ᠠᠷᠪᠠᠳᠤᠭᠠᠷ ᠬᠤᠭᠤᠴᠠᠭᠠᠨ᠎ᠤ ᠬᠥᠪᠴᠢ᠎ᠶᠢᠨ ᠤᠯᠠᠨ ᠤᠯᠤᠰ᠎ᠤᠨ ᠡᠯᠡᠰᠦᠨ ᠴᠦᠯ᠎ᠦᠨ ᠶᠠᠷᠢᠶᠠᠨ᠎ᠤ ᠲᠠᠪᠴᠠᠩ ᠣᠢᠷ᠎ᠠ᠎ᠶᠢᠨ ᠡᠳᠦᠷ ᠥᠪᠥᠷ ᠮᠣᠩᠭᠣᠯ᠎ᠤᠨ ᠣᠷᠳᠣᠰ ᠬᠤᠳᠠ᠎ᠳᠤ ᠶᠠᠪᠤᠭᠳᠠᠪᠠ᠃ ᠳᠤᠮᠳᠠᠳᠤ ᠤᠯᠤᠰ᠂ ᠰᠡᠦᠢ᠍ᠳ᠋ᠤᠨ ᠠᠷᠠᠪ᠂ ᠮᠣᠩᠭᠣᠯ ᠤᠯᠤᠰ᠂ ᠪᠷᠠᠽᠢᠯ ᠵᠡᠷᠭᠡ ᠤᠯᠤᠰ ᠪᠠ ᠭᠠᠵᠠᠷ ᠣᠷᠣᠨ᠎ᠠᠴᠠ ᠢᠷᠡᠭᠰᠡᠨ 260 ᠭᠠᠷᠤᠢ ᠲᠥᠯᠥᠭᠡᠯᠡᠭᠴᠢ ᠴᠦᠯᠡᠷᠬᠡᠭᠵᠢᠯ᠎ᠢ ᠰᠡᠷᠭᠡᠢᠯᠡᠨ ᠵᠠᠰᠠᠬᠤ ᠲᠤᠬᠠᠢ ᠬᠠᠮᠲᠤ᠎ᠪᠠᠷ ᠶᠠᠷᠢᠯᠴᠠᠵᠤ᠂ ᠬᠥᠪᠴᠢ᠎ᠶᠢᠨ ᠡᠯᠡᠰᠦᠨ᠎ᠳᠦ ᠭᠦᠨᠵᠡᠭᠡᠢᠷᠡᠨ ᠡᠯᠡᠰᠦᠨ᠎ᠦ ᠬᠣᠢᠲᠤ ᠵᠠᠬ᠎ᠠ᠎ᠶᠢ ᠴᠢᠳᠦᠷᠯᠡᠬᠦ ᠤᠢ᠎ᠶᠢᠨ ᠪᠦᠰᠡ᠎ᠶᠢᠨ ᠪᠠᠢᠭᠤᠯᠤᠯᠲᠠ᠂ ᠭᠡᠷᠡᠯᠴᠢ ᠴᠡᠨᠡᠭ᠎ᠢᠶᠡᠷ ᠡᠯᠡᠰᠦ᠎ᠶᠢ ᠵᠠᠰᠠᠬᠤ᠂ ᠵᠠᠮ᠎ᠢᠶᠠᠷ ᠡᠯᠡᠰᠦ᠎ᠶᠢ ᠵᠠᠰᠠᠬᠤ᠂ ᠵᠢᠵᠢᠭ ᠰᠠᠪᠠ ᠭᠠᠵᠠᠷ᠎ᠢ ᠶᠡᠷᠦᠩᠬᠡᠢᠯᠡᠨ ᠵᠠᠰᠠᠬᠤ ᠵᠡᠷᠭᠡ ᠰᠢᠨ᠎ᠡ᠎ᠶᠢ ᠡᠭᠦᠳᠦᠭᠰᠡᠨ ᠬᠡᠪ ᠵᠠᠭᠪᠤᠷ᠎ᠢ ᠲᠤᠬᠠᠢ᠎ᠶᠢᠨ ᠭᠠᠵᠠᠷ᠎ᠲᠤ ᠨᠢ ᠰᠢᠨᠵᠢᠯᠡᠨ ᠪᠠᠢᠴᠠᠭᠠᠯᠲᠠ ᠬᠢᠪᠡ᠃
ᠳᠠᠯᠠᠳ ᠬᠣᠰᠢᠭᠤᠨ᠎ᠤ ᠭᠡᠷᠡᠯᠴᠢ ᠴᠡᠨᠡᠭ᠎ᠢᠶᠡᠷ ᠡᠯᠡᠰᠦ᠎ᠶᠢ ᠵᠠᠰᠠᠬᠤ ᠰᠠᠭᠤᠷᠢᠨ᠎ᠳᠤ᠂ 《ᠬᠠᠪᠲᠠᠰᠤᠨ᠎ᠤ ᠳᠡᠭᠡᠷ᠎ᠡ᠎ᠡᠴᠡ ᠴᠠᠬᠢᠯᠭᠠᠨ ᠭᠠᠷᠭᠠᠬᠤ᠂ ᠬᠠᠪᠲᠠᠰᠤᠨ᠎ᠤ ᠳᠣᠣᠷ᠎ᠠ ᠡᠯᠡᠰᠦ᠎ᠶᠢ ᠵᠠᠰᠠᠬᠤ᠂ ᠬᠠᠪᠲᠠᠰᠤᠨ᠎ᠤ ᠬᠣᠭᠣᠷᠣᠨᠳᠤ ᠡᠪᠡᠰᠦ ᠲᠠᠷᠢᠬᠤ》 ᠪᠣᠰᠣᠭ᠎ᠠ ᠴᠣᠭᠴᠠᠲᠤ ᠬᠥᠭᠵᠢᠯᠲᠡ᠎ᠶᠢᠨ ᠬᠡᠪ ᠵᠠᠭᠪᠤᠷ ᠨᠢ ᠵᠣᠴᠢᠳ᠎ᠤᠨ ᠲᠠᠭᠠᠰᠢᠶᠠᠯ᠎ᠢ ᠣᠯᠪᠠ᠃ ᠦᠽᠪᠧᠺᠰᠲ᠋ᠠᠨ᠎ᠠᠴᠠ ᠢᠷᠡᠭᠰᠡᠨ ᠮᠦᠷᠠᠲᠪᠠᠶᠢ·ᠭᠠᠨᠢᠶᠧᠹ᠄ 《ᠦᠽᠪᠧᠺᠰᠲ᠋ᠠᠨ᠎ᠤ ᠲᠤᠨᠳᠠᠰᠤᠨ᠎ᠤ ᠬᠡᠮᠵᠢᠶ᠎ᠡ ᠡᠨᠳᠡᠬᠢ ᠲᠠᠢ ᠣᠶ᠋ᠢᠷᠠᠯᠴᠠᠭ᠎ᠠ᠂ ᠪᠠᠰᠠ ᠮᠠᠰᠢ ᠣᠯᠠᠨ ᠡᠯᠡᠰᠦᠵᠢᠭᠰᠡᠨ ᠭᠠᠵᠠᠷ ᠰᠢᠷᠣᠢ ᠪᠠᠢᠨ᠎ᠠ᠃ ᠡᠨᠳᠡᠬᠢ᠎ᠶᠢ ᠡᠢᠮᠦ ᠰᠠᠢᠬᠠᠨ ᠵᠠᠰᠠᠵᠤ ᠪᠠᠢᠬᠤ᠎ᠶᠢ ᠣᠯᠵᠤ ᠬᠠᠷᠠᠭᠠᠳ᠂ ᠲᠠ ᠨᠠᠷ᠎ᠤᠨ ᠮᠡᠷᠭᠡᠵᠢᠯ ᠪᠠ ᠲᠥᠬᠦᠭᠡᠷᠦᠮᠵᠢ᠎ᠶᠢ ᠤᠯᠤᠰ᠎ᠤᠨ᠎ᠢᠶᠠᠨ ᠴᠥᠯᠡᠷᠬᠡᠭᠵᠢᠯᠢ ᠵᠠᠰᠠᠬᠤ᠎ᠳᠤ ᠬᠡᠷᠡᠭᠯᠡᠶ᠎ᠡ ᠭᠡᠵᠦ ᠪᠤᠳᠤᠵᠤ ᠪᠠᠢᠨ᠎ᠠ》 ᠭᠡᠪᠡ᠃
ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠥᠭᠵᠢᠯᠲᠡ᠎ᠶᠢ ᠳᠠᠭᠠᠯᠳᠤᠨ᠂ ᠮᠠᠰᠢᠨ᠎ᠢᠶᠠᠷ ᠡᠪᠡᠰᠦᠨ ᠳᠥᠷᠪᠡᠯᠵᠢ ᠳᠡᠪᠢᠰᠬᠦ ᠪᠦᠲᠦᠮᠵᠢ ᠶᠡᠬᠡᠪᠡᠷ ᠳᠡᠭᠡᠭᠰᠢᠯᠡᠵᠦ᠂ ᠡᠯᠡᠰᠦᠨ᠎ᠦ ᠤᠷᠭᠤᠮᠠᠯ᠎ᠤᠨ ᠬᠤᠴᠢᠯᠭ᠎ᠠ᠎ᠶᠢᠨ ᠡᠳᠡᠭᠡᠷᠡᠯᠲᠡ᠎ᠶᠢᠨ ᠨᠣᠷᠮ᠎ᠠ ᠢᠯᠡᠳᠲᠡ ᠳᠡᠭᠡᠭᠰᠢᠯᠡᠪᠡ᠃ 《ᠪᠷᠠᠽᠢᠯ᠎ᠤᠨ ᠵᠡᠭᠦᠨ ᠬᠣᠢᠲᠤ ᠬᠡᠰᠡᠭ᠎ᠦᠨ ᠭᠠᠵᠠᠷ ᠣᠷᠣᠨ᠎ᠳᠤ᠂ ᠴᠦᠯᠡᠷᠬᠡᠭᠵᠢᠯ ᠳᠠᠰᠤᠷᠠᠯᠳᠠ ᠦᠭᠡᠢ ᠥᠷᠭᠡᠵᠢᠵᠦ ᠪᠠᠢᠨ᠎ᠠ᠃ ᠪᠢ ᠡᠨᠡ ᠬᠦ᠌ ᠲᠣᠬᠢᠶᠠᠯ᠎ᠢ ᠠᠰᠢᠭ᠍ᠯᠠᠨ ᠳᠤᠮᠳᠠᠳᠤ ᠤᠯᠤᠰ᠎ᠤᠨ ᠴᠦᠯᠡᠷᠬᠡᠭᠵᠢᠯ᠎ᠢ ᠰᠡᠷᠭᠡᠢᠯᠡᠨ ᠵᠠᠰᠠᠬᠤ ᠲᠠᠯ᠎ᠠ᠎ᠪᠠᠷ ᠬᠢ ᠲᠤᠰᠬᠠᠢ ᠮᠡᠷᠭᠡᠵᠢᠯ᠎ᠦᠨ ᠲᠤᠷᠰᠢᠯᠭ᠎ᠠ ᠪᠠ ᠰᠢᠨ᠎ᠡ᠎ᠶᠢ ᠡᠭᠦᠳᠦᠭᠰᠡᠨ ᠠᠷᠭ᠎ᠠ ᠬᠡᠮᠵᠢᠶ᠎ᠡ᠎ᠶᠢ ᠭᠦᠨᠵᠡᠭᠡᠢ ᠣᠢᠯᠠᠭᠠᠬᠤ᠎ᠶᠢᠨ ᠬᠠᠮᠲᠤ ᠪᠷᠠᠽᠢᠯ ᠪᠠ ᠳᠤᠮᠳᠠᠳᠤ᠎ᠶᠢᠨ ᠳᠤᠰ ᠬᠦᠷᠢᠶᠡᠨ᠎ᠳᠡᠬᠢ ᠬᠠᠮᠲᠤᠷᠠᠯᠴᠠᠭ᠎ᠠ ᠥᠷᠨᠢᠭᠦᠯᠬᠦ ᠪᠣᠯᠣᠮᠵᠢ᠎ᠶᠢ ᠰᠤᠳᠤᠯᠤᠨ ᠶᠠᠷᠢᠯᠴᠠᠬᠤ᠎ᠶᠢ ᠬᠦᠰᠡᠵᠦ ᠪᠠᠢᠨ᠎ᠠ᠃》 ᠭᠡᠵᠦ ᠳᠤᠮᠳᠠᠳᠤ ᠤᠯᠤᠰ᠎ᠲᠤ ᠰᠠᠭᠤᠭ᠎ᠠ ᠪᠷᠠᠽᠢᠯ᠎ᠤᠨ ᠡᠯᠴᠢᠨ ᠰᠠᠢᠳ᠎ᠤᠨ ᠶᠠᠮᠤᠨ᠎ᠤ ᠬᠣᠶᠠᠳᠤᠭᠠᠷ ᠳᠡᠰ᠎ᠤᠨ ᠨᠠᠷᠢᠨ ᠪᠢᠴᠢᠭᠡᠴᠢ ᠯᠦ᠍ ᠺᠠᠢ ᠬᠡᠯᠡᠪᠡ᠃
ᠲᠠᠨᠢᠯᠴᠠᠭᠤᠯᠤᠭᠰᠠᠨ᠎ᠢᠶᠠᠷ᠂ ᠣᠷᠳᠣᠰ ᠬᠣᠲᠠ᠎ᠶᠢᠨ 《ᠭᠡᠷᠡᠯᠴᠢ ᠴᠡᠨᠡᠭ᠎ᠦᠨ ᠣᠷᠳᠣ᠌ ᠴᠠᠭᠠᠨ ᠬᠡᠷᠡᠮ》᠎ᠤᠨ ᠡᠯᠡᠰᠦ᠎ᠶᠢ ᠵᠠᠰᠠᠬᠤ ᠪᠦᠰᠡ᠎ᠳᠦ 1000 ᠲᠦᠮᠡᠨ ᠺᠢᠯᠣᠸᠠᠲ᠎ᠤᠨ ᠭᠡᠷᠡᠯᠴᠢ ᠴᠡᠨᠡᠭ᠎ᠦᠨ ᠮᠠᠰᠢᠨ ᠴᠣᠭᠴᠠᠯᠠᠪᠤᠷᠢ᠎ᠶᠢ ᠪᠠᠢᠭᠤᠯᠵᠤ᠂ ᠭᠡᠷᠡᠯᠴᠢ ᠴᠡᠨᠡᠭ᠎ᠢᠶᠡᠷ 80 ᠲᠦᠮᠡ ᠰᠢᠬᠠᠮ ᠮᠦ᠍ ᠡᠯᠡᠰᠦ᠎ᠶᠢ ᠵᠠᠰᠠᠵᠠᠢ᠃ ᠪᠠᠢᠭᠤᠯᠬᠤ᠎ᠪᠠᠷ ᠪᠠᠢᠭ᠎ᠠ ᠪᠠ ᠪᠠᠢᠭᠤᠯᠵᠤ ᠪᠠᠢᠭ᠎ᠠ᠂ ᠴᠣᠬᠣᠯᠠᠪᠤᠷᠢ ᠣᠯᠣᠭᠰᠠᠨ ᠭᠡᠷᠡᠯᠴᠢ ᠴᠡᠨᠡᠭ᠎ᠦᠨ ᠲᠥᠷᠥᠯ ᠵᠦᠢᠯ᠎ᠢ ᠴᠥᠮ ᠪᠠᠢᠭᠤᠯᠵᠤ ᠳᠠᠭᠤᠰᠬᠠᠪᠠᠯ᠂ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠬᠤ ᠲᠠᠯᠠᠪᠠᠶ᠎ᠶᠢ 200 ᠲᠦᠮᠡᠨ ᠮᠦ᠍᠎ᠡᠴᠡ ᠳᠠᠪᠠᠭᠤᠯᠵᠤ ᠪᠣᠯᠣᠨ᠎ᠠ᠃
ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠲᠤᠰᠠᠯᠠᠬᠤ ᠨᠠᠷᠢᠨ ᠪᠢᠴᠢᠭ᠎ᠦᠨ ᠳᠠᠷᠤᠭ᠎ᠠ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠣᠷᠴᠢᠨ ᠲᠣᠭᠣᠷᠢᠨ᠎ᠤ ᠲᠥᠯᠦᠪᠵᠢᠭᠦᠯᠭᠡ᠎ᠶᠢᠨ ᠵᠠᠬᠢᠷᠭ᠎ᠠ᠎ᠶᠢᠨ ᠳᠡᠳ᠋ ᠭᠦᠢᠴᠡᠳᠭᠡᠭᠴᠢ ᠡᠷᠬᠢᠯᠡᠭᠴᠢ ᠧᠯᠢᠽᠠᠪᠧᠽ·ᠮᠷᠸᠮᠠ ᠢᠯᠡᠷᠬᠡᠢᠯᠡᠬᠦ᠎ᠳᠦ᠎ᠪᠡᠨ᠂ ᠬᠥᠪᠴᠢ᠎ᠶᠢᠨ ᠤᠯᠠᠨ ᠤᠯᠤᠰ᠎ᠤᠨ ᠡᠯᠡᠰᠦᠨ ᠴᠦᠯ᠎ᠦᠨ ᠶᠠᠷᠢᠶᠠᠨ᠎ᠤ ᠲᠠᠪᠴᠠᠩ ᠨᠢ ᠴᠦᠯᠡᠷᠭᠡᠭᠵᠢᠯᠢ ᠵᠠᠰᠠᠬᠤ ᠬᠦᠷᠢᠶᠡᠨ᠎ᠳᠡᠬᠢ ᠤᠯᠠᠨ ᠤᠯᠤᠰ᠎ᠤᠨ ᠬᠠᠮᠲᠤᠷᠠᠯᠴᠠᠭ᠎ᠠ᠂ ᠮᠡᠳᠡᠯᠭᠡ᠎ᠶᠢᠨ ᠰᠣᠯᠢᠯᠴᠠᠭ᠎ᠠ ᠬᠢᠭᠡᠳ ᠰᠢᠨ᠎ᠡ ᠡᠭᠦᠳᠦᠯᠲᠡ᠎ᠶᠢᠨ ᠴᠢᠬᠤᠯᠠ ᠲᠠᠪᠴᠠᠩ ᠪᠣᠯᠵᠤ᠂ ᠳᠤᠮᠳᠠᠳᠤ ᠤᠯᠤᠰ ᠮᠠᠭᠤᠳᠠᠭᠰᠠᠨ ᠭᠠᠵᠠᠷ ᠰᠢᠷᠣᠢ᠎ᠶᠢ ᠬᠡᠷᠬᠢᠨ ᠰᠡᠷᠭᠦᠭᠡᠬᠦ ᠪᠠ ᠰᠢᠯᠵᠢᠭᠦᠯᠬᠦ᠎ᠶᠢ ᠳᠡᠯᠡᠬᠡᠢ ᠳ᠋ᠠᠬᠢᠨ᠎ᠳᠤ ᠦᠵᠡᠭᠦᠯᠵᠡᠢ ᠭᠡᠪᠡ᠃