21 ᠦ ᠡᠳᠦᠷ᠂ ᠰᠣᠶᠣᠯ ᠪᠠ ᠵᠢᠭᠤᠯᠴᠢᠯᠠᠯ᠎ᠤᠨ ᠶᠠᠮᠤᠨ 2025 ᠣᠨ᠎ᠤ ᠲᠦᠷᠦᠭᠦᠸ᠋ ᠭᠤᠷᠪᠠᠨ ᠤᠯᠠᠷᠢᠯ᠎ᠳᠠᠬᠢ ᠤᠯᠤᠰ᠎ᠤᠨ ᠳᠣᠲᠣᠭᠠᠳᠤ᠎ᠶᠢᠨ ᠵᠢᠭᠤᠯᠴᠢᠯᠠᠯ᠎ᠤᠨ ᠵᠠᠬ᠎ᠠ ᠳᠡᠯᠭᠡᠭᠦᠷ᠎ᠦᠨ ᠳ᠋ᠠᠢᠲ᠋ᠠ᠎ᠶᠢ ᠨᠡᠢᠲᠡᠯᠡᠪᠡ᠃ ᠤᠯᠤᠰ᠎ᠤᠨ ᠳᠣᠲᠣᠭᠠᠳᠤ᠎ᠶᠢᠨ ᠰᠠᠭᠤᠭᠠᠯᠢ ᠠᠷᠠᠳ᠎ᠤᠨ ᠵᠢᠭᠤᠯᠴᠢᠯᠠᠯ᠎ᠠᠴᠠ ᠥᠯᠢᠭᠡᠷ ᠠᠪᠴᠤ ᠪᠦᠷᠢᠳᠬᠡᠭᠰᠡᠨ ᠦᠷ᠎ᠡ ᠳ᠋ᠦᠩ᠎ᠢ ᠦᠨᠳᠦᠰᠦᠯᠡᠪᠡᠯ᠄
2025 ᠣᠨ᠎ᠤ ᠲᠦᠷᠦᠭᠦᠦ ᠭᠤᠷᠪᠠᠨ ᠤᠯᠠᠷᠢᠯ᠎ᠳᠤ᠂ ᠤᠯᠤᠰ᠎ᠤᠨ ᠳᠣᠲᠣᠭᠠᠳᠤ᠎ᠶᠢᠨ ᠰᠠᠭᠤᠭᠠᠯᠢ ᠠᠷᠠᠳ᠎ᠤᠨ ᠵᠢᠭᠤᠯᠴᠢᠯᠠᠭᠰᠠᠨ ᠬᠥᠮᠥᠨ ᠤᠳᠠᠭ᠎ᠠ 49.98 ᠳ᠋ᠦᠩᠰᠢᠭᠤᠷ᠎ᠲᠤ ᠬᠦᠷᠴᠦ᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 7.61 ᠳ᠋ᠦᠩᠰᠢᠭᠤᠷ ᠨᠡᠮᠡᠭᠳᠡᠵᠦ᠂ ᠠᠳᠠᠯᠢ ᠬᠤᠭᠤᠴᠠᠭᠠᠨ᠎ᠤ ᠬᠢ᠎ᠡᠴᠡ 18.0% ᠢᠶᠡᠷ ᠨᠡᠮᠡᠭᠳᠡᠵᠡᠢ᠃ ᠡᠭᠦᠨ᠎ᠳᠦ᠂ ᠬᠣᠲᠠ ᠪᠠᠯᠭᠠᠰᠤᠨ᠎ᠤ ᠰᠠᠭᠤᠭᠠᠯᠢ ᠠᠷᠠᠳ᠎ᠤᠨ ᠤᠯᠤᠰ᠎ᠤᠨ ᠳᠣᠲᠣᠭᠠᠳᠤ᠎ᠳᠤ ᠵᠢᠭᠤᠯᠴᠢᠯᠠᠭᠰᠠᠨ ᠬᠥᠮᠥᠨ ᠤᠳᠠᠭ᠎ᠠ 37.89 ᠳ᠋ᠦᠩᠰᠢᠭᠤᠷ᠎ᠲᠤ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 15.9% ᠪᠡᠷ ᠨᠡᠮᠡᠭᠳᠡᠵᠡᠢ; ᠬᠥᠳᠡᠭᠡ ᠲᠣᠰᠬᠣᠨ᠎ᠤ ᠰᠠᠭᠤᠭᠠᠯᠢ ᠠᠷᠠᠳ᠎ᠤᠨ ᠤᠯᠤᠰ᠎ᠤᠨ ᠳᠣᠲᠣᠭᠠᠳᠤ᠎ᠳᠤ ᠵᠢᠭᠤᠯᠴᠢᠯᠠᠭᠰᠠᠨ ᠬᠥᠮᠥᠨ ᠤᠳᠠᠭ᠎ᠠ 12.09 ᠳ᠋ᠦᠩᠰᠢᠭᠤᠷ᠎ᠲᠤ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 25.0% ᠢᠶᠡᠷ ᠨᠡᠮᠡᠭᠳᠡᠵᠡᠢ᠃
2025 ᠣᠨ᠎ᠤ ᠲᠦᠷᠦᠭᠦᠦ ᠭᠤᠷᠪᠠᠨ ᠤᠯᠠᠷᠢᠯ᠎ᠳᠤ᠂ ᠤᠯᠤᠰ᠎ᠤᠨ ᠳᠣᠲᠣᠭᠠᠳᠤ᠎ᠶᠢᠨ ᠰᠠᠭᠤᠭᠠᠯᠢ ᠠᠷᠠᠳ᠎ᠤᠨ ᠵᠢᠭᠤᠯᠴᠢᠯᠠᠯ᠎ᠤᠨ ᠵᠠᠷᠤᠳᠠᠯ 4.85 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 0.50 ᠲᠦᠮᠡᠨ ᠳ᠋ᠦᠩᠰᠢᠭᠤᠷ ᠲᠥᠭᠥᠷᠢᠭ ᠨᠡᠮᠡᠭᠳᠡᠵᠦ᠂ ᠠᠳᠠᠯᠢ ᠬᠤᠭᠤᠴᠠᠭᠠᠨ᠎ᠤ ᠬᠢ᠎ᠡᠴᠡ 11.5% ᠪᠠᠷ ᠨᠡᠮᠡᠭᠳᠡᠵᠡᠢ᠃ ᠡᠭᠦᠨ᠎ᠳᠦ᠂ ᠬᠣᠲᠠ ᠪᠠᠯᠭᠠᠰᠤᠨ᠎ᠤ ᠰᠠᠭᠤᠭᠠᠯᠢ ᠠᠷᠠᠳ᠎ᠤᠨ ᠵᠢᠭᠤᠯᠴᠢᠯᠠᠯ᠎ᠤᠨ ᠵᠠᠷᠤᠳᠠᠯ 4.05 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 9.3% ᠪᠠᠷ ᠨᠡᠮᠡᠭᠳᠡᠪᠡ; ᠬᠥᠳᠡᠭᠡ ᠲᠣᠰᠬᠣᠨ᠎ᠤ ᠰᠠᠭᠤᠭᠠᠯᠢ ᠠᠷᠠᠳ᠎ᠤᠨ ᠵᠢᠭᠤᠯᠴᠢᠯᠠᠯ᠎ᠤᠨ ᠵᠠᠷᠤᠳᠠᠯ 0.80 ᠲᠦᠮᠡᠨ ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 24.0% ᠢᠶᠡᠷ ᠨᠡᠮᠡᠭᠳᠡᠵᠡᠢ᠃