ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠪᠡᠭᠡᠵᠢᠩ᠎ᠦᠨ ᠴᠠᠭ᠎ᠢᠶᠠᠷ 10 ᠰᠠᠷ᠎ᠠ᠎ᠶᠢᠨ 31᠎ᠦ ᠡᠳᠦᠷ᠎ᠦᠨ 23 ᠴᠠᠭ 44 ᠮᠢᠨᠦ᠋ᠲ᠎ᠳᠦ ᠬᠠᠷᠪᠤᠨ᠎ᠠ
ᠨᠡᠶ᠋ᠢᠲᠡᠯᠡᠭᠰᠡᠨ ᠴᠠᠭ᠄ 2025-10-30

10 ᠰᠠᠷ᠎ᠠ᠎ᠶᠢᠨ 30᠎ᠤ ᠦᠳᠡ᠎ᠶᠢᠨ ᠡᠮᠦᠨ᠎ᠡ᠂ ᠬᠤᠪᠢᠯᠭᠠᠨ ᠣᠩᠭᠣᠴᠠ ᠬᠣᠷᠢᠨ ᠨᠢᠭᠡᠳᠦᠭᠡᠷ᠎ᠦᠨ ᠬᠥᠮᠥᠨ ᠰᠠᠭᠤᠯᠭᠠᠭᠰᠠᠨ ᠨᠢᠰᠦᠯᠲᠡ᠎ᠶᠢᠨ ᠡᠭᠦᠷᠭᠡ᠎ᠶᠢᠨ ᠲᠤᠬᠠᠢ ᠰᠣᠨᠢᠨ ᠮᠡᠳᠡᠭᠡ ᠨᠡᠢᠲᠡᠯᠡᠬᠦ ᠬᠤᠷᠠᠯ ᠵᠢᠦᠴᠢᠤᠸᠠᠨ᠎ᠤ ᠳᠠᠭᠠᠭᠤᠯᠢ ᠣᠳᠣ᠌ ᠬᠠᠷᠪᠤᠬᠤ ᠲᠥᠪ᠎ᠲᠦ ᠬᠤᠷᠠᠯᠳᠤᠪᠠ᠃

ᠰᠤᠳᠤᠯᠤᠨ ᠲᠣᠭᠲᠠᠭᠠᠭᠰᠠᠨ᠎ᠢᠶᠠᠷ᠂ ᠪᠡᠭᠡᠵᠢᠩ᠎ᠦᠨ ᠴᠠᠭ᠎ᠢᠶᠠᠷ 10 ᠰᠠᠷ᠎ᠠ᠎ᠶᠢᠨ 31᠎ᠦ ᠡᠳᠦᠷ᠎ᠦᠨ 23 ᠴᠠᠭ 44 ᠮᠢᠨᠦ᠋ᠲ᠎ᠳᠦ ᠬᠤᠪᠢᠯᠭᠠᠨ ᠣᠩᠭᠣᠴᠠ ᠬᠣᠷᠢᠨ ᠨᠢᠭᠡᠳᠦᠭᠡᠷ ᠬᠥᠮᠥᠨ ᠰᠠᠭᠤᠯᠭᠠᠭᠰᠠᠨ ᠨᠢᠰᠬᠦ ᠣᠩᠭᠣᠴᠠ᠎ᠶᠢ ᠬᠠᠷᠪᠤᠬᠤ ᠪᠣᠯᠣᠨ᠎ᠠ᠃

ᠥᠭᠦᠯᠡᠭᠴᠢ᠎ᠶᠢᠨ ᠲᠠᠨᠢᠯᠴᠠᠭᠤᠯᠤᠭᠰᠠᠨ᠎ᠢᠶᠠᠷ᠂ ᠬᠤᠪᠢᠯᠭᠠᠨ ᠣᠩᠭᠣᠴᠠ ᠬᠣᠷᠢᠨ ᠨᠢᠭᠡᠳᠦᠭᠡᠷ᠎ᠦᠨ ᠬᠥᠮᠥᠨ ᠰᠠᠭᠤᠯᠭᠠᠭᠰᠠᠨ ᠨᠢᠰᠦᠯᠲᠡ᠎ᠶᠢᠨ ᠡᠭᠦᠷᠭᠡ᠎ᠶᠢ ᠭᠦᠢᠴᠡᠳᠬᠡᠬᠦ ᠰᠠᠨᠰᠠᠷᠴᠢᠨ᠎ᠤ ᠳᠤᠭᠤᠢᠯᠠᠩ ᠨᠢ ᠵᠠᠩ ᠯᠦ᠍᠂ ᠡᠦ ᠹᠧᠢ᠂ ᠵᠠᠩ ᠬᠣᠩ ᠵᠠᠩ᠎ᠢᠶᠠᠷ ᠪᠦᠷᠢᠯᠳᠦᠵᠦ᠂ ᠵᠠᠩ ᠯᠦ᠍ ᠵᠠᠷᠯᠢᠭ᠋ ᠥᠭᠬᠦ ᠳᠠᠷᠤᠭ᠎ᠠ᠎ᠶᠢᠨ ᠲᠤᠰᠢᠶᠠᠯ᠎ᠢ ᠡᠭᠦᠷᠭᠡᠯᠡᠨ᠎ᠡ᠃

ᠥᠭᠦᠯᠡᠭᠴᠢ᠎ᠶᠢᠨ ᠲᠠᠨᠢᠯᠴᠠᠭᠤᠯᠤᠭᠰᠠᠨ᠎ᠢᠶᠠᠷ᠂ ᠬᠤᠪᠢᠯᠭᠠᠨ ᠣᠩᠭᠣᠴᠠ ᠬᠣᠷᠢᠨ ᠨᠢᠭᠡᠳᠦᠭᠡᠷ᠎ᠦᠨ ᠬᠥᠮᠥᠨ ᠰᠠᠭᠤᠯᠭᠠᠭᠰᠠᠨ ᠨᠢᠰᠦᠯᠲᠡ᠎ᠶᠢᠨ ᠡᠭᠦᠷᠭᠡ᠎ᠶᠢ ᠭᠦᠢᠴᠡᠳᠬᠡᠬᠦ ᠵᠠᠩ ᠯᠦ᠍᠂ ᠡᠦ ᠹᠧᠢ᠂ ᠵᠠᠩ ᠬᠣᠩ ᠵᠠᠩ 3 ᠰᠠᠨᠰᠠᠷᠴᠢᠨ ᠪᠣᠯ ᠲᠣᠰ ᠲᠣᠰ ᠰᠠᠨᠰᠠᠷ᠎ᠤᠨ ᠠᠶᠠᠯᠠᠯ᠎ᠤᠨ ᠵᠢᠯᠣᠭᠣᠴᠢ᠂ ᠨᠢᠰᠦᠯᠲᠡ᠎ᠶᠢᠨ ᠢᠨᠵᠧᠨᠧᠷ ᠪᠣᠯᠣᠨ ᠠᠴᠢᠶᠠᠨ ᠎ᠤ ᠲᠤᠰᠬᠠᠢ ᠮᠡᠷᠭᠡᠵᠢᠯᠲᠡᠨ ᠪᠠᠢᠵᠤ᠂ ᠮᠠᠨ᠎ᠤ ᠤᠯᠤᠰ᠎ᠤᠨ ᠠᠯᠪᠠ ᠬᠠᠭᠠᠵᠤ ᠪᠠᠢᠭ᠎ᠠ 3 ᠲᠥᠷᠥᠯ᠎ᠦᠨ ᠰᠠᠨᠰᠠᠷᠴᠢᠨ᠎ᠢ ᠪᠠᠭᠲᠠᠭᠠᠵᠠᠢ᠃

ᠰᠠᠨᠰᠠᠷᠴᠢᠨ ᠵᠠᠩ ᠯᠦ᠍ ᠬᠤᠪᠢᠯᠭᠠᠨ ᠣᠩᠭᠣᠴᠠ ᠠᠷᠪᠠᠨ ᠲᠠᠪᠤᠳᠤᠭᠠᠷ᠎ᠤᠨ ᠬᠥᠮᠥᠨ ᠰᠠᠭᠤᠯᠭᠠᠭᠰᠠᠨ ᠨᠢᠰᠦᠯᠲᠡ᠎ᠶᠢᠨ ᠡᠭᠦᠷᠭᠡ᠎ᠶᠢ ᠭᠦᠢᠴᠡᠳᠬᠡᠵᠦ ᠥᠩᠭᠡᠷᠡᠵᠡᠢ᠂ ᠡᠦ ᠹᠧᠢ ᠪᠣᠯᠣᠨ ᠵᠠᠩ ᠬᠣᠩ ᠵᠠᠩ ᠪᠣᠯ ᠴᠥᠮ ᠮᠠᠨ᠎ᠤ ᠤᠯᠤᠰ᠎ᠤᠨ ᠭᠤᠷᠪᠠᠳᠤᠭᠠᠷ ᠪᠦᠯᠦᠭ᠎ᠦᠨ ᠰᠠᠨᠰᠠᠷᠴᠢᠨ ᠮᠥᠨ᠂ ᠠᠩᠬ᠎ᠠ ᠤᠳᠠᠭ᠎ᠠ ᠨᠢᠰᠦᠯᠲᠡ᠎ᠶᠢᠨ ᠡᠭᠦᠷᠭᠡ᠎ᠶᠢ ᠭᠦᠢᠴᠡᠳᠬᠡᠵᠦ ᠪᠠᠢᠭ᠎ᠠ ᠶᠤᠮ᠃ ᠡᠭᠦᠨ᠎ᠳᠦ ᠡᠦ ᠹᠧᠢ ᠰᠣᠩᠭᠣᠭᠳᠠᠬᠤ᠎ᠠᠴᠠ ᠡᠮᠦᠨ᠎ᠡ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠶᠢᠨ ᠣᠭᠲᠠᠷᠭᠤᠢ᠎ᠶᠢᠨ ᠮᠡᠷᠭᠡᠵᠢᠯ᠎ᠦᠨ ᠰᠤᠳᠤᠯᠭᠠᠨ᠎ᠤ ᠬᠦᠷᠢᠶᠡᠯᠡᠩ᠎ᠦᠨ ᠢᠨᠵᠧᠨᠧᠷ ᠪᠠᠢᠵᠤ᠂ ᠵᠠᠩ ᠬᠣᠩ ᠵᠠᠩ ᠰᠣᠩᠭᠣᠭᠳᠠᠬᠤ᠎ᠠᠴᠠ ᠡᠮᠦᠨ᠎ᠡ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠳ᠋ᠠᠯᠢᠶᠠᠨ᠎ᠤ ᠬᠢᠮᠢ ᠹᠢᠽᠢᠺ ᠰᠤᠳᠤᠯᠬᠤ ᠭᠠᠵᠠᠷ᠎ᠤᠨ ᠰᠤᠳᠤᠯᠤᠭᠴᠢ ᠪᠠᠢᠵᠠᠢ᠃

ᠢᠷᠡᠯᠲᠡ᠄    