
10 ᠳ᠋ᠤᠭᠠᠷ ᠰᠠᠷ᠎ᠠ᠎ᠶᠢᠨ 15 ᠤ ᠡᠳᠦᠷ᠂ ᠲᠥᠷᠥ᠎ᠶᠢᠨ ᠶᠠᠪᠤᠳᠠᠯ᠎ᠤᠨ ᠬᠣᠷᠢᠶ᠎ᠠ 《ᠪᠠᠷᠢᠮᠵᠢᠶᠠᠨ᠎ᠤ ᠬᠥᠲᠥᠯᠥᠨ ᠳᠠᠭᠠᠭᠤᠯᠬᠤ ᠪᠠ ᠪᠠᠲᠤᠯᠠᠬᠤ ᠦᠢᠯᠡᠳᠦᠯ᠎ᠢ ᠴᠢᠩᠭᠠᠳᠬᠠᠵᠤ᠂ ᠪᠠᠷᠢᠮᠵᠢᠶᠠᠨ᠎ᠤ ᠲᠠᠰ ᠳᠡᠪᠰᠢᠬᠦ᠎ᠪᠡᠷ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ》᠎ᠪᠠᠷ ᠭᠣᠣᠯ ᠰᠡᠳᠦᠪ ᠪᠣᠯᠭᠠᠵᠤ᠂ ᠠᠷᠪᠠᠨ ᠵᠢᠷᠭᠤᠳᠤᠭᠠᠷ ᠤᠳᠠᠭ᠎ᠠ᠎ᠶᠢᠨ ᠲᠤᠰᠬᠠᠢ ᠰᠡᠳᠦᠪᠲᠦ ᠰᠤᠷᠤᠯᠴᠠᠯᠭ᠎ᠠ ᠶᠠᠪᠤᠭᠳᠠᠭᠤᠯᠪᠠ᠃ ᠲᠦᠷᠦ᠎ᠶᠢᠨ ᠶᠠᠪᠤᠳᠠᠯ᠎ᠤᠨ ᠬᠣᠷᠢᠶ᠎ᠠ᠎ᠶᠢᠨ ᠶᠡᠷᠦᠩᠬᠡᠢ ᠰᠠᠢᠳ ᠯᠢ ᠴᠢᠶᠠᠩ ᠰᠤᠷᠤᠯᠴᠠᠯᠭ᠎ᠠ᠎ᠶᠢ ᠡᠷᠬᠢᠯᠡᠪᠡ᠃ ᠰᠢᠨᠬᠤᠸᠠ ᠬᠣᠷᠢᠶ᠎ᠠ᠎ᠶᠢᠨ ᠰᠤᠷᠪᠤᠯᠵᠢᠯᠠᠭ᠍ᠴᠢ ᠬᠤᠸᠠᠩ ᠵᠢᠩ ᠸᠧᠨ ᠰᠡᠭᠦᠳᠡᠷᠯᠡᠪᠡ
ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 10 ᠳ᠋ᠤᠭᠠᠷ ᠰᠠᠷ᠎ᠠ᠎ᠶᠢᠨ 15 ᠤ ᠡᠳᠦᠷ᠎ᠦᠨ ᠴᠠᠬᠢᠯᠭᠠᠨ ᠮᠡᠳᠡᠭᠡ 10 ᠳ᠋ᠤᠭᠠᠷ ᠰᠠᠷ᠎ᠠ᠎ᠶᠢᠨ 15 ᠤ ᠡᠳᠦᠷ᠂ ᠲᠦᠷᠦ᠎ᠶᠢᠨ ᠶᠠᠪᠤᠳᠠᠯ᠎ᠤᠨ ᠬᠣᠷᠢᠶ᠎ᠠ 《ᠪᠠᠷᠢᠮᠵᠢᠶᠠᠨ᠎ᠤ ᠬᠥᠲᠥᠯᠥᠨ ᠳᠠᠭᠠᠭᠤᠯᠬᠤ ᠪᠠ ᠪᠠᠲᠤᠯᠠᠬᠤ ᠦᠢᠯᠡᠳᠦᠯ᠎ᠢ ᠴᠢᠩᠭᠠᠳᠬᠠᠵᠤ᠂ ᠪᠠᠷᠢᠮᠵᠢᠶᠠᠨ᠎ᠤ ᠲᠠᠰ ᠳᠡᠪᠰᠢᠬᠦ᠎ᠪᠡᠷ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ》᠎ᠪᠠᠷ ᠭᠣᠣᠯ ᠰᠡᠳᠦᠪ ᠪᠣᠯᠭᠠᠵᠤ᠂ ᠠᠷᠪᠠᠨ ᠵᠢᠷᠭᠤᠳᠤᠭᠠᠷ ᠤᠳᠠᠭ᠎ᠠ᠎ᠶᠢᠨ ᠲᠤᠰᠬᠠᠢ ᠰᠡᠳᠦᠪᠲᠦ ᠰᠤᠷᠤᠯᠴᠠᠯᠭ᠎ᠠ ᠶᠠᠪᠤᠭᠳᠠᠭᠤᠯᠪᠠ᠃ ᠲᠦᠷᠦ᠎ᠶᠢᠨ ᠶᠠᠪᠤᠳᠠᠯ᠎ᠤᠨ ᠬᠣᠷᠢᠶ᠎ᠠ᠎ᠶᠢᠨ ᠶᠡᠷᠦᠩᠬᠡᠢ ᠰᠠᠢᠳ ᠯᠢ ᠴᠢᠶᠠᠩ ᠰᠤᠷᠤᠯᠴᠠᠯᠭ᠎ᠠ᠎ᠶᠢ ᠡᠷᠬᠢᠯᠡᠬᠦ᠎ᠳᠦ᠎ᠪᠡᠨ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠪᠠ ᠨᠠᠮ᠎ᠤᠨ ᠲᠥᠪ ᠬᠣᠷᠢᠶ᠎ᠠ᠎ᠶᠢᠨ ᠬᠣᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠠᠷᠢᠮᠵᠢᠶᠠᠵᠢᠭᠤᠯᠬᠤ ᠠᠵᠢᠯ᠎ᠤᠨ ᠥᠭᠡᠷᠡᠴᠢᠯᠡᠯᠲᠡ ᠪᠠ ᠰᠢᠨ᠎ᠡ ᠡᠭᠦᠳᠦᠯᠲᠡ᠎ᠶᠢ ᠲᠦᠷᠭᠡᠳᠬᠡᠨ ᠠᠬᠢᠭᠤᠯᠵᠤ᠂ ᠪᠣᠳᠠᠲᠤ ᠴᠣᠭᠴᠠ᠎ᠶᠢᠨ ᠠᠵᠤ ᠠᠬᠤᠢ᠎ᠶᠢᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠦᠨ ᠲᠡᠰ ᠳᠡᠪᠰᠢᠭᠦᠯᠬᠦ᠎ᠶᠢ ᠠᠬᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢᠨ ᠳᠣᠲᠣᠭᠠᠳᠤ ᠬᠥᠳᠡᠯᠭᠡᠭᠴᠢ ᠬᠦᠴᠦᠨ᠎ᠢ ᠦᠷᠭᠦᠯᠵᠢᠯᠡᠨ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃
ᠳᠤᠮᠳᠠᠳᠤ ᠤᠯᠤᠰ᠎ᠤᠨ ᠪᠠᠷᠢᠮᠵᠢᠶᠠᠵᠢᠭᠤᠯᠤᠯᠲᠠ᠎ᠶᠢᠨ ᠰᠤᠳᠤᠯᠭᠠᠨ᠎ᠤ ᠬᠦᠷᠢᠶᠡᠯᠡᠩ᠎ᠦᠨ ᠳᠡᠳ᠋ ᠬᠦᠷᠢᠶᠡᠯᠡᠩ᠎ᠦᠨ ᠳᠠᠷᠤᠭ᠎ᠠ ᠯᠢ ᠠᠢ ᠰᠢᠶᠠᠨ ᠲᠠᠢᠯᠤᠮᠵᠢ ᠬᠢᠪᠡ᠃ ᠲᠦᠷᠦ᠎ᠶᠢᠨ ᠶᠠᠪᠤᠳᠠᠯ᠎ᠤᠨ ᠬᠣᠷᠢᠶ᠎ᠠ᠎ᠶᠢᠨ ᠳᠡᠳ᠋ ᠶᠡᠷᠦᠩᠬᠡᠢ ᠰᠠᠢᠳ ᠳ᠋ᠢᠩ ᠰᠢᠤᠸᠠᠢ ᠰᠢᠶᠠᠩ᠂ ᠵᠠᠩ ᠭᠦᠸᠧ ᠴᠢᠩ᠂ ᠯᠢᠦ ᠭᠦᠸᠧ ᠵᠦᠩ ᠰᠠᠨᠠᠯ᠎ᠢᠶᠠᠨ ᠰᠣᠯᠢᠯᠴᠠᠬᠤ ᠦᠭᠡ ᠬᠡᠯᠡᠪᠡ᠃
ᠯᠢ ᠴᠢᠶᠠᠩ ᠲᠠᠢᠯᠤᠮᠵᠢ ᠪᠠ ᠰᠠᠨᠠᠯ ᠰᠣᠯᠢᠯᠴᠠᠭᠰᠠᠨ ᠶᠠᠷᠢᠶ᠎ᠠ᠎ᠶᠢ ᠰᠣᠨᠣᠰᠤᠭᠰᠠᠨ᠎ᠤ ᠳᠠᠷᠠᠭ᠎ᠠ᠂ ᠪᠠᠷᠢᠮᠵᠢᠶ᠎ᠠ ᠪᠣᠯ ᠴᠢᠬᠤᠯᠠ ᠰᠠᠭᠤᠷᠢ ᠴᠢᠨᠠᠷᠲᠠᠢ ᠳᠦᠷᠢᠮ ᠮᠥᠨ᠂ ᠣᠳᠣᠬᠢᠴᠢᠯᠠᠭᠰᠠᠨ ᠠᠵᠤ ᠦᠢᠯᠡᠰ᠎ᠦᠨ ᠲᠣᠭᠲᠠᠯᠴᠠᠭ᠎ᠠ᠎ᠶᠢ ᠪᠠᠶ᠋ᠢᠭᠤᠯᠬᠤ᠂ ᠪᠥᠬᠥ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠢ ᠪᠠᠶ᠋ᠢᠭᠤᠯᠬᠤ ᠵᠡᠷᠭᠡ᠎ᠳᠦ ᠴᠢᠬᠤᠯᠠ ᠦᠢᠯᠡᠳᠦᠯ ᠲᠠᠢ ᠶᠤᠮ᠃ ᠣᠢᠷ᠎ᠠ᠎ᠶᠢᠨ ᠵᠢᠯ᠎ᠦᠳ᠎ᠲᠦ᠂ ᠮᠠᠨ᠎ᠤ ᠤᠯᠤᠰ᠎ᠤᠨ ᠪᠠᠷᠢᠮᠵᠢᠶᠠᠵᠢᠭᠤᠯᠤᠯᠲᠠ᠎ᠶᠢᠨ ᠠᠵᠢᠯ ᠮᠠᠰᠢ ᠶᠡᠬᠡ ᠲᠠᠪᠰᠢᠯᠳᠠ ᠲᠠᠢ ᠪᠣᠯᠵᠤ᠂ ᠪᠠᠷᠢᠮᠵᠢᠶᠠᠨ᠎ᠤ ᠬᠠᠮᠤᠷᠬᠤ ᠬᠡᠪᠴᠢᠶ᠎ᠡ ᠲᠦᠷᠭᠡᠨ ᠥᠷᠭᠡᠵᠢᠵᠦ᠂ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠭᠰᠡᠨ ᠴᠦ᠍ ᠮᠥᠨ ᠬᠦ᠌ ᠡᠳᠦᠢ ᠲᠡᠳᠦᠢ ᠠᠨᠠᠢ ᠭᠣᠭᠴᠣᠭ᠎ᠠ ᠣᠷᠣᠰᠢᠭᠰᠠᠭᠠᠷ ᠪᠠᠢᠨ᠎ᠠ᠃ ᠪᠠᠷᠢᠮᠵᠢᠶᠠᠨ᠎ᠤ ᠳᠡᠰ ᠳᠡᠪᠰᠢᠬᠦ᠎ᠶᠢ ᠨᠡᠩ ᠲᠣᠪᠣᠢᠮ᠎ᠠ ᠪᠠᠢᠷᠢᠨ᠎ᠳᠤ ᠲᠠᠯᠪᠢᠵᠤ᠂ ᠴᠢᠨᠠᠷ ᠰᠠᠢᠲᠠᠢ ᠬᠥᠭᠵᠢᠯᠲᠡ᠎ᠶᠢᠨ ᠱᠠᠭᠠᠷᠳᠠᠯᠭ᠎ᠠ᠎ᠳᠤ ᠵᠣᠬᠢᠴᠠᠭᠰᠠᠨ ᠪᠠᠷᠢᠮᠵᠢᠶᠠᠨ᠎ᠤ ᠲᠣᠭᠲᠠᠯᠴᠠᠭ᠎ᠠ᠎ᠶᠢ ᠲᠦᠷᠭᠡᠨ ᠪᠠᠢᠭᠤᠯᠵᠤ᠂ ᠪᠠᠷᠢᠮᠵᠢᠶᠠᠨ᠎ᠤ ᠬᠥᠲᠥᠯᠥᠨ ᠳᠠᠭᠠᠭᠤᠯᠬᠤ ᠪᠠ ᠪᠠᠲᠤᠯᠠᠬᠤ ᠦᠢᠯᠡᠳᠦᠯ᠎ᠢ ᠨᠡᠩ ᠰᠠᠢᠲᠤᠷ ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠯᠢ ᠴᠢᠶᠠᠩ ᠴᠢᠬᠤᠯᠠᠴᠢᠯᠠᠬᠤ᠎ᠳᠤ᠎ᠪᠠᠨ᠂ ᠪᠠᠷᠢᠮᠵᠢᠶᠠᠨ᠎ᠤ ᠬᠠᠩᠭᠠᠯᠭ᠎ᠠ᠎ᠶᠢ ᠰᠢᠯᠢᠳᠡᠭᠵᠢᠭᠦᠯᠵᠦ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠣᠳᠠᠲᠤ ᠪᠠᠢᠳᠠᠯ ᠲᠠᠢ ᠨᠢᠭ᠍ᠲᠠ ᠤᠶᠠᠯᠳᠤᠭᠤᠯᠵᠤ᠂ ᠪᠠᠴᠢᠮ ᠬᠡᠷᠡᠭᠴᠡᠭᠡᠨ᠎ᠳᠦ ᠤᠷᠢᠳ᠎ᠢᠶᠠᠷ ᠬᠡᠷᠡᠭᠵᠢᠭᠦᠯᠬᠦ᠂ ᠡᠮᠬᠢ ᠵᠢᠷᠤᠮ ᠲᠠᠢ ᠳᠡᠭᠡᠭᠰᠢᠯᠡᠭᠦᠯᠬᠦ᠎ᠶᠢ ᠪᠠᠷᠢᠮᠲᠠᠯᠠᠵᠤ᠂ ᠠᠵᠢᠯ ᠲᠦᠷᠦᠯ ᠨᠢᠭᠡ ᠪᠦᠷᠢ᠎ᠪᠡᠷ ᠪᠠᠷᠢᠮᠵᠢᠶᠠᠨ᠎ᠤ ᠬᠡᠷᠡᠭᠴᠡᠭᠡ᠎ᠶᠢ ᠡᠮᠬᠢᠯᠡᠵᠦ᠂ ᠵᠣᠬᠢᠶᠠᠮᠠᠯ ᠣᠶᠤᠨ ᠵᠡᠷᠭᠡ ᠳ᠋ᠢᠭᠢᠲ ᠮᠡᠷᠭᠡᠵᠢᠯ᠎ᠢᠶᠡᠷ ᠡᠷᠴᠢᠮᠯᠡᠬᠦ᠎ᠶᠢ ᠴᠢᠩᠭᠠᠳᠬᠠᠵᠤ᠂ ᠪᠠᠷᠢᠮᠵᠢᠶ᠎ᠠ᠎ᠶᠢ ᠲᠣᠭᠲᠠᠭᠠᠬᠤ ᠪᠠ ᠲᠡᠭᠦᠨ᠎ᠳᠦ ᠵᠠᠰᠠᠪᠤᠷᠢ ᠣᠷᠣᠭᠤᠯᠬᠤ᠎ᠶᠢ ᠰᠢᠰᠲᠧᠮ ᠲᠠᠢ ᠠᠬᠢᠭᠤᠯᠬᠤ ᠬᠡᠷᠡᠭᠲᠡᠢ᠃ ᠪᠠᠷᠢᠮᠵᠢᠶᠠᠨ᠎ᠤ ᠬᠡᠷᠡᠭᠵᠢᠭᠦᠯᠦᠯᠲᠡ᠎ᠶᠢ ᠴᠢᠩᠭᠠᠳᠬᠠᠵᠤ᠂ ᠴᠢᠩᠭ᠎ᠠ ᠬᠢᠨᠠᠯᠲᠠ ᠲᠠᠯᠪᠢᠬᠤ ᠪᠠ ᠦᠢᠯᠡᠴᠢᠯᠡᠭᠡ᠎ᠪᠡᠨ ᠰᠢᠯᠢᠳᠡᠭᠵᠢᠭᠦᠯᠬᠦ᠎ᠶᠢ ᠵᠡᠷᠭᠡ᠎ᠪᠡᠷ ᠠᠳᠬᠤᠬᠤ᠎ᠶᠢ ᠪᠠᠷᠢᠮᠲᠠᠯᠠᠵᠤ᠂ ᠪᠠᠢᠴᠠᠭᠠᠨ ᠰᠢᠯᠭᠠᠵᠤ ᠪᠠᠢᠴᠠᠭᠠᠨ ᠰᠢᠨᠵᠢᠬᠦ᠂ ᠭᠡᠷᠡᠴᠢᠯᠡᠵᠦ ᠵᠥᠪᠰᠢᠶᠡᠷᠡᠬᠦ ᠵᠡᠷᠭᠡ ᠠᠷᠭ᠎ᠠ ᠪᠠᠷᠢᠯ᠎ᠢ ᠰᠠᠢᠲᠤᠷ ᠬᠡᠷᠡᠭᠯᠡᠭᠡᠳ ᠪᠠᠷᠢᠮᠵᠢᠶᠠᠨ᠎ᠤ ᠬᠡᠷᠡᠭᠵᠢᠭᠦᠯᠦᠯᠲᠡ᠎ᠶᠢ ᠠᠬᠢᠭᠤᠯᠵᠤ᠂ ᠠᠯᠪᠠᠳᠠᠯᠭ᠎ᠠ᠎ᠶᠢᠨ ᠴᠢᠨᠠᠷᠲᠠᠢ ᠪᠠᠷᠢᠮᠵᠢᠶ᠎ᠠ᠎ᠶᠢ ᠬᠡᠷᠡᠭᠵᠢᠭᠦᠯᠬᠦ ᠬᠠᠷᠢᠭᠤᠴᠠᠯᠭ᠎ᠠ᠎ᠶᠢᠨ ᠨᠠᠷᠢᠨ ᠲᠠᠩᠰᠠ᠎ᠶᠢ ᠪᠠᠢᠭᠤᠯᠵᠤ᠂ ᠠᠵᠤ ᠦᠢᠯᠡᠰ᠎ᠦᠨ ᠲᠦᠷᠦ᠎ᠶᠢᠨ ᠪᠣᠳᠣᠯᠭ᠎ᠠ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠳᠤᠮᠳᠠ ᠲᠠᠨᠢᠯᠴᠠᠭᠤᠯᠭ᠎ᠠ᠎ᠶᠢᠨ ᠴᠢᠨᠠᠷᠲᠠᠢ ᠪᠠᠷᠢᠮᠵᠢᠶ᠎ᠠ᠎ᠶᠢ ᠡᠰᠢᠯᠡᠨ ᠬᠡᠷᠡᠭᠯᠡᠬᠦ᠎ᠶᠢ ᠨᠢ ᠴᠢᠬᠤᠯᠠᠴᠢᠯᠠᠵᠤ᠂ ᠠᠵᠤ ᠠᠬᠤᠢᠯᠠᠯ᠎ᠢ ᠬᠥᠲᠥᠯᠥᠨ ᠵᠢᠯᠣᠭᠣᠳᠴᠤ ᠪᠠᠢᠭᠠᠳ ᠥᠨᠳᠥᠷ ᠲᠦᠪᠰᠢᠨᠲᠦ ᠪᠠᠷᠢᠮᠵᠢᠶ᠎ᠠ᠎ᠶᠢ ᠬᠡᠷᠡᠭᠵᠢᠭᠦᠯᠬᠦ ᠬᠡᠷᠡᠭᠲᠡᠢ᠃ ᠪᠠᠷᠢᠮᠵᠢᠶᠠᠨ᠎ᠤ ᠳᠡᠯᠡᠬᠡᠢᠵᠢᠯᠲᠡ᠎ᠶᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠪᠠᠷᠢᠮᠵᠢᠶᠠᠨ᠎ᠤ ᠤᠯᠠᠨ ᠤᠯᠤᠰ᠎ᠤᠨ ᠬᠠᠮᠲᠤᠷᠠᠯᠴᠠᠭ᠎ᠠ ᠰᠣᠯᠢᠯᠴᠠᠭ᠎ᠠ᠎ᠶᠢ ᠭᠦᠨᠵᠡᠭᠡᠢᠷᠡᠭᠦᠯᠵᠦ᠂ ᠪᠠᠷᠢᠮᠵᠢᠶᠠᠨ᠎ᠤ ᠳᠦᠷᠢᠮ᠎ᠦᠨ ᠬᠡᠯᠪᠡᠷᠢ᠎ᠶᠢᠨ ᠨᠡᠭᠡᠭᠡᠯᠲᠡ᠎ᠶᠢ ᠲᠣᠭᠲᠠᠭᠤᠨ᠎ᠢᠶᠠᠷ ᠥᠷᠭᠡᠳᠬᠡᠬᠦ ᠬᠡᠷᠡᠭᠲᠡᠢ ᠭᠡᠪᠡ᠃
ᠯᠢ ᠴᠢᠶᠠᠩ ᠵᠢᠭᠠᠵᠤ ᠭᠠᠷᠭᠠᠬᠤ᠎ᠳᠤ᠎ᠪᠠᠨ᠂ ᠥᠭᠡᠷᠡᠴᠢᠯᠡᠯᠲᠡ ᠪᠠ ᠰᠢᠨ᠎ᠡ ᠡᠭᠦᠳᠦᠯᠲᠡ᠎ᠪᠡᠷ ᠬᠥᠳᠡᠯᠭᠡᠭᠴᠢ ᠬᠦᠴᠦᠨ ᠪᠣᠯᠭᠠᠬᠤ᠎ᠶᠢ ᠪᠠᠷᠢᠮᠲᠠᠯᠠᠵᠤ᠂ ᠪᠠᠷᠢᠮᠵᠢᠶᠠᠵᠢᠭᠤᠯᠬᠤ ᠠᠵᠢᠯ᠎ᠤᠨ ᠪᠠᠢᠭᠤᠯᠤᠯ ᠲᠣᠭᠲᠠᠴᠠ᠎ᠶᠢ ᠦᠷᠭᠦᠯᠵᠢᠯᠡᠨ ᠲᠡᠭᠦᠯᠳᠡᠷᠵᠢᠭᠦᠯᠵᠦ᠂ ᠪᠠᠷᠢᠮᠵᠢᠶᠠᠨ᠎ᠤ ᠶᠡᠷᠦᠩᠬᠡᠢ ᠬᠢᠷᠢ ᠲᠦᠪᠰᠢᠨ ᠪᠠ ᠪᠠᠷᠢᠮᠵᠢᠶᠠᠵᠢᠭᠤᠯᠤᠭᠰᠠᠨ ᠬᠠᠮᠢᠶᠠᠷᠤᠯᠲᠠ᠎ᠶᠢᠨ ᠦᠢᠯᠡᠳᠦᠯ ᠴᠢᠳᠠᠪᠬᠢ᠎ᠶᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ᠃ ᠵᠠᠰᠠᠭ᠎ᠤᠨ ᠣᠷᠳᠣᠨ ᠪᠠ ᠵᠠᠬ᠎ᠠ ᠳᠡᠯᠭᠡᠭᠦᠷ᠎ᠦᠨ ᠬᠠᠷᠢᠴᠠᠭ᠎ᠠ᠎ᠶᠢ ᠰᠠᠢᠲᠤᠷ ᠰᠢᠢᠳᠪᠦᠷᠢᠯᠡᠵᠦ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠦᠨ ᠦᠵᠦ ᠲᠥᠯᠥᠪᠯᠡᠭᠡ ᠪᠠ ᠵᠢᠷᠤᠮᠵᠢᠭᠤᠯᠤᠨ ᠬᠥᠲᠥᠯᠥᠨ ᠵᠢᠯᠤᠭᠣᠳᠬᠤ ᠦᠢᠯᠡᠳᠦᠯ᠎ᠢ ᠪᠠᠳᠠᠷᠠᠭᠤᠯᠵᠤ᠂ ᠪᠠᠷᠢᠮᠵᠢᠶ᠎ᠠ᠎ᠶᠢ ᠰᠤᠳᠤᠯᠤᠨ ᠲᠣᠭᠲᠠᠭᠠᠬᠤ᠎ᠳᠤ ᠠᠵᠤ ᠠᠬᠤᠢᠯᠠᠯ᠂ ᠠᠵᠤ ᠦᠢᠯᠡᠰ᠎ᠦᠨ ᠬᠣᠯᠪᠣᠭ᠎ᠠ ᠵᠡᠷᠭᠡ ᠵᠠᠬ᠎ᠠ ᠳᠡᠯᠭᠡᠭᠦᠷ᠎ᠦᠨ ᠬᠦᠴᠦᠨ᠎ᠦ ᠨᠡᠩ ᠶᠡᠬᠡ ᠦᠢᠯᠡᠳᠦᠯ᠎ᠢᠶᠡᠨ ᠪᠠᠳᠠᠷᠠᠭᠤᠯᠬᠤ᠎ᠶᠢ ᠳᠡᠮᠵᠢᠵᠦ᠂ ᠠᠵᠤ ᠠᠬᠤᠢᠯᠠᠯ᠎ᠤᠨ ᠪᠠᠷᠢᠮᠵᠢᠶ᠎ᠠ᠂ ᠪᠦᠯᠬᠦᠮ ᠨᠡᠢᠲᠡ᠎ᠶᠢᠨ ᠪᠠᠷᠢᠮᠵᠢᠶᠠᠨ᠎ᠤ ᠡᠷᠡᠭᠦᠯ ᠬᠥᠭᠵᠢᠯᠲᠡ᠎ᠶᠢ ᠠᠬᠢᠭᠤᠯᠬᠤ ᠬᠡᠷᠡᠭᠲᠡᠢ᠃ ᠤᠯᠤᠰ᠎ᠤᠨ ᠲᠡᠰ᠎ᠦᠨ ᠪᠠᠷᠢᠮᠵᠢᠶ᠎ᠠ ᠪᠠ ᠣᠷᠣᠨ ᠨᠤᠲᠤᠭ᠎ᠤᠨ ᠪᠠᠷᠢᠮᠵᠢᠶᠠᠨ᠎ᠤ ᠬᠠᠷᠢᠴᠠᠭ᠎ᠠ᠎ᠶᠢ ᠰᠠᠢᠲᠤᠷ ᠰᠢᠢᠳᠪᠦᠷᠢᠯᠡᠵᠦ᠂ ᠡᠯ᠎ᠡ ᠱᠠᠲᠤᠨ᠎ᠤ ᠪᠠᠷᠢᠮᠵᠢᠶᠠᠨ᠎ᠤ ᠪᠠᠢᠷᠢ ᠲᠣᠭᠲᠠᠭᠠᠯᠲᠠ᠎ᠶᠢ ᠤᠯᠠᠮ ᠨᠢᠭᠡ ᠠᠯᠬᠤᠮ ᠲᠣᠳᠣᠷᠬᠠᠢᠯᠠᠵᠤ᠂ ᠪᠠᠷᠢᠮᠵᠢᠶᠠᠨ᠎ᠤ ᠲᠡᠰ ᠱᠠᠲᠤ᠎ᠶᠢ ᠴᠣᠮᠬᠠᠳᠬᠠᠵᠤ᠂ ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠦᠨ ᠪᠦᠲᠦᠭᠡᠨ ᠪᠠᠢᠭᠤᠯᠤᠯᠲᠠ᠎ᠶᠢ ᠬᠢᠵᠠᠭᠠᠷᠯᠠᠵᠤ ᠪᠠᠢᠭ᠎ᠠ ᠪᠠᠷᠢᠮᠵᠢᠶᠠᠨ᠎ᠤ ᠬᠠᠷᠰᠢ ᠰᠠᠭᠠᠳ᠎ᠢ ᠲᠦᠷᠭᠡᠨ ᠠᠷᠢᠯᠭᠠᠵᠤ᠂ ᠤᠯᠤᠰ᠎ᠤᠨ ᠨᠢᠭᠡᠳᠦᠯᠲᠡᠢ ᠳᠦᠷᠢᠮ ᠪᠠ ᠣᠷᠣᠨ ᠨᠤᠲᠤᠭ᠎ᠤᠨ ᠣᠨᠴᠠᠯᠢᠭ᠋᠎ᠢᠶᠠᠷ ᠨᠥᠬᠥᠪᠦᠷᠢᠯᠡᠭᠰᠡᠨ ᠰᠠᠢᠨ ᠰᠠᠢᠬᠠᠨ ᠲᠥᠯᠥᠪ ᠪᠠᠢᠳᠠᠯ᠎ᠢ ᠦᠨᠡᠨ ᠬᠦ᠌ ᠪᠣᠢ ᠪᠣᠯᠭᠠᠬᠤ ᠬᠡᠷᠡᠭᠲᠡᠢ᠃ ᠪᠠᠷᠢᠮᠵᠢᠶᠠᠨ᠎ᠤ ᠬᠠᠮᠢᠶᠠᠷᠤᠯᠲᠠ ᠪᠠ ᠠᠵᠢᠯ ᠲᠦᠷᠦᠯ᠎ᠦᠨ ᠵᠠᠰᠠᠯᠲᠠ᠎ᠶᠢᠨ ᠬᠠᠷᠢᠴᠠᠭ᠎ᠠ᠎ᠶᠢ ᠰᠠᠢᠲᠤᠷ ᠰᠢᠢᠳᠪᠦᠷᠢᠯᠡᠵᠦ᠂ ᠨᠢᠭᠡᠳᠦᠯᠲᠡᠢ ᠲᠥᠯᠥᠪᠯᠡᠨ ᠵᠣᠬᠢᠶᠠᠨ ᠪᠠᠶ᠋ᠢᠭᠤᠯᠬᠤ᠂ ᠠᠵᠢᠯ ᠬᠤᠪᠢᠶᠠᠷᠢᠯᠠᠨ ᠬᠠᠷᠢᠭᠤᠴᠠᠬᠤ᠂ ᠵᠣᠬᠢᠴᠠᠭᠤᠯᠤᠨ ᠬᠠᠮᠵᠢᠯᠴᠠᠬᠤ ᠠᠵᠢᠯ᠎ᠤᠨ ᠲᠣᠭᠲᠠᠴᠠ᠎ᠶᠢ ᠲᠡᠭᠦᠯᠳᠡᠷᠵᠢᠭᠦᠯᠵᠦ᠂ ᠪᠠᠷᠢᠮᠵᠢᠶᠠᠵᠢᠭᠤᠯᠬᠤ ᠠᠵᠢᠯ᠎ᠤᠨ ᠥᠭᠡᠷᠡᠴᠢᠯᠡᠯᠲᠡ᠎ᠶᠢᠨ ᠬᠠᠮᠲᠤᠷᠠᠯ ᠬᠦᠴᠦᠨ᠎ᠢᠶᠡᠨ ᠪᠦᠷᠢᠯᠳᠦᠭᠦᠯᠬᠦ᠎ᠶᠢ ᠠᠬᠢᠭᠤᠯᠬᠤ ᠬᠡᠷᠡᠭᠲᠡᠢ ᠭᠡᠪᠡ᠃