ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠡᠨᠡ ᠵᠢᠯ᠎ᠦᠨ ᠵᠣᠬᠢᠶᠠᠮᠠᠯ ᠣᠶᠤᠨ᠎ᠤ ᠭᠣᠣᠯᠯᠠᠬᠤ ᠠᠵᠤ ᠦᠢᠯᠡᠰ᠎ᠦᠨ ᠬᠡᠪᠴᠢᠶᠡᠵᠢᠯ ᠲᠦᠮᠡᠨ ᠳ᠋ᠦᠩᠰᠢᠭᠤᠷ ᠲᠥᠭᠥᠷᠢᠭ᠎ᠢ ᠳᠠᠪᠠᠬᠤ ᠪᠣᠯᠣᠮᠵᠢ᠎ᠲᠠᠢ
ᠨᠡᠶ᠋ᠢᠲᠡᠯᠡᠭᠰᠡᠨ ᠴᠠᠭ᠄ 2025-12-15

ᠰᠤᠷᠪᠤᠯᠵᠢᠯᠠᠭ᠍ᠴᠢ ᠳᠤᠮᠳᠠᠳᠤ ᠤᠯᠤᠰ᠎ᠤᠨ ᠮᠡᠳᠡᠭᠡ ᠵᠠᠩᠭᠢ ᠴᠢᠮᠡᠭᠡ ᠬᠣᠯᠪᠣᠭ᠎ᠠ᠎ᠶᠢᠨ ᠰᠤᠳᠤᠯᠭᠠᠨ᠎ᠤ ᠬᠦᠷᠢᠶᠡᠯᠡᠩ᠎ᠡᠴᠡ ᠣᠢᠯᠠᠭᠠᠭᠰᠠᠨ᠎ᠢᠶᠠᠷ᠄ 2024 ᠣᠨ᠎ᠳᠤ ᠮᠠᠨ᠎ᠤ ᠤᠯᠤᠰ᠎ᠤᠨ ᠵᠣᠬᠢᠶᠠᠮᠠᠯ ᠣᠶᠣᠨ᠎ᠤ ᠭᠣᠣᠯᠯᠠᠬᠤ ᠠᠵᠤ ᠦᠢᠯᠡᠰ᠎ᠦᠨ ᠬᠡᠪᠴᠢᠶᠡᠵᠢᠯ 9000 ᠳ᠋ᠦᠩᠰᠢᠭᠤᠷ ᠲᠥᠭᠥᠷᠢᠭ᠎ᠢ ᠳᠠᠪᠠᠵᠤ᠂ ᠨᠡᠮᠡᠭᠳᠡᠯ᠎ᠦᠨ ᠬᠤᠷᠳᠤᠴᠠ ᠨᠢ 24% ᠎ᠳᠤ ᠬᠦᠷᠴᠡᠢ᠃ ᠠᠩᠬ᠎ᠠ ᠠᠯᠬᠤᠮ᠎ᠤᠨ ᠵᠢᠱ᠌ᠢᠯᠲᠡ᠎ᠪᠡᠷ 2025 ᠣᠨ᠎ᠳᠤ ᠵᠣᠬᠢᠶᠠᠮᠠᠯ ᠣᠶᠣᠨ᠎ᠤ ᠭᠣᠣᠯᠯᠠᠬᠤ ᠠᠵᠤ ᠦᠢᠯᠡᠰ᠎ᠦᠨ ᠬᠡᠪᠴᠢᠶᠡᠵᠢᠯ 1.2 ᠲᠦᠮᠡᠨ ᠳ᠋ᠦᠩᠰᠢᠭᠤᠷ ᠲᠥᠭᠥᠷᠢᠭ᠎ᠢ ᠳᠠᠪᠠᠬᠤ ᠪᠣᠯᠣᠮᠵᠢ᠎ᠲᠠᠢ ᠪᠠᠢᠨ᠎ᠠ᠃

ᠳ᠋ᠠᠢᠲ᠋ᠠ᠎ᠶᠢᠨ ᠢᠯᠡᠷᠡᠭᠦᠯᠦᠭᠰᠡᠨ᠎ᠢᠶᠡᠷ᠂ ᠡᠨᠡ ᠵᠢᠯ᠎ᠡᠴᠡ ᠨᠠᠭᠠᠰᠢ ᠦᠢᠯᠡᠳᠪᠦᠷᠢᠯᠡᠵᠦ ᠦᠢᠯᠡᠳᠬᠦ ᠭᠣᠭᠴᠣᠭᠠᠨ᠎ᠳᠠᠬᠢ ᠲᠣᠮᠣ᠌ ᠵᠠᠭᠪᠤᠷ᠎ᠤᠨ ᠬᠡᠷᠡᠭᠯᠡᠯᠲᠡ ᠢᠯᠡᠳᠲᠡ ᠨᠡᠮᠡᠭᠳᠡᠵᠦ᠂ ᠬᠡᠷᠡᠭᠯᠡᠯᠲᠡ᠎ᠶᠢᠨ ᠵᠢᠱ᠌ᠢᠶᠡᠨ᠎ᠦ ᠡᠵᠡᠯᠡᠬᠦ ᠬᠠᠷᠢᠴᠠᠯ ᠨᠢ ᠨᠢᠳᠤᠨᠤᠨ᠎ᠤ 19.9% ᠪᠠᠢᠭᠰᠠᠨ᠎ᠠᠴᠠ ᠨᠡᠮᠡᠭᠳᠡᠭᠡᠳ 25.9% ᠪᠣᠯᠵᠤ᠂ ᠵᠣᠬᠢᠶᠠᠮᠠᠯ ᠣᠶᠣᠨ᠎ᠤ ᠠᠵᠤ ᠦᠢᠯᠡᠰ᠎ᠦᠨ ᠬᠡᠪᠴᠢᠶᠡᠵᠢᠯ᠎ᠦᠨ ᠲᠦᠷᠭᠡᠨ ᠨᠡᠮᠡᠭᠳᠡᠯ᠎ᠢ ᠳᠠᠢᠴᠢᠯᠠᠭᠰᠠᠨ ᠪᠠᠢᠨ᠎ᠠ᠃

ᠳᠤᠮᠳᠠᠳᠤ ᠤᠯᠤᠰ᠎ᠤᠨ ᠮᠡᠳᠡᠭᠡ ᠵᠠᠩᠭᠢ ᠴᠢᠮᠡᠭᠡ ᠬᠣᠯᠪᠣᠭ᠎ᠠ᠎ᠶᠢᠨ ᠰᠤᠳᠤᠯᠭᠠᠨ᠎ᠤ ᠬᠦᠷᠢᠶᠡᠯᠡᠩ᠎ᠦᠨ ᠬᠣᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢᠯᠡᠷᠬᠡᠢᠯᠡᠬᠦ᠎ᠳᠦ᠎ᠪᠡᠨ᠂ ᠡᠨᠡ ᠵᠢᠯ᠎ᠡᠴᠡ ᠨᠠᠭᠠᠰᠢ᠂ ᠦᠭᠡ ᠬᠡᠯᠡ ᠪᠠ ᠤᠯᠠᠨ ᠲᠥᠯᠥᠪᠲᠦ ᠣᠢᠯᠠᠭᠠᠬᠤ ᠴᠢᠳᠠᠪᠤᠷᠢ᠎ᠶᠢᠨ ᠲᠠᠯ᠎ᠠ᠎ᠪᠠᠷ ᠲᠣᠮᠣ᠌ ᠵᠠᠭᠪᠤᠷ᠎ᠤᠨ ᠠᠵᠢᠯᠯᠠᠭᠠᠨ ᠢᠯᠡᠳᠲᠡ ᠳᠡᠭᠡᠭᠰᠢᠯᠡᠵᠡᠢ ᠭᠡᠪᠡ᠃ ᠣᠳᠣᠬᠠᠨ᠎ᠳᠤ᠂ ᠪᠥᠬᠥ ᠤᠯᠤᠰ᠎ᠲᠤ ᠳ᠋ᠠᠢᠲ᠋ᠠ ᠴᠤᠭᠯᠠᠭᠤᠯᠬᠤ ᠲᠠᠯᠠᠪᠤᠷ᠎ᠢ 27 ᠪᠠᠢᠭᠤᠯᠵᠤ᠂ ᠪᠡᠶᠡᠲᠦ ᠣᠶᠣᠨ᠎ᠤ ᠵᠠᠭᠪᠤᠷ᠎ᠤᠨ ᠰᠣᠷᠢᠯᠲᠠ᠎ᠳᠤ ᠥᠨᠳᠥᠷ ᠥᠷᠲᠡᠭᠲᠦ ᠳ᠋ᠠᠢᠲ᠋ᠠ ᠬᠠᠩᠭᠠᠵᠤ ᠪᠠᠢᠨ᠎ᠠ᠃

ᠢᠷᠡᠯᠲᠡ᠄ ᠠᠷᠠᠳ᠎ᠤᠨ ᠡᠳᠦᠷ᠎ᠦᠨ ᠰᠣᠨᠢᠨ