ᠲᠡᠷᠢᠭᠦᠨ ᠬᠠᠭᠤᠳᠠᠰᠤ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠵᠢᠷᠤᠭ ᠵᠶ᠋ᠠᠷ ᠠᠵᠤ ᠠᠬᠤᠢ ᠵᠢ ᠠᠵᠢᠭᠯᠠᠬᠤᠢ | 7.2% 4004 ᠡᠷᠦᠬᠡ 12.2% ᠵᠢᠯ᠎ᠤᠨ ᠵᠢᠱ᠌ᠢᠭᠰᠡᠨ ᠬᠠᠷᠠᠯᠲᠠ᠎ᠪᠠᠨ ᠥᠪᠥᠷ ᠮᠣᠩᠭᠣᠯ᠎ᠤᠨ᠎ᠬᠢᠨ ᠤᠷᠢᠳᠴᠢᠯᠠᠨ ᠪᠡᠶᠡᠯᠡᠭᠦᠯᠪᠡ
ᠨᠡᠶ᠋ᠢᠲᠡᠯᠡᠭᠰᠡᠨ ᠴᠠᠭ᠄ 2024-11-07


      11 ᠳ᠋ᠦ᠍ᠭᠡᠷ ᠰᠠᠷ᠎ᠠ ᠵᠢᠨ 5᠎ᠤ ᠡᠳᠦᠷ᠂ ᠰᠤᠷᠪᠤᠯᠵᠢᠯᠠᠭᠴᠢ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢ᠌ᠷᠡᠭᠦᠯᠵᠦ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠬᠦᠴᠦᠯᠡᠨ ᠠᠬᠢᠭᠤᠯᠤᠶ᠎ᠠ》 ᠭᠡᠬᠦ ᠰᠢᠷᠢᠰ ᠭᠣᠣᠯ ᠰᠡᠳᠦᠪᠲᠦ ᠰᠣᠨᠢᠨ ᠮᠡᠳᠡᠭᠡ ᠨᠡᠢ᠌ᠲᠡᠯᠡᠬᠦ ᠬᠤᠷᠠᠯ᠎ᠠᠴᠠ ᠣᠢ᠌ᠯᠠᠭ᠋ᠠᠭᠰᠠᠨ ᠵᠶ᠋ᠠᠷ᠂ ᠡᠨᠡ ᠵᠢᠯ᠎ᠤᠨ 1 - 9 ᠳ᠋ᠦ᠍ᠭᠡᠷ ᠰᠠᠷ᠎ᠠ᠎ᠳᠤ ᠥᠪᠥᠷ ᠮᠣᠩᠭᠣᠯ᠎ᠤᠨ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ 7.2% ᠵᠶ᠋ᠠᠷ ᠨᠡᠮᠡᠭᠳᠡᠵᠦ᠂ ᠪᠥᠬᠥ ᠵᠢᠯ᠎ᠤᠨ ᠵᠢᠱ᠌ᠢᠭᠰᠡᠨ ᠬᠠᠷᠠᠯᠲᠠ᠎ᠠᠴᠠ᠎ᠪᠠᠨ ᠥᠨᠳᠥᠷ  ᠪᠠᠢ᠌ᠵᠤ ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ 4004 ᠡᠷᠦᠬᠡ ᠪᠣᠯᠵᠤ᠂ ᠵᠢᠯ᠎ᠤᠨ ᠵᠢᠱ᠌ᠢᠭᠰᠡᠨ ᠬᠠᠷᠠᠯᠲᠠ᠎ᠪᠠᠨ ᠤᠷᠢᠳᠴᠢᠯᠠᠨ ᠪᠡᠶᠡᠯᠡᠭᠦᠯᠵᠦ᠂ ᠠᠵᠤ ᠦᠢ᠍ᠯᠡᠳᠪᠦᠷᠢ ᠵᠢᠨ ᠪᠡᠯᠡ ᠣᠷᠣᠭᠤᠯᠤᠯᠲᠠ 12.2% ᠵᠶ᠋ᠠᠷ ᠨᠡᠮᠡᠭᠳᠡᠨ᠂ ᠪᠡᠯᠡ ᠣᠷᠣᠭᠤᠯᠤᠯᠲᠠ ᠵᠢᠨ ᠵᠣᠭᠣᠰᠤᠨ᠎ᠤ ᠲᠣᠭ᠎ᠠ᠎ᠨᠢ ᠵᠢᠯ᠎ᠤᠨ ᠲᠥᠯᠥᠪᠯᠡᠭᠡ ᠵᠢᠨ ᠵᠶ᠋ᠡᠨ 82.4% ᠵᠢ ᠪᠡᠶᠡᠯᠡᠭᠦᠯᠵᠡᠢ᠃


1107图览经济3.jpg

1107图览经济2.jpg

1107图览经济1.jpg

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ