ᠲᠡᠷᠢᠭᠦᠨ ᠬᠠᠭᠤᠳᠠᠰᠤ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ 2021 ᠣᠨ᠎ᠤ ᠬᠣᠶᠠᠳᠤᠭ᠋ᠠᠷ ᠤᠯᠠᠷᠢᠯ᠎ᠤᠨ ᠪᠥᠬᠥ ᠣᠷᠣᠨ᠎ᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠭᠦᠴᠡᠯ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠡ
ᠨᠡᠶ᠋ᠢᠲᠡᠯᠡᠭᠰᠡᠨ ᠴᠠᠭ᠄ 2021-06-11

     6 ᠳ᠋ᠤᠭ᠋ᠠᠷ ᠰᠠᠷ᠎ᠠ ᠵᠢᠨ 10᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ ᠡᠨᠡ ᠵᠢᠯ᠎ᠤᠨ ᠬᠣᠶᠠᠳᠤᠭ᠋ᠠᠷ ᠤᠯᠠᠷᠢᠯ᠎ᠤᠨ ᠪᠥᠬᠥ ᠣᠷᠣᠨ᠎ᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠭᠦᠴᠡᠯ᠎ᠤᠨ ᠲᠤᠰᠬᠠᠶ ᠰᠡᠳᠦᠪᠲᠦ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠬᠠᠮᠢᠶ᠎ᠠ ᠪᠥᠬᠥᠶ ᠬᠠᠷᠢᠭᠤᠴᠠᠯᠭ᠋ᠠᠲᠠᠨ ᠭᠣᠤᠯ ᠰᠡᠳᠦᠪᠲᠦ ᠨᠡᠶ᠋ᠢᠲᠡᠯᠡᠯ ᠬᠢᠪᠠ᠃ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠂ ᠬᠥᠬᠡᠬᠣᠲᠠ ᠵᠢᠨ ᠨᠠᠮ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠬᠠᠮᠢᠶ᠎ᠠ ᠪᠥᠬᠥᠶ ᠬᠠᠷᠢᠭᠤᠴᠠᠯᠭ᠋ᠠᠲᠠᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠲᠤᠬᠠᠶ ᠵᠢᠨ ᠲᠠᠯᠠᠪᠠᠢ᠎ᠳᠤ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠭᠦᠴᠡᠯ᠎ᠢ ᠰᠢᠯᠢᠳᠡᠭᠵᠢᠭᠦᠯᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠦ᠂ 2021 ᠣᠨ᠎ᠤ ᠴᠠᠭ᠋ᠠᠨ ᠰᠠᠷ᠎ᠠ ᠵᠢᠨ ᠠᠮᠠᠷᠠᠯᠲᠠ᠎ᠠᠴᠠ ᠳᠠᠷᠠᠭ᠋ᠠᠬᠢ ᠠᠵᠢᠯ᠎ᠳᠤ ᠭᠠᠷᠤᠭᠰᠠᠨ ᠨᠢᠭᠡᠳᠦᠭᠡᠷ ᠡᠳᠦᠷ᠎ᠲᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠦᠬᠦ ᠣᠷᠣᠨ᠎ᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠭᠦᠴᠡᠯ᠎ᠢ ᠰᠢᠯᠢᠳᠡᠭᠵᠢᠭᠦᠯᠬᠦ ᠶᠡᠬᠡ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠵᠢᠨ ᠡᠷᠬᠢᠯᠡᠭᠴᠢ ᠱ᠌ᠢ᠎ᠲᠠᠢ ᠹᠸᠩ ᠨᠥᠬᠥᠷ ᠴᠢᠬᠤᠯᠠ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ᠎ᠤ ᠡᠯ᠎ᠡ ᠰᠠᠯᠠᠭ᠎ᠠ ᠮᠥᠴᠢᠷ᠎ᠤᠳ ᠠᠵᠢᠯ᠎ᠤᠨ ᠬᠠᠮᠲᠤᠷᠠᠯ᠎ᠤᠨ ᠬᠦᠴᠦᠨ ᠵᠶ᠋ᠠᠨ ᠭᠦᠢ᠍ᠴᠡᠳ ᠨᠢᠭᠲᠠᠷᠠᠭᠤᠯᠤᠨ᠂ ᠳᠡᠭᠡᠷ᠎ᠡ ᠳᠣᠣᠷ᠎ᠠ ᠱᠠᠳᠤ᠎ᠪᠠᠷ ᠵᠶ᠋ᠠᠨ ᠬᠠᠮᠵᠢᠯᠴᠠᠵᠤ᠂ ᠪᠦᠬᠦ ᠣᠷᠣᠨ᠎ᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠭᠦᠴᠡᠯ᠎ᠢ ᠰᠢᠯᠢᠳᠡᠭᠵᠢᠭᠦᠯᠬᠦ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠪᠠ᠃ ᠡᠯ᠎ᠡ ᠠᠶ᠋ᠢᠮᠠᠭ ᠬᠣᠲᠠ᠎ᠨᠤᠭᠤᠳ ᠪᠦᠲᠦᠴᠡ ᠵᠢᠨ ᠴᠢᠨᠠᠷᠲᠠᠶ ᠲᠣᠬᠢᠷᠠᠭᠤᠯᠤᠯᠲᠠ᠎ᠪᠠᠨ ᠴᠢᠩᠭ᠋ᠠᠳᠬᠠᠵᠤ᠂ ᠪᠦᠬᠦᠨ ᠵᠶ᠋ᠠᠷ ᠵᠶ᠋ᠠᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠭᠦᠴᠡᠯ᠎ᠢ ᠰᠢᠯᠢᠳᠡᠭᠵᠢᠭᠦᠯᠬᠦ ᠠᠵᠢᠯ᠎ᠤᠨ ᠪᠠᠶ᠋ᠢᠭᠤᠯᠤᠮᠵᠢ ᠵᠢ ᠪᠠᠶ᠋ᠢᠭᠤᠯᠵᠤ᠂ ᠢᠵᠢ ᠪᠥᠷᠢᠳᠦᠭᠦᠯᠬᠦ ᠲᠥᠷᠥ ᠵᠢᠨ ᠪᠣᠳᠣᠯᠭ᠎ᠠ ᠵᠢ ᠲᠣᠭᠲᠠᠭ᠋ᠠᠨ ᠪᠦᠷᠢᠨᠰᠢᠭᠥᠯᠵᠦ᠂ ᠠᠵᠢᠯ᠎ᠤᠨ ᠠᠷᠭ᠎ᠠ ᠬᠡᠮᠵᠢᠶ᠎ᠡ᠎ᠪᠠᠨ ᠨᠠᠷᠢᠯᠢᠬ᠍ᠵᠢᠭᠤᠯᠪᠠ᠃ ᠥᠪᠡᠷᠲᠡᠭᠡᠨ ᠵᠠᠰᠠᠬᠤ ᠣᠷᠣᠨ ᠤᠷᠢᠳ ᠬᠣᠵᠢᠳ 《ᠡᠵᠡᠩᠨᠡᠨ ᠬᠤᠳᠠᠯᠳᠤᠭ᠋ᠠᠯᠠᠬᠤ ᠣᠷᠴᠢᠨ ᠨᠦᠭᠦᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠲᠣᠭᠲᠠᠭ᠋ᠠᠯ》 《ᠡᠵᠡᠩᠨᠡᠨ ᠬᠤᠳᠠᠯᠳᠤᠭ᠋ᠠᠯᠠᠬᠤ ᠣᠷᠴᠢᠨ ᠨᠦᠭᠦᠴᠡᠯ᠎ᠢ ᠰᠢᠯᠢᠳᠡᠭᠵᠢᠭᠦᠯᠬᠦ ᠠᠵᠢᠯᠯᠠᠭ᠋ᠠᠨ᠎ᠤ ᠲᠥᠰᠦᠯ》 ᠵᠡᠷᠭᠡ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠨ ᠬᠡᠷᠡᠭᠵᠢᠭᠦᠯᠵᠦ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠭᠦᠴᠡᠯ᠎ᠢ ᠰᠢᠯᠢᠳᠡᠭᠵᠢᠭᠦᠯᠬᠦ ᠲᠥᠷᠥ ᠵᠢᠨ ᠪᠣᠳᠣᠯᠭ᠎ᠠ ᠵᠢᠨ ᠲᠣᠭᠲᠠᠯᠴᠠᠭ᠎ᠠ ᠵᠢᠨ ᠬᠥᠭᠵᠢᠯᠲᠡ ᠵᠢᠨ ᠴᠢᠭᠯᠡᠯ᠎ᠢ ᠵᠢᠷᠤᠭᠯᠠᠵᠠᠢ᠃ ᠡᠯ᠎ᠡ ᠠᠶ᠋ᠢᠮᠠᠭ ᠬᠤᠳᠠ ᠵᠢ ᠵᠢᠯᠣᠭᠣᠳᠤᠨ ᠠᠯᠢ ᠤᠯᠠᠨ ᠪᠣᠳᠠᠲᠠᠢ ᠵᠢ ᠡᠷᠬᠢᠮᠯᠡᠭᠰᠡᠨ ᠠᠷᠭ᠎ᠠ ᠬᠡᠮᠵᠢᠶ᠎ᠡ ᠵᠢ ᠨᠡᠶ᠋ᠢᠲᠡᠯᠡᠵᠦ᠂ ᠪᠦᠬᠦ ᠣᠷᠣᠨ᠎ᠤ 12 ᠠᠶ᠋ᠢᠮᠠᠭ ᠬᠣᠲᠠ᠎ᠨᠤᠭᠤᠳ ᠴᠥᠮ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠭᠦᠴᠡᠯ᠎ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ᠎ᠨᠦᠭᠦᠳ (ᠬᠡᠷᠡᠭᠵᠢᠭᠦᠯᠬᠦ ᠲᠥᠰᠦᠯ᠂ ᠠᠵᠢᠯᠯᠠᠭ᠋ᠠᠨ᠎ᠤ ᠲᠥᠰᠦᠯ ᠪᠤᠶᠤ ᠲᠣᠭᠲᠠᠭ᠋ᠠᠯ) ᠵᠡᠷᠭᠡ ᠲᠦᠷᠦ ᠵᠢᠨ ᠪᠤᠳᠤᠯᠭ᠎ᠠ ᠵᠢᠨ ᠪᠢᠴᠢᠭ ᠮᠠᠲᠸᠷᠢᠶᠠᠯ᠎ᠢ ᠨᠡᠶ᠋ᠢᠲᠡᠯᠡᠵᠦ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠭᠦᠴᠡᠯ᠎ᠢ ᠰᠢᠯᠢᠳᠡᠭᠵᠢᠭᠦᠯᠬᠦ 《ᠲᠦᠷᠪᠡᠨ ᠨᠢᠷᠤᠭᠤ ᠨᠠᠢ᠍ᠮᠠᠨ ᠲᠤᠯᠭ᠋ᠠᠭᠤᠷᠢ》 ᠵᠢ ᠬᠠᠮᠲᠤᠪᠠᠷ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠭᠦᠴᠡᠯ᠎ᠢ ᠰᠢᠯᠢᠳᠡᠭᠵᠢᠭᠦᠯᠬᠦ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠪᠠᠲᠤᠯᠠᠭ᠎ᠠ᠎ᠲᠠᠢ᠂ ᠨᠠᠢ᠌ᠳᠠᠪᠤᠷᠢᠲᠠᠢ᠂ ᠦᠷ᠎ᠡ ᠪᠦᠲᠦᠮᠵᠢᠲᠡᠢ ᠪᠠᠢ᠌ᠬᠤ ᠵᠢ ᠪᠠᠲᠤᠯᠠᠪᠠ᠃
      ᠲᠠᠨᠢᠯᠴᠠᠭᠤᠯᠤᠭᠰᠠᠨ ᠵᠶ᠋ᠠᠷ᠂ ᠪᠥᠬᠥ ᠣᠷᠣᠨ᠎ᠤ ᠳᠡᠭᠡᠳᠦ ᠳᠣᠤᠷᠠᠳᠤ ᠱᠠᠲᠤᠨ᠎ᠤ ᠬᠠᠮᠲᠤ ᠵᠢᠨ ᠴᠢᠷᠮᠠᠶ᠋ᠢᠯᠭ᠎ᠠ᠎ᠪᠠᠷ ᠳᠡᠮᠵᠢᠨ᠂ ᠣᠳᠣᠬᠠᠨ᠎ᠳᠤ ᠪᠥᠬᠥ ᠣᠷᠣᠨ᠎ᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠭᠦᠴᠡᠯ ᠦᠷᠭᠦᠯᠵᠢᠯᠡᠨ ᠰᠠᠢ᠌ᠵᠢᠷᠠᠪᠠ᠃ ᠠᠵᠤ ᠠᠬᠤᠶ᠋ᠢᠯᠠᠯ ᠡᠷᠭᠢᠯᠡᠬᠦ ᠲᠠᠯ᠎ᠠ᠎ᠪᠠᠷ᠂ ᠡᠷᠭᠢᠯᠡᠬᠦ ᠶᠠᠪᠤᠴᠠ ᠵᠢ ᠦᠷᠭᠦᠯᠵᠢᠯᠡᠨ ᠴᠣᠮᠬᠠᠳᠬᠠᠵᠤ᠂ ᠨᠡᠶ᠋ᠢᠭᠡᠮ᠎ᠤᠨ ᠳᠠᠭ᠋ᠠᠳᠬᠠᠯ᠎ᠤᠨ ᠳᠡᠩᠰᠡᠯᠡᠯᠲᠡ ᠪᠠ ᠠᠵᠤ ᠠᠬᠤᠶ᠋ᠢᠯᠠᠯ ᠪᠠᠶ᠋ᠢᠭᠤᠯᠬᠤ ᠳᠡᠩᠰᠡᠯᠡᠯᠲᠡ ᠵᠢ ᠨᠢᠭᠡ ᠭᠣᠭᠴᠣᠭ᠎ᠠ ᠪᠣᠯᠭ᠋ᠠᠨ ᠨᠡᠶ᠋ᠢᠯᠡᠭᠦᠯᠵᠦ᠂ ᠠᠵᠤ ᠠᠬᠤᠶ᠋ᠢᠯᠠᠯ ᠪᠠᠶ᠋ᠢᠭᠤᠯᠬᠤ ᠳᠡᠩᠰᠡᠯᠡᠯᠲᠡ ᠪᠠ ᠨᠡᠶ᠋ᠢᠭᠡᠮ᠎ᠤᠨ ᠳᠠᠭ᠋ᠠᠳᠬᠠᠯ᠎ᠤᠨ ᠳᠡᠩᠰᠡᠯᠡᠯᠲᠡ᠂ ᠲᠠᠮᠠᠭ᠎ᠠ ᠰᠡᠶ᠋ᠢᠯᠦᠨ ᠦᠢ᠍ᠯᠡᠳᠬᠦ᠂ ᠪᠠᠷᠢᠮᠲᠠ ᠭᠤᠶᠤᠴᠢᠯᠠᠨ ᠠᠪᠬᠤ ᠵᠡᠷᠭᠡ ᠶᠠᠪᠤᠳᠠᠯ᠎ᠢ 1 ᠠᠵᠢᠯᠯᠠᠬᠤ ᠡᠳᠦᠷ᠎ᠤᠨ ᠳᠣᠲᠣᠷ᠎ᠠ ᠭᠦᠢ᠍ᠴᠡᠳᠬᠡᠵᠦ ᠳᠠᠭᠤᠰᠬᠠᠬᠤ ᠵᠢ ᠦᠨᠳᠦᠰᠦᠨ᠎ᠳᠤ᠎ᠪᠠᠨ ᠪᠡᠶᠡᠯᠡᠭᠦᠯᠦᠭᠰᠡᠨ ᠪᠦᠭᠡᠳ ᠪᠣᠶ ᠪᠥᠬᠥᠶ ᠵᠠᠰᠠᠭ ᠵᠠᠬᠢᠷᠭ᠋ᠠᠨ᠎ᠤ ᠰᠦᠢ᠍ᠳᠬᠡᠯ ᠬᠤᠷᠢᠶᠠᠯᠲᠠ ᠵᠢ ᠬᠦᠴᠦᠨ ᠥᠬᠡᠶ ᠪᠣᠯᠭ᠋ᠠᠪᠠ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ 8 ᠪᠠᠩᠬᠢ᠎ᠯᠤᠭ᠎ᠠ ᠵᠠᠰᠠᠭ ᠪᠠᠩᠬᠢ ᠵᠢᠨ ᠬᠠᠮᠲᠤᠷᠠᠯᠴᠠᠭ᠋ᠠᠨ᠎ᠤ ᠪᠠᠶ᠋ᠢᠯᠳᠤᠬᠤ ᠪᠣᠳᠣᠯᠭ᠎ᠠ ᠵᠢᠨ ᠵᠥᠪᠯᠡᠯᠴᠡᠭᠡᠷ ᠲᠣᠭᠲᠠᠵᠤ᠂ ᠪᠥᠬᠥ ᠣᠷᠣᠨ᠎ᠤ ᠬᠡᠪᠴᠢᠶᠡᠨ᠎ᠳᠤ ᠪᠠᠩᠬᠢ ᠵᠢᠨ ᠰᠦᠢ᠍ᠳᠬᠡᠯ ᠬᠤᠷᠢᠶᠠᠬᠤ ᠥᠬᠡᠶ᠎ᠪᠠᠷ ᠣᠷᠣᠯᠠᠨ ᠭᠦᠢ᠍ᠴᠡᠳᠬᠡᠬᠦ ᠦᠢ᠍ᠯᠡᠴᠢᠯᠡᠭᠡ ᠵᠢ ᠶᠡᠬᠡᠪᠡᠷ ᠳᠡᠯᠭᠡᠷᠡᠭᠦᠯᠪᠡ᠃ ᠪᠠᠷᠢᠯᠭ᠎ᠠ ᠵᠢᠨ ᠵᠥᠪᠰᠢᠶᠡᠷᠡᠯ᠎ᠢ ᠭᠦᠢ᠍ᠴᠡᠳᠬᠡᠬᠦ ᠲᠠᠯ᠎ᠠ᠎ᠪᠠᠷ᠂ ᠪᠥᠬᠥ ᠣᠷᠣᠨ᠎ᠤ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠢᠨᠠᠨ ᠵᠥᠪᠰᠢᠶᠡᠷᠡᠬᠦ ᠵᠦᠢ᠍ᠯᠡᠰ᠎ᠢ ᠡᠮᠬᠢᠯᠡᠨ ᠳᠢᠭᠯᠡᠬᠦ ᠵᠢ ᠨᠢᠭᠡᠨᠲᠡ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠦᠢ᠍ᠯᠡᠰ᠎ᠢ ᠨᠢᠭᠡᠨᠲᠡ ᠢᠨᠵᠧᠨᠧᠷᠢᠩ᠎ᠤᠨ ᠥᠭᠡᠷᠡᠴᠢᠯᠡᠯᠲᠡ ᠵᠢᠨ ᠰᠢᠰᠲ᠋ᠧᠮ᠎ᠳᠤ ᠣᠷᠣᠭᠤᠯᠪᠠ᠃ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠰᠢᠰᠲ᠋ᠧᠮ ᠪᠠ ᠥᠪᠡᠷᠲᠡᠭᠡᠨ ᠵᠠᠰᠠᠬᠤ ᠣᠷᠣᠨ᠎ᠤ ᠪᠠᠯᠠ ᠣᠷᠣᠭᠤᠯᠤᠯᠲᠠ ᠵᠢᠨ ᠲᠥᠷᠥᠯ ᠵᠦᠢ᠍ᠯ᠎ᠤᠨ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠬᠢᠨᠠᠨ ᠬᠠᠮᠢᠶᠠᠷᠬᠤ ᠲᠠᠪᠴᠠᠩ᠎ᠤᠨ ᠰᠢᠰᠲ᠋ᠧᠮ᠎ᠨᠢ ᠬᠠᠷᠢᠯᠴᠠᠨ ᠬᠣᠯᠪᠣᠭ᠋ᠠᠯᠠᠨ ᠬᠠᠷᠢᠯᠴᠠᠨ ᠨᠡᠪᠲᠡᠷᠡᠯᠴᠡᠵᠦ᠂ ᠮᠡᠳᠡᠭᠡ ᠵᠠᠩᠭᠢ ᠵᠢ ᠴᠠᠭ ᠲᠤᠬᠠᠶ᠎ᠳᠤ᠎ᠨᠢ ᠬᠠᠮᠲᠤᠪᠠᠷ ᠭᠥᠷᠳᠡᠬᠦ ᠵᠢ ᠪᠡᠶᠡᠯᠡᠭᠦᠯᠪᠡ᠃ ᠭᠠᠶ᠋ᠢᠯᠢ ᠲᠤᠰᠢᠶᠠᠬᠤ ᠲᠠᠯ᠎ᠠ᠎ᠪᠠᠷ᠂ ᠭᠠᠶ᠋ᠢᠯᠢ ᠲᠤᠰᠢᠶᠠᠬᠤ ᠤᠳᠠᠭ᠎ᠠ ᠵᠢ ᠴᠥᠬᠡᠳᠬᠡᠬᠦ ᠪᠠ ᠴᠠᠭ᠎ᠢ ᠪᠣᠭᠣᠨᠢᠰᠬᠠᠵᠤ᠂ ᠡᠯᠧᠺᠲᠷᠣᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ ᠵᠢᠨ ᠴᠢᠳᠠᠮᠵᠢ ᠵᠢ ᠪᠦᠷᠢᠨᠰᠢᠭᠦᠯᠦᠨ᠂ 《ᠥᠯᠥ ᠣᠢ᠌ᠷᠠᠲᠤᠯᠴᠠᠬᠤ ᠬᠡᠯᠪᠡᠷᠢ》 ᠵᠢᠨ ᠭᠠᠶ᠋ᠢᠯᠢ ᠲᠤᠰᠢᠶᠠᠬᠤ ᠠᠷᠭ᠎ᠠ ᠮᠠᠶᠢᠭ᠎ᠢ ᠢᠳᠡᠪᠬᠢᠲᠡᠶ ᠥᠷᠭᠡᠳᠬᠡᠵᠦ᠂ ᠭᠠᠶ᠋ᠢᠯᠢ ᠲᠤᠰᠢᠶᠠᠭᠴᠢ ᠵᠢᠨ 90%᠎ᠠᠴᠠ ᠳᠡᠭᠡᠭᠰᠢᠬᠢ ᠭᠣᠤᠯ ᠪᠣᠯᠬᠤ ᠭᠠᠶ᠋ᠢᠯᠢ᠎ᠳᠤ ᠬᠣᠯᠪᠣᠭᠳᠠᠬᠤ ᠦᠢ᠍ᠯᠡᠴᠢᠯᠡᠭᠡᠨ᠎ᠤ ᠵᠦᠢ᠍ᠯᠡᠰ᠎ᠢ ᠰᠦᠯᠵᠢᠶᠡᠨ ᠳᠡᠭᠡᠷ᠎ᠡ ᠭᠦᠢ᠍ᠴᠡᠳᠬᠡᠬᠦ ᠵᠢ ᠪᠡᠶᠡᠯᠡᠭᠦᠯᠵᠦ᠂ ᠭᠠᠶ᠋ᠢᠯᠢ ᠵᠢᠨ ᠶᠠᠪᠤᠳᠠᠯ᠎ᠤᠨ ᠳᠡᠩᠰᠡᠯᠡᠯᠲᠡ ᠵᠡᠷᠭᠡ 6 ᠲᠥᠷᠥᠯ᠎ᠤᠨ ᠵᠦᠢ᠍ᠯᠡᠰ᠎ᠢ ᠪᠥᠬᠥ ᠣᠷᠣᠨ᠎ᠳᠤ ᠨᠡᠶ᠋ᠢᠳᠡᠮ ᠭᠦᠢ᠍ᠴᠡᠳᠬᠡᠬᠦ ᠵᠢ ᠪᠡᠶᠡᠯᠡᠭᠦᠯᠪᠡ᠃ ᠭᠡᠷ᠎ᠡ ᠵᠢ ᠭᠦᠢ᠍ᠴᠡᠳᠬᠡᠬᠦ ᠲᠠᠯ᠎ᠠ᠎ᠪᠠᠷ᠂ ᠦᠨᠳᠦᠰᠦᠨ ᠱᠠᠲᠤᠨ᠎ᠤ ᠠᠷᠠᠳ᠎ᠤᠨ ᠰᠢᠭᠦᠬᠦ ᠬᠣᠷᠢᠶ᠎ᠠ᠎ᠠᠴᠠ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ ᠬᠦᠷᠲᠡᠯᠡᠬᠢ ᠣᠷᠣᠨ ᠪᠦᠰᠡ ᠠᠯᠤᠰᠯᠠᠨ ᠬᠡᠷᠡᠭ ᠪᠣᠯᠭ᠋ᠠᠨ ᠳᠠᠩᠰᠠᠯᠠᠬᠤ ᠴᠢᠳᠠᠮᠵᠢ ᠵᠢ ᠨᠡᠶ᠋ᠢᠳᠡᠮ ᠬᠠᠮᠤᠷᠬᠤ ᠵᠢ ᠪᠡᠶᠡᠯᠡᠭᠦᠯᠵᠦ᠂ ᠪᠦᠬᠦ ᠣᠷᠣᠨ᠎ᠤ 50 ᠰᠢᠭᠦᠬᠦ ᠬᠣᠷᠢᠶ᠎ᠠ᠎ᠳᠤ ᠶᠠᠷᠰᠢᠭ ᠲᠦᠪᠡᠭᠲᠡᠶ ᠪᠠ ᠬᠢᠯᠪᠠᠷ᠎ᠢ ᠬᠤᠪᠢᠶᠠᠷᠢᠯᠠᠬᠤ ᠵᠢᠴᠢ ᠲᠦᠷᠭᠡᠨ ᠲᠠᠰᠤᠯᠬᠤ ᠲᠠᠪᠴᠠᠩ᠎ᠤᠨ ᠰᠢᠰᠲ᠋ᠧᠮ᠎ᠢ ᠪᠠᠶ᠋ᠢᠭᠤᠯᠵᠤ᠂ ᠶᠠᠷᠰᠢᠭ ᠲᠦᠪᠡᠭᠲᠡᠶ ᠪᠠ ᠬᠢᠯᠪᠠᠷ᠎ᠢ ᠲᠦᠷᠭᠡᠨ ᠰᠢᠭᠦᠬᠦ᠂ ᠶᠠᠷᠰᠢᠭ ᠲᠦᠪᠡᠭᠲᠡᠶ ᠬᠡᠷᠡᠭ᠎ᠢ ᠨᠠᠷᠢᠯᠢᠭ ᠰᠢᠭᠦᠬᠦ ᠵᠢ ᠪᠡᠶᠡᠯᠡᠭᠦᠯᠪᠡ᠃
      ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ᠎ᠲᠠᠢ ᠢᠵᠢᠯᠢ ᠠᠯᠬᠤᠮ ᠵᠶ᠋ᠠᠷ ᠤᠷᠤᠭᠰᠢᠯᠠᠨ᠂ ᠢᠵᠢᠯᠢ ᠴᠢᠭᠯᠡᠯ ᠵᠶ᠋ᠡᠷ ᠬᠦᠴᠦᠯᠡᠵᠦ᠂ ᠲᠥᠷᠥ ᠵᠢᠨ ᠪᠣᠳᠣᠯᠭ᠎ᠠ ᠵᠢᠨ ᠲᠦᠪᠡᠭᠲᠡᠢ ᠵᠦᠢ᠍ᠯ᠂ ᠦᠢ᠍ᠯᠡᠴᠢᠯᠡᠭᠡᠨ᠎ᠤ ᠡᠮᠵᠡᠭ᠎ᠲᠠᠢ ᠲᠠᠯ᠎ᠠ᠂ ᠰᠢᠯᠢᠳᠡᠭᠵᠢᠭᠦᠯᠦᠯᠲᠡ ᠵᠢᠨ ᠬᠦᠴᠢᠷᠲᠡᠢ ᠠᠰᠠᠭᠤᠳᠠᠯ ᠪᠠ ᠶᠠᠷᠢᠶ᠎ᠠ ᠬᠡᠯᠡᠯᠴᠡᠭᠡᠨ᠎ᠤ ᠲᠥᠪᠯᠡᠷᠡᠯ᠎ᠤᠨ ᠴᠡᠭ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠡᠯ᠎ᠡ ᠵᠦᠢ᠍ᠯ᠎ᠤᠨ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ ᠵᠢ ᠠᠬᠢᠭᠤᠯᠤᠨ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠭᠦᠴᠡᠯ᠎ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠪᠥᠬᠥ ᠣᠷᠣᠨ᠎ᠤ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ ᠵᠢ ᠪᠥᠬᠥ ᠬᠦᠴᠦᠨ ᠵᠶ᠋ᠠᠷ ᠵᠶ᠋ᠠᠨ ᠳᠥᠯᠭᠢᠨ ᠠᠬᠢᠭᠤᠯᠤᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ