ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠳᠤᠮᠳᠠᠳᠤ ᠣᠷᠣᠰ ᠮᠣᠩᠭᠣᠯ 《ᠲᠦᠮᠡᠨ ᠭᠠᠵᠠᠷ᠎ᠤᠨ ᠴᠠᠢ᠎ᠶᠢᠨ ᠵᠠᠮ》᠎ᠤᠨ ᠵᠢᠭᠤᠯᠴᠢᠯᠠᠯ᠎ᠤᠨ ᠬᠠᠮᠲᠤᠷᠠᠯᠴᠠᠭᠠᠨ᠎ᠤ ᠬᠥᠭᠵᠢᠯᠲᠡ᠎ᠶᠢᠨ ᠲᠥᠯᠥᠪᠯᠡᠭᠡ᠎ᠳᠦ ᠭᠠᠷ᠎ᠤᠨ ᠥᠰᠥᠭ ᠵᠢᠷᠤᠵᠠᠭᠠᠪᠠ
ᠨᠡᠶ᠋ᠢᠲᠡᠯᠡᠭᠰᠡᠨ ᠴᠠᠭ᠄ 2025-11-10

ᠶᠢᠰᠦᠳᠦᠭᠡᠷ ᠬᠤᠭᠤᠴᠠᠭᠠᠨ᠎ᠤ ᠳᠤᠮᠳᠠᠳᠤ ᠣᠷᠣᠰ ᠮᠣᠩᠭᠣᠯ ᠭᠤᠷᠪᠠᠨ ᠤᠯᠤᠰ᠎ᠤᠨ ᠵᠢᠭᠤᠯᠴᠢᠯᠠᠯ᠎ᠤᠨ ᠶᠠᠮᠤᠨ᠎ᠤ ᠰᠠᠢᠳ ᠨᠠᠷ᠎ᠤᠨ ᠬᠤᠷᠠᠯ᠎ᠢ ᠣᠢᠷ᠎ᠠ᠎ᠳᠤ ᠮᠣᠩᠭᠣᠯ ᠤᠯᠤᠰ᠎ᠤᠨ ᠳᠠᠷᠬᠠᠨ ᠬᠣᠲᠠ᠎ᠳᠤ ᠬᠤᠷᠠᠯᠳᠤᠭᠤᠯᠵᠠᠢ᠃ ᠬᠤᠷᠠᠯ ᠳᠡᠭᠡᠷ᠎ᠡ᠂ ᠭᠤᠷᠪᠠᠨ ᠲᠠᠯ᠎ᠠ᠎ᠪᠠᠷ᠎ᠢᠶᠠᠨ 《ᠳᠤᠮᠳᠠᠳᠤ ᠣᠷᠣᠰ ᠮᠣᠩᠭᠣᠯ᠎ᠤᠨ 〈ᠲᠦᠮᠡᠨ ᠭᠠᠵᠠᠷ᠎ᠤᠨ ᠴᠠᠢ᠎ᠶᠢᠨ ᠵᠠᠮ〉᠎ᠤᠨ ᠵᠢᠭᠤᠯᠴᠢᠯᠠᠯ᠎ᠤᠨ ᠬᠠᠮᠲᠤᠷᠠᠯᠴᠠᠭᠠᠨ᠎ᠤ ᠬᠥᠭᠵᠢᠯᠲᠡ᠎ᠶᠢᠨ ᠲᠥᠯᠥᠪᠯᠡᠭᠡ ( 2025 — 2026 )》᠎ᠳᠤ ᠭᠠᠷ᠎ᠤᠨ ᠥᠰᠥᠭ ᠵᠢᠷᠤᠵᠠᠭᠠᠪᠠ᠃ 

ᠳᠤᠮᠳᠠᠳᠤ ᠤᠷᠤᠰ ᠮᠣᠩᠭᠣᠯ ᠭᠤᠷᠪᠠᠨ ᠤᠯᠤᠰ᠎ᠤᠨ ᠵᠢᠭᠤᠯᠴᠢᠯᠠᠯ᠎ᠤᠨ ᠰᠠᠯᠠᠭ᠎ᠠ ᠮᠥᠴᠢᠷ ᠬᠢᠭᠡᠳ ᠬᠠᠮᠢᠶ᠎ᠠ ᠪᠦᠬᠦᠢ ᠨᠡᠢᠭᠡᠮᠯᠢᠭ᠎ᠦᠨ ᠲᠥᠯᠥᠭᠡᠯᠡᠭᠴᠢᠳ ᠲᠤᠰ ᠤᠳᠠᠭᠠᠨ᠎ᠤ ᠬᠤᠷᠠᠯ᠎ᠳᠤ ᠣᠷᠣᠯᠴᠠᠭᠰᠠᠨ ᠪᠠᠢᠨ᠎ᠠ᠃ ᠭᠤᠷᠪᠠᠨ ᠲᠠᠯ᠎ᠠ᠎ᠪᠠᠷ᠎ᠢᠶᠠᠨ ᠭᠠᠷ᠎ᠤᠨ ᠦᠰᠦᠭ ᠵᠢᠷᠤᠭᠰᠠᠨ ᠲᠥᠯᠥᠪᠯᠡᠭᠡ᠎ᠶᠢ ᠦᠨᠳᠦᠰᠦᠯᠡᠪᠡᠯ᠂ ᠭᠤᠷᠪᠠᠨ ᠲᠠᠯ᠎ᠠ᠎ᠪᠠᠷ᠎ᠢᠶᠠᠨ 《ᠲᠦᠮᠡᠨ ᠭᠠᠵᠠᠷ᠎ᠤᠨ ᠴᠠᠢ᠎ᠶᠢᠨ ᠵᠠᠮ》᠎ᠦᠨ ᠰᠣᠶᠣᠯ ᠪᠠ ᠠᠵᠤ ᠠᠬᠤᠢ᠎ᠶᠢᠨ ᠦᠷᠳᠡᠭ᠎ᠢ ᠠᠭᠤᠳᠠᠯᠵᠤ᠂ 《ᠲᠦᠮᠡᠨ ᠭᠠᠵᠠᠷ᠎ᠤᠨ ᠴᠠᠢ᠎ᠶᠢᠨ ᠵᠠᠮ》᠎ᠦᠨ ᠵᠢᠭᠤᠯᠴᠢᠯᠠᠯ᠎ᠤᠨ ᠬᠠᠮᠲᠤᠷᠠᠯᠴᠠᠭ᠎ᠠ᠎ᠶᠢ ᠴᠢᠩᠭᠠᠳᠬᠠᠨ᠂ ᠣᠷᠣᠨ ᠪᠦᠰᠡ᠎ᠶᠢᠨ ᠵᠢᠭᠤᠯᠴᠢᠯᠠᠯ᠎ᠤᠨ ᠦᠢᠯᠡᠰ᠎ᠦᠨ ᠦᠷᠭᠦᠯᠵᠢᠯᠡᠬᠦᠢᠴᠡ ᠬᠥᠭᠵᠢᠯᠲᠡ᠎ᠶᠢ ᠠᠬᠢᠭᠤᠯᠬᠤ ᠪᠣᠯᠣᠨ᠎ᠠ᠃ ᠪᠣᠳᠠᠲᠠᠢ ᠠᠷᠭ᠎ᠠ ᠬᠡᠮᠵᠢᠶ᠎ᠡ᠎ᠳᠦ 《ᠲᠦᠮᠡᠨ ᠭᠠᠵᠠᠷ᠎ᠤᠨ ᠴᠠᠢ᠎ᠶᠢᠨ ᠵᠠᠮ》᠎ᠤᠨ ᠵᠢᠭᠤᠯᠴᠢᠯᠠᠯ᠎ᠤᠨ ᠵᠠᠮ ᠱᠤᠭᠤᠮ ᠪᠠ ᠥᠷᠲᠡᠭᠡ ᠴᠡᠭ᠎ᠢ ᠬᠠᠮᠲᠤ᠎ᠪᠠᠷ ᠨᠡᠭᠡᠭᠡᠨ ᠬᠥᠭᠵᠢᠭᠦᠯᠬᠦ ᠪᠠ ᠳᠡᠯᠭᠡᠷᠡᠭᠦᠯᠵᠦ᠂ ᠳᠤᠮᠳᠠᠳᠤ ᠣᠷᠣᠰ ᠮᠣᠩᠭᠣᠯ᠎ᠤᠨ 《ᠲᠦᠮᠡᠨ ᠭᠠᠵᠠᠷ᠎ᠤᠨ ᠴᠠᠢ᠎ᠶᠢᠨ ᠵᠠᠮ》᠎ᠤᠨ ᠬᠢᠯᠢ ᠠᠯᠤᠰᠯᠠᠨ ᠬᠤᠪᠢ᠎ᠶᠢᠨ ᠮᠠᠰᠢᠨ ᠲᠡᠷᠭᠡ᠎ᠪᠡᠷ ᠵᠢᠭᠤᠯᠴᠢᠯᠠᠬᠤ ᠨᠠᠷᠠᠲᠤ ᠲᠡᠮᠳᠡᠭ᠎ᠢ ᠳᠤᠷᠠᠳᠤᠨ ᠭᠠᠷᠭᠠᠵᠤ᠂ 《ᠲᠦᠮᠡᠨ ᠭᠠᠵᠠᠷ᠎ᠤᠨ ᠴᠠᠢ᠎ᠶᠢᠨ ᠵᠠᠮ》 ᠳᠠᠭᠠᠤ᠎ᠶᠢᠨ ᠬᠢᠯᠢ ᠠᠯᠤᠰᠯᠠᠭᠰᠠᠨ ᠵᠢᠭᠤᠯᠴᠢᠯᠠᠯ᠎ᠤᠨ ᠳᠥᠭᠥᠮᠴᠢᠯᠡᠯᠲᠡ᠎ᠶᠢᠨ ᠬᠢᠷᠢ ᠲᠦᠪᠰᠢᠨ᠎ᠢᠶᠠᠨ ᠳᠡᠭᠡᠭᠰᠢᠯᠡᠭᠦᠯᠬᠦ ᠵᠡᠷᠭᠡ᠎ᠶᠢ ᠪᠠᠭᠲᠠᠭᠠᠪᠠ᠃ 

ᠬᠤᠷᠠᠯ᠎ᠤᠨ ᠬᠤᠭᠤᠴᠠᠭᠠᠨ᠎ᠳᠤ ᠪᠠᠰᠠ ᠳᠤᠮᠳᠠᠳᠤ ᠣᠷᠣᠰ ᠮᠣᠩᠭᠣᠯ᠎ᠤᠨ ᠵᠢᠭᠤᠯᠴᠢᠯᠠᠯ᠎ᠤᠨ ᠬᠤᠳᠠᠯᠳᠤᠭᠠᠴᠢᠳ᠎ᠤᠨ ᠬᠡᠯᠡᠯᠴᠡᠭᠡ ᠬᠢᠵᠦ᠂ 《ᠲᠦᠮᠡᠨ ᠭᠠᠵᠠᠷ᠎ᠤᠨ ᠴᠠᠢ᠎ᠶᠢᠨ ᠵᠠᠮ》 ᠭᠡᠬᠦ ᠭᠣᠣᠯ ᠰᠡᠳᠦᠪᠲᠦ ᠦᠵᠡᠰᠬᠦᠯᠡᠩ ᠪᠠ 《ᠲᠦᠮᠡᠨ ᠭᠠᠵᠠᠷ᠎ᠤᠨ ᠴᠠᠢ᠎ᠶᠢᠨ ᠵᠠᠮ》᠎ᠤᠨ ᠬᠤᠪᠢ᠎ᠶᠢᠨ ᠮᠠᠰᠢᠨ ᠲᠡᠷᠭᠡ᠎ᠪᠡᠷ ᠵᠢᠭᠤᠯᠴᠢᠯᠠᠬᠤ ᠡᠬᠢᠯᠡᠯᠲᠡ᠎ᠶᠢᠨ ᠶᠣᠰᠣᠯᠠᠯ ᠵᠡᠷᠭᠡ ᠠᠵᠢᠯᠯᠠᠭ᠎ᠠ᠎ᠶᠢ ᠡᠷᠭᠢᠯᠡᠵᠦ᠂ ᠭᠤᠷᠪᠠᠨ ᠤᠯᠤᠰ᠎ᠤᠨ ᠬᠡᠳᠦᠨ ᠠᠷᠪᠠᠨ ᠰᠣᠶᠣᠯ ᠵᠢᠭᠤᠯᠴᠢᠯᠠᠯ᠎ᠤᠨ ᠠᠵᠤ ᠠᠬᠤᠢᠯᠠᠯ᠎ᠤᠳ᠂ ᠵᠢᠭᠤᠯᠴᠢᠯᠠᠯ᠎ᠤᠨ ᠨᠡᠢᠭᠡᠮᠯᠢᠭ᠎ᠤᠳ᠎ᠢ ᠲᠠᠲᠠᠨ ᠣᠷᠣᠯᠴᠠᠭᠤᠯᠪᠠ᠃ 

 

 

ᠢᠷᠡᠯᠲᠡ᠄ ᠠᠷᠠᠳ᠎ᠤᠨ ᠡᠳᠦᠷ᠎ᠦᠨ ᠰᠣᠨᠢᠨ