7 ᠳ᠋ᠤᠭᠠᠷ ᠰᠠᠷ᠎ᠠ᠎ᠶᠢᠨ 18᠎ᠤ ᠡᠳᠦᠷ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠰᠣᠨᠢᠨ ᠮᠡᠳᠡᠭᠡᠨ᠎ᠦ ᠠᠯᠪᠠᠨ ᠭᠡᠷ 《 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠲᠥᠯᠦᠪᠵᠢᠭᠦᠯᠭᠡ᠎ᠶᠢ ᠴᠢᠨᠠᠷ ᠰᠠᠢᠲᠠᠢ ᠪᠡᠶᠡᠯᠡᠭᠦᠯᠬᠦ》 ᠰᠢᠷᠢᠰ ᠭᠣᠣᠯ ᠰᠡᠳᠦᠪᠲᠦ ᠰᠣᠨᠢᠨ ᠮᠡᠳᠡᠭᠡ ᠨᠡᠢᠲᠡᠯᠡᠬᠦ ᠬᠤᠷᠠᠯ ᠬᠢᠪᠡ᠃ ᠬᠤᠷᠠᠯ ᠳᠡᠭᠡᠷ᠎ᠡ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠰᠠᠢᠳ ᠸᠠᠩ ᠸᠸᠨ ᠲᠣᠣ᠎ᠶᠢᠨ ᠲᠠᠨᠢᠯᠴᠠᠭᠤᠯᠤᠭᠰᠠᠨ᠎ᠢᠶᠠᠷ ᠄
ᠮᠠᠨ᠎ᠤ ᠤᠯᠤᠰ᠎ᠤᠨ ᠪᠠᠷᠠᠭᠠᠨ᠎ᠤ ᠠᠷᠠᠯᠵᠢᠶᠠᠨ᠎ᠤ ᠬᠡᠪᠴᠢᠶᠡᠵᠢᠯ ᠪᠥᠬᠥ ᠳᠡᠯᠡᠬᠡᠢ᠎ᠶᠢᠨ ᠨᠢᠭᠡᠳᠦᠭᠡᠷ᠎ᠲᠦ᠂ ᠦᠢᠯᠡᠴᠢᠯᠡᠭᠡᠨ᠎ᠦ ᠠᠷᠠᠯᠵᠢᠶᠠᠨ᠎ᠤ ᠬᠡᠪᠴᠢᠶᠡᠵᠢᠯ ᠳᠡᠯᠡᠬᠡᠢ᠎ᠶᠢᠨ ᠬᠣᠶᠠᠳᠤᠭᠠᠷ᠎ᠲᠤ ᠲᠣᠭᠲᠠᠭᠤᠨ᠎ᠢᠶᠠᠷ ᠣᠷᠣᠪᠠ
ᠮᠠᠨ᠎ᠤ ᠤᠯᠤᠰ᠎ᠤᠨ ᠠᠵᠤ ᠠᠬᠤᠢ ᠠᠷᠠᠯᠵᠢᠶᠠᠨ᠎ᠤ ᠲᠣᠮᠣ᠌ ᠤᠯᠤᠰ᠎ᠤᠨ ᠪᠠᠢᠷᠢ ᠰᠠᠭᠤᠷᠢ ᠤᠯᠠᠮ ᠨᠢᠭᠡ ᠠᠯᠬᠤᠮ ᠪᠡᠬᠢᠵᠢᠵᠦ᠂ ᠴᠢᠨᠠᠷ ᠰᠠᠢᠲᠠᠢ ᠬᠥᠭᠵᠢᠯᠲᠡ ᠢᠯᠡᠳᠲᠡ ᠦᠷ᠎ᠡ ᠪᠦᠲᠦᠮᠵᠢ ᠣᠯᠪᠠ᠃ ᠭᠠᠳᠠᠭᠠᠳᠤ ᠠᠷᠠᠯᠵᠢᠶ᠎ᠠ ᠳᠠᠷᠤᠯᠲᠠ᠎ᠶᠢ ᠲᠤᠯᠵᠤ᠂ ᠤᠶᠠᠨ ᠬᠠᠳᠠᠨ ᠴᠢᠨᠠᠷ᠎ᠢᠶᠠᠨ ᠢᠯᠡᠷᠡᠭᠦᠯᠵᠦ᠂ ᠪᠠᠷᠠᠭᠠᠨ᠎ᠤ ᠠᠷᠠᠯᠵᠢᠶᠠᠨ᠎ᠤ ᠬᠡᠪᠴᠢᠶᠡᠵᠢᠯ ᠪᠦᠬᠦ ᠳᠡᠯᠡᠬᠡᠢ᠎ᠶᠢᠨ ᠨᠢᠭᠡᠳᠦᠭᠡᠷ᠎ᠲᠦ ᠲᠣᠭᠲᠠᠭᠤᠨ᠎ᠢᠶᠠᠷ ᠣᠷᠣᠵᠤ᠂ ᠤᠯᠠᠨ ᠤᠯᠤᠰ᠎ᠤᠨ ᠵᠠᠬ᠎ᠠ ᠳᠡᠯᠭᠡᠭᠦᠷ᠎ᠲᠠᠬᠢ ᠭᠠᠳᠠᠭᠠᠳᠤ ᠭᠠᠷᠭᠠᠯᠲᠠ᠂ ᠭᠠᠳᠠᠭᠠᠳᠤ ᠣᠷᠤᠯᠠᠭᠤᠯᠭᠠᠶᠢᠨ ᠡᠵᠡᠯᠡᠬᠦ ᠬᠤᠪᠢ ᠲᠤᠰ ᠲᠤᠰ 14% ᠪᠠ 10%᠎ᠡᠴᠡ ᠳᠡᠭᠡᠭᠰᠢ᠎ᠳᠦ ᠲᠣᠭᠲᠠᠪᠤᠷᠢᠵᠢᠪᠠ᠃ ᠦᠢᠯᠡᠴᠢᠯᠡᠭᠡᠨ᠎ᠦ ᠠᠷᠠᠯᠵᠢᠶᠠᠨ᠎ᠤ ᠬᠡᠪᠴᠢᠶᠡᠵᠢᠯ ᠳᠡᠯᠡᠬᠡᠢ᠎ᠶᠢᠨ ᠬᠣᠶᠠᠳᠤᠭᠠᠷ᠎ᠲᠤ ᠲᠣᠭᠲᠠᠭᠤᠨ᠎ᠢᠶᠠᠷ ᠣᠷᠣᠪᠠ᠃
《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢ ᠬᠡᠷᠡᠭᠵᠢᠭᠦᠯᠦᠭᠰᠡᠨ᠎ᠡᠴᠡ ᠨᠠᠭᠠᠰᠢ ᠭᠠᠳᠠᠭᠠᠳᠤ᠎ᠶᠢᠨ ᠪᠡᠯᠡ ᠮᠥᠩᠭᠥ᠎ᠶᠢ ᠨᠡᠶ᠋ᠢᠲᠡ 7000 ᠳ᠋ᠦᠩᠰᠢᠭᠤᠷ ᠳ᠋ᠣᠯᠯᠠᠷ ᠲᠡᠳᠡᠨ ᠣᠷᠣᠭᠤᠯᠪᠠ
《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢ ᠬᠡᠷᠡᠭᠵᠢᠭᠦᠯᠦᠭᠰᠡᠨ᠎ᠡᠴᠡ ᠨᠠᠭᠠᠰᠢ᠂ ᠮᠠᠨ᠎ᠤ ᠤᠯᠤᠰ᠎ᠤᠨ ᠭᠠᠳᠠᠭᠠᠳᠤ ᠠᠷᠠᠯᠵᠢᠶ᠎ᠠ ᠳᠠᠷᠤᠯᠲᠠ᠎ᠶᠢ ᠲᠤᠯᠵᠤ᠂ ᠤᠶᠠᠨ ᠬᠠᠳᠠᠨ ᠴᠢᠨᠠᠷ᠎ᠢᠶᠠᠨ ᠢᠯᠡᠷᠡᠭᠦᠯᠵᠦ᠂ ᠪᠠᠷᠠᠭᠠᠨ᠎ᠤ ᠠᠷᠠᠯᠵᠢᠶ᠎ᠠ ᠳᠡᠯᠡᠬᠡᠢ᠎ᠶᠢᠨ ᠨᠢᠭᠡᠳᠦᠭᠡᠷ ᠲᠣᠭᠲᠠᠭᠤᠨ᠎ᠢᠶᠠᠷ ᠣᠷᠣᠵᠤ᠂ ᠤᠯᠠᠨ ᠤᠯᠤᠰ᠎ᠤᠨ ᠵᠠᠬ᠎ᠠ ᠳᠡᠯᠭᠡᠭᠦᠷ᠎ᠲᠡᠬᠢ ᠭᠠᠳᠠᠭᠠᠳᠤ ᠣᠷᠤᠯᠠᠭᠤᠯᠭᠠ᠂ ᠭᠠᠳᠠᠭᠠᠳᠤ ᠭᠠᠷᠭᠠᠯᠲᠠ᠎ᠶᠢᠨ ᠡᠵᠡᠯᠡᠬᠦ ᠬᠤᠪᠢ 14% ᠪᠠ 10% ᠡᠴᠡ ᠳᠡᠭᠡᠭᠰᠢ᠎ᠳᠤ ᠲᠣᠭᠲᠠᠪᠤᠷᠢᠵᠢᠪᠠ᠃ ᠦᠢᠯᠡᠴᠢᠯᠡᠭᠡᠨ᠎ᠦ ᠠᠷᠠᠯᠵᠢᠶᠠᠨ᠎ᠤ ᠬᠡᠪᠴᠢᠶᠡᠵᠢᠯ ᠳᠡᠯᠡᠬᠡᠢ᠎ᠶᠢᠨ ᠬᠣᠶᠠᠳᠤᠭᠠᠷ᠎ᠲᠤ ᠲᠣᠭᠲᠠᠭᠤᠨ᠎ᠢᠶᠠᠷ ᠣᠷᠣᠪᠠ᠃ ᠭᠠᠳᠠᠭᠠᠳᠤ ᠪᠡᠯᠡ᠎ᠶᠢᠨ ᠴᠢᠨᠠᠷ ᠴᠢᠨᠰᠠᠭ᠎ᠠ ᠰᠠᠢᠵᠢᠷᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢ ᠬᠡᠷᠡᠭᠵᠢᠭᠦᠯᠦᠭᠰᠡᠨ᠎ᠡᠴᠡ ᠨᠠᠭᠠᠰᠢ ᠨᠡᠢᠲᠡ ᠲᠠᠲᠠᠨ ᠣᠷᠣᠭᠤᠯᠤᠭᠰᠠᠨ ᠭᠠᠳᠠᠭᠠᠳᠤ ᠪᠡᠯᠡ 7000 ᠳ᠋ᠦᠩᠰᠢᠭᠤᠷ ᠳ᠋ᠣᠯᠯᠠᠷ᠎ᠤᠨ ᠵᠢᠱ᠌ᠢᠭᠰᠡᠨ ᠬᠠᠷᠠᠯᠲᠠ᠎ᠠᠴᠠ ᠳᠠᠪᠠᠪᠠ᠃
《ᠳᠤᠮᠳᠠᠳᠤ ᠤᠯᠤᠰ᠎ᠲᠤ ᠪᠡᠯᠡ ᠣᠷᠣᠭᠤᠯᠬᠤ》 ᠢᠲᠡᠭᠡᠮᠵᠢ ᠰᠠᠢᠲᠠᠢ ᠢᠷᠠᠭᠤ ᠠᠯᠳᠠᠷ᠎ᠢᠶᠠᠨ ᠦᠷᠭᠦᠯᠵᠢᠯᠡᠨ ᠪᠠᠲᠤᠯᠠᠵᠤ᠂ ᠪᠡᠯᠡ ᠲᠠᠲᠠᠬᠤ ᠪᠦᠲᠦᠴᠡ ᠲᠠᠰᠤᠷᠠᠯᠲᠠ ᠦᠭᠡᠢ ᠰᠢᠯᠢᠳᠡᠭᠵᠢᠪᠡ᠃ ᠦᠢᠯᠡᠳᠪᠦᠷᠢᠯᠡᠯ ᠬᠠᠩᠭᠠᠯᠭ᠎ᠠ᠎ᠶᠢᠨ ᠬᠡᠯᠬᠢᠶᠡᠨ᠎ᠦ ᠲᠠᠯ᠎ᠠ᠎ᠪᠠᠷ ᠬᠢ ᠤᠯᠠᠨ ᠤᠯᠤᠰ᠎ᠤᠨ ᠬᠠᠮᠲᠤᠷᠠᠯᠴᠠᠭ᠎ᠠ ᠡᠮᠬᠢ ᠳᠢᠭᠯᠢᠮ ᠲᠡᠢ ᠠᠬᠢᠵᠤ᠂ ᠭᠠᠳᠠᠭᠠᠳᠤ᠎ᠳᠤ ᠬᠠᠨᠳᠤᠭᠤᠯᠤᠭᠰᠠᠨ ᠪᠡᠯᠡ ᠣᠷᠣᠭᠤᠯᠤᠯᠲᠠ᠎ᠶᠢᠨ ᠵᠢᠯ ᠳᠤᠮᠳᠠᠴᠢ᠎ᠶᠢᠨ ᠨᠡᠮᠡᠭᠳᠡᠯ᠎ᠦᠨ ᠬᠤᠷᠳᠤᠴᠠ 5%᠎ᠶᠢ ᠳᠠᠪᠠᠵᠤ᠂ ᠳᠡᠯᠡᠬᠡᠢ᠎ᠶᠢᠨ ᠡᠮᠦᠨ᠎ᠡ ᠭᠤᠷᠪᠠ᠎ᠳᠤ ᠲᠣᠭᠲᠠᠭᠤᠨ᠎ᠢᠶᠠᠷ ᠣᠷᠣᠵᠤ᠂ ᠭᠠᠳᠠᠭᠠᠳᠤ᠎ᠳᠤ ᠬᠠᠨᠳᠤᠭᠤᠯᠤᠭᠰᠠᠨ ᠪᠠᠷᠢᠯᠭ᠎ᠠ᠎ᠶᠢᠨ ᠳᠠᠭᠠᠭᠠᠴᠢᠯᠠᠯᠲᠠ ᠶᠡᠷᠦᠩᠬᠡᠢ᠎ᠳᠦ᠎ᠪᠡᠨ ᠲᠣᠭᠲᠠᠭᠤᠨ᠎ᠢᠶᠠᠷ ᠨᠡᠮᠡᠭᠳᠡᠨ᠂ ᠮᠠᠨ᠎ᠤ ᠤᠯᠤᠰ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠠᠶ᠋ᠢᠭᠤᠯᠬᠤ ᠤᠯᠤᠰ᠎ᠤᠳ ᠯᠤᠭ᠎ᠠ ᠤᠯᠠᠨ ᠬᠤᠪᠢ ᠦᠢᠯᠡᠳᠪᠦᠷᠢᠯᠡᠯ ᠬᠠᠩᠭᠠᠯᠭ᠎ᠠ᠎ᠶᠢᠨ ᠬᠡᠯᠬᠢᠶᠡᠨ᠎ᠦ ᠬᠠᠮᠲᠤᠷᠠᠯᠴᠠᠭᠠᠨ᠎ᠤ ᠰᠠᠨᠠᠮᠵᠢ᠎ᠶᠢᠨ ᠪᠢᠴᠢᠭ᠎ᠲᠦ ᠭᠠᠷᠤᠨ ᠦᠰᠦᠭ ᠵᠢᠷᠤᠪᠠ᠃
ᠡᠨᠡ ᠵᠢᠯ ᠮᠠᠨ᠎ᠤ ᠤᠯᠤᠰ᠎ᠤᠨ ᠨᠡᠢᠭᠡᠮ᠎ᠦᠨ ᠬᠡᠷᠡᠭᠯᠡᠭᠡ᠎ᠶᠢᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠣᠭ᠎ᠠ ᠠᠷᠠᠳ᠎ᠤᠨ ᠵᠣᠭᠣᠰ᠎ᠢᠶᠠᠷ 50 ᠲᠦᠮᠡᠨ ᠳ᠋ᠦᠩᠰᠢᠭᠤᠷ ᠲᠥᠭᠥᠷᠢᠭ᠎ᠢ ᠳᠠᠪᠠᠬᠤ ᠪᠣᠯᠣᠮᠵᠢ᠎ᠲᠠᠢ ᠪᠠᠢᠨ᠎ᠠ
ᠮᠠᠨ᠎ᠤ ᠤᠯᠤᠰ᠎ᠤᠨ ᠬᠡᠷᠡᠭᠯᠡᠭᠡ᠎ᠶᠢᠨ ᠵᠠᠬ᠎ᠠ ᠳᠡᠯᠭᠡᠭᠦᠷ᠎ᠦᠨ ᠬᠡᠪᠴᠢᠶᠡᠵᠢᠯ ᠳᠡᠯᠡᠬᠡᠢ᠎ᠶᠢᠨ ᠬᠣᠶᠠᠳᠤᠭᠠᠷ᠎ᠲᠤ ᠲᠣᠭᠲᠠᠭᠤᠨ᠎ᠢᠶᠠᠷ ᠣᠷᠣᠵᠤ᠂ ᠥᠩᠭᠡᠷᠡᠭᠰᠡᠨ ᠳᠥᠷᠪᠡᠨ ᠵᠢᠯ᠎ᠳᠦ ᠨᠡᠢᠭᠡᠮ᠎ᠦᠨ ᠬᠡᠷᠡᠭᠯᠡᠭᠡ᠎ᠶᠢᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠣᠭ᠎ᠠ ᠵᠢᠯ ᠪᠦᠷᠢ ᠳᠤᠮᠳᠠᠴᠢ᠎ᠪᠠᠷ 5.5%᠎ᠪᠠᠷ ᠨᠡᠮᠡᠭᠳᠡᠵᠦ᠂ ᠡᠨᠡ ᠵᠢᠯ ᠠᠷᠠᠳ᠎ᠤᠨ ᠵᠣᠭᠣᠰ᠎ᠢᠶᠠᠷ 50 ᠲᠦᠮᠡᠨ ᠳ᠋ᠦᠩᠰᠢᠭᠤᠷ ᠲᠥᠭᠥᠷᠢᠭ᠎ᠢ ᠳᠠᠪᠠᠬᠤ ᠪᠣᠯᠣᠮᠵᠢ᠎ᠲᠠᠢ ᠪᠠᠢᠨ᠎ᠠ᠃
ᠮᠠᠨ᠎ᠤ ᠤᠯᠤᠰ᠎ᠤᠨ ᠦᠢᠯᠡᠴᠢᠯᠡᠭᠡᠨ᠎ᠦ ᠬᠡᠷᠡᠭᠯᠡᠭᠡ ᠨᠡᠯᠢᠶᠡᠳ ᠲᠦᠷᠭᠡᠨ ᠨᠡᠮᠡᠭᠳᠡᠯ ᠲᠡᠢ ᠪᠠᠢᠬᠤ᠎ᠪᠠᠨ ᠪᠠᠲᠤᠯᠠᠵᠤ᠂ ᠰᠠᠭᠤᠭᠠᠯᠢ ᠠᠷᠠᠳ᠎ᠤᠨ ᠦᠢᠯᠡᠴᠢᠯᠡᠭᠡᠨ᠎ᠦ ᠴᠢᠨᠠᠷᠲᠠᠢ ᠬᠡᠷᠡᠭᠯᠡᠭᠡ᠎ᠶᠢᠨ ᠵᠠᠷᠤᠯᠭ᠎ᠠ᠎ᠶᠢᠨ ᠡᠵᠡᠯᠡᠬᠦ ᠬᠠᠷᠢᠴᠠᠯ 3.5 ᠵᠠᠭᠤᠨ᠎ᠤ ᠬᠤᠪᠢ᠎ᠪᠠᠷ ᠳᠡᠭᠡᠭᠰᠢᠯᠡᠵᠦ᠂ 46.1%᠎ᠳᠤ ᠬᠥᠷᠪᠡ᠃