ᠲᠡᠷᠢᠭᠦᠨ ᠬᠠᠭᠤᠳᠠᠰᠤ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠬᠠᠮᠤᠭ᠎ᠤᠨ ᠰᠢᠨ᠎ᠡ ᠨᠡᠢᠲᠡᠯᠡᠯ᠂ ᠣᠯᠠᠨ ᠲᠠᠯ᠎ᠠ᠎ᠪᠠᠷ ᠳᠡᠯᠡᠬᠡᠢ᠎ᠶᠢᠨ ᠨᠢᠭᠡᠳᠦᠭᠡᠷ᠎ᠲᠤ ᠣᠷᠣᠪᠠ
ᠨᠡᠶ᠋ᠢᠲᠡᠯᠡᠭᠰᠡᠨ ᠴᠠᠭ᠄ 2025-07-22

ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠰᠣᠨᠢᠨ ᠮᠡᠳᠡᠭᠡᠨ᠎ᠦ ᠠᠯᠪᠠᠨ ᠭᠡᠷ 7 ᠳ᠋ᠤᠭᠠᠷ ᠰᠠᠷ᠎ᠠ᠎ᠶᠢᠨ 21 ᠎ᠦ ᠡᠳᠦᠷ 《〈ᠠᠷᠪᠠᠨ ᠳᠥᠷᠪᠡᠳᠦᠭᠡᠷ ᠲᠠᠪᠤᠨ ᠵᠢᠯ〉᠎ᠤᠨ ᠲᠥᠯᠦᠪᠵᠢᠭᠦᠯᠭᠡ᠎ᠶᠢ ᠴᠢᠨᠠᠷ ᠰᠠᠢᠲᠠᠢ ᠪᠡᠶᠡᠯᠡᠭᠦᠯᠦᠶ᠎ᠡ》 ᠭᠡᠬᠦ ᠰᠢᠷᠢᠰ ᠭᠣᠣᠯ ᠰᠡᠳᠦᠪᠲᠦ ᠰᠣᠨᠢᠨ ᠮᠡᠳᠡᠭᠡ ᠨᠡᠢᠲᠡᠯᠡᠬᠦ ᠬᠤᠷᠠᠯ ᠬᠢᠪᠡ᠃ ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ᠂ ᠤᠯᠤᠰ᠎ᠤᠨ ᠰᠢᠤᠳᠠᠨ᠎ᠤ ᠲᠣᠪᠴᠢᠶ᠎ᠠ᠂ ᠳᠤᠮᠳᠠᠳᠤ ᠤᠯᠤᠰ᠎ᠤᠨ ᠠᠷᠠᠳ᠎ᠤᠨ ᠠᠭᠠᠷ᠎ᠤᠨ ᠲᠡᠭᠡᠭᠡᠪᠦᠷᠢ᠎ᠶᠢᠨ ᠲᠣᠪᠴᠢᠶ᠎ᠠ᠂ ᠤᠯᠤᠰ᠎ᠤᠨ ᠲᠡᠮᠦᠷ ᠵᠠᠮ᠎ᠤᠨ ᠲᠣᠪᠴᠢᠶ᠎ᠠ᠎ᠶᠢᠨ ᠬᠣᠯᠪᠣᠭᠳᠠᠯ ᠪᠦᠬᠦᠢ ᠬᠠᠷᠢᠭᠤᠴᠠᠯᠭᠠᠲᠠᠳ ᠬᠤᠷᠠᠯ᠎ᠳᠤ ᠣᠷᠣᠯᠴᠠᠭᠠᠳ ᠬᠣᠯᠪᠣᠭᠳᠠᠯ ᠪᠦᠬᠦᠢ ᠪᠠᠢᠳᠠᠯ᠎ᠤᠳ᠎ᠢ ᠲᠠᠨᠢᠯᠴᠠᠭᠤᠯᠪᠠ᠂ ᠬᠠᠮᠲᠤ᠎ᠪᠠᠷ ᠦᠵᠡᠵᠡᠭᠡᠶ᠎ᠡ —

ᠬᠣᠲᠠ᠎ᠶᠢᠨ ᠲᠡᠮᠦᠷ ᠵᠠᠮ᠎ᠤᠨ ᠵᠠᠮ ᠬᠠᠷᠢᠯᠴᠠᠭᠠᠨ᠎ᠤ ᠡᠵᠡᠩᠨᠡᠯᠲᠡ᠎ᠶᠢᠨ ᠵᠠᠢ ᠨᠢ ᠪᠠᠷᠤᠭ 1.1 ᠲᠦᠮᠡᠨ ᠺᠢᠯᠣᠮᠧᠲᠷ ᠪᠠᠢᠵᠤ᠂ ᠳᠡᠯᠡᠬᠡᠢ᠎ᠶᠢᠨ ᠲᠡᠷᠢᠭᠦᠨ᠎ᠳᠦ ᠣᠷᠣᠪᠠ

ᠥᠩᠭᠡᠷᠡᠭᠰᠡᠨ ᠨᠢᠭᠡ ᠵᠢᠯ᠎ᠳᠦ᠂ ᠳᠤᠮᠳᠠᠴᠢ᠎ᠪᠠᠷ ᠡᠳᠦᠷ ᠪᠦᠷᠢ ᠪᠠᠷᠤᠭ 1.8 ᠳ᠋ᠦᠩᠰᠢᠭᠤᠷ ᠬᠥᠮᠥᠨ ᠤᠳᠠᠭ᠎ᠠ ᠣᠷᠣᠨ ᠪᠦᠰᠡ ᠠᠯᠤᠰᠯᠠᠨ ᠠᠶᠠᠯᠠᠵᠤ᠂ 1.6 ᠳ᠋ᠦᠩᠰᠢᠭᠤᠷ ᠲᠣᠨ ᠪᠠᠷᠠᠭ᠎ᠠ ᠲᠡᠭᠡᠭᠡᠪᠦᠷᠢᠯᠡᠨ ᠬᠦᠷᠭᠡᠵᠦ᠂ 4.78 ᠳ᠋ᠦᠩᠰᠢᠭᠤᠷ ᠲᠦᠷᠭᠡᠨ ᠬᠦᠷᠭᠡᠯᠲᠡ᠎ᠶᠢ ᠭᠥᠯᠢᠶᠡᠨ ᠠᠪᠴᠠᠢ᠃ ᠬᠣᠲᠠ᠎ᠶᠢᠨ ᠲᠡᠮᠦᠷ ᠵᠠᠮ᠎ᠤᠨ ᠵᠠᠮ ᠬᠠᠷᠢᠯᠴᠠᠭᠠᠨ᠎ᠤ ᠡᠵᠡᠩᠨᠡᠯᠲᠡ᠎ᠶᠢᠨ ᠵᠠᠢ ᠨᠢ ᠪᠠᠷᠤᠭ 1.1 ᠲᠦᠮᠡᠨ ᠺᠢᠯᠣᠮᠧᠲᠷ ᠪᠠᠢᠵᠤ᠂ ᠳᠡᠯᠡᠬᠡᠢ᠎ᠶᠢᠨ ᠲᠡᠷᠢᠭᠦᠨ᠎ᠳᠦ ᠣᠷᠣᠵᠤ᠂ ᠬᠤᠳᠠ᠎ᠶᠢᠨ ᠤᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠡᠵᠡᠩᠨᠡᠯᠲᠡ᠎ᠶᠢᠨ ᠵᠠᠮ ᠱᠤᠭᠤᠮ᠎ᠤᠨ ᠪᠦᠬᠦ ᠤᠷᠳᠤ ᠨᠢ 175 ᠲᠦᠮᠡᠨ ᠺᠢᠯᠣᠮᠧᠲᠷ᠎ᠲᠦ ᠬᠦᠷᠴᠦ᠂ 《ᠠᠷᠪᠠᠨ ᠭᠤᠷᠪᠠᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶᠢᠨ ᠰᠡᠭᠦᠯᠴᠢ᠎ᠶᠢᠨ ᠬᠢ᠎ᠡᠴᠡ ᠲᠤᠰ ᠲᠤᠰ 48.5% ᠪᠠ 18.3%᠎ᠪᠠᠷ ᠨᠡᠮᠡᠭᠳᠡᠵᠡᠢ᠃

ᠳᠤᠮᠳᠠᠳᠤ ᠤᠯᠤᠰ᠎ᠤᠨ ᠲᠦᠷᠭᠡᠨ ᠬᠦᠷᠭᠡᠯᠲᠡ᠎ᠶᠢᠨ ᠲᠤᠬᠠᠢᠯᠠᠭᠰᠠᠨ ᠠᠵᠢᠯ᠎ᠤᠨ ᠬᠡᠮᠵᠢᠶ᠎ᠡ 11 ᠵᠢᠯ ᠳᠠᠷᠠᠭᠠᠯᠠᠨ ᠳᠡᠯᠡᠬᠡᠢ᠎ᠶᠢᠨ ᠨᠢᠭᠡᠳᠦᠭᠡᠷ᠎ᠲᠦ ᠪᠠᠢᠷᠢᠯᠠᠪᠠ

ᠳᠤᠮᠳᠠᠳᠤ ᠤᠯᠤᠰ᠎ᠤᠨ ᠲᠦᠷᠭᠡᠨ ᠬᠦᠷᠭᠡᠯᠲᠡ᠎ᠶᠢᠨ ᠲᠤᠬᠠᠢᠯᠠᠭᠰᠠᠨ ᠠᠵᠢᠯ᠎ᠤᠨ ᠬᠡᠮᠵᠢᠶ᠎ᠡ 11 ᠵᠢᠯ ᠳᠠᠷᠠᠭᠠᠯᠠᠨ ᠳᠡᠯᠡᠬᠡᠢ᠎ᠶᠢᠨ ᠨᠢᠭᠡᠳᠦᠭᠡᠷ᠎ᠲᠦ ᠪᠠᠢᠷᠢᠯᠠᠵᠤ᠂ ᠣᠳᠣᠬᠠᠨ᠎ᠳᠤ ᠳᠤᠮᠳᠠᠴᠢ᠎ᠪᠠᠷ ᠡᠳᠦᠷ ᠪᠦᠷᠢ 5 ᠳ᠋ᠦᠩᠰᠢᠭᠤᠷ ᠭᠠᠷᠤᠢ ᠲᠦᠷᠭᠡᠨ ᠬᠦᠷᠭᠡᠯᠲᠡ᠎ᠶᠢᠨ ᠵᠦᠢᠯ᠎ᠢ ᠬᠣᠷᠢᠶᠠᠨ ᠠᠪᠴᠤ ᠪᠠᠢᠨ᠎ᠠ᠂ ᠮᠤᠨᠳᠠᠭ ᠶᠡᠬᠡ ᠲᠤᠬᠠᠢᠯᠠᠭᠰᠠᠨ ᠠᠵᠢᠯ᠎ᠤᠨ ᠬᠡᠮᠵᠢᠶ᠎ᠡ᠎ᠶᠢᠨ ᠠᠷᠤ᠎ᠳᠤ ᠡᠬᠢ ᠪᠠᠶᠠᠯᠢᠭ᠋᠎ᠤᠨ ᠥᠨᠳᠥᠷ ᠪᠦᠲᠦᠮᠵᠢᠲᠡᠶ ᠲᠣᠬᠢᠷᠠᠭᠤᠯᠤᠯᠲᠠ ᠪᠣᠶ᠂ ᠡᠨᠡ ᠨᠢ ᠪᠠᠷᠤᠭ ᠰᠧᠺᠦ᠋ᠨ᠋ᠳ᠋ ᠪᠦᠷᠢ 6000 ᠰᠢᠬᠠᠮ ᠲᠦᠷᠭᠡᠨ ᠬᠦᠷᠭᠡᠯᠲᠡ᠎ᠶᠢ ᠢᠯᠡᠭᠡᠬᠦ᠌ ᠵᠠᠮ᠎ᠳᠤ ᠣᠷᠣᠭᠤᠯᠵᠤ᠂ ᠢᠯᠡᠭᠡᠬᠦ᠌ ᠲᠣᠣᠷ᠎ᠢᠶᠠᠷ ᠤᠯᠤᠰ᠎ᠤᠨ ᠳᠣᠲᠣᠭᠠᠳᠤ ᠭᠠᠳᠠᠭᠠᠳᠤ᠎ᠳᠤ ᠶᠠᠪᠤᠭᠤᠯᠵᠤ ᠪᠣᠢ᠃

ᠮᠠᠨ᠎ᠤ ᠤᠯᠤᠰ ᠳᠡᠯᠡᠬᠡᠢ ᠳᠡᠭᠡᠷᠡᠬᠢ ᠬᠠᠮᠤᠭ᠎ᠤᠨ ᠶᠡᠬᠡ ᠳᠡᠭᠡᠳᠦ ᠬᠤᠷᠳᠤ᠎ᠶᠢᠨ ᠲᠡᠮᠦᠷ ᠵᠠᠮ᠎ᠤᠨ ᠲᠣᠣᠷ᠂ ᠳᠡᠭᠡᠳᠦ ᠬᠤᠷᠳᠤ᠎ᠶᠢᠨ ᠵᠠᠰᠠᠮᠠᠯ ᠵᠠᠮ᠎ᠤᠨ ᠲᠣᠣᠷ ᠪᠠ ᠰᠢᠤᠳᠠᠨ᠎ᠤ ᠲᠦᠷᠭᠡᠨ ᠬᠦᠷᠭᠡᠯᠲᠡ᠎ᠶᠢᠨ ᠲᠣᠣᠷ᠎ᠢ ᠪᠠᠢᠭᠤᠯᠪᠠ

《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠮᠠᠨ᠎ᠤ ᠤᠯᠤᠰ ᠳᠡᠯᠡᠬᠡᠢ ᠳᠡᠭᠡᠷᠡᠬᠢ ᠬᠠᠮᠤᠭ᠎ᠤᠨ ᠶᠡᠬᠡ ᠳᠡᠭᠡᠳᠦ ᠬᠤᠷᠳᠤ᠎ᠶᠢᠨ ᠲᠡᠮᠦᠷ ᠵᠠᠮ᠎ᠤᠨ ᠲᠣᠣᠷ᠂ ᠳᠡᠭᠡᠳᠦ ᠬᠤᠷᠳᠤ᠎ᠶᠢᠨ ᠵᠠᠰᠠᠮᠠᠯ ᠵᠠᠮ᠎ᠤᠨ ᠲᠣᠣᠷ ᠪᠠ ᠰᠢᠤᠳᠠᠨ᠎ᠤ ᠲᠦᠷᠭᠡᠨ ᠬᠦᠷᠭᠡᠯᠲᠡ᠎ᠶᠢᠨ ᠲᠣᠣᠷ᠎ᠢ ᠪᠠᠢᠭᠤᠯᠵᠤ ᠳᠠᠭᠤᠰᠬᠠᠪᠠ᠃ 《ᠨᠠᠢ᠍ᠮᠠᠨ ᠭᠤᠯᠳᠤ ᠨᠠᠢ᠍ᠮᠠᠨ ᠬᠥᠨᠳᠡᠯᠡᠨ》 ᠳᠡᠭᠡᠳᠦ ᠬᠤᠷᠳᠤ᠎ᠶᠢᠨ ᠲᠡᠮᠦᠷ ᠵᠠᠮ᠎ᠤᠨ ᠲᠣᠣᠷ᠎ᠦᠨ 81.7% ᠎ᠶᠢ ᠪᠠᠢᠭᠤᠯᠵᠤ ᠳᠠᠭᠤᠰᠬᠠᠭᠠᠳ ᠠᠰᠢᠭ᠍ᠯᠠᠯᠲᠠ᠎ᠳᠤ ᠣᠷᠣᠭᠤᠯᠵᠤ᠂ ᠳᠡᠭᠡᠳᠦ ᠬᠤᠷᠳᠤ᠎ᠶᠢᠨ ᠲᠡᠮᠦᠷ ᠵᠠᠮ᠎ᠤᠨ ᠡᠵᠡᠩᠨᠡᠯᠲᠡ᠎ᠶᠢᠨ ᠵᠠᠢ ᠨᠢ 4.8 ᠲᠦᠮᠡᠨ ᠺᠢᠯᠣᠮᠧᠲᠷ᠎ᠲᠦ ᠬᠦᠷᠴᠦ᠂ ᠳᠡᠯᠡᠬᠡᠢ᠎ᠶᠢᠨ ᠳᠡᠭᠡᠳᠦ ᠬᠤᠷᠳᠤ᠎ᠶᠢᠨ ᠲᠡᠮᠦᠷ ᠵᠠᠮ᠎ᠤᠨ ᠪᠥᠬᠥ ᠣᠷᠳᠣ᠌᠎ᠶᠢᠨ 70% ᠠ᠋ᠴᠠ ᠳᠡᠭᠡᠭᠰᠢᠬᠢ᠎ᠶᠢ ᠡᠵᠡᠯᠡᠪᠡ ; ᠤᠯᠤᠰ᠎ᠤᠨ ᠳᠡᠭᠡᠳᠦ ᠬᠤᠷᠳᠤ᠎ᠶᠢᠨ ᠵᠠᠰᠠᠮᠠᠯ ᠵᠠᠮ᠎ᠤᠨ 33 ᠵᠤᠷᠪᠤᠰ ᠭᠣᠣᠯ ᠱᠤᠭᠤᠮ᠎ᠢ ᠦᠨᠳᠦᠰᠦᠨ᠎ᠳᠦ᠎ᠪᠡᠨ ᠨᠠᠪᠲᠠᠷᠡᠭᠦᠯᠵᠦ᠂ ᠳᠡᠭᠡᠳᠦ ᠬᠤᠷᠳᠤ᠎ᠶᠢᠨ ᠵᠠᠰᠠᠮᠠᠯ ᠵᠠᠮ᠎ᠤᠨ ᠵᠠᠢ ᠨᠢ 19.1 ᠲᠦᠮᠡᠨ ᠺᠢᠯᠣᠮᠧᠲᠷ᠎ᠲᠦ ᠬᠦᠷᠴᠡᠢ; 《ᠲᠦᠷᠪᠡᠨ ᠭᠤᠯᠳᠤ ᠲᠦᠷᠪᠡᠨ ᠬᠥᠨᠳᠡᠯᠡᠨ ᠬᠣᠶᠠᠷ ᠲᠣᠣᠷ》᠎ᠤᠨ ᠤᠯᠤᠰ᠎ᠤᠨ ᠳᠡᠭᠡᠳᠦ ᠲᠡᠰ᠎ᠤᠨ ᠠᠶᠠᠯᠠᠯ᠎ᠤᠨ ᠵᠠᠮ᠎ᠤᠨ 70.4% ᠨᠢ ᠪᠠᠷᠢᠮᠵᠢᠶ᠎ᠠ᠎ᠳᠤ ᠬᠦᠷᠴᠦ᠂ ᠭᠠᠷᠠᠮ᠎ᠤᠨ ᠬᠡᠪᠴᠢᠶᠡᠵᠢᠯ ᠪᠠ ᠴᠢᠳᠠᠪᠤᠷᠢ ᠨᠢ ᠤᠯᠠᠨ ᠵᠢᠯ᠎ᠦᠨ ᠲᠤᠷᠰᠢ ᠳᠡᠯᠡᠬᠡᠢ᠎ᠶᠢᠨ ᠨᠢᠭᠡᠳᠦᠭᠡᠷ᠎ᠲᠦ ᠣᠷᠣᠪᠠ; ᠠᠭᠠᠷ ᠠᠶᠠᠯᠠᠯ᠎ᠤᠨ ᠦᠢᠯᠡᠴᠢᠯᠡᠭᠡ ᠨᠢ ᠪᠥᠬᠥ ᠤᠯᠤᠰ᠎ᠤᠨ 92.6% ᠵᠢᠨ ᠲᠤᠰᠬᠠᠢ ᠣᠷᠣᠨ᠎ᠤ ᠲᠠᠰ᠎ᠤᠨ ᠵᠠᠰᠠᠭ ᠵᠠᠬᠢᠷᠭᠠᠨ᠎ᠤ ᠨᠢᠭᠡᠴᠢ ᠪᠠ 91.2% ᠎ᠤᠨ ᠬᠥᠮᠥᠨ ᠠᠮᠠ᠎ᠶᠢ ᠬᠠᠮᠤᠷᠪᠠ ; ᠰᠢᠤᠳᠠᠨ᠎ᠤ ᠠᠵᠢᠯ ᠲᠦᠷᠦᠯ᠎ᠳᠦ 50 ᠭᠠᠷᠤᠢ ᠲᠦᠮᠡᠨ ᠡᠵᠡᠩᠨᠡᠯᠲᠡ᠎ᠶᠢᠨ ᠲᠣᠣᠷ ᠴᠡᠭ᠎ᠢ ᠪᠠᠢᠭᠤᠯᠪᠠ᠃

ᠭᠤᠷᠪᠠᠨ 《1 ᠳ᠋ᠦᠩᠰᠢᠭᠤᠷ ᠬᠥᠮᠥᠨ》! ᠮᠠᠨ᠎ᠤ ᠤᠯᠤᠰ᠎ᠤᠨ ᠠᠵᠢᠯ᠎ᠳᠤ ᠭᠠᠷᠬᠤ ᠵᠠᠮ ᠬᠠᠷᠢᠯᠴᠠᠭ᠎ᠠ ᠬᠦᠴᠦᠲᠡᠢ ᠪᠠᠲᠤᠯᠠᠭ᠎ᠠ᠎ᠲᠠᠢ ᠪᠣᠯᠪᠠ

ᠡᠳᠦᠷ ᠪᠦᠷᠢ ᠪᠠᠷᠤᠭ 1 ᠳ᠋ᠦᠩᠰᠢᠭᠤᠷ ᠬᠥᠮᠥᠨ ᠤᠳᠠᠭ᠎ᠠ ᠨᠢ ᠲᠡᠮᠦᠷ ᠵᠠᠮᠲᠤ ᠵᠠᠮ ᠬᠠᠷᠢᠯᠴᠠᠭ᠎ᠠ᠎ᠪᠠᠷ ᠥᠨᠳᠥᠷ ᠪᠦᠲᠦᠮᠵᠢᠲᠡᠶ᠎ᠪᠡᠷ ᠠᠵᠢᠯ᠎ᠳᠤ ᠭᠠᠷᠴᠤ᠂ 1 ᠳ᠋ᠦᠩᠰᠢᠭᠤᠷ ᠬᠥᠮᠥᠨ ᠤᠳᠠᠭ᠎ᠠ ᠨᠢ ᠨᠡᠶ᠋ᠢᠲᠡ᠎ᠶᠢᠨ ᠵᠠᠮ ᠬᠠᠷᠢᠯᠴᠠᠭᠠᠨ᠎ᠳᠤ ᠰᠠᠭᠤᠵᠤ ᠪᠠᠢᠭᠠᠳ ᠵᠡᠭᠡᠯᠢ ᠭᠤᠳᠤᠮᠵᠢ᠎ᠪᠠᠷ ᠠᠶᠠᠯᠠᠵᠤ᠂ 1 ᠳ᠋ᠦᠩᠰᠢᠭᠤᠷ ᠬᠥᠮᠥᠨ ᠤᠳᠠᠭ᠎ᠠ ᠨᠢ ᠲᠦᠷᠢᠶᠡᠰᠦᠨ ᠮᠠᠰᠢᠨ ᠲᠡᠷᠭᠡ᠂ ᠰᠦᠯᠵᠢᠶ᠎ᠡ᠎ᠪᠡᠷ ᠪᠣᠯᠵᠣᠭᠰᠠᠨ ᠲᠡᠷᠭᠡᠨ᠎ᠳᠦ ᠰᠠᠭᠤᠵᠤ ᠪᠠᠢᠭᠠᠳ 《ᠨᠢᠭᠡ ᠡᠭᠦᠳᠡᠨ᠎ᠡᠴᠡ ᠨᠥᠭᠦᠬᠡ ᠡᠭᠦᠳᠡ ᠬᠦᠷᠲᠡᠯ᠎ᠡ》 ᠠᠶᠠᠯᠠᠵᠤ ᠪᠠᠢᠨ᠎ᠠ᠂ ᠡᠨᠡ ᠭᠤᠷᠪᠠᠨ 《1 ᠳ᠋ᠦᠩᠰᠢᠭᠤᠷ ᠬᠥᠮᠥᠨ》 ᠪᠣᠯ ᠬᠣᠲᠠ᠎ᠶᠢᠨ ᠵᠠᠮ ᠬᠠᠷᠢᠯᠴᠠᠭᠠᠨ᠎ᠤ ᠳᠠᠭᠠᠭᠠᠴᠠ᠎ᠶᠢᠨ ᠴᠢᠳᠠᠪᠤᠷᠢ ᠪᠠ ᠤᠶᠠᠨ ᠬᠠᠲᠠᠨ ᠠᠮᠢᠵᠢᠷᠠᠯ᠎ᠤᠨ ᠬᠦᠴᠦᠨ᠎ᠦ ᠠᠮᠢᠳᠤᠯᠢᠭ᠋ ᠢᠯᠡᠷᠡᠯ ᠪᠣᠯᠬᠣ ᠶᠣᠮ᠃

《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠪᠠᠷᠤᠭ 3.5 ᠳ᠋ᠦᠩᠰᠢᠭᠤᠷ ᠬᠥᠮᠥᠨ ᠨᠢᠰᠬᠡᠯ᠎ᠢᠶᠡᠷ ᠠᠶᠠᠯᠠᠪᠠ

《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠦᠯᠦᠪᠵᠢᠭᠦᠯᠭᠡ᠎ᠶ᠋ᠢᠨ ᠬᠤᠭᠤᠴᠠᠭᠠᠨ᠎ᠳᠤ᠂ ᠪᠠᠷᠤᠭ 3.5 ᠳ᠋ᠦᠩᠰᠢᠭᠤᠷ ᠬᠥᠮᠥᠨ ᠨᠢᠰᠬᠡᠯ᠎ᠢᠶᠡᠷ ᠠᠶᠠᠯᠠᠵᠤ᠂ 2024 ᠣᠨ᠎ᠳᠤ ᠠᠷᠠᠳ᠎ᠤᠨ ᠠᠭᠠᠷ᠎ᠤᠨ ᠲᠡᠭᠡᠭᠡᠪᠦᠷᠢ᠎ᠶᠢᠨ ᠠᠶᠠᠨᠴᠢᠳ᠎ᠤᠨ ᠵᠥᠭᠡᠭᠡᠪᠦᠷᠢ᠎ᠶᠢᠨ ᠬᠡᠮᠵᠢᠶ᠎ᠡ 7 ᠳ᠋ᠦᠩᠰᠢᠭᠤᠷ ᠬᠥᠮᠥᠨ ᠤᠳᠠᠭ᠎ᠠ᠎ᠶᠢ ᠳᠠᠪᠠᠵᠤ᠂ ᠵᠢᠱ᠌ᠢᠯᠲᠡ᠎ᠪᠡᠷ ᠡᠨᠡ ᠵᠢᠯ 7.7 ᠳ᠋ᠦᠩᠰᠢᠭᠤᠷ ᠬᠥᠮᠥᠨ ᠤᠳᠠᠭ᠎ᠠ᠎ᠶᠢ ᠳᠠᠪᠠᠬᠤ ᠪᠣᠯᠣᠨ᠎ᠠ᠃ 

ᠡᠨᠡ ᠵᠢᠯ ᠬᠥᠳᠡᠯᠭᠡᠭᠦᠷᠲᠦ ᠲᠡᠷᠭᠡᠨ ᠴᠤᠭ᠍ᠴᠠᠯᠠᠪᠤᠷᠢ ᠳᠤᠮᠳᠠᠴᠢ᠎ᠪᠠᠷ ᠡᠳᠦᠷ ᠪᠦᠷᠢ 1000 ᠲᠦᠮᠡ ᠰᠢᠬᠠᠮ ᠠᠶᠠᠨᠴᠢᠳ᠎ᠢ ᠬᠦᠷᠭᠡᠵᠤ ᠪᠠᠢᠨ᠎ᠠ

ᠴᠠᠭ᠎ᠤᠨ ᠬᠤᠷᠳᠤᠴᠠ ᠨᠢ 350 ᠺᠢᠯᠣᠮᠧᠲᠷ ᠪᠣᠯᠬᠤ ᠳᠡᠭᠡᠳᠦ ᠬᠣᠷᠳᠤ᠎ᠶ᠋ᠢᠨ ᠲᠡᠮᠦᠷ ᠵᠠᠮ᠎ᠤᠨ ᠱᠤᠭᠤᠮ 20 ᠵᠣᠷᠪᠣᠰ 7000 ᠣᠷᠴᠢᠮ ᠺᠢᠯᠣᠮᠧᠲᠷ᠎ᠲᠦ ᠬᠦᠷᠴᠡᠢ᠃ ᠭᠠᠭᠴᠠ ᠡᠳᠦᠷ᠎ᠦᠨ ᠠᠶᠠᠨᠴᠢᠳ᠎ᠤᠨ ᠬᠦᠷᠭᠡᠯᠲᠡ᠎ᠶᠢᠨ ᠬᠡᠮᠵᠢᠶ᠎ᠡ ᠤᠳᠠᠭ᠎ᠠ ᠳᠠᠷᠠᠭᠠᠯᠠᠨ ᠰᠢᠨ᠎ᠡ ᠲᠡᠮᠳᠡᠭᠯᠡᠯ ᠡᠭᠦᠳᠴᠦ᠂ ᠡᠨᠡ ᠵᠢᠯ᠎ᠦᠨ 5 ᠳ᠋ᠤᠭᠠᠷ ᠰᠠᠷ᠎ᠠ᠎ᠶ᠋ᠢᠨ 1 ᠎ᠦ ᠡᠳᠦᠷ 2300 ᠲᠦᠮᠡᠨ ᠬᠥᠮᠥᠨ ᠤᠳᠠᠭ᠎ᠠ᠎ᠶᠢ ᠳᠠᠪᠠᠵᠠᠢ᠃ 《ᠰᠡᠷᠭᠦᠨ ᠮᠠᠨᠳᠤᠯᠲᠠ》 ᠨᠡᠷᠡᠮᠵᠢᠲᠦ ᠬᠥᠳᠡᠯᠭᠡᠭᠦᠷᠲᠦ ᠲᠡᠷᠭᠡᠨ ᠴᠤᠭ᠍ᠴᠠᠯᠠᠪᠣᠷᠢ ᠴᠤᠪᠤᠭ᠎ᠠ ᠲᠡᠷᠭᠡ 31 ᠮᠤᠵᠢ ᠣᠷᠣᠨ᠎ᠢ ᠬᠠᠮᠤᠷᠴᠤ᠂ ᠡᠨᠡ ᠵᠢᠯ ᠬᠥᠳᠡᠯᠭᠡᠭᠦᠷᠲᠦ ᠲᠡᠷᠭᠡᠨ ᠴᠤᠭ᠍ᠴᠠᠯᠠᠪᠤᠷᠢ ᠳᠤᠮᠳᠠᠴᠢ᠎ᠪᠠᠷ ᠡᠳᠦᠷ ᠪᠦᠷᠢ 1000 ᠲᠦᠮᠡ ᠰᠢᠬᠠᠮ ᠠᠶᠠᠨᠴᠢᠳ᠎ᠢ ᠶᠠᠪᠤᠭᠤᠯᠵᠤ ᠪᠠᠢᠨ᠎ᠠ᠂ ᠡᠨᠡ ᠨᠢ ᠪᠠᠷᠤᠭ ᠪᠥᠬᠦ᠌ ᠠᠶᠠᠨᠴᠢᠳ᠎ᠤᠨ ᠠᠷᠪᠠᠨ᠎ᠤ ᠨᠠᠢ᠍ᠮᠠᠨ ᠬᠤᠪᠢ ᠶ᠋ᠢ ᠡᠵᠡᠯᠡᠵᠦ ᠪᠠᠢᠨ᠎ᠠ᠃

ᠢᠷᠡᠯᠲᠡ᠄ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠰᠦᠯᠵᠢᠶ᠎ᠡ