ᠲᠡᠷᠢᠭᠦᠨ ᠬᠠᠭᠤᠳᠠᠰᠤ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠵᠠᠬ᠎ᠠ ᠳᠡᠯᠭᠡᠭᠦᠷ᠎ᠤᠨ ᠲᠣᠭᠲᠠᠴᠠ ᠵᠢᠨ ᠦᠢ᠍ᠯᠡᠳᠦᠯ᠎ᠢ ᠬᠡᠷᠬᠢᠨ ᠨᠡᠩ ᠰᠠᠢ᠌ᠲᠤᠷ ᠪᠠᠳᠠᠷᠠᠭᠤᠯᠬᠤ ᠪᠤᠢ? ᠥᠪᠥᠷ ᠮᠣᠩᠭᠣᠯ᠎ᠤᠨ ᠵᠢᠷᠭᠤᠭ᠋ᠠᠨ ᠰᠠᠯᠠᠭ᠎ᠠ ᠮᠥᠴᠢᠷ᠎ᠤᠨ᠎ᠬᠢᠨ ᠬᠠᠷᠢᠭᠤᠯᠪᠠ!
ᠨᠡᠶ᠋ᠢᠲᠡᠯᠡᠭᠰᠡᠨ ᠴᠠᠭ᠄ 2024-11-06



      11 ᠳ᠋ᠦ᠍ᠭᠡᠷ ᠰᠠᠷ᠎ᠠ ᠵᠢᠨ 5᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢ᠌ᠷᠡᠭᠦᠯᠵᠦ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠬᠦᠴᠦᠯᠡᠨ ᠠᠬᠢᠭᠤᠯᠤᠶ᠎ᠠ》 ᠭᠡᠬᠦ ᠰᠢᠷᠢᠰ ᠭᠣᠣᠯ ᠰᠡᠳᠦᠪᠲᠦ ᠰᠣᠨᠢᠨ ᠮᠡᠳᠡᠭᠡ ᠨᠡᠢ᠌ᠲᠡᠯᠡᠬᠦ ᠬᠣᠶᠠᠳᠤᠭ᠋ᠠᠷ ᠲᠠᠯᠠᠪᠤᠷ᠎ᠤᠨ ᠬᠤᠷᠠᠯ – 《ᠵᠠᠬ᠎ᠠ ᠳᠡᠯᠭᠡᠭᠦᠷ᠎ᠤᠨ ᠲᠣᠭᠲᠠᠴᠠ ᠵᠢᠨ ᠦᠢ᠍ᠯᠡᠳᠦᠯ᠎ᠢ ᠨᠠᠩ ᠰᠠᠢ᠌ᠨ ᠪᠠᠳᠠᠷᠠᠭᠤᠯᠵᠤ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠶ᠎ᠠ》 ᠭᠡᠬᠦ ᠲᠤᠰᠬᠠᠢ ᠲᠠᠯᠠᠪᠤᠷ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠢ ᠵᠣᠬᠢᠶᠠᠨ ᠪᠠᠢ᠌ᠭᠤᠯᠵᠤ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠤᠯᠤᠰ᠎ᠤᠨ ᠦᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠳ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠵᠢ ᠲᠠᠨᠢᠯᠴᠠᠭᠤᠯᠤᠭᠰᠠᠨ ᠮᠥᠷᠲᠡᠭᠡᠨ ᠲᠠᠷᠠᠭ᠋ᠠᠴᠢ ᠵᠢᠨ ᠠᠯᠬᠤᠮ᠎ᠳᠤ ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠬᠥᠭᠵᠢᠯᠲᠡ ᠵᠢ ᠬᠡᠷᠬᠢᠨ ᠠᠬᠢᠭᠤᠯᠬᠤ᠂ ᠥᠪᠥᠷ ᠮᠣᠩᠭᠣᠯ᠎ᠤᠨ ᠣᠨᠴᠠᠯᠢᠭ ᠪᠦᠬᠦᠢ ᠳᠠᠪᠠᠭᠤᠯᠢᠭ᠎ᠢ ᠢᠯᠡᠷᠡᠭᠦᠯᠦᠭᠰᠡᠨ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢ ᠠᠬᠢᠭᠤᠯᠬᠤ ᠲᠣᠭᠲᠠᠴᠠ᠎ᠪᠠᠨ ᠬᠡᠷᠬᠢᠨ ᠲᠦᠷᠭᠡᠳᠬᠡᠨ ᠲᠡᠭᠦᠯᠳᠡᠷᠵᠢᠭᠦᠯᠬᠦ᠂ ᠬᠡᠷᠬᠢᠨ ᠤᠯᠠᠮ ᠨᠢᠭᠡ ᠠᠯᠬᠤᠮ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠵᠤ ᠴᠢᠨᠠᠷ ᠰᠠᠢ᠌ᠲᠠᠢ ᠬᠥᠭᠵᠢᠯᠲᠡ᠎ᠳᠤ ᠡᠳ᠋᠎ᠤᠨ ᠬᠦᠴᠦᠨ᠎ᠤ ᠪᠠᠲᠤᠯᠠᠭ᠎ᠠ ᠬᠠᠩᠭ᠋ᠠᠬᠤ ᠵᠡᠷᠭᠡ ᠲᠠᠯ᠎ᠠ᠎ᠪᠠᠷ ᠰᠤᠷᠪᠤᠯᠵᠢᠯᠠᠭᠴᠢ ᠵᠢᠨ ᠠᠰᠠᠭᠤᠯᠲᠠ᠎ᠨᠤᠭᠤᠳ᠎ᠲᠤ ᠬᠠᠷᠢᠭᠤᠯᠲᠠ ᠥᠭᠴᠡᠢ᠃

      ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠬᠠᠮᠢᠶ᠎ᠠ ᠪᠦᠬᠦᠢ ᠪᠠᠢ᠌ᠳᠠᠯ ᠵᠶ᠋ᠠᠨ ᠲᠠᠨᠢᠯᠴᠠᠭᠤᠯᠤᠭᠰᠠᠨ ᠵᠶ᠋ᠠᠷ᠂ ᠡᠨᠡ ᠵᠢᠯ᠎ᠠᠴᠠ ᠨᠠᠭ᠋ᠠᠰᠢ᠂ ᠥᠪᠥᠷ ᠮᠣᠩᠭᠣᠯ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠢ᠌ᠷᠡᠭᠦᠯᠬᠦ ᠶᠡᠷᠦᠩᠬᠡᠢ ᠱᠠᠭ᠋ᠠᠷᠳᠠᠯᠭ᠎ᠠ ᠵᠢᠨ ᠲᠣᠭᠣᠷᠢᠨ᠎ᠳᠤ᠂ ᠪᠠᠢ᠌ᠭᠤᠯᠤᠯ ᠲᠣᠭᠲᠠᠴᠠ ᠵᠢᠨ ᠪᠠᠢ᠌ᠭᠤᠯᠤᠯᠲᠠ᠎ᠪᠠᠷ ᠭᠣᠣᠯᠳᠠᠯᠭ᠎ᠠ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ ᠬᠣᠶᠠᠷ ᠱᠠᠲᠤᠨ᠎ᠤ ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠬᠥᠭᠵᠢᠯᠲᠡ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠪᠠᠶ᠋ᠢᠭᠤᠯᠬᠤ᠎ᠪᠠᠷ ᠳᠠᠮᠵᠢᠭᠤᠯᠤᠨ᠂ ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠬᠥᠭᠵᠢᠯᠲᠡ ᠵᠢ ᠪᠠᠲᠤᠯᠠᠬᠤ ᠪᠠ ᠳᠡᠮᠵᠢᠬᠦ ᠡᠷᠴᠢᠮ ᠵᠶ᠋ᠡᠨ ᠲᠤᠢ᠌ᠯ᠎ᠤᠨ ᠶᠡᠬᠡ᠎ᠪᠠᠷ ᠴᠢᠩᠭ᠋ᠠᠷᠠᠭᠤᠯᠪᠠ᠃ ᠣᠲᠣ ᠪᠣᠯᠲᠠᠯ᠎ᠠ᠂ ᠠᠰᠠᠭᠤᠳᠠᠯ᠎ᠢ ᠰᠢᠢ᠍ᠳᠪᠦᠷᠢᠯᠡᠬᠦ᠂ ᠬᠠᠷᠢᠯᠴᠠᠵᠤ ᠦᠢ᠍ᠯᠡᠴᠢᠯᠡᠬᠦ᠂ ᠲᠥᠷᠥ ᠵᠢᠨ ᠪᠣᠳᠣᠯᠭ᠎ᠠ᠎ᠪᠠᠷ ᠳᠡᠮᠵᠢᠬᠦ᠂ ᠨᠢᠭᠡᠳᠦᠯᠲᠡᠢ ᠲᠥᠯᠥᠪᠯᠡᠨ ᠨᠠᠢ᠌ᠳᠠᠪᠤᠷᠢᠵᠢᠭᠤᠯᠬᠤ ᠳᠥᠷᠪᠡᠨ ᠠᠵᠢᠯ᠎ᠤᠨ ᠰᠢᠰᠲ᠋ᠧᠮ᠎ᠢ ᠨᠢᠭᠡᠨᠲᠡ ᠪᠠᠢ᠌ᠭᠤᠯᠤᠭᠰᠠᠨ ᠪᠠᠢ᠌ᠨ᠎ᠠ᠃ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠨᠢ ᠣᠲᠣ ᠵᠢᠨ ᠪᠠᠢ᠌ᠭ᠎ᠠ ᠠᠵᠢᠯ᠎ᠤᠨ ᠰᠠᠭᠤᠷᠢᠨ ᠳᠡᠭᠡᠷ᠎ᠡ᠎ᠪᠠᠨ᠂ 《ᠬᠡᠪᠴᠢᠶ᠎ᠡ᠂ ᠬᠡᠯᠬᠢᠶ᠎ᠡ᠂ ᠴᠡᠭ》 ᠭᠤᠷᠪᠠᠨ ᠲᠠᠰ ᠳᠠᠪᠬᠤᠷᠭ᠎ᠠ᠎ᠠᠴᠠ ᠨᠠᠩ ᠪᠣᠳᠠᠲᠠᠢ ᠠᠷᠭ᠎ᠠ ᠬᠡᠮᠵᠢᠶ᠎ᠡ ᠪᠠ ᠨᠠᠩ ᠪᠣᠳᠠᠲᠠᠢ ᠠᠵᠢᠯ ᠵᠶ᠋ᠡᠷ ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠬᠥᠭᠵᠢᠯᠲᠡ ᠵᠢ ᠠᠬᠢᠭᠤᠯᠬᠤ ᠪᠣᠯᠣᠨ᠎ᠠ᠃ 《ᠬᠡᠪᠴᠢᠶ᠎ᠡ》 ᠵᠢᠨ ᠲᠠᠯ᠎ᠠ᠎ᠪᠠᠷ᠂ ᠲᠦᠷᠪᠡᠨ ᠠᠵᠢᠯ᠎ᠤᠨ ᠰᠢᠰᠲᠸᠮ᠎ᠤᠨ ᠰᠠᠭᠤᠷᠢ ᠠᠵᠢᠯ᠎ᠢ ᠦᠷᠭᠦᠯᠵᠢᠯᠡᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠠᠵᠢᠯ᠎ᠤᠨ ᠪᠦᠷᠬᠦᠴᠡ ᠵᠢ ᠥᠷᠭᠡᠳᠬᠡᠨ᠎ᠡ᠃ 《ᠮᠧᠩ ᠴᠢ ᠲᠦᠩ》 ᠵᠡᠷᠭᠡ ᠡᠯ᠎ᠡ ᠲᠥᠷᠥᠯ᠎ᠤᠨ ᠠᠷᠭ᠎ᠠ ᠵᠠᠮ᠎ᠢ ᠦᠷᠭᠦᠯᠵᠢᠯᠡᠨ ᠠᠰᠢᠭᠯᠠᠵᠤ᠂ ᠠᠵᠤ ᠠᠬᠤᠢ᠌ᠯᠠᠯ᠎ᠤᠳ᠎ᠤᠨ ᠲᠤᠰᠬᠠᠭᠰᠠᠨ ᠠᠰᠠᠭᠤᠳᠠᠯ᠎ᠢ ᠭᠥᠯᠢᠶᠡᠨ ᠠᠪᠴᠤ ᠰᠢᠢ᠍ᠳᠪᠦᠷᠢᠯᠡᠬᠦ ᠪᠠ ᠭᠦᠢ᠍ᠴᠡᠳᠬᠡᠬᠦ ᠠᠵᠢᠯ ᠵᠶ᠋ᠠᠨ ᠰᠠᠢ᠌ᠲᠤᠷ ᠬᠢᠨ᠎ᠡ᠃ ᠡᠭᠦᠨ᠎ᠤ ᠬᠠᠮᠲᠤ᠂ ᠠᠵᠤ ᠠᠬᠤᠢ᠌ᠯᠠᠯ᠎ᠤᠳ᠎ᠲᠠᠢ ᠬᠠᠷᠢᠯᠴᠠᠵᠤ ᠦᠢ᠍ᠯᠡᠴᠢᠯᠡᠬᠦ ᠡᠯ᠎ᠡ ᠵᠦᠢ᠍ᠯ᠎ᠤᠨ ᠲᠣᠭᠲᠠᠴᠠ ᠵᠢ ᠰᠠᠢ᠌ᠲᠤᠷ ᠨᠠᠢ᠌ᠳᠠᠪᠤᠷᠢᠵᠢᠭᠤᠯᠵᠤ᠂ ᠭᠣᠣᠯᠳᠠᠯᠭ᠎ᠠ ᠪᠣᠯᠬᠤ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ 《ᠨᠢᠭᠡ ᠠᠵᠤ ᠠᠬᠤᠢ᠌ᠯᠠᠯ᠎ᠳᠤ ᠨᠢᠭᠡ ᠲᠥᠷᠥ ᠵᠢᠨ ᠪᠣᠳᠣᠯᠭ᠎ᠠ ᠬᠡᠷᠡᠭᠵᠢᠭᠦᠯᠬᠦ》 ᠦᠢ᠍ᠯᠡᠴᠢᠯᠡᠭᠡ ᠵᠢ ᠲᠡᠭᠦᠯᠳᠡᠷᠵᠢᠭᠦᠯᠬᠦ ᠵᠡᠷᠭᠡ ᠪᠣᠯᠣᠨ᠎ᠠ᠃ 《ᠬᠡᠯᠬᠢᠶ᠎ᠡ》 ᠵᠢᠨ ᠲᠠᠯ᠎ᠠ᠎ᠪᠠᠷ᠂ ᠠᠵᠤ ᠦᠢ᠍ᠯᠡᠰ᠎ᠤᠨ ᠬᠡᠯᠬᠢᠶᠡᠨ᠎ᠳᠠᠬᠢ ᠳᠡᠭᠡᠳᠦ ᠳᠣᠣᠷᠠᠳᠤ ᠬᠡᠯᠬᠢᠶᠡᠨ᠎ᠤ ᠬᠣᠭᠣᠷᠣᠨᠳᠣᠬᠢ᠂ ᠡᠯ᠎ᠡ ᠭᠣᠭᠴᠣᠭ᠋ᠠᠨ᠎ᠤ ᠬᠣᠭᠣᠷᠣᠨᠳᠣᠬᠢ ᠠᠵᠤ ᠠᠬᠤᠢ᠌ᠯᠠᠯ ᠬᠢᠭᠡᠳ ᠳᠦᠷᠦ ᠵᠢᠨ ᠪᠣᠳᠣᠯᠭ᠎ᠠ ᠵᠢ ᠬᠣᠯᠪᠣᠵᠤ᠂ 《ᠬᠡᠯᠬᠢᠶ᠎ᠡ》 ᠬᠡᠯᠪᠡᠷᠢ᠎ᠪᠠᠷ ᠬᠥᠭᠵᠢᠯᠲᠡ ᠵᠢ ᠠᠬᠢᠭᠤᠯᠤᠨ᠎ᠠ; 《ᠴᠡᠭ》᠎ᠤᠨ ᠲᠠᠯ᠎ᠠ᠎ᠪᠠᠷ᠂ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠠᠷᠠᠳ᠎ᠤᠨ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠳᠠᠬᠢ ᠬᠡᠷᠡᠭᠴᠡᠭᠡ ᠱᠠᠭ᠋ᠠᠷᠳᠠᠯᠭ᠎ᠠ ᠵᠢᠨ ᠪᠠᠲᠤᠯᠠᠭ᠎ᠠ᠎ᠳᠤ ᠨᠠᠩ ᠣᠨᠣᠪᠴᠢᠲᠠᠶ ᠲᠥᠪᠯᠡᠷᠡᠭᠦᠯᠵᠦ᠂ ᠠᠵᠢᠯ᠎ᠤᠨ ᠲᠤᠰᠤᠯᠲᠠ᠎ᠪᠠᠨ ᠪᠣᠳᠠᠲᠠᠢ᠎ᠪᠠᠷ ᠠᠳᠬᠤᠨ᠎ᠠ᠃

      ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠎ᠨᠢ ᠲᠦᠷᠦ ᠵᠢᠨ ᠪᠣᠳᠣᠯᠭ᠎ᠠ᠎ᠪᠠᠷ ᠲᠤᠯᠭ᠋ᠠᠭᠤᠷᠢᠯᠠᠭᠤᠯᠬᠤ ᠲᠣᠭᠲᠠᠯᠴᠠᠭ᠎ᠠ ᠵᠢ ᠲᠡᠭᠦᠯᠳᠡᠷᠵᠢᠭᠦᠯᠬᠦ᠂ ᠤᠳᠤ ᠦᠶ᠎ᠡ ᠵᠢᠨ ᠠᠵᠤ ᠦᠢ᠍ᠯᠡᠰ᠎ᠤᠨ ᠲᠣᠭᠲᠠᠯᠴᠠᠭ᠎ᠠ ᠵᠢ ᠪᠠᠶ᠋ᠢᠭᠤᠯᠬᠤ᠂ ᠠᠵᠢᠯ ᠲᠦᠷᠦᠯ᠎ᠤᠨ ᠵᠠᠰᠠᠯᠲᠠ ᠵᠢᠨ ᠲᠣᠭᠲᠠᠯᠴᠠᠭ᠎ᠠ ᠵᠢ ᠪᠦᠷᠢᠨᠰᠢᠭᠦᠯᠬᠦ᠂ ᠦᠢ᠍ᠯᠡᠴᠢᠯᠡᠭᠡ ᠪᠠᠲᠤᠯᠠᠭ᠎ᠠ ᠵᠢᠨ ᠲᠣᠭᠲᠠᠯᠴᠠᠭ᠎ᠠ ᠵᠢ ᠰᠢᠯᠢᠳᠡᠭᠵᠢᠭᠦᠯᠬᠦ ᠵᠡᠷᠭᠡ ᠳᠦᠷᠪᠡᠨ ᠲᠠᠯ᠎ᠠ᠎ᠠᠴᠠ ᠬᠦᠴᠦᠯᠡᠵᠦ᠂ ᠥᠪᠥᠷ ᠮᠣᠩᠭᠣᠯ᠎ᠤᠨ ᠣᠨᠴᠠᠯᠢᠭ ᠪᠦᠬᠦᠢ ᠳᠠᠪᠠᠭᠤᠯᠢᠭ᠎ᠢ ᠢᠯᠡᠷᠡᠭᠦᠯᠦᠭᠰᠡᠨ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢ ᠠᠬᠢᠭᠤᠯᠬᠤ ᠲᠣᠭᠲᠠᠴᠠ᠎ᠪᠠᠨ ᠲᠦᠷᠭᠡᠳᠬᠡᠨ ᠲᠡᠭᠦᠯᠳᠡᠷᠵᠢᠭᠦᠯᠵᠦ ᠪᠠᠢ᠌ᠨ᠎ᠠ᠃ ᠵᠢᠱ᠌ᠢᠶᠡᠯᠡᠪᠡᠯ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢᠨ 《1+7》 ᠲᠦᠷᠦ ᠵᠢᠨ ᠪᠣᠳᠣᠯᠭ᠎ᠠ ᠵᠢᠨ ᠲᠣᠭᠲᠠᠯᠴᠠᠭ᠋ᠠᠨ᠎ᠤ ᠨᠠᠢ᠌ᠳᠠᠪᠤᠷᠢᠵᠢᠭᠤᠯᠵᠤ ᠪᠠᠲᠤᠯᠠᠬᠤ ᠲᠣᠭᠲᠠᠴᠠ ᠵᠢ ᠪᠦᠷᠢᠨᠰᠢᠭᠦᠯᠦᠨ ᠠᠬᠢᠭᠤᠯᠵᠤ᠂ ᠤᠯᠠᠮᠵᠢᠯᠠᠯᠲᠤ᠂ ᠰᠢᠨ᠎ᠡ᠎ᠪᠠᠷ ᠬᠥᠭᠵᠢᠭᠰᠡᠨ᠂ ᠢᠷᠡᠭᠡᠳᠦᠢ ᠵᠢᠨ᠂ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ ᠵᠡᠷᠭᠡ ᠵᠢᠨ ᠠᠵᠤ ᠦᠢ᠍ᠯᠡᠰ᠎ᠤᠨ ᠬᠠᠮᠵᠢᠯᠴᠠᠨ ᠬᠥᠭᠵᠢᠬᠦ ᠵᠢ ᠠᠬᠢᠭᠤᠯᠬᠤ ᠲᠣᠭᠲᠠᠴᠠ᠎ᠪᠠᠨ ᠪᠦᠷᠢᠨᠰᠢᠭᠦᠯᠦᠨ᠂ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠢ ᠲᠦᠷᠭᠡᠪᠴᠢᠯᠡᠨ ᠪᠤᠵᠠᠭ᠋ᠠᠢ᠌ᠷᠠᠭᠤᠯᠵᠤ᠂ ᠪᠠᠢ᠌ᠩᠭᠤᠰᠢᠭᠤᠯᠤᠭᠰᠠᠨ ᠨᠠᠷᠢᠯᠢᠭ ᠣᠨᠣᠴᠠᠲᠠᠢ᠎ᠪᠠᠷ ᠬᠤᠳᠠᠯᠳᠤᠭ᠋ᠠᠴᠢᠨ ᠤᠷᠢᠬᠤ ᠪᠠ ᠴᠢᠬᠤᠯᠠ ᠶᠡᠬᠡ ᠲᠥᠷᠥᠯ ᠵᠦᠢ᠍ᠯ᠎ᠢ ᠠᠬᠢᠭᠤᠯᠤᠨ ᠵᠣᠬᠢᠴᠠᠭᠤᠯᠬᠤ ᠲᠣᠭᠲᠠᠴᠠ᠎ᠪᠠᠨ ᠦᠷᠭᠦᠯᠵᠢᠯᠡᠨ ᠲᠡᠭᠦᠯᠳᠡᠷᠵᠢᠭᠦᠯᠬᠦ ᠵᠡᠷᠭᠡ ᠪᠣᠯᠣᠨ᠎ᠠ᠃ ᠲᠠᠨᠢᠯᠴᠠᠭᠤᠯᠤᠭᠰᠠᠨ ᠵᠶ᠋ᠠᠷ᠂ 1᠎ᠠᠴᠠ 9 ᠳ᠋ᠦ᠍ᠭᠡᠷ ᠰᠠᠷ᠎ᠠ᠎ᠳᠤ᠂ ᠥᠪᠥᠷ ᠮᠣᠩᠭᠣᠯ᠎ᠤᠨ ᠪᠥᠬᠥ ᠣᠷᠣᠨ᠎ᠳᠠᠬᠢ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ 7.2% ᠵᠶ᠋ᠠᠷ ᠨᠡᠮᠡᠭᠳᠡᠵᠦ᠂ ᠪᠥᠬᠥ ᠵᠢᠯ᠎ᠤᠨ 7% ᠵᠢᠨ ᠵᠢᠱ᠌ᠢᠭᠰᠡᠨ ᠬᠠᠷᠠᠯᠲᠠ᠎ᠠᠴᠠ ᠥᠨᠳᠥᠷ ᠪᠣᠯᠵᠠᠢ᠃ ᠠᠵᠤ ᠦᠢ᠍ᠯᠡᠳᠪᠦᠷᠢ ᠵᠢᠨ ᠪᠡᠯᠡ ᠣᠷᠣᠭᠤᠯᠤᠯᠲᠠ 12.2% ᠵᠢᠡᠷ ᠨᠡᠮᠡᠭᠳᠡᠵᠦ᠂ ᠪᠡᠯᠡ ᠣᠷᠣᠭᠤᠯᠤᠯᠲᠠ ᠵᠢᠨ ᠲᠣᠭ᠎ᠠ᠎ᠨᠢ ᠵᠢᠯ᠎ᠤᠨ ᠲᠥᠯᠥᠪᠯᠡᠭᠡ ᠵᠢᠨ ᠵᠶ᠋ᠡᠨ 82.4% ᠵᠢ ᠪᠡᠶᠡᠯᠡᠭᠦᠯᠪᠡ᠃

      ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ᠎ᠬᠢᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ᠂ ᠪᠠᠭᠤᠯᠭ᠋ᠠᠬᠤ ᠶᠣᠰᠣᠲᠠᠢ ᠵᠢ᠎ᠨᠢ ᠪᠦᠬᠦᠨ᠎ᠢ ᠪᠠᠭᠤᠯᠭ᠋ᠠᠬᠤ ᠵᠠᠷᠴᠢᠮ ᠶᠣᠰᠣᠭ᠋ᠠᠷ᠂ ᠲᠤᠰᠬᠠᠢ ᠵᠦᠢ᠍ᠯ᠎ᠤᠨ ᠪᠡᠯᠡ ᠮᠥᠩᠭᠥ ᠵᠢᠨ ᠬᠠᠮᠢᠶᠠᠷᠤᠯᠲᠠ᠎ᠳᠠᠬᠢ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ᠎ᠪᠠᠨ ᠲᠦᠯᠬᠢᠨ ᠠᠬᠢᠭᠤᠯᠵᠤ᠂ ᠡᠳ᠋ ᠬᠥᠷᠥᠩᠭᠡ ᠵᠢᠨ ᠬᠢᠨᠠᠨ ᠵᠥᠪᠰᠢᠶᠡᠷᠡᠬᠦ ᠡᠷᠬᠡ ᠵᠢᠨ ᠬᠢᠵᠠᠭ᠋ᠠᠷ᠎ᠢ ᠠᠭᠤᠵᠢᠭᠤ ᠪᠣᠯᠭ᠋ᠠᠨ᠎ᠠ᠃ ᠡᠭᠦᠨ᠎ᠤ ᠬᠠᠮᠲᠤ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠮᠢᠶᠠᠷᠤᠯᠲᠠ ᠵᠢ ᠰᠢᠯᠢᠳᠡᠭᠵᠢᠭᠦᠯᠵᠦ᠂ ᠡᠳ᠋᠎ᠤᠨ ᠵᠠᠰᠠᠭ᠎ᠠᠴᠠ ᠵᠣᠭᠣᠰ ᠰᠠᠯᠭ᠋ᠠᠨ ᠥᠭᠬᠦ ᠵᠢ ᠬᠢᠨᠠᠨ ᠵᠥᠪᠰᠢᠶᠡᠷᠡᠬᠦ ᠴᠣᠪᠣᠷᠠᠯ ᠪᠠ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠰᠢᠯᠢᠳᠡᠭᠵᠢᠭᠦᠯᠦᠨ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠠᠷᠤᠳᠠᠯ᠎ᠢ ᠬᠡᠷᠡᠭᠯᠡᠬᠦ ᠲᠠᠯ᠎ᠠ᠎ᠪᠠᠷ᠎ᠬᠢ ᠡᠵᠡ ᠮᠡᠳᠡᠬᠦ ᠡᠷᠬᠡ ᠵᠢ ᠤᠯᠠᠮ ᠨᠢᠭᠡ ᠠᠯᠬᠤᠮ ᠥᠷᠭᠡᠳᠬᠡᠵᠦ᠂ ᠪᠡᠯᠡ ᠮᠥᠩᠭᠥ ᠵᠢᠨ ᠲᠣᠭ᠋ᠠᠴᠠᠭ᠎ᠠ ᠬᠢᠬᠦ ᠠᠰᠢᠭᠯᠠᠮᠵᠢ ᠵᠢ ᠳᠡᠭᠡᠭᠰᠢᠯᠡᠭᠦᠯᠦᠨ᠎ᠡ᠃


1.jpg

      ᠬᠥᠯᠥᠨ ᠪᠤᠢ᠍ᠢ᠍ᠷ ᠬᠤᠳᠠ ᠵᠢᠨ ᠮᠣᠷᠢᠨᠳᠠᠪᠠᠭ᠎ᠠ ᠳᠠᠭᠤᠷ ᠦᠨᠳᠦᠰᠦᠲᠡᠨ᠎ᠤ ᠥᠪᠡᠷᠲᠡᠭᠡᠨ ᠵᠠᠰᠠᠬᠤ ᠬᠣᠰᠢᠭᠤᠨ᠎ᠤ ᠤᠯᠤᠰ᠎ᠤᠨ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ᠎ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠲᠦᠷᠦᠯ ᠵᠦᠢ᠍ᠯ᠎ᠤᠨ ᠲᠣᠭᠣᠷᠢᠭ᠃


      ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠨᠢ ᠣᠳᠣᠬᠢᠴᠢᠯᠠᠭᠰᠠᠨ ᠲᠣᠮᠣ ᠲᠠᠷᠢᠶᠠᠯᠠᠩ᠎ᠢ ᠬᠥᠭᠵᠢᠭᠦᠯᠬᠦ᠎ᠳᠤ ᠠᠩᠬᠠᠷᠤᠯ ᠵᠶ᠋ᠠᠨ ᠲᠦᠪᠯᠡᠷᠡᠭᠦᠯᠵᠦ᠂ ᠨᠡᠢ᠌ᠭᠡᠮᠴᠢᠯᠡᠭᠰᠡᠨ 《ᠲᠣᠮᠣ ᠦᠢ᠍ᠯᠡᠴᠢᠯᠡᠭᠡ》 ᠵᠢᠨ ᠲᠣᠭᠲᠠᠯᠴᠠᠭ᠎ᠠ ᠵᠢ ᠪᠠᠢ᠌ᠭᠤᠯᠬᠤ᠎ᠪᠠᠷ ᠬᠦᠴᠦᠯᠡᠨ᠂ ᠡᠯ᠎ᠡ ᠲᠦᠷᠦᠯ᠎ᠤᠨ ᠦᠢ᠍ᠯᠡᠴᠢᠯᠡᠭᠡᠨ᠎ᠤ ᠭᠣᠣᠯ ᠴᠣᠭᠴᠠ ᠵᠢ ᠪᠣᠢ᠌ᠵᠢᠭᠤᠯᠤᠨ ᠴᠢᠩᠭ᠋ᠠᠳᠬᠠᠬᠤ᠎ᠪᠠᠷ ᠬᠦᠴᠦᠯᠡᠵᠦ᠂ ᠦᠢ᠍ᠯᠡᠴᠢᠯᠡᠭᠡᠨ᠎ᠤ ᠬᠦᠷᠢᠶ᠎ᠡ ᠵᠢ ᠦᠷᠭᠡᠳᠬᠡᠵᠦ ᠤᠷᠲᠤᠳᠬᠠᠬᠤ᠎ᠪᠠᠷ ᠬᠦᠴᠦᠯᠡᠨ᠂ ᠤᠯᠠᠨ ᠲᠡᠰ ᠳᠠᠪᠬᠤᠷᠭ᠎ᠠ᠎ᠲᠠᠢ ᠦᠢ᠍ᠯᠡᠴᠢᠯᠡᠭᠡᠨ᠎ᠤ ᠬᠡᠪ ᠵᠠᠭᠪᠤᠷ᠎ᠲᠤ ᠰᠢᠨ᠎ᠡ ᠵᠢ ᠡᠭᠦᠳᠬᠦ᠎ᠪᠠᠷ ᠬᠦᠴᠦᠯᠡᠵᠦ᠂ ᠳᠥᠭᠥᠮ ᠳᠥᠲᠡ ᠪᠦᠭᠡᠳ ᠥᠨᠳᠥᠷ ᠪᠦᠲᠦᠮᠵᠢᠲᠡᠢ᠂ ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠤᠨ ᠪᠦᠬᠦ ᠭᠣᠭᠴᠣᠭ᠎ᠠ ᠪᠦᠬᠦ ᠬᠡᠯᠬᠢᠶ᠎ᠡ ᠵᠢ ᠬᠠᠮᠤᠷᠤᠭᠰᠠᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠲᠦᠷᠭᠡᠳᠬᠡᠨ ᠪᠠᠢ᠌ᠭᠤᠯᠤᠨ᠎ᠠ᠃ ᠤᠯᠤᠰ᠎ᠤᠨ ᠲᠥᠷᠥᠯ ᠵᠦᠢ᠍ᠯ᠎ᠤᠨ ᠪᠡᠯᠡ ᠮᠥᠩᠭᠥᠨ᠎ᠤ ᠳᠡᠮᠵᠢᠯᠭᠡ ᠵᠢ ᠣᠯᠬᠤ᠎ᠪᠠᠷ ᠢᠳᠡᠪᠬᠢᠲᠡᠢ ᠴᠢᠷᠮᠠᠢ᠌ᠵᠤ᠂ 《ᠰᠦᠷᠯᠢᠭ ᠲᠣᠷᠪᠢᠯᠢᠭ》 ᠬᠥᠲᠥᠴᠢ ᠠᠵᠤ ᠠᠬᠤᠢ᠌ᠯᠠᠯ᠂ ᠲᠤᠰᠬᠠᠢ ᠦᠢ᠍ᠯᠡᠴᠢᠯᠡᠭᠡᠨ᠎ᠤ ᠺᠣᠮᠫᠠᠨᠢ᠎ᠨᠤᠭᠤᠳ᠎ᠠᠴᠠ ᠬᠣᠰᠢᠭᠤᠷᠠᠯ ᠮᠡᠷᠭᠡᠵᠢᠯ᠎ᠤᠨ ᠦᠢ᠍ᠯᠡᠴᠢᠯᠡᠭᠡ ᠬᠠᠩᠭ᠋ᠠᠬᠤ ᠵᠢ᠎ᠨᠢ ᠵᠣᠷᠢᠭᠵᠢᠭᠤᠯᠬᠤ᠎ᠪᠠᠷ ᠪᠠᠷᠠᠬᠤ ᠦᠭᠡᠢ᠂ ᠪᠠᠰᠠ 《ᠦᠯᠡᠮᠵᠢ ᠣᠯᠠᠨ》 ᠭᠠᠴᠠᠭ᠎ᠠ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ᠂ ᠭᠡᠷ ᠪᠦᠯᠢ ᠵᠢᠨ ᠲᠠᠷᠢᠶᠠᠯᠠᠩ ᠮᠠᠯᠵᠢᠯ᠎ᠤᠨ ᠲᠠᠯᠠᠪᠠᠶ᠂ ᠮᠠᠯᠴᠢᠨ ᠲᠠᠷᠢᠶᠠᠴᠢᠨ᠎ᠤ ᠬᠣᠷᠰᠢᠶᠠᠵᠢᠯ ᠵᠡᠷᠭᠡ ᠦᠢ᠍ᠯᠡᠴᠢᠯᠡᠭᠡᠨ᠎ᠤ ᠭᠣᠣᠯ ᠴᠣᠭᠴᠠ ᠵᠢᠨ ᠬᠥᠭᠵᠢᠨ ᠪᠤᠵᠠᠭ᠋ᠠᠢ᠌ᠷᠠᠬᠤ ᠵᠢ ᠳᠡᠮᠵᠢᠵᠦ᠂ ᠡᠯ᠎ᠡ ᠲᠥᠷᠥᠯ᠎ᠤᠨ ᠦᠢ᠍ᠯᠡᠴᠢᠯᠡᠭᠡᠨ᠎ᠤ ᠭᠣᠣᠯ ᠴᠣᠭᠴᠠ ᠵᠢ ᠬᠥᠲᠥᠯᠥᠨ ᠵᠢᠯᠤᠭᠣᠳᠴᠤ ᠪᠠᠢ᠌ᠭ᠋ᠠᠳ ᠲᠤᠬᠠᠢ ᠵᠢᠨ ᠭᠠᠵᠠᠷ ᠣᠷᠣᠨ᠎ᠤ ᠪᠠᠢ᠌ᠳᠠᠯ᠎ᠳᠤ᠎ᠪᠠᠨ ᠲᠣᠬᠢᠷᠠᠭᠤᠯᠤᠭᠰᠠᠨ ᠣᠯᠠᠨ ᠡᠰᠢᠲᠦ ᠦᠢ᠍ᠯᠡᠴᠢᠯᠡᠭᠡᠨ᠎ᠤ ᠬᠡᠯᠪᠡᠷᠢ ᠵᠢ ᠬᠠᠢ᠌ᠨ ᠰᠦᠪᠡᠭᠴᠢᠯᠡᠭᠦᠯᠦᠨ᠎ᠡ᠃ ᠣᠳᠣᠬᠠᠨ᠎ᠳᠤ᠂ ᠪᠥᠬᠥ ᠣᠷᠣᠨ᠎ᠤ ᠲᠠᠷᠢᠶᠠᠯᠠᠩ᠎ᠤᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠲᠠᠯᠠᠪᠠᠶ ᠨᠢᠭᠡᠨᠲᠡ 3000 ᠲᠦᠮᠡᠨ ᠮᠦ᠍᠎ᠳᠤ ᠬᠦᠷᠴᠦ᠂ ᠮᠠᠯ ᠠᠵᠤ ᠠᠬᠤᠢ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡ ᠨᠢᠭᠡᠨᠲᠡ ᠪᠥᠬᠥ ᠣᠷᠣᠨ᠎ᠤ 70% ᠵᠢᠨ ᠦᠬᠡᠷ ᠬᠣᠨᠢ ᠲᠡᠵᠢᠭᠡᠨ ᠦᠷᠡᠵᠢᠭᠦᠯᠵᠤ ᠪᠠᠢ᠌ᠭ᠎ᠠ ᠵᠢ ᠬᠠᠮᠤᠷᠪᠠ᠃


2.jpg

      ᠳᠤᠮᠳᠠᠳᠤ ᠡᠸᠦ᠋ᠷᠦᠫᠡ ᠵᠢᠨ ᠵᠢᠰᠢᠶᠠᠨ᠎ᠤ ᠭᠠᠯᠲᠤ ᠲᠡᠷᠭᠡ ᠡᠷᠢᠶᠡᠨ ᠬᠤᠳᠠ ᠵᠢᠨ ᠬᠢᠯᠢ ᠵᠢᠨ ᠪᠣᠭᠣᠮᠲᠠ᠎ᠪᠠᠷ ᠳᠠᠮᠵᠢᠨ ᠬᠢᠯᠢ᠎ᠳᠤ ᠣᠷᠣᠵᠤ ᠪᠠᠢ᠌ᠭ᠎ᠠ᠎ᠨᠢ᠃


      ᠭᠠᠳᠠᠭ᠋ᠠᠳᠤ ᠨᠡᠭᠡᠭᠡᠯᠲᠡ ᠵᠢᠨ ᠲᠠᠯ᠎ᠠ᠎ᠪᠠᠷ᠂ ᠥᠪᠥᠷ ᠮᠣᠩᠭᠣᠯ ᠬᠢᠯᠢ ᠵᠢᠨ ᠪᠣᠭᠣᠮᠲᠠ ᠵᠢᠨ ᠣᠶᠤᠨᠴᠢᠯᠠᠭᠰᠠᠨ ᠪᠦᠲᠦᠭᠡᠨ ᠪᠠᠢ᠌ᠭᠤᠯᠤᠯᠲᠠ ᠵᠢ ᠬᠢᠯᠢ ᠵᠢᠨ ᠪᠣᠭᠣᠮᠲᠠ ᠵᠢᠨ ᠪᠣᠭᠣᠮᠲᠠ᠎ᠪᠠᠷ ᠣᠷᠣᠭᠤᠯᠵᠤ ᠭᠠᠷᠭ᠋ᠠᠬᠤ ᠬᠦᠷᠢᠶᠡᠨ᠎ᠳᠠᠬᠢ ᠥᠭᠡᠷᠡᠴᠢᠯᠡᠯᠲᠡ ᠵᠢᠨ ᠴᠢᠬᠤᠯᠠ ᠵᠦᠢ᠍ᠯᠡᠰ ᠪᠣᠯᠭ᠋ᠠᠪᠠ᠃ ᠡᠨᠡ ᠵᠢᠯ᠎ᠤᠨ 10 ᠳ᠋ᠤᠭ᠋ᠠᠷ ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠬᠢᠯᠢ ᠵᠢᠨ ᠪᠣᠭᠣᠮᠲᠠ ᠵᠢᠨ ᠬᠠᠮᠢᠶᠠᠷᠤᠯᠲᠠ ᠵᠢᠨ ᠠᠯᠪᠠᠨ ᠭᠡᠷ ᠵᠡᠷᠭᠡ 11 ᠰᠠᠯᠠᠭ᠎ᠠ ᠮᠥᠴᠢᠷ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶᠤᠨᠲᠤ ᠬᠢᠯᠢ ᠵᠢᠨ ᠪᠣᠭᠣᠮᠲᠠ ᠵᠢᠨ ᠪᠦᠲᠦᠭᠡᠨ ᠪᠠᠢ᠌ᠭᠤᠯᠤᠯᠲᠠ ᠵᠢᠨ ᠲᠤᠬᠠᠢ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠶᠠᠪᠤᠭᠤᠯᠪᠠ᠃ ᠥᠪᠥᠷ ᠮᠣᠩᠭᠣᠯ 2023 ᠣᠨ᠎ᠠᠴᠠ ᠡᠬᠢᠯᠡᠨ ᠮᠠᠨᠵᠤᠤᠷ᠂ ᠡᠷᠢᠶᠡᠨ ᠬᠣᠲᠠ ᠵᠢᠨ ᠤᠯᠤᠰ᠎ᠤᠨ ᠣᠶᠤᠨᠲᠤ ᠬᠢᠯᠢ ᠵᠢᠨ ᠪᠣᠭᠣᠮᠲᠠ ᠵᠢᠨ ᠲᠤᠷᠰᠢᠯᠲᠠ ᠵᠢᠨ ᠴᠡᠭ᠎ᠤᠨ ᠪᠦᠲᠦᠭᠡᠨ ᠪᠠᠢ᠌ᠭᠤᠯᠤᠯᠲᠠ ᠪᠠ ᠥᠭᠡᠷᠡᠴᠢᠯᠡᠯᠲᠡ ᠵᠢ ᠡᠬᠢᠯᠡᠭᠦᠯᠵᠦ᠂ ᠪᠤᠰᠤᠳ ᠬᠢᠯᠢ ᠵᠢᠨ ᠪᠣᠭᠣᠮᠲᠠ ᠵᠢᠨ ᠣᠶᠤᠨᠴᠢᠯᠠᠭᠰᠠᠨ ᠥᠭᠡᠷᠡᠴᠢᠯᠡᠯᠲᠡ ᠵᠢ ᠴᠦ᠍ ᠡᠮᠬᠢ ᠵᠢᠷᠤᠮ᠎ᠲᠠᠢ ᠠᠬᠢᠭᠤᠯᠵᠤ ᠪᠤᠢ᠃ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ᠎ᠬᠢᠨ ᠣᠶᠤᠨᠲᠤ ᠬᠢᠯᠢ ᠵᠢᠨ ᠪᠣᠭᠣᠮᠲᠠ ᠵᠢᠨ ᠪᠦᠲᠦᠭᠡᠨ ᠪᠠᠢ᠌ᠭᠤᠯᠤᠯᠲᠠ᠎ᠪᠠᠷ ᠭᠠᠷᠳᠠᠴᠠ ᠪᠣᠯᠭ᠋ᠠᠵᠤ᠂ ᠬᠢᠯᠢ ᠵᠢᠨ ᠪᠣᠭᠣᠮᠲᠠ ᠵᠢᠨ ᠬᠦᠷᠢᠶᠡᠨ᠎ᠳᠠᠬᠢ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠥᠪᠥᠷ ᠮᠣᠩᠭᠣᠯ᠎ᠤᠨ ᠨᠡᠭᠡᠭᠡᠯᠲᠡ᠎ᠲᠠᠢ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠤᠯᠠᠮ ᠨᠢᠭᠡ ᠠᠯᠬᠤᠮ ᠠᠬᠢᠭᠤᠯᠬᠤ ᠪᠣᠯᠣᠨ᠎ᠠ᠃

      ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠦᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ᠎ᠬᠢᠨ ᠠᠵᠤ ᠠᠬᠤᠢ᠌ᠯᠠᠯ᠎ᠢ ᠬᠢᠨᠠᠨ ᠬᠠᠮᠢᠶᠠᠷᠬᠤ ᠶᠠᠪᠤᠴᠠ᠎ᠳᠤ᠎ᠪᠠᠨ ᠠᠯᠳᠠᠭᠳᠠᠯ᠎ᠲᠠᠢ ᠠᠵᠤ ᠠᠬᠤᠢ᠌ᠯᠠᠯ᠎ᠢ ᠲᠤᠰᠬᠠᠢ᠌ᠯᠠᠨ ᠵᠠᠰᠠᠬᠤ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠬᠦ᠂ ᠠᠯᠳᠠᠭᠳᠠᠯ᠎ᠲᠠᠢ ᠠᠵᠤ ᠠᠬᠤᠢ᠌ᠯᠠᠯ᠎ᠢ ᠲᠦᠢ᠍ᠯᠪᠦᠷᠢᠲᠠᠢ ᠵᠠᠰᠠᠬᠤ᠂ ᠨᠢᠭᠡ ᠠᠵᠤ ᠠᠬᠤᠢ᠌ᠯᠠᠯ᠎ᠳᠤ ᠨᠢᠭᠡ ᠲᠥᠷᠥ ᠵᠢᠨ ᠪᠣᠳᠣᠯᠭ᠎ᠠ ᠬᠡᠷᠡᠭᠵᠢᠭᠦᠯᠬᠦ᠎ᠪᠠᠷ ᠳᠠᠮᠵᠢᠭᠤᠯᠤᠨ ᠠᠯᠳᠠᠭᠳᠠᠯ᠎ᠢ ᠵᠠᠰᠠᠬᠤ ᠲᠥᠰᠥᠯ ᠲᠣᠭᠲᠠᠭ᠋ᠠᠬᠤ᠂ 《ᠬᠣᠶᠠᠷ ᠲᠠᠯ᠎ᠠ》 ᠵᠢ ᠦᠨᠡᠨ ᠬᠦ᠌ ᠠᠩᠬᠠᠷᠴᠤ 《ᠬᠣᠶᠠᠷ᠎ᠢ ᠪᠠᠭᠤᠷᠠᠭᠤᠯᠬᠤ》᠎ᠪᠠᠨ ᠪᠡᠶᠡᠯᠡᠭᠦᠯᠬᠦ ᠵᠢ ᠠᠬᠢᠭᠤᠯᠬᠤ ᠵᠡᠷᠭᠡ ᠬᠦᠴᠦᠲᠡᠢ ᠪᠦᠭᠡᠳ ᠪᠦᠲᠦᠮᠵᠢᠲᠡᠶ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠠᠯᠳᠠᠭᠳᠠᠯ᠎ᠢ ᠪᠠᠭ᠋ᠠᠰᠬᠠᠵᠤ ᠠᠯᠳᠠᠭᠳᠠᠯ᠎ᠢ ᠵᠠᠰᠠᠬᠤ ᠠᠵᠢᠯ᠎ᠤᠨ ᠡᠷᠴᠢᠮ᠎ᠢ ᠦᠷᠭᠦᠯᠵᠢᠯᠡᠨ ᠴᠢᠩᠭ᠋ᠠᠷᠠᠭᠤᠯᠵᠤ᠂ 2025 ᠣᠨ᠎ᠤ ᠡᠴᠦᠰ ᠪᠣᠯᠬᠤ᠎ᠳᠤ ᠬᠢᠨᠠᠨ ᠬᠠᠮᠢᠶᠠᠷᠴᠤ ᠪᠠᠢ᠌ᠭ᠎ᠠ ᠲᠤᠰᠠᠭ᠋ᠠᠷ ᠲᠣᠭ᠋ᠠᠴᠠᠭ᠋ᠠᠯᠠᠬᠤ ᠠᠵᠤ ᠠᠬᠤᠢ᠌ᠯᠠᠯ᠎ᠤᠨ ᠠᠯᠳᠠᠭᠳᠠᠯ᠎ᠤᠨ ᠬᠡᠪᠴᠢᠶ᠎ᠡ᠂ ᠠᠯᠳᠠᠭᠳᠠᠯ᠎ᠤᠨ ᠬᠡᠮᠵᠢᠶ᠎ᠡ ᠵᠢ ᠶᠡᠬᠡ᠎ᠪᠠᠷ ᠪᠠᠭᠤᠷᠠᠭᠤᠯᠬᠤ᠎ᠪᠠᠷ ᠴᠢᠷᠮᠠᠢ᠌ᠨ᠎ᠠ᠃



 

 


 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ