ᠲᠡᠷᠢᠭᠦᠨ ᠬᠠᠭᠤᠳᠠᠰᠤ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠴᠢᠬᠤᠯᠠ ᠮᠡᠳᠡᠭᠡ! ᠥᠪᠥᠷ ᠮᠣᠩᠭᠣᠯ ᠭᠣᠣᠯ ᠰᠡᠳᠦᠪᠲᠦ ᠰᠢᠷᠢᠰ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-11-12

      10 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ 11 ᠳ᠋ᠦ᠍ᠭᠡᠷ ᠰᠠᠷ᠎ᠠ ᠵᠢᠨ 21᠎ᠤ ᠡᠳᠦᠷ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢ᠌ᠷᠡᠭᠦᠯᠵᠦ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠬᠦᠴᠦᠯᠡᠨ ᠠᠬᠢᠭᠤᠯᠤᠶ᠎ᠠ》 ᠭᠡᠬᠦ ᠭᠣᠣᠯ ᠰᠡᠳᠦᠪ᠎ᠤᠨ ᠲᠣᠭᠣᠷᠢᠨ᠎ᠳᠤ᠂ ᠲᠤᠰᠬᠠᠢ ᠰᠡᠳᠦᠪ ᠬᠤᠪᠢᠶᠠᠨ 7 ᠲᠠᠯᠠᠪᠤᠷ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠵᠡᠷᠭᠡ 23 ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ᠎ᠢ ᠤᠷᠢᠨ ᠣᠷᠣᠯᠴᠠᠭᠤᠯᠵᠤ᠂ ᠬᠠᠮᠢᠶ᠎ᠠ ᠪᠦᠬᠦᠢ ᠬᠦᠷᠢᠶᠡᠨ᠎ᠳᠠᠬᠢ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢ᠌ᠷᠡᠭᠦᠯᠵᠦ ᠪᠠᠢ᠌ᠭ᠎ᠠ ᠬᠠᠮᠢᠶ᠎ᠠ ᠪᠦᠬᠦᠢ ᠪᠠᠢ᠌ᠳᠠᠯ᠎ᠢ ᠲᠠᠨᠢᠯᠴᠠᠭᠤᠯᠤᠭᠰᠠᠨ ᠪᠠ ᠲᠠᠨᠢᠯᠴᠠᠭᠤᠯᠵᠤ᠎ᠪᠠᠷ ᠪᠠᠢ᠌ᠨ᠎ᠠ᠃

      ᠥᠪᠥᠷ ᠮᠣᠩᠭᠣᠯ ᠨᠠᠮ᠎ᠤᠨ ᠪᠠᠢ᠌ᠭᠤᠯᠤᠯᠲᠠ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠺᠠᠳ᠋ᠷᠴᠤᠳ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠬᠤ ᠵᠢ ᠨᠠᠩ ᠰᠠᠢ᠌ᠲᠤᠷ ᠤᠷᠮᠠᠰᠢᠭᠤᠯᠤᠨ ᠵᠣᠷᠢᠭᠵᠢᠭᠤᠯᠪᠠ

      10 ᠳ᠋ᠤᠭ᠋ᠠᠷ ᠰᠠᠷ᠎ᠠ ᠵᠢᠨ 31᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢ᠌ᠷᠡᠭᠦᠯᠵᠦ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠬᠦᠴᠦᠯᠡᠨ ᠠᠬᠢᠭᠤᠯᠤᠶ᠎ᠠ》 ᠭᠡᠬᠦ ᠰᠢᠷᠢᠰ ᠭᠣᠣᠯ ᠰᠡᠳᠦᠪ᠎ᠤᠨ ᠨᠢᠭᠡᠳᠦᠭᠡᠷ ᠲᠠᠯᠠᠪᠤᠷ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠳ ᠨᠠᠮ᠎ᠤᠨ ᠪᠠᠢ᠌ᠭᠤᠯᠤᠯᠲᠠ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠂ ᠺᠠᠳ᠋ᠷᠴᠤᠳ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠬᠤ ᠵᠢ ᠤᠷᠮᠠᠰᠢᠭᠤᠯᠤᠨ ᠵᠣᠷᠢᠭᠵᠢᠭᠤᠯᠬᠤ ᠵᠡᠷᠭᠡ ᠪᠠᠢ᠌ᠳᠠᠯ᠎ᠢ ᠲᠠᠨᠢᠯᠴᠠᠭᠤᠯᠤᠭᠰᠠᠨ ᠪᠠᠢ᠌ᠨ᠎ᠠ᠃

      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠎ᠠᠴᠠ ᠨᠠᠮ᠎ᠤᠨ ᠪᠠᠢ᠌ᠭᠤᠯᠤᠯᠲᠠ ᠵᠢᠨ ᠳᠦᠷᠢᠮ᠎ᠤᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ 《ᠲᠥᠷᠥᠯ ᠵᠦᠢ᠍ᠯ᠎ᠤᠨ ᠨᠠᠷᠢᠨ ᠳᠠᠩᠰᠠ》 ᠵᠢ ᠲᠣᠭᠲᠠᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠲᠥᠪ᠎ᠤᠨ ᠵᠣᠬᠢᠶᠠᠨ ᠪᠠᠢ᠌ᠭᠤᠯᠬᠤ ᠬᠡᠯᠲᠡᠰ᠎ᠤᠨ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠳᠦᠷᠢᠮ᠂ ᠺᠠᠳ᠋ᠷ ᠠᠵᠢᠯᠲᠠᠨ᠎ᠤ ᠶᠠᠪᠤᠳᠠᠯ᠎ᠤᠨ ᠳᠦᠷᠢᠮ᠂ ᠦᠨᠳᠦᠰᠦᠨ ᠱᠠᠲᠤᠨ᠎ᠤ ᠵᠣᠬᠢᠶᠠᠨ ᠪᠠᠢ᠌ᠭᠤᠯᠤᠯᠲᠠ ᠵᠢᠨ ᠴᠣᠭᠴᠠᠯᠠᠯᠲᠠ ᠵᠢᠨ ᠳᠦᠷᠢᠮ᠂ ᠴᠢᠳᠠᠪᠤᠷᠢᠲᠠᠨ᠎ᠤ ᠬᠥᠭᠵᠢᠯᠲᠡ ᠵᠢᠨ ᠪᠠᠢ᠌ᠭᠤᠯᠤᠯ ᠲᠣᠭᠲᠠᠴᠠ ᠵᠡᠷᠭᠡ 4 ᠲᠠᠯ᠎ᠠ ᠵᠢ ᠠᠬᠢᠭᠤᠯᠬᠤ ᠲᠤᠬᠠᠢ ᠥᠭᠡᠷᠡᠴᠢᠯᠡᠯᠲᠡ ᠵᠢᠨ ᠪᠠᠢ᠌ᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ 16 ᠭᠣᠣᠯᠳᠠᠯᠭ᠎ᠠ ᠪᠣᠯᠬᠤ ᠥᠭᠡᠷᠡᠴᠢᠯᠡᠯᠲᠡ ᠵᠢᠨ ᠵᠦᠢ᠍ᠯᠡᠰ᠎ᠢ ᠳᠤᠷᠠᠳᠤᠨ ᠭᠠᠷᠭ᠋ᠠᠵᠤ᠂ ᠨᠠᠮ᠎ᠤᠨ ᠪᠠᠢ᠌ᠭᠤᠯᠤᠯᠲᠠ ᠵᠢᠨ ᠳᠦᠷᠢᠮ᠎ᠤᠨ ᠰᠢᠨ᠎ᠡ ᠨᠢᠭᠡᠨ ᠡᠭᠡᠯᠵᠢᠨ᠎ᠤ ᠥᠭᠡᠷᠡᠴᠢᠯᠡᠯᠲᠡ ᠵᠢ ᠦᠳᠲᠡᠷ ᠲᠦᠷᠭᠡᠨ ᠡᠬᠢᠯᠡᠭᠦᠯᠵᠦ᠂ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠪᠠ᠃

      ᠤᠨᠤᠯ ᠵᠶ᠋ᠠᠷ ᠵᠡᠪᠰᠡᠭᠯᠡᠬᠦ ᠲᠠᠯ᠎ᠠ᠎ᠪᠠᠷ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠲᠡᠷᠢᠭᠦᠨ ᠪᠠᠢ᠌ᠷᠢᠨ᠎ᠳᠤ ᠲᠠᠯᠪᠢᠪᠠ᠃ ᠨᠠᠮ᠎ᠤᠨ ᠰᠢᠨ᠎ᠡ ᠵᠢ ᠡᠭᠦᠳᠬᠦ ᠤᠨᠤᠯ᠎ᠤᠨ ᠰᠤᠷᠤᠯᠴᠠᠯᠭ᠎ᠠ ᠵᠢᠨ ᠳᠦᠷᠢᠮ᠎ᠢ ᠪᠦᠷᠢᠨᠰᠢᠭᠦᠯᠦᠨ᠂ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠤᠳᠤᠷᠢᠳᠬᠤ ᠪᠠᠭ᠎ᠤᠨ ᠨᠣᠮ ᠤᠩᠰᠢᠬᠤ ᠠᠩᠭᠢ᠂ 《ᠨᠢᠭᠡᠳᠦᠭᠡᠷ ᠵᠥᠪᠯᠡᠬᠦ ᠰᠡᠳᠦᠪ》᠂ ᠲᠤᠰᠬᠠᠢ ᠰᠡᠳᠦᠪᠲᠦ ᠨᠠᠮ᠎ᠤᠨ ᠬᠢᠴᠢᠶᠡᠯ ᠵᠡᠷᠭᠡ ᠵᠢᠨ ᠳᠦᠷᠢᠮ᠎ᠢ ᠨᠠᠢ᠌ᠳᠠᠪᠤᠷᠢᠵᠢᠭᠤᠯᠵᠤ᠂ ᠥᠨᠥ ᠵᠢᠯ ᠲᠢᠩᠬᠢᠮ ᠲᠣᠪᠴᠢᠶᠠᠨ ᠲᠡᠰ᠎ᠤᠨ ᠺᠠᠳ᠋ᠷᠴᠤᠳ᠎ᠢ ᠡᠭᠡᠯᠵᠢᠯᠡᠨ ᠪᠣᠯᠪᠠᠰᠤᠷᠠᠭᠤᠯᠬᠤ ᠠᠩᠭᠢ ᠵᠢ 5 ᠬᠤᠭᠤᠴᠠᠭ᠎ᠠ ᠵᠠᠯᠭ᠋ᠠᠭ᠎ᠠ᠎ᠪᠠᠷ ᠡᠷᠬᠢᠯᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠬᠠᠮᠢᠶᠠᠷᠴᠤ ᠪᠠᠢ᠌ᠭ᠎ᠠ ᠤᠳᠤᠷᠢᠳᠬᠤ ᠺᠠᠳ᠋ᠷᠴᠤᠳ᠎ᠢ ᠴᠥᠮ ᠪᠣᠯᠪᠠᠰᠤᠷᠠᠭᠤᠯᠬᠤ ᠵᠢ ᠪᠡᠶᠡᠯᠡᠭᠦᠯᠦᠨ᠂ ᠨᠠᠮ᠎ᠤᠨ ᠭᠡᠰᠢᠭᠦᠨ ᠺᠠᠳ᠋ᠷᠴᠤᠳ᠎ᠢ ᠬᠥᠮᠥᠵᠢᠭᠦᠯᠦᠨ ᠥᠭᠡᠷᠡᠴᠢᠯᠡᠯᠲᠡ ᠬᠥᠭᠵᠢᠯᠲᠡ ᠵᠢᠨ ᠠᠬᠢᠭᠤᠯᠤᠭᠴᠢ ᠪᠣᠳᠠᠲᠠᠢ ᠠᠵᠢᠯᠯᠠᠭᠴᠢ ᠪᠣᠯᠭ᠋ᠠᠬᠤ᠎ᠪᠠᠷ ᠴᠢᠷᠮᠠᠢ᠌ᠪᠠ᠃

      ᠺᠠᠳ᠋ᠷ ᠠᠵᠢᠯᠲᠠᠨ᠎ᠤ ᠶᠠᠪᠤᠳᠠᠯ᠎ᠤᠨ ᠳᠦᠷᠢᠮ᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠬᠦ ᠲᠠᠯ᠎ᠠ᠎ᠪᠠᠷ᠂ ᠺᠠᠳ᠋ᠷᠴᠤᠳ᠎ᠤᠨ ᠳᠤᠷ᠎ᠠ᠎ᠪᠠᠷ ᠦᠢ᠍ᠯᠡᠳᠬᠦᠢ᠂ ᠦᠯᠦ ᠦᠢ᠍ᠯᠡᠳᠬᠦᠢ᠂ ᠦᠢ᠍ᠯᠡᠳᠬᠦᠢ ᠵᠣᠷᠢᠭ ᠦᠭᠡᠢ᠂ ᠦᠢ᠍ᠯᠡᠳᠬᠦᠢ᠎ᠳᠤᠷ ᠴᠢᠳᠠᠮᠠᠭ᠋ᠠᠢ ᠪᠤᠰᠤ ᠪᠠᠢ᠌ᠬᠤ ᠠᠰᠠᠭᠤᠳᠠᠯ᠎ᠤᠳ᠎ᠢ ᠬᠦᠴᠦᠯᠡᠨ ᠰᠢᠢ᠍ᠳᠪᠦᠷᠢᠯᠡᠵᠡᠢ᠃ ᠠᠵᠢᠯ᠎ᠤᠨ ᠠᠮᠵᠢᠯᠲᠠ ᠵᠢᠨ ᠦᠵᠡᠯᠲᠡ ᠵᠢᠨ ᠵᠥᠷᠢᠶ᠎ᠡ ᠵᠢ ᠰᠡᠷᠭᠡᠢ᠌ᠯᠡᠬᠦ ᠪᠠ ᠵᠠᠯᠠᠷᠠᠭᠤᠯᠤᠨ ᠵᠠᠰᠠᠬᠤ ᠠᠵᠢᠯ᠎ᠤᠨ ᠲᠣᠭᠲᠠᠴᠠ ᠵᠢ ᠪᠦᠷᠢᠨᠰᠢᠭᠦᠯᠵᠦ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠠᠵᠢᠯ᠎ᠤᠨ ᠠᠮᠵᠢᠯᠲᠠ ᠵᠢᠨ ᠰᠢᠯᠭ᠋ᠠᠨ ᠬᠢᠨᠠᠬᠤ ᠵᠢ ᠰᠠᠢ᠌ᠵᠢᠷᠠᠭᠤᠯᠵᠤ᠂ ᠺᠠᠳ᠋ᠷᠴᠤᠳ᠎ᠢ ᠬᠥᠲᠥᠯᠥᠨ ᠵᠢᠯᠤᠭᠣᠳᠴᠤ ᠪᠠᠢ᠌ᠭ᠋ᠠᠳ ᠵᠢᠩᠬᠢᠨᠢ ᠠᠮᠵᠢᠯᠲᠠ ᠭᠠᠷᠭ᠋ᠠᠯᠭ᠋ᠠᠨ᠎ᠠ᠃ ᠪᠥᠬᠥ ᠣᠷᠣᠨ᠎ᠤ ᠣᠲᠣ ᠵᠢᠨ ᠲᠤᠰᠢᠶᠠᠯ ᠵᠶ᠋ᠠᠨ ᠡᠭᠦᠷᠭᠡᠯᠡᠬᠦ᠎ᠳᠤ ᠲᠣᠬᠢᠷᠠᠬᠤ ᠦᠭᠡᠢ 169 ᠺᠠᠳ᠋ᠷ᠎ᠲᠤ ᠵᠣᠬᠢᠶᠠᠨ ᠪᠠᠢ᠌ᠭᠤᠯᠤᠯᠲᠠ ᠵᠢᠨ ᠲᠣᠬᠢᠷᠠᠭᠤᠯᠤᠯᠲᠠ ᠬᠢᠵᠦ᠂ ᠴᠢᠳᠠᠪᠤᠷᠢ᠎ᠲᠠᠢ ᠵᠢ᠎ᠨᠢ ᠳᠡᠪᠰᠢᠭᠦᠯᠬᠦ᠂ ᠰᠢᠯᠢᠳᠡᠭ᠎ᠢ᠎ᠨᠢ ᠱᠠᠩᠨᠠᠬᠤ᠂ ᠴᠢᠳᠠᠪᠤᠷᠢ ᠦᠭᠡᠢ ᠵᠢ᠎ᠨᠢ ᠪᠠᠭᠤᠯᠭ᠋ᠠᠬᠤ᠂ ᠰᠢᠭ᠋ᠠᠷᠤ ᠵᠢ᠎ᠨᠢ ᠰᠢᠭᠰᠢᠭᠳᠡᠭᠦᠯᠬᠦ ᠰᠠᠢ᠌ᠨ ᠰᠠᠢ᠌ᠬᠠᠨ ᠪᠠᠢ᠌ᠳᠠᠯ᠎ᠲᠠᠢ ᠪᠣᠯᠬᠤ ᠵᠢ ᠠᠬᠢᠭᠤᠯᠪᠠ᠃ ᠡᠭᠦᠨ᠎ᠤ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠠᠯᠳᠠᠰᠢ ᠵᠢ ᠠᠭᠤᠴᠢᠯᠠᠬᠤ ᠪᠠ ᠵᠠᠯᠠᠷᠠᠭᠤᠯᠬᠤ 8 ᠵᠤᠷᠪᠤᠰ ᠪᠣᠳᠠᠲᠠᠢ ᠠᠷᠭ᠎ᠠ ᠬᠡᠮᠵᠢᠶ᠎ᠡ ᠵᠢ ᠭᠦᠨᠵᠡᠭᠡᠢ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠢᠯᠭ᠋ᠠᠷᠠᠭᠤᠯᠵᠤ ᠭᠠᠷᠭ᠋ᠠᠭᠰᠠᠨ 199 ᠨᠡᠷᠡᠰ 《ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠭᠰᠠᠨ ᠰᠠᠢ᠌ᠨ ᠺᠠᠳ᠋ᠷ》 ᠳᠣᠲᠣᠷᠠᠬᠢ 157 ᠬᠥᠮᠥᠨ᠎ᠢ ᠳᠡᠪᠰᠢᠭᠦᠯᠦᠭᠡᠳ ᠴᠢᠬᠤᠯᠠᠴᠢᠯᠠᠨ ᠬᠡᠷᠡᠭᠯᠡᠵᠦ᠂ ᠺᠠᠳ᠋ᠷᠴᠤᠳ᠎ᠤᠨ ᠥᠷᠢᠰᠦᠯᠳᠦᠨ ᠬᠠᠷᠢᠭᠤᠴᠠᠯᠭ᠎ᠠ ᠡᠭᠦᠷᠭᠡᠯᠡᠬᠦ ᠵᠢ ᠤᠷᠮᠠᠰᠢᠭᠤᠯᠤᠨ ᠵᠣᠷᠢᠭᠵᠢᠭᠤᠯᠵᠠᠢ᠃ ᠵᠠᠯᠠᠭᠤ ᠺᠠᠳ᠋ᠷᠴᠤᠳ᠎ᠤᠨ 《ᠨᠢᠭᠡ ᠵᠠᠭᠤ ᠭᠤᠷᠪᠠᠨ ᠮᠢᠩᠭ᠋ᠠᠨ》 ᠰᠢᠯᠢᠳᠡᠭ ᠴᠢᠳᠠᠪᠤᠷᠢᠲᠠᠨ ᠬᠥᠮᠥᠵᠢᠭᠦᠯᠦᠨ ᠪᠣᠢ᠌ᠵᠢᠭᠤᠯᠬᠤ ᠢᠨᠵᠧᠨᠧᠷᠢᠩ᠎ᠢ ᠬᠡᠷᠡᠭᠵᠢᠭᠦᠯᠵᠦ᠂ ᠺᠠᠳ᠋ᠷᠴᠤᠳ᠎ᠢ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠨᠢᠭᠡᠳᠦᠭᠡᠷ ᠹᠷᠣᠨᠲ᠎ᠲᠤ ᠣᠴᠢᠭᠤᠯᠵᠤ ᠪᠠᠢ᠌ᠭ᠋ᠠᠳ ᠬᠥᠮᠥᠵᠢᠭᠦᠯᠦᠨ ᠪᠣᠯᠪᠠᠰᠤᠷᠠᠭᠤᠯᠵᠤ᠂ ᠺᠠᠳ᠋ᠷᠴᠤᠳ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠠᠪᠢᠶᠠᠰ ᠴᠢᠳᠠᠪᠤᠷᠢ ᠵᠢ᠎ᠨᠢ ᠴᠢᠩᠭ᠋ᠠᠷᠠᠭᠤᠯᠪᠠ᠃

      ᠦᠨᠳᠦᠰᠦᠨ ᠱᠠᠲᠤᠨ᠎ᠤ ᠵᠣᠬᠢᠶᠠᠨ ᠪᠠᠢ᠌ᠭᠤᠯᠤᠯᠲᠠ ᠵᠢᠨ ᠴᠣᠭᠴᠠᠯᠠᠯᠲᠠ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ ᠠᠬᠢᠭᠤᠯᠬᠤ ᠲᠠᠯ᠎ᠠ᠎ᠪᠠᠷ᠂ 《ᠲᠠᠪᠤᠨ ᠪᠡᠬᠢᠯᠡᠯᠲᠡ》 ᠵᠢ ᠪᠠᠶ᠋ᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠯ᠎ᠡ ᠬᠦᠷᠢᠶ᠎ᠡ ᠡᠯ᠎ᠡ ᠱᠠᠲᠤ ᠳᠡᠰ᠎ᠤᠨ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠴᠣᠭᠴᠠᠯᠠᠯᠲᠠ ᠵᠢ ᠠᠬᠢᠭᠤᠯᠪᠠ᠃ ᠭᠠᠴᠠᠭ᠎ᠠ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠲᠡᠳᠬᠦᠵᠦ ᠬᠥᠲᠥᠯᠥᠨ ᠳᠠᠭ᠋ᠠᠭᠤᠯᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ 《ᠡᠷᠳᠡᠮ ᠵᠶ᠋ᠡᠨ ᠮᠥᠷᠥᠢ᠌ᠴᠡᠵᠦ ᠮᠠᠩᠯᠠᠢ ᠪᠣᠯᠬᠤ᠎ᠪᠠᠷ ᠴᠢᠷᠮᠠᠢ᠌ᠬᠤ》 ᠵᠡᠷᠭᠡ 3 ᠵᠦᠢ᠍ᠯ᠎ᠤᠨ ᠠᠵᠢᠯᠯᠠᠭ᠋ᠠᠨ᠎ᠢ ᠬᠡᠷᠡᠭᠵᠢᠭᠦᠯᠵᠦ᠂ ᠰᠤᠯᠠ ᠳᠣᠷᠣᠢ ᠵᠠᠳᠠᠭ᠋ᠠᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢ ᠳᠠᠬᠢᠨ ᠳᠠᠪᠲᠠᠨ ᠵᠢᠭᠰᠠᠭ᠋ᠠᠨ ᠪᠠᠢ᠌ᠴᠠᠭ᠋ᠠᠵᠤ ᠴᠡᠭᠴᠡᠯᠡᠭᠰᠡᠨ ᠪᠠᠢ᠌ᠨ᠎ᠠ᠃ ᠬᠣᠲᠠ ᠬᠥᠳᠡᠭᠡᠨ᠎ᠤ ᠦᠨᠳᠦᠰᠦᠨ ᠱᠠᠲᠤᠨ᠎ᠤ ᠵᠠᠰᠠᠯᠲᠠ ᠵᠢᠨ ᠲᠣᠭᠲᠠᠯᠴᠠᠭ᠎ᠠ ᠵᠢ ᠲᠠᠰᠤᠷᠠᠯᠲᠠ ᠦᠭᠡᠢ ᠪᠦᠷᠢᠨᠰᠢᠭᠦᠯᠵᠦ᠂ 《ᠤᠮᠠᠷᠠᠲᠤ ᠬᠢᠯᠢ ᠵᠢᠨ ᠬᠤᠪᠢᠰᠬᠠᠯᠲᠤ ᠲᠣᠣᠷᠵᠢᠯ ᠵᠠᠰᠠᠯᠲᠠ ᠵᠢᠨ ᠦᠢ᠍ᠯᠡᠴᠢᠯᠡᠭᠡᠨ᠎ᠤ ᠠᠵᠢᠯ᠎ᠤᠨ ᠵᠦᠭᠯᠡᠭᠦᠷ》 ᠵᠡᠷᠭᠡ ᠵᠢ ᠳᠣᠭᠲᠠᠭ᠋ᠠᠨ᠂ ᠲᠣᠣᠷᠵᠢᠯ ᠬᠠᠮᠢᠶᠠᠷᠤᠯᠲᠠ ᠪᠠ ᠨᠡᠢ᠌ᠭᠡᠮ ᠲᠣᠭᠣᠷᠢᠭ᠎ᠤᠨ ᠠᠵᠢᠯᠲᠠᠳ᠎ᠤᠨ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠪᠠ᠃ 《ᠴᠢᠳᠠᠯ᠎ᠠᠴᠠ᠎ᠨᠢ ᠬᠡᠲᠦᠷᠡᠭᠦᠯᠵᠦ ᠪᠠᠢ᠌ᠭ᠎ᠠ》 ᠲᠣᠪᠣᠢ᠌ᠮ᠎ᠠ ᠠᠰᠠᠭᠤᠳᠠᠯ᠎ᠤᠳ᠎ᠢ ᠲᠥᠪᠯᠡᠷᠡᠭᠦᠯᠦᠨ ᠴᠡᠭᠴᠡᠯᠡᠵᠦ ᠵᠠᠰᠠᠬᠤ ᠪᠡᠷᠬᠡ ᠰᠡᠳᠦᠪ᠎ᠢ ᠰᠢᠢ᠍ᠳᠪᠦᠷᠢᠯᠡᠬᠦ ᠵᠡᠷᠭᠡ᠎ᠪᠠᠷ ᠳᠠᠮᠵᠢᠭᠤᠯᠤᠨ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠵᠦ᠂ ᠰᠤᠮᠤ ᠰᠢᠶᠠᠩ ᠪᠠᠯᠭ᠋ᠠᠰᠤ ᠵᠡᠭᠡᠯᠢ ᠭᠤᠳᠤᠮᠵᠢ ᠵᠢᠨ ᠡᠭᠦᠷᠭᠡ ᠬᠠᠷᠢᠭᠤᠴᠠᠯᠭ᠎ᠠ ᠵᠢᠨ ᠵᠦᠢ᠍ᠯᠡᠰ᠎ᠢ ᠳᠤᠮᠳᠠᠴᠢ᠎ᠪᠠᠷ 225 ᠵᠦᠢ᠍ᠯ᠂ ᠭᠠᠴᠠᠭ᠎ᠠ ᠲᠣᠰᠬᠣᠨ ᠨᠡᠢ᠌ᠭᠡᠮ ᠲᠣᠭᠣᠷᠢᠭ᠎ᠤᠨ ᠠᠵᠢᠯ᠎ᠤᠨ ᠶᠠᠪᠤᠳᠠᠯ᠎ᠢ ᠳᠤᠮᠳᠠᠴᠢ᠎ᠪᠠᠷ 60 ᠭᠠᠷᠤᠢ ᠵᠦᠢ᠍ᠯ ᠴᠥᠬᠡᠳᠬᠡᠵᠦ᠂ ᠦᠨᠳᠦᠰᠦᠨ ᠱᠠᠲᠤᠨ᠎ᠠᠴᠠ ᠵᠢᠭᠡᠯᠡᠵᠦ ᠬᠡᠷᠡᠭᠯᠡᠭᠰᠡᠨ 1592 ᠬᠥᠮᠥᠨ᠎ᠢ ᠠᠵᠢᠯ᠎ᠤᠨ ᠪᠠᠢ᠌ᠷᠢᠨ᠎ᠳᠤ᠎ᠨᠢ ᠪᠤᠴᠠᠭ᠋ᠠᠬᠤ ᠵᠢ ᠰᠢᠮᠳᠠᠭᠤᠯᠪᠠ᠃

      ᠴᠢᠳᠠᠪᠤᠷᠢᠲᠠᠨ᠎ᠤ ᠬᠥᠭᠵᠢᠯᠲᠡ ᠵᠢᠨ ᠪᠠᠢ᠌ᠭᠤᠯᠤᠯ ᠲᠣᠭᠲᠠᠴᠠ ᠵᠢ ᠪᠠᠶ᠋ᠢᠭᠤᠯᠬᠤ ᠲᠠᠯ᠎ᠠ᠎ᠪᠠᠷ᠂ ᠴᠢᠳᠠᠪᠤᠷᠢᠲᠠᠨ᠎ᠤ ᠲᠠᠪᠴᠠᠩ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ 《ᠨᠢᠭᠡ ᠲᠥᠪ ᠳᠥᠷᠪᠡᠨ ᠬᠦᠷᠢᠶᠡᠯᠡᠩ ᠲᠣᠭᠣᠷᠢᠭ》 ᠵᠶ᠋ᠡᠨ ᠪᠠᠢ᠌ᠷᠢ ᠵᠦᠷᠢᠭᠦᠯᠦᠨ ᠬᠥᠭᠵᠢᠭᠦᠯᠬᠦ ᠵᠢ ᠳᠡᠮᠵᠢᠵᠦ᠂ ᠬᠤᠸᠠᠢ ᠷᠧᠦ ᠲᠤᠷᠰᠢᠯᠲᠠ ᠵᠢᠨ ᠲᠠᠰᠤᠭ᠎ᠤᠨ ᠥᠪᠥᠷ ᠮᠣᠩᠭᠣᠯ᠎ᠳᠠᠬᠢ ᠰᠠᠭᠤᠷᠢᠨ ᠭᠠᠵᠠᠷ ᠵᠡᠷᠭᠡ ᠵᠢᠨ ᠵᠢᠱ᠌ᠢᠶ᠎ᠡ ᠦᠵᠡᠭᠦᠯᠬᠦ ᠦᠢ᠍ᠯᠡᠳᠦᠯ᠎ᠢ ᠪᠠᠳᠠᠷᠠᠭᠤᠯᠤᠨ᠂ ᠪᠡᠭᠡᠵᠢᠩ ᠥᠪᠥᠷ ᠮᠣᠩᠭᠣᠯ᠎ᠤᠨ ᠴᠢᠳᠠᠪᠤᠷᠢᠲᠠᠨ᠎ᠤ ᠪᠠᠢ᠌ᠩᠭᠤ ᠵᠢᠨ ᠴᠢᠨᠠᠷᠲᠠᠢ ᠰᠣᠯᠢᠯᠴᠠᠭ᠎ᠠ ᠬᠠᠮᠵᠢᠯᠴᠠᠭ᠋ᠠᠨ᠎ᠤ ᠲᠣᠭᠲᠠᠴᠠ ᠵᠢ ᠪᠦᠷᠢᠨᠰᠢᠭᠦᠯᠪᠡ᠃ 《ᠬᠣᠶᠠᠷ ᠠᠵᠢᠯᠯᠠᠭ᠋ᠠᠨ ᠭᠤᠷᠪᠠᠨ ᠢᠨᠵᠧᠨᠧᠷᠢᠩ》 ᠵᠶ᠋ᠡᠷ ᠵᠢᠯᠣᠭᠣᠳᠤᠮᠵᠢ ᠪᠣᠯᠭ᠋ᠠᠵᠤ᠂ ᠳᠡᠭᠡᠳᠦ ᠲᠠᠰ᠎ᠤᠨ ᠴᠢᠳᠠᠪᠤᠷᠢᠲᠠᠳ᠎ᠢ ᠣᠷᠣᠭᠤᠯᠤᠨ ᠠᠪᠴᠢᠷᠠᠭᠰᠠᠨ ᠪᠠ ᠬᠦᠮᠦᠵᠢᠭᠦᠯᠪᠡ᠃ ᠬᠥᠮᠥᠵᠢᠭᠦᠯᠵᠦ 5 ᠬᠦᠮᠦᠨ᠎ᠨᠢ 《ᠡᠷᠳᠡᠮᠲᠡᠳ᠎ᠢ ᠬᠥᠬᠢᠭᠦᠯᠬᠦ ᠬᠥᠭᠡᠮᠦ᠋ᠷᠡᠨ ᠲᠥᠯᠥᠪᠯᠡᠭᠡ》᠎ᠪᠠᠷ ᠰᠤᠩᠭᠤᠭᠳᠠᠵᠤ᠂ ᠤᠯᠤᠰ᠎ᠤᠨ ᠭᠠᠷᠮᠠᠭ᠋ᠠᠢ ᠵᠠᠯᠠᠭᠤᠴᠤᠳ᠎ᠤᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥᠨ᠎ᠤ ᠲᠦᠷᠦᠯ ᠵᠦᠢ᠍ᠯ᠎ᠳᠤ 1 ᠬᠥᠮᠥᠨ ᠰᠣᠩᠭᠣᠭᠳᠠᠵᠤ᠂ ᠤᠯᠤᠰ᠎ᠤᠨ ᠭᠣᠣᠯᠳᠠᠯᠭ᠎ᠠ ᠪᠣᠯᠬᠤ ᠴᠢᠳᠠᠪᠤᠷᠢᠲᠠᠳ᠎ᠢ ᠳᠡᠮᠵᠢᠬᠦ ᠲᠥᠯᠥᠪᠯᠡᠭᠡ᠎ᠳᠤ 14 ᠬᠥᠮᠥᠨ ᠰᠤᠩᠭᠤᠭᠳᠠᠵᠤ᠂ ᠤᠯᠤᠰ᠎ᠤᠨ ᠭᠠᠷᠮᠠᠭ᠋ᠠᠢ ᠢᠨᠵᠧᠨᠧᠷ ᠵᠶ᠋ᠠᠷ 2 ᠬᠥᠮᠥᠨ ᠰᠤᠩᠭᠤᠭᠳᠠᠪᠠ᠃

      ᠡᠭᠦᠨ᠎ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ ᠪᠠᠰᠠ 4 ᠵᠦᠢ᠍ᠯ᠎ᠤᠨ ᠭᠣᠣᠯᠳᠠᠯᠭ᠎ᠠ ᠪᠣᠯᠬᠤ ᠥᠭᠡᠷᠡᠴᠢᠯᠡᠯᠲᠡ ᠵᠢᠨ ᠳᠦᠷᠢᠮ᠎ᠤᠨ ᠪᠢᠴᠢᠭ ᠮᠠᠲ᠋ᠧᠷᠢᠶᠠᠯ ᠨᠡᠢ᠌ᠲᠡᠯᠡᠪᠡ᠂ ᠲᠡᠳᠡᠭᠡᠷ᠎ᠲᠤ ᠠᠯᠪᠠᠲᠠᠨ᠎ᠤ ᠲᠤᠰᠢᠶᠠᠯ ᠬᠢᠭᠡᠳ ᠲᠤᠰᠢᠶᠠᠯ᠎ᠤᠨ ᠲᠠᠰ᠎ᠢ ᠵᠡᠷᠭᠡ᠎ᠪᠠᠷ ᠬᠡᠷᠡᠭᠵᠢᠭᠦᠯᠬᠦ ᠲᠣᠭᠲᠠᠭ᠋ᠠᠯ᠎ᠢ ᠨᠠᠢ᠌ᠳᠠᠪᠤᠷᠢᠵᠢᠭᠤᠯᠬᠤ᠂ ᠲᠤᠰᠬᠠᠢ ᠮᠡᠷᠭᠡᠵᠢᠯ᠎ᠤᠨ ᠲᠥᠷᠥᠯ᠎ᠤᠨ ᠠᠯᠪᠠᠲᠠᠨ᠎ᠢ ᠲᠥᠷᠥᠯ ᠬᠤᠪᠢᠶᠠᠨ ᠬᠠᠮᠢᠶᠠᠷᠬᠤ᠂ ᠰᠤᠮᠤ ᠰᠢᠶᠠᠩ ᠪᠠᠯᠭ᠋ᠠᠰᠤᠨ᠎ᠤ ᠨᠠᠮ᠎ᠤᠨ ᠬᠣᠷᠢᠶᠠᠨ᠎ᠤ ᠠᠵᠢᠯ᠎ᠤᠨ ᠠᠷᠭ᠎ᠠ ᠵᠢ ᠨᠡᠢ᠌ᠲᠡᠯᠡᠬᠦ᠂ ᠪᠠᠢ᠌ᠭᠤᠯᠭ᠎ᠠ ᠵᠢᠨ ᠰᠤᠷᠲᠠᠯ᠎ᠢ ᠰᠠᠢ᠌ᠵᠢᠷᠠᠭᠤᠯᠬᠤ ᠵᠡᠷᠭᠡ ᠵᠢ ᠪᠠᠭᠲᠠᠭ᠋ᠠᠪᠠ᠃

      ᠵᠠᠬ᠎ᠠ ᠳᠡᠯᠭᠡᠭᠦᠷ᠎ᠤᠨ ᠲᠣᠭᠲᠠᠴᠠ ᠵᠢᠨ ᠦᠢ᠍ᠯᠡᠳᠦᠯ᠎ᠢ ᠳᠤᠪᠤᠢ᠍ᠢ᠍ᠯᠭ᠋ᠠᠵᠦ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠪᠠ

      11 ᠳ᠋ᠦ᠍ᠭᠡᠷ ᠰᠠᠷ᠎ᠠ ᠵᠢᠨ 5᠎ᠤ ᠡᠳᠦᠷ᠎ᠤᠨ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠵᠦ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠬᠦᠴᠦᠯᠡᠨ ᠠᠬᠢᠭᠤᠯᠤᠶ᠎ᠠ》 ᠭᠣᠣᠯ ᠰᠡᠳᠦᠪᠲᠦ ᠬᠣᠶᠠᠳᠤᠭ᠋ᠠᠷ ᠲᠠᠯᠠᠪᠤᠷ᠎ᠤᠨ ᠰᠢᠷᠢᠰ ᠰᠣᠨᠢᠨ ᠮᠡᠳᠡᠭᠡ ᠨᠡᠢ᠌ᠲᠡᠯᠡᠬᠦ ᠬᠤᠷᠠᠯ᠎ᠤᠨ — 《ᠵᠠᠬ᠎ᠠ ᠳᠡᠯᠭᠡᠭᠦᠷ᠎ᠤᠨ ᠲᠣᠭᠲᠠᠴᠠ ᠵᠢᠨ ᠦᠢ᠍ᠯᠡᠳᠦᠯ᠎ᠢ ᠨᠡᠩ ᠰᠠᠢ᠌ᠲᠤᠷ ᠪᠠᠳᠠᠷᠠᠭᠤᠯᠵᠤ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠶ᠎ᠠ》 ᠭᠡᠬᠦ ᠲᠤᠰᠬᠠᠢ ᠲᠠᠯᠠᠪᠤᠷ᠎ᠤᠨ ᠬᠤᠷᠠᠯ᠎ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ ᠵᠡᠷᠭᠡ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠳ᠎ᠠᠴᠠ ᠥᠪᠡᠷᠲᠡᠭᠡᠨ ᠵᠠᠰᠠᠬᠤ ᠣᠷᠣᠨ᠎ᠤ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢ᠌ᠷᠡᠭᠦᠯᠦᠭᠰᠡᠨ ᠠᠷᠭ᠎ᠠ ᠬᠡᠮᠵᠢᠶ᠎ᠡ ᠪᠠ ᠦᠷ᠎ᠡ ᠪᠦᠲᠦᠮᠵᠢ᠎ᠪᠠᠨ ᠲᠠᠨᠢᠯᠴᠠᠭᠤᠯᠪᠠ᠃

      ᠥᠪᠥᠷ ᠮᠣᠩᠭᠣᠯ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠢ᠌ᠷᠡᠭᠦᠯᠬᠦ ᠶᠡᠷᠦᠩᠬᠡᠢ ᠱᠠᠭ᠋ᠠᠷᠳᠠᠯᠭ᠎ᠠ᠎ᠯᠤᠭ᠎ᠠ ᠨᠢᠭᠲᠠ ᠤᠶᠠᠯᠳᠤᠭᠤᠯᠵᠤ᠂ ᠪᠠᠢ᠌ᠭᠤᠯᠤᠯ ᠲᠣᠭᠲᠠᠴᠠ ᠵᠢᠨ ᠪᠠᠢ᠌ᠭᠤᠯᠤᠯᠲᠠ᠎ᠪᠠᠷ ᠭᠣᠣᠯᠳᠠᠯᠭ᠎ᠠ ᠪᠣᠯᠭ᠋ᠠᠨ᠂ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ ᠬᠣᠶᠠᠷ ᠱᠠᠲᠤᠨ᠎ᠤ ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠬᠥᠭᠵᠢᠯᠲᠡ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠪᠠᠶ᠋ᠢᠭᠤᠯᠬᠤ᠎ᠪᠠᠷ ᠳᠠᠮᠵᠢᠭᠤᠯᠵᠤ᠂ ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠬᠥᠭᠵᠢᠯᠲᠡ ᠵᠢ ᠪᠠᠲᠤᠯᠠᠨ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠪᠠ᠃ ᠣᠳᠣᠬᠠᠨ ᠪᠣᠯᠲᠠᠯ᠎ᠠ᠂ ᠠᠰᠠᠭᠤᠳᠠᠯ᠎ᠢ ᠰᠢᠢ᠍ᠳᠪᠦᠷᠢᠯᠡᠬᠦ᠂ ᠬᠠᠷᠢᠯᠴᠠᠵᠤ ᠦᠢ᠍ᠯᠡᠴᠢᠯᠡᠬᠦ᠂ ᠲᠥᠷᠥ ᠵᠢᠨ ᠪᠣᠳᠣᠯᠭ᠎ᠠ ᠵᠢᠨ ᠳᠡᠮᠵᠢᠯᠭᠡ ᠦᠵᠡᠭᠦᠯᠬᠦ᠂ ᠨᠢᠭᠡᠳᠦᠯᠲᠡᠢ ᠲᠥᠯᠥᠪᠯᠡᠨ ᠨᠠᠢ᠌ᠳᠠᠪᠤᠷᠢᠵᠢᠭᠤᠯᠬᠤ ᠳᠥᠷᠪᠡᠨ ᠠᠵᠢᠯ᠎ᠤᠨ ᠲᠣᠭᠲᠠᠯᠴᠠᠭ᠎ᠠ ᠵᠢ ᠪᠠᠢ᠌ᠭᠤᠯᠪᠠ᠃

      ᠥᠪᠡᠷᠲᠡᠭᠡᠨ ᠵᠠᠰᠠᠬᠤ ᠣᠷᠣᠨ᠎ᠠᠴᠠ ᠥᠪᠥᠷ ᠮᠣᠩᠭᠣᠯ᠎ᠤᠨ ᠣᠨᠴᠠᠯᠢᠭᠲᠤ ᠳᠠᠪᠠᠭᠤᠯᠢᠭ᠎ᠢ ᠬᠠᠷᠠᠭᠤᠯᠤᠭᠰᠠᠨ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢ ᠠᠬᠢᠭᠤᠯᠬᠤ ᠲᠣᠭᠲᠠᠴᠠ᠎ᠪᠠᠨ ᠲᠦᠷᠭᠡᠳᠬᠡᠨ ᠲᠡᠭᠦᠯᠳᠡᠷᠵᠢᠭᠦᠯᠪᠠ᠃ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢᠨ 《1+7》 ᠲᠦᠷᠦ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠨᠠᠢ᠌ᠳᠠᠪᠤᠷᠢᠵᠢᠭᠤᠯᠤᠨ ᠪᠠᠲᠤᠯᠠᠬᠤ ᠲᠣᠭᠲᠠᠴᠠ ᠵᠢ ᠪᠦᠷᠢᠨᠰᠢᠭᠦᠯᠦᠨ ᠠᠬᠢᠭᠤᠯᠵᠤ᠂ 《ᠬᠠᠮᠢᠶᠠᠷᠤᠯᠲᠠ ᠵᠢᠨ ᠵᠥᠪᠯᠡᠯ + ᠺᠣᠮᠫᠠᠨᠢ》 ᠵᠢᠨ ᠬᠡᠪ ᠵᠠᠭᠪᠤᠷ᠎ᠢ ᠢᠳᠡᠪᠬᠢᠲᠡᠢ ᠬᠡᠷᠡᠭᠵᠢᠭᠦᠯᠦᠨ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠳᠡᠭᠡᠭᠰᠢᠯᠡᠭᠦᠯᠪᠡ᠃ 1 – 9 ᠳ᠋ᠦ᠍ᠭᠡᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ 7.2% ᠵᠶ᠋ᠠᠷ ᠨᠡᠮᠡᠭᠳᠡᠵᠦ᠂ ᠪᠥᠬᠥ ᠵᠢᠯ᠎ᠤᠨ 7% ᠵᠢᠨ ᠵᠢᠱ᠌ᠢᠭᠰᠡᠨ ᠬᠠᠷᠠᠯᠲᠠ᠎ᠠᠴᠠ ᠥᠨᠳᠥᠷ ᠪᠣᠯᠪᠠ᠃ ᠠᠵᠤ ᠦᠢ᠍ᠯᠡᠳᠪᠦᠷᠢ ᠵᠢᠨ ᠪᠡᠯᠡ ᠣᠷᠣᠭᠤᠯᠤᠯᠲᠠ 12.2% ᠵᠶ᠋ᠠᠷ ᠨᠡᠮᠡᠭᠳᠡᠨ᠂ ᠪᠡᠯᠡ ᠣᠷᠣᠭᠤᠯᠤᠯᠲᠠ ᠵᠢᠨ ᠵᠣᠭᠣᠰᠤᠨ᠎ᠤ ᠲᠣᠭ᠎ᠠ᠎ᠨᠢ ᠵᠢᠯ᠎ᠤᠨ ᠲᠥᠯᠥᠪᠯᠡᠭᠡ ᠵᠢᠨ ᠵᠶ᠋ᠡᠨ 82.4% ᠵᠢ ᠪᠡᠶᠡᠯᠡᠭᠦᠯᠪᠡ᠃

      ᠡᠳ᠋᠎ᠤᠨ ᠵᠠᠰᠠᠭ᠎ᠤᠨ ᠬᠦᠷᠢᠶᠡᠨ᠎ᠳᠤ᠂ ᠥᠪᠥᠷ ᠮᠣᠩᠭᠣᠯ ᠪᠠᠭᠤᠯᠭ᠋ᠠᠬᠤ ᠶᠣᠰᠣᠲᠠᠢ ᠵᠢ᠎ᠨᠢ ᠪᠦᠬᠦᠨ᠎ᠢ ᠪᠠᠭᠤᠯᠭ᠋ᠠᠬᠤ ᠵᠠᠷᠴᠢᠮ ᠶᠣᠰᠣᠭ᠋ᠠᠷ᠂ ᠲᠤᠰᠬᠠᠢ ᠵᠦᠢ᠍ᠯ᠎ᠤᠨ ᠪᠡᠯᠡ ᠮᠥᠩᠭᠥ ᠵᠢᠨ ᠬᠠᠮᠢᠶᠠᠷᠤᠯᠲᠠ᠎ᠳᠠᠬᠢ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ᠎ᠪᠠᠨ ᠲᠦᠯᠬᠢᠨ ᠠᠬᠢᠭᠤᠯᠵᠤ᠂ ᠡᠳ᠋ ᠬᠥᠷᠥᠩᠭᠡ ᠵᠢᠨ ᠬᠢᠨᠠᠨ ᠵᠥᠪᠰᠢᠶᠡᠷᠡᠬᠦ ᠡᠷᠬᠡ ᠵᠢᠨ ᠬᠢᠵᠠᠭ᠋ᠠᠷ᠎ᠢ ᠠᠭᠤᠵᠢᠭᠤ ᠪᠣᠯᠭ᠋ᠠᠪᠠ᠃ ᠡᠭᠦᠨ᠎ᠤ ᠬᠠᠮᠲᠤ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠮᠢᠶᠠᠷᠤᠯᠲᠠ ᠵᠢ ᠰᠢᠯᠢᠳᠡᠭᠵᠢᠭᠦᠯᠵᠦ᠂ ᠡᠳ᠋᠎ᠤᠨ ᠵᠠᠰᠠᠭ᠎ᠠᠴᠠ ᠵᠣᠭᠣᠰ ᠰᠠᠯᠭ᠋ᠠᠨ ᠥᠭᠬᠦ ᠵᠢ ᠬᠢᠨᠠᠨ ᠵᠥᠪᠰᠢᠶᠡᠷᠡᠬᠦ ᠴᠣᠪᠣᠷᠠᠯ ᠪᠠ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠰᠢᠯᠢᠳᠡᠭᠵᠢᠭᠦᠯᠦᠨ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠠᠷᠤᠳᠠᠯ᠎ᠢ ᠬᠡᠷᠡᠭᠯᠡᠬᠦ ᠲᠠᠯ᠎ᠠ᠎ᠪᠠᠷ᠎ᠬᠢ ᠡᠵᠡ ᠮᠡᠳᠡᠬᠦ ᠡᠷᠬᠡ ᠵᠢ ᠤᠯᠠᠮ ᠨᠢᠭᠡ ᠠᠯᠬᠤᠮ ᠥᠷᠭᠡᠳᠬᠡᠵᠦ᠂ ᠪᠡᠯᠡ ᠮᠥᠩᠭᠥ ᠵᠢᠨ ᠲᠣᠭ᠋ᠠᠴᠠᠭ᠎ᠠ ᠬᠢᠬᠦ ᠠᠰᠢᠭᠯᠠᠮᠵᠢ ᠵᠢ ᠳᠡᠭᠡᠭᠰᠢᠯᠡᠭᠦᠯᠪᠡ᠃

      ᠲᠠᠷᠢᠶᠠᠯᠠᠩ ᠮᠠᠯ ᠠᠵᠤ ᠠᠬᠤᠢ ᠵᠢᠨ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠤᠨ ᠲᠤᠰᠬᠠᠢ᠌ᠵᠢᠯᠲᠠ᠂ ᠪᠠᠷᠢᠮᠵᠢᠶᠠᠵᠢᠯᠲᠠ᠂ ᠬᠡᠪᠴᠢᠶᠡᠵᠢᠯᠲᠡ ᠪᠠ ᠪᠣᠬᠢᠷᠲᠤᠯ ᠦᠭᠡᠢ᠌ᠵᠢᠯᠲᠡ ᠵᠢ ᠬᠦᠴᠦᠯᠡᠨ ᠳᠡᠭᠡᠭᠰᠢᠯᠡᠭᠦᠯᠵᠦ᠂ 《ᠳᠥᠭᠥᠮ ᠳᠥᠲᠡ ᠪᠦᠭᠡᠳ ᠥᠨᠳᠥᠷ ᠪᠦᠲᠦᠮᠵᠢᠲᠡᠶ᠂ ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠤᠨ ᠪᠥᠬᠥ ᠭᠣᠭᠴᠣᠭ᠎ᠠ ᠪᠥᠬᠥ ᠬᠡᠯᠬᠢᠶ᠎ᠡ ᠵᠢ ᠬᠠᠮᠤᠷᠤᠭᠰᠠᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠲᠣᠭᠲᠠᠯᠴᠠᠭ᠎ᠠ》 ᠵᠢ ᠲᠦᠷᠭᠡᠳᠬᠡᠨ ᠪᠠᠢ᠌ᠭᠤᠯᠵᠤ᠂ ᠣᠳᠣᠬᠠᠨ ᠪᠣᠯᠲᠠᠯ᠎ᠠ᠂ ᠪᠥᠬᠥ ᠣᠷᠣᠨ᠎ᠤ ᠲᠠᠷᠢᠶᠠᠯᠠᠩ᠎ᠤᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠲᠠᠯᠠᠪᠠᠶ ᠨᠢᠭᠡᠨᠲᠡ 3000 ᠲᠦᠮᠡᠨ ᠮᠦ᠍᠎ᠳᠤ ᠬᠦᠷᠴᠦ᠂ ᠮᠠᠯ ᠠᠵᠤ ᠠᠬᠤᠢ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡ ᠨᠢᠭᠡᠨᠲᠡ ᠪᠥᠬᠥ ᠣᠷᠣᠨ᠎ᠤ 70% ᠵᠢᠨ ᠦᠬᠡᠷ ᠬᠣᠨᠢ ᠲᠡᠵᠢᠭᠡᠨ ᠦᠷᠡᠵᠢᠭᠦᠯᠵᠤ ᠪᠠᠢ᠌ᠭ᠎ᠠ ᠵᠢ ᠬᠠᠮᠤᠷᠪᠠ᠃

      ᠭᠠᠳᠠᠭ᠋ᠠᠳᠤ ᠨᠡᠭᠡᠭᠡᠯᠲᠡ ᠵᠢᠨ ᠲᠠᠯ᠎ᠠ᠎ᠪᠠᠷ᠂ ᠥᠪᠥᠷ ᠮᠣᠩᠭᠣᠯ ᠬᠢᠯᠢ ᠵᠢᠨ ᠪᠣᠭᠣᠮᠲᠠ ᠵᠢᠨ ᠣᠶᠤᠨᠴᠢᠯᠠᠭᠰᠠᠨ ᠪᠦᠲᠦᠭᠡᠨ ᠪᠠᠢ᠌ᠭᠤᠯᠤᠯᠲᠠ ᠵᠢ ᠬᠢᠯᠢ ᠵᠢᠨ ᠪᠣᠭᠣᠮᠲᠠ ᠵᠢᠨ ᠪᠣᠭᠣᠮᠲᠠ᠎ᠪᠠᠷ ᠣᠷᠣᠭᠤᠯᠵᠤ ᠭᠠᠷᠭ᠋ᠠᠬᠤ ᠬᠦᠷᠢᠶᠡᠨ᠎ᠳᠠᠬᠢ ᠥᠭᠡᠷᠡᠴᠢᠯᠡᠯᠲᠡ ᠵᠢᠨ ᠴᠢᠬᠤᠯᠠ ᠵᠦᠢ᠍ᠯᠡᠰ ᠪᠣᠯᠭ᠋ᠠᠪᠠ᠃ ᠡᠨᠡ ᠵᠢᠯ᠎ᠤᠨ 10 ᠳ᠋ᠤᠭ᠋ᠠᠷ ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶᠤᠨᠲᠤ ᠬᠢᠯᠢ ᠵᠢᠨ ᠪᠣᠭᠣᠮᠲᠠ ᠵᠢᠨ ᠪᠦᠲᠦᠭᠡᠨ ᠪᠠᠢ᠌ᠭᠤᠯᠤᠯᠲᠠ ᠵᠢᠨ ᠲᠤᠬᠠᠢ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠶᠠᠪᠤᠭᠤᠯᠵᠤ᠂ ᠬᠢᠯᠢ ᠵᠢᠨ ᠪᠣᠭᠣᠮᠲᠠ ᠵᠢᠨ ᠬᠦᠷᠢᠶᠡᠨ᠎ᠳᠠᠬᠢ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠪᠡ᠃ ᠡᠷᠢᠶᠡᠨ ᠬᠤᠳᠠ᠂ ᠭᠠᠭᠴᠠᠮᠣᠳᠤ᠂ ᠮᠠᠨᠳᠤᠯ᠂ ᠵᠡᠭᠦᠨ ᠬᠠᠲᠠᠪᠴᠢ ᠵᠡᠷᠭᠡ ᠬᠢᠯᠢ ᠵᠢᠨ ᠪᠣᠭᠣᠮᠲᠠ᠎ᠨᠢ ᠣᠶᠤᠨᠲᠤ ᠪᠣᠭᠣᠮᠲᠠ ᠵᠢᠨ ᠴᠡᠭ᠎ᠢ ᠪᠦᠲᠦᠭᠡᠨ ᠪᠠᠢ᠌ᠭᠤᠯᠤᠨ ᠬᠡᠷᠡᠭᠯᠡᠵᠦ᠂ ᠰᠢᠯᠭ᠋ᠠᠨ ᠭᠡᠷᠡᠴᠢᠯᠡᠬᠦ ᠴᠠᠭ᠎ᠢ 50% ᠣᠷᠴᠢᠮ ᠵᠶ᠋ᠠᠷ ᠪᠠᠭ᠋ᠠᠰᠬᠠᠪᠠ᠃

      ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠨᠢ ᠠᠵᠤ ᠠᠬᠤᠢ᠌ᠯᠠᠯ᠎ᠢ ᠬᠢᠨᠠᠨ ᠬᠠᠮᠢᠶᠠᠷᠬᠤ ᠠᠵᠢᠯ ᠳᠤᠮᠳᠠ᠎ᠪᠠᠨ ᠠᠯᠳᠠᠭᠳᠠᠯ᠎ᠲᠠᠢ ᠠᠵᠤ ᠠᠬᠤᠢ᠌ᠯᠠᠯ᠎ᠢ ᠲᠤᠰᠬᠠᠢ᠌ᠯᠠᠨ ᠴᠡᠭᠴᠡᠯᠡᠨ ᠵᠠᠰᠠᠬᠤ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠠᠯᠳᠠᠭᠳᠠᠯ᠎ᠢ ᠪᠠᠭ᠋ᠠᠰᠬᠠᠵᠤ ᠠᠯᠳᠠᠭᠳᠠᠯ᠎ᠢ ᠵᠠᠰᠠᠬᠤ ᠠᠵᠢᠯ ᠵᠶ᠋ᠠᠨ ᠭᠦᠨᠵᠡᠭᠡᠢ ᠠᠬᠢᠭᠤᠯᠪᠠ᠃ 9 ᠳ᠋ᠦ᠍ᠭᠡᠷ ᠰᠠᠷ᠎ᠠ ᠵᠢᠨ ᠰᠡᠭᠦᠯᠴᠢ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠬᠢᠨᠠᠨ ᠬᠠᠮᠢᠶᠠᠷᠴᠤ ᠪᠠᠢ᠌ᠭ᠎ᠠ ᠲᠤᠰᠠᠭ᠋ᠠᠷ ᠲᠣᠭ᠋ᠠᠴᠠᠭ᠎ᠠ ᠬᠢᠬᠦ ᠳᠠᠭ᠋ᠠᠯᠲᠠ ᠠᠵᠤ ᠠᠬᠤᠶ᠋ᠢᠯᠠᠯ᠎ᠤᠨ ᠠᠯᠳᠠᠭᠳᠠᠯ᠎ᠤᠨ ᠬᠡᠪᠴᠢᠶ᠎ᠡ 21.4%᠎ᠳᠤ ᠬᠦᠷᠴᠦ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 9.9 ᠵᠠᠭᠤᠨ᠎ᠤ ᠴᠡᠭ ᠵᠶ᠋ᠡᠷ ᠪᠠᠭᠤᠷᠠᠪᠠ; ᠳ᠋ᠦᠩᠰᠢᠭᠤᠷ ᠲᠥᠭᠦᠷᠢᠭ᠎ᠠᠴᠠ ᠳᠡᠭᠡᠭᠰᠢᠬᠢ ᠠᠯᠳᠠᠭᠳᠠᠯ᠎ᠲᠠᠢ 11 ᠳᠠᠭ᠋ᠠᠯᠲᠠ ᠠᠵᠤ ᠠᠬᠤᠶ᠋ᠢᠯᠠᠯ᠎ᠤᠨ 3᠎ᠨᠢ ᠠᠰᠢᠭ ᠣᠯᠵᠠᠪᠤᠷᠢ᠎ᠲᠠᠢ ᠪᠣᠯᠵᠤ᠂ 4᠎ᠨᠢ ᠠᠯᠳᠠᠭᠳᠠᠯ ᠵᠶ᠋ᠠᠨ ᠪᠠᠭ᠋ᠠᠰᠬᠠᠭ᠋ᠠᠳ᠂ ᠨᠡᠶ᠋ᠢᠲᠡ 2.4 ᠳ᠋ᠦᠩᠰᠢᠭᠤᠷ ᠲᠥᠭᠦᠷᠢᠭ ᠠᠯᠳᠠᠭᠳᠠᠯ ᠵᠶ᠋ᠠᠨ ᠪᠠᠭ᠋ᠠᠰᠬᠠᠪᠠ᠃

     ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢᠲᠠᠨ᠎ᠤ ᠪᠠᠶ᠋ᠢᠭᠤᠯᠤᠯ ᠲᠣᠭᠲᠠᠴᠠ ᠵᠢ ᠨᠢᠭᠡ ᠴᠣᠭᠴᠠᠵᠢᠭᠤᠯᠤᠨ ᠥᠭᠡᠷᠡᠴᠢᠯᠡᠬᠦ ᠵᠢ ᠭᠦᠨᠵᠡᠭᠡᠢ᠌ᠷᠡᠭᠦᠯᠵᠦ ᠰᠢᠨ᠎ᠡ ᠡᠭᠦᠳᠦᠯᠲᠡ ᠵᠢᠨ ᠲᠣᠭᠲᠠᠯᠴᠠᠭ᠋ᠠᠨ᠎ᠤ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠪᠡ

      11 ᠳ᠋ᠦ᠍ᠭᠡᠷ ᠰᠠᠷ᠎ᠠ ᠵᠢᠨ 7᠎ᠤ ᠡᠳᠦᠷ᠎ᠤᠨ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ ᠥᠪᠥᠷ ᠮᠣᠩᠭᠤᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠬᠦᠴᠦᠯᠡᠨ ᠠᠬᠢᠭᠤᠯᠤᠶ᠎ᠠ》 ᠭᠤᠤᠯ ᠰᠡᠳᠦᠪᠲᠦ ᠰᠢᠷᠢᠰ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠤᠨ — 《ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢᠲᠠᠨ᠎ᠤ ᠪᠠᠶ᠋ᠢᠭᠤᠯᠤᠯ ᠲᠣᠭᠲᠠᠴᠠ ᠵᠢ ᠨᠢᠭᠡ ᠴᠣᠭᠴᠠᠵᠢᠭᠤᠯᠤᠨ ᠥᠭᠡᠷᠡᠴᠢᠯᠡᠬᠦ ᠵᠢ ᠭᠦᠨᠵᠡᠭᠡᠢ᠌ᠷᠡᠭᠦᠯᠵᠦ ᠰᠢᠨ᠎ᠡ ᠡᠭᠦᠳᠦᠯᠲᠡ ᠵᠢᠨ ᠲᠣᠭᠲᠠᠯᠴᠠᠭ᠋ᠠᠨ᠎ᠤ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠦᠶ᠎ᠡ》 ᠭᠡᠬᠦ ᠲᠤᠰᠬᠠᠶ ᠲᠠᠯᠠᠪᠤᠷ᠎ᠤᠨ ᠬᠤᠷᠠᠯ᠎ᠢ ᠬᠤᠷᠠᠯᠳᠤᠭᠤᠯᠵᠤ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠵᠡᠷᠭᠡ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠳ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠯᠪᠣᠭᠳᠠᠯ ᠪᠥᠬᠦᠶ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠵᠢ ᠲᠠᠨᠢᠯᠴᠠᠭᠤᠯᠪᠠ᠃

      ᠴᠢᠳᠠᠪᠤᠷᠢᠲᠠᠨ᠎ᠤ ᠬᠥᠭᠵᠢᠯᠲᠡ ᠵᠢᠨ ᠪᠠᠢ᠌ᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠬᠦ ᠵᠢᠨ ᠲᠣᠭᠤᠷᠢᠨ᠎ᠳᠤ᠂ ᠥᠪᠥᠷ ᠮᠣᠩᠭᠤᠯ ᠴᠢᠳᠠᠪᠤᠷᠢᠲᠠᠨ᠎ᠢ ᠬᠥᠮᠦᠵᠢᠭᠦᠯᠬᠦ᠂ ᠲᠥᠪᠯᠡᠷᠡᠭᠦᠯᠬᠦ᠂ ᠦᠨᠡᠯᠡᠬᠦ᠂ ᠪᠠᠲᠤᠯᠠᠬᠤ ᠵᠡᠷᠭᠡ ᠵᠠᠩᠭᠢᠯᠠᠭ᠎ᠠ ᠵᠢᠨ ᠭᠣᠭᠴᠣᠭ᠋ᠠᠨ᠎ᠳᠤ ᠠᠩᠬᠠᠷᠤᠯ ᠵᠶ᠋ᠠᠨ ᠲᠥᠪᠯᠡᠷᠡᠭᠦᠯᠦᠨ ᠲᠥᠷᠥ ᠵᠢᠨ ᠪᠣᠳᠣᠯᠭ᠎ᠠ ᠵᠢ ᠣᠨᠣᠴᠠᠲᠠᠢ ᠬᠡᠷᠡᠭᠵᠢᠭᠦᠯᠪᠡ᠃ ᠴᠢᠳᠠᠪᠤᠷᠢᠲᠠᠨ᠎ᠤ ᠦᠢ᠍ᠯᠡᠴᠢᠯᠡᠭᠡ ᠪᠠᠲᠤᠯᠠᠭ᠎ᠠ ᠵᠢᠨ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠰᠢᠯᠢᠳᠡᠭᠵᠢᠭᠦᠯᠦᠨ ᠪᠣᠳᠠᠲᠠᠶ᠋ᠢᠵᠢᠭᠤᠯᠵᠤ᠂ ᠣᠷᠣᠭᠤᠯᠤᠨ ᠠᠪᠴᠢᠷᠠᠬᠤ᠂ ᠬᠥᠮᠦᠵᠢᠭᠦᠯᠬᠦ᠂ ᠣᠯᠭᠤᠮᠵᠢ ᠵᠢᠨ ᠪᠠᠲᠤᠯᠠᠭ᠎ᠠ 《ᠭᠤᠷᠪᠠ ᠵᠢ ᠨᠢᠭᠡᠳᠬᠡᠬᠦ》 ᠵᠢ ᠪᠡᠶᠡᠯᠡᠭᠦᠯᠦᠭᠰᠡᠨ᠎ᠤ ᠬᠠᠮᠲᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠠᠷᠤᠳᠠᠯ᠎ᠤᠨ ᠬᠠᠮᠢᠶᠠᠷᠤᠯᠲᠠ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠲᠦᠷᠢᠮ᠎ᠢ ᠲᠡᠭᠦᠯᠳᠡᠷᠵᠢᠭᠦᠯᠬᠦ᠂ ᠠᠵᠤ ᠦᠢ᠍ᠯᠡᠰ ᠪᠠ ᠰᠤᠷᠭ᠋ᠠᠨ ᠬᠥᠮᠦᠵᠢᠯ ᠴᠢᠳᠠᠪᠤᠷᠢᠲᠠᠨ᠎ᠢ ᠠᠭᠤᠰᠤᠯᠴᠠᠭᠤᠯᠤᠨ ᠬᠥᠭᠵᠢᠭᠦᠯᠬᠦ ᠵᠢ ᠠᠬᠢᠭᠤᠯᠬᠤ ᠵᠡᠷᠭᠡ 17 ᠵᠦᠢ᠍ᠯ᠎ᠤᠨ ᠭᠤᠤᠯᠳᠠᠯᠭ᠎ᠠ ᠪᠣᠯᠬᠤ ᠥᠭᠡᠷᠡᠴᠢᠯᠡᠯᠲᠡ ᠵᠢᠨ ᠡᠭᠦᠷᠭᠡ ᠵᠢᠨ ᠲᠣᠭᠤᠷᠢᠨ᠎ᠳᠤ᠂ ᠬᠠᠮᠢᠶ᠎ᠠ ᠪᠥᠬᠦᠶ ᠭᠠᠵᠠᠷ ᠣᠷᠣᠨ ᠨᠢᠭᠡᠴᠢ᠎ᠨᠦᠭᠦᠳ᠎ᠤᠨ ᠤᠷᠢᠳ ᠵᠶ᠋ᠠᠷ ᠬᠡᠷᠡᠭᠵᠢᠭᠦᠯᠵᠦ ᠤᠷᠢᠳ ᠵᠶ᠋ᠠᠷ ᠲᠤᠷᠰᠢᠬᠤ᠂ ᠤᠷᠢᠳᠴᠢᠯᠠᠨ ᠰᠦᠪᠡᠭᠴᠢᠯᠡᠬᠦ ᠵᠢ ᠠᠬᠢᠭᠤᠯᠪᠠ᠃ ᠡᠭᠦᠨ᠎ᠠᠴᠠ ᠭᠠᠳᠠᠨ᠎ᠠ᠂ ᠨᠢᠭᠡ ᠪᠦᠯᠦᠭ ᠳᠡᠭᠡᠳᠦ ᠲᠠᠰ ᠳᠠᠪᠬᠤᠷᠭ᠎ᠠ ᠵᠢᠨ ᠴᠢᠳᠠᠪᠤᠷᠢᠲᠠᠨ ᠵᠢᠴᠢ ᠪᠦᠯᠬᠦᠮ ᠨᠡᠶ᠋ᠢᠲᠡ ᠵᠢ ᠬᠥᠲᠥᠯᠦᠨ ᠬᠥᠮᠦᠵᠢᠭᠦᠯᠵᠦ᠂ ᠴᠢᠳᠠᠪᠤᠷᠢᠲᠠᠨ᠎ᠤ ᠦᠢ᠍ᠯᠡᠴᠢᠯᠡᠭᠡᠨ᠎ᠤ 《ᠨᠢᠭᠡ ᠺᠣᠳ᠋ ᠵᠶ᠋ᠠᠷ ᠨᠡᠪᠲᠡᠷᠡᠬᠦ》 ᠲᠣᠭᠲᠠᠯᠴᠠᠭ᠎ᠠ ᠵᠢ ᠪᠣᠶ ᠪᠣᠯᠭ᠋ᠠᠵᠤ᠂ ᠺᠣᠳ᠋ ᠣᠯᠭᠤᠭᠰᠠᠨ ᠳᠡᠭᠡᠳᠦ ᠲᠠᠰ ᠳᠠᠪᠬᠤᠷᠭ᠎ᠠ ᠵᠢᠨ ᠴᠢᠳᠠᠪᠤᠷᠢᠲᠠᠨ᠎ᠤ ᠦᠷ᠎ᠡ ᠬᠡᠤᠬᠡᠳ᠎ᠨᠢ ᠰᠤᠷᠭ᠋ᠠᠭᠤᠯᠢ᠎ᠳᠤ ᠰᠣᠷᠣᠯᠴᠠᠬᠤ᠂ ᠡᠮᠴᠢᠯᠡᠭᠡ ᠡᠷᠡᠭᠦᠯᠵᠢᠯ ᠵᠡᠷᠭᠡ ᠲᠠᠯ᠎ᠠ᠎ᠪᠠᠷ ᠬᠦᠨᠳᠦᠳᠬᠡᠬᠦ ᠪᠠ ᠳᠥᠭᠥᠮᠯᠡᠬᠦ ᠦᠢ᠍ᠯᠡᠴᠢᠯᠡᠭᠡ ᠬᠠᠩᠭ᠋ᠠᠨ᠎ᠠ᠃

      ᠥᠪᠥᠷ ᠮᠣᠩᠭᠤᠯ ᠴᠢᠳᠠᠪᠤᠷᠢᠲᠠᠨ᠎ᠢ ᠦᠨᠡᠯᠡᠬᠦ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠰᠢᠯᠢᠳᠡᠭ᠂ ᠳᠠᠯᠳᠠ ᠬᠦᠴᠦᠨ ᠪᠦᠬᠦᠢ ᠨᠡᠩ ᠣᠯᠠᠨ ᠴᠢᠳᠠᠪᠤᠷᠢᠲᠠᠨ᠎ᠢ ᠦᠢ᠍ᠯᠡᠴᠢᠯᠡᠭᠡᠨ᠎ᠤ ᠪᠠᠲᠤᠯᠠᠭ᠎ᠠ ᠪᠠ ᠭᠤᠣᠯᠳᠠᠯᠭ᠎ᠠ᠎ᠲᠠᠢ ᠳᠡᠮᠵᠢᠬᠦ ᠬᠡᠪᠴᠢᠶᠡᠨ᠎ᠳᠤ ᠣᠷᠣᠭᠤᠯᠪᠠ᠂ ᠡᠨᠡ ᠵᠢᠯ᠎ᠠᠴᠠ ᠡᠬᠢᠯᠡᠨ᠂ ᠥᠪᠥᠷ ᠮᠣᠩᠭᠤᠯ ᠣᠷᠣᠭᠤᠯᠤᠨ ᠠᠪᠴᠢᠷᠠᠭᠰᠠᠨ ᠳᠡᠭᠡᠳᠦ ᠲᠡᠰ᠎ᠤᠨ ᠴᠢᠳᠠᠪᠤᠷᠢᠲᠠᠨ᠎ᠢ 《ᠬᠠᠮ ᠬᠦᠴᠦᠨ ᠵᠦᠢ᠍ᠯ᠎ᠲᠠᠢ ᠲᠠᠲᠠᠨ ᠠᠪᠴᠢᠷᠠᠬᠤ》 ᠪᠤᠶᠤ ᠲᠤᠰ ᠭᠠᠵᠠᠷ᠎ᠲᠤ ᠨᠠᠢ᠌ᠳᠠᠨ ᠪᠦᠯᠬᠦᠮ ᠵᠣᠬᠢᠶᠠᠨ ᠪᠠᠢ᠌ᠭᠤᠯᠬᠤ ᠵᠢ᠎ᠨᠢ ᠳᠡᠮᠵᠢᠨ᠎ᠡ᠃ ᠵᠢᠯ ᠪᠦᠷᠢ ᠲᠤᠰ ᠭᠠᠵᠠᠷ ᠣᠷᠣᠨ᠎ᠤ ᠨᠢᠭᠡ᠎ᠠᠴᠠ ᠵᠢᠷᠭᠤᠳᠤᠭ᠋ᠠᠷ ᠲᠥᠷᠥᠯ᠎ᠤᠨ ᠴᠢᠳᠠᠪᠤᠷᠢᠲᠠᠨ ᠵᠶ᠋ᠠᠷ ᠲᠡᠷᠢᠭᠦᠯᠡᠭᠰᠡᠨ 50 ᠨᠡᠷᠡᠰ ᠣᠷᠴᠢᠮ᠎ᠤᠨ ᠪᠦᠯᠬᠦᠮ ᠨᠡᠶ᠋ᠢᠲᠡ ᠵᠢ ᠰᠣᠩᠭᠤᠨ ᠬᠥᠮᠥᠵᠢᠭᠦᠯᠵᠦ᠂ ᠵᠣᠬᠢᠬᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠠᠷᠤᠳᠠᠯ᠎ᠤᠨ ᠳᠡᠮᠵᠢᠯᠭᠡ ᠦᠵᠡᠭᠦᠯᠬᠦ ᠵᠢᠨ ᠬᠠᠮᠲᠤ᠂ ᠬᠥᠮᠦᠨ ᠬᠡᠷᠡᠭᠯᠡᠬᠦ ᠨᠢᠭᠡᠴᠢ ᠪᠣᠯᠤᠨ ᠴᠢᠳᠠᠪᠤᠷᠢᠲᠠᠨ᠎ᠳᠤ ᠤᠯᠠᠮ ᠨᠢᠭᠡ ᠠᠯᠬᠤᠮ ᠡᠷᠬᠡ ᠣᠯᠭᠣᠨ ᠴᠢᠯᠦᠭᠡᠲᠡᠢ ᠪᠠᠢ᠌ᠯᠭ᠋ᠠᠨ᠎ᠠ᠃

      ᠥᠪᠥᠷ ᠮᠣᠩᠭᠣᠯ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠭᠣᠣᠯ ᠴᠣᠭᠴᠠ ᠪᠣᠯᠬᠤ ᠪᠠᠢ᠌ᠷᠢ ᠰᠠᠭᠤᠷᠢ ᠵᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠠᠵᠤ ᠠᠬᠤᠢ᠌ᠯᠠᠯ᠎ᠤᠨ ᠰᠢᠨ᠎ᠡ ᠡᠭᠦᠳᠦᠯᠲᠡ ᠵᠢᠨ ᠬᠣᠯᠪᠣᠭ᠋ᠠᠲᠤ ᠴᠣᠭᠴᠠ ᠪᠠᠢ᠌ᠭᠤᠯᠬᠤ ᠵᠢ᠎ᠨᠢ ᠳᠡᠮᠵᠢᠨ᠎ᠡ᠃ ᠠᠵᠤ ᠠᠬᠤᠶ᠋ᠢᠯᠠᠯ᠎ᠤᠨ ᠰᠤᠳᠤᠯᠤᠨ ᠨᠡᠭᠡᠭᠡᠬᠦ ᠪᠡᠯᠡᠳᠬᠡᠯ ᠮᠥᠩᠭᠥᠨ᠎ᠤ ᠳᠦᠷᠢᠮ ᠪᠠᠶ᠋ᠢᠭᠤᠯᠬᠤ ᠵᠢ ᠠᠬᠢᠭᠤᠯᠵᠤ᠂ ᠲᠥᠷᠥᠯ ᠬᠤᠪᠢᠶᠠᠨ ᠱᠠᠩᠨᠠᠵᠤ ᠨᠥᠬᠦᠪᠦᠷᠢᠯᠡᠬᠦ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠵᠦ ᠪᠠᠢ᠌ᠭ᠋ᠠᠳ ᠠᠵᠤ ᠠᠬᠤᠶ᠋ᠢᠯᠠᠯ᠎ᠤᠨ᠎ᠬᠢᠨ᠎ᠤ ᠰᠤᠳᠤᠯᠤᠨ ᠨᠡᠭᠡᠭᠡᠬᠦ ᠣᠷᠣᠭᠤᠯᠤᠯᠲᠠ᠎ᠪᠠᠨ ᠨᠡᠮᠡᠭᠳᠡᠭᠦᠯᠬᠦ ᠵᠢ᠎ᠨᠢ ᠵᠣᠷᠢᠭᠵᠢᠭᠤᠯᠤᠨ᠎ᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠶ᠋ᠢᠯᠠᠯ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠠᠵᠤ ᠠᠬᠤᠶ᠋ᠢᠯᠠᠯ᠎ᠤᠨ ᠱᠠᠲᠤᠯᠠᠨ ᠪᠣᠢ᠌ᠵᠢᠬᠤ ᠲᠣᠭᠲᠠᠴᠠ ᠵᠢ ᠪᠦᠷᠢᠨᠰᠢᠭᠦᠯᠦᠨ᠎ᠡ᠃ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠳ᠎ᠤᠨ ᠵᠠᠬ᠎ᠠ ᠳᠡᠯᠭᠡᠭᠦᠷᠴᠢᠯᠡᠭᠰᠡᠨ ᠠᠯᠤᠰ ᠢᠷᠡᠭᠡᠳᠦᠶ᠎ᠲᠠᠢ ᠲᠤᠰᠬᠠᠶ ᠠᠰᠢᠭ᠎ᠤᠨ ᠮᠡᠷᠭᠡᠵᠢᠯ ᠰᠢᠯᠢᠨ ᠰᠣᠩᠭᠣᠬᠤ ᠵᠢ᠎ᠨᠢ ᠵᠣᠷᠢᠭᠵᠢᠭᠤᠯᠵᠤ᠂ ᠲᠤᠰᠬᠠᠶ ᠠᠰᠢᠭ᠎ᠤᠨ ᠨᠡᠭᠡᠭᠡᠯᠲᠡ ᠬᠢᠬᠦ ᠵᠥᠪᠰᠢᠶᠡᠷᠡᠯ᠂ ᠤᠷᠢᠳ ᠵᠶ᠋ᠠᠷ ᠬᠡᠷᠡᠭᠯᠡᠵᠦ ᠳᠠᠷᠠᠭ᠎ᠠ᠎ᠨᠢ ᠰᠦᠢ᠍ᠳᠬᠡᠯ ᠲᠤᠰᠢᠶᠠᠬᠤ ᠵᠡᠷᠭᠡ ᠠᠷᠭ᠎ᠠ ᠮᠠᠶᠢᠭ ᠵᠶ᠋ᠠᠷ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠦᠨ ᠬᠥᠭᠵᠢᠬᠦ ᠵᠢ᠎ᠨᠢ ᠳᠡᠮᠵᠢᠨ᠎ᠡ᠃

      ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠠᠯ᠎ᠠ᠎ᠪᠠᠷ᠂ ᠥᠪᠥᠷ ᠮᠣᠩᠭᠤᠯ ᠲᠡᠷᠢᠭᠦᠨ᠎ᠤ ᠬᠢᠴᠢᠶᠡᠯ ᠲᠥᠷᠥᠯ᠎ᠤᠨ ᠰᠢᠯᠢᠳᠡᠭ᠎ᠢ ᠪᠣᠢ ᠪᠣᠯᠭ᠋ᠠᠬᠤ ᠠᠵᠢᠯᠯᠠᠭ᠋ᠠᠨ᠎ᠢ ᠬᠡᠷᠡᠭᠵᠢᠭᠦᠯᠵᠦ᠂ ᠡᠪᠡᠰᠦᠨ᠎ᠤ ᠤᠬᠠᠭ᠋ᠠᠨ᠂ ᠠᠮᠢ ᠠᠬᠤᠶ ᠵᠢᠨ ᠤᠬᠠᠭ᠋ᠠᠨ᠂ ᠢᠳᠡᠭᠡᠨ᠎ᠤ ᠵᠦᠢ᠍ᠯ᠎ᠤᠨ ᠰᠢᠨᠵᠢᠯᠡᠬᠦ ᠤᠬᠠᠭ᠋ᠠᠨ ᠬᠢᠭᠡᠳ ᠢᠨᠵᠧᠨᠧᠷᠢᠩ᠂ ᠤᠭᠰᠠᠭ᠋ᠠᠲᠠᠨ᠎ᠤ ᠵᠦᠢ ᠵᠡᠷᠭᠡ ᠳᠠᠪᠠᠭᠤᠯᠢᠭ ᠤᠨᠴᠠᠯᠢᠭᠳᠤ ᠰᠢᠨᠵᠢᠯᠡᠭᠡᠨ᠎ᠤ ᠰᠠᠯᠠᠭ᠎ᠠ ᠵᠢ ᠭᠤᠤᠯᠳᠠᠯᠭ᠎ᠠ᠎ᠲᠠᠢ ᠪᠣᠢ ᠪᠣᠯᠭ᠋ᠠᠵᠤ ᠪᠠᠢ᠌ᠭ᠋ᠠᠳ ᠤᠯᠤᠰ᠎ᠤᠨ ᠲᠡᠷᠢᠭᠦᠨ᠎ᠤ ᠰᠢᠨᠵᠢᠯᠡᠭᠡᠨ᠎ᠤ ᠰᠠᠯᠠᠭ᠎ᠠ ᠲᠡᠢ᠌ᠰᠢ ᠲᠡᠮᠡᠦᠯᠦᠭᠦᠯᠦᠨ᠎ᠡ᠃ ᠰᠦ ᠰᠠᠭ᠋ᠠᠯᠢ ᠵᠢᠨ ᠦᠢ᠍ᠯᠡᠰ᠂ ᠬᠤᠪᠣᠷ ᠰᠢᠷᠣᠢ᠂ ᠡᠨᠧᠷᠭᠢ ᠵᠡᠷᠭᠡ ᠬᠦᠷᠢᠶᠡᠨ᠎ᠤ ᠲᠣᠭᠤᠷᠢᠨ᠎ᠳᠤ ᠥᠪᠥᠷ ᠮᠣᠩᠭᠤᠯ᠎ᠤᠨ ᠳᠡᠭᠡᠳᠦ ᠵᠡᠷᠭᠡ ᠵᠢᠨ ᠰᠤᠳᠤᠯᠭ᠋ᠠᠨ᠎ᠤ ᠬᠦᠷᠢᠶᠡᠯᠡᠩ᠎ᠢ ᠵᠣᠬᠢᠶᠠᠨ ᠪᠠᠶ᠋ᠢᠭᠤᠯᠵᠤ᠂ ᠴᠢᠳᠠᠪᠤᠷᠢᠲᠠᠨ᠎ᠢ ᠬᠥᠮᠥᠵᠢᠭᠦᠯᠬᠦ᠂ ᠵᠠᠩᠭᠢᠯᠠᠭ᠎ᠠ ᠵᠢᠨ ᠭᠤᠣᠯᠯᠠᠬᠤ ᠮᠡᠷᠭᠡᠵᠢᠯ᠎ᠤᠨ ᠪᠣᠭᠤᠮᠲᠠ ᠰᠢᠪᠲᠤᠯᠬᠤ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠤᠨ ᠬᠡᠷᠡᠭᠯᠡᠬᠦ ᠵᠢ ᠬᠠᠮᠵᠢᠯᠴᠠᠨ ᠠᠬᠢᠭᠤᠯᠤᠨ᠎ᠠ᠃ ᠪᠠᠰᠠ ᠥᠪᠡᠷᠲᠡᠭᠡᠨ ᠵᠠᠰᠠᠬᠤ ᠣᠷᠣᠨ᠎ᠤ ᠶᠡᠭᠡ ᠳᠡᠭᠡᠳᠦ ᠰᠤᠷᠭ᠋ᠠᠭᠤᠯᠢ ᠪᠣᠯᠤᠨ ᠪᠡᠭᠡᠵᠢᠩ ᠲᠢᠶᠠᠨᠵᠢᠨ ᠾᠧᠪᠸᠢ ᠵᠢᠨ ᠶᠡᠭᠡ ᠳᠡᠭᠡᠳᠦ ᠰᠤᠷᠭ᠋ᠠᠭᠤᠯᠢ ᠵᠢᠨ ᠰᠤᠷᠤᠭᠴᠢᠳ᠎ᠢ ᠬᠤᠯᠪᠣᠭ᠋ᠠᠯᠠᠨ ᠬᠥᠮᠦᠵᠢᠭᠦᠯᠬᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠠᠯ᠎ᠠ᠎ᠪᠠᠷ ᠬᠤᠯᠪᠣᠭ᠋ᠠᠯᠠᠨ ᠰᠢᠨ᠎ᠡ ᠵᠢ ᠡᠭᠦᠳᠬᠦ᠂ ᠲᠠᠪᠴᠠᠩ᠎ᠢ ᠬᠤᠯᠪᠣᠭ᠋ᠠᠯᠠᠨ ᠬᠠᠮᠲᠤ᠎ᠪᠠᠷ ᠪᠠᠶ᠋ᠢᠭᠤᠯᠬᠤ ᠵᠡᠷᠭᠡ ᠲᠠᠯ᠎ᠠ᠎ᠪᠠᠷ ᠠᠬᠢᠭᠤᠯᠵᠤ ᠪᠠᠢ᠌ᠭ᠋ᠠᠳ ᠳᠠᠪᠠᠭᠤᠯᠢᠭ ᠲᠠᠯ᠎ᠠ᠎ᠪᠠᠨ ᠬᠠᠷᠢᠯᠴᠠᠨ ᠨᠥᠬᠦᠪᠥᠷᠢᠯᠡᠬᠦ ᠪᠠ ᠡᠬᠢ ᠪᠠᠶᠠᠯᠢᠭ᠎ᠢ ᠬᠠᠮᠲᠤ ᠬᠦᠷᠲᠡᠬᠦ ᠠᠵᠢᠯ᠎ᠢ ᠰᠠᠶ᠋ᠢᠲᠤᠷ ᠬᠢᠨ᠎ᠡ᠃

      ᠡᠭᠦᠨ᠎ᠤ ᠬᠠᠮᠲᠤ᠂ ᠵᠢᠯ ᠪᠦᠷᠢ ᠶᠡᠭᠡ ᠳᠡᠭᠡᠳᠦ ᠰᠤᠷᠭ᠋ᠠᠭᠤᠯᠢ᠎ᠠᠴᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 100 ᠣᠷᠴᠢᠮ᠎ᠤᠨ ᠰᠢᠯᠢᠳᠡᠭ ᠵᠠᠯᠠᠭᠤ ᠴᠢᠳᠠᠪᠤᠷᠢᠲᠠᠨ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 30 ᠣᠷᠴᠢᠮ ᠳᠠᠭ᠋ᠠᠭᠤᠯᠤᠭᠴᠢ ᠵᠠᠯᠠᠭᠤ ᠴᠢᠳᠠᠪᠤᠷᠢᠲᠠᠨ᠎ᠤ ᠰᠢᠨ᠎ᠡ ᠡᠭᠦᠳᠦᠯᠲᠡ ᠵᠢᠨ ᠪᠦᠯᠬᠦᠮ ᠨᠡᠢ᠌ᠲᠡ ᠵᠢ ᠰᠢᠯᠢᠨ ᠰᠣᠩᠭᠤᠵᠤ᠂ ᠭᠤᠣᠯᠳᠠᠭᠤ 35 ᠪᠦᠬᠦᠯᠢ ᠨᠠᠰᠤᠨ᠎ᠠᠴᠠ ᠳᠣᠷᠣᠭᠰᠢᠬᠢ ᠵᠠᠯᠠᠭᠤ ᠴᠢᠳᠠᠪᠤᠷᠢᠲᠠᠨ ᠪᠠ 40 ᠨᠠᠰᠤᠨ᠎ᠠᠴᠠ ᠳᠣᠷᠣᠭᠰᠢᠬᠢ ᠳᠠᠭ᠋ᠠᠭᠤᠯᠤᠭᠴᠢ ᠴᠢᠳᠠᠪᠤᠷᠢᠲᠠᠨ᠎ᠤ ᠪᠦᠯᠬᠦᠮ ᠨᠡᠶ᠋ᠢᠲᠡ ᠲᠡᠶ᠋ᠢᠰᠢ ᠳᠡᠮᠵᠢᠯᠭᠡ ᠦᠵᠡᠭᠦᠯᠵᠦ᠂ ᠨᠢᠭᠡ ᠪᠦᠯᠦᠭ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭ᠋ᠠᠭᠤᠯᠤᠭᠴᠢ ᠵᠠᠯᠠᠭᠤ ᠴᠢᠳᠠᠪᠤᠷᠢᠲᠠᠨ ᠪᠠ ᠥᠨᠳᠥᠷ ᠬᠢᠷᠢ ᠲᠦᠪᠰᠢᠨ᠎ᠲᠠᠢ ᠪᠠᠭᠰᠢ ᠨᠠᠷ᠎ᠢ ᠬᠥᠮᠥᠵᠢᠭᠦᠯᠦᠨ᠎ᠡ᠃


 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ