
11 ᠳ᠋ᠦ᠍ᠭᠡᠷ ᠰᠠᠷ᠎ᠠ ᠵᠢᠨ 19᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠦ ᠲᠠᠯ᠎ᠠ᠎ᠪᠠᠷ ᠭᠦᠨᠵᠡᠭᠡᠶ᠋ᠢᠷᠡᠭᠦᠯᠵᠦ ᠥᠪᠥᠷ ᠮᠣᠩᠭᠤᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠬᠦᠴᠦᠯᠡᠨ ᠠᠬᠢᠭᠤᠯᠤᠶ᠎ᠠ》 ᠬᠡᠮᠡᠬᠦ ᠭᠤᠤᠯ ᠰᠡᠳᠦᠪᠲᠦ ᠰᠣᠨᠢᠨ ᠮᠡᠳᠡᠭᠡ ᠨᠡᠶ᠋ᠢᠲᠡᠯᠡᠬᠦ ᠬᠤᠷᠠᠯ — 《ᠲᠦᠷᠢᠮ᠎ᠤᠨ ᠲᠣᠭᠲᠠᠯᠴᠠᠭ᠎ᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ ᠬᠥᠭᠵᠢᠯᠲᠡ ᠵᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠤᠶ᠎ᠠ》 ᠬᠡᠮᠡᠬᠦ ᠲᠤᠰᠬᠠᠶ ᠲᠠᠯᠠᠪᠤᠷ᠎ᠢ ᠡᠷᠬᠢᠯᠡᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠢ᠌ᠭᠤᠯᠤᠯᠲᠠ ᠵᠢᠨ ᠲᠢᠩᠬᠢᠮ ᠪᠣᠯᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠵᠡᠷᠭᠡ ᠰᠠᠯᠠᠭ᠎ᠠ ᠮᠥᠴᠢᠷ᠎ᠤᠨ ᠭᠤᠤᠯ ᠬᠠᠷᠢᠭᠤᠴᠠᠯᠭ᠋ᠠᠲᠠᠨ ᠨᠥᠬᠦᠳ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠬᠦ ᠵᠢᠨ ᠲᠣᠭᠤᠷᠢᠨ᠎ᠳᠤ ᠰᠤᠷᠪᠤᠯᠵᠢᠯᠠᠭᠴᠢ ᠵᠢᠨ ᠠᠰᠠᠭᠤᠯᠲᠠ᠎ᠨᠤᠭᠤᠳ᠎ᠢ ᠬᠠᠷᠢᠭᠤᠯᠪᠠ᠃
ᠦᠪᠤᠷ ᠮᠣᠩᠭᠤᠯ᠎ᠤᠨ ᠠᠷᠡᠳ᠎ᠤᠨ ᠶᠠᠪᠤᠳᠡᠯ᠎ᠤᠨ ᠳᠢᠩᠬᠢᠮ ᠮᠠᠯᠵᠢᠬᠤ ᠳᠡᠷᠢᠶᠡᠯᠡᠬᠤ ᠣᠷᠣᠨ᠎ᠤ ᠨᠠᠰᠣᠵᠢᠯ᠎ᠤᠨ ᠠᠰᠠᠷᠠᠮᠵᠢ ᠵᠢᠨ ᠦᠢ᠍ᠯᠡᠴᠢᠯᠡᠬᠡᠨ᠎ᠤ ᠰᠢᠨ᠎ᠡ ᠲᠥᠯᠥᠪ ᠪᠠᠢ᠌ᠳᠠᠯ᠎ᠢ ᠪᠠᠢ᠌ᠭᠤᠯᠤᠨ᠎ᠠ

ᠺᠠᠩ ᠰᠢᠤᠸᠠᠢ ᠳ᠋ᠦᠩ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠭᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ
ᠡᠨᠡ ᠵᠢᠯ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠮᠠᠯᠵᠢᠬᠤ ᠲᠠᠷᠢᠶᠠᠯᠠᠬᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ ᠲᠦᠷᠭᠡᠳᠬᠡᠨ ᠬᠥᠭᠵᠢᠭᠦᠯᠵᠦ᠂ ᠲᠦᠷᠢᠮ᠎ᠤᠨ ᠵᠢᠷᠤᠭ ᠲᠥᠯᠥᠪᠯᠡᠭᠡ ᠵᠢ ᠲᠡᠭᠦᠯᠳᠡᠷᠵᠢᠭᠦᠯᠬᠦ᠂ ᠬᠠᠩᠭ᠋ᠠᠯᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠬᠦ᠂ ᠬᠠᠮᠢᠶᠠᠷᠤᠯᠲᠠ ᠦᠢ᠍ᠯᠡᠴᠢᠯᠡᠭᠡ ᠵᠢ ᠰᠢᠯᠢᠳᠡᠭᠵᠢᠭᠦᠯᠬᠦ᠂ ᠬᠦᠴᠦᠨ ᠵᠦᠢ᠍ᠯ᠎ᠤᠨ ᠪᠠᠲᠤᠯᠠᠭ᠎ᠠ ᠵᠢ ᠴᠢᠩᠭ᠋ᠠᠳᠬᠠᠬᠤ ᠵᠡᠷᠭᠡ ᠲᠠᠯ᠎ᠠ᠎ᠪᠠᠷ ᠢᠳᠡᠪᠬᠢᠲᠡᠶ ᠬᠠᠶ᠋ᠢᠨ ᠰᠦᠪᠡᠭᠴᠢᠯᠡᠪᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠵᠡᠷᠭᠡ 13 ᠰᠠᠯᠠᠭ᠎ᠠ ᠮᠥᠴᠢᠷ᠎ᠯᠦᠭᠡ ᠬᠠᠮᠲᠤᠷᠠᠨ 《ᠮᠠᠯᠵᠢᠬᠤ ᠲᠠᠷᠢᠶᠠᠯᠠᠬᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ ᠲᠦᠷᠭᠡᠳᠬᠡᠨ ᠬᠥᠭᠵᠢᠭᠦᠯᠬᠦ》 ᠵᠢᠨ ᠲᠣᠭᠤᠷᠢᠨ᠎ᠳᠤ ᠬᠡᠷᠡᠭᠵᠢᠭᠦᠯᠬᠦ ᠲᠥᠰᠦᠯ᠎ᠢ ᠲᠣᠭᠲᠠᠭ᠋ᠠᠨ ᠳᠠᠷᠤᠮᠠᠯᠯᠠᠨ ᠶᠠᠪᠤᠭᠤᠯᠵᠤ᠂ 《ᠰᠢᠶᠠᠨ ᠰᠢᠶᠠᠩ ᠲᠣᠰᠬᠤᠨ᠎ᠤ ᠬᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠣᠣᠷ᠎ᠢ ᠪᠦᠷᠢᠨᠰᠢᠬᠦᠯᠬᠦ᠂ ᠪᠠᠢ᠌ᠭᠤᠯᠤᠯ ᠲᠣᠭᠲᠠᠴᠠ᠎ᠳᠤ ᠰᠢᠨ᠎ᠡ ᠵᠢ ᠡᠭᠦᠳᠬᠦ᠂ ᠦᠢ᠍ᠯᠡᠴᠢᠯᠡᠭᠡᠨ᠎ᠤ ᠬᠡᠪ ᠵᠠᠭᠪᠤᠷ᠎ᠲᠤ ᠰᠢᠨ᠎ᠡ ᠵᠢ ᠡᠭᠦᠳᠬᠦ᠂ ᠠᠵᠢᠯ᠎ᠤᠨ ᠪᠠᠲᠤᠯᠠᠭ᠎ᠠ ᠵᠢ ᠴᠢᠩᠭ᠋ᠠᠳᠬᠠᠬᠤ》 ᠳᠥᠷᠪᠡᠨ ᠲᠠᠯ᠎ᠠ ᠵᠢᠨ 17 ᠵᠦᠢ᠍ᠯ᠎ᠤᠨ ᠪᠣᠳᠠᠲᠠᠶ ᠠᠷᠭ᠎ᠠ ᠬᠡᠮᠵᠢᠶ᠎ᠡ ᠵᠢ ᠨᠠᠷᠢᠯᠢᠬ᠍ᠵᠢᠭᠤᠯᠪᠠ᠃
ᠪᠠᠷᠢᠮᠵᠢᠶ᠎ᠠ ᠵᠢ ᠴᠢᠩᠭ᠎ᠠ ᠵᠢᠷᠤᠮᠯᠠᠵᠤ ᠪᠠᠢ᠌ᠭ᠋ᠠᠳ ᠠᠰᠠᠷᠠᠭᠴᠢ ᠬᠥᠮᠥᠵᠢᠭᠦᠯᠦᠨ ᠪᠣᠯᠪᠠᠰᠤᠷᠠᠭᠤᠯᠬᠤ 30 ᠰᠠᠭᠤᠷᠢᠨ ᠭᠠᠵᠠᠷ᠎ᠢ ᠰᠢᠯᠢᠨ ᠰᠣᠩᠭᠣᠪᠠ᠃ 《ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠤᠷᠢᠳᠴᠢᠯᠠᠨ ᠰᠦᠢ᠍ᠳᠬᠡᠯ ᠬᠤᠷᠢᠶᠠᠬᠤ ᠬᠠᠮᠢᠶᠠᠷᠤᠯᠲᠠ ᠵᠢᠨ ᠠᠷᠭ᠎ᠠ》 ᠵᠢ ᠨᠡᠶ᠋ᠢᠲᠡᠯᠡᠵᠦ᠂ ᠪᠠᠢ᠌ᠭᠤᠯᠤᠮᠵᠢ ᠵᠢᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠪᠣᠳᠠᠲᠠᠶ᠋ᠢᠵᠢᠭᠤᠯᠪᠠ᠃ ᠲᠥᠪ᠎ᠤᠨ ᠠᠰᠠᠷᠠᠮᠵᠢ ᠵᠢᠨ ᠱᠠᠩᠨᠠᠯᠲᠤ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠮᠥᠩᠭᠦ ᠵᠢ 4308.75 ᠲᠦᠮᠡᠨ ᠲᠥᠭᠦᠷᠢᠭ ᠲᠣᠬᠢᠷᠠᠭᠤᠯᠵᠤ᠂ ᠬᠤᠰᠢᠭᠤ ᠰᠢᠶᠠᠨ᠎ᠤ ᠱᠠᠲᠤᠨ᠎ᠤ ᠣᠨᠴᠠ ᠬᠦᠴᠢᠷᠳᠡᠯᠲᠡᠶ ᠬᠥᠮᠦᠰ᠎ᠢ ᠠᠰᠠᠷᠠᠨ ᠲᠡᠵᠢᠭᠡᠬᠦ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠪᠠᠷᠢᠯᠭ᠎ᠠ ᠪᠠᠢ᠌ᠭᠤᠯᠬᠤ᠂ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠵᠡᠷᠭᠡ ᠰᠠᠭᠤᠷᠢ ᠪᠡᠯᠡᠳᠬᠡᠮᠵᠢ ᠵᠢ ᠰᠡᠯᠪᠢᠨ ᠵᠠᠰᠠᠵᠤ ᠳᠡᠰ ᠳᠡᠪᠰᠢᠭᠦᠯᠬᠦ ᠠᠵᠢᠯ᠎ᠳᠤ ᠬᠡᠷᠡᠭᠯᠡᠭᠦᠯᠪᠡ᠃
10 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ᠂ ᠥᠪᠥᠷ ᠮᠣᠩᠭᠤᠯ᠎ᠤᠨ ᠣᠷᠣᠨ ᠳᠠᠶᠠᠭ᠋ᠠᠷ ᠰᠤᠮᠤ ᠰᠢᠶᠠᠩ ᠪᠠᠯᠭ᠋ᠠᠰᠤᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠎ᠢ ᠨᠡᠶ᠋ᠢᠲᠡ 570 ᠪᠠᠢ᠌ᠭᠤᠯᠵᠤ᠂ ᠲᠣᠰᠬᠤᠨ᠎ᠤ ᠱᠠᠲᠤᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠥᠷᠲᠡᠭᠡ (ᠵᠢᠷᠭ᠋ᠠᠯᠠᠩᠲᠤ ᠬᠦᠷᠢᠶᠡᠯᠡᠩ ᠪᠠᠭᠲᠠᠨ᠎ᠠ) ᠵᠢ 6217 ᠪᠠᠢ᠌ᠭᠤᠯᠪᠠ᠃

ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ ᠨᠠᠰᠤᠲᠠᠶ᠋ᠢᠴᠤᠳ᠎ᠲᠤ ᠪᠠᠶᠠᠯᠢᠭ ᠰᠠᠶ᠋ᠢᠬᠠᠨ ᠰᠣᠶᠣᠯ ᠴᠡᠩᠭᠡᠯ᠎ᠤᠨ ᠠᠮᠢᠳᠤᠷᠠᠯ᠎ᠢ ᠬᠠᠩᠭ᠋ᠠᠵᠠᠢ
ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠮᠠᠯᠵᠢᠬᠤ ᠲᠠᠷᠢᠶᠠᠯᠠᠬᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠠᠬᠢᠭᠤᠯᠬᠤ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠪᠠᠢ᠌ᠷᠢᠰᠢᠭᠤᠯᠤᠯᠲᠠ᠎ᠪᠠᠨ ᠰᠢᠯᠢᠳᠡᠭᠵᠢᠭᠦᠯᠬᠦ᠂ ᠥᠭᠡᠷᠡᠴᠢᠯᠡᠨ ᠰᠠᠶ᠋ᠢᠵᠢᠷᠠᠭᠤᠯᠬᠤ᠂ ᠴᠢᠳᠠᠮᠵᠢ᠎ᠪᠠᠨ ᠥᠷᠭᠡᠳᠬᠡᠬᠦ᠎ᠪᠠᠷ ᠳᠠᠮᠵᠢᠭᠤᠯᠤᠨ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠡᠬᠢ ᠪᠠᠶᠠᠯᠢᠭ᠎ᠢ ᠨᠠᠰᠤᠲᠠᠶ᠋ᠢᠴᠤᠳ᠎ᠤᠨ ᠡᠷᠬᠢᠨ ᠲᠣᠭᠤᠷᠢᠨ᠂ ᠬᠠᠵᠠᠭᠤ ᠬᠠᠪᠢ᠂ ᠥᠷᠥᠭᠡ ᠭᠡᠷ᠎ᠲᠤ᠎ᠨᠢ ᠲᠥᠪᠯᠡᠷᠡᠭᠦᠯᠬᠦ ᠵᠢ ᠠᠬᠢᠭᠤᠯᠵᠤ᠂ ᠰᠢᠶᠠᠨ ᠰᠢᠶᠠᠩ ᠲᠣᠰᠬᠤᠨ᠎ᠢ ᠵᠣᠯᠭ᠋ᠠᠭᠤᠯᠤᠭᠰᠠᠨ ᠭᠤᠷᠪᠠᠨ ᠱᠠᠲᠤᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠣᠣᠷ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠳᠠᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃
ᠥᠪᠥᠷ ᠮᠣᠩᠭᠤᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠥᠭᠡᠷᠡᠴᠢᠯᠡᠯᠲᠡ ᠵᠢᠨ ᠡᠭᠦᠷᠭᠡ᠎ᠪᠠᠨ ᠪᠣᠳᠠᠲᠠᠶ᠋ᠢᠵᠢᠭᠤᠯᠬᠤ ᠵᠢ ᠠᠬᠢᠭᠤᠯᠤᠨ᠎ᠠ

ᠵᠠᠶ ᠶᠢᠩ ᠵᠢᠶᠦ᠋ᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ
ᠥᠪᠥᠷ ᠮᠣᠩᠭᠤᠯ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠢᠨ ᠬᠡᠷᠡᠭᠵᠢᠭᠦᠯᠬᠦ ᠲᠥᠰᠦᠯ᠎ᠢ ᠲᠣᠭᠲᠠᠭ᠋ᠠᠵᠤ᠂ ᠥᠭᠡᠷᠡᠴᠢᠯᠡᠯᠲᠡ ᠵᠢᠨ ᠡᠭᠦᠷᠭᠡ ᠵᠢ ᠲᠦᠷᠦᠭᠦᠯᠡᠨ ᠬᠢᠬᠦ ᠵᠢᠨ ᠲᠣᠭᠤᠷᠢᠨ᠎ᠳᠤ 36 ᠵᠦᠢ᠍ᠯ᠎ᠤᠨ ᠪᠣᠳᠠᠲᠠᠶ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠭᠰᠠᠨ ᠪᠥᠭᠡᠳ ᠰᠤᠷᠲᠠᠯ ᠵᠶ᠋ᠠᠨ ᠬᠤᠪᠢᠷᠠᠭᠤᠯᠬᠤ᠂ ᠠᠰᠠᠭᠤᠳᠠᠯ ᠵᠶ᠋ᠠᠨ ᠵᠠᠯᠠᠷᠠᠭᠤᠯᠬᠤ᠎ᠪᠠᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦᠯᠦᠭᠡ ᠨᠢᠭᠲᠠ ᠤᠶᠠᠯᠳᠤᠭᠤᠯᠵᠤ᠂ ᠨᠢᠭᠡ ᠴᠣᠭᠴᠠᠵᠢᠭᠤᠯᠤᠨ ᠠᠬᠢᠭᠤᠯᠪᠠ᠃ ᠣᠳᠣᠬᠠᠨ᠎ᠳᠤ ᠨᠡᠶ᠋ᠢᠭᠡᠮ᠎ᠤᠨ ᠳᠠᠭ᠋ᠠᠳᠬᠠᠯ᠎ᠤᠨ ᠲᠤᠬᠠᠶ᠋ᠢᠯᠠᠭᠰᠠᠨ ᠠᠵᠢᠯ᠎ᠢ 《ᠬᠠᠮᠲᠤᠳᠤᠨᠢ ᠬᠢᠨᠠᠵᠤ ᠨᠢᠭᠡᠳᠦᠯᠲᠡᠶ ᠰᠢᠢ᠍ᠳᠪᠦᠷᠢᠯᠡᠬᠦ》 ᠵᠢ ᠬᠡᠷᠡᠭᠵᠢᠭᠦᠯᠬᠦ᠂ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠳᠠᠭ᠋ᠠᠳᠬᠠᠯ᠎ᠤᠨ ᠰᠠᠭᠤᠷᠢ ᠮᠥᠩᠭᠦ ᠵᠢ ᠠᠶ᠋ᠢᠮᠠᠭ ᠬᠤᠲᠠ ᠵᠢᠨ ᠱᠠᠲᠤᠨ᠎ᠳᠤ ᠨᠢᠭᠡᠳᠦᠯᠲᠡᠶ ᠬᠠᠮᠢᠶᠠᠷᠬᠤ ᠵᠢ ᠪᠡᠶᠡᠯᠡᠭᠦᠯᠬᠦ ᠵᠡᠷᠭᠡ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠨᠡᠶ᠋ᠢᠲᠡᠯᠡᠭᠰᠡᠨ ᠪᠥᠭᠡᠳ ᠢᠳᠡᠪᠬᠢᠲᠡᠶ ᠦᠷ᠎ᠡ ᠪᠦᠲᠦᠮᠵᠢ ᠣᠯᠤᠭᠰᠠᠨ ᠪᠠᠢ᠌ᠨ᠎ᠠ᠃

ᠴᠢᠨᠠᠷ ᠰᠠᠶ᠋ᠢᠲᠠᠶ ᠪᠥᠭᠡᠳ ᠭᠦᠢ᠍ᠴᠡᠳ ᠠᠵᠢᠯ ᠣᠯᠭᠣᠬᠤ ᠵᠢ ᠠᠬᠢᠭᠤᠯᠬᠤ ᠵᠢᠨ ᠲᠣᠭᠤᠷᠢᠨ᠎ᠳᠤ᠂ ᠠᠵᠢᠯ ᠣᠯᠭᠤᠯᠲᠠ ᠵᠢ ᠲᠡᠷᠢᠭᠦᠨ᠎ᠳᠤ ᠲᠠᠯᠪᠢᠬᠤ ᠲᠥᠷᠥ ᠵᠢᠨ ᠪᠣᠳᠣᠯᠭ᠎ᠠ ᠵᠢ ᠴᠢᠩᠭ᠋ᠠᠳᠬᠠᠵᠤ᠂ ᠠᠵᠢᠯ ᠣᠯᠭᠤᠯᠲᠠ ᠵᠢᠨ ᠬᠦᠷᠢᠶᠡᠨ᠎ᠳᠠᠬᠢ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠠᠬᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ᠎ᠤ ᠰᠠᠨᠠᠯ᠎ᠤᠨ ᠨᠡᠢ᠌ᠲᠡᠯᠡᠭᠳᠡᠬᠦ ᠵᠢ ᠲᠦᠷᠭᠡᠳᠬᠡᠨ ᠠᠬᠢᠭᠤᠯᠵᠤ᠂ ᠭᠤᠤᠯᠳᠠᠯᠭ᠎ᠠ ᠪᠣᠯᠬᠤ ᠬᠥᠮᠦᠰ᠎ᠲᠤ ᠠᠵᠢᠯ ᠣᠯᠭᠤᠬᠤ ᠵᠢ ᠳᠡᠮᠵᠢᠬᠦ ᠲᠣᠭᠲᠠᠯᠴᠠᠭ᠎ᠠ᠎ᠪᠠᠨ ᠲᠡᠭᠦᠯᠳᠡᠷᠵᠢᠭᠦᠯᠪᠡ; ᠪᠦᠲᠦᠴᠡ ᠵᠢᠨ ᠴᠢᠨᠠᠷᠲᠠᠶ ᠠᠵᠢᠯ ᠣᠯᠭᠤᠯᠲᠠ ᠵᠢᠨ ᠵᠥᠷᠢᠴᠡᠯ᠎ᠢ ᠢᠳᠡᠪᠬᠢᠲᠡᠶ ᠨᠠᠮᠳᠠᠭᠤᠯᠪᠠ; ᠠᠵᠢᠯ ᠣᠯᠭᠤᠵᠤ ᠦᠢ᠍ᠯᠡᠰ ᠴᠣᠭᠴᠠᠯᠠᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠪᠦᠷᠢᠨᠰᠢᠭᠦᠯᠪᠡ᠃

ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠢ ᠪᠦᠷᠢᠨᠰᠢᠭᠦᠯᠬᠦ ᠵᠢᠨ ᠲᠣᠭᠤᠷᠢᠨ᠎ᠳᠤ᠂ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠲᠡᠭᠦᠯᠳᠡᠷᠵᠢᠭᠦᠯᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠳᠡᠰ ᠳᠠᠪᠬᠤᠷᠭ᠎ᠠ ᠣᠯᠠᠨ ᠲᠤᠯᠭ᠋ᠠᠭᠤᠷᠢᠯᠠᠯ᠎ᠲᠠᠢ ᠨᠠᠰᠤᠵᠢᠯ᠎ᠤᠨ ᠳᠠᠭ᠋ᠠᠳᠬᠠᠯ᠎ᠤᠨ ᠲᠣᠭᠲᠠᠯᠴᠠᠭ᠎ᠠ ᠵᠢ ᠪᠠᠢ᠌ᠭᠤᠯᠬᠤ ᠲᠤᠬᠠᠢ ᠰᠠᠨᠠᠯ》᠎ᠢ ᠪᠥᠬᠥ ᠤᠯᠤᠰ᠎ᠲᠤ ᠤᠷᠢᠳ ᠵᠶ᠋ᠠᠷ ᠨᠡᠢ᠌ᠲᠡᠯᠡᠪᠡ; ᠨᠡᠶ᠋ᠢᠭᠡᠮ᠎ᠤᠨ ᠳᠠᠭ᠋ᠠᠳᠬᠠᠯ᠎ᠤᠨ ᠬᠠᠮᠤᠷᠬᠤ ᠬᠡᠪᠴᠢᠶ᠎ᠡ ᠵᠢ ᠦᠷᠭᠦᠯᠵᠢᠯᠡᠨ ᠥᠷᠭᠡᠳᠬᠡᠵᠦ᠂ ᠴᠢᠨᠠᠷ ᠰᠠᠶ᠋ᠢᠲᠠᠶ᠎ᠪᠠᠷ ᠬᠡᠪᠴᠢᠶ᠎ᠡ ᠵᠢ᠎ᠨᠢ ᠥᠷᠭᠡᠳᠬᠡᠬᠦ ᠲᠤᠰᠬᠠᠶ ᠠᠵᠢᠯᠯᠠᠭ᠋ᠠᠨ᠎ᠢ ᠥᠷᠨᠢᠭᠦᠯᠵᠦ᠂ ᠠᠮᠢᠳᠤᠯᠢᠭ ᠵᠶ᠋ᠠᠷ ᠠᠵᠢᠯ ᠣᠯᠤᠭᠰᠠᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠰᠢᠨ᠎ᠡ ᠬᠡᠯᠪᠡᠷᠢ᠎ᠪᠠᠷ ᠠᠵᠢᠯ ᠣᠯᠤᠭᠰᠠᠳ᠎ᠤᠨ ᠨᠡᠶ᠋ᠢᠭᠡᠮ᠎ᠤᠨ ᠪᠠᠲᠤᠯᠠᠭ᠎ᠠ᠎ᠳᠤ ᠣᠷᠣᠯᠴᠠᠬᠤ ᠵᠢ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠠᠬᠢᠭᠤᠯᠵᠤ᠂ ᠨᠥᠬᠦᠴᠡᠯ᠎ᠲᠠᠢ ᠲᠣᠰᠬᠤᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠢ᠌ᠭᠤᠯᠤᠯᠲᠠ ᠵᠢ ᠵᠣᠷᠢᠭᠵᠢᠭᠤᠯᠵᠤ ᠪᠠᠢ᠌ᠭ᠋ᠠᠳ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ᠎ᠳᠤ ᠨᠥᠬᠦᠪᠥᠷᠢ ᠣᠯᠭᠣᠬᠤ ᠠᠵᠢᠯ ᠥᠷᠨᠢᠭᠦᠯᠪᠡ᠃ ᠭᠠᠷᠲᠠᠨ ᠭᠦᠢ᠍ᠴᠡᠳᠬᠡᠬᠦ ᠦᠢ᠍ᠯᠡᠴᠢᠯᠡᠭᠡᠨ᠎ᠤ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠵᠦ᠂ ᠨᠡᠶ᠋ᠢᠭᠡᠮ᠎ᠤᠨ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠵᠢ ᠳ᠋ᠢᠭᠢᠲᠴᠢᠯᠡᠭᠰᠡᠨ ᠬᠡᠯᠪᠡᠷᠢ ᠲᠡᠢ᠌ᠰᠢ ᠬᠤᠪᠢᠷᠠᠭᠤᠯᠬᠤ ᠵᠢ ᠲᠦᠷᠭᠡᠳᠬᠡᠨ ᠠᠬᠢᠭᠤᠯᠵᠤ᠂ 《ᠬᠠᠮᠲᠤᠳᠤᠨᠢ ᠬᠢᠨᠠᠵᠤ ᠨᠢᠭᠡᠳᠦᠯᠲᠡᠶ ᠭᠦᠢ᠍ᠴᠡᠳᠬᠡᠬᠦ》 ᠥᠭᠡᠷᠡᠴᠢᠯᠡᠯᠲᠡ ᠵᠢᠨ ᠦᠷ᠎ᠡ ᠪᠦᠲᠦᠭᠡᠯ᠎ᠢ ᠪᠠᠬᠢᠵᠢᠭᠦᠯᠵᠦ᠂ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠨᠡᠶ᠋ᠢᠭᠡᠮ᠎ᠤᠨ ᠳᠠᠭ᠋ᠠᠳᠬᠠᠯ᠎ᠤᠨ ᠰᠢᠯᠵᠢᠭᠦᠯᠵᠦ ᠦᠷᠭᠦᠯᠵᠢᠯᠡᠭᠦᠯᠬᠦ ᠲᠣᠭᠲᠠᠴᠠ ᠵᠢ ᠲᠡᠭᠦᠯᠳᠡᠷᠵᠢᠭᠦᠯᠦᠨ᠂ ᠨᠡᠶ᠋ᠢᠭᠡᠮ᠎ᠤᠨ ᠪᠠᠲᠤᠯᠠᠭ᠎ᠠ ᠵᠢᠨ ᠺᠠᠷᠲ ᠵᠶ᠋ᠠᠷ ᠠᠴᠢᠶᠠᠯᠠᠪᠤᠷᠢ ᠪᠣᠯᠭ᠋ᠠᠭᠰᠠᠨ ᠰᠠᠭᠤᠭ᠋ᠠᠯᠢ ᠠᠷᠠᠳ᠎ᠤᠨ ᠦᠢ᠍ᠯᠡᠴᠢᠯᠡᠭᠡᠨ᠎ᠤ 《ᠪᠦᠷᠢᠨ ᠴᠢᠳᠠᠮᠵᠢᠲᠤ ᠺᠠᠷᠲ》᠎ᠤᠨ ᠬᠡᠷᠡᠭᠯᠡᠯᠲᠡ ᠵᠢᠨ ᠪᠠᠢ᠌ᠳᠠᠯ᠎ᠢ ᠥᠷᠭᠡᠳᠬᠡᠪᠡ᠃ ᠨᠡᠶ᠋ᠢᠭᠡᠮ᠎ᠤᠨ ᠪᠠᠲᠤᠯᠠᠭ᠎ᠠ ᠵᠢᠨ ᠰᠠᠭᠤᠷᠢ ᠮᠥᠩᠭᠥᠨ᠎ᠤ ᠬᠠᠮᠢᠶᠠᠷᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠲᠥᠷᠥ ᠵᠢᠨ ᠪᠣᠳᠣᠯᠭ᠎ᠠ᠂ ᠭᠠᠷᠲᠠᠨ ᠭᠦᠢ᠍ᠴᠡᠳᠬᠡᠯᠲᠡ᠂ ᠮᠡᠳᠡᠭᠡ ᠵᠠᠩᠭᠢ᠂ ᠬᠢᠨᠠᠯᠲᠠ ᠲᠠᠯᠪᠢᠯᠲᠠ 《ᠳᠥᠷᠪᠡ ᠵᠢ ᠨᠢᠭᠡ ᠴᠣᠭᠴᠠᠵᠢᠭᠤᠯᠤᠭᠰᠠᠨ》 ᠰᠠᠭᠤᠷᠢ ᠮᠥᠩᠭᠥᠨ᠎ᠤ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠲᠣᠭᠲᠠᠯᠴᠠᠭ᠎ᠠ ᠵᠢ ᠲᠡᠭᠦᠯᠳᠡᠷᠵᠢᠭᠦᠯᠦᠨ᠂ ᠵᠠᠭ᠋ᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ᠎ᠢ ᠰᠢᠯᠤᠭᠤᠳᠬᠠᠵᠤ᠂ ᠰᠠᠭᠤᠷᠢ ᠮᠥᠩᠭᠥᠨ᠎ᠤ 《ᠠᠯᠳᠠᠭᠳᠠᠵᠤ ᠭᠡᠭᠡᠭᠳᠡᠵᠦ ᠰᠦᠢ᠍ᠳᠴᠦ ᠬᠣᠬᠢᠷᠠᠬᠤ》 ᠵᠢ ᠴᠢᠩᠭ᠎ᠠ ᠰᠡᠷᠭᠡᠢ᠌ᠯᠡᠪᠡ᠃
ᠥᠪᠥᠷ ᠮᠣᠩᠭᠤᠯ᠎ᠤᠨ 《ᠳᠤᠯᠠᠭ᠋ᠠᠯᠠᠭ᠎ᠠ ᠵᠢᠨ ᠢᠨᠵᠧᠨᠧᠷᠢᠩ》᠎ᠤᠨ 528 ᠲᠥᠷᠥᠯ ᠵᠦᠢ᠍ᠯ᠎ᠤᠨ ᠠᠵᠢᠯ ᠵᠶ᠋ᠠᠨ ᠪᠥᠬᠥᠨ᠎ᠢ ᠳᠠᠭᠤᠰᠬᠠᠪᠠ

ᠭᠦᠸᠧ ᠢᠦᠶ ᠹᠧᠩ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠢ᠌ᠭᠤᠯᠤᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ
ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠢ᠌ᠭᠤᠯᠤᠯᠲᠠ ᠵᠢᠨ ᠲᠢᠩᠬᠢᠮ ᠣᠯᠠᠨ ᠲᠦᠮᠡᠨ᠎ᠤ ᠲᠤᠰᠬᠠᠯ ᠶᠡᠬᠡᠲᠡᠶ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠢᠯᠴᠢ ᠡᠭᠦᠰᠬᠡᠭᠴᠢ᠂ ᠢᠯᠴᠢ ᠵᠢᠨ ᠲᠣᠤᠷ᠂ ᠢᠯᠴᠢ ᠵᠢᠨ ᠥᠷᠲᠡᠭᠡ᠂ ᠰᠠᠭᠤᠭ᠋ᠠᠯᠢ ᠡᠷᠦᠬᠡ ᠵᠡᠷᠭᠡ᠎ᠳᠤ ᠣᠯᠠᠨ ᠡᠭᠡᠯᠵᠢ ᠵᠢᠨ ᠪᠥᠬᠦ ᠬᠡᠯᠬᠢᠶᠡᠨ᠎ᠤ ᠵᠢᠭᠰᠠᠭ᠋ᠠᠨ ᠪᠠᠢ᠌ᠴᠠᠭ᠋ᠠᠯᠲᠠ ᠬᠢᠵᠦ᠂ ᠢᠯᠴᠢ ᠬᠠᠩᠭ᠋ᠠᠭᠰᠠᠨ ᠴᠤ᠌ ᠬᠠᠯᠠᠬᠤ ᠥᠬᠡᠶ ᠪᠠᠢ᠌ᠭ᠎ᠠ 《ᠭᠡᠮ᠎ᠤᠨ ᠦᠨᠳᠦᠰᠦ》 ᠵᠢ ᠣᠨᠣᠪᠴᠢᠲᠠᠶ ᠡᠷᠢᠵᠦ ᠣᠯᠣᠭ᠋ᠠᠳ᠂ ᠲᠥᠷᠥᠯ ᠵᠦᠢ᠍ᠯ᠎ᠤᠨ ᠨᠠᠷᠢᠨ ᠲᠠᠩᠰᠠ ᠵᠢ ᠪᠠᠢ᠌ᠭᠤᠯᠤᠨ᠂ 528 ᠲᠥᠷᠥᠯ ᠵᠦᠢ᠍ᠯ᠎ᠢ ᠲᠣᠭᠲᠠᠭ᠋ᠠᠪᠠ᠃ 10 ᠳ᠋ᠤᠭ᠋ᠠᠷ ᠰᠠᠷ᠎ᠠ ᠵᠢᠨ 15᠎ᠤ ᠡᠳᠦᠷ ᠪᠣᠯᠲᠠᠯ᠎ᠠ᠂ ᠪᠥᠬᠦ ᠵᠢᠯ᠎ᠤᠨ ᠬᠡᠷᠡᠭᠵᠢᠭᠦᠯᠬᠦ᠎ᠪᠠᠷ ᠲᠥᠯᠥᠪᠯᠡᠵᠦ ᠪᠠᠢ᠌ᠭ᠎ᠠ 528 ᠲᠥᠷᠥᠯ ᠵᠦᠢ᠍ᠯ᠎ᠤᠨ ᠠᠵᠢᠯ ᠵᠶ᠋ᠠᠨ ᠪᠦᠬᠦᠨ᠎ᠢ ᠳᠠᠭᠤᠰᠬᠠᠵᠤ᠂ ᠪᠥᠬᠦ ᠣᠷᠣᠨ᠎ᠤ 103 ᠬᠤᠰᠢᠭᠤ ᠰᠢᠶᠠᠨ (ᠬᠤᠲᠠ᠂ ᠲᠣᠭᠤᠷᠢᠭ) ᠪᠦᠬᠦᠨ᠎ᠳᠤ ᠴᠠᠭ ᠲᠤᠬᠠᠢᠳᠤᠨᠢ ᠢᠯᠴᠢ ᠬᠠᠩᠭ᠋ᠠᠪᠠ᠃ ᠣᠳᠣᠬᠠᠨ᠎ᠳᠤ᠂ ᠪᠥᠬᠦ ᠣᠷᠣᠨ᠎ᠤ ᠢᠯᠴᠢ ᠬᠠᠩᠭ᠋ᠠᠬᠤ ᠠᠵᠢᠯᠯᠠᠭ᠋ᠠᠨ ᠶᠡᠷᠦᠩᠬᠡᠶ᠎ᠳᠤ᠎ᠪᠠᠨ ᠲᠣᠭᠲᠠᠭᠤᠨ ᠪᠠᠢ᠌ᠵᠤ᠂ ᠢᠯᠴᠢ ᠬᠠᠩᠭ᠋ᠠᠬᠤ ᠶᠠᠰᠤ ᠴᠢᠨᠠᠷ ᠢᠯᠡᠳᠲᠡ ᠳᠡᠭᠡᠭᠰᠢᠯᠡᠪᠡ᠃

ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠥᠪᠥᠷ ᠮᠣᠩᠭᠤᠯ᠎ᠤᠨ ᠣᠷᠣᠨ ᠳᠠᠶᠠᠭ᠋ᠠᠷ᠎ᠤᠨ ᠢᠯᠴᠢ ᠬᠠᠩᠭ᠋ᠠᠬᠤ ᠬᠦᠷᠢᠶᠡᠨ᠎ᠳᠠᠬᠢ ᠥᠭᠡᠷᠡᠴᠢᠯᠡᠯᠲᠡ ᠵᠢ ᠠᠬᠢᠭᠤᠯᠤᠨ᠂ 《ᠳᠤᠯᠠᠭ᠋ᠠᠯᠭ᠎ᠠ ᠵᠢᠨ ᠢᠨᠵᠧᠨᠧᠷᠢᠩ》᠎ᠤᠨ ᠦᠷ᠎ᠡ ᠪᠦᠲᠦᠭᠡᠯ᠎ᠢ ᠪᠠᠬᠢᠵᠢᠭᠦᠯᠬᠦ ᠵᠢᠨ ᠲᠥᠯᠥᠭᠡ᠂ ᠥᠪᠥᠷ ᠮᠣᠩᠭᠤᠯ 《ᠣᠨᠣᠴᠠᠲᠠᠶ᠎ᠪᠠᠷ ᠢᠯᠴᠢ ᠬᠠᠩᠭ᠋ᠠᠬᠤ᠂ ᠬᠡᠷᠡᠭᠴᠡᠭᠡ᠎ᠪᠠᠷ᠎ᠨᠢ ᠢᠯᠴᠢ ᠬᠠᠩᠭ᠋ᠠᠬᠤ》 ᠵᠢ ᠬᠠᠶ᠋ᠢᠨ ᠰᠦᠪᠡᠭᠴᠢᠯᠡᠪᠡ᠃
ᠢᠯᠴᠢ ᠬᠠᠩᠭ᠋ᠠᠬᠤ ᠬᠤᠭᠤᠴᠠᠭ᠋ᠠᠨ᠎ᠳᠠᠬᠢ ᠣᠨᠣᠴᠠᠲᠠᠢ ᠦᠢ᠍ᠯᠡᠴᠢᠯᠡᠭᠡ ᠵᠢ ᠭᠤᠤᠯᠳᠠᠯᠭ᠎ᠠ᠎ᠲᠠᠢ ᠰᠠᠶ᠋ᠢᠲᠤᠷ ᠠᠳᠬᠤᠵᠤ᠂ ᠰᠠᠭᠤᠭ᠋ᠠᠯᠢ ᠠᠷᠠᠳ᠎ᠤᠨ ᠬᠡᠷ᠎ᠤᠨ ᠳᠤᠯᠠᠭ᠋ᠠᠨ᠎ᠢ᠎ᠨᠢ ᠰᠦᠯᠵᠢᠶ᠎ᠡ᠎ᠪᠠᠨ ᠬᠢᠨᠠᠨ ᠰᠢᠨᠵᠢᠬᠦ ᠰᠢᠰᠲ᠋ᠧᠮ᠎ᠢ ᠭᠦᠢ᠍ᠴᠡᠳ ᠠᠰᠢᠭᠯᠠᠨ᠂ ᠡᠳᠦᠷᠲᠤᠨᠢ ᠰᠤᠳᠤᠯᠤᠨ ᠮᠠᠭ᠋ᠠᠳᠯᠠᠵᠤ ᠲᠡᠷᠡ ᠭᠠᠷᠠᠭ᠎ᠲᠤ᠎ᠨᠢ ᠲᠣᠬᠢᠷᠠᠭᠤᠯᠤᠯᠲᠠ ᠬᠢᠬᠦ ᠵᠢ ᠣᠨᠣᠪᠴᠢᠲᠠᠶ ᠥᠷᠨᠢᠭᠦᠯᠵᠦ᠂ ᠡᠯ᠎ᠡ ᠭᠠᠵᠠᠷ᠎ᠤᠨ ᠢᠯᠴᠢ ᠬᠠᠩᠭ᠋ᠠᠬᠤ ᠠᠵᠢᠯᠯᠠᠭ᠋ᠠᠨ᠎ᠤ ᠪᠠᠢ᠌ᠳᠠᠯ᠎ᠢ ᠴᠠᠭ ᠲᠤᠬᠠᠶ᠎ᠳᠤᠨᠢ ᠡᠵᠡᠮᠰᠢᠵᠦ ᠪᠠᠢ᠌ᠨ᠎ᠠ᠃ ᠢᠯᠴᠢ ᠬᠠᠩᠭ᠋ᠠᠬᠤ ᠦᠢ᠍ᠯᠡᠴᠢᠯᠡᠭᠡᠨ᠎ᠤ ᠲᠤᠰᠬᠠᠶ ᠤᠲᠠᠰᠤ᠂ 《ᠬᠤᠤᠰ ᠬᠠᠮᠢᠶᠠᠷᠤᠭᠴᠢ》 ᠵᠢᠨ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠣᠷᠣᠰᠢᠵᠤ ᠪᠠᠢ᠌ᠭ᠎ᠠ ᠬᠦᠴᠢᠷᠳᠡᠯ᠎ᠲᠠᠢ ᠠᠰᠠᠭᠤᠳᠠᠯ᠎ᠢ ᠴᠠᠭ ᠲᠤᠬᠠᠶ᠎ᠳᠤᠨᠢ ᠵᠣᠬᠢᠴᠠᠭᠤᠯᠤᠨ ᠰᠢᠢ᠍ᠳᠪᠦᠷᠢᠯᠡᠵᠦ ᠪᠠᠢ᠌ᠨ᠎ᠠ᠃
ᠢᠯᠴᠢ ᠬᠠᠩᠭ᠋ᠠᠬᠤ ᠠᠵᠢᠯ ᠲᠥᠷᠥᠯ᠎ᠤᠨ ᠬᠠᠮᠢᠶᠠᠷᠤᠯᠲᠠ ᠵᠢ ᠲᠠᠰᠤᠷᠠᠯᠲᠠ ᠤᠢ᠍ᠭᠡᠢ ᠵᠢᠷᠤᠮᠵᠢᠭᠤᠯᠤᠨ᠂ ᠢᠯᠴᠢ ᠬᠠᠩᠭ᠋ᠠᠬᠤ ᠡᠵᠡᠩᠨᠡᠯᠲᠡ ᠵᠢᠨ ᠵᠥᠪᠰᠢᠶᠡᠷᠡᠯ᠎ᠤᠨ ᠳᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠢᠯᠴᠢ ᠬᠠᠩᠭ᠋ᠠᠬᠤ ᠠᠵᠤ ᠠᠬᠤᠶ᠋ᠢᠯᠠᠯ᠎ᠤᠨ ᠵᠥᠪᠰᠢᠶᠡᠷᠡᠨ ᠣᠷᠣᠭᠤᠯᠬᠤ ᠪᠠ ᠪᠤᠴᠠᠭ᠋ᠠᠨ ᠭᠠᠷᠭ᠋ᠠᠬᠤ ᠲᠣᠭᠲᠠᠴᠠ ᠵᠢ ᠪᠠᠢ᠌ᠭᠤᠯᠤᠨ᠂ ᠣᠯᠠᠨᠲᠠ ᠱᠠᠭ᠋ᠠᠷᠳᠠᠭᠰᠠᠨ ᠴᠤ᠌ ᠴᠡᠭᠴᠡᠯᠡᠨ ᠰᠠᠶ᠋ᠢᠵᠢᠷᠠᠭᠤᠯᠤᠭᠰᠠᠨ ᠦᠭᠡᠶ ᠪᠠ ᠰᠢᠯᠭ᠋ᠠᠨ ᠦᠨᠡᠯᠡᠭᠰᠡᠨ ᠦᠷ᠎ᠡ ᠳ᠋ᠦᠩ᠎ᠨᠢ ᠦᠷᠭᠦᠯᠵᠢᠯᠡᠨ ᠬᠢᠷᠢ ᠲᠡᠩᠴᠡᠭᠰᠡᠨ ᠦᠭᠡᠶ ᠠᠵᠤ ᠠᠬᠤᠶ᠋ᠢᠯᠠᠯ᠎ᠢ ᠬᠠᠤᠯᠢ ᠶᠣᠰᠣᠭ᠋ᠠᠷ ᠢᠯᠭ᠋ᠠᠷᠠᠭᠤᠯᠤᠨ ᠪᠤᠴᠠᠭ᠋ᠠᠨ᠎ᠠ᠃

《ᠣᠨᠣᠴᠠᠲᠠᠶ᠎ᠪᠠᠷ ᠢᠯᠴᠢ ᠬᠠᠩᠭ᠋ᠠᠬᠤ᠂ ᠬᠡᠷᠡᠭᠴᠡᠭᠡ᠎ᠪᠠᠷ᠎ᠨᠢ ᠢᠯᠴᠢ ᠬᠠᠩᠭ᠋ᠠᠬᠤ》 ᠰᠢᠨ᠎ᠡ ᠬᠡᠪ ᠵᠠᠭᠪᠤᠷ᠎ᠢ ᠦᠷᠭᠦᠯᠵᠢᠯᠡᠨ ᠬᠠᠶ᠋ᠢᠨ ᠰᠦᠪᠡᠭᠴᠢᠯᠡᠵᠦ᠂ ᠬᠥᠬᠡᠬᠤᠲᠠ᠂ ᠣᠷᠳᠣᠰ ᠬᠤᠲᠠ ᠵᠡᠷᠭᠡ 5 ᠠᠶ᠋ᠢᠮᠠᠭ ᠬᠤᠲᠠ ᠵᠢᠨ ᠣᠶᠤᠨᠲᠤ ᠢᠯᠴᠢ ᠬᠠᠩᠭ᠋ᠠᠬᠤ ᠲᠤᠷᠰᠢᠯᠲᠠ ᠵᠢᠨ ᠴᠡᠭ᠎ᠤᠨ ᠠᠵᠢᠯ ᠵᠶ᠋ᠠᠨ ᠦᠷᠭᠦᠯᠵᠢᠯᠡᠨ ᠥᠷᠨᠢᠭᠦᠯᠬᠦ ᠵᠢ ᠠᠬᠢᠭᠤᠯᠤᠨ᠂ ᠬᠢᠶ᠎ᠠ ᠪᠠᠭᠰᠢ ᠲᠣᠭᠤᠷᠢᠭ᠎ᠢ ᠣᠶᠤᠨᠲᠤ ᠢᠯᠴᠢ ᠬᠠᠩᠭ᠋ᠠᠬᠤ ᠬᠤᠰᠢᠭᠤᠴᠢ ᠲᠣᠭᠣᠷᠢᠭ ᠪᠣᠯᠭ᠋ᠠᠵᠤ᠂ ᠪᠥᠬᠦ ᠣᠷᠣᠨ ᠪᠦᠰᠡ ᠵᠢᠨ ᠣᠶᠤᠨᠲᠤ ᠢᠯᠴᠢ ᠬᠠᠩᠭ᠋ᠠᠬᠤ ᠵᠢᠱ᠌ᠢᠶ᠎ᠡ ᠦᠵᠡᠭᠦᠯᠬᠦ ᠴᠡᠭ᠎ᠢ ᠰᠦᠪᠡᠭᠴᠢᠯᠡᠨ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠤᠶᠤᠨᠲᠤ ᠢᠯᠴᠢ ᠬᠠᠩᠭ᠋ᠠᠬᠤ ᠪᠠᠷᠢᠮᠵᠢᠶ᠎ᠠ ᠵᠢ ᠵᠡᠷᠭᠡ᠎ᠳᠤ᠎ᠨᠢ ᠰᠤᠳᠤᠯᠤᠨ ᠲᠣᠭᠲᠠᠭ᠋ᠠᠵᠤ᠂ 《ᠡᠭᠦᠰᠬᠡᠭᠴᠢ᠂ ᠲᠣᠣᠷ᠂ ᠥᠷᠲᠡᠭᠡ᠂ ᠡᠷᠦᠬᠡ》 ᠵᠢᠨ ᠪᠥᠬᠦ ᠬᠡᠯᠬᠢᠶ᠎ᠡ ᠵᠢᠨ ᠣᠶᠤᠨᠲᠤ ᠬᠠᠮᠢᠶᠠᠷᠤᠯᠲᠠ ᠵᠢ ᠪᠡᠶᠡᠯᠡᠭᠦᠯᠪᠡ᠃ ᠡᠭᠦᠨ᠎ᠤ ᠬᠠᠮᠲᠤ᠂ ᠬᠠᠩᠭ᠋ᠠᠬᠤ ᠬᠡᠮᠵᠢᠶ᠎ᠡ᠎ᠪᠠᠷ᠎ᠨᠢ ᠢᠯᠴᠢ ᠬᠠᠩᠭ᠋ᠠᠵᠤ ᠰᠦᠢ᠍ᠳᠬᠡᠯ ᠬᠤᠷᠢᠶᠠᠬᠤ᠂ ᠬᠠᠮᠢᠶᠠᠷᠬᠤ ᠪᠠ ᠤᠬᠠᠭᠤᠯᠬᠤ ᠲᠣᠭᠲᠠᠯᠴᠠᠭ᠎ᠠ ᠵᠢ ᠰᠦᠪᠡᠭᠴᠢᠯᠡᠨ ᠪᠠᠢ᠌ᠭᠤᠯᠵᠤ᠂ 《ᠣᠨᠣᠴᠠᠲᠠᠶ᠎ᠪᠠᠷ ᠢᠯᠴᠢ ᠬᠠᠩᠭ᠋ᠠᠬᠤ᠂ ᠬᠡᠷᠡᠭᠴᠡᠭᠡ᠎ᠪᠠᠷ᠎ᠨᠢ ᠢᠯᠴᠢ ᠬᠠᠩᠭ᠋ᠠᠬᠤ》 ᠬᠠᠷᠠᠯᠲᠠ ᠵᠢ ᠠᠯᠬᠤᠮ ᠠᠯᠬᠤᠮ ᠵᠶ᠋ᠠᠷ ᠪᠡᠶᠡᠯᠡᠭᠦᠯᠬᠦ ᠪᠣᠯᠣᠨ᠎ᠠ᠃
ᠭᠠᠷᠠᠭ ᠪᠦᠷᠢ ᠤᠷᠤᠨ᠎ᠤ ᠭᠠᠳᠠᠨᠠᠬᠢ 530 ᠭᠠᠷᠤᠢ ᠮᠡᠷᠭᠡᠵᠢᠯᠳᠡᠨ ᠢᠷᠡᠵᠦ ᠡᠮᠨᠡᠨ ᠵᠠᠰᠠᠬᠤ ᠪᠣᠯᠣᠭᠰᠠᠨ ᠵᠶ᠋ᠠᠷ
ᠤᠯᠠᠨ ᠲᠦᠮᠡᠨ 《ᠭᠡᠷ᠎ᠤᠨ ᠵᠶ᠋ᠡᠨ ᠡᠭᠦᠳᠡᠨ᠎ᠳᠤ ᠨᠡᠷᠡᠳᠤ ᠡᠮᠴᠢ᠎ᠪᠠᠷ ᠡᠪᠡᠳᠴᠢᠨ ᠵᠶ᠋ᠡᠨ ᠦᠵᠡᠭᠦᠯᠬᠦ》 ᠵᠢ ᠪᠡᠶᠡᠯᠡᠭᠦᠯᠪᠡ

ᠯᠢᠦ ᠶᠦᠩ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠡᠷᠬᠢᠯᠡᠭᠴᠢ

ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠥᠪᠥᠷ ᠮᠣᠩᠭᠤᠯ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠦᠷᠢᠶᠡᠨ᠎ᠳᠠᠬᠢ ᠥᠭᠡᠷᠡᠴᠢᠯᠡᠯᠲᠡ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠬᠤ ᠵᠢ ᠠᠬᠢᠭᠤᠯᠵᠤ᠂ ᠣᠯᠠᠨ ᠲᠦᠮᠡᠨ᠎ᠤ ᠤᠷᠢᠳᠴᠢᠯᠠᠨ ᠰᠡᠷᠭᠡᠶ᠋ᠢᠯᠡᠵᠦ ᠡᠷᠡᠭᠦᠯᠵᠢᠭᠦᠯᠬᠦ ᠪᠠ ᠡᠪᠡᠳᠴᠢᠨ ᠵᠶ᠋ᠡᠨ ᠡᠮᠨᠡᠭᠦᠯᠵᠦ ᠵᠠᠰᠠᠬᠤ᠎ᠳᠤ ᠬᠠᠮᠤᠭ᠎ᠠᠴᠠ ᠰᠡᠳᠬᠢᠯ ᠲᠠᠯᠪᠢᠵᠤ ᠬᠠᠮᠤᠭ᠎ᠤᠨ ᠰᠢᠭᠤᠳ ᠬᠠᠮᠤᠭ᠎ᠤᠨ ᠪᠣᠳᠠᠲᠠᠶ ᠠᠰᠢᠭ ᠲᠤᠰᠠ ᠵᠢᠨ ᠠᠰᠠᠭᠤᠳᠠᠯ᠎ᠤᠳ᠎ᠢ ᠬᠦᠴᠦᠯᠡᠨ ᠰᠢᠢ᠍ᠳᠪᠦᠷᠢᠯᠡᠵᠦ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ 9 ᠲᠠᠯ᠎ᠠ ᠵᠢᠨ ᠭᠤᠤᠯ ᠪᠣᠯᠬᠤ ᠡᠭᠦᠷᠭᠡ᠂ 35 ᠵᠦᠢ᠍ᠯ᠎ᠤᠨ ᠨᠠᠶ᠋ᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠪᠠᠨ ᠪᠦᠬᠦᠨ᠎ᠢ ᠡᠬᠢᠯᠡᠨ ᠬᠡᠷᠡᠭᠵᠢᠭᠦᠯᠵᠦ᠂ ᠬᠣᠰᠢᠭᠤ ᠰᠢᠶᠠᠨ᠎ᠤ ᠬᠡᠪᠴᠢᠶᠡᠨ᠎ᠳᠠᠬᠢ ᠡᠮᠴᠢᠯᠡᠭᠡᠨ᠎ᠤ ᠬᠠᠮᠲᠤ ᠵᠢᠨ ᠴᠣᠭᠴᠠ ᠵᠢᠨ ᠠᠨᠠᠭ᠋ᠠᠬᠤ ᠤᠬᠠᠭ᠋ᠠᠨ᠎ᠤ ᠳᠦᠷᠰᠦ ᠰᠢᠩᠭᠡᠭᠡᠯᠲᠡ ᠵᠢᠨ 《ᠲᠠᠷᠠᠬᠠᠢ ᠴᠡᠭ᠎ᠲᠤ ᠪᠠᠢ᠌ᠴᠠᠭ᠋ᠠᠵᠤ᠂ ᠲᠥᠪᠯᠡᠷᠡᠩᠭᠦᠢ ᠴᠡᠭ᠎ᠲᠤ ᠣᠨᠣᠰᠢᠯᠠᠬᠤ》᠂ ᠠᠰᠠᠷᠠᠵᠤ ᠰᠠᠭ᠋ᠠᠲᠠᠭᠤᠯᠬᠤ ᠦᠢ᠍ᠯᠡᠴᠢᠯᠡᠭᠡᠨ᠎ᠤ ᠣᠷᠣ ᠨᠡᠮᠡᠬᠦ ᠵᠡᠷᠭᠡ ᠡᠭᠦᠷᠭᠡ ᠵᠢᠨ ᠣᠨ᠎ᠤ ᠬᠠᠷᠠᠯᠲᠠ᠎ᠪᠠᠨ ᠤᠷᠢᠳᠴᠢᠯᠠᠨ ᠪᠡᠶᠡᠯᠡᠭᠦᠯᠪᠡ᠃
ᠡᠷᠡᠭᠦᠯ ᠡᠩᠬᠡ ᠥᠪᠥᠷ ᠮᠣᠩᠭᠤᠯ᠎ᠤᠨ ᠠᠵᠢᠯᠯᠠᠭ᠋ᠠᠨ ᠪᠠ ᠤᠯᠤᠰ ᠵᠶ᠋ᠠᠨ ᠬᠠᠶ᠋ᠢᠷᠠᠯᠠᠬᠤ ᠡᠷᠡᠭᠦᠯ ᠬᠠᠮᠠᠭ᠋ᠠᠯᠠᠯ᠎ᠤᠨ ᠬᠥᠳᠡᠯᠭᠡᠭᠡᠨ᠎ᠢ ᠭᠦᠨᠵᠡᠭᠡᠶ ᠬᠡᠷᠡᠭᠵᠢᠭᠦᠯᠵᠦ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠵᠶ᠋ᠠᠨ ᠬᠠᠶ᠋ᠢᠷᠠᠯᠠᠬᠤ ᠡᠷᠡᠭᠦᠯ ᠬᠠᠮᠠᠭ᠋ᠠᠯᠠᠯ᠎ᠤᠨ ᠲᠦᠷᠢᠮ》᠎ᠳᠤ ᠵᠠᠰᠠᠪᠤᠷᠢ ᠣᠷᠣᠭᠤᠯᠵᠤ᠂ ᠡᠷᠡᠭᠦᠯ ᠰᠠᠷᠠᠭᠤᠯ ᠠᠮᠢᠳᠤᠷᠠᠬᠤ ᠠᠷᠭ᠎ᠠ ᠵᠢ ᠰᠠᠨᠠᠭ᠋ᠠᠴᠢᠯᠠᠨ᠂ ᠡᠷᠡᠭᠦᠯ ᠮᠡᠨᠳᠦ ᠵᠢ ᠨᠥᠯᠥᠭᠡᠯᠡᠬᠦ ᠭᠤᠤᠯ ᠬᠦᠴᠦᠨ ᠵᠦᠢ᠍ᠯ ᠪᠠ ᠬᠦᠨᠳᠦ ᠶᠡᠭᠡ ᠡᠪᠡᠳᠴᠢᠨ ᠡᠮᠭᠡᠭ᠎ᠢ ᠴᠢᠷᠮᠠᠶ᠋ᠢᠨ ᠬᠣᠷᠢᠭᠯᠠᠵᠤ᠂ ᠰᠠᠭᠤᠭ᠋ᠠᠯᠢ ᠠᠷᠠᠳ᠎ᠤᠨ ᠡᠷᠡᠭᠦᠯ ᠮᠡᠨᠳᠦ ᠵᠢᠨ ᠬᠡᠪ ᠪᠣᠯᠪᠠᠰᠤᠷᠠᠯ᠎ᠤᠨ ᠬᠢᠷᠢ ᠲᠦᠪᠰᠢᠨ᠎ᠢ 29.18%᠎ᠳᠤ ᠬᠦᠷᠦᠭᠦᠯᠵᠦ᠂ ᠪᠥᠬᠦ ᠤᠯᠤᠰ᠎ᠤᠨ ᠳᠤᠮᠳᠠᠴᠢ ᠬᠢᠷᠢ ᠲᠦᠪᠰᠢᠨ᠎ᠠᠴᠠ 1.4 ᠵᠠᠭᠤᠨ᠎ᠤ ᠴᠡᠭ ᠵᠶ᠋ᠡᠷ ᠥᠨᠳᠥᠷ ᠪᠣᠯᠭ᠋ᠠᠪᠠ᠃
ᠤᠯᠤᠰ᠎ᠤᠨ ᠣᠷᠣᠨ ᠪᠦᠰᠡ ᠵᠢᠨ ᠡᠮᠴᠢᠯᠡᠭᠡᠨ᠎ᠤ 4 ᠲᠥᠪ᠎ᠤᠨ ᠪᠦᠲᠦᠭᠡᠨ ᠪᠠᠢ᠌ᠭᠤᠯᠤᠯᠲᠠ ᠵᠢ ᠯᠠᠪᠳᠠᠭᠤᠨ ᠵᠶ᠋ᠠᠷ ᠠᠬᠢᠭᠤᠯᠪᠠ᠂ ᠡᠭᠦᠨ᠎ᠳᠤ ᠬᠥᠬᠡᠬᠤᠲᠠ᠎ᠳᠤ 2᠂ ᠤᠯᠠᠭ᠋ᠠᠨᠬᠠᠳᠠ᠂ ᠪᠠᠶᠠᠨᠨᠠᠭᠤᠷ᠎ᠲᠤ ᠲᠣᠰ ᠪᠦᠷᠢ 1 ᠪᠠᠢ᠌ᠵᠤ᠂ 《ᠡᠮᠴᠢᠯᠡᠭᠡ᠂ ᠵᠢᠭ᠋ᠠᠨ ᠰᠤᠷᠭ᠋ᠠᠯᠲᠠ᠂ ᠰᠢᠨᠵᠢᠯᠡᠬᠦ ᠤᠬᠠᠭ᠋ᠠᠨ᠎ᠤ ᠰᠤᠳᠤᠯᠤᠯ᠂ ᠬᠠᠮᠢᠶᠠᠷᠤᠯᠲᠠ》 ᠵᠢᠨ ᠠᠭᠤᠰᠤᠯᠴᠠᠵᠤ ᠬᠠᠮᠵᠢᠯᠴᠠᠨ ᠬᠥᠭᠵᠢᠬᠦ ᠵᠢ ᠠᠬᠢᠭᠤᠯᠵᠤ᠂ ᠪᠥᠬᠦ ᠣᠷᠣᠨ᠎ᠤ ᠡᠮᠴᠢᠯᠡᠭᠡᠨ᠎ᠤ ᠥᠨᠳᠦᠷᠯᠢᠭ᠎ᠢ ᠪᠦᠲᠦᠭᠡᠪᠡ᠃ ᠤᠯᠤᠰ᠎ᠤᠨ ᠣᠷᠣᠨ ᠪᠦᠰᠡ ᠵᠢᠨ ᠡᠮᠴᠢᠯᠡᠭᠡᠨ᠎ᠤ 4 ᠲᠥᠪ᠎ᠲᠤ ᠴᠥᠮ ᠣᠷᠳᠣ ᠬᠤᠭᠤᠴᠠᠭ᠎ᠠ᠎ᠪᠠᠷ ᠲᠣᠮᠢᠯᠠᠨ ᠰᠠᠭᠤᠯᠭ᠋ᠠᠭᠰᠠᠨ ᠲᠤᠰᠬᠠᠶ ᠮᠡᠷᠭᠡᠵᠢᠯᠲᠡᠨ᠎ᠲᠠᠢ᠂ ᠰᠠᠷ᠎ᠠ ᠪᠦᠷᠢ ᠪᠠᠷᠤᠭ 8 ᠲᠦᠮᠡᠨ ᠡᠪᠡᠳᠴᠢᠲᠡᠨ᠎ᠳᠤ ᠦᠢ᠍ᠯᠡᠴᠢᠯᠡᠳᠡᠭ᠃
ᠪᠡᠭᠡᠵᠢᠩ ᠥᠪᠥᠷ ᠮᠣᠩᠭᠤᠯ᠂ ᠱᠠᠩᠬᠠᠶ ᠥᠪᠥᠷ ᠮᠣᠩᠭᠤᠯ᠂ ᠯᠢᠶᠣᠤᠨᠢᠩ ᠥᠪᠥᠷ ᠮᠣᠩᠭᠣᠯ᠂ ᠲᠢᠶᠠᠨᠵᠢᠨ ᠥᠪᠥᠷ ᠮᠣᠩᠭᠤᠯ ᠵᠡᠷᠭᠡ ᠣᠷᠣᠨ ᠪᠦᠰᠡ ᠠᠯᠤᠰᠯᠠᠭᠰᠠᠨ ᠡᠮᠴᠢᠯᠡᠭᠡᠨ᠎ᠤ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠣᠷᠣᠨ᠎ᠤ ᠭᠠᠳᠠᠨᠠᠬᠢ ᠥᠨᠳᠥᠷ ᠬᠢᠷᠢ ᠲᠦᠪᠰᠢᠨ ᠪᠥᠬᠦᠶ ᠡᠮᠨᠡᠯᠭᠡ ᠵᠢᠨ ᠬᠤᠷᠢᠶ᠎ᠠ᠎ᠯᠤᠭ᠎ᠠ ᠠᠵᠢᠯ ᠲᠥᠷᠥᠯ᠎ᠤᠨ ᠰᠢᠰᠲ᠋ᠧᠮ ᠵᠶ᠋ᠠᠷ ᠵᠶ᠋ᠠᠨ ᠬᠠᠮᠵᠢᠯᠴᠠᠬᠤ ᠲᠣᠭᠲᠠᠴᠠ ᠵᠢ ᠪᠠᠢ᠌ᠭᠤᠯᠤᠨ᠂ ᠪᠥᠬᠦ ᠣᠷᠣᠨ᠎ᠤ ᠠᠯᠪᠠᠨ᠎ᠠᠴᠠ ᠪᠠᠢ᠌ᠭᠤᠯᠤᠭᠰᠠᠨ 44 ᠡᠮᠨᠡᠯᠭᠡ ᠵᠢᠨ ᠬᠤᠷᠢᠶ᠎ᠠ ᠵᠢ ᠬᠠᠮᠤᠷᠪᠠ᠂ ᠭᠠᠷᠠᠭ ᠪᠦᠷᠢ ᠣᠷᠣᠨ᠎ᠤ ᠭᠠᠳᠠᠨᠠᠬᠢ 530 ᠭᠠᠷᠤᠢ ᠲᠤᠰᠬᠠᠶ ᠮᠡᠷᠭᠡᠵᠢᠯᠲᠡᠨ ᠡᠮᠨᠡᠨ ᠵᠠᠰᠠᠬᠤ ᠪᠣᠯᠣᠭᠰᠠᠨ ᠵᠶ᠋ᠠᠷ᠂ ᠣᠯᠠᠨ ᠲᠦᠮᠡᠨ 《ᠬᠡᠷ᠎ᠤᠨ ᠵᠶ᠋ᠡᠨ ᠡᠭᠦᠳᠡᠨ᠎ᠳᠤ ᠨᠠᠷᠠᠲᠤ ᠡᠮᠴᠢ᠎ᠪᠠᠷ ᠡᠪᠡᠳᠴᠢᠨ ᠵᠶ᠋ᠡᠨ ᠦᠵᠡᠭᠦᠯᠬᠦ》 ᠵᠢ ᠪᠡᠶᠡᠯᠡᠭᠦᠯᠪᠡ᠃

ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠡᠪᠡᠳᠴᠢᠲᠡᠳ ᠣᠷᠣᠨ᠎ᠤ ᠭᠠᠳᠠᠨ᠎ᠠ ᠡᠪᠡᠳᠴᠢᠨ ᠵᠶ᠋ᠡᠨ ᠦᠵᠡᠭᠦᠯᠬᠦ᠎ᠳᠤ ᠭᠤᠤᠯ ᠰᠣᠩᠭᠣᠵᠤ ᠪᠠᠢ᠌ᠬᠤ ᠮᠤᠵᠢ ᠬᠤᠲᠠ ᠣᠷᠣᠨ᠎ᠯᠤᠭ᠎ᠠ᠎ᠨᠢ ᠬᠠᠷᠢᠴᠠᠭᠤᠯᠤᠨ᠂ ᠣᠷᠣᠨ᠎ᠤ ᠭᠠᠳᠠᠨᠠᠬᠢ ᠨᠠᠩ ᠣᠯᠠᠨ᠂ ᠨᠠᠩ ᠴᠢᠨᠠᠷ ᠰᠠᠶ᠋ᠢᠲᠠᠶ ᠡᠮᠴᠢᠯᠡᠭᠡᠨ᠎ᠤ ᠡᠬᠢ ᠪᠠᠶᠠᠯᠢᠭ᠎ᠢ ᠣᠷᠣᠭᠤᠯᠤᠨ ᠠᠪᠴᠢᠷᠠᠨ᠎ᠠ; ᠡᠭᠦᠨ᠎ᠤ ᠬᠠᠮᠲᠤ᠂ ᠣᠷᠣᠨ᠎ᠤ ᠭᠠᠳᠠᠨᠠᠬᠢ ᠲᠤᠰᠬᠠᠶ ᠮᠡᠷᠭᠡᠵᠢᠯᠲᠡᠨ ᠳᠠᠭ᠋ᠠᠭᠤᠯᠵᠤ ᠵᠢᠭ᠋ᠠᠨ ᠰᠤᠷᠭ᠋ᠠᠬᠤ᠂ ᠭᠠᠳᠠᠭᠰᠢ ᠲᠣᠮᠢᠯᠠᠨ ᠪᠣᠯᠪᠠᠰᠤᠷᠠᠭᠤᠯᠬᠤ᠂ ᠳᠡᠭᠡᠳᠦ ᠲᠠᠰ ᠳᠠᠪᠬᠤᠷᠭ᠎ᠠ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠲᠣᠰ ᠨᠤᠲᠤᠭ ᠣᠷᠣᠨ᠎ᠤ ᠨᠠᠩ ᠣᠯᠠᠨ ᠲᠤᠰᠬᠠᠶ ᠮᠡᠷᠭᠡᠵᠢᠯᠲᠡᠨ᠎ᠢ ᠴᠢᠷᠮᠠᠶ᠋ᠢᠨ ᠬᠥᠮᠦᠵᠢᠭᠦᠯᠵᠦ᠂ ᠣᠯᠠᠨ ᠲᠦᠮᠡᠨ᠎ᠤ ᠡᠪᠡᠳᠴᠢᠨ ᠵᠶ᠋ᠡᠨ ᠦᠵᠡᠭᠦᠯᠬᠦ᠎ᠳᠤ ᠰᠠᠨᠠᠭ᠎ᠠ ᠵᠢ᠎ᠨᠢ ᠠᠮᠤᠷ ᠲᠠᠢ᠌ᠪᠤᠭᠤ ᠪᠣᠯᠭ᠋ᠠᠨ᠎ᠠ᠃ ᠡᠭᠦᠨ᠎ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠪᠠᠰᠠ ᠡᠷᠡᠭᠦᠯ ᠮᠡᠨᠳᠦ ᠵᠢ ᠤᠷᠢᠳ ᠵᠶ᠋ᠠᠷ ᠬᠥᠭᠵᠢᠭᠦᠯᠬᠦ ᠪᠠᠢ᠌ᠯᠳᠤᠬᠤ ᠪᠣᠳᠣᠯᠭ᠎ᠠ᠂ 《ᠡᠮᠴᠢᠯᠡᠭᠡ᠂ ᠡᠮᠴᠢᠯᠡᠭᠡᠨ᠎ᠤ ᠪᠠᠲᠤᠯᠠᠭ᠎ᠠ᠂ ᠡᠮ ᠡᠮᠨᠡᠯᠭᠡ》 ᠵᠢᠨ ᠬᠠᠮᠵᠢᠯᠴᠠᠭᠰᠠᠨ ᠬᠥᠭᠵᠢᠯᠲᠡ ᠪᠠ ᠵᠠᠰᠠᠯᠲᠠ᠂ ᠬᠢᠲᠠᠳ ᠡᠮ ᠡᠮᠨᠡᠯᠭᠡ ᠵᠢ ᠤᠯᠠᠮᠵᠢᠯᠠᠨ ᠰᠢᠨ᠎ᠡ ᠵᠢ ᠡᠭᠦᠳᠴᠦ ᠬᠥᠭᠵᠢᠭᠦᠯᠬᠦ ᠲᠣᠭᠲᠠᠴᠠ᠂ ᠦᠷᠡᠵᠢᠯ᠎ᠢ ᠳᠡᠮᠵᠢᠬᠦ ᠲᠥᠷᠥ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠬᠦ ᠵᠡᠷᠭᠡ ᠥᠭᠡᠷᠡᠴᠢᠯᠡᠯᠲᠡ ᠵᠢᠨ ᠡᠭᠦᠷᠭᠡ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠥᠬᠦ ᠣᠷᠣᠨ᠎ᠤ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠡᠷᠡᠭᠦᠯ ᠮᠡᠨᠳᠦ ᠪᠤᠶᠠᠨ ᠵᠢᠷᠭ᠋ᠠᠯ᠎ᠢ ᠦᠨᠡᠨ ᠬᠦ᠌ ᠳᠡᠭᠡᠭᠰᠢᠯᠡᠭᠦᠯᠦᠨ᠎ᠡ᠃