ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 11 ᠳ᠋ᠦ᠍ᠭᠡᠷ ᠰᠠᠷ᠎ᠠ᠎ᠶᠢᠨ 27 ᠤ ᠡᠳᠦᠷ᠎ᠦᠨ ᠴᠠᠬᠢᠯᠭᠠᠨ ᠮᠡᠳᠡᠭᠡ ᠲᠦᠷᠦ᠎ᠶᠢᠨ ᠶᠠᠪᠤᠳᠠᠯ᠎ᠤᠨ ᠬᠣᠷᠢᠶ᠎ᠠ᠎ᠶᠢᠨ ᠶᠡᠷᠦᠩᠬᠡᠢ ᠰᠠᠢᠳ ᠯᠢ ᠴᠢᠶᠠᠩ 11 ᠳ᠋ᠦ᠍ᠭᠡᠷ ᠰᠠᠷ᠎ᠠ᠎ᠶᠢᠨ 27 ᠤ ᠡᠳᠦᠷ ᠲᠦᠷᠦ᠎ᠶᠢᠨ ᠶᠠᠪᠤᠳᠠᠯ᠎ᠤᠨ ᠬᠣᠷᠢᠶ᠎ᠠ᠎ᠶᠢᠨ ᠪᠠᠢᠩᠭᠤ᠎ᠶᠢᠨ ᠬᠤᠷᠠᠯᠳᠤᠭᠠᠨ᠎ᠢ ᠡᠷᠬᠢᠯᠡᠨ ᠬᠤᠷᠠᠯᠳᠤᠭᠤᠯᠵᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠶᠡᠷᠦᠩᠬᠡᠢ ᠰᠢᠮᠳᠠᠭᠤᠯᠤᠨ ᠪᠠᠢᠴᠠᠭᠠᠯᠲᠠ᠎ᠶᠢᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠦᠨᠳᠦᠰᠦᠨ ᠡᠮᠴᠢᠯᠡᠭᠡᠨ᠎ᠦ ᠳᠠᠭᠠᠳᠬᠠᠯ᠎ᠤᠨ ᠮᠤᠵᠢ᠎ᠶᠢᠨ ᠱᠠᠲᠤᠨ᠎ᠳᠠᠬᠢ ᠨᠢᠭᠡᠳᠦᠯᠲᠡᠢ ᠲᠥᠯᠥᠪᠯᠡᠭᠡ᠎ᠶᠢ ᠠᠬᠢᠭᠤᠯᠬᠤ ᠠᠵᠢᠯ᠎ᠢ ᠪᠠᠢᠷᠢᠯᠠᠭᠤᠯᠵᠤ᠂ 《ᠪᠦᠬᠦ ᠠᠷᠠᠳ᠎ᠤᠨ ᠤᠩᠰᠢᠯᠭ᠎ᠠ᠎ᠶᠢ ᠠᠬᠢᠭᠤᠯᠬᠤ ᠳᠦᠷᠢᠮ (ᠡᠬᠡ ᠲᠥᠰᠥᠯ) 》᠎ᠢ ᠬᠢᠨᠠᠨ ᠵᠥᠪᠯᠡᠵᠦ ᠪᠠᠲᠤᠯᠠᠵᠤ᠂ 《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠳᠠᠩᠰᠠᠯᠠᠭᠤᠯᠤᠭᠰᠠᠨ ᠨᠢᠭ᠍ᠲᠠᠯᠠᠨ ᠪᠤᠳᠤᠭ᠍ᠴᠢ᠎ᠶᠢᠨ ᠬᠠᠤᠯᠢ (ᠵᠠᠰᠠᠪᠤᠷᠢ ᠣᠷᠣᠭᠤᠯᠤᠭᠰᠠᠨ ᠡᠬᠡ ᠲᠥᠰᠥᠯ) 》᠎ᠶᠢ ᠶᠠᠷᠢᠯᠴᠠᠪᠠ᠃
ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ ᠡᠨᠡ ᠤᠳᠠᠭ᠎ᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠶᠡᠷᠦᠩᠬᠡᠢ ᠰᠢᠮᠳᠠᠭᠤᠯᠤᠨ ᠪᠠᠢᠴᠠᠭᠠᠯᠲᠠ ᠨᠢ ᠶᠡᠷᠦᠩᠬᠡᠢ ᠱᠦᠵᠢ ᠰᠢ᠎ᠵᠢᠨ᠎ᠫᠢᠩ᠎ᠦᠨ ᠴᠢᠬᠤᠯᠠ ᠵᠢᠭᠠᠪᠤᠷᠢ ᠴᠣᠬᠣᠯᠠᠪᠤᠷᠢ᠎ᠶᠢᠨ ᠵᠣᠷᠢᠭ᠋ ᠰᠠᠨᠠᠭ᠎ᠠ ᠪᠠ ᠨᠠᠮ᠎ᠤᠨ ᠲᠥᠪ ᠬᠣᠷᠢᠶ᠎ᠠ᠎ᠶᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢᠨ ᠲᠣᠭᠣᠷᠢᠨ᠎ᠳᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠠᠵᠢᠯ᠎ᠢ ᠨᠡᠩ ᠯᠠᠪᠳᠠᠭᠤᠨ ᠪᠠᠲᠤᠲᠠᠢ ᠰᠠᠢᠲᠤᠷ ᠬᠢᠬᠦ᠎ᠶᠢ ᠠᠬᠢᠭᠤᠯᠵᠤ᠂ ᠢᠳᠡᠪᠬᠢᠲᠡᠢ ᠦᠷ᠎ᠡ ᠪᠦᠲᠦᠮᠵᠢ ᠣᠯᠪᠠ᠃ ᠶᠡᠷᠦᠩᠬᠡᠢ ᠰᠢᠮᠳᠠᠭᠤᠯᠤᠨ ᠪᠠᠢᠴᠠᠭᠠᠯᠲᠠ᠎ᠶᠢᠨ ᠦᠷ᠎ᠡ ᠪᠦᠲᠦᠭᠡᠯ᠎ᠢ ᠦᠨᠡᠨ ᠬᠦ᠌ ᠰᠠᠢᠲᠤᠷ ᠬᠡᠷᠡᠭᠯᠡᠵᠦ᠂ ᠰᠢᠮᠳᠠᠭᠤᠯᠤᠨ ᠪᠠᠢᠴᠠᠭᠠᠭᠠᠳ ᠢᠯᠡᠷᠡᠭᠦᠯᠦᠭᠰᠡᠨ ᠭᠣᠣᠯ ᠠᠰᠠᠭᠤᠳᠠᠯ᠎ᠳᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠭᠠᠵᠠᠷ ᠣᠷᠣᠨ᠎ᠢ ᠰᠢᠮᠳᠠᠭᠤᠯᠵᠤ ᠪᠠᠢᠭᠠᠳ ᠴᠡᠭᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶᠢ ᠵᠦᠢᠯ ᠳᠠᠷᠠᠭᠠᠯᠠᠨ ᠰᠠᠢᠲᠤᠷ ᠠᠳᠬᠤᠬᠤ ᠬᠡᠷᠡᠭᠲᠡᠢ᠃ ᠳᠤᠷᠠᠳᠤᠭᠰᠠᠨ ᠰᠢᠮᠳᠠᠭᠤᠯᠤᠨ ᠰᠢᠢᠳᠪᠦᠷᠢᠯᠡᠭᠦᠯᠬᠦ ᠰᠠᠨᠠᠯ ᠪᠠ ᠲᠥᠷᠥ᠎ᠶᠢᠨ ᠪᠣᠳᠣᠯᠭ᠎ᠠ᠎ᠶᠢᠨ ᠰᠠᠨᠠᠭᠤᠯᠭ᠎ᠠ᠎ᠶᠢ ᠭᠦᠨᠵᠡᠭᠡᠢ ᠬᠠᠷᠢᠴᠠᠭᠤᠯᠤᠨ ᠵᠠᠳᠠᠯᠵᠤ᠂ ᠲᠥᠷᠥ᠎ᠶᠢᠨ ᠪᠣᠳᠣᠯᠭ᠎ᠠ᠎ᠶᠢ ᠴᠠᠭ ᠲᠤᠬᠠᠢ᠎ᠳᠤ ᠨᠢ ᠲᠡᠭᠦᠯᠳᠡᠷᠵᠢᠭᠦᠯᠦᠨ᠂ ᠠᠵᠢᠯ᠎ᠢᠶᠠᠨ ᠰᠠᠢᠵᠢᠷᠠᠭᠤᠯᠬᠤ ᠬᠡᠷᠡᠭᠲᠡᠢ᠃ ᠭᠣᠣᠯᠳᠠᠯᠭ᠎ᠠ ᠪᠣᠯᠬᠤ ᠬᠦᠷᠢᠶᠡᠨ᠎ᠦ ᠪᠠᠭᠤᠷᠠᠢ ᠭᠣᠭᠴᠣᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠨᠢᠭᠡ᠎ᠡᠴᠡ ᠨᠦᠬᠦᠭᠡ᠎ᠶᠢ ᠵᠦᠢᠴᠢᠯᠡᠵᠦ ᠪᠠᠢᠭᠠᠳ ᠥᠪᠡᠷ᠎ᠢᠶᠡᠨ ᠪᠠᠢᠴᠠᠭᠠᠵᠤ ᠥᠪᠡᠷ᠎ᠢᠶᠡᠨ ᠵᠠᠯᠠᠷᠠᠭᠤᠯᠬᠤ᠎ᠶᠢ ᠥᠷᠨᠢᠭᠦᠯᠵᠦ᠂ ᠨᠢᠭᠡ ᠠᠰᠠᠭᠤᠳᠠᠯ᠎ᠢ ᠰᠢᠢᠳᠪᠦᠷᠢᠯᠡᠬᠦ᠎ᠡᠴᠡ ᠨᠢᠭᠡ ᠲᠦᠷᠦᠯ᠎ᠦᠨ ᠠᠰᠠᠭᠤᠳᠠᠯ᠎ᠢ ᠰᠢᠢᠳᠪᠦᠷᠢᠯᠡᠬᠦ ᠲᠡᠢᠰᠢ ᠥᠷᠭᠡᠳᠬᠡᠵᠦ᠂ ᠴᠡᠭᠴᠡᠯᠡᠨ ᠰᠠᠢᠵᠢᠷᠠᠭᠤᠯᠬᠤ᠎ᠶᠢ ᠠᠳᠬᠤᠵᠤ ᠨᠠᠢᠳᠠᠪᠤᠷᠢᠵᠢᠭᠤᠯᠬᠤ᠎ᠶᠢ ᠠᠬᠢᠭᠤᠯᠬᠤ ᠤᠷᠳᠤ ᠬᠤᠭᠤᠴᠠᠭᠠᠨ᠎ᠤ ᠪᠦᠲᠦᠮᠵᠢᠲᠡᠢ ᠲᠣᠭᠲᠠᠴᠠ᠎ᠶᠢ ᠪᠡᠬᠢᠵᠢᠭᠦᠯᠦᠨ ᠲᠡᠭᠦᠯᠳᠡᠷᠵᠢᠭᠦᠯᠬᠦ ᠬᠡᠷᠡᠭᠲᠡᠢ ᠭᠡᠪᠡ᠃
ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ ᠦᠨᠳᠦᠰᠦᠨ ᠡᠮᠴᠢᠯᠡᠭᠡᠨ᠎ᠦ ᠳᠠᠭᠠᠳᠬᠠᠯ᠎ᠢ ᠮᠤᠵᠢ᠎ᠶᠢᠨ ᠱᠠᠲᠤᠨ᠎ᠳᠤ ᠨᠢᠭᠡᠳᠦᠯᠲᠡᠢ ᠲᠥᠯᠥᠪᠯᠡᠬᠦ᠎ᠶᠢ ᠠᠬᠢᠭᠤᠯᠬᠤ ᠪᠣᠯ ᠪᠦᠬᠦ ᠠᠷᠠᠳ᠎ᠤᠨ ᠡᠮᠴᠢᠯᠡᠭᠡᠨ᠎ᠦ ᠳᠠᠭᠠᠳᠬᠠᠯ᠎ᠤᠨ ᠳᠦᠷᠢᠮ᠎ᠢ ᠪᠦᠷᠢᠨᠰᠢᠭᠦᠯᠬᠦ ᠴᠢᠬᠤᠯᠠ ᠠᠷᠭ᠎ᠠ ᠬᠡᠮᠵᠢᠶ᠎ᠡ ᠪᠠᠢᠵᠤ᠂ ᠳᠠᠭᠠᠳᠬᠠᠯ᠎ᠤᠨ ᠬᠠᠪᠰᠤᠷᠤᠯᠴᠠᠨ ᠲᠤᠰᠠᠯᠠᠯᠴᠠᠬᠤ ᠳᠠᠪᠠᠭᠤᠯᠢᠭ᠋᠎ᠢ ᠨᠡᠩ ᠰᠠᠢᠲᠤᠷ ᠪᠠᠳᠠᠷᠠᠭᠤᠯᠵᠤ᠂ ᠡᠮᠴᠢᠯᠡᠭᠡᠨ᠎ᠦ ᠳᠠᠭᠠᠳᠬᠠᠯ᠎ᠤᠨ ᠳᠦᠷᠢᠮ᠎ᠦᠨ ᠪᠠᠲᠤᠯᠠᠭ᠎ᠠ᠎ᠶᠢᠨ ᠴᠢᠳᠠᠪᠤᠷᠢ᠎ᠶᠢ ᠴᠢᠩᠭᠠᠷᠠᠭᠤᠯᠬᠤ᠎ᠳᠤ ᠠᠰᠢᠭᠲᠠᠢ ᠶᠤᠮ᠃ ᠡᠯ᠎ᠡ ᠭᠠᠵᠠᠷ᠎ᠤᠨ ᠬᠢᠨ ᠭᠠᠵᠠᠷ ᠣᠷᠣᠨ᠎ᠤ ᠪᠠᠢᠳᠠᠯ᠎ᠳᠤ᠎ᠪᠠᠨ ᠲᠣᠬᠢᠷᠠᠭᠤᠯᠤᠨ ᠳᠦᠷᠦᠯ ᠬᠤᠪᠢᠶᠠᠨ ᠳᠦᠷᠦ᠎ᠶᠢᠨ ᠪᠣᠳᠣᠯᠭ᠎ᠠ ᠬᠡᠷᠡᠭᠵᠢᠭᠦᠯᠬᠦ᠎ᠶᠢ ᠵᠢᠭᠠᠨ ᠵᠢᠯᠤᠭᠣᠳᠴᠤ᠂ ᠮᠤᠵᠢ᠎ᠶᠢᠨ ᠱᠠᠲᠤᠨ᠎ᠳᠠᠬᠢ ᠨᠢᠭᠡᠳᠦᠯᠲᠡᠢ ᠲᠥᠯᠥᠪᠯᠡᠭᠰᠡᠨ ᠰᠠᠭᠤᠷᠢ ᠮᠥᠩᠭᠥᠨ᠎ᠦ ᠬᠠᠮᠢᠶᠠᠷᠤᠯᠲᠠ᠎ᠶᠢᠨ ᠬᠡᠪ ᠵᠠᠭᠪᠤᠷ᠎ᠢ ᠵᠦᠢ ᠵᠣᠬᠢᠰᠲᠠᠢ ᠲᠣᠭᠲᠠᠭᠠᠵᠤ᠂ ᠰᠠᠭᠤᠷᠢ ᠮᠥᠩᠭᠥᠨ᠎ᠦ ᠬᠡᠷᠡᠭᠯᠡᠯᠲᠡ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠬᠦ ᠬᠡᠷᠡᠭᠲᠡᠢ᠃ ᠦᠨᠳᠦᠰᠦᠨ ᠡᠮᠴᠢᠯᠡᠭᠡᠨ᠎ᠦ ᠳᠠᠭᠠᠳᠬᠠᠯ᠎ᠢ ᠮᠤᠵᠢ᠎ᠶᠢᠨ ᠱᠠᠲᠤᠨ᠎ᠳᠤ ᠨᠢᠭᠡᠳᠦᠯᠲᠡᠢ ᠲᠥᠯᠥᠪᠯᠡᠬᠦ ᠪᠠ ᠱᠠᠲᠤ ᠬᠤᠪᠢᠶᠠᠨ ᠣᠨᠣᠰᠢᠯᠠᠨ ᠡᠮᠴᠢᠯᠡᠬᠦ ᠳᠦᠷᠢᠮ᠎ᠦᠨ ᠪᠠᠢᠭᠤᠯᠤᠯᠲᠠ᠎ᠶᠢ ᠵᠣᠬᠢᠴᠠᠭᠤᠯᠤᠨ ᠠᠬᠢᠭᠤᠯᠵᠤ᠂ ᠴᠢᠨᠠᠷ ᠰᠠᠢᠲᠠᠢ ᠡᠮᠴᠢᠯᠡᠭᠡᠨ᠎ᠦ ᠡᠬᠢ ᠪᠠᠶᠠᠯᠢᠭ᠋᠎ᠤᠨ ᠲᠡᠩᠴᠡᠭᠦᠷᠢᠲᠡᠢ ᠪᠠᠢᠷᠢᠰᠢᠭᠤᠯᠤᠯᠲᠠ᠎ᠶᠢ ᠲᠦᠷᠭᠡᠳᠬᠡᠨ ᠠᠬᠢᠭᠤᠯᠵᠤ᠂ ᠦᠨᠳᠦᠰᠦᠨ ᠱᠠᠲᠤᠨ᠎ᠤ ᠡᠮᠴᠢᠯᠡᠭᠡᠨ᠎ᠦ ᠦᠢᠯᠡᠴᠢᠯᠡᠬᠦ ᠴᠢᠳᠠᠪᠤᠷᠢ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠡᠮᠴᠢᠯᠡᠭᠡᠨ᠎ᠦ ᠳᠠᠭᠠᠳᠬᠠᠯ᠎ᠤᠨ ᠲᠣᠭᠠᠴᠠᠭ᠎ᠠ ᠪᠠ ᠦᠢᠯᠡᠴᠢᠯᠡᠭᠡᠨ᠎ᠦ ᠦᠨ᠎ᠡ᠎ᠶᠢ ᠲᠣᠬᠢᠷᠠᠭᠤᠯᠬᠤ ᠲᠣᠭᠲᠠᠴᠠ᠎ᠶᠢ ᠨᠢ ᠲᠡᠭᠦᠯᠳᠡᠷᠵᠢᠭᠦᠯᠵᠦ᠂ ᠤᠯᠠᠨ ᠲᠦᠮᠡᠨ᠎ᠦ ᠡᠪᠡᠳᠴᠢᠨ ᠦᠵᠡᠭᠦᠯᠬᠦ ᠬᠡᠷᠡᠭᠴᠡᠭᠡ᠎ᠶᠢ ᠨᠡᠩ ᠰᠠᠢᠲᠤᠷ ᠬᠠᠩᠭᠠᠬᠤ ᠬᠡᠷᠡᠭᠲᠡᠢ ᠭᠡᠪᠡ᠃
ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ ᠪᠦᠬᠦ ᠠᠷᠠᠳ᠎ᠤᠨ ᠤᠩᠰᠢᠯᠭ᠎ᠠ᠎ᠳᠤ ᠬᠠᠤᠯᠢ ᠴᠠᠭᠠᠵᠠ᠎ᠶᠢᠨ ᠲᠠᠯ᠎ᠠ᠎ᠠᠴᠠ ᠪᠠᠲᠤᠯᠠᠭ᠎ᠠ ᠬᠠᠩᠭᠠᠵᠤ᠂ ᠠᠷᠠᠳ ᠤᠯᠠᠨ᠎ᠢ ᠤᠩᠰᠢᠯᠭ᠎ᠠ᠎ᠪᠠᠷ ᠳᠠᠮᠵᠢᠭᠤᠯᠤᠨ ᠲᠠᠰᠤᠷᠠᠯᠲᠠ ᠦᠭᠡᠢ ᠮᠡᠳᠡᠯᠭᠡ ᠡᠵᠡᠮᠰᠢᠭᠦᠯᠵᠦ᠂ ᠤᠶᠤᠨ ᠤᠬᠠᠭᠠᠨ᠎ᠢ ᠨᠢ ᠨᠡᠮᠡᠭᠳᠡᠭᠦᠯᠬᠦ ᠬᠡᠷᠡᠭᠲᠡᠢ᠃ ᠰᠢᠯᠢᠳᠡᠭ ᠠᠭᠤᠯᠭ᠎ᠠ᠎ᠶᠢᠨ ᠬᠠᠩᠭᠠᠯᠭ᠎ᠠ᠎ᠶᠢ ᠨᠡᠮᠡᠭᠳᠡᠭᠦᠯᠵᠦ᠂ ᠪᠦᠬᠦ ᠠᠷᠠᠳ᠎ᠤᠨ ᠤᠩᠰᠢᠯᠭ᠎ᠠ᠎ᠶᠢᠨ ᠪᠡᠯᠡᠳᠬᠡᠮᠵᠢ᠎ᠶᠢ ᠰᠠᠢᠲᠤᠷ ᠪᠦᠲᠦᠭᠡᠨ ᠪᠠᠢᠭᠤᠯᠵᠤ᠂ ᠵᠠᠯᠠᠭᠤᠴᠤᠳ ᠪᠠᠭᠠᠴᠤᠳ᠂ ᠨᠠᠰᠤᠲᠠᠢᠴᠤᠳ ᠵᠡᠷᠭᠡ ᠠᠳᠠᠯᠢ ᠪᠤᠰᠤ ᠬᠥᠮᠥᠰ᠎ᠲᠦ ᠤᠩᠰᠢᠯᠭ᠎ᠠ᠎ᠶᠢᠨ ᠦᠢᠯᠡᠴᠢᠯᠡᠭᠡ᠎ᠶᠢ ᠲᠡᠭᠦᠯᠳᠡᠷᠵᠢᠭᠦᠯᠵᠦ᠂ ᠪᠦᠬᠦ ᠠᠷᠠᠳ᠎ᠤᠨ ᠤᠩᠰᠢᠯᠭ᠎ᠠ᠎ᠶᠢᠨ ᠰᠢᠨ᠎ᠡ ᠮᠡᠷᠭᠡᠵᠢᠯ᠂ ᠰᠢᠨ᠎ᠡ ᠠᠴᠢᠶᠠᠯᠠᠪᠤᠷᠢ᠂ ᠰᠢᠨ᠎ᠡ ᠪᠡᠯᠡᠳᠬᠡᠮᠵᠢ ᠵᠡᠷᠭᠡ᠎ᠶᠢᠨ ᠨᠡᠭᠡᠭᠡᠨ ᠬᠡᠷᠡᠭᠯᠡᠬᠦ᠎ᠶᠢ ᠵᠣᠷᠢᠭ᠍ᠵᠢᠭᠤᠯᠤᠨ ᠠᠬᠢᠭᠤᠯᠵᠤ᠂ ᠡᠯᠪᠡᠭ ᠪᠠᠶᠠᠯᠢᠭ᠋ ᠤᠯᠠᠨ ᠶᠠᠩᠵᠤᠲᠤ ᠤᠩᠰᠢᠯᠭ᠎ᠠ ᠳᠡᠯᠭᠡᠷᠡᠭᠦᠯᠬᠦ ᠠᠵᠢᠯᠯᠠᠭ᠎ᠠ᠎ᠨᠢ ᠰᠢᠨ᠎ᠡ ᠡᠭᠦᠳᠦᠯᠲᠡ ᠲᠡᠢ ᠥᠷᠨᠢᠭᠦᠯᠵᠦ᠂ ᠪᠦᠬᠦ ᠦᠨᠳᠦᠰᠦᠲᠡᠨ᠎ᠦ ᠦᠵᠡᠯ ᠰᠠᠨᠠᠭ᠎ᠠ ᠶᠣᠰᠣ᠌ ᠰᠤᠷᠲᠠᠬᠤᠨ᠎ᠤ ᠬᠡᠪ ᠴᠢᠨᠠᠷ ᠪᠠ ᠰᠢᠨᠵᠢᠯᠡᠬᠦ ᠤᠬᠠᠭᠠᠨ ᠰᠣᠶᠣᠯ᠎ᠤᠨ ᠬᠡᠪ ᠪᠣᠯᠪᠠᠰᠤᠷᠠᠯ᠎ᠢ ᠴᠢᠩᠭᠠᠳᠬᠠᠵᠤ᠂ ᠪᠦᠬᠦ ᠨᠡᠢᠭᠡᠮ᠎ᠦᠨ ᠪᠣᠯᠪᠠᠰᠤᠨ᠎ᠤ ᠬᠡᠮᠵᠢᠶ᠎ᠡ᠎ᠶᠢ ᠳᠡᠭᠡᠭᠰᠢᠯᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ᠎ᠳᠤ ᠬᠦᠴᠦᠷᠬᠡᠭ ᠶᠡᠬᠡ ᠤᠶᠤᠨ ᠰᠠᠨᠠᠭᠠᠨ᠎ᠤ ᠬᠦᠴᠦᠨ ᠴᠢᠳᠠᠯ ᠨᠡᠮᠡᠷᠢᠯᠡᠬᠦ ᠬᠡᠷᠡᠭᠲᠡᠢ ᠭᠡᠪᠡ᠃
ᠬᠤᠷᠠᠯᠳᠤᠭᠠᠨ᠎ᠢᠶᠠᠷ 《ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠳᠠᠩᠰᠠᠯᠠᠭᠤᠯᠤᠭᠰᠠᠨ ᠨᠢᠭ᠍ᠲᠠᠯᠠᠨ ᠪᠤᠳᠤᠭ᠍ᠴᠢ᠎ᠶᠢᠨ ᠬᠠᠤᠯᠢ (ᠵᠠᠰᠠᠪᠤᠷᠢ ᠣᠷᠣᠭᠤᠯᠤᠭᠰᠠᠨ ᠡᠬᠡ ᠲᠥᠰᠥᠯ) 》᠎ᠶᠢ ᠶᠠᠷᠢᠯᠴᠠᠭᠠᠳ ᠵᠠᠷᠴᠢᠮ ᠳᠡᠭᠡᠷ᠎ᠡ᠎ᠪᠡᠨ ᠪᠠᠲᠤᠯᠠᠵᠤ᠂ ᠡᠬᠡ ᠲᠥᠰᠥᠯ᠎ᠢ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠳᠤ ᠳᠡᠪᠰᠢᠭᠦᠯᠵᠦ ᠬᠢᠨᠠᠨ ᠵᠥᠪᠯᠡᠭᠦᠯᠬᠦ᠎ᠪᠡᠷ ᠲᠣᠭᠲᠠᠪᠠ᠃ ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ ᠬᠠᠤᠯᠢ ᠴᠠᠭᠠᠵᠠ᠎ᠶᠢᠨ ᠬᠢᠵᠠᠭᠠᠷᠯᠠᠯ᠎ᠢ ᠴᠢᠩᠭᠠᠳᠬᠠᠵᠤ᠂ ᠠᠵᠢᠯ ᠲᠦᠷᠦᠯ᠎ᠦᠨ ᠬᠢᠨᠠᠯᠲᠠ ᠬᠠᠮᠢᠶᠠᠷᠤᠯᠲᠠ ᠪᠠ ᠡᠳ᠋᠎ᠦᠨ ᠶᠠᠪᠤᠳᠠᠯ᠎ᠤᠨ ᠬᠢᠨᠠᠯᠲᠠ ᠲᠠᠯᠪᠢᠯᠲᠠ᠎ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠲᠣᠭᠲᠠᠭᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠴᠢᠩᠭ᠎ᠠ ᠪᠠᠢᠴᠠᠭᠠᠨ ᠰᠢᠢᠳᠪᠦᠷᠢᠯᠡᠵᠦ᠂ ᠳᠠᠩᠰᠠᠯᠠᠭᠤᠯᠤᠭᠰᠠᠨ ᠨᠢᠭ᠍ᠲᠠᠯᠠᠨ ᠪᠤᠳᠤᠭ᠍ᠴᠢ᠎ᠶᠢᠨ ᠦᠨᠡᠨᠴᠢ ᠢᠲᠡᠭᠡᠮᠵᠢᠲᠡᠢ ᠪᠠᠢᠬᠤ᠂ ᠬᠠᠤᠯᠢ ᠶᠣᠰᠣᠭᠠᠷ ᠬᠠᠷᠢᠭᠤᠴᠠᠯᠭ᠎ᠠ ᠭᠦᠢᠴᠡᠳᠬᠡᠬᠦ᠎ᠶᠢ ᠨᠢ ᠠᠬᠢᠭᠤᠯᠵᠤ᠂ ᠳᠠᠩᠰᠠᠯᠠᠭᠤᠯᠤᠭᠰᠠᠨ ᠨᠢᠭ᠍ᠲᠠᠯᠠᠨ ᠪᠤᠳᠤᠭ᠍ᠴᠢ᠎ᠶᠢᠨ ᠠᠵᠢᠯ ᠲᠦᠷᠦᠯ᠎ᠦᠨ ᠡᠷᠡᠭᠦᠯ ᠬᠥᠭᠵᠢᠯᠲᠡ᠎ᠶᠢ ᠠᠬᠢᠭᠤᠯᠵᠤ᠂ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠡᠮᠬᠢ ᠳᠢᠭ᠌ᠯᠢᠮ᠎ᠢ ᠬᠠᠮᠠᠭᠠᠯᠠᠬᠤ᠂ ᠪᠡᠯᠡ ᠣᠷᠣᠭᠤᠯᠤᠭ᠍ᠴᠢ᠎ᠶᠢᠨ ᠡᠷᠬᠡ ᠠᠰᠢᠭ᠋᠎ᠢ ᠬᠠᠮᠠᠭᠠᠯᠠᠬᠤ᠂ ᠠᠵᠤ ᠠᠬᠤᠢᠯᠠᠯ᠎ᠤᠨ ᠡᠵᠡᠩᠨᠡᠯᠲᠡ᠎ᠶᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠵᠡᠷᠭᠡ ᠲᠠᠯ᠎ᠠ᠎ᠪᠠᠷ ᠦᠵᠡᠭᠦᠯᠪᠡᠰᠦ ᠵᠣᠬᠢᠬᠤ ᠦᠢᠯᠡᠳᠦᠯ᠎ᠢᠶᠡᠨ ᠪᠠᠳᠠᠷᠠᠭᠤᠯᠬᠤ ᠬᠡᠷᠡᠭᠲᠡᠢ ᠭᠡᠪᠡ᠃
ᠬᠤᠷᠠᠯᠳᠤᠭᠠᠨ᠎ᠢᠶᠠᠷ ᠪᠠᠰᠠ ᠪᠤᠰᠤᠳ ᠵᠦᠢᠯᠡᠰ᠎ᠢ ᠰᠤᠳᠤᠯᠵᠠᠢ᠃