11 ᠳ᠋ᠦ᠍ᠭᠡᠷ ᠰᠠᠷ᠎ᠠ ᠵᠢᠨ 20᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢ᠌ᠷᠡᠭᠦᠯᠵᠦ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠬᠦᠴᠦᠯᠡᠨ ᠠᠬᠢᠭᠤᠯᠤᠶ᠎ᠠ》 ᠭᠡᠰᠡᠨ ᠰᠢᠷᠢᠰ ᠭᠣᠣᠯ ᠰᠡᠳᠦᠪᠲᠦ ᠰᠣᠨᠢᠨ ᠮᠡᠳᠡᠭᠡ ᠨᠡᠢ᠌ᠲᠡᠯᠡᠬᠦ – – 《ᠨᠡᠢ᠌ᠭᠡᠮ᠎ᠤᠨ ᠵᠠᠰᠠᠯᠲᠠ ᠵᠢᠨ ᠪᠠᠢ᠌ᠭᠤᠯᠤᠯ ᠲᠣᠭᠲᠠᠴᠠ᠎ᠳᠤ ᠰᠢᠨ᠎ᠡ ᠵᠢ ᠡᠭᠦᠳᠴᠦ ᠨᠡᠢ᠌ᠭᠡᠮ᠎ᠤᠨ ᠵᠠᠰᠠᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠶ᠎ᠡ》 ᠭᠡᠬᠦ ᠲᠤᠰᠬᠠᠢ ᠲᠠᠯᠠᠪᠤᠷ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠡᠢ᠌ᠭᠡᠮ᠎ᠤᠨ ᠠᠵᠢᠯ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠠᠢ᠌ᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ᠂ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ ᠪᠠ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ ᠵᠡᠷᠭᠡ ᠰᠠᠯᠠᠭ᠎ᠠ ᠮᠥᠴᠢᠷ᠎ᠤᠨ ᠭᠣᠣᠯ ᠬᠠᠷᠢᠭᠤᠴᠠᠯᠭ᠋ᠠᠲᠠᠨ ᠨᠥᠬᠥᠳ᠎ᠢ ᠤᠷᠢᠵᠤ᠂ ᠥᠭᠡᠷᠡᠴᠢᠯᠡᠯᠲᠡ ᠵᠢ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠢ᠌ᠷᠡᠭᠦᠯᠵᠦ ᠪᠠᠢ᠌ᠭ᠎ᠠ ᠬᠣᠯᠪᠣᠭᠳᠠᠯ ᠪᠦᠬᠦᠢ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠵᠢ ᠲᠠᠨᠢᠯᠴᠠᠭᠤᠯᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠡᠢ᠌ᠭᠡᠮ᠎ᠤᠨ ᠠᠵᠢᠯ᠎ᠤᠨ ᠬᠡᠯᠲᠡᠰ
《ᠳᠠᠷᠤᠭ᠋ᠠᠰᠤ ᠵᠢ᠎ᠨᠢ ᠬᠥᠩᠭᠡᠯᠡᠨ ᠴᠢᠳᠠᠮᠵᠢ ᠣᠯᠭᠣᠬᠤ》᠎ᠳᠤ ᠠᠩᠬᠠᠷᠤᠯ ᠵᠶ᠋ᠠᠨ ᠲᠥᠪᠯᠡᠷᠡᠭᠦᠯᠵᠦ
《ᠮᠣᠷᠢ ᠳᠣᠷᠪᠢᠲᠠᠢ ᠠᠴᠢᠶ᠎ᠠ ᠬᠥᠩᠭᠡᠨ》 ᠪᠠᠢ᠌ᠬᠤ ᠵᠢ ᠠᠬᠢᠭᠤᠯᠪᠠ
ᠦ᠋ ᡁᠢ ᠴᠢᠶᠠᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠡᠢ᠌ᠭᠡᠮ᠎ᠤᠨ ᠠᠵᠢᠯ᠎ᠤᠨ ᠬᠡᠯᠲᠡᠰ᠎ᠤᠨ ᠬᠡᠯᠲᠡᠰ᠎ᠤᠨ ᠳᠠᠷᠤᠭ᠎ᠠ
ᠨᠠᠮ᠎ᠤᠨ ᠪᠠᠢ᠌ᠭᠤᠯᠤᠯᠲᠠ ᠵᠢ ᠴᠢᠩᠭ᠋ᠠᠳᠬᠠᠬᠤ᠎ᠪᠠᠷ ᠦᠨᠳᠦᠰᠦᠨ ᠱᠠᠲᠤᠨ᠎ᠤ ᠵᠠᠰᠠᠯᠲᠠ ᠵᠢ ᠬᠥᠲᠥᠯᠥᠨ ᠳᠠᠭ᠋ᠠᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠡᠢ᠌ᠭᠡᠮ᠎ᠤᠨ ᠠᠵᠢᠯ᠎ᠤᠨ ᠬᠡᠯᠲᠡᠰ᠎ᠠᠴᠠ ᠳᠠᠷᠠᠭ᠋ᠠᠬᠢ ᠲᠠᠪᠤᠨ ᠲᠠᠯ᠎ᠠ ᠵᠢᠨ ᠠᠵᠢᠯ᠎ᠢ ᠭᠣᠣᠯᠳᠠᠯᠭ᠎ᠠ᠎ᠲᠠᠢ ᠰᠠᠢ᠌ᠲᠤᠷ ᠬᠢᠵᠦ ᠪᠠᠢ᠌ᠨ᠎ᠠ᠃
ᠨᠢᠭᠡ᠎ᠳᠤ 《ᠲᠣᠭᠲᠠᠯᠴᠠᠭ᠎ᠠ ᠵᠢ ᠴᠣᠭᠴᠠᠯᠠᠨ ᠪᠠᠶ᠋ᠢᠭᠤᠯᠬᠤ》᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠦᠨᠳᠦᠰᠦᠨ ᠱᠠᠲᠤᠨ᠎ᠤ ᠰᠠᠭᠤᠷᠢ ᠵᠢ ᠪᠠᠲᠤᠳᠬᠠᠨ᠎ᠠ᠃ 《ᠣᠷᠣᠨ ᠪᠦᠰᠡ᠎ᠪᠠᠷ ᠰᠠᠯᠠᠭ᠎ᠠ ᠮᠥᠴᠢᠷ᠎ᠢ ᠨᠢᠭᠡᠳᠬᠡᠬᠦ》 ᠵᠢ ᠬᠦᠴᠦᠯᠡᠨ ᠴᠢᠩᠭ᠋ᠠᠳᠬᠠᠵᠤ᠂ ᠵᠡᠭᠡᠯᠢ ᠭᠤᠳᠤᠮᠵᠢ ᠨᠡᠢ᠌ᠭᠡᠮ ᠲᠣᠭᠣᠷᠢᠭ᠎ᠤᠨ ᠬᠠᠮᠲᠤᠷᠠᠭᠰᠠᠨ ᠨᠠᠮ (ᠠᠵᠢᠯᠲᠠᠨ)᠎ᠤᠨ ᠬᠣᠷᠢᠶᠠᠨ᠎ᠤ ᠪᠠᠢ᠌ᠭᠤᠯᠤᠯᠲᠠ ᠵᠢ ᠴᠢᠩᠭ᠋ᠠᠳᠬᠠᠵᠤ᠂ ᠵᠡᠭᠡᠯᠢ ᠭᠤᠳᠤᠮᠵᠢ ᠨᠡᠢ᠌ᠭᠡᠮ ᠲᠣᠭᠣᠷᠢᠭ᠎ᠤᠨ ᠨᠠᠮ᠎ᠤᠨ ᠪᠠᠢ᠌ᠭᠤᠯᠤᠯᠲᠠ᠂ ᠠᠵᠢᠯ ᠲᠦᠷᠦᠯ᠎ᠤᠨ ᠨᠠᠮ᠎ᠤᠨ ᠪᠠᠢ᠌ᠭᠤᠯᠤᠯᠲᠠ ᠪᠠ ᠨᠢᠭᠡᠴᠢ ᠵᠢᠨ ᠨᠠᠮ᠎ᠤᠨ ᠪᠠᠢ᠌ᠭᠤᠯᠤᠯᠲᠠ ᠵᠢ ᠣᠷᠣᠨ ᠪᠦᠰᠡᠴᠢᠯᠡᠭᠰᠡᠨ ᠨᠠᠮ᠎ᠤᠨ ᠪᠠᠢ᠌ᠭᠤᠯᠤᠯᠲᠠ᠎ᠲᠠᠢ ᠨᠢᠭᠡᠳᠦᠯᠲᠡᠢ ᠪᠠᠢ᠌ᠯᠭ᠋ᠠᠵᠤ᠂ ᠰᠢᠶᠠᠩ ᠪᠠᠯᠭ᠋ᠠᠰᠤ (ᠵᠡᠭᠡᠯᠢ ᠭᠤᠳᠤᠮᠵᠢ) ᠵᠢᠨ ᠨᠠᠮ᠎ᠤᠨ ᠪᠠᠢ᠌ᠭᠤᠯᠤᠯᠲᠠ ᠵᠢ ᠠᠳᠬᠤᠬᠤ᠂ ᠵᠠᠰᠠᠯᠲᠠ ᠵᠢ ᠠᠳᠬᠤᠬᠤ᠂ ᠦᠢ᠍ᠯᠡᠴᠢᠯᠡᠭᠡ ᠵᠢ ᠠᠳᠬᠤᠬᠤ᠎ᠳᠤ ᠠᠩᠬᠠᠷᠤᠯ ᠵᠶ᠋ᠠᠨ ᠲᠥᠪᠯᠡᠷᠡᠭᠦᠯᠬᠦ ᠭᠣᠣᠯ ᠬᠠᠷᠢᠭᠤᠴᠠᠯᠭ᠎ᠠ ᠭᠣᠣᠯ ᠠᠵᠢᠯ᠎ᠢ ᠠᠬᠢᠭᠤᠯᠤᠨ᠎ᠠ᠃
ᠬᠣᠶᠠᠷ᠎ᠲᠤ 《ᠳᠠᠷᠤᠭ᠋ᠠᠰᠤ ᠵᠢ᠎ᠨᠢ ᠬᠥᠩᠭᠡᠯᠡᠨ ᠴᠢᠳᠠᠮᠵᠢ ᠣᠯᠭᠣᠬᠤ》᠎ᠳᠤ ᠠᠩᠬᠠᠷᠤᠯ ᠵᠶ᠋ᠠᠨ ᠲᠥᠪᠯᠡᠷᠡᠭᠦᠯᠦᠨ᠂ 《ᠮᠣᠷᠢ ᠳᠣᠷᠪᠢᠲᠠᠢ ᠠᠴᠢᠶ᠎ᠠ ᠬᠥᠩᠭᠡᠨ》 ᠪᠠᠢ᠌ᠬᠤ ᠵᠢ ᠠᠬᠢᠭᠤᠯᠤᠨ᠎ᠠ᠃ ᠥᠨᠥ ᠵᠢᠯ᠎ᠠᠴᠠ ᠨᠠᠭ᠋ᠠᠰᠢ᠂ 《ᠴᠢᠳᠠᠯᠠᠴᠠᠨᠢ ᠬᠡᠲᠦᠷᠡᠭᠦᠯᠵᠦ ᠪᠠᠢ᠌ᠭ᠎ᠠ》 ᠲᠣᠪᠣᠢ᠌ᠮ᠎ᠠ ᠠᠰᠠᠭᠤᠳᠠᠯ᠎ᠤᠳ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠰᠢᠪᠲᠤᠯᠠᠯᠲᠠ ᠵᠢᠨ ᠠᠵᠢᠯᠯᠠᠭ᠎ᠠ ᠵᠢ ᠬᠦᠴᠦᠲᠡᠢ ᠥᠷᠨᠢᠭᠦᠯᠵᠦ᠂ ᠲᠣᠰᠬᠣᠨ (ᠨᠡᠢ᠌ᠭᠡᠮ ᠲᠣᠭᠣᠷᠢᠭ)᠎ᠤ ᠵᠣᠬᠢᠶᠠᠨ ᠪᠠᠢ᠌ᠭᠤᠯᠤᠯᠲᠠ ᠵᠢᠨ 《ᠭᠤᠷᠪᠠᠨ ᠵᠦᠢ᠍ᠯ᠎ᠤᠨ ᠵᠢᠷᠤᠮᠵᠢᠯ》᠎ᠢ ᠨᠢᠭᠡ ᠴᠣᠭᠴᠠᠵᠢᠭᠤᠯᠤᠨ ᠠᠬᠢᠭᠤᠯᠵᠤ᠂ ᠳᠡᠭᠡᠷ᠎ᠡ᠎ᠠᠴᠠ ᠳᠣᠷᠣᠭᠰᠢ᠎ᠪᠠᠨ ᠲᠣᠰᠬᠣᠨ᠎ᠤ ᠱᠠᠲᠤᠨ᠎ᠤ ᠵᠣᠬᠢᠶᠠᠨ ᠪᠠᠢ᠌ᠭᠤᠯᠤᠯᠲᠠ ᠵᠢᠨ ᠠᠵᠢᠯ᠎ᠤᠨ ᠬᠡᠷᠡᠭ ᠶᠠᠪᠤᠳᠠᠯ᠎ᠢ ᠬᠠᠤᠯᠢ ᠶᠣᠰᠣᠭ᠋ᠠᠷ ᠬᠠᠷᠢᠭᠤᠴᠠᠯᠭ᠎ᠠ ᠭᠦᠢ᠍ᠴᠡᠳᠬᠡᠬᠦ 51 ᠵᠦᠢ᠍ᠯ᠂ ᠬᠠᠤᠯᠢ ᠶᠣᠰᠣᠭ᠋ᠠᠷ ᠬᠠᠮᠵᠢᠯᠴᠠᠬᠤ 20 ᠵᠦᠢ᠍ᠯ ᠪᠣᠯᠭ᠋ᠠᠨ ᠲᠣᠳᠣᠷᠬᠠᠢ᠌ᠯᠠᠬᠤ ᠪᠠ ᠲᠣᠰᠬᠣᠨ᠎ᠤ ᠱᠠᠲᠤᠨ᠎ᠤ ᠵᠣᠬᠢᠶᠠᠨ ᠪᠠᠢ᠌ᠭᠤᠯᠤᠯᠲᠠ ᠵᠢᠨ ᠵᠢᠷᠤᠮᠵᠢᠯ᠎ᠢ 3 ᠲᠥᠷᠥᠯ ᠪᠣᠯᠭ᠋ᠠᠵᠤ᠂ ᠵᠢᠭᠰᠠᠭ᠋ᠠᠯ᠎ᠤᠨ ᠭᠠᠳᠠᠨᠠᠬᠢ ᠫᠠᠢ᠌ᠰᠠ ᠢᠯᠡᠷᠬᠡᠢ᠌ᠯᠡᠯ᠎ᠢ 6 ᠵᠦᠢ᠍ᠯ᠎ᠠᠴᠠ ᠢᠯᠡᠭᠦᠦ ᠪᠠᠢ᠌ᠯᠭ᠋ᠠᠬᠤ ᠦᠭᠡᠢ᠎ᠪᠠᠷ ᠴᠣᠮᠬᠠᠳᠬᠠᠨ ᠬᠠᠰᠤᠵᠤ᠂ ᠭᠡᠷᠡᠴᠢᠯᠡᠬᠦ ᠵᠦᠢ᠍ᠯᠡᠰ᠎ᠤᠨ ᠨᠠᠵᠠᠭ᠋ᠠᠢ ᠲᠠᠯ᠎ᠠ ᠵᠢᠨ ᠨᠠᠷᠢᠨ ᠲᠠᠩᠰᠠ ᠵᠢ 20 ᠵᠦᠢ᠍ᠯ᠂ ᠵᠥᠪ ᠲᠠᠯ᠎ᠠ ᠵᠢᠨ ᠨᠠᠷᠢᠨ ᠲᠠᠩᠰᠠ ᠵᠢ 8 ᠵᠦᠢ᠍ᠯ ᠵᠶ᠋ᠠᠷ ᠵᠢᠭᠰᠠᠭ᠋ᠠᠨ ᠭᠠᠷᠭ᠋ᠠᠬᠤ ᠵᠢᠨ ᠬᠠᠮᠲᠤ ᠵᠥᠪᠰᠢᠶᠡᠷᠡᠨ ᠣᠷᠣᠭᠤᠯᠬᠤ ᠳᠦᠷᠢᠮ᠎ᠢ ᠪᠠᠢ᠌ᠭᠤᠯᠤᠨ᠎ᠠ᠃
ᠭᠤᠷᠪᠠ᠎ᠳᠤ᠂ 《ᠡᠩᠨᠡᠭᠡ ᠵᠢ ᠬᠦᠴᠦᠷᠬᠡᠭᠵᠢᠭᠦᠯᠬᠦ》 ᠳᠡᠭᠡᠷ᠎ᠡ ᠠᠩᠬᠠᠷᠤᠯ ᠵᠶ᠋ᠠᠨ ᠲᠥᠪᠯᠡᠷᠡᠭᠦᠯᠵᠦ᠂ ᠵᠠᠰᠠᠯᠲᠠ ᠵᠢᠨ ᠬᠦᠴᠦᠨ᠎ᠢ ᠪᠤᠵᠠᠭ᠋ᠠᠢ᠌ᠷᠠᠭᠤᠯᠤᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠨᠡᠢ᠌ᠭᠡᠮ ᠲᠣᠭᠣᠷᠢᠭ᠎ᠤᠨ ᠠᠵᠢᠯᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠰᠠᠨᠠᠯ᠎ᠤᠳ》᠎ᠢ ᠳᠠᠷᠤᠮᠠᠯᠯᠠᠨ ᠶᠠᠪᠤᠭᠤᠯᠤᠭᠰᠠᠨ᠎ᠤ ᠳᠠᠷᠠᠭ᠎ᠠ᠂ ᠥᠪᠥᠷ ᠮᠣᠩᠭᠣᠯ᠎ᠨᠢ 《ᠨᠡᠢ᠌ᠭᠡᠮ ᠲᠣᠭᠣᠷᠢᠭ᠎ᠤᠨ ᠠᠵᠢᠯᠲᠠᠨ᠎ᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠮᠤᠵᠢ ᠵᠢᠨ ᠱᠠᠲᠤᠨ᠎ᠤ ᠬᠡᠪᠴᠢᠶᠡᠨ᠎ᠳᠤ ᠬᠠᠮᠤᠭ᠎ᠤᠨ ᠲᠡᠷᠢᠭᠦᠨ᠎ᠳᠤ ᠨᠡᠢ᠌ᠲᠡᠯᠡᠵᠦ᠂ ᠵᠢᠷᠭᠤᠭ᠋ᠠᠨ ᠲᠠᠯ᠎ᠠ ᠵᠢᠨ 40 ᠵᠤᠷᠪᠤᠰ ᠪᠣᠳᠠᠲᠠᠢ ᠠᠷᠭ᠎ᠠ ᠪᠠ ᠣᠯᠠᠨ ᠵᠦᠢ᠍ᠯ᠎ᠤᠨ ᠰᠢᠨ᠎ᠡ ᠵᠢ ᠡᠭᠦᠳᠬᠦ ᠴᠢᠨᠠᠷᠲᠠᠢ ᠠᠵᠢᠯ᠎ᠤᠨ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃ ᠣᠳᠣᠬᠠᠨ᠎ᠳᠤ᠂ ᠪᠥᠬᠥ ᠣᠷᠣᠨ᠎ᠳᠠᠬᠢ ᠬᠣᠲᠠ ᠪᠠᠯᠭ᠋ᠠᠰᠤᠨ᠎ᠤ ᠪᠠᠢ᠌ᠩᠭᠤ ᠰᠠᠭᠤᠭ᠎ᠠ ᠲᠦᠮᠡᠨ ᠬᠥᠮᠥᠨ ᠠᠮᠠ ᠪᠦᠷᠢ᠎ᠳᠤ ᠨᠡᠢ᠌ᠭᠡᠮ ᠲᠣᠭᠣᠷᠢᠭ᠎ᠤᠨ ᠠᠵᠢᠯᠲᠠᠨ 18 ᠬᠥᠮᠥᠨ᠎ᠠᠴᠠ ᠢᠯᠡᠭᠦᠦ ᠪᠠᠢ᠌ᠬᠤ ᠪᠠᠷᠢᠮᠵᠢᠶᠠᠨ᠎ᠳᠤ ᠬᠦᠷᠴᠡᠢ᠃
ᠳᠥᠷᠪᠡ᠎ᠳᠤ᠂ 《ᠬᠠᠮᠲᠤ᠎ᠪᠠᠷ ᠵᠠᠰᠠᠵᠤ ᠬᠠᠮᠲᠤ᠎ᠪᠠᠷ ᠬᠦᠷᠲᠡᠬᠦ》᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠳᠦᠷᠢᠮ ᠲᠣᠭᠲᠠᠴᠠ ᠵᠢ ᠲᠡᠭᠦᠯᠳᠡᠷᠵᠢᠭᠦᠯᠦᠨ᠎ᠡ᠃ 《ᠨᠢᠭᠡ ᠬᠥᠯᠭᠡ ᠰᠢᠲᠠᠷ᠎ᠠ》 ᠪᠠᠢ᠌ᠬᠤ ᠦᠵᠡᠯ ᠰᠠᠨᠠᠭ᠎ᠠ ᠵᠢ ᠪᠠᠷᠢᠮᠲᠠᠯᠠᠵᠤ᠂ ᠨᠠᠮ᠎ᠤᠨ ᠪᠠᠢ᠌ᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ ᠵᠢ ᠵᠣᠬᠢᠴᠠᠭᠤᠯᠬᠤ ᠲᠣᠭᠲᠠᠴᠠ ᠵᠢ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠰᠠᠢ᠌ᠲᠤᠷ ᠪᠠᠳᠠᠷᠠᠭᠤᠯᠵᠤ᠂ ᠰᠠᠯᠠᠭ᠎ᠠ ᠮᠥᠴᠢᠷ ᠠᠯᠤᠰᠯᠠᠭᠰᠠᠨ ᠬᠠᠮᠵᠢᠯᠴᠠᠭ᠎ᠠ ᠪᠠ ᠲᠥᠷᠥ ᠵᠢᠨ ᠪᠣᠳᠣᠯᠭ᠎ᠠ ᠵᠢᠨ ᠵᠣᠯᠭ᠋ᠠᠯᠴᠠᠭ᠎ᠠ ᠵᠢ ᠴᠢᠩᠭ᠋ᠠᠳᠬᠠᠵᠤ᠂ ᠦᠨᠳᠦᠰᠦᠨ ᠱᠠᠲᠤᠨ᠎ᠤ ᠵᠠᠰᠠᠯᠲᠠ ᠵᠢᠨ ᠨᠡᠢ᠌ᠯᠡᠮᠡᠯ ᠬᠦᠴᠦᠨ᠎ᠢ ᠪᠦᠷᠢᠯᠳᠦᠭᠦᠯᠦᠨ᠎ᠡ᠃
ᠲᠠᠪᠤ᠎ᠳᠤ 《ᠦᠢ᠍ᠯᠡᠳᠦᠯ ᠵᠶ᠋ᠠᠨ ᠪᠠᠳᠠᠷᠠᠭᠤᠯᠬᠤ》᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠡᠢ᠌ᠲᠡᠯᠢᠭ ᠵᠢᠱ᠌ᠢᠶ᠎ᠡ᠎ᠪᠠᠷ ᠵᠠᠮᠴᠢᠯᠠᠭᠤᠯᠬᠤ ᠵᠢ ᠴᠢᠩᠭ᠋ᠠᠳᠬᠠᠨ᠎ᠠ᠃ 《ᠵᠠᠭ᠋ᠠᠯᠳᠤᠯᠭ᠎ᠠ ᠵᠢ ᠬᠦᠯᠢᠶᠡᠨ ᠠᠪᠤᠪᠠᠯ ᠳᠠᠷᠤᠢ᠌ᠬᠠᠨ ᠰᠢᠢ᠍ᠳᠪᠦᠷᠢᠯᠡᠬᠦ》᠂ 《ᠵᠠᠬᠢᠳᠠᠯ ᠰᠤᠷᠪᠤᠯᠵᠢᠯᠠᠯ᠎ᠢ ᠣᠷᠣᠯᠠᠨ ᠭᠦᠢ᠍ᠴᠡᠳᠬᠡᠬᠦ》 ᠵᠡᠷᠭᠡ ᠲᠤᠷᠰᠢᠯᠭ᠎ᠠ ᠪᠠ ᠠᠷᠭ᠎ᠠ ᠬᠢᠳᠡᠯ᠎ᠢ ᠳᠡᠯᠭᠡᠷᠡᠭᠦᠯᠦᠨ ᠬᠡᠷᠡᠭᠯᠡᠵᠦ ᠪᠠᠢ᠌ᠨ᠎ᠠ᠃ 《ᠮᠢᠩᠭ᠋ᠠᠨ ᠲᠦᠮᠡᠨ ᠢᠨᠵᠧᠨᠧᠷᠢᠩ》᠎ᠤᠨ ᠲᠤᠷᠰᠢᠯᠭ᠎ᠠ ᠵᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠣᠨ᠎ᠢ ᠴᠢᠳᠠᠮᠠᠭ᠋ᠠᠢ᠎ᠪᠠᠷ ᠵᠠᠰᠠᠬᠤ ᠲᠦᠪᠰᠢᠨ᠎ᠢ ᠳᠡᠭᠡᠭᠰᠢᠯᠡᠭᠦᠯᠦᠨ᠎ᠡ᠃
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠠᠢ᠌ᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ
ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤ 12345 ᠪᠠ ᠦᠨᠳᠦᠰᠦᠨ ᠱᠠᠲᠤᠨ᠎ᠤ
《ᠨᠢᠭᠡ ᠬᠦᠰᠦᠨᠦᠭᠲᠦ᠎ᠪᠠᠷ ᠨᠡᠪᠲᠡᠷᠡᠭᠦᠯᠬᠦ》᠎ᠨᠢ ᠨᠡᠢ᠌ᠭᠡᠮ᠎ᠤᠨ ᠵᠠᠰᠠᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ᠎ᠳᠤ ᠬᠦᠴᠦᠨ ᠨᠡᠮᠡᠷᠢᠯᠡᠵᠦ ᠪᠠᠢ᠌ᠨ᠎ᠠ
ᠦ᠋ ᠰᠦ᠍ ᠬᠠᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠠᠢ᠌ᠲ᠋ᠠ ᠵᠢᠨ ᠬᠠᠮᠢᠶᠠᠷᠤᠯᠲᠠ ᠵᠢᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ ᠳᠠᠷᠤᠭ᠎ᠠ
ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯᠳᠤᠭ᠋ᠠᠨ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠠᠢ᠌ᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ᠎ᠨᠢ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠬᠢᠭᠡᠳ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠲᠣᠬᠢᠷᠠᠭᠤᠯᠤᠯᠲᠠ ᠶᠣᠰᠣᠭ᠋ᠠᠷ᠂ ᠠᠷᠠᠳ᠎ᠤᠨ ᠬᠦᠰᠡᠯ ᠱᠠᠭ᠋ᠠᠷᠳᠠᠯᠭ᠎ᠠ ᠵᠢ ᠪᠢᠳᠡ ᠰᠢᠢ᠍ᠳᠪᠦᠷᠢᠯᠡᠬᠦ᠂ ᠠᠷᠠᠳ᠎ᠤᠨ ᠬᠡᠷᠡᠭᠴᠡᠭᠡ ᠱᠠᠭ᠋ᠠᠷᠳᠠᠯᠭ᠎ᠠ ᠵᠢ ᠪᠢᠳᠡ ᠭᠦᠢ᠍ᠴᠡᠳᠬᠡᠬᠦ ᠵᠢ ᠪᠠᠷᠢᠮᠲᠠᠯᠠᠵᠤ᠂ ᠥᠭᠡᠷᠡᠴᠢᠯᠡᠯᠲᠡ᠎ᠪᠠᠷ ᠦᠷ᠎ᠡ ᠠᠰᠢᠭ᠎ᠢ ᠨᠡᠮᠡᠭᠳᠡᠭᠦᠯᠬᠦ᠂ ᠳ᠋ᠠᠢ᠌ᠲ᠋ᠠ᠎ᠪᠠᠷ ᠴᠢᠳᠠᠮᠵᠢ ᠣᠯᠭᠣᠬᠤ ᠵᠢ ᠠᠬᠢᠭᠤᠯᠵᠤ᠂ ᠪᠦᠬᠦ ᠣᠷᠣᠨ᠎ᠤ ᠨᠡᠢ᠌ᠭᠡᠮ᠎ᠤᠨ ᠵᠠᠰᠠᠯᠲᠠ ᠵᠢᠨ ᠬᠢᠷᠢ ᠲᠦᠪᠰᠢᠨ ᠬᠢᠭᠡᠳ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠭᠦᠴᠡᠯ᠎ᠢ ᠦᠷᠭᠦᠯᠵᠢᠯᠡᠨ ᠳᠡᠭᠡᠭᠰᠢᠯᠡᠭᠦᠯᠬᠦ᠎ᠳᠤ ᠬᠦᠴᠦᠨ ᠨᠡᠮᠡᠷᠢᠯᠡᠵᠦ ᠪᠠᠢ᠌ᠨ᠎ᠠ᠃
ᠨᠢᠭᠡ ᠲᠠᠯ᠎ᠠ᠎ᠪᠠᠷ᠂ ᠠᠵᠤ ᠠᠬᠤᠢ᠌ᠯᠠᠯ ᠤᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ ᠪᠠ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ 《ᠬᠠᠯᠠᠮᠰᠢᠯ ᠤᠲᠠᠰᠤ 12345᠎ᠪᠠᠷ ᠢᠷᠡᠭᠦᠯᠦᠭᠰᠡᠨ ᠭᠣᠮᠣᠳᠠᠯ ᠲᠣᠭ᠋ᠠᠴᠢᠯᠲᠠ ᠵᠢᠨ ᠠᠵᠢᠯ᠎ᠤᠨ ᠳᠠᠩᠰᠠ ᠵᠢ ᠭᠦᠢ᠍ᠴᠡᠳᠬᠡᠨ ᠰᠢᠢ᠍ᠳᠪᠦᠷᠢᠯᠡᠬᠦ ᠠᠵᠢᠯ᠎ᠢ ᠰᠢᠯᠢᠳᠡᠭᠵᠢᠭᠦᠯᠬᠦ ᠲᠤᠬᠠᠢ ᠮᠡᠳᠡᠭᠳᠡᠯ》᠎ᠢ ᠳᠠᠷᠤᠮᠠᠯᠯᠠᠨ ᠶᠠᠪᠤᠭᠤᠯᠵᠤ᠂ ᠮᠡᠳᠡᠯᠭᠡ ᠵᠢᠨ ᠬᠥᠮᠥᠷᠭᠡ ᠵᠢ ᠬᠥᠳᠡᠯᠦᠩᠭᠦᠢ᠎ᠪᠠᠷ ᠰᠢᠨᠡᠳᠬᠡᠬᠦ ᠲᠣᠭᠲᠠᠴᠠ ᠵᠢ ᠪᠦᠷᠢᠨᠰᠢᠭᠦᠯᠬᠦ᠂ ᠤᠯᠠᠨ ᠲᠦᠮᠡᠨ᠎ᠤ ᠵᠠᠭ᠋ᠠᠯᠳᠤᠯᠭ᠎ᠠ ᠵᠢᠨ ᠲᠦᠷᠦᠯ᠎ᠤᠨ ᠠᠵᠢᠯ᠎ᠤᠨ ᠬᠠᠭᠤᠳᠠᠰᠤ ᠵᠢ ᠭᠦᠢ᠍ᠴᠡᠳᠬᠡᠨ ᠰᠢᠢ᠍ᠳᠪᠦᠷᠢᠯᠡᠬᠦ ᠠᠵᠢᠯ᠎ᠤᠨ ᠶᠠᠪᠤᠴᠠ ᠵᠢ ᠲᠡᠭᠦᠯᠳᠡᠷᠵᠢᠭᠦᠯᠬᠦ ᠵᠡᠷᠭᠡ 8 ᠵᠤᠷᠪᠤᠰ ᠪᠣᠳᠠᠲᠠᠢ ᠠᠷᠭ᠎ᠠ ᠬᠡᠮᠵᠢᠶ᠎ᠡ ᠵᠢ ᠨᠡᠢ᠌ᠲᠡᠯᠡᠵᠡᠢ᠃
ᠣᠳᠣᠬᠠᠨ᠎ᠳᠤ᠂ ᠪᠥᠬᠥ ᠣᠷᠣᠨ᠎ᠳᠤ ᠠᠵᠤ ᠠᠬᠤᠢ᠌ᠯᠠᠯ ᠪᠠ ᠣᠯᠠᠨ ᠲᠦᠮᠡᠨ᠎ᠤ ᠭᠣᠮᠣᠳᠠᠯ ᠲᠣᠭ᠋ᠠᠴᠢᠯᠲᠠ ᠵᠢ ᠨᠡᠶ᠋ᠢᠲᠡ 503 ᠲᠦᠮᠡᠨ ᠬᠤᠪᠢ ᠭᠥᠯᠢᠶᠡᠨ ᠠᠪᠴᠤ ᠰᠢᠢ᠍ᠳᠪᠦᠷᠢᠯᠡᠪᠡ᠂ ᠰᠢᠢ᠍ᠳᠪᠦᠷᠢᠯᠡᠭᠰᠡᠨ ᠨᠣᠷᠮ᠎ᠠ᠎ᠨᠢ 95%᠎ᠠᠴᠠ ᠳᠡᠭᠡᠭᠰᠢ᠎ᠳᠤ ᠬᠦᠷᠴᠡᠢ᠃
ᠨᠥᠭᠥᠭᠡ ᠲᠠᠯ᠎ᠠ᠎ᠪᠠᠷ᠂ ᠦᠨᠳᠦᠰᠦᠨ ᠱᠠᠲᠤᠨ᠎ᠤ ᠬᠦᠰᠦᠨᠦᠭᠲᠦ ᠲᠠᠭᠯᠠᠵᠤ ᠮᠡᠳᠡᠭᠦᠯᠬᠦ ᠲᠣᠭ᠎ᠠ᠎ᠨᠢ ᠣᠯᠠᠨ᠂ ᠣᠯᠠᠨ ᠲᠠᠯ᠎ᠠ᠎ᠠᠴᠠ ᠪᠢᠴᠢᠵᠦ ᠣᠷᠣᠭᠤᠯᠬᠤ᠂ ᠳᠠᠬᠢᠨ ᠳᠠᠪᠲᠠᠨ ᠲᠠᠭᠯᠠᠵᠤ ᠮᠡᠳᠡᠭᠦᠯᠬᠦ ᠠᠰᠠᠭᠤᠳᠠᠯ᠎ᠳᠤ ᠴᠢᠭᠯᠡᠭᠦᠯᠦᠨ᠂ ᠦᠨᠳᠦᠰᠦᠨ ᠱᠠᠲᠤᠨ᠎ᠤ 《ᠨᠢᠭᠡ ᠬᠦᠰᠦᠨᠦᠭᠲᠦ᠎ᠪᠠᠷ ᠨᠡᠪᠲᠡᠷᠡᠭᠦᠯᠬᠦ》 ᠰᠢᠰᠲ᠋ᠧᠮ᠎ᠢ ᠨᠢᠭᠡᠳᠦᠯᠲᠡᠢ ᠪᠠᠢ᠌ᠭᠤᠯᠪᠠ᠃ ᠰᠢᠰᠲ᠋ᠧᠮ᠎ᠢ ᠥᠨᠥ ᠵᠢᠯ᠎ᠤᠨ 9 ᠳ᠋ᠦ᠍ᠭᠡᠷ ᠰᠠᠷ᠎ᠠ ᠵᠢᠨ ᠰᠡᠭᠦᠯᠴᠢ᠎ᠪᠠᠷ ᠪᠥᠬᠥ ᠣᠷᠣᠨ᠎ᠤ ᠬᠡᠪᠴᠢᠶᠡᠨ᠎ᠳᠤ ᠪᠥᠬᠥ ᠲᠠᠯ᠎ᠠ᠎ᠪᠠᠷ ᠳᠡᠯᠭᠡᠷᠡᠭᠦᠯᠦᠨ ᠬᠡᠷᠡᠭᠯᠡᠵᠦ᠂ ᠪᠥᠬᠥ ᠤᠯᠤᠰ᠎ᠲᠠᠬᠢ ᠨᠢᠭᠡᠨᠲᠡ ᠪᠠᠢ᠌ᠭᠤᠯᠤᠭᠳᠠᠭᠰᠠᠨ ᠠᠩᠬᠠᠳᠠᠭᠴᠢ ᠪᠥᠬᠥ ᠣᠷᠣᠨ ᠪᠦᠰᠡ ᠵᠢᠨ ᠪᠦᠬᠦᠢ᠌ᠯᠡ ᠬᠣᠰᠢᠭᠤ ᠰᠢᠶᠠᠨ ᠬᠣᠲᠠ ᠲᠣᠭᠣᠷᠢᠭ᠎ᠢ ᠬᠠᠮᠤᠷᠤᠭᠰᠠᠨ ᠨᠢᠭᠡᠳᠦᠯᠲᠡᠢ ᠮᠡᠳᠡᠭᠦᠯᠬᠦ ᠬᠦᠰᠦᠨᠦᠭᠲᠦ ᠵᠢᠨ ᠲᠠᠪᠴᠠᠩ ᠪᠠᠢ᠌ᠵᠤ᠂ ᠬᠣᠰᠢᠭᠤ ᠰᠢᠶᠠᠨ᠎ᠤ ᠨᠡᠶ᠋ᠢᠲᠡ 3700 ᠭᠠᠷᠤᠢ ᠰᠠᠯᠠᠭ᠎ᠠ ᠮᠥᠴᠢᠷ ᠵᠢᠴᠢ ᠰᠢᠶᠠᠩ ᠵᠡᠭᠡᠯᠢ ᠵᠢᠨ ᠠᠵᠢᠯᠲᠠᠳ᠎ᠲᠤ ᠰᠢᠰᠲ᠋ᠧᠮ᠎ᠤᠨ ᠲᠠᠩᠰᠠᠨ ᠨᠣᠮᠧᠷ᠎ᠢ 2.2 ᠲᠦᠮᠡ ᠭᠠᠷᠤᠢ ᠨᠡᠭᠡᠭᠡᠵᠦ ᠥᠭᠴᠡᠢ᠃
ᠡᠮᠬᠢᠯᠡᠬᠦ᠎ᠪᠠᠷ ᠳᠠᠮᠵᠢᠭᠤᠯᠤᠨ ᠬᠠᠮᠲᠤ᠎ᠪᠠᠷ ᠬᠦᠷᠲᠡᠬᠦ ᠳ᠋ᠠᠢ᠌ᠲ᠋ᠠ ᠵᠢᠨ ᠡᠬᠡ ᠲᠠᠩᠰᠠ ᠵᠢ ᠪᠣᠶ ᠪᠣᠯᠭ᠋ᠠᠭ᠋ᠠᠳ᠂ ᠮᠡᠳᠡᠭᠦᠯᠬᠦ ᠬᠦᠰᠦᠨᠦᠭᠲᠦ ᠵᠢ 80% ᠰᠢᠬᠠᠮ ᠴᠣᠮᠬᠠᠳᠬᠠᠪᠠ᠃
ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ
ᠳᠦᠷᠢᠮ ᠲᠣᠭᠲᠠᠴᠠ ᠵᠢ ᠲᠠᠰᠤᠷᠠᠯᠲᠠ ᠦᠭᠡᠢ ᠪᠦᠷᠢᠨᠰᠢᠭᠦᠯᠦᠭᠰᠡᠭᠡᠷ ᠢᠷᠡᠵᠡᠢ
ᠭᠤᠤ ᠵᠠᠨ ᠱᠧᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠤᠨ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠡᠷᠬᠢᠯᠡᠭᠴᠢ
ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯᠳᠤᠭ᠋ᠠᠨ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠣᠣᠯ ᠰᠢᠵᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠬᠤ ᠵᠢᠨ ᠲᠣᠭᠣᠷᠢᠨ᠎ᠳᠤ ᠬᠣᠶᠠᠷ ᠶᠡᠬᠡ ᠶᠠᠪᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ ᠰᠠᠢ᠌ᠲᠤᠷ ᠬᠢᠵᠦ᠂ ᠥᠭᠡᠷᠡᠴᠢᠯᠡᠯᠲᠡ ᠵᠢᠨ ᠡᠭᠦᠷᠭᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠬᠤ 10 ᠵᠦᠢ᠍ᠯ᠎ᠤᠨ ᠠᠵᠢᠯᠯᠠᠭ᠎ᠠ ᠥᠷᠨᠢᠭᠦᠯᠵᠦ᠂ 28 ᠵᠦᠢ᠍ᠯ᠎ᠤᠨ ᠪᠣᠳᠠᠲᠠᠢ ᠠᠷᠭ᠎ᠠ ᠬᠡᠮᠵᠢᠶ᠎ᠡ ᠵᠢ ᠪᠣᠲᠠᠲᠠᠢ᠌ᠵᠢᠭᠤᠯᠤᠨ᠂ ᠦᠨᠳᠦᠰᠦᠲᠡᠨ᠎ᠤ ᠠᠵᠢᠯ ᠶᠠᠪᠤᠳᠠᠯ᠎ᠤᠳ᠎ᠢ ᠬᠠᠤᠯᠢ᠎ᠪᠠᠷ ᠵᠠᠰᠠᠬᠤ ᠡᠯ᠎ᠡ ᠵᠦᠢ᠍ᠯ᠎ᠤᠨ ᠠᠷᠭ᠎ᠠ ᠬᠡᠮᠵᠢᠶᠡᠨ᠎ᠳᠤ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠲᠤᠭᠤᠰᠢᠯᠠᠭᠤᠯᠵᠤ᠂ ᠳᠠᠷᠠᠭ᠋ᠠᠬᠢ ᠬᠡᠳᠦᠨ ᠲᠠᠯ᠎ᠠ ᠵᠢᠨ ᠠᠵᠢᠯ᠎ᠢ ᠭᠣᠣᠯᠳᠠᠯᠭ᠎ᠠ᠎ᠲᠠᠢ ᠥᠷᠨᠢᠭᠦᠯᠦᠭᠰᠡᠨ ᠪᠠᠢ᠌ᠨ᠎ᠠ᠃
ᠨᠢᠭᠡ᠎ᠳᠤ ᠬᠠᠤᠯᠢ᠎ᠪᠠᠷ ᠵᠠᠰᠠᠬᠤ ᠰᠠᠭᠤᠷᠢ ᠵᠢ ᠪᠠᠲᠤᠳᠬᠠᠵᠤ᠂ ᠦᠨᠳᠦᠰᠦᠲᠡᠨ᠎ᠤ ᠲᠦᠷᠦ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠯᠴᠠᠭ᠎ᠠ ᠵᠢ ᠪᠦᠷᠢᠨᠰᠢᠭᠦᠯᠵᠦ ᠪᠠᠢ᠌ᠨ᠎ᠠ᠃ ᠦᠨᠳᠦᠰᠦᠲᠡᠨ᠎ᠤ ᠠᠵᠢᠯ᠎ᠤᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠢ ᠲᠣᠬᠢᠷᠠᠭᠤᠯᠤᠨ ᠲᠡᠭᠦᠯᠳᠡᠷᠵᠢᠭᠦᠯᠬᠦ ᠲᠣᠭᠲᠠᠴᠠ ᠵᠢ ᠲᠠᠰᠤᠷᠠᠯᠲᠠ ᠦᠭᠡᠢ ᠪᠦᠷᠢᠨᠰᠢᠭᠦᠯᠵᠦ᠂ 《ᠲᠣᠭᠲᠠᠭ᠋ᠠᠬᠤ᠂ ᠵᠠᠰᠠᠬᠤ᠂ ᠬᠦᠴᠦᠨ ᠦᠭᠡᠢ ᠪᠣᠯᠭ᠋ᠠᠬᠤ᠂ ᠲᠠᠢ᠌ᠯᠪᠤᠷᠢᠯᠠᠬᠤ》 ᠠᠵᠢᠯ᠎ᠢ ᠦᠷᠭᠦᠯᠵᠢᠯᠡᠨ ᠠᠬᠢᠭᠤᠯᠵᠤ᠂ 《ᠪᠠᠲᠤᠳᠬᠠᠬᠤ》 ᠤᠷᠢᠳᠠᠴᠢ ᠬᠢᠨᠠᠨ ᠬᠠᠷᠭᠤᠭᠤᠯᠬᠤ ᠠᠷᠭ᠎ᠠ ᠵᠢ ᠪᠠ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ 《ᠪᠠᠲᠤᠳᠬᠠᠬᠤ》 ᠤᠷᠢᠳᠠᠴᠢ ᠬᠢᠨᠠᠨ ᠬᠠᠷᠭᠤᠭᠤᠯᠬᠤ ᠠᠵᠢᠯ᠎ᠤᠨ ᠵᠦᠭᠯᠡᠭᠦᠷ᠎ᠢ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠢ 63 ᠬᠤᠪᠢ ᠪᠢᠴᠢᠭ ᠮᠠᠲ᠋ᠧᠷᠢᠶᠠᠯ᠎ᠤᠨ ᠤᠷᠢᠳᠠᠴᠢ ᠬᠢᠨᠠᠨ ᠬᠠᠷᠭᠤᠭᠤᠯᠤᠯᠲᠠ ᠵᠢ ᠪᠡᠶᠡᠯᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢᠨ ᠬᠠᠤᠯᠢ᠎ᠪᠠᠷ ᠵᠠᠰᠠᠬᠤ ᠰᠠᠭᠤᠷᠢ ᠵᠢ ᠲᠠᠰᠤᠷᠠᠯᠲᠠ ᠦᠭᠡᠢ ᠪᠡᠬᠢᠵᠢᠭᠦᠯᠦᠨ᠎ᠡ᠃
ᠬᠣᠶᠠᠷ᠎ᠲᠤ ᠳᠦᠷᠢᠮ ᠲᠣᠭᠲᠠᠴᠠ ᠵᠢ ᠲᠡᠭᠦᠯᠳᠡᠷᠵᠢᠭᠦᠯᠵᠦ᠂ ᠦᠨᠳᠦᠰᠦᠲᠡᠨ᠎ᠤ ᠠᠵᠢᠯ ᠶᠠᠪᠤᠳᠠᠯ᠎ᠢ ᠬᠠᠤᠯᠢ ᠶᠣᠰᠣᠭ᠋ᠠᠷ ᠵᠠᠰᠠᠬᠤ᠎ᠳᠤ ᠳᠦᠷᠢᠮ᠎ᠤᠨ ᠪᠠᠲᠤᠯᠠᠭ᠎ᠠ ᠬᠠᠩᠭ᠋ᠠᠨ᠎ᠠ᠃ ᠣᠨᠣᠯ᠎ᠤᠨ ᠰᠤᠳᠤᠯᠭ᠋ᠠᠨ᠎ᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠰᠤᠳᠤᠯᠭ᠋ᠠᠨ᠎ᠤ ᠰᠠᠭᠤᠷᠢᠨ ᠭᠠᠵᠠᠷ᠎ᠤᠨ ᠬᠡᠪᠴᠢᠶ᠎ᠡ ᠵᠢ ᠥᠷᠭᠡᠳᠬᠡᠨ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ᠎ᠨᠢ ᠨᠡᠮᠡᠭᠳᠡᠭᠦᠯᠬᠦ ᠢᠨᠵᠧᠨᠧᠷᠢᠩ᠎ᠢ ᠬᠡᠷᠡᠭᠵᠢᠭᠦᠯᠦᠨ᠂ ᠥᠪᠡᠷᠲᠡᠭᠡᠨ ᠵᠠᠰᠠᠬᠤ ᠣᠷᠣᠨ᠎ᠤ ᠰᠤᠳᠤᠯᠭ᠋ᠠᠨ᠎ᠤ (ᠪᠣᠢ᠌ᠵᠢᠭᠤᠯᠬᠤ) ᠰᠠᠭᠤᠷᠢᠨ ᠭᠠᠵᠠᠷ᠎ᠢ 8 ᠪᠠᠢ᠌ᠭᠰᠠᠨ᠎ᠠᠴᠠ᠎ᠪᠠᠨ ᠨᠡᠮᠡᠭᠳᠡᠭᠦᠯᠦᠭᠡᠳ 19 ᠪᠣᠯᠭ᠋ᠠᠵᠠᠢ᠃
ᠭᠤᠷᠪᠠ᠎ᠳᠤ ᠦᠨᠳᠦᠰᠦᠨ ᠱᠠᠲᠤᠨ᠎ᠤ ᠵᠠᠰᠠᠯᠲᠠ ᠵᠢ ᠴᠢᠩᠭ᠋ᠠᠳᠬᠠᠵᠤ᠂ ᠬᠠᠷᠢᠯᠴᠠᠨ ᠰᠢᠬᠢᠳᠬᠡᠯ ᠬᠡᠯᠪᠡᠷᠢᠲᠦ ᠨᠡᠢ᠌ᠭᠡᠮ᠎ᠤᠨ ᠪᠦᠲᠦᠴᠡ ᠪᠠ ᠨᠡᠢ᠌ᠭᠡᠮ ᠲᠣᠭᠣᠷᠢᠭ᠎ᠤᠨ ᠣᠷᠴᠢᠨ ᠨᠥᠬᠥᠴᠡᠯ᠎ᠢ ᠪᠤᠢ ᠪᠣᠯᠭ᠋ᠠᠨ᠎ᠠ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠢ ᠲᠠᠰ ᠳᠡᠪᠰᠢᠭᠦᠯᠦᠭᠰᠡᠨ ᠵᠠᠭᠪᠤᠷ᠎ᠢ ᠦᠷᠭᠦᠯᠵᠢᠯᠡᠨ ᠪᠣᠶ ᠪᠣᠯᠭ᠋ᠠᠵᠤ᠂ ᠦᠨᠳᠦᠰᠦᠨ ᠱᠠᠲᠤᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠤᠨ ᠴᠢᠨᠠᠷ᠎ᠢ᠎ᠨᠢ ᠳᠡᠭᠡᠭᠰᠢᠯᠡᠭᠦᠯᠦᠨ ᠦᠷ᠎ᠡ ᠠᠰᠢᠭ᠎ᠢ᠎ᠨᠢ ᠨᠡᠮᠡᠭᠳᠡᠭᠦᠯᠬᠦ ᠭᠤᠷᠪᠠᠨ ᠵᠢᠯ᠎ᠤᠨ ᠠᠵᠢᠯᠯᠠᠭ᠎ᠠ ᠥᠷᠨᠢᠭᠦᠯᠦᠨ᠂ ᠦᠨᠳᠦᠰᠦᠨ ᠱᠠᠲᠤᠨ᠎ᠤ ᠡᠭᠦᠳᠦᠨ ᠪᠠᠶ᠋ᠢᠭᠤᠯᠬᠤ ᠠᠵᠢᠯ᠎ᠤᠨ ᠨᠠᠷᠠᠲᠤ ᠲᠥᠷᠥᠯ ᠲᠡᠮᠳᠡᠭ᠎ᠢ 396 ᠭᠠᠷᠭ᠋ᠠᠵᠤ᠂ ᠨᠠᠮ᠎ᠤᠨ ᠬᠣᠷᠢᠶᠠᠨ᠎ᠤ ᠤᠳᠤᠷᠢᠳᠤᠯᠭ᠎ᠠ᠎ᠳᠤ ᠲᠦᠰᠢᠭᠯᠡᠬᠦ᠂ ᠵᠠᠰᠠᠭ᠎ᠤᠨ ᠣᠷᠳᠣᠨ ᠬᠠᠷᠢᠭᠤᠴᠠᠬᠤ᠂ ᠠᠷᠠᠳᠴᠢᠯᠠᠯ ᠵᠶ᠋ᠠᠷ ᠵᠥᠪᠳᠡᠯᠴᠡᠬᠦ᠂ ᠨᠡᠢ᠌ᠭᠡᠮ᠎ᠤᠨ᠎ᠬᠢᠨ ᠵᠣᠬᠢᠴᠠᠭᠤᠯᠬᠤ᠂ ᠣᠯᠠᠨ ᠨᠡᠶ᠋ᠢᠲᠡ᠎ᠪᠠᠷ ᠵᠶ᠋ᠡᠨ ᠣᠷᠣᠯᠴᠠᠬᠤ᠂ ᠬᠠᠤᠯᠢ᠎ᠪᠠᠷ ᠵᠠᠰᠠᠬᠤ ᠵᠢ ᠪᠠᠲᠤᠯᠠᠬᠤ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ ᠵᠶ᠋ᠡᠷ ᠲᠤᠯᠭ᠋ᠠᠭᠤᠷᠢᠯᠠᠭᠤᠯᠬᠤ ᠨᠡᠢ᠌ᠭᠡᠮ᠎ᠤᠨ ᠵᠠᠰᠠᠯᠲᠠ ᠵᠢᠨ ᠲᠣᠭᠲᠠᠯᠴᠠᠭ᠎ᠠ ᠵᠢ ᠠᠩᠬ᠎ᠠ ᠠᠯᠬᠤᠮ ᠪᠠᠢ᠌ᠭᠤᠯᠪᠠ᠃
ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ
ᠵᠠᠬᠢᠳᠠᠯ ᠰᠤᠷᠪᠤᠯᠵᠢᠯᠠᠯ᠎ᠤᠨ ᠲᠠᠪᠤᠨ ᠱᠠᠲᠤᠨ᠎ᠤ ᠣᠷᠣᠯᠠᠨ ᠭᠦᠢ᠍ᠴᠡᠳᠬᠡᠬᠦ ᠲᠣᠭᠲᠠᠯᠴᠠᠭ᠎ᠠ ᠵᠢ ᠨᠡᠪᠲᠡᠷᠡᠭᠦᠯᠦᠨ ᠲᠡᠭᠦᠯᠳᠡᠷᠵᠢᠭᠦᠯᠵᠦ
ᠤᠯᠠᠨ ᠲᠦᠮᠡᠨ᠎ᠤ ᠭᠣᠮᠣᠳᠠᠯ ᠲᠣᠭ᠋ᠠᠴᠢᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠰᠢᠢ᠍ᠳᠪᠦᠷᠢᠯᠡᠵᠦ ᠥᠭᠭᠦᠨ᠎ᠡ
ᠵᠠᠩ ᠵᠢᠨ ᠫᠢᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠡᠢ᠌ᠭᠡᠮ᠎ᠤᠨ ᠠᠵᠢᠯ᠎ᠤᠨ ᠬᠡᠯᠲᠡᠰ᠎ᠤᠨ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ᠂ ᠵᠠᠬᠢᠳᠠᠯ ᠰᠤᠷᠪᠤᠯᠵᠢᠯᠠᠯ᠎ᠤᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ ᠳᠠᠷᠤᠭ᠎ᠠ
ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ᠎ᠨᠢ ᠥᠪᠥᠷ ᠮᠣᠩᠭᠣᠯ᠎ᠤᠨ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠵᠠᠬᠢᠳᠠᠯ ᠰᠤᠷᠪᠤᠯᠵᠢᠯᠠᠯ᠎ᠤᠨ ᠣᠷᠣᠯᠠᠨ ᠭᠦᠢ᠍ᠴᠡᠳᠬᠡᠬᠦ ᠳᠦᠷᠢᠮ᠎ᠢ ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠬᠠᠤᠯᠢᠵᠢᠯ᠎ᠢ ᠠᠬᠢᠭᠤᠯᠬᠤ ᠴᠢᠬᠤᠯᠠ ᠠᠴᠢᠶᠠᠯᠠᠪᠤᠷᠢ ᠪᠣᠯᠭ᠋ᠠᠵᠤ᠂ ᠵᠠᠬᠢᠳᠠᠯ ᠰᠤᠷᠪᠤᠯᠵᠢᠯᠠᠯ᠎ᠤᠨ ᠲᠠᠪᠤᠨ ᠱᠠᠲᠤᠨ᠎ᠤ ᠣᠷᠣᠯᠠᠨ ᠭᠦᠢ᠍ᠴᠡᠳᠬᠡᠬᠦ ᠲᠣᠭᠲᠠᠯᠴᠠᠭ᠎ᠠ ᠵᠢ ᠨᠡᠪᠲᠡᠷᠡᠭᠦᠯᠦᠨ ᠲᠡᠭᠦᠯᠳᠡᠷᠵᠢᠭᠦᠯᠵᠦ᠂ ᠭᠠᠴᠠᠭ᠎ᠠ ᠲᠣᠰᠬᠣᠨ᠂ ᠰᠤᠮᠤ ᠰᠢᠶᠠᠩ ᠪᠠᠯᠭ᠋ᠠᠰᠤ᠂ ᠬᠣᠰᠢᠭᠤ ᠰᠢᠶᠠᠨ᠂ ᠠᠢ᠌ᠮᠠᠭ ᠬᠣᠲᠠ᠎ᠠᠴᠠ ᠥᠪᠡᠷᠲᠡᠭᠡᠨ ᠵᠠᠰᠠᠬᠤ ᠣᠷᠣᠨ ᠬᠦᠷᠲᠡᠯᠡᠬᠢ ᠣᠷᠣᠯᠠᠨ ᠭᠦᠢ᠍ᠴᠡᠳᠬᠡᠬᠦ ᠵᠠᠮ᠎ᠢ ᠨᠡᠪᠲᠡᠷᠡᠭᠦᠯᠦᠨ᠂ ᠲᠠᠪᠤᠨ ᠱᠠᠲᠤᠨ᠎ᠤ ᠬᠣᠣᠰ ᠴᠢᠭᠯᠡᠯ ᠵᠶ᠋ᠡᠷ ᠨᠡᠪᠲᠡᠷᠡᠭᠰᠡᠨ ᠵᠠᠬᠢᠳᠠᠯ ᠰᠤᠷᠪᠤᠯᠵᠢᠯᠠᠯ᠎ᠤᠨ ᠣᠷᠣᠯᠠᠨ ᠭᠦᠢ᠍ᠴᠡᠳᠬᠡᠬᠦ ᠲᠣᠭᠲᠠᠯᠴᠠᠭ᠎ᠠ ᠵᠢ ᠪᠠᠢ᠌ᠭᠤᠯᠤᠨ ᠪᠦᠷᠢᠯᠳᠦᠭᠦᠯᠵᠦ᠂ ᠤᠯᠠᠨ ᠲᠦᠮᠡᠨ᠎ᠤ ᠭᠣᠮᠣᠳᠠᠯ ᠲᠣᠭ᠋ᠠᠴᠢᠯᠲᠠ᠎ᠪᠠᠨ ᠢᠯᠡᠳᠬᠡᠬᠦ᠂ ᠠᠰᠢᠭ ᠲᠤᠰᠠ ᠵᠢ ᠵᠣᠬᠢᠴᠠᠭᠤᠯᠬᠤ᠂ ᠡᠷᠬᠡ ᠠᠰᠢᠭ᠎ᠢ ᠪᠠᠲᠤᠯᠠᠬᠤ ᠵᠠᠮ᠎ᠢ ᠤᠯᠠᠮ ᠨᠢᠭᠡ ᠠᠯᠬᠤᠮ ᠰᠠᠭ᠋ᠠᠳ ᠦᠭᠡᠢ ᠨᠡᠪᠲᠡᠷᠡᠭᠦᠯᠦᠨ ᠵᠢᠷᠤᠮᠵᠢᠭᠤᠯᠵᠤ᠂ 《ᠤᠯᠠᠨ ᠲᠦᠮᠡᠨ᠎ᠤ ᠳᠡᠭᠡᠭᠰᠢ ᠰᠤᠷᠪᠤᠯᠵᠢᠯᠠᠬᠤ ᠵᠢ ᠬᠦᠯᠢᠶᠡᠵᠦ》 ᠪᠠᠢ᠌ᠭᠰᠠᠨ᠎ᠢ 《ᠤᠯᠠᠨ ᠲᠦᠮᠡᠨ᠎ᠢ ᠣᠷᠣᠯᠠᠨ ᠭᠦᠢ᠍ᠴᠡᠳᠬᠡᠬᠦ》 ᠪᠣᠯᠭ᠋ᠠᠵᠤ᠂ 《ᠵᠥᠷᠢᠴᠡᠯ᠎ᠢ ᠰᠠᠨᠠᠭ᠋ᠠᠴᠢᠯᠭ᠋ᠠᠲᠤ ᠪᠤᠰᠤ᠎ᠪᠠᠷ ᠠᠷᠢᠯᠭ᠋ᠠᠵᠤ》 ᠪᠠᠢ᠌ᠭᠰᠠᠨ᠎ᠢ 《ᠠᠰᠠᠭᠤᠳᠠᠯ᠎ᠢ ᠰᠠᠨᠠᠭ᠋ᠠᠴᠢᠯᠠᠭ᠎ᠠ᠎ᠠᠴᠠ᠎ᠪᠠᠨ ᠰᠢᠢ᠍ᠳᠪᠦᠷᠢᠯᠡᠬᠦ》 ᠪᠣᠯᠭ᠋ᠠᠵᠤ᠂ ᠤᠯᠠᠨ ᠲᠦᠮᠡᠨ᠎ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠢ᠌ᠭ᠎ᠠ ᠠᠰᠠᠭᠤᠳᠠᠯ᠎ᠤᠳ᠎ᠢ ᠴᠠᠭ ᠲᠤᠬᠠᠢᠳᠤᠨᠢ ᠭᠡᠷ᠎ᠲᠤ᠎ᠨᠢ ᠰᠢᠢ᠍ᠳᠪᠦᠷᠢᠯᠡᠵᠦ ᠥᠭᠬᠦ ᠪᠣᠯᠵᠤ᠂ ᠤᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠰᠠᠢ᠌ᠲᠤᠷ ᠬᠠᠮᠠᠭ᠋ᠠᠯᠠᠪᠠ᠃
ᠨᠢᠭᠡ᠎ᠳᠤ ᠤᠯᠠᠨ ᠲᠦᠮᠡᠨ᠎ᠤ ᠭᠣᠮᠣᠳᠠᠯ ᠲᠣᠭ᠋ᠠᠴᠢᠯᠲᠠ ᠵᠢᠨ 《ᠳᠣᠣᠷ᠎ᠠ᠎ᠠᠴᠠ ᠳᠡᠭᠡᠭᠰᠢ》᠂ ᠭᠣᠣᠯᠳᠠᠯᠭ᠎ᠠ᠎ᠲᠠᠢ ᠵᠦᠢ᠍ᠯᠡᠰ᠎ᠤᠨ 《ᠳᠡᠭᠡᠷ᠎ᠡ᠎ᠠᠴᠠ ᠳᠣᠷᠣᠭᠰᠢ》 ᠪᠠᠢ᠌ᠬᠤ ᠣᠷᠣᠯᠠᠨ ᠭᠦᠢ᠍ᠴᠡᠳᠬᠡᠬᠦ ᠠᠷᠭ᠎ᠠ ᠵᠠᠮ᠎ᠢ ᠨᠡᠪᠲᠡᠷᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ᠂ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠣᠨ ᠲᠠᠪᠤᠨ ᠱᠠᠲᠤᠨ᠎ᠳᠤ ᠵᠠᠬᠢᠳᠠᠯ ᠰᠤᠷᠪᠤᠯᠵᠢᠯᠠᠯ᠎ᠤᠨ ᠣᠷᠣᠯᠠᠨ ᠭᠦᠢ᠍ᠴᠡᠳᠬᠡᠬᠦ ᠠᠵᠢᠯ᠎ᠢ ᠨᠢᠭᠡᠨᠲᠡ ᠴᠥᠮ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠠᠷᠠᠳ᠎ᠤᠨ ᠶᠠᠪᠤᠳᠠᠯ᠎ᠤᠨ ᠲᠢᠩᠬᠢᠮ ᠵᠡᠷᠭᠡ 40 ᠲᠢᠩᠬᠢᠮ ᠲᠣᠪᠴᠢᠶ᠎ᠠ᠂ ᠨᠢᠭᠡᠴᠢ᠎ᠨᠦᠭᠦᠳ ᠲᠣᠰᠪᠤᠷᠢ ᠵᠠᠬᠢᠳᠠᠯ ᠰᠤᠷᠪᠤᠯᠵᠢᠯᠠᠯ᠎ᠤᠨ ᠣᠷᠣᠯᠠᠨ ᠭᠦᠢ᠍ᠴᠡᠳᠬᠡᠬᠦ ᠵᠠᠮ ᠱᠤᠭᠤᠮ᠎ᠢ ᠱᠠᠲᠤ ᠳᠠᠷᠠᠭ᠋ᠠᠯᠠᠨ ᠨᠡᠪᠲᠡᠷᠡᠭᠦᠯᠪᠡ᠃
ᠬᠣᠶᠠᠷ᠎ᠲᠤ᠂ ᠲᠠᠪᠤᠨ ᠱᠠᠲᠤᠨ᠎ᠤ ᠬᠣᠣᠰ ᠴᠢᠭᠯᠡᠯ ᠵᠶ᠋ᠡᠷ ᠨᠡᠪᠲᠡᠷᠡᠭᠦᠯᠦᠭᠰᠡᠨ ᠣᠷᠣᠯᠠᠨ ᠭᠦᠢ᠍ᠴᠡᠳᠬᠡᠬᠦ ᠶᠠᠪᠤᠴᠠ ᠵᠢ ᠰᠢᠯᠢᠳᠡᠭᠵᠢᠭᠦᠯᠦᠨ᠎ᠡ᠃ ᠭᠣᠮᠣᠳᠠᠯ ᠲᠣᠭ᠋ᠠᠴᠢᠯᠲᠠ᠎ᠨᠢ ᠳᠥᠭᠥᠮᠬᠡᠨ ᠪᠠᠢ᠌ᠳᠠᠭ ᠣᠷᠣᠯᠠᠨ ᠭᠦᠢ᠍ᠴᠡᠳᠬᠡᠬᠦ ᠵᠦᠢ᠍ᠯᠡᠰ᠎ᠤᠨ ᠣᠷᠣᠯᠠᠨ ᠭᠦᠢ᠍ᠴᠡᠳᠬᠡᠬᠦ ᠶᠠᠪᠤᠴᠠ ᠵᠢ ᠳᠥᠭᠥᠮᠴᠢᠯᠡᠵᠦ᠂ ᠰᠢᠶᠠᠩ ᠲᠣᠰᠬᠣᠨ ᠬᠣᠶᠠᠷ ᠱᠠᠲᠤᠨ᠎ᠤ ᠣᠷᠣᠯᠠᠨ ᠭᠦᠢ᠍ᠴᠡᠳᠭᠡᠭᠴᠢ ᠡᠶᠡᠳᠡᠭᠦᠯᠬᠦ ᠵᠡᠷᠭᠡ ᠠᠷᠭ᠎ᠠ ᠮᠠᠶᠢᠭ ᠵᠶ᠋ᠠᠷ ᠵᠣᠬᠢᠴᠠᠭᠤᠯᠤᠨ ᠰᠢᠢ᠍ᠳᠪᠦᠷᠢᠯᠡᠵᠦ᠂ ᠴᠠᠭ ᠲᠤᠬᠠᠢᠳᠤᠨᠢ ᠬᠠᠷᠢᠭᠤᠯᠲᠠ ᠥᠭᠭᠦᠨ᠎ᠡ; ᠪᠠᠢ᠌ᠳᠠᠯ᠎ᠨᠢ ᠪᠤᠳᠤᠯᠢᠶᠠᠨᠲᠠᠢ ᠣᠷᠣᠯᠠᠨ ᠭᠦᠢ᠍ᠴᠡᠳᠬᠡᠬᠦ ᠵᠦᠢ᠍ᠯᠡᠰ᠎ᠢ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ᠎ᠤᠨ ᠣᠶᠤᠨᠴᠢ ᠲᠤᠰᠠᠯᠠᠬᠤ ᠰᠢᠰᠲ᠋ᠧᠮ 《ᠵᠠᠬᠢᠳᠠᠯ ᠰᠤᠷᠪᠤᠯᠵᠢᠯᠠᠯ᠎ᠤᠨ ᠣᠷᠣᠯᠠᠨ ᠭᠦᠢ᠍ᠴᠡᠳᠬᠡᠬᠦ》 ᠬᠡᠰᠡᠭ᠎ᠲᠤ ᠲᠦᠰᠢᠭᠯᠡᠨ᠂ ᠪᠥᠬᠥ ᠴᠤᠪᠤᠷᠠᠯ᠎ᠢ ᠰᠦᠯᠵᠢᠶᠡᠨ ᠳᠡᠭᠡᠷ᠎ᠡ ᠶᠠᠪᠤᠭᠳᠠᠭᠤᠯᠵᠤ᠂ ᠵᠢᠷᠤᠮᠵᠢᠭᠤᠨ ᠰᠢᠢ᠍ᠳᠪᠦᠷᠢᠯᠡᠵᠦ᠂ ᠴᠠᠭ ᠲᠤᠬᠠᠢᠳᠤᠨᠢ ᠪᠠᠢ᠌ᠴᠠᠭ᠋ᠠᠨ ᠯᠠᠪᠯᠠᠵᠤ ᠪᠣᠯᠬᠤ᠂ ᠮᠥᠷᠳᠡᠵᠦ ᠪᠣᠯᠬᠤ᠂ ᠰᠢᠮᠳᠠᠭᠤᠯᠤᠨ ᠰᠢᠢ᠍ᠳᠪᠦᠷᠢᠯᠡᠭᠦᠯᠵᠦ ᠪᠣᠯᠬᠤ ᠵᠢ ᠪᠡᠶᠡᠯᠡᠭᠦᠯᠦᠨ᠎ᠡ᠃
ᠭᠤᠷᠪᠠ᠎ᠳᠤ ᠦᠨᠡᠨ ᠬᠦ᠌ ᠣᠷᠣᠯᠠᠨ ᠭᠦᠢ᠍ᠴᠡᠳᠬᠡᠵᠦ᠂ ᠠᠰᠠᠭᠤᠳᠠᠯ᠎ᠤᠳ᠎ᠢ ᠦᠨᠡᠨ ᠬᠦ᠌ ᠰᠢᠢ᠍ᠳᠪᠦᠷᠢᠯᠡᠬᠦ ᠵᠢ ᠴᠢᠷᠮᠠᠢ᠌ᠨ ᠪᠡᠶᠡᠯᠡᠭᠦᠯᠦᠨ᠎ᠡ᠃ ᠥᠨᠥ ᠵᠢᠯ᠎ᠠᠴᠠ ᠨᠠᠭ᠋ᠠᠰᠢ᠂ ᠡᠯ᠎ᠡ ᠭᠠᠵᠠᠷ᠎ᠤᠨ᠎ᠬᠢᠨ 《ᠭᠣᠮᠣᠳᠠᠯ ᠲᠣᠭ᠋ᠠᠴᠢᠭᠰᠠᠨ ᠦᠭᠡᠢ ᠪᠠᠢ᠌ᠲᠠᠯ᠎ᠠ ᠤᠷᠢᠳ ᠵᠶ᠋ᠠᠷ ᠰᠢᠢ᠍ᠳᠪᠦᠷᠢᠯᠡᠭᠰᠡᠨᠢ ᠰᠠᠨᠠᠭ᠋ᠠᠴᠢᠯᠠᠭ᠎ᠠ᠎ᠠᠴᠠ᠎ᠪᠠᠨ ᠵᠢᠭᠰᠠᠭ᠋ᠠᠨ ᠪᠠᠢ᠌ᠴᠠᠭ᠋ᠠᠵᠤ᠂ ᠰᠠᠭ᠋ᠠᠳ ᠦᠭᠡᠢ ᠨᠡᠪᠲᠡᠷᠡᠬᠦ ᠵᠠᠮ ᠵᠶ᠋ᠠᠷ ᠵᠠᠭ᠋ᠠᠯᠳᠤᠯᠭ᠎ᠠ ᠵᠢ ᠭᠥᠯᠢᠶᠡᠨ ᠠᠪᠤᠪᠠᠯ ᠳᠠᠷᠤᠢ᠌ᠬᠠᠨ ᠰᠢᠢ᠍ᠳᠪᠦᠷᠢᠯᠡᠵᠦ᠂ ᠳᠡᠭᠡᠭᠰᠢ ᠳᠣᠷᠣᠭᠰᠢ ᠨᠡᠪᠲᠡᠷᠡᠬᠦ ᠵᠢ ᠲᠥᠷᠥᠯ ᠬᠤᠪᠢᠶᠠᠨ ᠣᠷᠣᠯᠠᠨ ᠭᠦᠢ᠍ᠴᠡᠳᠬᠡᠵᠦ》᠂ ᠠᠵᠢᠯ᠎ᠤᠨ ᠠᠬᠢᠴᠠ ᠵᠢᠨ ᠳᠠᠭ᠋ᠠᠤ᠎ᠳᠤ ᠵᠠᠬᠢᠳᠠᠯ ᠰᠤᠷᠪᠤᠯᠵᠢᠯᠠᠯ᠎ᠤᠨ ᠣᠷᠣᠯᠠᠨ ᠭᠦᠢ᠍ᠴᠡᠳᠭᠡᠭᠴᠢ ᠠᠵᠢᠯ᠎ᠤᠨ ᠣᠷᠣᠨ ᠪᠠᠢ᠌ᠷᠢ᠎ᠪᠠᠨ ᠴᠠᠭ ᠲᠤᠬᠠᠢᠳᠤᠨᠢ ᠬᠤᠪᠢᠷᠠᠭᠤᠯᠵᠤ᠂ ᠨᠢᠭᠡ ᠪᠦᠯᠦᠭ ᠣᠯᠠᠨ ᠲᠦᠮᠡᠨ᠎ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠢ᠌ᠭ᠎ᠠ ᠵᠦᠢ᠍ᠯᠡᠰ᠎ᠢ ᠴᠠᠭ ᠲᠤᠬᠠᠢᠳᠤᠨᠢ ᠲᠤᠬᠠᠢ ᠵᠢᠨ ᠭᠠᠵᠠᠷ᠎ᠲᠤᠨᠢ ᠰᠢᠢ᠍ᠳᠪᠦᠷᠢᠯᠡᠬᠦ ᠵᠢ ᠦᠨᠡᠨ ᠬᠦ᠌ ᠠᠬᠢᠭᠤᠯᠵᠠᠢ᠂ ᠥᠨᠥ ᠵᠢᠯ᠎ᠠᠴᠠ ᠨᠠᠭ᠋ᠠᠰᠢ᠂ ᠪᠥᠬᠥ ᠣᠷᠣᠨ᠎ᠳᠤ ᠡᠯ᠎ᠡ ᠲᠥᠷᠥᠯ᠎ᠤᠨ ᠵᠦᠢ᠍ᠯᠡᠰ᠎ᠢ ᠨᠢᠭᠡᠨᠲᠡ 2.5 ᠲᠦᠮᠡ ᠭᠠᠷᠤᠢ ᠣᠷᠣᠯᠠᠨ ᠭᠦᠢ᠍ᠴᠡᠳᠬᠡᠭᠰᠡᠨ ᠪᠠᠢ᠌ᠨ᠎ᠠ᠃