ᠲᠡᠷᠢᠭᠦᠨ ᠬᠠᠭᠤᠳᠠᠰᠤ   -   ᠴᠢᠬᠤᠯᠠ ᠮᠡᠳᠡᠭᠡ
《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠢᠩᠭᠢᠵᠦ᠍ ᠠᠵᠢᠯᠯᠠᠨ᠎ᠠ!
ᠨᠡᠶ᠋ᠢᠲᠡᠯᠡᠭᠰᠡᠨ ᠴᠠᠭ᠄ 2025-10-24

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯᠳᠤᠭᠠᠨ 2025 ᠣᠨ᠎ᠤ 10 ᠳ᠋ᠤᠭᠠᠷ ᠰᠠᠷ᠎ᠠ᠎ᠶᠢᠨ 20 ᠎ᠤ ᠡᠳᠦᠷ᠎ᠡᠴᠡ 23 ᠎ᠤ ᠡᠳᠦᠷ ᠪᠣᠯᠲᠠᠯ᠎ᠠ ᠪᠡᠭᠡᠵᠢᠩ᠎ᠳᠦ ᠬᠤᠷᠠᠯᠳᠤᠪᠠ᠃ 

ᠪᠥᠬᠥᠳᠡ ᠬᠤᠷᠠᠯᠳᠤᠭᠠᠨ᠎ᠢ ᠲᠥᠪ ᠬᠣᠷᠢᠶᠠᠨ᠎ᠤ ᠤᠯᠤᠰ ᠲᠦᠷᠦ᠎ᠶᠢᠨ ᠲᠣᠪᠴᠢᠶ᠎ᠠ ᠡᠷᠬᠢᠯᠡᠪᠡ᠃ ᠲᠥᠪ ᠬᠣᠷᠢᠶᠠᠨ᠎ᠤ ᠶᠡᠷᠦᠩᠬᠡᠢ ᠱᠦᠵᠢ ᠰᠢ᠎ᠵᠢᠨ᠎ᠫᠢᠩ ᠴᠢᠬᠤᠯᠠ ᠶᠠᠷᠢᠶ᠎ᠠ ᠲᠠᠯᠪᠢᠪᠠ᠃ 

ᠬᠢᠨᠠᠨ ᠶᠠᠷᠢᠯᠴᠠᠵᠤ ᠪᠠᠲᠤᠯᠠᠪᠠ

ᠪᠥᠬᠥᠳᠡ ᠬᠤᠷᠠᠯ᠎ᠠᠴᠠ ᠰᠢ᠎ᠵᠢᠨ᠎ᠫᠢᠩ᠎ᠦᠨ ᠲᠥᠪ ᠬᠣᠷᠢᠶᠠᠨ᠎ᠤ ᠤᠯᠤᠰ ᠲᠦᠷᠦ᠎ᠶᠢᠨ ᠲᠣᠪᠴᠢᠶᠠᠨ᠎ᠤ ᠨᠠᠶ᠋ᠢᠳᠠᠯᠭ᠎ᠠ᠎ᠪᠠᠷ ᠬᠢᠭᠰᠡᠨ ᠠᠵᠢᠯ᠎ᠤᠨ ᠢᠯᠡᠳᠬᠡᠯ᠎ᠢ ᠰᠣᠨᠣᠰᠤᠨ ᠶᠠᠷᠢᠯᠴᠠᠵᠤ᠂ 《ᠤᠯᠤᠰ ᠠᠷᠠᠳ᠎ᠤᠨ ᠠᠵᠤ ᠠᠬᠤᠢ ᠪᠣᠯᠣᠨ ᠨᠡᠢᠭᠡᠮ᠎ᠦᠨ ᠬᠥᠭᠵᠢᠯᠲᠡ᠎ᠶᠢᠨ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶ᠋ᠢ ᠲᠣᠭᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠠᠨᠠᠭᠤᠯᠭ᠎ᠠ》᠎ᠶᠢ ᠬᠢᠨᠠᠨ ᠶᠠᠷᠢᠯᠴᠠᠵᠤ ᠪᠠᠲᠤᠯᠠᠪᠠ᠃    《ᠰᠠᠨᠠᠭᠤᠯᠭ᠎ᠠ (ᠶᠠᠷᠢᠯᠴᠠᠬᠤ ᠨᠣᠣᠷᠠᠭ)》᠎ᠶᠢᠨ ᠲᠤᠬᠠᠢ ᠪᠥᠬᠥᠳᠡ ᠬᠤᠷᠠᠯ᠎ᠳᠤ ᠲᠣᠳᠣᠷᠬᠠᠢᠯᠠᠯᠲᠠ ᠬᠢᠪᠡ᠃ 

ᠵᠠᠩᠭᠢᠯᠠᠭ᠎ᠠ᠎ᠶᠢᠨ ᠬᠤᠭᠤᠴᠠᠭ᠎ᠠ

《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭ᠎ᠠ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠤ᠎ᠪᠠᠨ ᠪᠡᠶᠡᠯᠡᠭᠦᠯᠬᠦ᠎ᠳᠦ ᠰᠠᠭᠤᠷᠢ᠎ᠶ᠋ᠢ ᠪᠠᠲᠤᠳᠭᠠᠬᠤ᠂ ᠪᠦᠬᠦ ᠲᠠᠯ᠎ᠠ᠎ᠪᠠᠷ ᠬᠦᠴᠦᠯᠡᠬᠦ ᠵᠠᠩᠭᠢᠯᠠᠭ᠎ᠠ᠎ᠶᠢᠨ ᠬᠤᠭᠤᠴᠠᠭ᠎ᠠ ᠮᠥᠨ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠤ᠎ᠪᠠᠨ ᠪᠡᠶᠡᠯᠡᠭᠦᠯᠬᠦ ᠠᠬᠢᠴᠠ ᠳᠤᠮᠳᠠ ᠤᠷᠢᠳᠤᠬᠢ᠎ᠶᠢ ᠵᠠᠯᠭᠠᠮᠵᠢᠯᠠᠨ ᠢᠷᠡᠭᠡᠳᠦᠢ᠎ᠶᠢ ᠨᠡᠭᠡᠭᠡᠬᠦ ᠴᠢᠬᠤᠯᠠ ᠪᠠᠢᠷᠢ ᠰᠠᠭᠤᠷᠢ᠎ᠲᠠᠢ ᠶᠤᠮ᠃ 

《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠮᠠᠨ᠎ᠤ ᠤᠯᠤᠰ᠎ᠤᠨ ᠬᠥᠭᠵᠢᠯᠲᠡ᠎ᠶᠢᠨ ᠣᠷᠴᠢᠨ ᠨᠥᠬᠥᠴᠡᠯ᠎ᠳᠦ ᠭᠦᠨᠵᠡᠭᠡᠢ ᠪᠥᠭᠡᠳ ᠪᠤᠳᠤᠯᠢᠶᠠᠨᠲᠠᠢ ᠬᠤᠪᠢᠷᠠᠯᠲᠠ ᠲᠤᠯᠭᠠᠷᠠᠬᠤ ᠪᠣᠯᠣᠨ᠎ᠠ᠂ ᠮᠠᠨ᠎ᠤ ᠤᠯᠤᠰ᠎ᠤᠨ ᠬᠥᠭᠵᠢᠯᠲᠡ ᠪᠠᠢᠯᠳᠤᠬᠤ ᠪᠣᠳᠣᠯᠭ᠎ᠠ᠎ᠶᠢᠨ ᠲᠣᠬᠢᠶᠠᠯ ᠪᠠ ᠲᠦᠭ᠌ᠰᠢᠭᠦᠷᠢ ᠱᠢᠯᠭᠠᠯᠲᠠ ᠵᠡᠷᠭᠡ᠎ᠪᠡᠷ ᠣᠷᠣᠱᠢᠬᠣ᠂ ᠮᠠᠭᠠᠳ ᠪᠤᠰᠤ ᠪᠠ ᠲᠥᠰᠥᠭᠡᠯᠡᠬᠦᠶ᠎ᠡ ᠪᠡᠷᠬᠡ ᠬᠦᠴᠦᠨ ᠵᠦᠢᠯ᠎ᠤᠳ ᠨᠡᠮᠡᠭᠳᠡᠬᠦ ᠴᠠᠭ ᠬᠤᠭᠤᠴᠠᠭ᠎ᠠ᠎ᠳᠤ ᠣᠷᠣᠱᠢᠬᠤ ᠪᠣᠯᠣᠨ᠎ᠠ᠃ 

ᠮᠠᠨ᠎ᠤ ᠤᠯᠤᠰ᠎ᠤᠨ ᠠᠵᠤ ᠠᠬᠤᠢ᠎ᠶᠢᠨ ᠰᠠᠭᠤᠷᠢ ᠲᠣᠭᠲᠠᠭᠤᠨ᠂ ᠳᠠᠪᠠᠭᠤᠯᠢᠭ᠋ ᠤᠯᠠᠨ᠂ ᠤᠶᠠᠨ ᠬᠠᠳᠠᠨ ᠴᠢᠨᠠᠷ ᠴᠢᠩᠭ᠎ᠠ᠂ ᠲᠠᠯᠳᠠ ᠴᠢᠳᠠᠪᠤᠷᠢ ᠶᠡᠬᠡ ᠪᠠᠢᠵᠤ᠂ ᠤᠷᠳᠤ ᠬᠤᠭᠤᠴᠠᠭ᠎ᠠ᠎ᠪᠠᠷ ᠰᠠᠢᠵᠢᠷᠠᠬᠤ᠎ᠶᠢᠨ ᠲᠤᠯᠭᠠᠭᠤᠷᠢᠯᠠᠬᠤ ᠨᠥᠬᠥᠴᠡᠯ ᠪᠠ ᠦᠨᠳᠦᠰᠦᠨ ᠬᠠᠨᠳᠤᠰᠢ ᠬᠤᠪᠢᠷᠠᠭ᠎ᠠ ᠦᠭᠡᠢ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠤᠨ ᠳᠠᠪᠠᠭᠤᠯᠢᠭ᠋᠂ ᠬᠡᠳᠦ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠎ᠦᠨ ᠳᠠᠪᠠᠭᠤᠯᠢᠭ᠋᠂ ᠪᠦᠷᠢᠨ ᠪᠦᠲᠦᠨ ᠠᠵᠤ ᠦᠢᠯᠡᠰ᠎ᠦᠨ ᠲᠣᠭ᠍ᠲᠠᠯᠴᠠᠭᠠᠨ᠎ᠤ ᠳᠠᠪᠠᠭᠤᠯᠢᠭ᠂ ᠡᠯᠪᠡᠭ ᠶᠡᠬᠡ ᠴᠢᠳᠠᠪᠤᠷᠢᠲᠠᠨ᠎ᠤ ᠡᠬᠢ ᠪᠠᠶᠠᠯᠢᠭ᠎ᠤᠨ ᠳᠠᠪᠠᠭᠤᠯᠢᠭ ᠨᠡᠩ ᠢᠯᠡ ᠲᠣᠳᠣ ᠪᠠᠢᠨ᠎ᠠ᠃ 

ᠵᠢᠯᠤᠭᠣᠳᠬᠤ ᠦᠵᠡᠯ ᠰᠠᠨᠠᠭ᠎ᠠ ᠪᠠ ᠱᠠᠭᠠᠷᠳᠠᠯᠭ᠎ᠠ 

《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠳᠤ᠂ ᠡᠷᠬᠡᠪᠰᠢ ᠮᠠᠷᠺᠰ ᠯᠧᠨᠢᠨ᠎ᠦ ᠦᠵᠡᠯ᠂ ᠮᠠᠤ ᠽᠧ ᠳ᠋ᠦᠩ᠎ᠦᠨ ᠦᠵᠡᠯ ᠰᠠᠨᠠᠭ᠎ᠠ᠂ ᠳ᠋ᠧᠩ ᠰᠢᠶᠣᠣ ᠫᠢᠩ᠎ᠦᠨ ᠣᠨᠣᠯ᠂ 《ᠭᠤᠷᠪᠠ᠎ᠶᠢ ᠲᠥᠯᠥᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ᠎ᠶᠢᠨ ᠦᠵᠡᠯᠲᠡ᠎ᠶ᠋ᠢ ᠪᠠᠷᠢᠮᠲᠠᠯᠠᠵᠤ᠂   ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠱᠢᠯᠠᠭᠤᠯᠤᠨ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠤᠳᠠᠭ᠎ᠠ ᠪᠦᠷᠢ᠎ᠶᠢᠨ ᠪᠦᠬᠦᠳᠡ ᠬᠤᠷᠠᠯᠳᠤᠭᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠱᠢᠯᠠᠭᠤᠯᠵᠤ᠂ ᠨᠡᠢᠭᠡᠮ ᠵᠢᠷᠤᠮ᠎ᠤᠨ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠯ᠎ᠦᠨ ᠬᠠᠷᠠᠯᠲᠠ᠎ᠶᠢ ᠪᠡᠶᠡᠯᠡᠭᠦᠯᠬᠦ᠎ᠶᠢᠨ ᠲᠣᠭᠣᠷᠢᠨ᠎ᠳᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠦᠬᠦ ᠲᠠᠯ᠎ᠠ᠎ᠪᠠᠷ ᠠᠬᠢᠭᠤᠯᠬᠤ ᠬᠡᠷᠡᠭᠲᠡᠢ 

《ᠲᠠᠪᠤ᠎ᠶᠢ ᠨᠢᠭᠡ ᠴᠣᠭᠴᠠᠵᠢᠭᠤᠯᠬᠤ》 ᠶᠡᠷᠦᠩᠬᠡᠢ ᠪᠠᠢᠷᠢᠯᠠᠭᠤᠯᠤᠯᠲᠠ᠎ᠶ᠋ᠢ ᠨᠢᠭᠡᠳᠦᠯᠲᠡᠢ ᠲᠦᠯᠦᠪᠯᠡᠨ ᠠᠬᠢᠭᠤᠯᠬᠤ ᠬᠡᠷᠡᠭ᠌ᠲᠡᠢ

《ᠳᠦᠷᠪᠡᠨ ᠪᠦᠬᠦ ᠲᠠᠯ᠎ᠠ》ᠵᠢᠨ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ᠎ᠶ᠋ᠢ ᠵᠣᠬᠢᠴᠠᠩᠭᠤᠢ᠎ᠪᠠᠷ ᠠᠬᠢᠭᠤᠯᠬᠤ ᠬᠡᠷᠡᠭ᠌ᠲᠡᠢ

ᠤᠯᠤᠰ᠎ᠤᠨ ᠳᠣᠲᠣᠭᠠᠳᠤ ᠭᠠᠳᠠᠭᠠᠳᠤ᠎ᠶᠢᠨ ᠬᠣᠶᠠᠷ ᠶᠡᠬᠡ ᠲᠠᠯ᠎ᠠ᠎ᠶᠢ ᠨᠢᠭᠡᠳᠦᠯᠲᠡᠢ ᠲᠥᠯᠥᠪᠯᠡᠬᠦ ᠬᠡᠷᠡᠭ᠌ᠲᠡᠢ 

ᠰᠢᠨ᠎ᠡ ᠬᠥᠭᠵᠢᠯᠲᠡ᠎ᠶᠢᠨ ᠣᠨᠣᠯᠵᠢᠬᠤᠨ᠎ᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ᠎ᠪᠠᠷ ᠲᠤᠭᠤᠱᠢᠯᠠᠭᠤᠯᠬᠤ ᠬᠡᠷᠡᠭ᠌ᠲᠡᠢ

ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠲᠦᠷᠭᠡᠳᠬᠡᠨ ᠪᠠᠢᠭᠤᠯᠬᠤ ᠬᠡᠷᠡᠭ᠌ᠲᠡᠢ

ᠲᠣᠭᠲᠠᠭᠤᠨ ᠪᠠᠢᠯᠭᠠᠬᠤ᠎ᠶ᠋ᠢᠨ ᠳᠠᠭᠠᠤ ᠤᠷᠤᠭᠰᠢᠯᠠᠭᠤᠯᠬᠤ ᠠᠵᠢᠯ᠎ᠤᠨ ᠶᠡᠷᠦᠩᠬᠡᠢ ᠬᠥᠭ ᠠᠶᠠᠰ᠎ᠢ ᠪᠠᠷᠢᠮᠲᠠᠯᠠᠬᠤ ᠬᠡᠷᠡᠭ᠌ᠲᠡᠢ

ᠠᠵᠤ ᠠᠬᠤᠢ᠎ᠶᠢᠨ ᠪᠦᠲᠦᠭᠡᠨ ᠪᠠᠢᠭᠤᠯᠤᠯᠲᠠ᠎ᠪᠠᠷ ᠭᠣᠣᠯᠳᠠᠯᠭ᠎ᠠ ᠪᠣᠯᠭᠠᠬᠤ᠎ᠶᠢ ᠪᠠᠷᠢᠮᠲᠠᠯᠠᠬᠤ ᠬᠡᠷᠡᠭᠲᠡᠢ 

ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠪᠠᠷ ᠭᠣᠣᠯ ᠰᠡᠳᠦᠪ ᠪᠣᠯᠭᠠᠬᠤ ᠬᠡᠷᠡᠭ᠌ᠲᠡᠢ

ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ᠎ᠪᠡᠷ ᠦᠨᠳᠦᠰᠦᠨ ᠬᠦᠳᠡᠯᠭᠡᠭ᠌ᠴᠢ ᠬᠦᠴᠦᠨ ᠪᠣᠯᠭᠠᠬᠤ ᠬᠡᠷᠡᠭᠲᠡᠢ

ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭᠴᠡᠭᠡ᠎ᠶᠢ ᠬᠠᠩᠭᠠᠬᠤ᠎ᠪᠠᠷ ᠦᠨᠳᠦᠰᠦᠨ ᠵᠣᠷᠢᠯᠭ᠎ᠠ ᠪᠣᠯᠭᠠᠬᠤ ᠬᠡᠷᠡᠭ᠌ᠲᠡᠢ

ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠪᠠᠷ ᠦᠨᠳᠦᠰᠦᠨ ᠪᠠᠲᠤᠯᠠᠭ᠎ᠠ ᠪᠣᠯᠭᠠᠬᠤ ᠬᠡᠷᠡᠭᠲᠡᠢ

ᠠᠵᠤ ᠠᠬᠤᠢ᠎ᠶᠢᠨ ᠶᠠᠰᠤ ᠴᠢᠨᠠᠷ᠎ᠤᠨ ᠪᠦᠲᠦᠮᠵᠢᠲᠡᠶ ᠳᠡᠭᠡᠭ᠌ᠰᠢᠯᠡᠯᠲᠡ ᠪᠠ ᠲᠣᠭ᠎ᠠ ᠬᠡᠮᠵᠢᠶᠡᠨ᠎ᠦ ᠵᠣᠬᠢᠰᠲᠠᠢ ᠨᠡᠮᠡᠭ᠌ᠳᠡᠯ᠎ᠢ ᠪᠡᠶᠡᠯᠡᠭᠦᠯᠬᠦ᠌᠎ᠶ᠋ᠢ ᠠᠬᠢᠭᠤᠯᠬᠤ ᠬᠡᠷᠡᠭ᠌ᠲᠡᠢ

ᠬᠥᠮᠥᠨ᠎ᠦ ᠪᠦᠬᠦ ᠲᠠᠯ᠎ᠠ᠎ᠶ᠋ᠢᠨ ᠬᠥᠭᠵᠢᠯᠲᠡ᠂ ᠪᠦᠬᠦ ᠠᠷᠠᠳ ᠲᠦᠮᠡᠨ᠎ᠦ ᠬᠠᠮᠲᠤ᠎ᠶ᠋ᠢᠨ ᠴᠢᠨᠡᠭᠡᠯᠢᠭ᠌ᠵᠢᠯᠲᠡ ᠯᠠᠪᠳᠠᠭᠤᠨ ᠪᠠᠲᠤᠲᠠᠢ ᠠᠯᠬᠤᠮ᠎ᠢ ᠠᠯᠬᠤᠬᠤ᠎ᠶ᠋ᠢ ᠠᠬᠢᠭᠤᠯᠬᠤ ᠬᠡᠷᠡᠭ᠌ᠲᠡᠢ

ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠤ᠎ᠪᠠᠨ ᠪᠡᠶᠡᠯᠡᠭᠦᠯᠬᠦ᠎ᠳᠦ ᠰᠢᠢᠳᠪᠦᠷᠢᠯᠡᠭᠴᠢ ᠴᠢᠨᠠᠷᠲᠠᠢ ᠠᠬᠢᠯᠲᠠ ᠲᠠᠢ ᠪᠣᠯᠭᠠᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ

ᠵᠢᠷᠤᠮᠯᠠᠬᠤ ᠵᠠᠷᠴᠢᠮ

《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠡᠷᠬᠡᠪᠰᠢ ᠳᠣᠣᠷᠠᠬᠢ ᠵᠠᠷᠴᠢᠮ᠎ᠤᠳ᠎ᠢ ᠵᠢᠷᠤᠮᠯᠠᠬᠤ ᠬᠡᠷᠡᠭᠲᠡᠢ᠄ 

ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠬᠤ ᠬᠡᠷᠡᠭ᠌ᠲᠡᠢ 

ᠠᠷᠠᠳ ᠲᠦᠮᠡᠨ᠎ᠢ ᠳᠡᠭᠡᠳᠦᠯᠡᠬᠦ᠎ᠶᠢ ᠪᠠᠷᠢᠮᠲᠠᠯᠠᠬᠤ ᠬᠡᠷᠡᠭᠲᠡᠢ 

ᠴᠢᠨᠠᠷ ᠰᠠᠢᠲᠠᠢ ᠬᠥᠭᠵᠢᠯᠲᠡ᠎ᠶᠢ ᠪᠠᠷᠢᠮᠲᠠᠯᠠᠬᠤ ᠬᠡᠷᠡᠭᠲᠡᠢ

ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢ ᠪᠠᠷᠢᠮᠲᠠᠯᠠᠬᠤ ᠬᠡᠷᠡᠭᠲᠡᠢ 

ᠪᠦᠲᠦᠮᠵᠢᠲᠡᠶ ᠵᠠᠬ᠎ᠠ ᠳᠡᠯᠭᠡᠭᠦᠷ ᠪᠠ ᠵᠢᠳᠬᠦᠯ ᠴᠢᠷᠮᠠᠢᠯᠭ᠎ᠠ᠎ᠲᠠᠢ ᠵᠠᠰᠠᠭ᠎ᠤᠨ ᠣᠷᠳᠣᠨ᠎ᠢ ᠤᠶᠠᠯᠳᠤᠭᠤᠯᠬᠤ᠎ᠶᠢ ᠪᠠᠷᠢᠮᠲᠠᠯᠠᠬᠤ ᠬᠡᠷᠡᠭᠲᠡᠢ

ᠬᠥᠭ᠌ᠵᠢᠯᠲᠡ ᠪᠠ ᠪᠠ ᠠᠮᠤᠷ ᠲᠦᠪᠰᠢᠨ᠎ᠢ ᠨᠢᠭᠡᠲᠦᠯᠲᠡᠢ ᠲᠥᠯᠥᠪᠯᠡᠬᠦ᠌᠎ᠶ᠋ᠢ ᠪᠠᠷᠢᠮᠲᠠᠯᠠᠬᠤ ᠬᠡᠷᠡᠭᠲᠡᠢ

ᠭᠣᠣᠯ ᠬᠠᠷᠠᠯᠲᠠ 

《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠭᠣᠣᠯ ᠬᠠᠷᠠᠯᠲᠠ᠄ 

ᠴᠢᠨᠠᠷ ᠰᠠᠢᠲᠠᠢ ᠬᠥᠭᠵᠢᠯᠲᠡ᠎ᠳᠦ ᠢᠯᠡᠳᠲᠡ ᠦᠷ᠎ᠡ ᠪᠦᠲᠦᠮᠵᠢ ᠣᠯᠵᠤ᠂ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠭᠦᠯᠬᠦ ᠬᠢᠷᠢ ᠲᠦᠪᠰᠢᠨ᠎ᠢ ᠶᠡᠬᠡ᠎ᠪᠡᠷ ᠳᠡᠭᠡᠭ᠌ᠰᠢᠯᠡᠭᠦᠯᠵᠦ᠍᠂ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢᠷᠡᠭᠦᠯᠬᠦ᠎ᠶ᠋ᠢ ᠰᠢᠨ᠎ᠡ ᠰᠢᠪᠲᠤᠯᠤᠯᠲᠠ᠎ᠲᠠᠢ ᠪᠣᠯᠭᠠᠵᠤ᠂ ᠨᠡᠢᠭᠡᠮ᠎ᠦᠨ ᠪᠣᠯᠪᠠᠰᠤᠨ᠎ᠤ ᠲᠦᠪᠱᠢᠨ᠎ᠢ ᠢᠯᠡᠳᠲᠡ ᠳᠡᠭᠡᠭ᠌ᠰᠢᠯᠡᠭᠦᠯᠵᠦ᠂ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠲᠠᠰᠤᠷᠠᠯᠳᠡ ᠦᠭᠡᠢ ᠳᠡᠭᠡᠭ᠌ᠰᠢᠯᠡᠭᠦᠯᠦᠨ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢ ᠴᠢᠬᠤᠯᠠ ᠶᠡᠬᠡ ᠰᠢᠨ᠎ᠡ ᠠᠬᠢᠯᠲᠠ ᠲᠠᠢ ᠪᠣᠯᠭᠠᠵᠤ᠂ ᠤᠯᠤᠰ᠎ᠤᠨ ᠠᠮᠤᠷ ᠲᠦᠪᠰᠢᠨ᠎ᠦ ᠬᠠᠯᠬᠠᠪᠴᠢ᠎ᠶᠢ ᠨᠡᠩ ᠪᠡᠬᠢᠵᠢᠭᠦᠯᠦᠨ᠎ᠡ᠃ 

ᠡᠭᠦᠨ᠎ᠦ ᠰᠠᠭᠤᠷᠢᠨ ᠳᠡᠭᠡᠷ᠎ᠡ ᠲᠠᠬᠢᠭᠠᠳ ᠲᠠᠪᠤᠨ ᠵᠢᠯ ᠲᠡᠮᠡᠴᠡᠵᠦ᠂ 2035 ᠣᠨ ᠪᠣᠯᠬᠤ᠎ᠳᠤ ᠮᠠᠨ᠎ᠤ ᠤᠯᠤᠰ᠎ᠤᠨ ᠠᠵᠤ ᠠᠬᠤᠢ᠎ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠪᠣᠳᠠᠲᠤ ᠬᠦᠴᠦᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠪᠣᠳᠠᠲᠤ ᠬᠦᠴᠦᠨ᠂ ᠤᠯᠤᠰ᠎ᠤᠨ ᠶᠡᠷᠦᠩᠬᠡᠢ ᠬᠦᠴᠦᠨ ᠪᠠ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ᠎ᠢ ᠶᠡᠬᠡ᠎ᠪᠡᠷ ᠳᠡᠭᠡᠭᠰᠢᠯᠡᠭᠦᠯᠵᠦ᠂ ᠤᠯᠤᠰ᠎ᠤᠨ ᠳᠣᠲᠣᠭᠠᠳᠤ᠎ᠳᠡᠬᠢ ᠬᠥᠮᠥᠨ ᠳᠤᠮᠳᠠᠴᠢ ᠦᠢᠯᠡᠳᠪᠦᠷᠢᠯᠡᠯ᠎ᠦᠨ ᠪᠦᠬᠦ ᠦᠷᠳᠡᠭ᠎ᠢ ᠳᠤᠮᠳᠠ ᠵᠡᠷᠭᠡ᠎ᠶᠢᠨ ᠬᠥᠭᠵᠢᠭᠰᠡᠨ ᠤᠯᠤᠰ᠎ᠤᠨ ᠬᠢᠷᠢ ᠲᠦᠪᠱᠢᠨ᠎ᠳᠦ ᠬᠦᠷᠭᠡᠵᠦ᠂ ᠠᠷᠠᠳ᠎ᠤᠨ ᠠᠮᠢᠳᠤᠷᠠᠯ᠎ᠢ ᠨᠡᠩ ᠵᠣᠯ ᠵᠢᠷᠭᠠᠯ᠎ᠲᠠᠢ ᠰᠠᠢᠨ ᠰᠠᠢᠬᠠᠨ ᠪᠣᠯᠭᠠᠵᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢ ᠦᠨᠳᠦᠰᠦᠨ᠎ᠳᠤ᠎ᠪᠠᠨ ᠪᠡᠶᠡᠯᠡᠭᠦᠯᠦᠨ᠎ᠡ᠃ 

ᠪᠥᠬᠥᠳᠡ ᠬᠤᠷᠠᠯᠳᠤᠭᠠᠨ᠎ᠢᠶᠠᠷ ᠳᠤᠷᠠᠳᠤᠨ ᠭᠠᠷᠭᠠᠭ᠍ᠰᠠᠨ ᠨᠢ

ᠣᠳᠣᠬᠢᠴᠢᠯᠠᠭᠰᠠᠨ ᠠᠵᠤ ᠦᠢᠯᠡᠰ᠎ᠦᠨ ᠲᠣᠭ᠍ᠲᠠᠯᠴᠠᠭ᠎ᠠ᠎ᠶ᠋ᠢ ᠪᠠᠢᠭᠤᠯᠵᠤ᠂ ᠪᠣᠳᠠᠲᠤ ᠴᠣᠭᠴᠠ᠎ᠶᠢᠨ ᠠᠵᠤ ᠠᠬᠤᠢ᠎ᠶᠢᠨ ᠰᠠᠭᠤᠷᠢ᠎ᠶᠢ ᠪᠡᠬᠢᠵᠢᠭᠦᠯᠦᠨ ᠪᠤᠵᠠᠭᠠᠢᠷᠠᠭᠤᠯᠤᠨ᠎ᠠ᠃ 

ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠨ ᠬᠦᠴᠦᠷᠬᠡᠭᠵᠢᠬᠦ᠎ᠶᠢ ᠲᠦᠷᠭᠡᠳᠬᠡᠵᠦ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢ ᠬᠥᠲᠥᠯᠥᠨ ᠵᠢᠯᠣᠭᠣᠳᠤᠨ᠎ᠠ᠃ 

ᠤᠯᠤᠰ᠎ᠤᠨ ᠳᠣᠲᠣᠭᠠᠳᠤ᠎ᠶᠢᠨ ᠬᠦᠴᠦᠷᠬᠡᠭ ᠶᠡᠬᠡ ᠵᠠᠬ᠎ᠠ ᠳᠡᠯᠭᠡᠭᠦᠷ᠎ᠢ ᠪᠠᠢᠭᠤᠯᠵᠤ᠂ ᠰᠢᠨ᠎ᠡ ᠬᠥᠭᠵᠢᠯᠲᠡ᠎ᠶᠢᠨ ᠪᠠᠢᠷᠢᠰᠢᠯ᠎ᠢ ᠲᠦᠷᠭᠡᠳᠭᠡᠨ ᠪᠠᠢᠭᠤᠯᠤᠨ᠎ᠠ᠃ 

ᠥᠨᠳᠥᠷ ᠲᠦᠪᠰᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠯ᠎ᠢ ᠲᠦᠷᠭᠡᠳᠬᠡᠨ ᠪᠠᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢᠨ ᠬᠦᠳᠡᠯᠭᠡᠭ᠌ᠴᠢ ᠬᠦᠴᠦᠨ᠎ᠢ ᠴᠢᠩᠭᠠᠷᠠᠭᠤᠯᠤᠨ᠎ᠠ᠃

ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢ ᠥᠷᠭᠡᠳᠬᠡᠵᠦ᠂ ᠬᠠᠮᠲᠤᠷᠠᠨ ᠠᠵᠢᠯᠯᠠᠵᠤ ᠬᠠᠮᠲᠤ᠎ᠪᠠᠷ ᠠᠰᠢᠭ᠋ ᠬᠦᠷᠳᠡᠬᠦ ᠰᠢᠨ᠎ᠡ ᠪᠠᠢᠳᠠᠯ᠎ᠢ ᠪᠤᠢ ᠪᠣᠯᠭᠠᠨ᠎ᠠ᠃ 

ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ᠎ᠶᠢ ᠲᠦᠷᠭᠡᠳᠬᠡᠵᠦ᠂ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠯᠠᠪᠳᠠᠭᠤᠨ ᠪᠠᠲᠤᠲᠠᠢ ᠠᠬᠢᠭᠤᠯᠤᠨ᠎ᠠ᠃ 

ᠣᠷᠣᠨ ᠪᠦᠰᠡ᠎ᠶᠢᠨ ᠠᠵᠤ ᠠᠬᠤᠢ᠎ᠶᠢᠨ ᠪᠠᠢᠷᠢᠯᠠᠭᠤᠯᠤᠯᠲᠠ᠎ᠶ᠋ᠢ ᠰᠢᠯᠢᠳᠡᠭᠵᠢᠭᠦᠯᠵᠦ᠂ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢ ᠠᠬᠢᠭᠤᠯᠤᠨ᠎ᠠ᠃ 

ᠪᠦᠬᠦ ᠦᠨᠳᠦᠰᠦᠲᠡᠨ᠎ᠦ ᠰᠣᠶᠣᠯ᠎ᠤᠨ ᠰᠢᠨ᠎ᠡ᠎ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠨᠡᠢᠭᠡᠮ ᠵᠢᠷᠤᠮ᠎ᠤᠨ ᠰᠣᠶᠣᠯ᠎ᠢ ᠴᠡᠴᠡᠭᠯᠡᠭᠦᠯᠦᠨ ᠬᠥᠭᠵᠢᠭᠦᠯᠦᠨ᠎ᠡ᠃ 

ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢᠶᠡᠨ ᠴᠢᠩᠭᠠᠷᠠᠭᠤᠯᠵᠤ᠂ ᠪᠦᠬᠦ ᠠᠷᠠᠳ ᠲᠦᠮᠡᠨ᠎ᠦ ᠬᠠᠮᠲᠤ᠎ᠶ᠋ᠢᠨ ᠴᠢᠨᠡᠭᠡᠯᠢᠭ᠌ᠵᠢᠯᠲᠡ᠎ᠶ᠋ᠢ ᠯᠠᠪᠳᠠᠭᠤᠨ ᠪᠠᠲᠤᠲᠠᠢ ᠠᠬᠢᠭᠤᠯᠤᠨ᠎ᠠ᠃ 

ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠦᠬᠦ ᠲᠠᠯ᠎ᠠ᠎ᠪᠠᠷ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠲᠦᠷᠭᠡᠳᠬᠡᠵᠦ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠢ ᠪᠦᠲᠦᠭᠡᠨ ᠪᠠᠢᠭᠤᠯᠤᠨ᠎ᠠ᠃ 

ᠤᠯᠤᠰ᠎ᠤᠨ ᠠᠮᠤᠷ ᠲᠦᠪᠰᠢᠨ᠎ᠦ ᠲᠣᠭ᠍ᠲᠠᠯᠴᠠᠭ᠎ᠠ ᠪᠠ ᠴᠢᠳᠠᠪᠤᠷᠢ᠎ᠶᠢᠨ ᠣᠳᠣᠬᠢᠴᠢᠯᠠᠯᠲᠠ᠎ᠶᠢ ᠠᠬᠢᠭᠤᠯᠵᠤ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ᠎ᠢ ᠪᠦᠲᠦᠭᠡᠨ ᠪᠠᠢᠭᠤᠯᠤᠨ᠎ᠠ᠃ 

ᠴᠡᠷᠢᠭ ᠪᠠᠢᠭᠤᠯᠤᠭᠳᠠᠭᠰᠠᠨ ᠵᠠᠭᠤᠨ ᠵᠢᠯ᠎ᠦᠨ ᠲᠡᠮᠡᠴᠡᠯ᠎ᠦᠨ ᠬᠠᠷᠠᠯᠲᠠ᠎ᠶᠢ ᠲᠣᠭ᠍ᠲᠠᠭ᠍ᠰᠠᠨ ᠬᠤᠭᠤᠴᠠᠭ᠎ᠠ ᠶᠣᠰᠣᠭᠠᠷ ᠪᠡᠶᠡᠯᠡᠭᠦᠯᠵᠦ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶᠢᠨ ᠣᠳᠣᠬᠢᠴᠢᠯᠠᠯᠲᠠ᠎ᠶᠢ ᠴᠢᠨᠠᠷ ᠰᠠᠢᠲᠠᠢ ᠠᠬᠢᠭᠤᠯᠤᠨ᠎ᠠ᠃ 

ᠪᠥᠬᠥᠳᠡ ᠬᠤᠷᠠᠯᠳᠤᠭᠠᠨ᠎ᠢᠶᠠᠷ ᠴᠢᠬᠤᠯᠠᠴᠢᠯᠠᠭᠰᠠᠨ ᠨᠢ 

ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠪᠦᠯᠬᠦᠮᠳᠡᠵᠡᠭᠡᠵᠦ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶ᠋ᠢ ᠪᠡᠶᠡᠯᠡᠭᠦᠯᠬᠦ᠎ᠶᠢᠨ ᠲᠥᠯᠥᠭᠡ ᠲᠡᠮᠡᠴᠡᠬᠦ᠌ ᠬᠡᠷᠡᠭ᠌ᠲᠡᠢ᠃ 

ᠨᠠᠮ᠎ᠤᠨ ᠥᠪᠡᠷ᠎ᠤᠨ ᠪᠡᠶ᠎ᠡ᠎ᠳᠦ᠎ᠪᠡᠨ ᠬᠢᠬᠦ᠌ ᠬᠤᠪᠢᠰᠭᠠᠯ᠎ᠢᠶᠠᠷ ᠨᠡᠢᠭᠡᠮ᠎ᠦᠨ ᠬᠤᠪᠢᠰᠬᠠᠯ᠎ᠢ ᠬᠥᠲᠥᠯᠥᠨ ᠳᠠᠭᠠᠭᠤᠯᠬᠤ᠎ᠶᠢ ᠪᠠᠷᠢᠮᠲᠠᠯᠠᠵᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠴᠥᠬᠥᠷᠡᠰᠢ ᠦᠭᠡᠢ ᠠᠬᠢᠭᠤᠯᠵᠤ᠂ ᠨᠠᠮ᠎ᠤᠨ ᠤᠯᠤᠰ ᠲᠦᠷᠦ᠎ᠶᠢᠨ ᠤᠳᠤᠷᠢᠳᠬᠤ ᠬᠦᠴᠦᠨ᠂ ᠦᠵᠡᠯ ᠰᠠᠨᠠᠭᠠᠨ᠎ᠤ ᠬᠥᠲᠥᠯᠥᠨ ᠳᠠᠭᠠᠭᠤᠯᠬᠤ ᠬᠦᠴᠦᠨ᠂ ᠤᠯᠠᠨ ᠲᠦᠮᠡᠨ᠎ᠢ ᠵᠣᠬᠢᠶᠠᠨ ᠪᠠᠶ᠋ᠢᠭᠤᠯᠬᠤ ᠬᠦᠴᠦᠨ᠂ ᠨᠡᠢᠭᠡᠮ ᠨᠡᠢᠲᠡ᠎ᠶ᠋ᠢ ᠤᠷᠢᠶᠠᠯᠠᠬᠤ ᠬᠦᠴᠦᠨ᠎ᠢ ᠴᠢᠩᠭᠠᠷᠠᠭᠤᠯᠤᠨ᠂ ᠨᠠᠮ᠎ᠤᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠤᠳᠤᠷᠢᠳᠬᠤ ᠴᠢᠳᠠᠪᠤᠷᠢ ᠪᠠ ᠬᠢᠷᠢ ᠲᠦᠪᠰᠢᠨ᠎ᠢ ᠳᠡᠭᠡᠭᠰᠢᠯᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ᠎ᠳᠤ ᠰᠦᠷ ᠳᠠᠯᠠᠢᠴᠠᠲᠠᠢ ᠬᠦᠴᠦᠨ ᠴᠢᠳᠠᠯ᠎ᠢ ᠨᠢᠭ᠍ᠲᠠᠷᠠᠭᠤᠯᠬᠤ ᠬᠡᠷᠡᠭᠲᠡᠢ᠃ 

ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠵᠤ᠂ ᠨᠡᠢᠭᠡᠮ ᠵᠢᠷᠤᠮ᠎ᠤᠨ ᠠᠷᠠᠳᠴᠢᠯᠠᠯ ᠪᠠ ᠬᠠᠤᠯᠢᠵᠢᠯ᠎ᠤᠨ ᠪᠠᠢᠭᠤᠯᠤᠯᠲᠠ᠎ᠶᠢ ᠠᠬᠢᠭᠤᠯᠵᠤ᠂ ᠨᠡᠢᠭᠡᠮ ᠳᠠᠶᠠᠭᠠᠷ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠳᠤ ᠣᠷᠣᠯᠴᠠᠬᠤ ᠢᠳᠡᠪᠬᠢ ᠴᠢᠨᠠᠷ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ᠎ᠢ ᠭᠦᠢᠴᠡᠳ ᠳᠠᠢᠴᠢᠯᠠᠬᠤ ᠬᠡᠷᠡᠭᠲᠡᠢ᠃ 

ᠰᠢᠶᠠᠩᠭᠠᠩ᠂ ᠣᠣᠮᠧᠨ᠎ᠦ ᠤᠷᠳᠤ ᠬᠤᠭᠤᠴᠠᠭᠠᠨ᠎ᠤ ᠴᠡᠴᠡᠭᠯᠡᠯ ᠬᠥᠭᠵᠢᠯ ᠪᠠ ᠲᠣᠭᠲᠠᠭᠤᠨ ᠪᠠᠢᠳᠠᠯ᠎ᠢ ᠠᠬᠢᠭᠤᠯᠵᠤ᠂ ᠲᠠᠢᠸᠠᠨ ᠬᠣᠭᠣᠯᠠᠢ᠎ᠶᠢᠨ ᠬᠣᠶᠠᠷ ᠲᠠᠯ᠎ᠠ᠎ᠶᠢᠨ ᠬᠠᠷᠢᠴᠠᠭ᠎ᠠ᠎ᠶᠢᠨ ᠨᠠᠢᠷᠠᠮᠳᠠᠯ᠎ᠢᠶᠠᠷ ᠬᠥᠭᠵᠢᠬᠦ᠎ᠶᠢ ᠲᠦᠯᠬᠢᠨ ᠠᠬᠢᠭᠤᠯᠵᠤ᠂ ᠡᠬᠡ ᠣᠷᠣᠨ᠎ᠢᠶᠠᠨ ᠨᠢᠭᠡᠳᠬᠡᠬᠦ ᠶᠡᠬᠡ ᠦᠢᠯᠡᠰ᠎ᠢ ᠠᠬᠢᠭᠤᠯᠵᠤ᠂ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠢᠭᠤᠯᠬᠤ᠎ᠶ᠋ᠢ ᠠᠬᠢᠭᠤᠯᠬᠤ ᠬᠡᠷᠡᠭ᠌ᠲᠡᠢ᠃ 

 

ᠢᠷᠡᠯᠲᠡ᠄ ᠠᠷᠠᠳ᠎ᠤᠨ ᠡᠳᠦᠷ᠎ᠦᠨ ᠰᠣᠨᠢᠨ