10 ᠳ᠋ᠤᠭᠠᠷ ᠰᠠᠷ᠎ᠠ᠎ᠶᠢᠨ 20 ᠤ ᠡᠳᠦᠷ᠂ ᠤᠯᠤᠰ᠎ᠤᠨ ᠲᠣᠭ᠎ᠠ ᠪᠦᠷᠢᠳᠬᠡᠯ᠎ᠦᠨ ᠲᠣᠪᠴᠢᠶᠠᠨ᠎ᠤ ᠨᠡᠢᠲᠡᠯᠡᠭᠰᠡᠨ ᠳ᠋ᠠᠢᠲ᠋ᠠ᠎ᠶᠢᠨ ᠢᠯᠡᠷᠡᠭᠦᠯᠦᠭᠰᠡᠨ᠎ᠢᠶᠡᠷ᠄ ᠠᠩᠬ᠎ᠠ ᠠᠯᠬᠤᠮ ᠲᠣᠭᠠᠴᠠᠭᠠᠯᠠᠭᠰᠠᠨ᠎ᠢᠶᠠᠷ᠂ ᠲᠦᠷᠦᠭᠦᠸ᠋ ᠭᠤᠷᠪᠠᠨ ᠤᠯᠠᠷᠢᠯ᠎ᠳᠠᠬᠢ ᠤᠯᠤᠰ᠎ᠤᠨ ᠳᠣᠲᠣᠭᠠᠳᠤ᠎ᠶᠢᠨ ᠦᠢᠯᠡᠳᠪᠦᠷᠢᠯᠡᠯ᠎ᠦᠨ ᠶᠡᠷᠦᠩᠬᠡᠢ ᠥᠷᠲᠡᠭ 1015036 ᠳ᠋ᠦᠩᠰᠢᠭᠤᠷ ᠲᠥᠭᠥᠷᠢᠭ᠎ᠲᠦ ᠬᠦᠷᠴᠦ᠂ ᠦᠯᠦ ᠬᠤᠪᠢᠰᠬᠤ ᠦᠨ᠎ᠡ᠎ᠪᠡᠷ ᠪᠤᠳᠤᠪᠠᠯ᠂ ᠠᠳᠠᠯᠢ ᠬᠤᠭᠤᠴᠠᠭᠠᠨ᠎ᠤ ᠬᠢ᠎ᠡᠴᠡ 5.2% ᠵᠢᠡᠷ ᠨᠡᠮᠡᠭᠳᠡᠵᠡᠢ᠃ ᠠᠵᠤ ᠠᠬᠤᠢ᠎ᠶᠢᠨ ᠠᠵᠢᠯᠯᠠᠭᠠᠨ ᠲᠣᠭᠲᠠᠭᠤᠨ᠎ᠤ ᠳᠤᠮᠳᠠ ᠤᠷᠤᠭᠰᠢᠯᠠᠬᠤ ᠬᠠᠨᠳᠤᠰᠢ᠎ᠪᠠᠨ ᠪᠠᠲᠤᠯᠠᠵᠤ᠂ ᠴᠢᠨᠠᠷ ᠰᠠᠢᠲᠠᠢ ᠬᠥᠭᠵᠢᠯᠲᠡ ᠢᠳᠡᠪᠬᠢᠲᠡᠢ ᠦᠷ᠎ᠡ ᠪᠦᠲᠦᠮᠵᠢ ᠣᠯᠪᠠ᠃
ᠬᠥᠳᠡᠭᠡ ᠠᠵᠤ ᠠᠬᠤᠢ᠎ᠶᠢᠨ ᠦᠢᠯᠡᠳᠪᠦᠷᠢᠯᠡᠯ᠎ᠦᠨ ᠪᠠᠢᠳᠠᠯ ᠨᠡᠯᠢᠶᠡᠳ ᠰᠠᠢᠨ ᠪᠠᠢᠨ᠎ᠠ᠃ ᠲᠦᠷᠦᠭᠦᠸ᠋ ᠭᠤᠷᠪᠠᠨ ᠤᠯᠠᠷᠢᠯ᠎ᠳᠤ᠂ ᠲᠠᠷᠢᠶᠠᠯᠠᠩ (ᠲᠠᠷᠢᠮᠠᠯ᠎ᠤᠨ ᠦᠢᠯᠡᠰ)᠎ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ᠎ᠤ ᠬᠢ᠎ᠡᠴᠡ 3.6% ᠪᠡᠷ ᠨᠡᠮᠡᠭᠳᠡᠵᠦ᠂ ᠵᠣᠨ᠎ᠤ ᠠᠮᠤ ᠪᠤᠳᠠᠭᠠᠨ᠎ᠤ ᠡᠷᠲᠡ ᠲᠠᠷᠢᠬᠤ ᠲᠤᠲᠤᠷᠭ᠎ᠠ᠎ᠶᠢᠨ ᠤᠨᠠᠯᠲᠠ ᠨᠢᠳᠤᠨᠤᠨ᠎ᠤ ᠬᠢ᠎ᠡᠴᠡ 19 ᠲᠦᠮᠡᠨ ᠲᠣᠨ ᠨᠡᠮᠡᠭᠳᠡᠵᠦ᠂ ᠨᠠᠮᠤᠷ᠎ᠤᠨ ᠠᠮᠤ ᠪᠤᠳᠠᠭᠠᠨ᠎ᠤ ᠦᠢᠯᠡᠳᠪᠦᠷᠢᠯᠡᠯ ᠶᠡᠷᠦᠩᠬᠡᠢ᠎ᠳᠦ᠎ᠪᠡᠨ ᠲᠣᠭᠲᠠᠭᠤᠨ ᠪᠠᠢᠵᠤ᠂ ᠪᠥᠬᠥ ᠵᠢᠯ᠎ᠦᠨ ᠠᠮᠤ ᠪᠤᠳᠠᠭ᠎ᠠ ᠳᠠᠬᠢᠨᠲᠠ ᠡᠯᠪᠡᠭ ᠬᠤᠷᠢᠶᠠᠯᠲᠠ ᠣᠯᠬᠤ ᠪᠣᠯᠣᠮᠵᠢ ᠲᠠᠢ ᠪᠠᠢᠨ᠎ᠠ᠃
ᠠᠵᠤ ᠦᠢᠯᠡᠳᠪᠦᠷᠢ᠎ᠶᠢᠨ ᠦᠢᠯᠡᠳᠪᠦᠷᠢᠯᠡᠯ ᠨᠡᠯᠢᠶᠡᠳ ᠲᠦᠷᠭᠡᠨ ᠨᠡᠮᠡᠭᠳᠡᠪᠡ᠃ ᠲᠦᠷᠦᠭᠦᠸ᠋ ᠭᠤᠷᠪᠠᠨ ᠤᠯᠠᠷᠢᠯ᠎ᠳᠤ᠂ ᠪᠥᠬᠥ ᠤᠯᠤᠰ᠎ᠤᠨ ᠬᠡᠪᠴᠢᠶᠡᠵᠢᠯ᠎ᠡᠴᠡ ᠳᠡᠭᠡᠭᠰᠢᠬᠢ ᠠᠵᠤ ᠦᠢᠯᠡᠳᠪᠦᠷᠢ᠎ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ᠎ᠤ ᠬᠢ᠎ᠡᠴᠡ 6.2% ᠢᠶᠠᠷ ᠨᠡᠮᠡᠭᠳᠡᠪᠡ᠃ ᠡᠭᠦᠨ᠎ᠳᠦ᠂ ᠬᠡᠪᠴᠢᠶᠡᠵᠢᠯ᠎ᠡᠴᠡ ᠳᠡᠭᠡᠭᠰᠢᠬᠢ ᠲᠣᠨᠣᠭᠯᠠᠯ ᠦᠢᠯᠡᠳᠬᠦ ᠦᠢᠯᠡᠰ᠂ ᠳᠡᠭᠡᠳᠦ ᠮᠡᠷᠭᠡᠵᠢᠯ᠎ᠦᠨ ᠦᠢᠯᠡᠳᠬᠦ ᠦᠢᠯᠡᠰ᠎ᠦᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ᠎ᠤ ᠬᠢ᠎ᠡᠴᠡ ᠲᠣᠰ ᠲᠣᠰ 9.7%᠂ 9.6% ᠪᠡᠷ ᠨᠡᠮᠡᠭᠳᠡᠪᠡ᠃
ᠦᠢᠯᠡᠴᠢᠯᠡᠭᠡᠨ᠎ᠦ ᠦᠢᠯᠡᠰ ᠲᠣᠭᠲᠠᠭᠤᠨ᠎ᠢᠶᠠᠷ ᠨᠡᠮᠡᠭᠳᠡᠪᠡ᠃ ᠲᠦᠷᠦᠭᠦᠸ᠋ ᠭᠤᠷᠪᠠᠨ ᠤᠯᠠᠷᠢᠯ᠎ᠳᠤ᠂ ᠦᠢᠯᠡᠴᠢᠯᠡᠭᠡᠨ᠎ᠦ ᠦᠢᠯᠡᠰ᠎ᠦᠨ ᠨᠡᠮᠡᠭᠳᠡᠯ ᠥᠷᠲᠡᠭ ᠠᠳᠠᠯᠢ ᠬᠤᠭᠤᠴᠠᠭᠠᠨ᠎ᠤ ᠬᠢ᠎ᠡᠴᠡ 5.4% ᠪᠡᠷ ᠨᠡᠮᠡᠭᠳᠡᠪᠡ᠃ ᠡᠭᠦᠨ᠎ᠳᠦ᠂ ᠮᠡᠳᠡᠭᠡ ᠵᠠᠩᠭᠢ᠎ᠶᠢᠨ ᠳᠠᠮᠵᠢᠭᠤᠯᠭ᠎ᠠ᠂ ᠵᠥᠭᠡᠯᠡᠨ ᠬᠡᠷᠡᠭᠰᠡᠯ ᠪᠠ ᠮᠡᠳᠡᠭᠡ ᠵᠠᠩᠭᠢ᠎ᠶᠢᠨ ᠮᠡᠷᠭᠡᠵᠢᠯ᠎ᠦᠨ ᠦᠢᠯᠡᠴᠢᠯᠡᠭᠡᠨ᠎ᠦ ᠦᠢᠯᠡᠰ᠂ ᠲᠦᠷᠢᠶᠡᠰᠦᠯᠡᠯ ᠪᠠ ᠬᠤᠳᠠᠯᠳᠤᠭᠠᠨ᠎ᠤ ᠶᠠᠪᠤᠳᠠᠯ᠎ᠤᠨ ᠦᠢᠯᠡᠴᠢᠯᠡᠭᠡᠨ᠎ᠦ ᠦᠢᠯᠡᠰ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ᠎ᠤ ᠦᠢᠯᠡᠰ᠎ᠦᠨ ᠨᠡᠮᠡᠭᠳᠡᠯ ᠥᠷᠲᠡᠭ ᠠᠳᠠᠯᠢ ᠬᠤᠭᠤᠴᠠᠭᠠᠨ᠎ᠤ ᠬᠢ᠎ᠡᠴᠡ ᠲᠣᠰ ᠲᠣᠰ 11.2%᠂ 9.2%᠂ 5.8% ᠪᠡᠷ ᠨᠡᠮᠡᠭᠳᠡᠪᠡ᠃
ᠲᠦᠷᠦᠭᠦᠸ᠋ ᠭᠤᠷᠪᠠᠨ ᠤᠯᠠᠷᠢᠯ᠎ᠳᠤ᠂ ᠨᠡᠢᠭᠡᠮ᠎ᠦᠨ ᠬᠡᠷᠡᠭᠯᠡᠭᠡ᠎ᠶᠢᠨ ᠵᠦᠢᠯᠡᠰ᠎ᠢ ᠵᠢᠵᠢᠭᠯᠡᠨ ᠬᠤᠳᠠᠯᠳᠤᠭᠰᠠᠨ ᠶᠡᠷᠦᠩᠬᠡᠢ ᠲᠣᠭ᠎ᠠ 365877 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 4.5% ᠪᠠᠷ ᠨᠡᠮᠡᠭᠳᠡᠪᠡ; ᠦᠢᠯᠡᠳᠬᠦ ᠦᠢᠯᠡᠰ᠎ᠦᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ᠎ᠤ ᠬᠢ᠎ᠡᠴᠡ 4.0% ᠢᠶᠡᠷ ᠨᠡᠮᠡᠭᠳᠡᠪᠡ᠃
ᠲᠦᠷᠦᠭᠦᠸ᠋ ᠭᠤᠷᠪᠠᠨ ᠤᠯᠠᠷᠢᠯ᠎ᠳᠤ᠂ ᠪᠥᠬᠥ ᠤᠯᠤᠰ᠎ᠤᠨ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ ᠡᠵᠡᠮᠳᠡᠬᠦᠢᠴᠡ ᠣᠷᠣᠯᠭ᠎ᠠ 32509 ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ ᠨᠡᠷ᠎ᠡ ᠳᠡᠭᠡᠷ᠎ᠡ᠎ᠪᠡᠨ 5.1% ᠪᠡᠷ ᠨᠡᠮᠡᠭᠳᠡᠵᠦ᠂ ᠦᠨ᠎ᠡ ᠬᠠᠩᠰᠢ᠎ᠶᠢᠨ ᠬᠦᠴᠦᠨ ᠵᠦᠢᠯ᠎ᠢ ᠭᠠᠷᠭᠠᠪᠠᠯ ᠪᠣᠳᠠᠲᠠᠢ 5.2% ᠵᠢᠡᠷ ᠨᠡᠮᠡᠭᠳᠡᠵᠡᠢ᠃