ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠯᠢ ᠴᠢᠶᠠᠩ ᠠᠵᠤ ᠠᠬᠤᠢ᠎ᠶᠢᠨ ᠪᠠᠢᠳᠠᠯ᠎ᠤᠨ ᠲᠤᠰᠬᠠᠢ ᠮᠡᠷᠭᠡᠵᠢᠯᠲᠡᠳ ᠪᠠ ᠠᠵᠤ ᠠᠬᠤᠢᠯᠠᠯᠲᠠᠳ᠎ᠤᠨ ᠰᠠᠭᠤᠳᠠᠯ᠎ᠤᠨ ᠬᠤᠷᠠᠯ᠎ᠢ ᠡᠷᠭᠢᠯᠡᠨ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-10-15

10 ᠳ᠋ᠤᠭᠠᠷ ᠰᠠᠷ᠎ᠠ᠎ᠶᠢᠨ 14 ᠎ᠦ ᠡᠳᠦᠷ᠎ᠦᠨ ᠦᠳᠡ᠎ᠶᠢᠨ ᠬᠣᠢᠨ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠥᠷᠥ᠎ᠶᠢᠨ ᠲᠣᠪᠴᠢᠶ᠎ᠠ᠎ᠶᠢᠨ ᠪᠠᠢᠩᠭᠤ᠎ᠶᠢᠨ ᠭᠡᠰᠢᠭᠦᠨ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠶᠡᠷᠦᠩᠬᠡᠢ ᠰᠠᠢᠳ ᠯᠢ ᠴᠢᠶᠠᠩ ᠠᠵᠤ ᠠᠬᠤᠢ᠎ᠶᠢᠨ ᠪᠠᠢᠳᠠᠯ᠎ᠤᠨ ᠲᠤᠰᠬᠠᠢ ᠮᠡᠷᠭᠡᠵᠢᠯᠲᠡᠳ ᠪᠠ ᠠᠵᠤ ᠠᠬᠤᠢᠯᠠᠯᠲᠠᠳ᠎ᠤᠨ ᠰᠠᠭᠤᠳᠠᠯ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠣᠳᠣᠬᠠᠨ᠎ᠤ ᠠᠵᠤ ᠠᠬᠤᠢ᠎ᠶᠢᠨ ᠪᠠᠢᠳᠠᠯ ᠪᠠ ᠲᠠᠷᠠᠭᠠᠴᠢ᠎ᠶᠢᠨ ᠠᠯᠬᠤᠮ᠎ᠳᠠᠬᠢ ᠠᠵᠤ ᠠᠬᠤᠢ᠎ᠶᠢᠨ ᠠᠵᠢᠯ᠎ᠤᠨ ᠲᠤᠬᠠᠢ ᠰᠠᠨᠠᠯ ᠰᠠᠨᠠᠭᠤᠯᠭ᠎ᠠ᠎ᠨᠤᠭᠤᠳ᠎ᠢ ᠰᠣᠨᠣᠰᠪᠠ᠃ ᠰᠢᠨᠬᠤᠸᠠ ᠬᠣᠷᠢᠶ᠎ᠠ᠎ᠶᠢᠨ ᠰᠤᠷᠪᠤᠯᠵᠢᠯᠠᠭ᠍ᠴᠢ ᠷᠣᠣ ᠠᠢ ᠮᠢᠨ ᠰᠡᠭᠦᠳᠡᠷᠯᠡᠪᠡ

ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 10 ᠳ᠋ᠤᠭᠠᠷ ᠰᠠᠷ᠎ᠠ᠎ᠶᠢᠨ 14 ᠎ᠦ ᠡᠳᠦᠷ᠎ᠦᠨ ᠴᠠᠬᠢᠯᠭᠠᠨ ᠮᠡᠳᠡᠭᠡ   ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠥᠷᠥ᠎ᠶᠢᠨ ᠲᠣᠪᠴᠢᠶ᠎ᠠ᠎ᠶᠢᠨ ᠪᠠᠢᠩᠭᠤ᠎ᠶᠢᠨ ᠭᠡᠰᠢᠭᠦᠨ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠶᠡᠷᠦᠩᠬᠡᠢ ᠰᠠᠢᠳ ᠯᠢ ᠴᠢᠶᠠᠩ ᠠᠵᠤ ᠠᠬᠤᠢ᠎ᠶᠢᠨ ᠪᠠᠢᠳᠠᠯ᠎ᠤᠨ ᠲᠤᠰᠬᠠᠢ ᠮᠡᠷᠭᠡᠵᠢᠯᠲᠡᠳ ᠪᠠ ᠠᠵᠤ ᠠᠬᠤᠢᠯᠠᠯᠲᠠᠳ᠎ᠤᠨ ᠰᠠᠭᠤᠳᠠᠯ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠣᠳᠣᠬᠠᠨ᠎ᠤ ᠠᠵᠤ ᠠᠬᠤᠢ᠎ᠶᠢᠨ ᠪᠠᠢᠳᠠᠯ ᠪᠠ ᠲᠠᠷᠠᠭᠠᠴᠢ᠎ᠶᠢᠨ ᠠᠯᠬᠤᠮ᠎ᠳᠠᠬᠢ ᠠᠵᠤ ᠠᠬᠤᠢ᠎ᠶᠢᠨ ᠠᠵᠢᠯ᠎ᠤᠨ ᠲᠤᠬᠠᠢ ᠰᠠᠨᠠᠯ ᠰᠠᠨᠠᠭᠤᠯᠭ᠎ᠠ᠎ᠨᠤᠭᠤᠳ᠎ᠢ ᠰᠣᠨᠣᠰᠪᠠ᠃

ᠰᠠᠭᠤᠳᠠᠯ᠎ᠤᠨ ᠬᠤᠷᠠᠯ ᠳᠡᠭᠡᠷ᠎ᠡ᠂ ᠰᠢᠦᠢ ᠴᠢ ᠶᠤᠸᠠᠨ᠂ ᠴᠧᠨ ᠪᠢᠨ ᠺᠠᠢ᠂ ᠶᠠᠩ ᠾᠧ᠂ ᠵᠠᠩ ᠢᠦᠢ᠂ ᠯᠢ ᠬᠣᠩ ᠹᠧᠩ᠂ ᠵᠢᠶᠠᠩ ᠰᠢᠨ᠂ ᠵᠧᠦ ᠢᠦᠢ ᠰᠢᠶᠠᠩ᠂ ᠶᠧ ᠭᠦᠸᠧ ᠹᠦ ᠨᠠᠷ ᠤᠷᠢᠳ ᠬᠣᠵᠢᠳ ᠶᠠᠷᠢᠶ᠎ᠠ ᠲᠠᠯᠪᠢᠵᠠᠢ᠃ ᠤᠯᠠᠨ᠎ᠢᠶᠠᠷ᠎ᠢᠶᠠᠨ᠂ ᠡᠨᠡ ᠵᠢᠯ᠎ᠡᠴᠡ ᠨᠠᠭᠠᠰᠢ᠂ ᠮᠠᠨ᠎ᠤ ᠤᠯᠤᠰ᠎ᠤᠨ ᠠᠵᠤ ᠠᠬᠤᠢ᠎ᠶᠢᠨ ᠠᠵᠢᠯᠯᠠᠭᠠᠨ ᠳᠠᠷᠤᠯᠲᠠ᠎ᠶᠢ ᠲᠤᠯᠵᠤ᠂ ᠲᠣᠭᠲᠠᠭᠤᠨ᠎ᠤ ᠳᠤᠮᠳᠠ ᠤᠷᠤᠭᠰᠢᠯᠠᠵᠤ᠂ ᠬᠦᠴᠦᠷᠬᠡᠭ ᠶᠡᠬᠡ ᠤᠶᠠᠨ ᠬᠠᠳᠠᠨ ᠴᠢᠨᠠᠷ ᠪᠠ ᠠᠮᠢᠵᠢᠷᠠᠯ᠎ᠤᠨ ᠬᠦᠴᠦᠨ᠎ᠢᠶᠡᠨ ᠢᠯᠡᠷᠡᠭᠦᠯᠵᠦ᠂ ᠴᠥᠭᠡᠨ ᠪᠤᠰᠤ ᠰᠢᠨ᠎ᠡ ᠬᠢᠯᠠᠰ ᠴᠡᠭ ᠲᠠᠢ ᠪᠣᠯᠵᠠᠢ ᠭᠡᠵᠦ ᠦᠵᠡᠵᠡᠭᠡᠪᠡ᠃ ᠬᠡᠳᠦᠢᠪᠡᠷ ᠮᠥᠨ ᠬᠦ᠌ ᠵᠠᠷᠢᠮ ᠬᠦᠴᠢᠷᠳᠡᠯ᠎ᠳᠦ ᠲᠤᠯᠭᠠᠷᠠᠵᠤ ᠪᠠᠢᠭ᠎ᠠ ᠪᠣᠯᠪᠠᠴᠤ ᠠᠰᠢᠭ᠍ᠲᠠᠢ ᠬᠦᠴᠦᠨ ᠵᠦᠢᠯ ᠲᠠᠰᠤᠷᠠᠯᠳᠠ ᠦᠭᠡᠢ ᠬᠤᠷᠠᠮᠳᠤᠵᠤ ᠪᠠᠢᠨ᠎ᠠ᠃ ᠤᠯᠠᠨ᠎ᠢᠶᠠᠷ᠎ᠢᠶᠠᠨ ᠪᠠᠰᠠ ᠬᠣᠷᠸ᠎ᠠ ᠲᠦᠷᠦ᠎ᠶᠢᠨ ᠪᠣᠳᠣᠯᠭ᠎ᠠ᠎ᠶᠢ ᠨᠡᠩ ᠰᠠᠢᠲᠤᠷ ᠬᠡᠷᠡᠭᠵᠢᠭᠦᠯᠬᠦ᠂ ᠣᠳᠣᠬᠠᠨ᠎ᠤ ᠲᠣᠪᠣᠢᠮ᠎ᠠ ᠠᠰᠠᠭᠤᠳᠠᠯ᠎ᠢ ᠰᠢᠢᠳᠪᠦᠷᠢᠯᠡᠬᠦ ᠲᠠᠯ᠎ᠠ᠎ᠪᠠᠷ ᠰᠠᠨᠠᠯ ᠰᠠᠨᠠᠭᠤᠯᠭ᠎ᠠ᠎ᠨᠤᠭᠤᠳ ᠳᠤᠷᠠᠳᠪᠠ᠃

ᠲᠤᠰᠬᠠᠢ ᠮᠡᠷᠭᠡᠵᠢᠯᠲᠡᠳ ᠪᠠ ᠠᠵᠤ ᠠᠬᠤᠢᠯᠠᠯᠲᠠᠳ᠎ᠤᠨ ᠶᠠᠷᠢᠶ᠎ᠠ᠎ᠶᠢ ᠬᠢᠨᠠᠮᠠᠭᠠᠢ ᠰᠣᠨᠣᠰᠤᠭᠰᠠᠨ᠎ᠤ ᠳᠠᠷᠠᠭ᠎ᠠ᠂ ᠯᠢ ᠴᠢᠶᠠᠩ᠂ ᠡᠨᠡ ᠵᠢᠯ᠎ᠡᠴᠡ ᠨᠠᠭᠠᠰᠢ᠂ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠭᠠᠳᠠᠭᠠᠳᠤ ᠣᠷᠴᠢᠨ ᠨᠥᠬᠥᠴᠡᠯ ᠪᠠ ᠠᠵᠤ ᠠᠬᠤᠢ᠎ᠶᠢᠨ ᠠᠵᠢᠯᠯᠠᠭᠠᠨ᠎ᠤ ᠳᠤᠮᠳᠠᠬᠢ ᠬᠦᠴᠢᠷᠳᠡᠯ ᠥᠷᠢᠰᠦᠯᠳᠦᠭᠡᠨ᠎ᠦ ᠡᠮᠦᠨ᠎ᠡ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠨᠡᠩ ᠢᠳᠡᠪᠬᠢᠲᠡᠢ ᠪᠥᠭᠡᠳ ᠵᠢᠳᠬᠦᠯ ᠴᠢᠷᠮᠠᠢᠯᠭ᠎ᠠ ᠲᠠᠢ᠎ᠪᠠᠷ ᠬᠣᠷᠸ᠎ᠠ ᠲᠦᠷᠦ᠎ᠶᠢᠨ ᠪᠣᠳᠣᠯᠭ᠎ᠠ᠎ᠶᠢ ᠬᠢᠨᠠᠮᠠᠭᠠᠢ ᠨᠠᠢᠳᠠᠪᠤᠷᠢᠵᠢᠭᠤᠯᠵᠤ᠂ ᠬᠦᠴᠢᠷ᠎ᠢ ᠰᠥᠷᠦᠨ᠂ ᠯᠠᠪᠳᠠᠭᠤᠨ᠎ᠢᠶᠠᠷ ᠠᠷᠭᠠᠴᠠᠵᠤ᠂ ᠠᠵᠤ ᠠᠬᠤᠢ᠎ᠶᠢᠨ ᠦᠷᠭᠦᠯᠵᠢᠯᠡᠨ ᠰᠠᠢᠵᠢᠷᠠᠬᠤ᠎ᠶᠢ ᠪᠦᠬᠦ ᠬᠦᠴᠦᠨ᠎ᠢᠶᠡᠷ᠎ᠢᠶᠡᠨ ᠠᠬᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢ ᠯᠠᠪᠳᠠᠭᠤᠨ ᠪᠠᠲᠤᠲᠠᠢ ᠠᠬᠢᠭᠤᠯᠪᠠ᠃ ᠣᠳᠣᠬᠠᠨ᠎ᠤ ᠠᠵᠤ ᠠᠬᠤᠢ᠎ᠶᠢᠨ ᠪᠠᠢᠳᠠᠯ᠎ᠳᠤ᠂ ᠨᠡᠩ ᠥᠷᠭᠡᠨ ᠬᠠᠷᠠᠭ᠎ᠠ᠎ᠪᠠᠷ ᠣᠨᠣᠪᠴᠢᠲᠠᠶ ᠡᠵᠡᠮᠰᠢᠵᠦ᠂ ᠢᠯᠠᠩᠭᠤᠶ᠎ᠠ ᠲᠠᠪᠤᠨ ᠵᠢᠯ᠎ᠦᠨ ᠲᠥᠯᠦᠪᠵᠢᠭᠦᠯᠭᠡ᠎ᠶᠢ ᠬᠡᠷᠡᠭᠵᠢᠭᠦᠯᠦᠭᠰᠡᠨ ᠪᠠᠢᠳᠠᠯ᠎ᠠᠴᠠ ᠠᠵᠤ ᠠᠬᠤᠢ᠎ᠶᠢᠨ ᠬᠥᠭᠵᠢᠯᠲᠡ᠎ᠶᠢᠨ ᠤᠷᠳᠤ ᠬᠤᠭᠤᠴᠠᠭᠠᠨ᠎ᠤ ᠬᠠᠨᠳᠤᠰᠢ᠎ᠶᠢ ᠦᠵᠡᠵᠦ᠂ ᠬᠥᠮᠥᠨ᠎ᠦ ᠨᠡᠭᠦᠳᠡᠯ᠂ ᠪᠠᠷᠠᠭᠠᠨ᠎ᠤ ᠭᠦᠢᠯᠭᠡᠭᠡ᠂ ᠮᠡᠳᠡᠭᠡ ᠵᠠᠩᠭᠢ᠎ᠶᠢᠨ ᠳᠠᠮᠵᠢᠯᠭ᠎ᠠ᠂ ᠪᠡᠯᠡ ᠮᠥᠩᠭᠥᠨ᠎ᠦ ᠭᠦᠢᠯᠭᠡᠭᠡᠨ᠎ᠦ ᠲᠤᠯᠭᠠᠭᠤᠷᠢᠯᠠᠯ᠎ᠠᠴᠠ ᠡᠵᠡᠩᠨᠡᠯᠲᠡ᠎ᠶᠢᠨ ᠭᠣᠣᠯ ᠴᠣᠭᠴᠠ᠎ᠶᠢᠨ ᠠᠮᠢᠵᠢᠷᠠᠯ᠎ᠤᠨ ᠬᠦᠴᠦᠨ᠎ᠢ ᠦᠵᠡᠵᠦ᠂ ᠳᠡᠯᠡᠬᠡᠢ᠎ᠶᠢᠨ ᠪᠠᠢᠳᠠᠯ᠎ᠤᠨ ᠬᠤᠪᠢᠷᠠᠯᠲᠠ᠎ᠠᠴᠠ ᠮᠠᠨ᠎ᠤ ᠤᠯᠤᠰ᠎ᠤᠨ ᠠᠵᠤ ᠠᠬᠤᠢ᠎ᠶᠢᠨ ᠤᠶᠠᠨ ᠬᠠᠳᠠᠨ ᠴᠢᠨᠠᠷ᠎ᠢ ᠦᠵᠡᠵᠦ᠂ ᠢᠲᠡᠭᠡᠯ ᠵᠣᠷᠢᠭ᠋᠎ᠢᠶᠠᠨ ᠤᠯᠠᠮ ᠨᠢᠭᠡ ᠠᠯᠬᠤᠮ ᠪᠠᠲᠤᠳᠬᠠᠨ᠂ ᠠᠰᠠᠭᠤᠳᠠᠯ᠎ᠳᠤ ᠰᠢᠭᠤᠳ ᠬᠠᠨᠳᠤᠵᠤ᠂ ᠥᠪᠡᠷ᠎ᠦᠨ ᠠᠵᠢᠯ ᠶᠠᠪᠤᠳᠠᠯ᠎ᠢᠶᠠᠨ ᠡᠷᠡᠰ ᠭᠤᠢᠪᠢᠰᠢ ᠦᠭᠡᠢ᠎ᠪᠡᠷ ᠰᠠᠢᠲᠤᠷ ᠬᠢᠵᠦ᠂ ᠪᠦᠬᠦ ᠵᠢᠯ᠎ᠦᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠠᠷᠠᠯᠲᠠ ᠡᠭᠦᠷᠭᠡ᠎ᠪᠡᠨ ᠴᠢᠷᠮᠠᠢᠨ ᠪᠡᠶᠡᠯᠡᠭᠦᠯᠬᠦ ᠬᠡᠷᠡᠭᠲᠡᠢ ᠭᠡᠪᠡ᠃ 

ᠯᠢ ᠴᠢᠶᠠᠩ ᠴᠢᠬᠤᠯᠠᠴᠢᠯᠠᠬᠤ᠎ᠳᠤ᠎ᠪᠠᠨ᠂ ᠲᠠᠷᠠᠭᠠᠴᠢ᠎ᠶᠢᠨ ᠠᠯᠬᠤᠮ᠎ᠳᠠᠬᠢ ᠠᠵᠤ ᠠᠬᠤᠢ᠎ᠶᠢᠨ ᠠᠵᠢᠯ᠎ᠢ ᠰᠠᠢᠲᠤᠷ ᠬᠢᠬᠦ ᠨᠢ 《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠲᠡᠭᠦᠰ ᠠᠮᠵᠢᠯᠲᠠ ᠪᠠ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠰᠠᠢᠨ ᠡᠬᠢᠯᠡᠯᠲᠡ ᠯᠦ᠍ᠭᠡ ᠬᠣᠯᠪᠣᠭᠳᠠᠨ᠎ᠠ᠃ ᠰᠥᠷᠭᠡᠦ ᠦᠶᠡᠯᠡᠯ᠎ᠦᠨ ᠲᠣᠬᠢᠷᠠᠭᠤᠯᠭ᠎ᠠ᠎ᠶᠢ ᠬᠡᠷᠡᠭᠵᠢᠭᠦᠯᠬᠦ᠎ᠳᠦ ᠬᠦᠴᠦᠨ ᠨᠡᠮᠡᠷᠢᠯᠡᠨ ᠪᠦᠲᠦᠮᠵᠢ᠎ᠶᠢ ᠳᠡᠭᠡᠭᠰᠢᠯᠡᠭᠦᠯᠵᠦ᠂ ᠶᠡᠷᠦᠩᠬᠡᠢ ᠬᠡᠮᠵᠢᠶᠡᠨ᠎ᠦ ᠲᠦᠷᠦ᠎ᠶᠢᠨ ᠪᠣᠳᠣᠯᠭ᠎ᠠ᠎ᠶᠢ ᠦᠷᠭᠦᠯᠵᠢᠯᠡᠨ ᠡᠷᠴᠢᠮᠵᠢᠭᠦᠯᠦᠨ᠂ ᠲᠦᠷᠦ᠎ᠶᠢᠨ ᠪᠣᠳᠣᠯᠭ᠎ᠠ᠎ᠶᠢᠨ ᠡᠬᠢ ᠪᠠᠶᠠᠯᠢᠭ᠋᠎ᠢ ᠭᠦᠢᠴᠡᠳ ᠪᠥᠭᠡᠳ ᠰᠠᠢᠲᠤᠷ ᠬᠡᠷᠡᠭᠯᠡᠵᠦ᠂ ᠥᠭᠡᠷᠡᠴᠢᠯᠡᠯᠲᠡ᠎ᠶᠢᠨ ᠠᠷᠭ᠎ᠠ᠎ᠪᠠᠷ ᠲᠦᠭᠵᠢᠷᠡᠯ ᠪᠠ ᠰᠠᠭᠠᠳ᠎ᠢ ᠨᠠᠪᠲᠠᠷᠡᠭᠦᠯᠵᠦ᠂ ᠬᠥᠭᠵᠢᠯᠲᠡ᠎ᠶᠢᠨ ᠬᠥᠳᠡᠯᠭᠡᠭᠴᠢ ᠡᠨᠧᠷᠭᠢ᠎ᠶᠢ ᠴᠢᠩᠭᠠᠷᠠᠭᠤᠯᠬᠤ ᠬᠡᠷᠡᠭᠲᠡᠢ᠃ ᠣᠨ ᠠᠯᠤᠰᠯᠠᠭᠰᠠᠨ ᠠᠵᠢᠯ᠎ᠤᠨ ᠵᠣᠯᠭᠠᠯᠴᠠᠭ᠎ᠠ᠎ᠶᠢ ᠴᠢᠩᠭᠠᠳᠬᠠᠵᠤ᠂ ᠲᠦᠷᠦ᠎ᠶᠢᠨ ᠪᠣᠳᠣᠯᠭ᠎ᠠ᠎ᠶᠢᠨ ᠦᠢᠯᠡᠳᠦᠯ ᠴᠢᠳᠠᠪᠬᠢ᠎ᠶᠢ ᠨᠡᠩ ᠲᠦᠷᠭᠡᠨ ᠨᠡᠩ ᠰᠠᠢᠨ ᠪᠠᠳᠠᠷᠠᠭᠤᠯᠤᠨ᠎ᠠ᠃ ᠳᠣᠲᠣᠭᠠᠳᠤ ᠬᠡᠷᠡᠭᠴᠡᠭᠡ᠎ᠶᠢ ᠦᠷᠭᠦᠯᠵᠢᠯᠡᠨ ᠬᠦᠴᠦᠯᠡᠨ ᠥᠷᠭᠡᠳᠬᠡᠵᠦ᠂ ᠤᠯᠤᠰ᠎ᠤᠨ ᠳᠣᠲᠣᠭᠠᠳᠤ᠎ᠶᠢᠨ ᠶᠡᠬᠡ ᠣᠷᠴᠢᠯ᠎ᠢ ᠬᠦᠴᠦᠷᠬᠡᠭᠵᠢᠭᠦᠯᠵᠦ᠂ ᠬᠡᠷᠡᠭᠯᠡᠭᠡ᠎ᠶᠢ ᠠᠬᠢᠭᠤᠯᠬᠤ ᠡᠯ᠎ᠡ ᠵᠦᠢᠯ᠎ᠦᠨ ᠠᠷᠭ᠎ᠠ ᠬᠡᠮᠵᠢᠶ᠎ᠡ᠎ᠶᠢ ᠨᠢᠭᠡᠳᠦᠯᠲᠡᠢ ᠲᠥᠯᠥᠪᠯᠡᠨ ᠰᠠᠢᠲᠤᠷ ᠬᠡᠷᠡᠭᠯᠡᠵᠦ᠂ ᠪᠦᠲᠦᠮᠵᠢᠲᠡᠶ ᠪᠡᠯᠡ ᠣᠷᠣᠭᠤᠯᠤᠯᠲᠠ᠎ᠶᠢ ᠬᠦᠴᠦᠯᠡᠨ ᠥᠷᠭᠡᠳᠬᠡᠵᠦ᠂ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭᠵᠢᠭᠡᠵᠦ᠂ ᠴᠢᠨᠠᠷ ᠰᠠᠢᠲᠠᠢ ᠬᠠᠩᠭᠠᠯᠭ᠎ᠠ᠎ᠶᠢ ᠨᠡᠮᠡᠭᠳᠡᠭᠦᠯᠵᠦ᠂ ᠳᠣᠲᠣᠭᠠᠳᠤ ᠬᠡᠷᠡᠭᠴᠡᠭᠡ᠎ᠶᠢ ᠥᠷᠭᠡᠳᠬᠡᠬᠦ ᠰᠢᠨ᠎ᠡ ᠨᠡᠮᠡᠭᠳᠡᠯ ᠴᠡᠭ᠎ᠢ ᠲᠠᠰᠤᠷᠠᠯᠳᠠ ᠦᠭᠡᠢ ᠪᠤᠢ ᠪᠣᠯᠭᠠᠬᠤ ᠬᠡᠷᠡᠭᠲᠡᠢ᠃ ᠤᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠭᠡᠳ ᠲᠡᠷᠢᠭᠦᠨ᠎ᠦ ᠠᠵᠤ ᠦᠢᠯᠡᠰ᠎ᠦᠨ ᠠᠮᠢ ᠠᠬᠤᠢ᠎ᠶᠢ ᠪᠤᠢ ᠪᠣᠯᠭᠠᠵᠤ᠂ ᠠᠵᠢᠯ ᠲᠦᠷᠦᠯ᠎ᠦᠨ ᠡᠮᠬᠢ ᠵᠢᠷᠤᠮ ᠦᠭᠡᠢ᠂ ᠣᠶᠤᠨᠴᠢ ᠪᠤᠰᠤ ᠥᠷᠢᠰᠦᠯᠳᠦᠭᠡᠨ᠎ᠢ ᠶᠡᠷᠦᠩᠬᠡᠢᠯᠡᠨ ᠵᠠᠰᠠᠵᠤ᠂ ᠳᠡᠭᠡᠳᠦ ᠳᠣᠣᠷᠠᠳᠤ ᠬᠡᠯᠬᠢᠶ᠎ᠡ᠂ ᠲᠣᠮᠣ᠌ ᠳᠤᠮᠳᠠ ᠵᠢᠵᠢᠭ ᠠᠵᠤ ᠠᠬᠤᠢᠯᠠᠯ᠎ᠤᠨ ᠬᠠᠮᠲᠤᠷᠠᠯᠴᠠᠭᠠᠨ᠎ᠤ ᠭᠦᠨᠵᠡᠭᠡᠢᠷᠡᠬᠦ᠎ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠦᠨ ᠤᠯᠠᠷᠢᠭᠤᠯᠤᠯᠲᠠ᠎ᠶᠢ ᠲᠦᠷᠭᠡᠳᠬᠡᠵᠦ᠂ ᠦᠢᠯᠡᠰ ᠪᠣᠰᠬᠠᠵᠤ ᠪᠡᠯᠡ ᠣᠷᠣᠭᠤᠯᠬᠤ ᠰᠠᠭᠤᠷᠢ ᠮᠥᠩᠭᠥ᠎ᠶᠢ ᠬᠥᠭᠵᠢᠭᠦᠯᠵᠦ᠂ ᠰᠢᠨ᠎ᠡ᠎ᠶᠢ ᠡᠭᠦᠳᠬᠦ ᠠᠮᠢ ᠠᠬᠤᠢ᠎ᠶᠢᠨ ᠬᠦᠷᠢᠶ᠎ᠡ᠎ᠶᠢ ᠬᠦᠴᠦᠯᠡᠨ ᠪᠠᠶ᠋ᠢᠭᠤᠯᠬᠤ ᠬᠡᠷᠡᠭᠲᠡᠢ᠃ ᠭᠠᠳᠠᠭᠠᠳᠤ ᠠᠷᠠᠯᠵᠢᠶ᠎ᠠ ᠪᠠ ᠭᠠᠳᠠᠭᠠᠳᠤ ᠪᠡᠯᠡ᠎ᠶᠢ ᠲᠣᠭᠲᠠᠪᠤᠷᠢᠵᠢᠭᠤᠯᠬᠤ᠎ᠶᠢ ᠬᠦᠴᠦᠲᠡᠢ ᠲᠡᠮᠵᠢᠵᠤ᠂ ᠤᠯᠠᠨ ᠡᠰᠢᠴᠢᠯᠡᠭᠰᠡᠨ ᠵᠠᠬ᠎ᠠ ᠳᠡᠯᠭᠡᠭᠦᠷ᠎ᠢ ᠢᠳᠡᠪᠬᠢᠲᠡᠢ᠎ᠪᠡᠷ ᠨᠡᠭᠡᠭᠡᠵᠦ᠂ ᠭᠠᠳᠠᠭᠠᠳᠤ᠎ᠳᠠᠬᠢ ᠶᠡᠷᠦᠩᠬᠡᠢᠯᠡᠭᠰᠡᠨ ᠦᠢᠯᠡᠴᠢᠯᠡᠭᠡᠨ᠎ᠦ ᠲᠣᠭᠲᠠᠯᠴᠠᠭ᠎ᠠ᠎ᠶᠢ ᠲᠡᠭᠦᠯᠳᠡᠷᠵᠢᠭᠦᠯᠦᠨ᠂ ᠨᠢᠭᠡ ᠪᠦᠯᠦᠭ ᠪᠡᠯᠭᠡ ᠲᠡᠮᠳᠡᠭ᠎ᠦᠨ ᠴᠢᠨᠠᠷᠲᠠᠢ ᠭᠠᠳᠠᠭᠠᠳᠤ ᠪᠡᠯᠡᠲᠦ ᠲᠥᠷᠥᠯ ᠵᠦᠢᠯ᠎ᠢ ᠬᠡᠷᠡᠭᠵᠢᠭᠦᠯᠬᠦ᠎ᠶᠢ ᠠᠬᠢᠭᠤᠯᠤᠨ᠎ᠠ ᠭᠡᠪᠡ᠃

ᠯᠢ ᠴᠢᠶᠠᠩ᠂ ᠥᠷᠭᠡᠨ ᠤᠯᠠᠨ ᠠᠵᠤ ᠠᠬᠤᠢᠯᠠᠯᠲᠠᠳ ᠤᠷᠳᠤ ᠬᠤᠭᠤᠴᠠᠭᠠᠨ᠎ᠤ ᠦᠵᠡᠯ᠎ᠢ ᠪᠠᠷᠢᠮᠲᠠᠯᠠᠵᠤ᠂ ᠦᠷᠭᠦᠯᠵᠢᠯᠡᠨ ᠵᠠᠮ ᠨᠡᠭᠡᠭᠡᠨ ᠰᠢᠨ᠎ᠡ᠎ᠶᠢ ᠡᠭᠦᠳᠴᠦ᠂ ᠮᠠᠨ᠎ᠤ ᠤᠯᠤᠰ᠎ᠤᠨ ᠴᠢᠨᠠᠷ ᠰᠠᠢᠲᠠᠢ ᠬᠥᠭᠵᠢᠯᠲᠡ᠎ᠳᠦ ᠢᠯᠡᠭᠦᠬᠡᠨ ᠬᠤᠪᠢ ᠨᠡᠮᠡᠷᠢ ᠦᠵᠡᠭᠦᠯᠬᠦ᠎ᠶᠢ ᠬᠦᠰᠡᠪᠡ᠃ ᠲᠤᠰᠬᠠᠢ ᠮᠡᠷᠭᠡᠵᠢᠯᠲᠡᠳ ᠡᠷᠳᠡᠮᠲᠡᠳ ᠲᠤᠰᠬᠠᠢ ᠮᠡᠷᠭᠡᠵᠢᠯ᠎ᠦᠨ ᠳᠠᠪᠠᠭᠤᠯᠢᠭ᠋᠎ᠢᠶᠠᠨ ᠪᠠᠳᠠᠷᠠᠭᠤᠯᠤᠨ᠂ ᠠᠵᠤ ᠠᠬᠤᠢ᠎ᠶᠢᠨ ᠠᠵᠢᠯ᠎ᠢ ᠰᠠᠢᠲᠤᠷ ᠬᠢᠬᠦ ᠪᠠ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠥᠭᠵᠢᠯᠲᠡ᠎ᠶᠢ ᠠᠬᠢᠭᠤᠯᠬᠤ᠎ᠳᠤ ᠢᠳᠡᠪᠬᠢᠲᠡᠢ᠎ᠪᠡᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ᠎ᠶᠢ ᠬᠦᠰᠡᠪᠡ᠃

ᠦ᠋ ᠵᠧᠩ ᠯᠦᠩ ᠲᠣᠰ ᠶᠠᠷᠢᠯᠴᠠᠬᠤ ᠬᠤᠷᠠᠯ᠎ᠳᠤ ᠣᠷᠣᠯᠴᠠᠪᠠ᠃

ᠢᠷᠡᠯᠲᠡ᠄ ᠰᠢᠨᠬᠤᠸᠠ ᠬᠣᠷᠢᠶ᠎ᠠ