ᠲᠡᠷᠢᠭᠦᠨ ᠬᠠᠭᠤᠳᠠᠰᠤ   -   ᠴᠢᠬᠤᠯᠠ ᠮᠡᠳᠡᠭᠡ
《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠥᠪᠥᠷ ᠮᠣᠩᠭᠣᠯ 6688 ᠲᠦᠮᠡᠨ ᠮᠦ᠍᠎ᠶᠢᠨ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠬᠤ ᠠᠵᠢᠯ᠎ᠢ ᠪᠡᠶᠡᠯᠡᠭᠦᠯᠪᠡ
ᠨᠡᠶ᠋ᠢᠲᠡᠯᠡᠭᠰᠡᠨ ᠴᠠᠭ᠄ 2025-11-25

ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠠᠴᠠ ᠣᠢᠯᠠᠭᠠᠭᠰᠠᠨ᠎ᠢᠶᠠᠷ᠄ 《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠥᠪᠥᠷ ᠮᠣᠩᠭᠣᠯ ᠠᠮᠢ ᠠᠬᠤᠢ᠎ᠶᠢᠨ ᠪᠦᠲᠦᠭᠡᠨ ᠪᠠᠢᠭᠤᠯᠤᠯᠲᠠ᠎ᠶᠢᠨ ᠡᠭᠦᠷᠭᠡ᠎ᠶᠢ ᠨᠡᠶ᠋ᠢᠲᠡ 1.23 ᠳ᠋ᠦᠩᠰᠢᠭᠤᠷ ᠮᠦ᠍ ᠪᠡᠶᠡᠯᠡᠭᠦᠯᠵᠦ᠂ ᠲᠥᠯᠦᠪᠵᠢᠭᠦᠯᠭᠡ᠎ᠶᠢᠨ ᠶᠡᠷᠦᠩᠬᠡᠢ ᠡᠭᠦᠷᠭᠡ᠎ᠶᠢᠨ 43.2% ᠎ᠢ ᠡᠵᠡᠯᠡᠪᠡ᠂ ᠡᠭᠦᠨ᠎ᠳᠦ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠶᠢ ᠵᠠᠰᠠᠭᠰᠠᠨ ᠲᠠᠯᠠᠪᠠᠢ ᠨᠢ 6688 ᠲᠦᠮᠡᠨ ᠮᠦ᠍ ᠪᠣᠢ᠃

《ᠤᠮᠠᠷᠠᠲᠤ᠎ᠶᠢᠨ ᠭᠤᠷᠪᠠᠨ ᠣᠷᠣᠨ》 ᠎ᠤ ᠢᠨᠵᠧᠨᠧᠷᠢᠩ᠎ᠦᠨ ᠵᠢᠷᠭᠤᠳᠤᠭᠠᠷ ᠬᠤᠭᠤᠴᠠᠭᠠᠨ᠎ᠤ ᠲᠥᠯᠦᠪᠵᠢᠭᠦᠯᠭᠡ᠎ᠳᠦ᠂ ᠥᠪᠥᠷ ᠮᠣᠩᠭᠣᠯ᠎ᠤᠨ ᠠᠮᠢ ᠠᠬᠤᠢ᠎ᠶᠢᠨ ᠪᠦᠲᠦᠭᠡᠨ ᠪᠠᠢᠭᠤᠯᠤᠯᠲᠠ᠎ᠶᠢᠨ ᠶᠡᠷᠦᠩᠬᠡᠢ ᠡᠭᠦᠷᠭᠡ 2.85 ᠳ᠋ᠦᠩᠰᠢᠭᠤᠷ ᠮᠦ᠍ ᠪᠠᠢᠵᠤ᠂ ᠡᠭᠦᠨ᠎ᠳᠦ ᠡᠯᠡᠰᠦᠵᠢᠭᠰᠡᠨ ᠭᠠᠵᠠᠷ ᠰᠢᠷᠣᠢ᠎ᠶᠢ ᠶᠡᠷᠦᠩᠬᠡᠢᠯᠡᠨ ᠵᠠᠰᠠᠭᠰᠠᠨ ᠲᠠᠯᠠᠪᠠᠢ ᠨᠢ 3861 ᠲᠦᠮᠡᠨ ᠮᠦ᠍ ᠪᠠᠢᠨ᠎ᠠ᠃

ᠣᠢᠷ᠎ᠠ᠎ᠶᠢᠨ ᠵᠢᠯ᠎ᠦᠳ᠎ᠲᠦ᠂ ᠥᠪᠥᠷ ᠮᠣᠩᠭᠣᠯ ᠢᠨᠵᠧᠨᠧᠷᠢᠩ᠎ᠢ ᠠᠭᠤᠰᠤᠯᠴᠠᠭᠤᠯᠬᠤ᠂ ᠪᠡᠯᠡ ᠮᠥᠩᠭᠥ ᠣᠷᠣᠭᠤᠯᠬᠤ᠂ ᠨᠡᠢᠭᠡᠮ᠎ᠦᠨ ᠬᠢᠨ᠎ᠢ ᠣᠷᠣᠯᠴᠠᠭᠤᠯᠬᠤ᠂ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠵᠠᠰᠠᠬᠤ᠂ ᠠᠵᠤ ᠦᠢᠯᠡᠰ᠎ᠢᠶᠡᠷ ᠳᠠᠢᠴᠢᠯᠠᠬᠤ ᠵᠡᠷᠭᠡ ᠲᠠᠯ᠎ᠠ᠎ᠪᠠᠷ ᠲᠣᠭᠲᠠᠴᠠ᠎ᠶᠢᠨ ᠰᠢᠨ᠎ᠡ᠎ᠶᠢ ᠡᠭᠦᠳᠴᠦ᠂ ᠭᠣᠣᠯᠳᠠᠯᠭ᠎ᠠ ᠪᠣᠯᠬᠤ ᠣᠷᠣᠨ ᠪᠦᠰᠡ᠎ᠶᠢᠨ ᠶᠡᠷᠦᠩᠬᠡᠢᠯᠡᠭᠰᠡᠨ ᠵᠠᠰᠠᠯᠲᠠ᠂ ᠤᠰᠤ᠎ᠪᠠᠷ ᠨᠣᠭᠣᠭᠠᠷᠠᠭᠤᠯᠤᠯᠲᠠ᠎ᠶᠢ ᠲᠣᠭᠲᠠᠭᠠᠭᠰᠠᠨ ᠰᠢᠨᠵᠢᠯᠡᠬᠦ ᠤᠬᠠᠭᠠᠨᠴᠢ ᠵᠠᠰᠠᠯᠲᠠ᠂ ᠬᠡᠪ ᠵᠠᠭᠪᠤᠷ᠎ᠤᠨ ᠰᠢᠨ᠎ᠡ᠎ᠶᠢ ᠡᠭᠦᠳᠦᠭᠰᠡᠨ ᠥᠨᠳᠥᠷ ᠪᠦᠲᠦᠮᠵᠢᠲᠡᠢ ᠵᠠᠰᠠᠯᠲᠠ᠂ ᠬᠠᠮᠠᠭᠠᠯᠠᠯᠲᠠ᠎ᠶᠢ ᠴᠢᠩᠭᠠᠳᠬᠠᠭᠰᠠᠨ ᠰᠢᠰᠲ᠋ᠧᠮᠲᠦ ᠵᠠᠰᠠᠯᠲᠠ᠂ ᠠᠵᠤ ᠦᠢᠯᠡᠰ᠎ᠤᠨ ᠬᠠᠮᠵᠢᠯᠴᠠᠭ᠎ᠠ᠎ᠶᠢ ᠬᠥᠭᠵᠢᠭᠦᠯᠦᠭᠰᠡᠨ ᠵᠠᠰᠠᠯᠲᠠ᠎ᠶᠢᠨ ᠰᠢᠨ᠎ᠡ ᠠᠷᠭ᠎ᠠ ᠵᠠᠮ᠎ᠢ ᠨᠡᠭᠡᠭᠡᠵᠦ᠂ ᠠᠮᠢ ᠠᠬᠤᠢ᠎ᠶᠢᠨ ᠪᠦᠲᠦᠭᠡᠨ ᠪᠠᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠠᠢ᠃

ᠳ᠋ᠠᠢᠲ᠋ᠠ᠎ᠶᠢᠨ ᠢᠯᠡᠷᠡᠭᠦᠯᠦᠭᠰᠡᠨ᠎ᠢᠶᠡᠷ᠂ 2024 ᠣᠨ᠎ᠳᠤ ᠥᠪᠥᠷ ᠮᠣᠩᠭᠣᠯ᠎ᠤᠨ ᠣᠶ ᠰᠢᠭᠤᠢ᠎ᠶᠢᠨ ᠪᠦᠷᠬᠦᠴᠡ 21.98% ᠎ᠳᠤ ᠬᠦᠷᠴᠦ᠂ 2021 ᠣᠨ᠎ᠤ ᠬᠢ᠎ᠡᠴᠡ 1.19 ᠵᠠᠭᠤᠨ᠎ᠤ ᠬᠤᠪᠢ᠎ᠪᠠᠷ ᠳᠡᠭᠡᠭᠰᠢᠯᠡᠵᠦ᠂ ᠨᠤᠲᠤᠭ ᠪᠡᠯᠴᠢᠭᠡᠷ᠎ᠦᠨ ᠤᠷᠭᠤᠮᠠᠯ᠎ᠤᠨ ᠬᠤᠴᠢᠯᠭ᠎ᠠ᠎ᠶᠢᠨ ᠪᠦᠷᠬᠦᠴᠡ᠎ᠶᠢ 45% ᠎ᠡᠴᠡ ᠳᠡᠭᠡᠭᠰᠢ ᠪᠠᠢᠯᠭᠠᠬᠤ᠎ᠶᠢ ᠦᠷᠭᠦᠯᠵᠢᠯᠡᠨ ᠲᠣᠭᠲᠠᠪᠤᠷᠢᠵᠢᠭᠤᠯᠵᠤ᠂ ᠨᠤᠭᠤ ᠭᠠᠵᠠᠷ᠎ᠤᠨ ᠲᠠᠯᠠᠪᠠᠶ᠎ᠶᠢ 7000 ᠲᠦᠮᠡᠨ ᠮᠦ᠍ ᠣᠷᠴᠢᠮ᠎ᠳᠤ ᠲᠣᠭᠲᠠᠪᠤᠷᠢᠵᠢᠭᠤᠯᠵᠤ᠂ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠴᠢᠳᠠᠮᠵᠢ ᠦᠷᠭᠦᠯᠵᠢᠯᠡᠨ ᠪᠡᠬᠢᠵᠢᠵᠦ ᠪᠣᠢ᠃

ᠢᠷᠡᠯᠲᠡ᠄ ᠠᠷᠠᠳ᠎ᠤᠨ ᠡᠳᠦᠷ᠎ᠦᠨ ᠰᠣᠨᠢᠨ