ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠤᠯᠤᠰ᠎ᠤᠨ ᠪᠠᠶᠠᠷ ᠨᠠᠢ᠍ᠮᠠᠨ ᠰᠠᠷ᠎ᠠ᠎ᠶᠢᠨ ᠠᠷᠪᠠᠨ ᠲᠠᠪᠤᠨ᠎ᠤ ᠠᠮᠠᠷᠠᠯᠲᠠ᠎ᠳᠠᠬᠢ ᠤᠯᠤᠰ᠎ᠤᠨ ᠳᠣᠲᠣᠭᠠᠳᠤ᠎ᠶᠢᠨ ᠵᠢᠭᠤᠯᠴᠢᠯᠠᠯ᠎ᠤᠨ ᠵᠠᠷᠤᠳᠠᠯ 8000 ᠳ᠋ᠦᠩᠰᠢᠭᠤᠷ ᠲᠥᠭᠥᠷᠢᠭ᠎ᠢ ᠳᠠᠪᠠᠪᠠ
ᠨᠡᠶ᠋ᠢᠲᠡᠯᠡᠭᠰᠡᠨ ᠴᠠᠭ᠄ 2025-10-10

ᠠᠷᠠᠳ᠎ᠤᠨ ᠡᠳᠦᠷ᠎ᠦᠨ ᠰᠣᠨᠢᠨ᠎ᠤ ᠪᠡᠭᠡᠵᠢᠩ᠎ᠦᠨ 10 ᠳ᠋ᠤᠭᠠᠷ ᠰᠠᠷ᠎ᠠ᠎ᠶᠢᠨ 9 ᠎ᠦ ᠡᠳᠦᠷ᠎ᠦᠨ ᠮᠡᠳᠡᠭᠡ  (ᠰᠤᠷᠪᠤᠯᠵᠢᠯᠠᠭ᠍ᠴᠢ ᠸᠠᠩ ᠺᠧ᠂ ᠵᠧᠩ ᠬᠠᠢ ᠧᠦ) ᠰᠤᠷᠪᠤᠯᠵᠢᠯᠠᠭ᠍ᠴᠢ 9 ᠎ᠦ ᠡᠳᠦᠷ ᠰᠣᠶᠣᠯ ᠪᠠ ᠵᠢᠭᠤᠯᠴᠢᠯᠠᠯ᠎ᠤᠨ ᠶᠠᠮᠤᠨ᠎ᠠᠴᠠ ᠣᠢᠯᠠᠭᠠᠭᠰᠠᠨ᠎ᠢᠶᠠᠷ᠄ ᠤᠯᠤᠰ᠎ᠤᠨ ᠪᠠᠶᠠᠷ ᠨᠠᠢ᠍ᠮᠠᠨ ᠰᠠᠷ᠎ᠠ᠎ᠶᠢᠨ ᠠᠷᠪᠠᠨ ᠲᠠᠪᠤᠨ᠎ᠤ ᠠᠮᠠᠷᠠᠯᠲᠠ᠎ᠳᠤ᠂ ᠡᠯ᠎ᠡ ᠭᠠᠵᠠᠷ᠎ᠤᠨ ᠬᠢᠨ ᠪᠠᠶᠠᠯᠢᠭ᠋ ᠰᠠᠢᠬᠠᠨ ᠰᠣᠶᠣᠯ ᠵᠢᠭᠤᠯᠴᠢᠯᠠᠯ᠎ᠤᠨ ᠦᠢᠯᠡᠳᠬᠦᠨ᠂ ᠦᠢᠯᠡᠴᠢᠯᠡᠭᠡ ᠪᠠ ᠠᠵᠢᠯᠯᠠᠭ᠎ᠠ ᠭᠠᠷᠭᠠᠭᠰᠠᠨ᠎ᠢᠶᠠᠷ᠂ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ ᠶᠡᠷᠦᠩᠬᠡᠢ᠎ᠳᠦ᠎ᠪᠡᠨ ᠲᠣᠭᠲᠠᠭᠤᠨ ᠪᠥᠭᠡᠳ ᠡᠮᠬᠢ ᠵᠢᠷᠤᠮ᠎ᠲᠠᠢ ᠪᠠᠢᠨ᠎ᠠ᠃ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠳ᠋ᠠᠢᠲ᠋ᠠ᠎ᠶᠢᠨ ᠲᠥᠪ᠎ᠦᠨ ᠲᠥᠰᠥᠭᠡᠯᠡᠭᠰᠡᠨ᠎ᠢᠶᠡᠷ᠂ 8 ᠡᠳᠦᠷ᠎ᠦᠨ ᠠᠮᠠᠷᠠᠯᠲᠠ᠎ᠳᠤ ᠪᠥᠬᠥ ᠤᠯᠤᠰ᠎ᠤᠨ ᠤᠯᠤᠰ᠎ᠤᠨ ᠳᠣᠲᠣᠭᠠᠳᠤ᠎ᠪᠠᠷ 8.88 ᠳ᠋ᠦᠩᠰᠢᠭᠤᠷ ᠬᠥᠮᠥᠨ ᠤᠳᠠᠭ᠎ᠠ ᠵᠢᠭᠤᠯᠴᠢᠯᠠᠵᠤ᠂ 2024 ᠣᠨ᠎ᠤ ᠤᠯᠤᠰ᠎ᠤᠨ ᠪᠠᠶᠠᠷ᠎ᠤᠨ ᠠᠮᠠᠷᠠᠯᠲᠠ᠎ᠶᠢᠨ ᠬᠢ᠎ᠡᠴᠡ 1.23 ᠳ᠋ᠦᠩᠰᠢᠭᠤᠷ ᠬᠥᠮᠥᠨ ᠤᠳᠠᠭ᠎ᠠ ᠨᠡᠮᠡᠭᠳᠡᠵᠡᠢ; ᠤᠯᠤᠰ᠎ᠤᠨ ᠳᠣᠲᠣᠭᠠᠳᠤ᠎ᠶᠢᠨ ᠵᠢᠭᠤᠯᠴᠢᠯᠠᠯ᠎ᠳᠤ ᠨᠡᠶ᠋ᠢᠲᠡ 8090.06 ᠳ᠋ᠦᠩᠰᠢᠭᠤᠷ ᠲᠥᠭᠥᠷᠢᠭ ᠵᠠᠷᠤᠴᠠᠭᠤᠯᠵᠤ᠂ 2024 ᠣᠨ᠎ᠤ ᠤᠯᠤᠰ᠎ᠤᠨ ᠪᠠᠶᠠᠷ᠎ᠤᠨ ᠠᠮᠠᠷᠠᠯᠲᠠ᠎ᠶᠢᠨ ᠬᠢ᠎ᠡᠴᠡ 1081.89 ᠳ᠋ᠦᠩᠰᠢᠭᠤᠷ ᠲᠥᠭᠥᠷᠢᠭ ᠨᠡᠮᠡᠭᠳᠡᠵᠡᠢ᠃

ᠢᠷᠡᠯᠲᠡ᠄ ᠠᠷᠠᠳ᠎ᠤᠨ ᠡᠳᠦᠷ᠎ᠦᠨ ᠰᠣᠨᠢᠨ