ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 10 ᠳ᠋ᠤᠭᠠᠷ ᠰᠠᠷ᠎ᠠ᠎ᠶᠢᠨ 31 ᠦ ᠡᠳᠦᠷ᠎ᠦᠨ ᠴᠠᠬᠢᠯᠭᠠᠨ ᠮᠡᠳᠡᠭᠡ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠶᠡᠷᠦᠩᠬᠡᠢ ᠰᠠᠢᠳ ᠯᠢ ᠴᠢᠶᠠᠩ 10 ᠳ᠋ᠤᠭᠠᠷ ᠰᠠᠷ᠎ᠠ᠎ᠶᠢᠨ 31 ᠦ ᠡᠳᠦᠷ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠪᠠᠢᠩᠭᠤ᠎ᠶᠢᠨ ᠬᠤᠷᠠᠯᠳᠤᠭᠠᠨ᠎ᠢ ᠡᠷᠭᠢᠯᠡᠨ ᠬᠤᠷᠠᠯᠳᠤᠭᠤᠯᠵᠤ᠂ ᠭᠣᠣᠯᠳᠠᠯᠭ᠎ᠠ ᠪᠣᠯᠬᠤ ᠬᠦᠷᠢᠶᠡᠨ᠎ᠳᠡᠬᠢ ᠥᠭᠡᠷᠡᠴᠢᠯᠡᠯᠲᠡ᠎ᠶᠢ ᠭᠦᠨᠵᠡᠭᠡᠢᠷᠡᠭᠦᠯᠦᠨ ᠳᠦᠷᠢᠮ᠎ᠦᠨ ᠬᠡᠯᠪᠡᠷᠢᠲᠦ ᠨᠡᠭᠡᠭᠡᠯᠲᠡ᠎ᠶᠢ ᠥᠷᠭᠡᠳᠬᠡᠬᠦ ᠠᠵᠢᠯ᠎ᠢ ᠰᠤᠳᠤᠯᠵᠤ᠂ ᠠᠬᠤᠢ ᠪᠠᠢᠳᠠᠯ᠎ᠢ ᠪᠣᠢᠵᠢᠭᠤᠯᠬᠤ ᠪᠠ ᠨᠡᠭᠡᠭᠡᠯᠲᠡ ᠬᠢᠬᠦ᠎ᠶᠢ ᠲᠦᠷᠭᠡᠳᠬᠡᠨ ᠰᠢᠨ᠎ᠡ ᠠᠬᠤᠢ ᠪᠠᠢᠳᠠᠯ᠎ᠢ ᠶᠡᠬᠡ ᠬᠡᠪᠴᠢᠶᠡᠵᠢᠯ ᠲᠡᠢ ᠬᠡᠷᠡᠭᠯᠡᠬᠦ᠎ᠶᠢ ᠠᠬᠢᠭᠤᠯᠬᠤ ᠬᠣᠯᠪᠣᠭᠳᠠᠯ ᠪᠦᠬᠦᠢ ᠠᠷᠭ᠎ᠠ ᠬᠡᠮᠵᠢᠶ᠎ᠡ᠎ᠶᠢ ᠪᠠᠢᠷᠢᠯᠠᠭᠤᠯᠵᠤ᠂ 《ᠣᠶ ᠰᠢᠭᠤᠢ ᠨᠤᠲᠤᠭ ᠪᠡᠯᠴᠢᠭᠡᠷ᠎ᠦᠨ ᠲᠦᠢᠮᠡᠷ᠎ᠢ ᠰᠡᠷᠭᠡᠢᠯᠡᠨ ᠤᠨᠲᠠᠷᠠᠭᠠᠬᠤ ᠳᠦᠷᠢᠮ (ᠡᠬᠡ ᠲᠥᠰᠥᠯ)》᠎ᠢ ᠬᠢᠨᠠᠨ ᠶᠠᠷᠢᠯᠴᠠᠵᠤ ᠪᠠᠲᠤᠯᠠᠪᠠ᠃
ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ ᠭᠣᠣᠯᠳᠠᠯᠭ᠎ᠠ ᠪᠣᠯᠬᠤ ᠬᠦᠷᠢᠶᠡᠨ᠎ᠳᠡᠬᠢ ᠥᠭᠡᠷᠡᠴᠢᠯᠡᠯᠲᠡ᠎ᠶᠢ ᠬᠦᠴᠦᠯᠡᠨ ᠭᠦᠨᠵᠡᠭᠡᠢᠷᠡᠭᠦᠯᠵᠦ᠂ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢ ᠳᠠᠢ᠍ᠢᠴᠢᠯᠠᠵᠤ᠂ ᠲᠠᠸᠠᠷ᠎ᠤᠨ ᠵᠠᠬ᠎ᠠ ᠳᠡᠯᠭᠡᠭᠦᠷ᠎ᠦᠨ ᠨᠡᠭᠡᠭᠡᠯᠲᠡ᠎ᠶᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠦᠢᠯᠡᠴᠢᠯᠡᠭᠡᠨ᠎ᠦ ᠵᠠᠬ᠎ᠠ ᠳᠡᠯᠭᠡᠭᠦᠷ᠎ᠲᠦ ᠣᠷᠣᠭᠤᠯᠬᠤ ᠵᠥᠪᠰᠢᠶᠡᠷᠡᠯ᠎ᠦᠨ ᠳᠦᠷᠢᠮ᠎ᠢ ᠰᠢᠯᠢᠳᠡᠭᠵᠢᠭᠦᠯᠵᠦ᠂ ᠬᠦᠴᠦᠨ ᠵᠦᠢᠯ᠎ᠦᠨ ᠵᠠᠬ᠎ᠠ ᠳᠡᠯᠭᠡᠭᠦᠷ᠎ᠲᠡᠬᠢ ᠨᠡᠭᠡᠭᠡᠯᠲᠡ᠎ᠶᠢᠨ ᠬᠢᠨᠠᠯᠲᠠ ᠬᠠᠮᠢᠶᠠᠷᠤᠯᠲᠠ᠎ᠶᠢᠨ ᠳᠦᠷᠢᠮ᠎ᠢ ᠲᠡᠭᠦᠯᠳᠡᠷᠵᠢᠭᠦᠯᠬᠦ ᠬᠡᠷᠡᠭᠲᠡᠢ᠃ ᠤᠯᠠᠨ ᠤᠯᠤᠰ᠎ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ᠎ᠤ ᠳᠦᠷᠢᠮ ᠯᠦ᠍ᠭᠡ ᠰᠠᠨᠠᠭᠠᠴᠢᠯᠠᠭ᠎ᠠ᠎ᠠᠴᠠ᠎ᠪᠠᠨ ᠵᠣᠯᠭᠠᠭᠤᠯᠵᠤ᠂ ᠪᠡᠶ᠎ᠡ᠎ᠪᠡᠨ ᠳᠠᠭᠠᠭᠠᠵᠤ ᠨᠡᠭᠡᠭᠡᠯᠲᠡ ᠬᠢᠬᠦ᠎ᠶᠢ ᠢᠳᠡᠪᠬᠢᠲᠡᠢ ᠥᠷᠭᠡᠳᠬᠡᠵᠦ᠂ ᠲᠦᠷᠢᠮᠯᠡᠯ᠂ ᠳᠦᠷᠢᠮ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ᠎ᠦᠨ ᠬᠡᠯᠪᠡᠷᠢᠲᠦ ᠨᠡᠭᠡᠭᠡᠯᠲᠡ ᠬᠢᠬᠦ᠎ᠶᠢ ᠲᠣᠭᠲᠠᠭᠤᠨ᠎ᠢᠶᠠᠷ ᠥᠷᠭᠡᠳᠬᠡᠬᠦ ᠬᠡᠷᠡᠭᠲᠡᠢ᠃ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠂ ᠴᠢᠯᠦᠭᠡᠲᠦ ᠠᠷᠠᠯᠵᠢᠶᠠᠨ᠎ᠤ ᠭᠠᠷᠠᠮ ᠵᠡᠷᠭᠡ ᠥᠨᠳᠥᠷ ᠲᠡᠰ᠎ᠤᠨ ᠨᠡᠭᠡᠭᠡᠯᠲᠡ᠎ᠶᠢᠨ ᠲᠠᠪᠴᠠᠩ᠎ᠤᠨ ᠳᠠᠪᠠᠭᠤᠯᠢᠭ᠋᠎ᠢ ᠪᠠᠳᠠᠷᠠᠭᠤᠯᠬᠤ᠎ᠪᠠᠨ ᠴᠢᠬᠤᠯᠠᠴᠢᠯᠠᠵᠤ᠂ ᠨᠡᠩ ᠤᠯᠠᠨ ᠬᠠᠭᠤᠯᠪᠤᠷᠢᠯᠠᠬᠤᠢᠴᠠ ᠳᠡᠯᠭᠡᠷᠡᠭᠦᠯᠬᠦᠢᠴᠡ ᠥᠭᠡᠷᠡᠴᠢᠯᠡᠯᠲᠡ᠎ᠶᠢᠨ ᠦᠷ᠎ᠡ ᠪᠦᠲᠦᠭᠡᠯ᠎ᠢ ᠰᠦᠪᠡᠭᠴᠢᠯᠡᠨ ᠪᠤᠢ ᠪᠣᠯᠭᠠᠵᠤ᠂ ᠳᠦᠷᠢᠮ᠎ᠦᠨ ᠬᠡᠯᠪᠡᠷᠢ ᠲᠡᠢ ᠨᠡᠭᠡᠭᠡᠯᠲᠡ᠎ᠶᠢᠨ ᠦᠷ᠎ᠡ ᠪᠦᠲᠦᠮᠵᠢ᠎ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠪᠡ᠃
ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ ᠬᠡᠷᠡᠭᠯᠡᠯᠲᠡ᠎ᠶᠢᠨ ᠠᠬᠤᠢ ᠪᠠᠢᠳᠠᠯ ᠪᠣᠯ ᠮᠡᠷᠭᠡᠵᠢᠯ ᠪᠠ ᠠᠵᠤ ᠦᠢᠯᠡᠰ᠎ᠢ ᠬᠣᠯᠪᠣᠬᠤ᠂ ᠰᠤᠳᠤᠯᠤᠨ ᠨᠡᠭᠡᠭᠡᠯᠲᠡ ᠪᠠ ᠵᠠᠬ᠎ᠠ ᠳᠡᠯᠭᠡᠭᠦᠷ᠎ᠢ ᠨᠡᠪᠲᠡᠷᠡᠭᠦᠯᠬᠦ ᠬᠥᠭᠥᠷᠭᠡ ᠪᠣᠯᠣᠨ᠎ᠠ᠂ ᠰᠢᠨ᠎ᠡ ᠮᠡᠷᠭᠡᠵᠢᠯ ᠰᠢᠨ᠎ᠡ ᠦᠢᠯᠡᠳᠬᠦᠨ᠎ᠦ ᠬᠡᠪᠴᠢᠶᠡᠵᠢᠭᠰᠡᠨ ᠬᠤᠳᠠᠯᠳᠤᠭᠠᠴᠢᠯᠠᠭᠰᠠᠨ ᠬᠡᠷᠡᠭᠯᠡᠯᠲᠡ᠎ᠶᠢ ᠠᠬᠢᠭᠤᠯᠬᠤ᠎ᠳᠤ ᠴᠢᠬᠤᠯᠠ ᠲᠠᠲᠠᠬᠤ ᠦᠢᠯᠡᠳᠦᠯ ᠲᠠᠢ ᠶᠤᠮ᠃ ᠮᠠᠨ᠎ᠤ ᠤᠯᠤᠰ᠎ᠤᠨ ᠬᠡᠳᠦ ᠶᠡᠬᠡ ᠬᠡᠪᠴᠢᠶᠡᠵᠢᠯ᠎ᠦᠨ ᠵᠠᠬ᠎ᠠ ᠳᠡᠯᠭᠡᠭᠦᠷ ᠪᠠ ᠡᠯᠪᠡᠭ ᠪᠠᠶᠠᠯᠢᠭ᠋ ᠬᠡᠷᠡᠭᠯᠡᠯᠲᠡ᠎ᠶᠢᠨ ᠠᠬᠤᠢ ᠪᠠᠢᠳᠠᠯ᠎ᠤᠨ ᠳᠠᠪᠠᠭᠤᠯᠢᠭ᠋᠎ᠢ ᠭᠦᠢᠴᠡᠳ ᠪᠠᠳᠠᠷᠠᠭᠤᠯᠵᠤ᠂ ᠬᠠᠩᠭᠠᠯᠭ᠎ᠠ ᠪᠠ ᠬᠡᠷᠡᠭᠴᠡᠭᠡ᠎ᠶᠢ ᠵᠣᠯᠭᠠᠭᠤᠯᠬᠤ᠎ᠪᠠᠨ ᠴᠢᠬᠤᠯᠠᠴᠢᠯᠠᠵᠤ᠂ ᠠᠵᠤ ᠦᠢᠯᠡᠰ᠎ᠦᠨ ᠬᠥᠭᠵᠢᠯᠲᠡ᠎ᠶᠢᠨ ᠬᠣᠰᠢᠭᠤᠷᠠᠯ ᠪᠠ ᠴᠢᠬᠤᠯᠠ ᠶᠡᠬᠡ ᠮᠡᠷᠭᠡᠵᠢᠯ᠎ᠦᠨ ᠰᠢᠪᠲᠤᠯᠤᠯᠲᠠ᠎ᠶᠢᠨ ᠬᠡᠷᠡᠭᠴᠡᠭᠡ᠎ᠳᠦ ᠬᠠᠨᠳᠤᠭᠤᠯᠤᠨ᠂ ᠰᠢᠨ᠎ᠡ ᠬᠦᠷᠢᠶ᠎ᠡ ᠰᠢᠨ᠎ᠡ ᠥᠷᠢᠰᠦᠯᠳᠦᠭᠡᠨ᠎ᠦ ᠴᠠᠷᠠᠭ᠎ᠠ᠎ᠶᠢᠨ ᠠᠬᠤᠢ ᠪᠠᠢᠳᠠᠯ᠂ ᠥᠨᠳᠥᠷ ᠥᠷᠲᠡᠭᠲᠦ ᠵᠢᠵᠢᠭ ᠣᠭᠲᠣᠯᠣᠭᠠᠰᠤ ᠲᠠᠢ ᠠᠬᠤᠢ ᠪᠠᠢᠳᠠᠯ ᠪᠠ ᠣᠷᠣᠨ ᠪᠦᠰᠡ ᠠᠯᠤᠰᠯᠠᠭᠰᠠᠨ ᠬᠦᠷᠢᠶ᠎ᠡ ᠠᠯᠤᠰᠯᠠᠭᠰᠠᠨ ᠶᠡᠷᠦᠩᠬᠡᠢᠯᠡᠭᠰᠡᠨ ᠠᠬᠤᠢ ᠪᠠᠢᠳᠠᠯᠤᠳᠢ ᠤᠷᠢᠳ᠎ᠢᠶᠠᠷ ᠪᠠᠢᠷᠢᠰᠢᠭᠤᠯᠵᠤ᠂ ᠠᠬᠤᠢ ᠪᠠᠢᠳᠠᠯ᠎ᠤᠨ ᠡᠬᠢ ᠪᠠᠶᠠᠯᠢᠭ᠋᠎ᠢ ᠴᠢᠯᠦᠭᠡᠲᠡᠢ ᠨᠡᠭᠡᠭᠡᠬᠦ᠂ ᠵᠠᠪᠰᠠᠷ᠎ᠤᠨ ᠲᠤᠷᠰᠢᠯᠲᠠ᠎ᠪᠠᠷ ᠭᠡᠷᠡᠴᠢᠯᠡᠨ ᠰᠢᠨ᠎ᠡ᠎ᠶᠢ ᠡᠭᠦᠳᠬᠦ᠂ ᠬᠤᠳᠠᠯᠳᠤᠭᠠᠨ᠎ᠤ ᠬᠡᠪ ᠵᠠᠭᠪᠤᠷ᠎ᠢ ᠬᠠᠢᠨ ᠰᠦᠪᠡᠭᠴᠢᠯᠡᠬᠦ ᠵᠡᠷᠭᠡ ᠠᠵᠢᠯ᠎ᠤᠳ᠎ᠢ ᠰᠠᠢᠲᠤᠷ ᠬᠢᠵᠦ᠂ ᠮᠡᠷᠭᠡᠵᠢᠯ᠎ᠦᠨ ᠰᠢᠪᠲᠤᠯᠤᠯᠲᠠ᠎ᠠᠴᠠ ᠠᠵᠤ ᠦᠢᠯᠡᠰ᠎ᠦᠨ ᠬᠡᠷᠡᠭᠯᠡᠯᠲᠡ᠎ᠳᠦ ᠬᠦᠷᠬᠦ ᠪᠦᠷᠢᠨ ᠪᠦᠲᠦᠨ ᠪᠢᠲᠡᠭᠦᠦ ᠴᠠᠭᠠᠷᠢᠭᠲᠤ ᠠᠵᠢᠯᠯᠠᠭ᠎ᠠ᠎ᠨᠢ ᠪᠣᠶ ᠪᠣᠯᠭᠠᠬᠤ᠎ᠶᠢ ᠨᠢ ᠠᠬᠢᠭᠤᠯᠤᠨ᠎ᠠ᠃ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ ᠠᠷᠭ᠎ᠠ᠎ᠪᠠᠷ ᠨᠡᠩ ᠤᠯᠠᠨ ᠰᠢᠨ᠎ᠡ ᠠᠬᠤᠢ ᠪᠠᠢᠳᠠᠯ᠎ᠢ ᠪᠣᠢᠵᠢᠭᠤᠯᠵᠤ᠂ ᠰᠠᠭᠤᠷᠢ ᠪᠡᠯᠡᠳᠬᠡᠮᠵᠢ ᠪᠠ ᠲᠠᠪᠴᠠᠩ ᠵᠡᠷᠭᠡ 《ᠬᠠᠲᠠᠭᠤ ᠬᠡᠷᠡᠭᠰᠡᠯ᠎ᠦᠨ ᠪᠠᠢᠭᠤᠯᠤᠯᠲᠠ》᠎ᠶᠢ ᠠᠬᠢᠭᠤᠯᠵᠤ᠂ ᠬᠠᠤᠯᠢ ᠲᠣᠭᠲᠠᠭᠠᠯ᠂ ᠳᠦᠷᠢᠮ᠂ ᠲᠦᠷᠦ᠎ᠶᠢᠨ ᠪᠣᠳᠣᠯᠭ᠎ᠠ ᠵᠡᠷᠭᠡ 《ᠵᠥᠭᠡᠯᠡᠨ ᠬᠡᠷᠡᠭᠰᠡᠯ᠎ᠦᠨ ᠲᠤᠯᠭᠠᠭᠤᠷᠢᠯᠠᠯ》᠎ᠢ ᠰᠠᠢᠲᠤᠷ ᠬᠢᠵᠦ᠂ ᠰᠠᠯᠠᠭ᠎ᠠ ᠮᠥᠴᠢᠷ᠎ᠦᠳ᠎ᠦᠨ ᠬᠣᠭᠣᠷᠣᠨᠳᠤᠬᠢ ᠬᠠᠮᠵᠢᠯᠴᠠᠭ᠎ᠠ᠎ᠶᠢ ᠴᠢᠩᠭᠠᠳᠬᠠᠵᠤ᠂ ᠬᠢᠨᠠᠨ ᠬᠠᠮᠢᠶᠠᠷᠬᠤ ᠲᠣᠭᠲᠠᠴᠠ᠎ᠶᠢ ᠪᠦᠷᠢᠨᠰᠢᠭᠦᠯᠵᠦ᠂ ᠰᠢᠨ᠎ᠡ᠎ᠶᠢ ᠡᠭᠦᠳᠬᠦ ᠰᠠᠢᠨ ᠰᠠᠢᠬᠠᠨ ᠠᠮᠢ ᠠᠬᠤᠢ᠎ᠶᠢ ᠪᠤᠢ ᠪᠣᠯᠭᠠᠬᠤ ᠬᠡᠷᠡᠭᠲᠡᠢ ᠭᠡᠪᠡ᠃
ᠬᠤᠷᠠᠯᠳᠤᠭᠠᠨ᠎ᠢᠶᠠᠷ ᠵᠢᠭᠠᠵᠤ ᠭᠠᠷᠭᠠᠬᠤ᠎ᠳᠤ᠎ᠪᠠᠨ᠂ ᠣᠶ ᠰᠢᠭᠤᠢ ᠨᠤᠲᠤᠭ ᠪᠡᠯᠴᠢᠭᠡᠷ᠎ᠦᠨ ᠲᠦᠢᠮᠡᠷ ᠪᠣᠯ ᠭᠡᠨᠡᠳᠲᠡ᠎ᠶᠢᠨ ᠴᠢᠨᠠᠷ᠎ᠢᠶᠠᠷ ᠬᠡᠴᠡᠭᠦᠦ᠂ ᠡᠪᠳᠡᠯᠡᠭᠡ᠎ᠶᠢᠨ ᠴᠢᠨᠠᠷ᠎ᠢᠶᠠᠷ ᠶᠡᠬᠡ᠂ ᠠᠶᠤᠯᠲᠤ ᠴᠢᠨᠠᠷ᠎ᠢᠶᠠᠷ ᠥᠨᠳᠥᠷ ᠪᠠᠢᠳᠠᠭ᠃ ᠬᠣᠷᠢᠭ᠎ᠠ ᠱᠤᠭᠤᠮ᠎ᠤᠨ ᠰᠡᠳᠬᠢᠬᠦᠢ᠂ ᠲᠤᠢᠯᠰᠢᠷᠠᠯ᠎ᠤᠨ ᠰᠡᠳᠬᠢᠬᠦᠢ᠎ᠶᠢ ᠪᠠᠷᠢᠮᠲᠠᠯᠠᠵᠤ᠂ ᠬᠠᠷᠢᠭᠤᠴᠠᠯᠭ᠎ᠠ᠎ᠶᠢ ᠤᠯᠠᠮ ᠨᠢᠭᠡ ᠠᠯᠬᠤᠮ ᠴᠢᠩᠭ᠎ᠠ ᠪᠣᠳᠠᠲᠠᠢᠵᠢᠭᠤᠯᠵᠤ᠂ ᠠᠷᠭ᠎ᠠ ᠬᠡᠮᠵᠢᠶ᠎ᠡ᠎ᠶᠢ ᠨᠠᠷᠢᠨ ᠨᠠᠢᠳᠠᠪᠤᠷᠢᠵᠢᠭᠤᠯᠵᠤ᠂ ᠭᠠᠯ ᠰᠡᠷᠭᠡᠢᠯᠡᠨ ᠤᠨᠲᠠᠷᠠᠭᠠᠬᠤ ᠡᠯ᠎ᠡ ᠵᠦᠢᠯ᠎ᠦᠨ ᠠᠷᠭ᠎ᠠ ᠬᠡᠮᠵᠢᠶ᠎ᠡ᠎ᠶᠢ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠪᠠᠲᠤᠯᠠᠬᠤ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ᠎ᠦᠨ ᠲᠦᠢᠮᠡᠷ᠎ᠢ ᠶᠡᠷᠦᠩᠬᠡᠢᠯᠡᠨ ᠰᠡᠷᠭᠡᠢᠯᠡᠵᠦ ᠡᠵᠡᠮᠳᠡᠬᠦ ᠴᠢᠳᠠᠪᠤᠷᠢ᠎ᠶᠢ ᠬᠦᠴᠦᠯᠡᠨ ᠳᠡᠭᠡᠭᠰᠢᠯᠡᠭᠦᠯᠵᠦ᠂ ᠡᠷᠲᠡ ᠢᠯᠡᠷᠡᠭᠦᠯᠬᠦ᠂ ᠡᠷᠲᠡ ᠰᠢᠢᠳᠪᠦᠷᠢᠯᠡᠬᠦ᠎ᠶᠢ ᠪᠠᠷᠢᠮᠲᠠᠯᠠᠨ᠂ ᠭᠣᠣᠯᠳᠠᠯᠭ᠎ᠠ ᠪᠣᠯᠬᠤ ᠴᠠᠭ ᠬᠤᠭᠤᠴᠠᠭ᠎ᠠ᠂ ᠭᠣᠣᠯᠳᠠᠯᠭ᠎ᠠ ᠪᠣᠯᠬᠤ ᠣᠷᠣᠨ ᠪᠦᠰᠡ᠎ᠳᠦ ᠴᠢᠭᠯᠡᠭᠦᠯᠦᠨ ᠪᠠᠢᠴᠠᠭᠠᠬᠤ ᠴᠠᠭᠳᠠᠬᠤ ᠬᠠᠮᠠᠭᠠᠯᠠᠬᠤ᠎ᠶᠢ ᠴᠢᠩᠭᠠᠳᠬᠠᠵᠤ᠂ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠬᠡᠯ ᠲᠥᠰᠥᠯ᠎ᠢ ᠲᠡᠭᠦᠯᠳᠡᠷᠵᠢᠭᠦᠯᠦᠨ᠂ ᠬᠢᠨᠠᠨ ᠰᠢᠨᠵᠢᠵᠦ ᠰᠡᠷᠡᠮᠵᠢᠯᠡᠭᠦᠯᠬᠦ᠎ᠳᠦ ᠬᠠᠮᠤᠷᠬᠤ ᠬᠡᠪᠴᠢᠶ᠎ᠡ ᠪᠠ ᠣᠨᠣᠪᠴᠢᠲᠠᠢ ᠪᠠᠢᠯᠭᠠᠬᠤ᠎ᠶᠢ ᠳᠡᠭᠡᠭᠰᠢᠯᠡᠭᠦᠯᠬᠦ ᠬᠡᠷᠡᠭᠲᠡᠢ᠃ ᠤᠬᠠᠭᠤᠯᠭ᠎ᠠ ᠬᠥᠮᠦᠵᠢᠯ᠎ᠢ ᠪᠠᠢᠩᠭᠤᠰᠢᠭᠤᠯᠤᠨ ᠥᠷᠨᠢᠭᠦᠯᠵᠦ᠂ ᠨᠡᠢᠭᠡᠮ ᠨᠡᠶ᠋ᠢᠲᠡ᠎ᠶᠢᠨ ᠬᠢᠨ᠎ᠦ ᠭᠠᠯ᠎ᠢ ᠰᠡᠷᠭᠡᠢᠯᠡᠬᠦ ᠠᠮᠤᠷ ᠲᠦᠪᠰᠢᠨ᠎ᠦ ᠤᠬᠠᠮᠰᠠᠷ᠎ᠢ ᠨᠢ ᠳᠡᠭᠡᠭᠰᠢᠯᠡᠭᠦᠯᠵᠦ᠂ ᠠᠷᠠᠳ ᠲᠦᠮᠡᠨ᠎ᠦ ᠰᠡᠷᠡᠮᠵᠢᠯᠡᠨ ᠰᠡᠷᠭᠡᠢᠯᠡᠬᠦ ᠬᠠᠯᠬᠠᠪᠴᠢ ᠱᠤᠭᠤᠮ᠎ᠢ ᠦᠨᠡᠨ ᠬᠦ᠌ ᠪᠠᠲᠤᠳᠬᠠᠬᠤ ᠬᠡᠷᠡᠭᠲᠡᠢ ᠭᠡᠪᠡ᠃
ᠬᠤᠷᠠᠯᠳᠤᠭᠠᠨ᠎ᠢᠶᠠᠷ ᠪᠠᠰᠠ ᠪᠤᠰᠤᠳ ᠵᠦᠢᠯᠡᠰ᠎ᠢ ᠰᠤᠳᠤᠯᠵᠠᠢ᠃