ᠰᠤᠷᠪᠤᠯᠵᠢᠯᠠᠭᠰᠠᠨ ᠴᠠᠭ᠄ 2021 — 12 — 27
ᠰᠤᠷᠪᠤᠯᠵᠢᠯᠠᠭᠰᠠᠨ ᠵᠣᠴᠢᠨ᠄ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠾᠧ ᠹᠧᠩ
ᠬᠤᠷᠢᠶᠠᠩᠭᠤᠢ᠄ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠳᠦᠷᠢᠮ ᠪᠣᠯ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ᠂ ᠥᠷᠭᠡᠨ ᠣᠯᠠᠨ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠥᠭᠡᠷᠡᠴᠢᠯᠡᠯᠲᠡ ᠬᠥᠭᠵᠢᠯᠲᠡ ᠵᠢᠨ ᠦᠷ᠎ᠡ ᠪᠦᠲᠦᠭᠡᠯ᠎ᠢ ᠬᠠᠮᠲᠤ᠎ᠳᠤ᠎ᠪᠠᠨ ᠬᠦᠷᠲᠡᠬᠦ ᠵᠢ ᠪᠠᠲᠤᠯᠠᠬᠤ᠂ ᠡᠶ᠎ᠡ ᠵᠣᠬᠢᠴᠠᠯ᠎ᠲᠠᠢ ᠨᠡᠢ᠌ᠭᠡᠮ᠎ᠢ ᠪᠦᠲᠦᠭᠡᠨ ᠪᠠᠶ᠋ᠢᠭᠤᠯᠬᠤ ᠵᠢᠨ ᠴᠢᠬᠤᠯᠠ ᠠᠷᠭ᠎ᠠ ᠬᠡᠮᠵᠢᠶ᠎ᠡ ᠪᠠᠢ᠌ᠵᠤ᠂ ᠠᠷᠠᠳ ᠲᠦᠮᠡᠨ᠎ᠤ ᠦᠨᠳᠦᠰᠦᠨ ᠠᠮᠢᠳᠤᠷᠠᠯ᠎ᠢ ᠪᠠᠲᠤᠯᠠᠬᠤ᠂ ᠨᠡᠢ᠌ᠭᠡᠮ᠎ᠤᠨ ᠣᠷᠣᠯᠭ᠎ᠠ ᠵᠢᠨ ᠬᠤᠪᠢᠶᠠᠷᠢᠯᠠᠯᠲᠠ ᠵᠢ ᠲᠣᠬᠢᠷᠠᠭᠤᠯᠬᠤ᠂ ᠬᠣᠲᠠ ᠬᠥᠳᠡᠭᠡ ᠵᠢᠨ ᠠᠵᠤ ᠠᠬᠤᠢ ᠨᠡᠢ᠌ᠭᠡᠮ᠎ᠤᠨ ᠵᠣᠬᠢᠴᠠᠩᠭᠤᠢ ᠬᠥᠭᠵᠢᠯᠲᠡ ᠵᠢ ᠠᠬᠢᠭᠤᠯᠬᠤ ᠵᠡᠷᠭᠡ ᠲᠠᠯ᠎ᠠ᠎ᠪᠠᠷ ᠴᠢᠬᠤᠯᠠ ᠦᠢ᠍ᠯᠡᠳᠦᠯ᠎ᠲᠠᠢ ᠶᠤᠮ᠃
ᠦᠰᠦᠭ ᠪᠢᠴᠢᠭ᠎ᠤᠨ ᠪᠣᠳᠠᠲᠤ ᠲᠡᠮᠳᠡᠭᠯᠡᠯ
ᠬᠥᠲᠥᠯᠥᠭᠴᠢ 2021 — 12 — 27 11᠄ 00
ᠰᠦᠯᠵᠢᠶᠡᠨ᠎ᠤ ᠨᠠᠢ᠌ᠵᠠ ᠨᠠᠷ ᠰᠠᠢ᠌ᠨ ᠪᠠᠢ᠌ᠵᠠᠭ᠋ᠠᠨ᠎ᠠ ᠦᠦ! ᠲᠣᠰ ᠬᠤᠭᠤᠴᠠᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠵᠢᠨ ᠫᠷᠣᠭ᠌ᠷᠠᠮ᠎ᠢ ᠬᠦᠯᠢᠶᠡᠨ ᠠᠪᠴᠤ ᠦᠵᠡᠭᠰᠡᠨ᠎ᠳᠤ ᠪᠠᠶᠠᠷᠯᠠᠵᠤ ᠪᠠᠢ᠌ᠨ᠎ᠠ᠃ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠾᠧ ᠹᠧᠩ᠎ᠢ ᠤᠷᠢᠵᠤ ᠢᠷᠡᠭᠦᠯᠦᠭᠰᠡᠨᠳᠤᠪᠠᠨ ᠮᠠᠰᠢ ᠪᠠᠶᠠᠷᠲᠠᠢ ᠪᠠᠢ᠌ᠨ᠎ᠠ᠂ ᠲᠡᠷᠡ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠣᠯᠪᠣᠭᠳᠠᠯ ᠪᠦᠬᠦᠢ ᠠᠭᠤᠯᠭ᠎ᠠ ᠵᠢᠨ ᠲᠤᠬᠠᠢ ᠣᠯᠠᠨ᠎ᠲᠠᠢ ᠰᠠᠨᠠᠯ ᠵᠶ᠋ᠠᠨ ᠰᠣᠯᠢᠯᠴᠠᠬᠤ ᠪᠣᠯᠣᠨ᠎ᠠ᠃ ᠾᠧ ᠳᠠᠷᠤᠭ᠎ᠠ ᠲᠠᠨ᠎ᠢ ᠪᠠᠶᠠᠷᠯᠠᠨ ᠤᠭᠲᠤᠵᠤ ᠪᠠᠢ᠌ᠨ᠎ᠠ!
ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠾᠧ ᠹᠧᠩ 2021 — 12 — 27 11᠄ 00
ᠬᠥᠲᠥᠯᠥᠭᠴᠢ ᠰᠠᠢ᠌ᠨ ᠦᠦ᠂ ᠰᠦᠯᠵᠢᠶᠡᠨ᠎ᠤ ᠠᠨᠳᠠ ᠨᠠᠷ ᠰᠠᠢ᠌ᠨ ᠦᠦ᠂ ᠡᠨᠳᠡ ᠲᠠ ᠪᠦᠬᠦᠨ᠎ᠲᠠᠢ ᠰᠠᠨᠠᠯ ᠵᠶ᠋ᠠᠨ ᠰᠣᠯᠢᠯᠴᠠᠬᠤ ᠪᠣᠯᠤᠭᠰᠠᠨ᠎ᠳᠤ᠎ᠪᠠᠨ ᠮᠠᠰᠢ ᠪᠠᠶᠠᠷᠲᠠᠢ ᠪᠠᠢ᠌ᠨ᠎ᠠ᠃ ᠲᠠ ᠨᠠᠷ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ᠎ᠢ ᠬᠠᠯᠠᠮᠵᠢᠯᠠᠨ ᠳᠡᠮᠵᠢᠭᠰᠡᠨ᠎ᠳᠤ ᠲᠠᠯᠠᠷᠬᠠᠵᠤ ᠪᠠᠢ᠌ᠨ᠎ᠠ᠃
ᠬᠥᠲᠥᠯᠥᠭᠴᠢ 2021 — 12 — 27 11᠄ 00
ᠾᠧ ᠳᠠᠷᠤᠭ᠎ᠠ ᠠ᠋᠂ ᠲᠠ ᠮᠠᠨ᠎ᠤ ᠣᠷᠣᠨ᠎ᠤ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠳᠦᠷᠢᠮ᠎ᠤᠨ ᠬᠥᠭᠵᠢᠯᠲᠡ ᠵᠢᠨ ᠪᠠᠢ᠌ᠳᠠᠯ᠎ᠢ ᠲᠠᠨᠢᠯᠴᠠᠭᠤᠯᠤᠭ᠋ᠠᠳ ᠥᠭᠭᠦᠨ᠎ᠡ ᠦᠦ?
ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠾᠧ ᠹᠧᠩ 2021 — 12 — 27 11᠄ 00
2009 ᠣᠨ᠎ᠳᠤ᠂ ᠤᠯᠤᠰ᠎ᠤᠨ ᠨᠢᠭᠡᠳᠦᠯᠲᠡᠢ ᠲᠣᠬᠢᠷᠠᠭᠤᠯᠤᠯᠲᠠ ᠪᠠᠢ᠌ᠷᠢᠯᠠᠭᠤᠯᠤᠯᠲᠠ ᠶᠣᠰᠣᠭ᠋ᠠᠷ᠂ ᠮᠠᠨ᠎ᠤ ᠣᠷᠣᠨ ᠮᠠᠯᠵᠢᠬᠤ ᠲᠠᠷᠢᠶᠠᠯᠠᠬᠤ ᠣᠷᠣᠨ᠎ᠤ ᠰᠢᠨ᠎ᠡ ᠮᠠᠶᠢᠭ᠎ᠤᠨ ᠨᠡᠢ᠌ᠭᠡᠮ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠳᠦᠷᠢᠮ᠎ᠢ ᠡᠬᠢᠯᠡᠭᠦᠯᠪᠡ᠃ 2011 ᠣᠨ᠎ᠳᠤ᠂ ᠮᠠᠨ᠎ᠤ ᠣᠷᠣᠨ ᠬᠣᠲᠠ ᠪᠠᠯᠭ᠋ᠠᠰᠤ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ ᠪᠣᠯᠣᠨ ᠲᠠᠷᠢᠶᠠᠯᠠᠬᠤ ᠮᠠᠯᠵᠢᠬᠤ ᠣᠷᠣᠨ᠎ᠤ ᠰᠢᠨ᠎ᠡ ᠮᠠᠶᠢᠭ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠢ ᠨᠡᠢ᠌ᠯᠡᠭᠦᠯᠦᠨ ᠬᠡᠷᠡᠭᠵᠢᠭᠦᠯᠵᠦ᠂ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠳᠦᠷᠢᠮ᠎ᠢ ᠪᠠᠢ᠌ᠭᠤᠯᠤᠨ᠂ 2012 ᠣᠨ᠎ᠳᠤ ᠳᠦᠷᠢᠮ᠎ᠢ ᠪᠦᠷᠢᠨ ᠬᠠᠮᠤᠷᠤᠭᠤᠯᠬᠤ ᠵᠢ ᠪᠡᠶᠡᠯᠡᠭᠦᠯᠪᠡ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠪᠢᠳᠡ ᠳᠦᠷᠢᠮ᠎ᠢ ᠲᠡᠭᠦᠯᠳᠡᠷᠵᠢᠭᠦᠯᠬᠦ ᠡᠷᠴᠢᠮ ᠵᠶ᠋ᠡᠨ ᠲᠠᠰᠤᠷᠠᠯᠲᠠ ᠦᠭᠡᠢ ᠴᠢᠩᠭ᠋ᠠᠷᠠᠭᠤᠯᠵᠤ᠂ ᠠᠯᠢ ᠣᠯᠠᠨ ᠲᠥᠷᠥ ᠵᠢᠨ ᠪᠣᠳᠣᠯᠭ᠎ᠠ ᠵᠢ ᠲᠣᠭᠲᠠᠭ᠋ᠠᠨ ᠨᠡᠢ᠌ᠲᠡᠯᠡᠵᠦ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠳᠦᠷᠢᠮ᠎ᠤᠨ ᠬᠥᠭᠵᠢᠯᠲᠡ ᠵᠢ ᠠᠬᠢᠭᠤᠯᠪᠠ᠃ 2015 ᠣᠨ᠎ᠳᠤ᠂ 《ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠳᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠰᠠᠨᠠᠯ》 (ᠥᠪᠥᠷ ᠵᠠᠰᠠᠭ ᠲᠠᠷᠬᠠᠭ᠋ᠠᠭᠰᠠᠨ [2015] 21 ᠳ᠋ᠦ᠍ᠭᠡᠷ ᠲᠣᠭ᠋ᠠᠲᠤ)᠎ᠢ ᠨᠡᠢ᠌ᠲᠡᠯᠡᠵᠦ᠂ ᠰᠦᠢ᠍ᠳᠬᠡᠯ ᠲᠤᠰᠢᠶᠠᠬᠤ ᠲᠠᠰ ᠪᠠ ᠵᠠᠰᠠᠭ᠎ᠤᠨ ᠣᠷᠳᠣᠨ᠎ᠤ ᠨᠥᠬᠥᠪᠦᠷᠢ ᠵᠢᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠪᠡ᠃ 2018 ᠣᠨ᠎ᠳᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ ᠣᠷᠣᠰᠢᠭᠤᠯᠭ᠎ᠠ ᠵᠢᠨ ᠨᠥᠬᠥᠪᠦᠷᠢ ᠵᠢᠨ ᠠᠷᠭ᠎ᠠ》 (ᠥᠪᠥᠷ ᠬᠥᠮᠥᠨ ᠨᠡᠢ᠌ᠭᠡᠮ ᠠᠯᠪᠠᠨ ᠲᠠᠷᠬᠠᠭ᠋ᠠᠭᠰᠠᠨ [2018] 324 ᠳ᠋ᠦ᠍ᠭᠡᠷ ᠲᠣᠭ᠋ᠠᠲᠤ) ᠵᠢ ᠨᠡᠢ᠌ᠲᠡᠯᠡᠵᠦ᠂ ᠬᠠᠷᠠᠭ᠋ᠠᠯᠵᠠᠯ ᠬᠦᠷᠲᠡᠭᠰᠡᠳ ᠨᠠᠰᠤ ᠪᠠᠷᠠᠪᠠᠯ ᠣᠷᠣᠰᠢᠭᠤᠯᠭ᠎ᠠ ᠵᠢᠨ ᠨᠥᠬᠥᠪᠦᠷᠢ ᠮᠥᠩᠭᠥ᠎ᠲᠠᠢ ᠪᠣᠯᠵᠤ᠂ ᠨᠥᠬᠥᠪᠦᠷᠢ ᠵᠢᠨ ᠪᠠᠷᠢᠮᠵᠢᠶ᠎ᠠ ᠵᠢ 12 ᠰᠠᠷ᠎ᠠ ᠵᠢᠨ ᠳᠡᠭᠡᠷ᠎ᠡ ᠨᠢᠭᠡ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭᠲᠠᠭ᠋ᠠᠭᠰᠠᠨ ᠰᠠᠭᠤᠷᠢ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢᠨ ᠪᠠᠷᠢᠮᠵᠢᠶ᠎ᠠ᠎ᠪᠠᠷ ᠲᠣᠭᠲᠠᠭ᠋ᠠᠪᠠ᠃ ᠣᠳᠣᠬᠠᠨ᠎ᠳᠤ 1596 ᠲᠥᠭᠥᠷᠢᠭ ᠵᠶ᠋ᠠᠷ ᠪᠠᠷᠢᠮᠵᠢᠶᠠᠯᠠᠵᠤ ᠪᠠᠢ᠌ᠨ᠎ᠠ᠃ 2019 ᠣᠨ᠎ᠳᠤ᠂ 《ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠠᠭ᠋ᠠᠯᠵᠠᠯ᠎ᠢ ᠲᠣᠭᠲᠠᠭ᠋ᠠᠬᠤ ᠪᠠ ᠰᠠᠭᠤᠷᠢ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢᠨ ᠬᠡᠪ᠎ᠤᠨ ᠲᠣᠬᠢᠷᠠᠭᠤᠯᠤᠯᠲᠠ ᠵᠢᠨ ᠲᠣᠭᠲᠠᠴᠠ ᠵᠢ ᠪᠠᠶ᠋ᠢᠭᠤᠯᠬᠤ ᠲᠤᠬᠠᠢ ᠬᠡᠷᠡᠭᠵᠢᠭᠦᠯᠬᠦ ᠰᠠᠨᠠᠯ》᠎ᠢ ᠲᠣᠭᠲᠠᠭ᠋ᠠᠨ ᠨᠡᠢ᠌ᠲᠡᠯᠡᠵᠦ᠂ ᠰᠠᠭᠤᠷᠢ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢᠨ ᠲᠣᠬᠢᠷᠠᠭᠤᠯᠤᠯᠲᠠ᠎ᠳᠤ ᠳᠦᠷᠢᠮ᠎ᠤᠨ ᠪᠠᠲᠤᠯᠠᠭ᠎ᠠ ᠵᠢ ᠲᠠᠯᠪᠢᠵᠤ ᠥᠭᠴᠡᠢ᠃ ᠣᠲᠣ ᠪᠣᠯᠬᠤ᠎ᠳᠤ᠂ ᠪᠥᠬᠥ ᠣᠷᠣᠨ᠎ᠳᠤ 790 ᠲᠦᠮᠡᠨ ᠬᠥᠮᠥᠨ ᠳᠠᠭ᠋ᠠᠳᠬᠠᠯ᠎ᠳᠤ ᠣᠷᠣᠯᠴᠠᠵᠤ᠂ ᠳᠠᠭ᠋ᠠᠳᠬᠠᠯ᠎ᠳᠤ ᠣᠷᠣᠯᠴᠠᠭᠰᠠᠨ ᠨᠣᠷᠮ᠎ᠠ 99.35% ᠬᠦᠷᠴᠡᠢ; ᠬᠠᠷᠠᠭ᠋ᠠᠯᠵᠠᠯ ᠬᠦᠷᠲᠡᠭᠰᠡᠳ 261 ᠲᠦᠮᠡ᠎ᠳᠤ ᠬᠥᠷᠪᠡ; ᠰᠠᠭᠤᠷᠢ ᠨᠠᠰᠤᠵᠢᠯ᠎ᠤᠨ ᠠᠰᠠᠷᠠᠮᠵᠢ ᠵᠢᠨ ᠮᠥᠩᠭᠥ᠎ᠨᠢ ᠬᠥᠮᠥᠨ ᠪᠦᠷᠢ ᠰᠠᠷ᠎ᠠ᠎ᠳᠤ 140 ᠲᠥᠭᠥᠷᠢᠭ ᠪᠣᠯᠣᠨ᠎ᠠ᠃
ᠬᠥᠲᠥᠯᠥᠭᠴᠢ 2021 — 12 — 27 11᠄ 03
ᠲᠠ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠭᠣᠣᠯ ᠲᠥᠷᠥ ᠵᠢᠨ ᠪᠣᠳᠣᠯᠭ᠎ᠠ ᠵᠢ ᠲᠠᠨᠢᠯᠴᠠᠭᠤᠯᠤᠭ᠋ᠠᠷᠠᠢ
ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠾᠧ ᠹᠧᠩ 2021 — 12 — 27 11᠄ 03
ᠳᠠᠭ᠋ᠠᠳᠬᠠᠯ᠎ᠳᠤ ᠣᠷᠤᠯᠴᠠᠬᠤ ᠬᠥᠮᠥᠰ᠄ ᠪᠦᠬᠦᠯᠢ 16 ᠨᠠᠰᠤ ᠬᠦᠷᠦᠭᠰᠡᠨ (ᠰᠤᠷᠭ᠋ᠠᠭᠤᠯᠢ᠎ᠳᠤ ᠪᠠᠢ᠌ᠭ᠎ᠠ ᠰᠣᠷᠣᠭᠴᠢ ᠵᠢ ᠪᠠᠭᠲᠠᠭ᠋ᠠᠬᠤ ᠦᠭᠡᠢ)᠂ ᠤᠯᠤᠰ᠎ᠤᠨ ᠵᠠᠰᠠᠭ ᠵᠠᠬᠢᠷᠭ᠎ᠠ ᠠᠵᠢᠯ ᠦᠢ᠍ᠯᠡᠰ᠎ᠤᠨ ᠨᠢᠭᠡᠴᠢ ᠵᠢᠨ ᠪᠤᠰᠤ ᠠᠵᠢᠯᠲᠠᠨ ᠠᠵᠢᠯᠲᠠᠨ᠎ᠨᠢ ᠠᠵᠢᠯᠴᠢᠨ᠎ᠤ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠳᠤ ᠣᠷᠤᠯᠴᠠᠬᠤ ᠬᠡᠪᠴᠢᠶᠡᠨ᠎ᠳᠤ ᠦᠯᠦ ᠪᠠᠭᠲᠠᠬᠤ ᠬᠣᠲᠠ ᠬᠥᠳᠡᠭᠡ ᠵᠢᠨ ᠰᠠᠭᠤᠭ᠋ᠠᠯᠢ ᠠᠷᠠᠳ ᠪᠣᠯ ᠡᠷᠦᠬᠡ ᠠᠮᠠ ᠵᠢᠨ ᠪᠠᠢ᠌ᠭ᠎ᠠ ᠭᠠᠵᠠᠷ᠎ᠲᠤ᠎ᠪᠠᠨ ᠳᠠᠭ᠋ᠠᠳᠬᠠᠯ᠎ᠳᠤ ᠣᠷᠣᠯᠴᠠᠵᠤ ᠪᠣᠯᠣᠨ᠎ᠠ᠃ ᠣᠯᠭᠣᠮᠵᠢ ᠠᠪᠬᠤ᠄ ᠪᠦᠬᠦᠯᠢ 60 ᠨᠠᠰᠤ ᠬᠦᠷᠴᠦ᠂ ᠰᠦᠢ᠍ᠳᠬᠡᠯ ᠲᠤᠰᠢᠶᠠᠭ᠋ᠠᠳ ᠪᠦᠬᠦᠯᠢ 15 ᠵᠢᠯ ᠪᠣᠯᠤᠭᠰᠠᠨ ᠪᠥᠭᠡᠳ ᠪᠤᠰᠤᠳ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠣᠯᠭᠣᠮᠵᠢ ᠵᠢ ᠦᠯᠦ ᠬᠦᠷᠲᠡᠭᠰᠡᠨ ᠪᠣᠯ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠣᠯᠭᠣᠮᠵᠢ ᠵᠢ ᠰᠠᠷ᠎ᠠ ᠰᠠᠷ᠎ᠠ᠎ᠪᠠᠷ ᠠᠪᠴᠤ ᠪᠣᠯᠣᠨ᠎ᠠ᠃ ᠰᠠᠭᠤᠷᠢ ᠨᠠᠰᠤᠵᠢᠯ᠎ᠤᠨ ᠠᠰᠠᠷᠠᠮᠵᠢ ᠵᠢᠨ ᠮᠥᠩᠭᠥ᠄ ᠥᠪᠡᠷᠲᠡᠭᠡᠨ ᠵᠠᠰᠠᠬᠤ ᠣᠷᠣᠨ᠎ᠠᠴᠠ ᠪᠥᠬᠥ ᠣᠷᠣᠨ᠎ᠤ ᠰᠠᠭᠤᠷᠢ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢᠨ ᠬᠠᠮᠤᠭ᠎ᠤᠨ ᠳᠣᠣᠷ᠎ᠠ ᠪᠠᠷᠢᠮᠵᠢᠶ᠎ᠠ ᠵᠢ ᠲᠣᠭᠲᠠᠭ᠋ᠠᠪᠠ᠂ ᠣᠳᠣᠬᠠᠨ᠎ᠳᠤ 140 ᠲᠥᠭᠥᠷᠢᠭ ᠪᠣᠯᠣᠨ᠎ᠠ᠂ ᠪᠦᠬᠦᠯᠢ 70 ᠨᠠᠰᠤ᠎ᠠᠴᠠ ᠪᠦᠬᠦᠯᠢ 79 ᠨᠠᠰᠤ ᠬᠦᠷᠪᠡᠯ᠂ 10 ᠲᠥᠭᠥᠷᠢᠭ ᠨᠡᠮᠡᠭᠳᠡᠭᠦᠯᠦᠨ᠎ᠡ; ᠪᠦᠬᠦᠯᠢ 80 ᠨᠠᠰᠤᠨ᠎ᠠᠴᠠ ᠳᠡᠭᠡᠭᠰᠢ ᠪᠣᠯᠪᠠᠯ 20 ᠲᠥᠭᠥᠷᠢᠭ ᠨᠡᠮᠡᠭᠳᠡᠭᠦᠯᠦᠨ᠎ᠡ᠃ ᠳᠠᠭ᠋ᠠᠳᠬᠠᠯ᠎ᠳᠤ ᠣᠷᠣᠭᠰᠠᠳ 200 ᠲᠥᠭᠥᠷᠢᠭ ᠵᠢᠴᠢ 200 ᠲᠥᠭᠥᠷᠢᠭ᠎ᠠᠴᠠ ᠳᠡᠭᠡᠭᠰᠢ ᠰᠦᠢ᠍ᠳᠬᠡᠯ ᠲᠤᠰᠢᠶᠠᠬᠤ ᠲᠠᠰ᠎ᠢ ᠰᠣᠩᠭᠣᠭᠰᠠᠨ ᠮᠥᠷᠲᠡᠭᠡᠨ ᠰᠦᠢ᠍ᠳᠬᠡᠯ ᠲᠤᠰᠢᠶᠠᠭ᠋ᠠᠳ ᠪᠦᠬᠦᠯᠢ 15 ᠵᠢᠯ ᠪᠣᠯᠤᠭᠰᠠᠨ ᠪᠣᠯ᠂ ᠨᠢᠭᠡ ᠵᠢᠯ ᠨᠡᠮᠡᠭᠳᠡᠬᠦ ᠪᠦᠷᠢ ᠰᠠᠭᠤᠷᠢ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢ 2 ᠲᠥᠭᠥᠷᠢᠭ ᠨᠡᠮᠡᠭᠳᠡᠭᠦᠯᠦᠨ᠎ᠡ᠃ ᠰᠦᠢ᠍ᠳᠬᠡᠯ ᠲᠤᠰᠢᠶᠠᠬᠤ ᠲᠠᠰ᠄ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠳᠤ ᠵᠢᠯ ᠵᠶ᠋ᠡᠷ ᠳᠡᠰ ᠰᠣᠩᠭᠣᠨ ᠰᠦᠢ᠍ᠳᠬᠡᠯ ᠲᠤᠰᠢᠶᠠᠬᠤ ᠵᠢ ᠬᠡᠷᠡᠭᠵᠢᠭᠦᠯᠵᠦ᠂ ᠰᠦᠢ᠍ᠳᠬᠡᠯ ᠲᠤᠰᠢᠶᠠᠬᠤ ᠲᠠᠰ᠎ᠢ 12 ᠲᠠᠰ ᠬᠤᠪᠢᠶᠠᠨ᠎ᠠ᠂ ᠲᠤᠬᠠᠢ᠌ᠯᠠᠪᠠᠯ 200 ᠲᠥᠭᠥᠷᠢᠭ᠂ 300 ᠲᠥᠭᠥᠷᠢᠭ᠂ 400 ᠲᠥᠭᠥᠷᠢᠭ᠂ 500 ᠲᠥᠭᠥᠷᠢᠭ᠂ 600 ᠲᠥᠭᠥᠷᠢᠭ᠂ 700 ᠲᠥᠭᠥᠷᠢᠭ᠂ 800 ᠲᠥᠭᠥᠷᠢᠭ᠂ 900 ᠲᠥᠭᠥᠷᠢᠭ᠂ 1000 ᠲᠥᠭᠥᠷᠢᠭ᠂ 3000 ᠲᠥᠭᠥᠷᠢᠭ᠂ 5000 ᠲᠥᠭᠥᠷᠢᠭ᠂ 7000 ᠲᠥᠭᠥᠷᠢᠭ ᠪᠣᠯᠣᠨ᠎ᠠ᠃ ᠰᠦᠢ᠍ᠳᠬᠡᠯ ᠲᠤᠰᠢᠶᠠᠬᠤ ᠨᠥᠬᠥᠪᠦᠷᠢ᠄ 200 ᠲᠥᠭᠥᠷᠢᠭ᠎ᠠᠴᠠ 400 ᠲᠥᠭᠥᠷᠢᠭ᠎ᠲᠤ᠂ ᠲᠣᠰ ᠲᠣᠰ 35 ᠲᠥᠭᠥᠷᠢᠭ᠂ 40 ᠲᠥᠭᠥᠷᠢᠭ᠂ 45 ᠲᠥᠭᠥᠷᠢᠭ ᠨᠥᠬᠥᠪᠦᠷᠢᠯᠡᠨ᠎ᠡ; 500 ᠲᠥᠭᠥᠷᠢᠭ᠎ᠲᠤ 60 ᠲᠥᠭᠥᠷᠢᠭ ᠨᠥᠬᠥᠪᠦᠷᠢᠯᠡᠨ᠎ᠡ᠂ ᠡᠭᠦᠨ᠎ᠤ ᠰᠠᠭᠤᠷᠢᠨ ᠳᠡᠭᠡᠷ᠎ᠡ ᠰᠦᠢ᠍ᠳᠬᠡᠯ ᠲᠤᠰᠢᠶᠠᠬᠤ ᠲᠠᠰ᠎ᠢ ᠳᠡᠭᠡᠭᠰᠢᠯᠡᠭᠦᠯᠬᠦ ᠪᠦᠷᠢ ᠨᠥᠬᠥᠪᠦᠷᠢ ᠵᠢ 5 ᠲᠥᠭᠥᠷᠢᠭ ᠳᠡᠭᠡᠭᠰᠢᠯᠡᠭᠦᠯᠵᠦ᠂ ᠬᠠᠮᠤᠭ᠎ᠤᠨ ᠥᠨᠳᠥᠷ᠎ᠲᠤ᠎ᠪᠠᠨ 100 ᠲᠥᠭᠥᠷᠢᠭ᠎ᠤᠨ ᠨᠥᠬᠥᠪᠦᠷᠢ ᠥᠭᠭᠦᠨ᠎ᠡ᠃ ᠣᠷᠣᠯᠠᠨ ᠲᠤᠰᠢᠶᠠᠬᠤ ᠲᠠᠯ᠎ᠠ᠎ᠪᠠᠷ᠄ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠡᠲᠡᠭᠡᠳ᠂ ᠣᠨᠴᠠ ᠬᠦᠴᠢᠷᠳᠡᠯᠲᠡᠢ ᠬᠥᠮᠥᠰ᠂ ᠨᠥᠬᠥᠴᠡᠯ᠎ᠳᠤ ᠨᠡᠶ᠋ᠢᠴᠡᠬᠦ ᠲᠥᠯᠥᠪᠯᠡᠭᠡᠲᠦ ᠦᠷᠡᠵᠢᠯ᠎ᠤᠨ ᠣᠨᠴᠠᠭ᠋ᠠᠶ ᠭᠡᠷ ᠪᠦᠯᠢ᠂ ᠳᠠᠬᠢᠭ᠋ᠠᠳ ᠶᠠᠳᠠᠭᠤᠷᠠᠭᠰᠠᠳ ᠪᠠ ᠶᠠᠳᠠᠭᠤᠷᠠᠭᠰᠠᠳ ᠵᠡᠷᠭᠡ ᠰᠦᠢ᠍ᠳᠬᠡᠯ ᠲᠤᠰᠢᠶᠠᠬᠤ᠎ᠳᠤ ᠬᠦᠴᠢᠷᠲᠡᠢ ᠬᠥᠮᠥᠰ᠎ᠲᠤ ᠵᠠᠰᠠᠭ᠎ᠤᠨ ᠣᠷᠳᠣᠨ 100 ᠲᠥᠭᠥᠷᠢᠭ᠎ᠤᠨ ᠪᠠᠷᠢᠮᠵᠢᠶ᠎ᠠ᠎ᠪᠠᠷ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠦᠢ᠍ᠳᠬᠡᠯ᠎ᠢ᠎ᠨᠢ ᠣᠷᠣᠯᠠᠨ ᠲᠤᠰᠢᠶᠠᠨ᠎ᠠ; ᠬᠦᠨᠳᠦ ᠵᠡᠮᠳᠡᠭᠴᠦᠳ᠎ᠲᠤ ᠵᠠᠰᠠᠭ᠎ᠤᠨ ᠣᠷᠳᠣᠨ 200 ᠲᠥᠭᠥᠷᠢᠭ᠎ᠤᠨ ᠪᠠᠷᠢᠮᠵᠢᠶ᠎ᠠ᠎ᠪᠠᠷ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠵᠠᠷᠤᠳᠠᠯ᠎ᠢ᠎ᠨᠢ ᠣᠷᠣᠯᠠᠨ ᠲᠤᠰᠢᠶᠠᠨ᠎ᠠ᠃
ᠬᠥᠲᠥᠯᠥᠭᠴᠢ᠄ 2021 — 12 — 27 11᠄ 05
ᠰᠠᠶᠢᠬᠠᠨ ᠲᠠ 2019 ᠣᠨ᠎ᠳᠤ ᠨᠡᠢ᠌ᠲᠡᠯᠡᠭᠰᠡᠨ ᠬᠠᠷᠠᠭ᠋ᠠᠯᠵᠠᠯ᠎ᠢ ᠲᠣᠭᠲᠠᠭ᠋ᠠᠬᠤ ᠲᠣᠭᠲᠠᠴᠠ ᠪᠠ ᠰᠠᠭᠤᠷᠢ ᠨᠠᠰᠤᠵᠢᠯ᠎ᠤᠨ ᠠᠰᠠᠷᠠᠮᠵᠢ ᠵᠢᠨ ᠮᠥᠩᠭᠥ᠎ᠳᠤ ᠲᠣᠬᠢᠷᠠᠭᠤᠯᠤᠯᠲᠠ ᠬᠢᠬᠦ ᠲᠣᠭᠲᠠᠴᠠ ᠵᠢ ᠶᠠᠷᠢᠪᠠ᠂ ᠲᠤᠬᠠᠢ᠌ᠯᠠᠪᠠᠯ 《ᠬᠣᠶᠠᠷ ᠲᠣᠭᠲᠠᠴᠠ》 ᠪᠣᠯᠣᠨ᠎ᠠ᠂ ᠪᠢᠳᠡᠨ᠎ᠳᠤ ᠪᠢᠴᠢᠭ ᠮᠠᠲ᠋ᠧᠷᠢᠶᠠᠯ᠎ᠤᠨ ᠠᠭᠤᠯᠭ᠎ᠠ ᠵᠢ ᠪᠣᠳᠠᠲᠠᠢ᠎ᠪᠠᠷ ᠲᠠᠨᠢᠯᠴᠠᠭᠤᠯᠤᠭ᠋ᠠᠳ ᠥᠭᠭᠦᠨ᠎ᠡ ᠦᠦ?
ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠾᠧ ᠹᠧᠩ 2021 — 12 — 27 11᠄ 05
《ᠬᠣᠶᠠᠷ ᠲᠣᠭᠲᠠᠴᠠ》 ᠵᠢᠨ ᠪᠢᠴᠢᠭ ᠮᠠᠲ᠋ᠧᠷᠢᠶᠠᠯ᠎ᠢ 2020 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠵᠢᠩᠬᠢᠨᠢ᠎ᠪᠠᠷ ᠬᠡᠷᠡᠭᠵᠢᠭᠦᠯᠪᠡ᠃ ᠥᠩᠭᠡᠷᠡᠭᠰᠡᠨ᠎ᠤ ᠲᠥᠷᠥ ᠵᠢᠨ ᠪᠣᠳᠣᠯᠭ᠎ᠠ᠎ᠲᠠᠢ ᠬᠠᠷᠢᠴᠠᠭᠤᠯᠪᠠᠯ᠂ ᠲᠣᠰ ᠪᠢᠴᠢᠭ ᠮᠠᠲ᠋ᠧᠷᠢᠶᠠᠯ᠎ᠳᠤ ᠭᠣᠣᠯᠳᠠᠭᠤ ᠳᠣᠣᠷᠠᠬᠢ ᠬᠡᠳᠦᠨ ᠲᠠᠯ᠎ᠠ ᠵᠢᠨ ᠰᠢᠨ᠎ᠡ ᠲᠣᠭᠲᠠᠭ᠋ᠠᠯ ᠪᠠ ᠲᠥᠷᠥ ᠵᠢᠨ ᠪᠣᠳᠣᠯᠭ᠎ᠠ ᠵᠢᠨ ᠲᠣᠬᠢᠷᠠᠭᠤᠯᠤᠯᠲᠠ ᠪᠣᠶ᠃ ᠨᠢᠭᠡ᠎ᠳᠤ᠂ ᠬᠠᠷᠠᠭ᠋ᠠᠯᠵᠠᠯ᠎ᠢ ᠲᠣᠭᠲᠠᠭ᠋ᠠᠬᠤ ᠲᠣᠭᠲᠠᠴᠠ ᠵᠢ ᠲᠡᠭᠦᠯᠳᠡᠷᠵᠢᠭᠦᠯᠪᠡ᠃ ᠨᠠᠰᠤᠵᠢᠯ᠎ᠤᠨ ᠠᠰᠠᠷᠠᠮᠵᠢ ᠵᠢᠨ ᠮᠥᠩᠭᠥ ᠪᠣᠯ ᠰᠠᠭᠤᠷᠢ ᠨᠠᠰᠤᠵᠢᠯ᠎ᠤᠨ ᠠᠰᠠᠷᠠᠮᠵᠢ ᠵᠢᠨ ᠮᠥᠩᠭᠥ ᠪᠠ ᠬᠤᠪᠢ ᠬᠥᠮᠥᠨ᠎ᠤ ᠳᠠᠩᠰᠠ᠎ᠳᠠᠬᠢ ᠨᠠᠰᠤᠵᠢᠯ᠎ᠤᠨ ᠠᠰᠠᠷᠠᠮᠵᠢ ᠵᠢᠨ ᠮᠥᠩᠭᠥ᠎ᠪᠠᠷ ᠪᠦᠷᠢᠯᠳᠦᠨ᠎ᠡ᠃ ᠡᠭᠦᠨ᠎ᠳᠤ᠂ ᠰᠠᠭᠤᠷᠢ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢ ᠵᠠᠰᠠᠭ᠎ᠤᠨ ᠣᠷᠳᠣᠨ ᠡᠭᠦᠷᠭᠡᠯᠡᠨ᠎ᠡ᠃ ᠬᠤᠪᠢ ᠬᠥᠮᠥᠨ᠎ᠤ ᠳᠠᠩᠰᠠ᠎ᠳᠠᠬᠢ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢ ᠬᠤᠪᠢ ᠬᠥᠮᠥᠨ ᠰᠦᠢ᠍ᠳᠬᠡᠯ ᠲᠤᠰᠢᠶᠠᠵᠤ ᠬᠤᠷᠠᠮᠳᠤᠭᠤᠯᠵᠤ᠂ ᠢᠯᠡᠭᠦᠦ ᠲᠤᠰᠢᠶᠠᠪᠠᠯ ᠢᠯᠡᠭᠦᠦ ᠣᠯᠵᠤ᠂ ᠤᠳᠠᠭ᠋ᠠᠨ ᠲᠤᠰᠢᠶᠠᠪᠠᠯ ᠢᠯᠡᠭᠦᠦ ᠣᠯᠣᠨ᠎ᠠ᠂ ᠪᠠᠷᠢᠮᠵᠢᠶ᠎ᠠ᠎ᠨᠢ ᠬᠤᠪᠢ ᠬᠥᠮᠥᠨ᠎ᠤ ᠳᠠᠩᠰᠠ ᠵᠢᠨ ᠬᠠᠳᠠᠭ᠋ᠠᠯᠠᠮᠵᠢ ᠵᠢᠨ ᠲᠣᠭ᠎ᠠ ᠵᠢ ᠪᠤᠳᠤᠵᠤ ᠣᠯᠭᠣᠬᠤ ᠰᠠᠭᠤᠷᠢ ᠲᠣᠭ᠎ᠠ᠎ᠪᠠᠷ ᠬᠤᠪᠢᠶᠠᠨ᠎ᠠ᠃ ᠬᠣᠶᠠᠷ᠎ᠲᠤ᠂ ᠰᠠᠭᠤᠷᠢ ᠨᠠᠰᠤᠵᠢᠯ᠎ᠤᠨ ᠠᠰᠠᠷᠠᠮᠵᠢ ᠵᠢᠨ ᠮᠥᠩᠭᠥ᠎ᠳᠤ ᠬᠡᠪ᠎ᠤᠨ ᠲᠣᠬᠢᠷᠠᠭᠤᠯᠤᠯᠲᠠ ᠬᠢᠬᠦ ᠲᠣᠭᠲᠠᠴᠠ ᠵᠢ ᠪᠠᠢ᠌ᠭᠤᠯᠪᠠ᠂ ᠲᠤᠬᠠᠢ᠌ᠯᠠᠪᠠᠯ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠂ ᠪᠠᠷᠠᠭ᠋ᠠᠨ᠎ᠤ ᠦᠨ᠎ᠡ ᠵᠢᠨ ᠬᠤᠪᠢᠷᠠᠯᠲᠠ ᠪᠠ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ ᠵᠡᠷᠭᠡ ᠨᠡᠢ᠌ᠭᠡᠮ᠎ᠤᠨ ᠪᠠᠲᠤᠯᠠᠭ᠎ᠠ ᠵᠢᠨ ᠪᠤᠰᠤᠳ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠭᠰᠡᠨ ᠪᠠᠢ᠌ᠳᠠᠯ᠎ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠰᠠᠭᠤᠷᠢ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢᠨ ᠪᠠᠷᠢᠮᠵᠢᠶ᠎ᠠ᠎ᠳᠤ ᠴᠠᠭ ᠲᠤᠬᠠᠢᠳᠤᠨᠢ ᠲᠣᠬᠢᠷᠠᠭᠤᠯᠤᠯᠲᠠ ᠬᠢᠨ᠎ᠡ᠃ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠮᠠᠨ᠎ᠤ ᠣᠷᠣᠨ ᠨᠡᠶ᠋ᠢᠲᠡ ᠨᠠᠢ᠍ᠮᠠ ᠤᠳᠠᠭ᠎ᠠ ᠲᠣᠬᠢᠷᠠᠭᠤᠯᠤᠯᠲᠠ ᠬᠢᠵᠦ᠂ ᠰᠠᠭᠤᠷᠢ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢ ᠠᠩᠬ᠎ᠠ ᠡᠬᠢᠨ᠎ᠤ 55 ᠲᠥᠭᠥᠷᠢᠭ᠎ᠠᠴᠠ ᠣᠳᠣᠬᠠᠨ᠎ᠤ 140 ᠲᠥᠭᠥᠷᠢᠭ ᠪᠣᠯᠭ᠋ᠠᠨ ᠲᠣᠬᠢᠷᠠᠭᠤᠯᠵᠤ᠂ ᠬᠣᠶᠠᠷ ᠳᠠᠬᠢᠨ ᠢᠯᠡᠭᠦᠦ ᠳᠡᠭᠡᠭᠰᠢᠯᠡᠭᠦᠯᠪᠡ᠃ ᠮᠠᠨ᠎ᠤ ᠣᠷᠣᠨ᠎ᠤ 7 ᠠᠢ᠌ᠮᠠᠭ ᠬᠣᠲᠠ ᠲᠤᠬᠠᠢ ᠵᠢᠨ ᠭᠠᠵᠠᠷ᠎ᠤᠨ ᠠᠵᠤ ᠠᠬᠤᠢ ᠵᠢᠨ ᠪᠠᠢ᠌ᠳᠠᠯ ᠵᠶ᠋ᠠᠨ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠲᠣᠭᠲᠠᠭ᠋ᠠᠭᠰᠠᠨ ᠰᠠᠭᠤᠷᠢᠨ ᠳᠡᠭᠡᠷ᠎ᠡ᠂ ᠠᠳᠠᠯᠢ ᠪᠤᠰᠤ ᠬᠡᠮᠵᠢᠶ᠎ᠡ᠎ᠪᠠᠷ ᠪᠠᠷᠢᠮᠵᠢᠶ᠎ᠠ᠎ᠪᠠᠨ ᠳᠡᠭᠡᠭᠰᠢᠯᠡᠭᠦᠯᠪᠡ᠃ ᠣᠯᠭᠣᠮᠵᠢ ᠬᠠᠷᠠᠭ᠋ᠠᠯᠵᠠᠯ᠎ᠢ ᠬᠡᠳᠦᠢ᠎ᠪᠠᠷ ᠲᠠᠰᠤᠷᠠᠯᠲᠠ ᠦᠭᠡᠢ ᠲᠣᠬᠢᠷᠠᠭᠤᠯᠵᠤ ᠪᠠᠢ᠌ᠭ᠎ᠠ ᠪᠣᠯᠪᠠᠴᠤ ᠬᠡᠪ᠎ᠤᠨ ᠲᠣᠬᠢᠷᠠᠭᠤᠯᠤᠯᠲᠠ ᠬᠢᠬᠦ ᠲᠣᠭᠲᠠᠴᠠ ᠦᠭᠡᠢ ᠤᠴᠢᠷ᠎ᠠᠴᠠ ᠲᠣᠬᠢᠷᠠᠭᠤᠯᠤᠯᠲᠠ ᠵᠢᠨ ᠲᠠᠰᠢᠷᠠᠮ᠎ᠤᠨ ᠴᠢᠨᠠᠷ᠎ᠨᠢ ᠨᠡᠯᠢᠶᠡᠳ ᠶᠡᠬᠡ ᠪᠠᠢ᠌ᠳᠠᠭ᠃ ᠡᠨᠡ ᠬᠦ᠌ ᠲᠣᠭᠲᠠᠴᠠ ᠵᠢ ᠪᠠᠢ᠌ᠭᠤᠯᠤᠭᠰᠠᠨ᠎ᠠᠴᠠ ᠬᠣᠢ᠌ᠰᠢᠳᠠ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠠᠭᠤᠷᠢ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢᠨ ᠲᠣᠬᠢᠷᠠᠭᠤᠯᠤᠯᠲᠠ᠎ᠨᠢ ᠳᠠᠷᠤᠢ ᠪᠠᠲᠤᠯᠠᠭ᠎ᠠ᠎ᠲᠠᠢ ᠪᠣᠯᠪᠠ᠃ ᠭᠤᠷᠪᠠ᠎ᠳᠤ᠂ ᠬᠤᠪᠢ ᠬᠥᠮᠥᠨ᠎ᠤ ᠰᠦᠢ᠍ᠳᠬᠡᠯ ᠲᠤᠰᠢᠶᠠᠬᠤ ᠲᠠᠰ ᠪᠠ ᠨᠥᠬᠥᠪᠦᠷᠢ ᠵᠢ ᠲᠣᠬᠢᠷᠠᠭᠤᠯᠬᠤ ᠲᠣᠭᠲᠠᠴᠠ ᠵᠢ ᠪᠠᠢ᠌ᠭᠤᠯᠪᠠ᠃ ᠪᠢᠴᠢᠭ ᠮᠠᠲ᠋ᠧᠷᠢᠶᠠᠯ᠎ᠳᠤ ᠲᠣᠭᠲᠠᠭ᠋ᠠᠭᠰᠠᠨ᠎ᠨᠢ᠂ ᠥᠪᠡᠷᠲᠡᠭᠡᠨ ᠵᠠᠰᠠᠬᠤ ᠣᠷᠣᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠪᠠᠢ᠌ᠳᠠᠯ᠎ᠢ ᠦᠨᠳᠦᠰᠦᠯᠡᠨ᠂ ᠰᠦᠢ᠍ᠳᠬᠡᠯ ᠲᠤᠰᠢᠶᠠᠬᠤ ᠲᠠᠰ᠎ᠢ ᠵᠣᠬᠢᠰᠲᠠᠢ ᠲᠣᠭᠲᠠᠭ᠋ᠠᠬᠤ ᠪᠠ ᠴᠠᠭ ᠲᠤᠬᠠᠢᠳᠤᠨᠢ ᠲᠣᠬᠢᠷᠠᠭᠤᠯᠤᠨ᠎ᠠ᠃ 《ᠬᠣᠶᠠᠷ ᠲᠣᠭᠲᠠᠴᠠ》 ᠵᠢᠨ ᠪᠢᠴᠢᠭ ᠮᠠᠲ᠋ᠧᠷᠢᠶᠠᠯ᠎ᠢ ᠨᠡᠢ᠌ᠲᠡᠯᠡᠭᠰᠡᠨ᠎ᠤ ᠳᠠᠭ᠋ᠠᠤ᠎ᠳᠤ᠂ ᠪᠢᠳᠡ ᠰᠦᠢ᠍ᠳᠬᠡᠯ ᠲᠤᠰᠢᠶᠠᠬᠤ ᠲᠠᠰ᠎ᠲᠤ ᠲᠣᠬᠢᠷᠠᠭᠤᠯᠤᠯᠲᠠ ᠬᠢᠪᠡ᠃ ᠬᠠᠮᠤᠭ᠎ᠤᠨ ᠳᠣᠣᠷ᠎ᠠ ᠰᠦᠢ᠍ᠳᠬᠡᠯ ᠲᠤᠰᠢᠶᠠᠬᠤ ᠲᠡᠰᠢ ᠤᠤᠯ᠎ᠤᠨ 100 ᠲᠥᠭᠥᠷᠢᠭ ᠪᠠᠢ᠌ᠭᠰᠠᠨ᠎ᠠᠴᠠ 200 ᠲᠥᠭᠥᠷᠢᠭ ᠪᠣᠯᠭ᠋ᠠᠨ ᠳᠡᠭᠡᠭᠰᠢᠯᠡᠭᠦᠯᠵᠦ᠂ ᠬᠠᠮᠤᠭ᠎ᠤᠨ ᠥᠨᠳᠥᠷ᠎ᠲᠤ᠎ᠪᠠᠨ 3000 ᠲᠥᠭᠥᠷᠢᠭ᠎ᠤᠨ ᠲᠡᠰ᠎ᠤᠨ ᠰᠠᠭᠤᠷᠢᠨ ᠳᠡᠭᠡᠷ᠎ᠡ 5000 ᠲᠥᠭᠥᠷᠢᠭ᠂ 7000 ᠲᠥᠭᠥᠷᠢᠭ᠎ᠤᠨ ᠬᠣᠶᠠᠷ ᠲᠡᠰᠢ ᠨᠡᠮᠡᠪᠡ᠃ ᠲᠤᠰᠢᠶᠠᠬᠤ ᠶᠣᠰᠣᠲᠠᠢ ᠲᠠᠰ᠎ᠤᠨ ᠵᠠᠰᠠᠭ᠎ᠤᠨ ᠣᠷᠳᠣᠨ᠎ᠠᠴᠠ ᠣᠯᠭᠣᠬᠤ ᠨᠥᠬᠥᠪᠦᠷᠢ᠎ᠳᠤ ᠴᠦ᠍ ᠲᠣᠬᠢᠷᠠᠭᠤᠯᠤᠯᠲᠠ ᠬᠢᠵᠦ᠂ ᠤᠤᠯ᠎ᠤᠨ ᠬᠠᠮᠤᠭ᠎ᠤᠨ ᠥᠨᠳᠥᠷ ᠨᠥᠬᠥᠪᠦᠷᠢ ᠵᠢ 85 ᠲᠥᠭᠥᠷᠢᠭ ᠪᠠᠢ᠌ᠭᠰᠠᠨ᠎ᠠᠴᠠ 100 ᠲᠥᠭᠥᠷᠢᠭ ᠪᠣᠯᠭ᠋ᠠᠨ ᠲᠣᠬᠢᠷᠠᠭᠤᠯᠵᠠᠢ᠃ ᠳᠥᠷᠪᠡ᠎ᠳᠤ᠂ ᠬᠤᠪᠢ ᠬᠥᠮᠥᠨ᠎ᠤ ᠲᠠᠩᠰᠠᠨ ᠡᠷᠦᠬᠡ ᠵᠢᠨ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢᠨ ᠥᠷᠲᠡᠭ᠎ᠢ ᠪᠠᠲᠤᠯᠠᠵᠤ ᠥᠷᠲᠡᠭ᠎ᠢ ᠨᠡᠮᠡᠭᠳᠡᠭᠦᠯᠬᠦ ᠵᠢ ᠪᠡᠶᠡᠯᠡᠭᠦᠯᠬᠦ᠎ᠳᠤ ᠱᠠᠭ᠋ᠠᠷᠳᠠᠯᠭ᠎ᠠ ᠳᠤᠷᠠᠳᠪᠠ᠃ 《ᠬᠣᠶᠠᠷ ᠲᠣᠭᠲᠠᠴᠠ》 ᠵᠢᠨ ᠪᠢᠴᠢᠭ ᠮᠠᠲ᠋ᠧᠷᠢᠶᠠᠯ᠎ᠳᠤ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠠᠭᠤᠷᠢ ᠮᠥᠩᠭᠥ᠎ᠳᠤ ᠪᠡᠯᠡ ᠣᠷᠣᠭᠤᠯᠤᠨ ᠡᠵᠡᠩᠨᠡᠯᠲᠡ ᠬᠢᠵᠦ᠂ ᠰᠠᠭᠤᠷᠢ ᠮᠥᠩᠭᠥ ᠵᠢᠨ ᠥᠷᠲᠡᠭ᠎ᠢ ᠪᠠᠲᠤᠯᠠᠵᠤ ᠥᠷᠲᠡᠭ᠎ᠢ ᠨᠡᠮᠡᠭᠳᠡᠭᠦᠯᠬᠦ ᠵᠢ ᠪᠡᠶᠡᠯᠡᠭᠦᠯᠵᠦ᠂ ᠬᠤᠪᠢ ᠬᠥᠮᠥᠨ᠎ᠤ ᠳᠠᠩᠰᠠ᠎ᠳᠠᠬᠢ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢᠨ ᠲᠦᠪᠰᠢᠨ ᠪᠠ ᠰᠠᠭᠤᠷᠢ ᠮᠥᠩᠭᠥ ᠵᠢᠨ ᠳᠥᠯᠥᠬᠦ ᠴᠢᠳᠠᠪᠤᠷᠢ ᠵᠢ ᠳᠡᠭᠡᠭᠰᠢᠯᠡᠭᠦᠯᠦᠨ᠎ᠡ ᠭᠡᠵᠦ ᠳᠤᠷᠠᠳᠪᠠ᠃ 2020 ᠣᠨ᠎ᠳᠤ᠂ ᠮᠠᠨ᠎ᠤ ᠣᠷᠣᠨ᠎ᠤ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠠᠭᠤᠷᠢ ᠮᠥᠩᠭᠥ᠎ᠠᠴᠠ ᠨᠡᠶ᠋ᠢᠲᠡ 52.59 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠨ ᠡᠵᠡᠩᠨᠡᠵᠦ᠂ ᠲᠣᠰ ᠵᠢᠯ᠎ᠤᠨ ᠡᠵᠡᠩᠨᠡᠯᠲᠡ ᠵᠢᠨ ᠠᠰᠢᠭ ᠣᠷᠣᠯᠭ᠎ᠠ᠎ᠨᠢ 1.19 ᠳ᠋ᠦᠩᠰᠢᠭᠤᠷ ᠲᠥᠭᠥᠷᠢᠭ᠎ᠲᠤ ᠬᠦᠷᠴᠡᠢ᠃ ᠤᠯᠤᠰ᠎ᠤᠨ ᠱᠠᠭ᠋ᠠᠷᠳᠠᠯᠭ᠎ᠠ ᠶᠣᠰᠣᠭ᠋ᠠᠷ᠂ ᠲᠠᠷᠠᠭ᠋ᠠᠴᠢ ᠵᠢᠨ ᠠᠯᠬᠤᠮ᠎ᠳᠤ ᠪᠢᠳᠡ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠨᠠᠶ᠋ᠢᠳᠠᠯᠭ᠎ᠠ᠎ᠪᠠᠷ ᠪᠡᠯᠡ ᠣᠷᠣᠭᠤᠯᠵᠤ ᠡᠵᠡᠩᠨᠡᠬᠦ ᠵᠢ ᠦᠷᠭᠦᠯᠵᠢᠯᠡᠨ ᠠᠬᠢᠭᠤᠯᠤᠨ᠎ᠠ᠃
ᠬᠥᠲᠥᠯᠥᠭᠴᠢ᠄ 2021 — 12 — 2711᠄ 06
ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢ ᠨᠢᠭᠡᠨᠲᠡ ᠪᠡᠶᠡᠯᠡᠭᠦᠯᠵᠡᠢ᠂ ᠲᠡᠭᠡᠪᠡᠯ ᠬᠣᠢ᠌ᠰᠢᠳᠠ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠠᠰᠠᠷᠠᠮᠵᠢ ᠵᠢᠨ ᠳᠠᠭ᠋ᠠᠳᠬᠠᠯ᠎ᠤᠨ ᠬᠦᠴᠢᠷᠳᠡᠯᠲᠡᠢ ᠬᠥᠮᠥᠰ᠎ᠢ ᠬᠠᠪᠰᠤᠷᠤᠨ ᠲᠡᠳᠬᠦᠬᠦ ᠠᠵᠢᠯ᠎ᠢ ᠬᠡᠷᠬᠢᠨ ᠦᠷᠭᠦᠯᠵᠢᠯᠡᠭᠦᠯᠬᠦ ᠪᠤᠶ?
ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠾᠧ ᠹᠧᠩ 2021 — 12 — 27 11᠄ 06
ᠨᠢᠭᠡ᠎ᠳᠤ᠂ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠲᠡᠵᠦ ᠪᠠᠢ᠌ᠭ᠎ᠠ᠂ ᠣᠨᠴᠠ ᠬᠦᠴᠢᠷᠳᠡᠯᠲᠡᠢ᠂ ᠬᠦᠨᠳᠦ ᠵᠡᠮᠳᠡᠭ ᠬᠥᠮᠥᠨ᠂ ᠨᠥᠬᠥᠴᠡᠯ᠎ᠳᠤ ᠨᠡᠶ᠋ᠢᠴᠡᠬᠦ ᠲᠥᠯᠥᠪᠯᠡᠭᠡᠲᠦ ᠦᠷᠡᠵᠢᠯ᠎ᠤᠨ ᠣᠨᠴᠠᠭ᠋ᠠᠢ ᠭᠡᠷ ᠪᠦᠯᠢ ᠵᠡᠷᠭᠡ ᠰᠦᠢ᠍ᠳᠬᠡᠯ ᠲᠤᠰᠢᠶᠠᠬᠤ᠎ᠳᠤ ᠬᠦᠴᠢᠷᠲᠡᠢ ᠬᠥᠮᠥᠰ᠎ᠲᠤ ᠳᠠᠭ᠋ᠠᠳᠬᠠᠯ᠎ᠤᠨ ᠰᠦᠢ᠍ᠳᠬᠡᠯ᠎ᠢ ᠦᠷᠭᠦᠯᠵᠢᠯᠡᠨ ᠣᠷᠣᠯᠠᠨ ᠲᠤᠰᠢᠶᠠᠭᠰᠠᠨ ᠰᠠᠭᠤᠷᠢᠨ ᠳᠡᠭᠡᠷ᠎ᠡ᠂ ᠳᠠᠬᠢᠨ ᠶᠠᠳᠠᠭᠤᠷᠠᠭᠰᠠᠳ ᠪᠠ ᠶᠠᠳᠠᠭᠤᠷᠠᠭᠰᠠᠳᠢ ᠣᠷᠣᠯᠠᠨ ᠲᠤᠰᠢᠶᠠᠬᠤ ᠬᠡᠪᠴᠢᠶᠡᠨ᠎ᠳᠤ ᠣᠷᠣᠭᠤᠯᠵᠤ᠂ 100 ᠲᠥᠭᠥᠷᠢᠭ᠎ᠤᠨ ᠪᠠᠷᠢᠮᠵᠢᠶ᠎ᠠ᠎ᠪᠠᠷ ᠳᠠᠭ᠋ᠠᠳᠬᠠᠯ᠎ᠤᠨ ᠰᠦᠢ᠍ᠳᠬᠡᠯ᠎ᠢ᠎ᠨᠢ ᠣᠷᠣᠯᠠᠨ ᠲᠤᠰᠢᠶᠠᠵᠤ ᠥᠭᠭᠦᠨ᠎ᠡ᠃ ᠬᠣᠶᠠᠷ᠎ᠲᠤ᠂ 《14 · 5》 ᠵᠢᠨ ᠬᠤᠭᠤᠴᠠᠭ᠋ᠠᠨ᠎ᠳᠤ᠂ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠬᠥᠮᠥᠰ ᠪᠠ ᠣᠨᠴᠠ ᠬᠦᠴᠢᠷᠳᠡᠯᠲᠡᠢ ᠬᠥᠮᠥᠰ᠎ᠢ ᠦᠨᠡᠮᠰᠢᠬᠦ ᠦᠶ᠎ᠡ᠎ᠳᠤ᠂ ᠥᠪᠡᠷᠲᠡᠭᠡᠨ ᠵᠠᠰᠠᠬᠤ ᠣᠷᠣᠨ᠎ᠤ ᠲᠣᠭᠲᠠᠭ᠋ᠠᠭᠰᠠᠨ ᠰᠠᠭᠤᠷᠢ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢ ᠭᠡᠷ ᠪᠦᠯᠢ ᠵᠢᠨ ᠣᠷᠣᠯᠭ᠎ᠠ᠎ᠳᠤᠨᠢ ᠪᠤᠳᠤᠵᠤ ᠣᠷᠣᠭᠤᠯᠬᠤ ᠦᠭᠡᠢ᠃ ᠭᠤᠷᠪᠠ᠎ᠳᠤ᠂ ᠪᠢᠳᠡ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠠᠰᠠᠷᠠᠮᠵᠢ ᠵᠢᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠨᠠᠭ᠋ᠠᠲᠤ ᠵᠠᠬ᠎ᠠ ᠵᠢᠨ ᠳᠡᠰ᠎ᠢ ᠳᠡᠭᠡᠭᠰᠢᠯᠡᠭᠦᠯᠬᠦ ᠦᠶ᠎ᠡ᠎ᠳᠤ ᠰᠦᠢ᠍ᠳᠬᠡᠯ ᠲᠤᠰᠢᠶᠠᠬᠤ᠎ᠳᠤ ᠬᠦᠴᠢᠷᠲᠡᠢ ᠬᠥᠮᠥᠰ᠎ᠲᠤ 100 ᠲᠥᠭᠥᠷᠢᠭ᠎ᠤᠨ ᠳᠡᠰ᠎ᠢ ᠦᠯᠡᠳᠡᠭᠡᠵᠦ ᠥᠭᠭᠦᠨ᠎ᠡ᠃
ᠬᠥᠲᠥᠯᠥᠭᠴᠢ᠄ 2021 — 12 — 27 11᠄ 07
ᠵᠠ᠂ ᠾᠧ ᠳᠠᠷᠤᠭ᠎ᠠ ᠵᠢᠨ ᠲᠠᠢ᠌ᠯᠪᠤᠷᠢᠯᠠᠭᠰᠠᠨ᠎ᠳᠤ ᠲᠠᠯᠠᠷᠬᠠᠵᠤ ᠪᠠᠢ᠌ᠨ᠎ᠠ᠂ ᠪᠠᠰᠠ ᠥᠷᠭᠡᠨ ᠣᠯᠠᠨ ᠰᠦᠯᠵᠢᠶᠡᠨ᠎ᠤ ᠨᠠᠢ᠌ᠵᠠ ᠨᠠᠷ᠎ᠤᠨ ᠲᠣᠰ ᠬᠤᠭᠤᠴᠠᠭ᠋ᠠᠨ᠎ᠤ ᠫᠷᠣᠭ᠌ᠷᠠᠮ᠎ᠢ ᠭᠥᠯᠢᠶᠡᠨ ᠠᠪᠴᠤ ᠦᠵᠡᠭᠰᠡᠨ᠎ᠳᠤ ᠲᠠᠯᠠᠷᠬᠠᠵᠤ ᠪᠠᠢ᠌ᠨ᠎ᠠ᠂ ᠴᠠᠭ᠎ᠤᠨ ᠬᠠᠷᠠᠭ᠎ᠠ᠎ᠠᠴᠠ ᠪᠣᠯᠵᠤ᠂ ᠲᠣᠰ ᠤᠳᠠᠭ᠋ᠠᠨ᠎ᠤ ᠰᠣᠷᠪᠤᠯᠵᠢᠯᠠᠭ᠎ᠠ ᠡᠨᠳᠡ ᠬᠦᠷᠦᠭᠡᠳ ᠲᠡᠭᠦᠰᠦᠯ᠎ᠡ᠂ ᠲᠠᠷᠠᠭ᠋ᠠᠴᠢ ᠵᠢᠨ ᠬᠤᠭᠤᠴᠠᠭ᠋ᠠᠨ᠎ᠳᠤ ᠪᠠᠶᠠᠷᠲᠠᠢ ᠵᠣᠯᠭ᠋ᠠᠶ᠎ᠠ!
ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠾᠧ ᠹᠧᠩ 2021 — 12 — 27 11᠄ 07
ᠪᠠᠶᠠᠷᠲᠠᠢ!