ᠲᠡᠷᠢᠭᠦᠨ ᠬᠠᠭᠤᠳᠠᠰᠤ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ᠎ᠠᠴᠠ ᠥᠪᠡᠷᠲᠡᠭᠡᠨ ᠵᠠᠰᠠᠬᠤ ᠣᠷᠣᠨ᠎ᠤ ᠭᠠᠮᠰᠢᠭ᠎ᠢ ᠰᠡᠷᠭᠡᠢ᠌ᠯᠡᠨ ᠭᠠᠮᠰᠢᠭ᠎ᠠᠴᠠ ᠠᠪᠤᠷᠠᠬᠤ ᠭᠠᠷᠠᠭ᠎ᠤᠨ ᠤᠬᠠᠭᠤᠯᠭ᠎ᠠ ᠵᠢᠨ ᠠᠵᠢᠯᠯᠠᠭ᠎ᠠ ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2021-05-19

     5 ᠳ᠋ᠤᠭ᠋ᠠᠷ ᠰᠠᠷ᠎ᠠ ᠵᠢᠨ 10᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠣᠨᠢᠨ ᠮᠡᠳᠡᠭᠡᠨ᠎ᠤ ᠠᠯᠪᠠᠨ ᠭᠡᠷ᠎ᠠᠴᠠ ᠥᠪᠡᠷᠲᠡᠭᠡᠨ ᠵᠠᠰᠠᠬᠤ ᠣᠷᠣᠨ᠎ᠤ ᠭᠠᠮᠰᠢᠭ᠎ᠢ ᠰᠡᠷᠭᠡᠢ᠌ᠯᠡᠨ ᠭᠠᠮᠰᠢᠭ᠎ᠠᠴᠠ ᠠᠪᠤᠷᠠᠬᠤ ᠭᠠᠷᠠᠭ᠎ᠤᠨ ᠤᠬᠠᠭᠤᠯᠭ᠎ᠠ ᠵᠢᠨ ᠠᠵᠢᠯᠯᠠᠭ᠎ᠠ ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠵᠢᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠪᠠ ᠯᠢ ᠫᠢᠩ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠣᠷᠢᠭᠲᠤ ᠭᠣᠣᠯ ᠰᠡᠳᠦᠪᠲᠦ ᠨᠡᠢ᠌ᠲᠡᠯᠡᠯ ᠬᠢᠪᠡ᠃ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠎ᠤᠨ ᠲᠦᠭᠰᠢᠭᠦᠷᠢ ᠵᠢ ᠬᠢᠨᠠᠨ ᠰᠢᠨᠵᠢᠯᠡᠬᠦ ᠪᠠ ᠭᠠᠮᠰᠢᠭ᠎ᠢ ᠶᠡᠷᠦᠩᠬᠡᠢ᠌ᠯᠡᠨ ᠪᠠᠭ᠋ᠠᠰᠬᠠᠬᠤ ᠭᠠᠵᠠᠷ᠎ᠤᠨ ᠬᠠᠷᠢᠭᠤᠴᠠᠯᠭ᠋ᠠᠲᠠᠨ ᠢᠦᠢ ᠵᠢᠶᠦ᠋ᠨ ᠶᠦᠩ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ ᠵᠢᠨ ᠲᠣᠪᠴᠢᠶ᠎ᠠ ᠵᠢᠨ ᠬᠢᠨᠠᠨ ᠰᠢᠨᠵᠢᠯᠡᠵᠦ ᠤᠷᠢᠳᠴᠢᠯᠠᠨ ᠮᠡᠳᠡᠭᠡᠯᠡᠬᠦ ᠬᠢᠭᠡᠳ ᠰᠢᠨᠵᠢᠯᠡᠬᠦ ᠤᠬᠠᠭ᠋ᠠᠨ ᠮᠡᠷᠭᠡᠵᠢᠯ᠎ᠤᠨ ᠭᠠᠵᠠᠷ᠎ᠤᠨ ᠡᠷᠬᠢᠯᠡᠭᠴᠢ ᠸᠠᠩ ᠵᠢᠨ ᠪᠦᠸᠧ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ ᠵᠢᠨ ᠲᠣᠪᠴᠢᠶ᠎ᠠ ᠵᠢᠨ ᠠᠯᠪᠠᠨ ᠭᠡᠷ᠎ᠤᠨ ᠡᠷᠬᠢᠯᠡᠭᠴᠢ ᠸᠠᠩ ᠯᠧᠢ ᠰᠣᠨᠢᠨ ᠮᠡᠳᠡᠭᠡ ᠨᠡᠢ᠌ᠲᠡᠯᠡᠬᠦ ᠬᠤᠷᠠᠯ᠎ᠳᠤ ᠣᠷᠣᠯᠴᠠᠭᠰᠠᠨ᠎ᠤ ᠬᠠᠮᠲᠤ ᠰᠤᠷᠪᠤᠯᠵᠢᠯᠠᠭᠴᠢᠳ᠎ᠤᠨ ᠠᠰᠠᠭᠤᠯᠲᠠ ᠵᠢ ᠬᠠᠷᠢᠭᠤᠯᠪᠠ᠃
     
            ᠥᠪᠡᠷᠲᠡᠭᠡᠨ ᠵᠠᠰᠠᠬᠤ ᠣᠷᠣᠨ᠎ᠤ ᠭᠠᠮᠰᠢᠭ᠎ᠢ ᠰᠡᠷᠭᠡᠢ᠌ᠯᠡᠨ ᠭᠠᠮᠰᠢᠭ᠎ᠠᠴᠠ ᠠᠪᠤᠷᠠᠬᠤ ᠭᠠᠷᠠᠭ᠎ᠤᠨ
            ᠤᠬᠠᠭᠤᠯᠭ᠎ᠠ ᠵᠢᠨ ᠠᠵᠢᠯᠯᠠᠭ᠎ᠠ ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ ᠎ᠤᠨ ᠨᠡᠢ᠌ᠲᠡᠯᠡᠯ
            ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠎ᠤᠨ
            ᠨᠠᠮ᠎ᠤᠨ ᠬᠣᠷᠢᠶ᠎ᠠ ᠵᠢᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ           ᠪᠠ ᠯᠢ ᠫᠢᠩ
     
      ᠲᠠ ᠪᠦᠬᠦᠨ ᠰᠠᠢ᠌ᠨ ᠪᠠᠢ᠌ᠨ᠎ᠠ ᠦᠦ? ᠡᠩ ᠲᠡᠷᠢᠭᠦᠨ᠎ᠳᠤ᠂ ᠪᠢ ᠥᠪᠡᠷᠲᠡᠭᠡᠨ ᠵᠠᠰᠠᠬᠤ ᠣᠷᠣᠨ᠎ᠤ ᠭᠠᠮᠰᠢᠭ᠎ᠢ ᠪᠠᠭ᠋ᠠᠰᠬᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠎ᠤᠨ ᠡᠮᠦᠨ᠎ᠡ᠎ᠠᠴᠠ ᠤᠷᠲᠤ ᠬᠤᠭᠤᠴᠠᠭ᠋ᠠᠨ᠎ᠤ ᠲᠤᠷᠰᠢ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠪᠠ ᠭᠠᠮᠰᠢᠭ᠎ᠢ ᠰᠡᠷᠭᠡᠢ᠌ᠯᠡᠨ ᠭᠠᠮᠰᠢᠭ᠎ᠠᠴᠠ ᠠᠪᠤᠷᠠᠬᠤ ᠠᠵᠢᠯ᠎ᠢ ᠬᠠᠷᠠᠭ᠋ᠠᠯᠵᠠᠨ ᠳᠡᠮᠵᠢᠭᠰᠡᠭᠡᠷ ᠢᠷᠡᠭᠰᠡᠨ ᠥᠷᠭᠡᠨ ᠣᠯᠠᠨ ᠰᠣᠨᠢᠨ ᠮᠡᠳᠡᠭᠡᠨ᠎ᠤ ᠵᠠᠭᠤᠴᠢᠯᠠᠭᠤᠷ ᠪᠠ ᠰᠤᠷᠪᠤᠯᠵᠢᠯᠠᠭᠴᠢ ᠨᠥᠬᠥᠳ᠎ᠲᠤ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠵᠦ ᠪᠠᠢ᠌ᠨ᠎ᠠ᠃
      ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ ᠪᠠᠢ᠌ᠭᠤᠯᠤᠭᠳᠠᠭᠰᠠᠨ᠎ᠠᠴᠠ ᠨᠠᠭ᠋ᠠᠰᠢ᠂ ᠪᠢᠳᠡ ᠵᠣᠬᠢᠶᠠᠨ ᠪᠠᠢ᠌ᠭᠤᠯᠬᠤ ᠵᠢᠨ ᠳᠠᠭ᠋ᠠᠤ ᠲᠡᠭᠦᠯᠳᠡᠷᠵᠢᠭᠦᠯᠬᠦ ᠵᠠᠷᠴᠢᠮ᠎ᠳᠤ ᠰᠠᠭᠤᠷᠢᠯᠠᠨ᠂ ᠠᠶᠤᠯᠭᠦᠢ ᠦᠢ᠍ᠯᠡᠳᠪᠦᠷᠢᠯᠡᠯ ᠵᠶ᠋ᠡᠷ ᠦᠨᠳᠦᠰᠦᠨ ᠴᠢᠭᠯᠡᠯ ᠪᠣᠯᠭ᠋ᠠᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠢᠨ᠎ᠡ ᠲᠣᠭᠲᠠᠯᠴᠠᠭ᠎ᠠ ᠵᠢ ᠠᠯᠬᠤᠮ ᠠᠯᠬᠤᠮ ᠵᠶ᠋ᠠᠷ ᠰᠢᠯᠤᠭᠤᠳᠬᠠᠨ ᠪᠠᠢ᠌ᠭᠤᠯᠪᠠ᠃ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠎ᠨᠢ ᠭᠣᠣᠯᠳᠠᠭᠤ ᠪᠠᠢ᠌ᠭ᠋ᠠᠯᠢ ᠵᠢᠨ ᠭᠠᠮᠰᠢᠭ᠂ ᠡᠨᠳᠡᠯ᠎ᠤᠨ ᠭᠠᠮᠰᠢᠭ᠂ ᠣᠯᠠᠨ ᠨᠡᠢ᠌ᠲᠡ ᠵᠢᠨ ᠡᠷᠡᠭᠦᠯ ᠬᠠᠮᠠᠭ᠋ᠠᠯᠠᠯ᠎ᠤᠨ ᠬᠡᠷᠡᠭ᠂ ᠨᠡᠢ᠌ᠭᠡᠮ᠎ᠤᠨ ᠠᠮᠤᠷ ᠲᠦᠪᠰᠢᠨ᠎ᠤ ᠬᠡᠷᠡᠭ ᠭᠡᠬᠦ 4 ᠶᠡᠬᠡ ᠲᠥᠷᠥᠯ᠎ᠤᠨ ᠭᠡᠨᠡᠳᠲᠡ ᠵᠢᠨ ᠬᠡᠷᠡᠭ᠎ᠤᠨ ᠳᠣᠲᠣᠷᠠᠬᠢ ᠠᠶᠤᠯᠭᠦᠢ ᠦᠢ᠍ᠯᠡᠳᠪᠦᠷᠢᠯᠡᠯ᠎ᠤᠨ ᠲᠥᠷᠥᠯ ᠪᠠ ᠪᠠᠢ᠌ᠭ᠋ᠠᠯᠢ ᠵᠢᠨ ᠭᠠᠮᠰᠢᠭ᠎ᠤᠨ ᠲᠥᠷᠥᠯ᠎ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ᠎ᠳᠤ ᠬᠣᠯᠪᠣᠭᠳᠠᠵᠤ᠂ ᠪᠠᠢ᠌ᠩᠭᠤ ᠲᠣᠬᠢᠷᠠᠭᠤᠯᠤᠭᠰᠠᠨ ᠬᠡᠷᠡᠭ ᠶᠠᠪᠤᠳᠠᠯ ᠵᠥᠪᠯᠡᠨ ᠵᠣᠬᠢᠴᠠᠭᠤᠯᠬᠤ 5 ᠪᠠᠢ᠌ᠭᠤᠯᠤᠮᠵᠢ (ᠥᠪᠡᠷᠲᠡᠭᠡᠨ ᠵᠠᠰᠠᠬᠤ ᠣᠷᠣᠨ᠎ᠤ ᠠᠮᠤᠷ ᠲᠦᠪᠰᠢᠨ᠎ᠤ ᠵᠥᠪᠯᠡᠯ᠂ ᠭᠠᠮᠰᠢᠭ᠎ᠢ ᠪᠠᠭ᠋ᠠᠰᠬᠠᠬᠤ ᠵᠥᠪᠯᠡᠯ᠂ ᠦᠶᠡᠷ ᠤᠰᠤᠲᠠᠯ᠎ᠢ ᠰᠡᠷᠭᠡᠢ᠌ᠯᠡᠨ ᠭᠠᠩ ᠬᠠᠭᠰᠠᠷᠠᠭ᠋ᠠᠨ᠎ᠢ ᠡᠰᠡᠷᠭᠦᠴᠡᠬᠦ ᠵᠢᠯᠣᠭᠣᠳᠬᠤ ᠭᠠᠵᠠᠷ᠂ ᠣᠢ ᠰᠢᠭᠤᠢ ᠨᠤᠲᠤᠭ ᠪᠡᠯᠴᠢᠭᠡᠷ᠎ᠤᠨ ᠭᠠᠯ᠎ᠢ ᠰᠡᠷᠭᠡᠢ᠌ᠯᠡᠨ ᠤᠨᠲᠠᠷᠠᠭ᠋ᠠᠬᠤ ᠵᠢᠯᠣᠭᠣᠳᠬᠤ ᠭᠠᠵᠠᠷ ᠪᠠ ᠭᠠᠵᠠᠷ ᠬᠥᠳᠡᠯᠦᠯᠲᠡ ᠵᠢ ᠡᠰᠡᠷᠭᠦᠴᠡᠨ ᠭᠠᠮᠰᠢᠭ᠎ᠠᠴᠠ ᠠᠪᠤᠷᠠᠬᠤ ᠵᠢᠯᠣᠭᠣᠳᠬᠤ ᠭᠠᠵᠠᠷ) ᠵᠢᠨ ᠠᠯᠪᠠᠨ ᠭᠡᠷ᠎ᠤᠨ ᠡᠳᠦᠷ ᠲᠤᠲᠤᠮ᠎ᠤᠨ ᠠᠵᠢᠯ ᠶᠠᠪᠤᠳᠠᠯ᠎ᠢ ᠡᠭᠦᠷᠭᠡᠯᠡᠵᠦ ᠪᠠᠢ᠌ᠨ᠎ᠠ᠃
      ᠮᠠᠨ᠎ᠤ ᠣᠷᠣᠨ᠎ᠤ ᠭᠧᠣᠯᠣᠭᠢ ᠵᠢᠨ ᠨᠥᠬᠥᠴᠡᠯ ᠨᠡᠯᠢᠶᠡᠳ ᠬᠡᠪᠡᠷᠡᠭ᠂ ᠪᠠᠢ᠌ᠭ᠋ᠠᠯᠢ ᠵᠢᠨ ᠭᠠᠮᠰᠢᠭ᠎ᠤᠨ ᠲᠥᠷᠥᠯ ᠵᠦᠢ᠍ᠯ ᠣᠯᠠᠨ᠂ ᠰᠢᠷᠦᠭᠦᠨ ᠪᠣᠷᠣᠭ᠋ᠠᠨ ᠦᠶᠡᠷ ᠤᠰᠤᠲᠠᠯ᠂ ᠣᠢ ᠰᠢᠭᠤᠢ ᠨᠤᠲᠤᠭ ᠪᠡᠯᠴᠢᠭᠡᠷ᠎ᠤᠨ ᠭᠠᠯ᠎ᠢ ᠰᠡᠷᠭᠡᠢ᠌ᠯᠡᠬᠦ᠂ ᠭᠧᠣᠯᠣᠭᠢ ᠵᠢᠨ ᠭᠠᠮᠰᠢᠭ᠂ ᠥᠨᠳᠥᠷ ᠬᠦᠢ᠍ᠲᠡᠨ ᠭᠠᠵᠠᠷ ᠮᠥᠰᠥ ᠴᠠᠰᠤ ᠵᠡᠷᠭᠡ ᠵᠢᠨ ᠰᠡᠷᠭᠡᠢ᠌ᠯᠡᠨ ᠵᠠᠰᠠᠬᠤ ᠡᠭᠦᠷᠭᠡ ᠬᠠᠷᠢᠴᠠᠩᠭᠤᠢ ᠬᠦᠨᠳᠦ ᠨᠦᠰᠡᠷ ᠪᠠᠢ᠌ᠵᠤ᠂ ᠪᠠᠷᠤᠭ ᠵᠢᠯ ᠪᠦᠷᠢ ᠬᠦᠨᠳᠦ ᠶᠡᠬᠡ ᠪᠠᠢ᠌ᠭ᠋ᠠᠯᠢ ᠵᠢᠨ ᠭᠠᠮᠰᠢᠭ ᠡᠭᠦᠰᠦᠨ᠂ ᠲᠤᠢ᠌ᠯ᠎ᠤᠨ ᠠᠭᠤᠷ ᠠᠮᠢᠰᠬᠤᠯ ᠴᠠᠭ ᠠᠭ᠋ᠠᠷ᠎ᠤᠨ ᠬᠡᠷᠡᠭ ᠪᠠᠢ᠌ᠨ ᠳᠠᠢ᠌ᠨ ᠡᠭᠦᠰᠴᠦ᠂ ᠪᠠᠢ᠌ᠭ᠋ᠠᠯᠢ ᠵᠢᠨ ᠭᠠᠮᠰᠢᠭ᠎ᠢ ᠰᠡᠷᠭᠡᠢ᠌ᠯᠡᠨ ᠵᠠᠰᠠᠬᠤ ᠪᠠᠢ᠌ᠳᠠᠯ ᠪᠤᠳᠤᠯᠢᠶᠠᠨᠲᠠᠢ ᠮᠥᠷᠲᠡᠭᠡᠨ ᠬᠦᠨᠳᠦ ᠨᠣᠴᠢᠲᠠᠢ ᠪᠠᠢ᠌ᠳᠠᠭ᠃
      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠵᠥᠪ ᠤᠳᠤᠷᠢᠳᠤᠯᠭ᠎ᠠ ᠳᠣᠣᠷ᠎ᠠ᠂ ᠪᠦᠬᠦ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠠᠵᠢᠯ᠎ᠨᠢ ᠠᠷᠠᠳ ᠲᠦᠮᠡᠨ᠎ᠤ ᠠᠮᠢ ᠨᠠᠰᠤ ᠡᠳ᠋ ᠬᠣᠭᠰᠢᠯ᠎ᠤᠨ ᠠᠮᠤᠷ ᠲᠦᠪᠰᠢᠨ᠎ᠢ ᠪᠠᠲᠤᠯᠠᠬᠤ᠎ᠪᠠᠷ ᠭᠣᠣᠯᠳᠠᠯᠭ᠎ᠠ ᠪᠣᠯᠭ᠋ᠠᠵᠤ᠂ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠵᠤ ᠭᠠᠮᠰᠢᠭ᠎ᠠᠴᠠ ᠠᠪᠤᠷᠠᠬᠤ ᠴᠢᠳᠠᠪᠤᠷᠢ᠎ᠪᠠᠨ ᠲᠠᠰᠤᠷᠠᠯᠲᠠ ᠦᠭᠡᠢ ᠴᠢᠩᠭ᠋ᠠᠷᠠᠭᠤᠯᠵᠤ᠂ ᠪᠦᠬᠦ ᠣᠷᠣᠨ᠎ᠤ ᠪᠠᠢ᠌ᠭ᠋ᠠᠯᠢ ᠵᠢᠨ ᠭᠠᠮᠰᠢᠭ᠎ᠢ ᠰᠡᠷᠭᠡᠢ᠌ᠯᠡᠬᠦ ᠠᠵᠢᠯ᠎ᠨᠢ ᠶᠡᠷᠦᠩᠬᠡᠢ᠎ᠳᠤ᠎ᠪᠠᠨ ᠲᠣᠭᠲᠠᠭᠤᠨ ᠪᠠᠢ᠌ᠳᠠᠯ᠎ᠢ ᠪᠠᠲᠤᠯᠠᠵᠤ᠂ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠦᠢ᠍ᠯᠡᠴᠢᠯᠡᠨ ᠪᠠᠲᠤᠯᠠᠬᠤ ᠦᠢ᠍ᠯᠡᠳᠦᠯ᠎ᠨᠢ ᠶᠠᠪᠤᠬᠤ ᠲᠤᠲᠤᠮ ᠢᠯᠡᠷᠬᠡᠢ ᠪᠣᠯᠵᠤ ᠪᠠᠢ᠌ᠨ᠎ᠠ᠃
      ᠡᠨᠡ ᠵᠢᠯ᠎ᠤᠨ 5 ᠳ᠋ᠤᠭ᠋ᠠᠷ ᠰᠠᠷ᠎ᠠ ᠵᠢᠨ 12᠎ᠤᠨ ᠡᠳᠦᠷ ᠪᠣᠯ ᠮᠠᠨ᠎ᠤ ᠤᠯᠤᠰ᠎ᠤᠨ ᠠᠷᠪᠠᠨ ᠭᠤᠷᠪᠠᠳᠠᠬᠢ ᠪᠦᠬᠦ ᠤᠯᠤᠰ᠎ᠤᠨ ᠭᠠᠮᠰᠢᠭ᠎ᠢ ᠰᠡᠷᠭᠡᠢ᠌ᠯᠡᠨ ᠭᠠᠮᠰᠢᠭ᠎ᠠᠴᠠ ᠠᠪᠤᠷᠠᠬᠤ ᠡᠳᠦᠷ ᠪᠠᠢ᠌ᠵᠤ᠂ ᠥᠪᠡᠷᠲᠡᠭᠡᠨ ᠵᠠᠰᠠᠬᠤ ᠣᠷᠣᠨ᠎ᠤ ᠭᠠᠮᠰᠢᠭ᠎ᠢ ᠪᠠᠭ᠋ᠠᠰᠬᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠎ᠠᠴᠠ 《ᠭᠠᠮᠰᠢᠭ᠎ᠤᠨ ᠲᠦᠭᠰᠢᠭᠦᠷᠢ ᠵᠢ ᠰᠡᠷᠭᠡᠢ᠌ᠯᠡᠨ ᠨᠠᠮᠳᠠᠭ᠋ᠠᠵᠤ᠂ ᠠᠮᠤᠷ ᠲᠦᠪᠰᠢᠨ ᠬᠥᠭᠵᠢᠯᠲᠡ ᠵᠢᠨ ᠰᠠᠭᠤᠷᠢ ᠵᠢ ᠪᠠᠲᠤ ᠴᠣᠭᠴᠠᠯᠠᠶ᠎ᠠ》 ᠭᠡᠬᠦ ᠭᠣᠣᠯ ᠰᠡᠳᠦᠪ᠎ᠤᠨ ᠲᠣᠭᠣᠷᠢᠨ᠎ᠳᠤ ᠴᠢᠩᠭ᠎ᠠ ᠨᠢᠭᠲᠠᠷᠠᠵᠤ᠂ ᠤᠬᠠᠭᠤᠯᠭ᠎ᠠ ᠵᠢᠨ ᠠᠵᠢᠯᠯᠠᠭ᠎ᠠ ᠵᠢ ᠯᠠᠪᠳᠠᠭᠤᠨ ᠪᠠᠲᠤᠲᠠᠢ ᠥᠷᠨᠢᠭᠦᠯᠦᠨ᠂ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠤ ᠬᠣᠷᠢᠭ᠎ᠠ ᠱᠤᠭᠤᠮ᠎ᠤᠨ ᠰᠡᠳᠬᠢᠬᠦᠢ ᠪᠠ ᠲᠦᠭᠰᠢᠭᠦᠷᠢ ᠵᠢᠨ ᠤᠬᠠᠮᠰᠠᠷ᠎ᠢ ᠯᠠᠪᠳᠠᠭᠤᠨ ᠪᠠᠲᠤᠲᠠᠢ ᠪᠣᠢ ᠪᠣᠯᠭ᠋ᠠᠵᠤ᠂ ᠪᠣᠭᠣᠮᠲᠠ ᠵᠠᠩᠭᠢᠯᠠᠭ᠎ᠠ ᠵᠢ ᠤᠷᠤᠭᠰᠢ ᠰᠢᠯᠵᠢᠭᠦᠯᠬᠦ ᠪᠠ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠠᠮᠤᠷ ᠲᠦᠪᠰᠢᠨ᠎ᠤ ᠲᠦᠭᠰᠢᠭᠦᠷᠢ ᠵᠢ ᠡᠬᠢ ᠢᠷᠡᠯᠲᠡ᠎ᠠᠴᠠ᠎ᠨᠢ ᠰᠡᠷᠭᠡᠢ᠌ᠯᠡᠨ ᠨᠠᠮᠳᠠᠭ᠋ᠠᠵᠤ᠂ ᠠᠮᠤᠷ ᠲᠦᠪᠰᠢᠨ ᠬᠥᠭᠵᠢᠯᠲᠡ ᠵᠢᠨ ᠰᠠᠭᠤᠷᠢ ᠵᠢ ᠦᠷᠭᠦᠯᠵᠢᠯᠡᠨ ᠪᠡᠬᠢᠵᠢᠭᠦᠯᠬᠦ ᠵᠢ ᠬᠥᠮᠥᠵᠢᠭᠦᠯᠦᠨ ᠰᠠᠨᠠᠭᠤᠯᠵᠤ᠂ ᠨᠠᠮ ᠪᠠᠢ᠌ᠭᠤᠯᠤᠭᠳᠠᠭᠰᠠᠨ 100 ᠵᠢᠯ᠎ᠤᠨ ᠣᠢ ᠵᠢ ᠪᠠᠶᠠᠷᠯᠠᠨ ᠤᠭᠲᠤᠬᠤ᠎ᠳᠤ ᠬᠦᠴᠦᠨ ᠪᠦᠬᠦᠢ ᠪᠠᠲᠤᠯᠠᠭ᠎ᠠ ᠬᠠᠩᠭ᠋ᠠᠨ᠎ᠠ᠃
     2018 ᠣᠨ᠎ᠤ 10 ᠳ᠋ᠤᠭ᠋ᠠᠷ ᠰᠠᠷ᠎ᠠ ᠵᠢᠨ 10᠎ᠤ ᠡᠳᠦᠷ᠂ ᠰᠢ ᠵᠢᠨ ᠫᠢᠩ ᠶᠡᠷᠦᠩᠬᠡᠢ ᠱᠦᠵᠢ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠵᠥᠪᠯᠡᠯ᠎ᠤᠨ ᠭᠤᠷᠪᠠᠳᠤᠭ᠋ᠠᠷ ᠤᠳᠠᠭ᠋ᠠᠨ᠎ᠤ ᠬᠤᠷᠠᠯ᠎ᠢ ᠡᠷᠬᠢᠯᠡᠨ ᠬᠤᠷᠠᠯᠳᠤᠭᠤᠯᠵᠤ᠂ ᠪᠠᠢ᠌ᠭ᠋ᠠᠯᠢ ᠵᠢᠨ ᠭᠠᠮᠰᠢᠭ᠎ᠢ ᠰᠡᠷᠭᠡᠢ᠌ᠯᠡᠨ ᠵᠠᠰᠠᠬᠤ ᠴᠢᠳᠠᠪᠤᠷᠢ ᠵᠢ ᠳᠡᠭᠡᠭᠰᠢᠯᠡᠭᠦᠯᠬᠦ ᠠᠰᠠᠭᠤᠳᠠᠯ᠎ᠳᠤ ᠰᠤᠳᠤᠯᠤᠯᠲᠠ ᠬᠢᠵᠦ᠂ ᠪᠠᠢ᠌ᠭ᠋ᠠᠯᠢ ᠵᠢᠨ ᠭᠠᠮᠰᠢᠭ᠎ᠢ ᠰᠡᠷᠭᠡᠢ᠌ᠯᠡᠨ ᠵᠠᠰᠠᠬᠤ 9 ᠵᠦᠢ᠍ᠯ᠎ᠤᠨ ᠭᠣᠣᠯᠳᠠᠯᠭ᠎ᠠ᠎ᠲᠠᠢ ᠢᠨᠵᠧᠨᠧᠷᠢᠩ᠎ᠢ ᠪᠠᠢ᠌ᠷᠢᠯᠠᠭᠤᠯᠤᠨ ᠬᠡᠷᠡᠭᠵᠢᠭᠦᠯᠵᠦ᠂ ᠭᠠᠮᠰᠢᠭ᠎ᠤᠨ ᠲᠦᠭᠰᠢᠭᠦᠷᠢ᠎ᠳᠤ ᠪᠠᠢ᠌ᠴᠠᠭ᠋ᠠᠯᠲᠠ ᠬᠢᠬᠦ ᠪᠠ ᠭᠣᠣᠯᠳᠠᠯᠭ᠎ᠠ᠎ᠲᠠᠢ ᠳᠠᠯᠳᠠ ᠭᠡᠮ᠎ᠢ ᠢᠯᠠᠭ᠋ᠠᠨ ᠪᠠᠢ᠌ᠴᠠᠭ᠋ᠠᠬᠤ ᠢᠨᠵᠧᠨᠧᠷᠢᠩ᠎ᠢ ᠬᠡᠷᠡᠭᠵᠢᠭᠦᠯᠦᠨ᠂ ᠲᠦᠭᠰᠢᠭᠦᠷᠢ ᠪᠠ ᠳᠠᠯᠳᠠ ᠭᠡᠮ᠎ᠤᠨ ᠰᠠᠭᠤᠷᠢ ᠲᠣᠭ᠎ᠠ ᠵᠢ ᠡᠵᠡᠮᠰᠢᠵᠦ᠂ ᠲᠡᠭᠦᠨ ᠵᠶ᠋ᠡᠷ ᠪᠠᠢ᠌ᠭ᠋ᠠᠯᠢ ᠵᠢᠨ ᠭᠠᠮᠰᠢᠭ᠎ᠢ ᠰᠡᠷᠭᠡᠢ᠌ᠯᠡᠨ ᠵᠠᠰᠠᠬᠤ 9 ᠵᠦᠢ᠍ᠯ᠎ᠤᠨ ᠢᠨᠵᠧᠨᠧᠷᠢᠩ᠎ᠤᠨ ᠲᠡᠷᠢᠭᠦᠨ ᠴᠢᠬᠤᠯᠠ ᠡᠭᠦᠷᠭᠡ ᠪᠣᠯᠭ᠋ᠠᠬᠤ ᠬᠡᠷᠡᠭᠲᠡᠢ ᠭᠡᠵᠦ ᠲᠣᠳᠣᠷᠬᠠᠢ᠌ᠯᠠᠪᠠ᠃ ᠪᠠᠢ᠌ᠭ᠋ᠠᠯᠢ ᠵᠢᠨ ᠭᠠᠮᠰᠢᠭ᠎ᠢ ᠰᠡᠷᠭᠡᠢ᠌ᠯᠡᠨ ᠵᠠᠰᠠᠬᠤ ᠴᠢᠳᠠᠪᠤᠷᠢ ᠵᠢ ᠳᠡᠭᠡᠭᠰᠢᠯᠡᠭᠦᠯᠬᠦ ᠲᠤᠬᠠᠢ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠤᠰᠠᠳᠠ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠶᠣᠰᠣᠭ᠋ᠠᠷ᠂ 2020 — 2022 ᠣᠨ᠎ᠳᠤ ᠠᠩᠬᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠪᠠᠢ᠌ᠭ᠋ᠠᠯᠢ ᠵᠢᠨ ᠭᠠᠮᠰᠢᠭ᠎ᠤᠨ ᠶᠡᠷᠦᠩᠬᠡᠢ᠌ᠯᠡᠭᠰᠡᠨ ᠲᠦᠭᠰᠢᠭᠦᠷᠢ ᠵᠢᠨ ᠨᠡᠢ᠌ᠳᠡᠮ ᠪᠠᠢ᠌ᠴᠠᠭ᠋ᠠᠯᠲᠠ ᠵᠢ ᠥᠷᠨᠢᠭᠦᠯᠬᠦ᠎ᠪᠠᠷ ᠲᠣᠭᠲᠠᠵᠠᠢ᠃
      ᠮᠠᠨ᠎ᠤ ᠣᠷᠣᠨ᠎ᠤ ᠪᠠᠢ᠌ᠭ᠋ᠠᠯᠢ ᠵᠢᠨ ᠭᠠᠮᠰᠢᠭ᠎ᠤᠨ ᠲᠥᠷᠥᠯ ᠵᠦᠢ᠍ᠯ᠎ᠤᠨ ᠲᠠᠷᠬᠠᠯᠲᠠ᠂ ᠨᠥᠯᠥᠭᠡᠯᠡᠬᠦ ᠬᠡᠮᠵᠢᠶ᠎ᠡ ᠪᠠ ᠣᠨᠴᠠᠯᠢᠭ᠎ᠢ ᠦᠨᠳᠦᠰᠦᠯᠡᠨ᠂ ᠲᠤᠰ ᠤᠳᠠᠭ᠋ᠠᠨ᠎ᠤ ᠨᠡᠢ᠌ᠳᠡᠮ ᠪᠠᠢ᠌ᠴᠠᠭ᠋ᠠᠯᠲᠠ᠎ᠳᠤ ᠬᠣᠯᠪᠣᠭᠳᠠᠭᠰᠠᠨ ᠪᠠᠢ᠌ᠭ᠋ᠠᠯᠢ ᠵᠢᠨ ᠭᠠᠮᠰᠢᠭ᠎ᠤᠨ ᠲᠥᠷᠥᠯ ᠬᠡᠯᠪᠡᠷᠢ᠎ᠳᠤ ᠭᠣᠣᠯᠳᠠᠭᠤ ᠭᠠᠵᠠᠷ ᠬᠥᠳᠡᠯᠦᠯᠲᠡ ᠵᠢᠨ ᠭᠠᠮᠰᠢᠭ᠂ ᠭᠧᠣᠯᠣᠭᠢ ᠵᠢᠨ ᠭᠠᠮᠰᠢᠭ᠂ ᠴᠠᠭ ᠠᠭᠤᠷ᠎ᠤᠨ ᠭᠠᠮᠰᠢᠭ᠂ ᠦᠶᠡᠷ ᠤᠰᠤᠲᠠᠯ ᠭᠠᠩ ᠬᠠᠭᠰᠠᠷᠠᠭ᠋ᠠᠨ᠎ᠤ ᠭᠠᠮᠰᠢᠭ᠂ ᠣᠢ ᠰᠢᠭᠤᠢ ᠪᠠ ᠨᠤᠲᠤᠭ ᠪᠡᠯᠴᠢᠭᠡᠷ᠎ᠤᠨ ᠭᠠᠯ᠎ᠤᠨ ᠭᠠᠮᠰᠢᠭ ᠵᠡᠷᠭᠡ ᠪᠠᠢ᠌ᠳᠠᠭ᠃ ᠨᠡᠢ᠌ᠳᠡᠮ ᠪᠠᠢ᠌ᠴᠠᠭ᠋ᠠᠯᠲᠠ ᠵᠢᠨ ᠠᠭᠤᠯᠭ᠎ᠠ᠎ᠳᠤ ᠭᠣᠣᠯᠳᠠᠭᠤ ᠪᠠᠢ᠌ᠭ᠋ᠠᠯᠢ ᠵᠢᠨ ᠭᠠᠮᠰᠢᠭ ᠡᠭᠦᠰᠬᠡᠬᠦ ᠨᠥᠬᠥᠴᠡᠯ᠎ᠤᠨ ᠪᠠᠢ᠌ᠴᠠᠭ᠋ᠠᠯᠲᠠ ᠬᠢᠭᠡᠳ ᠦᠨᠡᠯᠡᠨ ᠵᠢᠱ᠌ᠢᠯᠲᠡ᠂ ᠬᠥᠮᠥᠨ ᠠᠮᠠ᠂ ᠭᠡᠷ ᠪᠠᠢ᠌ᠰᠢᠩ᠂ ᠰᠠᠭᠤᠷᠢ ᠪᠡᠯᠡᠳᠬᠡᠮᠵᠢ᠂ ᠠᠷᠠᠳ᠎ᠤᠨ ᠬᠡᠷᠡᠭᠯᠡᠭᠡᠨ᠎ᠤ ᠴᠥᠮ᠎ᠡ ᠵᠢᠨ ᠪᠡᠯᠡᠳᠬᠡᠮᠵᠢ᠂ ᠠᠭᠤᠷᠬᠠᠢ (ᠨᠡᠭᠦᠷᠡᠰᠦᠨ ᠠᠭᠤᠷᠬᠠᠢ᠂ ᠨᠡᠭᠦᠷᠡᠰᠦᠨ᠎ᠤ ᠪᠤᠰᠤ ᠠᠭᠤᠷᠬᠠᠢ)᠂ ᠠᠶᠤᠯᠲᠠᠢ ᠬᠢᠮᠢ ᠵᠢᠨ ᠪᠣᠳᠠᠰ᠎ᠤᠨ ᠠᠵᠤ ᠠᠬᠤᠢ᠌ᠯᠠᠯ᠂ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠰᠢᠰᠲ᠋ᠧᠮ᠂ ᠭᠤᠷᠪᠠᠳᠠᠬᠢ ᠠᠵᠤ ᠦᠢ᠍ᠯᠡᠰ᠂ ᠡᠬᠢ ᠪᠠᠶᠠᠯᠢᠭ ᠪᠠ ᠣᠷᠴᠢᠨ ᠲᠣᠭᠣᠷᠢᠨ ᠵᠡᠷᠭᠡ ᠭᠠᠮᠰᠢᠭ᠎ᠢ ᠠᠴᠢᠶᠠᠯᠠᠬᠤ ᠴᠣᠭᠴᠠ ᠵᠢᠨ ᠪᠠᠢ᠌ᠴᠠᠭ᠋ᠠᠯᠲᠠ᠂ ᠲᠡᠦᠬᠡᠨ ᠭᠠᠢ ᠭᠠᠮᠰᠢᠭ᠎ᠤᠨ ᠪᠠᠢ᠌ᠴᠠᠭ᠋ᠠᠯᠲᠠ ᠬᠢᠭᠡᠳ ᠦᠨᠡᠯᠡᠨ ᠵᠢᠱ᠌ᠢᠯᠲᠡ᠂ ᠭᠠᠮᠰᠢᠭ᠎ᠢ ᠶᠡᠷᠦᠩᠬᠡᠢ᠌ᠯᠡᠨ ᠪᠠᠭ᠋ᠠᠰᠬᠠᠬᠤ ᠡᠬᠢ ᠪᠠᠶᠠᠯᠢᠭ (ᠴᠢᠳᠠᠪᠤᠷᠢ)᠎ᠤᠨ ᠪᠠᠢ᠌ᠴᠠᠭ᠋ᠠᠯᠲᠠ ᠬᠢᠭᠡᠳ ᠦᠨᠡᠯᠡᠨ ᠵᠢᠱ᠌ᠢᠯᠲᠡ᠂ ᠪᠠᠢ᠌ᠭ᠋ᠠᠯᠢ ᠵᠢᠨ ᠭᠠᠮᠰᠢᠭ᠎ᠤᠨ ᠭᠣᠣᠯᠳᠠᠯᠭ᠎ᠠ᠎ᠲᠠᠢ ᠳᠠᠯᠳᠠ ᠭᠡᠮ᠎ᠤᠨ ᠪᠠᠢ᠌ᠴᠠᠭ᠋ᠠᠯᠲᠠ ᠬᠢᠭᠡᠳ ᠦᠨᠡᠯᠡᠨ ᠵᠢᠱ᠌ᠢᠯᠲᠡ᠂ ᠭᠣᠣᠯ ᠪᠣᠯᠬᠤ ᠪᠠᠢ᠌ᠭ᠋ᠠᠯᠢ ᠵᠢᠨ ᠭᠠᠮᠰᠢᠭ᠎ᠤᠨ ᠲᠦᠭᠰᠢᠭᠦᠷᠢ ᠵᠢᠨ ᠦᠨᠡᠯᠡᠨ ᠵᠢᠱ᠌ᠢᠯᠲᠡ ᠬᠢᠭᠡᠳ ᠣᠷᠣᠨ ᠬᠤᠪᠢᠶᠠᠷᠢᠯᠠᠯ ᠵᠢᠴᠢ ᠪᠠᠢ᠌ᠭ᠋ᠠᠯᠢ ᠵᠢᠨ ᠭᠠᠮᠰᠢᠭ᠎ᠤᠨ ᠶᠡᠷᠦᠩᠬᠡᠢ᠌ᠯᠡᠭᠰᠡᠨ ᠲᠦᠭᠰᠢᠭᠦᠷᠢ ᠵᠢᠨ ᠦᠨᠡᠯᠡᠨ ᠵᠢᠱ᠌ᠢᠯᠲᠡ ᠬᠢᠭᠡᠳ ᠣᠷᠣᠨ ᠬᠤᠪᠢᠶᠠᠷᠢᠯᠠᠯ ᠪᠠᠭᠲᠠᠵᠤ ᠪᠠᠢ᠌ᠨ᠎ᠠ᠃
      ᠲᠤᠰ ᠤᠳᠠᠭ᠋ᠠᠨ᠎ᠤ ᠨᠡᠢ᠌ᠳᠡᠮ ᠪᠠᠢ᠌ᠴᠠᠭ᠋ᠠᠯᠲᠠ ᠪᠣᠯ ᠪᠠᠢ᠌ᠭ᠋ᠠᠯᠢ ᠵᠢᠨ ᠭᠠᠮᠰᠢᠭ᠎ᠤᠨ ᠬᠦᠷᠢᠶ᠎ᠡ ᠴᠠᠷᠠᠭ᠋ᠠᠨ᠎ᠤ ᠨᠢᠭᠡ ᠤᠳᠠᠭ᠋ᠠᠨ᠎ᠤ ᠡᠭᠦᠳᠦᠨ ᠨᠡᠭᠡᠭᠡᠯᠲᠡ ᠵᠢᠨ ᠴᠢᠨᠠᠷᠲᠠᠢ ᠠᠵᠢᠯ ᠪᠠᠢ᠌ᠵᠤ᠂ ᠨᠡᠢ᠌ᠳᠡᠮ ᠪᠠᠢ᠌ᠴᠠᠭ᠋ᠠᠯᠲᠠ ᠵᠢᠨ ᠠᠵᠢᠯ᠎ᠤᠨ ᠬᠣᠯᠪᠣᠭᠳᠠᠬᠤ ᠬᠡᠪᠴᠢᠶ᠎ᠡ ᠥᠷᠭᠡᠨ᠂ ᠣᠷᠣᠯᠴᠠᠬᠤ ᠰᠠᠯᠠᠭ᠎ᠠ ᠮᠥᠴᠢᠷ ᠣᠯᠠᠨ᠂ ᠵᠣᠬᠢᠴᠠᠭᠤᠯᠤᠨ ᠬᠠᠮᠵᠢᠯᠴᠠᠬᠤ ᠡᠭᠦᠷᠭᠡ ᠬᠦᠨᠳᠦ᠂ ᠠᠵᠢᠯ᠎ᠤᠨ ᠬᠦᠴᠢᠷᠳᠡᠯ ᠶᠡᠬᠡ ᠪᠠᠢ᠌ᠳᠠᠭ᠃ ᠳᠠᠷᠠᠭ᠋ᠠᠴᠢ ᠵᠢᠨ ᠠᠯᠬᠤᠮ᠎ᠳᠤ᠂ ᠪᠢᠳᠡ ᠲᠤᠷᠰᠢᠯᠲᠠ ᠵᠢᠨ ᠴᠡᠭ᠎ᠲᠤ ᠨᠡᠢ᠌ᠳᠡᠮ ᠪᠠᠢ᠌ᠴᠠᠭ᠋ᠠᠯᠲᠠ ᠬᠢᠬᠦ ᠠᠵᠢᠯ᠎ᠢ ᠳ᠋ᠦᠩᠨᠡᠬᠦ ᠪᠠ ᠨᠡᠢ᠌ᠳᠡᠮ ᠪᠠᠢ᠌ᠴᠠᠭ᠋ᠠᠯᠲᠠ ᠵᠢᠨ ᠠᠵᠢᠯ᠎ᠢ ᠪᠦᠬᠦ ᠲᠠᠯ᠎ᠠ᠎ᠪᠠᠷ ᠥᠷᠨᠢᠭᠦᠯᠬᠦ ᠬᠣᠶᠠᠷ ᠵᠦᠢ᠍ᠯ᠎ᠤᠨ ᠭᠣᠣᠯ ᠠᠵᠢᠯ᠎ᠢ ᠪᠡᠶᠡᠯᠡᠭᠦᠯᠬᠦ ᠵᠢᠨ ᠲᠣᠭᠣᠷᠢᠨ᠎ᠳᠤ ᠭᠣᠣᠯᠳᠠᠯᠭ᠎ᠠ᠎ᠲᠠᠢ ᠨᠢᠭᠲᠠᠷᠠᠵᠤ᠂ ᠨᠡᠢ᠌ᠳᠡᠮ ᠪᠠᠢ᠌ᠴᠠᠭ᠋ᠠᠯᠲᠠ ᠵᠢᠨ ᠡᠯ᠎ᠡ ᠵᠦᠢ᠍ᠯ᠎ᠤᠨ ᠠᠵᠢᠯ᠎ᠤᠨ ᠥᠷᠨᠢᠯᠲᠡ ᠵᠢ ᠠᠬᠢᠭᠤᠯᠤᠨ᠎ᠠ᠃
      ᠡᠯ᠎ᠡ ᠵᠠᠭᠤᠴᠢᠯᠠᠭᠤᠷ᠎ᠤᠨ ᠨᠥᠬᠥᠳ ᠡ᠂ ᠣᠢ᠌ᠷ᠎ᠠ ᠵᠢᠨ ᠵᠢᠯ᠎ᠤᠳ᠎ᠲᠤ᠂ ᠪᠦᠬᠦ ᠣᠷᠣᠨ᠎ᠤ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠵᠤ ᠭᠠᠮᠰᠢᠭ᠎ᠠᠴᠠ ᠠᠪᠤᠷᠠᠬᠤ ᠠᠵᠢᠯ᠎ᠤᠨ ᠣᠯᠣᠭᠰᠠᠨ ᠠᠮᠵᠢᠯᠲᠠ ᠪᠦᠲᠦᠮᠵᠢ᠎ᠨᠢ ᠲᠡᠢ᠌ᠮᠦ ᠬᠢᠯᠪᠠᠷ ᠵᠶ᠋ᠠᠷ ᠢᠷᠡᠭᠰᠡᠨ ᠪᠢᠰᠢ᠂ ᠡᠨᠡ᠎ᠨᠢ ᠥᠷᠭᠡᠨ ᠣᠯᠠᠨ ᠰᠣᠨᠢᠨ ᠮᠡᠳᠡᠭᠡᠨ᠎ᠤ ᠵᠠᠭᠤᠴᠢᠯᠠᠭᠤᠷ᠂ ᠰᠤᠷᠪᠤᠯᠵᠢᠯᠠᠭᠴᠢ ᠨᠥᠬᠥᠳ ᠪᠠ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠤ ᠶᠡᠬᠡ ᠬᠦᠴᠦᠨ᠎ᠤ ᠳᠡᠮᠵᠢᠯᠭᠡ᠎ᠠᠴᠠ ᠰᠠᠯᠵᠤ ᠴᠢᠳᠠᠬᠤ ᠦᠭᠡᠢ᠃ ᠡᠨᠳᠡ ᠪᠢ ᠥᠪᠡᠷᠲᠡᠭᠡᠨ ᠵᠠᠰᠠᠬᠤ ᠣᠷᠣᠨ᠎ᠤ ᠭᠠᠮᠰᠢᠭ᠎ᠢ ᠪᠠᠭ᠋ᠠᠰᠬᠠᠬᠤ ᠵᠥᠪᠯᠡᠯ᠎ᠤᠨ ᠠᠯᠪᠠᠨ ᠭᠡᠷ᠎ᠤᠨ ᠡᠮᠦᠨ᠎ᠡ᠎ᠠᠴᠠ ᠴᠢᠩ ᠰᠡᠳᠬᠢᠯ᠎ᠠᠴᠠ᠎ᠪᠠᠨ ᠪᠠᠶᠠᠷᠯᠠᠨ ᠲᠠᠯᠠᠷᠬᠠᠵᠤ ᠪᠠᠢ᠌ᠨ᠎ᠠ᠃ ᠡᠭᠦᠨ᠎ᠤ ᠬᠠᠮᠲᠤ᠂ ᠣᠯᠠᠨ ᠵᠶ᠋ᠠᠷ ᠵᠶ᠋ᠠᠨ ᠥᠩᠭᠡᠷᠡᠭᠰᠡᠨ᠎ᠲᠠᠢ᠎ᠪᠠᠨ ᠠᠳᠠᠯᠢ᠎ᠪᠠᠷ ᠮᠠᠨ᠎ᠤ ᠣᠷᠣᠨ᠎ᠤ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠵᠤ ᠭᠠᠮᠰᠢᠭ᠎ᠠᠴᠠ ᠠᠪᠤᠷᠠᠬᠤ ᠠᠵᠢᠯ᠎ᠢ ᠬᠠᠷᠠᠭ᠋ᠠᠯᠵᠠᠨ ᠳᠡᠮᠵᠢᠵᠦ᠂ ᠪᠢᠳᠡᠨ᠎ᠳᠤ ᠡᠷᠬᠢᠮ ᠰᠠᠨᠠᠯ ᠵᠶ᠋ᠠᠨ ᠳᠡᠪᠰᠢᠭᠦᠯᠵᠦ᠂ ᠰᠣᠨᠢᠨ ᠮᠡᠳᠡᠭᠡᠨ᠎ᠤ ᠵᠠᠭᠤᠴᠢᠯᠠᠭᠤᠷ᠎ᠤᠨ ᠬᠢᠨᠠᠯᠲᠠ ᠲᠠᠯᠪᠢᠬᠤ ᠤᠳᠤᠷᠢᠳᠤᠮᠵᠢ ᠵᠢᠨ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠵᠤ᠂ ᠰᠠᠢ᠌ᠨ ᠰᠠᠢ᠌ᠬᠠᠨ ᠤᠬᠠᠭᠤᠯᠭ᠎ᠠ ᠵᠢᠨ ᠠᠭᠤᠷ ᠠᠮᠢᠰᠬᠤᠯ᠎ᠢ ᠪᠦᠷᠢᠯᠳᠦᠭᠦᠯᠬᠦ᠎ᠳᠤ ᠨᠡᠩ ᠶᠡᠬᠡ ᠨᠡᠮᠡᠷᠢ ᠬᠠᠨᠳᠢᠪ ᠵᠶ᠋ᠠᠨ ᠡᠷᠭᠦᠬᠦ ᠵᠢ ᠬᠦᠰᠡᠵᠦ ᠪᠠᠢ᠌ᠨ᠎ᠠ᠃
     
        ᠥᠪᠡᠷᠲᠡᠭᠡᠨ ᠵᠠᠰᠠᠬᠤ ᠣᠷᠣᠨ᠎ᠤ ᠭᠠᠮᠰᠢᠭ᠎ᠢ ᠰᠡᠷᠭᠡᠢ᠌ᠯᠡᠨ ᠭᠠᠮᠰᠢᠭ᠎ᠠᠴᠠ ᠠᠪᠤᠷᠠᠬᠤ ᠭᠠᠷᠠᠭ᠎ᠤᠨ
        ᠤᠬᠠᠭᠤᠯᠭ᠎ᠠ ᠵᠢᠨ ᠠᠵᠢᠯᠯᠠᠭ᠎ᠠ ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ ᠎ᠤᠨ ᠨᠡᠢ᠌ᠲᠡᠯᠡᠯ
        ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ ᠵᠢᠨ ᠲᠣᠪᠴᠢᠶᠠᠨ᠎ᠤ
        ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠣᠪᠴᠢᠶᠠᠨ ᠳᠠᠷᠤᠭ᠎ᠠ     ᠵᠣᠷᠢᠭᠲᠤ
     
      ᠪᠦᠭᠦᠳᠡᠭᠡᠷ ᠰᠠᠢ᠌ᠨ ᠪᠠᠢ᠌ᠨ᠎ᠠ ᠦᠦ? ᠡᠩ ᠲᠡᠷᠢᠭᠦᠨ᠎ᠳᠤ ᠪᠢ ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ ᠵᠢᠨ ᠲᠣᠪᠴᠢᠶᠠᠨ᠎ᠤ ᠡᠮᠦᠨ᠎ᠡ᠎ᠠᠴᠠ ᠲᠠ ᠨᠠᠷ᠎ᠤᠨ ᠬᠦᠷᠦᠯᠴᠡᠨ ᠢᠷᠡᠭᠰᠡᠨ᠎ᠳᠤ ᠪᠠᠶᠠᠷᠯᠠᠨ ᠤᠭᠲᠤᠵᠤ ᠪᠠᠢ᠌ᠭ᠎ᠠ ᠰᠡᠳᠬᠢᠯᠭᠡ᠎ᠪᠠᠨ ᠢᠯᠡᠳᠬᠡᠬᠦ ᠵᠢᠨ ᠬᠠᠮᠲᠤ᠂ ᠲᠠ ᠣᠯᠠᠨ᠎ᠤ ᠣᠯᠠᠨ ᠵᠢᠯ᠎ᠤᠨ ᠲᠤᠷᠰᠢ ᠮᠠᠨ᠎ᠤ ᠣᠷᠣᠨ᠎ᠤ ᠭᠠᠵᠠᠷ ᠬᠥᠳᠡᠯᠦᠯᠲᠡ ᠵᠢ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠠᠵᠢᠯ᠎ᠳᠤ ᠦᠵᠡᠭᠦᠯᠦᠭᠰᠡᠨ ᠬᠠᠯᠠᠮᠵᠢᠯᠠᠯ ᠳᠡᠮᠵᠢᠯᠭᠡ᠎ᠳᠤ ᠴᠢᠩ ᠰᠡᠳᠬᠢᠯ᠎ᠠᠴᠠ᠎ᠪᠠᠨ ᠪᠠᠶᠠᠷᠯᠠᠨ ᠲᠠᠯᠠᠷᠬᠠᠵᠤ ᠪᠠᠢ᠌ᠨ᠎ᠠ!
      ᠡᠨᠡ ᠵᠢᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ 100 ᠵᠢᠯ᠎ᠤᠨ ᠣᠢ᠂ ᠮᠥᠨ ᠴᠤ᠌ ᠳᠤᠮᠳᠠᠳᠤ ᠤᠯᠤᠰ᠎ᠤᠨ ᠭᠠᠵᠠᠷ ᠬᠥᠳᠡᠯᠦᠯᠲᠡ ᠵᠢᠨ ᠲᠣᠪᠴᠢᠶ᠎ᠠ ᠪᠠᠢ᠌ᠭᠤᠯᠤᠭᠳᠠᠭᠰᠠᠨ 50 ᠵᠢᠯ᠎ᠤᠨ ᠣᠢ ᠪᠣᠯᠣᠨ᠎ᠠ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ᠎ᠠᠴᠠ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠵᠤ ᠭᠠᠮᠰᠢᠭ᠎ᠠᠴᠠ ᠠᠪᠤᠷᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠳᠬᠤᠯᠠᠭᠰᠠᠭ᠋ᠠᠷ ᠢᠷᠡᠭᠰᠡᠨ᠎ᠤ ᠬᠠᠮᠲᠤ ᠠᠯᠢ ᠣᠯᠠᠨ ᠴᠢᠬᠤᠯᠠ ᠶᠡᠬᠡ ᠪᠠᠢ᠌ᠷᠢᠯᠠᠭᠤᠯᠤᠯᠲᠠ ᠬᠢᠭᠰᠡᠨ ᠶᠤᠮ᠃ 2016 ᠣᠨ᠎ᠤ 7 ᠳ᠋ᠤᠭ᠋ᠠᠷ ᠰᠠᠷ᠎ᠠ ᠵᠢᠨ 28᠎ᠤ ᠡᠳᠦᠷ᠂ ᠰᠢ ᠵᠢᠨ ᠫᠢᠩ ᠶᠡᠷᠦᠩᠬᠡᠢ ᠱᠦᠵᠢ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠵᠤ ᠭᠠᠮᠰᠢᠭ᠎ᠠᠴᠠ ᠠᠪᠤᠷᠠᠬᠤ ᠠᠵᠢᠯ᠎ᠤᠨ ᠲᠤᠬᠠᠢ ᠴᠢᠬᠤᠯᠠ ᠶᠠᠷᠢᠶ᠎ᠠ ᠲᠠᠯᠪᠢᠵᠤ᠂ ᠰᠢᠨ᠎ᠡ ᠴᠠᠭ ᠬᠤᠭᠤᠴᠠᠭ᠋ᠠᠨ᠎ᠤ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠵᠤ ᠭᠠᠮᠰᠢᠭ᠎ᠠᠴᠠ ᠠᠪᠤᠷᠠᠬᠤ ᠠᠵᠢᠯ᠎ᠤᠨ 《ᠬᠣᠶᠠᠷ᠎ᠢ ᠪᠠᠷᠢᠮᠲᠠᠯᠠᠬᠤ》     《ᠭᠤᠷᠪᠠ ᠵᠢ ᠬᠤᠪᠢᠷᠠᠭᠤᠯᠬᠤ》 ᠰᠢᠨ᠎ᠡ ᠣᠨᠣᠯᠵᠢᠬᠤᠨ᠎ᠢ ᠳᠤᠷᠠᠳᠤᠨ ᠭᠠᠷᠭ᠋ᠠᠪᠠ᠃ ᠸᠧᠨᠴᠤᠸᠠᠨ᠎ᠤ ᠭᠠᠵᠠᠷ ᠬᠥᠳᠡᠯᠦᠯᠲᠡ ᠵᠢᠨ ᠭᠠᠮᠰᠢᠭ ᠡᠭᠦᠰᠦᠭᠰᠡᠨ ᠠᠷᠪᠠᠨ ᠵᠢᠯ᠎ᠤᠨ ᠣᠢ ᠵᠢᠨ ᠣᠯᠠᠨ ᠤᠯᠤᠰ᠎ᠤᠨ ᠰᠤᠳᠤᠯᠤᠨ ᠶᠠᠷᠢᠯᠴᠠᠬᠤ ᠬᠤᠷᠠᠯ᠎ᠳᠤ ᠵᠠᠬᠢᠳᠠᠯ ᠢᠯᠡᠭᠡᠨ ᠴᠢᠬᠤᠯᠠᠴᠢᠯᠠᠬᠤ᠎ᠳᠤ᠎ᠪᠠᠨ᠂ ᠭᠠᠮᠰᠢᠭ ᠡᠭᠦᠰᠬᠦ ᠵᠢᠮ᠎ᠡ ᠶᠣᠰᠣ ᠵᠢ ᠰᠢᠨᠵᠢᠯᠡᠬᠦ ᠤᠬᠠᠭ᠋ᠠᠨᠴᠢ᠎ᠪᠠᠷ ᠲᠠᠨᠢᠵᠤ᠂ ᠭᠠᠮᠰᠢᠭ᠎ᠤᠨ ᠲᠦᠭᠰᠢᠭᠦᠷᠢ ᠵᠢ ᠪᠦᠲᠦᠮᠵᠢᠲᠡᠢ ᠪᠠᠭ᠋ᠠᠰᠬᠠᠵᠤ᠂ ᠬᠥᠮᠥᠨ ᠬᠢᠭᠡᠳ ᠪᠠᠢ᠌ᠭ᠋ᠠᠯᠢ ᠵᠢᠨ ᠵᠣᠬᠢᠴᠠᠩᠭᠤᠢ᠎ᠪᠠᠷ ᠬᠠᠮᠲᠤ ᠣᠷᠣᠰᠢᠬᠤ ᠵᠢ ᠪᠡᠶᠡᠯᠡᠭᠦᠯᠦᠨ᠂ ᠭᠠᠮᠰᠢᠭ᠎ᠢ ᠪᠠᠭ᠋ᠠᠰᠬᠠᠬᠤ ᠣᠯᠠᠨ ᠤᠯᠤᠰ᠎ᠤᠨ ᠬᠠᠮᠲᠤᠷᠠᠯᠴᠠᠭ᠎ᠠ ᠵᠢ ᠠᠬᠢᠭᠤᠯᠬᠤ᠂ ᠪᠠᠢ᠌ᠭ᠋ᠠᠯᠢ ᠵᠢᠨ ᠭᠠᠮᠰᠢᠭ᠎ᠤᠨ ᠲᠦᠭᠰᠢᠭᠦᠷᠢ ᠵᠢ ᠪᠠᠭ᠋ᠠᠰᠬᠠᠬᠤ ᠪᠠ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠦᠷᠢᠯᠳᠦᠭᠦᠯᠬᠦ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠵᠥᠪᠯᠡᠯ᠎ᠤᠨ ᠭᠤᠷᠪᠠᠳᠤᠭ᠋ᠠᠷ ᠤᠳᠠᠭ᠋ᠠᠨ᠎ᠤ ᠬᠤᠷᠠᠯ ᠳᠡᠭᠡᠷ᠎ᠡ᠂ ᠪᠠᠢ᠌ᠭ᠋ᠠᠯᠢ ᠵᠢᠨ ᠭᠠᠮᠰᠢᠭ᠎ᠢ ᠰᠡᠷᠭᠡᠢ᠌ᠯᠡᠨ ᠵᠠᠰᠠᠬᠤ᠎ᠨᠢ ᠤᠯᠤᠰ᠎ᠤᠨ ᠪᠣᠳᠣᠯᠭ᠎ᠠ ᠠᠷᠠᠳ᠎ᠤᠨ ᠠᠮᠢᠳᠤᠷᠠᠯ᠎ᠳᠤ ᠬᠣᠯᠪᠣᠭᠳᠠᠵᠤ ᠪᠠᠢ᠌ᠭ᠎ᠠ ᠪᠣᠯᠬᠣᠷ᠂ ᠪᠠᠢ᠌ᠭ᠋ᠠᠯᠢ ᠵᠢᠨ ᠭᠠᠮᠰᠢᠭ᠎ᠢ ᠰᠡᠷᠭᠡᠢ᠌ᠯᠡᠨ ᠵᠠᠰᠠᠬᠤ ᠥᠨᠳᠥᠷ ᠪᠦᠲᠦᠮᠵᠢ᠎ᠲᠠᠢ ᠪᠥᠭᠡᠳ ᠰᠢᠨᠵᠢᠯᠡᠬᠦ ᠤᠬᠠᠭ᠋ᠠᠨᠴᠢ ᠲᠣᠭᠲᠠᠯᠴᠠᠭ᠎ᠠ ᠵᠢ ᠪᠠᠢ᠌ᠭᠤᠯᠤᠨ᠂ ᠨᠡᠢ᠌ᠭᠡᠮ᠎ᠤᠨ ᠪᠠᠢ᠌ᠭ᠋ᠠᠯᠢ ᠵᠢᠨ ᠭᠠᠮᠰᠢᠭ᠎ᠢ ᠰᠡᠷᠭᠡᠢ᠌ᠯᠡᠨ ᠵᠠᠰᠠᠬᠤ ᠴᠢᠳᠠᠪᠤᠷᠢ ᠵᠢ ᠳᠡᠭᠡᠭᠰᠢᠯᠡᠭᠦᠯᠵᠦ᠂ ᠠᠷᠠᠳ ᠲᠦᠮᠡᠨ᠎ᠤ ᠠᠮᠢ ᠨᠠᠰᠤ ᠡᠳ᠋ ᠬᠣᠭᠰᠢᠯ᠎ᠤᠨ ᠠᠮᠤᠷ ᠲᠦᠪᠰᠢᠨ ᠪᠠ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ᠎ᠳᠤ ᠬᠦᠴᠦᠨ ᠪᠦᠬᠦᠢ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠦ ᠳᠠᠬᠢᠨᠲᠠ ᠴᠢᠬᠤᠯᠠᠴᠢᠯᠠᠵᠠᠢ᠃
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠧᠣᠯᠣᠭᠢ ᠵᠢᠨ ᠲᠣᠭᠲᠠᠴᠠ ᠪᠤᠳᠤᠯᠢᠶᠠᠨᠲᠠᠢ᠂ ᠬᠥᠳᠡᠯᠭᠡᠭᠡᠨᠲᠦ ᠵᠥᠷᠢᠭᠳᠡᠯ᠎ᠤᠨ ᠪᠦᠰᠡ ᠬᠥᠨᠳᠡᠯᠡᠨ ᠭᠤᠯᠳᠤ ᠰᠦᠯᠵᠢᠯᠳᠦᠵᠦ᠂ ᠰᠢᠨ᠎ᠡ ᠲᠣᠭᠲᠠᠴᠠ ᠵᠢᠨ ᠠᠵᠢᠯᠯᠠᠭ᠎ᠠ ᠬᠤᠷᠴᠠ ᠰᠢᠷᠦᠭᠦᠨ ᠪᠠᠢ᠌ᠵᠤ᠂ ᠮᠠᠨ᠎ᠤ ᠤᠯᠤᠰ᠎ᠤᠨ ᠭᠠᠵᠠᠷ ᠬᠥᠳᠡᠯᠦᠯᠲᠡ ᠵᠢᠨ ᠭᠠᠮᠰᠢᠭ ᠣᠯᠠᠨ ᠡᠭᠦᠰᠬᠦ ᠮᠤᠵᠢ ᠣᠷᠣᠨ᠎ᠤ ᠨᠢᠭᠡ ᠪᠣᠯᠣᠨ᠎ᠠ᠃ ᠲᠡᠦᠬᠡᠨ ᠳᠡᠭᠡᠷ᠎ᠡ ᠨᠡᠢ᠌ᠲᠡ ᠵᠢᠨ ᠣᠨ ᠲᠣᠭ᠋ᠠᠯᠠᠯ᠎ᠤᠨ 849 ᠣᠨ᠎ᠤ ᠪᠤᠭᠤᠲᠤ ᠵᠢᠨ 7.0 ᠳᠡᠰ᠎ᠤᠨ ᠭᠠᠵᠠᠷ ᠬᠥᠳᠡᠯᠦᠯᠲᠡ᠂ 1290 ᠣᠨ᠎ᠤ ᠨᠢᠩᠴᠧᠩ᠎ᠤᠨ 6.8 ᠳᠡᠰ᠎ᠤᠨ ᠭᠠᠵᠠᠷ ᠬᠥᠳᠡᠯᠦᠯᠲᠡ᠂ 1954 ᠣᠨ᠎ᠤ ᠠᠯᠠᠱ᠌ᠠ ᠪᠠᠷᠠᠭᠤᠨ ᠬᠣᠰᠢᠭᠤᠨ᠎ᠤ 7.3 ᠳᠡᠰ᠎ᠤᠨ ᠭᠠᠵᠠᠷ ᠬᠥᠳᠡᠯᠦᠯᠲᠡ᠂ 1976 ᠣᠨ᠎ᠤ ᠬᠣᠷᠢᠨᠭᠡᠷ᠎ᠤᠨ 6.3 ᠳᠡᠰ᠎ᠤᠨ ᠭᠠᠵᠠᠷ ᠬᠥᠳᠡᠯᠦᠯᠲᠡ᠂ 1996 ᠣᠨ᠎ᠤ ᠪᠤᠭᠤᠲᠤ ᠵᠢᠨ ᠪᠠᠷᠠᠭᠤᠨ ᠬᠡᠰᠡᠭ᠎ᠤᠨ 6.4 ᠳᠡᠰ᠎ᠤᠨ ᠭᠠᠵᠠᠷ ᠬᠥᠳᠡᠯᠦᠯᠲᠡ ᠵᠡᠷᠭᠡ ᠣᠯᠠᠨ ᠤᠳᠠᠭ᠋ᠠᠨ᠎ᠤ ᠡᠪᠳᠡᠯᠭᠡ ᠵᠢᠨ ᠴᠢᠨᠠᠷᠲᠠᠢ ᠭᠠᠵᠠᠷ ᠬᠥᠳᠡᠯᠦᠯᠲᠡ ᠡᠭᠦᠰᠴᠦ᠂ ᠬᠥᠮᠥᠨ ᠦᠬᠦᠵᠦ ᠰᠢᠷᠬᠠᠲᠤᠭᠰᠠᠨ ᠪᠠ ᠠᠵᠤ ᠠᠬᠤᠢ ᠬᠣᠬᠢᠷᠠᠯ᠎ᠳᠤ ᠤᠴᠠᠷᠠᠭᠰᠠᠨ ᠬᠦᠨᠳᠦ ᠨᠣᠴᠢᠲᠠᠢ ᠪᠠᠢ᠌ᠳᠠᠯ᠎ᠢ ᠪᠣᠢ ᠪᠣᠯᠭ᠋ᠠᠪᠠ᠃ ᠮᠠᠨ᠎ᠤ ᠣᠷᠣᠨ᠎ᠤ 103 ᠬᠣᠰᠢᠭᠤ ᠰᠢᠶᠠᠨ ᠲᠣᠭᠣᠷᠢᠭ᠎ᠲᠤ ᠨᠡᠢ᠌ᠲᠡ 1010 ᠵᠡᠭᠡᠯᠢ ᠭᠤᠳᠤᠮᠵᠢ ᠰᠢᠶᠠᠩ ᠪᠠᠯᠭ᠋ᠠᠰᠤ ᠰᠤᠮᠤ ᠪᠠᠢ᠌ᠵᠤ᠂ ᠲᠠᠪᠤᠳᠠᠬᠢ ᠦᠶ᠎ᠡ ᠵᠢᠨ 《ᠳᠤᠮᠳᠠᠳᠤ ᠤᠯᠤᠰ᠎ᠤᠨ ᠭᠠᠵᠠᠷ ᠬᠥᠳᠡᠯᠦᠯᠲᠡ ᠵᠢᠨ ᠫᠠᠷᠠᠮᠧᠲᠷ᠎ᠤᠨ ᠣᠷᠣᠨ ᠬᠤᠪᠢᠶᠠᠷᠢᠯᠠᠯᠲᠠ ᠵᠢᠨ ᠵᠢᠷᠤᠭ》 ᠶᠣᠰᠣᠭ᠋ᠠᠷ ᠬᠤᠪᠢᠶᠠᠷᠢᠯᠠᠨ ᠰᠠᠯᠭ᠋ᠠᠪᠠᠯ᠂ 220 ᠭᠠᠵᠠᠷ᠎ᠨᠢⅧ ᠳᠡᠰ᠎ᠤᠨ ᠣᠷᠣᠨ᠎ᠳᠤ ᠪᠠᠢ᠌ᠷᠢᠯᠠᠨ᠂ 280 ᠭᠠᠵᠠᠷ᠎ᠨᠢ Ⅶ ᠳᠡᠰ᠎ᠤᠨ ᠣᠷᠣᠨ᠎ᠳᠤ ᠪᠠᠢ᠌ᠷᠢᠯᠠᠵᠤ᠂ 50% ᠵᠢᠨ ᠭᠠᠵᠠᠷ ᠣᠷᠣᠨ᠎ᠨᠢ ᠥᠨᠳᠥᠷ ᠳᠤᠷᠭᠢᠴᠠ ᠵᠢᠨ ᠣᠷᠣᠨ᠎ᠳᠤ ᠪᠠᠢ᠌ᠷᠢᠯᠠᠵᠤ ᠪᠠᠢ᠌ᠳᠠᠭ᠃
     1953 ᠣᠨ᠎ᠳᠤ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠠᠴᠠ ᠤᠷᠢᠳ ᠬᠣᠵᠢᠳ ᠪᠤᠭᠤᠲᠤ᠎ᠳᠤ ᠭᠠᠵᠠᠷ ᠬᠥᠳᠡᠯᠦᠯᠲᠡ ᠵᠢ ᠬᠢᠨᠠᠨ ᠰᠢᠨᠵᠢᠯᠡᠬᠦ ᠬᠣᠷᠢᠶ᠎ᠠ ᠪᠠᠢ᠌ᠷᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ ᠵᠢ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠠᠵᠢᠯ ᠡᠬᠢᠯᠡᠨ     ᠶᠠᠪᠤᠭᠳᠠᠵᠤ᠂ 1971 ᠣᠨ᠎ᠳᠤ ᠥᠪᠡᠷᠲᠡᠭᠡᠨ ᠵᠠᠰᠠᠬᠤ ᠣᠷᠣᠨ᠎ᠠᠴᠠ ᠲᠤᠰᠬᠠᠢ᠌ᠯᠠᠨ ᠭᠠᠵᠠᠷ ᠬᠥᠳᠡᠯᠦᠯᠲᠡ ᠵᠢᠨ ᠠᠵᠢᠯ᠎ᠤᠨ ᠪᠠᠢ᠌ᠭᠤᠯᠤᠮᠵᠢ ᠲᠣᠬᠢᠷᠠᠭᠤᠯᠤᠭᠰᠠᠨ᠎ᠠᠴᠠ ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ ᠵᠢᠨ ᠠᠵᠢᠯ ᠪᠦᠬᠦ ᠲᠠᠯ᠎ᠠ᠎ᠳᠤ ᠬᠥᠭᠵᠢᠵᠦ ᠡᠬᠢᠯᠡᠪᠡ᠃ ᠣᠯᠠᠨ ᠵᠢᠯ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠠ ᠳᠤᠮᠳᠠᠳᠤ ᠤᠯᠤᠰ᠎ᠤᠨ ᠭᠠᠵᠠᠷ ᠬᠥᠳᠡᠯᠦᠯᠲᠡ ᠵᠢᠨ ᠲᠣᠪᠴᠢᠶ᠎ᠠ ᠵᠢᠨ ᠵᠥᠪ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ ᠵᠢ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠦᠢ᠍ᠯᠡᠰ᠎ᠨᠢ ᠲᠠᠰᠤᠷᠠᠯᠲᠠ ᠦᠭᠡᠢ ᠬᠥᠭᠵᠢᠵᠦ᠃ ᠭᠠᠵᠠᠷ ᠬᠥᠳᠡᠯᠦᠯᠲᠡ ᠵᠢ ᠬᠢᠨᠠᠨ ᠰᠢᠨᠵᠢᠯᠡᠵᠦ ᠰᠡᠷᠡᠮᠵᠢᠯᠡᠭᠦᠯᠬᠦ ᠪᠠ ᠭᠠᠵᠠᠷ ᠬᠥᠳᠡᠯᠦᠯᠲᠡ ᠵᠢᠨ ᠭᠠᠮᠰᠢᠭ᠎ᠢ ᠰᠡᠷᠭᠡᠢ᠌ᠯᠡᠨ ᠬᠣᠷᠢᠭᠯᠠᠬᠤ ᠴᠢᠳᠠᠪᠤᠷᠢ ᠢᠯᠡᠳᠲᠡ ᠳᠡᠭᠡᠭᠰᠢᠯᠡᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ ᠪᠠ ᠨᠡᠢ᠌ᠭᠡᠮ᠎ᠤᠨ ᠬᠥᠭᠵᠢᠯᠲᠡ᠎ᠳᠤ ᠪᠠᠲᠤ ᠴᠢᠩᠭ᠎ᠠ ᠬᠦᠴᠦᠨ ᠪᠦᠬᠦᠢ ᠭᠠᠵᠠᠷ ᠬᠥᠳᠡᠯᠦᠯᠲᠡ ᠵᠢᠨ ᠠᠮᠤᠷ ᠲᠦᠪᠰᠢᠨ᠎ᠤ ᠪᠠᠲᠤᠯᠠᠭ᠎ᠠ ᠬᠠᠩᠭ᠋ᠠᠵᠠᠢ᠃
      ᠣᠯᠠᠨ ᠵᠢᠯ᠎ᠤᠨ ᠬᠥᠭᠵᠢᠯᠲᠡ᠎ᠪᠠᠷ ᠳᠠᠮᠵᠢᠭ᠋ᠠᠳ᠂ ᠭᠠᠵᠠᠷ ᠬᠥᠳᠡᠯᠦᠯᠲᠡ ᠵᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠠᠵᠢᠯ᠎ᠨᠢ ᠨᠢᠭᠡᠨᠲᠡ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠶᠡᠬᠡ ᠲᠠᠯ᠎ᠠ᠎ᠳᠤ ᠠᠭᠤᠰᠤᠯᠴᠠᠨ ᠣᠷᠣᠪᠠ᠃ ᠭᠠᠵᠠᠷ ᠬᠥᠳᠡᠯᠦᠯᠲᠡ ᠵᠢ ᠬᠢᠨᠠᠨ ᠰᠢᠨᠵᠢᠯᠡᠵᠦ ᠰᠡᠷᠡᠮᠵᠢᠯᠡᠭᠦᠯᠬᠦ᠂ ᠭᠠᠵᠠᠷ ᠬᠥᠳᠡᠯᠦᠯᠲᠡ ᠵᠢᠨ ᠭᠠᠮᠰᠢᠭ᠎ᠢ ᠰᠡᠷᠭᠡᠢ᠌ᠯᠡᠨ ᠬᠣᠷᠢᠭᠯᠠᠬᠤ᠂ ᠬᠠᠤᠯᠢ ᠳᠦᠷᠢᠮ᠎ᠤᠨ ᠪᠠᠢ᠌ᠭᠤᠯᠤᠯᠲᠠ ᠵᠢ ᠴᠢᠩᠭ᠋ᠠᠳᠬᠠᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠳᠤ ᠰᠢᠨ᠎ᠡ ᠵᠢ ᠡᠭᠦᠳᠬᠦ᠂ ᠤᠯᠤᠰ᠎ᠤᠨ ᠴᠢᠬᠤᠯᠠ ᠶᠡᠬᠡ ᠲᠥᠷᠥᠯ ᠵᠦᠢ᠍ᠯ᠎ᠤᠨ ᠪᠠᠢ᠌ᠭᠤᠯᠤᠯᠲᠠ ᠵᠢ ᠬᠡᠷᠡᠭᠵᠢᠭᠦᠯᠬᠦ ᠵᠡᠷᠭᠡ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠣᠯᠵᠠᠢ᠂ ᠬᠢᠨᠠᠨ ᠰᠢᠨᠵᠢᠯᠡᠬᠦ ᠴᠢᠳᠠᠪᠤᠷᠢ ᠶᠡᠬᠡ ᠬᠡᠮᠵᠢᠶ᠎ᠡ᠎ᠪᠠᠷ ᠳᠡᠭᠡᠭᠰᠢᠯᠡᠨ᠂ ᠪᠦᠬᠦ ᠣᠷᠣᠨ᠎ᠤ ᠬᠥᠬᠡᠬᠣᠲᠠ ᠪᠤᠭᠤᠲᠤ ᠣᠷᠳᠣᠰ ᠣᠷᠣᠨ᠎ᠤ ᠭᠠᠵᠠᠷ ᠬᠥᠳᠡᠯᠦᠯᠲᠡ ᠵᠢ ᠬᠢᠨᠠᠨ ᠰᠢᠨᠵᠢᠯᠡᠬᠦ ᠴᠢᠳᠠᠪᠤᠷᠢ᠎ᠨᠢ 2.0 ᠳᠡᠰ᠎ᠲᠤ ᠬᠦᠷᠴᠦ᠂ ᠤᠯᠤᠰ᠎ᠤᠨ ᠳᠣᠲᠣᠭ᠋ᠠᠳᠤ ᠵᠢᠨ ᠭᠠᠵᠠᠷ ᠬᠥᠳᠡᠯᠦᠯᠲᠡ ᠵᠢ 2 ᠮᠢᠨᠦ᠋ᠲ᠎ᠳᠤ ᠠᠦ᠋ᠲ ᠵᠶ᠋ᠠᠷ ᠲᠦᠷᠭᠡᠨ ᠮᠡᠳᠡᠭᠡᠯᠡᠬᠦ ᠵᠢ ᠪᠡᠶᠡᠯᠡᠭᠦᠯᠵᠦ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠂ ᠪᠦᠬᠦ ᠤᠯᠤᠰ᠎ᠤᠨ 《ᠬᠣᠶᠠᠷ ᠬᠤᠷᠠᠯ》᠂ ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ 70 ᠵᠢᠯ᠎ᠤᠨ ᠣᠢ ᠵᠢ ᠪᠠᠶᠠᠷᠯᠠᠨ ᠪᠡᠯᠭᠡᠯᠡᠬᠦ ᠵᠡᠷᠭᠡ ᠴᠢᠬᠤᠯᠠ ᠶᠡᠬᠡ ᠠᠵᠢᠯᠯᠠᠭ᠎ᠠ᠎ᠳᠠᠬᠢ ᠭᠠᠵᠠᠷ ᠬᠥᠳᠡᠯᠦᠯᠲᠡ ᠵᠢᠨ ᠠᠮᠤᠷ ᠲᠦᠪᠰᠢᠨ᠎ᠤ ᠪᠠᠲᠤᠯᠠᠭ᠎ᠠ ᠵᠢᠨ ᠡᠭᠦᠷᠭᠡ ᠵᠢ ᠠᠮᠵᠢᠯᠲᠠ᠎ᠲᠠᠢ ᠪᠡᠶᠡᠯᠡᠭᠦᠯᠵᠡᠢ᠃ ᠭᠠᠵᠠᠷ ᠬᠥᠳᠡᠯᠦᠯᠲᠡ ᠵᠢᠨ ᠭᠠᠮᠰᠢᠭ᠎ᠢ ᠰᠡᠷᠭᠡᠢ᠌ᠯᠡᠨ ᠵᠠᠰᠠᠬᠤ ᠭᠣᠣᠯᠳᠠᠯᠭ᠎ᠠ᠎ᠲᠠᠢ ᠢᠨᠵᠧᠨᠧᠷᠢᠩ᠎ᠢ ᠢᠳᠡᠪᠬᠢᠲᠡᠢ ᠠᠬᠢᠭᠤᠯᠵᠤ᠂ ᠪᠠᠢ᠌ᠭᠤᠯᠤᠯᠲᠠ ᠵᠢᠨ ᠢᠨᠵᠧᠨᠧᠷᠢᠩ᠎ᠤᠨ ᠭᠠᠵᠠᠷ ᠬᠥᠳᠡᠯᠦᠯᠲᠡ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠥᠷᠨᠢᠭᠦᠯᠵᠦ᠂ ᠭᠠᠵᠠᠷ ᠬᠥᠳᠡᠯᠦᠯᠲᠡ ᠵᠢᠨ ᠭᠠᠮᠰᠢᠭ᠎ᠤᠨ ᠲᠦᠭᠰᠢᠭᠦᠷᠢ ᠵᠢ ᠰᠡᠷᠭᠡᠢ᠌ᠯᠡᠨ ᠵᠠᠰᠠᠬᠤ ᠠᠵᠢᠯ᠎ᠢ ᠬᠡᠷᠡᠭᠵᠢᠭᠦᠯᠪᠡ᠃ ᠬᠣᠲᠠ ᠬᠥᠳᠡᠭᠡ ᠵᠢᠨ ᠭᠠᠵᠠᠷ ᠬᠥᠳᠡᠯᠦᠯᠲᠡ ᠵᠢ ᠡᠰᠡᠷᠭᠦᠴᠡᠨ ᠰᠡᠷᠭᠡᠢ᠌ᠯᠡᠯᠲᠡ ᠲᠣᠬᠢᠷᠠᠭᠤᠯᠬᠤ ᠬᠠᠮᠢᠶᠠᠷᠤᠯᠲᠠ ᠵᠢ ᠲᠠᠰᠤᠷᠠᠯᠲᠠ ᠦᠭᠡᠢ ᠴᠢᠩᠭ᠋ᠠᠷᠠᠭᠤᠯᠤᠨ᠂ ᠭᠠᠵᠠᠷ ᠬᠥᠳᠡᠯᠦᠯᠲᠡ ᠵᠢᠨ ᠣᠷᠣᠨ ᠬᠤᠪᠢᠶᠠᠷᠢᠯᠠᠯ᠎ᠤᠨ ᠵᠢᠷᠤᠭ᠎ᠤᠨ ᠤᠬᠠᠭᠤᠯᠤᠨ ᠲᠤᠭᠤᠰᠢᠯᠠᠭᠤᠯᠬᠤ ᠠᠵᠢᠯ᠎ᠢ ᠴᠢᠩᠭ᠋ᠠᠳᠬᠠᠪᠠ᠃ ᠬᠥᠬᠡᠬᠣᠲᠠ᠂ ᠪᠤᠭᠤᠲᠤ᠂ ᠦᠬᠠᠢ ᠵᠡᠷᠭᠡ ᠬᠥᠳᠡᠯᠭᠡᠭᠡᠨᠲᠦ ᠣᠭᠲᠣᠯᠣᠭ᠋ᠠᠰᠤ ᠳᠠᠪᠬᠤᠷᠭ᠎ᠠ ᠵᠢᠨ ᠬᠠᠢ᠌ᠨ ᠰᠢᠨᠵᠢᠯᠡᠯᠲᠡ ᠠᠮᠢᠳᠤ ᠣᠭᠲᠣᠯᠣᠭ᠋ᠠᠰᠤ ᠳᠠᠪᠬᠤᠷᠭ᠎ᠠ ᠵᠢᠨ ᠬᠠᠢ᠌ᠨ ᠰᠢᠨᠵᠢᠯᠡᠯᠲᠡ ᠵᠢᠴᠢ ᠦᠷ᠎ᠡ ᠪᠦᠲᠦᠭᠡᠯ᠎ᠤᠨ ᠬᠡᠷᠡᠭᠯᠡᠯᠲᠡ ᠵᠢ ᠴᠢᠩᠭ᠋ᠠᠳᠬᠠᠪᠠ᠃ ᠬᠣᠲᠠ ᠬᠥᠳᠡᠭᠡ ᠵᠢᠨ ᠲᠥᠯᠥᠪᠵᠢᠭᠦᠯᠭᠡ ᠵᠢ ᠨᠠᠢ᠌ᠷᠠᠭᠤᠯᠤᠨ ᠵᠣᠬᠢᠶᠠᠵᠤ ᠬᠢᠨᠠᠨ ᠪᠠᠢ᠌ᠴᠠᠭ᠋ᠠᠬᠤ᠂ ᠴᠢᠬᠤᠯᠠ ᠶᠡᠬᠡ ᠲᠥᠷᠥᠯ ᠵᠦᠢ᠍ᠯ᠎ᠤᠨ ᠬᠡᠷᠡᠭᠯᠡᠭᠦᠰᠢᠲᠡᠢ ᠴᠢᠨᠠᠷ᠎ᠲᠤ ᠨᠤᠲᠠᠯᠠᠯᠲᠠ ᠬᠢᠬᠦ ᠵᠡᠷᠭᠡ᠎ᠪᠠᠷ ᠲᠠᠪᠴᠠᠩ ᠪᠣᠯᠭ᠋ᠠᠵᠤ᠂ ᠭᠣᠣᠯᠳᠠᠯᠭ᠎ᠠ᠎ᠲᠠᠢ ᠢᠨᠵᠧᠨᠧᠷᠢᠩ᠂ ᠠᠮᠢᠨ ᠰᠤᠳᠠᠰᠤ ᠵᠢᠨ ᠢᠨᠵᠧᠨᠧᠷᠢᠩ ᠪᠠ ᠬᠦᠨᠳᠦ ᠨᠣᠴᠢᠲᠠᠢ ᠡᠭᠦᠰᠦᠮᠡᠯ ᠭᠠᠮᠰᠢᠭ ᠠᠮᠠᠷᠬᠠᠨ ᠡᠭᠦᠰᠬᠦ ᠢᠨᠵᠧᠨᠧᠷᠢᠩ᠎ᠤᠨ ᠭᠠᠵᠠᠷ ᠬᠥᠳᠡᠯᠦᠯᠲᠡ ᠵᠢ ᠡᠰᠡᠷᠭᠦᠴᠡᠵᠦ ᠰᠡᠷᠭᠡᠢ᠌ᠯᠡᠯᠲᠡ ᠲᠣᠬᠢᠷᠠᠭᠤᠯᠬᠤ ᠠᠵᠢᠯ᠎ᠤᠨ ᠬᠢᠨᠠᠨ ᠪᠠᠢ᠌ᠴᠠᠭ᠋ᠠᠯᠲᠠ ᠵᠢ ᠤᠯᠠᠮ ᠨᠢᠭᠡ ᠠᠯᠬᠤᠮ     ᠴᠢᠩᠭ᠋ᠠᠳᠬᠠᠵᠤ᠂ ᠪᠦᠬᠦ ᠣᠷᠣᠨ᠎ᠤ ᠰᠢᠨ᠎ᠡ᠎ᠪᠠᠷ ᠪᠠᠢ᠌ᠭᠤᠯᠤᠭᠰᠠᠨ ᠢᠨᠵᠧᠨᠧᠷᠢᠩ᠎ᠤᠨ ᠭᠠᠵᠠᠷ ᠬᠥᠳᠡᠯᠦᠯᠲᠡ ᠵᠢ ᠡᠰᠡᠷᠭᠦᠴᠡᠵᠦ ᠰᠡᠷᠭᠡᠢ᠌ᠯᠡᠯᠲᠡ ᠲᠣᠬᠢᠷᠠᠭᠤᠯᠬᠤ ᠠᠵᠢᠯ᠎ᠳᠤ ᠬᠢᠨᠠᠯᠲᠠ ᠪᠠᠢ᠌ᠴᠠᠭ᠋ᠠᠯᠲᠠ ᠬᠢᠭᠰᠡᠨ ᠨᠣᠷᠮ᠎ᠠ᠎ᠨᠢ 100%᠎ᠳᠤ ᠬᠦᠷᠴᠡᠢ᠃ ᠭᠠᠵᠠᠷ ᠬᠥᠳᠡᠯᠦᠯᠲᠡ ᠵᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠬᠠᠤᠯᠢ ᠵᠢ ᠬᠡᠷᠡᠭᠵᠢᠭᠦᠯᠦᠭᠰᠡᠨ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠂ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠎ᠤᠨ ᠬᠠᠤᠯᠢ ᠲᠣᠭᠲᠠᠭ᠋ᠠᠯ ᠬᠠᠤᠯᠢ ᠳᠦᠷᠢᠮ᠎ᠤᠨ ᠲᠣᠭᠲᠠᠯᠴᠠᠭ᠎ᠠ ᠲᠠᠰᠤᠷᠠᠯᠲᠠ ᠦᠭᠡᠢ ᠪᠦᠷᠢᠨᠰᠢᠵᠦ᠂ ᠭᠠᠵᠠᠷ ᠬᠥᠳᠡᠯᠦᠯᠲᠡ ᠵᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠦᠢ᠍ᠯᠡᠰ᠎ᠤᠨ ᠴᠢᠨᠠᠷᠯᠢᠭ ᠬᠥᠭᠵᠢᠯᠲᠡ᠎ᠳᠤ ᠪᠠᠲᠤ ᠴᠢᠩᠭ᠎ᠠ ᠪᠠᠲᠤᠯᠠᠭ᠎ᠠ ᠬᠠᠩᠭ᠋ᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ ᠵᠢ ᠤᠷᠢᠳᠴᠢᠯᠠᠨ ᠰᠡᠷᠡᠮᠵᠢᠯᠡᠭᠦᠯᠬᠦ ᠬᠠᠮᠢᠶᠠᠷᠤᠯᠲᠠ ᠵᠢᠨ ᠠᠷᠭ᠎ᠠ》 ᠵᠢ ᠵᠢᠩᠬᠢᠨᠢ᠎ᠪᠠᠷ ᠨᠡᠢ᠌ᠲᠡᠯᠡᠵᠦ᠂ ᠨᠢᠭᠡᠨᠲᠡ 2020 ᠣᠨ᠎ᠤ 4 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠪᠡ᠃
     《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ ᠵᠢ ᠤᠷᠢᠳᠴᠢᠯᠠᠨ ᠰᠡᠷᠡᠮᠵᠢᠯᠡᠭᠦᠯᠬᠦ ᠬᠠᠮᠢᠶᠠᠷᠤᠯᠲᠠ ᠵᠢᠨ ᠠᠷᠭ᠎ᠠ》 ᠵᠢ ᠨᠡᠢ᠌ᠲᠡᠯᠡᠨ ᠬᠡᠷᠡᠭᠵᠢᠭᠦᠯᠪᠡ᠃ ᠭᠠᠵᠠᠷ ᠬᠥᠳᠡᠯᠦᠯᠲᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠪᠠ ᠣᠳᠣᠬᠢᠴᠢᠯᠠᠯᠲᠠ ᠵᠢᠨ ᠪᠠᠢ᠌ᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ᠂ ᠭᠠᠵᠠᠷ ᠬᠥᠳᠡᠯᠦᠯᠲᠡ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠨᠢ ᠠᠯᠢ ᠣᠯᠠᠨ ᠰᠢᠨ᠎ᠡ ᠵᠢ ᠡᠭᠦᠳᠬᠦ ᠬᠡᠯᠪᠡᠷᠢ ᠵᠢᠨ ᠦᠷ᠎ᠡ ᠪᠦᠲᠦᠭᠡᠯ ᠣᠯᠵᠤ᠂ ᠭᠠᠵᠠᠷ ᠬᠥᠳᠡᠯᠦᠯᠲᠡ ᠵᠢ ᠬᠢᠨᠠᠨ ᠰᠢᠨᠵᠢᠯᠡᠵᠦ ᠰᠡᠷᠡᠮᠵᠢᠯᠡᠭᠦᠯᠬᠦ ᠵᠠᠭᠪᠤᠷ᠎ᠤᠨ ᠡᠷᠴᠢᠮᠵᠢᠭᠦᠯᠦᠭᠰᠡᠨ ᠰᠢᠨ᠎ᠡ ᠡᠭᠦᠳᠦᠯᠲᠡ᠂ ᠰᠡᠷᠡᠮᠵᠢᠯᠡᠭᠦᠯᠦᠯ ᠪᠠ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠦᠢ᠍ᠯᠡᠴᠢᠯᠡᠭᠡᠨ᠎ᠤ ᠵᠠᠩᠭᠢᠯᠠᠭ᠎ᠠ ᠵᠢᠨ ᠮᠡᠷᠭᠡᠵᠢᠯ᠎ᠤᠨ ᠰᠤᠳᠤᠯᠤᠨ ᠨᠡᠭᠡᠭᠡᠯᠲᠡ᠂ ᠬᠣᠲᠠ ᠵᠢᠨ ᠪᠦᠯᠦᠭᠵᠢᠯ᠎ᠤᠨ ᠭᠠᠵᠠᠷ ᠬᠥᠳᠡᠯᠦᠯᠲᠡ ᠵᠢᠨ ᠭᠠᠮᠰᠢᠭ᠎ᠢ ᠰᠡᠷᠭᠡᠢ᠌ᠯᠡᠨ ᠬᠣᠷᠢᠭᠯᠠᠬᠤ ᠮᠡᠷᠭᠡᠵᠢᠯ᠎ᠢ ᠳᠡᠯᠭᠡᠷᠡᠭᠦᠯᠦᠨ ᠵᠢᠱ᠌ᠢᠶ᠎ᠡ ᠦᠵᠡᠭᠦᠯᠬᠦ ᠪᠠ ᠭᠣᠣᠯᠳᠠᠯᠭ᠎ᠠ᠎ᠲᠠᠢ ᠬᠥᠳᠡᠯᠭᠡᠭᠡᠨᠲᠦ ᠵᠥᠷᠢᠭᠳᠡᠯ᠎ᠤᠨ ᠨᠥᠯᠥᠭᠡ ᠵᠢ ᠦᠨᠡᠯᠡᠨ ᠵᠢᠱ᠌ᠢᠬᠦ 《ᠭᠣᠣᠯᠳᠠᠯᠭ᠎ᠠ᠎ᠲᠠᠢ ᠭᠠᠵᠠᠷ ᠣᠷᠣᠨ᠎ᠤ ᠭᠠᠵᠠᠷ ᠬᠥᠳᠡᠯᠦᠯᠲᠡ ᠵᠢ ᠤᠷᠢᠳᠴᠢᠯᠠᠨ ᠵᠢᠱ᠌ᠢᠵᠦ ᠰᠡᠷᠡᠮᠵᠢᠯᠡᠭᠦᠯᠬᠦ ᠮᠡᠷᠭᠡᠵᠢᠯ᠎ᠤᠨ ᠰᠤᠳᠤᠯᠤᠯᠲᠠ ᠬᠢᠵᠦ ᠨᠡᠭᠡᠭᠡᠨ ᠬᠥᠭᠵᠢᠭᠦᠯᠬᠦ ᠬᠢᠭᠡᠳ ᠳᠡᠯᠭᠡᠷᠡᠭᠦᠯᠦᠨ ᠵᠢᠱ᠌ᠢᠶ᠎ᠡ ᠦᠵᠡᠭᠦᠯᠬᠦ》 ᠲᠥᠷᠥᠯ ᠵᠦᠢ᠍ᠯ᠎ᠢ ᠥᠷᠨᠢᠭᠦᠯᠦᠭᠰᠡᠨ᠎ᠤ ᠬᠠᠮᠲᠤ᠂ ᠰᠢᠯᠭ᠋ᠠᠨ ᠬᠤᠷᠢᠶᠠᠨ ᠠᠪᠬᠤ᠎ᠳᠤ ᠰᠢᠯᠢᠳᠡᠭ ᠦᠷ᠎ᠡ ᠪᠦᠲᠦᠮᠵᠢ ᠣᠯᠵᠠᠢ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ ᠵᠢᠨ ᠲᠣᠪᠴᠢᠶ᠎ᠠ᠎ᠠᠴᠠ ᠤᠷᠢᠳ ᠬᠣᠵᠢᠳ ᠤᠯᠤᠰ᠎ᠤᠨ ᠭᠠᠵᠠᠷ ᠬᠥᠳᠡᠯᠦᠯᠲᠡ ᠵᠢᠨ ᠳᠣᠷᠭᠢᠴᠠ ᠵᠢ ᠲᠦᠷᠭᠡᠨ ᠮᠡᠳᠡᠭᠡᠯᠡᠬᠦ ᠬᠢᠭᠡᠳ ᠤᠷᠢᠳᠴᠢᠯᠠᠨ ᠰᠡᠷᠡᠮᠵᠢᠯᠡᠭᠦᠯᠬᠦ ᠢᠨᠵᠧᠨᠧᠷᠢᠩ᠎ᠤᠨ ᠲᠥᠷᠥᠯ ᠵᠦᠢ᠍ᠯ᠂ ᠰᠢᠨᠵᠢᠯᠡᠬᠦ ᠤᠬᠠᠭ᠋ᠠᠨ᠎ᠤ ᠲᠠᠪᠴᠠᠩ ᠪᠡᠬᠢᠯᠡᠯᠲᠡ ᠵᠢᠨ ᠲᠥᠷᠥᠯ ᠵᠦᠢ᠍ᠯ᠂ ᠭᠠᠵᠠᠷ ᠬᠥᠳᠡᠯᠦᠯᠲᠡ ᠵᠢ ᠬᠢᠨᠠᠨ ᠰᠢᠨᠵᠢᠯᠡᠬᠦ ᠬᠣᠷᠢᠶ᠎ᠠ ᠲᠣᠣᠷ᠎ᠤᠨ ᠪᠠᠢ᠌ᠭᠤᠯᠤᠯᠲᠠ ᠵᠢᠨ ᠲᠥᠷᠥᠯ ᠵᠦᠢ᠍ᠯ᠂ ᠡᠪᠦᠯ᠎ᠤᠨ ᠤᠯᠠᠷᠢᠯ᠎ᠤᠨ ᠣᠯᠧᠮᠫᠢᠺ᠎ᠤᠨ ᠴᠤᠭᠯᠠᠭ᠋ᠠᠨ᠎ᠤ ᠭᠠᠵᠠᠷ ᠬᠥᠳᠡᠯᠦᠯᠲᠡ ᠵᠢᠨ ᠬᠢᠨᠠᠨ ᠰᠢᠨᠵᠢᠯᠡᠬᠦ ᠴᠢᠳᠠᠪᠤᠷᠢ ᠵᠢ ᠳᠡᠭᠡᠭᠰᠢᠯᠡᠭᠦᠯᠦᠨ ᠪᠠᠲᠤᠯᠠᠬᠤ ᠲᠥᠷᠥᠯ ᠵᠦᠢ᠍ᠯ ᠪᠠ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠲᠤᠰᠬᠠᠢ ᠵᠦᠢ᠍ᠯ᠎ᠤᠨ ᠬᠢᠨᠠᠨ ᠰᠢᠨᠵᠢᠯᠡᠬᠦ ᠴᠢᠳᠠᠪᠤᠷᠢ ᠵᠢ ᠳᠡᠭᠡᠭᠰᠢᠯᠡᠭᠦᠯᠬᠦ ᠲᠥᠷᠥᠯ ᠵᠦᠢ᠍ᠯ ᠵᠡᠷᠭᠡ ᠵᠢ ᠡᠭᠦᠷᠭᠡᠯᠡᠪᠡ᠃ ᠳᠡᠭᠡᠷ᠎ᠡ ᠶᠠᠷᠢᠭᠰᠠᠨ ᠲᠥᠷᠥᠯ ᠵᠦᠢ᠍ᠯ᠎ᠢ ᠪᠠᠢ᠌ᠭᠤᠯᠤᠨ ᠬᠡᠷᠡᠭᠵᠢᠭᠦᠯᠦᠭᠰᠡᠨ᠎ᠨᠢ ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ ᠵᠢ ᠬᠢᠨᠠᠨ ᠰᠢᠨᠵᠢᠯᠡᠬᠦ ᠬᠣᠷᠢᠶ᠎ᠠ ᠲᠣᠣᠷ᠎ᠤᠨ ᠪᠠᠢ᠌ᠷᠢᠯᠠᠭᠤᠯᠤᠯᠲᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠢᠨᠠᠨ ᠰᠢᠨᠵᠢᠯᠡᠵᠦ ᠰᠡᠷᠡᠮᠵᠢᠯᠡᠭᠦᠯᠬᠦ ᠪᠠ ᠭᠠᠵᠠᠷ ᠬᠥᠳᠡᠯᠦᠯᠲᠡ ᠵᠢᠨ ᠪᠠᠢ᠌ᠳᠠᠯ᠎ᠢ ᠬᠢᠨᠠᠨ ᠠᠵᠢᠭᠯᠠᠬᠤ ᠴᠢᠳᠠᠪᠤᠷᠢ ᠬᠢᠷᠢ ᠲᠦᠪᠰᠢᠨ᠎ᠢ ᠳᠡᠭᠡᠭᠰᠢᠯᠡᠭᠦᠯᠦᠨ ᠴᠢᠩᠭ᠋ᠠᠳᠬᠠᠭᠰᠠᠨ ᠵᠶ᠋ᠠᠷ ᠪᠠᠷᠠᠬᠤ ᠦᠭᠡᠢ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠨᠡᠩ ᠪᠦᠲᠦᠮᠵᠢᠲᠡᠢ ᠭᠠᠵᠠᠷ ᠬᠥᠳᠡᠯᠦᠯᠲᠡ ᠵᠢᠨ ᠠᠮᠤᠷ ᠲᠦᠪᠰᠢᠨ᠎ᠤ ᠦᠢ᠍ᠯᠡᠴᠢᠯᠡᠭᠡ ᠬᠠᠩᠭ᠋ᠠᠬᠤ ᠪᠣᠯᠣᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ ᠵᠢᠨ ᠭᠠᠮᠰᠢᠭ᠎ᠢ ᠰᠡᠷᠭᠡᠢ᠌ᠯᠡᠨ ᠵᠠᠰᠠᠬᠤ ᠴᠢᠳᠠᠪᠤᠷᠢ ᠪᠠ ᠭᠠᠵᠠᠷ ᠬᠥᠳᠡᠯᠦᠯᠲᠡ ᠵᠢ ᠬᠢᠨᠠᠨ ᠰᠢᠨᠵᠢᠯᠡᠵᠦ ᠰᠡᠷᠡᠮᠵᠢᠯᠡᠭᠦᠯᠬᠦ ᠴᠢᠳᠠᠪᠤᠷᠢ ᠵᠢ ᠤᠯᠠᠮ ᠨᠢᠭᠡ ᠠᠯᠬᠤᠮ ᠴᠢᠩᠭ᠋ᠠᠳᠬᠠᠬᠤ ᠵᠢᠨ ᠲᠤᠰᠠᠳᠠ᠂ ᠭᠠᠵᠠᠷ ᠬᠥᠳᠡᠯᠦᠯᠲᠡ ᠵᠢ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ 《14 · 5》᠎ᠤᠨ ᠬᠥᠭᠵᠢᠯᠲᠡ ᠵᠢᠨ ᠲᠥᠯᠥᠪᠵᠢᠭᠦᠯᠭᠡ᠎ᠲᠠᠢ ᠤᠶᠠᠯᠳᠤᠭᠤᠯᠵᠤ᠂ ᠬᠣᠷᠢᠨᠭᠡᠷ ᠰᠢᠨ᠎ᠡ ᠲᠣᠭᠣᠷᠢᠭ᠎ᠲᠤ 《ᠥᠪᠥᠷ ᠮᠣᠩᠭᠣᠯ᠎ᠤᠨ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠵᠤ ᠭᠠᠮᠰᠢᠭ᠎ᠠᠴᠠ ᠠᠪᠤᠷᠠᠬᠤ ᠲᠤᠷᠰᠢᠯᠲᠠ ᠵᠢᠨ ᠰᠠᠭᠤᠷᠢᠨ》᠎ᠤ ᠲᠥᠷᠥᠯ ᠵᠦᠢ᠍ᠯ᠎ᠢ ᠪᠠᠢ᠌ᠭᠤᠯᠬᠤ᠎ᠪᠠᠷ ᠲᠥᠯᠥᠪᠯᠡᠵᠦ ᠪᠣᠢ᠃
      ᠡᠨᠡ ᠵᠢᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ 100 ᠵᠢᠯ᠎ᠤᠨ ᠣᠢ᠂ ᠮᠥᠨ ᠴᠤ᠌ 《14 · 5》᠎ᠤᠨ ᠲᠥᠯᠥᠪᠵᠢᠭᠦᠯᠭᠡ ᠵᠢ ᠬᠡᠷᠡᠭᠵᠢᠭᠦᠯᠬᠦ ᠡᠬᠢᠯᠡᠯᠲᠡ ᠵᠢᠨ ᠵᠢᠯ ᠪᠣᠯᠣᠨ᠎ᠠ᠃ ᠰᠢ ᠵᠢᠨ ᠫᠢᠩ ᠶᠡᠷᠦᠩᠬᠡᠢ ᠱᠦᠵᠢ ᠵᠢᠭ᠋ᠠᠬᠤ᠎ᠳᠤ᠎ᠪᠠᠨ᠂ ᠪᠠᠢ᠌ᠭ᠋ᠠᠯᠢ ᠵᠢᠨ ᠭᠠᠮᠰᠢᠭ᠎ᠲᠠᠢ ᠲᠡᠮᠡᠴᠡᠬᠦ ᠪᠣᠯ ᠬᠥᠮᠥᠨ ᠲᠥᠷᠥᠯᠬᠢᠲᠡᠨ᠎ᠤ ᠣᠷᠣᠰᠢᠨ ᠬᠥᠭᠵᠢᠬᠦ ᠥᠨᠢᠳᠡ ᠵᠢᠨ ᠰᠡᠳᠦᠪ ᠪᠣᠯᠣᠨ᠎ᠠ᠃ ᠪᠢᠳᠡ ᠰᠢᠨ᠎ᠡ ᠴᠠᠭ ᠦᠶ᠎ᠡ ᠵᠢᠨ ᠭᠠᠵᠠᠷ ᠬᠥᠳᠡᠯᠦᠯᠲᠡ ᠵᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠦᠢ᠍ᠯᠡᠰ᠎ᠢ ᠪᠠᠢ᠌ᠭᠤᠯᠬᠤ ᠠᠶᠠᠨ ᠵᠠᠮ᠎ᠳᠤ᠎ᠪᠠᠨ ᠡᠷᠬᠡᠪᠰᠢ ᠨᠡᠩ ᠣᠷᠭᠢᠯᠤᠮ᠎ᠠ ᠰᠡᠳᠬᠢᠯᠭᠡ᠎ᠪᠠᠷ ᠯᠠᠪᠳᠠᠭᠤᠨ ᠪᠠᠲᠤᠲᠠᠢ ᠠᠵᠢᠯᠯᠠᠵᠤ᠂ ᠨᠡᠩ ᠪᠠᠶᠠᠯᠢᠭ ᠦᠷ᠎ᠡ ᠪᠦᠲᠦᠭᠡᠯ ᠣᠯᠵᠤ᠂ ᠰᠢᠨ᠎ᠡ ᠴᠠᠭ ᠦᠶ᠎ᠡ ᠵᠢᠨ ᠭᠠᠵᠠᠷ ᠬᠥᠳᠡᠯᠦᠯᠲᠡ ᠵᠢ ᠡᠰᠡᠷᠭᠦᠴᠡᠨ ᠭᠠᠮᠰᠢᠭ᠎ᠢ ᠪᠠᠭ᠋ᠠᠰᠬᠠᠬᠤ ᠦᠢ᠍ᠯᠡᠰ᠎ᠤᠨ ᠣᠳᠣᠬᠢᠴᠢᠯᠠᠯᠲᠠ ᠵᠢ ᠠᠬᠢᠭᠤᠯᠵᠤ᠂ ᠭᠠᠵᠠᠷ ᠬᠥᠳᠡᠯᠦᠯᠲᠡ ᠵᠢᠨ ᠭᠠᠮᠰᠢᠭ᠎ᠤᠨ ᠬᠣᠬᠢᠷᠠᠯ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠬᠤ ᠬᠡᠷᠡᠭᠲᠡᠢ ᠭᠡᠵᠡᠢ᠃
      ᠡᠨᠡ ᠬᠦ᠌ ᠲᠣᠬᠢᠶᠠᠯ ᠵᠶ᠋ᠠᠷ ᠭᠠᠵᠠᠷ ᠬᠥᠳᠡᠯᠦᠯᠲᠡ ᠵᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠠᠵᠢᠯ᠎ᠢ ᠬᠠᠷᠠᠭ᠋ᠠᠯᠵᠠᠨ ᠳᠡᠮᠵᠢᠭᠰᠡᠭᠡᠷ ᠢᠷᠡᠭᠰᠡᠨ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ ᠪᠠ ᠰᠤᠷᠪᠤᠯᠵᠢᠯᠠᠭᠴᠢ ᠨᠥᠬᠥᠳ᠎ᠲᠤ ᠳᠠᠬᠢᠨᠲᠠ ᠴᠢᠩ ᠰᠡᠳᠬᠢᠯ᠎ᠤᠨ ᠪᠠᠶᠠᠷ ᠲᠠᠯᠠᠷᠬᠠᠯ ᠵᠶ᠋ᠠᠨ ᠳᠡᠪᠰᠢᠭᠦᠯᠵᠦ ᠪᠠᠢ᠌ᠨ᠎ᠠ᠃ ᠣᠯᠠᠨ ᠵᠶ᠋ᠠᠷ ᠵᠶ᠋ᠠᠨ ᠥᠩᠭᠡᠷᠡᠭᠰᠡᠨ᠎ᠲᠠᠢ᠎ᠪᠠᠨ ᠠᠳᠠᠯᠢ᠎ᠪᠠᠷ ᠭᠠᠵᠠᠷ ᠬᠥᠳᠡᠯᠦᠯᠲᠡ ᠵᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠠᠵᠢᠯ᠎ᠢ ᠦᠷᠭᠦᠯᠵᠢᠯᠡᠨ ᠳᠡᠮᠵᠢᠬᠦ ᠵᠢ ᠬᠦᠰᠡᠵᠦ ᠪᠠᠢ᠌ᠨ᠎ᠠ!
     
      ᠥᠪᠡᠷᠲᠡᠭᠡᠨ ᠵᠠᠰᠠᠬᠤ ᠣᠷᠣᠨ᠎ᠤ ᠭᠠᠮᠰᠢᠭ᠎ᠢ ᠰᠡᠷᠭᠡᠢ᠌ᠯᠡᠨ ᠭᠠᠮᠰᠢᠭ᠎ᠠᠴᠠ ᠠᠪᠤᠷᠠᠬᠤ ᠭᠠᠷᠠᠭ᠎ᠤᠨ ᠤᠬᠠᠭᠤᠯᠭ᠎ᠠ ᠵᠢᠨ ᠠᠵᠢᠯᠯᠠᠭ᠎ᠠ ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠤᠨ ᠰᠤᠷᠪᠤᠯᠵᠢᠯᠠᠭᠴᠢ ᠵᠢᠨ ᠠᠰᠠᠭᠤᠯᠲᠠ ᠵᠢᠨ ᠬᠠᠷᠢᠭᠤᠯᠲᠠ
      ᠥᠪᠥᠷ ᠮᠣᠩᠭᠣᠯ᠎ᠤᠨ ᠡᠳᠦᠷ᠎ᠤᠨ ᠰᠣᠨᠢᠨ᠄ ᠮᠢᠨᠤ ᠣᠢ᠌ᠯᠠᠭ᠋ᠠᠭᠰᠠᠨ ᠵᠶ᠋ᠠᠷ ᠡᠨᠡ ᠵᠢᠯ ᠪᠣᠯ ᠠᠷᠪᠠᠨ ᠭᠤᠷᠪᠠᠳᠠᠬᠢ ᠪᠦᠬᠦ ᠤᠯᠤᠰ᠎ᠤᠨ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠡᠳᠦᠷ ᠪᠠᠢ᠌ᠵᠤ᠂ ᠭᠣᠣᠯ ᠰᠡᠳᠦᠪ᠎ᠨᠢ 《ᠭᠠᠮᠰᠢᠭ᠎ᠤᠨ ᠲᠦᠭᠰᠢᠭᠦᠷᠢ ᠵᠢ ᠰᠡᠷᠭᠡᠢ᠌ᠯᠡᠨ ᠨᠠᠮᠳᠠᠭ᠋ᠠᠵᠤ᠂ ᠠᠮᠤᠷ ᠲᠦᠪᠰᠢᠨ ᠬᠥᠭᠵᠢᠯᠲᠡ ᠵᠢᠨ ᠰᠠᠭᠤᠷᠢ ᠵᠢ ᠪᠠᠲᠤ ᠴᠣᠭᠴᠠᠯᠠᠶ᠎ᠠ》 ᠪᠣᠯᠣᠨ᠎ᠠ᠃ ᠲᠡᠭᠡᠪᠡᠯ ᠡᠨᠡ ᠵᠢᠯ᠎ᠤᠨ ᠭᠠᠮᠰᠢᠭ᠎ᠢ ᠰᠡᠷᠭᠡᠢ᠌ᠯᠡᠬᠦ ᠡᠳᠦᠷ᠎ᠲᠤ ᠶᠠᠮᠠᠷ ᠶᠠᠮᠠᠷ ᠤᠬᠠᠭᠤᠯᠭ᠎ᠠ ᠵᠢᠨ ᠠᠵᠢᠯᠯᠠᠭ᠎ᠠ ᠪᠠᠢ᠌ᠬᠤ     ᠪᠣᠢ?
      ᠢᠦᠢ ᠵᠢᠶᠦ᠋ᠨ ᠶᠦᠩ᠄ ᠡᠨᠡ ᠵᠢᠯ᠎ᠤᠨ 5 ᠳ᠋ᠤᠭ᠋ᠠᠷ ᠰᠠᠷ᠎ᠠ ᠵᠢᠨ 12᠎ᠤᠨ ᠡᠳᠦᠷ ᠪᠣᠯ ᠮᠠᠨ᠎ᠤ ᠤᠯᠤᠰ᠎ᠤᠨ ᠠᠷᠪᠠᠨ ᠭᠤᠷᠪᠠᠳᠠᠬᠢ ᠪᠦᠬᠦ ᠤᠯᠤᠰ᠎ᠤᠨ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠡᠳᠦᠷ ᠪᠠᠢ᠌ᠵᠤ᠂ ᠭᠣᠣᠯ ᠰᠡᠳᠦᠪ᠎ᠨᠢ 《ᠭᠠᠮᠰᠢᠭ᠎ᠤᠨ ᠲᠦᠭᠰᠢᠭᠦᠷᠢ ᠵᠢ ᠰᠡᠷᠭᠡᠢ᠌ᠯᠡᠨ ᠨᠠᠮᠳᠠᠭ᠋ᠠᠵᠤ᠂ ᠠᠮᠤᠷ ᠲᠦᠪᠰᠢᠨ ᠬᠥᠭᠵᠢᠯᠲᠡ ᠵᠢᠨ ᠰᠠᠭᠤᠷᠢ ᠵᠢ ᠪᠠᠲᠤ ᠴᠣᠭᠴᠠᠯᠠᠶ᠎ᠠ》 ᠪᠣᠯᠣᠨ᠎ᠠ᠃ 5 ᠳ᠋ᠤᠭ᠋ᠠᠷ ᠰᠠᠷ᠎ᠠ ᠵᠢᠨ 8᠎ᠤ ᠡᠳᠦᠷ᠎ᠠᠴᠠ 14᠎ᠤ ᠡᠳᠦᠷ ᠪᠣᠯᠲᠠᠯ᠎ᠠ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠤᠬᠠᠭᠤᠯᠭ᠎ᠠ ᠵᠢᠨ ᠭᠠᠷᠠᠭ ᠪᠣᠯᠣᠨ᠎ᠠ᠃ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠵᠤ ᠭᠠᠮᠰᠢᠭ᠎ᠠᠴᠠ ᠠᠪᠤᠷᠠᠬᠤ ᠲᠤᠬᠠᠢ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠥᠭᠦᠯᠡᠯᠲᠡ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠭᠠᠮᠰᠢᠭ᠎ᠢ ᠪᠠᠭ᠋ᠠᠰᠬᠠᠬᠤ ᠵᠥᠪᠯᠡᠯ᠎ᠤᠨ ᠠᠯᠪᠠᠨ ᠭᠡᠷ᠎ᠠᠴᠠ ᠡᠨᠡ ᠵᠢᠯ᠎ᠤᠨ ᠪᠦᠬᠦ ᠤᠯᠤᠰ᠎ᠤᠨ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠡᠳᠦᠷ᠎ᠤᠨ ᠡᠯ᠎ᠡ ᠵᠦᠢ᠍ᠯ᠎ᠤᠨ ᠠᠵᠢᠯ᠎ᠢ ᠰᠠᠢ᠌ᠲᠤᠷ ᠬᠢᠵᠦ᠂ ᠤᠯᠤᠰ᠎ᠤᠨ ᠭᠠᠮᠰᠢᠭ᠎ᠢ ᠪᠠᠭ᠋ᠠᠰᠬᠠᠬᠤ ᠵᠥᠪᠯᠡᠯ᠎ᠤᠨ ᠠᠯᠪᠠᠨ ᠭᠡᠷ᠎ᠤᠨ ᠱᠠᠭ᠋ᠠᠷᠳᠠᠯᠭ᠎ᠠ ᠵᠢ ᠦᠨᠳᠦᠰᠦᠯᠡᠨ᠂ 6 ᠲᠠᠯ᠎ᠠ᠎ᠪᠠᠷ ᠪᠦᠬᠦ ᠣᠷᠣᠨ᠎ᠤ ᠬᠠᠮᠢᠶ᠎ᠠ ᠪᠦᠬᠦᠢ ᠠᠵᠢᠯ᠎ᠳᠤ ᠲᠣᠬᠢᠷᠠᠭᠤᠯᠤᠯᠲᠠ ᠪᠠᠢ᠌ᠷᠢᠯᠠᠭᠤᠯᠤᠯᠲᠠ ᠬᠢᠪᠡ᠃ ᠨᠢᠭᠡ᠎ᠳᠤ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠨ᠂ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠡᠳᠦᠷ᠎ᠤᠨ ᠭᠣᠣᠯ ᠰᠡᠳᠦᠪ᠎ᠢ ᠲᠣᠪᠣᠢ᠌ᠯᠭ᠋ᠠᠵᠤ᠂ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠠᠵᠢᠯᠯᠠᠭ᠎ᠠ ᠵᠢ ᠯᠠᠪᠳᠠᠭᠤᠨ ᠪᠠᠲᠤᠲᠠᠢ ᠥᠷᠨᠢᠭᠦᠯᠦᠨ᠎ᠡ; ᠬᠣᠶᠠᠷ᠎ᠲᠤ᠂ ᠤᠬᠠᠭᠤᠯᠭ᠎ᠠ ᠬᠥᠮᠥᠵᠢᠯ᠎ᠤᠨ ᠬᠡᠯᠪᠡᠷᠢ ᠵᠢ ᠪᠠᠶᠠᠯᠢᠭᠵᠢᠭᠤᠯᠤᠨ᠂ ᠤᠬᠠᠭᠤᠯᠭ᠎ᠠ ᠵᠢᠨ ᠡᠷᠴᠢᠮ᠎ᠢ ᠴᠢᠩᠭ᠋ᠠᠷᠠᠭᠤᠯᠵᠤ᠂ ᠪᠦᠬᠦ ᠠᠷᠠᠳ᠎ᠤᠨ ᠭᠠᠮᠰᠢᠭ᠎ᠤᠨ ᠲᠦᠭᠰᠢᠭᠦᠷᠢ ᠵᠢ ᠰᠡᠷᠭᠡᠢ᠌ᠯᠡᠬᠦ ᠤᠬᠠᠮᠰᠠᠷ ᠪᠠ ᠴᠢᠳᠠᠪᠤᠷᠢ ᠵᠢ ᠳᠡᠭᠡᠭᠰᠢᠯᠡᠭᠦᠯᠦᠨ᠎ᠡ; ᠭᠤᠷᠪᠠ᠎ᠳᠤ᠂ ᠲᠦᠭᠰᠢᠭᠦᠷᠢ ᠵᠢ ᠡᠬᠢ ᠢᠷᠡᠯᠲᠡ᠎ᠠᠴᠠ᠎ᠨᠢ ᠬᠠᠮᠢᠶᠠᠷᠤᠨ ᠡᠵᠡᠮᠳᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠭᠠᠮᠰᠢᠭ᠎ᠤᠨ ᠲᠦᠭᠰᠢᠭᠦᠷᠢ ᠳᠠᠯᠳᠠ ᠭᠡᠮ᠎ᠢ ᠢᠯᠭ᠋ᠠᠨ ᠪᠠᠢ᠌ᠴᠠᠭ᠋ᠠᠵᠤ ᠵᠠᠰᠠᠯᠲᠠ ᠬᠢᠬᠦ ᠵᠢ ᠥᠷᠨᠢᠭᠦᠯᠦᠨ᠎ᠡ; ᠳᠥᠷᠪᠡ᠎ᠳᠤ᠂ ᠭᠣᠣᠯᠳᠠᠯᠭ᠎ᠠ᠎ᠲᠠᠢ ᠢᠨᠵᠧᠨᠧᠷᠢᠩ᠎ᠤᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠲᠦᠭᠰᠢᠭᠦᠷᠢ ᠵᠢ ᠬᠢᠨᠠᠨ ᠰᠢᠨᠵᠢᠯᠡᠵᠦ ᠰᠡᠷᠡᠮᠵᠢᠯᠡᠭᠦᠯᠬᠦ ᠵᠢ ᠴᠢᠩᠭ᠋ᠠᠷᠠᠭᠤᠯᠵᠤ᠂ ᠠᠮᠤᠷ ᠲᠦᠪᠰᠢᠨ ᠬᠥᠭᠵᠢᠯᠲᠡ ᠵᠢᠨ ᠰᠠᠭᠤᠷᠢ ᠵᠢ ᠪᠠᠲᠤ ᠴᠣᠭᠴᠠᠯᠠᠨ᠎ᠠ; ᠲᠠᠪᠤ᠎ᠳᠤ᠂ ᠭᠠᠮᠰᠢᠭ᠎ᠢ ᠠᠷᠭ᠋ᠠᠴᠠᠭ᠋ᠠᠬᠤ ᠠᠷᠭ᠎ᠠ ᠬᠡᠮᠵᠢᠶ᠎ᠡ ᠵᠢ ᠲᠣᠭᠲᠠᠭ᠋ᠠᠨ ᠲᠡᠭᠦᠯᠳᠡᠷᠵᠢᠭᠦᠯᠵᠦ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ᠎ᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠡᠯ᠎ᠡ ᠵᠦᠢ᠍ᠯ᠎ᠤᠨ ᠭᠠᠮᠰᠢᠭ᠎ᠢ ᠬᠦᠴᠦᠨ᠎ᠲᠠᠢ ᠪᠥᠭᠡᠳ ᠳᠡᠰ ᠳᠠᠷᠠᠭ᠋ᠠᠯᠠᠯ᠎ᠲᠠᠢ᠎ᠪᠠᠷ ᠪᠦᠲᠦᠮᠵᠢᠲᠡᠢ ᠠᠷᠭ᠋ᠠᠴᠠᠭ᠋ᠠᠨ᠎ᠠ; ᠵᠢᠷᠭᠤᠭ᠎ᠠ᠎ᠳᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠪ᠎ᠢ ᠵᠠᠰᠠᠨ ᠲᠡᠭᠦᠯᠳᠡᠷᠵᠢᠭᠦᠯᠵᠦ᠂ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠵᠤ ᠭᠠᠮᠰᠢᠭ᠎ᠠᠴᠠ ᠠᠪᠤᠷᠠᠬᠤ ᠰᠣᠷᠢᠯᠲᠠ ᠵᠢ ᠥᠷᠭᠡᠨ ᠳᠡᠯᠭᠡᠷ ᠥᠷᠨᠢᠭᠦᠯᠦᠨ᠎ᠡ᠃
     5 ᠳ᠋ᠤᠭ᠋ᠠᠷ ᠰᠠᠷ᠎ᠠ ᠵᠢᠨ 12᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠭᠠᠮᠰᠢᠭ᠎ᠢ ᠪᠠᠭ᠋ᠠᠰᠬᠠᠬᠤ ᠵᠥᠪᠯᠡᠯ᠎ᠤᠨ ᠠᠯᠪᠠᠨ ᠭᠡᠷ᠎ᠠᠴᠠ ᠬᠢᠩᠭ᠋ᠠᠨ ᠠᠢ᠌ᠮᠠᠭ᠎ᠤᠨ ᠭᠠᠮᠰᠢᠭ᠎ᠢ ᠪᠠᠭ᠋ᠠᠰᠬᠠᠬᠤ ᠵᠥᠪᠯᠡᠯ᠎ᠲᠠᠢ ᠬᠣᠯᠪᠣᠭ᠋ᠠᠯᠠᠨ ᠤᠯᠠᠭ᠋ᠠᠨᠬᠣᠲᠠ᠎ᠳᠤ ᠪᠦᠬᠦ ᠣᠷᠣᠨ᠎ᠤ 2021 ᠣᠨ᠎ᠤ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠤᠬᠠᠭᠤᠯᠭ᠎ᠠ ᠵᠢᠨ ᠭᠠᠷᠠᠭ᠎ᠤᠨ ᠤᠬᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠪᠡ᠃ ᠡᠭᠦᠨ᠎ᠳᠤ 《ᠭᠠᠮᠰᠢᠭ᠎ᠤᠨ ᠲᠦᠭᠰᠢᠭᠦᠷᠢ ᠵᠢ ᠰᠡᠷᠭᠡᠢ᠌ᠯᠡᠨ ᠨᠠᠮᠳᠠᠭ᠋ᠠᠵᠤ᠂ ᠠᠮᠤᠷ ᠲᠦᠪᠰᠢᠨ ᠬᠥᠭᠵᠢᠯᠲᠡ ᠵᠢᠨ ᠰᠠᠭᠤᠷᠢ ᠵᠢ ᠪᠠᠲᠤ ᠴᠣᠭᠴᠠᠯᠠᠶ᠎ᠠ》 ᠭᠡᠬᠦ ᠭᠣᠣᠯ ᠰᠡᠳᠦᠪ᠎ᠤᠨ ᠲᠣᠭᠣᠷᠢᠨ᠎ᠳᠤ ᠴᠢᠩᠭ᠎ᠠ ᠨᠢᠭᠲᠠᠷᠠᠵᠤ᠂ ᠤᠬᠠᠭᠤᠯᠭ᠎ᠠ ᠲᠠᠢ᠌ᠯᠤᠮᠵᠢ ᠬᠢᠬᠦ ᠵᠢ ᠴᠢᠩᠭ᠋ᠠᠷᠠᠭᠤᠯᠤᠨ᠂ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠤᠬᠠᠭᠤᠯᠭ᠎ᠠ ᠵᠢᠨ ᠭᠠᠷ ᠠᠪᠤᠯᠭ᠎ᠠ ᠵᠢ ᠨᠠᠢ᠌ᠷᠠᠭᠤᠯᠤᠨ ᠵᠣᠬᠢᠶᠠᠬᠤ ᠪᠠ ᠳᠠᠷᠤᠮᠠᠯᠯᠠᠨ ᠲᠠᠷᠬᠠᠭ᠋ᠠᠵᠤ᠂ ᠤᠬᠠᠭᠤᠯᠭ᠎ᠠ ᠵᠢᠨ ᠬᠣᠷᠢᠶ᠎ᠠ ᠲᠣᠬᠢᠷᠠᠭᠤᠯᠤᠨ᠂ ᠤᠬᠠᠭᠤᠯᠭ᠎ᠠ ᠵᠢᠨ ᠦᠵᠡᠭᠦᠯᠭᠡ ᠵᠢᠨ ᠰᠠᠮᠪᠠᠷ᠎ᠠ ᠤᠭᠰᠠᠷᠠᠵᠤ᠂ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠵᠤ ᠭᠠᠮᠰᠢᠭ᠎ᠠᠴᠠ ᠠᠪᠤᠷᠠᠬᠤ ᠪᠡᠯᠡᠳᠬᠡᠮᠵᠢ ᠲᠣᠨᠣᠭᠯᠠᠯ᠎ᠤᠨ ᠳᠡᠯᠭᠡᠨ ᠦᠵᠡᠭᠦᠯᠭᠡ ᠵᠢ ᠥᠷᠨᠢᠭᠦᠯᠵᠦ᠂ ᠠᠪᠤᠷᠠᠨ ᠲᠤᠰᠠᠯᠠᠬᠤ ᠬᠢᠭᠡᠳ ᠪᠠᠴᠢᠮ ᠠᠪᠤᠷᠠᠯᠲᠠ ᠬᠢᠬᠦ ᠮᠡᠳᠡᠯᠭᠡ ᠵᠢᠨ ᠪᠣᠳᠠᠲᠠᠢ᠎ᠪᠠᠷ ᠠᠵᠢᠯᠯᠠᠭᠤᠯᠬᠤ ᠰᠣᠷᠢᠯᠲᠠ ᠪᠠ ᠭᠠᠵᠠᠷ ᠬᠥᠳᠡᠯᠦᠯᠲᠡ ᠵᠢᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠰᠣᠷᠢᠯᠲᠠ ᠬᠢᠵᠡᠢ᠃
     5 ᠳ᠋ᠤᠭ᠋ᠠᠷ ᠰᠠᠷ᠎ᠠ ᠵᠢᠨ 10 — 11᠎ᠤ ᠡᠳᠦᠷ ᠳᠤᠮᠳᠠᠳᠤ ᠤᠯᠤᠰ᠎ᠤᠨ ᠭᠠᠵᠠᠷ ᠬᠥᠳᠡᠯᠦᠯᠲᠡ ᠵᠢᠨ ᠲᠣᠪᠴᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ ᠵᠢᠨ ᠲᠣᠪᠴᠢᠶ᠎ᠠ ᠵᠡᠷᠭᠡ ᠵᠢᠷᠭᠤᠭ᠋ᠠᠨ ᠭᠠᠵᠠᠷ ᠬᠥᠳᠡᠯᠦᠯᠲᠡ ᠵᠢᠨ ᠲᠣᠪᠴᠢᠶ᠎ᠠ ᠬᠠᠮᠲᠤ᠎ᠪᠠᠷ ᠭᠣᠣᠯᠯᠠᠨ ᠡᠷᠬᠢᠯᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ ᠵᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠰᠢᠨᠵᠢᠯᠡᠬᠦ ᠤᠬᠠᠭ᠋ᠠᠨ᠎ᠤ ᠮᠡᠳᠡᠯᠭᠡ ᠵᠢ ᠲᠦᠭᠡᠮᠡᠯᠵᠢᠭᠦᠯᠬᠦ ᠬᠥᠮᠥᠵᠢᠯ᠎ᠤᠨ ᠰᠠᠭᠤᠷᠢᠨ ᠵᠡᠷᠭᠡ ᠭᠠᠵᠠᠷ ᠬᠥᠳᠡᠯᠦᠯᠲᠡ ᠵᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠰᠢᠨᠵᠢᠯᠡᠬᠦ ᠤᠬᠠᠭ᠋ᠠᠨ᠎ᠤ ᠮᠡᠳᠡᠯᠭᠡ ᠵᠢ ᠲᠦᠭᠡᠮᠡᠯᠵᠢᠭᠦᠯᠬᠦ 7 ᠲᠠᠯᠠᠪᠠᠢ ᠣᠷᠳᠣᠨ᠎ᠠᠴᠠ ᠳᠠᠭ᠋ᠠᠭ᠋ᠠᠨ ᠭᠦᠢ᠍ᠴᠡᠳᠬᠡᠭᠰᠡᠨ ᠪᠦᠬᠦ ᠤᠯᠤᠰ᠎ᠤᠨ ᠤᠯᠤᠰ᠎ᠤᠨ ᠳᠡᠰ᠎ᠤᠨ 8 ᠭᠠᠵᠠᠷ ᠬᠥᠳᠡᠯᠦᠯᠲᠡ ᠵᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠰᠢᠨᠵᠢᠯᠡᠬᠦ ᠤᠬᠠᠭ᠋ᠠᠨ᠎ᠤ ᠮᠡᠳᠡᠯᠭᠡ ᠵᠢ ᠲᠦᠭᠡᠮᠡᠯᠵᠢᠭᠦᠯᠬᠦ ᠬᠥᠮᠥᠵᠢᠯ᠎ᠤᠨ ᠰᠠᠭᠤᠷᠢᠨ ᠣᠷᠣᠯᠴᠠᠭᠰᠠᠨ ᠳᠤᠮᠳᠠᠳᠤ ᠤᠯᠤᠰ᠎ᠤᠨ ᠭᠠᠵᠠᠷ ᠬᠥᠳᠡᠯᠦᠯᠲᠡ ᠵᠢᠨ ᠲᠣᠪᠴᠢᠶ᠎ᠠ ᠵᠢᠨ 《ᠭᠠᠵᠠᠷ ᠬᠥᠳᠡᠯᠦᠯᠲᠡ ᠵᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠰᠢᠨᠵᠢᠯᠡᠬᠦ ᠤᠬᠠᠭ᠋ᠠᠨ᠎ᠤ ᠮᠡᠳᠡᠯᠭᠡ ᠵᠢ ᠲᠦᠭᠡᠮᠡᠯᠵᠢᠭᠦᠯᠬᠦ ᠣᠷᠳᠣᠨ᠎ᠤ ᠡᠭᠦᠯᠡᠨ ᠲᠣᠭᠣᠷᠢᠯᠲᠠ》 ᠵᠢᠨ ᠰᠢᠭᠤᠳ ᠨᠡᠪᠲᠡᠷᠡᠭᠦᠯᠭᠡ ᠵᠢᠨ ᠠᠵᠢᠯᠯᠠᠭ᠎ᠠ᠎ᠳᠤ 《ᠭᠠᠵᠠᠷ ᠬᠥᠳᠡᠯᠦᠯᠲᠡ᠎ᠲᠠᠢ ᠣᠢ᠌ᠷᠠᠲᠤᠨ ᠣᠢ᠌ᠯᠠᠭ᠋ᠠᠵᠤ᠂ ᠲᠦᠭᠰᠢᠭᠦᠷᠢ᠎ᠠᠴᠠ ᠵᠠᠢ᠌ᠯᠠᠬᠤ》᠎ᠪᠠᠷ ᠭᠣᠣᠯ ᠰᠡᠳᠦᠪ ᠪᠣᠯᠭ᠋ᠠᠭᠰᠠᠨ     《ᠭᠠᠵᠠᠷ ᠬᠥᠳᠡᠯᠦᠯᠲᠡ ᠵᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠰᠢᠨᠵᠢᠯᠡᠬᠦ ᠤᠬᠠᠭ᠋ᠠᠨ᠎ᠤ ᠮᠡᠳᠡᠯᠭᠡ ᠵᠢ ᠲᠦᠭᠡᠮᠡᠯᠵᠢᠭᠦᠯᠬᠦ ᠣᠷᠳᠣᠨ᠎ᠤ ᠡᠭᠦᠯᠡᠨ ᠲᠣᠭᠣᠷᠢᠯᠲᠠ》 ᠵᠢ ᠡᠷᠬᠢᠯᠡᠵᠦ᠂ ᠲᠤᠰ ᠠᠵᠢᠯᠯᠠᠭ᠎ᠠ ᠵᠢ ᠪᠢᠴᠢᠯ ᠪᠦᠷᠭᠡ ᠵᠡᠷᠭᠡ ᠰᠢᠨ᠎ᠡ ᠵᠠᠭᠤᠴᠢᠯᠠᠭᠤᠷ᠎ᠤᠨ ᠳᠠᠩᠰᠠᠨ ᠳ᠋ᠤᠭ᠋ᠠᠷ ᠵᠶ᠋ᠠᠷ ᠵᠡᠷᠭᠡ᠎ᠳᠤ᠎ᠨᠢ ᠰᠢᠭᠤᠳ ᠨᠡᠪᠲᠡᠷᠡᠭᠦᠯᠭᠡ ᠬᠢᠪᠡ᠃ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠣᠨᠣᠯᠵᠢᠬᠤᠨ ᠪᠠ ᠭᠠᠵᠠᠷ ᠬᠥᠳᠡᠯᠦᠯᠲᠡ ᠵᠢ ᠡᠰᠡᠷᠭᠦᠴᠡᠨ ᠭᠠᠮᠰᠢᠭ᠎ᠠᠴᠠ ᠠᠪᠤᠷᠠᠬᠤ ᠵᠣᠷᠢᠭ ᠰᠠᠨᠠᠭ᠎ᠠ ᠵᠢ ᠶᠡᠬᠡ᠎ᠪᠠᠷ ᠤᠬᠠᠭᠤᠯᠤᠨ ᠪᠠᠳᠠᠷᠠᠭᠤᠯᠵᠤ᠂ ᠣᠯᠠᠨ ᠵᠦᠢ᠍ᠯ᠎ᠤᠨ ᠬᠡᠯᠪᠡᠷᠢ᠎ᠪᠠᠷ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠮᠡᠳᠡᠯᠭᠡ ᠪᠠ ᠮᠡᠷᠭᠡᠵᠢᠯ ᠴᠢᠳᠠᠪᠤᠷᠢ ᠵᠢ ᠲᠦᠭᠡᠮᠡᠯᠵᠢᠭᠦᠯᠪᠡ᠃
      ᠥᠪᠥᠷ ᠮᠣᠩᠭᠣᠯ᠎ᠤᠨ ᠲᠧᠯᠸᠢᠰ ᠬᠣᠷᠢᠶ᠎ᠠ᠄ ᠪᠦᠬᠦ ᠤᠯᠤᠰ᠎ᠤᠨ ᠪᠠᠢ᠌ᠭ᠋ᠠᠯᠢ ᠵᠢᠨ ᠭᠠᠮᠰᠢᠭ᠎ᠤᠨ ᠶᠡᠷᠦᠩᠬᠡᠢ᠌ᠯᠡᠭᠰᠡᠨ ᠲᠦᠭᠰᠢᠭᠦᠷᠢ᠎ᠳᠤ ᠨᠡᠢ᠌ᠳᠡᠮ ᠪᠠᠢ᠌ᠴᠠᠭ᠋ᠠᠯᠲᠠ ᠬᠢᠬᠦ ᠠᠵᠢᠯ᠎ᠤᠨ ᠪᠣᠳᠠᠲᠠᠢ ᠠᠭᠤᠯᠭ᠎ᠠ᠎ᠨᠢ ᠶᠠᠭᠤ ᠪᠣᠢ?
      ᠢᠦᠢ ᠶᠦᠩ ᠵᠢᠶᠦ᠋ᠨ᠄ ᠠᠩᠬᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠪᠠᠢ᠌ᠭ᠋ᠠᠯᠢ ᠵᠢᠨ ᠭᠠᠮᠰᠢᠭ᠎ᠤᠨ ᠶᠡᠷᠦᠩᠬᠡᠢ᠌ᠯᠡᠭᠰᠡᠨ ᠲᠦᠭᠰᠢᠭᠦᠷᠢ ᠵᠢᠨ ᠨᠡᠢ᠌ᠳᠡᠮ ᠪᠠᠢ᠌ᠴᠠᠭ᠋ᠠᠯᠲᠠ ᠪᠣᠯ ᠤᠯᠤᠰ᠎ᠤᠨ ᠪᠠᠢ᠌ᠳᠠᠯ ᠤᠯᠤᠰ᠎ᠤᠨ ᠬᠦᠴᠦᠨ᠎ᠤ ᠨᠢᠭᠡ ᠵᠦᠢ᠍ᠯ᠎ᠤᠨ ᠴᠢᠬᠤᠯᠠ ᠶᠡᠬᠡ ᠪᠠᠢ᠌ᠴᠠᠭ᠋ᠠᠯᠲᠠ᠂ ᠮᠥᠨ ᠴᠤ᠌ ᠪᠠᠢ᠌ᠭ᠋ᠠᠯᠢ ᠵᠢᠨ ᠭᠠᠮᠰᠢᠭ᠎ᠢ ᠰᠡᠷᠭᠡᠢ᠌ᠯᠡᠨ ᠵᠠᠰᠠᠬᠤ ᠴᠢᠳᠠᠪᠤᠷᠢ ᠵᠢ ᠳᠡᠭᠡᠭᠰᠢᠯᠡᠭᠦᠯᠬᠦ ᠰᠠᠭᠤᠷᠢ ᠴᠢᠨᠠᠷᠲᠠᠢ ᠠᠵᠢᠯ ᠪᠣᠯᠣᠨ᠎ᠠ᠃ ᠨᠡᠢ᠌ᠳᠡᠮ ᠪᠠᠢ᠌ᠴᠠᠭ᠋ᠠᠯᠲᠠ ᠵᠢᠨ ᠠᠵᠢᠯ᠎ᠢ ᠥᠷᠨᠢᠭᠦᠯᠬᠦ᠎ᠪᠠᠷ ᠳᠠᠮᠵᠢᠭᠤᠯᠤᠨ᠂ ᠪᠦᠬᠦ ᠤᠯᠤᠰ᠎ᠤᠨ ᠪᠠᠢ᠌ᠭ᠋ᠠᠯᠢ ᠵᠢᠨ ᠭᠠᠮᠰᠢᠭ᠎ᠤᠨ ᠲᠦᠭᠰᠢᠭᠦᠷᠢ ᠪᠠ ᠳᠠᠯᠳᠠ ᠭᠡᠮ᠎ᠤᠨ ᠰᠠᠭᠤᠷᠢ ᠲᠣᠭ᠎ᠠ ᠵᠢ ᠣᠢ᠌ᠯᠠᠭ᠋ᠠᠨ ᠲᠣᠳᠣᠯᠠᠵᠤ᠂ ᠭᠣᠣᠯᠳᠠᠯᠭ᠎ᠠ᠎ᠲᠠᠢ ᠭᠠᠵᠠᠷ ᠣᠷᠣᠨ᠎ᠤ ᠭᠠᠮᠰᠢᠭ᠎ᠢ ᠪᠠᠭ᠋ᠠᠰᠬᠠᠬᠤ ᠴᠢᠳᠠᠪᠤᠷᠢ ᠵᠢ ᠪᠠᠢ᠌ᠴᠠᠭ᠋ᠠᠨ ᠲᠣᠳᠣᠷᠬᠠᠢ᠌ᠯᠠᠵᠤ᠂ ᠪᠦᠬᠦ ᠣᠷᠣᠨ᠎ᠤ ᠪᠠᠢ᠌ᠭ᠋ᠠᠯᠢ ᠵᠢᠨ ᠭᠠᠮᠰᠢᠭ᠎ᠤᠨ ᠶᠡᠷᠦᠩᠬᠡᠢ᠌ᠯᠡᠭᠰᠡᠨ ᠲᠦᠭᠰᠢᠭᠦᠷᠢ ᠵᠢᠨ ᠬᠢᠷᠢ ᠬᠡᠮᠵᠢᠶ᠎ᠡ ᠵᠢ ᠪᠤᠰᠤᠳᠴᠢ᠎ᠪᠠᠷ ᠲᠠᠨᠢᠬᠤ᠎ᠨᠢ ᠮᠠᠨ᠎ᠤ ᠣᠷᠣᠨ᠎ᠤ ᠪᠠᠢ᠌ᠭ᠋ᠠᠯᠢ ᠵᠢᠨ ᠭᠠᠮᠰᠢᠭ᠎ᠢ ᠰᠡᠷᠭᠡᠢ᠌ᠯᠡᠨ ᠵᠠᠰᠠᠬᠤ ᠪᠠ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠠᠵᠢᠯ᠎ᠢ ᠰᠢᠨᠵᠢᠯᠡᠬᠦ ᠤᠬᠠᠭ᠋ᠠᠴᠢ ᠪᠥᠭᠡᠳ ᠪᠦᠲᠦᠮᠵᠢᠲᠡᠢ ᠥᠷᠨᠢᠭᠦᠯᠵᠦ᠂ ᠠᠵᠤ ᠠᠬᠤᠢ ᠨᠡᠢ᠌ᠭᠡᠮ᠎ᠤᠨ ᠦᠷᠭᠦᠯᠵᠢᠯᠡᠬᠦᠢ᠌ᠴᠡ ᠬᠥᠭᠵᠢᠯᠲᠡ ᠵᠢ ᠦᠨᠡᠨ ᠬᠦ᠌ ᠪᠠᠲᠤᠯᠠᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃
      ᠨᠡᠢ᠌ᠳᠡᠮ ᠪᠠᠢ᠌ᠴᠠᠭ᠋ᠠᠯᠲᠠ ᠵᠢᠨ ᠡᠲᠡᠭᠡᠳ᠎ᠨᠢ ᠪᠠᠢ᠌ᠭ᠋ᠠᠯᠢ ᠵᠢᠨ ᠭᠠᠮᠰᠢᠭ᠎ᠲᠠᠢ ᠬᠠᠮᠢᠶ᠎ᠠ ᠪᠦᠬᠦᠢ ᠪᠠᠢ᠌ᠭ᠋ᠠᠯᠢ ᠪᠠ ᠬᠥᠮᠥᠨ ᠰᠣᠶᠣᠯ ᠭᠠᠵᠠᠷ ᠵᠦᠢ ᠵᠢᠨ ᠴᠢᠬᠤᠯᠠ ᠬᠦᠴᠦᠨ ᠵᠦᠢ᠍ᠯ᠂ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ ᠪᠠ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠂ ᠲᠣᠰᠬᠤᠨ᠎ᠤ ᠠᠷᠠᠳ᠎ᠤᠨ ᠵᠥᠪᠯᠡᠯ ᠪᠠ ᠰᠠᠭᠤᠭ᠋ᠠᠯᠢ ᠠᠷᠠᠳ᠎ᠤᠨ ᠵᠥᠪᠯᠡᠯ᠂ ᠭᠣᠣᠯᠳᠠᠯᠭ᠎ᠠ᠎ᠲᠠᠢ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠪᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠬᠡᠰᠡᠭ ᠰᠠᠭᠤᠭ᠋ᠠᠯᠢ ᠠᠷᠠᠳ ᠵᠡᠷᠭᠡ ᠵᠢ ᠪᠠᠭᠲᠠᠭ᠋ᠠᠵᠤ᠂ ᠨᠡᠢ᠌ᠳᠡᠮ ᠪᠠᠢ᠌ᠴᠠᠭ᠋ᠠᠯᠲᠠ᠎ᠨᠢ ᠪᠦᠬᠦ ᠣᠷᠣᠨ᠎ᠢ ᠬᠠᠮᠤᠷᠴᠤ ᠪᠠᠢ᠌ᠳᠠᠭ᠃
      ᠨᠡᠢ᠌ᠳᠡᠮ ᠪᠠᠢ᠌ᠴᠠᠭ᠋ᠠᠯᠲᠠ ᠵᠢᠨ ᠡᠭᠦᠷᠭᠡ ᠪᠠ ᠠᠭᠤᠯᠭ᠎ᠠ᠄ ᠨᠢᠭᠡ᠎ᠳᠤ᠂ ᠭᠠᠮᠰᠢᠭ᠎ᠢ ᠡᠭᠦᠰᠬᠡᠬᠦ ᠭᠣᠣᠯ ᠨᠥᠬᠥᠴᠡᠯ᠎ᠤᠨ ᠪᠠᠢ᠌ᠴᠠᠭ᠋ᠠᠯᠲᠠ ᠬᠢᠭᠡᠳ ᠦᠨᠡᠯᠡᠨ ᠵᠢᠱ᠌ᠢᠯᠲᠡ ᠵᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ ᠵᠢᠨ ᠭᠠᠮᠰᠢᠭ᠂ ᠭᠧᠣᠯᠣᠭᠢ ᠵᠢᠨ ᠭᠠᠮᠰᠢᠭ᠂ ᠴᠠᠭ ᠠᠭᠤᠷ᠎ᠤᠨ ᠭᠠᠮᠰᠢᠭ᠂ ᠦᠶᠡᠷ ᠤᠰᠤᠲᠠᠯ ᠭᠠᠩ ᠬᠠᠭᠰᠠᠷᠠᠭ᠋ᠠᠨ᠎ᠤ ᠭᠠᠮᠰᠢᠭ᠂ ᠣᠢ ᠰᠢᠭᠤᠢ ᠪᠠ ᠨᠤᠲᠤᠭ ᠪᠡᠯᠴᠢᠭᠡᠷ᠎ᠤᠨ ᠭᠠᠯ᠎ᠤᠨ ᠭᠠᠮᠰᠢᠭ ᠵᠡᠷᠭᠡ ᠪᠠᠢ᠌ᠭ᠋ᠠᠯᠢ ᠵᠢᠨ ᠭᠠᠮᠰᠢᠭ᠎ᠤᠨ ᠲᠦᠭᠰᠢᠭᠦᠷᠢ ᠵᠢᠨ ᠴᠢᠬᠤᠯᠠ ᠬᠦᠴᠦᠨ ᠵᠦᠢ᠍ᠯ᠎ᠤᠨ ᠮᠡᠳᠡᠭᠡ ᠵᠠᠩᠭᠢ᠎ᠳᠤ ᠪᠦᠬᠦ ᠲᠠᠯ᠎ᠠ᠎ᠪᠠᠷ ᠪᠠᠢ᠌ᠴᠠᠭ᠋ᠠᠯᠲᠠ ᠬᠢᠨ᠎ᠡ; ᠬᠣᠶᠠᠷ᠎ᠲᠤ᠂ ᠭᠠᠮᠰᠢᠭ᠎ᠢ ᠠᠴᠢᠶᠠᠯᠠᠭᠴᠢ ᠵᠢᠨ ᠪᠠᠢ᠌ᠴᠠᠭ᠋ᠠᠯᠲᠠ ᠪᠠ ᠦᠨᠡᠯᠡᠨ ᠵᠢᠱ᠌ᠢᠯᠲᠡ ᠵᠢ ᠥᠷᠨᠢᠭᠦᠯᠦᠨ᠂ ᠭᠡᠷ ᠪᠠᠢ᠌ᠰᠢᠩ᠂ ᠰᠠᠭᠤᠷᠢ ᠪᠡᠯᠡᠳᠬᠡᠮᠵᠢ᠂ ᠠᠷᠠᠳ᠎ᠤᠨ ᠬᠡᠷᠡᠭᠯᠡᠭᠡᠨ᠎ᠤ ᠴᠥᠮ᠎ᠡ ᠵᠢᠨ ᠪᠡᠯᠡᠳᠬᠡᠮᠵᠢ᠂ ᠠᠭᠤᠷᠬᠠᠢ (ᠨᠡᠭᠦᠷᠡᠰᠦᠨ ᠠᠭᠤᠷᠬᠠᠢ᠂ ᠨᠡᠭᠦᠷᠡᠰᠦᠨ᠎ᠤ ᠪᠤᠰᠤ ᠠᠭᠤᠷᠬᠠᠢ)᠂ ᠠᠶᠤᠯᠲᠠᠢ ᠬᠢᠮᠢ ᠵᠢᠨ ᠪᠣᠳᠠᠰ᠎ᠤᠨ ᠠᠵᠤ ᠠᠬᠤᠢ᠌ᠯᠠᠯ᠂ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠰᠢᠰᠲ᠋ᠧᠮ᠂ ᠭᠤᠷᠪᠠᠳᠠᠬᠢ ᠠᠵᠤ ᠦᠢ᠍ᠯᠡᠰ᠂ ᠡᠬᠢ ᠪᠠᠶᠠᠯᠢᠭ ᠬᠢᠭᠡᠳ ᠣᠷᠴᠢᠨ ᠲᠣᠭᠣᠷᠢᠨ ᠵᠡᠷᠭᠡ ᠴᠢᠬᠤᠯᠠ ᠭᠠᠮᠰᠢᠭ᠎ᠢ ᠠᠴᠢᠶᠠᠯᠠᠭᠴᠢ ᠵᠢᠨ ᠣᠷᠣᠨ ᠵᠠᠢ ᠪᠠᠢ᠌ᠷᠢᠰᠢᠯ᠎ᠤᠨ ᠮᠡᠳᠡᠭᠡ ᠵᠠᠩᠭᠢ ᠪᠠ ᠭᠠᠮᠰᠢᠭ᠎ᠤᠨ ᠬᠠᠷᠢᠶᠠᠲᠤ ᠴᠢᠨᠠᠷ᠎ᠤᠨ ᠮᠡᠳᠡᠭᠡ ᠵᠠᠩᠭᠢ ᠵᠢ ᠣᠯᠵᠠᠯᠠᠨ᠎ᠠ; ᠭᠤᠷᠪᠠ᠎ᠳᠤ᠂ ᠲᠡᠦᠬᠡᠨ ᠭᠠᠮᠰᠢᠭ᠎ᠤᠨ ᠪᠠᠢ᠌ᠴᠠᠭ᠋ᠠᠯᠲᠠ ᠬᠢᠭᠡᠳ ᠦᠨᠡᠯᠡᠨ ᠵᠢᠱ᠌ᠢᠯᠲᠡ ᠵᠢ ᠥᠷᠨᠢᠭᠦᠯᠵᠦ᠂ 1978 ᠣᠨ᠎ᠠᠴᠠ ᠨᠠᠭ᠋ᠠᠰᠢᠬᠢ ᠥᠪᠡᠷᠲᠡᠭᠡᠨ ᠵᠠᠰᠠᠬᠤ ᠣᠷᠣᠨ᠎ᠤ ᠡᠯ᠎ᠡ ᠰᠢᠶᠠᠨ᠎ᠤ ᠳᠡᠰ᠎ᠤᠨ ᠵᠠᠰᠠᠭ ᠵᠠᠬᠢᠷᠭ᠋ᠠᠨ᠎ᠤ ᠣᠷᠣᠨ᠎ᠤ ᠣᠨ᠎ᠤ ᠪᠠᠢ᠌ᠭ᠋ᠠᠯᠢ ᠵᠢᠨ ᠭᠠᠮᠰᠢᠭ᠎ᠤᠨ ᠪᠠᠢ᠌ᠳᠠᠯ᠎ᠢ ᠪᠦᠷᠢᠳᠬᠡᠭᠰᠡᠨ ᠲᠣᠭ᠎ᠠ ᠪᠠᠷᠢᠮᠲᠠ ᠵᠢᠴᠢ 1949 ᠣᠨ᠎ᠠᠴᠠ ᠨᠠᠭ᠋ᠠᠰᠢᠬᠢ ᠬᠦᠨᠳᠦ ᠶᠡᠬᠡ ᠪᠠᠢ᠌ᠭ᠋ᠠᠯᠢ ᠵᠢᠨ ᠭᠠᠮᠰᠢᠭ᠎ᠤᠨ ᠬᠡᠷᠡᠭ ᠶᠠᠪᠤᠳᠠᠯ᠎ᠢ ᠪᠦᠬᠦ ᠲᠠᠯ᠎ᠠ᠎ᠪᠠᠷ ᠪᠠᠢ᠌ᠴᠠᠭ᠋ᠠᠬᠤ᠂ ᠡᠮᠬᠢᠯᠡᠬᠦ ᠪᠠ ᠬᠤᠷᠢᠶᠠᠩᠭᠤᠢ᠌ᠯᠠᠨ᠎ᠠ; ᠳᠥᠷᠪᠡ᠎ᠳᠤ᠂ ᠭᠠᠮᠰᠢᠭ᠎ᠢ ᠪᠠᠭ᠋ᠠᠰᠬᠠᠬᠤ ᠶᠡᠷᠦᠩᠬᠡᠢ᠌ᠯᠡᠭᠰᠡᠨ ᠴᠢᠳᠠᠪᠤᠷᠢ ᠵᠢᠨ ᠪᠠᠢ᠌ᠴᠠᠭ᠋ᠠᠯᠲᠠ ᠬᠢᠭᠡᠳ ᠦᠨᠡᠯᠡᠨ ᠵᠢᠱ᠌ᠢᠯᠲᠡ ᠵᠢ ᠥᠷᠨᠢᠭᠦᠯᠵᠦ᠂ ᠵᠠᠰᠠᠭ᠎ᠤᠨ ᠣᠷᠳᠣᠨ᠂ ᠠᠵᠤ ᠠᠬᠤᠢ᠌ᠯᠠᠯ ᠪᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ)᠂ ᠭᠠᠴᠠᠭ᠎ᠠ ᠲᠣᠰᠬᠤᠨ (ᠨᠡᠢ᠌ᠭᠡᠮ ᠲᠣᠭᠣᠷᠢᠭ) ᠪᠠ ᠭᠡᠷ ᠪᠦᠯᠢ ᠵᠢᠨ ᠭᠠᠮᠰᠢᠭ᠎ᠢ ᠰᠡᠷᠭᠡᠢ᠌ᠯᠡᠬᠦ᠂ ᠭᠠᠮᠰᠢᠭ᠎ᠢ ᠪᠠᠭ᠋ᠠᠰᠬᠠᠬᠤ ᠪᠠ ᠭᠠᠮᠰᠢᠭ᠎ᠠᠴᠠ ᠠᠪᠤᠷᠠᠬᠤ ᠲᠠᠯ᠎ᠠ ᠵᠢᠨ ᠴᠢᠳᠠᠪᠤᠷᠢ ᠵᠢᠨ ᠢᠯᠡᠷᠡᠯ ᠬᠢᠷᠢ ᠲᠦᠪᠰᠢᠨ᠎ᠳᠤ ᠪᠠᠢ᠌ᠴᠠᠭ᠋ᠠᠯᠲᠠ ᠬᠢᠵᠦ ᠦᠨᠡᠯᠡᠨ ᠵᠢᠱ᠌ᠢᠨ᠎ᠡ; ᠲᠠᠪᠤ᠎ᠳᠤ᠂ ᠪᠠᠢ᠌ᠭ᠋ᠠᠯᠢ ᠵᠢᠨ ᠭᠠᠮᠰᠢᠭ᠎ᠤᠨ ᠭᠣᠣᠯᠳᠠᠯᠭ᠎ᠠ᠎ᠲᠠᠢ ᠳᠠᠯᠳᠠ ᠭᠡᠮ᠎ᠤᠨ ᠪᠠᠢ᠌ᠴᠠᠭ᠋ᠠᠯᠲᠠ ᠬᠢᠭᠡᠳ ᠦᠨᠡᠯᠡᠨ ᠵᠢᠱ᠌ᠢᠯᠲᠡ ᠵᠢ ᠥᠷᠨᠢᠭᠦᠯᠵᠦ᠂ ᠪᠦᠬᠦ ᠣᠷᠣᠨ᠎ᠤ ᠪᠠᠢ᠌ᠭ᠋ᠠᠯᠢ ᠵᠢᠨ ᠭᠠᠮᠰᠢᠭ᠎ᠢ ᠡᠭᠦᠰᠬᠡᠬᠦ ᠭᠣᠣᠯ ᠨᠥᠬᠥᠴᠡᠯ ᠪᠠ ᠰᠡᠷᠭᠡᠢ᠌ᠯᠡᠯᠲᠡ ᠲᠣᠬᠢᠷᠠᠭᠤᠯᠤᠭᠰᠠᠨ ᠭᠣᠣᠯᠳᠠᠯᠭ᠎ᠠ᠎ᠲᠠᠢ ᠳᠠᠯᠳᠠ ᠭᠡᠮ᠎ᠳᠤ ᠪᠠᠢ᠌ᠴᠠᠭ᠋ᠠᠯᠲᠠ ᠬᠢᠵᠦ ᠦᠨᠡᠯᠡᠨ ᠵᠢᠱ᠌ᠢᠬᠦ ᠵᠢᠨ ᠬᠠᠮᠲᠤ᠂ ᠪᠦᠬᠦ ᠣᠷᠣᠨ᠎ᠤ ᠭᠣᠣᠯ ᠪᠣᠯᠬᠤ ᠪᠠᠢ᠌ᠭ᠋ᠠᠯᠢ ᠵᠢᠨ ᠭᠠᠮᠰᠢᠭ᠎ᠤᠨ ᠭᠣᠣᠯᠳᠠᠯᠭ᠎ᠠ᠎ᠲᠠᠢ ᠳᠠᠯᠳᠠ ᠭᠡᠮ ᠪᠠ ᠴᠢᠬᠤᠯᠠ ᠬᠦᠴᠦᠨ ᠵᠦᠢ᠍ᠯ᠎ᠳᠤ ᠶᠡᠷᠦᠩᠬᠡᠢ᠌ᠯᠡᠭᠰᠡᠨ ᠵᠠᠳᠠᠯᠤᠯᠲᠠ ᠪᠠ ᠪᠦᠷᠢᠳᠬᠡᠯᠲᠡ ᠵᠢᠱ᠌ᠢᠯᠲᠡ ᠬᠢᠨ᠎ᠡ; ᠵᠢᠷᠭᠤᠭ᠎ᠠ᠎ᠳᠤ᠂ ᠭᠣᠣᠯ ᠪᠣᠯᠬᠤ ᠪᠠᠢ᠌ᠭ᠋ᠠᠯᠢ ᠵᠢᠨ ᠭᠠᠮᠰᠢᠭ᠎ᠤᠨ ᠲᠦᠭᠰᠢᠭᠦᠷᠢ ᠵᠢᠨ ᠦᠨᠡᠯᠡᠨ ᠵᠢᠱ᠌ᠢᠯᠲᠡ ᠪᠠ ᠣᠷᠣᠨ ᠬᠤᠪᠢᠶᠠᠷᠢᠯᠠᠯ᠎ᠢ ᠥᠷᠨᠢᠭᠦᠯᠵᠦ᠂ ᠭᠠᠵᠠᠷ ᠬᠥᠳᠡᠯᠦᠯᠲᠡ ᠵᠢᠨ ᠭᠠᠮᠰᠢᠭ᠂ ᠭᠧᠣᠯᠣᠭᠢ ᠵᠢᠨ ᠭᠠᠮᠰᠢᠭ᠂ ᠴᠠᠭ ᠠᠭᠤᠷ᠎ᠤᠨ ᠭᠠᠮᠰᠢᠭ᠂ ᠣᠢ ᠰᠢᠭᠤᠢ ᠪᠠ ᠨᠤᠲᠤᠭ ᠪᠡᠯᠴᠢᠭᠡᠷ᠎ᠤᠨ ᠭᠠᠯ᠎ᠤᠨ ᠭᠠᠮᠰᠢᠭ ᠵᠡᠷᠭᠡ ᠭᠣᠣᠯ ᠪᠣᠯᠬᠤ ᠪᠠᠢ᠌ᠭ᠋ᠠᠯᠢ ᠵᠢᠨ ᠭᠠᠮᠰᠢᠭ᠎ᠲᠤ ᠲᠦᠭᠰᠢᠭᠦᠷᠢ ᠵᠢᠨ ᠦᠨᠡᠯᠡᠨ ᠵᠢᠱ᠌ᠢᠯᠲᠡ ᠬᠢᠵᠦ᠂ ᠪᠦᠬᠦ ᠣᠷᠣᠨ᠎ᠤ ᠭᠣᠣᠯ ᠪᠣᠯᠬᠤ ᠪᠠᠢ᠌ᠭ᠋ᠠᠯᠢ ᠵᠢᠨ ᠭᠠᠮᠰᠢᠭ᠎ᠤᠨ ᠲᠦᠭᠰᠢᠭᠦᠷᠢ ᠵᠢᠨ ᠦᠨᠡᠯᠡᠨ ᠵᠢᠱ᠌ᠢᠯᠲᠡ ᠬᠢᠭᠡᠳ ᠣᠷᠣᠨ ᠬᠤᠪᠢᠶᠠᠷᠢᠯᠠᠯ᠎ᠤᠨ ᠵᠢᠷᠤᠭ᠎ᠢ ᠨᠠᠢ᠌ᠷᠠᠭᠤᠯᠤᠨ ᠵᠣᠬᠢᠶᠠᠨ᠎ᠠ; ᠳᠣᠯᠣᠭ᠎ᠠ᠎ᠳᠤ᠂ ᠪᠠᠢ᠌ᠭ᠋ᠠᠯᠢ ᠵᠢᠨ ᠭᠠᠮᠰᠢᠭ᠎ᠤᠨ ᠶᠡᠷᠦᠩᠬᠡᠢ᠌ᠯᠡᠭᠰᠡᠨ ᠲᠦᠭᠰᠢᠭᠦᠷᠢ ᠵᠢᠨ ᠦᠨᠡᠯᠡᠨ ᠵᠢᠱ᠌ᠢᠯᠲᠡ ᠬᠢᠭᠡᠳ ᠣᠷᠣᠨ ᠬᠤᠪᠢᠶᠠᠷᠢᠯᠠᠯ᠎ᠢ ᠥᠷᠨᠢᠭᠦᠯᠵᠦ᠂ ᠪᠦᠬᠦ ᠣᠷᠣᠨ ᠪᠠ ᠭᠣᠣᠯᠳᠠᠯᠭ᠎ᠠ᠎ᠲᠠᠢ ᠬᠣᠲᠠ ᠰᠢᠶᠠᠨ᠎ᠳᠤ ᠭᠠᠮᠰᠢᠭ᠎ᠤᠨ ᠶᠡᠷᠦᠩᠬᠡᠢ᠌ᠯᠡᠭᠰᠡᠨ ᠦᠨᠡᠯᠡᠨ ᠵᠢᠱ᠌ᠢᠯᠲᠡ ᠬᠢᠵᠦ᠂ ᠪᠦᠬᠦ ᠣᠷᠣᠨ᠎ᠤ ᠪᠠᠢ᠌ᠭ᠋ᠠᠯᠢ ᠵᠢᠨ ᠭᠠᠮᠰᠢᠭ᠎ᠤᠨ ᠶᠡᠷᠦᠩᠬᠡᠢ᠌ᠯᠡᠭᠰᠡᠨ ᠲᠦᠭᠰᠢᠭᠦᠷᠢ ᠵᠢᠨ ᠣᠷᠣᠨ ᠬᠤᠪᠢᠶᠠᠷᠢᠯᠠᠯ ᠪᠠ ᠰᠡᠷᠭᠡᠢ᠌ᠯᠡᠨ ᠵᠠᠰᠠᠬᠤ ᠣᠷᠣᠨ ᠬᠤᠪᠢᠶᠠᠷᠢᠯᠠᠯ᠎ᠤᠨ ᠵᠢᠷᠤᠭ᠎ᠢ ᠨᠠᠢ᠌ᠷᠠᠭᠤᠯᠤᠨ ᠵᠣᠬᠢᠶᠠᠵᠤ᠂ ᠣᠷᠣᠨ ᠪᠦᠰᠡ ᠵᠢᠨ ᠶᠡᠷᠦᠩᠬᠡᠢ᠌ᠯᠡᠨ ᠰᠡᠷᠭᠡᠢ᠌ᠯᠡᠨ ᠵᠠᠰᠠᠬᠤ ᠠᠷᠭ᠋ᠠᠴᠠᠭ᠋ᠠᠬᠤ ᠪᠣᠳᠣᠯᠭ᠎ᠠ ᠵᠢ ᠳᠤᠷᠠᠳᠤᠨ ᠭᠠᠷᠭ᠋ᠠᠨ᠎ᠠ᠃
      ᠲᠤᠰ ᠤᠳᠠᠭ᠋ᠠᠨ᠎ᠤ ᠨᠡᠢ᠌ᠳᠡᠮ ᠪᠠᠢ᠌ᠴᠠᠭ᠋ᠠᠯᠲᠠ ᠵᠢᠨ ᠪᠠᠷᠢᠮᠵᠢᠶ᠎ᠠ ᠪᠠ ᠴᠠᠭ ᠬᠤᠭᠤᠴᠠᠭ᠎ᠠ᠎ᠨᠢ 2020 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ   ᠪᠣᠯᠣᠨ᠎ᠠ᠃ 2020 ᠣᠨ ᠪᠣᠯ ᠨᠡᠢ᠌ᠳᠡᠮ ᠪᠠᠢ᠌ᠴᠠᠭ᠋ᠠᠯᠲᠠ ᠵᠢᠨ ᠡᠮᠦᠨᠡᠬᠢ ᠬᠤᠭᠤᠴᠠᠭ᠋ᠠᠨ᠎ᠤ ᠪᠡᠯᠡᠳᠬᠡᠯ ᠬᠢᠭᠡᠳ ᠲᠤᠷᠰᠢᠯᠲᠠ ᠵᠢᠨ ᠴᠡᠭ᠎ᠤᠨ ᠱᠠᠲᠤ ᠦᠶ᠎ᠡ ᠪᠠᠢ᠌ᠵᠤ᠂ ᠡᠯ᠎ᠡ ᠱᠠᠲᠤᠨ᠎ᠤ ᠨᠡᠢ᠌ᠳᠡᠮ ᠪᠠᠢ᠌ᠴᠠᠭ᠋ᠠᠯᠲᠠ ᠵᠢᠨ ᠠᠵᠢᠯ᠎ᠤᠨ ᠲᠣᠭᠲᠠᠴᠠ ᠵᠢ ᠪᠠᠢ᠌ᠭᠤᠯᠤᠨ᠂ ᠨᠡᠢ᠌ᠳᠡᠮ ᠪᠠᠢ᠌ᠴᠠᠭ᠋ᠠᠯᠲᠠ ᠵᠢᠨ ᠠᠵᠢᠯᠲᠠᠨ ᠪᠠ ᠡᠩᠨᠡᠭᠡ ᠵᠢ ᠨᠠᠢ᠌ᠳᠠᠪᠤᠷᠢᠵᠢᠭᠤᠯᠵᠤ᠂ ᠨᠡᠢ᠌ᠳᠡᠮ ᠪᠠᠢ᠌ᠴᠠᠭ᠋ᠠᠯᠲᠠ ᠵᠢᠨ ᠪᠣᠯᠪᠠᠰᠤᠷᠠᠯ᠎ᠢ ᠥᠷᠨᠢᠭᠦᠯᠦᠨ᠎ᠡ᠃ 2021 ᠣᠨ᠎ᠠᠴᠠ 2022 ᠣᠨ ᠪᠣᠯ ᠮᠠᠨ᠎ᠤ ᠣᠷᠣᠨ᠎ᠤ ᠪᠠᠢ᠌ᠭ᠋ᠠᠯᠢ ᠵᠢᠨ ᠭᠠᠮᠰᠢᠭ᠎ᠤᠨ ᠶᠡᠷᠦᠩᠬᠡᠢ᠌ᠯᠡᠭᠰᠡᠨ ᠲᠦᠭᠰᠢᠭᠦᠷᠢ ᠵᠢᠨ ᠨᠡᠢ᠌ᠳᠡᠮ ᠪᠠᠢ᠌ᠴᠠᠭ᠋ᠠᠯᠲᠠ ᠵᠢᠨ ᠪᠦᠬᠦ ᠲᠠᠯ᠎ᠠ᠎ᠪᠠᠷ ᠪᠠᠢ᠌ᠴᠠᠭ᠋ᠠᠬᠤ᠂ ᠦᠨᠡᠯᠡᠨ ᠵᠢᠱ᠌ᠢᠬᠦ ᠬᠢᠭᠡᠳ ᠣᠷᠣᠨ ᠬᠤᠪᠢᠶᠠᠷᠢᠯᠠᠬᠤ ᠱᠠᠲᠤ ᠦᠶ᠎ᠡ ᠪᠠᠢ᠌ᠵᠤ᠂ ᠪᠦᠬᠦ ᠣᠷᠣᠨ᠎ᠤ ᠪᠠᠢ᠌ᠭ᠋ᠠᠯᠢ ᠵᠢᠨ ᠭᠠᠮᠰᠢᠭ᠎ᠤᠨ ᠲᠦᠭᠰᠢᠭᠦᠷᠢ ᠵᠢᠨ ᠪᠠᠢ᠌ᠴᠠᠭ᠋ᠠᠯᠲᠠ ᠪᠠ ᠭᠠᠮᠰᠢᠭ᠎ᠤᠨ ᠲᠦᠭᠰᠢᠭᠦᠷᠢ ᠵᠢᠨ ᠦᠨᠡᠯᠡᠨ ᠵᠢᠱ᠌ᠢᠯᠲᠡ ᠵᠢ ᠪᠡᠶᠡᠯᠡᠭᠦᠯᠵᠦ᠂ ᠭᠠᠮᠰᠢᠭ᠎ᠢ ᠰᠡᠷᠭᠡᠢ᠌ᠯᠡᠨ ᠵᠠᠰᠠᠬᠤ ᠶᠡᠷᠦᠩᠬᠡᠢ᠌ᠯᠡᠭᠰᠡᠨ ᠣᠷᠣᠨ ᠬᠤᠪᠢᠶᠠᠷᠢᠯᠠᠯ᠎ᠤᠨ ᠵᠢᠷᠤᠭ᠎ᠢ ᠨᠠᠢ᠌ᠷᠠᠭᠤᠯᠤᠨ ᠵᠣᠬᠢᠶᠠᠵᠤ᠂ ᠨᠡᠢ᠌ᠳᠡᠮ ᠪᠠᠢ᠌ᠴᠠᠭ᠋ᠠᠯᠲᠠ ᠵᠢᠨ ᠦᠷ᠎ᠡ ᠪᠦᠲᠦᠭᠡᠯ᠎ᠢ ᠬᠤᠷᠢᠶᠠᠩᠭᠤᠢ᠌ᠯᠠᠨ ᠳ᠋ᠦᠩᠨᠡᠨ᠎ᠡ᠃
      ᠪᠦᠬᠦ ᠣᠷᠣᠨ᠎ᠤ ᠪᠠᠢ᠌ᠭ᠋ᠠᠯᠢ ᠵᠢᠨ ᠭᠠᠮᠰᠢᠭ᠎ᠤᠨ ᠶᠡᠷᠦᠩᠬᠡᠢ᠌ᠯᠡᠭᠰᠡᠨ ᠲᠦᠭᠰᠢᠭᠦᠷᠢ ᠵᠢᠨ ᠨᠡᠢ᠌ᠳᠡᠮ ᠪᠠᠢ᠌ᠴᠠᠭ᠋ᠠᠯᠲᠠ᠎ᠳᠤ ᠬᠣᠯᠪᠣᠭᠳᠠᠬᠤ ᠬᠡᠪᠴᠢᠶ᠎ᠡ ᠥᠷᠭᠡᠨ᠂ ᠣᠷᠣᠯᠴᠠᠬᠤ ᠰᠠᠯᠠᠭ᠎ᠠ ᠮᠥᠴᠢᠷ ᠣᠯᠠᠨ᠂ ᠬᠠᠮᠵᠢᠯᠴᠠᠬᠤ ᠡᠭᠦᠷᠭᠡ ᠬᠦᠨᠳᠦ᠂ ᠠᠵᠢᠯ᠎ᠤᠨ ᠬᠦᠴᠢᠷᠳᠡᠯ ᠶᠡᠬᠡ ᠪᠠᠢ᠌ᠳᠠᠭ᠃ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ ᠵᠢᠨ ᠲᠤᠰᠠᠳᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠪᠠᠢ᠌ᠭ᠋ᠠᠯᠢ ᠵᠢᠨ ᠭᠠᠮᠰᠢᠭ᠎ᠤᠨ ᠶᠡᠷᠦᠩᠬᠡᠢ᠌ᠯᠡᠭᠰᠡᠨ ᠲᠦᠭᠰᠢᠭᠦᠷᠢ ᠵᠢᠨ ᠨᠡᠢ᠌ᠳᠡᠮ ᠪᠠᠢ᠌ᠴᠠᠭ᠋ᠠᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠢ ᠪᠠᠢ᠌ᠭᠤᠯᠵᠤ᠂ ᠨᠡᠢ᠌ᠳᠡᠮ ᠪᠠᠢ᠌ᠴᠠᠭ᠋ᠠᠯᠲᠠ ᠵᠢ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠶᠠᠪᠤᠴᠠ᠎ᠳᠠᠬᠢ ᠴᠢᠬᠤᠯᠠ ᠶᠡᠬᠡ ᠠᠰᠠᠭᠤᠳᠠᠯ᠎ᠳᠤ ᠰᠤᠳᠤᠯᠤᠯᠲᠠ ᠬᠢᠬᠦ ᠪᠠ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠠᠵᠢᠯ᠎ᠢ ᠬᠠᠷᠢᠭᠤᠴᠠᠭᠤᠯᠪᠠ᠃ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠢ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠎ᠳᠤ ᠲᠣᠬᠢᠷᠠᠭᠤᠯᠤᠨ᠂ ᠤᠳᠤᠷᠢᠳᠬᠤ ᠳᠤᠭᠤᠢ᠌ᠯᠠᠩ᠎ᠤᠨ ᠡᠳᠦᠷ ᠲᠤᠲᠤᠮ᠎ᠤᠨ ᠠᠵᠢᠯ᠎ᠢ ᠡᠭᠦᠷᠭᠡᠯᠡᠭᠦᠯᠵᠦ᠂ ᠨᠡᠢ᠌ᠳᠡᠮ ᠪᠠᠢ᠌ᠴᠠᠭ᠋ᠠᠯᠲᠠ ᠵᠢᠨ ᠲᠤᠬᠠᠢ᠌ᠯᠠᠭᠰᠠᠨ ᠠᠵᠢᠯ᠎ᠳᠤ ᠵᠢᠯᠣᠭᠣᠳᠤᠯᠭ᠎ᠠ ᠬᠢᠬᠦ ᠪᠠ ᠬᠢᠨᠠᠯᠲᠠ ᠲᠠᠯᠪᠢᠵᠤ ᠪᠠᠢ᠌ᠴᠠᠭ᠋ᠠᠯᠲᠠ ᠬᠢᠬᠦ ᠠᠵᠢᠯ᠎ᠢ ᠬᠠᠷᠢᠭᠤᠴᠠᠭᠤᠯᠪᠠ᠃ ᠨᠡᠢ᠌ᠳᠡᠮ ᠪᠠᠢ᠌ᠴᠠᠭ᠋ᠠᠯᠲᠠ ᠵᠢᠨ ᠠᠵᠢᠯ᠎ᠢ 《ᠪᠦᠬᠦ ᠣᠷᠣᠨ᠎ᠠᠴᠠ ᠨᠢᠭᠡᠳᠦᠯᠲᠡᠢ ᠤᠳᠤᠷᠢᠳᠬᠤ᠂ ᠰᠠᠯᠠᠭ᠎ᠠ ᠮᠥᠴᠢᠷ᠎ᠤᠳ ᠠᠵᠢᠯ ᠵᠶ᠋ᠠᠨ ᠬᠤᠪᠢᠶᠠᠷᠢᠯᠠᠨ ᠬᠠᠮᠵᠢᠯᠴᠠᠨ ᠠᠵᠢᠯᠯᠠᠬᠤ᠂ ᠡᠯ᠎ᠡ ᠭᠠᠵᠠᠷ᠎ᠤᠨ᠎ᠬᠢᠨ ᠳᠡᠰ ᠬᠤᠪᠢᠶᠠᠨ ᠬᠠᠷᠢᠭᠤᠴᠠᠬᠤ᠂ ᠡᠯ᠎ᠡ ᠲᠠᠯ᠎ᠠ ᠵᠢᠨ᠎ᠬᠢᠨ ᠬᠠᠮᠲᠤ᠎ᠪᠠᠷ ᠣᠷᠣᠯᠴᠠᠬᠤ》 ᠵᠠᠷᠴᠢᠮ ᠶᠣᠰᠣᠭ᠋ᠠᠷ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠬᠡᠷᠡᠭᠲᠡᠢ᠃ ᠤᠳᠤᠷᠢᠳᠬᠤ ᠳᠤᠭᠤᠢ᠌ᠯᠠᠩ᠎ᠤᠨ ᠡᠯ᠎ᠡ ᠪᠦᠷᠢᠯᠳᠦᠬᠦᠨ ᠨᠢᠭᠡᠴᠢ᠎ᠠᠴᠠ ᠥᠪᠡᠷ ᠥᠪᠡᠷ᠎ᠤᠨ ᠲᠤᠰᠢᠶᠠᠯ ᠵᠶ᠋ᠠᠨ ᠭᠦᠢ᠍ᠴᠡᠳᠬᠡᠨ᠂ ᠥᠪᠡᠷ ᠥᠪᠡᠷ᠎ᠤᠨ ᠬᠠᠷᠢᠭᠤᠴᠠᠯᠭ᠎ᠠ᠎ᠪᠠᠨ ᠡᠭᠦᠷᠭᠡᠯᠡᠵᠦ᠂ ᠬᠦᠴᠦ᠎ᠪᠠᠨ ᠬᠠᠮᠲᠤᠳᠬᠠᠨ ᠬᠠᠮᠲᠤᠷᠠᠨ ᠠᠵᠢᠯᠯᠠᠵᠤ᠂ ᠨᠠᠷᠢᠨ ᠨᠢᠭᠲᠠ ᠬᠠᠮᠵᠢᠯᠴᠠᠵᠤ᠂ ᠨᠡᠢ᠌ᠳᠡᠮ ᠪᠠᠢ᠌ᠴᠠᠭ᠋ᠠᠯᠲᠠ ᠵᠢᠨ ᠠᠵᠢᠯ᠎ᠢ ᠬᠠᠮᠲᠤ᠎ᠪᠠᠷ ᠰᠠᠢ᠌ᠲᠤᠷ ᠬᠢᠬᠦ ᠬᠡᠷᠡᠭᠲᠡᠢ᠃
      ᠥᠪᠥᠷ ᠮᠣᠩᠭᠣᠯ᠎ᠤᠨ ᠷᠠᠳᠢᠣ᠋ ᠬᠣᠷᠢᠶ᠎ᠠ᠄ ᠣᠳᠣᠬᠠᠨ᠎ᠳᠤ ᠮᠠᠨ᠎ᠤ ᠣᠷᠣᠨ᠎ᠤ ᠭᠠᠵᠠᠷ ᠬᠥᠳᠡᠯᠦᠯᠲᠡ ᠵᠢ ᠬᠢᠨᠠᠨ ᠰᠢᠨᠵᠢᠯᠡᠬᠦ ᠤᠷᠢᠳᠴᠢᠯᠠᠨ ᠰᠢᠨᠵᠢᠯᠡᠬᠦ ᠪᠠ ᠤᠷᠢᠳᠴᠢᠯᠠᠨ ᠰᠡᠷᠡᠮᠵᠢᠯᠡᠭᠦᠯᠬᠦ᠎ᠨᠢ ᠶᠠᠮᠠᠷ ᠬᠢᠷᠢ ᠲᠦᠪᠰᠢᠨ᠎ᠳᠤ ᠬᠦᠷᠦᠭᠰᠡᠨ ᠪᠣᠢ?
      ᠸᠠᠩ ᠵᠢᠨ ᠪᠦᠸᠧ᠄ ᠣᠳᠣᠬᠠᠨ᠎ᠳᠤ ᠮᠠᠨ᠎ᠤ ᠣᠷᠣᠨ᠎ᠤ ᠭᠠᠵᠠᠷ ᠬᠥᠳᠡᠯᠦᠯᠲᠡ ᠵᠢᠨ ᠬᠢᠨᠠᠨ ᠰᠢᠨᠵᠢᠯᠡᠬᠦ ᠰᠢᠰᠲ᠋ᠧᠮ᠎ᠳᠤ ᠨᠡᠢ᠌ᠲᠡ 200 ᠭᠠᠷᠤᠢ ᠢᠵᠢ ᠪᠠᠭ᠋ᠠᠵᠢ ᠲᠥᠬᠥᠭᠡᠷᠦᠮᠵᠢ᠂ 94 ᠬᠢᠨᠠᠨ ᠰᠢᠨᠵᠢᠯᠡᠬᠦ ᠴᠡᠭ ᠪᠠᠢ᠌ᠵᠤ᠂ ᠬᠥᠬᠡᠬᠣᠲᠠ ᠪᠤᠭᠤᠲᠤ ᠣᠷᠳᠣᠰ ᠣᠷᠣᠨ᠎ᠤ ᠭᠠᠵᠠᠷ ᠬᠥᠳᠡᠯᠦᠯᠲᠡ ᠵᠢᠨ ᠬᠢᠨᠠᠨ ᠰᠢᠨᠵᠢᠯᠡᠬᠦ ᠴᠢᠳᠠᠪᠤᠷᠢ᠎ᠨᠢ   2.0 ᠳᠡᠰ᠎ᠠᠴᠠ ᠳᠡᠭᠡᠭᠰᠢ᠂ ᠪᠤᠰᠤᠳ ᠭᠠᠵᠠᠷ ᠣᠷᠣᠨ᠎ᠤ ᠬᠢᠨᠠᠨ ᠰᠢᠨᠵᠢᠯᠡᠬᠦ ᠴᠢᠳᠠᠪᠤᠷᠢ᠎ᠨᠢ 2.5 ᠳᠡᠰ᠎ᠠᠴᠠ ᠳᠡᠭᠡᠭᠰᠢ ᠬᠦᠷᠴᠦ᠂ ᠭᠠᠵᠠᠷ ᠬᠥᠳᠡᠯᠦᠯᠲᠡ ᠵᠢᠨ ᠬᠢᠨᠠᠨ ᠰᠢᠨᠵᠢᠯᠡᠬᠦ ᠪᠠᠯᠠᠢ ᠣᠷᠣᠨ᠎ᠢ ᠦᠨᠳᠦᠰᠦᠨ᠎ᠳᠤ᠎ᠪᠠᠨ ᠤᠰᠠᠳᠬᠠᠪᠠ᠃ ᠭᠠᠵᠠᠷ ᠬᠥᠳᠡᠯᠦᠯᠲᠡ ᠵᠢᠨ ᠠᠦ᠋ᠲ ᠵᠶ᠋ᠠᠷ ᠲᠦᠷᠭᠡᠨ ᠮᠡᠳᠡᠭᠡᠯᠡᠬᠦ ᠰᠢᠰᠲ᠋ᠧᠮ᠎ᠤᠨ ᠲᠥᠷᠥᠯ ᠵᠦᠢ᠍ᠯ᠎ᠢ ᠪᠠᠢ᠌ᠭᠤᠯᠤᠨ ᠳᠠᠭᠤᠰᠬᠠᠵᠤ᠂ ᠮᠠᠨ᠎ᠤ ᠣᠷᠣᠨ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ 4.0 ᠳᠡᠰ᠎ᠠᠴᠠ ᠳᠡᠭᠡᠭᠰᠢᠬᠢ ᠭᠠᠵᠠᠷ ᠬᠥᠳᠡᠯᠦᠯᠲᠡ ᠵᠢᠨ ᠦᠨᠳᠦᠰᠦᠨ ᠫᠠᠷᠠᠮᠧᠲᠷ᠎ᠢ ᠠᠦ᠋ᠲ ᠵᠶ᠋ᠠᠷ ᠰᠢᠨᠵᠢᠯᠡᠨ ᠲᠣᠭᠲᠠᠭ᠋ᠠᠵᠤ ᠴᠢᠳᠠᠬᠤ ᠪᠣᠯᠵᠤ᠂ ᠭᠠᠵᠠᠷ ᠬᠥᠳᠡᠯᠦᠯᠲᠡ ᠵᠢᠨ ᠲᠦᠷᠭᠡᠨ ᠮᠡᠳᠡᠭᠡᠯᠡᠬᠦ ᠴᠠᠭ᠎ᠢ ᠶᠡᠬᠡ ᠬᠡᠮᠵᠢᠶ᠎ᠡ᠎ᠪᠠᠷ ᠪᠣᠭᠣᠨᠢᠰᠬᠠᠵᠤ᠂ ᠭᠠᠵᠠᠷ ᠬᠥᠳᠡᠯᠦᠯᠲᠡ ᠵᠢᠨ ᠬᠢᠨᠠᠨ ᠰᠢᠨᠵᠢᠯᠡᠬᠦ ᠪᠠ ᠲᠦᠷᠭᠡᠨ ᠲᠤᠰᠬᠠᠯ ᠭᠠᠷᠭ᠋ᠠᠬᠤ ᠴᠢᠳᠠᠪᠤᠷᠢ ᠵᠢ ᠳᠡᠭᠡᠭᠰᠢᠯᠡᠭᠦᠯᠪᠡ᠃ ᠪᠦᠬᠦ ᠣᠷᠣᠨ᠎ᠤ ᠤᠯᠤᠰ᠎ᠤᠨ ᠡᠬᠡ ᠬᠠᠭᠤᠷᠠᠢ ᠵᠢᠨ ᠲᠣᠭᠲᠠᠴᠠ ᠵᠢᠨ ᠬᠢᠨᠠᠨ ᠰᠢᠨᠵᠢᠯᠡᠬᠦ ᠲᠣᠣᠷ ᠰᠦᠯᠵᠢᠶ᠎ᠡ ᠵᠢᠨ 17 ᠪᠠᠷᠢᠮᠵᠢᠶᠠᠲᠤ ᠥᠷᠲᠡᠭᠡ ᠵᠢᠨ ᠪᠠᠢ᠌ᠭᠤᠯᠤᠯᠲᠠ ᠪᠠ ᠤᠲᠠᠰᠤ ᠵᠢ ᠵᠠᠯᠭ᠋ᠠᠨ ᠣᠷᠣᠭᠤᠯᠬᠤ ᠠᠵᠢᠯ᠎ᠢ ᠪᠡᠶᠡᠯᠡᠭᠦᠯᠦᠭᠰᠡᠨ᠎ᠤ ᠬᠠᠮᠲᠤ᠂ ᠪᠦᠬᠦ ᠤᠯᠤᠰ᠎ᠤᠨ ᠭᠧᠣᠯᠣᠭᠢ ᠵᠢᠨ ᠲᠣᠭᠲᠠᠴᠠ ᠵᠢᠨ ᠣᠷᠴᠢᠨ ᠲᠣᠭᠣᠷᠢᠨ᠎ᠢ ᠬᠢᠨᠠᠨ ᠰᠢᠨᠵᠢᠯᠡᠬᠦ ᠪᠠ ᠵᠠᠳᠠᠯᠤᠯᠲᠠ ᠬᠢᠵᠦ ᠤᠷᠢᠳᠴᠢᠯᠠᠨ ᠮᠡᠳᠡᠭᠡᠯᠡᠬᠦ᠎ᠳᠤ ᠬᠡᠷᠡᠭᠯᠡᠪᠡ; ᠤᠷᠢᠳᠴᠢᠯᠠᠨ ᠰᠢᠨᠵᠢᠯᠡᠵᠦ ᠤᠷᠢᠳᠴᠢᠯᠠᠨ ᠮᠡᠳᠡᠭᠡᠯᠡᠬᠦ ᠲᠥᠷᠥᠯ ᠵᠦᠢ᠍ᠯ᠎ᠤᠨ 17 ᠠᠵᠢᠭᠯᠠᠨ ᠰᠢᠨᠵᠢᠯᠡᠬᠦ ᠬᠤᠳᠳᠤᠭ᠎ᠢ ᠰᠢᠨ᠎ᠡ᠎ᠪᠠᠷ ᠪᠠᠢ᠌ᠭᠤᠯᠬᠤ ᠪᠤᠶᠤ ᠥᠭᠡᠷᠡᠴᠢᠯᠡᠨ ᠪᠠᠢ᠌ᠭᠤᠯᠬᠤ ᠠᠵᠢᠯ᠎ᠢ ᠪᠡᠶᠡᠯᠡᠭᠦᠯᠪᠡ; ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ ᠵᠢ ᠡᠰᠡᠷᠭᠦᠴᠡᠨ ᠭᠠᠮᠰᠢᠭ᠎ᠠᠴᠠ ᠠᠪᠤᠷᠠᠵᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠵᠢᠯᠣᠭᠣᠳᠤᠯᠭ᠎ᠠ ᠵᠢᠨ ᠮᠡᠷᠭᠡᠵᠢᠯ᠎ᠤᠨ ᠰᠢᠰᠲ᠋ᠧᠮ ᠵᠢᠴᠢ ᠭᠠᠵᠠᠷ ᠬᠥᠳᠡᠯᠦᠯᠲᠡ ᠵᠢᠨ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠰᠢᠰᠲ᠋ᠧᠮ᠎ᠤᠨ 1 ᠮᠤᠵᠢ ᠵᠢᠨ ᠳᠡᠰ᠎ᠤᠨ ᠵᠠᠩᠭᠢᠶᠠᠰᠤ᠂ 28 ᠠᠢ᠌ᠮᠠᠭ ᠬᠣᠲᠠ᠂ ᠬᠣᠷᠢᠶ᠎ᠠ ᠥᠷᠲᠡᠭᠡᠨ᠎ᠤ ᠵᠠᠩᠭᠢᠶᠠᠰᠤ ᠵᠢᠨ ᠪᠠᠢ᠌ᠭᠤᠯᠤᠯᠲᠠ ᠵᠢ ᠪᠡᠶᠡᠯᠡᠭᠦᠯᠪᠡ᠃ ᠭᠠᠵᠠᠷ ᠬᠥᠳᠡᠯᠦᠯᠲᠡ ᠵᠢᠨ ᠲᠣᠪᠴᠢᠶ᠎ᠠ᠎ᠠᠴᠠ ᠲᠣᠭᠲᠠᠴᠠ᠎ᠳᠤ᠎ᠪᠠᠨ ᠰᠢᠨ᠎ᠡ ᠵᠢ ᠡᠭᠦᠳᠴᠦ᠂ ᠭᠠᠵᠠᠷ ᠬᠥᠳᠡᠯᠦᠯᠲᠡ ᠵᠢᠨ ᠪᠠᠢ᠌ᠳᠠᠯ᠎ᠤᠨ ᠵᠢᠵᠢᠭᠦᠷᠯᠡᠯ ᠵᠶ᠋ᠡᠨ ᠴᠢᠩᠭ᠋ᠠᠳᠬᠠᠨ᠂ ᠡᠭᠡᠯᠵᠢᠯᠡᠨ ᠵᠥᠪᠳᠡᠯᠴᠡᠬᠦ ᠪᠠ ᠬᠣᠯᠪᠣᠭ᠋ᠠᠯᠠᠨ ᠵᠥᠪᠳᠡᠯᠴᠡᠬᠦ ᠲᠣᠭᠲᠠᠴᠠ ᠵᠢ ᠪᠠᠢ᠌ᠭᠤᠯᠤᠨ᠂ ᠬᠥᠷᠰᠢ ᠵᠡᠷᠭᠡᠯᠡᠳᠡᠭᠡ ᠮᠤᠵᠢ ᠣᠷᠣᠨ ᠪᠠ ᠳᠤᠮᠳᠠᠳᠤ ᠤᠯᠤᠰ᠎ᠤᠨ ᠭᠠᠵᠠᠷ ᠬᠥᠳᠡᠯᠦᠯᠲᠡ ᠵᠢᠨ ᠲᠣᠪᠴᠢᠶ᠎ᠠ ᠵᠢᠨ ᠬᠣᠷᠢᠶ᠎ᠠ ᠲᠣᠣᠷ ᠲᠥᠪ᠎ᠲᠠᠢ ᠬᠣᠯᠪᠣᠭ᠋ᠠᠯᠠᠵᠤ᠂ ᠭᠠᠵᠠᠷ ᠬᠥᠳᠡᠯᠦᠯᠲᠡ ᠵᠢᠨ ᠪᠠᠢ᠌ᠳᠠᠯ᠎ᠢ ᠬᠥᠳᠡᠯᠦᠩᠭᠦᠢ᠎ᠪᠠᠷ ᠮᠥᠷᠳᠡᠨ ᠳᠠᠭ᠋ᠠᠬᠤ ᠪᠠ ᠰᠤᠳᠤᠯᠤᠨ ᠮᠠᠭ᠋ᠠᠳᠯᠠᠬᠤ ᠵᠢ ᠬᠠᠮᠲᠤ᠎ᠪᠠᠷ ᠥᠷᠨᠢᠭᠦᠯᠵᠦ ᠪᠠᠢ᠌ᠨ᠎ᠠ᠃
      ᠤᠯᠤᠰ᠎ᠤᠨ ᠭᠠᠵᠠᠷ ᠬᠥᠳᠡᠯᠦᠯᠲᠡ ᠵᠢᠨ ᠳᠣᠷᠭᠢᠯᠲᠡ ᠵᠢ ᠲᠦᠷᠭᠡᠨ ᠮᠡᠳᠡᠭᠡᠯᠡᠬᠦ ᠬᠢᠭᠡᠳ ᠤᠷᠢᠳᠴᠢᠯᠠᠨ ᠰᠡᠷᠡᠮᠵᠢᠯᠡᠭᠦᠯᠬᠦ ᠢᠨᠵᠧᠨᠧᠷᠢᠩ᠎ᠤᠨ ᠲᠥᠷᠥᠯ ᠵᠦᠢ᠍ᠯ᠎ᠤᠨ ᠮᠠᠨ᠎ᠤ ᠣᠷᠣᠨ᠎ᠳᠠᠬᠢ 459 ᠥᠷᠲᠡᠭᠡ ᠴᠡᠭ᠎ᠤᠨ ᠪᠠᠢ᠌ᠭᠤᠯᠤᠯᠲᠠ ᠵᠢ ᠢᠳᠡᠪᠬᠢᠲᠡᠢ ᠠᠬᠢᠭᠤᠯᠵᠤ᠂ ᠲᠥᠷᠥᠯ ᠵᠦᠢ᠍ᠯ᠎ᠢ ᠪᠠᠢ᠌ᠭᠤᠯᠵᠤ ᠳᠠᠭᠤᠰᠬᠠᠭᠰᠠᠨ᠎ᠤ ᠳᠠᠷᠠᠭ᠎ᠠ᠂ ᠬᠥᠬᠡᠬᠣᠲᠠ᠂ ᠪᠤᠭᠤᠲᠤ ᠬᠣᠲᠠ᠂ ᠣᠷᠳᠣᠰ ᠬᠣᠲᠠ᠂ ᠤᠯᠠᠭ᠋ᠠᠨᠴᠠᠪ ᠬᠣᠲᠠ᠎ᠳᠤ ᠭᠠᠵᠠᠷ ᠬᠥᠳᠡᠯᠦᠯᠲᠡ ᠵᠢᠨ ᠪᠠᠷᠢᠮᠵᠢᠶᠠᠲᠤ ᠥᠷᠲᠡᠭᠡ ᠴᠡᠭ ᠵᠶ᠋ᠡᠷ ᠭᠣᠣᠯ ᠪᠣᠯᠭ᠋ᠠᠭᠰᠠᠨ ᠭᠠᠵᠠᠷ ᠬᠥᠳᠡᠯᠦᠯᠲᠡ ᠵᠢᠨ ᠤᠷᠢᠳᠴᠢᠯᠠᠨ ᠰᠡᠷᠡᠮᠵᠢᠯᠡᠭᠦᠯᠬᠦ ᠨᠢᠷᠤᠭᠤᠪᠴᠢ ᠬᠣᠷᠢᠶ᠎ᠠ ᠲᠣᠣᠷ᠎ᠢ ᠪᠠᠢ᠌ᠭᠤᠯᠵᠤ᠂ ᠲᠤᠰ ᠭᠠᠵᠠᠷ ᠣᠷᠣᠨ᠎ᠤ ᠡᠪᠳᠡᠯᠭᠡ ᠵᠢᠨ ᠴᠢᠨᠠᠷᠲᠠᠢ ᠭᠠᠵᠠᠷ ᠬᠥᠳᠡᠯᠦᠯᠲᠡ ᠵᠢᠨ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠵᠢ ᠪᠦᠷᠢᠯᠳᠦᠭᠦᠯᠦᠨ᠎ᠡ; ᠪᠦᠬᠦ ᠤᠯᠤᠰ᠎ᠤᠨ ᠪᠣᠢ ᠪᠦᠬᠦᠢ ᠰᠢᠶᠠᠨ᠎ᠤ ᠳᠡᠰ᠎ᠤᠨ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠨᠢᠭᠡᠴᠢ᠎ᠳᠤ ᠭᠠᠵᠠᠷ ᠬᠥᠳᠡᠯᠦᠯᠲᠡ ᠵᠢᠨ ᠦᠨᠳᠦᠰᠦᠨ ᠥᠷᠲᠡᠭᠡ᠎ᠪᠠᠷ ᠭᠣᠣᠯ ᠪᠣᠯᠭ᠋ᠠᠭᠰᠠᠨ ᠭᠠᠵᠠᠷ ᠬᠥᠳᠡᠯᠦᠯᠲᠡ ᠵᠢᠨ ᠳᠣᠷᠭᠢᠯᠲᠡ ᠵᠢ ᠲᠦᠷᠭᠡᠨ ᠮᠡᠳᠡᠭᠡᠯᠡᠬᠦ ᠨᠢᠷᠤᠭᠤᠪᠴᠢ ᠬᠣᠷᠢᠶ᠎ᠠ ᠲᠣᠣᠷ᠎ᠢ ᠪᠠᠢ᠌ᠭᠤᠯᠵᠤ᠂ ᠪᠦᠬᠦ ᠣᠷᠣᠨ᠎ᠤ ᠬᠡᠪᠴᠢᠶᠡᠨ᠎ᠤ ᠭᠠᠵᠠᠷ ᠬᠥᠳᠡᠯᠦᠯᠲᠡ ᠵᠢᠨ ᠳᠣᠷᠭᠢᠯᠲᠡ ᠵᠢ ᠲᠦᠷᠭᠡᠨ ᠮᠡᠳᠡᠭᠡᠯᠡᠬᠦ ᠴᠢᠳᠠᠪᠤᠷᠢ ᠵᠢ ᠪᠦᠷᠢᠯᠳᠦᠭᠦᠯᠦᠨ᠎ᠡ; ᠲᠥᠷᠥᠯ ᠵᠦᠢ᠍ᠯ᠎ᠢ ᠪᠠᠢ᠌ᠭᠤᠯᠵᠤ ᠳᠠᠭᠤᠰᠬᠠᠭᠰᠠᠨ᠎ᠤ ᠳᠠᠷᠠᠭ᠎ᠠ ᠭᠠᠵᠠᠷ ᠬᠥᠳᠡᠯᠦᠯᠲᠡ ᠵᠢᠨ ᠫᠠᠷᠠᠮᠧᠲᠷ᠎ᠢ ᠣᠯᠵᠠᠯᠠᠬᠤ ᠪᠠ ᠭᠠᠵᠠᠷ ᠬᠥᠳᠡᠯᠦᠯᠲᠡ ᠵᠢᠨ ᠭᠣᠯᠣᠮᠲᠠ ᠵᠢᠨ ᠫᠠᠷᠠᠮᠧᠲᠷ᠎ᠢ ᠲᠦᠷᠭᠡᠨ ᠮᠡᠳᠡᠭᠡᠯᠡᠬᠦ ᠴᠢᠳᠠᠪᠤᠷᠢ ᠵᠢ ᠢᠯᠡᠳᠲᠡ ᠴᠢᠩᠭ᠋ᠠᠷᠠᠭᠤᠯᠵᠤ᠂ ᠭᠠᠮᠰᠢᠭ᠎ᠤᠨ ᠪᠠᠢ᠌ᠳᠠᠯ᠎ᠢ ᠲᠦᠷᠭᠡᠨ ᠦᠨᠡᠯᠡᠨ ᠵᠢᠱ᠌ᠢᠬᠦ ᠴᠢᠳᠠᠪᠤᠷᠢ ᠵᠢ ᠳᠡᠭᠡᠭᠰᠢᠯᠡᠭᠦᠯᠦᠨ᠎ᠡ; ᠤᠷᠢᠳᠴᠢᠯᠠᠨ ᠰᠡᠷᠡᠮᠵᠢᠯᠡᠭᠦᠯᠬᠦ ᠣᠷᠣᠨ ᠪᠦᠰᠡ ᠵᠢᠨ ᠳᠣᠲᠣᠷᠠᠬᠢ ᠵᠠᠰᠠᠭ᠎ᠤᠨ ᠣᠷᠳᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂ ᠣᠯᠠᠨ ᠨᠡᠢ᠌ᠲᠡ ᠵᠢ ᠠᠮᠢ ᠵᠢᠭᠤᠲᠠᠭᠤᠯᠤᠨ ᠠᠶᠤᠯ᠎ᠠᠴᠠ ᠵᠠᠢ᠌ᠯᠠᠭᠤᠯᠬᠤ᠂ ᠴᠢᠬᠤᠯᠠ ᠶᠡᠬᠡ ᠢᠨᠵᠧᠨᠧᠷᠢᠩ᠎ᠤᠨ ᠭᠠᠵᠠᠷ ᠬᠥᠳᠡᠯᠦᠯᠲᠡ ᠵᠢ ᠪᠠᠴᠢᠮ ᠰᠢᠢ᠍ᠳᠪᠦᠷᠢᠯᠡᠬᠦ᠂ ᠳᠡᠯᠡᠬᠡᠢ ᠵᠢᠨ ᠪᠥᠮᠪᠥᠷᠴᠡᠭ᠎ᠲᠤ ᠰᠢᠨᠵᠢᠯᠡᠬᠦ ᠤᠬᠠᠭ᠋ᠠᠨ᠎ᠤ ᠰᠤᠳᠤᠯᠤᠯᠲᠠ ᠬᠢᠬᠦ᠎ᠳᠤ ᠭᠠᠵᠠᠷ ᠬᠥᠳᠡᠯᠦᠯᠲᠡ ᠵᠢᠨ ᠠᠮᠤᠷ ᠲᠦᠪᠰᠢᠨ᠎ᠤ ᠦᠢ᠍ᠯᠡᠴᠢᠯᠡᠭᠡᠨ ᠪᠠ ᠲᠤᠬᠠᠢ ᠵᠢᠨ ᠴᠠᠭ᠎ᠤᠨ ᠭᠦᠢ᠍ᠴᠡᠳ ᠲᠣᠭ᠎ᠠ ᠪᠠᠷᠢᠮᠲᠠ ᠵᠢ ᠬᠠᠩᠭ᠋ᠠᠨ᠎ᠠ᠃
      ᠤᠮᠠᠷᠠᠲᠤ ᠵᠢᠨ ᠰᠢᠨ᠎ᠡ ᠰᠣᠨᠢᠨ᠄ ᠰᠠᠶᠢᠬᠠᠨ ᠥᠪᠥᠷ ᠮᠣᠩᠭᠣᠯ᠎ᠤᠨ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠶᠡᠷᠦᠩᠬᠡᠢ᠌ᠯᠡᠭᠰᠡᠨ ᠲᠤᠷᠰᠢᠯᠲᠠ ᠵᠢᠨ ᠰᠠᠭᠤᠷᠢᠨ᠎ᠤ ᠲᠥᠷᠥᠯ ᠵᠦᠢ᠍ᠯ᠎ᠤᠨ ᠪᠠᠢ᠌ᠳᠠᠯ᠎ᠢ ᠳᠤᠷᠠᠳᠪᠠ᠃ ᠲᠡᠭᠡᠪᠡᠯ ᠲᠥᠷᠥᠯ ᠵᠦᠢ᠍ᠯ᠎ᠤᠨ ᠠᠬᠢᠴᠠ ᠵᠢᠨ ᠪᠠᠢ᠌ᠳᠠᠯ ᠪᠠ ᠲᠥᠷᠥᠯ ᠵᠦᠢ᠍ᠯ᠎ᠢ ᠪᠠᠢ᠌ᠭᠤᠯᠤᠭᠰᠠᠨ᠎ᠤ ᠳᠠᠷᠠᠭ᠎ᠠ ᠮᠠᠨ᠎ᠤ ᠦᠢ᠍ᠯᠡᠳᠪᠦᠷᠢᠯᠡᠯ ᠠᠮᠢᠳᠤᠷᠠᠯ᠎ᠳᠤ ᠶᠠᠮᠠᠷ ᠶᠠᠮᠠᠷ ᠨᠥᠯᠥᠭᠡ ᠦᠵᠡᠭᠦᠯᠬᠦ ᠲᠤᠬᠠᠢ ᠶᠠᠷᠢᠭ᠋ᠠᠳ ᠥᠭᠭᠦᠨ᠎ᠡ ᠦᠦ?
      ᠸᠠᠩ ᠱ᠌ᠢ ᠯᠧᠢ᠄ ᠭᠠᠵᠠᠷ ᠬᠥᠳᠡᠯᠦᠯᠲᠡ ᠵᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠠᠵᠢᠯ᠎ᠤᠨ ᠲᠤᠬᠠᠢ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠪᠠ ᠳᠤᠮᠳᠠᠳᠤ ᠤᠯᠤᠰ᠎ᠤᠨ ᠭᠠᠵᠠᠷ ᠬᠥᠳᠡᠯᠦᠯᠲᠡ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠲᠣᠬᠢᠷᠠᠭᠤᠯᠤᠯᠲᠠ ᠪᠠᠢ᠌ᠷᠢᠯᠠᠭᠤᠯᠤᠯᠲᠠ ᠵᠢ ᠦᠨᠡᠨ ᠬᠦ᠌ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠬᠥᠳᠡᠯᠦᠯᠲᠡ ᠵᠢᠨ ᠭᠠᠮᠰᠢᠭ᠎ᠢ ᠰᠡᠷᠭᠡᠢ᠌ᠯᠡᠨ ᠵᠠᠰᠠᠬᠤ ᠴᠢᠳᠠᠪᠤᠷᠢ ᠪᠠ ᠭᠠᠵᠠᠷ ᠬᠥᠳᠡᠯᠦᠯᠲᠡ ᠵᠢᠨ ᠬᠢᠨᠠᠨ ᠰᠢᠨᠵᠢᠯᠡᠵᠦ ᠰᠡᠷᠡᠮᠵᠢᠯᠡᠭᠦᠯᠬᠦ ᠴᠢᠳᠠᠪᠤᠷᠢ ᠵᠢ ᠴᠢᠩᠭ᠋ᠠᠳᠬᠠᠬᠤ ᠵᠢᠨ ᠲᠤᠰᠠᠳᠠ᠂ ᠭᠠᠵᠠᠷ ᠬᠥᠳᠡᠯᠦᠯᠲᠡ ᠵᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ 《14 · 5》᠎ᠤᠨ ᠬᠥᠭᠵᠢᠯᠲᠡ ᠵᠢᠨ ᠲᠥᠯᠥᠪᠵᠢᠭᠦᠯᠭᠡ᠎ᠲᠠᠢ ᠤᠶᠠᠯᠳᠤᠭᠤᠯᠤᠨ᠂ ᠨᠢᠭᠡᠳᠦᠯᠲᠡᠢ ᠤᠬᠠᠭ᠋ᠠᠯᠠᠨ ᠲᠥᠯᠥᠪᠯᠡᠬᠦ ᠪᠠ ᠬᠢᠨᠠᠮᠠᠭ᠋ᠠᠢ ᠰᠤᠳᠤᠯᠤᠯᠲᠠ ᠬᠢᠬᠦ᠎ᠪᠠᠷ ᠳᠠᠮᠵᠢᠭᠤᠯᠵᠤ᠂ ᠬᠣᠷᠢᠨᠭᠡᠷ ᠰᠢᠨ᠎ᠡ ᠲᠣᠭᠣᠷᠢᠭ᠎ᠲᠤ 《ᠥᠪᠥᠷ ᠮᠣᠩᠭᠣᠯ᠎ᠤᠨ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠶᠡᠷᠦᠩᠬᠡᠢ᠌ᠯᠡᠭᠰᠡᠨ ᠲᠤᠷᠰᠢᠯᠲᠠ ᠵᠢᠨ ᠰᠠᠭᠤᠷᠢᠨ》᠎ᠤ ᠲᠥᠷᠥᠯ ᠵᠦᠢ᠍ᠯ᠎ᠢ ᠪᠠᠢ᠌ᠭᠤᠯᠬᠤ᠎ᠪᠠᠷ ᠲᠥᠯᠥᠪᠯᠡᠵᠦ ᠪᠣᠢ᠃ ᠲᠥᠷᠥᠯ ᠵᠦᠢ᠍ᠯ᠎ᠨᠢ ᠬᠣᠷᠢᠨᠭᠡᠷ ᠰᠢᠨ᠎ᠡ ᠲᠣᠭᠣᠷᠢᠭ᠎ᠤᠨ ᠥᠪᠡᠷᠮᠢᠴᠡ ᠣᠷᠣᠨ ᠪᠠᠢ᠌ᠷᠢ ᠵᠢᠨ ᠳᠠᠪᠠᠭᠤᠯᠢᠭ᠎ᠲᠤ ᠰᠠᠭᠤᠷᠢᠯᠠᠨ᠂ ᠲᠣᠮᠣ ᠳ᠋ᠠᠢ᠌ᠲ᠋ᠠ ᠪᠠ ᠡᠭᠦᠯᠡᠨ ᠪᠣᠳᠣᠯᠲᠠ ᠵᠢᠨ ᠰᠠᠭᠤᠷᠢᠨ᠎ᠤ ᠳᠠᠪᠠᠭᠤᠯᠢᠭ᠎ᠢ ᠭᠦᠢ᠍ᠴᠡᠳ ᠠᠰᠢᠭᠯᠠᠵᠤ᠂ 《ᠥᠪᠥᠷ ᠮᠣᠩᠭᠣᠯ᠎ᠤᠨ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠶᠡᠷᠦᠩᠬᠡᠢ᠌ᠯᠡᠭᠰᠡᠨ ᠲᠤᠷᠰᠢᠯᠲᠠ ᠵᠢᠨ ᠰᠠᠭᠤᠷᠢᠨ᠎ᠤ ᠲᠥᠷᠥᠯ ᠵᠦᠢ᠍ᠯ》᠎ᠤᠨ ᠪᠠᠢ᠌ᠭᠤᠯᠤᠯᠲᠠ ᠵᠢ ᠥᠷᠨᠢᠭᠦᠯᠵᠦ᠂ ᠡᠭᠦᠨ᠎ᠳᠤ ᠭᠣᠣᠯᠳᠠᠭᠤ ᠥᠪᠥᠷ ᠮᠣᠩᠭᠣᠯ᠎ᠤᠨ ᠭᠠᠵᠠᠷ ᠬᠥᠳᠡᠯᠦᠯᠲᠡ ᠵᠢᠨ ᠬᠣᠷᠢᠶ᠎ᠠ᠂ ᠥᠪᠥᠷ ᠮᠣᠩᠭᠣᠯ᠎ᠤᠨ ᠭᠠᠵᠠᠷ ᠬᠥᠳᠡᠯᠦᠯᠲᠡ ᠵᠢᠨ ᠤᠷᠢᠳᠴᠢᠯᠠᠨ ᠰᠡᠷᠡᠮᠵᠢᠯᠡᠭᠦᠯᠬᠦ ᠲᠥᠪ᠂ ᠭᠠᠵᠠᠷ ᠬᠥᠳᠡᠯᠦᠯᠲᠡ ᠵᠢᠨ ᠠᠵᠢᠭᠯᠠᠨ ᠰᠢᠨᠵᠢᠯᠡᠬᠦ ᠶᠡᠷᠦᠩᠬᠡᠢ᠌ᠯᠡᠭᠰᠡᠨ ᠲᠤᠷᠰᠢᠯᠲᠠ ᠵᠢᠨ ᠲᠠᠯᠠᠪᠠᠢ᠂ ᠥᠪᠥᠷ ᠮᠣᠩᠭᠣᠯ᠎ᠤᠨ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠰᠢᠨᠵᠢᠯᠡᠬᠦ ᠤᠬᠠᠭ᠋ᠠᠨ᠎ᠢ ᠤᠯᠠᠮᠵᠢᠯᠠᠬᠤ ᠬᠢᠭᠡᠳ ᠪᠡᠶᠡᠴᠢᠯᠡᠨ ᠲᠤᠷᠰᠢᠬᠤ ᠣᠷᠳᠣᠨ ᠵᠡᠷᠭᠡ ᠪᠡᠯᠡᠳᠬᠡᠮᠵᠢ ᠵᠢ ᠪᠠᠢ᠌ᠭᠤᠯᠬᠤ ᠲᠥᠷᠥᠯ ᠵᠦᠢ᠍ᠯ ᠪᠠᠭᠲᠠᠨ᠎ᠠ᠃
      ᠳᠤᠮᠳᠠᠳᠤ ᠤᠯᠤᠰ᠎ᠤᠨ ᠭᠠᠵᠠᠷ ᠬᠥᠳᠡᠯᠦᠯᠲᠡ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠠᠴᠠ ᠨᠢᠭᠡᠨᠲᠡ ᠲᠤᠰ ᠲᠥᠷᠥᠯ ᠵᠦᠢ᠍ᠯ᠎ᠤᠨ ᠪᠠᠢ᠌ᠭᠤᠯᠤᠯᠲᠠ ᠵᠢ ᠵᠠᠷᠴᠢᠮ᠎ᠤᠨ ᠲᠠᠯ᠎ᠠ᠎ᠪᠠᠷ ᠵᠥᠪᠰᠢᠶᠡᠷᠡᠵᠦ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠂ ᠬᠥᠬᠡᠬᠣᠲᠠ ᠵᠢᠨ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠵᠢᠴᠢ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠤᠯᠤᠰ᠎ᠤᠨ ᠭᠠᠵᠠᠷ ᠰᠢᠷᠣᠢ ᠵᠢᠨ ᠡᠬᠢ ᠪᠠᠶᠠᠯᠢᠭ᠂ ᠣᠢ ᠰᠢᠭᠤᠢ ᠨᠤᠲᠤᠭ ᠪᠡᠯᠴᠢᠭᠡᠷ ᠵᠡᠷᠭᠡ ᠬᠠᠮᠢᠶ᠎ᠠ ᠪᠦᠬᠦᠢ ᠲᠢᠩᠬᠢᠮ ᠲᠣᠪᠴᠢᠶ᠎ᠠ᠎ᠠᠴᠠ ᠲᠤᠰ ᠲᠥᠷᠥᠯ ᠵᠦᠢ᠍ᠯ᠎ᠳᠤ ᠶᠡᠬᠡ ᠬᠦᠴᠦᠨ᠎ᠤ ᠳᠡᠮᠵᠢᠯᠭᠡ ᠦᠵᠡᠭᠦᠯᠵᠦ ᠪᠠᠢ᠌ᠨ᠎ᠠ᠃ ᠬᠣᠷᠢᠨᠭᠡᠷ ᠰᠢᠨ᠎ᠡ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠎ᠤᠨ ᠤᠯᠤᠰ᠎ᠤᠨ ᠨᠤᠲᠤᠭ ᠳᠡᠪᠢᠰᠬᠡᠷ᠎ᠤᠨ ᠲᠥᠯᠥᠪᠵᠢᠭᠦᠯᠭᠡ ᠵᠢᠨ ᠵᠥᠪᠯᠡᠯ᠎ᠤᠨ ᠳᠣᠯᠣᠳᠤᠭ᠋ᠠᠷ ᠤᠳᠠᠭ᠋ᠠᠨ᠎ᠤ ᠬᠤᠷᠠᠯ᠎ᠠᠴᠠ ᠥᠪᠥᠷ ᠮᠣᠩᠭᠣᠯ᠎ᠤᠨ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠶᠡᠷᠦᠩᠬᠡᠢ᠌ᠯᠡᠭᠰᠡᠨ ᠲᠤᠷᠰᠢᠯᠲᠠ ᠵᠢᠨ ᠰᠠᠭᠤᠷᠢᠨ᠎ᠤ ᠲᠥᠷᠥᠯ ᠵᠦᠢ᠍ᠯ᠎ᠤᠨ ᠣᠷᠣᠨ ᠪᠠᠢ᠌ᠷᠢ ᠵᠢ ᠰᠣᠩᠭᠣᠬᠤ ᠵᠢᠴᠢ ᠡᠷᠬᠡ ᠵᠢ ᠬᠠᠷᠢᠶᠠᠯᠠᠭᠤᠯᠬᠤ ᠲᠥᠯᠥᠪᠵᠢᠭᠦᠯᠭᠡ ᠵᠢᠨ ᠨᠥᠬᠥᠴᠡᠯ᠎ᠢ ᠪᠠᠲᠤᠯᠠᠪᠠ᠃ ᠪᠠᠢ᠌ᠭᠤᠯᠵᠤ ᠳᠠᠭᠤᠰᠬᠠᠭᠰᠠᠨ᠎ᠤ ᠳᠠᠷᠠᠭ᠋ᠠᠬᠢ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠶᠡᠷᠦᠩᠬᠡᠢ᠌ᠯᠡᠭᠰᠡᠨ ᠲᠤᠷᠰᠢᠯᠲᠠ ᠵᠢᠨ ᠰᠠᠭᠤᠷᠢᠨ᠎ᠤ ᠣᠯᠠᠨ ᠭᠠᠮᠰᠢᠭ᠎ᠤᠨ ᠲᠥᠷᠥᠯ᠂ ᠣᠯᠠᠨ ᠰᠢᠨᠵᠢᠯᠡᠬᠦ ᠤᠬᠠᠭ᠋ᠠᠨ᠂ ᠠᠵᠢᠭᠯᠠᠨ ᠰᠢᠨᠵᠢᠯᠡᠬᠦ ᠣᠯᠠᠨ ᠠᠷᠭ᠎ᠠ ᠪᠠᠷᠢᠯ᠎ᠢ ᠨᠢᠭᠡ ᠴᠣᠭᠴᠠᠵᠢᠭᠤᠯᠤᠭᠰᠠᠨ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠶᠡᠷᠦᠩᠬᠡᠢ᠌ᠯᠡᠭᠰᠡᠨ ᠴᠢᠨᠠᠷᠲᠠᠢ ᠲᠠᠪᠴᠠᠩ᠎ᠢ ᠪᠠᠢ᠌ᠭᠤᠯᠵᠤ᠂ ᠭᠠᠵᠠᠷ ᠬᠥᠳᠡᠯᠦᠯᠲᠡ ᠵᠢᠨ ᠭᠠᠮᠰᠢᠭ᠎ᠢ ᠰᠡᠷᠭᠡᠢ᠌ᠯᠡᠨ ᠵᠠᠰᠠᠬᠤ᠂ ᠭᠠᠵᠠᠷ ᠬᠥᠳᠡᠯᠦᠯᠲᠡ ᠵᠢ ᠬᠢᠨᠠᠨ ᠰᠢᠨᠵᠢᠯᠡᠬᠦ ᠤᠷᠢᠳᠴᠢᠯᠠᠨ ᠮᠡᠳᠡᠭᠡᠯᠡᠬᠦ ᠪᠠ ᠤᠷᠢᠳᠴᠢᠯᠠᠨ ᠰᠡᠷᠡᠮᠵᠢᠯᠡᠭᠦᠯᠬᠦ᠂ ᠲᠠᠰᠤᠯᠳᠠᠩᠭᠤᠢ ᠭᠠᠵᠠᠷ ᠬᠥᠳᠡᠯᠦᠯᠲᠡ ᠵᠢ ᠪᠠᠭ᠋ᠠᠰᠬᠠᠬᠤ ᠮᠡᠷᠭᠡᠵᠢᠯ᠎ᠤᠨ ᠰᠤᠳᠤᠯᠤᠯᠲᠠ᠂ ᠪᠠᠢ᠌ᠭ᠋ᠠᠯᠢ ᠵᠢᠨ ᠪᠤᠰᠤ ᠭᠠᠵᠠᠷ ᠬᠥᠳᠡᠯᠦᠯᠲᠡ ᠵᠢᠨ ᠰᠤᠳᠤᠯᠤᠯᠲᠠ᠂ ᠭᠠᠮᠰᠢᠭ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠰᠢᠨᠵᠢᠯᠡᠬᠦ ᠤᠬᠠᠭ᠋ᠠᠨ᠎ᠤ ᠮᠡᠳᠡᠯᠭᠡ ᠵᠢ ᠲᠦᠭᠡᠮᠡᠯᠵᠢᠭᠦᠯᠬᠦ ᠵᠡᠷᠭᠡ ᠴᠢᠳᠠᠮᠵᠢ ᠵᠢ ᠪᠡᠶᠡᠯᠡᠭᠦᠯᠵᠦ᠂ ᠵᠠᠰᠠᠭ᠎ᠤᠨ ᠣᠷᠳᠣᠨ᠎ᠤ ᠠᠵᠢᠯ᠎ᠤᠨ ᠲᠥᠯᠥᠪᠵᠢᠭᠦᠯᠭᠡ᠎ᠳᠤ ᠰᠢᠨᠵᠢᠯᠡᠬᠦ ᠤᠬᠠᠭ᠋ᠠᠨᠴᠢ ᠪᠥᠭᠡᠳ ᠬᠠᠪᠰᠤᠷᠤᠭᠴᠢ ᠰᠢᠢ᠍ᠳᠪᠦᠷᠢᠲᠦ ᠪᠣᠳᠣᠯᠭ᠎ᠠ ᠵᠢᠨ ᠦᠨᠳᠦᠰᠦᠯᠡᠯ ᠬᠠᠩᠭ᠋ᠠᠵᠤ᠂ ᠣᠷᠣᠨ ᠪᠦᠰᠡ ᠵᠢᠨ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠦᠨᠡᠨ ᠪᠣᠳᠠᠲᠠᠢ ᠦᠢ᠍ᠯᠡᠳᠬᠦᠨ᠎ᠤ ᠦᠢ᠍ᠯᠡᠴᠢᠯᠡᠭᠡ ᠬᠠᠩᠭ᠋ᠠᠵᠤ᠂ ᠪᠦᠬᠦ ᠣᠷᠣᠨ᠎ᠤ ᠭᠠᠵᠠᠷ ᠬᠥᠳᠡᠯᠦᠯᠲᠡ ᠵᠢᠨ ᠠᠮᠤᠷ ᠲᠦᠪᠰᠢᠨ᠎ᠤ ᠪᠠᠲᠤᠯᠠᠭ᠎ᠠ ᠵᠢᠨ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ᠃
     

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ