ᠬᠦᠷᠢᠶᠡᠯᠡᠩ ᠲᠣᠭᠣᠷᠢᠭ᠋᠎ᠤᠨ ᠨᠢᠭᠡ ᠮᠦ᠍ ᠭᠠᠵᠠᠷ᠎ᠤᠨ ᠤᠨᠠᠯᠲᠠ ᠨᠢ ᠠᠷᠪᠠᠨ ᠮᠦ᠍ ᠶᠡᠬᠡ ᠲᠠᠷᠢᠶᠠᠨ᠎ᠤ ᠠᠰᠢᠭ᠋ ᠣᠷᠣᠯᠭ᠎ᠠ ᠲᠠᠢ ᠲᠡᠩᠴᠡᠵᠦ ᠪᠠᠢᠨ᠎ᠠ᠃ ᠣᠢᠷ᠎ᠠ᠎ᠶᠢᠨ ᠬᠣᠶᠠᠷ ᠵᠢᠯ᠎ᠳᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶᠠᠨᠨᠠᠭᠤᠷ ᠬᠣᠲᠠ᠎ᠶᠢᠨ ᠤᠷᠠᠳ᠎ᠤᠨ ᠬᠣᠢᠲᠤ ᠬᠣᠰᠢᠭᠤ ᠣᠯᠠᠨ ᠤᠯᠤᠰ᠎ᠤᠨ ᠲᠠᠷᠢᠶᠠᠯᠠᠩ᠎ᠤᠨ ᠦᠵᠡᠰᠬᠦᠯᠡᠩ ᠬᠦᠷᠢᠶᠡᠯᠡᠩ᠎ᠦᠨ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠪᠠᠷ ᠰᠢᠨ᠎ᠡ ᠲᠥᠬᠦᠭᠡᠷᠦᠮᠵᠢ ᠬᠡᠷᠡᠭᠯᠡᠨ᠂ ᠰᠢᠨ᠎ᠡ ᠮᠡᠷᠭᠡᠵᠢᠯ᠎ᠢ ᠭᠠᠳᠠᠭ᠍ᠰᠢ ᠭᠠᠷᠭᠠᠵᠤ᠂ ᠲᠠᠷᠢᠮᠠᠯ᠎ᠤᠨ ᠦᠷ᠎ᠡ ᠠᠰᠢᠭ᠋᠎ᠢ ᠶᠡᠬᠡᠪᠡᠷ ᠳᠡᠭᠡᠭᠰᠢᠯᠡᠭᠦᠯᠬᠦ᠎ᠶᠢ ᠬᠥᠲᠥᠯᠥᠨ ᠳᠠᠭᠠᠭᠤᠯᠵᠤ ᠳᠠᠶ᠋ᠢᠴᠢᠯᠠᠪᠠ᠃
ᠲᠤᠰ ᠲᠦᠷᠦᠯ ᠵᠦᠢᠯ᠎ᠦᠨ ᠶᠡᠷᠦᠩᠬᠡᠢ ᠪᠡᠯᠡ ᠣᠷᠣᠭᠤᠯᠤᠯᠲᠠ 8.9 ᠳ᠋ᠦᠩᠰᠢᠭᠤᠷ ᠲᠥᠭᠥᠷᠢᠭ᠎ᠲᠦ ᠬᠦᠷᠴᠦ᠂ 5.5 ᠲᠦᠮᠡᠨ ᠮᠦ᠍ ᠲᠠᠯᠠᠪᠠᠢ ᠭᠠᠵᠠᠷ᠎ᠢ ᠡᠵᠡᠯᠡᠵᠦ ᠪᠠᠢᠨ᠎ᠠ᠃ ᠡᠭᠦᠨ᠎ᠳᠦ 524 ᠮᠦ᠍ ᠭᠠᠵᠠᠷ᠎ᠢ ᠡᠵᠡᠯᠡᠭᠰᠡᠨ ᠭᠣᠣᠯ ᠣᠷᠣᠨ ᠨᠢ ᠭᠣᠣᠯᠳᠠᠭᠤ ᠣᠯᠠᠨ ᠵᠦᠢᠯ᠎ᠦᠨ ᠰᠢᠨ᠎ᠡ ᠬᠡᠯᠪᠡᠷᠢ᠎ᠶᠢᠨ ᠲᠣᠮᠣ᠌ ᠪᠥᠬᠥᠭᠡᠭ ᠬᠦᠯᠡᠮᠵᠢ᠂ ᠳᠠᠷᠢᠬᠤ ᠪᠡᠯᠡᠳᠬᠡᠮᠵᠢ ᠲᠥᠬᠦᠭᠡᠷᠦᠮᠵᠢ ᠵᠢᠴᠢ ᠳᠠᠷᠢᠵᠤ ᠤᠷᠭᠤᠭᠤᠯᠬᠤ ᠮᠡᠷᠭᠡᠵᠢᠯ᠎ᠢ ᠳᠡᠯᠭᠡᠨ ᠦᠵᠡᠭᠦᠯᠵᠦ᠂ ᠲᠣᠮᠣ᠌ ᠳ᠋ᠠᠢᠲ᠋ᠠ᠎ᠶᠢᠨ ᠣᠶᠤᠨᠲᠤ ᠲᠥᠪ᠂ ᠳᠡᠭᠡᠳᠦ ᠲᠡᠰ᠎ᠤᠨ ᠬᠥᠪᠥᠩ ᠬᠥᠨᠵᠢᠯᠡ᠎ᠶᠢᠨ 10 ᠭᠤᠯᠳᠤᠩ ᠰᠠᠷᠠᠪᠴᠢ᠂ 4 ᠲᠦᠮᠡᠨ ᠺᠦᠸᠠᠳ᠋ ᠮᠧᠲ᠋ᠷ᠎ᠦᠨ ᠥᠨᠳᠥᠷ ᠪᠠᠷᠢᠮᠵᠢᠶᠠᠲᠤ ᠣᠶᠤᠨᠲᠤ ᠰᠢᠯ᠎ᠦᠨ ᠬᠦᠯᠡᠮᠵᠢ᠂ ᠤᠯᠠᠨ ᠤᠯᠤᠰ᠎ᠤᠨ ᠨᠡᠷᠡᠨ ᠭᠡᠷᠡᠯ᠎ᠦᠨ 10 ᠬᠦᠯᠡᠮᠵᠢ ᠪᠠ 40 ᠮᠦ᠍᠎ᠶᠢᠨ ᠰᠢᠨ᠎ᠡ ᠬᠡᠯᠪᠡᠷᠢ᠎ᠶᠢᠨ ᠮᠠᠲᠧᠷᠢᠶᠠᠯ᠎ᠤᠨ ᠭᠣᠯᠳᠣᠩ ᠰᠠᠷᠠᠪᠴᠢ᠎ᠶᠢ ᠪᠠᠢᠭᠤᠯᠤᠭᠰᠠᠨ ᠪᠥᠭᠡᠳ ᠲᠡᠷᠢᠭᠦᠨ᠎ᠦ ᠲᠠᠷᠢᠮᠠᠯ᠎ᠤᠨ ᠬᠠᠮᠢᠶᠠᠷᠤᠯᠲᠠ᠎ᠶᠢᠨ ᠲᠥᠬᠦᠭᠡᠷᠦᠮᠵᠢ ᠲᠣᠬᠢᠷᠠᠭᠤᠯᠵᠤ᠂ ᠭᠣᠣᠯᠳᠠᠭᠤ ᠭᠦᠵᠡᠯᠵᠡᠭᠡᠨ᠎ᠡ᠂ ᠲᠠᠷᠪᠤᠰ ᠵᠡᠷᠭᠡ ᠡᠯ᠎ᠡ ᠲᠦᠷᠦᠯ᠎ᠦᠨ ᠵᠢᠮᠢᠰ ᠨᠣᠭᠣᠭ᠎ᠠ᠎ᠶᠢ ᠲᠠᠷᠢᠪᠠ᠃
ᠬᠦᠷᠢᠶᠡᠯᠡᠩ ᠲᠣᠭᠣᠷᠢᠭ᠋᠎ᠤᠨ ᠪᠦᠲᠦᠭᠡᠨ ᠪᠠᠢᠭᠤᠯᠤᠯᠲᠠ᠎ᠶᠢᠨ ᠳᠠᠢᠴᠢᠯᠠᠯᠲᠠ᠎ᠪᠠᠷ᠂ ᠡᠷᠬᠢᠨ ᠲᠣᠭᠣᠷᠢᠨ᠎ᠤ ᠲᠣᠰᠬᠣᠨ᠎ᠤ ᠠᠷᠠᠳ ᠨᠢᠭᠡ ᠲᠠᠯ᠎ᠠ᠎ᠪᠠᠷ ᠲᠣᠭᠲᠠᠪᠤᠷᠢᠲᠠᠢ ᠭᠠᠵᠠᠷ ᠰᠢᠷᠣᠢ᠎ᠶᠢᠨ ᠡᠷᠭᠢᠯᠲᠡ᠎ᠶᠢᠨ ᠣᠷᠣᠯᠭ᠎ᠠ ᠣᠯᠵᠤ᠂ ᠨᠥᠭᠥᠭᠡ ᠲᠠᠯ᠎ᠠ᠎ᠪᠠᠷ ᠭᠡᠷ᠎ᠦᠨ᠎ᠢᠶᠡᠨ ᠣᠢᠷ᠎ᠠ ᠬᠠᠪᠢ᠎ᠳᠤ᠎ᠪᠠᠨ ᠲᠣᠭᠲᠠᠪᠤᠷᠢᠲᠠᠢ ᠠᠵᠢᠯ ᠣᠯᠵᠤ ᠬᠢᠬᠦ ᠪᠣᠯᠪᠠ᠃ ᠡᠭᠦᠨ᠎ᠦ ᠬᠠᠮᠲᠤ᠂ ᠬᠦᠷᠢᠶᠡᠯᠡᠩ ᠲᠣᠭᠣᠷᠢᠭ᠋ ᠨᠢ ᠨᠢᠭᠡᠳᠦᠯᠲᠡᠢ ᠬᠠᠮᠢᠶᠠᠷᠤᠯᠲᠠ᠂ ᠨᠢᠭᠡᠳᠦᠯᠲᠡᠢ ᠪᠠᠷᠢᠮᠵᠢᠶ᠎ᠠ᠂ ᠨᠢᠭᠡᠳᠦᠯᠲᠡᠢ ᠴᠢᠬᠢ ᠪᠣᠢᠵᠢᠭᠤᠯᠤᠯᠲᠠ᠂ ᠨᠢᠭᠡᠳᠦᠯᠲᠡᠢ ᠨᠡᠷᠡᠲᠦ ᠲᠡᠮᠳᠡᠭ᠂ ᠨᠢᠭᠡᠳᠦᠯᠲᠡᠢ ᠪᠣᠷᠣᠯᠠᠭᠤᠯᠤᠯᠲᠠ᠎ᠪᠠᠷ ᠳᠠᠮᠵᠢᠭᠤᠯᠵᠤ᠂ ᠲᠣᠰᠬᠣᠨ᠎ᠤ ᠬᠠᠮᠲᠤ ᠨᠡᠢᠲᠡ ᠯᠦ᠍ᠭᠡ 《ᠲᠤᠷᠰᠢᠯᠲᠠ᠎ᠶᠢᠨ ᠲᠠᠷᠢᠶ᠎ᠠ》᠎ᠶᠢ ᠬᠠᠮᠲᠤ᠎ᠪᠠᠷ ᠪᠠᠢᠭᠤᠯᠵᠤ᠂ ᠲᠠᠷᠢᠶᠠᠴᠢᠨ ᠲᠠᠢ ᠬᠣᠯᠪᠣᠭᠠᠯᠠᠨ ᠲᠠᠷᠢᠶᠠᠴᠢᠨ᠎ᠢ ᠳᠠᠢᠴᠢᠯᠠᠬᠤ ᠠᠰᠢᠭ᠋ ᠲᠤᠰᠠ ᠬᠣᠯᠪᠣᠯᠳᠤᠭᠰᠠᠨ ᠲᠣᠭᠲᠠᠴᠠ᠎ᠶᠢ ᠪᠦᠷᠢᠯᠳᠦᠭᠦᠯᠵᠦ᠂ ᠲᠤᠬᠠᠢ᠎ᠶᠢᠨ ᠭᠠᠵᠠᠷ᠎ᠤᠨ ᠲᠠᠷᠢᠮᠠᠯ᠎ᠤᠨ ᠦᠷ᠎ᠡ ᠠᠰᠢᠭ᠋᠎ᠢ ᠳᠠᠰᠤᠷᠠᠯᠳᠠ ᠦᠭᠡᠢ ᠳᠠᠢᠴᠢᠯᠠᠨ ᠳᠡᠭᠡᠭᠰᠢᠯᠡᠭᠦᠯᠪᠡ᠃ ᠲᠠᠨᠢᠯᠴᠠᠭᠤᠯᠤᠭᠰᠠᠨ᠎ᠢᠶᠠᠷ᠂ ᠬᠦᠷᠢᠶᠡᠯᠡᠩ ᠲᠣᠭᠣᠷᠢᠭ᠋᠎ᠤᠨ ᠮᠦ᠍ ᠪᠦᠷᠢ᠎ᠶᠢᠨ ᠭᠠᠵᠠᠷ ᠰᠢᠷᠣᠢ᠎ᠶᠢᠨ ᠡᠷᠭᠢᠯᠲᠡ᠎ᠶᠢᠨ ᠳᠤᠮᠳᠠᠴᠢ ᠦᠨ᠎ᠡ ᠨᠢ 1500 ᠲᠥᠭᠥᠷᠢᠭ ᠪᠠᠢᠵᠤ᠂ ᠡᠷᠦᠬᠡ ᠳᠤᠮᠳᠠᠴᠢ 30 ᠮᠦ᠍ ᠭᠠᠵᠠᠷ᠎ᠢᠶᠠᠷ ᠪᠤᠳᠤᠪᠠᠯ᠂ ᠲᠠᠷᠢᠶᠠᠴᠢᠨ ᠡᠷᠦᠬᠡ᠎ᠶᠢᠨ ᠭᠠᠵᠠᠷ ᠰᠢᠷᠣᠢ᠎ᠶᠢᠨ ᠡᠷᠭᠢᠯᠲᠡ᠎ᠶᠢᠨ ᠵᠢᠯ᠎ᠦᠨ ᠣᠷᠣᠯᠭ᠎ᠠ ᠨᠢ ᠪᠠᠷᠤᠭ 4.5 ᠲᠦᠮᠡᠨ ᠲᠥᠭᠥᠷᠢᠭ᠎ᠲᠦ ᠬᠦᠷᠬᠦ ᠪᠣᠯᠣᠨ᠎ᠠ᠃