ᠲᠡᠷᠢᠭᠦᠨ ᠬᠠᠭᠤᠳᠠᠰᠤ   -   ᠴᠢᠬᠤᠯᠠ ᠮᠡᠳᠡᠭᠡ
《ᠠᠷᠪᠠᠨ ᠲᠠᠪᠤᠳᠤᠭᠠᠷ ᠲᠠᠪᠤᠨ ᠵᠢᠯ》᠎ᠳᠦ᠂ ᠥᠪᠥᠷ ᠮᠣᠩᠭᠣᠯ᠎ᠤᠨ 《ᠨᠠᠢ᠍ᠮᠠᠨ ᠰᠢᠨ᠎ᠡ》 ᠭᠣᠣᠯ ᠬᠠᠷᠠᠯᠲᠠ᠎ᠶᠢ ᠬᠡᠷᠬᠢᠨ ᠦᠵᠡᠬᠦ ᠪᠤᠢ?
ᠨᠡᠶ᠋ᠢᠲᠡᠯᠡᠭᠰᠡᠨ ᠴᠠᠭ᠄ 2025-11-28

ᠪᠥᠬᠥᠳᠡ ᠬᠤᠷᠠᠯᠳᠤᠭᠠᠨ᠎ᠢᠶᠠᠷ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠠᠬᠢ ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠭᠣᠣᠯ ᠬᠠᠷᠠᠯᠲᠠ᠎ᠶᠢ ᠳᠤᠷᠠᠳᠪᠠ᠄ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢᠨ ᠰᠢᠨ᠎ᠡ ᠦᠷ᠎ᠡ ᠪᠦᠲᠦᠮᠵᠢ ᠣᠯᠬᠤ᠎ᠶᠢ ᠠᠬᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠦᠰᠦᠷᠦᠯᠲᠡ᠎ᠶᠢ ᠪᠡᠶᠡᠯᠡᠭᠦᠯᠦᠨ᠂ ᠰᠢᠨᠵᠢᠯᠡᠬᠦ ᠤᠬᠠᠭᠠᠨ ᠲᠧᠭ᠌ᠨᠢᠭ᠌ ᠮᠡᠷᠭᠡᠵᠢᠯ᠎ᠦᠨ ᠰᠢᠨ᠎ᠡ ᠡᠭᠦᠳᠦᠯᠲᠡ᠎ᠶᠢ ᠰᠢᠨ᠎ᠡ ᠳᠡᠭᠲᠡᠷ᠎ᠲᠦ ᠭᠠᠷᠭᠠᠵᠤ᠂ ᠥᠭᠡᠷᠡᠴᠢᠯᠡᠯᠲᠡ ᠨᠡᠭᠡᠭᠡᠯᠲᠡ᠎ᠶᠢ ᠭᠦᠨᠵᠡᠭᠡᠢᠷᠡᠭᠦᠯᠵᠦ ᠰᠢᠨ᠎ᠡ ᠰᠢᠪᠲᠤᠯᠤᠯᠲᠠ᠎ᠶᠢ ᠪᠡᠶᠡᠯᠡᠭᠦᠯᠦᠨ᠂ ᠨᠡᠢᠭᠡᠮ᠎ᠦᠨ ᠪᠣᠯᠪᠠᠰᠤᠨ᠎ᠤ ᠲᠦᠪᠰᠢᠨ᠎ᠢ ᠰᠢᠨ᠎ᠡ ᠳᠡᠭᠡᠭᠰᠢᠯᠡᠯᠲᠡ᠎ᠲᠠᠢ ᠪᠣᠯᠭᠠᠵᠤ᠂ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶᠢ ᠰᠢᠨ᠎ᠡ ᠳᠡᠭᠡᠭᠰᠢᠯᠡᠯᠲᠡ ᠲᠡᠢ ᠪᠣᠯᠭᠠᠨ᠂ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢ ᠰᠢᠨ᠎ᠡ ᠥᠨᠳᠥᠷᠴᠡ᠎ᠳᠤ ᠬᠦᠷᠭᠡᠵᠦ᠂ ᠠᠮᠤᠭᠤᠯᠠᠩᠲᠤ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠶᠢᠨ ᠰᠢᠨ᠎ᠡ ᠪᠠᠢᠳᠠᠯ᠎ᠢ ᠡᠭᠦᠳᠦᠨ᠎ᠡ᠃ 

— ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ᠎ᠶᠢᠨ ᠠᠷᠪᠠᠳᠤᠭᠠᠷ ᠪᠥᠬᠥᠳᠡ ᠬᠤᠷᠠᠯᠳᠤᠭᠠᠨ 

 

ᠬᠣᠢᠰᠢᠳᠠ᠎ᠶᠢᠨ ᠲᠠᠪᠤᠨ ᠵᠢᠯ᠎ᠳᠡᠬᠢ ᠪᠥᠬᠥ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠭᠣᠣᠯ ᠬᠠᠷᠠᠯᠲᠠ ᠪᠣᠯ᠄ 

— ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢᠨ ᠱᠢᠨ᠎ᠡ ᠦᠷ᠎ᠡ ᠪᠦᠲᠦᠮᠵᠢ ᠣᠯᠬᠤ᠎ᠶᠢ ᠠᠬᠢᠭᠤᠯᠤᠨ᠎ᠠ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠦᠷᠢᠮ ᠲᠣᠭ᠍ᠲᠠᠴᠠ᠎ᠶ᠋ᠢ ᠨᠠᠩ ᠪᠦᠷᠢᠨᠱᠢᠭᠦᠯᠵᠦ᠍᠂ ᠣᠨᠣᠯ᠎ᠤᠨ ᠰᠤᠳᠤᠯᠭᠠᠨ᠎ᠲᠠᠢᠯᠪᠤᠷᠢᠯᠠᠯᠲᠠ᠎ᠳᠤ ᠨᠢᠭᠡ ᠪᠦᠯᠦᠭ ᠨᠥᠯᠥᠭᠡᠯᠡᠬᠦ᠌ ᠬᠦᠴᠦᠨ᠎ᠲᠡᠶ ᠴᠢᠬᠤᠯᠠ ᠦᠷ᠎ᠡ ᠪᠦᠲᠦᠭᠡᠯ ᠣᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ᠎ᠶ᠋ᠢ ᠭᠦᠨᠵᠡᠭᠡᠶ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠬᠥᠮᠦᠰ᠎ᠦᠨ ᠰᠡᠳᠭᠢᠯ᠎ᠳᠦ ᠨᠠᠩ ᠬᠠᠳᠠᠩᠱᠢᠭᠤᠯᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ᠎ᠳᠤ ᠨᠠᠩ ᠣᠯᠠᠨ ᠦᠷ᠎ᠡ ᠪᠦᠲᠦᠭᠡᠯ ᠤᠯᠤᠨ᠎ᠠ᠃

— ᠴᠢᠨᠠᠷ ᠰᠠᠢᠲᠠᠶ ᠬᠥᠭ᠌ᠵᠢᠯᠲᠡ᠎ᠶᠢᠨ ᠰᠢᠨ᠎ᠡ ᠦᠰᠦᠷᠦᠯᠲᠡ᠎ᠶ᠋ᠢ ᠪᠡᠶᠡᠯᠡᠭᠦᠯᠦᠨ᠎ᠠ᠃ ᠠᠵᠤ ᠠᠬᠤᠶ᠎ᠶ᠋ᠢᠨ ᠨᠡᠮᠡᠭ᠌ᠳᠡᠯ᠎ᠢ ᠵᠦᠶ ᠵᠣᠬᠢᠰᠲᠠᠶ ᠣᠷᠣᠨ ᠪᠠᠢᠷᠢ᠎ᠳᠤ ᠪᠠᠢᠯᠭᠠᠵᠤ᠂ ᠪᠥᠬᠥ᠌ ᠬᠦᠴᠦᠨ ᠵᠦᠶ᠋ᠯ᠎ᠦᠨ ᠦᠶ᠋ᠯᠡᠳᠪᠦᠷᠢᠯᠡᠯ᠎ᠦᠨ ᠨᠣᠷᠮ᠎ᠠ᠎ᠶ᠋ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠵᠦ᠂ ᠰᠠᠭᠤᠭᠠᠯᠢ ᠠᠷᠠᠳ᠎ᠤᠨ ᠬᠡᠷᠡᠭ᠌ᠯᠡᠭᠡ᠎ᠶ᠋ᠢᠨ ᠨᠣᠷᠮ᠎ᠠ᠎ᠶ᠋ᠢ ᠢᠯᠡᠳᠲᠡ ᠳᠡᠭᠡᠭ᠌ᠰᠢᠯᠡᠭᠦᠯᠵᠦ᠍᠂ ᠱᠢᠨ᠎ᠡ ᠬᠡᠯᠪᠡᠷᠢ᠎ᠶ᠋ᠢᠨ ᠠᠵᠤ ᠦᠶ᠋ᠯᠡᠳᠪᠦᠷᠢᠵᠢᠯᠲᠡ᠂ ᠮᠡᠳᠡᠭᠡ ᠵᠠᠩᠭᠢᠴᠢᠯᠠᠯᠳᠠ᠂ ᠬᠣᠲᠠ ᠪᠠᠯᠭᠠᠰᠣᠵᠢᠯᠳᠡ᠂ ᠲᠠᠷᠢᠶᠠᠯᠠᠩ ᠮᠠᠯ ᠠᠵᠤ ᠠᠬᠤᠶ᠎ᠶ᠋ᠢᠨ ᠣᠳᠣᠬᠢᠴᠢᠯᠠᠯᠲᠠ᠎ᠶ᠋ᠢ ᠴᠢᠬᠤᠯᠠ ᠶᠡᠬᠡ ᠠᠬᠢᠴᠠ᠎ᠲᠠᠶ ᠪᠣᠯᠭᠠᠵᠤ᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠦᠨ᠂ ᠥᠪᠥᠷ ᠮᠣᠩᠭᠣᠯ᠎ᠤᠨ ᠣᠨᠴᠠᠯᠢᠭ ᠪᠥᠬᠥᠶ ᠳᠠᠪᠠᠭᠤᠯᠢᠭ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠶ᠋ᠯᠡᠰ᠎ᠦᠨ ᠲᠣᠭᠲᠠᠯᠴᠠᠭ᠎ᠠ᠎ᠶᠢ ᠴᠣᠭ᠍ᠴᠠᠯᠠᠨ ᠪᠠᠢᠭᠤᠯᠬᠤ᠎ᠳᠤ ᠴᠢᠬᠤᠯᠠ ᠶᠡᠬᠡ ᠱᠢᠪᠲᠤᠯᠤᠯᠲᠠ᠎ᠲᠠᠶ ᠪᠣᠯᠭᠠᠵᠤ᠂ ᠡᠨᠧᠷᠭᠢ᠂ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ ᠪᠠ ᠴᠢᠬᠤᠯᠠ ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ᠎ᠦ ᠬᠠᠩᠭᠠᠯᠭ᠎ᠠ᠎ᠶ᠋ᠢ ᠪᠠᠲᠤᠯᠠᠬᠤ ᠴᠢᠳᠠᠪᠤᠷᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠬᠥᠮᠦᠨ ᠳᠤᠮᠳᠠᠴᠢ᠎ᠶ᠋ᠢᠨ ᠭᠠᠵᠠᠷ ᠣᠷᠣᠨ᠎ᠤ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ᠎ᠢ ᠪᠥᠬᠥ᠌ ᠤᠯᠤᠰ᠎ᠤᠨ ᠳᠡᠭᠡᠷ᠎ᠡ ᠲᠦᠪᠰᠢᠨ᠎ᠳᠦ ᠯᠠᠪᠳᠠᠭᠤᠨ ᠪᠠᠢᠯᠭᠠᠨ᠎ᠠ᠃

— ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠡᠭᠦᠳᠦᠯᠲᠡ᠎ᠶᠢ ᠱᠢᠨ᠎ᠡ ᠳᠡᠭ᠌ᠲᠡᠷ᠎ᠲᠦ ᠭᠠᠷᠭᠠᠨ᠎ᠠ᠃ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠴᠢᠳᠠᠪᠤᠷᠢᠲᠠᠨ᠎ᠢ ᠨᠢᠭᠡ ᠴᠤᠭ᠍ᠴᠠᠵᠢᠭᠤᠯᠤᠨ ᠬᠥᠭ᠌ᠵᠢᠭᠦᠯᠬᠦ᠌ ᠪᠠᠢᠷᠢᠱᠢᠯ᠎ᠢ ᠦᠨᠳᠦᠰᠦᠨ᠎ᠳᠦ᠎ᠪᠡᠨ ᠪᠦᠷᠢᠯᠳᠦᠬᠦᠯᠵᠦ᠍᠂ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠭᠣᠣᠯ ᠴᠣᠭ᠍ᠴᠠ ᠲᠠᠰᠤᠷᠠᠯᠲᠠ ᠦᠭᠡᠢ ᠪᠤᠵᠠᠭᠠᠢᠷᠠᠵᠤ᠂ ᠴᠢᠬᠤᠯᠠ ᠬᠦᠴᠦᠨ ᠵᠤᠢᠯ᠎ᠢ ᠲᠥᠪᠯᠡᠷᠡᠭᠦᠯᠬᠦ᠌ ᠴᠢᠳᠠᠪᠤᠷᠢ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠂ ᠦᠷ᠎ᠡ ᠪᠦᠲᠦᠭᠡᠯ᠎ᠢ ᠣᠨᠳᠣᠣᠱᠢᠭᠤᠯᠬᠤ ᠴᠢᠳᠠᠪᠤᠷᠢ ᠶᠡᠬᠡ᠎ᠪᠡᠷ ᠳᠡᠭᠡᠭ᠌ᠰᠢᠯᠡᠵᠦ᠍᠂ ᠪᠦᠬᠦ᠌ ᠶᠠᠪᠤᠴᠠ᠎ᠵᠢᠨ ᠱᠢᠨ᠎ᠡ᠎ᠶ᠋ᠢ ᠡᠭᠦᠳᠬᠦ᠌ ᠬᠡᠯᠬᠢᠶ᠎ᠡ ᠲᠦᠷᠭᠡᠨ ᠪᠦᠷᠢᠯᠳᠦᠵᠦ᠍᠂ ᠳᠠᠪᠠᠭᠤᠯᠢᠭ ᠬᠦᠷᠢᠶ᠎ᠠ ᠴᠠᠷᠠᠭᠠᠨ᠎ᠳᠦ ᠨᠢᠭᠡ ᠪᠦᠯᠦᠭ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠲᠡᠷᠢᠭᠦᠨ᠎ᠦ ᠴᠢᠬᠤᠯᠠ ᠶᠡᠬᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ ᠣᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌ ᠭᠦᠨᠵᠡᠭᠡᠶ ᠠᠭᠤᠰᠤᠯᠴᠠᠵᠤ᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠦᠢᠯᠡᠳᠦᠯ᠎ᠢ ᠢᠯᠡᠳᠲᠡ ᠴᠢᠩᠭᠠᠳᠬᠠᠨ᠎ᠠ᠃ 

— ᠥᠭᠡᠷᠡᠴᠢᠯᠡᠯᠲᠡ ᠨᠡᠭᠡᠭᠡᠯᠲᠡ᠎ᠶ᠋ᠢ ᠭᠦᠨᠵᠡᠭᠡᠢᠷᠡᠭᠦᠯᠵᠦ᠍ ᠱᠢᠨ᠎ᠡ ᠱᠢᠪᠲᠤᠯᠤᠯᠲᠠ᠎ᠶ᠋ᠢ ᠪᠡᠶᠡᠯᠡᠭᠦᠯᠤᠨ᠎ᠠ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯᠳᠤᠭᠠᠨ᠎ᠤ ᠵᠣᠷᠢᠭ ᠰᠠᠨᠠᠭ᠎ᠠ ᠶᠣᠰᠣᠭᠠᠷ ᠲᠥᠰᠦᠪᠯᠡᠨ ᠪᠠᠢᠷᠢᠯᠠᠭᠤᠯᠤᠭ᠍ᠰᠠᠨ ᠥᠭᠡᠷᠡᠴᠢᠯᠡᠯᠲᠡ᠎ᠶ᠋ᠢᠨ ᠡᠭᠦᠷᠭᠡ᠎ᠶ᠋ᠢ ᠬᠤᠭᠤᠴᠠᠭ᠎ᠠ ᠶᠣᠰᠣᠭᠠᠷ ᠪᠡᠶᠡᠯᠡᠭᠦᠯᠵᠦ᠍᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ᠎ᠦᠨ ᠱᠢᠰᠲ᠋ᠧᠮ᠎ᠢ ᠦᠨᠳᠦᠰᠦᠨ᠎ᠳᠤ᠎ᠪᠠᠨ ᠪᠦᠷᠢᠯᠳᠦᠭᠦᠯᠵᠦ᠍᠂ ᠪᠦᠬᠦ᠌ ᠶᠠᠪᠤᠴᠠ᠎ᠵᠢᠨ ᠠᠷᠠᠳ᠎ᠤᠨ ᠠᠷᠠᠳᠴᠢᠯᠠᠯ᠎ᠢ ᠭᠦᠨᠵᠡᠭᠡᠶ ᠬᠥᠭ᠌ᠵᠢᠭᠦᠯᠵᠦ᠍᠂ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢ ᠨᠡᠩ ᠥᠨᠳᠥᠷ ᠲᠦᠪᠱᠢᠨ᠎ᠳᠦ ᠬᠦᠷᠭᠡᠨ᠎ᠡ᠃ ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ ᠯᠤᠭᠡ ᠨᠠᠩ ᠨᠢᠭ᠍ᠲᠠ ᠠᠭᠤᠰᠤᠯᠴᠠᠵᠤ᠂ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢᠨ ᠪᠦᠲᠦᠭᠡᠨ ᠪᠠᠢᠭᠤᠯᠤᠯᠲᠠ᠎ᠶᠢ  ᠱᠢᠪᠲᠤᠯᠤᠯᠲᠠ᠎ᠶ᠋ᠢᠨ ᠴᠢᠨᠠᠷᠲᠠᠶ ᠠᠬᠢᠴᠠ᠎ᠲᠠᠶ ᠪᠣᠯᠭᠠᠨ᠎ᠠ᠃

— ᠨᠡᠢᠭᠡᠮ᠎ᠦᠨ ᠪᠣᠯᠪᠠᠰᠤᠨ᠎ᠤ ᠳᠦᠪᠰᠢᠨ᠎ᠢ  ᠱᠢᠨ᠎ᠡ ᠳᠡᠭᠡᠭ᠌ᠰᠢᠯᠡᠯᠲᠡ᠎ᠲᠡᠶ ᠪᠣᠯᠭᠠᠨ᠎ᠠ᠃ ᠨᠡᠢᠭᠡᠮ ᠵᠢᠷᠤᠮ᠎ᠤᠨ ᠭᠣᠣᠯᠯᠠᠬᠴᠢ ᠥᠷᠲᠡᠭ᠎ᠦᠨ ᠦᠵᠡᠯᠲᠡ᠎ᠶ᠋ᠢ ᠥᠷᠭᠡᠨ᠎ᠢᠶᠡᠷ ᠦᠢᠯᠡᠳᠦᠯᠭᠡᠵᠢᠭᠦᠯᠵᠦ᠍᠂ ᠣᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡᠨ᠎ᠦ ᠲᠣᠭᠲᠠᠯᠴᠠᠭ᠎ᠠ᠂ ᠣᠳᠣ ᠦᠶ᠎ᠡ᠎ᠶ᠋ᠢᠨ ᠰᠣᠶᠣᠯ᠎ᠤᠨ ᠠᠵᠤ ᠦᠢᠯᠡᠰ᠎ᠦᠨ ᠲᠣᠭᠲᠠᠯᠴᠠᠭ᠎ᠠ ᠪᠠ ᠵᠠᠬ᠎ᠠ ᠳᠡᠯᠭᠡᠭᠦᠷ᠎ᠦᠨ ᠲᠣᠭᠲᠠᠯᠴᠠᠭ᠎ᠠ᠎ᠶᠢ ᠨᠡᠩ ᠪᠦᠷᠢᠨᠱᠢᠭᠦᠯᠵᠦ᠍᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠣᠶᠣᠨ ᠰᠠᠨᠠᠭ᠎ᠠ ᠰᠣᠶᠣᠯ᠎ᠤᠨ ᠠᠮᠢᠳᠤᠷᠠᠯ᠎ᠢ ᠨᠡᠩ ᠪᠠᠶᠠᠯᠢᠭ᠍ᠵᠢᠭᠤᠯᠤᠨ᠂ ᠣᠯᠠᠨ ᠲᠦᠮᠡᠨ᠎ᠦ ᠶᠣᠰᠣ ᠮᠣᠷᠠᠯ᠎ᠤᠨ ᠬᠡᠪ ᠴᠢᠨᠠᠷ᠂ ᠱᠢᠨᠵᠢᠯᠡᠬᠦ᠌ ᠤᠬᠠᠭᠠᠨ ᠰᠣᠶᠣᠯ᠎ᠤᠨ ᠬᠡᠪ ᠴᠢᠨᠠᠷ᠂ ᠡᠷᠡᠭᠦᠯ ᠮᠡᠨᠳᠦ᠍᠎ᠶ᠋ᠢᠨ ᠬᠡᠪ ᠴᠢᠨᠠᠷ᠎ᠢ ᠤᠯᠠᠮ  ᠳᠡᠭᠡᠭ᠌ᠰᠢᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠣᠶᠣᠨ ᠰᠠᠨᠠᠭᠠᠨ᠎ᠤ ᠭᠡᠷ ᠣᠷᠣᠨ᠎ᠢ ᠨᠡᠩ ᠪᠡᠬᠢᠵᠢᠭᠦᠯᠦᠨ᠎ᠡ᠃

— ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶᠢ ᠱᠢᠨ᠎ᠡ ᠳᠡᠭᠡᠭ᠌ᠰᠢᠯᠡᠯᠲᠡ᠎ᠲᠡᠶ ᠪᠤᠯᠭᠠᠨ᠎ᠠ᠃ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶ᠋ᠢ ᠲᠣᠭ᠍ᠲᠠᠭᠤᠨ᠎ᠢᠶᠠᠷ ᠠᠬᠢᠭᠤᠯᠵᠤ᠂ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠪᠦᠬᠦ᠌ ᠤᠯᠤᠰ᠎ᠤᠨ ᠲᠠᠬᠡᠷ᠎ᠡ ᠲᠦᠪᠰᠢᠨ᠎ᠳᠦ ᠣᠷᠣᠭᠤᠯᠵᠤ᠂ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠢ ᠨᠡᠩ ᠪᠦᠷᠢᠨᠱᠢᠬᠦᠯᠵᠤ᠂ ᠦᠨᠳᠦᠰᠦᠨ ᠤᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠲᠡᠩᠴᠡᠬᠦᠷᠢᠱᠢᠬᠦᠯᠬᠦ᠌ ᠲᠦᠪᠱᠢᠨ᠎ᠢ ᠢᠯᠡᠳᠲᠡ ᠳᠡᠭᠡᠭ᠌ᠰᠢᠯᠡᠭᠦᠯᠤᠨ᠂ ᠤᠯᠠᠨ ᠲᠦᠮᠡᠨ᠎ᠦ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ᠎ᠢ ᠨᠡᠩ ᠲᠡᠭᠦᠯᠳᠡᠷ᠂ ᠨᠡᠩ ᠪᠠᠲᠤᠯᠠᠭ᠎ᠠ᠎ᠲᠠᠶ᠂ ᠨᠡᠩ ᠦᠷᠭᠦᠯᠵᠢᠯᠡᠬᠦᠢᠴᠠ ᠪᠣᠯᠭᠠᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ᠎ᠶ᠋ᠢ ᠯᠠᠪᠳᠠᠭᠤᠨ ᠪᠠᠲᠤᠲᠠᠢ ᠠᠬᠢᠭᠤᠯᠤᠨ᠎ᠠ᠃

— ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶᠢ ᠰᠢᠨ᠎ᠡ ᠦᠨᠳᠦᠷᠴᠡ᠎ᠳᠤ ᠬᠦᠷᠭᠡᠨ᠎ᠡ᠃ 《ᠤᠮᠠᠷᠠᠲᠤ᠎ᠶᠢᠨ ᠭᠤᠷᠪᠠᠨ ᠤᠷᠤᠨ》᠎ᠦ  ᠢᠨᠵᠧᠨᠧᠷᠢᠩ᠎ᠦᠨ ᠵᠢᠷᠭᠤᠳᠤᠭᠠᠷ ᠬᠤᠭᠤᠴᠠᠭᠠᠨ᠎ᠤ ᠲᠥᠯᠥᠪᠵᠢᠭᠦᠯᠭᠡ᠎ᠶ᠋ᠢᠨ ᠡᠭᠦᠷᠭᠡ᠎ᠶ᠋ᠢ ᠪᠥᠬᠥ᠌ ᠲᠠᠯ᠎ᠠ᠎ᠪᠠᠷ ᠪᠡᠶᠡᠯᠡᠭᠦᠯᠵᠦ᠍᠂ ᠭᠤᠤᠯ ᠪᠣᠯᠬᠤ ᠪᠣᠬᠢᠷ ᠪᠤᠳᠠᠰ᠎ᠢ ᠭᠠᠳᠠᠭ᠍ᠰᠢᠯᠠᠭᠤᠯᠬᠤ ᠶᠡᠷᠦᠩᠬᠡᠶ ᠬᠡᠮᠵᠢᠶ᠎ᠡ᠎ᠶ᠋ᠢ ᠦᠷᠭᠦᠯᠵᠢᠯᠡᠨ ᠪᠠᠭᠠᠰᠭᠠᠵᠤ᠂ ᠬᠣᠲᠠ ᠬᠥᠳᠡᠭᠡ᠎ᠶ᠋ᠢᠨ ᠣᠷᠣᠱᠢᠨ ᠰᠠᠭᠤᠬᠤ ᠣᠷᠴᠢᠨ ᠨᠥᠬᠥᠴᠡᠯ᠎ᠢ ᠢᠯᠡᠳᠲᠡ ᠰᠠᠢᠵᠢᠷᠠᠭᠤᠯᠤᠨ᠂ ᠪᠣᠬᠢᠷᠲᠤᠯ ᠥᠬᠡᠶ ᠦᠶ᠋ᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ᠎ᠢ ᠦᠨᠳᠦᠰᠦᠨ᠎ᠳᠦ᠎ᠪᠡᠨ ᠪᠦᠷᠢᠯᠳᠦᠭᠦᠯᠵᠦ᠍᠂ ᠨᠡᠭᠦᠷᠡᠰᠦᠲᠥ᠋ᠷᠥᠭ᠌ᠴᠢ᠎ᠶ᠋ᠢᠨ ᠭᠠᠲᠠᠭᠰᠢᠯᠠᠭᠤᠯᠤᠯᠲᠠ ᠣᠷᠭᠢᠯ ᠎ᠬᠡᠮᠵᠢᠭᠲᠠᠯ᠎ᠳᠦ ᠬᠦᠷᠬᠦ᠌ ᠬᠠᠷᠠᠯᠲᠠ᠎ᠶ᠋ᠢ ᠬᠤᠭᠤᠴᠠᠭ᠎ᠠ ᠶᠣᠰᠣᠭᠠᠷ ᠪᠡᠶᠡᠯᠡᠭᠦᠯᠦᠨ ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠶ᠋ᠢ ᠴᠢᠬᠤᠯᠠ ᠶᠡᠬᠡ ᠱᠢᠨ᠎ᠡ ᠠᠬᠢᠴᠠ᠎ᠲᠠᠶ ᠪᠣᠯᠭᠠᠵᠤ ᠂ ᠴᠢᠳᠠᠮᠵᠢ᠎ᠨᠢ ᠪᠦᠷᠢᠨ ᠲᠡᠭᠦᠯᠳᠡᠷ᠂ ᠡᠪᠳᠡᠷᠡᠰᠢ ᠥᠬᠡᠶ ᠪᠠᠲᠤ ᠪᠠᠬᠢ ᠤᠮᠠᠷᠠᠲᠤ ᠬᠢᠯᠢ᠎ᠶ᠋ᠢᠨ ᠪᠣᠬᠢᠷᠲᠤᠯ ᠥᠬᠡᠶ ᠣᠷᠳᠣ ᠴᠠᠭᠠᠨ ᠬᠡᠷᠡᠮ᠂ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠢᠭᠤᠯᠤᠨ᠎ᠠ᠃

— ᠠᠮᠤᠭᠤᠯᠠᠩᠳᠦ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠶᠢᠨ ᠰᠢᠨ᠎ᠡ ᠪᠠᠢᠳᠠᠯ᠎ᠢ ᠡᠭᠦᠳᠤᠨ᠎ᠡ᠃ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠴᠢᠳᠠᠪᠤᠷᠢ᠎ᠶ᠋ᠢ ᠤᠯᠠᠮ ᠴᠢᠩᠭᠠᠳᠭᠠᠵᠤ᠂ ᠭᠣᠣᠯᠳᠠᠯᠭ᠎ᠠ᠎ᠲᠠᠶ ᠬᠦᠷᠢᠶᠡᠨ᠎ᠳᠡᠬᠢ ᠠᠶᠤᠯ ᠲᠦᠭ᠌ᠰᠢᠭᠦᠷᠢ᠎ᠶ᠋ᠢ ᠪᠦᠲᠦᠮᠵᠢᠲᠡᠢ ᠰᠡᠷᠭᠡᠢᠯᠡᠨ ᠠᠷᠢᠯᠭᠠᠵᠤ᠂ ᠨᠡᠢᠭᠡᠮ᠎ᠦᠨ ᠵᠠᠰᠠᠯᠲᠠ ᠪᠠ ᠤᠯᠠᠨ ᠨᠡᠢᠲᠡ᠎ᠶ᠋ᠢᠨ ᠠᠮᠤᠷ ᠲᠦᠪᠱᠢᠨ᠎ᠦ ᠵᠠᠰᠠᠯᠲᠠ᠎ᠶ᠋ᠢᠨ ᠲᠦᠪᠱᠢᠨ᠎ᠢ ᠢᠯᠡᠳᠲᠡ ᠳᠡᠭᠡᠭ᠌ᠰᠢᠯᠡᠭᠦᠯᠤᠨ᠂ ᠨᠠᠮ ᠵᠠᠰᠠᠭ ᠴᠡᠷᠢᠭ ᠴᠠᠭ᠍ᠳᠠᠭ᠎ᠠ ᠠᠷᠠᠳ ᠬᠦᠴᠦ᠍᠎ᠪᠡᠨ ᠬᠠᠮᠲᠤᠳᠭᠠᠨ ᠬᠢᠯᠢ᠎ᠶ᠋ᠢ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠬᠦ᠌ ᠪᠠᠢᠷᠢᠱᠢᠯ᠎ᠢ ᠤᠯᠠᠮ ᠨᠢᠭᠡ ᠠᠯᠬᠤᠮ ᠪᠡᠬᠢᠵᠢᠭᠦᠯᠵᠦ᠍᠂ ᠡᠬᠡ ᠤᠯᠤᠰ᠎ᠤᠨ ᠤᠮᠠᠷᠠᠲᠤ ᠬᠢᠵᠠᠭᠠᠷ᠎ᠤᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠨᠡᠩ ᠪᠠᠲᠤ ᠪᠠᠬᠢ ᠪᠤᠯᠭᠠᠨ᠎ᠠ᠃

— ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠰᠠᠨᠠᠭᠤᠯᠭ᠎ᠠ 

 

ᠬᠠᠷᠠᠯᠲᠠ᠎ᠶᠢᠨ ᠤᠳᠤᠷᠢᠳᠤᠮᠵᠢ ᠪᠠ ᠠᠰᠠᠭᠤᠳᠠᠯ᠎ᠤᠨ ᠤᠳᠤᠷᠢᠳᠤᠮᠵᠢ᠎ᠶᠢ ᠢᠯᠡᠷᠡᠭᠦᠯᠬᠦ᠌᠎ᠶᠢ ᠴᠢᠬᠤᠯᠠᠴᠢᠯᠠᠪᠠ᠃ ᠨᠠᠮ᠎ᠤᠨ ᠲᠥᠪ ᠬᠣᠷᠢᠶᠠᠨ᠎ᠤ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶᠢᠨ 《 ᠰᠠᠨᠠᠭᠤᠯᠭ᠎ᠠ》᠎ᠳᠦ ᠲᠣᠭ᠍ᠲᠠᠭᠠᠭ᠍ᠰᠠᠨ 2030 ᠣᠨ ᠪᠠ 2035 ᠣᠨ ᠬᠦᠷᠲᠡᠯᠡᠬᠢ ᠬᠠᠷᠠᠯᠲᠠ ᠲᠠᠢ ᠨᠢᠭ᠍ᠲᠠ ᠤᠶᠠᠯᠳᠤᠭᠤᠯᠤᠨ᠂ ᠲᠥᠷᠥ᠎ᠶᠢᠨ ᠶᠠᠪᠤᠳᠠᠯ᠎ᠤᠨ ᠬᠤᠷᠢᠶ᠎ᠠ᠎ᠶᠢᠨ 《ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠱᠢᠨ᠎ᠡ ᠬᠠᠭᠤᠳᠠᠰᠤ᠎ᠶᠢ ᠴᠢᠷᠮᠠᠢᠨ ᠪᠢᠴᠢᠭ᠌ᠯᠡᠬᠦ᠌ ᠲᠤᠬᠠᠶ ᠰᠠᠨᠠᠯ》᠎ᠳᠦ ᠳᠤᠷᠠᠳᠤᠭ᠍ᠰᠠᠨ ᠱᠠᠲᠤᠴᠢ ᠴᠢᠨᠠᠷᠲᠠᠶ ᠬᠠᠷᠠᠯᠲᠠ ᠲᠠᠢ ᠬᠠᠷᠢᠴᠠᠭᠤᠯᠵᠤ ᠪᠠᠢᠭᠠᠳ᠂ ᠮᠠᠨ᠎ᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》᠎ᠤᠨ ᠬᠥᠭ᠌ᠵᠢᠯᠲᠡ᠎ᠶᠢᠨ ᠬᠠᠷᠠᠯᠲᠠ᠎ᠶᠢ ᠵᠦᠶ ᠵᠣᠬᠢᠰᠲᠠᠶ ᠲᠤᠭᠳᠠᠭᠠᠪᠠ᠃ ᠮᠠᠨ᠎ᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶᠢ ᠬᠢᠵᠠᠭᠠᠷᠯᠠᠵᠤ ᠪᠠᠢᠭ᠎ᠠ ᠲᠣᠪᠣᠢᠮ᠎ᠠ ᠠᠰᠠᠭᠤᠳᠠᠯ᠎ᠢ ᠪᠤᠰᠤᠳᠴᠢ᠎ᠪᠡᠷ ᠵᠠᠳᠠᠯᠵᠤ᠂ ᠪᠠᠷᠠᠭᠤᠨ ᠣᠷᠣᠨ᠎ᠢ ᠶᠡᠬᠡ᠎ᠪᠡᠷ ᠨᠡᠭᠡᠭᠡᠨ ᠬᠥᠭ᠌ᠵᠢᠭᠦᠯᠬᠦ᠌᠂ ᠵᠡᠭᠦᠨ ᠬᠣᠢᠲᠤ ᠣᠷᠣᠨ᠎ᠢ ᠪᠥᠬᠥ᠌ ᠲᠠᠯ᠎ᠠ᠎ᠪᠡᠷ ᠬᠥᠭ᠌ᠵᠢᠭᠦᠯᠦᠨ ᠮᠠᠨᠳᠤᠭᠤᠯᠬᠤ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ ᠵᠡᠷᠭᠡ ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶᠢᠨ ᠠᠪᠴᠢᠷᠠᠭ᠍ᠰᠠᠨ ᠠᠵᠠ ᠲᠣᠬᠢᠶᠠᠯ᠎ᠢ ᠭᠦᠨᠵᠡᠭᠡᠶ ᠠᠭᠤᠳᠠᠯᠵᠤ᠂ ᠲᠠᠪᠠᠭᠤᠯᠢᠬ ᠲᠠᠯ᠎ᠠ᠎ᠪᠠᠨ ᠳᠠᠪᠲᠠᠨ ᠪᠣᠯᠪᠠᠰᠤᠷᠠᠭᠤᠯᠵᠤ ᠬᠦᠷᠦᠯᠴᠡᠬᠦ᠌ ᠥᠬᠡᠶ ᠲᠠᠯ᠎ᠠ᠎ᠪᠠᠨ ᠨᠥᠬᠥᠪᠥᠷᠢᠯᠡᠬᠦ᠌ ᠬᠦᠴᠦᠯᠡᠬᠦ᠌ ᠭᠤᠤᠯᠳᠠᠯᠭ᠎ᠠ᠎ᠶᠢ ᠣᠨᠣᠪᠴᠢᠲᠠᠶ ᠡᠷᠢᠵᠦ᠍ ᠤᠯᠪᠠ᠃

《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶᠢᠨ ᠬᠤᠭᠤᠴᠠᠭᠠᠨ᠎ᠤ ᠠᠵᠤ ᠠᠬᠤᠢ ᠨᠡᠢᠭᠡᠮ᠎ᠤᠨ ᠬᠥᠭ᠌ᠵᠢᠯᠲᠡ᠎ᠶᠢᠨ ᠬᠠᠷᠠᠯᠲᠠ᠎ᠶᠢᠨ ᠲᠤᠬᠠᠢ᠃ 《ᠰᠠᠨᠠᠭᠤᠯᠭ᠎ᠠ》᠎ᠶᠢᠨ ᠨᠤᠤᠷᠠᠭ᠎ᠲᠤ ᠱᠢᠰᠲᠧᠮ ᠲᠡᠶ  ᠪᠦᠬᠦ᠌ ᠲᠠᠯ᠎ᠠ᠎ᠶᠢᠨ ᠪᠠ ᠭᠣᠣᠯᠳᠠᠯᠭ᠎ᠠ᠎ᠶᠢ ᠲᠣᠪᠣᠢᠯᠭᠠᠬᠤ᠎ᠶᠢ ᠬᠠᠮᠲᠤ᠎ᠳᠤ ᠨᠢ ᠬᠠᠷᠠᠭᠠᠯᠵᠠᠵᠤ᠂ ᠢᠳᠡᠪᠬᠢᠲᠡᠶ ᠤᠷᠤᠭ᠍ᠰᠢᠯᠠᠨ ᠳᠠᠪᠱᠢᠭ᠍ᠤ ᠪᠠ ᠦᠨᠡᠨ ᠬᠦ᠌ ᠬᠡᠷᠡᠭᠵᠢᠬᠦᠯᠦᠰᠢᠳᠠᠢ ᠪᠠᠢᠬᠤ᠎ᠶᠢ ᠲᠡᠡᠭᠴᠡᠬᠦᠯᠵᠤ᠂ ᠬᠣᠢᠱᠢᠳᠠ᠎ᠶᠢᠨ 5 ᠵᠢᠯ᠎ᠤᠨ ᠪᠦᠬᠦ᠌ ᠣᠷᠣᠨ᠎ᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠶᠢᠨ ᠭᠣᠣᠯ ᠬᠠᠷᠠᠯᠲᠠ᠎ᠶᠢ ᠲᠣᠳᠣᠷᠬᠠᠢᠯᠠᠪᠠ᠃ ᠨᠢᠭᠡ᠎ᠳᠦ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭ᠍ᠴᠠ᠎ᠶᠢᠨ ᠤᠬᠠᠮᠰᠠᠷ᠎ᠢ ᠪᠠᠲᠤ ᠴᠣᠭ᠍ᠴᠠᠯᠠᠬᠤ᠎ᠶᠢ ᠲᠤᠪᠤᠢ᠌ᠯᠭᠠᠵᠤ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭ᠍ᠴᠠ᠎ᠶᠢᠨ ᠪᠠᠢᠭᠤᠯᠤᠯᠲᠠ᠎ᠶᠢ ᠠᠬᠢᠭᠤᠯᠤᠨ᠎ᠠ᠃ ᠭᠣᠣᠯ ᠬᠠᠷᠠᠯᠲᠠ᠎ᠳᠦ᠎ᠪᠡᠨ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭ᠍ᠴᠠ᠎ᠶᠢᠨ ᠪᠠᠢᠭᠤᠯᠤᠯᠲᠠ᠎ᠶᠢᠨ ᠱᠢᠨ᠎ᠡ ᠦᠷ᠎ᠡ ᠪᠦᠲᠦᠮᠵᠢ ᠤᠯᠬᠤ᠎ᠶᠢ ᠠᠬᠢᠭᠤᠯᠬᠤ᠎ᠶᠢ ᠲᠡᠷᠢᠭᠦᠨ ᠪᠠᠢᠷᠢᠨ᠎ᠳᠦ ᠲᠠᠯᠪᠢᠵᠤ᠂ ᠭᠣᠣᠯᠳᠠᠯᠭ᠎ᠠ ᠲᠠᠢ ᠡᠭᠦᠷᠭᠡ᠎ᠶᠢ ᠲᠣᠬᠢᠷᠠᠭᠤᠯᠬᠤ᠎ᠳᠤ᠎ᠪᠠᠨ ᠡᠩ ᠲᠡᠷᠢᠭᠦᠨ᠎ᠳᠤ ᠡᠨᠡ ᠬᠦ᠌ ᠠᠵᠢᠯ᠎ᠢ ᠪᠠᠢᠷᠢᠯᠠᠭᠤᠯᠤᠬᠰᠠᠨ᠎ᠤ ᠵᠤᠷᠢᠯᠭ᠎ᠠ ᠨᠢ ᠪᠦᠬᠦ᠌ ᠣᠷᠣᠨ᠎ᠤ ᠠᠵᠤ ᠠᠬᠤᠢ᠎ᠶᠢᠨ ᠪᠦᠳᠦᠭᠡᠨ ᠪᠠᠢᠭᠤᠯᠤᠯᠲᠠ᠂ ᠤᠯᠤᠰ ᠲᠦᠷᠦ᠍᠎ᠶᠢᠨ ᠪᠠᠢᠭᠤᠯᠤᠯᠲᠠ᠂ ᠰᠣᠶᠣᠯ᠎ᠤᠨ ᠪᠠᠢᠭᠤᠯᠤᠯᠲᠠ᠂ ᠨᠡᠢᠭᠡᠮ᠎ᠤᠨ ᠪᠠᠢᠭᠤᠯᠤᠯᠲᠠ᠂ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ ᠪᠣᠯᠤᠨ ᠨᠠᠮ᠎ᠤᠨ ᠪᠠᠢᠭᠤᠯᠤᠯᠲᠠ ᠵᠡᠷᠭᠡ ᠡᠯ᠎ᠡ ᠵᠦᠢᠯ᠎ᠤᠨ ᠠᠵᠢᠯ᠎ᠢ ᠨᠢᠭ᠍ᠲᠠ ᠤᠶᠠᠯᠳᠤᠭᠤᠯᠬᠤ᠎ᠶᠢ ᠠᠬᠢᠭᠤᠯᠵᠤ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭ᠍ᠴᠠ᠎ᠶᠢᠨ ᠤᠬᠠᠮᠰᠠᠷ ᠢ᠋ ᠪᠠᠲᠤ ᠴᠣᠭ᠍ᠴᠠᠯᠠᠬᠤ ᠡᠨᠡ ᠬᠦ᠌ ᠭᠣᠣᠯ ᠰᠢᠵᠢᠮ᠎ᠡᠴᠡ ᠥᠴᠦᠬᠡᠨ ᠴᠦ᠍ ᠬᠡᠯᠪᠡᠢᠬᠦ ᠦᠭᠡᠢ ᠪᠠᠢᠯᠭᠠᠬᠤ᠎ᠳᠤ ᠤᠷᠤᠰᠢᠨ᠎ᠠ᠃ ᠬᠣᠶᠠᠷ ᠲᠦ᠍ ᠨᠠᠮ᠎ᠤᠨ ᠲᠥᠪ ᠬᠣᠷᠢᠶ᠎ᠠ᠎ᠵᠢᠨ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶᠢᠨ 《ᠰᠠᠨᠠᠭᠤᠯᠭ᠎ᠠ》᠎ᠳᠦ ᠳᠤᠷᠠᠳᠤᠭᠰᠠᠨ ᠭᠤᠤᠯ ᠬᠠᠷᠠᠯᠲᠠ᠎ᠵᠢ ᠥᠪᠥᠷ ᠮᠣᠩᠭᠣᠯ᠎ᠤᠨ ᠣᠨᠴᠠᠯᠢᠭ᠎ᠢ ᠬᠠᠷᠠᠭᠤᠯᠤᠭ᠍ᠰᠠᠨ ᠬᠥᠲᠥᠯᠥᠨ ᠳᠠᠭᠠᠭᠤᠯᠬᠤ ᠴᠢᠨᠠᠷᠲᠠᠶ ᠬᠠᠷᠠᠯᠲᠠ᠎ᠪᠡᠷ ᠲᠤᠭᠳᠠᠭᠠᠵᠠᠢ᠃ ᠴᠢᠨᠠᠷ ᠰᠠᠢᠲᠠᠢ ᠬᠥᠭ᠌ᠵᠢᠯᠲᠡ᠎ᠶᠢ ᠠᠬᠢᠭᠤᠯᠬᠤ ᠲᠠᠯ᠎ᠠ᠎ᠪᠡᠷ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠬᠥᠭ᠌ᠵᠢᠭᠦᠯᠬᠦ᠂ ᠥᠪᠥᠷ ᠮᠣᠩᠭᠣᠯ᠎ᠤᠨ ᠣᠨᠴᠠᠯᠢᠭ ᠲᠠᠢ ᠳᠠᠪᠠᠭᠤᠯᠢᠭ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠢᠯᠡᠰ᠎ᠤᠨ ᠲᠣᠭᠲᠠᠯᠴᠠᠭ᠎ᠠ᠎ᠶᠢ ᠪᠠᠢᠭᠤᠯᠬᠤ ᠲᠠᠯ᠎ᠠ᠎ᠪᠡᠷ ᠴᠢᠬᠤᠯᠠ ᠶᠡᠬᠡ ᠱᠢᠪᠲᠤᠯᠤᠯᠲᠠ ᠲᠠᠢ ᠪᠣᠯᠬᠤ᠎ᠵᠢ ᠳᠤᠷᠠᠳᠴᠠᠢ; ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠱᠢᠨ᠎ᠡ᠎ᠶᠢ ᠡᠭᠦᠳᠬᠦ᠌ ᠲᠠᠯ᠎ᠠ᠎ᠪᠡᠷ᠂ ᠪᠦᠬᠦ᠌ ᠶᠠᠪᠤᠴᠠ᠎ᠳᠦ ᠰᠢᠨ᠎ᠡ᠎ᠶᠢ ᠡᠭᠦᠳᠬᠦ᠌ ᠬᠡᠯᠬᠢᠶ᠎ᠡ ᠵᠢ ᠲᠦᠷᠭᠡᠨ ᠪᠦᠷᠢᠯᠳᠦᠭᠦᠯᠵᠦ᠍᠂ ᠳᠠᠪᠠᠭᠤᠯᠢᠭ ᠬᠦᠷᠢᠶᠡᠨ᠎ᠳᠦ ᠨᠢᠭᠡ ᠪᠦᠯᠦᠭ ᠤᠯᠤᠰ᠎ᠤᠨ ᠳᠣᠲᠣᠭᠠᠳᠤ ᠭᠠᠳᠠᠭᠠᠳᠤ᠎ᠶᠢᠨ ᠲᠡᠷᠢᠭᠦᠨ᠎ᠤ ᠴᠢᠬᠤᠯᠠ ᠶᠡᠬᠡ ᠱᠢᠨᠵᠢᠯᠡᠬᠦ᠌ ᠤᠬᠠᠭᠠᠨ ᠲᠧᠭ᠌ᠨᠢᠭ᠌ ᠮᠡᠷᠭᠡᠵᠢᠯ᠎ᠤᠨ ᠦᠷ᠎ᠡ ᠪᠦᠲᠦᠭᠡᠯ ᠤᠯᠬᠤ᠎ᠶᠢ ᠳᠤᠷᠠᠳᠴᠠᠢ; ᠥᠭᠡᠷᠡᠴᠢᠯᠡᠯᠲᠡ ᠨᠡᠭᠡᠭᠡᠯᠲᠡ᠎ᠶᠢ ᠭᠦᠨᠵᠡᠭᠡᠢᠷᠡᠭᠦᠯᠬᠦ᠌ ᠲᠠᠯ᠎ᠠ᠎ᠪᠡᠷ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ᠎ᠤᠨ ᠲᠣᠭᠲᠠᠯᠴᠠᠭ᠎ᠠ᠎ᠶᠢ ᠦᠨᠳᠦᠰᠦᠨ᠎ᠳᠦ᠎ᠪᠡᠨ ᠪᠦᠷᠢᠯᠳᠦᠭᠦᠯᠵᠦ᠍᠂ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶᠢᠨ ᠪᠥᠲᠥᠭᠡᠨ ᠪᠠᠢᠭᠤᠯᠤᠯᠲᠠ᠎ᠵᠢ ᠱᠢᠪᠲᠤᠯᠤᠯᠲᠠ᠎ᠶᠢᠨ ᠴᠢᠨᠠᠷᠲᠠᠶ ᠠᠬᠢᠴᠠ ᠲᠠᠢ ᠪᠣᠯᠭᠠᠬᠤ᠎ᠶᠢ ᠳᠤᠷᠠᠳᠴᠠᠢ; ᠰᠣᠶᠣᠯ᠎ᠤᠨ ᠪᠠᠢᠭᠤᠯᠤᠯᠲᠠ᠎ᠶᠢᠨ ᠲᠠᠯ᠎ᠠ᠎ᠪᠡᠷ᠂ ᠨᠡᠢᠭᠡᠮ ᠵᠢᠷᠤᠮ᠎ᠤᠨ ᠭᠣᠣᠯᠯᠠᠬᠴᠢ ᠦᠷᠲᠡᠭ᠎ᠤᠨ ᠦᠵᠡᠯᠲᠡ᠎ᠶᠢ ᠥᠷᠭᠡᠨ᠎ᠢᠶᠠᠷ ᠦᠢᠯᠡᠳᠦᠯᠭᠡᠵᠢᠭᠦᠯᠵᠦ᠍᠂ ᠤᠯᠠᠨ ᠨᠡᠢᠲᠡ᠎ᠶᠢᠨ ᠰᠣᠶᠣᠯ᠎ᠤᠨ ᠦᠢᠯᠡᠴᠢᠯᠡᠭᠡᠨ᠎ᠤ ᠲᠣᠭᠲᠠᠯᠴᠠᠭ᠎ᠠ᠂ ᠤᠳᠤ ᠦᠶ᠎ᠡ᠎ᠶᠢᠨ ᠰᠣᠶᠣᠯ᠎ᠤᠨ ᠠᠵᠤ ᠦᠢᠯᠡᠰ᠎ᠤᠨ ᠲᠣᠭᠲᠠᠯᠴᠠᠭ᠎ᠠ ᠪᠠ ᠵᠠᠬ᠎ᠠ ᠳᠡᠯᠭᠡᠭᠦᠷ᠎ᠤᠨ ᠲᠣᠭᠲᠠᠯᠴᠠᠭ᠎ᠠ᠎ᠶᠢ ᠨᠠᠡᠭ ᠪᠦᠷᠢᠨᠰᠢᠬᠦᠯᠬᠦ᠎ᠶᠢ ᠳᠤᠷᠠᠳᠴᠠᠢ; ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠬᠦ ᠲᠠᠯ᠎ᠠ᠎ᠪᠡᠷ᠂ ᠣᠯᠠᠨ ᠨᠡᠢᠲᠡ᠎ᠶᠢᠨ ᠦᠨᠳᠦᠰᠦᠨ ᠦᠶ᠋ᠯᠡᠴᠢᠯᠡᠭᠡ᠎ᠶᠢ ᠠᠳᠠᠯᠢ ᠲᠡᠭ᠌ᠰᠢ ᠪᠣᠯᠭᠠᠬᠤ ᠲᠦᠪᠱᠢᠨ᠎ᠢ ᠢᠯᠡᠳᠲᠡ ᠳᠡᠭᠡᠭᠰᠢᠯᠡᠭᠦᠯᠬᠦ᠎ᠶᠢ ᠳᠤᠷᠠᠳᠴᠠᠢ; ᠠᠮᠢ ᠠᠬᠤᠶ᠎ᠶᠢᠨ ᠪᠣᠯᠪᠠᠰᠤᠨ᠎ᠤ ᠪᠠᠢᠭᠤᠯᠤᠯᠲᠠ᠎ᠶᠢᠨ ᠲᠠᠯ᠎ᠠ᠎ᠪᠡᠷ᠂ ᠴᠢᠳᠠᠮᠵᠢ ᠨᠢ ᠪᠦᠷᠢᠨ ᠲᠡᠭᠦᠯᠳᠡᠷ᠂  ᠪᠠᠲᠤ ᠪᠠᠬᠢ ᠤᠮᠠᠷᠠᠲᠤ ᠬᠢᠵᠠᠭᠠᠷ᠎ᠤᠨ ᠨᠣᠭᠣᠭᠠᠨ ᠣᠷᠳᠣ ᠴᠠᠭᠠᠨ ᠬᠡᠷᠡᠮ᠂ ᠠᠮᠢ ᠠᠬᠤᠶ᠎ᠶᠢᠨ ᠠᠮᠤᠷ ᠲᠦᠪᠱᠢᠨ᠎ᠤ ᠬᠠᠯᠬᠠᠪᠴᠢ᠎ᠶᠢ ᠴᠤᠭᠴᠠᠯᠠᠬᠤ᠎ᠶᠢ ᠳᠤᠷᠠᠳᠴᠠᠢ; ᠠᠮᠤᠭᠤᠯᠠᠩᠳᠤ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠶᠢᠨ ᠲᠠᠯ᠎ᠠ᠎ᠪᠡᠷ᠂ ᠡᠬᠡ ᠤᠯᠤᠰ᠎ᠤᠨ ᠤᠮᠠᠷᠠᠲᠤ ᠎ᠶᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶᠢ ᠨᠠᠩ ᠪᠠᠲᠤ ᠪᠠᠬᠢ ᠪᠣᠯᠭᠠᠨ᠎ᠠ ᠭᠡᠵᠦ᠍ ᠳᠤᠷᠠᠳᠪᠠ᠃

— 《ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠰᠠᠨᠠᠭᠤᠯᠭ᠎ᠠ》ᠵᠢᠨ ᠲᠤᠬᠠᠢ ᠲᠣᠳᠣᠷᠬᠠᠢᠯᠠᠯᠲᠠ 

 

ᠢᠷᠡᠯᠲᠡ᠄ ᠦᠢᠯᠡᠳᠦᠯᠭᠡ ᠬᠠᠮ ᠵᠠᠭᠤᠴᠢᠯᠠᠭᠤᠷ