ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠶᠢᠨ ᠪᠥᠲᠥᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠴᠢᠷᠮᠠᠢᠨ ᠡᠭᠦᠳᠰᠦᠭᠡᠢ
ᠨᠡᠶ᠋ᠢᠲᠡᠯᠡᠭᠰᠡᠨ ᠴᠠᠭ᠄ 2025-10-24

ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠦᠷᠭᠦᠯᠵᠢᠯᠡᠨ ᠲᠡᠮᠡᠴᠡᠨ᠎ᠠ᠃ 10 ᠰᠠᠷ᠎ᠠ᠎ᠶ᠋ᠢᠨ 23 ᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ ᠢᠯᠠᠯᠲᠠ᠎ᠲᠠᠶ ᠲᠡᠭᠦᠰᠪᠡ᠃ ᠡᠨᠡ ᠪᠣᠯ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠬᠤ ᠱᠢᠨ᠎ᠡ ᠠᠶᠠᠨ ᠳ᠋ᠤ ᠬᠤᠷᠠᠯᠳᠤᠭᠤᠯᠤᠭ᠍ᠰᠠᠨ ᠨᠢᠭᠡ ᠤᠳᠠᠭ᠎ᠠ᠎ᠶ᠋ᠢᠨ ᠲᠤᠢᠯ᠎ᠤᠨ ᠴᠢᠬᠤᠯᠠ ᠬᠤᠷᠠᠯ ᠪᠣᠯᠤᠨ᠎ᠠ᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠦᠷ ᠳᠠᠯᠠᠢᠴᠠᠲᠠᠢ ᠬᠦᠴᠦᠨ᠎ᠢ ᠤᠯᠠᠮ ᠨᠢᠭᠡ ᠠᠯᠬᠤᠮ ᠨᠢᠭ᠍ᠲᠠᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠶᠢᠨ ᠲᠦᠯᠦᠭᠡ ᠪᠦᠯᠬᠦᠮᠳᠡᠨ ᠲᠡᠮᠡᠴᠡᠬᠦ᠌᠎ᠳᠦ ᠴᠢᠬᠤᠯᠠ ᠠᠴᠢ ᠬᠣᠯᠪᠣᠭ᠍ᠳᠠᠯ᠎ᠲᠠᠶ ᠶᠤᠮ᠃

ᠪᠦᠬᠦᠳᠡ ᠬᠤᠷᠠᠯ᠎ᠡᠴᠡ ᠶᠡᠷᠦᠩᠬᠡᠢ ᠱᠦᠵᠢ ᠰᠢ᠎ᠵᠢᠨ᠎ᠫᠢᠩ᠎ᠦᠨ ᠲᠥᠪ᠎ᠦᠨ ᠤᠯᠤᠰ ᠲᠦᠷᠦ᠍᠎ᠶ᠋ᠢᠨ ᠲᠣᠪᠴᠢᠶ᠎ᠠ᠎ᠶᠢᠨ ᠨᠠᠢᠳᠠᠯᠭ᠎ᠠ᠎ᠪᠠᠷ ᠬᠢᠭ᠌ᠰᠡᠨ ᠠᠵᠢᠯ᠎ᠤᠨ ᠢᠯᠡᠳᠭᠡᠯ ᠢ᠋ ᠰᠣᠨᠣᠰᠤᠨ ᠶᠠᠷᠢᠯᠴᠠᠵᠤ᠂ ᠨᠢᠭᠡ ᠵᠢᠯ ᠭᠠᠷᠤᠢ᠎ᠶ᠋ᠢᠨ ᠲᠤᠷᠰᠢ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠲᠦᠭ ᠲᠦᠮᠡᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠡᠷᠡᠮᠡᠬᠡᠢᠯᠡᠨ ᠤᠷᠤᠭ᠍ᠰᠢᠯᠠᠵᠤ᠂ ᠵᠠᠮ ᠨᠡᠭᠡᠭᠡᠨ ᠱᠢᠨ᠎ᠡ᠎ᠶ᠋ᠢ ᠡᠭᠦᠳᠴᠦ᠍ ᠣᠯᠤᠭ᠍ᠰᠠᠨ ᠱᠢᠨ᠎ᠡ ᠠᠮᠵᠢᠯᠲᠠ ᠪᠦᠳᠦᠮᠵᠢ᠎ᠶ᠋ᠢ ᠭᠦᠢᠴᠡᠳ ᠨᠤᠲᠠᠯᠠᠪᠠ᠃ ᠪᠦᠬᠦᠳᠡ ᠬᠤᠷᠠᠯ᠎ᠠᠴᠠ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠶ᠋ᠢᠨ ᠠᠰᠠᠭᠤᠳᠠᠯ᠎ᠢ ᠭᠣᠣᠯᠳᠠᠯᠭ᠎ᠠ᠎ᠲᠠᠶ ᠰᠤᠳᠤᠯᠵᠤ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠤᠳᠤᠷᠢᠳᠤᠮᠵᠢ᠎ᠶ᠋ᠢᠨ ᠦᠢᠯᠡᠳᠦᠯ᠎ᠢ ᠨᠡᠩ ᠰᠠᠢ᠌ᠳᠤᠷ ᠪᠠᠳᠠᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠬᠦ᠌ ᠲᠠᠯ᠎ᠠ᠎ᠳᠤ ᠬᠣᠯᠪᠣᠭ᠍ᠳᠠᠬᠤ ᠪᠠᠢᠯᠳᠤᠬᠤ ᠪᠤᠳᠤᠯᠭ᠎ᠠ᠎ᠶ᠋ᠢᠨ ᠡᠭᠦᠷᠭᠡ᠎ᠶ᠋ᠢᠨ ᠴᠢᠬᠤᠯᠠ ᠶᠡᠬᠡ ᠱᠢᠪᠲᠤᠯᠤᠯᠲᠠ᠎ᠲᠠᠶ ᠪᠣᠯᠬᠤ᠎ᠶ᠋ᠢ ᠠᠬᠢᠭᠤᠯᠬᠤ᠎ᠶᠢ ᠵᠤᠷᠢᠪᠠ᠃ ᠪᠦᠭᠦᠳᠡ ᠬᠤᠷᠠᠯ᠎ᠤᠨ ᠨᠢᠭᠡᠨ ᠴᠢᠬᠤᠯᠠ ᠦᠷ᠎ᠡ ᠪᠦᠲᠦᠭᠡᠯ ᠪᠣᠯ 《ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠰᠠᠨᠠᠭᠤᠯᠭ᠎ᠠ》᠎ᠶᠢ ᠬᠢᠨᠠᠨ ᠵᠦᠪᠯᠡᠵᠤ ᠪᠠᠲᠤᠯᠠᠪᠠ᠂ ᠡᠨᠡ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ ᠶᠠᠪᠤᠳᠠᠯ ᠱᠢᠢᠳᠪᠦᠷᠢᠯᠡᠭ᠌ᠴᠢ ᠴᠢᠨᠠᠷᠲᠠᠢ ᠠᠬᠢᠴᠠ᠎ᠲᠠᠶ ᠪᠣᠯᠬᠤ᠎ᠶ᠋ᠢ ᠪᠠᠲᠤᠯᠠᠬᠤ ᠬᠥᠲᠥᠯᠪᠦᠷᠢ᠎ᠶ᠋ᠢᠨ ᠴᠢᠨᠠᠷᠲᠠᠢ ᠪᠢᠴᠢᠭ ᠮᠠᠲ᠋ᠧᠷᠢᠶᠠᠯ ᠪᠤᠯᠤᠨ᠎ᠠ᠃

《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶ᠋ᠢᠨ ᠬᠤᠭᠤᠴᠠᠭ᠎ᠠ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ ᠰᠠᠭᠤᠷᠢ᠎ᠶ᠋ᠢ ᠪᠡᠬᠢᠵᠢᠭᠦᠯᠦᠨ᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠮᠥᠨ᠃ ᠪᠦᠬᠦᠳᠡ ᠬᠤᠷᠠᠯ᠎ᠠᠴᠠ ᠪᠠᠲᠤᠯᠠᠭ᠍ᠰᠠᠨ 《ᠰᠠᠨᠠᠭᠤᠯᠭ᠎ᠠ》 ᠨᠢ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠣᠷᠣᠱᠢᠵᠤ ᠪᠠᠢᠭ᠎ᠠ ᠲᠡᠦᠬᠡᠨ ᠣᠷᠣᠨ ᠪᠠᠢᠷᠢ᠎ᠶ᠋ᠢ ᠣᠨᠣᠪᠴᠢᠲᠠᠢ ᠡᠵᠡᠮᠳᠡᠵᠦ᠍᠂ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠣᠷᠴᠢᠨ ᠨᠥᠬᠥᠴᠡᠯ᠎ᠳᠦ ᠲᠤᠯᠭᠠᠷᠠᠵᠤ ᠪᠠᠢᠭ᠎ᠠ ᠭᠦᠨᠵᠡᠭᠡᠢ ᠪᠥᠭᠡᠳ ᠪᠤᠳᠤᠯᠢᠶᠠᠨᠲᠠᠢ ᠬᠤᠪᠢᠷᠠᠯᠲᠠ᠎ᠶ᠋ᠢ ᠭᠦᠨᠵᠡᠭᠡᠢ ᠵᠠᠳᠠᠯᠵᠤ᠂ ᠢᠷᠡᠭᠡᠳᠦᠢ᠎ᠶ᠋ᠢᠨ 5 ᠵᠢᠯ᠎ᠦᠨ ᠬᠥᠭ᠌ᠵᠢᠯᠲᠡ᠎ᠳᠦ ᠦᠵᠦ ᠲᠥᠯᠥᠪᠯᠡᠭᠡ ᠪᠠ ᠪᠠᠢᠯᠳᠤᠬᠤ ᠪᠤᠳᠤᠯᠭ᠎ᠠ᠎ᠶ᠋ᠢᠨ ᠵᠢᠷᠤᠭ ᠲᠥᠯᠥᠪᠯᠡᠭᠡ ᠬᠢᠪᠡ᠃ 《ᠰᠠᠨᠠᠭᠤᠯᠭ᠎ᠠ》᠎ᠳᠤ ᠬᠠᠷᠠᠯᠲᠠ᠎ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠱᠢᠰᠲ᠋ᠧᠮ᠎ᠤᠨ ᠰᠡᠳᠭᠢᠬᠦᠶ᠎ᠶ᠋ᠢ ᠪᠠᠷᠢᠮᠲᠠᠯᠠᠵᠤ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢ ᠪᠠᠷᠢᠮᠲᠠᠯᠠᠵᠤ᠂ ᠭᠠᠳᠠᠭᠠᠳᠤ ᠨᠡᠭᠡᠭᠡᠯᠲᠡ᠎ᠶ᠋ᠢ ᠥᠷᠭᠡᠳᠭᠡᠬᠦ᠌᠎ᠶ᠋ᠢ ᠪᠠᠷᠢᠮᠲᠠᠯᠠᠵᠤ᠂ ᠵᠢᠯᠣᠭᠣᠳᠭᠤ ᠴᠢᠭ᠌ᠯᠡᠯᠲᠡ᠎ᠨᠢ ᠱᠢᠨᠵᠢᠯᠡᠬᠦ᠌ ᠤᠬᠠᠭᠠᠨᠴᠢ ᠤᠨᠤᠴᠠᠳᠠᠢ᠂ ᠭᠤᠤᠯ ᠬᠠᠷᠠᠯᠲᠠ᠎ᠨᠢ ᠲᠣᠳᠣᠷᠬᠠᠶ᠂ ᠡᠭᠦᠷᠭᠡ ᠠᠷᠭ᠎ᠠ ᠬᠡᠮᠵᠢᠶ᠎ᠡ᠎ᠨᠢ ᠦᠨᠡᠨ᠎ᠢ ᠪᠠᠷᠢᠮᠲᠠᠯᠠᠨ ᠪᠣᠳᠠᠲᠠᠶ᠎ᠶ᠋ᠢ ᠡᠷᠬᠢᠮᠯᠡᠪᠠ᠃ ᠡᠨᠡ ᠪᠣᠯ ᠢᠯᠠᠯᠲᠠ᠎ᠶ᠋ᠢᠨ ᠡᠷᠴᠢᠨ ᠳᠡᠭᠡᠷ᠎ᠡ᠎ᠪᠡᠨ ᠤᠷᠤᠭ᠍ᠰᠢᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠶᠢᠨ ᠪᠦᠳᠦᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠤᠬᠰᠡᠨ ᠪᠠᠰᠠ ᠨᠢᠭᠡ ᠤᠳᠠᠭ᠎ᠠ᠎ᠶᠢᠨ ᠶᠡᠷᠦᠩᠬᠡᠢ ᠲᠠᠢ᠌ᠴᠢᠯᠠᠯᠳᠠ᠂ ᠶᠡᠷᠦᠩᠬᠡᠢ ᠪᠠᠢᠷᠢᠯᠠᠭᠤᠯᠤᠯᠲᠠ ᠪᠠᠢᠵᠤ᠂ ᠰᠢ᠎ᠵᠢᠨ᠎ᠫᠢᠩ ᠨᠥᠬᠥᠷ᠎ᠢᠶᠡᠷ ᠭᠣᠣᠯ ᠪᠤᠯᠭᠠᠬᠰᠡᠨ ᠨᠠᠮ᠎ᠤᠨ ᠲᠥᠪ ᠬᠣᠷᠢᠶ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠠᠵᠤ ᠠᠬᠤᠢ᠎ᠶ᠋ᠢᠨ ᠲᠦᠷᠭᠡᠨ ᠬᠥᠭ᠌ᠵᠢᠯᠲᠡ ᠪᠠ ᠨᠡᠢᠭᠡᠮ᠎ᠦᠨ ᠤᠷᠳᠤ ᠬᠤᠭᠤᠴᠠᠭᠠᠨ᠎ᠤ ᠲᠣᠭ᠍ᠲᠠᠭᠤᠨ ᠭᠡᠬᠦ᠌ ᠬᠣᠶᠠᠷ ᠶᠡᠬᠡ ᠭᠠᠢᠬᠠᠮᠱᠢᠭ᠍ᠲᠤ ᠱᠢᠨ᠎ᠡ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠶᠢᠨ ᠪᠦᠳᠦᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠴᠢᠷᠮᠠᠢᠨ ᠡᠭᠦᠳᠬᠦ᠌ ᠲᠡᠦᠬᠡᠨ ᠰᠠᠨᠠᠭᠠᠴᠢᠯᠠᠭᠠᠲᠤ ᠤᠪᠤᠷ ᠢ᠋ ᠢᠯᠡᠷᠡᠬᠦᠯᠵᠤ᠂ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠳᠦ ᠴᠢᠬᠤᠯᠠ ᠶᠡᠬᠡ ᠪᠥᠭᠡᠳ ᠠᠯᠤᠰ ᠭᠡᠳᠤ᠎ᠶ᠋ᠢᠨ ᠨᠥᠯᠥᠭᠡ ᠦᠵᠡᠭᠦᠯᠬᠦ᠌ ᠨᠢ ᠯᠠᠪᠲᠠᠢ ᠶᠤᠮ᠃ 

ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠨᠢ ᠳᠤᠮᠳᠠᠳᠤ᠎ᠶ᠋ᠢᠨ ᠦᠨᠳᠦᠰᠦᠲᠡᠨ᠎ᠦ ᠬᠦᠯᠢᠶᠡᠭᠰᠡᠬᠡᠷ ᠢᠷᠡᠭᠰᠡᠨ ᠬᠦᠰᠡᠯ ᠡᠷᠡᠮᠡᠯᠵᠡᠯ ᠪᠣᠯᠤᠨ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠢᠮᠠᠭ᠍ᠲᠠ ᠪᠠᠷᠢᠮᠲᠠᠯᠠᠭ᠍ᠰᠠᠭᠠᠷ ᠢᠷᠡᠭ᠌ᠰᠡᠨ ᠲᠡᠮᠡᠴᠡᠯ᠎ᠦᠨ ᠭᠣᠣᠯ ᠰᠡᠳᠦᠪ ᠪᠣᠯᠤᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》᠎ᠦᠨ ᠬᠤᠭᠤᠴᠠᠭᠠᠨ᠎ᠤ ᠲᠤᠢᠯ᠎ᠤᠨ ᠶᠡᠷᠦ᠍ ᠪᠤᠰᠤ᠎ᠶᠢᠨ᠂ ᠲᠤᠢᠯ᠎ᠦᠨ ᠵᠢᠷ᠎ᠤᠨ ᠪᠤᠰᠤ᠎ᠶ᠋ᠢᠨ ᠬᠥᠭ᠌ᠵᠢᠯᠲᠡ᠎ᠶ᠋ᠢᠨ ᠥᠩᠭᠡᠷᠡᠯᠲᠡ᠎ᠶᠢ ᠡᠷᠬᠢᠴᠡᠬᠦᠯᠬᠦᠶ᠎ᠠ᠂ ᠨᠠᠷᠢᠨ ᠪᠤᠳᠤᠯᠢᠶᠠᠨᠲᠠᠶ ᠳᠡᠯᠡᠬᠡᠶ᠎ᠶ᠋ᠢᠨ ᠪᠠᠢᠳᠠᠯ ᠪᠠ ᠤᠯᠤᠰ᠎ᠤᠨ ᠳᠣᠲᠣᠭᠠᠳᠤ᠎ᠶ᠋ᠢᠨ ᠥᠭᠡᠷᠡᠴᠢᠯᠡᠯᠲᠡ ᠬᠦᠭᠵᠢᠯᠳᠠ ᠲᠣᠭ᠍ᠲᠠᠭᠤᠨ᠎ᠤ ᠬᠠᠲᠠᠭᠤ ᠪᠡᠷᠬᠡ ᠨᠦᠰᠡᠷ ᠬᠦᠨᠳᠦ ᠡᠭᠦᠷᠭᠡ᠎ᠶ᠋ᠢᠨ ᠡᠮᠦᠨ᠎ᠡ᠂ ᠨᠠᠮ᠎ᠤᠨ ᠲᠥᠪ ᠬᠣᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠢᠳᠡ ᠬᠦᠴᠢᠷ᠎ᠢ ᠰᠥᠷᠦᠨ᠂ ᠡᠷᠡᠮᠡᠬᠡᠢᠯᠡᠨ ᠤᠷᠤᠭ᠍ᠰᠢᠯᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠲᠣᠭ᠍ᠲᠠᠭᠠᠯᠲᠤ ᠴᠢᠨᠠᠷ᠎ᠢᠶᠠᠷ ᠡᠯ᠎ᠡ ᠵᠦᠶ᠋ᠯ᠎ᠦᠨ ᠲᠣᠭ᠍ᠲᠠᠭᠠᠯᠲᠤ ᠪᠤᠰᠤ ᠴᠢᠨᠠᠷ᠎ᠢ ᠠᠷᠭᠠᠴᠠᠭᠠᠵᠤ᠂ ᠨᠠᠮ᠎ᠤᠨ ᠪᠦᠲᠦᠭᠡᠯᠴᠢ ᠴᠢᠳᠠᠪᠤᠷᠢ᠂ ᠨᠢᠭ᠍ᠲᠠᠷᠠᠯ᠎ᠤᠨ ᠬᠦᠴᠦᠨ᠂ ᠲᠠᠢᠴᠢᠨ ᠬᠦᠴᠦᠨ ᠢᠯᠡᠳᠲᠡ ᠳᠡᠭᠡᠭ᠌ᠰᠢᠯᠡᠵᠤ᠂ ᠮᠠᠨ᠎ᠤ ᠤᠯᠤᠰ᠎ᠤᠨ ᠠᠵᠤ ᠠᠬᠤᠶ᠎ᠶ᠋ᠢᠨ ᠪᠣᠳᠠᠲᠤ ᠬᠦᠴᠦᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠣᠳᠠᠲᠤ ᠬᠦᠴᠦᠨ᠂ ᠶᠡᠷᠦᠩᠬᠡᠢᠯᠡᠭᠰᠡᠨ ᠤᠯᠤᠰ᠎ᠤᠨ ᠬᠦᠴᠦᠨ ᠱᠢᠨ᠎ᠡ ᠳᠡᠭ᠌ᠲᠡᠷ᠎ᠲᠦ ᠭᠠᠷᠴᠤ᠂ 《ᠠᠷᠪᠠᠨ ᠳᠥᠷᠪᠡᠳᠦᠭᠡᠷ ᠲᠠᠪᠤᠨ ᠵᠢᠯ》᠎ᠦᠨ ᠭᠣᠣᠯ ᠬᠠᠷᠠᠯᠲᠠ ᠡᠭᠦᠷᠭᠡ ᠤᠳᠠᠯ ᠦᠭᠡᠢ ᠢᠯᠠᠯᠲᠠ᠎ᠲᠠᠶ ᠪᠡᠶᠡᠯᠡᠭ᠌ᠳᠡᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠱᠢᠨ᠎ᠡ ᠢᠳᠡᠷᠡᠭᠦᠨ ᠠᠯᠬᠤᠭ᠎ᠠ᠎ᠶ᠋ᠢ ᠠᠯᠬᠤᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢᠨ ᠱᠢᠨ᠎ᠡ ᠠᠶᠠᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠬᠦ ᠪᠤᠯᠤᠨ᠎ᠠ᠃ ᠨᠠᠮ ᠪᠣᠯᠤᠨ ᠤᠯᠤᠰ᠎ᠤᠨ ᠠᠵᠢᠯ ᠦᠢᠯᠡᠰ ᠴᠢᠬᠤᠯᠠ ᠶᠡᠬᠡ ᠰᠢᠨ᠎ᠠ ᠠᠮᠵᠢᠯᠲᠠ ᠣᠯᠤᠭ᠍ᠰᠠᠨ᠎ᠤ ᠦᠨᠳᠦᠰᠦ ᠰᠢᠯᠳᠠᠭᠠᠨ ᠨᠢ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠠᠶᠠᠯᠠᠯ᠎ᠢ ᠵᠢᠯᠣᠭᠣᠳᠤᠨ ᠵᠠᠯᠠᠭᠤᠷ᠎ᠢ ᠡᠵᠡᠮᠳᠡᠭᠰᠡᠨ᠎ᠳᠦ ᠪᠤᠢ᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢᠨ ᠱᠢᠨᠵᠢᠯᠡᠬᠦ᠌ ᠤᠬᠠᠭᠠᠨᠴᠢ ᠵᠢᠯᠣᠭᠣᠳᠤᠯᠭ᠎ᠠ᠎ᠳᠤ ᠪᠤᠢ᠃ 《ᠬᠣᠶᠠᠷ᠎ᠢ ᠲᠣᠭ᠍ᠲᠠᠭᠠᠬᠰᠡᠨ》 ᠨᠢ ᠪᠢᠳᠡᠨ᠎ᠦ ᠡᠯ᠎ᠡ ᠵᠦᠶ᠋ᠯ᠎ᠦᠨ ᠠᠶᠤᠯ ᠲᠦᠭ᠌ᠰᠢᠭᠦᠷᠢ ᠥᠷᠢᠰᠥᠯᠳᠦᠭᠡᠨ᠎ᠢ ᠠᠷᠭᠠᠴᠠᠭᠠᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ᠎ᠳᠤ ᠱᠢᠶ᠋ᠳᠪᠦᠷᠢᠯᠡᠭ᠌ᠴᠢ ᠴᠢᠨᠠᠷᠲᠠᠶ ᠠᠴᠢ ᠬᠣᠯᠪᠣᠭ᠍ᠳᠠᠯ᠎ᠲᠠᠶ ᠭᠡᠳᠡᠭ᠎ᠢ ᠦᠶ᠋ᠯᠡᠳᠦᠯᠭᠡ ᠭᠦᠶ᠋ᠴᠡᠳ ᠭᠡᠷᠡᠴᠢᠯᠡᠪᠡ᠃

ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠪᠡᠶᠡᠯᠡᠭᠦᠯᠬᠦ᠌ ᠪᠣᠯ ᠨᠢᠭᠡᠨ ᠱᠠᠲᠤᠯᠢᠭ ᠮᠠᠶᠢᠭ᠎ᠢᠶᠠᠷ ᠠᠬᠢᠵᠤ᠂ ᠲᠠᠰᠤᠷᠠᠯᠲᠠ ᠦᠭᠡᠢ ᠬᠥᠭ᠌ᠵᠢᠨ ᠳᠠᠪᠱᠢᠬᠤ ᠲᠡᠦᠬᠡᠨ ᠶᠠᠪᠤᠴᠠ ᠮᠥᠨ᠃ ᠪᠦᠬᠦᠳᠠ ᠬᠤᠷᠠᠯ᠎ᠡᠴᠡ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶ᠋ᠢᠨ ᠬᠤᠭᠤᠴᠠᠭ᠎ᠠ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠶᠠᠪᠤᠴᠠ᠎ᠳᠤ ᠤᠷᠢᠳᠤᠬᠢ᠎ᠶ᠋ᠢ ᠵᠠᠯᠭᠠᠮᠵᠢᠯᠠᠨ ᠢᠷᠡᠭᠡᠳᠦᠢ᠎ᠶ᠋ᠢ ᠨᠡᠭᠡᠭᠡᠬᠦ᠌ ᠴᠢᠬᠤᠯᠠ ᠪᠠᠢᠷᠢ ᠰᠠᠭᠤᠷᠢ᠎ᠲᠠᠶ ᠶᠤᠮ᠂ ᠡᠨᠡ ᠪᠣᠯ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶᠢᠨ ᠬᠤᠭᠤᠴᠠᠭᠠᠨ᠎ᠳᠤ ᠡᠭᠦᠷᠭᠡᠯᠡᠪᠡᠰᠦ ᠵᠣᠬᠢᠬᠤ ᠲᠡᠦᠬᠡᠲᠦ ᠡᠭᠦᠷᠭᠡ᠎ᠶ᠋ᠢ ᠦᠨᠳᠦᠰᠦᠯᠡᠵᠦ᠍ ᠭᠠᠷᠭᠠᠭ᠍ᠰᠠᠨ ᠮᠠᠭᠠᠳᠯᠠᠯᠲᠠ ᠮᠥᠨ᠃ ᠪᠦᠬᠦ᠌ ᠨᠠᠮ᠎ᠢᠶᠠᠷ᠎ᠢᠶᠠᠨ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠪᠦᠬᠦ᠌ ᠲᠠᠯ᠎ᠠ ᠪᠣᠯᠤᠨ ᠳᠡᠯᠡᠬᠡᠢ ᠳ᠋ᠠᠬᠢᠨ᠎ᠤ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠢᠷᠡᠭᠡᠳᠦᠢ᠎ᠶ᠋ᠢᠨ 5 ᠵᠢᠯ᠎ᠳᠡᠬᠢ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠶᠡᠬᠡ ᠬᠠᠨᠳᠤᠰᠢ᠎ᠶ᠋ᠢ ᠣᠨᠣᠪᠴᠢᠲᠠᠢ ᠡᠵᠡᠮᠳᠡᠵᠦ᠍᠂ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠵᠠᠪᠠᠯ ᠢᠯᠠᠬᠤ ᠢᠲᠡᠭᠡᠯ ᠵᠤᠷᠢᠭ᠎ᠢᠶᠡᠨ ᠴᠢᠩᠭᠠᠳᠭᠠᠵᠤ᠂ ᠢᠳᠡᠪᠬᠢᠲᠡᠢ᠎ᠪᠡᠷ ᠬᠤᠪᠢᠷᠠᠯᠲᠠ᠎ᠶ᠋ᠢ ᠲᠠᠨᠢᠵᠤ ᠬᠤᠪᠢᠷᠠᠯᠲᠠ᠎ᠶ᠋ᠢ ᠠᠷᠭᠠᠴᠠᠭᠠᠨ ᠬᠤᠪᠢᠷᠠᠯᠲᠠ᠎ᠶ᠋ᠢ ᠬᠦᠭᠡᠭᠡᠴᠡᠯᠳᠦᠵᠦ᠂ ᠵᠣᠷᠢᠭ᠍ᠲᠠᠢ ᠲᠡᠮᠡᠴᠡᠵᠦ᠍᠂ ᠴᠢᠳᠠᠮᠠᠭᠠᠢ᠎ᠲᠡᠮᠡᠴᠡᠵᠦ᠍᠂ ᠰᠠᠯᠬᠢ ᠶᠡᠬᠡ ᠤᠷᠤᠰᠬᠠᠯ ᠱᠢᠷᠦᠭᠦᠨ ᠴᠢᠨᠠᠭ᠍ᠰᠢᠯᠠᠪᠠᠯ ᠲᠤᠭ᠍ᠰᠢᠨ ᠳᠠᠪᠠᠯᠭᠠᠨ᠎ᠤ ᠬᠦᠨᠳᠦ ᠶᠡᠬᠡ ᠱᠢᠯᠭᠠᠯᠲᠠ᠎ᠳᠤ ᠵᠣᠷᠢᠭ᠍ᠲᠠᠢ ᠬᠠᠨᠳᠤᠵᠤ᠂ ᠲᠡᠦᠬᠡ᠎ᠶ᠋ᠢᠨ ᠰᠠᠨᠠᠭᠠᠴᠢᠯᠠᠭᠠᠲᠤ ᠵᠣᠷᠢᠭ ᠰᠠᠨᠠᠭ᠎ᠠ᠎ᠪᠠᠷ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠠᠶᠤᠯ ᠲᠦᠭ᠌ᠰᠢᠭᠦᠷᠢ᠎ᠶ᠋ᠢ ᠢᠯᠠᠨ ᠳᠠᠪᠠᠵᠤ᠂ ᠥᠷᠢᠰᠥᠯᠳᠦᠭᠡᠨ᠎ᠢ ᠤᠭ᠍ᠲᠤᠵᠤ᠂ ᠬᠦᠴᠦᠨ᠎ᠢᠶᠡᠨ ᠲᠥᠪᠯᠡᠷᠡᠭᠦᠯᠦᠨ ᠥᠪᠡᠷ᠎ᠦᠨ ᠶᠠᠪᠤᠳᠠᠯ᠎ᠢᠶᠠᠨ ᠰᠠᠢᠲᠤᠷ ᠬᠢᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠤᠭ᠎ᠠ ᠦᠢᠯᠡᠰ᠎ᠢ ᠦᠷᠭᠦᠯᠵᠢᠯᠡᠨ ᠤᠷᠤᠬ᠍ᠰᠢ ᠠᠬᠢᠭᠤᠯᠬᠤ ᠬᠡᠷᠡᠭ᠌ᠲᠡᠢ ᠭᠡᠵᠦ ᠳᠤᠷᠠᠳᠤᠨ ᠭᠠᠷᠭᠠᠪᠠ᠃

ᠨᠠᠮ᠎ᠤᠨ ᠬᠣᠷᠢᠳᠤᠭᠠᠷ ᠶᠡᠬᠡ ᠬᠤᠷᠠᠯ᠎ᠡᠴᠡ ᠱᠢᠨ᠎ᠡ ᠴᠠᠭ ᠦᠶ᠎ᠡ ᠱᠢᠨ᠎ᠡ ᠠᠶᠠᠨ᠎ᠤ ᠨᠠᠮ᠎ᠤᠨ ᠭᠣᠣᠯ ᠡᠭᠦᠷᠭᠡ᠎ᠶ᠋ᠢ ᠲᠣᠭ᠍ᠲᠠᠭᠠᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠳᠦᠬᠡᠨ ᠪᠠᠢᠭᠤᠯᠬᠤ 《ᠬᠣᠶᠠᠷ ᠠᠯᠬᠤᠮ᠎ᠢᠶᠠᠷ ᠶᠠᠪᠤᠬᠤ》 ᠪᠠᠢᠯᠳᠤᠬᠤ ᠪᠤᠳᠤᠯᠭ᠎ᠠ᠎ᠶ᠋ᠢᠨ ᠲᠤᠬᠢᠷᠠᠭᠤᠯᠤᠯᠳᠠ ᠬᠢᠪᠡ᠃ ᠪᠦᠬᠦᠳᠡ ᠬᠤᠷᠠᠯ᠎ᠡᠴᠡ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠦᠨᠳᠦᠰᠦᠨ ᠪᠠᠢᠷᠢ ᠲᠣᠭ᠍ᠲᠠᠭᠠᠯᠲᠠ ᠪᠠ ᠱᠠᠳᠤᠴᠢ ᠴᠢᠨᠠᠷ᠎ᠤᠨ ᠱᠠᠭᠠᠷᠳᠠᠯᠭ᠎ᠠ᠎ᠶ᠋ᠢ ᠡᠵᠡᠮᠱᠢᠵᠦ᠍᠂ ᠢᠷᠡᠭᠡᠳᠦᠢ᠎ᠶ᠋ᠢᠨ 5 ᠵᠢᠯ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠱᠢᠰᠲ᠋ᠧᠮ᠎ᠲᠡᠶ ᠲᠥᠯᠥᠪᠵᠢᠭᠦᠯᠭᠡ ᠪᠠ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ ᠬᠢᠪᠡ᠃ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠪᠢᠳᠡ ᠭᠤᠤᠯ ᠡᠭᠦᠷᠭᠡ᠎ᠶ᠋ᠢᠨ ᠲᠣᠭᠣᠷᠢᠨ᠎ᠳᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠣᠨᠣᠪᠴᠢᠲᠠᠶ ᠪᠦᠬᠦ᠌ ᠲᠠᠯ᠎ᠠ᠎ᠪᠠᠷ ᠲᠤᠭᠤᠱᠢᠯᠠᠭᠤᠯᠤᠨ᠂ ᠲᠣᠭ᠍ᠲᠠᠭᠤᠨ᠎ᠤ ᠳᠤᠮᠳᠠ ᠠᠬᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠦ᠂ 《ᠲᠠᠪᠤ᠎ᠶ᠋ᠢ ᠨᠢᠭᠡ ᠴᠤᠭ᠍ᠴᠠᠵᠢᠭᠤᠯᠤᠬᠰᠠᠨ》 ᠶᠡᠷᠦᠩᠬᠡᠶ ᠪᠠᠢᠷᠢᠰᠢᠭᠤᠯᠤᠯᠳᠠ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠦ᠂ 《ᠳᠥᠷᠪᠡᠨ ᠪᠦᠬᠦ᠌ ᠲᠠᠯ᠎ᠠ》᠎ᠶᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠰᠢᠭᠤᠯᠤᠯᠳᠠ᠎ᠶ᠋ᠢ ᠵᠣᠬᠢᠴᠠᠭᠤᠯᠤᠨ ᠠᠬᠢᠭᠤᠯᠵᠦ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠦ᠂ ᠠᠵᠤ ᠠᠬᠤᠢ᠎ᠶ᠋ᠢᠨ ᠪᠦᠲᠦᠭᠡᠨ ᠪᠠᠢᠭᠤᠯᠤᠯᠲᠠ᠎ᠪᠠᠷ ᠭᠣᠣᠯᠳᠠᠯᠭ᠎ᠠ ᠪᠣᠯᠭᠠᠬᠤ᠎ᠶ᠋ᠢ ᠪᠠᠷᠢᠮᠲᠠᠯᠠᠨ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠪᠠᠷ ᠭᠤᠤᠯ ᠰᠡᠳᠦᠪ ᠪᠣᠯᠭᠠᠵᠦ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠪᠡᠷ ᠦᠨᠳᠦᠰᠦᠨ ᠬᠥᠳᠡᠯᠭᠡᠬᠦ᠌ ᠬᠦᠴᠦᠨ ᠪᠣᠯᠭᠠᠵᠦ᠂ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠬᠠᠩᠭᠠᠬᠤ᠎ᠪᠠᠷ ᠦᠨᠳᠦᠰᠦᠨ ᠵᠣᠷᠢᠯᠭ᠎ᠠ ᠪᠠᠨ ᠪᠣᠯᠭᠠᠨ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠪᠠᠷ ᠦᠨᠳᠦᠰᠦᠨ ᠪᠠᠲᠤᠯᠠᠭ᠎ᠠ ᠪᠣᠯᠭᠠᠵᠦ᠂ ᠠᠵᠤ ᠠᠬᠤᠶ᠎ᠶ᠋ᠢᠨ ᠶᠠᠰᠤ ᠴᠢᠨᠠᠷ᠎ᠤᠨ ᠪᠦᠲᠦᠮᠵᠢᠲᠡᠶ ᠳᠡᠭᠡᠭ᠌ᠰᠢᠯᠡᠯᠲᠡ ᠪᠠ ᠲᠤᠭ᠎ᠠ ᠬᠡᠮᠵᠢᠶᠡᠨ᠎ᠦ ᠵᠣᠬᠢᠰᠲᠠᠶ ᠨᠡᠮᠡᠭ᠌ᠳᠡᠯ᠎ᠢ ᠠᠬᠢᠭᠤᠯᠵᠦ᠂ ᠬᠥᠮᠦᠨ᠎ᠦ ᠪᠦᠬᠦ᠌ ᠲᠠᠯ᠎ᠠ᠎ᠶ᠋ᠢᠨ ᠬᠥᠭ᠌ᠵᠢᠯᠲᠡ᠂ ᠪᠦᠬᠦ᠌ ᠠᠷᠠᠳ ᠲᠦᠮᠡᠨ ᠬᠠᠮᠲᠤ᠎ᠪᠠᠷ ᠪᠠᠶᠠᠵᠢᠬᠤ ᠶᠠᠪᠤᠳᠠᠯ ᠯᠠᠪᠳᠠᠭᠤᠨ ᠪᠠᠲᠤᠲᠠᠢ ᠠᠯᠬᠤᠮ᠎ᠢ ᠠᠯᠬᠤᠬᠤ᠎ᠶᠢ ᠠᠬᠢᠭᠤᠯᠬᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠬᠤᠭᠤᠴᠠᠭ᠎ᠠ ᠶᠣᠰᠣᠭᠠᠷ ᠦᠨᠳᠦᠰᠦᠨ᠎ᠳᠡᠭᠡᠨ ᠪᠡᠶᠡᠯᠡᠭᠦᠯᠬᠦ᠌᠎ᠳᠦ ᠨᠡᠩ ᠪᠠᠲᠤ ᠪᠡᠬᠢ ᠰᠠᠭᠤᠷᠢ᠎ᠶ᠋ᠢ ᠲᠠᠯᠪᠢᠵᠤ ᠥᠭ᠌ᠭᠦ ᠬᠡᠷᠡᠭᠲᠡᠢ᠃

ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠬᠤ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠦᠨᠳᠦᠰᠦᠨ ᠪᠠᠲᠤᠯᠠᠭ᠎ᠠ ᠮᠥᠨ᠃ ᠪᠦᠬᠦᠳᠡ ᠬᠤᠷᠠᠯ᠎ᠡᠴᠡ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠡᠷᠬᠡᠪᠰᠢ ᠵᠢᠷᠤᠮᠯᠠᠬᠤ ᠵᠠᠷᠴᠢᠮ᠎ᠢ ᠲᠣᠳᠣᠷᠬᠠᠢ ᠲᠣᠭ᠍ᠲᠠᠭᠠᠪᠠ᠂ ᠡᠭᠦᠨ᠎ᠳᠦ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠬᠤ ᠪᠣᠯ ᠲᠡᠷᠢᠭᠦᠨ ᠪᠠᠢᠷᠢᠨ᠎ᠳᠤ ᠪᠤᠢ᠃ ᠨᠠᠮ᠎ᠤᠨ ᠲᠥᠪ ᠬᠤᠷᠢᠶ᠎ᠠ᠎ᠶᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠡᠷᠡᠰ ᠬᠠᠮᠠᠭᠠᠯᠠᠵᠤ᠂ ᠨᠠᠮ᠎ᠤᠨ ᠤᠳᠤᠷᠢᠳᠤᠯᠭ᠎ᠠ᠎ᠶ᠋ᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠡᠯ᠎ᠡ ᠲᠠᠯ᠎ᠠ ᠪᠦᠬᠦ᠌ ᠶᠠᠪᠤᠴᠠ᠎ᠳᠤ ᠲᠤᠭᠤᠱᠢᠯᠠᠭᠤᠯᠬᠤ ᠬᠡᠷᠡᠭ᠌ᠲᠡᠢ᠃ ᠨᠠᠮ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠤᠳᠤᠷᠢᠳᠭᠤ ᠴᠢᠳᠠᠪᠤᠷᠢ ᠪᠠ ᠲᠦᠪᠱᠢᠨ᠎ᠢ ᠳᠡᠭᠡᠭ᠌ᠰᠢᠯᠡᠭᠦᠯᠵᠦ᠍᠂ ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠬᠤ᠂ ᠴᠢᠨᠠᠷ ᠰᠠᠢᠲᠠᠢ ᠬᠥᠭ᠌ᠵᠢᠯᠲᠡ᠎ᠶ᠋ᠢ ᠪᠠᠷᠢᠮᠲᠠᠯᠠᠬᠤ᠂ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢ ᠪᠠᠷᠢᠮᠲᠠᠯᠠᠬᠤ᠂ ᠪᠦᠲᠦᠮᠵᠢᠲᠡᠢ ᠵᠠᠬ᠎ᠠ ᠳᠡᠯᠭᠡᠭᠦᠷ ᠪᠠ ᠪᠦᠲᠦᠮᠵᠢᠲᠡᠢ ᠵᠠᠰᠠᠭ᠎ᠤᠨ ᠣᠷᠳᠣᠨ᠎ᠢ ᠤᠶᠠᠯᠳᠤᠭᠤᠯᠬᠤ᠎ᠶ᠋ᠢ ᠪᠠᠷᠢᠮᠲᠠᠯᠠᠬᠤ᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠢ ᠲᠥᠯᠥᠪᠵᠢᠭᠦᠯᠬᠦ᠌᠎ᠶ᠋ᠢ ᠪᠠᠷᠢᠮᠲᠠᠯᠠᠬᠤ ᠵᠡᠷᠭᠡ ᠴᠢᠬᠤᠯᠠ ᠵᠠᠷᠴᠢᠮ᠎ᠢ ᠪᠠᠲᠤ ᠡᠵᠡᠮᠳᠡᠵᠦ᠍᠂ ᠠᠵᠤ ᠠᠬᠤᠢ᠎ᠶ᠋ᠢᠨ ᠦᠷᠭᠦᠯᠵᠢᠯᠡᠨ ᠡᠷᠡᠭᠦᠯ᠎ᠢᠶᠡᠷ ᠬᠥᠭ᠌ᠵᠢᠬᠦ᠌ ᠪᠠ ᠨᠡᠢᠭᠡᠮ᠎ᠦᠨ ᠪᠦᠬᠦ᠌ ᠲᠠᠯ᠎ᠠ᠎ᠶ᠋ᠢᠨ ᠲᠠᠪᠱᠢᠯᠳᠠ᠎ᠶ᠋ᠢ ᠠᠬᠢᠭᠤᠯᠵᠤ᠂ ᠣᠳᠣᠬᠢᠴᠢᠯᠠᠯᠳᠠ᠎ᠶᠢᠨ ᠪᠦᠳᠦᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠪᠦᠬᠦ᠌ ᠠᠷᠠᠳ ᠲᠦᠮᠡᠨ᠎ᠳᠦ ᠨᠡᠩ ᠤᠯᠠᠨ ᠨᠡᠩ ᠭᠣᠣᠯᠴᠢ᠎ᠪᠠᠷ ᠬᠦᠷᠲᠡᠭᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠬᠠᠮᠤᠭ᠎ᠤᠨ ᠨᠠᠢᠳᠠᠪᠤᠷᠢᠲᠠᠢ᠂ ᠬᠠᠮᠤᠭ᠎ᠤᠨ ᠭᠦᠨ ᠵᠤᠵᠠᠭᠠᠨ᠂ ᠬᠠᠮᠤᠭ᠎ᠤᠨ ᠤᠳᠠᠭᠠᠨ ᠳᠠᠭᠠᠭᠠᠮᠠᠭᠠᠢ ᠬᠦᠴᠦᠨ ᠴᠢᠳᠠᠯ᠎ᠤᠨ ᠡᠬᠢ ᠪᠤᠯᠠᠭ᠎ᠲᠠᠶ ᠪᠣᠯᠭᠠᠬᠤ ᠬᠡᠷᠡᠭ᠌ᠲᠡᠢ᠃

ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠪᠣᠯ ᠤᠷᠢᠳ ᠡᠮᠦᠨ᠎ᠡ ᠪᠠᠢᠭ᠎ᠠ ᠦᠭᠡᠢ ᠠᠭᠤᠤ ᠶᠡᠬᠡ ᠦᠢᠯᠡᠰ ᠮᠥᠨ᠃ ᠪᠦᠬᠦᠳᠡ ᠬᠤᠷᠠᠯ᠎ᠡᠴᠡ ᠵᠢᠷᠤᠭ᠍ᠯᠠᠭ᠍ᠰᠠᠨ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠵᠢᠷᠤᠭ ᠲᠥᠰᠦᠪ᠎ᠢ ᠪᠣᠳᠠᠲᠤ ᠠᠬᠤᠢ ᠪᠣᠯᠭᠠᠨ ᠬᠤᠪᠢᠷᠠᠭᠤᠯᠬᠤ᠎ᠳᠤ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠳᠤᠤᠭᠠᠷᠪᠠᠯ ᠲᠠᠭᠤ ᠨᠢᠭᠡᠲᠡᠢ ᠳᠤᠭ᠍ᠲᠤᠷᠪᠠᠯ ᠬᠦᠴᠦ᠍ ᠨᠢᠭᠡᠲᠡᠢ ᠪᠠᠢᠬᠤ ᠬᠡᠷᠡᠭ᠌ᠲᠡᠢ᠃ ᠪᠢᠳᠡ ᠰᠢ᠎ᠵᠢᠨ᠎ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠶᠢᠨ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ 《ᠬᠣᠶᠠᠷ᠎ᠢ ᠲᠣᠭ᠍ᠲᠠᠭᠠᠭᠰᠠᠨ》᠎ᠤ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》᠎ᠢᠶᠠᠨ ᠴᠢᠩᠭᠠᠳᠭᠠᠵᠤ᠂ 《ᠳᠥᠷᠪᠡᠨ ᠢᠲᠡᠭᠡᠯ 》᠎ᠢᠶᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》᠎ᠶᠢ ᠪᠡᠶᠡᠯᠡᠭᠦᠯᠵᠦ᠍᠂ ᠥᠷᠯᠥᠭᠡ ᠦᠳᠡᠰᠢ᠎ᠶ᠋ᠢ ᠲᠡᠮᠡᠴᠡᠨ᠂ ᠡᠷᠴᠢ ᠵᠤᠷᠢᠭ᠎ᠢᠶᠠᠨ ᠬᠦᠪᠴᠢᠯᠡᠨ ᠤᠷᠤᠭ᠍ᠰᠢᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠠᠶᠠᠨ᠎ᠳᠤ ᠨᠠᠩ ᠱᠢᠯᠢᠳᠡᠭ ᠬᠠᠷᠢᠭᠤᠯᠲᠠ᠎ᠶ᠋ᠢᠨ ᠬᠠᠭᠤᠳᠠᠰᠤ᠎ᠶ᠋ᠢ ᠲᠤᠱᠢᠶᠠᠰᠤᠭᠠᠢ !

ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 10 ᠰᠠᠷ᠎ᠠ᠎ᠶ᠋ᠢᠨ 23 ᠎ᠤ ᠴᠠᠬᠢᠯᠭᠠᠨ ᠮᠡᠳᠡᠭᠡ

ᠢᠷᠡᠯᠲᠡ᠄    