ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 10 ᠳ᠋ᠤᠭᠠᠷ ᠰᠠᠷ᠎ᠠ᠎ᠶᠢᠨ 17 ᠤ ᠡᠳᠦᠷ᠎ᠦᠨ ᠴᠠᠬᠢᠯᠭᠠᠨ ᠮᠡᠳᠡᠭᠡ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠶᠡᠷᠦᠩᠬᠡᠢ ᠰᠠᠢᠳ ᠯᠢ ᠴᠢᠶᠠᠩ 10 ᠳ᠋ᠤᠭᠠᠷ ᠰᠠᠷ᠎ᠠ᠎ᠶᠢᠨ 17 ᠤ ᠡᠳᠦᠷ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠪᠠᠢᠩᠭᠤ᠎ᠶᠢᠨ ᠬᠤᠷᠠᠯᠳᠤᠭᠠᠨ᠎ᠢ ᠡᠷᠬᠢᠯᠡᠨ ᠬᠤᠷᠠᠯᠳᠤᠭᠤᠯᠵᠤ᠂ ᠪᠥᠬᠥ ᠨᠡᠢᠭᠡᠮ᠎ᠦᠨ ᠪᠠᠷᠠᠭᠠᠨ᠎ᠤ ᠭᠦᠢᠯᠭᠡᠭᠡᠨ᠎ᠦ ᠥᠪᠡᠷ᠎ᠦᠨ ᠥᠷᠲᠡᠭ᠎ᠢ ᠪᠦᠲᠦᠮᠵᠢᠲᠡᠶ ᠪᠠᠭᠤᠷᠠᠭᠤᠯᠬᠤ ᠠᠵᠢᠯᠯᠠᠭ᠎ᠠ᠎ᠨᠢ ᠨᠠᠢᠳᠠᠪᠤᠷᠢᠵᠢᠭᠤᠯᠤᠭᠰᠠᠨ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠪᠣᠬᠢᠷᠲᠤᠯ ᠦᠭᠡᠢ ᠠᠷᠠᠯᠵᠢᠶ᠎ᠠ᠎ᠶᠢ ᠥᠷᠭᠡᠳᠬᠡᠬᠦ ᠬᠣᠯᠪᠣᠭᠳᠠᠯ ᠪᠦᠬᠦᠢ ᠠᠷᠭ᠎ᠠ ᠬᠡᠮᠵᠢᠶ᠎ᠡ᠎ᠶᠢ ᠪᠠᠢᠷᠢᠯᠠᠭᠤᠯᠵᠤ᠂ ᠠᠮᠤ ᠪᠤᠳᠠᠭ᠎ᠠ ᠪᠠ ᠲᠠᠷᠢᠶᠠᠯᠠᠩ᠎ᠤᠨ ᠦᠢᠯᠡᠳᠪᠦᠷᠢᠯᠡᠯ᠎ᠦᠨ ᠠᠵᠢᠯ᠎ᠢ ᠤᠯᠠᠮ ᠨᠢᠭᠡ ᠠᠯᠬᠤᠮ ᠰᠠᠢᠲᠤᠷ ᠬᠢᠬᠦ᠎ᠶᠢ ᠰᠤᠳᠤᠯᠵᠤ᠂ 《ᠠᠮᠢ ᠠᠬᠤᠢ ᠣᠷᠴᠢᠨ ᠲᠣᠭᠣᠷᠢᠨ᠎ᠢ ᠬᠢᠨᠠᠨ ᠰᠢᠨᠵᠢᠬᠦ ᠳᠦᠷᠢᠮ (ᠲᠥᠰᠥᠯ) 》 ᠪᠠ 《ᠤᠯᠤᠰ᠎ᠤᠨ ᠰᠦᠯᠳᠡ᠎ᠶᠢᠨ ᠵᠢᠷᠤᠭ᠎ᠢ ᠭᠠᠳᠠᠭᠠᠳᠤ᠎ᠳᠤ ᠬᠡᠷᠡᠭᠯᠡᠬᠦ ᠠᠷᠭ᠎ᠠ (ᠵᠠᠰᠠᠪᠤᠷᠢ ᠣᠷᠣᠭᠤᠯᠬᠤ ᠡᠬᠡ ᠲᠥᠰᠥᠯ) 》᠎ᠶᠢ ᠬᠢᠨᠠᠨ ᠵᠥᠪᠯᠡᠵᠦ ᠪᠠᠲᠤᠯᠠᠪᠠ᠃
ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ ᠪᠠᠷᠠᠭᠠᠨ᠎ᠤ ᠭᠦᠢᠯᠭᠡᠭᠡ ᠨᠢ ᠤᠯᠤᠰ᠎ᠤᠨ ᠳᠣᠲᠣᠭᠠᠳᠤ᠎ᠶᠢᠨ ᠶᠡᠬᠡ ᠣᠷᠴᠢᠯ᠎ᠢ ᠰᠠᠭᠠᠳ ᠦᠭᠡᠢ ᠨᠡᠪᠲᠡᠷᠡᠭᠦᠯᠬᠦ᠂ ᠣᠳᠣᠬᠢᠴᠢᠯᠠᠭᠰᠠᠨ ᠠᠵᠤ ᠦᠢᠯᠡᠰ᠎ᠦᠨ ᠲᠣᠭᠲᠠᠯᠴᠠᠭ᠎ᠠ᠎ᠶᠢ ᠬᠥᠭᠵᠢᠭᠦᠯᠬᠦ᠎ᠳᠦ ᠴᠢᠬᠤᠯᠠ ᠰᠠᠭᠤᠷᠢ ᠲᠤᠯᠭᠠᠭᠤᠷᠢᠯᠠᠯ᠎ᠤᠨ ᠦᠢᠯᠡᠳᠦᠯ ᠦᠵᠡᠭᠦᠯᠵᠦ ᠪᠠᠢᠨ᠎ᠠ᠃ ᠪᠠᠷᠠᠭᠠᠨ᠎ᠤ ᠭᠦᠢᠯᠭᠡᠭᠡᠨ᠎ᠦ ᠦᠷᠳᠡᠭ᠎ᠢ ᠪᠠᠭᠤᠷᠠᠭᠤᠯᠤᠨ ᠴᠢᠨᠠᠷ᠎ᠢ ᠳᠡᠭᠡᠭᠰᠢᠯᠡᠭᠦᠯᠵᠦ ᠪᠦᠲᠦᠮᠵᠢ᠎ᠶᠢ ᠨᠡᠮᠡᠭᠳᠡᠭᠦᠯᠬᠦ᠎ᠶᠢ ᠦᠷᠭᠦᠯᠵᠢᠯᠡᠨ ᠠᠬᠢᠭᠤᠯᠵᠤ᠂ ᠬᠠᠩᠭᠠᠯᠭ᠎ᠠ ᠬᠡᠷᠡᠭᠴᠡᠭᠡ ᠲᠣᠬᠢᠷᠠᠯᠴᠠᠭᠰᠠᠨ᠂ ᠳᠣᠲᠣᠭᠠᠳᠤ ᠭᠠᠳᠠᠭᠠᠳᠤ ᠬᠣᠯᠪᠣᠯᠳᠤᠭᠰᠠᠨ᠂ ᠠᠮᠤᠷ ᠲᠦᠪᠰᠢᠨ ᠥᠨᠳᠥᠷ ᠪᠦᠲᠦᠮᠵᠢᠲᠡᠢ᠂ ᠣᠶᠤᠨᠴᠢ ᠪᠣᠬᠢᠷᠲᠤᠯ ᠦᠭᠡᠢ ᠤᠳᠤ ᠦᠶ᠎ᠡ᠎ᠶᠢᠨ ᠪᠠᠷᠠᠭᠠᠨ᠎ᠤ ᠭᠦᠢᠯᠭᠡᠭᠡᠨ᠎ᠦ ᠲᠣᠭᠲᠠᠯᠴᠠᠭ᠎ᠠ᠎ᠶᠢ ᠲᠦᠷᠭᠡᠳᠬᠡᠨ ᠪᠠᠢᠭᠤᠯᠵᠤ᠂ ᠪᠠᠷᠠᠭᠠᠨ᠎ᠤ ᠲᠡᠭᠡᠭᠡᠪᠦᠷᠢ᠎ᠶᠢᠨ ᠪᠦᠲᠦᠴᠡ᠎ᠶᠢᠨ ᠲᠣᠬᠢᠷᠠᠭᠤᠯᠤᠯᠲᠠ᠎ᠶᠢ ᠭᠦᠨᠵᠡᠭᠡᠢᠷᠡᠭᠦᠯᠵᠦ᠂ ᠤᠯᠠᠨ ᠬᠡᠯᠪᠡᠷᠢ᠎ᠶᠢᠨ ᠬᠣᠯᠪᠣᠭᠠᠯᠠᠭᠰᠠᠨ ᠲᠡᠭᠡᠭᠡᠪᠦᠷᠢ᠎ᠶᠢᠨ ᠬᠠᠮᠢᠶᠠᠷᠤᠯᠲᠠ᠎ᠶᠢᠨ ᠳᠦᠷᠢᠮ᠂ ᠲᠣᠭᠲᠠᠭᠠᠯ ᠪᠠᠷᠢᠮᠵᠢᠶ᠎ᠠ᠎ᠶᠢ ᠵᠣᠬᠢᠴᠠᠭᠤᠯᠤᠨ ᠵᠣᠯᠭᠠᠭᠤᠯᠬᠤ᠎ᠶᠢ ᠴᠢᠩᠭᠠᠳᠬᠠᠬᠤ ᠬᠡᠷᠡᠭᠲᠡᠢ᠃ ᠪᠠᠷᠠᠭᠠᠨ᠎ᠤ ᠭᠦᠢᠯᠭᠡᠭᠡᠨ᠎ᠦ ᠬᠥᠮᠥᠷᠭᠡᠯᠡᠨ ᠬᠠᠳᠠᠭᠠᠯᠠᠬᠤ ᠪᠡᠯᠡᠳᠬᠡᠮᠵᠢ ᠵᠡᠷᠭᠡ ᠬᠦᠷᠢᠶᠡᠨ᠎ᠳᠡᠬᠢ ᠪᠡᠯᠡ ᠣᠷᠣᠭᠤᠯᠤᠯᠲᠠ᠎ᠶᠢ ᠨᠡᠮᠡᠭᠳᠡᠭᠦᠯᠵᠦ᠂ ᠪᠠᠢᠷᠢᠰᠢᠭᠤᠯᠤᠯᠲᠠ᠎ᠶᠢ ᠰᠢᠯᠢᠳᠡᠭᠵᠢᠭᠦᠯᠵᠦ᠂ ᠴᠢᠳᠠᠪᠬᠢ᠎ᠶᠢ ᠲᠡᠭᠦᠯᠳᠡᠷᠵᠢᠭᠦᠯᠵᠦ᠂ ᠪᠠᠷᠠᠭᠠᠨ᠎ᠤ ᠭᠦᠢᠯᠭᠡᠭᠡᠨ᠎ᠦ ᠳ᠋ᠢᠭᠢᠲ ᠰᠠᠭᠤᠷᠢ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ ᠪᠠ ᠳᠡᠰ ᠳᠡᠪᠰᠢᠭᠦᠯᠵᠦ ᠥᠭᠡᠷᠡᠴᠢᠯᠡᠨ ᠰᠠᠢᠵᠢᠷᠠᠭᠤᠯᠬᠤ᠎ᠶᠢ ᠲᠦᠷᠭᠡᠳᠬᠡᠬᠦ ᠬᠡᠷᠡᠭᠲᠡᠢ᠃ ᠪᠠᠷᠠᠭᠠᠨ᠎ᠤ ᠭᠦᠢᠯᠭᠡᠭᠡᠨ᠎ᠦ ᠳ᠋ᠠᠢᠲ᠋ᠠ᠎ᠶᠢᠨ ᠨᠡᠭᠡᠭᠡᠯᠲᠡ᠎ᠲᠠᠢ ᠬᠣᠯᠪᠣᠯᠴᠠᠬᠤ᠎ᠶᠢ ᠠᠬᠢᠭᠤᠯᠵᠤ᠂ ᠵᠣᠬᠢᠶᠠᠮᠠᠯ ᠤᠶᠤᠨ ᠵᠡᠷᠭᠡ᠎ᠶᠢ ᠪᠠᠷᠠᠭᠠᠨ᠎ᠤ ᠭᠦᠢᠯᠭᠡᠭᠡ ᠯᠦ᠍ᠭᠡ ᠭᠦᠨᠵᠡᠭᠡᠢ ᠠᠭᠤᠰᠤᠯᠴᠠᠭᠤᠯᠬᠤ᠎ᠶᠢ ᠠᠬᠢᠭᠤᠯᠵᠤ᠂ ᠪᠠᠷᠠᠭᠠᠨ᠎ᠤ ᠭᠦᠢᠯᠭᠡᠭᠡᠨ᠎ᠦ ᠳ᠋ᠢᠭᠢᠲ᠋ᠴᠢᠯᠡᠨ ᠣᠶᠤᠨᠴᠢᠯᠠᠬᠤ ᠬᠥᠭᠵᠢᠯᠲᠡ᠎ᠶᠢ ᠠᠬᠢᠭᠤᠯᠬᠤ ᠬᠡᠷᠡᠭᠲᠡᠢ᠃ ᠣᠬᠣᠷ ᠬᠤᠭᠤᠴᠠᠭᠠᠨ᠎ᠤ ᠪᠡᠯᠡ ᠲᠣᠬᠢᠷᠠᠭᠤᠯᠭ᠎ᠠ ᠵᠡᠷᠭᠡ ᠲᠠᠯ᠎ᠠ᠎ᠪᠠᠷ ᠪᠠᠷᠠᠭᠠᠨ᠎ᠤ ᠭᠦᠢᠯᠭᠡᠭᠡᠨ᠎ᠦ ᠠᠵᠤ ᠠᠬᠤᠢᠯᠠᠯ ᠢᠯᠠᠩᠭᠤᠶ᠎ᠠ ᠵᠢᠵᠢᠭ ᠪᠢᠴᠢᠯ ᠠᠵᠤ ᠠᠬᠤᠢᠯᠠᠯ᠎ᠢ ᠳᠡᠮᠵᠢᠬᠦ ᠡᠷᠴᠢᠮ᠎ᠢᠶᠡᠨ ᠴᠢᠩᠭᠠᠷᠠᠭᠤᠯᠵᠤ᠂ ᠪᠠᠷᠠᠭᠠᠨ᠎ᠤ ᠭᠦᠢᠯᠭᠡᠭᠡᠨ᠎ᠦ ᠭᠣᠣᠯ ᠴᠣᠭᠴᠠ᠎ᠶᠢᠨ ᠬᠦᠴᠦᠷᠬᠡᠭᠵᠢᠨ ᠰᠢᠯᠢᠳᠡᠭᠵᠢᠬᠦ᠎ᠶᠢ ᠠᠬᠢᠭᠤᠯᠬᠤ ᠬᠡᠷᠡᠭᠲᠡᠢ ᠭᠡᠪᠡ᠃
ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ ᠪᠣᠬᠢᠷᠲᠤᠯ ᠦᠭᠡᠢ ᠠᠷᠠᠯᠵᠢᠶ᠎ᠠ᠎ᠶᠢ ᠬᠥᠭᠵᠢᠭᠦᠯᠬᠦ ᠪᠣᠯ ᠠᠷᠠᠯᠵᠢᠶ᠎ᠠ᠎ᠶᠢ ᠰᠢᠯᠢᠳᠡᠭᠵᠢᠭᠦᠯᠦᠨ ᠲᠡᠰ ᠳᠡᠪᠰᠢᠭᠦᠯᠬᠦ᠎ᠶᠢ ᠠᠬᠢᠭᠤᠯᠬᠤ᠂ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢ ᠤᠷᠬᠢᠯ᠎ᠳᠤ ᠬᠦᠷᠭᠡᠬᠦ ᠪᠠ ᠨᠡᠭᠦᠷᠡᠰᠦᠲᠥ᠋ᠷᠥᠭᠴᠢ᠎ᠶᠢ ᠰᠠᠭᠠᠷᠮᠠᠭᠵᠢᠭᠤᠯᠬᠤ ᠬᠠᠷᠠᠯᠲᠠ᠎ᠶᠢ ᠪᠡᠶᠡᠯᠡᠭᠦᠯᠬᠦ᠎ᠳᠦ ᠬᠦᠴᠦᠨ ᠨᠡᠮᠡᠷᠢᠯᠡᠬᠦ᠂ ᠠᠷᠠᠯᠵᠢᠶᠠᠨ᠎ᠤ ᠬᠦᠴᠦᠷᠬᠡᠭ ᠤᠯᠤᠰ᠎ᠢ ᠲᠦᠷᠭᠡᠳᠬᠡᠨ ᠪᠠᠶ᠋ᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠪᠣᠬᠢᠷᠲᠤᠯ ᠦᠭᠡᠢ ᠠᠷᠠᠯᠵᠢᠶᠠᠨ᠎ᠤ ᠲᠦᠷᠦ᠎ᠶᠢᠨ ᠪᠣᠳᠣᠯᠭ᠎ᠠ ᠳᠦᠷᠢᠮ᠎ᠦᠨ ᠲᠣᠭᠲᠠᠯᠴᠠᠭ᠎ᠠ᠎ᠶᠢ ᠲᠦᠷᠭᠡᠳᠬᠡᠨ ᠲᠡᠭᠦᠯᠳᠡᠷᠵᠢᠭᠦᠯᠵᠦ᠂ ᠠᠵᠤ ᠦᠢᠯᠡᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠡᠳ᠋᠎ᠦᠨ ᠵᠠᠰᠠᠭ ᠭᠠᠢᠯᠢ᠂ ᠮᠥᠩᠭᠥᠨ ᠭᠦᠢᠯᠭᠡᠭᠡ ᠵᠡᠷᠭᠡ ᠲᠦᠷᠦ᠎ᠶᠢᠨ ᠪᠣᠳᠣᠯᠭ᠎ᠠ ᠯᠤᠭ᠎ᠠ ᠵᠣᠯᠭᠠᠭᠤᠯᠤᠨ ᠬᠠᠮᠵᠢᠯᠴᠠᠬᠤ᠎ᠶᠢ ᠴᠢᠩᠭᠠᠳᠬᠠᠵᠤ᠂ ᠪᠣᠬᠢᠷᠲᠤᠯ ᠦᠭᠡᠢ ᠠᠷᠠᠯᠵᠢᠶᠠᠨ᠎ᠤ ᠬᠥᠭᠵᠢᠯᠲᠡ᠎ᠳᠦ ᠰᠠᠢᠨ ᠰᠠᠢᠬᠠᠨ ᠣᠷᠴᠢᠨ ᠨᠥᠬᠥᠴᠡᠯ᠎ᠢ ᠪᠤᠢ ᠪᠣᠯᠭᠠᠬᠤ ᠬᠡᠷᠡᠭᠲᠡᠢ᠃ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ᠎ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠶᠢᠨ ᠴᠢᠳᠠᠪᠤᠷᠢ᠎ᠶᠢ ᠳᠡᠭᠡᠭᠰᠢᠯᠡᠭᠦᠯᠵᠦ᠂ ᠠᠵᠤ ᠠᠬᠤᠢᠯᠠᠯ᠎ᠤᠨ ᠪᠣᠬᠢᠷᠲᠤᠯ ᠦᠭᠡᠢ ᠵᠢᠷᠤᠭ ᠲᠥᠯᠥᠪᠯᠡᠭᠡ ᠪᠠ ᠦᠢᠯᠡᠳᠪᠦᠷᠢᠯᠡᠯ ᠥᠷᠨᠢᠭᠦᠯᠬᠦ᠎ᠶᠢ ᠠᠬᠢᠭᠤᠯᠵᠤ᠂ ᠪᠣᠬᠢᠷᠲᠤᠯ ᠦᠭᠡᠢ ᠠᠷᠠᠯᠵᠢᠶᠠᠨ᠎ᠤ ᠤᠯᠠᠨ ᠨᠡᠶ᠋ᠢᠲᠡ᠎ᠶᠢᠨ ᠦᠢᠯᠡᠴᠢᠯᠡᠭᠡᠨ᠎ᠦ ᠲᠠᠪᠴᠠᠩ᠎ᠢ ᠪᠠᠶ᠋ᠢᠭᠤᠯᠬᠤ ᠬᠡᠷᠡᠭᠲᠡᠢ᠃ ᠬᠣᠯᠪᠣᠭᠳᠠᠯ ᠪᠦᠬᠦᠢ ᠦᠢᠯᠡᠳᠬᠦᠨ ᠪᠠ ᠮᠡᠷᠭᠡᠵᠢᠯ᠎ᠦᠨ ᠭᠠᠳᠠᠭᠠᠳᠤ ᠣᠷᠤᠭᠤᠯᠤᠯᠲᠠ ᠭᠠᠳᠠᠭᠠᠳᠤ ᠭᠠᠷᠭᠠᠯᠲᠠ᠎ᠶᠢ ᠥᠷᠭᠡᠳᠬᠡᠵᠦ᠂ ᠤᠯᠠᠨ ᠤᠯᠤᠰ᠎ᠤᠨ ᠰᠣᠯᠢᠯᠴᠠᠭ᠎ᠠ ᠬᠢᠭᠡᠳ ᠨᠡᠪᠲᠡᠷᠡᠯᠴᠡᠭᠡ᠎ᠶᠢ ᠴᠢᠩᠭᠠᠳᠬᠠᠵᠤ᠂ ᠤᠯᠠᠨ ᠤᠯᠤᠰ ᠯᠤᠭ᠎ᠠ ᠵᠣᠯᠭᠠᠯᠳᠤᠭᠰᠠᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠦᠢᠯᠡᠳᠬᠦᠨ᠂ ᠮᠡᠷᠭᠡᠵᠢᠯ ᠪᠠ ᠦᠢᠯᠡᠴᠢᠯᠡᠭᠡᠨ᠎ᠦ ᠪᠠᠷᠢᠮᠵᠢᠶᠠᠨ᠎ᠤ ᠲᠣᠭᠲᠠᠯᠴᠠᠭ᠎ᠠ᠎ᠶᠢ ᠲᠦᠷᠭᠡᠳᠬᠡᠨ ᠪᠠᠶ᠋ᠢᠭᠤᠯᠬᠤ ᠬᠡᠷᠡᠭᠲᠡᠢ ᠭᠡᠪᠡ᠃
ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ ᠡᠨᠡ ᠵᠢᠯ᠎ᠡᠴᠡ ᠨᠠᠭᠠᠰᠢ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠢᠨ ᠠᠮᠤ ᠪᠤᠳᠠᠭᠠᠨ᠎ᠤ ᠦᠢᠯᠡᠳᠪᠦᠷᠢᠯᠡᠯ᠎ᠢ ᠬᠠᠮᠵᠢᠯᠴᠠᠨ ᠰᠠᠢᠲᠤᠷ ᠠᠳᠬᠤᠵᠤ᠂ ᠪᠦᠬᠦ ᠵᠢᠯ᠎ᠦᠨ ᠠᠮᠤ ᠪᠤᠳᠠᠭ᠎ᠠ ᠳᠠᠬᠢᠨᠲᠠ ᠡᠯᠪᠡᠭ ᠬᠤᠷᠢᠶᠠᠯᠲᠠ ᠣᠯᠬᠤ ᠪᠣᠯᠣᠯᠴᠠᠭ᠎ᠠ ᠲᠠᠢ ᠪᠠᠢᠵᠤ᠂ ᠬᠣᠯᠢᠰᠢᠨ ᠢᠳᠡᠭᠡᠨ᠎ᠦ ᠪᠦᠲᠦᠭᠡᠭᠳᠡᠬᠦᠨ᠎ᠦ ᠬᠠᠩᠭᠠᠯᠭ᠎ᠠ ᠭᠦᠢᠴᠡᠳ ᠪᠠᠢᠨ᠎ᠠ᠃ ᠬᠣᠷᠢᠭ᠎ᠠ ᠱᠤᠭᠤᠮ᠎ᠤᠨ ᠰᠡᠳᠬᠢᠬᠦᠢ᠎ᠶᠢ ᠴᠢᠩᠭᠠᠷᠠᠭᠤᠯᠵᠤ᠂ ᠰᠠᠯᠠᠭ᠎ᠠ ᠮᠥᠴᠢᠷ᠎ᠦᠨ ᠬᠠᠮᠵᠢᠯᠴᠠᠭ᠎ᠠ᠎ᠶᠢ ᠴᠢᠩᠭᠠᠳᠬᠠᠵᠤ᠂ ᠨᠠᠮᠤᠷ᠎ᠤᠨ ᠬᠤᠷᠢᠶᠠᠯᠲᠠ ᠪᠠ ᠲᠠᠷᠢᠶᠠᠯᠠᠭ᠎ᠠ᠎ᠶᠢ ᠦᠷᠭᠦᠯᠵᠢᠯᠡᠨ ᠰᠠᠢᠲᠤᠷ ᠠᠳᠬᠤᠵᠤ᠂ ᠦᠷ᠎ᠡ᠂ ᠬᠢᠮᠢ᠎ᠶᠢᠨ ᠪᠣᠷᠳᠣᠭᠤᠷ ᠵᠡᠷᠭᠡ ᠲᠠᠷᠢᠶᠠᠯᠠᠩ᠎ᠤᠨ ᠦᠢᠯᠡᠳᠪᠦᠷᠢᠯᠡᠯ᠎ᠦᠨ ᠬᠡᠷᠡᠭᠰᠡᠯ᠎ᠦᠨ ᠬᠠᠩᠭᠠᠯᠭ᠎ᠠ᠎ᠶᠢ ᠪᠠᠲᠤᠯᠠᠵᠤ ᠦᠨ᠎ᠡ᠎ᠶᠢ ᠲᠣᠭᠲᠠᠪᠤᠷᠢᠵᠢᠭᠤᠯᠬᠤ ᠠᠵᠢᠯ᠎ᠢ ᠨᠢᠭᠡᠳᠦᠯᠲᠡᠢ ᠲᠥᠯᠥᠪᠯᠡᠨ ᠰᠠᠢᠲᠤᠷ ᠬᠢᠬᠦ ᠬᠡᠷᠡᠭᠲᠡᠢ᠃ ᠲᠦᠷᠦ᠎ᠶᠢᠨ ᠪᠣᠳᠣᠯᠭ᠎ᠠ᠎ᠶᠢᠨ ᠴᠢᠨᠠᠷᠲᠠᠢ ᠬᠤᠳᠠᠯᠳᠤᠨ ᠠᠪᠴᠤ ᠨᠥᠭᠡᠴᠡᠯᠡᠬᠦ ᠦᠨᠳᠦᠰᠦᠨ ᠵᠦᠢᠯ᠎ᠢ ᠪᠠᠲᠤᠯᠠᠬᠤ ᠦᠢᠯᠡᠳᠦᠯ᠎ᠢ ᠨᠢ ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷᠴᠢᠯᠡᠭᠰᠡᠨ ᠭᠣᠣᠯ ᠴᠣᠭᠴᠠ᠎ᠶᠢᠨ ᠬᠤᠳᠠᠯᠳᠤᠨ ᠠᠪᠬᠤ ᠡᠷᠴᠢᠮ᠎ᠢ ᠨᠢ ᠴᠢᠩᠭᠠᠷᠠᠭᠤᠯᠬᠤ᠎ᠶᠢ ᠲᠡᠮᠵᠢᠵᠤ᠂ ᠲᠠᠷᠢᠶᠠᠴᠢᠳ᠎ᠤᠨ ᠠᠰᠢᠭ᠋ ᠣᠷᠣᠯᠭ᠎ᠠ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠲᠠᠷᠢᠶᠠᠯᠠᠩ᠎ᠤᠨ ᠭᠠᠮᠰᠢᠭ᠋᠎ᠠᠴᠠ ᠠᠪᠤᠷᠠᠬᠤ ᠪᠡᠯᠡ ᠮᠥᠩᠭᠥ᠎ᠶᠢ ᠰᠠᠢᠲᠤᠷ ᠬᠡᠷᠡᠭᠯᠡᠵᠦ᠂ ᠳᠠᠭᠠᠳᠬᠠᠯ᠎ᠤᠨ ᠲᠥᠯᠥᠪᠦᠷᠢ᠎ᠶᠢ ᠰᠠᠢᠲᠤᠷ ᠬᠢᠵᠦ᠂ ᠭᠠᠮᠰᠢᠭ᠋᠎ᠠᠴᠠ ᠪᠣᠯᠤᠭᠰᠠᠨ ᠲᠠᠷᠢᠶᠠᠴᠢᠳ᠎ᠤᠨ ᠬᠣᠬᠢᠷᠠᠯ᠎ᠢ ᠴᠢᠷᠮᠠᠢᠨ ᠪᠠᠭᠠᠰᠬᠠᠬᠤ ᠬᠡᠷᠡᠭᠲᠡᠢ ᠭᠡᠪᠡ᠃
ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ ᠣᠳᠣᠬᠢᠴᠢᠯᠠᠭᠰᠠᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠰᠢᠨᠵᠢᠬᠦ ᠲᠣᠭᠲᠠᠯᠴᠠᠭ᠎ᠠ᠎ᠶᠢ ᠲᠦᠷᠭᠡᠳᠬᠡᠨ ᠪᠠᠢᠭᠤᠯᠵᠤ᠂ ᠣᠭᠲᠠᠷᠭᠤᠢ ᠠᠭᠠᠷ ᠭᠠᠵᠠᠷ ᠳᠠᠯᠠᠢ᠎ᠶᠢ ᠨᠢᠭᠡ ᠴᠣᠭᠴᠠᠵᠢᠭᠤᠯᠤᠭᠰᠠᠨ ᠬᠢᠨᠠᠨ ᠰᠢᠨᠵᠢᠬᠦ ᠲᠣᠣᠷ᠎ᠢ ᠪᠦᠷᠢᠨᠰᠢᠭᠦᠯᠵᠦ᠂ ᠬᠢᠨᠠᠨ ᠰᠢᠨᠵᠢᠯᠲᠡ᠎ᠶᠢᠨ ᠪᠠᠷᠢᠮᠵᠢᠶ᠎ᠠ ᠪᠠ ᠵᠢᠷᠤᠮᠵᠢᠯ᠎ᠢ ᠲᠡᠭᠦᠯᠳᠡᠷᠵᠢᠭᠦᠯᠵᠦ᠂ ᠬᠢᠨᠠᠨ ᠰᠢᠨᠵᠢᠯᠲᠡ᠎ᠶᠢᠨ ᠳ᠋ᠠᠢᠲ᠋ᠠ᠎ᠶᠢᠨ ᠴᠢᠨᠠᠷ ᠴᠢᠨᠰᠠᠭᠠᠨᠤ ᠬᠠᠮᠢᠶᠠᠷᠤᠯᠲᠠ᠎ᠶᠢ ᠴᠢᠩᠭᠠᠳᠬᠠᠵᠤ᠂ ᠠᠮᠢ ᠠᠬᠤᠢ᠎ᠶᠢᠨ ᠪᠣᠯᠪᠠᠰᠤᠨ ᠪᠠ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠪᠡ᠃
ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ ᠤᠯᠤᠰ᠎ᠤᠨ ᠰᠦᠯᠳᠡ ᠪᠣᠯ ᠤᠯᠤᠰ᠎ᠤᠨ ᠪᠡᠯᠭᠡᠳᠡᠯ ᠪᠠ ᠲᠡᠮᠳᠡᠭ ᠮᠥᠨ᠃ ᠢᠷᠭᠡᠳ᠂ ᠵᠣᠬᠢᠶᠠᠨ ᠪᠠᠢᠭᠤᠯᠤᠯᠲᠠ᠎ᠶᠢᠨ ᠲᠦᠷᠦ ᠤᠯᠤᠰ᠎ᠤᠨ ᠤᠬᠠᠮᠰᠠᠷ᠎ᠢ ᠤᠯᠠᠮ ᠨᠢᠭᠡ ᠠᠯᠬᠤᠮ ᠴᠢᠩᠭᠠᠳᠬᠠᠵᠤ᠂ ᠭᠠᠳᠠᠭᠠᠳᠤ ᠬᠠᠷᠢᠯᠴᠠᠭᠠᠨ᠎ᠤ ᠳᠤᠮᠳᠠ ᠲᠣᠭᠲᠠᠭᠰᠠᠨ ᠬᠡᠪᠴᠢᠶ᠎ᠡ᠂ ᠠᠷᠭ᠎ᠠ᠂ ᠵᠢᠷᠤᠮ᠎ᠢ ᠴᠢᠩᠭ᠎ᠠ ᠵᠢᠷᠤᠮᠯᠠᠵᠤ ᠪᠠᠢᠭᠠᠳ ᠤᠯᠤᠰ᠎ᠤᠨ ᠰᠦᠯᠳᠡ᠎ᠶᠢᠨ ᠵᠢᠷᠤᠭ᠎ᠢ ᠬᠡᠷᠡᠭᠯᠡᠵᠦ᠂ ᠦᠨᠳᠦᠰᠦᠨ ᠬᠠᠤᠯᠢ᠎ᠶᠢᠨ ᠡᠷᠬᠡ ᠰᠦᠷ ᠪᠠ ᠤᠯᠤᠰ᠎ᠤᠨ ᠳᠦᠷᠢ ᠲᠥᠷᠬᠦ᠎ᠶᠢ ᠦᠨᠡᠨ ᠬᠦ᠌ ᠬᠠᠮᠠᠭᠠᠯᠠᠬᠤ ᠬᠡᠷᠡᠭᠲᠡᠢ ᠭᠡᠪᠡ᠃
ᠬᠤᠷᠠᠯᠳᠤᠭᠠᠨ᠎ᠢᠶᠠᠷ ᠪᠠᠰᠠ ᠪᠤᠰᠤᠳ ᠵᠦᠢᠯᠡᠰ᠎ᠢ ᠰᠤᠳᠤᠯᠵᠠᠢ᠃