7 ᠳ᠋ᠤᠭᠠᠷ ᠰᠠᠷ᠎ᠠ᠎ᠶᠢᠨ 14᠎ᠦ ᠡᠳᠦᠷ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠰᠣᠨᠢᠨ ᠮᠡᠳᠡᠭᠡᠨ᠎ᠦ ᠠᠯᠪᠠᠨ ᠭᠡᠷ ᠰᠣᠨᠢᠨ ᠮᠡᠳᠡᠭᠡ ᠨᠡᠢᠲᠡᠯᠡᠬᠦ ᠬᠤᠷᠠᠯ ᠬᠤᠷᠠᠯᠳᠤᠭᠤᠯᠵᠤ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠬᠣᠯᠪᠣᠭᠳᠠᠯ ᠪᠦᠬᠦᠢ ᠬᠠᠷᠢᠭᠤᠴᠠᠯᠭᠠᠲᠠᠨ 2025 ᠣᠨ᠎ᠤ ᠳᠡᠭᠡᠷ᠎ᠡ ᠬᠠᠭᠠᠰ ᠵᠢᠯ᠎ᠦᠨ ᠵᠣᠭᠣᠰ᠎ᠤᠨ ᠢᠲᠡᠭᠡᠮᠵᠢᠲᠦ ᠵᠢᠭᠡᠯᠡᠯᠭᠡ᠎ᠶᠢᠨ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠦᠭᠰᠡᠨ ᠵᠢᠴᠢ ᠮᠥᠩᠭᠥᠨ ᠭᠦᠢᠯᠭᠡᠭᠡᠨ᠎ᠦ ᠲᠣᠭ᠎ᠠ ᠪᠦᠷᠢᠳᠬᠡᠯ᠎ᠦᠨ ᠳ᠋ᠠᠢᠲ᠋ᠠ᠎ᠶᠢᠨ ᠪᠠᠢᠳᠠᠯ᠎ᠢ ᠲᠠᠨᠢᠯᠴᠠᠭᠤᠯᠪᠠ᠂ ᠬᠠᠮᠲᠤ᠎ᠪᠠᠷ ᠦᠵᠡᠵᠡᠭᠡᠶ᠎ᠡ —
ᠵᠣᠭᠣᠰ᠎ᠤᠨ ᠲᠥᠷᠥ᠎ᠶᠢᠨ ᠪᠣᠳᠣᠯᠭ᠎ᠠ᠎ᠶᠢᠨ ᠠᠯᠢ ᠣᠯᠠᠨ ᠠᠷᠭ᠎ᠠ ᠬᠡᠮᠵᠢᠶ᠎ᠡ᠎ᠶᠢ 1 ᠰᠠᠷ᠎ᠠ᠎ᠶᠢᠨ ᠳᠣᠲᠣᠷ᠎ᠠ ᠪᠦᠬᠦᠨ᠎ᠢ ᠨᠠᠢᠳᠠᠪᠤᠷᠢᠵᠢᠭᠤᠯᠤᠨ ᠬᠡᠷᠡᠭᠵᠢᠭᠦᠯᠵᠦ ᠡᠬᠢᠯᠡᠪᠡ
5 ᠳ᠋ᠤᠭᠠᠷ ᠰᠠᠷ᠎ᠠ᠎ᠶᠢᠨ 7᠎ᠤ ᠡᠳᠦᠷ ᠲᠥᠪ ᠪᠠᠩᠬᠢ ᠵᠣᠭᠣᠰ᠎ᠤᠨ ᠲᠤᠬᠠᠢ 10 ᠵᠦᠢᠯ᠎ᠦᠨ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠨᠡᠢᠲᠡᠯᠡᠪᠡ᠃ ᠲᠣᠭ᠎ᠠ ᠬᠡᠮᠵᠢᠶᠡᠨ᠎ᠦ ᠲᠠᠯ᠎ᠠ᠎ᠪᠠᠷ᠂ ᠪᠡᠯᠡᠳᠬᠡᠯ ᠮᠥᠩᠭᠥ᠎ᠶᠢ ᠪᠠᠭᠤᠷᠠᠭᠤᠯᠬᠤ ᠵᠡᠷᠭᠡ ᠵᠣᠭᠣᠰ᠎ᠤᠨ ᠲᠦᠷᠦ᠎ᠶᠢᠨ ᠪᠣᠳᠣᠯᠭ᠎ᠠ᠎ᠶᠢᠨ ᠪᠠᠭᠠᠵᠢ᠎ᠶᠢ ᠶᠡᠷᠦᠩᠬᠡᠢᠯᠡᠨ ᠬᠡᠷᠡᠭᠯᠡᠵᠦ᠂ ᠭᠦᠢᠯᠭᠡᠭᠡᠨ᠎ᠦ ᠴᠢᠨᠠᠷ᠎ᠢᠶᠠᠷ ᠭᠦᠢᠴᠡᠳ ᠪᠠᠢᠬᠤ᠎ᠶᠢ ᠪᠠᠲᠤᠯᠠᠵᠤ᠂ ᠳᠤᠮᠳᠠ ᠪᠠ ᠤᠷᠳᠤ ᠬᠤᠭᠤᠴᠠᠭᠠᠨ᠎ᠤ ᠭᠦᠢᠯᠭᠡᠭᠡᠨ᠎ᠦ ᠴᠢᠨᠠᠷᠲᠠᠢ᠎ᠪᠠᠷ ᠳᠡᠮᠵᠢᠬᠦ᠎ᠶᠢ ᠶᠡᠬᠡᠳᠬᠡᠵᠡᠢ᠃ ᠦᠨ᠎ᠡ ᠬᠠᠩᠰᠢ᠎ᠶᠢᠨ ᠲᠠᠯ᠎ᠠ᠎ᠪᠠᠷ᠂ ᠬᠦᠦ ᠮᠥᠩᠭᠥᠨ᠎ᠦ ᠨᠤᠷᠮ᠎ᠠ᠎ᠶᠢᠨ ᠦᠵᠡᠭᠦᠯᠬᠦ ᠪᠠᠭᠠᠵᠢ᠎ᠶᠢᠨ ᠲᠣᠬᠢᠷᠠᠭᠤᠯᠭ᠎ᠠ ᠡᠵᠡᠮᠳᠡᠯ᠎ᠦᠨ ᠦᠢᠯᠡᠳᠦᠯ᠎ᠢ ᠪᠠᠳᠠᠷᠠᠭᠤᠯᠬᠤ᠎ᠶᠢ ᠴᠢᠬᠤᠯᠠᠴᠢᠯᠠᠵᠤ᠂ ᠲᠦᠷᠦ᠎ᠶᠢᠨ ᠪᠣᠳᠣᠯᠭ᠎ᠠ᠎ᠶᠢᠨ ᠬᠦᠦ ᠮᠥᠩᠭᠥᠨ᠎ᠦ ᠨᠤᠷᠮ᠎ᠠ᠎ᠶᠢ ᠳᠣᠷᠣᠭᠰᠢᠯᠠᠭᠤᠯᠵᠤ᠂ ᠪᠦᠲᠦᠴᠡ᠎ᠶᠢᠨ ᠴᠢᠨᠠᠷᠲᠠᠢ ᠵᠣᠭᠣᠰ᠎ᠤᠨ ᠲᠦᠷᠦ᠎ᠶᠢᠨ ᠪᠣᠳᠣᠯᠭ᠎ᠠ᠎ᠶᠢᠨ ᠪᠠᠭᠠᠵᠢ᠎ᠶᠢᠨ ᠬᠦᠦ ᠮᠥᠩᠭᠥᠨ᠎ᠦ ᠨᠤᠷᠮ᠎ᠠ ᠪᠠ ᠬᠤᠪᠢ ᠬᠥᠮᠥᠨ᠎ᠦ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥᠨ᠎ᠦ ᠵᠢᠭᠡᠯᠡᠯᠭᠡ᠎ᠶᠢᠨ ᠬᠦᠦ ᠮᠥᠩᠭᠥᠨ᠎ᠦ ᠨᠤᠷᠮ᠎ᠠ᠎ᠶᠢ ᠪᠠᠭᠤᠷᠠᠭᠤᠯᠵᠤ᠂ ᠬᠦᠦ ᠮᠥᠩᠭᠥᠨ᠎ᠦ ᠲᠠᠯ᠎ᠠ᠎ᠪᠠᠷ ᠳᠦᠷᠢᠮ᠎ᠡᠴᠡ ᠵᠥᠷᠢᠴᠡᠭᠰᠡᠨ ᠦᠢᠯᠡ ᠠᠵᠢᠯᠯᠠᠭ᠎ᠠ᠎ᠶᠢ ᠴᠡᠭᠴᠡᠯᠡᠨ ᠵᠢᠷᠤᠮᠵᠢᠭᠤᠯᠵᠤ᠂ ᠬᠦᠦ ᠮᠥᠩᠭᠥᠨ᠎ᠦ ᠲᠠᠯ᠎ᠠ᠎ᠶᠢᠨ ᠲᠣᠰ ᠪᠡᠶ᠎ᠡ᠎ᠶᠢᠨ ᠰᠠᠬᠢᠯᠭ᠎ᠠ ᠪᠠᠲᠤ ᠬᠠᠮᠢᠶᠠᠷᠤᠯᠲᠠ᠎ᠶᠢ ᠴᠢᠩᠭᠠᠷᠠᠭᠤᠯᠪᠠ᠃ ᠪᠦᠲᠦᠴᠡ᠎ᠶᠢᠨ ᠲᠠᠯ᠎ᠠ᠎ᠪᠠᠷ᠂ ᠦᠢᠯᠡᠴᠢᠯᠡᠭᠡᠨ᠎ᠦ ᠬᠡᠷᠡᠭᠯᠡᠭᠡ ᠬᠢᠭᠡᠳ ᠨᠠᠰᠤᠵᠢᠯ᠎ᠤᠨ ᠠᠰᠠᠷᠠᠮᠵᠢ᠎ᠶᠢᠨ ᠳᠠᠬᠢᠨᠲᠠ ᠵᠢᠭᠡᠯᠡᠯᠭᠡ᠎ᠶᠢ ᠪᠠᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠡᠭᠦᠳᠦᠯᠲᠡ᠎ᠶᠢᠨ ᠪᠠ ᠮᠡᠷᠭᠡᠵᠢᠯ᠎ᠦᠨ ᠰᠢᠨᠡᠴᠢᠯᠡᠯᠲᠡ᠎ᠶᠢᠨ ᠳᠠᠬᠢᠨᠲᠠ ᠵᠢᠭᠡᠯᠡᠯᠭᠡ᠎ᠶᠢᠨ ᠲᠣᠭ᠎ᠠ ᠬᠡᠮᠵᠢᠶ᠎ᠡ᠎ᠶᠢ ᠨᠡᠮᠡᠭᠳᠡᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠡᠭᠦᠳᠦᠯᠲᠡ᠎ᠶᠢᠨ ᠵᠢᠭᠡᠯᠡᠯᠭᠡ᠎ᠶᠢᠨ ᠲᠡᠮᠳᠡᠭᠲᠦ᠎ᠶᠢᠨ ᠲᠦᠭᠰᠢᠭᠦᠷᠢ᠎ᠶᠢ ᠬᠤᠪᠢᠶᠠᠨ ᠡᠭᠦᠷᠭᠡᠯᠡᠬᠦ ᠪᠠᠭᠠᠵᠢ᠎ᠶᠢ ᠡᠭᠦᠳᠦᠨ ᠲᠣᠬᠢᠷᠠᠭᠤᠯᠵᠤ᠂ ᠬᠡᠷᠡᠭᠯᠡᠭᠡ᠎ᠶᠢ ᠬᠥᠭᠵᠢᠭᠡᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠡᠭᠦᠳᠦᠯᠲᠡ ᠵᠡᠷᠭᠡ ᠭᠣᠣᠯᠳᠠᠯᠭ᠎ᠠ ᠪᠣᠯᠬᠤ ᠳᠣᠲᠣᠭᠠᠳᠤ ᠬᠡᠷᠡᠭᠴᠡᠭᠡ᠎ᠶᠢ ᠥᠷᠭᠡᠳᠬᠡᠬᠦ᠎ᠶᠢᠨ ᠠᠯᠢ ᠣᠯᠠᠨ ᠲᠥᠷᠥ᠎ᠶᠢᠨ ᠪᠣᠳᠣᠯᠭ᠎ᠠ᠎ᠶᠢ 1 ᠰᠠᠷ᠎ᠠ᠎ᠶᠢᠨ ᠳᠣᠲᠣᠷ᠎ᠠ ᠪᠦᠬᠦᠨ᠎ᠢ ᠨᠠᠢᠳᠠᠪᠤᠷᠢᠵᠢᠭᠤᠯᠤᠨ ᠬᠡᠷᠡᠭᠵᠢᠭᠦᠯᠵᠦ ᠡᠬᠢᠯᠡᠪᠡ᠃
ᠳᠡᠭᠡᠷ᠎ᠡ ᠬᠠᠭᠠᠰ ᠵᠢᠯ᠎ᠳᠦ᠂ ᠠᠷᠠᠳ᠎ᠤᠨ ᠵᠣᠭᠣᠰ᠎ᠤᠨ ᠡᠯ᠎ᠡ ᠵᠦᠢᠯ᠎ᠦᠨ ᠵᠢᠭᠡᠯᠡᠯᠭᠡ 12.92 ᠲᠦᠮᠡᠨ ᠳ᠋ᠦᠩᠰᠢᠭᠤᠷ ᠲᠥᠭᠥᠷᠢᠭ ᠰᠢᠨ᠎ᠡ᠎ᠪᠡᠷ ᠨᠡᠮᠡᠭᠳᠡᠪᠡ
ᠳᠡᠭᠡᠷ᠎ᠡ ᠬᠠᠭᠠᠰ ᠵᠢᠯ᠎ᠳᠦ ᠢᠲᠡᠭᠡᠮᠵᠢᠲᠦ ᠵᠢᠭᠡᠯᠡᠯᠭᠡ᠎ᠳᠦ 《ᠶᠡᠷᠦᠩᠬᠡᠢ ᠬᠡᠮᠵᠢᠶ᠎ᠡ ᠨᠡᠮᠡᠭᠳᠡᠵᠦ᠂ ᠪᠦᠲᠦᠴᠡ ᠰᠢᠯᠢᠳᠡᠭᠵᠢᠭᠰᠡᠨ》 ᠣᠨᠴᠠᠯᠢᠭ᠋ ᠢᠯᠡᠷᠡᠵᠡᠢ᠃ ᠵᠢᠭᠡᠯᠡᠯᠭᠡ᠎ᠶᠢᠨ ᠶᠡᠷᠦᠩᠬᠡᠢ ᠬᠡᠮᠵᠢᠶ᠎ᠡ ᠲᠣᠭᠲᠠᠭᠤᠨ᠎ᠢᠶᠠᠷ ᠨᠡᠮᠡᠭᠳᠡᠬᠦ᠎ᠶᠢ ᠪᠠᠲᠤᠯᠠᠪᠠ᠃ 6 ᠳ᠋ᠤᠭᠠᠷ ᠰᠠᠷ᠎ᠠ᠎ᠶᠢᠨ ᠡᠴᠦᠰ᠎ᠲᠦ᠂ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠨᠤᠭᠤᠳ᠎ᠤᠨ ᠠᠷᠠᠳ᠎ᠤᠨ ᠵᠣᠭᠣᠰ᠎ᠤᠨ ᠡᠯ᠎ᠡ ᠵᠦᠢᠯ᠎ᠦᠨ ᠵᠢᠭᠡᠯᠡᠯᠭᠡ᠎ᠶᠢᠨ ᠦᠯᠡᠳᠡᠪᠦᠷᠢ ᠲᠣᠭ᠎ᠠ 268.56 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 7.1%᠎ᠪᠡᠷ ᠨᠡᠮᠡᠭᠳᠡᠪᠡ᠃ ᠳᠡᠭᠡᠷ᠎ᠡ ᠬᠠᠭᠠᠰ ᠵᠢᠯ᠎ᠳᠦ᠂ ᠠᠷᠠᠳ᠎ᠤᠨ ᠵᠣᠭᠣᠰ᠎ᠤᠨ ᠡᠯ᠎ᠡ ᠵᠦᠢᠯ᠎ᠦᠨ ᠵᠢᠭᠡᠯᠡᠯᠭᠡ 12.92 ᠲᠦᠮᠡᠨ ᠳ᠋ᠦᠩᠰᠢᠭᠤᠷ ᠲᠥᠭᠥᠷᠢᠭ ᠰᠢᠨ᠎ᠡ᠎ᠪᠡᠷ ᠨᠡᠮᠡᠭᠳᠡᠵᠡᠢ᠂ ᠡᠨᠡ ᠨᠢ ᠮᠥᠩᠭᠥᠨ ᠭᠦᠢᠯᠭᠡᠭᠡᠨ᠎ᠦ ᠲᠣᠭᠲᠠᠯᠴᠠᠭ᠎ᠠ ᠨᠢ ᠪᠣᠳᠠᠲᠤ ᠴᠣᠭᠴᠠ᠎ᠶᠢᠨ ᠠᠵᠤ ᠠᠬᠤᠢ᠎ᠶᠢᠨ ᠢᠲᠡᠭᠡᠮᠵᠢᠲᠦ ᠵᠢᠭᠡᠯᠡᠯᠭᠡ᠎ᠳᠦ ᠦᠵᠡᠭᠦᠯᠬᠦ ᠳᠡᠮᠵᠢᠯᠭᠡ ᠨᠡᠯᠢᠶᠡᠳ ᠥᠨᠳᠥᠷ ᠬᠢᠷᠢ ᠲᠦᠪᠰᠢᠨ᠎ᠲᠠᠢ ᠪᠠᠢᠬᠤ᠎ᠶᠢ ᠬᠠᠷᠠᠭᠤᠯᠵᠤ ᠪᠠᠢᠨ᠎ᠠ᠃
6 ᠳ᠋ᠤᠭᠠᠷ ᠰᠠᠷ᠎ᠠ᠎ᠶᠢᠨ ᠡᠴᠦᠰ᠎ᠲᠦ᠂ ᠳᠡᠯᠭᠡᠷᠡᠩᠭᠦᠢ ᠤᠳᠬᠠᠲᠤ ᠵᠣᠭᠣᠰ᠎ᠤᠨ ᠬᠠᠩᠭᠠᠯᠭ᠎ᠠ᠎ᠶᠢᠨ ᠬᠡᠮᠵᠢᠶ᠎ᠡ M2 ᠨᠢ ᠠᠳᠠᠯᠢ ᠬᠤᠭᠤᠴᠠᠭᠠᠨ᠎ᠤ ᠬᠢ᠎ᠡᠴᠡ 8.3%᠎ᠪᠠᠷ ᠨᠡᠮᠡᠭᠳᠡᠪᠡ
ᠳᠡᠭᠡᠷ᠎ᠡ ᠬᠠᠭᠠᠰ ᠵᠢᠯ᠎ᠦᠨ ᠮᠥᠩᠭᠥᠨ ᠭᠦᠢᠯᠭᠡᠭᠡᠨ᠎ᠦ ᠳ᠋ᠠᠢᠲ᠋ᠠ᠎ᠠᠴᠠ ᠦᠵᠡᠪᠡᠯ᠂ ᠵᠣᠭᠣᠰ᠎ᠤᠨ ᠲᠥᠷᠥ᠎ᠶᠢᠨ ᠪᠣᠳᠣᠯᠭ᠎ᠠ᠎ᠪᠠᠷ ᠪᠣᠳᠠᠲᠤ ᠴᠣᠭᠴᠠ᠎ᠶᠢᠨ ᠠᠵᠤ ᠠᠬᠤᠢ᠎ᠶᠢ ᠳᠡᠮᠵᠢᠭᠰᠡᠨ ᠦᠷ᠎ᠡ ᠪᠦᠲᠦᠮᠵᠢ ᠨᠢ ᠨᠡᠯᠢᠶᠡᠳ ᠢᠯᠡᠷᠬᠡᠢ ᠪᠠᠢᠨ᠎ᠠ᠃ ᠮᠥᠩᠭᠥᠨ ᠭᠦᠢᠯᠭᠡᠭᠡᠨ᠎ᠦ ᠶᠡᠷᠦᠩᠬᠡᠢ ᠬᠡᠮᠵᠢᠶ᠎ᠡ ᠵᠦᠢ ᠵᠣᠬᠢᠰᠲᠠᠢ᠎ᠪᠠᠷ ᠨᠡᠮᠡᠭᠳᠡᠪᠡ᠃ 6 ᠳ᠋ᠤᠭᠠᠷ ᠰᠠᠷ᠎ᠠ᠎ᠶᠢᠨ ᠡᠴᠦᠰ᠎ᠲᠦ᠂ ᠨᠡᠢᠭᠡᠮ᠎ᠦᠨ ᠪᠡᠯᠡ ᠲᠣᠬᠢᠷᠠᠭᠤᠯᠭ᠎ᠠ᠎ᠶᠢᠨ ᠬᠡᠪᠴᠢᠶᠡᠵᠢᠯ᠎ᠦᠨ ᠬᠠᠳᠠᠭᠠᠯᠠᠵᠤ ᠪᠠᠢᠭ᠎ᠠ ᠬᠡᠮᠵᠢᠶ᠎ᠡ ᠠᠳᠠᠯᠢ ᠬᠤᠭᠤᠴᠠᠭᠠᠨ᠎ᠤ ᠬᠢ᠎ᠡᠴᠡ 8.9%᠎ᠪᠡᠷ ᠨᠡᠮᠡᠭᠳᠡᠵᠦ᠂ ᠳᠡᠯᠭᠡᠷᠡᠩᠭᠦᠢ ᠤᠳᠬᠠᠲᠤ ᠵᠣᠭᠣᠰ᠎ᠤᠨ ᠬᠠᠩᠭᠠᠯᠭ᠎ᠠ᠎ᠶᠢᠨ ᠬᠡᠮᠵᠢᠶ᠎ᠡ M2 ᠨᠢ ᠠᠳᠠᠯᠢ ᠬᠤᠭᠤᠴᠠᠭᠠᠨ᠎ᠤ ᠬᠢ᠎ᠡᠴᠡ 8.3%᠎ᠪᠠᠷ ᠨᠡᠮᠡᠭᠳᠡᠨ᠂ ᠠᠷᠠᠳ᠎ᠤᠨ ᠵᠣᠭᠣᠰ᠎ᠤᠨ ᠵᠢᠭᠡᠯᠡᠯᠭᠡ ᠠᠳᠠᠯᠢ ᠬᠤᠭᠤᠴᠠᠭᠠᠨ᠎ᠤ ᠬᠢ᠎ᠡᠴᠡ 7.1%᠎ᠪᠡᠷ ᠨᠡᠮᠡᠭᠳᠡᠪᠡ᠃
ᠦᠢᠯᠡᠴᠢᠯᠡᠭᠡᠨ᠎ᠦ ᠬᠡᠷᠡᠭᠯᠡᠭᠡ ᠪᠣᠯ ᠬᠡᠷᠡᠭᠯᠡᠭᠡ᠎ᠶᠢ ᠬᠥᠭᠵᠢᠭᠡᠬᠦ᠂ ᠳᠣᠲᠣᠭᠠᠳᠤ ᠬᠡᠷᠡᠭᠴᠡᠭᠡ᠎ᠶᠢ ᠥᠷᠭᠡᠳᠬᠡᠬᠦ᠎ᠶᠢᠨ ᠵᠠᠩᠭᠢᠯᠠᠭ᠎ᠠ ᠮᠥᠨ
ᠦᠢᠯᠡᠴᠢᠯᠡᠭᠡᠨ᠎ᠦ ᠬᠡᠷᠡᠭᠯᠡᠭᠡ ᠪᠣᠯ ᠬᠡᠷᠡᠭᠯᠡᠭᠡ᠎ᠶᠢ ᠬᠥᠭᠵᠢᠭᠡᠬᠦ᠂ ᠳᠣᠲᠣᠭᠠᠳᠤ ᠬᠡᠷᠡᠭᠴᠡᠭᠡ᠎ᠶᠢ ᠥᠷᠭᠡᠳᠬᠡᠬᠦ᠎ᠶᠢᠨ ᠵᠠᠩᠭᠢᠯᠠᠭ᠎ᠠ ᠮᠥᠨ᠂ ᠠᠵᠢᠯ ᠣᠯᠭᠣᠯᠲᠠ᠎ᠶᠢ ᠡᠭᠦᠳᠬᠦ ᠪᠠ ᠠᠵᠢᠯ ᠣᠯᠭᠣᠯᠲᠠ᠎ᠶᠢ ᠨᠡᠮᠡᠭᠳᠡᠭᠦᠯᠬᠦ ᠲᠠᠯ᠎ᠠ᠎ᠪᠠᠷ ᠴᠤ᠌ ᠳᠠᠪᠠᠭᠤᠯᠢᠭ᠋ ᠲᠠᠯ᠎ᠠ᠎ᠲᠠᠢ ᠶᠤᠮ᠃ ᠮᠠᠨ᠎ᠤ ᠤᠯᠤᠰ᠎ᠤᠨ ᠲᠠᠸᠠᠷ᠎ᠤᠨ ᠬᠡᠷᠡᠭᠯᠡᠭᠡ᠎ᠶᠢᠨ ᠬᠥᠭᠵᠢᠯᠲᠡ ᠨᠡᠯᠢᠶᠡᠳ ᠭᠦᠢᠴᠡᠳ ᠪᠠᠢᠵᠤ᠂ GDPᠲᠡᠬᠢ ᠡᠵᠡᠯᠡᠬᠦ ᠬᠤᠪᠢ᠎ᠶᠢᠨ ᠵᠢᠩ ᠨᠢ ᠳᠡᠯᠡᠬᠡᠢ᠎ᠶᠢᠨ ᠬᠢᠷᠢ ᠲᠦᠪᠰᠢᠨ ᠲᠡᠢ ᠦᠨᠳᠦᠰᠦᠨ᠎ᠳᠦ᠎ᠪᠡᠨ ᠠᠳᠠᠯᠢᠪᠲᠤᠷ ᠪᠠᠢᠵᠤ᠂ ᠬᠠᠷᠢᠨ ᠦᠢᠯᠡᠴᠢᠯᠡᠭᠡᠨ᠎ᠦ ᠬᠡᠷᠡᠭᠯᠡᠭᠡ ᠬᠠᠷᠢᠴᠠᠩᠭᠤᠢ᠎ᠪᠠᠷ ᠳᠤᠲᠠᠮᠠᠭ ᠪᠠᠢᠵᠤ᠂ ᠬᠥᠭᠵᠢᠯᠲᠡ᠎ᠶᠢᠨ ᠣᠷᠣᠨ ᠵᠠᠢ ᠨᠢ ᠨᠡᠯᠢᠶᠡᠳ ᠶᠡᠬᠡ ᠪᠠᠢᠳᠠᠭ᠃ ᠣᠳᠣᠬᠠᠨ᠎ᠳᠤ᠂ ᠦᠢᠯᠡᠴᠢᠯᠡᠭᠡᠨ᠎ᠦ ᠬᠡᠷᠡᠭᠯᠡᠭᠡ᠎ᠶᠢᠨ ᠵᠠᠬ᠎ᠠ ᠳᠡᠯᠭᠡᠭᠦᠷ᠎ᠦᠨ ᠬᠡᠷᠡᠭᠴᠡᠭᠡ ᠨᠡᠯᠢᠶᠡᠳ ᠶᠡᠬᠡ ᠪᠠᠢᠵᠤ᠂ ᠬᠡᠷᠡᠭᠴᠡᠭᠡ᠎ᠶᠢ ᠬᠠᠩᠭᠠᠬᠤ ᠮᠥᠩᠭᠥᠨ ᠭᠦᠢᠯᠭᠡᠭᠡᠨ᠎ᠦ ᠳᠡᠮᠵᠢᠯᠭᠡ ᠨᠡᠯᠢᠶᠡᠳ ᠭᠦᠢᠴᠡᠳ ᠪᠠᠢᠵᠤ᠂ ᠦᠢᠯᠡᠴᠢᠯᠡᠭᠡᠨ᠎ᠦ ᠬᠡᠷᠡᠭᠯᠡᠭᠡ᠎ᠶᠢ ᠥᠷᠭᠡᠳᠬᠡᠬᠦ᠎ᠶᠢ ᠨᠥᠯᠥᠭᠡᠯᠡᠬᠦ ᠳᠤᠲᠠᠭᠤᠳᠠᠯ ᠨᠢ ᠭᠣᠣᠯᠳᠠᠭᠤ ᠬᠠᠩᠭᠠᠯᠭ᠎ᠠ ᠪᠣᠯᠣᠨ᠎ᠠ᠃ ᠡᠢᠮᠦ᠎ᠡᠴᠡ ᠠᠷᠠᠳ᠎ᠤᠨ ᠪᠠᠩᠬᠢ 5000 ᠳ᠋ᠦᠩᠰᠢᠭᠤᠷ ᠲᠥᠭᠥᠷᠢᠭ᠎ᠦᠨ ᠦᠢᠯᠡᠴᠢᠯᠡᠭᠡᠨ᠎ᠦ ᠬᠡᠷᠡᠭᠯᠡᠭᠡ ᠬᠢᠭᠡᠳ ᠨᠠᠰᠤᠵᠢᠯ᠎ᠤᠨ ᠠᠰᠠᠷᠠᠮᠵᠢ᠎ᠶᠢᠨ ᠳᠠᠬᠢᠨᠲᠠ ᠵᠢᠭᠡᠯᠡᠯᠭᠡ ᠲᠣᠬᠢᠷᠠᠭᠤᠯᠵᠤ᠂ ᠮᠥᠩᠭᠥᠨ ᠭᠦᠢᠯᠭᠡᠭᠡᠨ᠎ᠦ ᠪᠠᠢᠭᠤᠯᠤᠮᠵᠢᠨᠤᠭᠤᠳᠢ ᠬᠥᠲᠥᠯᠥᠨ ᠵᠢᠯᠤᠭᠣᠳᠴᠤ ᠪᠠᠢᠭᠠᠳ ᠬᠣᠨᠣᠭ ᠪᠠᠭᠤᠳᠠᠯ ᠬᠣᠭᠣᠯᠠ ᠤᠮᠳᠠ᠂ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ ᠵᠤᠭ᠎ᠠ ᠴᠡᠩᠭᠡᠯ᠂ ᠰᠤᠷᠭᠠᠨ ᠬᠥᠮᠦᠵᠢᠯ ᠨᠠᠰᠤᠵᠢᠯ᠎ᠤᠨ ᠠᠰᠠᠷᠠᠮᠵᠢ ᠵᠡᠷᠭᠡ ᠦᠢᠯᠡᠴᠢᠯᠡᠭᠡᠨ᠎ᠦ ᠬᠦᠷᠢᠶᠡᠨ᠎ᠳᠡᠬᠢ ᠴᠢᠨᠠᠷ ᠰᠠᠢᠲᠠᠢ ᠬᠠᠩᠭᠠᠯᠭ᠎ᠠ᠎ᠶᠢ ᠨᠡᠮᠡᠭᠳᠡᠭᠦᠯᠦᠨ᠂ ᠳᠤᠲᠠᠭᠤᠳᠠᠯ᠎ᠢ ᠨᠥᠬᠥᠪᠦᠷᠢᠯᠡᠵᠦ᠂ ᠠᠵᠤ ᠠᠬᠤᠢ᠎ᠶᠢᠨ ᠬᠥᠭᠵᠢᠯᠲᠡ᠎ᠳᠦ ᠦᠵᠡᠭᠦᠯᠬᠦ ᠬᠡᠷᠡᠭᠯᠡᠭᠡ᠎ᠶᠢᠨ ᠰᠠᠭᠤᠷᠢ ᠴᠢᠨᠠᠷᠲᠠᠢ ᠦᠢᠯᠡᠳᠦᠯ᠎ᠢ ᠨᠠᠩ ᠰᠠᠢᠲᠤᠷ ᠪᠠᠳᠠᠷᠠᠭᠤᠯᠵᠤ᠂ 《ᠬᠠᠩᠭᠠᠯᠭ᠎ᠠ᠎ᠪᠠᠷ ᠬᠡᠷᠡᠭᠴᠡᠭᠡ᠎ᠶᠢ ᠡᠭᠦᠳᠬᠦ᠂ ᠬᠡᠷᠡᠭᠴᠡᠭᠡ᠎ᠪᠡᠷ ᠬᠠᠩᠭᠠᠯᠭ᠎ᠠ᠎ᠶᠢ ᠳᠠᠢᠴᠢᠯᠠᠬᠤ》 ᠰᠠᠢᠨ ᠣᠷᠴᠢᠯ ᠪᠦᠷᠢᠯᠳᠦᠬᠦ᠎ᠶᠢ ᠠᠬᠢᠭᠤᠯᠪᠠ᠃
ᠲᠥᠪ ᠪᠠᠩᠬᠢ ᠵᠣᠬᠢᠬᠤ ᠬᠡᠮᠵᠢᠶ᠎ᠡ᠎ᠪᠡᠷ ᠠᠭᠤᠵᠢᠭᠤ ᠪᠠᠢᠯᠭᠠᠬᠤ ᠵᠣᠭᠣᠰ᠎ᠤᠨ ᠲᠥᠷᠥ᠎ᠶᠢᠨ ᠪᠣᠳᠣᠯᠭ᠎ᠠ᠎ᠶᠢ ᠤᠯᠠᠮ ᠨᠢᠭᠡ ᠠᠯᠬᠤᠮ ᠰᠠᠢᠲᠤᠷ ᠨᠠᠢᠳᠠᠪᠤᠷᠢᠵᠢᠭᠤᠯᠤᠨ᠎ᠠ
ᠲᠠᠷᠠᠭᠠᠴᠢ᠎ᠶᠢᠨ ᠱᠠᠲᠤᠨ᠎ᠳᠤ᠂ ᠠᠷᠠᠳ᠎ᠤᠨ ᠪᠠᠩᠬᠢ ᠵᠣᠬᠢᠬᠤ ᠬᠡᠮᠵᠢᠶ᠎ᠡ᠎ᠪᠡᠷ ᠠᠭᠤᠵᠢᠭᠤ ᠪᠠᠢᠯᠭᠠᠬᠤ ᠵᠣᠭᠣᠰ᠎ᠤᠨ ᠲᠥᠷᠥ᠎ᠶᠢᠨ ᠪᠣᠳᠣᠯᠭ᠎ᠠ᠎ᠶᠢ ᠤᠯᠠᠮ ᠨᠢᠭᠡ ᠠᠯᠬᠤᠮ ᠰᠠᠢᠲᠤᠷ ᠨᠠᠢᠳᠠᠪᠤᠷᠢᠵᠢᠭᠤᠯᠵᠤ᠂ ᠨᠢᠭᠡᠨᠲᠡ ᠨᠡᠢᠲᠡᠯᠡᠭᠰᠡᠨ ᠵᠣᠭᠣᠰ᠎ᠤᠨ ᠲᠥᠷᠥ᠎ᠶᠢᠨ ᠪᠣᠳᠣᠯᠭ᠎ᠠ᠎ᠶᠢᠨ ᠡᠯ᠎ᠡ ᠵᠦᠢᠯ᠎ᠦᠨ ᠠᠷᠭ᠎ᠠ ᠬᠡᠮᠵᠢᠶᠡᠨ᠎ᠦ ᠬᠡᠷᠡᠭᠵᠢᠭᠦᠯᠦᠯᠲᠡ᠎ᠶᠢ ᠰᠠᠢᠲᠤᠷ ᠠᠳᠬᠤᠵᠤ᠂ ᠮᠥᠩᠭᠥᠨ ᠭᠦᠢᠯᠭᠡᠭᠡᠨ᠎ᠦ ᠪᠣᠳᠠᠲᠤ ᠴᠣᠭᠴᠠ᠎ᠶᠢᠨ ᠠᠵᠤ ᠠᠬᠤᠢ᠎ᠳᠤ ᠦᠢᠯᠡᠴᠢᠯᠡᠬᠦ ᠴᠢᠨᠠᠷ ᠴᠢᠨᠰᠠᠭ᠎ᠠ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ᠃
● ᠶᠡᠷᠦᠩᠬᠡᠢ ᠬᠡᠮᠵᠢᠶᠡᠨ᠎ᠦ ᠲᠠᠯ᠎ᠠ᠎ᠪᠠᠷ᠂ ᠲᠦᠷᠦ᠎ᠶᠢᠨ ᠪᠣᠳᠣᠯᠭ᠎ᠠ᠎ᠶᠢ ᠬᠡᠷᠡᠭᠵᠢᠭᠦᠯᠬᠦ ᠡᠷᠴᠢᠮ ᠪᠠ ᠴᠠᠭ ᠬᠤᠭᠤᠴᠠᠭᠠᠨ᠎ᠤ ᠳᠠᠷᠠᠭᠠᠯᠠᠯ᠎ᠢ ᠰᠠᠢᠲᠤᠷ ᠡᠵᠡᠮᠳᠡᠵᠦ᠂ ᠬᠥᠳᠡᠯᠦᠩᠭᠦᠢ ᠴᠢᠨᠠᠷ᠎ᠢᠶᠠᠷ ᠭᠦᠢᠴᠡᠳ ᠪᠠᠢᠬᠤ᠎ᠶᠢ ᠪᠠᠲᠤᠯᠠᠵᠤ᠂ ᠨᠡᠢᠭᠡᠮ᠎ᠦᠨ ᠪᠡᠯᠡ ᠲᠣᠬᠢᠷᠠᠭᠤᠯᠬᠤ ᠬᠡᠪᠴᠢᠶᠡᠵᠢᠯ᠂ ᠵᠣᠭᠣᠰ᠎ᠤᠨ ᠬᠠᠩᠭᠠᠯᠭ᠎ᠠ᠎ᠶᠢᠨ ᠬᠡᠮᠵᠢᠶᠡᠨ᠎ᠦ ᠨᠡᠮᠡᠭᠳᠡᠯ᠎ᠢ ᠠᠵᠤ ᠠᠬᠤᠢ᠎ᠶᠢᠨ ᠨᠡᠮᠡᠭᠳᠡᠯ᠂ ᠦᠨ᠎ᠡ ᠬᠠᠩᠰᠢ᠎ᠶᠢᠨ ᠶᠡᠷᠦᠩᠬᠡᠢ ᠲᠦᠪᠰᠢᠨ᠎ᠦ ᠵᠢᠱ᠌ᠢᠭᠰᠡᠨ ᠬᠠᠷᠠᠯᠲᠠ ᠯᠤᠭ᠎ᠠ ᠵᠣᠬᠢᠴᠠᠭᠤᠯᠵᠤ᠂ ᠵᠣᠬᠢᠰᠲᠠᠢ ᠮᠥᠩᠭᠥᠨ ᠭᠦᠢᠯᠭᠡᠭᠡᠨ᠎ᠦ ᠶᠡᠷᠦᠩᠬᠡᠢ ᠬᠡᠮᠵᠢᠶᠡᠨ᠎ᠦ ᠣᠷᠴᠢᠨ ᠨᠥᠬᠥᠴᠡᠯ᠎ᠢ ᠦᠷᠭᠦᠯᠵᠢᠯᠡᠨ ᠪᠤᠢ ᠪᠣᠯᠭᠠᠨ᠎ᠠ᠃
● ᠪᠦᠲᠦᠴᠡ᠎ᠶᠢᠨ ᠲᠠᠯ᠎ᠠ᠎ᠪᠠᠷ᠂ ᠮᠥᠩᠭᠥᠨ ᠭᠦᠢᠯᠭᠡᠭᠡ᠎ᠪᠡᠷ ᠪᠣᠳᠠᠲᠤ ᠴᠣᠭᠴᠠ᠎ᠶᠢᠨ ᠠᠵᠤ ᠠᠬᠤᠢ᠎ᠳᠤ ᠦᠢᠯᠡᠴᠢᠯᠡᠬᠦ᠎ᠶᠢᠨ ᠭᠣᠣᠯᠳᠠᠯᠭ᠎ᠠ ᠪᠣᠯᠬᠤ ᠴᠢᠭᠯᠡᠯ᠎ᠢ ᠲᠤᠪᠤᠢ᠍ᠢᠯᠭᠠᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠡᠭᠦᠳᠦᠯᠲᠡ᠂ ᠬᠡᠷᠡᠭᠯᠡᠭᠡ᠎ᠶᠢ ᠥᠷᠭᠡᠳᠬᠡᠬᠦ᠂ ᠠᠷᠠᠳ᠎ᠠᠴᠠ ᠡᠵᠡᠩᠨᠡᠭᠰᠡᠨ ᠵᠢᠵᠢᠭ ᠪᠢᠴᠢᠯ ᠠᠵᠤ ᠠᠬᠤᠢᠯᠠᠯ ᠵᠡᠷᠭᠡ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠲᠦᠷᠦ᠎ᠶᠢᠨ ᠪᠣᠳᠣᠯᠭ᠎ᠠ᠎ᠶᠢᠨ ᠬᠠᠮᠵᠢᠯᠴᠠᠭ᠎ᠠ ᠬᠠᠮᠲᠤᠷᠠᠯᠴᠠᠭ᠎ᠠ᠎ᠶᠢ ᠴᠢᠩᠭᠠᠳᠬᠠᠵᠤ᠂ ᠡᠯ᠎ᠡ ᠵᠦᠢᠯ᠎ᠦᠨ ᠪᠦᠲᠦᠴᠡ᠎ᠶᠢᠨ ᠴᠢᠨᠠᠷᠲᠠᠢ ᠵᠣᠭᠣᠰ᠎ᠤᠨ ᠲᠦᠷᠦ᠎ᠶᠢᠨ ᠪᠣᠳᠣᠯᠭ᠎ᠠ᠎ᠶᠢᠨ ᠪᠠᠭᠠᠵᠢ᠎ᠶᠢ ᠰᠠᠢᠲᠤᠷ ᠮᠥᠷᠲᠡᠭᠡᠨ ᠭᠦᠢᠴᠡᠳ ᠬᠡᠷᠡᠭᠯᠡᠵᠦ᠂ ᠭᠣᠣᠯᠳᠠᠯᠭ᠎ᠠ ᠪᠣᠯᠬᠤ ᠬᠦᠷᠢᠶ᠎ᠡ ᠪᠠ ᠪᠠᠭᠤᠷᠠᠢ ᠭᠣᠭᠴᠣᠭ᠎ᠠ᠎ᠶᠢ ᠬᠦᠴᠦᠯᠡᠨ ᠲᠡᠮᠵᠢᠨ᠎ᠠ᠃
● ᠳᠠᠮᠵᠢᠭᠤᠯᠬᠤ ᠲᠠᠯ᠎ᠠ᠎ᠪᠠᠷ᠂ ᠬᠦᠦ ᠮᠥᠩᠭᠥᠨ᠎ᠦ ᠨᠤᠷᠮ᠎ᠠ᠎ᠶᠢᠨ ᠲᠦᠷᠦ᠎ᠶᠢᠨ ᠪᠣᠳᠣᠯᠭ᠎ᠠ᠎ᠶᠢ ᠬᠡᠷᠡᠭᠵᠢᠭᠦᠯᠬᠦ ᠪᠠ ᠬᠢᠨᠠᠯᠲᠠ ᠲᠠᠯᠪᠢᠬᠤ᠎ᠶᠢ ᠴᠢᠩᠭᠠᠳᠬᠠᠵᠤ᠂ ᠠᠵᠢᠯ ᠲᠦᠷᠦᠯ᠎ᠦᠨ ᠥᠪᠡᠷ᠎ᠢ᠎ᠪᠡᠨ ᠱᠠᠭᠠᠷᠳᠠᠬᠤ ᠦᠢᠯᠡᠳᠦᠯ᠎ᠢ ᠨᠡᠩ ᠰᠠᠢᠲᠤᠷ ᠪᠠᠳᠠᠷᠠᠭᠤᠯᠵᠤ᠂ ᠪᠠᠩᠬᠢ᠎ᠶᠢᠨ ᠦᠢᠯᠡᠰ᠎ᠦᠨ ᠵᠠᠬ᠎ᠠ ᠳᠡᠯᠭᠡᠭᠦᠷ᠎ᠦᠨ ᠥᠷᠢᠰᠦᠯᠳᠦᠭᠡᠨ᠎ᠦ ᠡᠮᠬᠢ ᠳᠢᠭ᠌ᠯᠢᠮ᠎ᠢ ᠬᠠᠮᠠᠭᠠᠯᠠᠵᠤ᠂ ᠪᠡᠯᠡ ᠮᠥᠩᠭᠥ ᠬᠡᠷᠡᠭᠯᠡᠬᠦ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠪᠡᠯᠡ ᠮᠥᠩᠭᠥᠨ᠎ᠦ ᠬᠣᠭᠣᠰᠤᠨ ᠡᠷᠭᠢᠯᠳᠦᠬᠦ᠎ᠶᠢ ᠰᠡᠷᠭᠡᠢᠯᠡᠵᠦ᠂ ᠮᠥᠩᠭᠥᠨ ᠭᠦᠢᠯᠭᠡᠭᠡᠨ᠎ᠢᠶᠡᠷ ᠪᠣᠳᠠᠲᠤ ᠴᠣᠭᠴᠠ᠎ᠶᠢᠨ ᠠᠵᠤ ᠠᠬᠤᠢ᠎ᠶᠢ ᠳᠡᠮᠵᠢᠬᠦ ᠪᠠ ᠲᠤᠰ ᠪᠡᠶ᠎ᠡ᠎ᠶᠢᠨ ᠡᠷᠡᠭᠦᠯ ᠴᠢᠨᠠᠷ᠎ᠤᠨ ᠲᠡᠩᠴᠡᠭᠦᠷᠢ᠎ᠶᠢ ᠪᠠᠲᠤᠯᠠᠬᠤ᠎ᠶᠢ ᠰᠠᠢᠲᠤᠷ ᠡᠵᠡᠮᠳᠡᠨ᠎ᠡ᠃
● ᠵᠣᠭᠣᠰ᠎ᠤᠨ ᠳᠦᠷᠦ᠎ᠶᠢᠨ ᠪᠣᠳᠣᠯᠭ᠎ᠠ᠎ᠶᠢᠨ ᠪᠣᠷᠣ᠌ ᠲᠥᠯᠥᠪ᠎ᠢ ᠲᠡᠭᠦᠯᠳᠡᠷᠵᠢᠭᠦᠯᠬᠦ ᠲᠠᠯ᠎ᠠ᠎ᠪᠠᠷ᠂ ᠵᠠᠬ᠎ᠠ ᠳᠡᠯᠭᠡᠭᠦᠷᠴᠢᠯᠡᠭᠰᠡᠨ ᠬᠦᠦ ᠮᠥᠩᠭᠥᠨ᠎ᠦ ᠨᠤᠷᠮ᠎ᠠ᠎ᠶᠢᠨ ᠲᠣᠬᠢᠷᠠᠭᠤᠯᠭ᠎ᠠ ᠡᠵᠡᠮᠳᠡᠯ᠎ᠦᠨ ᠲᠣᠭᠲᠠᠴᠠ᠎ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠵᠣᠭᠣᠰ᠎ᠤᠨ ᠳᠦᠷᠦ᠎ᠶᠢᠨ ᠪᠣᠳᠣᠯᠭ᠎ᠠ᠎ᠶᠢᠨ ᠬᠣᠭᠣᠷᠣᠨᠳᠣᠬᠢ ᠬᠤᠪᠢᠰᠬᠤ ᠬᠡᠮᠵᠢᠶ᠎ᠡ᠎ᠶᠢ ᠰᠢᠯᠢᠳᠡᠭᠵᠢᠭᠦᠯᠵᠦ᠂ ᠵᠣᠭᠣᠰ᠎ᠤᠨ ᠳᠦᠷᠦ᠎ᠶᠢᠨ ᠪᠣᠳᠣᠯᠭ᠎ᠠ᠎ᠶᠢᠨ ᠪᠠᠭᠠᠵᠢ᠎ᠶᠢᠨ ᠲᠣᠭᠲᠠᠯᠴᠠᠭ᠎ᠠ᠎ᠶᠢ ᠳᠠᠰᠤᠷᠠᠯᠳᠠ ᠦᠭᠡᠢ ᠲᠡᠭᠦᠯᠳᠡᠷᠵᠢᠭᠦᠯᠵᠦ᠂ ᠢᠲᠡᠭᠡᠮᠵᠢᠲᠡᠢ᠂ ᠪᠠᠢᠩᠭᠤᠰᠢᠭᠰᠠᠨ᠂ ᠳᠦᠷᠢᠮᠵᠢᠭᠰᠡᠨ ᠳᠦᠷᠦ᠎ᠶᠢᠨ ᠪᠣᠳᠣᠯᠭ᠎ᠠ᠎ᠶᠢᠨ ᠨᠡᠪᠲᠡᠷᠡᠯᠴᠡᠬᠦ ᠲᠣᠭᠲᠠᠴᠠ᠎ᠶᠢ ᠪᠦᠷᠢᠨᠰᠢᠭᠦᠯᠵᠦ᠂ ᠴᠢᠨᠠᠷ ᠰᠠᠢᠲᠠᠢ ᠬᠥᠭᠵᠢᠯᠲᠡ᠎ᠳᠦ ᠨᠡᠩ ᠰᠠᠢᠲᠤᠷ ᠦᠢᠯᠡᠴᠢᠯᠡᠨ᠎ᠡ᠃
2020 ᠣᠨ᠎ᠠᠴᠠ ᠨᠠᠭᠠᠰᠢᠬᠢ 1 ᠵᠢᠯ᠎ᠦᠨ ᠬᠤᠭᠤᠴᠠᠭ᠎ᠠ ᠪᠠ 5 ᠵᠢᠯ᠎ᠦᠨ ᠬᠤᠭᠤᠴᠠᠭ᠎ᠠ᠎ᠠᠴᠠ ᠳᠡᠭᠡᠭᠰᠢᠬᠢ LPR ᠨᠢ ᠲᠣᠰ ᠲᠣᠰ 115 ᠪᠠ 130 ᠰᠠᠭᠤᠷᠢ ᠴᠡᠭ ᠪᠠᠭᠤᠷᠠᠪᠠ
ᠵᠣᠬᠢᠰᠲᠠᠢ ᠠᠭᠤᠵᠢᠭᠤ ᠪᠠᠢᠯᠭᠠᠬᠤ ᠵᠣᠭᠣᠰ᠎ᠤᠨ ᠲᠦᠷᠦ᠎ᠶᠢᠨ ᠪᠣᠳᠣᠯᠭ᠎ᠠ᠎ᠶᠢ ᠰᠠᠢᠲᠤᠷ ᠬᠡᠷᠡᠭᠵᠢᠭᠦᠯᠬᠦ ᠬᠡᠷᠡᠭᠲᠡᠢ᠃ ᠲᠥᠬᠥᠮ᠎ᠢᠶᠡᠷ ᠬᠡᠯᠡᠪᠡᠯ᠂ ᠭᠦᠢᠯᠭᠡᠭᠡᠨ᠎ᠦ ᠴᠢᠨᠠᠷ᠎ᠢ ᠭᠦᠢᠴᠡᠳ ᠪᠠᠢᠯᠭᠠᠵᠤ᠂ ᠨᠡᠢᠭᠡᠮ᠎ᠦᠨ ᠪᠡᠯᠡ ᠲᠣᠬᠢᠷᠠᠭᠤᠯᠬᠤ ᠨᠥᠬᠥᠴᠡᠯ᠎ᠢ ᠨᠡᠯᠢᠶᠡᠳ ᠠᠭᠤᠵᠢᠭᠤ ᠪᠠᠢᠯᠭᠠᠵᠤ᠂ ᠶᠡᠷᠦᠩᠬᠡᠢᠯᠡᠭᠰᠡᠨ ᠪᠡᠯᠡ ᠲᠣᠬᠢᠷᠠᠭᠤᠯᠬᠤ ᠥᠪᠡᠷ᠎ᠦᠨ ᠦᠷᠳᠡᠭ᠎ᠢ ᠨᠡᠯᠢᠶᠡᠳ ᠳᠣᠣᠷ᠎ᠠ ᠪᠠᠢᠯᠭᠠᠬᠤ ᠬᠡᠷᠡᠭᠲᠡᠢ᠃ ᠲᠦᠷᠦ᠎ᠶᠢᠨ ᠪᠣᠳᠣᠯᠭ᠎ᠠ᠎ᠶᠢ ᠬᠡᠷᠡᠭᠵᠢᠭᠦᠯᠬᠦ᠎ᠳᠦ᠎ᠪᠡᠨ ᠪᠠᠢᠳᠠᠯ᠎ᠤᠨ ᠬᠤᠪᠢᠷᠠᠯᠲᠠ᠎ᠶᠢ ᠦᠨᠳᠦᠰᠦᠯᠡᠨ ᠲᠣᠬᠢᠶᠠᠯ᠎ᠢ ᠦᠵᠡᠨ ᠰᠣᠩᠭᠣᠯᠲᠠ ᠬᠢᠵᠦ᠂ ᠴᠠᠭ ᠬᠤᠭᠤᠴᠠᠭᠠᠨ᠎ᠤ ᠳᠠᠷᠠᠭᠠᠯᠠᠯ ᠪᠠ ᠡᠷᠴᠢᠮ᠎ᠢ ᠵᠣᠬᠢᠰᠲᠠᠢ ᠴᠠᠭ ᠪᠠ ᠵᠣᠬᠢᠰᠲᠠᠢ ᠬᠡᠮᠵᠢᠶ᠎ᠡ᠎ᠪᠡᠷ ᠲᠣᠬᠢᠷᠠᠭᠤᠯᠬᠤ ᠬᠡᠷᠡᠭᠲᠡᠢ᠃ ᠣᠯᠠᠨ ᠤᠯᠤᠰ᠎ᠤᠨ ᠬᠠᠷᠢᠴᠠᠭᠤᠯᠤᠯ᠎ᠠᠴᠠ ᠦᠵᠡᠪᠡᠯ᠂ ᠣᠢᠷ᠎ᠠ᠎ᠶᠢᠨ ᠵᠢᠯ᠎ᠦᠳ᠎ᠲᠦ ᠪᠡᠯᠡᠳᠬᠡᠯ ᠮᠥᠩᠭᠥ ᠬᠦᠦ ᠮᠥᠩᠭᠥᠨ᠎ᠦ ᠨᠣᠷᠮ᠎ᠠ᠎ᠶᠢ ᠣᠯᠠᠨᠲᠠ ᠪᠠᠭᠤᠷᠠᠭᠤᠯᠵᠤ᠂ ᠵᠣᠭᠣᠰ᠎ᠤᠨ ᠲᠥᠷᠥ᠎ᠶᠢᠨ ᠪᠣᠳᠣᠯᠭ᠎ᠠ᠎ᠶᠢᠨ ᠪᠠᠢᠳᠠᠯ ᠨᠢ ᠳᠡᠮᠵᠢᠯᠭᠡ᠎ᠶᠢᠨ ᠴᠢᠨᠠᠷᠲᠠᠢ ᠪᠠᠢᠵᠤ᠂ ᠲᠥᠷᠥ᠎ᠶᠢᠨ ᠪᠣᠳᠣᠯᠭ᠎ᠠ᠎ᠶᠢᠨ ᠦᠷ᠎ᠡ ᠪᠦᠲᠦᠮᠵᠢ ᠨᠢ ᠴᠦ᠍ ᠲᠠᠰᠤᠷᠠᠯᠲᠠ ᠦᠭᠡᠢ ᠬᠤᠷᠠᠮᠳᠤᠵᠤ ᠪᠠᠢᠨ᠎ᠠ᠃ 2020 ᠣᠨ᠎ᠠᠴᠠ ᠨᠠᠭᠠᠰᠢ᠂ ᠠᠷᠠᠳ᠎ᠤᠨ ᠪᠠᠩᠬᠢ ᠪᠡᠯᠡᠳᠬᠡᠯ ᠮᠥᠩᠭᠥ᠎ᠶᠢ ᠨᠡᠶ᠋ᠢᠲᠡ 12 ᠤᠳᠠᠭ᠎ᠠ ᠪᠠᠭᠤᠷᠠᠭᠤᠯᠪᠠ; ᠲᠥᠷᠥ᠎ᠶᠢᠨ ᠪᠣᠳᠣᠯᠭ᠎ᠠ᠎ᠶᠢᠨ ᠬᠦᠦ ᠮᠥᠩᠭᠥᠨ᠎ᠦ ᠨᠣᠷᠮ᠎ᠠ᠎ᠶᠢ ᠨᠡᠶ᠋ᠢᠲᠡ 9 ᠤᠳᠠᠭ᠎ᠠ ᠪᠠᠭᠤᠷᠠᠭᠤᠯᠵᠤ᠂ 1 ᠵᠢᠯ᠎ᠦᠨ ᠬᠤᠭᠤᠴᠠᠭ᠎ᠠ ᠪᠠ 5 ᠵᠢᠯ᠎ᠦᠨ ᠬᠤᠭᠤᠴᠠᠭ᠎ᠠ᠎ᠠᠴᠠ ᠳᠡᠭᠡᠭᠰᠢᠬᠢ ᠵᠢᠭᠡᠯᠡᠯᠭᠡ᠎ᠶᠢᠨ ᠵᠠᠬ᠎ᠠ ᠳᠡᠯᠭᠡᠭᠦᠷ᠎ᠦᠨ ᠦᠨ᠎ᠡ ᠮᠡᠳᠡᠭᠦᠯᠦᠭᠰᠡᠨ ᠬᠦᠦ ᠮᠥᠩᠭᠥᠨ᠎ᠦ ᠨᠣᠷᠮ᠎ᠠ (LPR)᠎ᠶᠢ ᠲᠣᠰ ᠲᠣᠰ 115 ᠪᠠ 130 ᠰᠠᠭᠤᠷᠢ ᠴᠡᠭ ᠪᠠᠭᠤᠷᠠᠭᠤᠯᠬᠤ᠎ᠶᠢ ᠳᠠᠶ᠋ᠢᠴᠢᠯᠠᠪᠠ᠃
6 ᠳ᠋ᠤᠭᠠᠷ ᠰᠠᠷ᠎ᠠ᠎ᠶᠢᠨ 30᠎ᠤ ᠡᠳᠦᠷ ᠪᠣᠯᠲᠠᠯ᠎ᠠ᠂ ᠵᠢᠭᠡᠯᠡᠯᠭᠡ᠎ᠶᠢᠨ ᠲᠡᠮᠳᠡᠭᠲᠦ᠎ᠶᠢᠨ ᠵᠠᠬ᠎ᠠ ᠳᠡᠯᠭᠡᠭᠦᠷ᠎ᠲᠡᠬᠢ 288 ᠭᠣᠣᠯ ᠴᠣᠭᠴᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠡᠭᠦᠳᠦᠯᠲᠡ᠎ᠶᠢᠨ ᠵᠢᠭᠡᠯᠡᠯᠭᠡ᠎ᠶᠢᠨ ᠲᠡᠮᠳᠡᠭᠲᠦ᠎ᠶᠢ ᠪᠠᠷᠤᠭ 6000 ᠳ᠋ᠦᠩᠰᠢᠭᠤᠷ ᠲᠥᠭᠥᠷᠢᠭ ᠲᠠᠷᠬᠠᠭᠠᠪᠠ
ᠡᠨᠡ ᠵᠢᠯ᠂ ᠠᠷᠠᠳ᠎ᠤᠨ ᠪᠠᠩᠬᠢ ᠬᠣᠯᠪᠣᠭᠳᠠᠯ ᠪᠦᠬᠦᠢ ᠰᠠᠯᠠᠭ᠎ᠠ ᠮᠥᠴᠢᠷ ᠯᠦ᠍ᠭᠡ ᠬᠠᠮᠲᠤᠷᠠᠵᠤ ᠪᠠᠢᠭᠠᠳ ᠬᠣᠶᠠᠷ ᠵᠦᠢᠯ᠎ᠦᠨ ᠨᠡᠮᠡᠭᠳᠡᠯ᠎ᠦᠨ ᠠᠷᠭ᠎ᠠ ᠬᠡᠮᠵᠢᠶ᠎ᠡ᠎ᠶᠢ ᠨᠡᠢᠲᠡᠯᠡᠪᠡ᠂ ᠨᠢᠭᠡ᠎ᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠡᠭᠦᠳᠦᠯᠲᠡ ᠪᠠ ᠮᠡᠷᠭᠡᠵᠢᠯ᠎ᠦᠨ ᠰᠢᠨᠡᠴᠢᠯᠡᠯᠲᠡ᠎ᠶᠢᠨ ᠳᠠᠬᠢᠨᠲᠠ ᠵᠢᠭᠡᠯᠡᠯᠭᠡ᠎ᠶᠢ ᠰᠢᠯᠢᠳᠡᠭᠵᠢᠭᠦᠯᠪᠡ᠂ ᠬᠣᠶᠠᠷ᠎ᠲᠤ ᠵᠢᠭᠡᠯᠡᠯᠭᠡ᠎ᠶᠢᠨ ᠲᠡᠮᠳᠡᠭᠲᠦ᠎ᠶᠢᠨ ᠵᠠᠬ᠎ᠠ ᠳᠡᠯᠭᠡᠭᠦᠷ᠎ᠦᠨ 《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠡᠰᠡᠭ》᠎ᠢ ᠪᠠᠢᠭᠤᠯᠵᠤ᠂ ᠢᠲᠡᠭᠡᠮᠵᠢᠲᠦ ᠵᠢᠭᠡᠯᠡᠯᠭᠡ᠂ ᠵᠢᠭᠡᠯᠡᠯᠭᠡ᠎ᠶᠢᠨ ᠲᠡᠮᠳᠡᠭᠲᠦ᠂ ᠰᠲ᠋ᠣᠺ᠎ᠤᠨ ᠡᠷᠬᠡ ᠵᠡᠷᠭᠡ ᠣᠯᠠᠨ ᠲᠠᠯ᠎ᠠ᠎ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠮᠥᠩᠭᠥᠨ ᠭᠦᠢᠯᠭᠡᠭᠡᠨ᠎ᠦ ᠪᠠᠢᠭᠤᠯᠤᠯ᠎ᠢ ᠲᠦᠷᠭᠡᠪᠴᠢᠯᠡᠨ ᠪᠠᠶ᠋ᠢᠭᠤᠯᠬᠤ᠎ᠶᠢ ᠠᠬᠢᠭᠤᠯᠵᠤ᠂ ᠣᠳᠣᠬᠠᠨ᠎ᠳᠤ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠦᠭᠡᠳ ᠨᠡᠯᠢᠶᠡᠳ ᠰᠠᠢᠨ ᠦᠷ᠎ᠡ ᠪᠦᠲᠦᠮᠵᠢ ᠣᠯᠣᠭᠰᠠᠨ ᠪᠠᠢᠨ᠎ᠠ᠃ 5 ᠳ᠋ᠤᠭᠠᠷ ᠰᠠᠷ᠎ᠠ᠎ᠳᠤ ᠵᠢᠭᠡᠯᠡᠯᠭᠡ᠎ᠶᠢᠨ ᠲᠡᠮᠳᠡᠭᠲᠦ᠎ᠶᠢᠨ ᠵᠠᠬ᠎ᠠ ᠳᠡᠯᠭᠡᠭᠦᠷ᠎ᠦᠨ 《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠡᠰᠡᠭ》᠎ᠢ ᠪᠠᠢᠭᠤᠯᠤᠭᠰᠠᠨ᠎ᠠᠴᠠ ᠨᠠᠭᠠᠰᠢ᠂ 6 ᠳ᠋ᠤᠭᠠᠷ ᠰᠠᠷ᠎ᠠ᠎ᠶᠢᠨ 30᠎ᠤ ᠡᠳᠦᠷ ᠪᠣᠯᠲᠠᠯ᠎ᠠ᠂ ᠵᠢᠭᠡᠯᠡᠯᠭᠡ᠎ᠶᠢᠨ ᠲᠡᠮᠳᠡᠭᠲᠦ᠎ᠶᠢᠨ ᠵᠠᠬ᠎ᠠ ᠳᠡᠯᠭᠡᠭᠦᠷ᠎ᠲᠡᠬᠢ 288 ᠭᠣᠣᠯ ᠴᠣᠭᠴᠠ ᠨᠢ 6000 ᠳ᠋ᠦᠩᠰᠢᠭᠤᠷ ᠲᠥᠭᠥᠷᠢᠭ᠎ᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠡᠭᠦᠳᠦᠯᠲᠡ᠎ᠶᠢᠨ ᠲᠡᠮᠳᠡᠭᠲᠦ᠎ᠶᠢ ᠲᠠᠷᠬᠠᠭᠠᠭᠰᠠᠨ ᠪᠠᠢᠨ᠎ᠠ᠂ ᠡᠭᠦᠨ᠎ᠳᠦ ᠪᠠᠩᠬᠢ᠎ᠶᠢᠨ ᠬᠣᠭᠣᠷᠣᠨᠳᠣᠬᠢ ᠵᠠᠬ᠎ᠠ ᠳᠡᠯᠭᠡᠭᠦᠷ᠎ᠲᠦ 4000 ᠳ᠋ᠦᠩᠰᠢᠭᠤᠷ ᠲᠥᠭᠥᠷᠢᠭ᠎ᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠡᠭᠦᠳᠦᠯᠲᠡ᠎ᠶᠢᠨ ᠵᠢᠭᠡᠯᠡᠯᠭᠡ᠎ᠶᠢᠨ ᠲᠡᠮᠳᠡᠭᠲᠦ᠎ᠶᠢ ᠲᠠᠷᠬᠠᠭᠠᠵᠤ᠂ ᠰᠢᠨ᠎ᠡ᠎ᠪᠡᠷ ᠮᠠᠨᠳᠤᠵᠤ ᠪᠠᠢᠭ᠎ᠠ ᠪᠠ ᠢᠷᠡᠭᠡᠳᠦᠢ᠎ᠶᠢᠨ ᠠᠵᠤ ᠦᠢᠯᠡᠰ᠎ᠦᠨ ᠪᠣᠢ᠎ᠵᠢᠨ ᠬᠥᠭᠵᠢᠬᠦ᠎ᠶᠢ ᠠᠬᠢᠭᠤᠯᠤᠭᠰᠠᠨ ᠮᠥᠷᠲᠡᠭᠡᠨ ᠤᠯᠠᠮᠵᠢᠯᠠᠯᠲᠤ ᠠᠵᠤ ᠦᠢᠯᠡᠰ ᠨᠢ ᠰᠢᠨ᠎ᠡ ᠮᠡᠷᠭᠡᠵᠢᠯ᠎ᠦᠨ ᠦᠷ᠎ᠡ ᠪᠦᠲᠦᠭᠡᠯ ᠬᠡᠷᠡᠭᠯᠡᠬᠦ᠎ᠳᠦ ᠬᠦᠴᠦᠲᠡᠢ ᠳᠡᠮᠵᠢᠯᠭᠡ ᠬᠠᠩᠭᠠᠭᠰᠠᠨ ᠪᠠᠢᠨ᠎ᠠ᠃
ᠳᠤᠮᠳᠠᠳᠤ ᠤᠯᠤᠰ ᠭᠤᠪᠢᠭᠤᠯᠭ᠎ᠠ᠎ᠶᠢᠨ ᠨᠣᠷᠮ᠎ᠠ᠎ᠶᠢᠨ ᠪᠠᠭᠤᠷᠠᠯᠲᠠ᠎ᠪᠠᠷ ᠣᠯᠠᠨ ᠤᠯᠤᠰ᠎ᠤᠨ ᠥᠷᠢᠰᠦᠯᠳᠦᠭᠡᠨ᠎ᠦ ᠳᠠᠪᠠᠭᠤᠯᠢᠭ᠋ ᠣᠯᠬᠤ᠎ᠶᠢ ᠬᠥᠭᠡᠭᠡᠴᠡᠯᠳᠦᠬᠦ ᠦᠭᠡᠢ
ᠭᠤᠪᠢᠭᠤᠯᠭ᠎ᠠ᠎ᠶᠢᠨ ᠨᠤᠷᠮ᠎ᠠ᠎ᠶᠢ ᠨᠥᠯᠥᠭᠡᠯᠡᠬᠦ ᠬᠦᠴᠦᠨ ᠵᠦᠢᠯ ᠤᠯᠠᠨ ᠪᠠᠢᠳᠠᠭ᠂ ᠵᠢᠱ᠌ᠢᠶᠡᠯᠡᠪᠡᠯ ᠠᠵᠤ ᠠᠬᠤᠢ᠎ᠶᠢᠨ ᠨᠡᠮᠡᠭᠳᠡᠯ᠂ ᠵᠣᠭᠣᠰ᠎ᠤᠨ ᠲᠦᠷᠦ᠎ᠶᠢᠨ ᠪᠣᠳᠣᠯᠭ᠎ᠠ᠂ ᠮᠥᠩᠭᠥᠨ ᠭᠦᠢᠯᠭᠡᠭᠡᠨ᠎ᠦ ᠵᠠᠬ᠎ᠠ ᠳᠡᠯᠭᠡᠭᠦᠷ᠂ ᠭᠠᠵᠠᠷ ᠣᠷᠣᠨ᠎ᠤ ᠤᠯᠤᠰ ᠲᠦᠷᠦ᠂ ᠠᠶᠤᠯ ᠲᠦᠭᠰᠢᠭᠦᠷᠢ᠎ᠶᠢᠨ ᠬᠡᠷᠡᠭ ᠵᠡᠷᠭᠡ ᠪᠣᠯᠣᠨ᠎ᠠ᠃ ᠣᠳᠣᠬᠠᠨ᠎ᠳᠤ᠂ ᠳ᠋ᠣᠯᠯᠠᠷ᠎ᠤᠨ ᠬᠠᠨᠳᠤᠰᠢ ᠮᠥᠨ ᠬᠦ᠌ ᠲᠣᠭᠲᠠᠪᠤᠷᠢ ᠦᠭᠡᠢ ᠴᠢᠨᠠᠷᠲᠠᠢ ᠪᠠᠢᠭᠰᠠᠭᠠᠷ᠂ ᠭᠡᠪᠡᠴᠦ ᠳᠤᠮᠳᠠᠳᠤ ᠤᠯᠤᠰ᠎ᠤᠨ ᠤᠯᠤᠰ᠎ᠤᠨ ᠳᠣᠲᠣᠭᠠᠳᠤ᠎ᠶᠢᠨ ᠦᠨᠳᠦᠰᠦᠨ ᠪᠠᠢᠳᠠᠯ ᠦᠷᠭᠦᠯᠵᠢᠯᠡᠨ ᠰᠠᠢᠵᠢᠷᠠᠵᠤ᠂ ᠠᠷᠠᠳ᠎ᠤᠨ ᠵᠣᠭᠣᠰ᠎ᠤᠨ ᠭᠤᠪᠢᠭᠤᠯᠭ᠎ᠠ᠎ᠶᠢᠨ ᠨᠣᠷᠮ᠎ᠠ ᠬᠣᠣᠰ ᠴᠢᠭᠯᠡᠯ᠎ᠢᠶᠡᠷ ᠬᠡᠯᠪᠡᠯᠵᠡᠵᠦ᠂ ᠦᠨᠳᠦᠰᠦᠨ᠎ᠳᠦ᠎ᠪᠡᠨ ᠲᠣᠭᠲᠠᠭᠤᠨ ᠪᠠᠢᠬᠤ ᠨᠢ ᠪᠠᠲᠤ ᠪᠡᠬᠢ ᠰᠠᠭᠤᠷᠢ᠎ᠲᠠᠢ ᠪᠠᠢᠬᠤ᠎ᠠᠴᠠ ᠪᠣᠯᠣᠭᠰᠠᠨ ᠶᠤᠮ᠃ ᠳᠤᠮᠳᠠᠳᠤ ᠤᠯᠤᠰ ᠭᠤᠪᠢᠭᠤᠯᠭ᠎ᠠ᠎ᠶᠢᠨ ᠨᠤᠷᠮ᠎ᠠ᠎ᠶᠢᠨ ᠪᠠᠭᠤᠷᠠᠯᠲᠠ᠎ᠪᠠᠷ ᠤᠯᠠᠨ ᠤᠯᠤᠰ᠎ᠤᠨ ᠥᠷᠢᠰᠦᠯᠳᠦᠭᠡᠨ᠎ᠦ ᠳᠠᠪᠠᠭᠤᠯᠢᠭ᠋ ᠣᠯᠬᠤ᠎ᠶᠢ ᠬᠥᠭᠡᠭᠡᠴᠡᠯᠳᠦᠬᠦ ᠦᠭᠡᠢ᠃ ᠠᠷᠠᠳ᠎ᠤᠨ ᠪᠠᠩᠬᠢ᠎ᠶᠢᠨ ᠭᠤᠪᠢᠭᠤᠯᠭ᠎ᠠ᠎ᠶᠢᠨ ᠨᠤᠷᠮ᠎ᠠ᠎ᠶᠢᠨ ᠲᠦᠷᠦ᠎ᠶᠢᠨ ᠪᠣᠳᠣᠯᠭ᠎ᠠ᠎ᠶᠢᠨ ᠲᠠᠯ᠎ᠠ᠎ᠪᠠᠷ ᠬᠢ ᠵᠣᠭᠰᠣᠯᠲᠠ ᠪᠣᠯ ᠲᠣᠳᠣᠷᠬᠠᠢ ᠪᠥᠭᠡᠳ ᠡᠬᠢᠨ᠎ᠡᠴᠡ ᠨᠢ ᠠᠪᠤᠭᠠᠳ ᠠᠳᠠᠭ᠎ᠲᠤ ᠨᠢ ᠲᠤᠯᠲᠠᠯ᠎ᠠ ᠲᠤᠭᠤᠰᠢᠯᠠᠭᠳᠠᠬᠤ ᠶᠤᠮ᠂ ᠭᠤᠪᠢᠭᠤᠯᠭ᠎ᠠ᠎ᠶᠢᠨ ᠨᠤᠷᠮ᠎ᠠ᠎ᠶᠢᠨ ᠪᠦᠷᠢᠯᠳᠦᠬᠦ ᠶᠠᠪᠤᠴᠠ᠎ᠳᠠᠬᠢ ᠵᠠᠬ᠎ᠠ ᠳᠡᠯᠭᠡᠭᠦᠷ᠎ᠦᠨ ᠰᠢᠢᠳᠪᠦᠷᠢᠯᠡᠭᠴᠢ ᠴᠢᠨᠠᠷᠲᠠᠢ ᠦᠢᠯᠡᠳᠦᠯ᠎ᠢ ᠦᠷᠭᠦᠯᠵᠢᠯᠡᠨ ᠪᠠᠷᠢᠮᠲᠠᠯᠠᠵᠤ᠂ ᠭᠤᠪᠢᠭᠤᠯᠭ᠎ᠠ᠎ᠶᠢᠨ ᠨᠤᠷᠮ᠎ᠠ᠎ᠶᠢᠨ ᠬᠠᠷᠢᠮᠠᠬᠠᠢ ᠴᠢᠨᠠᠷ᠎ᠢ ᠪᠠᠲᠤᠯᠠᠬᠤ᠎ᠶᠢᠨ ᠬᠠᠮᠲᠤ ᠵᠢᠱ᠌ᠢᠯᠲᠡ᠎ᠪᠡᠷ ᠬᠥᠲᠥᠯᠥᠨ ᠵᠢᠯᠤᠭᠣᠳᠬᠤ᠎ᠶᠢ ᠴᠢᠩᠭᠠᠳᠬᠠᠵᠤ᠂ ᠭᠤᠪᠢᠭᠤᠯᠭ᠎ᠠ᠎ᠶᠢᠨ ᠨᠤᠷᠮ᠎ᠠ᠎ᠶᠢ ᠬᠡᠲᠦᠷᠡᠭᠦᠯᠦᠨ ᠲᠣᠬᠢᠷᠠᠭᠤᠯᠬᠤ ᠲᠦᠭᠰᠢᠭᠦᠷᠢ᠎ᠶᠢ ᠰᠡᠷᠭᠡᠢᠯᠡᠵᠦ᠂ ᠠᠷᠠᠳ᠎ᠤᠨ ᠵᠣᠭᠣᠰ᠎ᠤᠨ ᠭᠤᠪᠢᠭᠤᠯᠭ᠎ᠠ᠎ᠶᠢᠨ ᠨᠤᠷᠮ᠎ᠠ᠎ᠶᠢᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠡᠭᠡᠷ᠎ᠡ ᠦᠨᠳᠦᠰᠦᠨ᠎ᠳᠦ᠎ᠪᠡᠨ ᠲᠣᠭᠲᠠᠭᠤᠨ ᠪᠠᠢᠬᠤ᠎ᠶᠢ ᠨᠢ ᠪᠠᠲᠤᠯᠠᠨ᠎ᠠ᠃