᠭᠦᠰᠬᠦ ᠴᠢᠨᠠᠷᠲᠠᠶ ᠡᠳ᠋ ᠬᠥᠷᠥᠩᠭᠡ᠎ᠳᠤ ᠬᠠᠯᠳᠠᠭᠰᠠᠨ ᠶᠠᠯᠠᠲᠤ ᠬᠡᠷᠡᠭ᠎ᠲᠤ ᠴᠣᠬᠢᠯᠲᠠ ᠥᠭᠬᠦ ᠵᠢ ᠠᠷᠠᠳ᠎ᠤᠨ ᠠᠮᠢᠳᠤᠷᠠᠯ᠎ᠢ ᠪᠠᠲᠤᠯᠠᠬᠤ ᠶᠡᠬᠡ ᠶᠠᠪᠤᠳᠠᠯ ᠪᠣᠯᠭ᠋ᠠᠵᠤ ᠠᠳᠬᠤᠨ᠂ ᠬᠡᠷ᠎ᠲᠤ ᠣᠷᠣᠵᠤ ᠬᠤᠯᠠᠭ᠋ᠠᠢ᠌ᠯᠠᠬᠤ᠂ ᠬᠤᠯᠠᠭᠤᠬᠤ ᠵᠡᠷᠭᠡ ᠣᠯᠠᠨ ᠡᠭᠦᠰᠬᠦ ᠠᠮᠠᠷᠬᠠᠨ ᠡᠭᠦᠰᠬᠦ ᠶᠠᠯᠠᠲᠤ ᠬᠡᠷᠡᠭ᠎ᠲᠤ ᠴᠣᠬᠢᠯᠲᠠ ᠥᠭᠬᠦ ᠵᠢ ᠭᠣᠤᠯᠳᠠᠯᠭ᠎ᠠ᠎ᠠᠴᠠ ᠭᠣᠤᠯᠳᠠᠯᠭ᠎ᠠ ᠪᠣᠯᠭ᠋ᠠᠵᠤ᠂ ᠣᠯᠠᠨ ᠠᠷᠭ᠎ᠠ ᠵᠢ ᠵᠡᠷᠭᠡ᠎ᠪᠠᠷ ᠵᠠᠷᠤᠵᠤ ᠪᠥᠬᠥ ᠬᠦᠴᠦᠨ ᠵᠶ᠋ᠡᠷ ᠰᠢᠪᠲᠤᠯᠤᠯᠲᠠ ᠬᠢᠪᠠ᠃ ᠬᠥᠬᠡᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠲᠤᠬᠠᠶ ᠵᠢᠨ ᠭᠠᠵᠠᠷ᠎ᠤᠨ ᠪᠠᠢ᠌ᠳᠠᠯ᠎ᠳᠤ ᠲᠣᠬᠢᠷᠠᠭᠤᠯᠤᠨ᠂ 2020 ᠣᠨ᠎ᠤ 10 ᠳ᠋ᠤᠭ᠋ᠠᠷ ᠰᠠᠷ᠎ᠠ ᠵᠢᠨ ᠳᠤᠮᠳᠠᠴᠢ᠎ᠪᠠᠷ ᠣᠯᠠᠨ ᠡᠭᠦᠰᠬᠦ ᠴᠢᠨᠠᠷᠲᠠᠶ ᠡᠳ᠋ ᠬᠥᠷᠥᠩᠭᠡ᠎ᠳᠤ ᠬᠠᠯᠳᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ ᠬᠡᠷᠡᠭ᠎ᠲᠤ ᠴᠣᠬᠢᠯᠲᠠ ᠥᠭᠬᠦ ᠲᠤᠰᠬᠠᠶ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠦᠷᠨᠢᠭᠦᠯᠦᠭᠡᠳ ᠢᠯᠡᠳᠲᠡ ᠦᠷ᠎ᠡ ᠪᠦᠲᠦᠮᠵᠢ ᠤᠯᠪᠠ᠃ ᠨᠢᠳᠤᠨᠤᠨ᠎ᠤ 12 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ᠂ ᠲᠤᠰᠬᠠᠶ ᠠᠵᠢᠯᠯᠠᠭ᠋ᠠᠨ᠎ᠤ ᠬᠤᠭᠤᠴᠠᠭ᠋ᠠᠨ᠎ᠳᠤ ᠬᠤᠯᠠᠭ᠋ᠠᠢ᠌ᠯᠠᠭᠰᠠᠨ ᠲᠣᠨᠤᠭᠰᠠᠨ ᠲᠥᠷᠥᠯ᠎ᠤᠨ ᠬᠡᠷᠡᠭ᠎ᠢ ᠨᠡᠢ᠌ᠲᠡ 231 ᠢᠯᠡᠷᠡᠭᠦᠯᠵᠦ᠂ 236 ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠵᠠᠶ᠃
      ᠭᠤᠷᠪᠠ᠎ᠳᠤ᠂ ᠭᠦᠨᠵᠡᠭᠡᠢ ᠵᠠᠳᠠᠯᠵᠤ᠂ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠪᠡ᠃ ᠮᠠᠨ᠎ᠤ ᠣᠷᠣᠨ᠎ᠤ ᠨᠡᠢ᠌ᠭᠡᠮ᠎ᠤᠨ ᠠᠮᠤᠷ ᠲᠦᠪᠰᠢᠨ᠎ᠤ ᠪᠠᠢ᠌ᠳᠠᠯ ᠪᠣᠯᠤᠨ ᠡᠷᠡᠭᠦᠦ ᠵᠢᠨ ᠬᠡᠷᠡᠭ᠎ᠤᠨ ᠶᠠᠯᠠᠲᠤ ᠬᠡᠷᠡᠭ᠎ᠤᠨ ᠣᠨᠴᠠᠯᠢᠭ᠎ᠲᠠᠢ ᠤᠶᠠᠯᠳᠤᠭᠤᠯᠤᠨ᠂ ᠭᠦᠨᠵᠡᠭᠡᠶ ᠰᠤᠳᠤᠯᠬᠤ᠎ᠪᠠᠷ ᠳᠠᠮᠵᠢᠭᠤᠯᠵᠤ᠂ ᠡᠷᠡᠭᠦᠦ ᠵᠢᠨ ᠬᠡᠷᠡᠭ᠎ᠤᠨ ᠶᠠᠯᠠᠲᠤ ᠬᠡᠷᠡᠭ᠎ᠤᠨ ᠬᠥᠭᠵᠢᠯᠲᠡ ᠵᠢᠨ ᠬᠠᠨᠳᠤᠰᠢ ᠵᠢ ᠰᠠᠷ᠎ᠠ ᠳᠠᠷᠠᠭ᠋ᠠᠯᠠᠨ ᠵᠠᠳᠠᠯᠵᠤ ᠲᠥᠰᠦᠭᠡᠯᠡᠪᠡ᠃ ᠨᠢᠭᠡ ᠬᠡᠷᠡᠭ᠎ᠲᠤ ᠣᠯᠠᠨ ᠬᠥᠮᠦᠨ ᠠᠯᠠᠭᠳᠠᠭᠰᠠᠨ ᠡᠢ᠌ᠮᠦᠷᠬᠦ ᠨᠡᠢ᠌ᠭᠡᠮ᠎ᠤᠨ ᠥᠷᠭᠡᠨ ᠳᠡᠯᠭᠡᠷ ᠨᠥᠯᠥᠭᠡ᠎ᠲᠠᠢ ᠭᠡᠮᠲᠦ ᠬᠡᠷᠡᠭ᠎ᠲᠤ ᠴᠢᠭᠯᠡᠭᠦᠯᠦᠨ ᠬᠡᠷᠡᠭ ᠳᠠᠷᠠᠭ᠋ᠠᠯᠠᠨ ᠵᠠᠳᠠᠯᠤᠯᠲᠠ ᠬᠢᠵᠦ᠂ ᠵᠢᠮ᠎ᠡ ᠶᠣᠰᠤ ᠣᠨᠴᠠᠯᠢᠭ᠎ᠢ᠎ᠨᠢ ᠳ᠋ᠦᠩᠨᠡᠬᠦ ᠵᠢᠨ ᠬᠠᠮᠲᠤ ᠲᠤᠰᠬᠠᠢ ᠮᠡᠳᠡᠭᠦᠯᠦᠯᠲᠡ᠎ᠪᠠᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶ᠎ᠠ᠎ᠳᠤ ᠮᠡᠳᠡᠭᠦᠯᠦᠨ᠂ ᠨᠡᠢ᠌ᠭᠡᠮ᠎ᠤᠨ ᠡᠯ᠎ᠡ ᠲᠠᠯ᠎ᠠ ᠵᠢᠨ ᠬᠦᠴᠦᠨ᠎ᠢ ᠳᠠᠢ᠌ᠴᠢᠯᠠᠵᠤ ᠪᠦᠲᠦᠮᠵᠢᠲᠡᠶ ᠰᠡᠷᠭᠡᠢ᠌ᠯᠡᠨ ᠡᠵᠡᠮᠳᠡᠬᠦ᠎ᠳᠤ ᠬᠦᠴᠦᠲᠡᠶ ᠲᠤᠯᠭ᠋ᠠᠭᠤᠷᠢᠯᠠᠯ ᠬᠠᠩᠭ᠋ᠠᠪᠠ᠃ ᠡᠭᠦᠨ᠎ᠲᠠᠢ ᠵᠡᠷᠭᠡᠴᠡᠭᠡ᠎ᠪᠠᠷ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠲᠣᠰ ᠱᠠᠲᠤᠨ᠎ᠤ ᠮᠡᠬᠡᠯᠡᠯ᠎ᠢ ᠡᠰᠡᠷᠭᠦᠴᠡᠬᠦ ᠲᠥᠪ᠎ᠤᠨ ᠪᠥᠲᠥᠭᠡᠨ ᠪᠠᠢ᠌ᠭᠤᠯᠤᠯᠲᠠ ᠵᠢ ᠲᠠᠰᠤᠷᠠᠯᠲᠠ ᠥᠬᠡᠶ ᠴᠢᠩᠭ᠋ᠠᠳᠬᠠᠭᠰᠠᠨ ᠰᠠᠭᠤᠷᠢᠨ ᠳᠡᠭᠡᠷ᠎ᠡ᠂ ᠬᠥᠬᠡᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢ ᠬᠦᠴᠦᠲᠠᠢ ᠳᠡᠮᠵᠢᠨ ᠪᠥᠬᠥ ᠣᠷᠣᠨ᠎ᠤ ᠮᠡᠬᠡᠯᠡᠯ᠎ᠢ ᠡᠰᠡᠷᠭᠦᠴᠡᠬᠦ ᠬᠠᠮᠤᠭ᠎ᠤᠨ ᠶᠡᠬᠡ ᠲᠥᠪ᠎ᠢ ᠪᠥᠲᠥᠭᠡᠨ ᠪᠠᠢ᠌ᠭᠤᠯᠵᠤ᠂ ᠪᠥᠬᠥ ᠣᠷᠣᠨ᠎ᠤ ᠡᠯ᠎ᠡ ᠱᠠᠲᠤᠨ᠎ᠤ ᠮᠡᠬᠡᠯᠡᠯ᠎ᠢ ᠡᠰᠡᠷᠭᠦᠴᠡᠬᠦ ᠲᠥᠪ᠎ᠤᠨ ᠪᠥᠲᠥᠭᠡᠨ ᠪᠠᠢ᠌ᠭᠤᠯᠤᠯᠲᠠ ᠵᠢ ᠳᠠᠢ᠌ᠴᠢᠯᠠᠨ᠂ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠶᠠᠯᠠᠲᠤ ᠬᠡᠷᠡᠭ᠎ᠲᠤ ᠴᠣᠬᠢᠯᠲᠠ ᠥᠭᠬᠦ᠎ᠳᠤ ᠴᠢᠩᠭ᠎ᠠ ᠬᠦᠴᠦᠲᠡᠶ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠭᠡ ᠵᠠᠩᠭᠢ ᠵᠢᠨ ᠲᠤᠯᠭ᠋ᠠᠭᠤᠷᠢᠯᠠᠯ ᠬᠠᠩᠭ᠋ᠠᠵᠤ᠂ ᠠᠷᠠᠳ ᠣᠯᠠᠨ᠎ᠤ 《ᠮᠦᠩᠭᠦᠨ᠎ᠤ ᠴᠦᠩᠬᠦ》 ᠵᠢᠨ ᠠᠮᠤᠷ ᠲᠦᠪᠰᠢᠨ᠎ᠢ ᠪᠥᠬᠥ ᠬᠦᠴᠦᠨ ᠵᠶ᠋ᠡᠷ ᠵᠶ᠋ᠡᠨ ᠬᠠᠮᠠᠭ᠋ᠠᠯᠠᠪᠠ᠃
      ᠳᠥᠷᠪᠡ᠎ᠳᠤ᠂ ᠨᠠᠷᠢᠨ ᠨᠢᠮᠪᠠᠶ ᠰᠡᠢ᠌ᠯᠵᠦ᠂ ᠰᠠᠭᠤᠷᠢ᠎ᠪᠠᠨ ᠪᠡᠬᠢᠵᠢᠭᠦᠯᠪᠡ᠃ ᠠᠷᠭ᠎ᠠ ᠪᠠᠷᠢᠯ᠎ᠤᠨ ᠮᠡᠳᠡᠭᠡ ᠵᠠᠩᠭᠢᠵᠢᠯᠲᠠ᠂ ᠬᠠᠤᠯᠢ ᠬᠡᠷᠡᠭᠵᠢᠭᠦᠯᠦᠯᠲᠡ ᠵᠢᠨ ᠵᠢᠷᠤᠮᠵᠢᠯᠲᠠ᠂ ᠡᠩᠨᠡᠭᠡᠨ᠎ᠤ ᠵᠢᠩᠭᠢᠨᠢ ᠳᠠᠢ᠌ᠨᠵᠢᠯᠠᠯᠲᠠ ᠵᠢ ᠶᠡᠷᠦᠩᠬᠡᠢ᠌ᠯᠡᠨ ᠠᠬᠢᠭᠤᠯᠬᠤ᠎ᠪᠠᠷ ᠳᠠᠮᠵᠢᠭᠤᠯᠵᠤ᠂ ᠡᠷᠡᠭᠦᠦ ᠵᠢᠨ ᠶᠠᠯᠠᠲᠤ ᠬᠡᠷᠡᠭ᠎ᠲᠤ ᠴᠣᠬᠢᠯᠲᠠ ᠥᠭᠬᠦ ᠠᠵᠢᠯ᠎ᠤᠨ ᠰᠠᠭᠤᠷᠢ ᠵᠢ ᠤᠯᠠᠮ ᠨᠢᠭᠡ ᠠᠯᠬᠤᠮ ᠪᠠᠲᠤᠳᠬᠠᠪᠠ᠃ ᠰᠢᠨᠵᠢᠯᠡᠭᠡ ᠮᠡᠷᠭᠡᠵᠢᠯ᠎ᠤᠨ ᠲᠤᠯᠭ᠋ᠠᠭᠤᠷᠢᠯᠠᠯ᠎ᠢ ᠴᠢᠩᠭ᠋ᠠᠳᠬᠠᠬᠤ ᠲᠠᠯ᠎ᠠ᠎ᠪᠠᠷ᠂ 《ᠤᠮᠠᠷᠠᠲᠤ ᠬᠢᠯᠢ ᠵᠢᠨ ᠡᠭᠦᠯᠡ• ᠣᠶᠤᠨᠴᠢ᠎ᠪᠠᠷ ᠳᠣᠲᠣᠭ᠋ᠠᠳᠤ ᠵᠢ ᠬᠠᠮᠠᠭ᠋ᠠᠯᠠᠬᠤ》 ᠪᠥᠲᠥᠭᠡᠨ ᠪᠠᠢ᠌ᠭᠤᠯᠤᠯᠲᠠ ᠵᠢᠨ ᠶᠡᠬᠡ ᠲᠠᠯ᠎ᠠ᠎ᠳᠤ ᠲᠦᠰᠢᠭᠯᠡᠨ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ᠂ ᠴᠠᠬᠢᠯᠭ᠋ᠠᠨ ᠬᠣᠯᠪᠤᠭ᠎ᠠ ᠰᠦᠯᠵᠢᠶᠡᠨ᠎ᠤ ᠮᠡᠬᠡᠯᠡᠯ᠎ᠢ ᠡᠰᠡᠷᠭᠦᠴᠡᠬᠦ ᠵᠡᠷᠭᠡ 7 ᠰᠢᠰᠲ᠋ᠧᠮ᠎ᠤᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠵᠤ᠂ ᠣᠶᠤᠨᠴᠢ ᠬᠡᠷᠡᠭᠯᠡᠭᠡ᠂ ᠰᠢᠯᠵᠢᠭᠡ ᠬᠡᠷᠡᠭᠯᠡᠭᠡ᠂ ᠬᠤᠷᠠᠮᠠᠯ ᠬᠡᠷᠡᠭᠯᠡᠯᠲᠡ ᠵᠢᠨ ᠣᠶᠤᠨᠴᠢ ᠲᠠᠩᠨᠠᠯᠲᠠ ᠵᠢᠨ ᠰᠢᠰᠲ᠋ᠧᠮ᠎ᠢ ᠠᠩᠬ᠎ᠠ ᠠᠯᠬᠤᠮ ᠪᠠᠢ᠌ᠭᠤᠯᠵᠤ᠂ ᠲᠠᠩᠨᠠᠨ ᠪᠠᠢ᠌ᠴᠠᠭ᠋ᠠᠵᠤ ᠴᠣᠬᠢᠯᠲᠠ ᠥᠭᠬᠦ ᠠᠵᠢᠯ᠎ᠢ ᠪᠦᠲᠦᠮᠵᠢᠲᠡᠶ ᠲᠤᠯᠭ᠋ᠠᠭᠤᠷᠢᠯᠠᠪᠠ᠃ ᠡᠷᠡᠭᠦᠦ ᠵᠢᠨ ᠬᠡᠷᠡᠭ᠎ᠤᠨ ᠮᠡᠷᠭᠡᠵᠢᠯ᠎ᠤᠨ ᠠᠷᠪᠠᠨ ᠵᠦᠢ᠍ᠯ᠎ᠤᠨ ᠭᠣᠣᠯᠳᠠᠯᠭ᠎ᠠ᠎ᠲᠠᠢ ᠠᠵᠢᠯ᠎ᠢ ᠬᠦᠴᠦᠲᠡᠢ ᠲᠦᠯᠬᠢᠨ ᠠᠬᠢᠭᠤᠯᠵᠤ᠂ ᠲᠤᠬᠠᠢ ᠵᠢᠨ ᠲᠠᠯᠠᠪᠠᠢ᠎ᠳᠤ ᠬᠠᠢ᠌ᠨ ᠪᠠᠢ᠌ᠴᠠᠭ᠋ᠠᠬᠤ᠂ ᠰᠢᠯᠭ᠋ᠠᠨ ᠪᠠᠢ᠌ᠴᠠᠭ᠋ᠠᠵᠤ ᠬᠢᠨᠠᠨ ᠲᠣᠭᠲᠠᠭ᠋ᠠᠬᠤ ᠪᠠ ᠮᠡᠳᠡᠭᠡ ᠵᠠᠩᠭᠢᠵᠢᠯᠲᠠ᠎ᠪᠠᠷ ᠬᠠᠷᠢᠴᠠᠭᠤᠯᠬᠤ ᠠᠷᠭ᠎ᠠ ᠪᠠᠷᠢᠯ᠎ᠤᠨ ᠪᠠᠢ᠌ᠭᠤᠯᠤᠯᠲᠠ ᠵᠢ ᠶᠡᠬᠡ᠎ᠪᠠᠷ ᠴᠢᠩᠭ᠋ᠠᠳᠬᠠᠵᠤ᠂ ᠠᠮᠢᠨ ᠬᠡᠷᠡᠭ᠎ᠤᠨ 73 ᠳᠠᠷᠤᠭᠳᠠᠮᠠᠯ ᠬᠡᠷᠡᠭ᠎ᠢ ᠠᠮᠵᠢᠯᠲᠠ᠎ᠲᠠᠢ᠎ᠪᠠᠷ ᠰᠢᠪᠲᠤᠯᠤᠨ ᠰᠢᠢ᠍ᠳᠪᠦᠷᠢᠯᠡᠪᠡ᠃ ᠬᠠᠤᠯᠢ ᠬᠡᠷᠡᠭᠵᠢᠭᠦᠯᠦᠯᠲᠡ ᠬᠡᠷᠡᠭ ᠰᠢᠢ᠍ᠳᠪᠦᠷᠢᠯᠡᠯᠲᠡ ᠵᠢᠨ ᠵᠢᠷᠤᠮᠵᠢᠯ᠎ᠢ ᠠᠬᠢᠭᠤᠯᠬᠤ ᠲᠠᠯ᠎ᠠ᠎ᠪᠠᠷ᠂ ᠪᠦᠬᠦ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠨᠤᠭᠤᠳ ᠬᠡᠷᠡᠭ ᠰᠢᠢᠳᠪᠦᠷᠢᠯᠡᠬᠦ ᠶᠠᠰᠤ ᠴᠢᠨᠠᠷ᠎ᠢ ᠡᠷᠡᠭᠦᠦ ᠵᠢᠨ ᠶᠠᠯᠠᠲᠤ ᠬᠡᠷᠡᠭ᠎ᠲᠤ ᠴᠣᠬᠢᠯᠲᠠ ᠥᠭᠬᠦ ᠠᠵᠢᠯ᠎ᠤᠨ ᠠᠮᠢᠨ ᠰᠤᠳᠠᠰᠤ ᠪᠣᠯᠭ᠋ᠠᠬᠤ ᠵᠢ ᠪᠠᠷᠢᠮᠲᠠᠯᠠᠪᠠ᠃ ᠣᠨᠴᠠᠭ᠋ᠠᠢ᠌ᠯᠠᠨ ᠬᠠᠷ᠎ᠠ ᠪᠦᠯᠦᠭᠲᠡᠨ ᠬᠠᠷᠭᠢᠰ ᠬᠦᠴᠦᠨ᠎ᠳᠤ ᠬᠣᠯᠪᠣᠭᠳᠠᠭᠰᠠᠨ ᠬᠡᠷᠡᠭ᠎ᠢ ᠲᠠᠩᠨᠠᠨ ᠰᠢᠢᠳᠪᠦᠷᠢᠯᠡᠬᠦ ᠳᠤᠮᠳᠠ᠂ ᠰᠢᠭᠦᠨ ᠲᠠᠰᠤᠯᠬᠤ᠎ᠪᠠᠷ ᠭᠣᠣᠯ ᠪᠣᠯᠭ᠋ᠠᠬᠤ ᠵᠢ ᠪᠠᠷᠢᠮᠲᠠᠯᠠᠨ᠂ ᠬᠠᠷ᠎ᠠ ᠬᠠᠷᠭᠢᠰ ᠬᠦᠴᠦᠨ᠎ᠤ ᠡᠷᠡᠭᠦᠦ ᠵᠢᠨ ᠬᠡᠷᠡᠭ᠎ᠢ ᠰᠢᠢᠳᠪᠦᠷᠢᠯᠡᠬᠦ ᠲᠤᠬᠠᠶ ᠬᠣᠶᠠᠷ ᠳᠡᠭᠡᠳᠦ ᠬᠣᠶᠠᠷ ᠶᠠᠮᠤᠨ᠎ᠤ ᠰᠢᠨ᠎ᠡ ᠬᠠᠤᠯᠢ ᠲᠣᠭᠲᠠᠭ᠋ᠠᠯ ᠵᠶ᠋ᠠᠷ ᠦᠨᠳᠦᠰᠦᠯᠡᠯ ᠪᠣᠯᠭ᠋ᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ᠎ᠳᠤ ᠬᠣᠯᠪᠣᠭᠳᠠᠭᠰᠠᠨ ᠡᠷᠡᠭᠦᠦ ᠵᠢᠨ ᠬᠡᠷᠡᠭ᠎ᠢ ᠰᠢᠢᠳᠪᠦᠷᠢᠯᠡᠬᠦ ᠭᠡᠷᠡᠴᠢ ᠪᠠᠷᠢᠮᠲᠠ ᠵᠢᠨ ᠬᠡᠪ ᠪᠠᠷᠢᠮᠵᠢᠶ᠎ᠠ ᠵᠡᠷᠭᠡ ᠲᠣᠭᠲᠠᠴᠠ ᠵᠢ ᠲᠣᠭᠲᠠᠭ᠋ᠠᠪᠠ᠃ ᠰᠢᠭᠦᠬᠦ ᠬᠣᠷᠢᠶ᠎ᠠ᠂ ᠪᠠᠢ᠌ᠴᠠᠭ᠋ᠠᠬᠤ ᠬᠣᠷᠢᠶ᠎ᠠ᠎ᠯᠤᠭ᠎ᠠ ᠵᠢᠨ ᠬᠠᠮᠵᠢᠯᠴᠠᠭ᠎ᠠ ᠬᠣᠷᠰᠢᠯᠴᠠᠭ᠎ᠠ᠎ᠪᠠᠨ ᠴᠢᠩᠭ᠋ᠠᠳᠬᠠᠵᠤ᠂ 《ᠶᠡᠬᠡ ᠭᠤᠷᠪᠠᠨ ᠳᠠᠷᠤᠭ᠎ᠠ》᠂ 《ᠪᠠᠭ᠎ᠠ ᠭᠤᠷᠪᠠᠨ ᠳᠠᠷᠤᠭ᠎ᠠ》 ᠵᠢᠨ ᠵᠦᠪᠳᠡᠯᠴᠡᠵᠦ ᠬᠠᠮᠵᠢᠯᠴᠠᠬᠤ ᠲᠣᠭᠲᠠᠴᠠ ᠪᠠ ᠪᠠᠢ᠌ᠴᠠᠭ᠋ᠠᠬᠤ ᠬᠣᠷᠢᠶ᠎ᠠ ᠵᠢᠨ ᠤᠷᠢᠳᠴᠢᠯᠠᠨ ᠣᠷᠣᠯᠴᠠᠬᠤ ᠳᠦᠷᠢᠮ᠎ᠢ ᠴᠢᠩᠭ᠎ᠠ ᠨᠠᠢ᠌ᠳᠠᠪᠤᠷᠢᠢ᠍ᠭᠤᠯᠪᠠ᠃ ᠭᠡᠷᠡᠴᠢ ᠪᠠᠷᠢᠮᠲᠠ ᠵᠢᠨ ᠬᠡᠯᠬᠢᠶ᠎ᠡ ᠵᠢ ᠲᠡᠭᠦᠯᠳᠡᠷᠵᠢᠭᠦᠯᠵᠦ᠂ ᠳᠡᠩᠨᠡᠨ ᠰᠢᠢ᠍ᠳᠪᠦᠷᠢᠯᠡᠬᠦ ᠬᠡᠷᠡᠭ ᠨᠢᠭᠡ ᠪᠦᠷᠢ ᠴᠥᠮ ᠰᠢᠨᠵᠢ ᠴᠢᠨᠠᠷ᠎ᠨᠢ ᠣᠨᠣᠪᠴᠢᠲᠠᠢ ᠲᠣᠭᠲᠠᠭ᠋ᠠᠭᠳᠠᠭᠰᠠᠨ ᠪᠠᠢ᠌ᠬᠤ᠂ ᠭᠡᠷᠡᠴᠢ ᠪᠠᠷᠢᠮᠲᠠ ᠪᠦᠷᠢᠨ ᠭᠦᠢ᠍ᠴᠡᠳ ᠪᠠᠢ᠌ᠬᠤ᠂ ᠶᠠᠪᠤᠴᠠ ᠳᠠᠷᠠᠭ᠋ᠠᠯᠠᠯ ᠬᠠᠤᠯᠢ᠎ᠳᠤ ᠨᠡᠢ᠌ᠴᠡᠭᠰᠡᠨ ᠪᠠᠢ᠌ᠬᠤ ᠵᠢ ᠪᠠᠲᠤᠯᠠᠪᠠ᠃ ᠡᠩᠨᠡᠭᠡᠨ᠎ᠤ ᠵᠢᠩᠭᠢᠨᠢ ᠲᠤᠯᠤᠯᠴᠠᠭ᠋ᠠᠨ᠎ᠤ ᠴᠢᠳᠠᠪᠤᠷᠢ ᠵᠢ ᠳᠡᠭᠡᠭᠰᠢᠯᠡᠭᠦᠯᠬᠦ ᠲᠠᠯ᠎ᠠ᠎ᠪᠠᠷ᠂ 《ᠤᠯᠤᠰ ᠲᠥᠷᠥ᠎ᠪᠠᠷ ᠴᠠᠭᠳᠠᠭ᠎ᠠ ᠵᠢ ᠪᠠᠢ᠌ᠭᠤᠯᠵᠤ ᠴᠠᠭᠳᠠᠭ᠎ᠠ ᠵᠢ ᠪᠥᠬᠥ ᠲᠠᠯ᠎ᠠ᠎ᠪᠠᠷ ᠴᠢᠩᠭ᠎ᠠ ᠵᠠᠰᠠᠬᠤ ᠵᠢ ᠪᠠᠷᠢᠮᠲᠠᠯᠠᠬᠤ》 ᠬᠥᠮᠦᠵᠢᠯ ᠴᠡᠭᠴᠡᠯᠡᠯᠲᠡ᠎ᠪᠠᠷ ᠠᠵᠠ ᠲᠣᠬᠢᠶᠠᠯ ᠪᠣᠯᠭ᠋ᠠᠵᠤ᠂ 《ᠡᠷᠡᠭᠦᠦ ᠵᠢᠨ ᠬᠡᠷᠡᠭ᠎ᠢ ᠲᠠᠩᠨᠠᠬᠤ ᠶᠡᠬᠡ ᠰᠤᠷᠭ᠋ᠠᠭᠤᠯᠢᠯᠠᠯ》 ᠵᠶ᠋ᠠᠷ ᠭᠠᠷᠳᠠᠴᠠ ᠪᠣᠯᠭ᠋ᠠᠵᠤ᠂ ᠰᠣᠷᠢᠯᠲᠠ᠎ᠪᠠᠷ ᠲᠤᠯᠤᠯᠴᠠᠭ᠋ᠠᠨ᠎ᠢ ᠠᠬᠢᠭᠤᠯᠬᠤ᠂ ᠲᠤᠯᠤᠯᠴᠠᠭ᠋ᠠᠨ ᠵᠶ᠋ᠡᠷ ᠪᠣᠯᠪᠠᠰᠤᠷᠠᠯ᠎ᠢ ᠳᠠᠢ᠌ᠴᠢᠯᠠᠬᠤ᠎ᠪᠠᠷ ᠳᠠᠮᠵᠢᠭᠤᠯᠤᠭ᠋ᠠᠳ ᠰᠦᠯᠵᠢᠶ᠎ᠡ᠎ᠪᠠᠷ ᠲᠠᠩᠨᠠᠬᠤ᠂ ᠲᠣᠮᠣ ᠳ᠋ᠠᠢ᠌ᠲ᠋ᠠ᠎ᠪᠠᠷ ᠵᠠᠳᠠᠯᠬᠤ᠂ ᠨᠢᠭᠤᠴᠠ ᠮᠡᠳᠡᠭᠡ ᠮᠡᠳᠡᠭᠡ ᠵᠠᠩᠭᠢ᠎ᠪᠠᠷ ᠰᠤᠳᠤᠯᠤᠨ ᠮᠠᠭ᠋ᠠᠳᠯᠠᠬᠤ ᠵᠡᠷᠭᠡ ᠨᠢᠭᠡ ᠪᠦᠯᠦᠭ ᠰᠢᠨ᠎ᠡ ᠮᠡᠷᠭᠡᠵᠢᠯ᠂ ᠰᠢᠨ᠎ᠡ ᠠᠷᠭ᠎ᠠ ᠪᠠᠷᠢᠯ ᠪᠥᠬᠥᠶ ᠲᠤᠰᠬᠠᠶ ᠮᠡᠷᠭᠡᠵᠢᠯᠲᠡᠨ ᠴᠢᠳᠠᠪᠤᠷᠢᠲᠠᠨ᠎ᠢ ᠢᠯᠡᠷᠡᠭᠦᠯᠦᠨ ᠬᠥᠮᠦᠵᠢᠭᠦᠯᠵᠦ᠂ ᠣᠯᠠᠨ ᠲᠠᠰ ᠳᠠᠪᠬᠤᠷᠭ᠎ᠠ᠎ᠲᠠᠢ᠂ ᠣᠯᠠᠨ ᠱᠠᠲᠤᠯᠵᠢᠨ ᠡᠩᠨᠡᠭᠡ᠎ᠲᠠᠢ᠂ ᠣᠯᠠᠨ ᠲᠤᠰᠬᠠᠶ ᠮᠡᠷᠭᠡᠵᠢᠯ᠎ᠲᠠᠢ ᠲᠤᠰᠬᠠᠶ ᠮᠡᠷᠭᠡᠵᠢᠯᠲᠡᠨ᠎ᠤ ᠡᠩᠨᠡᠭᠡ ᠵᠢᠨ ᠰᠢᠰᠲ᠋ᠧᠮ᠎ᠢ ᠪᠠᠢ᠌ᠭᠤᠯᠤᠨ᠂ ᠤᠯᠤᠰ ᠲᠥᠷᠥ ᠵᠢᠨ ᠲᠠᠯ᠎ᠠ᠎ᠪᠠᠷ ᠪᠠᠲᠤ ᠴᠢᠩᠭ᠎ᠠ᠂ ᠡᠷᠳᠡᠮ ᠴᠢᠳᠠᠪᠤᠷᠢ ᠰᠠᠢ᠌ᠲᠠᠶ ᠰᠢᠨ᠎ᠡ ᠴᠠᠭ ᠦᠶ᠎ᠡ ᠵᠢᠨ ᠳᠣᠲᠣᠭ᠋ᠠᠳᠤ ᠵᠢ ᠬᠠᠮᠠᠭ᠋ᠠᠯᠠᠬᠤ ᠡᠷᠡᠭᠦᠦ ᠵᠢᠨ ᠬᠡᠷᠡᠭ᠎ᠢ ᠲᠠᠩᠨᠠᠬᠤ ᠲᠡᠮᠦᠷ ᠴᠡᠷᠢᠭ᠎ᠢ ᠤᠯᠠᠮ ᠨᠢᠭᠡ ᠠᠯᠬᠤᠮ ᠳᠠᠪᠲᠠᠨ ᠪᠣᠯᠪᠠᠰᠤᠷᠠᠭᠤᠯᠵᠤ ᠭᠠᠷᠭ᠋ᠠᠵᠠᠢ᠃ ᠲᠣᠰ ᠵᠢᠯ᠎ᠳᠤ 836 ᠨᠡᠷᠡᠰ ᠡᠷᠡᠭᠦᠦ ᠵᠢᠨ ᠬᠡᠷᠡᠭ᠎ᠤᠨ ᠴᠠᠭᠳᠠᠭ᠎ᠠ ᠪᠠ 18 ᠬᠠᠮᠲᠤ ᠨᠡᠢ᠌ᠲᠡ ᠵᠢ ᠱᠠᠩᠨᠠᠨ ᠬᠥᠬᠢᠭᠦᠯᠪᠡ᠃
      ᠬᠠᠮᠤᠭ᠎ᠤᠨ ᠰᠡᠭᠦᠯ᠎ᠳᠤ᠂ ᠡᠯ᠎ᠡ ᠰᠣᠨᠢᠨ ᠮᠡᠳᠡᠭᠡᠨ᠎ᠤ ᠵᠠᠭᠤᠴᠢᠯᠠᠭᠤᠷ᠎ᠤᠨ᠎ᠬᠢᠨ᠎ᠤ ᠣᠯᠠᠨ ᠵᠢᠯ᠎ᠤᠨ ᠲᠤᠷᠰᠢ ᠮᠠᠨ᠎ᠤ ᠣᠷᠣᠨ᠎ᠤ ᠡᠷᠡᠭᠦᠦ ᠵᠢᠨ ᠬᠡᠷᠡᠭ᠎ᠤᠨ ᠶᠠᠯᠠᠲᠤ ᠬᠡᠷᠡᠭ᠎ᠲᠤ ᠴᠣᠬᠢᠯᠲᠠ ᠥᠭᠬᠦ ᠠᠵᠢᠯ᠎ᠢ ᠬᠠᠯᠠᠮᠵᠢᠯᠠᠨ ᠳᠡᠮᠵᠢᠭᠰᠡᠨ᠎ᠳᠤ ᠲᠠᠯᠠᠷᠬᠠᠵᠤ ᠪᠠᠢ᠌ᠨ᠎ᠠ᠃ ᠰᠢᠨ᠎ᠡ ᠨᠢᠭᠡᠨ ᠵᠢᠯ᠎ᠳᠤ᠂ ᠮᠠᠨ᠎ᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠶᠠᠯᠠᠲᠤ ᠬᠡᠷᠡᠭ᠎ᠲᠤ ᠴᠣᠬᠢᠯᠲᠠ ᠦᠭᠴᠦ᠂ ᠠᠮᠤᠷ ᠲᠣᠭᠲᠠᠭᠤᠨ᠎ᠢ ᠬᠠᠮᠠᠭ᠋ᠠᠯᠠᠬᠤ ᠠᠵᠢᠯ᠎ᠳᠤ ᠦᠷᠭᠦᠯᠵᠢᠯᠡᠨ ᠠᠷᠭ᠎ᠠ ᠤᠬᠠᠭ᠋ᠠᠨ ᠭᠠᠷᠭ᠋ᠠᠬᠤ ᠵᠢ ᠬᠦᠰᠡᠵᠦ ᠪᠠᠢ᠌ᠨ᠎ᠠ᠃
      ᠰᠢᠨ᠎ᠡ ᠴᠠᠭ ᠦᠶ᠎ᠡ ᠵᠢᠨ ᠲᠠᠯ᠎ᠠ ᠨᠤᠲᠤᠭ᠎ᠤᠨ ᠬᠣᠤᠷ ᠴᠠᠭ᠋ᠠᠵᠠᠯᠠᠬᠤ ᠠᠷᠠᠳ᠎ᠤᠨ ᠲᠡᠢ᠌ᠨ᠎ᠢ ᠦᠷᠭᠦᠯᠵᠢᠯᠡᠨ ᠠᠬᠢᠭᠤᠯᠵᠤ  
      ᠠᠷᠠᠳ ᠣᠯᠠᠨ᠎ᠤ ᠬᠦᠷᠲᠡᠮᠵᠢᠲᠦ ᠲᠥᠷᠥᠭᠳᠡᠯ ᠵᠢᠷᠭ᠋ᠠᠯᠲᠤ ᠲᠥᠷᠥᠭᠳᠡᠯ ᠠᠮᠤᠷ ᠲᠦᠪᠰᠢᠨ ᠲᠥᠷᠥᠭᠳᠡᠯ᠎ᠢ ᠦᠨᠡᠨ ᠬᠦ᠌ ᠨᠡᠮᠡᠭᠳᠡᠭᠦᠯᠦᠨ᠎ᠡ
      ᠥᠪᠡᠷᠲᠡᠭᠡᠨ ᠵᠠᠰᠠᠬᠤ ᠣᠷᠣᠨ᠎ᠤ ᠬᠣᠤᠷ ᠴᠠᠭ᠋ᠠᠵᠠᠯᠠᠬᠤ ᠠᠯᠪᠠᠨ ᠬᠡᠷ᠎ᠤᠨ ᠳᠡᠳ᠋ ᠡᠷᠬᠢᠯᠡᠭᠴᠢ᠂ ᠳᠣᠲᠣᠭ᠋ᠠᠳᠤ ᠵᠢ ᠬᠠᠮᠠᠭ᠋ᠠᠯᠠᠬᠤ
      ᠲᠢᠩᠬᠢᠮ᠎ᠤᠨ ᠬᠣᠤᠷ ᠴᠠᠭ᠋ᠠᠵᠠᠯᠠᠬᠤ ᠶᠡᠷᠦᠩᠬᠡᠶ ᠠᠩᠭᠢ ᠵᠢᠨ ᠤᠯᠤᠰ ᠲᠥᠷᠥ ᠵᠢᠨ ᠭᠡᠰᠢᠭᠦᠨ           ᠵᠣᠣ ᠵᠢᠩ ᠬᠤᠸᠠ
     2020 ᠣᠨ᠎ᠳᠤ᠂ ᠪᠦᠬᠦ ᠣᠷᠣᠨ᠎ᠤ ᠬᠣᠤᠷ ᠴᠠᠭ᠋ᠠᠵᠠᠯᠠᠬᠤ ᠰᠠᠯᠠᠭ᠎ᠠ ᠮᠥᠴᠢᠷ᠎ᠤᠳ ᠤᠯᠤᠰ᠎ᠤᠨ ᠬᠣᠤᠷ ᠴᠠᠭ᠋ᠠᠵᠠᠯᠠᠬᠤ ᠵᠥᠪᠯᠡᠯ ᠪᠣᠯᠤᠨ ᠡᠯ᠎ᠡ ᠱᠠᠲᠤᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠤᠳᠤᠷᠢᠳᠤᠯᠭ᠎ᠠ ᠳᠣᠤᠷ᠎ᠠ᠂ ᠶᠡᠷᠦᠩᠬᠡᠶ ᠱᠦᠵᠢ ᠰᠢ ᠵᠢᠨ ᠫᠢᠩ᠎ᠤᠨ ᠬᠣᠤᠷ ᠴᠠᠭ᠋ᠠᠵᠠᠯᠠᠬᠤ ᠠᠵᠢᠯ᠎ᠤᠨ ᠲᠤᠬᠠᠶ ᠴᠢᠬᠤᠯᠠ ᠴᠣᠬᠣᠯᠠᠪᠤᠷᠢ ᠵᠢᠭ᠋ᠠᠪᠤᠷᠢ ᠵᠢᠨ ᠵᠣᠷᠢᠭ ᠰᠠᠨᠠᠭ᠎ᠠ ᠪᠠ ᠲᠥᠪ ᠪᠠ ᠥᠪᠡᠷᠲᠡᠭᠡᠨ ᠵᠠᠰᠠᠬᠤ ᠣᠷᠣᠨ᠎ᠤ ᠬᠣᠤᠷ ᠴᠠᠭ᠋ᠠᠵᠠᠯᠠᠬᠤ ᠰᠢᠷᠢᠰ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢᠨ ᠲᠣᠭᠣᠷᠢᠨ᠎ᠳᠤ᠂ ᠨᠡᠢ᠌ᠭᠡᠮ᠎ᠤᠨ ᠠᠮᠤᠷ ᠲᠣᠭᠲᠠᠭᠤᠨ᠎ᠢ ᠪᠠᠲᠤᠯᠠᠬᠤ ᠶᠡᠬᠡ ᠲᠠᠯ᠎ᠠ᠎ᠳᠤ ᠢᠳᠡᠪᠬᠢᠲᠡᠢ᠎ᠪᠠᠷ ᠦᠢ᠍ᠯᠡᠴᠢᠯᠡᠵᠦ᠂ ᠰᠢᠨ᠎ᠡ ᠴᠠᠭ ᠦᠶ᠎ᠡ ᠵᠢᠨ ᠲᠠᠯ᠎ᠠ ᠨᠤᠲᠤᠭ᠎ᠤᠨ ᠬᠣᠤᠷ ᠴᠠᠭ᠋ᠠᠵᠠᠯᠠᠬᠤ ᠠᠷᠠᠳ᠎ᠤᠨ ᠳᠠᠢ᠌ᠨ᠎ᠢ ᠦᠷᠭᠦᠯᠵᠢᠯᠡᠨ ᠦᠷᠨᠢᠭᠦᠯᠦᠨ᠂ ᠬᠣᠤᠷ ᠴᠠᠭ᠋ᠠᠵᠠᠯᠠᠬᠤ ᠲᠡᠮᠡᠴᠡᠯ᠎ᠤᠨ ᠴᠢᠩᠭ᠎ᠠ ᠴᠣᠬᠢᠯᠲᠠ ᠦᠭᠬᠦ ᠦᠨᠳᠦᠷ ᠳᠠᠷᠤᠯᠲᠠ ᠦᠭᠬᠦ ᠪᠠᠢ᠌ᠳᠠᠯ᠎ᠢ ᠢᠮᠠᠭᠲᠠ ᠪᠠᠲᠤᠯᠠᠭᠰᠠᠨ ᠵᠶ᠋ᠡᠷ ᠮᠠᠨ᠎ᠤ ᠣᠷᠣᠨ᠎ᠤ ᠬᠣᠤᠷᠲᠤ ᠡᠳ᠋᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠬᠡᠷᠡᠭ᠎ᠲᠤ ᠴᠣᠬᠢᠯᠲᠠ ᠥᠭᠬᠦ ᠴᠢᠳᠠᠪᠤᠷᠢ ᠪᠠ ᠬᠣᠤᠷᠲᠤ ᠡᠳ᠋᠎ᠤᠨ ᠠᠰᠠᠭᠤᠳᠠᠯ ᠪᠦᠬᠦᠢ ᠨᠡᠢ᠌ᠭᠡᠮ᠎ᠤᠨ ᠵᠠᠰᠠᠯᠲᠠ ᠵᠢᠨ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠵᠦ᠂ ᠬᠣᠤᠷᠲᠤ ᠡᠳ᠋᠎ᠤᠨ ᠵᠠᠬ᠎ᠠ ᠳᠡᠯᠭᠡᠭᠦᠷ ᠵᠢᠯ᠎ᠠᠴᠠ ᠵᠢᠯ ᠠᠪᠴᠢᠵᠤ ᠪᠠᠭᠤᠷᠠᠨ᠂ ᠬᠣᠤᠷᠲᠤ ᠡᠳ᠋᠎ᠤᠨ ᠪᠠᠢ᠌ᠳᠠᠯ ᠦᠷᠭᠦᠯᠵᠢᠯᠡᠨ ᠰᠠᠢ᠌ᠨ ᠬᠠᠨᠳᠤᠰᠢ᠎ᠲᠠᠢ ᠪᠣᠯᠵᠤ᠂ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠤ 《ᠬᠣᠤᠷ ᠦᠯᠦ ᠦᠢ᠍ᠯᠡᠳᠴᠦ》᠂ ᠬᠣᠤᠷ ᠲᠠᠲᠠᠭᠴᠢ ᠵᠢᠨ ᠬᠡᠷᠡᠭ ᠬᠢᠵᠦ ᠭᠠᠢ ᠲᠠᠷᠢᠭᠰᠠᠨ ᠶᠠᠪᠤᠳᠠᠯ 《ᠦᠯᠦ ᠭᠠᠷᠴᠤ》᠂ ᠬᠣᠤᠷᠲᠤ ᠡᠳ᠋ ᠦᠢᠯᠡᠳᠬᠦ᠎ᠳᠤ ᠬᠢᠮᠢ ᠵᠢᠨ ᠡᠳ᠋ 《ᠦᠯᠦ ᠭᠡᠭᠡᠭᠳᠡᠵᠦ》᠂ ᠬᠣᠤᠷᠲᠤ ᠡᠳ᠋᠎ᠤᠨ ᠢᠵᠠᠭᠤᠷ ᠤᠷᠭᠤᠮᠠᠯ᠎ᠢ 《ᠦᠯᠦ ᠲᠠᠷᠢᠨ᠂ ᠦᠯᠦ ᠬᠤᠷᠢᠶᠠᠵᠤ》᠂ ᠬᠣᠤᠷ ᠲᠠᠲᠠᠭᠴᠢ 《ᠦᠯᠦ ᠮᠣᠯᠲᠤᠷᠠᠵᠤ ᠠᠯᠳᠠᠭᠳᠠᠭᠰᠠᠨ》 ᠵᠡᠷᠭᠡ ᠠᠵᠢᠯ᠎ᠤᠨ ᠦᠷ᠎ᠡ ᠪᠦᠲᠦᠮᠵᠢ ᠵᠢ ᠣᠯᠪᠠ᠃ ᠣᠢ᠌ᠷ᠎ᠠ ᠵᠢᠨ ᠵᠢᠯ᠎ᠤᠳ᠎ᠲᠤ᠂ ᠪᠥᠬᠥ ᠣᠷᠣᠨ᠎ᠤ ᠬᠣᠤᠷ ᠴᠠᠭ᠋ᠠᠵᠠᠯᠠᠬᠤ ᠰᠢᠰᠲ᠋ᠧᠮ ᠪᠥᠬᠥ ᠤᠯᠤᠰ᠎ᠤᠨ ᠬᠠᠮᠲᠤ ᠨᠢᠭᠡᠴᠢ ᠵᠢᠨ ᠨᠢᠭᠡᠳᠦᠭᠡᠷ ᠳᠡᠰ᠎ᠤᠨ ᠭᠠᠪᠢᠶ᠎ᠠ ᠵᠢ ᠬᠣᠶᠠᠷᠲᠠ ᠪᠠᠢ᠌ᠭᠤᠯᠵᠤ᠂ ᠤᠯᠠᠭ᠋ᠠᠨᠬᠠᠳᠠ ᠬᠣᠲᠠ᠂ ᠣᠷᠳᠣᠰ ᠬᠣᠲᠠ ᠪᠥᠬᠥ ᠤᠯᠤᠰ᠎ᠤᠨ ᠬᠣᠤᠷ ᠴᠠᠭ᠋ᠠᠵᠠᠯᠠᠭᠰᠠᠨ ᠵᠢᠱ᠌ᠢᠶ᠎ᠡ ᠦᠵᠡᠭᠦᠯᠬᠦ ᠬᠣᠲᠠ ᠵᠢ ᠡᠭᠦᠰᠭᠡᠨ ᠪᠠᠢ᠌ᠭᠤᠯᠬᠤ ᠠᠵᠢᠯᠯᠠᠭ᠋ᠠᠨ᠎ᠳᠤ ᠲᠡᠮᠳᠡᠭᠯᠡᠭᠳᠡᠪᠡ᠃ 2020 ᠣᠨ᠎ᠳᠤ᠂ ᠮᠠᠨ᠎ᠤ ᠣᠷᠣᠨ᠎ᠤ 2 ᠬᠠᠮᠲᠤ ᠨᠢᠭᠡᠴᠢ ᠪᠣᠯᠤᠨ 3 ᠬᠤᠪᠢ ᠬᠥᠮᠦᠨ᠎ᠢ ᠤᠯᠤᠰ᠎ᠤᠨ ᠬᠣᠤᠷᠲᠤ ᠡᠳ᠋᠎ᠢ ᠴᠠᠭ᠋ᠠᠵᠠᠯᠠᠬᠤ ᠵᠥᠪᠯᠡᠯ᠎ᠠᠴᠠ ᠪᠥᠬᠥ ᠤᠯᠤᠰ᠎ᠤᠨ ᠬᠣᠤᠷᠲᠤ ᠡᠳ᠋᠎ᠢ ᠴᠠᠭ᠋ᠠᠵᠠᠯᠠᠬᠤ ᠠᠵᠢᠯ᠎ᠤᠨ ᠲᠡᠷᠢᠭᠦᠨ᠎ᠤ ᠬᠠᠮᠲᠤ ᠨᠢᠭᠡᠴᠢ ᠪᠣᠯᠤᠨ ᠲᠡᠷᠢᠭᠦᠨ᠎ᠤ ᠬᠤᠪᠢ ᠬᠥᠮᠦᠨ ᠵᠶ᠋ᠡᠷ ᠴᠣᠯᠠᠯᠠᠭᠤᠯᠤᠭᠰᠠᠨ ᠶᠤᠮ᠂ ᠡᠨᠡ ᠠᠮᠵᠢᠯᠲᠠ ᠪᠦᠲᠦᠮᠵᠢ ᠵᠢ ᠣᠯᠤᠭᠰᠠᠨ᠎ᠨᠢ ᠬᠢᠯᠪᠠᠷ ᠪᠤᠰᠤ᠃
      ᠨᠢᠭᠡ᠂ ᠭᠣᠣᠯ ᠠᠷᠭ᠎ᠠ ᠪᠠᠷᠢᠯ ᠵᠢᠴᠢ ᠠᠵᠢᠯ᠎ᠤᠨ ᠦᠷ᠎ᠡ ᠪᠦᠲᠦᠮᠵᠢ
     (ᠨᠢᠭᠡ) ᠬᠣᠤᠷᠲᠤ ᠡᠳ᠋᠎ᠢ ᠰᠡᠷᠭᠡᠢ᠌ᠯᠡᠬᠦ ᠬᠥᠮᠦᠵᠢᠯ᠎ᠢ ᠨᠡᠢ᠌ᠳᠡᠮ ᠪᠦᠷᠬᠦᠭᠦᠯᠵᠦ᠂ ᠪᠥᠬᠥ ᠠᠷᠠᠳ᠎ᠤᠨ ᠬᠤᠤᠷ ᠴᠠᠭ᠋ᠠᠵᠠᠯᠠᠬᠤ ᠤᠬᠠᠭᠤᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠪᠥᠬᠥ ᠲᠠᠯ᠎ᠠ᠎ᠪᠠᠷ ᠳᠡᠭᠡᠭᠰᠢᠯᠡᠭᠦᠯᠪᠡ᠃ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠲᠠᠢ ᠬᠠᠮᠲᠤᠷᠠᠨ ᠰᠤᠷᠭ᠋ᠠᠭᠤᠯᠢ ᠵᠢᠨ ᠬᠣᠤᠷᠲᠤ ᠡᠳ᠋᠎ᠢ ᠰᠡᠷᠭᠡᠢ᠌ᠯᠡᠬᠦ ᠬᠥᠮᠦᠵᠢᠯ᠎ᠤᠨ 《ᠲᠠᠪᠤᠨ ᠨᠢᠭᠡ》 ᠵᠢᠨ ᠠᠵᠢᠯᠯᠠᠭ᠎ᠠ (ᠬᠤᠤᠷ ᠴᠠᠭ᠋ᠠᠵᠠᠯᠠᠬᠤ ᠦᠵᠡᠭᠦᠯᠦᠯᠭᠡ ᠵᠢ ᠨᠢᠭᠡ ᠤᠳᠠᠭ᠎ᠠ ᠲᠣᠭᠣᠷᠢᠨ ᠦᠵᠡᠵᠦ᠂ ᠬᠤᠤᠷ ᠴᠠᠭ᠋ᠠᠵᠠᠯᠠᠬᠤ ᠺᠢᠨᠣ᠋ ᠪᠤᠶᠤ ᠤᠷᠠᠨ ᠰᠠᠢ᠌ᠬᠠᠨ᠎ᠤ ᠲᠣᠭᠯᠠᠯᠲᠠ ᠵᠢ ᠨᠢᠭᠡ ᠤᠳᠠᠭ᠎ᠠ ᠰᠣᠨᠢᠷᠬᠠᠵᠤ᠂ ᠬᠤᠤᠷ ᠴᠠᠭ᠋ᠠᠵᠠᠯᠠᠬᠤ ᠮᠡᠳᠡᠯᠭᠡ ᠵᠢᠨ ᠰᠡᠳᠦᠪ ᠬᠠᠷᠢᠭᠤᠯᠬᠤ ᠠᠵᠢᠯᠯᠠᠭ᠎ᠠ ᠵᠢ ᠨᠢᠭᠡ ᠤᠳᠠᠭ᠎ᠠ ᠥᠷᠨᠢᠭᠦᠯᠵᠦ᠂ ᠬᠤᠤᠷ ᠴᠠᠭ᠋ᠠᠵᠠᠯᠠᠬᠤ ᠰᠡᠲᠤᠪᠲᠤ ᠪᠦᠲᠦᠭᠡᠯ ᠡᠯᠰᠡᠬᠦ ᠠᠵᠢᠯᠯᠠᠭ᠎ᠠ ᠵᠢ ᠨᠢᠭᠡ ᠤᠳᠠᠭ᠎ᠠ ᠥᠷᠨᠢᠭᠦᠯᠵᠦ᠂ ᠬᠤᠤᠷ ᠴᠠᠭ᠋ᠠᠵᠠᠯᠠᠬᠤ ᠭᠣᠤᠯ ᠰᠡᠳᠦᠪᠲᠦ ᠠᠩᠭᠢ ᠵᠢᠨ ᠬᠤᠷᠠᠯ᠎ᠢ ᠨᠢᠭᠡ ᠤᠳᠠᠭ᠎ᠠ ᠦᠷᠨᠢᠭᠦᠯᠪᠡ) ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠡᠯ᠎ᠡ ᠲᠥᠷᠥᠯ᠎ᠤᠨ ᠰᠤᠷᠭ᠋ᠠᠭᠤᠯᠢ ᠵᠢᠨ ᠵᠢᠭ᠋ᠠᠨ ᠰᠤᠷᠭ᠋ᠠᠯᠲᠠ ᠵᠢᠨ ᠲᠥᠯᠥᠪᠯᠡᠭᠡ᠂ ᠬᠥᠲᠥᠯᠪᠦᠷᠢ᠂ ᠬᠢᠴᠢᠶᠡᠯ᠎ᠤᠨ ᠴᠠᠭ᠂ ᠪᠠᠭᠰᠢ᠂ ᠵᠢᠭ᠋ᠠᠬᠤ ᠮᠠᠲ᠋ᠧᠷᠢᠶᠠᠯ᠎ᠤᠨ 《ᠲᠠᠪᠤ ᠵᠢ ᠨᠠᠢ᠌ᠳᠠᠪᠤᠷᠢᠵᠢᠭᠤᠯᠬᠤ》 ᠵᠢ ᠠᠬᠢᠭᠤᠯᠪᠠ᠃ ᠡᠭᠦᠨ᠎ᠤ ᠬᠠᠮᠲᠤ ᠪᠥᠬᠥ ᠣᠷᠣᠨ᠎ᠤ ᠰᠤᠷᠭ᠋ᠠᠭᠤᠯᠢ᠎ᠳᠤ 《ᠪᠥᠬᠥ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠬᠣᠤᠷᠲᠤ ᠡᠳ᠋᠎ᠢ ᠰᠡᠷᠭᠡᠢ᠌ᠯᠡᠬᠦ ᠬᠥᠮᠦᠵᠢᠯ᠎ᠤᠨ ᠲᠣᠭ᠋ᠠᠴᠢᠯᠠᠭᠰᠠᠨ ᠲᠠᠪᠴᠠᠩ》 ᠵᠢ ᠲᠦᠯᠬᠢᠨ ᠠᠬᠢᠭᠤᠯᠵᠤ᠂ ᠰᠤᠷᠤᠭᠴᠢᠳ᠎ᠤᠨ ᠳᠠᠩᠰᠠᠯᠠᠭᠤᠯᠤᠭᠰᠠᠨ ᠨᠣᠷᠮ᠎ᠠ ᠬᠣᠤᠰ ᠰᠢᠪᠲᠤᠯᠤᠯᠲᠠ᠎ᠲᠠᠢ ᠪᠣᠯᠵᠣ᠂ ᠴᠥᠮ 90 %᠎ᠳᠤ ᠬᠥᠷᠪᠡ᠃ 18 ᠨᠠᠰᠤᠨ᠎ᠠᠴᠠ ᠳᠣᠷᠣᠭᠰᠢᠬᠢ ᠬᠣᠤᠷ ᠲᠠᠲᠠᠭᠴᠢᠳ᠎ᠤᠨ ᠲᠣᠭ᠎ᠠ ᠦᠷᠭᠦᠯᠵᠢᠯᠡᠨ ᠪᠠᠭᠤᠷᠠᠵᠤ᠂ ᠨᠠᠰᠤᠨ᠎ᠳᠤ ᠥᠯᠥ ᠬᠦᠷᠦᠭᠰᠡᠳ᠎ᠤᠨ ᠬᠣᠤᠷ ᠲᠠᠲᠠᠭᠰᠠᠳ᠎ᠤᠨ ᠡᠵᠡᠯᠡᠬᠦ ᠬᠠᠷᠢᠴᠠᠯ 2018 ᠣᠨ᠎ᠳᠤ 0.34 % ᠪᠠᠢ᠌ᠭᠰᠠᠨ᠎ᠠᠴᠠ᠎ᠪᠠᠨ ᠪᠠᠭᠤᠷᠠᠭ᠋ᠠᠳ 0.06 % (ᠪᠥᠬᠥ ᠣᠷᠣᠨ᠎ᠳᠤ ᠵᠥᠪᠬᠡᠨ 7 ᠬᠥᠮᠦᠨ ᠪᠣᠶ) ᠪᠣᠯᠪᠠ᠃ ᠰᠢᠨ᠎ᠡ ᠵᠠᠭᠤᠴᠢᠯᠠᠭᠤᠷ᠎ᠤᠨ ᠤᠬᠠᠭᠤᠯᠭ᠎ᠠ ᠵᠢᠨ ᠦᠢᠯᠡᠳᠦᠯ᠎ᠢ ᠴᠢᠩᠭ᠋ᠠᠳᠬᠠᠵᠤ᠂ 《ᠢᠨᠲ᠋ᠧᠷ ᠰᠦᠯᠵᠢᠶ᠎ᠡ + ᠬᠣᠤᠷ ᠴᠠᠭ᠋ᠠᠵᠠᠯᠠᠬᠤ》 ᠤᠬᠠᠭᠤᠯᠭ᠎ᠠ ᠵᠢᠨ ᠵᠠᠭᠪᠤᠷ᠎ᠢ ᠥᠷᠨᠢᠭᠦᠯᠦᠨ᠂ ᠸᠢᠴᠠᠲ᠂ ᠪᠢᠴᠢᠯ ᠪᠦᠷᠭᠡ᠂ ᠴᠠᠬᠢᠮ ᠵᠠᠬᠢᠶ᠎ᠠ᠂ ᠲᠦᠷᠦᠭᠦᠦ ᠵᠤᠷᠪᠤᠰ᠎ᠤᠨ ᠳ᠋ᠤᠭ᠋ᠠᠷ᠂ ᠰᠢᠯᠵᠢᠶ᠎ᠡ᠂ ᠣᠬᠣᠷ ᠸᠢᠳᠢᠣ᠋ ᠵᠡᠷᠭᠡ ᠵᠢ ᠨᠢᠭᠡ ᠴᠣᠭᠴᠠᠵᠢᠭᠤᠯᠤᠭᠰᠠᠨ᠂ ᠰᠢᠨ᠎ᠡ ᠬᠠᠭᠤᠴᠢᠨ ᠵᠠᠭᠤᠴᠢᠯᠠᠭᠤᠷ᠎ᠢ ᠬᠠᠷᠢᠯᠴᠠᠨ ᠤᠶᠠᠯᠳᠤᠭᠤᠯᠤᠭᠰᠠᠨ ᠤᠬᠠᠭᠤᠯᠭ᠎ᠠ ᠵᠢᠨ ᠪᠦᠲᠦᠴᠡ ᠵᠢ ᠪᠠᠢ᠌ᠭᠤᠯᠵᠤ᠂ ᠤᠬᠠᠭᠤᠯᠭ᠎ᠠ ᠵᠢᠨ ᠬᠠᠮᠤᠷᠬᠤ ᠬᠡᠪᠴᠢᠶ᠎ᠡ ᠪᠠ ᠨᠥᠯᠥᠭᠡᠯᠡᠬᠦ ᠬᠦᠴᠦᠨ᠎ᠢ ᠤᠯᠠᠮ ᠨᠢᠭᠡ ᠠᠯᠬᠤᠮ ᠥᠷᠭᠡᠳᠬᠡᠪᠡ᠃ 《ᠪᠥᠬᠥ ᠣᠷᠣᠨ᠎ᠤ ᠬᠣᠤᠷ ᠴᠠᠭ᠋ᠠᠵᠠᠯᠠᠬᠤ ᠠᠵᠢᠯ᠎ᠤᠨ ᠲᠡᠷᠢᠭᠦᠨ᠎ᠤ ᠦᠢᠯᠡ ᠠᠵᠢᠯᠯᠠᠭ᠎ᠠ ᠵᠢ ᠲᠣᠭᠣᠷᠢᠨ ᠤᠬᠠᠭᠤᠯᠬᠤ》 ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠴᠢᠩᠭ᠎ᠠ ᠲᠤᠰᠬᠠᠯ ᠭᠠᠷᠪᠠ᠃ 2020 ᠣᠨ᠎ᠳᠤ᠂ ᠪᠥᠬᠥ ᠣᠷᠣᠨ᠎ᠳᠤ ᠲᠣᠮᠣ ᠬᠡᠯᠪᠡᠷᠢ ᠵᠢᠨ ᠬᠣᠤᠷ ᠴᠠᠭ᠋ᠠᠵᠠᠯᠠᠬᠤ ᠤᠬᠠᠭᠤᠯᠭ᠎ᠠ ᠵᠢᠨ ᠠᠵᠢᠯᠯᠠᠭ᠎ᠠ ᠵᠢ 200 ᠭᠠᠷᠤᠶ ᠲᠠᠯᠠᠪᠠᠶ ᠵᠣᠬᠢᠶᠠᠨ ᠪᠠᠢ᠌ᠭᠤᠯᠤᠨ ᠥᠷᠨᠢᠭᠦᠯᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ 1000 ᠭᠠᠷᠤᠶ ᠲᠦᠮᠡᠨ ᠬᠥᠮᠦᠨ᠎ᠢ ᠬᠠᠮᠤᠷᠴᠤ᠂ ᠬᠣᠤᠷ ᠲᠠᠲᠠᠭᠴᠢᠳ᠎ᠤᠨ ᠨᠡᠮᠡᠭᠳᠡᠬᠦ ᠵᠢ ᠪᠦᠲᠦᠮᠵᠢᠲᠡᠶ ᠬᠣᠷᠢᠭᠯᠠᠵᠤ᠂ ᠬᠣᠤᠷ ᠲᠠᠲᠠᠭᠰᠠᠳ᠎ᠢ ᠪᠠᠢ᠌ᠴᠠᠭ᠋ᠠᠨ ᠣᠯᠤᠭᠰᠠᠨ ᠲᠣᠭ᠎ᠠ᠂ ᠰᠢᠨ᠎ᠡ᠎ᠪᠠᠷ ᠨᠡᠮᠡᠭᠳᠡᠭᠰᠡᠨ ᠬᠣᠤᠷ ᠲᠠᠲᠠᠭᠴᠢᠳ᠎ᠤᠨ ᠲᠣᠭ᠎ᠠ ᠭᠤᠷᠪᠠᠨ ᠵᠢᠯ ᠳᠠᠷᠠᠭ᠋ᠠᠯᠠᠨ ᠪᠠᠭᠤᠷᠠᠬᠤ ᠬᠠᠨᠳᠤᠰᠢ᠎ᠲᠠᠢ ᠪᠣᠯᠵᠣ᠂ ᠪᠠᠭᠤᠷᠠᠭᠰᠠᠨ ᠨᠣᠷᠮ᠎ᠠ᠎ᠨᠢ ᠲᠣᠰ ᠲᠣᠰ 42.8 % ᠪᠠ 44.8 %᠎ᠳᠤ ᠬᠦᠷᠴᠡᠶ᠃
     (ᠬᠣᠶᠠᠷ) ᠬᠣᠤᠷᠲᠤ ᠡᠳ᠋᠎ᠤᠨ ᠶᠠᠯᠠᠲᠤ ᠠᠵᠢᠯᠯᠠᠭ᠎ᠠ ᠵᠢᠨ ᠪᠦᠬᠦᠢ᠌ᠯᠡ ᠬᠤᠯᠪᠤᠭ᠋ᠠᠰᠤᠨ᠎ᠳᠤ ᠴᠣᠬᠢᠯᠲᠠ ᠦᠭᠴᠦ᠂ ᠬᠣᠤᠷᠲᠤ ᠡᠳ᠋᠎ᠲᠤ ᠬᠣᠯᠪᠣᠭᠳᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠣᠯᠠᠨ ᠡᠭᠦᠰᠬᠦ ᠪᠠᠢ᠌ᠳᠠᠯ᠎ᠢ ᠪᠦᠲᠦᠮᠵᠢᠲᠡᠶ ᠬᠣᠷᠢᠭᠯᠠᠪᠠ᠃ 《ᠬᠤᠤᠷ ᠴᠠᠭ᠋ᠠᠵᠠᠯᠠᠬᠤ ᠬᠣᠶᠠᠷ᠎ᠲᠤ ᠴᠣᠬᠢᠯᠲᠠ ᠥᠭᠴᠦ ᠬᠣᠶᠠᠷ᠎ᠢ ᠡᠵᠡᠮᠳᠡᠬᠦ》᠂ 《ᠬᠢᠯᠢ ᠬᠢᠵᠠᠭ᠋ᠠᠷ᠎ᠢ ᠴᠡᠪᠡᠷᠰᠢᠭᠦᠯᠬᠦ》᠂ 《ᠮᠢᠨ᠎ᠠ ᠠᠷᠢᠯᠭ᠋ᠠᠬᠤ》 ᠵᠡᠷᠭᠡ ᠰᠢᠷᠢᠰ ᠲᠤᠰᠬᠠᠶ ᠠᠵᠢᠯᠯᠠᠭ᠎ᠠ ᠵᠢ ᠭᠦᠨᠵᠡᠭᠡᠶ ᠠᠬᠢᠭᠤᠯᠵᠤ᠂ ᠡᠯ᠎ᠡ ᠲᠥᠷᠥᠯ᠎ᠤᠨ ᠬᠣᠤᠷᠲᠤ ᠡᠳ᠋᠎ᠤᠨ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠥᠨᠳᠥᠷ ᠳᠠᠷᠤᠯᠲᠠ ᠵᠢ ᠪᠠᠲᠤᠯᠠᠵᠤ᠂ ᠣᠢ᠌ᠷ᠎ᠠ ᠵᠢᠨ ᠭᠤᠷᠪᠠᠨ ᠵᠢᠯ᠎ᠳᠤ ᠬᠣᠤᠷᠲᠤ ᠡᠳ᠋᠎ᠤᠨ ᠬᠡᠷᠡᠭ᠎ᠢ ᠦᠷᠭᠦᠯᠵᠢᠯᠡᠨ ᠪᠠᠭᠤᠷᠠᠭᠤᠯᠵᠤ᠂ ᠪᠠᠭᠤᠷᠠᠯᠲᠠ ᠵᠢᠨ ᠨᠣᠷᠮ᠎ᠠ ᠵᠢ 45 %᠎ᠳᠤ ᠬᠦᠷᠭᠡᠪᠡ᠃ 2020 ᠣᠨ᠎ᠳᠤ᠂ ᠪᠥᠬᠥ ᠣᠷᠣᠨ᠎ᠳᠤ ᠬᠣᠤᠷᠲᠤ ᠡᠳ᠋᠎ᠤᠨ ᠡᠷᠡᠭᠦᠦ ᠵᠢᠨ ᠬᠡᠷᠡᠭ᠎ᠢ ᠨᠡᠢ᠌ᠲᠡ 377 ᠢᠯᠡᠷᠡᠭᠦᠯᠵᠦ᠂ 712 ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠵᠤ᠂ ᠨᠤᠭᠤᠯᠤᠨ ᠪᠤᠳᠤᠭᠰᠠᠨ᠎ᠤ ᠳᠠᠷᠠᠭ᠎ᠠ 18.62 ᠺᠢᠯᠣᠭ᠌ᠷᠠᠮ ᠬᠣᠤᠷᠲᠤ ᠡᠳ᠋᠎ᠢ ᠣᠯᠵᠠᠯᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 7.8 %᠂ 8.6 % ᠪᠠ         33.2 % ᠵᠶ᠋ᠠᠷ ᠪᠠᠭᠤᠷᠠᠪᠠ᠃ ᠬᠣᠤᠷᠲᠤ ᠡᠳ᠋᠎ᠤᠨ ᠶᠠᠯ᠎ᠠ ᠬᠢᠭᠰᠡᠨ ᠰᠡᠵᠢᠭᠯᠡᠯᠲᠡᠶ 980 ᠬᠥᠮᠦᠨ᠎ᠢ ᠵᠠᠭ᠋ᠠᠯᠳᠤᠭᠤᠯᠬᠤ᠎ᠪᠠᠷ ᠰᠢᠯᠵᠢᠭᠦᠯᠦᠨ ᠬᠦᠷᠭᠡᠵᠦ᠂ ᠵᠠᠭ᠋ᠠᠯᠳᠤᠭᠤᠯᠬᠤ᠎ᠪᠠᠷ ᠰᠢᠯᠵᠢᠭᠦᠯᠦᠨ ᠬᠦᠷᠭᠡᠭᠰᠡᠨ ᠬᠡᠷᠡᠭ᠎ᠤᠨ ᠲᠣᠭ᠎ᠠ 2018 ᠣᠨ᠎ᠤ 1.4 ᠪᠠᠢ᠌ᠭᠰᠠᠨ᠎ᠠᠴᠠ 2.1 ᠪᠣᠯᠲᠠᠯ᠎ᠠ ᠳᠡᠭᠡᠭᠰᠢᠯᠡᠵᠦ᠂ ᠬᠣᠤᠷᠲᠤ ᠡᠳ᠋᠎ᠢ ᠪᠠᠷᠢᠪᠴᠢᠯᠠᠬᠤ ᠬᠠᠤᠯᠢ ᠬᠡᠷᠡᠭᠵᠢᠭᠦᠯᠦᠯᠲᠡ ᠵᠢᠨ ᠴᠣᠬᠢᠯᠲᠠ ᠥᠭᠬᠦ ᠦᠢᠯᠡᠳᠦᠯ ᠴᠢᠳᠠᠪᠤᠷᠢ ᠢᠯᠡᠳᠲᠡ ᠳᠡᠭᠡᠭᠰᠢᠯᠡᠵᠦ᠂ ᠬᠣᠤᠷᠲᠤ ᠡᠳ᠋᠎ᠤᠨ ᠬᠡᠷᠡᠭ ᠣᠯᠠᠨ ᠡᠭᠦᠰᠬᠦ ᠬᠠᠨᠳᠤᠰᠢ ᠵᠢ ᠬᠣᠷᠢᠭᠯᠠᠵᠤ᠂ ᠬᠣᠤᠷᠲᠤ ᠡᠳ᠋ ᠦᠢᠯᠡᠳᠬᠦ᠎ᠳᠤ ᠠᠮᠠᠷ ᠬᠢᠮᠢ ᠵᠢᠨ ᠡᠳ᠋᠂ ᠵᠡᠭᠡᠷᠭᠡᠨ᠎ᠡ ᠡᠪᠡᠰᠦ ᠵᠢ ᠪᠥᠬᠥ ᠲᠠᠯ᠎ᠠ᠎ᠪᠠᠷ ᠬᠢᠨᠠᠨ ᠬᠠᠮᠢᠶᠠᠷᠬᠤ ᠵᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠳᠣᠲᠣᠷ᠎ᠠ 《ᠬᠣᠤᠷᠲᠤ ᠡᠳ᠋ ᠦᠢᠯᠡᠳᠬᠦ ᠠᠵᠢᠯᠯᠠᠭ᠎ᠠ ᠥᠬᠡᠶ》 ᠪᠣᠯᠪᠠ᠃
     (ᠭᠤᠷᠪᠠ) ᠪᠥᠬᠥ ᠰᠦᠯᠵᠢᠶ᠎ᠡ᠎ᠪᠠᠷ ᠬᠣᠤᠷ ᠲᠠᠲᠠᠭᠴᠢ ᠵᠢ ᠬᠠᠮᠢᠶᠠᠷᠤᠨ ᠡᠵᠡᠮᠳᠡᠵᠦ᠂ ᠬᠣᠤᠷᠲᠤ ᠡᠳ᠋᠎ᠤᠨ ᠬᠣᠤᠷ ᠬᠥᠨᠥᠭᠡᠯ ᠶᠡᠬᠡ ᠬᠡᠮᠵᠢᠶ᠎ᠡ᠎ᠪᠠᠷ ᠪᠠᠭᠤᠷᠠᠪᠠ᠃ ᠬᠣᠤᠷ ᠲᠠᠲᠠᠭᠴᠢᠳ᠎ᠤᠨ 《ᠦᠭᠡᠢ᠌ᠰᠬᠡᠬᠦ》᠂ 《ᠳᠠᠯᠳᠠ ᠵᠢ ᠠᠷᠢᠯᠭ᠋ᠠᠬᠤ》᠂ 《ᠦᠯᠡᠳᠡᠭᠳᠡᠯ᠎ᠢ ᠠᠷᠢᠯᠭ᠋ᠠᠬᠤ》 ᠵᠡᠷᠭᠡ ᠰᠢᠷᠢᠰ ᠲᠤᠰᠬᠠᠶ ᠵᠦᠢᠯ᠎ᠤᠨ ᠠᠵᠢᠯᠯᠠᠭ᠎ᠠ᠎ᠪᠠᠷ ᠳᠠᠮᠵᠢᠭᠤᠯᠤᠨ᠂ ᠬᠣᠤᠷ ᠲᠠᠲᠠᠭᠴᠢᠳ᠎ᠤᠨ ᠦᠰᠦ ᠭᠡᠵᠢᠭᠡ ᠵᠢ ᠪᠠᠢ᠌ᠴᠠᠭ᠋ᠠᠨ ᠬᠡᠮᠵᠢᠬᠦ ᠪᠠ ᠬᠣᠲᠠ ᠵᠢᠨ ᠪᠣᠬᠢᠷ ᠤᠰᠤ ᠵᠢ ᠬᠢᠨᠠᠨ ᠬᠡᠮᠵᠢᠬᠦ ᠠᠵᠢᠯ᠎ᠢ ᠪᠥᠬᠥ ᠣᠷᠣᠨ᠎ᠤ ᠬᠡᠪᠴᠢᠶᠡᠨ᠎ᠳᠤ ᠥᠷᠨᠢᠭᠦᠯᠵᠦ᠂ ᠪᠥᠬᠥ ᠣᠷᠣᠨ᠎ᠤ 103 ᠬᠣᠰᠢᠭᠤ ᠰᠢᠶᠠᠨ ᠵᠢᠴᠢ ᠬᠣᠤᠷ ᠲᠠᠲᠠᠭᠴᠢᠳ ᠪᠠᠢ᠌ᠬᠤ1081 ᠵᠡᠭᠡᠯᠢ ᠭᠤᠳᠤᠮᠵᠢ (ᠰᠢᠶᠠᠩ ᠪᠠᠯᠭ᠋ᠠᠰᠤ)᠎ᠳᠤ ᠨᠡᠢ᠌ᠭᠡᠮ ᠲᠣᠭᠣᠷᠢᠭ᠎ᠤᠨ ᠬᠣᠤᠷ ᠲᠠᠲᠠᠬᠤ ᠵᠢ ᠵᠣᠭᠰᠣᠭ᠋ᠠᠬᠤ ᠲᠣᠭᠣᠷᠢᠭ᠎ᠤᠨ ᠡᠷᠡᠭᠦᠯᠵᠢᠭᠦᠯᠬᠦ ᠠᠵᠢᠯ᠎ᠢ ᠪᠦᠬᠦᠨ᠎ᠢ ᠥᠷᠨᠢᠭᠦᠯᠵᠦ᠂ ᠨᠢᠭᠡᠨᠲᠡ ᠪᠠᠷᠢᠮᠵᠢᠶᠠᠵᠢᠭᠰᠠᠨ 《ᠨᠣᠭᠣᠭ᠋ᠠᠨ ᠪᠦᠷᠢᠳᠦ ᠬᠡᠷ ᠣᠷᠣᠨ》 ᠨᠡᠢ᠌ᠭᠡᠮ ᠲᠣᠭᠣᠷᠢᠭ᠎ᠤᠨ ᠬᠣᠤᠷ ᠲᠠᠲᠠᠬᠤ ᠵᠢ ᠵᠣᠭᠰᠣᠭ᠋ᠠᠵᠤ ᠡᠷᠡᠭᠦᠯᠵᠢᠭᠦᠯᠬᠦ ᠠᠵᠢᠯ᠎ᠤᠨ ᠥᠷᠲᠡᠭᠡ ᠵᠢ 951 ᠪᠠᠢ᠌ᠭᠤᠯᠵᠤ᠂ 《ᠳᠥᠷᠪᠡ ᠵᠢ ᠪᠠᠭᠤᠷᠠᠭᠤᠯᠵᠤ ᠬᠣᠶᠠᠷ᠎ᠢ ᠳᠡᠭᠡᠭᠰᠢᠯᠡᠭᠦᠯᠬᠦ》 ᠠᠵᠢᠯ᠎ᠤᠨ ᠬᠠᠷᠠᠯᠲᠠ ᠵᠢ ᠪᠦᠬᠦᠯᠢ ᠴᠣᠭᠴᠠ᠎ᠪᠠᠷ ᠪᠡᠶᠡᠯᠡᠭᠦᠯᠪᠡ᠃ ᠣᠢ᠌ᠷ᠎ᠠ ᠵᠢᠨ ᠭᠤᠷᠪᠠᠨ ᠵᠢᠯ᠎ᠳᠤ᠂ ᠣᠲᠣ ᠪᠠᠢ᠌ᠭ᠎ᠠ ᠬᠣᠤᠷ᠂ ᠪᠠᠢ᠌ᠴᠠᠭ᠋ᠠᠨ ᠲᠤᠲᠤᠯᠠᠭᠰᠠᠨ ᠬᠣᠤᠷ ᠲᠠᠲᠠᠭᠰᠠᠳ᠂ ᠬᠣᠤᠷ ᠲᠠᠲᠠᠬᠤ ᠬᠥᠮᠦᠰ᠎ᠤᠨ ᠳᠠᠬᠢᠨ ᠲᠠᠲᠠᠬᠤ ᠨᠣᠷᠮ᠎ᠠ᠂ ᠰᠢᠨ᠎ᠡ᠎ᠪᠠᠷ ᠨᠡᠮᠡᠭᠳᠡᠭᠰᠡᠨ ᠬᠣᠤᠷ ᠲᠠᠲᠠᠬᠤ ᠬᠥᠮᠦᠰ᠎ᠤᠨ ᠲᠣᠭ᠎ᠠ ᠴᠥᠮ ᠪᠠᠭᠤᠷᠠᠵᠤ᠂ ᠬᠣᠤᠷ ᠲᠠᠲᠠᠬᠤ ᠬᠥᠮᠦᠰ᠎ᠢ ᠬᠠᠮᠢᠶᠠᠷᠤᠨ ᠡᠵᠡᠮᠳᠡᠬᠦ ᠨᠣᠷᠮ᠎ᠠ᠂ ᠬᠤᠤᠷ ᠲᠠᠲᠠᠬᠤ ᠵᠢ ᠵᠣᠭᠰᠣᠭ᠋ᠠᠬᠤ ᠵᠢ ᠪᠡᠬᠢᠵᠢᠭᠦᠯᠬᠦ ᠨᠣᠷᠮ᠎ᠠ ᠪᠥᠬᠥ ᠲᠠᠯ᠎ᠠ᠎ᠪᠠᠷ ᠳᠡᠭᠡᠭᠰᠢᠯᠡᠪᠡ᠃ 2020 ᠣᠨ᠎ᠳᠤ᠂ ᠪᠥᠬᠥ ᠣᠷᠣᠨ᠎ᠳᠤ ᠣᠲᠣ 24048 ᠬᠣᠤᠷ ᠲᠠᠲᠠᠭᠴᠢ ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 17 %᠎ᠪᠠᠷ ᠪᠠᠭᠤᠷᠠᠵᠤ᠂ 3237 ᠬᠣᠤᠷ ᠲᠠᠲᠠᠭᠴᠢ ᠵᠢ ᠪᠠᠢ᠌ᠴᠠᠭ᠋ᠠᠨ ᠣᠯᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 19.5 %᠎ᠪᠠᠷ ᠪᠠᠭᠤᠷᠠᠵᠤ᠂ 961 ᠬᠥᠮᠦᠨ᠎ᠢ ᠰᠢᠨ᠎ᠡ᠎ᠪᠠᠷ ᠢᠯᠡᠷᠡᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 25.5 %᠎ᠪᠠᠷ ᠪᠠᠭᠤᠷᠠᠪᠠ᠃ ᠣᠲᠣ ᠪᠠᠢ᠌ᠭ᠎ᠠ ᠬᠣᠤᠷ ᠲᠠᠲᠠᠭᠴᠢᠳ᠎ᠤᠨ ᠪᠥᠬᠥ ᠣᠷᠣᠨ᠎ᠤ ᠶᠡᠷᠦᠩᠬᠡᠶ ᠬᠥᠮᠦᠨ ᠠᠮᠠ ᠵᠢᠨ ᠳᠣᠲᠣᠷ᠎ᠠ ᠡᠵᠡᠯᠡᠬᠦ ᠬᠠᠷᠢᠴᠠᠯ᠎ᠨᠢ 2018 ᠣᠨ᠎ᠤ 1.7 ‰ ᠪᠠᠢ᠌ᠭᠰᠠᠨ᠎ᠠᠴᠠ᠎ᠪᠠᠨ 1.0 ‰ ᠪᠣᠯᠵᠣ ᠪᠠᠭᠤᠷᠠᠪᠠ᠃ ᠪᠥᠬᠥ ᠣᠷᠣᠨ᠎ᠤ ᠨᠡᠢ᠌ᠭᠡᠮ ᠲᠣᠭᠣᠷᠢᠭ᠎ᠤᠨ ᠬᠣᠤᠷ ᠲᠠᠲᠠᠬᠤ ᠵᠢ ᠵᠣᠭᠰᠣᠭ᠋ᠠᠬᠤ ᠲᠣᠭᠣᠷᠢᠭ᠎ᠤᠨ ᠡᠷᠡᠭᠦᠯᠵᠢᠯ᠎ᠤᠨ ᠬᠡᠷᠡᠭᠵᠢᠭᠦᠯᠬᠦ ᠨᠣᠷᠮ᠎ᠠ        81.9 %᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 5.22 % ᠵᠶ᠋ᠠᠷ ᠳᠡᠭᠡᠭᠰᠢᠯᠡᠪᠡ᠃ ᠬᠣᠤᠷ ᠲᠠᠲᠠᠭᠴᠢ ᠵᠢᠨ ᠲᠠᠰᠤᠯᠤᠯᠲᠠ ᠵᠢᠨ ᠨᠣᠷᠮ᠎ᠠ ᠠᠳᠠᠯᠢ ᠬᠤᠭᠤᠴᠠᠭ᠋ᠠᠨ᠎ᠤ᠎ᠬᠢ᠎ᠠᠴᠠ 17.8 %᠎ᠪᠠᠷ ᠳᠡᠭᠡᠭᠰᠢᠯᠡᠵᠦ᠂ ᠡᠪᠡᠳᠴᠢᠲᠡᠶ ᠵᠡᠮᠳᠡᠭ ᠬᠣᠤᠷ ᠲᠠᠲᠠᠭᠰᠠᠳ᠎ᠢ ᠭᠥᠯᠢᠶᠡᠨ ᠠᠪᠴᠤ ᠡᠮᠨᠡᠨ ᠵᠠᠰᠠᠭᠰᠠᠨ ᠪᠠ ᠭᠥᠯᠢᠶᠡᠨ ᠠᠪᠤᠭᠰᠠᠨ ᠨᠣᠷᠮ᠎ᠠ 2016 ᠣᠨ᠎ᠳᠤ 65 % ᠪᠠᠢ᠌ᠭᠰᠠᠨ᠎ᠠᠴᠠ᠎ᠪᠠᠨ 98.4 % ᠪᠣᠯᠲᠠᠯ᠎ᠠ ᠳᠡᠭᠡᠭᠰᠢᠯᠡᠵᠦ᠂ ᠬᠣᠤᠷ ᠲᠠᠲᠠᠭᠴᠢᠳ᠎ᠤᠨ ᠲᠣᠭ᠎ᠠ ᠶᠡᠬᠡ᠎ᠪᠠᠷ ᠪᠠᠭ᠋ᠠᠰᠴᠤ᠂ 5 ᠵᠢᠯ ᠳᠠᠷᠠᠭ᠋ᠠᠯᠠᠨ ᠬᠣᠤᠷ ᠲᠠᠲᠠᠭᠴᠢᠳ᠎ᠤᠨ ᠬᠡᠷᠡᠭ ᠭᠠᠷᠤᠭᠰᠠᠨ ᠥᠬᠡᠶ᠂ ᠪᠤᠯᠢᠶᠠᠵᠤ ᠳᠡᠭᠡᠷᠡᠮᠳᠡᠭᠰᠡᠨ ᠡᠳ᠋ ᠬᠣᠭᠰᠢᠯ᠎ᠳᠤ ᠬᠠᠯᠳᠠᠭᠰᠠᠨ ᠬᠡᠷᠡᠭ ᠶᠡᠬᠡ ᠬᠡᠮᠵᠢᠶ᠎ᠡ᠎ᠪᠠᠷ ᠪᠠᠭ᠋ᠠᠰᠴᠤ᠂ ᠨᠡᠢ᠌ᠭᠡᠮ᠎ᠤᠨ ᠠᠮᠤᠷ ᠲᠦᠪᠰᠢᠨ᠎ᠤ ᠡᠮᠬᠢ ᠳᠢᠭᠯᠢᠮ ᠢᠯᠡᠳᠲᠡ ᠰᠠᠢ᠌ᠵᠢᠷᠠᠪᠠ᠃
     (ᠳᠥᠷᠪᠡ) ᠪᠥᠬᠥ ᠭᠣᠭᠴᠣᠭ᠎ᠠ᠎ᠳᠤ ᠲᠠᠷᠢᠬᠤ ᠵᠢ ᠬᠤᠷᠢᠭᠯᠠᠨ ᠬᠤᠤᠷ ᠎ᠢ ᠴᠠᠭ᠋ᠠᠵᠠᠯᠠᠵᠤ᠂ ᠡᠭᠦᠨ᠎ᠤ ᠦᠷ᠎ᠡ ᠪᠦᠲᠦᠭᠡᠯ (ᠳᠠᠷᠢᠬᠤ ᠥᠬᠡᠶ᠂ ᠬᠤᠷᠢᠶᠠᠬᠤ ᠥᠬᠡᠶ)᠎ᠢ ᠪᠡᠬᠢᠵᠢᠭᠦᠯᠪᠡ᠃ ᠳᠥᠷᠪᠡᠨ ᠱᠠᠲᠤ ᠦᠶ᠎ᠡ ᠬᠤᠪᠢᠶᠠᠵᠤ᠂ ᠬᠠᠭ᠋ᠠᠰ ᠵᠢᠯ᠎ᠤᠨ ᠬᠤᠭᠤᠴᠠᠭ᠎ᠠ᠎ᠲᠠᠢ 《ᠤᠯᠠᠷᠢᠯ ᠰᠦᠷᠦᠨ ᠲᠠᠷᠢᠬᠤ ᠵᠢ ᠴᠠᠭ᠋ᠠᠵᠠᠯᠠᠭᠰᠠᠨ᠎ᠢ ᠪᠠᠢ᠌ᠴᠠᠭ᠋ᠠᠬᠤ》᠂ 《ᠲᠩᠷᠢ ᠵᠢᠨ ᠨᠢᠳᠦ - 20》  《ᠬᠤᠷᠴᠠ ᠰᠡᠯᠡᠮ᠎ᠡ - 20》 ᠲᠤᠰᠬᠠᠶ ᠠᠵᠢᠯᠯᠠᠭ᠎ᠠ ᠵᠢ ᠪᠠᠢ᠌ᠷᠢᠯᠠᠭᠤᠯᠤᠨ ᠥᠷᠨᠢᠭᠦᠯᠵᠦ᠂ ᠳᠠᠭ᠋ᠠᠭᠤᠯᠢ ᠣᠳᠣᠨ᠎ᠤ ᠠᠯᠤᠰ ᠰᠡᠷᠡᠯ ᠵᠶ᠋ᠠᠷ ᠴᠠᠭᠳᠠᠨ ᠪᠠᠢ᠌ᠴᠠᠭ᠋ᠠᠵᠤ ᠵᠢᠭᠰᠠᠭ᠋ᠠᠨ ᠪᠠᠢ᠌ᠴᠠᠭ᠋ᠠᠬᠤ᠂ ᠭᠣᠤᠯᠳᠠᠯᠭ᠎ᠠ᠎ᠲᠠᠢ ᠭᠠᠵᠠᠷ ᠣᠷᠣᠨ᠎ᠤ ᠭᠣᠤᠯᠳᠠᠯᠭ᠎ᠠ᠎ᠲᠠᠢ ᠭᠠᠵᠠᠷ᠎ᠤᠨ ᠬᠡᠰᠡᠭ᠎ᠲᠤ ᠵᠢᠯᠣᠭᠣᠴᠢ ᠥᠬᠡᠶ ᠨᠢᠰᠬᠡᠯ ᠵᠶ᠋ᠡᠷ ᠠᠭ᠋ᠠᠷ᠎ᠠᠴᠠ ᠰᠡᠭᠦᠳᠡᠷᠯᠡᠬᠦ᠂ ᠡᠯ᠎ᠡ ᠱᠠᠲᠤᠨ᠎ᠤ ᠬᠣᠤᠷ ᠴᠠᠭ᠋ᠠᠵᠠᠯᠠᠬᠤ ᠵᠥᠪᠯᠡᠯ᠎ᠤᠨ ᠬᠠᠮᠢᠶ᠎ᠠ ᠪᠥᠬᠥᠶ ᠨᠢᠭᠡᠴᠢ᠂ ᠡᠯ᠎ᠡ ᠠᠢ᠌ᠮᠠᠭ ᠬᠣᠲᠠ ᠵᠢᠨ ᠬᠣᠤᠷ ᠴᠠᠭ᠋ᠠᠵᠠᠯᠠᠬᠤ ᠠᠯᠪᠠᠨ ᠬᠡᠷ ᠪᠣᠯᠤᠨ ᠬᠠᠮᠢᠶ᠎ᠠ ᠪᠥᠬᠥᠶ ᠴᠠᠭᠳᠠᠭ᠋ᠠᠨ᠎ᠤ ᠲᠥᠷᠥᠯ᠎ᠢ ᠵᠣᠬᠢᠶᠠᠨ ᠪᠠᠢ᠌ᠭᠤᠯᠵᠤ ᠪᠥᠬᠥ ᠲᠠᠯ᠎ᠠ᠎ᠪᠠᠷ ᠪᠠᠢ᠌ᠴᠠᠭ᠋ᠠᠬᠤ ᠪᠠ ᠭᠣᠤᠯᠳᠠᠯᠭ᠎ᠠ᠎ᠲᠠᠢ ᠵᠢᠭᠰᠠᠭ᠋ᠠᠨ ᠪᠠᠢ᠌ᠴᠠᠭ᠋ᠠᠵᠤ᠂ ᠬᠦᠷᠢᠶ᠎ᠡ ᠬᠠᠰᠢᠶ᠎ᠠ ᠲᠠᠷᠢᠶᠠᠨ ᠭᠠᠵᠠᠷ᠂ ᠠᠭᠤᠯᠠᠨ ᠭᠠᠵᠠᠷ ᠭᠣᠤ ᠭᠠᠩᠭ᠎ᠠ᠂ ᠪᠠᠯᠠᠷ ᠰᠢᠭᠤᠢ᠌ᠲᠤ ᠣᠷᠣᠨ ᠵᠢᠴᠢ ᠭᠣᠤᠯᠳᠠᠯᠭ᠎ᠠ᠎ᠲᠠᠢ ᠰᠢᠶᠠᠩ ᠪᠠᠯᠭ᠋ᠠᠰᠤ᠎ᠳᠤ ᠭᠦᠨᠵᠡᠭᠡᠢ᠌ᠷᠡᠨ᠂ ᠪᠦᠬᠦᠨ᠎ᠢ ᠬᠠᠮᠤᠷᠤᠨ ᠱᠦᠭᠦᠷᠲᠡᠨ ᠬᠠᠢ᠌ᠬᠤ ᠠᠵᠢᠯ᠎ᠢ ᠥᠷᠨᠢᠭᠦᠯᠪᠡ᠃ 2020 ᠣᠨ᠎ᠳᠤ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠳᠠᠭ᠋ᠠᠭᠤᠯᠢ ᠣᠳᠣᠨ᠎ᠤ ᠠᠯᠤᠰ ᠰᠡᠷᠡᠯ᠎ᠤᠨ ᠭᠠᠵᠠᠷ᠎ᠲᠠᠢ ᠬᠠᠮᠲᠤᠷᠠᠨ ᠳᠠᠭ᠋ᠠᠭᠤᠯᠢ ᠣᠳᠣᠨ᠎ᠤ ᠠᠯᠤᠰ ᠰᠡᠷᠡᠯ᠎ᠤᠨ ᠮᠡᠷᠭᠡᠵᠢᠯ᠎ᠳᠤ ᠲᠦᠰᠢᠭᠯᠡᠵᠦ᠂ ᠮᠠᠨ᠎ᠤ ᠣᠷᠣᠨ᠎ᠤ 10 ᠭᠣᠤᠯᠳᠠᠯᠭ᠎ᠠ᠎ᠲᠠᠢ ᠠᠢ᠌ᠮᠠᠭ ᠬᠣᠲᠠ᠂ 26 ᠭᠣᠤᠯᠳᠠᠯᠭ᠎ᠠ᠎ᠲᠠᠢ ᠬᠣᠰᠢᠭᠤ ᠰᠢᠶᠠᠨ ᠲᠣᠭᠣᠷᠢᠭ ᠵᠢᠴᠢ 200 ᠭᠠᠷᠤᠶ ᠰᠡᠵᠢᠭᠲᠡᠶ ᠭᠠᠵᠠᠷ᠎ᠲᠤ ᠨᠠᠷᠢᠯᠢᠭ ᠣᠨᠣᠪᠴᠢᠲᠠᠶ ᠬᠢᠨᠠᠨ ᠪᠠᠢ᠌ᠴᠠᠭ᠋ᠠᠯᠲᠠ ᠬᠢᠵᠦ᠂ 《ᠪᠦᠬᠦᠨ᠎ᠢ ᠬᠠᠮᠤᠷᠬᠤ》 ᠪᠠᠢ᠌ᠴᠠᠭ᠋ᠠᠯᠲᠠ᠂ 《ᠥᠨᠴᠥᠭ ᠪᠤᠯᠤᠩ᠎ᠢ ᠦᠯᠡᠳᠡᠭᠡᠯ ᠥᠬᠡᠶ ᠵᠢᠭᠰᠠᠭ᠋ᠠᠨ ᠪᠠᠢ᠌ᠴᠠᠭ᠋ᠠᠬᠤ》᠂ 《ᠭᠣᠤᠯᠳᠠᠯᠭ᠎ᠠ ᠬᠤᠪᠢᠶᠠᠬᠤ》 ᠲᠣᠭᠣᠷᠢᠨ ᠪᠠᠢ᠌ᠴᠠᠭ᠋ᠠᠯᠲᠠ᠂ 《ᠣᠷᠴᠢᠯ ᠮᠠᠶᠢᠭ》᠎ᠤᠨ ᠰᠢᠮᠳᠠᠭᠤᠯᠤᠨ ᠪᠠᠢ᠌ᠴᠠᠭ᠋ᠠᠯᠲᠠ ᠵᠢ ᠪᠡᠶᠡᠯᠡᠭᠦᠯᠵᠦ᠂ ᠲᠠᠪᠤᠨ ᠵᠢᠯ ᠳᠠᠷᠠᠭ᠋ᠠᠯᠠᠨ ᠬᠣᠤᠷᠲᠤ ᠡᠳ᠋᠎ᠤᠨ ᠤᠤᠯ ᠤᠷᠭᠤᠮᠠᠯ 《ᠳᠠᠷᠢᠬᠤ ᠥᠬᠡᠶ᠂ ᠬᠤᠷᠢᠶᠠᠬᠤ ᠥᠬᠡᠶ》 ᠦᠷ᠎ᠡ ᠪᠦᠲᠦᠭᠡᠯ᠎ᠢ ᠪᠠᠲᠤᠯᠠᠵᠤ᠂ ᠤᠯᠤᠰ᠎ᠤᠨ ᠬᠣᠤᠷ ᠴᠠᠭ᠋ᠠᠵᠠᠯᠠᠬᠤ ᠵᠥᠪᠯᠡᠯ᠎ᠤᠨ ᠰᠠᠢ᠌ᠰᠢᠶᠠᠯ᠎ᠢ ᠬᠦᠷᠲᠡᠪᠡ᠃
     (ᠲᠠᠪᠤ) ᠠᠵᠢᠯ᠎ᠤᠨ ᠬᠠᠷᠢᠭᠤᠴᠠᠯᠭ᠎ᠠ ᠵᠢ ᠪᠥᠬᠥ ᠲᠠᠯ᠎ᠠ᠎ᠪᠠᠷ ᠪᠣᠳᠠᠲᠠᠢ᠌ᠵᠢᠭᠤᠯᠵᠤ᠂ ᠪᠥᠬᠥ ᠤᠯᠤᠰ᠎ᠤᠨ ᠬᠣᠤᠷ ᠴᠠᠭ᠋ᠠᠵᠠᠯᠠᠬᠤ ᠠᠵᠢᠯ᠎ᠤᠨ ᠵᠢᠱ᠌ᠢᠶ᠎ᠡ ᠦᠵᠡᠭᠦᠯᠬᠦ ᠬᠣᠲᠠ ᠵᠢ ᠪᠦᠲᠦᠭᠡᠨ ᠪᠠᠢ᠌ᠭᠤᠯᠬᠤ ᠵᠢ ᠠᠬᠢᠭᠤᠯᠪᠠ᠃ 2020 ᠣᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠤᠷ ᠴᠠᠭ᠋ᠠᠵᠠᠯᠠᠬᠤ ᠠᠯᠪᠠᠨ ᠬᠡᠷ᠎ᠠᠴᠠ ᠪᠥᠬᠥ ᠤᠯᠤᠰ᠎ᠤᠨ ᠬᠤᠤᠷ ᠴᠠᠭ᠋ᠠᠵᠠᠯᠠᠬᠤ ᠠᠵᠢᠯ᠎ᠤᠨ ᠵᠢᠱ᠌ᠢᠶ᠎ᠡ ᠦᠵᠡᠭᠦᠯᠬᠦ ᠬᠣᠲᠠ ᠵᠢ ᠪᠦᠲᠦᠭᠡᠨ ᠪᠠᠢ᠌ᠭᠤᠯᠬᠤ 《ᠳᠥᠷᠪᠡ ᠵᠢ ᠳᠡᠭᠡᠭᠰᠢᠯᠡᠭᠦᠯᠵᠦ ᠳᠥᠷᠪᠡ ᠵᠢ ᠪᠠᠭᠤᠷᠠᠭᠤᠯᠬᠤ》 ᠠᠵᠢᠯ᠎ᠤᠨ ᠪᠠᠷᠢᠮᠵᠢᠶ᠎ᠠ ᠶᠤᠰᠤᠭ᠋ᠠᠷ᠂ ᠬᠣᠲᠠ ᠪᠠᠢ᠌ᠭᠤᠯᠬᠤ ᠠᠵᠢᠯᠯᠠᠭ᠎ᠠ ᠵᠢ ᠲᠡᠭᠡᠲᠦ ᠬᠢᠷᠢ ᠲᠦᠪᠰᠢᠨ᠂ ᠥᠨᠳᠥᠷ ᠪᠠᠷᠢᠮᠵᠢᠶ᠎ᠠ᠎ᠪᠠᠷ ᠠᠬᠢᠭᠤᠯᠵᠤ᠂ ᠡᠯ᠎ᠡ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ   ᠬᠤᠤᠷ ᠴᠠᠭ᠋ᠠᠵᠠᠯᠠᠬᠤ ᠠᠵᠢᠯ᠎ᠤᠨ ᠭᠣᠤᠯ ᠴᠣᠭᠴᠠ ᠵᠢᠨ ᠬᠠᠷᠢᠭᠤᠴᠠᠯᠭ᠎ᠠ ᠪᠠ ᠡᠯ᠎ᠡ ᠱᠠᠲᠤᠨ᠎ᠤ ᠬᠤᠤᠷ ᠴᠠᠭ᠋ᠠᠵᠠᠯᠠᠬᠤ ᠵᠥᠪᠯᠡᠯ᠎ᠤᠨ ᠪᠦᠷᠢᠯᠳᠦᠬᠦᠨ ᠨᠢᠭᠡᠴᠢ ᠵᠢᠨ ᠡᠭᠦᠷᠭᠡ ᠬᠠᠷᠢᠭᠤᠴᠠᠯᠭ᠎ᠠ ᠵᠢ ᠪᠥᠬᠥ ᠲᠠᠯ᠎ᠠ᠎ᠪᠠᠷ ᠪᠣᠳᠠᠲᠠᠢ᠌ᠵᠢᠭᠤᠯᠵᠤ᠂ ᠬᠤᠤᠷ ᠴᠠᠭ᠋ᠠᠵᠠᠯᠠᠬᠤ ᠠᠵᠢᠯ᠎ᠤᠨ ᠨᠡᠢ᠌ᠯᠡᠮᠡᠯ ᠬᠦᠴᠦᠨ᠎ᠢ ᠪᠦᠷᠢᠯᠳᠦᠭᠦᠯᠵᠦ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠂ ᠲᠥᠷᠥ ᠵᠢᠨ ᠪᠣᠳᠣᠯᠭ᠎ᠠ ᠵᠢᠨ ᠳᠡᠮᠵᠢᠯᠭᠡ᠂ ᠡᠬᠢ ᠪᠠᠶᠠᠯᠢᠭ᠎ᠤᠨ ᠲᠣᠬᠢᠷᠠᠭᠤᠯᠤᠯᠲᠠ ᠪᠠ ᠵᠠᠷᠤᠳᠠᠯ᠎ᠤᠨ ᠪᠠᠲᠤᠯᠠᠭ᠎ᠠ ᠵᠢ ᠴᠢᠩᠭ᠋ᠠᠳᠬᠠᠵᠤ᠂ ᠤᠯᠠᠭ᠋ᠠᠨᠬᠠᠳᠠ ᠬᠣᠲᠠ᠂ ᠣᠷᠳᠣᠰ ᠬᠣᠲᠠ ᠵᠢᠨ ᠪᠦᠲᠦᠭᠡᠨ ᠪᠠᠢ᠌ᠭᠤᠯᠬᠤ ᠠᠵᠢᠯᠯᠠᠭ᠎ᠠ᠎ᠳᠤ ᠣᠷᠣᠯᠴᠠᠬᠤ ᠵᠢ ᠪᠥᠬᠥ ᠬᠦᠴᠦᠨ ᠵᠶ᠋ᠡᠷ ᠵᠶ᠋ᠡᠨ ᠵᠢᠭ᠋ᠠᠨ ᠵᠢᠯᠣᠭᠣᠳᠪᠠ᠃ ᠤᠯᠤᠰ᠎ᠤᠨ ᠰᠢᠯᠭ᠋ᠠᠨ ᠬᠢᠨᠠᠬᠤ ᠳᠤᠭᠤᠢ᠌ᠯᠠᠩ᠎ᠤᠨ ᠪᠠᠢ᠌ᠴᠠᠭ᠋ᠠᠵᠤ ᠰᠢᠯᠭ᠋ᠠᠨ ᠠᠪᠤᠭᠰᠠᠨ 50 ᠬᠣᠲᠠ ᠵᠢᠨ ᠳᠣᠲᠣᠷ᠎ᠠ᠂ ᠤᠯᠠᠭ᠋ᠠᠨᠬᠠᠳᠠ ᠬᠣᠲᠠ 16 ᠳ᠋ᠤᠭ᠋ᠠᠷ᠎ᠲᠤ ᠵᠢᠭᠰᠠᠭ᠋ᠠᠭᠳᠠᠵᠤ᠂ ᠣᠷᠳᠣᠰ ᠬᠣᠲᠠ 30 ᠳ᠋ᠤᠭ᠋ᠠᠷ᠎ᠲᠤ ᠵᠢᠭᠰᠠᠭ᠋ᠠᠭᠳᠠᠪᠠ᠃ ᠤᠯᠤᠰ᠎ᠤᠨ ᠬᠤᠤᠷ ᠴᠠᠭ᠋ᠠᠵᠠᠯᠠᠬᠤ ᠠᠯᠪᠠᠨ ᠬᠡᠷ᠎ᠤᠨ ᠪᠠᠢ᠌ᠩᠭᠤ ᠵᠢᠨ ᠳᠡᠳ᠋ ᠡᠷᠬᠢᠯᠡᠭᠴᠢ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠬᠤᠤᠷ ᠴᠠᠭ᠋ᠠᠵᠠᠯᠠᠬᠤ ᠲᠣᠪᠴᠢᠶᠠᠨ᠎ᠤ ᠳᠠᠷᠤᠭ᠎ᠠ ᠯᠢᠶᠠᠩ ᠶᠦᠨ ᠲᠤᠬᠠᠶ ᠵᠢᠨ ᠭᠠᠵᠠᠷ᠎ᠲᠤ ᠰᠢᠨ᠎ᠡ᠎ᠪᠠᠷ ᠪᠦᠲᠦᠭᠡᠨ ᠪᠠᠢ᠌ᠭᠤᠯᠤᠭᠰᠠᠨ ᠬᠣᠲᠠ ᠵᠢ ᠪᠠᠢ᠌ᠴᠠᠭ᠋ᠠᠵᠤ ᠰᠢᠯᠭ᠋ᠠᠨ ᠠᠪᠤᠭᠰᠠᠨ᠎ᠤ ᠳᠠᠷᠠᠭ᠎ᠠ᠂ ᠬᠣᠶᠠᠷ ᠭᠠᠵᠠᠷ᠎ᠤᠨ ᠰᠢᠨ᠎ᠡ ᠬᠤᠲᠠ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ᠎ᠢ ᠭᠦᠢᠴᠡᠳ ᠨᠤᠲᠠᠯᠠᠪᠠ᠃
      ᠣᠢ᠌ᠷ᠎ᠠ ᠵᠢᠨ ᠵᠢᠯ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠬᠣᠤᠷ ᠴᠠᠭ᠋ᠠᠵᠠᠯᠠᠬᠤ ᠺᠣᠮᠢᠰ᠎ᠤᠨ ᠠᠯᠪᠠᠨ ᠬᠡᠷ᠎ᠤᠨ ᠶᠡᠬᠡ ᠳᠡᠮᠵᠢᠯᠭᠡ ᠳᠣᠤᠷ᠎ᠠ᠂ ᠪᠥᠬᠥ ᠣᠷᠣᠨ᠎ᠤ ᠬᠣᠤᠷ ᠴᠠᠭ᠋ᠠᠵᠠᠯᠠᠬᠤ ᠰᠠᠢ᠌ᠨ ᠳᠤᠷᠠᠴᠤᠳ᠎ᠤᠨ ᠡᠩᠨᠡᠭᠡ ᠥᠷᠨᠢᠨ ᠬᠥᠭᠵᠢᠵᠦ᠂ ᠥᠪᠥᠷ ᠮᠣᠩᠭᠣᠯ᠎ᠤᠨ ᠲᠠᠯ᠎ᠠ ᠨᠤᠲᠤᠭ᠎ᠤᠨ ᠬᠣᠤᠷ ᠴᠠᠭ᠋ᠠᠵᠠᠯᠠᠬᠤ ᠰᠠᠢ᠌ᠨ ᠳᠤᠷᠠᠴᠤᠳ᠎ᠤᠨ ᠬᠣᠯᠪᠣᠭ᠋ᠠᠲᠤ ᠬᠤᠷᠠᠯ᠂ ᠥᠪᠥᠷ ᠮᠣᠩᠭᠣᠯ᠎ᠤᠨ 《ᠶᠦᠨ》 ᠨᠡᠢ᠌ᠲᠡ ᠵᠢᠨ ᠠᠰᠠᠷᠠᠮᠵᠢ ᠵᠢᠨ ᠨᠡᠢ᠌ᠭᠡᠮᠯᠢᠭ ᠵᠡᠷᠭᠡ ᠨᠢᠭᠡ ᠪᠦᠯᠦᠭ ᠬᠣᠤᠷ ᠴᠠᠭ᠋ᠠᠵᠠᠯᠠᠬᠤ ᠰᠠᠢ᠌ᠨ ᠳᠤᠷᠠᠴᠤᠳ᠎ᠤᠨ ᠰᠢᠯᠢᠳᠡᠭ ᠡᠩᠨᠡᠭᠡ ᠴᠣᠯᠭᠣᠷᠠᠨ ᠭᠠᠷᠪᠠ᠃ 2020 ᠣᠨ᠎ᠤ 6 ᠳ᠋ᠤᠭ᠋ᠠᠷ ᠰᠠᠷ᠎ᠠ ᠵᠢᠨ 23᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠪᠠᠢ᠌ᠩᠭᠤ ᠵᠢᠨ ᠭᠡᠰᠢᠭᠦᠨ᠂ ᠡᠮᠡᠭᠲᠡᠢ᠌ᠴᠦᠳ᠎ᠤᠨ ᠬᠣᠯᠪᠣᠭ᠎ᠠ ᠵᠢᠨ ᠭᠦᠢᠴᠡᠳᠬᠡᠬᠦ ᠭᠡᠰᠢᠭᠦᠨ᠂ ᠥᠪᠥᠷ ᠮᠣᠩᠭᠣᠯ᠎ᠤᠨ ᠲᠠᠯ᠎ᠠ ᠨᠤᠲᠤᠭ᠎ᠤᠨ ᠬᠤᠤᠷ ᠴᠠᠭ᠋ᠠᠵᠠᠯᠠᠬᠤ ᠤᠬᠠᠭᠤᠯᠭ᠎ᠠ ᠵᠢᠨ ᠳᠦᠷᠢ ᠲᠥᠷᠬᠦ ᠵᠢᠨ ᠡᠯᠴᠢᠨ ᠲᠤᠤ ᠶᠢᠩ ᠴᠦᠨ ᠪᠥᠬᠥ ᠤᠯᠤᠰ᠎ᠤᠨ ᠬᠤᠤᠷ ᠴᠠᠭ᠋ᠠᠵᠠᠯᠠᠬᠤ ᠠᠵᠢᠯ᠎ᠤᠨ ᠲᠡᠷᠢᠭᠦᠨ᠎ᠤ ᠬᠤᠪᠢ ᠬᠥᠮᠦᠨ᠎ᠤ ᠲᠥᠯᠥᠭᠡᠯᠡᠭᠴᠢ ᠵᠢᠨ ᠬᠤᠪᠢ᠎ᠪᠠᠷ᠂ ᠪᠥᠬᠥ ᠤᠯᠤᠰ᠎ᠤᠨ ᠬᠤᠤᠷ ᠴᠠᠭ᠋ᠠᠵᠠᠯᠠᠬᠤ ᠠᠵᠢᠯ᠎ᠤᠨ ᠬᠥᠬᠢᠭᠦᠯᠦᠨ ᠰᠠᠢ᠌ᠰᠢᠶᠠᠬᠤ ᠬᠤᠷᠠᠯ ᠳᠡᠭᠡᠷ᠎ᠡ ᠨᠡᠢ᠌ᠲᠡᠯᠢᠭ ᠶᠠᠷᠢᠶ᠎ᠠ ᠲᠠᠯᠪᠢᠪᠠ᠃ ᠲᠡᠷᠡ᠄ 《ᠲᠠᠯ᠎ᠠ ᠨᠤᠲᠤᠭ᠎ᠲᠤ ᠮᠢᠩᠭ᠋ᠠᠨ ᠲᠦᠮᠡᠨ ᠴᠡᠴᠡᠭ ᠪᠠᠳᠠᠷᠠᠨ ᠳᠡᠯᠭᠡᠷᠡᠵᠦ ᠪᠠᠢ᠌ᠨ᠎ᠠ᠂ ᠭᠡᠪᠡᠴᠦ ᠠᠮᠤ ᠴᠡᠴᠡᠭ ᠪᠠᠢ᠌ᠬᠤ ᠵᠢ ᠶᠠᠭ᠋ᠠᠬᠢᠭᠰᠠᠨ ᠴᠤ᠌ ᠵᠥᠪᠰᠢᠶᠡᠷᠡᠬᠦ ᠦᠭᠡᠢ; ᠲᠠᠯ᠎ᠠ ᠨᠤᠲᠤᠭ᠎ᠲᠤ ᠮᠢᠩᠭ᠋ᠠᠨ ᠲᠦᠮᠡᠨ ᠠᠵᠢᠨᠠᠶ ᠬᠦᠯᠦᠭ ᠳᠠᠪᠬᠢᠵᠤ ᠪᠠᠢ᠌ᠨ᠎ᠠ᠂ ᠭᠡᠪᠡᠴᠦ ᠬᠣᠤᠷᠲᠤ ᠡᠳ᠋ ᠬᠥᠨᠳᠡᠯᠡᠨ ᠭᠤᠯᠳᠤ ᠠᠭ᠋ᠠᠰᠢᠯᠠᠵᠤ ᠤᠭᠲᠤ ᠵᠦᠪᠰᠢᠶᠡᠷᠡᠬᠦ ᠦᠭᠡᠢ》 ᠭᠡᠬᠦ ᠦᠭᠡ᠎ᠨᠢ ᠪᠥᠬᠥ ᠣᠷᠣᠨ᠎ᠤ 2500 ᠭᠠᠷᠤᠶ ᠲᠦᠮᠡᠨ ᠲᠠᠯ᠎ᠠ ᠨᠤᠲᠤᠭ᠎ᠤᠨ ᠬᠥᠪᠡᠭᠦᠳ ᠥᠬᠢᠳ᠎ᠤᠨ ᠬᠢᠯᠢ ᠬᠢᠵᠠᠭ᠋ᠠᠷ᠎ᠢ ᠰᠠᠬᠢᠨ ᠤᠯᠤᠰ ᠵᠶ᠋ᠠᠨ ᠬᠠᠮᠠᠭ᠋ᠠᠯᠠᠵᠤ᠂ ᠬᠣᠤᠷᠲᠤ ᠡᠳ᠋᠎ᠢ ᠡᠷᠡᠰ ᠴᠠᠭ᠋ᠠᠵᠠᠯᠠᠬᠤ ᠵᠣᠷᠢᠭ᠎ᠢ ᠢᠯᠡᠳᠬᠡᠵᠡᠶ᠃
      ᠬᠣᠶᠠᠷ᠂ 2021 ᠣᠨ᠎ᠤ ᠬᠤᠤᠷ ᠴᠠᠭ᠋ᠠᠵᠠᠯᠠᠬᠤ ᠠᠵᠢᠯ᠎ᠤᠨ ᠪᠠᠢ᠌ᠳᠠᠯ᠎ᠤᠨ ᠵᠠᠳᠠᠯᠤᠯᠲᠠ
      ᠣᠢ᠌ᠷ᠎ᠠ ᠵᠢᠨ ᠵᠢᠯ᠎ᠤᠨ ᠬᠣᠤᠷᠲᠤ ᠡᠳ᠋᠎ᠤᠨ ᠠᠰᠠᠭᠤᠳᠠᠯ᠎ᠢ ᠰᠢᠰᠲ᠋ᠧᠮ᠎ᠲᠠᠢ ᠰᠢᠢ᠍ᠳᠪᠦᠷᠢᠯᠡᠬᠦ᠎ᠪᠠᠷ ᠳᠡᠮᠵᠢᠨ᠂ ᠮᠠᠨ᠎ᠤ ᠣᠷᠣᠨ᠎ᠤ ᠬᠣᠤᠷᠲᠤ ᠡᠳ᠋᠎ᠤᠨ ᠪᠠᠢ᠌ᠳᠠᠯ ᠶᠡᠷᠦᠩᠬᠡᠶ᠎ᠳᠤ᠎ᠪᠠᠨ ᠲᠣᠭᠲᠠᠭᠤᠨ ᠡᠵᠡᠮᠳᠡᠵᠦ ᠲᠡᠢ᠌ᠯᠦᠨ᠂ ᠦᠷᠭᠦᠯᠵᠢᠯᠡᠨ ᠰᠠᠢ᠌ᠵᠢᠷᠠᠵᠤ ᠪᠠᠢ᠌ᠨ᠎ᠠ᠃ ᠭᠡᠪᠡᠴᠦ ᠳᠡᠯᠡᠬᠡᠶ ᠵᠢᠨ ᠪᠠ ᠤᠯᠤᠰ᠎ᠤᠨ ᠳᠣᠲᠣᠭ᠋ᠠᠳᠤ ᠵᠢᠨ ᠶᠡᠬᠡ ᠠᠭᠤᠷ ᠠᠮᠢᠰᠬᠤᠯ᠎ᠤᠨ ᠨᠥᠯᠥᠭᠡ᠎ᠠᠴᠠ ᠪᠣᠯᠵᠣ᠂ ᠮᠠᠨ᠎ᠤ ᠣᠷᠣᠨ ᠪᠥᠬᠥ ᠤᠯᠤᠰ᠎ᠤᠨ ᠣᠯᠠᠩᠬᠢ ᠮᠤᠵᠢ ᠣᠷᠣᠨ᠎ᠲᠠᠢ ᠠᠳᠠᠯᠢ᠎ᠪᠠᠷ ᠬᠣᠤᠷᠲᠤ ᠡᠳ᠋᠎ᠤᠨ ᠠᠰᠠᠭᠤᠳᠠᠯ ᠮᠥᠨ ᠬᠦ᠌ ᠰᠢᠪᠲᠤᠯᠤᠯᠲᠠ ᠵᠢᠨ ᠬᠤᠭᠤᠴᠠᠭ᠋ᠠᠨ᠎ᠳᠤ ᠣᠷᠣᠰᠢᠵᠤ ᠪᠠᠢ᠌ᠬᠤ ᠪᠥᠭᠡᠳ ᠳᠣᠤᠷᠠᠬᠢ ᠪᠠᠢ᠌ᠳᠠᠯ ᠢᠯᠡᠷᠡᠪᠡ᠄
      ᠨᠢᠭᠡ᠎ᠳᠤ᠂ ᠳᠤᠷ᠎ᠠ᠎ᠪᠠᠷ ᠵᠶ᠋ᠠᠨ ᠬᠡᠷᠡᠭᠯᠡᠭᠰᠡᠨ ᠬᠣᠤᠷᠲᠤ ᠡᠳ᠋᠎ᠤᠨ ᠲᠥᠷᠥᠯ ᠵᠦᠢᠯ ᠨᠠᠩ ᠣᠯᠠᠨ ᠶᠠᠩᠵᠤ ᠵᠢᠨ ᠪᠣᠯᠪᠠ᠃ ᠬᠣᠤᠷᠲᠤ ᠡᠳ᠋᠎ᠤᠨ ᠳᠠᠯᠳᠠ ᠬᠡᠷᠡᠭᠴᠡᠭᠡ ᠪᠠᠰᠠ ᠮᠠᠰᠢ ᠴᠢᠩᠭ᠎ᠠ ᠪᠠᠢ᠌ᠵᠤ᠂ ᠮᠸᠲ᠋ᠠᠮᠹᠸᠲᠠᠮᠢᠨ᠂ ᠾᠧᠷᠣᠶᠢᠨ᠂ ᠬᠠᠷ᠎ᠠ ᠲᠠᠮᠠᠬᠢ᠂ ᠠᠯᠠᠭ ᠮᠠᠭ᠋ᠠᠵᠢ᠂ ᠰᠢᠨ᠎ᠡ ᠣᠶᠤᠨ ᠮᠡᠳᠡᠷᠡᠯ᠎ᠤᠨ ᠬᠤᠤᠷᠲᠤ ᠡᠳ᠋᠂ ᠺᠤᠹᠸᠢᠢ᠍ᠨ ᠵᠡᠷᠭᠡ ᠣᠯᠠᠨ ᠵᠦᠢᠯ᠎ᠤᠨ ᠬᠣᠤᠷᠲᠤ ᠡᠳ᠋ ᠣᠷᠣᠰᠢᠵᠤ᠂ 《ᠤᠯᠠᠮᠵᠢᠯᠠᠯᠲᠤ ᠬᠣᠤᠷᠲᠤ ᠡᠳ᠋ + ᠰᠢᠨ᠎ᠡ ᠬᠡᠯᠪᠡᠷᠢ ᠵᠢᠨ ᠬᠣᠤᠷᠲᠤ ᠡᠳ᠋ + ᠰᠢᠨ᠎ᠡ ᠣᠶᠤᠨ ᠮᠡᠳᠡᠷᠡᠯ᠎ᠤᠨ ᠬᠤᠤᠷᠲᠤ ᠡᠳ᠋》᠎ᠤᠨ ᠨᠢᠭᠡ ᠬᠣᠶᠠᠷ ᠭᠤᠷᠪᠠᠳᠤᠭ᠋ᠠᠷ ᠦᠶ᠎ᠡ ᠵᠢᠨ ᠬᠣᠤᠷᠲᠤ ᠡᠳ᠋ ᠬᠠᠮᠲᠤ ᠣᠷᠣᠰᠢᠬᠤ ᠣᠨᠴᠠᠯᠢᠭ ᠢᠯᠡᠷᠡᠵᠦ ᠪᠠᠢ᠌ᠨ᠎ᠠ᠃ ᠬᠣᠤᠷ ᠲᠠᠲᠠᠬᠤ ᠠᠷᠭ᠎ᠠ ᠮᠠᠶᠢᠭ᠎ᠨᠢ ᠨᠠᠩ ᠨᠢᠭᠤᠴᠠ ᠳᠠᠯᠳᠠ᠂ ᠬᠠᠭᠤᠷᠮᠠᠭᠯᠠᠬᠤ ᠴᠢᠨᠠᠷ᠂ ᠲᠥᠭᠡᠷᠢᠭᠳᠡᠭᠦᠯᠬᠦ ᠴᠢᠨᠠᠷ ᠵᠶ᠋ᠠᠷ ᠨᠠᠩ ᠴᠢᠩᠭ᠎ᠠ᠃ ᠬᠣᠶᠠᠷ᠎ᠲᠤ᠂ ᠬᠣᠤᠷᠲᠤ ᠡᠳ᠋᠎ᠤᠨ ᠶᠠᠯᠠᠲᠤ ᠠᠵᠢᠯᠯᠠᠭ᠎ᠠ ᠵᠢᠨ ᠨᠡᠪᠴᠢᠯᠲᠡ ᠵᠢᠨ ᠠᠷᠭ᠎ᠠ ᠵᠠᠮ ᠣᠯᠠᠨ ᠶᠠᠩᠵᠤ ᠵᠢᠨ ᠪᠤᠯᠪᠠ᠃ ᠱᠠᠨ ᠰᠢ᠂ ᠾᠧᠪᠧᠶ᠂ ᠬᠤᠪᠧᠶ᠂ ᠭᠤᠸᠠᠩᠳᠦ᠋ᠩ ᠵᠡᠷᠭᠡ ᠪᠥᠬᠥ ᠤᠯᠤᠰ᠎ᠤᠨ 20 ᠭᠠᠷᠤᠶ ᠮᠤᠵᠢ ᠣᠷᠣᠨ ᠬᠣᠲᠠ ᠵᠢᠨ ᠬᠣᠤᠷᠲᠤ ᠡᠳ᠋ ᠲᠠᠰᠤᠷᠠᠯᠲᠠ ᠥᠬᠡᠶ ᠮᠠᠨ᠎ᠤ ᠣᠷᠣᠨ᠎ᠳᠤ ᠨᠡᠪᠴᠢᠵᠦ᠂ ᠣᠢ᠌ᠷ᠎ᠠ ᠵᠢᠨ ᠵᠢᠯ᠎ᠳᠤ ᠪᠠᠰᠠ ᠺᠠᠨᠠᠳᠠ᠂ ᠺᠤᠲ ᠳ᠋ᠢᠸᠤᠸᠠᠷ᠂ ᠪᠢᠷᠮᠠ ᠵᠢᠨ ᠬᠣᠤᠷᠲᠤ ᠡᠳ᠋᠎ᠢ ᠵᠠᠯᠭ᠋ᠠᠭ᠎ᠠ᠎ᠪᠠᠷ ᠪᠠᠢ᠌ᠴᠠᠭ᠋ᠠᠨ ᠢᠯᠡᠷᠡᠭᠦᠯᠪᠡ᠃ ᠭᠤᠷᠪᠠ᠎ᠳᠤ᠂ ᠬᠣᠤᠷᠲᠤ ᠡᠳ᠋ ᠫᠠᠨᠽᠠᠯᠠᠬᠤ ᠠᠷᠭ᠎ᠠ ᠪᠠᠷᠢᠯ᠎ᠨᠢ ᠣᠯᠠᠨ ᠶᠠᠩᠵᠤ ᠵᠢᠨ ᠪᠤᠯᠪᠠ᠃ ᠬᠣᠤᠷᠲᠤ ᠡᠳ᠋ ᠫᠠᠨᠽᠠᠯᠠᠬᠤ ᠠᠵᠢᠯᠯᠠᠭ᠎ᠠ᠎ᠨᠢ ᠨᠢᠭᠤᠴᠠ ᠳᠠᠯᠳᠠ ᠪᠣᠯᠵᠣ᠂ ᠬᠣᠤᠷᠲᠤ ᠡᠳ᠋ ᠵᠥᠭᠡᠭᠡᠪᠦᠷᠢᠯᠡᠨ ᠬᠣᠤᠷᠲᠤ ᠡᠳ᠋᠎ᠢ ᠬᠠᠳᠠᠭ᠋ᠠᠯᠠᠬᠤ ᠠᠷᠭ᠎ᠠ ᠪᠠᠷᠢᠯ᠎ᠨᠢ ᠲᠠᠰᠤᠷᠠᠯᠲᠠ ᠥᠬᠡᠶ ᠰᠢᠨᠡᠳᠴᠦ᠂ 《ᠭᠣᠤᠯᠳᠠᠯᠭ᠎ᠠ᠎ᠲᠠᠢ ᠬᠣᠤᠷᠲᠤ ᠡᠳ᠋᠎ᠤᠨ ᠢᠷᠡᠯᠲᠡ ᠵᠢᠨ ᠭᠠᠵᠠᠷ᠎ᠠᠴᠠ ᠰᠢᠭᠤᠳ ᠫᠠᠨᠽᠠᠯᠠᠬᠤ》᠎ᠠᠴᠠ 《ᠣᠨᠳᠣᠤ ᠭᠠᠵᠠᠷ᠎ᠲᠤ ᠰᠢᠯᠵᠢᠭᠦᠯᠦᠨ᠂ ᠣᠯᠠᠨ ᠭᠠᠵᠠᠷ᠎ᠲᠤ ᠡᠷᠭᠢᠯᠳᠦᠭᠦᠯᠬᠦ᠂ ᠵᠠᠮ ᠬᠠᠷᠢᠯᠴᠠᠭ᠋ᠠᠨ᠎ᠤ ᠪᠠᠭ᠋ᠠᠵᠢ᠎ᠪᠠᠨ ᠬᠤᠪᠢᠷᠠᠭᠤᠯᠤᠨ ᠪᠦᠯᠦᠭ ᠤᠳᠠᠭ᠎ᠠ ᠬᠤᠪᠢᠶᠠᠨ ᠵᠠᠯᠭ᠋ᠠᠨ ᠲᠡᠭᠡᠭᠡᠪᠦᠷᠢᠯᠡᠬᠦ》 ᠲᠡᠢ᠌ᠰᠢ ᠬᠤᠪᠢᠷᠬᠠᠤ ᠵᠢᠨ ᠬᠠᠮᠲᠤ ᠲᠣᠤᠷ ᠰᠦᠯᠵᠢᠶ᠎ᠡ + ᠪᠠᠷᠠᠭ᠋ᠠᠨ᠎ᠤ ᠭᠦᠢᠯᠭᠡᠭᠡᠨ᠎ᠤ ᠠᠷᠭ᠎ᠠ ᠮᠠᠶᠢᠭ ᠵᠶ᠋ᠠᠷ ᠰᠦᠯᠵᠢᠶᠡᠨ ᠳᠡᠭᠡᠷ᠎ᠡ ᠠᠷᠠᠯᠵᠢᠶᠠᠯᠠᠵᠤ᠂ ᠴᠣᠬᠢᠯᠲᠠ ᠥᠭᠴᠦ ᠪᠠᠢ᠌ᠴᠠᠭ᠋ᠠᠨ ᠰᠢᠢᠳᠪᠦᠷᠢᠯᠡᠬᠦ᠎ᠳᠤ ᠬᠦᠴᠢᠷᠳᠡᠯ ᠶᠠᠪᠤᠬᠤ ᠲᠤᠲᠤᠮ ᠶᠡᠬᠡ ᠪᠣᠯᠵᠣ ᠪᠠᠢ᠌ᠨ᠎ᠠ᠃
      ᠭᠤᠷᠪᠠ᠂ ᠳᠠᠷᠠᠭ᠋ᠠᠴᠢ ᠵᠢᠨ ᠠᠵᠢᠯ
     2021 ᠣᠨ᠎ᠳᠤ᠂ ᠨᠠᠷᠢᠨ ᠪᠤᠳᠤᠯᠢᠶᠠᠨᠲᠠᠶ ᠪᠥᠭᠡᠳ ᠬᠤᠪᠢᠷᠠᠯᠲᠠ ᠶᠡᠬᠡᠲᠡᠶ ᠬᠣᠤᠷᠲᠤ ᠡᠳ᠋᠎ᠤᠨ ᠪᠠᠢ᠌ᠳᠠᠯ ᠪᠠ ᠰᠢᠨ᠎ᠡ ᠴᠠᠭ ᠦᠶ᠎ᠡ ᠵᠢᠨ ᠬᠤᠤᠷ ᠴᠠᠭ᠋ᠠᠵᠠᠯᠠᠬᠤ ᠠᠵᠢᠯ᠎ᠤᠨ ᠡᠭᠦᠷᠭᠡ ᠬᠠᠷᠢᠭᠤᠴᠠᠯᠭ᠎ᠠ ᠵᠢᠨ ᠡᠮᠦᠨ᠎ᠡ᠂ ᠪᠢᠳᠡ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ᠎ᠤᠨ ᠥᠪᠡᠷᠲᠡᠭᠡᠨ ᠵᠠᠰᠠᠬᠤ ᠣᠷᠣᠨ᠎ᠤ ᠰᠢᠷᠢᠰ ᠰᠢᠢᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠢᠨ᠎ᠡ ᠴᠠᠭ ᠦᠶ᠎ᠡ ᠵᠢᠨ ᠲᠠᠯ᠎ᠠ ᠨᠤᠲᠤᠭ᠎ᠤᠨ ᠬᠤᠤᠷ ᠴᠠᠭ᠋ᠠᠵᠠᠯᠠᠬᠤ ᠠᠷᠠᠳ᠎ᠤᠨ ᠲᠡᠢ᠌ᠨ᠎ᠢ ᠦᠷᠭᠦᠯᠵᠢᠯᠡᠨ ᠠᠬᠢᠭᠤᠯᠵᠤ᠂ ᠬᠣᠤᠷᠲᠤ ᠡᠳ᠋᠎ᠤᠨ ᠠᠰᠠᠭᠤᠳᠠᠯ᠎ᠤᠨ ᠭᠣᠤᠯᠳᠠᠯᠭ᠎ᠠ᠎ᠲᠠᠢ ᠭᠠᠵᠠᠷ ᠣᠷᠣᠨ᠎ᠢ ᠴᠡᠭᠴᠡᠯᠡᠨ ᠵᠠᠰᠠᠬᠤ ᠠᠵᠢᠯ᠎ᠢ ᠴᠢᠩᠭ᠋ᠠᠳᠬᠠᠵᠤ᠂ ᠬᠤᠤᠷ ᠴᠠᠭ᠋ᠠᠵᠠᠯᠠᠬᠤ ᠠᠵᠢᠯ᠎ᠤᠨ ᠪᠠᠢ᠌ᠳᠠᠯ᠎ᠤᠨ ᠦᠷᠭᠦᠯᠵᠢᠯᠡᠨ ᠰᠠᠢ᠌ᠵᠢᠷᠠᠬᠤ ᠵᠢ ᠠᠬᠢᠭᠤᠯᠤᠨ᠎ᠠ᠃
      ᠨᠢᠭᠡᠳᠦᠭᠡᠷ᠎ᠲᠤ᠂ ᠪᠦᠬᠦ ᠠᠷᠠᠳ᠎ᠤᠨ ᠬᠣᠣᠷᠲᠤ ᠡᠳ᠋᠎ᠢ ᠴᠠᠭ᠋ᠠᠵᠠᠯᠠᠬᠤ ᠤᠬᠠᠭᠤᠯᠭ᠎ᠠ ᠬᠥᠮᠦᠵᠢᠯ᠎ᠢ ᠭᠦᠨᠵᠡᠭᠡᠢ᠌ᠷᠡᠭᠦᠯᠦᠨ᠎ᠡ᠃ ᠰᠤᠷᠭ᠋ᠠᠭᠤᠯᠢ ᠵᠢᠨ ᠬᠣᠤᠷᠲᠤ ᠡᠳ᠋᠎ᠢ ᠤᠷᠢᠳᠴᠢᠯᠠᠨ ᠰᠡᠷᠭᠡᠢ᠌ᠯᠡᠬᠦ ᠬᠥᠮᠦᠵᠢᠯ᠎ᠤᠨ ᠪᠠᠭᠰᠢ ᠵᠢᠨ ᠡᠩᠨᠡᠭᠡ ᠪᠠ ᠰᠤᠷᠭ᠋ᠠᠭᠤᠯᠢ ᠵᠢᠨ ᠬᠦᠷᠢᠶᠡᠨ᠎ᠤ ᠬᠣᠤᠷᠲᠤ ᠡᠳ᠋᠎ᠢ ᠴᠠᠭ᠋ᠠᠵᠠᠯᠠᠬᠤ ᠵᠢᠭᠰᠠᠭ᠋ᠠᠯ᠎ᠤᠨ ᠭᠠᠵᠠᠷ᠎ᠤᠨ ᠪᠥᠲᠥᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠪᠥᠬᠥ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠬᠣᠤᠷᠲᠤ ᠡᠳ᠋᠎ᠢ ᠤᠷᠢᠳᠴᠢᠯᠠᠨ ᠰᠡᠷᠭᠡᠢ᠌ᠯᠡᠬᠦ ᠬᠥᠮᠦᠵᠢᠯ᠎ᠤᠨ ᠲᠣᠭ᠋ᠠᠴᠢᠯᠠᠭᠰᠠᠨ ᠲᠠᠪᠴᠠᠩ᠎ᠤᠨ ᠬᠡᠷᠡᠭᠯᠡᠯᠲᠡ ᠵᠢ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠰᠠᠭᠤᠷᠢ ᠢᠨᠵᠧᠨᠧᠷᠢᠩ᠎ᠳᠤ ᠤᠷᠤᠭᠤᠯᠬᠤ ᠵᠢ ᠳᠡᠯᠭᠡᠷᠡᠭᠦᠯᠦᠨ᠂ ᠬᠣᠤᠷᠲᠤ ᠡᠳ᠋᠎ᠢ ᠤᠷᠢᠳᠴᠢᠯᠠᠨ ᠰᠡᠷᠭᠡᠢ᠌ᠯᠡᠬᠦ ᠬᠥᠮᠦᠵᠢᠯ᠎ᠤᠨ 《ᠵᠢᠷᠭᠤᠭ᠎ᠠ᠎ᠳᠤ ᠣᠷᠣᠭᠤᠯᠬᠤ (ᠰᠤᠷᠭ᠋ᠠᠭᠤᠯᠢ᠎ᠳᠤ ᠣᠷᠣᠭᠤᠯᠬᠤ᠂ ᠨᠢᠭᠡᠴᠢ᠎ᠳᠤ ᠣᠷᠣᠭᠤᠯᠬᠤ᠂ ᠬᠡᠷ ᠪᠦᠯᠢ᠎ᠳᠤ ᠣᠷᠣᠭᠤᠯᠬᠤ᠂ ᠲᠠᠯᠠᠪᠤᠷ᠎ᠲᠤ ᠣᠷᠣᠭᠤᠯᠬᠤ᠂ ᠨᠡᠢ᠌ᠭᠡᠮ ᠲᠣᠭᠣᠷᠢᠭ᠎ᠲᠤ ᠣᠷᠣᠭᠤᠯᠬᠤ᠂ ᠬᠥᠳᠡᠭᠡ ᠲᠣᠰᠬᠣᠨ᠎ᠳᠤ ᠣᠷᠣᠭᠤᠯᠬᠤ)》᠂ 《ᠲᠠᠪᠤ ᠵᠢ ᠨᠠᠢ᠌ᠳᠠᠪᠤᠷᠢᠵᠢᠭᠤᠯᠬᠤ》 ᠵᠡᠷᠭᠡ ᠵᠢ ᠦᠷᠭᠦᠯᠵᠢᠯᠡᠨ ᠠᠬᠢᠭᠤᠯᠤᠨ᠎ᠠ; ᠡᠯ᠎ᠡ ᠲᠥᠷᠥᠯ᠎ᠤᠨ ᠰᠦᠯᠵᠢᠶᠡᠨ᠎ᠤ ᠲᠠᠪᠴᠠᠩ ᠪᠠ ᠰᠣᠨᠢᠨ ᠮᠡᠳᠡᠭᠡᠨ᠎ᠤ ᠵᠠᠭᠤᠴᠢᠯᠠᠭᠤᠷ᠎ᠲᠤ ᠲᠦᠰᠢᠭᠯᠡᠨ᠂ ᠬᠠᠮᠢᠶ᠎ᠠ ᠪᠥᠬᠥᠶ ᠨᠢᠭᠡᠴᠢ ᠪᠠ ᠬᠣᠤᠷ ᠴᠠᠭ᠋ᠠᠵᠠᠯᠠᠬᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠲᠠᠢ ᠬᠣᠯᠪᠣᠭ᠋ᠠᠯᠠᠵᠤ᠂ ᠣᠯᠠᠨ ᠲᠦᠮᠡᠨᠴᠢ ᠴᠢᠨᠠᠷᠲᠠᠶ ᠬᠣᠤᠷ ᠴᠠᠭ᠋ᠠᠵᠠᠯᠠᠬᠤ ᠤᠬᠠᠭᠤᠯᠭ᠎ᠠ ᠵᠢᠨ ᠠᠵᠢᠯᠯᠠᠭ᠎ᠠ ᠵᠢ ᠦᠷᠭᠦᠯᠵᠢᠯᠡᠨ ᠰᠢᠨ᠎ᠡ ᠵᠢ ᠡᠭᠦᠳᠦᠨ ᠥᠷᠨᠢᠭᠦᠯᠵᠦ᠂ ᠪᠥᠬᠥ ᠠᠷᠠᠳ᠎ᠤᠨ ᠬᠣᠤᠷ ᠲᠠᠨᠢᠬᠤ᠂ ᠬᠣᠤᠷ ᠰᠡᠷᠭᠡᠢ᠌ᠯᠡᠬᠦ᠂ ᠬᠣᠤᠷ ᠴᠠᠭ᠋ᠠᠵᠠᠯᠠᠬᠤ ᠦᠵᠡᠯ ᠤᠬᠠᠮᠰᠠᠷ ᠪᠠ ᠴᠢᠳᠠᠪᠤᠷᠢ ᠵᠢ ᠳᠡᠭᠡᠭᠰᠢᠯᠡᠭᠦᠯᠦᠨ᠂ ᠬᠣᠤᠷ ᠴᠠᠭ᠋ᠠᠵᠠᠯᠠᠬᠤ ᠠᠵᠢᠯ᠎ᠤᠨ ᠬᠠᠨᠤᠮᠵᠢ ᠵᠢᠨ ᠨᠣᠷᠮ᠎ᠠ ᠵᠢ ᠳᠡᠭᠡᠭᠰᠢᠯᠡᠭᠦᠯᠦᠨ᠎ᠡ᠃
      ᠬᠣᠶᠠᠳᠤᠭ᠋ᠠᠷ᠎ᠲᠤ᠂ ᠬᠣᠤᠷᠲᠤ ᠡᠳ᠋᠎ᠢ ᠪᠠᠷᠢᠪᠴᠢᠯᠠᠬᠤ ᠬᠠᠤᠯᠢ ᠬᠡᠷᠡᠭᠵᠢᠭᠦᠯᠦᠯᠲᠡ ᠪᠠ ᠴᠣᠬᠢᠯᠲᠠ ᠥᠭᠬᠦ ᠬᠦᠴᠦᠨ ᠴᠢᠳᠠᠪᠤᠷᠢ ᠵᠢ ᠳᠡᠭᠡᠭᠰᠢᠯᠡᠭᠦᠯᠦᠨ᠎ᠡ᠃      《ᠬᠣᠶᠠᠷ᠎ᠲᠤ ᠴᠣᠬᠢᠯᠲᠠ ᠥᠭᠴᠦ ᠬᠣᠶᠠᠷ᠎ᠢ ᠬᠢᠵᠠᠭ᠋ᠠᠷᠯᠠᠬᠤ》᠂ 《ᠣᠯᠠᠭᠤᠯᠠ ᠨᠡᠢ᠌ᠯᠡᠵᠦ ᠨᠢᠭᠡ᠎ᠳᠤ᠎ᠨᠢ ᠴᠣᠬᠢᠯᠲᠠ ᠥᠭᠬᠦ》᠂ 《ᠮᠥᠰᠥ ᠵᠢ ᠠᠷᠢᠯᠭ᠋ᠠᠵᠤ ᠬᠣᠤᠷ᠎ᠢ ᠠᠷᠢᠯᠭ᠋ᠠᠬᠤ》᠂ ᠬᠣᠤᠷ ᠲᠠᠲᠠᠭᠴᠢᠳ᠎ᠤᠨ 《ᠳᠠᠯᠳᠠ ᠬᠡᠮ᠎ᠢ ᠠᠷᠢᠯᠭ᠋ᠠᠬᠤ》᠂ 《ᠪᠦᠬᠦᠨ᠎ᠢ ᠠᠷᠢᠯᠭ᠋ᠠᠬᠤ》᠂ 《ᠵᠢᠭᠰᠠᠭ᠋ᠠᠨ ᠪᠠᠢ᠌ᠴᠠᠭ᠋ᠠᠵᠤ ᠬᠤᠷᠢᠶᠠᠬᠤ》 ᠵᠡᠷᠭᠡ ᠲᠤᠰᠬᠠᠶ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠡᠯ᠎ᠡ ᠲᠥᠷᠥᠯ᠎ᠤᠨ ᠬᠣᠤᠷᠲᠤ ᠡᠳ᠋᠎ᠤᠨ ᠶᠠᠯᠠᠲᠤ ᠠᠵᠢᠯᠯᠠᠭ᠎ᠠ᠎ᠳᠤ ᠲᠥᠪᠯᠡᠷᠡᠭᠦᠯᠦᠨ ᠪᠣᠭᠣᠮᠲᠠ ᠰᠢᠪᠲᠤᠯᠬᠤ ᠵᠢ ᠥᠷᠨᠢᠭᠦᠯᠦᠨ᠂ ᠬᠣᠤᠷᠲᠤ ᠡᠳ᠋ ᠦᠢᠯᠡᠳᠴᠦ ᠫᠠᠨᠽᠠᠯᠠᠬᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠪᠥᠬᠥ ᠬᠡᠯᠬᠢᠶ᠎ᠡ᠎ᠪᠠᠷ ᠴᠣᠬᠢᠯᠲᠠ ᠥᠭᠭᠦᠨ᠎ᠡ᠃
      ᠭᠤᠷᠪᠠᠳᠤᠭ᠋ᠠᠷ᠎ᠲᠤ᠂ ᠬᠣᠣᠷᠲᠤ ᠡᠳ᠋᠎ᠢ ᠴᠠᠭ᠋ᠠᠵᠠᠯᠠᠬᠤ ᠵᠢᠱ᠌ᠢᠢ᠎ᠡ ᠦᠵᠡᠭᠦᠯᠬᠦ ᠬᠤᠳᠠ ᠵᠢ ᠡᠭᠦᠳᠦᠨ ᠪᠠᠢ᠌ᠭᠤᠯᠬᠤ ᠠᠵᠢᠯ᠎ᠢ ᠥᠷᠨᠢᠭᠦᠯᠦᠨ᠎ᠡ᠃ ᠬᠣᠤᠷ ᠴᠠᠭ᠋ᠠᠵᠠᠯᠠᠬᠤ ᠵᠢᠱ᠌ᠢᠶ᠎ᠡ ᠦᠵᠡᠭᠦᠯᠬᠦ ᠭᠠᠵᠠᠷ ᠣᠷᠣᠨ᠎ᠢ ᠡᠭᠦᠳᠦᠨ ᠪᠠᠢ᠌ᠭᠤᠯᠬᠤ ᠠᠵᠢᠯᠯᠠᠭ᠎ᠠ ᠥᠷᠨᠢᠭᠦᠯᠬᠦ᠎ᠪᠠᠷ ᠭᠠᠷᠳᠠᠴᠠ ᠪᠣᠯᠭ᠋ᠠᠨ᠂ ᠪᠠᠷᠢᠮᠵᠢᠶᠠᠵᠢᠭᠰᠠᠨ 《ᠨᠣᠭᠣᠭ᠋ᠠᠨ ᠪᠦᠷᠢᠳᠦ ᠬᠡᠷ ᠣᠷᠣᠨ》 ᠨᠡᠢ᠌ᠭᠡᠮ ᠲᠣᠭᠣᠷᠢᠭ᠎ᠲᠤ ᠬᠣᠤᠷ ᠲᠠᠲᠠᠬᠤ ᠵᠢ ᠵᠣᠭᠰᠣᠭ᠋ᠠᠬᠤ ᠨᠡᠢ᠌ᠭᠡᠮ ᠲᠣᠭᠣᠷᠢᠭ᠎ᠤᠨ ᠡᠷᠡᠭᠦᠯᠵᠢᠭᠦ ᠠᠵᠢᠯ᠎ᠤᠨ ᠥᠷᠲᠡᠭᠡ ᠵᠢᠨ ᠪᠠᠢ᠌ᠭᠤᠯᠤᠯᠲᠠ ᠵᠢ ᠠᠬᠢᠭᠤᠯᠵᠤ᠂ ᠬᠣᠤᠷ ᠴᠠᠭ᠋ᠠᠵᠠᠯᠠᠬᠤ ᠲᠤᠰᠬᠠᠶ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠬᠥᠭᠵᠢᠭᠦᠯᠦᠨ᠂ ᠨᠡᠢ᠌ᠭᠡᠮ᠎ᠤᠨ ᠬᠦᠴᠦᠨ᠎ᠢ ᠬᠥᠲᠥᠯᠦᠨ ᠵᠢᠯᠣᠭᠣᠳᠴᠤ ᠪᠠᠢ᠌ᠭ᠋ᠠᠳ ᠬᠣᠤᠷ ᠴᠠᠭ᠋ᠠᠵᠠᠯᠠᠬᠤ ᠠᠵᠢᠯ᠎ᠳᠤ ᠢᠳᠡᠪᠬᠢᠲᠡᠶ ᠣᠷᠣᠯᠴᠠᠭᠤᠯᠵᠤ᠂ ᠬᠣᠤᠷ ᠴᠠᠭ᠋ᠠᠵᠠᠯᠠᠬᠤ ᠠᠵᠢᠯ᠎ᠢ ᠬᠠᠮᠲᠤᠪᠠᠷ ᠵᠠᠰᠠᠬᠤ ᠪᠠᠢ᠌ᠷᠢᠰᠢᠯ᠎ᠢ ᠲᠡᠭᠦᠯᠳᠡᠷᠵᠢᠭᠦᠯᠦᠨ᠎ᠡ᠃
      ᠳᠥᠷᠪᠡᠳᠦᠭᠡᠷ᠎ᠲᠤ᠂ ᠲᠤᠰᠬᠠᠢ ᠵᠢᠭᠰᠠᠭ᠋ᠠᠨ ᠪᠠᠢ᠌ᠴᠠᠭ᠋ᠠᠵᠤ ᠵᠠᠰᠠᠬᠤ ᠵᠢ ᠭᠦᠨᠵᠡᠭᠡᠢ᠌ᠷᠡᠭᠦᠯᠦᠨ᠎ᠡ᠃ ᠬᠣᠤᠷᠲᠤ ᠡᠳ᠋ ᠦᠢᠯᠡᠳᠬᠦ᠎ᠳᠤ ᠬᠣᠯᠪᠣᠭᠳᠠᠭᠰᠠᠨ ᠲᠠᠯᠠᠪᠤᠷ᠂ ᠲᠥᠬᠥᠭᠡᠷᠦᠮᠵᠢ᠂ ᠡᠳ᠋ ᠪᠣᠳᠠᠰ᠎ᠢ ᠵᠢᠭᠰᠠᠭ᠋ᠠᠨ ᠪᠠᠢ᠌ᠴᠠᠭ᠋ᠠᠬᠤ 《ᠮᠢᠨ᠎ᠠ ᠠᠷᠢᠯᠭ᠋ᠠᠬᠤ ᠠᠵᠢᠯᠯᠠᠭ᠎ᠠ》 ᠵᠡᠷᠭᠡ ᠲᠤᠰᠬᠠᠶ ᠠᠵᠢᠯᠯᠠᠭ᠎ᠠ ᠵᠢ ᠥᠷᠨᠢᠭᠦᠯᠵᠦ᠂ ᠬᠣᠤᠷᠲᠤ ᠡᠳ᠋ ᠦᠢᠯᠡᠳᠬᠦ᠎ᠳᠤ ᠠᠮᠠᠷᠬᠠᠨ ᠬᠢᠮᠢ ᠵᠢᠨ ᠪᠤᠳᠠᠰ᠂ ᠵᠡᠭᠡᠷᠭᠡᠨ᠎ᠡ ᠵᠢᠨ ᠬᠠᠤᠯᠢ ᠪᠤᠰᠤ᠎ᠪᠠᠷ ᠭᠡᠭᠡᠭᠳᠡᠬᠦ ᠵᠢ ᠴᠢᠩᠭ᠎ᠠ ᠰᠡᠷᠭᠡᠢ᠌ᠯᠡᠨ᠎ᠡ; ᠲᠠᠷᠢᠬᠤ ᠵᠢ ᠴᠠᠭ᠋ᠠᠵᠠᠯᠠᠬᠤ ᠬᠣᠤᠷ᠎ᠢ ᠠᠷᠢᠯᠭ᠋ᠠᠬᠤ ᠲᠤᠰᠬᠠᠶ ᠵᠦᠢᠯ᠎ᠤᠨ ᠠᠵᠢᠯᠯᠠᠭ᠎ᠠ ᠵᠢ ᠦᠷᠭᠦᠯᠵᠢᠯᠡᠨ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ 《ᠳᠠᠷᠢᠬᠤ ᠥᠬᠡᠶ᠂ ᠬᠤᠷᠢᠶᠠᠬᠤ ᠥᠬᠡᠶ》 ᠦᠷ᠎ᠡ ᠪᠦᠲᠦᠭᠡᠯ᠎ᠢ ᠪᠡᠬᠢᠵᠢᠭᠦᠯᠦᠨ᠎ᠡ; 《ᠵᠠᠭᠤᠨ ᠰᠢᠶᠠᠨ ᠮᠢᠩᠭ᠋ᠠᠨ ᠲᠣᠰᠬᠣᠨ᠎ᠤ ᠬᠣᠤᠷᠲᠤ ᠡᠳ᠋᠎ᠤᠨ ᠠᠰᠠᠭᠤᠳᠠᠯ᠎ᠢ ᠶᠡᠬᠡᠪᠡᠷ ᠠᠷᠢᠯᠭ᠋ᠠᠬᠤ》 ᠠᠵᠢᠯᠯᠠᠭ᠎ᠠ ᠵᠢ ᠥᠷᠨᠢᠭᠦᠯᠵᠦ᠂ ᠬᠣᠤᠷᠲᠤ ᠡᠳ᠋᠎ᠤᠨ ᠠᠰᠠᠭᠤᠳᠠᠯ ᠵᠶ᠋ᠠᠷ ᠲᠣᠪᠣᠢ᠌ᠮ᠎ᠠ ᠪᠠᠢ᠌ᠭ᠎ᠠ ᠨᠢᠭᠡ ᠪᠦᠯᠦᠭ ᠬᠣᠰᠢᠭᠤ ᠰᠢᠶᠠᠨ᠂ ᠠᠢ᠌ᠯ ᠲᠣᠰᠬᠣᠨ᠎ᠢ ᠲᠥᠪᠯᠡᠷᠡᠭᠦᠯᠦᠨ ᠪᠠᠢ᠌ᠴᠠᠭ᠋ᠠᠵᠤ ᠶᠡᠷᠦᠩᠬᠡᠢ᠌ᠯᠡᠨ ᠵᠠᠰᠠᠵᠤ᠂ ᠬᠥᠳᠡᠭᠡ ᠲᠣᠰᠬᠣᠨ᠎ᠤ ᠠᠷᠬᠠᠭ ᠬᠡᠮ᠎ᠢ ᠠᠷᠢᠯᠭ᠋ᠠᠨ᠂ ᠬᠣᠤᠷ ᠴᠠᠭ᠋ᠠᠵᠠᠯᠠᠬᠤ ᠠᠵᠢᠯ᠎ᠤᠨ ᠴᠢᠳᠠᠪᠤᠷᠢ ᠵᠢᠨ ᠬᠢᠷᠢ ᠬᠡᠮᠵᠢᠶ᠎ᠡ ᠵᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ᠃
      ᠲᠠᠪᠤᠳᠤᠭ᠋ᠠᠷ᠎ᠲᠤ᠂ ᠬᠣᠣᠷᠲᠤ ᠡᠳ᠋᠎ᠢ ᠴᠠᠭ᠋ᠠᠵᠠᠯᠠᠬᠤ ᠠᠵᠢᠯ᠎ᠤᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠰᠢᠰᠲ᠋ᠧᠮ᠎ᠢ ᠲᠡᠭᠦᠯᠳᠡᠷᠵᠢᠭᠦᠯᠦᠨ᠎ᠡ᠃ ᠬᠣᠤᠷᠲᠤ ᠡᠳ᠋᠎ᠢ ᠴᠠᠭ᠋ᠠᠵᠠᠯᠠᠬᠤ ᠠᠵᠢᠯ᠎ᠤᠨ ᠪᠠᠢ᠌ᠴᠠᠭ᠋ᠠᠨ ᠰᠤᠳᠤᠯᠤᠯᠲᠠ ᠵᠢ ᠴᠢᠩᠭ᠋ᠠᠳᠬᠠᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠴᠠᠭ ᠦᠶ᠎ᠡ ᠵᠢᠨ ᠬᠣᠤᠷᠲᠤ ᠡᠳ᠋᠎ᠢ ᠴᠠᠭ᠋ᠠᠵᠠᠯᠠᠬᠤ ᠠᠵᠢᠯ᠎ᠤᠨ ᠲᠥᠯᠥᠪᠵᠢᠭᠦᠯᠭᠡ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠤᠷᠲᠤ ᠡᠳ᠋᠎ᠤᠨ ᠠᠰᠠᠭᠤᠳᠠᠯ ᠬᠦᠨᠳᠦ ᠨᠣᠴᠢᠲᠠᠶ ᠪᠠᠢ᠌ᠭ᠎ᠠ ᠭᠠᠵᠠᠷ ᠣᠷᠣᠨ᠎ᠤ ᠬᠠᠷᠢᠭᠤᠴᠠᠯᠭ᠎ᠠ ᠵᠢ ᠰᠢᠯᠭ᠋ᠠᠨ ᠦᠨᠡᠯᠡᠬᠦ ᠨᠠᠷᠢᠨ ᠲᠦᠷᠢᠮ》 ᠵᠡᠷᠭᠡ ᠵᠢ ᠰᠤᠳᠤᠯᠤᠨ ᠲᠣᠭᠲᠠᠭ᠋ᠠᠵᠤ᠂ ᠣᠷᠣᠨ ᠨᠤᠲᠤᠭ᠎ᠤᠨ ᠴᠢᠨᠠᠷᠲᠠᠶ ᠬᠣᠤᠷᠲᠤ ᠡᠳ᠋᠎ᠢ ᠴᠠᠭ᠋ᠠᠵᠠᠯᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠰᠦᠪᠡᠭᠴᠢᠯᠡᠨ ᠲᠣᠭᠲᠠᠭ᠋ᠠᠵᠤ᠂ ᠬᠣᠤᠷᠲᠤ ᠡᠳ᠋᠎ᠢ ᠴᠠᠭ᠋ᠠᠵᠠᠯᠠᠬᠤ ᠵᠥᠪᠯᠡᠯ᠎ᠤᠨ ᠪᠠᠢ᠌ᠭᠤᠯᠤᠮᠵᠢ ᠪᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠠᠴᠠ ᠨᠢᠭᠡᠳᠦᠯᠲᠡᠶ ᠤᠳᠤᠷᠢᠳᠤᠭᠰᠠᠨ᠂ ᠬᠣᠤᠷᠲᠤ ᠡᠳ᠋᠎ᠢ ᠴᠠᠭ᠋ᠠᠵᠠᠯᠠᠬᠤ ᠵᠥᠪᠯᠡᠯ᠎ᠠᠴᠠ ᠵᠣᠬᠢᠶᠠᠨ ᠪᠠᠢ᠌ᠭᠤᠯᠤᠨ ᠵᠣᠬᠢᠴᠠᠭᠤᠯᠤᠭᠰᠠᠨ᠂ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠳ ᠵᠡᠷᠭᠡ᠎ᠪᠠᠷ ᠠᠳᠬᠤᠨ ᠬᠠᠮᠲᠤ᠎ᠪᠠᠷ ᠬᠠᠮᠢᠶᠠᠷᠤᠭᠰᠠᠨ᠂ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ ᠥᠷᠭᠡᠨ ᠵᠶ᠋ᠡᠷ ᠣᠷᠣᠯᠴᠠᠭᠰᠠᠨ ᠬᠣᠤᠷᠲᠤ ᠡᠳ᠋᠎ᠢ ᠴᠠᠭ᠋ᠠᠵᠠᠯᠠᠬᠤ ᠠᠵᠢᠯ᠎ᠤᠨ ᠪᠠᠢ᠌ᠷᠢᠰᠢᠯ᠎ᠢ ᠪᠥᠬᠥ ᠲᠠᠯ᠎ᠠ᠎ᠪᠠᠷ ᠪᠦᠷᠢᠯᠳᠦᠭᠦᠯᠦᠨ᠎ᠡ᠃
     2021 ᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ ᠵᠠᠭᠤᠨ ᠵᠢᠯ᠎ᠤᠨ ᠤᠢ ᠪᠣᠯᠤᠨ᠎ᠠ᠂ ᠤᠷᠳᠤ ᠤᠳᠠᠭ᠋ᠠᠨ ᠠᠶᠠᠨ ᠵᠠᠮ᠎ᠳᠤ ᠭᠠᠭᠴᠠ ᠬᠦ᠌ ᠴᠦᠬᠦᠷᠡᠰᠢ ᠦᠭᠡᠢ ᠲᠡᠮᠡᠴᠡᠯ ᠭᠡᠷᠡᠭᠲᠡᠢ᠃ ᠬᠣᠣᠷᠲᠤ ᠡᠳ᠋᠎ᠢ ᠴᠠᠭ᠋ᠠᠵᠠᠯᠠᠬᠤ ᠠᠵᠢᠯ᠎ᠤᠨ ᠡᠭᠦᠷᠭᠡ ᠢᠷᠠᠭᠤ ᠠᠯᠳᠠᠷᠲᠠᠢ ᠪᠥᠭᠡᠳ ᠪᠡᠷᠬᠡ ᠬᠠᠲᠠᠭᠤᠵᠢᠯᠲᠠᠢ ᠪᠠᠢ᠌ᠨ᠎ᠠ᠂ ᠬᠣᠣᠷᠲᠤ ᠡᠳ᠋᠎ᠢ ᠴᠠᠭ᠋ᠠᠵᠠᠯᠠᠬᠤ ᠠᠵᠢᠯ᠎ᠢ ᠰᠠᠢ᠌ᠲᠤᠷ ᠬᠢᠬᠦ ᠪᠣᠯ ᠨᠠᠮ ᠪᠠ ᠠᠷᠠᠳ ᠲᠦᠮᠡᠨ᠎ᠠᠴᠠ ᠪᠢᠳᠡᠨ᠎ᠳᠤ ᠲᠤᠰᠢᠶᠠᠭᠰᠠᠨ ᠤᠯᠤᠰ ᠲᠦᠷᠦ ᠵᠢᠨ ᠡᠭᠦᠷᠭᠡ ᠪᠠ ᠲᠡᠦᠬᠡᠲᠦ ᠡᠭᠦᠷᠭᠡ ᠮᠥᠨ᠃ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠤᠳᠤᠷᠢᠳᠤᠯᠭ᠎ᠠ ᠳᠣᠤᠷ᠎ᠠ᠂ ᠰᠣᠨᠢᠨ ᠮᠡᠳᠡᠭᠡᠨ᠎ᠤ ᠵᠠᠭᠤᠴᠢᠯᠠᠭᠤᠷ᠎ᠤᠨ ᠨᠠᠢ᠌ᠵᠠ ᠨᠠᠷ᠎ᠤᠨ ᠬᠠᠪᠰᠤᠷᠤᠯᠭ᠎ᠠ ᠳᠣᠤᠷ᠎ᠠ᠂ ᠪᠥᠬᠥ ᠨᠡᠢ᠌ᠭᠡᠮ᠎ᠤᠨ ᠬᠠᠮᠲᠤ ᠵᠢᠨ ᠤᠷᠤᠯᠴᠠᠯᠭ᠎ᠠ ᠳᠣᠤᠷ᠎ᠠ᠂ ᠪᠢᠳᠡ ᠬᠦᠴᠦ᠎ᠪᠠᠨ ᠬᠠᠮᠲᠤᠳᠬᠠᠨ ᠰᠢᠨ᠎ᠡ ᠴᠠᠭ ᠦᠶ᠎ᠡ ᠵᠢᠨ ᠲᠠᠯ᠎ᠠ ᠨᠤᠲᠤᠭ᠎ᠤᠨ ᠬᠣᠤᠷᠲᠤ ᠡᠳ᠋᠎ᠢ ᠴᠠᠭ᠋ᠠᠵᠠᠯᠠᠬᠤ ᠠᠷᠠᠳ ᠲᠦᠮᠡᠨ᠎ᠤ ᠲᠡᠢ᠌ᠨ᠎ᠤ ᠢᠯᠠᠯᠲᠠ ᠵᠢ ᠣᠯᠵᠤ᠂ 《ᠬᠣᠶᠠᠷ ᠬᠠᠯᠬᠠᠪᠴᠢ》 ᠵᠢᠨ ᠦᠨᠡᠨᠴᠢ ᠰᠢᠳᠤᠷᠭᠤ ᠬᠠᠮᠠᠭ᠋ᠠᠯᠠᠭᠴᠢ ᠪᠣᠯᠵᠣ᠂ ᠠᠷᠠᠳ ᠣᠯᠠᠨ᠎ᠤ ᠬᠦᠷᠲᠡᠮᠵᠢ ᠵᠢᠨ ᠲᠥᠷᠥᠭᠳᠡᠯ᠂ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠦᠨᠡᠨ ᠬᠦ᠌ ᠨᠡᠮᠡᠭᠳᠡᠭᠦᠯᠦᠶ᠎ᠡ!
      ᠬᠠᠮᠤᠭ ᠰᠡᠭᠦᠯ᠎ᠳᠤ᠂ ᠠᠩᠬᠠᠳᠠᠭᠴᠢ ᠳᠤᠮᠳᠠᠳᠤ ᠤᠯᠤᠰ᠎ᠤᠨ ᠠᠷᠠᠳ᠎ᠤᠨ ᠴᠠᠭᠳᠠᠭ᠎ᠠ ᠵᠢᠨ ᠪᠠᠶᠠᠷ ᠬᠦᠷᠴᠦ ᠢᠷᠡᠬᠦ ᠲᠠᠰᠢᠷᠠᠮ ᠵᠶ᠋ᠠᠷ᠂ ᠰᠣᠨᠢᠨ ᠮᠡᠳᠡᠭᠡᠨ᠎ᠤ ᠵᠠᠭᠤᠴᠢᠯᠠᠭᠤᠷ᠎ᠤᠨ ᠰᠤᠷᠪᠤᠯᠵᠢᠯᠠᠭᠴᠢ ᠨᠠᠷ᠎ᠤᠨ ᠬᠣᠤᠷ ᠴᠠᠭ᠋ᠠᠵᠠᠯᠠᠬᠤ ᠠᠵᠢᠯ᠎ᠢ ᠣᠷᠳᠣ ᠬᠤᠭᠤᠴᠠᠭ᠎ᠠ᠎ᠪᠠᠷ ᠳᠡᠮᠵᠢᠵᠦ ᠬᠠᠪᠰᠤᠷᠤᠭᠰᠠᠨ᠎ᠳᠤ ᠪᠠᠶᠠᠷ ᠲᠠᠯᠠᠷᠬᠠᠯ ᠵᠶ᠋ᠠᠨ ᠢᠯᠡᠳᠭᠡᠵᠦ ᠪᠠᠢ᠌ᠨ᠎ᠠ!
      ᠠᠩᠬᠠᠳᠠᠭᠴᠢ 《ᠳᠤᠮᠳᠠᠳᠤ ᠤᠯᠤᠰ᠎ᠤᠨ ᠠᠷᠠᠳ᠎ᠤᠨ ᠴᠠᠭᠳᠠᠭ᠎ᠠ ᠵᠢᠨ ᠪᠠᠶᠠᠷ》 《ᠠᠷᠠᠳ ᠲᠦᠮᠡᠨ᠎ᠳᠤ ᠮᠡᠳᠡᠭᠦᠯᠬᠦ》 ᠰᠢᠷᠢᠰ ᠰᠣᠨᠢᠨ ᠮᠡᠳᠡᠭᠡ ᠨᠡᠢ᠌ᠲᠡᠯᠡᠬᠦ ᠬᠤᠷᠠᠯ᠎ᠤᠨ ᠭᠤᠷᠪᠠᠳᠤᠭ᠋ᠠᠷ ᠲᠠᠯᠠᠪᠠᠶ ᠵᠢᠨ ᠰᠤᠷᠪᠤᠯᠵᠢᠯᠠᠭᠴᠢ ᠵᠢᠨ ᠠᠰᠠᠭᠤᠯᠲᠠ᠎ᠢ ᠬᠠᠷᠢᠭᠤᠯᠪᠠ
      ᠤᠮᠠᠷᠠᠲᠤ ᠣᠷᠣᠨ᠎ᠤ ᠰᠢᠨ᠎ᠡ ᠰᠣᠨᠢᠨ᠎ᠤ ᠵᠧᠩ ᠪᠸᠢ ᠹᠠᠩ ᠰᠦᠯᠵᠢᠶᠡᠨ᠎ᠤ ᠰᠤᠷᠪᠤᠯᠵᠢᠯᠠᠭᠴᠢ᠄ 2021 ᠣᠨ᠎ᠳᠤ᠂ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠡᠷᠡᠭᠦᠦ ᠵᠢᠨ ᠬᠡᠷᠡᠭ᠎ᠤᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠠᠵᠢᠯ᠎ᠤᠨ ᠲᠤᠬᠠᠶ ᠶᠠᠮᠠᠷ ᠰᠡᠳᠬᠢᠴᠡ ᠪᠠ ᠲᠥᠯᠥᠪᠯᠡᠭᠡ᠎ᠲᠠᠢ ᠪᠣᠶ?
      ᠵᠠᠩ ᡁᠢ ᠬᠤᠸᠠ᠄ 2021 ᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ 100 ᠵᠢᠯ᠎ᠤᠨ ᠤᠢ ᠪᠣᠯᠤᠨ᠎ᠠ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠡᠬᠢᠯᠡᠯᠲᠡ ᠵᠢᠨ ᠵᠢᠯ᠂ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠢ᠌ᠭᠤᠯᠬᠤ ᠰᠢᠨ᠎ᠡ ᠠᠶᠠᠨ᠎ᠤ ᠡᠬᠢᠯᠡᠯᠲᠡ ᠵᠢᠨ ᠵᠢᠯ ᠪᠣᠯᠤᠨ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ ᠵᠢᠨ ᠠᠮᠤᠷ ᠲᠦᠪᠰᠢᠨ ᠪᠠ ᠨᠡᠢ᠌ᠭᠡᠮ᠎ᠤᠨ ᠠᠮᠤᠷ ᠲᠦᠪᠰᠢᠨ᠎ᠤ ᠶᠡᠬᠡ ᠲᠠᠯ᠎ᠠ ᠵᠢᠨ ᠦᠷᠭᠦᠯᠵᠢᠯᠡᠨ ᠲᠣᠭᠲᠠᠭᠤᠨ ᠪᠠᠢ᠌ᠬᠤ ᠵᠢ ᠬᠠᠮᠠᠭ᠋ᠠᠯᠠᠬᠤ ᠡᠭᠦᠷᠭᠡ ᠵᠢᠨ ᠪᠠᠢ᠌ᠳᠠᠯ ᠨᠡᠩ ᠪᠡᠷᠬᠡ ᠬᠠᠲᠠᠭᠤᠵᠢᠯᠲᠠᠢ ᠨᠠᠷᠢᠨ ᠪᠤᠳᠤᠯᠢᠶᠠᠨᠲᠠᠢ ᠪᠣᠯᠬᠤ ᠪᠣᠯᠤᠨ᠎ᠠ᠃ ᠪᠥᠬᠥ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠡᠷᠡᠭᠦᠦ ᠵᠢᠨ ᠬᠡᠷᠡᠭ᠎ᠤᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠠᠵᠢᠯ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠪᠦᠬᠦᠳᠠ ᠬᠤᠷᠠᠯ᠂ ᠭᠤᠷᠪᠠᠳᠤᠭ᠋ᠠᠷ ᠪᠦᠬᠦᠳᠠ ᠬᠤᠷᠠᠯ᠂ ᠳᠥᠷᠪᠡᠳᠦᠭᠡᠷ ᠪᠦᠬᠦᠳᠠ ᠬᠤᠷᠠᠯ᠂ ᠲᠠᠪᠤᠳᠤᠭ᠋ᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ 《ᠤᠯᠤᠰ ᠲᠥᠷᠥ ᠵᠢ ᠲᠡᠷᠢᠭᠦᠨ᠎ᠳᠤ ᠲᠠᠯᠪᠢᠬᠤ᠂ ᠤᠯᠡᠠ ᠲᠦᠮᠡᠨ᠎ᠢ ᠲᠡᠷᠢᠭᠦᠨ᠎ᠳᠤ ᠲᠠᠯᠪᠢᠬᠤ᠂ ᠦᠨᠳᠦᠰᠦᠨ ᠱᠠᠲᠤ ᠵᠢ ᠲᠡᠷᠢᠭᠦᠨ᠎ᠳᠤ ᠲᠠᠯᠪᠢᠬᠤ᠂ ᠠᠷᠠᠳ᠎ᠤᠨ ᠴᠠᠭᠳᠠᠭ᠎ᠠ ᠵᠢ ᠲᠡᠷᠢᠬᠦᠨ᠎ᠳᠤ ᠳᠠᠯᠪᠢᠬᠤ》 ᠵᠢ ᠪᠠᠷᠢᠮᠲᠠᠯᠠᠵᠤ᠂ 《ᠳᠥᠷᠪᠡᠨ ᠤᠬᠠᠮᠰᠠᠷ》᠎ᠢ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠤᠯᠤᠰ᠎ᠤᠨ ᠶᠡᠷᠦᠩᠬᠡᠢ ᠠᠮᠤᠷ ᠲᠦᠪᠰᠢᠨ᠎ᠤ ᠦᠵᠡᠯᠲᠡ ᠪᠠ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠦᠬᠦ ᠲᠠᠯ᠎ᠠ᠎ᠪᠠᠷ ᠨᠠᠢ᠌ᠳᠠᠪᠦᠷᠢᠵᠢᠭᠤᠯᠵᠤ᠂ ᠡᠷᠡᠭᠦᠦ ᠵᠢᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠭᠣᠣᠯ ᠬᠦᠴᠦᠨ᠎ᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠡᠷᠡᠭ᠎ᠢ ᠲᠦᠷᠭᠡᠨ ᠢᠯᠡᠷᠡᠭᠦᠯᠬᠦ᠂ ᠶᠡᠬᠡ ᠬᠡᠷᠡᠭ᠎ᠢ ᠢᠯᠡᠷᠡᠭᠦᠯᠬᠦ᠂ ᠬᠡᠷᠡᠭ᠎ᠢ ᠣᠯᠠᠨᠲᠠ ᠢᠯᠡᠷᠡᠭᠦᠯᠬᠦ᠂ ᠬᠡᠷᠡᠭ ᠭᠠᠷᠬᠤ ᠎ᠠᠴᠠ ᠡᠮᠦᠨ᠎ᠡ ᠳᠠᠷᠤᠩᠭᠤᠢ᠌ᠯᠠᠬᠤ᠂ ᠠᠷᠠᠳ ᠣᠯᠠᠨ᠎ᠤ ᠬᠦᠷᠲᠡᠮᠵᠢ ᠵᠢᠨ ᠲᠥᠷᠥᠭᠳᠡᠯ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠣᠯ ᠵᠢᠷᠭ᠋ᠠᠯᠲᠤ ᠰᠡᠳᠬᠢᠯᠭᠡ᠂ ᠠᠮᠤᠷ ᠲᠦᠪᠰᠢᠨ᠎ᠤ ᠲᠥᠷᠥᠭᠳᠡᠯ ᠵᠶ᠋ᠡᠷ ᠶᠡᠷᠦᠩᠬᠡᠶ ᠬᠠᠷᠠᠯᠲᠠ ᠪᠣᠯᠭ᠋ᠠᠵᠤ᠂ ᠨᠠᠷᠢᠯᠢᠭ ᠭᠦᠨ ᠵᠠᠳᠠᠯᠤᠯᠲᠠ ᠬᠢᠵᠦ᠂ ᠨᠠᠷᠢᠨ ᠨᠢᠮᠪᠠᠶ ᠵᠣᠬᠢᠶᠠᠨ ᠪᠠᠢ᠌ᠭᠤᠯᠵᠤ᠂ ᠣᠨᠣᠪᠴᠢᠲᠠᠶ ᠵᠢᠯᠤᠭᠤᠳᠴᠤ᠂ ᠣᠨᠣᠪᠴᠢᠲᠠᠶ ᠴᠣᠬᠢᠯᠲᠠ ᠦᠭᠴᠦ᠂ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠴᠢᠳᠠᠪᠤᠷᠢ ᠪᠠ ᠡᠷᠡᠭᠦᠦ ᠵᠢᠨ ᠬᠡᠷᠡᠭ᠎ᠤᠨ ᠲᠤᠷᠰᠢᠨ ᠪᠠᠢ᠌ᠴᠠᠭ᠋ᠠᠬᠤ ᠡᠩᠨᠡᠭᠡᠨ᠎ᠤ ᠪᠠᠢ᠌ᠭᠤᠯᠤᠯᠲᠠ ᠵᠢᠨ ᠬᠢᠷᠢ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ ᠵᠶ᠋ᠠᠨ ᠪᠦᠲᠦᠭᠡᠨ ᠪᠠᠢ᠌ᠭᠤᠯᠵᠤ᠂ ᠠᠭᠤᠤ ᠶᠡᠬᠡ ᠳᠤᠮᠳᠠᠳᠤ ᠵᠢᠨ ᠵᠡᠭᠦᠳᠦ ᠵᠢ ᠬᠠᠮᠲᠤ᠎ᠪᠠᠷ ᠲᠡᠷᠭᠡᠯᠰᠢᠭᠦᠯᠬᠦ᠎ᠳᠤ ᠠᠮᠤᠷ ᠲᠦᠪᠰᠢᠨ ᠲᠣᠭᠲᠠᠭᠤᠨ ᠤᠮᠠᠷᠠᠲᠤ ᠬᠢᠯᠢ ᠵᠢᠨ ᠣᠷᠴᠢᠨ ᠲᠣᠭᠣᠷᠢᠨ᠎ᠢ ᠡᠭᠦᠳᠦᠨ᠎ᠡ᠃ ᠪᠣᠳᠠᠲᠠᠢ᠎ᠪᠠᠷ ᠬᠡᠯᠡᠪᠡᠯ 《ᠲᠠᠪᠤᠨ ᠳᠠᠢ᠌ᠯᠠᠯᠳᠤᠭ᠋ᠠᠨ》᠎ᠢ ᠰᠠᠢ᠌ᠲᠤᠷ ᠬᠢᠬᠦ ᠶᠠᠪᠤᠳᠠᠯ ᠪᠣᠯᠤᠨ᠎ᠠ᠃
      ᠨᠢᠭᠡ᠎ᠳᠤ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠶ ᠲᠡᠮᠡᠴᠡᠯ᠎ᠤᠨ ᠪᠠᠢ᠌ᠩᠭᠤ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠬᠦ ᠬᠡᠷᠡᠭᠲᠡᠶ᠃ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠤᠰᠬᠠᠶ ᠲᠡᠮᠡᠴᠡᠯ᠎ᠢ ᠪᠠᠢ᠌ᠩᠭᠤᠵᠢᠭᠤᠯᠬᠤ ᠲᠤᠬᠠᠶ ᠲᠥᠪ᠎ᠤᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠶᠣᠰᠣᠭ᠋ᠠᠷ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠡᠮᠦᠨ᠎ᠡ ᠬᠠᠷᠠᠭᠤᠯ᠎ᠤᠨ ᠦᠢᠯᠡᠳᠦᠯ᠂ ᠲᠡᠮᠦᠷ ᠨᠢᠳᠤᠷᠭ᠎ᠠ ᠵᠢᠨ ᠦᠢᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠡᠮᠡᠴᠡᠯ᠎ᠢ ᠪᠠᠢ᠌ᠩᠭᠤᠵᠢᠭᠤᠯᠬᠤ ᠪᠠᠢ᠌ᠭᠤᠯᠤᠯᠲᠠ ᠵᠢ ᠶᠡᠬᠡ᠎ᠪᠠᠷ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ᠎ᠤ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠥᠨᠳᠥᠷ ᠳᠠᠷᠤᠯᠲᠠ ᠵᠢᠨ ᠪᠠᠢ᠌ᠳᠠᠯ᠎ᠢ ᠢᠮᠠᠭᠲᠠ ᠪᠠᠲᠤᠯᠠᠵᠤ᠂ ᠡᠷᠲᠡ᠎ᠠᠴᠠ ᠴᠣᠬᠢᠯᠲᠠ ᠥᠭᠬᠦ᠂ ᠴᠤᠬᠤᠢ᠌ᠮᠠᠭᠴᠠ ᠴᠣᠬᠢᠯᠲᠠ ᠥᠭᠬᠦ ᠵᠢ ᠪᠠᠷᠢᠮᠲᠠᠯᠠᠵᠤ᠂ ᠠᠵᠤ ᠠᠬᠤᠶ ᠨᠡᠢ᠌ᠭᠡᠮ᠎ᠤᠨ ᠬᠥᠭᠵᠢᠯᠲᠡ᠎ᠳᠤ ᠨᠠᠩ ᠠᠮᠤᠷ ᠲᠦᠪᠰᠢᠨ ᠲᠣᠭᠲᠠᠭᠤᠨ ᠤᠯᠤᠰ ᠲᠥᠷᠥ ᠨᠡᠢ᠌ᠭᠡᠮ᠎ᠤᠨ ᠣᠷᠴᠢᠨ ᠲᠣᠭᠣᠷᠢᠨ᠎ᠢ ᠡᠭᠦᠳᠴᠦ᠂ ᠨᠠᠮ᠎ᠤᠨ ᠲᠥᠪ ᠬᠣᠷᠢᠶ᠎ᠠ ᠵᠢ ᠰᠠᠨᠠᠭ᠎ᠠ ᠠᠮᠤᠷ ᠪᠠᠢ᠌ᠯᠭ᠋ᠠᠵᠤ᠂ ᠠᠷᠠᠳ ᠣᠯᠠᠨ᠎ᠢ ᠰᠡᠳᠬᠢᠯ ᠬᠠᠨᠤᠮᠵᠢᠲᠠᠶ ᠪᠣᠯᠭ᠋ᠠᠨ᠎ᠠ᠃
      ᠬᠣᠶᠠᠷ᠎ᠲᠤ᠂ ᠬᠦᠨᠳᠦ ᠨᠣᠴᠢᠲᠠᠢ ᠬᠦᠴᠦᠷᠬᠡᠭᠯᠡᠯ᠎ᠤᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠲᠦᠷᠭᠡᠨ ᠰᠢᠢ᠍ᠳᠪᠦᠷᠢᠲᠦ ᠪᠠᠢ᠌ᠯᠳᠤᠭ᠋ᠠᠨ᠎ᠢ ᠰᠠᠢ᠌ᠲᠤᠷ ᠬᠢᠨ᠎ᠡ᠃ 《ᠠᠮᠢᠨ ᠬᠡᠷᠡᠭ᠎ᠢ ᠵᠠᠪᠠᠯ ᠢᠯᠡᠷᠡᠭᠦᠯᠬᠦ》 ᠴᠢᠭᠯᠡᠯ᠎ᠢ ᠭᠤᠢ᠌ᠪᠢᠰᠢ ᠦᠭᠡᠢ ᠪᠠᠷᠢᠮᠲᠠᠯᠠᠵᠤ᠂ 《ᠭᠤᠷᠪᠠ ᠵᠢ ᠵᠡᠷᠭᠡ᠎ᠪᠠᠷ ᠶᠠᠪᠤᠭᠳᠠᠭᠤᠯᠬᠤ》 ᠠᠵᠢᠯ᠎ᠤᠨ ᠲᠣᠭᠲᠠᠴᠠ ᠵᠢ ᠨᠠᠢ᠌ᠳᠠᠪᠤᠷᠢᠵᠢᠭᠤᠯᠤᠨ᠂ ᠠᠮᠢᠨ ᠬᠡᠷᠡᠭ ᠪᠠ ᠨᠡᠢ᠌ᠭᠡᠮ᠎ᠳᠤ ᠥᠷᠭᠡᠨ ᠳᠡᠯᠭᠡᠷ ᠨᠥᠯᠥᠭᠡ ᠪᠦᠬᠦᠢ ᠬᠦᠨᠳᠦ ᠨᠣᠴᠢᠲᠠᠢ ᠬᠦᠴᠦᠷᠬᠡᠭᠯᠡᠯ᠎ᠤᠨ ᠬᠡᠷᠡᠭ᠎ᠢ ᠲᠦᠷᠭᠡᠨ ᠳᠡᠩᠨᠡᠨ ᠲᠦᠷᠭᠡᠨ ᠢᠯᠡᠷᠡᠭᠦᠯᠵᠦ᠂ ᠠᠮᠢᠨ ᠬᠡᠷᠡᠭ᠎ᠤᠨ ᠲᠤᠬᠠᠢ ᠵᠢᠨ ᠬᠡᠷᠡᠭ᠎ᠢ ᠪᠦᠬᠦᠨ᠎ᠢ ᠢᠯᠡᠷᠡᠭᠦᠯᠬᠦ ᠪᠠ ᠨᠠᠢ᠍ᠮᠠᠨ ᠲᠦᠷᠦᠯ᠎ᠤᠨ ᠬᠡᠷᠡᠭ᠎ᠢ ᠪᠠᠭ᠋ᠠᠰᠬᠠᠬᠤ ᠬᠠᠷᠠᠯᠲᠠ ᠵᠢ ᠦᠷᠭᠦᠯᠵᠢᠯᠡᠨ ᠪᠠᠲᠤᠯᠠᠨ᠎ᠠ᠃
      ᠭᠤᠷᠪᠠ᠎ᠳᠤ᠂ ᠴᠠᠬᠢᠯᠭ᠋ᠠᠨ ᠬᠣᠯᠪᠣᠭ᠋ᠠᠨ᠎ᠤ ᠮᠡᠬᠡᠯᠡᠯ᠎ᠤᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠬᠣᠷᠢᠭᠯᠠᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠨ᠎ᠠ᠃ ᠥᠪᠡᠷᠲᠡᠭᠡᠨ ᠵᠠᠰᠠᠬᠤ ᠣᠷᠣᠨ᠎ᠤ ᠴᠠᠬᠢᠯᠭ᠋ᠠᠨ ᠴᠢᠮᠡᠭᠡ ᠬᠣᠯᠪᠣᠭ᠎ᠠ ᠰᠦᠯᠵᠢᠶ᠎ᠡ ᠵᠢᠨ ᠰᠢᠨ᠎ᠡ ᠬᠡᠯᠪᠡᠷᠢ ᠵᠢᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ ᠵᠠᠰᠠᠬᠤ ᠬᠠᠮᠲᠤᠷᠠᠭᠰᠠᠨ ᠬᠤᠷᠠᠯ᠎ᠤᠨ ᠠᠯᠪᠠᠨ ᠬᠡᠷ᠎ᠤᠨ ᠡᠭᠦᠷᠭᠡ ᠴᠢᠳᠠᠪᠤᠷᠢ ᠵᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠡᠪᠴᠢᠶᠡᠵᠢᠭᠦᠯᠦᠨ ᠴᠣᠬᠢᠯᠲᠠ ᠥᠭᠬᠦ᠂ ᠲᠤᠰᠬᠠᠶ ᠬᠡᠷᠡᠭ᠎ᠢ ᠳᠡᠩᠨᠡᠨ ᠰᠢᠢᠳᠪᠦᠷᠢᠯᠡᠬᠦ ᠵᠢ ᠵᠣᠬᠢᠶᠠᠨ ᠪᠠᠢ᠌ᠭᠤᠯᠤᠨ ᠥᠷᠨᠢᠭᠦᠯᠦᠭᠰᠡᠨ ᠰᠠᠭᠤᠷᠢᠨ ᠳᠡᠭᠡᠷ᠎ᠡ᠂ ᠤᠷᠢᠳᠴᠢᠯᠠᠨ ᠰᠡᠷᠡᠮᠵᠢᠯᠡᠭᠦᠯᠵᠦ ᠰᠡᠷᠭᠡᠢ᠌ᠯᠡᠬᠦ᠂ ᠮᠡᠷᠭᠡᠵᠢᠯ ᠵᠶ᠋ᠡᠷ ᠡᠰᠡᠷᠭᠦᠴᠡᠬᠦ᠂ ᠠᠵᠢᠯᠲᠠᠨ᠎ᠢ ᠬᠠᠮᠢᠶᠠᠷᠤᠨ ᠡᠵᠡᠮᠳᠡᠬᠦ ᠪᠠ ᠮᠥᠩᠭᠥᠨ ᠭᠦᠢᠯᠭᠡᠭᠡᠨ᠂ ᠴᠠᠬᠢᠯᠭ᠋ᠠᠨ ᠴᠢᠮᠡᠭᠡ ᠬᠣᠯᠪᠣᠭ᠎ᠠ᠂ ᠢᠨᠲ᠋ᠧᠷ ᠰᠦᠯᠵᠢᠶ᠎ᠡ ᠵᠢᠨ ᠬᠦᠷᠢᠶ᠎ᠡ ᠴᠠᠷᠠᠭ᠎ᠠ ᠵᠢᠨ ᠠᠵᠢᠯ ᠲᠥᠷᠥᠯ᠎ᠤᠨ ᠵᠠᠰᠠᠯᠲᠠ ᠵᠢ ᠠᠬᠢᠭᠤᠯᠵᠤ᠂ ᠴᠣᠬᠢᠯᠲᠠ ᠥᠭᠴᠦ ᠴᠡᠭᠴᠡᠯᠡᠨ ᠵᠠᠰᠠᠬᠤ ᠵᠢᠨ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃
      ᠲᠦᠷᠪᠡ᠎ᠳᠤ᠂ ᠬᠤᠯᠠᠭ᠋ᠠᠢ᠌ᠯᠠᠬᠤ ᠳᠡᠭᠡᠷᠡᠮᠳᠡᠬᠦ ᠮᠡᠬᠡᠯᠡᠬᠦ ᠤᠯᠠᠮᠵᠢᠯᠠᠯᠲᠤ ᠠᠵᠢᠯᠯᠠᠭ᠎ᠠ᠎ᠳᠤ ᠴᠣᠬᠢᠯᠲᠠ ᠥᠭᠬᠦ ᠤᠳᠠᠭ᠋ᠠᠨ ᠳᠠᠭ᠋ᠠᠭ᠋ᠠᠮᠠᠭ᠋ᠠᠢ ᠳᠠᠢ᠌ᠯᠠᠯᠳᠤᠭ᠋ᠠᠨ᠎ᠢ ᠰᠠᠢ᠌ᠲᠤᠷ ᠬᠢᠨ᠎ᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠭᠡ ᠵᠠᠩᠭᠢ ᠵᠢᠨ ᠲᠤᠯᠭ᠋ᠠᠭᠤᠷᠢᠯᠠᠯ᠎ᠢ ᠴᠢᠩᠭ᠋ᠠᠷᠠᠭᠤᠯᠤᠨ᠂ ᠱᠠᠲᠤ ᠱᠠᠲᠤ᠎ᠪᠠᠷ ᠮᠡᠳᠡᠭᠦᠯᠬᠦ᠂ ᠰᠤᠳᠤᠯᠤᠨ ᠮᠠᠭ᠋ᠠᠳᠯᠠᠬᠤ᠂ ᠵᠢᠭ᠋ᠠᠪᠤᠷᠢᠯᠠᠬᠤ ᠲᠦᠷᠢᠮ᠎ᠢ ᠨᠠᠢ᠌ᠳᠠᠪᠤᠷᠢᠵᠢᠭᠤᠯᠵᠤ᠂ ᠬᠡᠷ᠎ᠲᠤ᠎ᠨᠢ ᠣᠷᠣᠵᠤ ᠬᠤᠯᠠᠭ᠋ᠠᠢ᠌ᠯᠠᠬᠤ᠂ ᠲᠡᠷᠭᠡᠨ ᠳᠣᠲᠣᠷᠠᠬᠢ ᠵᠣᠭᠣᠰ ᠮᠥᠩᠭᠥ ᠡᠳ᠋ ᠪᠣᠳᠠᠰ᠎ᠢ ᠬᠤᠯᠠᠭ᠋ᠠᠢ᠌ᠯᠠᠬᠤ᠂ ᠬᠤᠯᠠᠭ᠋ᠠᠢ᠌ᠯᠠᠬᠤ ᠵᠡᠷᠭᠡ ᠲᠣᠪᠣᠢ᠌ᠮ᠎ᠠ ᠶᠠᠯᠠᠲᠤ ᠠᠵᠢᠯᠯᠠᠭ᠎ᠠ ᠪᠠ ᠮᠠᠯ ᠤᠨᠤᠭ᠎ᠠ᠂ ᠲᠠᠷᠢᠶᠠᠯᠠᠩ ᠲᠤᠰᠠᠯᠠᠬᠤ ᠠᠵᠤ ᠠᠬᠤᠶ ᠵᠢᠨ ᠪᠦᠲᠦᠭᠡᠭᠳᠡᠬᠦᠨ᠎ᠢ ᠬᠤᠯᠠᠭ᠋ᠠᠢ᠌ᠯᠠᠬᠤ ᠵᠡᠷᠭᠡ ᠤᠯᠠᠷᠢᠯ᠎ᠤᠨ ᠴᠢᠨᠠᠷᠲᠠᠶ ᠶᠠᠯᠠᠲᠤ ᠠᠵᠢᠯᠯᠠᠭ᠎ᠠ ᠵᠢᠴᠢ ᠣᠷᠣᠨ ᠪᠦᠰᠡ ᠠᠯᠤᠰᠯᠠᠭᠰᠠᠨ ᠰᠢᠷᠢᠰ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠣᠯᠠᠨᠲᠠ ᠡᠭᠦᠰᠬᠦ ᠴᠢᠨᠠᠷᠲᠠᠶ ᠡᠳ᠋ ᠬᠥᠷᠥᠩᠭᠡ᠎ᠳᠤ ᠬᠠᠯᠳᠠᠬᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠥᠨᠳᠥᠷ ᠳᠠᠷᠤᠯᠲᠠᠲᠤ ᠪᠠᠢ᠌ᠳᠠᠯ᠎ᠢ ᠦᠷᠭᠦᠯᠵᠢᠯᠡᠨ ᠪᠠᠲᠤᠯᠠᠨ᠎ᠠ᠃
      ᠲᠠᠪᠤ᠎ᠳᠤ᠂ ᠲᠡᠦᠬᠡ ᠵᠢᠨ ᠳᠤᠷᠠᠰᠬᠠᠯᠲᠤ ᠵᠦᠢ᠍ᠯ᠎ᠤᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠨᠡᠬᠡᠮᠵᠢᠯᠡᠨ ᠲᠤᠰᠢᠶᠠᠯᠭ᠋ᠠᠬᠤ ᠲᠠᠢ᠌ᠯᠠᠯᠳᠤᠭ᠋ᠠᠨ᠎ᠢ ᠰᠠᠢ᠌ᠲᠤᠷ ᠬᠢᠨ᠎ᠡ᠃ ᠲᠡᠦᠬᠡ ᠵᠢᠨ ᠳᠤᠷᠠᠰᠬᠠᠯᠲᠤ ᠵᠦᠢ᠍ᠯ᠎ᠤᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠲᠤᠰᠬᠠᠶ ᠵᠦᠢ᠍ᠯ᠎ᠤᠨ ᠠᠵᠢᠯᠯᠠᠭ᠎ᠠ ᠵᠢ ᠦᠷᠭᠦᠯᠵᠢᠯᠡᠨ ᠵᠣᠬᠢᠶᠠᠨ ᠪᠠᠢ᠌ᠭᠤᠯᠤᠨ ᠥᠷᠨᠢᠭᠦᠯᠵᠦ᠂ ᠳᠤᠮᠳᠠᠳᠤ ᠤᠯᠤᠰ᠎ᠤᠨ ᠬᠤᠯᠠᠭ᠋ᠠᠢ᠌ᠯᠠᠭᠳᠠᠭᠰᠠᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠮᠡᠳᠡᠭᠡ ᠵᠠᠩᠭᠢ ᠨᠡᠢ᠌ᠲᠡᠯᠡᠬᠦ ᠲᠠᠪᠴᠠᠩ᠎ᠳᠤ ᠲᠦᠰᠢᠭᠯᠡᠨ᠂ ᠨᠢᠭᠡ ᠪᠦᠯᠦᠭ ᠲᠡᠦᠬᠡ ᠵᠢᠨ ᠳᠤᠷᠠᠰᠬᠠᠯᠲᠤ ᠵᠦᠢ᠍ᠯ᠎ᠤᠨ ᠶᠠᠯᠠᠲᠤ ᠬᠡᠷᠡᠭ᠎ᠢ ᠳᠠᠬᠢᠨ ᠲᠠᠩᠨᠠᠨ ᠢᠯᠡᠷᠡᠭᠦᠯᠵᠦ᠂ ᠨᠢᠭᠡ ᠪᠦᠯᠦᠭ ᠲᠡᠦᠬᠡ ᠵᠢᠨ ᠳᠤᠷᠠᠰᠬᠠᠯᠲᠤ ᠵᠦᠢ᠍ᠯ᠎ᠤᠨ ᠶᠠᠯ᠎ᠠ ᠬᠢᠭᠰᠡᠨ ᠰᠡᠵᠢᠭᠳᠡᠨ᠎ᠢ ᠪᠠᠷᠢᠪᠴᠢᠯᠠᠵᠤ᠂ ᠨᠢᠭᠡ ᠪᠦᠯᠦᠭ ᠬᠤᠯᠠᠭ᠋ᠠᠢ᠌ᠯᠠᠭᠳᠠᠭᠰᠠᠨ ᠲᠡᠦᠬᠡ ᠵᠢᠨ ᠳᠤᠷᠠᠰᠬᠠᠯᠲᠤ ᠵᠦᠢ᠍ᠯ᠎ᠢ ᠨᠡᠬᠡᠮᠵᠢᠯᠡᠨ ᠲᠤᠰᠢᠶᠠᠯᠭ᠋ᠠᠵᠤ᠂ ᠲᠡᠦᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠬᠤ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠰᠠᠢ᠌ᠲᠤᠷ ᠭᠦᠢ᠍ᠴᠡᠳᠭᠡᠨ᠎ᠡ᠃
      ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶᠠᠨ᠎ᠤ ᠰᠤᠷᠪᠤᠯᠵᠢᠯᠠᠭᠴᠢ᠄ ᠠᠷᠠᠳ ᠢᠷᠭᠡᠳ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠶᠠᠯᠠᠲᠤ ᠠᠵᠢᠯᠯᠠᠭ᠎ᠠ᠎ᠳᠤ ᠠᠩᠬᠠᠷᠤᠯ ᠵᠶ᠋ᠠᠨ ᠶᠡᠬᠡ ᠲᠠᠯᠪᠢᠵᠤ ᠪᠠᠢ᠌ᠨ᠎ᠠ᠂ ᠡᠨᠡ ᠵᠢᠯ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠴᠣᠬᠢᠯᠲᠠ ᠥᠭᠬᠦ᠂ ᠵᠠᠰᠠᠬᠤ᠂ ᠰᠡᠷᠭᠡᠢ᠌ᠯᠡᠬᠦ ᠲᠠᠯ᠎ᠠ᠎ᠪᠠᠷ ᠶᠠᠮᠠᠷ ᠶᠠᠮᠠᠷ ᠠᠵᠢᠯ᠎ᠤᠨ ᠠᠷᠭ᠎ᠠ ᠪᠣᠳᠣᠯᠭ᠎ᠠ ᠠᠪᠬᠤ ᠪᠣᠶ?
      ᠰᠢᠤᠢ ᠰᠢᠨ᠄ ᠣᠳᠣᠬᠠᠨ᠎ᠳᠤ᠂ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠶᠠᠯᠠᠲᠤ ᠠᠵᠢᠯᠯᠠᠭ᠎ᠠ ᠨᠢᠭᠡᠨᠲᠡ ᠲᠣᠪᠣᠢ᠌ᠮ᠎ᠠ ᠨᠡᠢ᠌ᠭᠡᠮ᠎ᠤᠨ ᠠᠰᠠᠭᠤᠳᠠᠯ ᠪᠣᠯᠵᠣ᠂ ᠠᠷᠠᠳ ᠣᠯᠠᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠦᠨᠳᠦ ᠨᠣᠴᠢᠲᠠᠶ ᠬᠣᠬᠢᠷᠠᠭᠤᠯᠵᠤ ᠪᠠᠢ᠌ᠨ᠎ᠠ᠃ ᠡᠢ᠌ᠮᠦᠷᠬᠦᠦ ᠲᠥᠷᠥᠯ᠎ᠤᠨ ᠶᠠᠯᠠᠲᠤ ᠠᠵᠢᠯᠯᠠᠭ᠎ᠠ᠎ᠨᠢ ᠤᠯᠠᠮᠵᠢᠯᠠᠯᠲᠤ ᠡᠷᠡᠭᠦᠦ ᠵᠢᠨ ᠬᠡᠷᠡᠭ᠎ᠤᠨ ᠶᠠᠯᠠᠲᠤ ᠠᠵᠢᠯᠯᠠᠭ᠎ᠠ ᠵᠢ ᠳᠡᠩᠨᠡᠨ ᠪᠠᠢ᠌ᠴᠠᠭ᠋ᠠᠵᠤ ᠴᠣᠬᠢᠯᠲᠠ ᠥᠭᠬᠦ᠎ᠠᠴᠠ ᠢᠯᠭ᠋ᠠᠭ᠎ᠠ᠎ᠲᠠᠢ ᠪᠠᠢ᠌ᠵᠤ᠂ ᠴᠣᠬᠢᠯᠲᠠ ᠥᠭᠬᠦ᠂ ᠰᠡᠷᠭᠡᠢ᠌ᠯᠡᠬᠦ᠂ ᠬᠠᠮᠢᠶᠠᠷᠬᠤ᠂ ᠡᠵᠡᠮᠳᠡᠬᠦ᠂ ᠤᠬᠠᠭᠤᠯᠬᠤ ᠵᠢ ᠵᠡᠷᠭᠡ᠎ᠪᠠᠷ ᠠᠬᠢᠭᠤᠯᠵᠤ᠂ ᠣᠯᠠᠨ ᠲᠠᠯ᠎ᠠ ᠵᠢ ᠵᠡᠷᠭᠡ᠎ᠪᠠᠷ ᠠᠳᠬᠤᠬᠤ ᠬᠡᠷᠡᠭᠲᠡᠶ᠂ ᠪᠥᠬᠥ ᠣᠷᠣᠨ᠎ᠤ ᠡᠯ᠎ᠡ ᠱᠠᠲᠤᠨ᠎ᠤ ᠮᠡᠬᠡᠯᠡᠯ᠎ᠢ ᠡᠰᠡᠷᠭᠦᠴᠡᠬᠦ ᠲᠥᠪ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶ᠎ᠠ ᠵᠢᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠶᠣᠰᠣᠭ᠋ᠠᠷ᠂ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠰᠢᠨ᠎ᠡ ᠬᠡᠯᠪᠡᠷᠢ ᠵᠢᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ ᠵᠠᠰᠠᠬᠤ ᠠᠵᠢᠯ᠎ᠤᠨ ᠡᠷᠴᠢᠮ ᠵᠶ᠋ᠡᠨ ᠦᠷᠭᠦᠯᠵᠢᠯᠡᠨ ᠴᠢᠩᠭ᠋ᠠᠳᠬᠠᠵᠤ᠂ ᠵᠡᠷᠭᠡ᠎ᠪᠠᠷ ᠠᠳᠬᠤᠵᠤ ᠬᠠᠮᠲᠤ᠎ᠪᠠᠷ ᠬᠠᠮᠢᠶᠠᠷᠬᠤ᠂ ᠶᠡᠷᠦᠩᠬᠡᠢ᠌ᠯᠡᠨ ᠵᠠᠰᠠᠬᠤ ᠠᠵᠢᠯ᠎ᠤᠨ ᠪᠠᠢ᠌ᠷᠢᠰᠢᠯ᠎ᠢ ᠪᠦᠷᠢᠯᠳᠦᠭᠦᠯᠬᠦ ᠵᠢ ᠠᠬᠢᠭᠤᠯᠤᠨ᠎ᠠ᠃ ᠪᠣᠳᠠᠲᠠᠶ ᠠᠷᠭ᠎ᠠ ᠬᠡᠮᠵᠢᠶ᠎ᠡ᠎ᠨᠢ᠄
      ᠨᠢᠭᠡ᠎ᠳᠤ᠂ ᠴᠠᠬᠢᠯᠭ᠋ᠠᠨ ᠬᠣᠯᠪᠣᠭ᠎ᠠ ᠰᠦᠯᠵᠢᠶᠡᠨ᠎ᠤ ᠮᠡᠬᠡᠯᠡᠯ᠎ᠤᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠦᠭᠬᠦ᠂ ᠥᠨᠳᠥᠷ ᠳᠠᠷᠤᠯᠲᠠ ᠦᠵᠡᠭᠦᠯᠬᠦ ᠪᠠᠢ᠌ᠳᠠᠯ᠎ᠢ ᠦᠷᠭᠦᠯᠵᠢᠯᠡᠨ ᠪᠠᠲᠤᠯᠠᠨ᠎ᠠ᠃ ᠪᠥᠬᠥ ᠣᠷᠣᠨ᠎ᠤ ᠡᠯ᠎ᠡ ᠱᠠᠲᠤᠨ᠎ᠤ ᠮᠡᠬᠡᠯᠡᠯ᠎ᠢ ᠡᠰᠡᠷᠭᠦᠴᠡᠬᠦ ᠲᠥᠪ᠎ᠨᠢ ᠠᠷᠠᠳ ᠣᠯᠠᠨ᠎ᠤ 《ᠵᠣᠭᠣᠰᠣᠨ ᠴᠦᠩᠬᠦ》 ᠵᠢ ᠰᠠᠢ᠌ᠲᠤᠷ ᠬᠠᠮᠠᠭ᠋ᠠᠯᠠᠬᠤ᠎ᠪᠠᠷ ᠥᠪᠡᠷ᠎ᠤᠨ ᠡᠭᠦᠷᠭᠡ᠎ᠪᠠᠨ ᠪᠣᠯᠭ᠋ᠠᠵᠤ᠂ ᠪᠥᠬᠥ ᠬᠦᠴᠦᠨ ᠵᠶ᠋ᠡᠷ ᠵᠶ᠋ᠡᠨ ᠲᠡᠷᠡ ᠳᠠᠷᠤᠶ᠎ᠳᠤ᠎ᠨᠢ ᠭᠤᠪᠢᠭᠤᠯᠬᠤ ᠵᠢ ᠬᠤᠷᠢᠭᠯᠠᠵᠤ ᠬᠤᠬᠢᠷᠠᠯ᠎ᠢ ᠡᠭᠡᠭᠦᠯᠵᠦ᠂ ᠮᠡᠳᠡᠭᠡ ᠵᠠᠩᠭᠢ ᠵᠢ ᠰᠤᠳᠤᠯᠤᠨ ᠮᠠᠭ᠋ᠠᠳᠯᠠᠵᠤ ᠵᠠᠳᠠᠯᠬᠤ ᠴᠢᠳᠠᠪᠤᠷᠢ᠎ᠪᠠᠨ ᠦᠨᠡᠨ ᠬᠦ᠌ ᠳᠡᠭᠡᠭᠰᠢᠯᠡᠭᠦᠯᠵᠦ᠂ ᠲᠤᠰᠬᠠᠶ ᠮᠡᠷᠭᠡᠵᠢᠯ᠎ᠤᠨ ᠡᠬᠢ ᠪᠠᠶᠠᠯᠢᠭ᠂ ᠲᠤᠰᠬᠠᠶ ᠠᠷᠭ᠎ᠠ ᠪᠠᠷᠢᠯ ᠪᠠ ᠲᠤᠰᠬᠠᠶ ᠮᠡᠷᠭᠡᠵᠢᠯ᠎ᠤᠨ ᠡᠩᠨᠡᠭᠡ᠎ᠪᠠᠷ ᠡᠢ᠌ᠮᠦᠷᠬᠦᠦ ᠰᠢᠨ᠎ᠡ ᠬᠡᠯᠪᠡᠷᠢ ᠵᠢᠨ ᠶᠠᠯᠠᠲᠤ ᠠᠵᠢᠯᠯᠠᠭ᠎ᠠ ᠵᠢ ᠠᠷᠭ᠋ᠠᠴᠠᠵᠤ᠂ ᠪᠥᠬᠥ ᠬᠦᠴᠦᠨ ᠵᠶ᠋ᠡᠷ ᠵᠶ᠋ᠡᠨ ᠴᠠᠬᠢᠯᠭ᠋ᠠᠨ ᠬᠣᠯᠪᠣᠭ᠎ᠠ ᠰᠦᠯᠵᠢᠶ᠎ᠡ ᠵᠢᠨ ᠰᠢᠨ᠎ᠡ ᠬᠡᠯᠪᠡᠷᠢ ᠵᠢᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠴᠢ ᠲᠡᠳᠡᠨ᠎ᠤ ᠬᠠᠷ᠎ᠠ ᠪᠣᠲᠤᠩᠭᠤᠢ ᠠᠵᠤ ᠦᠢᠯᠡᠰ᠎ᠲᠤ ᠪᠥᠬᠥ ᠬᠡᠯᠬᠢᠶ᠎ᠡ᠎ᠪᠠᠷ ᠴᠣᠬᠢᠯᠲᠠ ᠦᠭᠭᠦᠨ᠎ᠡ᠃
      ᠬᠣᠶᠠᠷ᠎ᠲᠤ᠂ ᠲᠢᠩᠬᠢᠮ᠎ᠤᠨ ᠬᠣᠭᠣᠷᠣᠨᠳᠣᠬᠢ ᠬᠠᠮᠲᠤᠷᠠᠭᠰᠠᠨ ᠬᠤᠷᠠᠯ᠎ᠤᠨ ᠡᠭᠦᠷᠭᠡ ᠴᠢᠳᠠᠪᠤᠷᠢ ᠵᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠠᠵᠢᠯ ᠲᠥᠷᠥᠯ᠎ᠤᠨ ᠰᠠᠯᠠᠭ᠎ᠠ ᠮᠥᠴᠢᠷ᠎ᠤᠨ ᠭᠣᠤᠯᠴᠢᠯᠠᠨ ᠬᠠᠮᠢᠶᠠᠷᠬᠤ ᠬᠠᠷᠢᠭᠤᠴᠠᠯᠭ᠎ᠠ ᠵᠢ ᠪᠤᠳᠠᠳᠠᠢ᠌ᠵᠢᠭᠤᠯᠵᠤ᠂ ᠴᠠᠬᠢᠯᠭ᠋ᠠᠨ ᠬᠣᠯᠪᠣᠭ᠎ᠠ᠂ ᠰᠦᠯᠵᠢᠶᠡᠨ᠎ᠤ ᠮᠡᠬᠡᠯᠡᠯ᠎ᠤᠨ ᠶᠠᠯᠠᠲᠤ ᠠᠵᠢᠯᠯᠠᠭ᠋ᠠᠨ᠎ᠤ ᠶᠡᠷᠦᠩᠬᠡᠢ᠌ᠯᠡᠭᠰᠡᠨ ᠵᠠᠰᠠᠯᠲᠠ ᠵᠢ ᠴᠢᠩᠭ᠋ᠠᠳᠬᠠᠨ᠎ᠠ᠃ ᠡᠨᠡ ᠵᠢᠯ ᠮᠡᠬᠡᠯᠡᠯ᠎ᠳᠤ ᠬᠣᠯᠪᠣᠭᠳᠠᠭᠰᠠᠨ ᠪᠠᠩᠬᠢ ᠵᠢᠨ ᠺᠠᠷᠲ᠂ ᠭᠠᠷ ᠤᠲᠠᠰᠤᠨ᠎ᠤ       《ᠬᠣᠶᠠᠷ ᠺᠠᠷᠲ》᠎ᠤᠨ 《ᠺᠠᠷᠲ ᠲᠠᠰᠤᠯᠬᠤ》 ᠠᠵᠢᠯᠯᠠᠭ᠎ᠠ ᠵᠢ ᠦᠷᠭᠦᠯᠵᠢᠯᠡᠨ ᠭᠦᠨᠵᠡᠭᠡᠶ ᠠᠬᠢᠭᠤᠯᠵᠤ᠂ 《ᠣᠭᠲᠣ ᠠᠭᠤᠴᠢᠯᠠᠬᠤ ᠥᠬᠡᠶ》 ᠣᠪᠣᠷ ᠵᠶ᠋ᠠᠷ᠂     《ᠬᠣᠶᠠᠷ ᠺᠠᠷᠲ》᠎ᠢ ᠬᠠᠤᠯᠢ ᠪᠤᠰᠤ᠎ᠪᠠᠷ ᠬᠤᠳᠠᠯᠳᠤᠭ᠋ᠠᠯᠠᠬᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭ᠋ᠠᠷ ᠴᠢᠩᠭ᠎ᠠ ᠴᠣᠬᠢᠯᠲᠠ ᠥᠭᠴᠦ᠂ ᠴᠠᠬᠢᠯᠭ᠋ᠠᠨ ᠬᠣᠯᠪᠣᠭ᠋ᠠᠨ᠎ᠤ ᠠᠵᠤ ᠠᠬᠤᠢ᠌ᠯᠠᠯ᠂ ᠪᠠᠩᠬᠢ ᠵᠢᠨ ᠦᠢᠯᠡᠰ᠎ᠤᠨ ᠮᠥᠩᠭᠥᠨ ᠭᠦᠢᠯᠭᠡᠭᠡᠨ᠎ᠤ ᠪᠠᠢ᠌ᠭᠤᠯᠤᠮᠵᠢ᠂ ᠪᠠᠩᠬᠢ ᠵᠢᠨ ᠪᠤᠰᠤ ᠲᠣᠭ᠋ᠠᠴᠠᠭ᠎ᠠ ᠬᠢᠬᠦ ᠪᠠᠢ᠌ᠭᠤᠯᠤᠮᠵᠢ ᠵᠢᠨ 《ᠬᠡᠨ ᠺᠠᠷᠲ ᠥᠭᠪᠡᠯ ᠬᠡᠨ ᠬᠠᠷᠢᠭᠤᠴᠠᠬᠤ》 ᠭᠣᠤᠯ ᠴᠣᠭᠴᠠ ᠵᠢᠨ ᠬᠠᠷᠢᠭᠤᠴᠠᠯᠭ᠎ᠠ ᠵᠢ ᠦᠷᠭᠦᠯᠵᠢᠯᠡᠨ ᠪᠣᠳᠠᠲᠠᠢ᠌ᠵᠢᠭᠤᠯᠵᠤ᠂ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ᠂ ᠡᠬᠢ ᠡᠭᠦᠰᠦᠯ᠎ᠠᠴᠠ᠎ᠨᠢ ᠵᠠᠰᠠᠬᠤ ᠵᠢ ᠴᠢᠩᠭ᠋ᠠᠳᠬᠠᠨ᠎ᠠ᠃ ᠡᠭᠦᠨ᠎ᠤ ᠬᠠᠮᠲᠤ ᠲᠠᠪᠤᠨ ᠶᠠᠮᠤᠨ ᠵᠥᠪᠯᠡᠯ᠎ᠤᠨ 《ᠳ᠋ᠢᠶᠠᠩᠬᠤᠸᠠ ᠵᠢᠨ ᠺᠠᠷᠲ᠂ ᠪᠠᠩᠬᠢ ᠵᠢᠨ ᠺᠠᠷᠲ᠎ᠢ ᠬᠠᠤᠯᠢ ᠪᠤᠰᠤ᠎ᠪᠠᠷ ᠬᠤᠳᠠᠯᠳᠤᠭ᠋ᠠᠯᠠᠬᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭ᠋ᠠᠷ ᠴᠢᠩᠭ᠎ᠠ ᠴᠣᠬᠢᠯᠲᠠ ᠥᠭᠴᠦ ᠵᠠᠯᠬᠠᠭ᠋ᠠᠨ ᠴᠡᠭᠡᠷᠯᠡᠭᠦᠯᠬᠦ ᠲᠤᠬᠠᠶ ᠮᠡᠳᠡᠭᠳᠡᠯ》 ᠵᠢᠴᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠠᠬᠢᠯᠭ᠋ᠠᠨ ᠬᠣᠯᠪᠣᠭ᠎ᠠ᠂ ᠰᠦᠯᠵᠢᠶᠡᠨ᠎ᠤ ᠬᠠᠤᠯᠢ᠎ᠠᠴᠠ ᠵᠥᠷᠢᠴᠡᠭᠰᠡᠨ ᠰᠢᠨ᠎ᠡ ᠬᠡᠯᠪᠡᠷᠢ ᠵᠢᠨ ᠶᠠᠯᠠᠲᠤ ᠠᠵᠢᠯᠯᠠᠭ᠎ᠠ᠎ᠳᠤ ᠬᠣᠯᠪᠣᠭᠳᠠᠭᠰᠠᠨ ᠳ᠋ᠢᠶᠠᠩᠬᠤᠸᠠ ᠵᠢᠨ ᠬᠡᠷᠡᠭᠯᠡᠭᠴᠢ ᠵᠢᠨ ᠬᠠᠮᠢᠶᠠᠷᠤᠯᠲᠠ ᠵᠢᠨ ᠰᠠᠨᠠᠯ》᠎ᠢ ᠦᠨᠳᠦᠰᠦᠯᠡᠨ᠂ ᠪᠠᠩᠬᠢ ᠵᠢᠨ ᠺᠠᠷᠲ᠂ ᠭᠠᠷ ᠤᠲᠠᠰᠤᠨ᠎ᠤ ᠺᠠᠷᠲ᠎ᠢ ᠬᠠᠤᠯᠢ ᠪᠤᠰᠤ᠎ᠪᠠᠷ ᠲᠦᠷᠢᠶᠡᠰᠦᠯᠡᠬᠦ᠂ ᠬᠤᠳᠠᠯᠳᠤᠬᠤ᠂ ᠬᠤᠳᠠᠯᠳᠤᠨ ᠠᠪᠤᠭᠰᠠᠨ ᠬᠡᠷᠡᠭᠯᠡᠭᠴᠢ ᠵᠢ ᠵᠠᠯᠬᠠᠭ᠋ᠠᠨ ᠴᠡᠭᠡᠷᠯᠡᠭᠦᠯᠬᠦ ᠠᠷᠭ᠎ᠠ ᠬᠡᠮᠵᠢᠶ᠎ᠡ ᠵᠢ ᠦᠷᠭᠦᠯᠵᠢᠯᠡᠨ ᠨᠠᠢ᠌ᠳᠠᠪᠤᠷᠢᠵᠢᠭᠤᠯᠵᠤ᠂ ᠬᠡᠷᠡᠭ᠎ᠲᠤ ᠬᠣᠯᠪᠣᠭᠳᠠᠭᠰᠠᠨ ᠪᠠᠩᠬᠢ ᠵᠢᠨ ᠲᠠᠩᠰᠠᠨ ᠳ᠋ᠤᠭ᠋ᠠᠷ ᠪᠤᠶᠤ ᠲᠣᠭ᠋ᠠᠴᠠᠭ᠎ᠠ ᠬᠢᠭᠰᠡᠨ ᠲᠠᠩᠰᠠᠨ ᠳ᠋ᠤᠭ᠋ᠠᠷ ᠎ᠤᠨ ᠨᠢᠭᠡᠴᠢ ᠪᠠ ᠬᠤᠪᠢ ᠬᠥᠮᠦᠨ ᠵᠢᠴᠢ ᠬᠠᠮᠢᠶ᠎ᠠ ᠪᠥᠬᠥᠶ ᠵᠣᠬᠢᠶᠠᠨ ᠪᠠᠢ᠌ᠭᠤᠯᠤᠭᠴᠢ ᠵᠢᠨ ᠪᠠᠩᠬᠢ ᠵᠢᠨ ᠲᠠᠩᠰᠠᠨ ᠳ᠋ᠤᠭ᠋ᠠᠷ ᠎ᠤᠨ ᠯᠠᠩᠭᠦᠶ ᠵᠢᠨ ᠪᠤᠰᠤ ᠦᠢ᠍ᠯᠡᠴᠢᠯᠡᠭᠡ᠂ ᠲᠣᠭ᠋ᠠᠴᠠᠭ᠎ᠠ ᠬᠢᠭᠰᠡᠨ ᠲᠠᠩᠰᠠᠨ ᠳ᠋ᠤᠭ᠋ᠠᠷ ᠎ᠤᠨ ᠪᠣᠶ ᠪᠥᠬᠥᠶ ᠦᠢ᠍ᠯᠡᠴᠢᠯᠡᠭᠡ ᠵᠢ 5 ᠵᠢᠯ᠎ᠤᠨ ᠳᠣᠲᠣᠷ᠎ᠠ ᠲᠦᠷ ᠵᠣᠭᠰᠣᠭ᠋ᠠᠬᠤ᠂ ᠰᠢᠨ᠎ᠡ᠎ᠪᠠᠷ ᠲᠠᠩᠰᠠᠨ ᠳ᠋ᠤᠭ᠋ᠠᠷ ᠨᠡᠭᠡᠭᠡᠵᠦ ᠪᠣᠯᠬᠤ ᠥᠬᠡᠶ ᠵᠡᠷᠭᠡ ᠵᠠᠯᠬᠠᠭ᠋ᠠᠨ ᠴᠡᠭᠡᠷᠯᠡᠭᠦᠯᠬᠦ ᠠᠷᠭ᠎ᠠ ᠬᠡᠮᠵᠢᠶ᠎ᠡ ᠵᠢ ᠬᠡᠷᠡᠭᠵᠢᠬᠦᠯᠦᠨ᠎ᠡ᠃ ᠮᠡᠬᠡᠯᠡᠯ᠎ᠳᠤ ᠬᠣᠯᠪᠣᠭᠳᠠᠭᠰᠠᠨ ᠤᠲᠠᠰᠤ ᠬᠡᠷᠡᠭᠯᠡᠭᠴᠢ 5 ᠵᠢᠯ᠎ᠤᠨ ᠳᠣᠲᠣᠷ᠎ᠠ ᠰᠦᠯᠵᠢᠶᠡᠨ᠎ᠳᠤ ᠣᠷᠣᠬᠤ ᠦᠢ᠍ᠯᠡᠴᠢᠯᠡᠭᠡ᠂ ᠨᠣᠮᠧᠷ ᠵᠶ᠋ᠠᠨ ᠰᠤᠯᠢᠬᠤ ᠦᠭᠡᠢ᠎ᠪᠠᠷ ᠰᠦᠯᠵᠢᠶ᠎ᠡ ᠰᠢᠯᠵᠢᠭᠦᠯᠬᠦ ᠦᠢ᠍ᠯᠡᠴᠢᠯᠡᠭᠡ᠂ ᠳᠠᠩᠰᠠᠨ ᠳ᠋ᠤᠭ᠋ᠠᠷ ᠵᠶ᠋ᠠᠨ ᠰᠢᠯᠵᠢᠭᠦᠯᠬᠦ ᠦᠢ᠍ᠯᠡᠴᠢᠯᠡᠭᠡ ᠭᠦᠢᠴᠡᠳᠬᠡᠵᠦ ᠪᠣᠯᠬᠤ ᠥᠬᠡᠶ ᠪᠥᠭᠡᠳ ᠵᠥᠪᠬᠡᠨ ᠨᠢᠭᠡ ᠯᠡ ᠤᠲᠠᠰᠤᠨ ᠨᠣᠮᠧᠷ ᠦᠯᠡᠳᠡᠭᠡᠵᠦ ᠪᠣᠯᠤᠨ᠎ᠠ᠃ ᠥᠷᠭᠡᠨ ᠣᠯᠠᠨ ᠠᠷᠠᠳ ᠲᠦᠮᠡᠨ ᠎ᠤ ᠰᠡᠷᠡᠮᠵᠢᠯᠡᠬᠦ ᠤᠬᠠᠮᠰᠠᠷ ᠵᠶ᠋ᠠᠨ ᠳᠡᠭᠡᠭᠰᠢᠯᠡᠭᠦᠯᠵᠦ᠂ ᠦᠴᠦᠬᠡᠨ ᠠᠰᠢᠭ᠎ᠲᠤ ᠰᠢᠨᠤᠬᠤ ᠎ᠠᠴᠠ ᠰᠡᠷᠭᠡᠢ᠌ᠯᠡᠵᠦ᠂ ᠠᠵᠠ ᠵᠠᠪᠰᠢᠶᠠᠨ ᠎ᠳᠤ ᠭᠤᠷᠢᠳᠠᠵᠤ ᠥᠬᠡᠶ ᠪᠠᠢ᠌ᠵᠤ᠂ 《ᠬᠣᠶᠠᠷ ᠺᠠᠷᠲ》᠎ᠢ ᠬᠠᠤᠯᠢ ᠪᠤᠰᠤ᠎ᠪᠠᠷ ᠬᠤᠳᠠᠯᠳᠤᠭ᠋ᠠᠯᠠᠵᠤ ᠪᠣᠯᠬᠤ ᠥᠬᠡᠶ ᠪᠥᠭᠡᠳ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠮᠡᠬᠡᠯᠡᠯ᠎ᠢ ᠡᠰᠡᠷᠭᠦᠴᠡᠬᠦ ᠲᠥᠪ᠎ᠲᠤ 《ᠬᠣᠶᠠᠷ ᠺᠠᠷᠲ》᠎ᠲᠤ ᠬᠣᠯᠪᠣᠭᠳᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠋ᠠᠨ ᠎ᠤ ᠰᠦᠪᠡᠭᠴᠢ ᠵᠢ ᠢᠳᠡᠪᠬᠢᠲᠡᠶ᠎ᠪᠠᠷ ᠢᠯᠡᠴᠢᠯᠡᠨ ᠮᠡᠳᠡᠭᠦᠯᠵᠦ᠂ 《ᠬᠣᠶᠠᠷ ᠺᠠᠷᠲ》᠎ᠢ ᠬᠠᠤᠯᠢ ᠪᠤᠰᠤ᠎ᠪᠠᠷ ᠬᠤᠳᠠᠯᠳᠤᠭ᠋ᠠᠯᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ ᠵᠠᠯᠬᠠᠭ᠋ᠠᠨ ᠰᠢᠢ᠍ᠳᠬᠡᠬᠦ ᠠᠷᠠᠳ᠎ᠤᠨ ᠲᠡᠮᠡᠴᠡᠯ ᠎ᠳᠤ   ᠤᠷᠤᠯᠴᠠᠬᠤ ᠵᠢ ᠬᠦᠰᠡᠵᠦ ᠪᠠᠢ᠌ᠨ᠎ᠠ᠃
      ᠭᠤᠷᠪᠠ᠎ᠳᠤ᠂ ᠪᠦᠬᠦ ᠨᠡᠢ᠌ᠭᠡᠮ᠎ᠤᠨ ᠬᠠᠭᠤᠷᠮᠠᠭ᠎ᠢ ᠡᠰᠡᠷᠭᠦᠴᠡᠬᠦ ᠪᠠ ᠮᠡᠬᠡᠯᠡᠯ᠎ᠢ ᠰᠡᠷᠭᠡᠢ᠌ᠯᠡᠬᠦ ᠴᠢᠳᠠᠪᠤᠷᠢ ᠵᠢ ᠪᠥᠬᠥ ᠬᠦᠴᠦᠨ ᠵᠶ᠋ᠡᠷ ᠳᠡᠭᠡᠭᠰᠢᠯᠡᠭᠦᠯᠵᠦ᠂ ᠴᠠᠬᠢᠯᠭ᠋ᠠᠨ ᠬᠤᠯᠪᠤᠭ᠋ᠠᠨ ᠎ᠤ ᠮᠡᠬᠡᠯᠡᠯ᠎ᠢ ᠰᠡᠷᠭᠡᠢ᠌ᠯᠡᠬᠦ ᠪᠣᠰᠣᠭ᠎ᠠ ᠴᠣᠭᠴᠠᠲᠤ ᠰᠢᠰᠲ᠋ᠧᠮ᠎ᠢ ᠪᠠᠢ᠌ᠭᠤᠯᠤᠨ᠎ᠠ᠃ ᠨᠢᠭᠡ ᠲᠠᠯ᠎ᠠ᠎ᠪᠠᠷ ᠤᠷᠢᠳᠴᠢᠯᠠᠨ ᠰᠡᠷᠡᠮᠵᠢᠯᠡᠭᠦᠯᠵᠦ ᠬᠠᠷᠢᠭᠤ ᠰᠤᠷᠪᠤᠯᠵᠢᠯᠠᠬᠤ ᠠᠵᠢᠯ᠎ᠢ ᠦᠷᠭᠦᠯᠵᠢᠯᠡᠨ ᠴᠢᠩᠭ᠋ᠠᠳᠬᠠᠵᠤ᠂ ᠠᠵᠢᠯ᠎ᠤᠨ ᠳᠤᠮᠳᠠ ᠣᠯᠵᠤ ᠮᠡᠳᠡᠭᠰᠡᠨ ᠰᠡᠵᠢᠭᠯᠡᠯᠲᠡᠶ ᠬᠣᠬᠢᠷᠠᠯ ᠠᠮᠰᠠᠭᠴᠢ ᠵᠢ ᠲᠡᠷᠡ ᠳᠠᠷᠤᠶ ᠎ᠳᠤ᠎ᠨᠢ 96110 ᠮᠡᠬᠡᠯᠡᠯ᠎ᠢ ᠡᠰᠡᠷᠭᠦᠴᠡᠬᠦ ᠲᠤᠰᠬᠠᠶ ᠤᠲᠠᠰᠤ᠎ᠪᠠᠷ ᠢᠳᠬᠠᠨ ᠬᠣᠷᠢᠭᠯᠠᠵᠤ᠂ ᠴᠢᠬᠤᠯᠠᠲᠠᠶ ᠦᠶ᠎ᠡ᠎ᠳᠤ ᠬᠡᠷ᠎ᠲᠤ᠎ᠨᠢ ᠬᠦᠷᠴᠦ ᠨᠢᠭᠤᠷ ᠵᠤᠯᠭ᠋ᠠᠨ ᠢᠳᠬᠠᠨ ᠬᠣᠷᠢᠭᠯᠠᠵᠤ᠂ ᠣᠯᠠᠨ ᠲᠦᠮᠡᠨ᠎ᠤ ᠮᠡᠬᠡᠯᠡᠭᠳᠡᠬᠦ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠭ᠋ᠠᠨ᠎ᠠ᠃ ᠨᠥᠭᠥᠭᠡ ᠲᠠᠯ᠎ᠠ᠎ᠪᠠᠷ ᠤᠬᠠᠭᠤᠯᠤᠨ ᠳᠠᠢ᠌ᠴᠢᠯᠠᠬᠤ ᠵᠢ ᠪᠥᠬᠥ ᠬᠦᠴᠦᠨ ᠵᠶ᠋ᠡᠷ ᠴᠢᠩᠭ᠋ᠠᠳᠬᠠᠵᠤ᠂ 《ᠤᠮᠠᠷᠠᠲᠤ ᠬᠢᠯᠢ ᠵᠢᠨ ᠮᠡᠬᠡᠯᠡᠯ᠎ᠢ ᠡᠰᠡᠷᠭᠦᠴᠡᠬᠦ》 ᠸᠢᠴᠠᠲ᠎ᠤᠨ ᠣᠯᠠᠨ ᠨᠡᠢ᠌ᠲᠡ ᠵᠢᠨ ᠳ᠋ᠤᠭ᠋ᠠᠷ ᠪᠠ ᠲᠢᠭ ᠲᠤᠭ ᠎ᠤᠨ ᠳ᠋ᠤᠭ᠋ᠠᠷ ᠵᠢᠴᠢ ᠠᠢ᠌ᠮᠠᠭ ᠬᠣᠲᠠ ᠵᠢᠨ ᠮᠡᠬᠡᠯᠡᠯ᠎ᠢ ᠡᠰᠡᠷᠭᠦᠴᠡᠬᠦ ᠤᠬᠠᠭᠤᠯᠭ᠎ᠠ ᠵᠢᠨ ᠳ᠋ᠤᠭ᠋ᠠᠷ ᠎ᠲᠤ ᠲᠦᠰᠢᠭᠯᠡᠨ ᠰᠦᠯᠵᠢᠶᠡᠨ ᠳᠡᠭᠡᠷᠡᠬᠢ ᠮᠡᠬᠡᠯᠡᠯ᠎ᠢ ᠰᠡᠷᠭᠡᠢ᠌ᠯᠡᠬᠦ ᠤᠷᠢᠳᠴᠢᠯᠠᠨ ᠰᠡᠷᠡᠮᠵᠢᠯᠡᠭᠦᠯᠬᠦ ᠤᠬᠠᠭᠤᠯᠭ᠎ᠠ ᠵᠢᠨ ᠠᠵᠢᠯ᠎ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠴᠢᠮᠡᠭᠡ ᠬᠣᠯᠪᠣᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ ᠪᠠ ᠭᠤᠷᠪᠠᠨ ᠲᠣᠮᠣ ᠡᠵᠡᠩᠨᠡᠯᠲᠡ ᠵᠢᠨ ᠬᠤᠳᠠᠯᠳᠤᠭ᠋ᠠᠴᠢᠨ᠎ᠢ ᠵᠣᠬᠢᠴᠠᠭᠤᠯᠵᠤ ᠥᠪᠥᠷ ᠮᠣᠩᠭᠣᠯ᠎ᠤᠨ ᠭᠠᠷ ᠤᠲᠠᠰᠤᠨ᠎ᠤ ᠳᠠᠩᠰᠠᠯᠠᠭᠤᠯᠤᠭᠰᠠᠨ ᠬᠡᠷᠡᠭᠯᠡᠭᠴᠢ ᠪᠦᠬᠦᠨ᠎ᠳᠤ ᠮᠡᠬᠡᠯᠡᠯ᠎ᠢ ᠰᠡᠷᠭᠡᠢ᠌ᠯᠡᠬᠦ ᠰᠠᠨᠠᠭᠤᠯᠭ᠎ᠠ ᠵᠢᠨ ᠣᠬᠣᠷ ᠮᠡᠳᠡᠭᠡ ᠵᠢ ᠶᠠᠪᠤᠭᠤᠯᠬᠤ ᠵᠢᠨ ᠬᠠᠮᠲᠤ᠂ ᠰᠤᠷᠭ᠋ᠠᠭᠤᠯᠢ᠂ ᠨᠡᠢ᠌ᠭᠡᠮ ᠲᠣᠭᠣᠷᠢᠭ᠂ ᠠᠵᠤ ᠠᠬᠤᠢ᠌ᠯᠠᠯ᠎ᠳᠤ ᠢᠳᠡᠪᠬᠢᠲᠡᠶ ᠬᠦᠷᠴᠦ᠂ ᠮᠡᠬᠡᠯᠡᠯ᠎ᠢ ᠰᠡᠷᠭᠡᠢ᠌ᠯᠡᠬᠦ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠥᠷᠨᠢᠭᠦᠯᠦᠨ᠎ᠡ᠃ ᠬᠠᠮᠢᠶ᠎ᠠ ᠪᠥᠬᠥᠶ ᠪᠠᠢ᠌ᠭᠤᠯᠭ᠎ᠠ ᠵᠢᠨ ᠭᠣᠤᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠠᠵᠢᠯ ᠲᠥᠷᠥᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠢ ᠲᠣᠰ ᠠᠵᠢᠯ ᠲᠥᠷᠥᠯ᠂ ᠲᠣᠰ ᠰᠢᠰᠲ᠋ᠧᠮ᠎ᠤᠨ ᠠᠵᠢᠯ ᠡᠷᠭᠢᠯᠡᠭᠰᠡᠳ ᠵᠢᠴᠢ ᠦᠢᠯᠡᠴᠢᠯᠡᠬᠦ ᠡᠲᠡᠭᠡᠳ᠎ᠲᠤ᠎ᠪᠠᠨ ᠮᠡᠬᠡᠯᠡᠯ᠎ᠢ ᠡᠰᠡᠷᠭᠦᠴᠡᠬᠦ ᠤᠬᠠᠭᠤᠯᠭ᠎ᠠ ᠵᠢ ᠢᠳᠡᠪᠬᠢᠲᠡᠶ ᠥᠷᠨᠢᠭᠦᠯᠵᠦ᠂ 《ᠰᠢᠰᠲ᠋ᠧᠮ᠎ᠤᠨ ᠳᠣᠲᠣᠭ᠋ᠠᠳᠤ᠎ᠳᠤ ᠬᠡᠷᠡᠭ ᠡᠭᠦᠰᠬᠦ ᠥᠬᠡᠶ᠂ ᠬᠣᠯᠪᠣᠭᠳᠠᠬᠤ ᠬᠥᠮᠦᠰ᠎ᠢ ᠪᠦᠷᠢᠨ ᠪᠥᠷᠬᠥᠭᠦᠯᠬᠦ᠂ ᠦᠢᠯᠡᠴᠢᠯᠡᠬᠦ ᠡᠲᠡᠭᠡᠳ᠎ᠢ ᠣᠷᠬᠢᠭᠳᠠᠭᠤᠯᠬᠤ ᠥᠬᠡᠶ》 ᠪᠠᠢ᠌ᠬᠤ ᠵᠢ ᠴᠢᠷᠮᠠᠢ᠌ᠨ ᠪᠡᠶᠡᠯᠡᠭᠦᠯᠬᠦ ᠬᠡᠷᠡᠭᠲᠡᠶ ᠭᠡᠵᠦ ᠱᠠᠭ᠋ᠠᠷᠳᠠᠨ᠎ᠠ᠃
      ᠵᠠᠭᠤᠴᠢᠯᠠᠭᠤᠷ᠎ᠤᠨ ᠨᠠᠢ᠌ᠵᠠ ᠨᠥᠬᠦᠳ ᠎ᠤᠨ ᠬᠠᠭᠤᠷᠮᠠᠭ᠎ᠢ ᠡᠰᠡᠷᠬᠦᠴᠡᠵᠦ ᠮᠡᠬᠡᠯᠡᠯ᠎ᠢ ᠰᠡᠷᠭᠡᠢ᠌ᠯᠡᠬᠦ ᠤᠬᠠᠭᠤᠯᠭ᠎ᠠ ᠵᠢᠨ ᠠᠵᠢᠯ᠎ᠳᠤ ᠬᠠᠮᠲᠤ᠎ᠪᠠᠷ ᠣᠷᠣᠯᠴᠠᠵᠤ᠂ ᠣᠯᠠᠨ ᠲᠦᠮᠡᠨ᠎ᠤ ᠬᠠᠤᠯᠢ ᠶᠣᠰᠣᠨ᠎ᠤ ᠡᠳ᠋ ᠬᠥᠷᠥᠩᠭᠡ ᠵᠢᠨ ᠠᠮᠤᠷ ᠲᠦᠪᠰᠢᠨ᠎ᠢ ᠬᠠᠮᠠᠭ᠋ᠠᠯᠠᠬᠤ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠵᠢ ᠡᠪᠦᠷᠯᠡᠨ᠂ ᠮᠡᠬᠡᠯᠡᠯ᠎ᠢ ᠡᠰᠡᠷᠭᠦᠴᠡᠬᠦ ᠤᠬᠠᠭᠤᠯᠭ᠎ᠠ᠎ᠳᠤ ᠢᠳᠡᠪᠬᠢᠲᠡᠶ ᠣᠷᠣᠯᠴᠠᠵᠤ᠂ ᠨᠡᠢ᠌ᠭᠡᠮ᠎ᠤᠨ ᠤᠬᠠᠭᠤᠯᠭ᠎ᠠ ᠵᠢᠨ ᠡᠷᠴᠢᠮ᠎ᠢ ᠪᠥᠬᠥ ᠲᠠᠯ᠎ᠠ᠎ᠪᠠᠷ ᠴᠢᠩᠭ᠋ᠠᠷᠠᠭᠤᠯᠬᠤ ᠵᠢ ᠬᠦᠰᠡᠵᠦ ᠪᠠᠢ᠌ᠨ᠎ᠠ᠃ ᠥᠷᠭᠡᠨ ᠣᠯᠠᠨ ᠠᠷᠠᠳ ᠲᠦᠮᠡᠨ ᠎ᠤ ᠢᠳᠡᠪᠬᠢᠲᠡᠶ ᠬᠠᠮᠵᠢᠯᠴᠠᠵᠤ᠂ ᠮᠡᠬᠡᠯᠡᠯ᠎ᠢ ᠰᠡᠷᠭᠡᠢ᠌ᠯᠡᠬᠦ ᠮᠡᠳᠡᠭᠡ ᠵᠠᠩᠭᠢ ᠵᠢ ᠰᠡᠳᠬᠢᠯ ᠵᠢᠷᠦᠬᠡᠨ᠎ᠳᠤ᠎ᠪᠠᠨ ᠬᠠᠳᠠᠩᠰᠢᠭᠤᠯᠵᠤ᠂ ᠲᠠᠩᠰᠠ ᠰᠢᠯᠵᠢᠭᠦᠯᠦᠨ ᠵᠣᠭᠣᠰ ᠭᠤᠪᠢᠭᠤᠯᠬᠤ ᠎ᠳᠤ᠎ᠪᠠᠨ ᠪᠣᠯᠭᠣᠮᠵᠢᠲᠠᠶ ᠪᠠᠢ᠌ᠵᠤ᠂ ᠮᠡᠬᠡᠯᠡᠯ᠎ᠢ ᠲᠠᠨᠢᠬᠤ᠂ ᠮᠡᠬᠡᠯᠡᠯ᠎ᠢ ᠰᠡᠷᠭᠡᠢ᠌ᠯᠡᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠪᠥᠬᠥ ᠠᠷᠠᠳ ᠵᠶ᠋ᠠᠷ ᠵᠶ᠋ᠠᠨ ᠬᠠᠭᠤᠷᠮᠠᠭ᠎ᠢ ᠡᠰᠡᠷᠬᠦᠴᠡᠵᠦ ᠮᠡᠬᠡᠯᠡᠯ᠎ᠢ ᠰᠡᠷᠭᠡᠢ᠌ᠯᠡᠬᠦ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠶ ᠪᠣᠯᠭ᠋ᠠᠬᠤ ᠵᠢ ᠬᠦᠰᠡᠵᠦ ᠪᠠᠢ᠌ᠨ᠎ᠠ᠃
      ᠵᠦᠩ ᠬᠤᠩ ᠰᠦᠯᠵᠢᠶᠡᠨ᠎ᠤ ᠰᠤᠷᠪᠤᠯᠵᠢᠯᠠᠭᠴᠢ᠄ 2020 ᠣᠨ᠎ᠳᠤ᠂ ᠤᠯᠤᠰ᠎ᠤᠨ ᠬᠣᠤᠷ ᠴᠠᠭ᠋ᠠᠵᠠᠯᠠᠬᠤ ᠠᠯᠪᠠᠨ ᠬᠡᠷ ᠪᠥᠬᠥ ᠤᠯᠤᠰ᠎ᠤᠨ ᠴᠢᠨᠠᠷᠲᠠᠶ ᠬᠣᠤᠷᠲᠤ ᠡᠳ᠋᠎ᠤᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠮᠥᠷᠥᠢ᠌ᠴᠡᠭᠡᠨ ᠡᠷᠬᠢᠯᠡᠭᠰᠡᠨ ᠎ᠢ ᠤᠢ᠌ᠯᠠᠭ᠋ᠠᠯ᠎ᠠ᠂ ᠲᠠ ᠨᠠᠷ ᠶᠠᠮᠠᠷ ᠶᠠᠮᠠᠷ ᠠᠮᠵᠢᠯᠲᠠ ᠣᠯᠤᠭᠰᠠᠨ ᠪᠣᠶ? ᠳᠥᠭᠥᠮᠬᠡᠨ ᠲᠠᠨᠢᠯᠴᠠᠭᠤᠯᠵᠤ ᠪᠤᠯᠤᠨ᠎ᠠ ᠤᠤ?
      ᠸᠠᠩ ᠲᠢᠶᠧ ᠹᠸᠩ᠄ 《ᠬᠢᠯᠢ ᠬᠢᠵᠠᠭ᠋ᠠᠷ᠎ᠢ ᠴᠡᠪᠡᠷᠰᠢᠭᠦᠯᠬᠦ 2020》 ᠲᠤᠰᠬᠠᠶ ᠠᠵᠢᠯᠯᠠᠭ᠎ᠠ ᠵᠢ ᠭᠦᠨᠵᠡᠭᠡᠶ ᠠᠬᠢᠭᠤᠯᠵᠤ᠂ 《ᠠᠯᠲᠠᠨ ᠭᠤᠷᠪᠠᠯᠵᠢᠨ》 ᠭᠠᠵᠠᠷ ᠣᠷᠣᠨ᠎ᠤ ᠬᠣᠤᠷᠲᠤ ᠡᠳ᠋ ᠨᠠᠪᠴᠢᠨ ᠣᠷᠣᠵᠤ ᠢᠷᠡᠬᠦ ᠵᠢ ᠡᠷᠡᠰ ᠬᠣᠷᠢᠭᠯᠠᠬᠤ ᠵᠢᠨ ᠲᠥᠯᠥᠭᠡ᠂ ᠤᠯᠤᠰ᠎ᠤᠨ ᠬᠣᠤᠷ ᠴᠠᠭ᠋ᠠᠵᠠᠯᠠᠬᠤ ᠠᠯᠪᠠᠨ ᠬᠡᠷ 2020 ᠣᠨ᠎ᠤ 7 ᠳ᠋ᠤᠭ᠋ᠠᠷ ᠰᠠᠷ᠎ᠠ ᠵᠢᠨ 8᠎ᠤ ᠡᠳᠦᠷ᠎ᠠᠴᠠ 7 ᠳ᠋ᠤᠭ᠋ᠠᠷ ᠰᠠᠷ᠎ᠠ ᠵᠢᠨ 22᠎ᠤᠨ ᠡᠳᠦᠷ ᠪᠣᠯᠲᠠᠯ᠎ᠠ᠂ ᠶᠦᠨᠨᠠᠨ᠎ᠤ 6 ᠲᠥᠯᠦᠭᠡᠯᠡᠭᠴᠢ ᠠᠩᠭᠢ ᠵᠢ ᠪᠠᠭᠲᠠᠭ᠋ᠠᠭᠰᠠᠨ ᠪᠥᠬᠥ ᠤᠯᠤᠰ᠎ᠤᠨ 15 ᠮᠤᠵᠢ ᠣᠷᠣᠨ ᠬᠣᠲᠠ ᠪᠠ 4 ᠰᠠᠯᠠᠭ᠎ᠠ ᠮᠥᠴᠢᠷ᠎ᠤᠨ ᠴᠠᠭᠳᠠᠭ᠋ᠠᠨ᠎ᠤ ᠲᠥᠷᠥᠯ᠎ᠢ ᠵᠣᠬᠢᠶᠠᠨ ᠪᠠᠢ᠌ᠭᠤᠯᠵᠤ᠂ ᠨᠡᠢ᠌ᠲᠡ 25 ᠲᠥᠯᠥᠭᠡᠯᠡᠭᠴᠢ ᠠᠩᠭᠢ ᠪᠠᠢ᠌ᠭᠤᠯᠵᠤ᠂ ᠶᠦᠨᠨᠠᠨ᠎ᠳᠤ 5 ᠭᠣᠤᠯ ᠲᠡᠢ᠌ᠨ᠎ᠤ ᠲᠠᠯᠠᠪᠤᠷ ᠬᠤᠪᠢᠶᠠᠵᠤ 《ᠤᠯᠠᠭ᠋ᠠᠨ ᠬᠥᠬᠡ ᠵᠢᠨ ᠡᠰᠡᠷᠭᠦᠴᠡᠯᠳᠦᠭᠡᠨ》 ᠬᠣᠤᠷᠲᠤ ᠡᠳ᠋᠎ᠢ ᠨᠡᠩᠵᠢᠨ ᠪᠠᠢ᠌ᠴᠠᠭ᠋ᠠᠬᠤ ᠤᠷ᠎ᠠ ᠴᠢᠳᠠᠪᠤᠷᠢ ᠵᠢᠨ ᠮᠥᠷᠥᠢ᠌ᠴᠡᠭᠡᠨ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶ᠎ᠠ ᠲᠣᠰ ᠤᠳᠠᠭ᠋ᠠᠨ ᠎ᠤ ᠶᠡᠬᠡ ᠮᠥᠷᠥᠢ᠌ᠴᠡᠭᠡᠨ᠎ᠤ ᠠᠵᠢᠯᠯᠠᠭ᠎ᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠶᠡᠬᠡ ᠮᠥᠷᠥᠢ᠌ᠴᠡᠭᠡᠨ᠎ᠤ ᠲᠥᠰᠦᠯ᠎ᠢ ᠭᠦᠨᠵᠡᠭᠡᠶ ᠵᠠᠳᠠᠯᠤᠨ ᠰᠤᠳᠤᠯᠵᠤ᠂ ᠨᠡᠩᠵᠢᠨ ᠪᠠᠢ᠌ᠴᠠᠭ᠋ᠠᠬᠤ ᠲᠥᠰᠦᠯ ᠲᠣᠭᠲᠠᠭ᠋ᠠᠵᠤ᠂ ᠪᠠᠢ᠌ᠯᠳᠤᠭ᠋ᠠᠨ᠎ᠳᠤ ᠣᠷᠣᠯᠴᠠᠬᠤ ᠭᠡᠰᠢᠭᠦᠳ᠎ᠤᠨ ᠪᠦᠷᠢᠯᠳᠦᠬᠦᠨ᠎ᠢ ᠰᠢᠯᠢᠳᠡᠭᠵᠢᠭᠦᠯᠵᠦ᠂ ᠲᠦᠷ ᠴᠠᠭ᠎ᠤᠨ ᠨᠠᠮ᠎ᠤᠨ ᠡᠭᠦᠷ ᠪᠠᠢ᠌ᠭᠤᠯᠵᠤ᠂ ᠡᠩᠨᠡᠭᠡᠨ᠎ᠤ ᠵᠣᠬᠢᠶᠠᠨ ᠪᠠᠢ᠌ᠭᠤᠯᠤᠯᠲᠠ ᠬᠠᠮᠢᠶᠠᠷᠤᠯᠲᠠ ᠤᠳᠤᠷᠢᠳᠤᠯᠭ᠎ᠠ ᠵᠢ ᠴᠢᠩᠭ᠋ᠠᠳᠬᠠᠪᠠ᠃
      ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠠᠩᠭᠢ ᠵᠢᠨ ᠤᠷᠤᠯᠳᠤᠭ᠋ᠠᠨ᠎ᠳᠤ ᠤᠷᠤᠯᠴᠠᠭᠰᠠᠨ ᠭᠠᠵᠠᠷ ᠪᠣᠯ ᠴᠢᠦᠶ ᠵᠢᠩ ᠬᠣᠲᠠ ᠵᠢᠨ ᠹᠦ᠋ ᠶᠤᠸᠠᠨ ᠰᠢᠶᠠᠨ᠎ᠤ ᠱᠧᠩ ᠵᠢᠩ ᠭᠤᠸᠠᠨ ᠬᠣᠤᠷᠲᠤ ᠡᠳ᠋ ᠎ᠢ ᠪᠠᠢ᠌ᠴᠠᠭ᠋ᠠᠬᠤ ᠥᠷᠲᠡᠭᠡ ᠪᠣᠯᠤᠨ᠎ᠠ᠂ ᠶᠦᠨᠨᠠᠨ᠂ ᠭᠦᠢᠵᠧᠦ ᠬᠣᠶᠠᠷ ᠮᠤᠵᠢ ᠵᠢᠨ ᠠᠭᠤᠯᠵᠠᠷ᠎ᠲᠤ᠎ᠬᠢ ᠠᠭᠤᠯᠠᠷᠬᠠᠭ ᠣᠷᠣᠨ᠎ᠳᠤ ᠪᠠᠢ᠌ᠷᠢᠯᠠᠵᠤ᠂ ᠲᠡᠯᠡᠶ ᠵᠢᠨ ᠲᠦᠪᠰᠢᠨ ᠥᠨᠳᠥᠷ᠂ ᠡᠳᠦᠷ ᠰᠥᠨᠢ ᠵᠢᠨ ᠳᠤᠯᠠᠭ᠋ᠠᠨ᠎ᠤ ᠵᠥᠷᠢᠶ᠎ᠡ ᠶᠡᠬᠡ᠂ ᠡᠷᠬᠢᠨ ᠲᠣᠭᠣᠷᠢᠨ᠎ᠤ ᠰᠢᠮᠠᠭᠤᠯ ᠪᠠᠲᠠᠭ᠋ᠠᠨ᠎ᠠ ᠠᠷᠪᠢᠨ ᠮᠥᠷᠲᠡᠭᠡᠨ ᠨᠡᠩᠵᠢᠨ ᠪᠠᠢ᠌ᠴᠠᠭ᠋ᠠᠬᠤ ᠠᠵᠢᠯ᠎ᠳᠤ 《ᠲᠠᠪᠤᠨ ᠠᠩᠬᠢ ᠭᠤᠷᠪᠠ ᠡᠭᠡᠯᠵᠢ᠎ᠪᠠᠷ ᠠᠵᠢᠯᠯᠠᠬᠤ ᠪᠠ ᠰᠢᠯᠵᠢᠮᠡᠯ ᠨᠡᠩᠵᠢᠨ ᠪᠠᠢ᠌ᠴᠠᠭ᠋ᠠᠯᠲᠠ》᠎ᠢ ᠬᠡᠷᠡᠭᠵᠢᠭᠦᠯᠦᠭᠰᠡᠨ᠎ᠠᠴᠠ ᠮᠠᠨ᠎ᠤ ᠣᠷᠣᠨ᠎ᠤ ᠲᠥᠯᠥᠭᠡᠯᠡᠭᠴᠢᠳ᠎ᠤᠨ ᠠᠩᠭᠢ᠎ᠳᠤ ᠮᠠᠰᠢ ᠶᠡᠬᠡ ᠬᠦᠴᠢᠷᠳᠡᠯ ᠤᠴᠠᠷᠠᠭᠤᠯᠵᠠᠶ᠃ ᠲᠤᠬᠠᠢ ᠵᠢᠨ ᠭᠠᠵᠠᠷ᠎ᠤᠨ ᠠᠵᠢᠯ᠎ᠤᠨ ᠨᠥᠬᠥᠴᠡᠯ᠎ᠳᠤ ᠴᠠᠭ ᠲᠤᠬᠠᠢ ᠎ᠳᠤ᠎ᠨᠢ ᠵᠣᠬᠢᠴᠠᠬᠤ ᠵᠢᠨ ᠲᠥᠯᠥᠭᠡ᠂ ᠪᠢᠳᠡ ᠳᠠᠷᠤᠢ ᠲᠦᠷᠭᠡᠨ ᠲᠤᠬᠢᠷᠠᠭᠤᠯᠤᠯᠳᠠ ᠬᠢᠵᠦ᠂ ᠪᠤᠰᠤᠳ ᠠᠬ᠎ᠠ ᠳᠡᠭᠦᠦ ᠪᠠᠢ᠌ᠭᠤᠯᠭ᠎ᠠ ᠵᠢᠨ ᠲᠡᠷᠢᠭᠦᠨ᠎ᠤ ᠲᠤᠷᠰᠢᠯᠭ᠎ᠠ ᠵᠢ ᠰᠤᠷᠤᠯᠴᠠᠬᠤ ᠵᠢᠨ ᠬᠠᠮᠲᠤ ᠥᠪᠡᠷ ᠎ᠤᠨ ᠨᠡᠩᠵᠢᠨ ᠪᠠᠢ᠌ᠴᠠᠭ᠋ᠠᠬᠤ ᠠᠷᠭ᠎ᠠ ᠮᠠᠶᠢᠭ ᠵᠶ᠋ᠠᠨ ᠲᠠᠰᠤᠷᠠᠯᠳᠠ ᠦᠭᠡᠢ ᠰᠠᠢ᠌ᠵᠢᠷᠠᠭᠤᠯᠪᠠ᠃ 15 ᠡᠳᠦᠷ᠎ᠤᠨ ᠰᠢᠷᠭ᠋ᠠᠭᠤ ᠬᠠᠲᠠᠭᠤᠵᠢᠯᠲᠠᠶ ᠲᠡᠮᠡᠴᠡᠯ ᠵᠶ᠋ᠡᠷ ᠳᠡᠮᠵᠢᠨ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠬᠣᠤᠷ ᠴᠠᠭ᠋ᠠᠵᠠᠯᠠᠬᠤ ᠶᠡᠷᠦᠩᠬᠡᠶ ᠠᠩᠭᠢ᠂ ᠡᠯ᠎ᠡ ᠠᠢ᠌ᠮᠠᠭ ᠬᠣᠲᠠ ᠪᠣᠯᠤᠨ ᠬᠥᠬᠡᠬᠣᠲᠠ ᠵᠢᠨ ᠲᠡᠮᠦᠷ ᠵᠠᠮ᠎ᠤᠨ ᠳᠣᠲᠣᠭ᠋ᠠᠳᠤ ᠵᠢ ᠬᠠᠮᠠᠭ᠋ᠠᠯᠠᠬᠤ ᠲᠤᠪᠴᠢᠶᠠᠨ ᠎ᠤ 22 ᠬᠥᠮᠦᠨ ᠵᠶ᠋ᠡᠷ ᠪᠦᠷᠢᠯᠳᠦᠭᠰᠡᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠠᠩᠭᠢ ᠨᠡᠢ᠌ᠲᠡ 7.2 ᠺᠢᠯᠣᠭ᠌ᠷᠠᠮ ᠥᠨᠳᠥᠷ ᠴᠡᠪᠡᠷᠴᠡ᠎ᠲᠠᠢ ᠬᠣᠤᠷᠲᠤ ᠡᠳ᠋ ᠾᠧᠷᠣᠶᠢᠨ᠎ᠢ ᠪᠠᠢ᠌ᠴᠠᠭ᠋ᠠᠨ ᠣᠯᠵᠤ᠂ ᠲᠣᠪᠣᠢ᠌ᠮ᠎ᠠ ᠬᠢᠷᠢ ᠪᠦᠲᠦᠮᠵᠢ᠎ᠪᠠᠷ ᠴᠢᠦᠶ ᠵᠢᠩ᠎ᠤᠨ ᠲᠡᠢ᠌ᠨ᠎ᠤ ᠲᠠᠯᠠᠪᠤᠷ᠎ᠤᠨ ᠤᠯᠠᠭ᠋ᠠᠨ ᠴᠡᠷᠢᠭ᠎ᠤᠨ ᠨᠢᠭᠡᠳᠦᠭᠡᠷ᠎ᠲᠤ ᠵᠢᠭᠰᠠᠵᠤ᠂ ᠲᠡᠢ᠌ᠨ᠎ᠳᠤ ᠣᠷᠣᠯᠴᠠᠭᠰᠠᠨ ᠪᠦᠬᠦ ᠮᠤᠵᠢ ᠣᠷᠣᠨ ᠬᠣᠲᠠ ᠵᠢᠨ ᠳᠣᠲᠣᠷ᠎ᠠ᠂ ᠮᠠᠨ᠎ᠤ ᠣᠷᠣᠨ᠎ᠤ ᠬᠣᠤᠷᠲᠤ ᠡᠳ᠋ ᠣᠯᠵᠠᠯᠠᠭᠰᠠᠨ ᠶᠡᠷᠦᠩᠬᠡᠶ ᠬᠡᠮᠵᠢᠶ᠎ᠡ ᠵᠥᠪᠬᠡᠨ ᠶᠦᠨᠨᠠᠨ ᠮᠤᠵᠢ᠎ᠠᠴᠠ ᠬᠣᠴᠣᠷᠴᠤ᠂ ᠨᠢᠭᠡᠳᠦᠭᠡᠷ ᠪᠦᠯᠦᠭ᠎ᠤᠨ 16 ᠮᠤᠵᠢ ᠣᠷᠣᠨ ᠬᠣᠲᠠ ᠵᠢᠨ ᠬᠣᠶᠠᠳᠤᠭ᠋ᠠᠷ᠎ᠲᠤ ᠵᠢᠭᠰᠠᠪᠠ᠃ ᠲᠣᠰ ᠬᠢᠷᠢ ᠪᠦᠲᠦᠮᠵᠢ᠎ᠨᠢ ᠤᠯᠤᠰ᠎ᠤᠨ ᠬᠣᠤᠷ ᠴᠠᠭ᠋ᠠᠵᠠᠯᠠᠬᠤ ᠠᠯᠪᠠᠨ ᠬᠡᠷ᠎ᠤᠨ 《ᠤᠯᠠᠭ᠋ᠠᠨ ᠬᠥᠬᠡ ᠎ᠤᠨ ᠡᠰᠡᠷᠭᠦᠴᠡᠯᠳᠦᠭᠡᠨ》 ᠬᠣᠤᠷᠲᠤ ᠡᠳ᠋᠎ᠢ ᠨᠡᠩᠵᠢᠨ ᠪᠠᠢ᠌ᠴᠠᠭ᠋ᠠᠬᠤ ᠤᠷ᠎ᠠ ᠴᠢᠳᠠᠪᠤᠷᠢ ᠵᠢᠨ ᠶᠡᠬᠡ ᠮᠥᠷᠥᠢ᠌ᠴᠡᠭᠡᠨ᠎ᠢ ᠥᠷᠨᠢᠭᠦᠯᠦᠭᠰᠡᠨ᠎ᠠᠴᠠ ᠨᠠᠭ᠋ᠠᠰᠢ᠂ ᠮᠠᠨ᠎ᠤ ᠣᠷᠣᠨ᠎ᠤ ᠣᠯᠤᠭᠰᠠᠨ ᠬᠠᠮᠤᠭ᠎ᠤᠨ ᠰᠠᠢ᠌ᠨ ᠨᠡᠷᠡᠰ᠎ᠤᠨ ᠳᠠᠷᠠᠭ᠋ᠠᠯᠠᠯ ᠪᠤᠯᠤᠨ᠎ᠠ᠃ ᠮᠠᠨ᠎ᠤ ᠣᠷᠣᠨ᠎ᠤ ᠲᠥᠯᠥᠭᠡᠯᠡᠭᠴᠢᠳ᠎ᠤᠨ ᠠᠩᠭᠢ ᠵᠢ ᠤᠯᠤᠰ᠎ᠤᠨ ᠬᠣᠤᠷ ᠴᠠᠭ᠋ᠠᠵᠠᠯᠠᠬᠤ ᠠᠯᠪᠠᠨ ᠬᠡᠷ ᠲᠡᠷᠢᠭᠦᠨ᠎ᠤ ᠨᠢᠭᠡᠴᠢ᠎ᠪᠠᠷ ᠲᠣᠭᠲᠠᠭ᠋ᠠᠵᠤ᠂ ᠪᠠᠰᠠ ᠬᠣᠶᠠᠷ ᠬᠥᠮᠦᠨ ᠲᠡᠷᠢᠭᠦᠨ᠎ᠤ ᠬᠤᠪᠢ ᠬᠥᠮᠦᠨ ᠵᠶ᠋ᠡᠷ ᠦᠨᠡᠯᠡᠭᠳᠡᠪᠡ᠃
     2020 ᠣᠨ᠎ᠤ 7 ᠳ᠋ᠤᠭ᠋ᠠᠷ ᠰᠠᠷ᠎ᠠ ᠵᠢᠨ 28᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠨᠠᠮ᠎ᠤᠨ ᠬᠣᠷᠢᠶᠠᠨ᠎ᠤ ᠱᠦᠵᠢ᠂ ᠲᠢᠩᠬᠢᠮ᠎ᠤᠨ ᠳᠠᠷᠤᠭ᠎ᠠ ᠾᠧᠩ ᠰᠢᠶᠤᠤ ᠹᠠᠨ᠄ 《ᠰᠠᠢ᠌ᠨ ᠪᠠᠢ᠌ᠨ᠎ᠠ! ᠬᠥᠬᠢᠭᠦᠯᠦᠨ ᠰᠠᠢ᠌ᠰᠢᠶᠠᠬᠤ ᠬᠡᠷᠡᠭᠲᠡᠢ ᠪᠥᠭᠡᠳ ᠳᠠᠷᠤᠢ ᠲᠦᠷᠭᠡᠨ ᠴᠣᠬᠢᠯᠲᠠ ᠥᠭᠬᠦ ᠠᠵᠢᠯ᠎ᠳᠤ ᠤᠷᠤᠯᠴᠠᠭᠤᠯᠵᠤ᠂ ᠤᠯᠠᠨ ᠎ᠳᠤ ᠲᠤᠷᠰᠢᠯᠭ᠎ᠠ ᠵᠢ᠎ᠨᠢ ᠤᠯᠠᠮᠵᠢᠯᠠᠵᠤ᠂ ᠲᠠᠬᠢᠨ ᠰᠢᠨ᠎ᠡ ᠭᠠᠪᠢᠶ᠎ᠠ ᠪᠠᠢ᠌ᠭᠤᠯᠬᠤ ᠬᠡᠷᠡᠭᠲᠡᠢ》 ᠭᠡᠰᠡᠨ ᠴᠤᠬᠤᠯᠠᠪᠤᠷᠢ ᠦᠭᠴᠦ᠂ ᠡᠨᠡ ᠬᠦ᠌ ᠠᠵᠢᠯ᠎ᠢ ᠳᠡᠭᠡᠳᠦ ᠬᠡᠮᠵᠢᠢ᠎ᠡ᠎ᠪᠠᠷ ᠨᠤᠲᠠᠯᠠᠵᠠᠢ᠃
      ᠥᠪᠥᠷ ᠮᠣᠩᠭᠣᠯ᠎ᠤᠨ ᠬᠠᠮ ᠵᠠᠭᠤᠴᠢᠯᠠᠭᠤᠷ ᠰᠦᠯᠵᠢᠶᠡᠨ᠎ᠤ ᠰᠤᠷᠪᠤᠯᠵᠢᠯᠠᠭᠴᠢ᠄ 2020 ᠣᠨ᠎ᠳᠤ ᠪᠥᠬᠥ ᠣᠷᠣᠨ᠎ᠤ ᠬᠣᠤᠷᠲᠤ ᠡᠳ᠋᠎ᠢ ᠴᠠᠭ᠋ᠠᠵᠠᠯᠠᠬᠤ ᠰᠠᠯᠠᠭ᠎ᠠ ᠮᠥᠴᠢᠷ ᠬᠣᠤᠷᠲᠤ ᠡᠳ᠋᠎ᠤᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠲᠠᠯ᠎ᠠ᠎ᠪᠠᠷ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠣᠶ? ᠶᠠᠮᠠᠷ ᠰᠢᠨ᠎ᠡ ᠵᠢ ᠡᠭᠦᠳᠬᠦ ᠠᠷᠭ᠎ᠠ ᠬᠡᠮᠵᠢᠶ᠎ᠡ ᠪᠠᠢᠬᠤ ᠪᠣᠢ?

      ᠸᠠᠩ ᠲᠢᠶᠧ ᠹᠧᠩ᠄ ᠥᠪᠡᠷᠲᠡᠭᠡᠨ ᠵᠠᠰᠠᠬᠤ ᠣᠷᠣᠨ᠎ᠤ ᠬᠣᠤᠷ ᠴᠠᠭ᠋ᠠᠵᠠᠯᠠᠬᠤ ᠠᠯᠪᠠᠨ ᠬᠡᠷ ᠪᠠ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠬᠣᠤᠷ ᠴᠠᠭ᠋ᠠᠵᠠᠯᠠᠬᠤ ᠶᠡᠷᠦᠩᠬᠡᠶ ᠠᠩᠭᠢ᠎ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠬᠣᠤᠷ ᠴᠠᠭ᠋ᠠᠵᠠᠯᠠᠬᠤ ᠵᠥᠪᠯᠡᠯ᠎ᠤᠨ ᠪᠦᠬᠦᠯᠢ ᠴᠣᠭᠴᠠ ᠵᠢᠨ ᠠᠵᠢᠯ᠎ᠤᠨ ᠪᠠᠢ᠌ᠷᠢᠯᠠᠭᠤᠯᠤᠯᠲᠠ ᠶᠣᠰᠣᠭ᠋ᠠᠷ᠂ ᠮᠠᠨ᠎ᠤ ᠣᠷᠣᠨ᠎ᠤ ᠬᠣᠤᠷᠲᠤ ᠡᠳ᠋᠎ᠤᠨ ᠲᠣᠪᠣᠢ᠌ᠮ᠎ᠠ ᠠᠰᠠᠭᠤᠳᠠᠯ᠎ᠳᠤ ᠴᠢᠭᠯᠡᠭᠦᠯᠦᠨ᠂ ᠤᠯᠤᠰ᠎ᠤᠨ ᠣᠨ᠎ᠤ ᠰᠢᠯᠭ᠋ᠠᠨ ᠪᠠᠢ᠌ᠴᠠᠭ᠋ᠠᠯᠲᠠ᠎ᠲᠠᠢ ᠵᠦᠢᠯ ᠳᠠᠷᠠᠭ᠋ᠠᠯᠠᠨ ᠬᠠᠷᠭᠤᠭᠤᠯᠵᠤ᠂ ᠬᠣᠶᠠᠷ ᠎ᠢ ᠴᠤᠬᠢᠵᠤ ᠬᠣᠶᠠᠷ᠎ᠢ ᠡᠵᠡᠮᠳᠡᠬᠦ ᠲᠤᠰᠬᠠᠶ ᠠᠵᠢᠯᠯᠠᠭ᠎ᠠ ᠵᠢ ᠪᠠᠢ᠌ᠷᠢᠯᠠᠭᠤᠯᠤᠨ ᠥᠷᠨᠢᠭᠦᠯᠵᠦ᠂ ᠨᠡᠢ᠌ᠭᠡᠮ ᠳᠡᠭᠡᠷᠡᠬᠢ ᠬᠣᠤᠷ ᠲᠠᠲᠠᠭᠴᠢ ᠵᠢ ᠬᠢᠨᠠᠨ ᠪᠠᠢ᠌ᠴᠠᠭ᠋ᠠᠵᠤ ᠬᠠᠮᠢᠶᠠᠷᠤᠨ ᠡᠵᠡᠮᠳᠡᠬᠦ᠎ᠪᠠᠨ ᠲᠡᠬᠦᠯᠳᠡᠷᠵᠢᠬᠦᠯᠵᠦ᠂ ᠬᠣᠤᠷᠲᠤ ᠡᠳ᠋ ᠦᠢᠯᠡᠳᠬᠦ ᠶᠠᠯᠠᠲᠤ ᠠᠵᠢᠯᠯᠠᠭ᠎ᠠ ᠵᠢ ᠬᠢᠨᠠᠨ ᠪᠠᠢ᠌ᠴᠠᠭ᠋ᠠᠵᠤ ᠰᠡᠷᠭᠡᠢ᠌ᠯᠡᠨ ᠡᠵᠡᠮᠳᠡᠵᠦ ᠴᠣᠬᠢᠯᠲᠠ ᠥᠭᠴᠦ᠂ ᠪᠥᠬᠥ ᠴᠠᠭᠳᠠᠭ᠎ᠠ ᠵᠢ ᠵᠣᠬᠢᠶᠠᠨ ᠪᠠᠢ᠌ᠭᠤᠯᠤᠨ ᠵᠣᠬᠢᠴᠠᠭᠤᠯᠵᠤ ᠪᠠᠢ᠌ᠭ᠋ᠠᠳ ᠲᠡᠮᠡᠴᠡᠯ᠎ᠳᠤ ᠣᠷᠣᠯᠴᠠᠭᠤᠯᠬᠤ᠂ ᠣᠷᠣᠨ ᠪᠦᠰᠡ ᠠᠯᠤᠰᠯᠠᠨ ᠬᠣᠤᠷᠲᠤ ᠡᠳ᠋᠎ᠢ ᠨᠡᠩᠵᠢᠨ ᠢᠯᠡᠷᠡᠬᠦᠯᠬᠦ ᠬᠠᠤᠯᠢ ᠬᠡᠷᠡᠭᠵᠢᠭᠦᠯᠦᠯᠲᠡ ᠵᠢᠨ ᠬᠠᠮᠲᠤᠷᠠᠯᠴᠠᠭ᠋ᠠᠨ᠎ᠤ ᠲᠣᠭᠲᠠᠴᠠ ᠵᠢ ᠨᠠᠢ᠌ᠳᠠᠪᠤᠷᠢᠵᠢᠭᠤᠯᠬᠤ ᠵᠡᠷᠭᠡ ᠭᠣᠤᠯ ᠠᠷᠭ᠎ᠠ ᠬᠡᠮᠵᠢᠶ᠎ᠡ ᠠᠪᠴᠤ᠂ ᠬᠠᠤᠯᠢ ᠬᠡᠷᠡᠭᠵᠢᠭᠦᠯᠵᠦ ᠴᠣᠬᠢᠯᠲᠠ ᠥᠭᠬᠦ ᠠᠵᠢᠯ᠎ᠤᠨ ᠦᠷ᠎ᠡ ᠪᠦᠲᠦᠭᠡᠯ ᠵᠶ᠋ᠡᠨ ᠬᠠᠮᠤᠭ᠎ᠤᠨ ᠶᠡᠬᠡ ᠬᠡᠮᠵᠢᠶ᠎ᠡ᠎ᠪᠠᠷ ᠳᠡᠭᠡᠭᠰᠢᠯᠡᠭᠦᠯᠪᠡ᠃ ᠢᠯᠠᠩᠭᠤᠶ᠎ᠠ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠳᠠᠷᠤᠭ᠎ᠠ ᠾᠧᠩ ᠰᠢᠶᠤᠤ ᠹᠠᠨ᠎ᠤ 《ᠬᠣᠤᠷᠲᠤ ᠡᠳ᠋᠎ᠢ ᠴᠠᠭ᠋ᠠᠵᠠᠯᠠᠬᠤ᠎ᠳᠤ ᠥᠪᠡᠷ᠎ᠤᠨ ᠲᠤᠰᠬᠠᠶ ᠮᠡᠷᠭᠡᠵᠢᠯᠲᠡᠨ᠂ ᠴᠢᠳᠠᠪᠤᠷᠢᠲᠠᠨ ᠪᠠᠢ᠌ᠬᠤ ᠬᠡᠷᠡᠭᠲᠡᠶ》 ᠭᠡᠬᠦ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠵᠤ᠂ ᠪᠥᠬᠥ ᠣᠷᠣᠨ᠎ᠤ ᠬᠣᠤᠷᠲᠤ ᠡᠳ᠋᠎ᠢ ᠨᠡᠩᠵᠢᠨ ᠢᠯᠡᠷᠡᠬᠦᠯᠬᠦ ᠬᠠᠤᠯᠢ ᠬᠡᠷᠡᠭᠵᠢᠭᠦᠯᠬᠦ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠵᠦ᠂ ᠦᠨᠳᠦᠰᠦᠨ ᠱᠠᠲᠤᠨ᠎ᠤ ᠬᠣᠤᠷᠲᠤ ᠡᠳ᠋᠎ᠢ ᠨᠡᠩᠵᠢᠨ ᠢᠯᠡᠷᠡᠬᠦᠯᠬᠦ ᠰᠠᠯᠠᠭ᠎ᠠ ᠮᠥᠴᠢᠷ᠎ᠢ ᠳᠠᠢ᠌ᠴᠢᠯᠠᠨ ᠳᠠᠭ᠋ᠠᠭᠤᠯᠵᠤ 《ᠲᠤᠰᠬᠠᠶ ᠮᠡᠷᠭᠡᠵᠢᠯᠲᠡᠨ᠎ᠤ ᠬᠡᠯᠪᠡᠷᠢ》 ᠵᠢᠨ ᠴᠢᠳᠠᠪᠤᠷᠢᠲᠠᠨ᠎ᠢ ᠶᠡᠬᠡ᠎ᠪᠠᠷ ᠢᠯᠡᠷᠡᠬᠦᠯᠦᠨ ᠬᠥᠮᠦᠵᠢᠭᠦᠯᠵᠦ᠂ ᠬᠣᠤᠷᠲᠤ ᠡᠳ᠋᠎ᠢ ᠨᠡᠩᠵᠢᠨ ᠢᠯᠡᠷᠡᠬᠦᠯᠬᠦ ᠠᠵᠢᠯ᠎ᠤᠨ ᠰᠢᠨᠵᠢᠯᠡᠬᠦ ᠤᠬᠠᠭ᠋ᠠᠨᠴᠢᠯᠠᠯᠲᠠ ᠪᠠ ᠮᠡᠳᠡᠭᠡ ᠵᠠᠩᠭᠢᠵᠢᠯᠲᠠ ᠵᠢᠨ ᠬᠡᠷᠡᠭᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠵᠦ᠂ ᠬᠡᠷᠡᠭ᠎ᠢ ᠢᠯᠡᠷᠡᠭᠦᠯᠬᠦ ᠴᠢᠳᠠᠪᠤᠷᠢ ᠪᠠ ᠬᠠᠤᠯᠢ ᠬᠡᠷᠡᠭᠵᠢᠭᠦᠯᠬᠦ ᠬᠢᠷᠢ ᠲᠦᠪᠰᠢᠨ᠎ᠢ ᠳᠡᠭᠡᠭᠰᠢᠯᠡᠬᠦᠯᠪᠡ᠃ ᠡᠯ᠎ᠡ ᠠᠢ᠌ᠮᠠᠭ ᠬᠣᠲᠠ ᠪᠠ ᠲᠢᠩᠬᠢᠮ᠎ᠤᠨ ᠰᠢᠭᠤᠳ ᠬᠠᠷᠢᠶ᠎ᠠ ᠰᠠᠯᠠᠭ᠎ᠠ ᠮᠥᠴᠢᠷ ᠪᠠᠲᠤᠯᠠᠨ ᠲᠠᠨᠢᠯᠴᠠᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠰᠢᠯᠢᠨ ᠰᠤᠩᠭᠤᠭᠰᠠᠨ᠎ᠤ ᠬᠠᠮᠲᠤ᠂ ᠰᠠᠬᠢᠯᠭ᠎ᠠ ᠪᠠᠲᠤ ᠪᠠᠢ᠌ᠴᠠᠭ᠋ᠠᠬᠤ ᠰᠠᠯᠠᠭ᠎ᠠ ᠮᠥᠴᠢᠷ ᠵᠶ᠋ᠡᠷ ᠬᠢᠨᠠᠨ ᠬᠠᠷᠭᠤᠭᠤᠯᠬᠤ ᠪᠠ ᠪᠥᠬᠥ ᠣᠷᠣᠨ᠎ᠳᠤ ᠢᠯᠡ ᠨᠡᠢ᠌ᠲᠡᠯᠡᠬᠦ᠎ᠪᠠᠷ ᠳᠡᠮᠵᠢᠨ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ 6 ᠨᠡᠷᠡᠰ 《ᠪᠥᠬᠥ ᠣᠷᠣᠨ᠎ᠤ ᠬᠣᠤᠷᠲᠤ ᠡᠳ᠋᠎ᠢ ᠨᠡᠩᠵᠢᠨ ᠢᠯᠡᠷᠡᠬᠦᠯᠬᠦ ᠬᠠᠤᠯᠢ ᠬᠡᠷᠡᠭᠵᠢᠭᠦᠯᠬᠦ ᠲᠤᠰᠬᠠᠶ ᠮᠡᠷᠭᠡᠵᠢᠯᠲᠡᠨ》 ᠪᠠ 10 ᠨᠡᠷᠡᠰ 《ᠪᠥᠬᠥ ᠣᠷᠣᠨ᠎ᠤ ᠬᠣᠤᠷᠲᠤ ᠡᠳ᠋᠎ᠢ ᠨᠡᠩᠵᠢᠨ ᠢᠯᠡᠷᠡᠬᠦᠯᠬᠦ ᠬᠠᠤᠯᠢ ᠬᠡᠷᠡᠭᠵᠢᠭᠦᠯᠬᠦ ᠠᠷᠪᠠᠨ ᠶᠡᠬᠡ ᠴᠢᠳᠠᠪᠤᠷᠢᠲᠠᠨ》᠎ᠢ ᠨᠡᠷᠡᠢ᠌ᠳᠦᠭᠰᠡᠨ ᠪᠥᠭᠡᠳ ᠢᠷᠠᠭᠤ ᠠᠯᠳᠠᠷ᠎ᠤᠨ ᠦᠨᠡᠮᠯᠡᠯ ᠣᠯᠭᠣᠪᠠ᠃ ᠲᠤᠰᠬᠠᠶ ᠮᠡᠷᠭᠡᠵᠢᠯᠲᠡᠨ ᠪᠠ ᠴᠢᠳᠠᠪᠤᠷᠢᠲᠠᠨ ᠨᠢᠭᠡᠪᠦᠷᠢ 2020 ᠣᠨ᠎ᠤ ᠬᠡᠷᠡᠭ᠎ᠢ ᠲᠠᠩᠨᠠᠨ ᠰᠢᠢᠳᠪᠦᠷᠢᠯᠡᠬᠦ ᠶᠠᠪᠤᠴᠠ᠂ ᠬᠦᠨᠳᠦ ᠶᠡᠬᠡ ᠬᠡᠷᠡᠭ᠎ᠤᠨ ᠮᠥᠷᠳᠡᠨ ᠰᠢᠢ᠍ᠳᠪᠦᠷᠢᠯᠡᠯᠲᠡ ᠵᠢ ᠰᠢᠭᠤᠳ ᠵᠢᠯᠣᠭᠣᠳᠬᠤ ᠪᠤᠶᠤ ᠭᠦᠨᠵᠡᠭᠡᠶ ᠣᠷᠣᠯᠴᠠᠵᠤ᠂ ᠬᠡᠷᠡᠭ᠎ᠢ ᠲᠠᠩᠨᠠᠨ ᠢᠯᠡᠷᠡᠭᠦᠯᠬᠦ ᠠᠬᠢᠴᠠ ᠵᠢ ᠪᠥᠬᠥ ᠶᠠᠪᠤᠴᠠ᠎ᠪᠠᠷ ᠵᠢᠯᠣᠭᠣᠳᠤᠨ ᠡᠵᠡᠮᠳᠡᠵᠦ᠂ ᠡᠯ᠎ᠡ ᠭᠠᠵᠠᠷ᠎ᠤᠨ ᠣᠳᠣᠬᠠᠨ᠎ᠤ ᠬᠣᠤᠷᠲᠤ ᠡᠳ᠋᠎ᠤᠨ ᠬᠡᠷᠡᠭ᠎ᠤᠨ ᠬᠤᠪᠢᠷᠠᠯᠲᠠ ᠵᠢᠨ ᠰᠢᠨ᠎ᠡ ᠬᠠᠨᠳᠤᠰᠢ ᠵᠢ ᠠᠷᠭ᠋ᠠᠴᠠᠬᠤ ᠴᠢᠳᠠᠪᠤᠷᠢ ᠵᠢ ᠤᠯᠠᠮ ᠨᠢᠭᠡ ᠠᠯᠬᠤᠮ ᠴᠢᠩᠭ᠋ᠠᠷᠠᠭᠤᠯᠪᠠ᠃ ᠲᠤᠰᠬᠠᠶ ᠮᠡᠷᠭᠡᠵᠢᠯᠲᠡᠨ᠂ ᠴᠢᠳᠠᠪᠤᠷᠢᠲᠠᠨ ᠵᠶ᠋ᠠᠷ ᠪᠦᠷᠢᠯᠳᠦᠭᠰᠡᠨ ᠬᠣᠤᠷᠲᠤ ᠡᠳ᠋᠎ᠢ ᠴᠠᠭ᠋ᠠᠵᠠᠯᠠᠬᠤ ᠶᠡᠷᠦᠩᠬᠡᠶ ᠠᠩᠭᠢ᠂ ᠰᠠᠯᠪᠤᠷᠢ ᠠᠩᠭᠢ᠂ ᠬᠡᠷᠡᠭ ᠰᠢᠢᠳᠪᠦᠷᠢᠯᠡᠬᠦ ᠨᠢᠭᠡᠴᠢ ᠵᠡᠷᠭᠡ ᠭᠤᠷᠪᠠᠨ ᠱᠠᠲᠤᠨ᠎ᠤ ᠪᠣᠭᠣᠮᠲᠠ ᠰᠢᠪᠲᠤᠯᠬᠤ ᠪᠦᠯᠬᠦᠮ ᠨᠡᠢ᠌ᠲᠡ᠎ᠨᠢ᠂ ᠬᠡᠷᠡᠭ ᠳᠠᠷᠠᠭ᠋ᠠᠯᠠᠨ ᠵᠠᠳᠠᠯᠵᠤ᠂ ᠰᠤᠳᠤᠯᠵᠤ᠂ ᠵᠢᠯᠣᠭᠣᠳᠴᠤ᠂ ᠬᠠᠮᠤᠭ᠎ᠤᠨ ᠶᠡᠬᠡ ᠬᠡᠮᠵᠢᠶ᠎ᠡ᠎ᠪᠠᠷ ᠬᠡᠪᠴᠢᠶ᠎ᠡ᠎ᠪᠠᠨ ᠥᠷᠭᠡᠳᠬᠡᠨ ᠡᠵᠡᠩᠨᠡᠵᠦ᠂ ᠤᠷᠲᠤ ᠬᠤᠭᠤᠴᠠᠭ᠎ᠠ᠎ᠪᠠᠷ ᠴᠣᠬᠢᠯᠲᠠ ᠥᠭᠴᠦ᠂ 《ᠨᠢᠭᠡ ᠬᠡᠷᠡᠭ᠎ᠲᠤ ᠣᠯᠠᠨ ᠬᠥᠮᠦᠨ᠎ᠢ ᠬᠠᠮᠤᠷᠬᠤ》᠂ 《ᠡᠪᠰᠡᠯ ᠪᠦᠯᠦᠭ᠎ᠢ ᠴᠣᠬᠢᠵᠤ᠂ ᠲᠣᠤᠷ ᠰᠦᠯᠵᠢᠶ᠎ᠡ ᠵᠢ ᠡᠪᠳᠡᠬᠦ》 ᠬᠠᠤᠯᠢ ᠬᠡᠷᠡᠭᠵᠢᠭᠦᠯᠬᠦ ᠦᠷ᠎ᠡ ᠪᠦᠲᠦᠮᠵᠢ᠎ᠳᠤ ᠬᠦᠷᠦᠭᠰᠡᠨ ᠪᠠᠢ᠌ᠨ᠎ᠠ᠃
      ᠣᠷᠴᠢᠭᠤᠯᠭ᠎ᠠ ᠵᠢᠨ ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ