ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠯᠢ ᠴᠢᠶᠠᠩ ᠰᠣᠯᠣᠩᠭᠣᠰ᠎ᠤᠨ ᠬᠥᠳᠡᠯᠮᠦᠷᠢᠴᠢᠨ ᠨᠠᠮ᠎ᠤᠨ ᠶᠡᠷᠦᠩᠬᠡᠢ ᠱᠦᠵᠢ᠂ ᠲᠦᠷᠦ᠎ᠶᠢᠨ ᠶᠠᠪᠤᠳᠠᠯ᠎ᠤᠨ ᠬᠣᠷᠢᠶ᠎ᠠ᠎ᠶᠢᠨ ᠬᠣᠷᠢᠶᠠᠨ ᠳᠠᠷᠤᠭ᠎ᠠ ᠵᠢᠨ ᠵᠧᠩ ᠧᠨ ᠯᠦ᠍ᠭᠡ ᠠᠭᠤᠯᠵᠠᠯᠲᠠ ᠬᠢᠪᠡ
ᠨᠡᠶ᠋ᠢᠲᠡᠯᠡᠭᠰᠡᠨ ᠴᠠᠭ᠄ 2025-10-10

ᠲᠤᠬᠠᠢ᠎ᠶᠢᠨ ᠭᠠᠵᠠᠷ᠎ᠤᠨ ᠴᠠᠭ᠎ᠢᠶᠠᠷ 10 ᠳ᠋ᠤᠭᠠᠷ ᠰᠠᠷ᠎ᠠ᠎ᠶᠢᠨ 9 ᠎ᠦ ᠡᠳᠦᠷ᠎ᠦᠨ ᠦᠳᠡ᠎ᠶᠢᠨ ᠬᠣᠢᠨ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠶᠡᠷᠦᠩᠬᠡᠢ ᠰᠠᠢᠳ ᠯᠢ ᠴᠢᠶᠠᠩ ᠫᠢᠣᠩᠶᠠᠩ᠎ᠳᠠᠬᠢ ᠰᠣᠯᠣᠩᠭᠣᠰ᠎ᠤᠨ ᠬᠥᠳᠡᠯᠮᠦᠷᠢᠴᠢᠨ ᠨᠠᠮ᠎ᠤᠨ ᠲᠥᠪ ᠬᠣᠷᠢᠶ᠎ᠠ᠎ᠳᠤ ᠰᠣᠯᠣᠩᠭᠣᠰ᠎ᠤᠨ ᠬᠥᠳᠡᠯᠮᠦᠷᠢᠴᠢᠨ ᠨᠠᠮ᠎ᠤᠨ ᠶᠡᠷᠦᠩᠬᠡᠢ ᠱᠦᠵᠢ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠬᠣᠷᠢᠶᠠᠨ ᠳᠠᠷᠤᠭ᠎ᠠ ᠵᠢᠨ ᠵᠧᠩ ᠧᠨ ᠯᠦ᠍ᠭᠡ ᠠᠭᠤᠯᠵᠠᠯᠲᠠ ᠬᠢᠪᠡ᠃

ᠠᠷᠠᠳ᠎ᠤᠨ ᠡᠳᠦᠷ᠎ᠦᠨ ᠰᠣᠨᠢᠨ᠎ᠤ ᠫᠢᠣᠩᠶᠠᠩ᠎ᠤᠨ 10 ᠳ᠋ᠤᠭᠠᠷ ᠰᠠᠷ᠎ᠠ᠎ᠶᠢᠨ 9 ᠎ᠦ ᠡᠳᠦᠷ᠎ᠦᠨ ᠮᠡᠳᠡᠭᠡ (ᠰᠤᠷᠪᠤᠯᠵᠢᠯᠠᠭ᠍ᠴᠢ ᠴᠧᠨ ᠱᠠᠩ ᠸᠸᠨ᠂ ᠯᠢᠦ ᠷᠦᠩ) ᠲᠤᠬᠠᠢ᠎ᠶᠢᠨ ᠭᠠᠵᠠᠷ᠎ᠤᠨ ᠴᠠᠭ᠎ᠢᠶᠠᠷ 10 ᠳ᠋ᠤᠭᠠᠷ ᠰᠠᠷ᠎ᠠ᠎ᠶᠢᠨ 9 ᠎ᠦ ᠡᠳᠦᠷ᠎ᠦᠨ ᠦᠳᠡ᠎ᠶᠢᠨ ᠬᠣᠢᠨ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠥᠷᠥ᠎ᠶᠢᠨ ᠲᠣᠪᠴᠢᠶ᠎ᠠ᠎ᠶᠢᠨ ᠪᠠᠢᠩᠭᠤ᠎ᠶᠢᠨ ᠭᠡᠰᠢᠭᠦᠨ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠶᠡᠷᠦᠩᠬᠡᠢ ᠰᠠᠢᠳ ᠯᠢ ᠴᠢᠶᠠᠩ ᠫᠢᠣᠩᠶᠠᠩ᠎ᠳᠠᠬᠢ ᠰᠣᠯᠣᠩᠭᠣᠰ᠎ᠤᠨ ᠬᠥᠳᠡᠯᠮᠦᠷᠢᠴᠢᠨ ᠨᠠᠮ᠎ᠤᠨ ᠲᠥᠪ ᠬᠣᠷᠢᠶ᠎ᠠ᠎ᠳᠤ ᠰᠣᠯᠣᠩᠭᠣᠰ᠎ᠤᠨ ᠬᠥᠳᠡᠯᠮᠦᠷᠢᠴᠢᠨ᠎ᠦ ᠨᠠᠮ᠎ᠤᠨ ᠶᠡᠷᠦᠩᠬᠡᠢ ᠱᠦᠵᠢ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠬᠣᠷᠢᠶᠠᠨ ᠳᠠᠷᠤᠭ᠎ᠠ ᠵᠢᠨ ᠵᠧᠩ ᠧᠨ ᠯᠦ᠍ᠭᠡ ᠠᠭᠤᠯᠵᠠᠯᠲᠠ ᠬᠢᠪᠡ᠃

ᠯᠢ ᠴᠢᠶᠠᠩ ᠡᠩ ᠲᠡᠷᠢᠭᠦᠨ᠎ᠳᠦ ᠶᠡᠷᠦᠩᠬᠡᠢ ᠱᠦᠵᠢ ᠰᠢ ᠵᠢᠨ ᠫᠢᠩ᠎ᠡᠴᠡ ᠶᠡᠷᠦᠩᠬᠡᠢ ᠱᠦᠵᠢ ᠵᠢᠨ ᠵᠧᠩ ᠧᠨ᠎ᠳᠦ ᠥᠭᠭᠦᠭᠰᠡᠨ ᠳᠣᠲᠣᠨᠣ᠌ ᠮᠡᠨᠳᠦᠴᠢᠯᠡᠯ ᠪᠠ ᠰᠠᠢᠬᠠᠨ ᠵᠥᠩᠨᠡᠯ᠎ᠢ ᠳᠠᠮᠵᠢᠭᠤᠯᠵᠤ᠂ ᠰᠣᠯᠣᠩᠭᠣᠰ᠎ᠤᠨ ᠬᠥᠳᠡᠯᠮᠦᠷᠢᠴᠢᠨ ᠨᠠᠮ ᠪᠠᠢᠭᠤᠯᠤᠭᠳᠠᠭᠰᠠᠨ 80 ᠵᠢᠯ᠎ᠦᠨ ᠣᠶ᠎ᠶᠢ ᠬᠠᠯᠠᠭᠤᠨ᠎ᠢᠶᠠᠷ ᠪᠡᠯᠭᠡᠯᠡᠵᠡᠢ᠃ ᠯᠢ ᠴᠢᠶᠠᠩ ᠢᠯᠡᠷᠬᠡᠢᠯᠡᠬᠦ᠎ᠳᠦ᠎ᠪᠡᠨ᠂ ᠳᠡᠭᠡᠷ᠎ᠡ ᠰᠠᠷ᠎ᠠ᠎ᠳᠤ᠂ ᠶᠡᠷᠦᠩᠬᠡᠢ ᠱᠦᠵᠢ ᠵᠢᠨ ᠵᠧᠩ ᠧᠨ ᠪᠡᠭᠡᠵᠢᠩ᠎ᠳᠦ ᠬᠦᠷᠴᠦ ᠶᠠᠫᠤᠨ᠎ᠢ ᠡᠰᠡᠷᠭᠦᠴᠡᠭᠰᠡᠨ ᠳᠤᠮᠳᠠᠳᠤ ᠤᠯᠤᠰ᠎ᠤᠨ ᠲᠠᠢ᠍ᠢᠨ ᠬᠢᠭᠡᠳ ᠹᠠᠱ᠌ᠢᠰ᠎ᠢ ᠡᠰᠡᠷᠭᠦᠴᠡᠭᠰᠡᠨ ᠳᠡᠯᠡᠬᠡᠢ᠎ᠶᠢᠨ ᠲᠠᠢ᠍ᠢᠨ᠎ᠤ ᠢᠯᠠᠯᠲᠠ ᠣᠯᠣᠭᠰᠠᠨ 80 ᠵᠢᠯ᠎ᠦᠨ ᠤᠢ᠎ᠶᠢ ᠳᠤᠷᠠᠰᠬᠠᠬᠤ ᠠᠵᠢᠯᠯᠠᠭ᠎ᠠ᠎ᠳᠤ ᠣᠷᠣᠯᠴᠠᠪᠠ᠂ ᠶᠡᠷᠦᠩᠬᠡᠢ ᠱᠦᠵᠢ ᠰᠢ ᠵᠢᠨ ᠫᠢᠩ ᠲᠠᠨ ᠲᠠᠢ ᠠᠭᠤᠯᠵᠠᠯᠲᠠ ᠬᠢᠵᠦ᠂ ᠳᠤᠮᠳᠠᠳᠤ ᠪᠠ ᠰᠣᠯᠣᠩᠭᠣᠰ᠎ᠤᠨ ᠬᠠᠷᠢᠯᠴᠠᠭ᠎ᠠ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ ᠲᠠᠯ᠎ᠠ᠎ᠪᠠᠷ ᠴᠢᠭᠯᠡᠯ ᠲᠣᠳᠣᠷᠬᠠᠢᠯᠠᠵᠤ᠂ ᠠᠤᠭ᠎ᠠ ᠲᠥᠰᠥᠪ ᠵᠢᠷᠤᠭᠯᠠᠵᠠᠢ᠃ ᠳᠤᠮᠳᠠᠳᠤ ᠤᠯᠤᠰ᠎ᠤᠨ ᠨᠠᠮ ᠪᠠ ᠵᠠᠰᠠᠭ᠎ᠤᠨ ᠣᠷᠳᠣᠨ ᠢᠮᠠᠭᠲᠠ ᠪᠠᠢᠯᠳᠤᠬᠤ ᠪᠣᠳᠣᠯᠭ᠎ᠠ᠎ᠶᠢᠨ ᠥᠨᠳᠥᠷᠴᠡ ᠪᠠ ᠠᠯᠤᠰ ᠬᠡᠳᠤ᠎ᠶᠢᠨ ᠬᠠᠷᠠᠭᠠᠰᠤ᠎ᠠᠴᠠ ᠳᠤᠮᠳᠠᠳᠤ ᠪᠠ ᠰᠣᠯᠣᠩᠭᠣᠰ᠎ᠤᠨ ᠬᠠᠷᠢᠯᠴᠠᠭ᠎ᠠ᠎ᠳᠤ ᠬᠠᠨᠳᠤᠵᠤ᠂ ᠳᠤᠮᠳᠠᠳᠤ ᠪᠠ ᠰᠣᠯᠣᠩᠭᠣᠰ᠎ᠤᠨ ᠤᠯᠠᠮᠵᠢᠯᠠᠯᠲᠤ ᠨᠥᠬᠥᠷᠰᠡᠭ ᠬᠠᠮᠲᠤᠷᠠᠯᠴᠠᠭᠠᠨ᠎ᠤ ᠬᠠᠷᠢᠯᠴᠠᠭ᠎ᠠ᠎ᠶᠢ ᠰᠠᠢᠲᠤᠷ ᠬᠠᠮᠠᠭᠠᠯᠠᠬᠤ᠂ ᠰᠠᠢᠲᠤᠷ ᠪᠡᠬᠢᠵᠢᠭᠦᠯᠬᠦ᠂ ᠰᠠᠢᠲᠤᠷ ᠬᠥᠭᠵᠢᠭᠦᠯᠬᠦ ᠪᠣᠯ ᠪᠢᠳᠡᠨ᠎ᠦ ᠭᠤᠢᠪᠢᠰᠢ ᠦᠭᠡᠢ ᠴᠢᠭᠯᠡᠯᠲᠡ ᠪᠣᠯᠣᠨ᠎ᠠ᠃ ᠳᠤᠮᠳᠠᠳᠤ᠎ᠶᠢᠨ ᠲᠠᠯ᠎ᠠ ᠳᠤᠷᠠᠲᠠᠶ᠎ᠠ ᠰᠣᠯᠣᠩᠭᠣᠰ᠎ᠤᠨ ᠲᠠᠯ᠎ᠠ ᠯᠤᠭ᠎ᠠ ᠬᠣᠶᠠᠷ ᠨᠠᠮ ᠬᠣᠶᠠᠷ ᠤᠯᠤᠰ᠎ᠤᠨ ᠬᠠᠮᠤᠭ᠎ᠤᠨ ᠳᠡᠭᠡᠳᠦ ᠤᠳᠤᠷᠢᠳᠤᠭᠴᠢ᠎ᠶᠢᠨ ᠬᠠᠮᠲᠤ᠎ᠶᠢᠨ ᠵᠢᠯᠣᠭᠣᠳᠤᠯᠭ᠎ᠠ᠎ᠶᠢ ᠵᠢᠷᠤᠮᠯᠠᠵᠤ᠂ ᠬᠣᠶᠠᠷ ᠲᠠᠯ᠎ᠠ᠎ᠶᠢᠨ ᠬᠠᠷᠢᠯᠴᠠᠭ᠎ᠠ ᠲᠠᠰᠤᠷᠠᠯᠲᠠ ᠦᠭᠡᠢ ᠰᠢᠨ᠎ᠡ ᠬᠥᠭᠵᠢᠯᠲᠡ ᠲᠠᠢ ᠪᠣᠯᠬᠤ᠎ᠶᠢ ᠠᠬᠢᠭᠤᠯᠤᠨ᠎ᠠ ᠭᠡᠪᠡ᠃

ᠯᠢ ᠴᠢᠶᠠᠩ ᠵᠢᠭᠠᠵᠤ ᠭᠠᠷᠭᠠᠬᠤ᠎ᠳᠤ᠎ᠪᠠᠨ᠂ ᠳᠤᠮᠳᠠᠳᠤ᠎ᠶᠢᠨ ᠲᠠᠯ᠎ᠠ ᠳᠤᠷᠠᠲᠠᠶ᠎ᠠ ᠰᠣᠯᠣᠩᠭᠣᠰ᠎ᠤᠨ ᠲᠠᠯ᠎ᠠ ᠯᠤᠭ᠎ᠠ ᠳᠡᠭᠡᠳᠦ ᠳᠠᠪᠬᠤᠷᠭ᠎ᠠ᠎ᠶᠢᠨ ᠶᠠᠪᠤᠯᠴᠠᠭ᠎ᠠ ᠪᠠ ᠪᠠᠢᠯᠳᠤᠬᠤ ᠪᠣᠳᠣᠯᠭ᠎ᠠ᠎ᠶᠢᠨ ᠣᠯᠣᠯᠴᠠᠭ᠎ᠠ᠎ᠪᠠᠨ ᠴᠢᠩᠭᠠᠳᠬᠠᠵᠤ᠂ ᠤᠯᠠᠮᠵᠢᠯᠠᠯᠲᠤ ᠨᠥᠬᠥᠷᠯᠡᠯ᠎ᠢᠶᠡᠨ ᠤᠯᠠᠮ ᠨᠢᠭᠡ ᠠᠯᠬᠤᠮ ᠪᠠᠳᠠᠷᠠᠭᠤᠯᠵᠤ᠂ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠂ ᠳᠡᠯᠡᠬᠡᠢ᠎ᠶᠢᠨ ᠪᠠ ᠭᠠᠵᠠᠷ ᠣᠷᠣᠨ᠎ᠤ ᠬᠡᠷᠡᠭ ᠶᠠᠪᠤᠳᠠᠯ᠎ᠳᠠᠬᠢ ᠵᠣᠬᠢᠴᠠᠭᠤᠯᠭ᠎ᠠ ᠬᠠᠮᠵᠢᠯᠴᠠᠭ᠎ᠠ᠎ᠪᠠᠨ ᠨᠢᠭ᠍ᠲᠠᠷᠠᠭᠤᠯᠵᠤ᠂ ᠤᠯᠠᠨ ᠲᠠᠯᠠᠲᠤ ᠬᠠᠮᠵᠢᠯᠴᠠᠭ᠎ᠠ᠎ᠪᠠᠨ ᠴᠢᠩᠭᠠᠳᠬᠠᠵᠤ᠂ ᠤᠯᠠᠨ ᠲᠠᠯᠠᠲᠤ ᠦᠵᠡᠯ᠎ᠢ ᠡᠷᠡᠰ ᠬᠠᠮᠠᠭᠠᠯᠠᠨ ᠦᠢᠯᠡᠳᠦᠯᠭᠡᠵᠢᠭᠦᠯᠵᠦ᠂ ᠤᠯᠠᠨ ᠤᠯᠤᠰ᠎ᠤᠨ ᠡᠮᠬᠢ ᠳᠢᠭ᠌ᠯᠢᠮ᠎ᠦᠨ ᠨᠡᠩ ᠲᠥᠪ ᠭᠣᠣᠯᠴᠢ ᠵᠦᠢ ᠵᠣᠬᠢᠰᠲᠠᠢ ᠴᠢᠭᠯᠡᠯ᠎ᠢᠶᠡᠷ ᠬᠥᠭᠵᠢᠬᠦ᠎ᠶᠢ ᠠᠬᠢᠭᠤᠯᠤᠨ᠎ᠠ ᠭᠡᠪᠡ᠃ 

ᠵᠢᠨ ᠵᠧᠩ ᠧᠨ ᠶᠡᠷᠦᠩᠬᠡᠢ ᠱᠦᠵᠢ ᠰᠢ ᠵᠢᠨ ᠫᠢᠩ᠎ᠳᠦ ᠴᠢᠩ ᠰᠡᠳᠬᠢᠯ᠎ᠦᠨ ᠮᠡᠨᠳᠦᠴᠢᠯᠡᠯ ᠪᠠ ᠰᠠᠢᠬᠠᠨ ᠵᠥᠩᠨᠡᠯ᠎ᠢ ᠯᠢ ᠴᠢᠶᠠᠩ᠎ᠢᠶᠠᠷ ᠳᠠᠮᠵᠢᠭᠤᠯᠬᠤ᠎ᠶᠢ ᠬᠦᠰᠡᠵᠦ᠂ ᠳᠤᠮᠳᠠᠳᠤ ᠤᠯᠤᠰ᠎ᠤᠨ ᠨᠠᠮ ᠵᠠᠰᠠᠭ᠎ᠤᠨ ᠲᠥᠯᠥᠭᠡᠯᠡᠭᠴᠢᠳ᠎ᠦᠨ ᠪᠦᠯᠬᠦᠮ᠎ᠦᠨ ᠲᠤᠰ ᠤᠳᠠᠭ᠎ᠠ ᠰᠣᠯᠣᠩᠭᠣᠰ᠎ᠲᠤ ᠬᠦᠷᠴᠦ ᠪᠡᠯᠭᠡᠯᠡᠬᠦ ᠠᠵᠢᠯᠯᠠᠭ᠎ᠠ᠎ᠳᠤ ᠣᠷᠣᠯᠴᠠᠭᠰᠠᠨ᠎ᠢ ᠬᠠᠯᠠᠭᠤᠨ᠎ᠢᠶᠠᠷ ᠤᠭᠲᠤᠵᠤ᠂ ᠶᠡᠷᠦᠩᠬᠡᠢ ᠱᠦᠵᠢ ᠰᠢ ᠵᠢᠨ ᠫᠢᠩ᠎ᠦᠨ ᠰᠣᠳᠣ᠌ ᠮᠡᠷᠭᠡᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ᠎ᠤᠨ ᠨᠡᠢᠭᠡᠮ ᠵᠢᠷᠤᠮᠲᠤ ᠪᠦᠲᠦᠭᠡᠨ ᠪᠠᠢᠭᠤᠯᠤᠯᠲᠠ ᠯᠤᠲᠤ ᠶᠡᠬᠡ ᠠᠮᠵᠢᠯᠲᠠ ᠣᠯᠣᠨ᠎ᠠ᠃ ᠰᠣᠯᠣᠩᠭᠣᠰ ᠪᠠ ᠳᠤᠮᠳᠠᠳᠤ᠎ᠶᠢᠨ ᠬᠠᠷᠢᠯᠴᠠᠭ᠎ᠠ ᠡᠪᠳᠡᠷᠡᠰᠢ ᠦᠭᠡᠢ ᠪᠠᠲᠤ ᠪᠡᠬᠢ ᠶᠤᠮ᠂ ᠳᠡᠯᠡᠬᠡᠢ᠎ᠶᠢᠨ ᠪᠠᠢᠳᠠᠯ᠎ᠳᠤ ᠶᠠᠭᠠᠬᠢᠵᠤ ᠬᠤᠪᠢᠷᠠᠯᠲᠠ ᠭᠠᠷᠤᠭᠰᠠᠨ ᠴᠤ᠌᠂ ᠰᠣᠯᠣᠩᠭᠣᠰ ᠪᠠ ᠳᠤᠮᠳᠠᠳᠤ᠎ᠶᠢᠨ ᠨᠥᠬᠥᠷᠰᠡᠭ ᠬᠠᠮᠲᠤᠷᠠᠯᠴᠠᠭᠠᠨ᠎ᠤ ᠬᠠᠷᠢᠯᠴᠠᠭ᠎ᠠ᠎ᠶᠢ ᠪᠡᠬᠢᠵᠢᠭᠦᠯᠦᠨ ᠬᠥᠭᠵᠢᠭᠦᠯᠬᠦ ᠪᠣᠯ ᠰᠣᠯᠣᠩᠭᠣᠰ᠎ᠤᠨ ᠨᠠᠮ ᠪᠠ ᠵᠠᠰᠠᠭ᠎ᠤᠨ ᠣᠷᠳᠣᠨ᠎ᠤ ᠭᠤᠢᠪᠢᠰᠢ ᠦᠭᠡᠢ ᠵᠣᠭᠰᠣᠯᠲᠠ ᠪᠣᠯᠣᠨ᠎ᠠ᠂ ᠡᠨᠡ ᠨᠢ ᠬᠣᠶᠠᠷ ᠲᠠᠯ᠎ᠠ᠎ᠶᠢᠨ ᠬᠠᠮᠲᠤ᠎ᠶᠢᠨ ᠠᠰᠢᠭ᠋ ᠲᠤᠰᠠ᠎ᠳᠤ ᠨᠡᠢᠴᠡᠬᠦ ᠪᠥᠭᠡᠳ ᠭᠠᠵᠠᠷ ᠣᠷᠣᠨ᠎ᠤ ᠲᠠᠢᠪᠤᠭᠤᠨ ᠲᠣᠭᠲᠠᠭᠤᠨ ᠬᠥᠭᠵᠢᠯᠲᠡ᠎ᠳᠦ ᠴᠦ᠍ ᠠᠰᠢᠭ᠍ᠲᠠᠢ ᠶᠤᠮ᠃ ᠰᠣᠯᠣᠩᠭᠣᠰ᠎ᠤᠨ ᠲᠠᠯ᠎ᠠ ᠨᠢᠭᠡ ᠳᠤᠮᠳᠠᠳᠤ ᠤᠯᠤᠰ ᠪᠠᠢᠬᠤ ᠵᠠᠷᠴᠢᠮ᠎ᠢ ᠡᠷᠡᠰ ᠳᠡᠮᠵᠢᠵᠦ᠂ 《ᠲᠠᠢᠸᠠᠨ᠎ᠢ ᠲᠤᠰᠠᠭᠠᠷ ᠲᠣᠭᠲᠠᠨᠢᠭᠤᠯᠬᠤ》 ᠬᠠᠭᠠᠴᠠᠭᠤᠯᠬᠤ ᠠᠵᠢᠯᠯᠠᠭ᠎ᠠ ᠵᠢᠴᠢ ᠶᠠᠮᠠᠷᠪᠠ ᠭᠠᠳᠠᠭᠠᠳᠤ᠎ᠶᠢᠨ ᠬᠠᠯᠳᠠᠯᠭ᠎ᠠ᠎ᠶᠢ ᠡᠷᠡᠰ ᠡᠰᠡᠷᠭᠦᠴᠡᠵᠦ᠂ ᠰᠢᠶᠠᠩᠭᠠᠩ᠎ᠳᠤ ᠬᠣᠯᠪᠣᠭᠳᠠᠬᠤ᠂ ᠰᠢᠨᠵᠢᠶᠠᠩ᠎ᠳᠤ ᠬᠣᠯᠪᠣᠭᠳᠠᠬᠤ᠂ ᠲᠥᠪᠡᠳ᠎ᠲᠦ ᠬᠣᠯᠪᠣᠭᠳᠠᠬᠤ ᠠᠰᠠᠭᠤᠳᠠᠯ᠎ᠤᠨ ᠲᠠᠯ᠎ᠠ᠎ᠪᠠᠷ ᠬᠢ ᠳᠤᠮᠳᠠᠳᠤ᠎ᠶᠢᠨ ᠲᠠᠯ᠎ᠠ᠎ᠶᠢᠨ ᠵᠣᠭᠰᠣᠯᠲᠠ᠎ᠶᠢ ᠳᠡᠮᠵᠢᠨ᠎ᠡ᠃ ᠰᠣᠯᠣᠩᠭᠣᠰ᠎ᠤᠨ ᠲᠠᠯ᠎ᠠ ᠳᠤᠷᠠᠲᠠᠶ᠎ᠠ ᠳᠤᠮᠳᠠᠳᠤ᠎ᠶᠢᠨ ᠲᠠᠯ᠎ᠠ ᠯᠤᠭ᠎ᠠ ᠳᠡᠭᠡᠳᠦ ᠳᠠᠪᠬᠤᠷᠭ᠎ᠠ᠎ᠶᠢᠨ ᠶᠠᠪᠤᠯᠴᠠᠭ᠎ᠠ᠎ᠪᠠᠨ ᠨᠢᠭ᠍ᠲᠠᠷᠠᠭᠤᠯᠵᠤ᠂ ᠡᠯ᠎ᠡ ᠬᠦᠷᠢᠶᠡᠨ᠎ᠳᠡᠬᠢ ᠬᠠᠮᠲᠤᠷᠠᠯᠴᠠᠭ᠎ᠠ᠎ᠪᠠᠨ ᠠᠬᠢᠭᠤᠯᠵᠤ᠂ ᠤᠯᠠᠨ ᠲᠠᠯᠠᠲᠤ ᠬᠠᠮᠵᠢᠯᠴᠠᠭ᠎ᠠ᠎ᠪᠠᠨ ᠴᠢᠩᠭᠠᠳᠬᠠᠵᠤ᠂ ᠥᠪᠡᠷ ᠥᠪᠡᠷ᠎ᠦᠨ ᠨᠡᠢᠭᠡᠮ ᠵᠢᠷᠤᠮᠲᠤ ᠦᠢᠯᠡᠰ᠎ᠦᠨ ᠬᠥᠭᠵᠢᠯᠲᠡ᠎ᠪᠡᠨ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠤᠯᠠᠨ ᠪᠤᠶᠠᠨ ᠦᠢᠯᠡᠳᠦᠨ᠎ᠡ ᠭᠡᠵᠦ ᠢᠯᠡᠳᠬᠡᠪᠡ᠃

ᠦ᠋ ᠵᠧᠩ ᠯᠦᠩ ᠲᠣᠰ ᠠᠭᠤᠯᠵᠠᠯᠲᠠ᠎ᠳᠤ ᠣᠷᠣᠯᠴᠠᠪᠠ᠃

ᠢᠷᠡᠯᠲᠡ᠄ ᠠᠷᠠᠳ᠎ᠤᠨ ᠡᠳᠦᠷ᠎ᠦᠨ ᠰᠣᠨᠢᠨ