ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠯᠢ ᠴᠢᠶᠠᠩ ᠲᠥᠷᠥ᠎ᠶᠢᠨ ᠶᠠᠪᠤᠳᠠᠯ᠎ᠤᠨ ᠬᠤᠷᠢᠶ᠎ᠠ᠎ᠵᠢᠨ ᠵᠠᠷᠯᠢᠭ᠋᠎ᠲᠤ ᠭᠠᠷ᠎ᠤᠨ ᠥᠰᠥᠭ ᠵᠢᠷᠤᠵᠤ 《ᠪᠥᠬᠥ ᠠᠷᠠᠳ᠎ᠤᠨ ᠤᠩᠰᠢᠯᠭ᠎ᠠ᠎ᠶᠢ ᠠᠬᠢᠭᠤᠯᠬᠤ ᠳᠦᠷᠢᠮ》᠎ᠢ ᠨᠡᠢᠲᠡᠯᠡᠪᠡ
ᠨᠡᠶ᠋ᠢᠲᠡᠯᠡᠭᠰᠡᠨ ᠴᠠᠭ᠄ 2025-12-22

ᠲᠥᠷᠥ᠎ᠶᠢᠨ ᠶᠠᠪᠤᠳᠠᠯ᠎ᠤᠨ ᠬᠤᠷᠢᠶ᠎ᠠ᠎ᠵᠢᠨ ᠶᠡᠷᠦᠩᠬᠡᠢ ᠰᠠᠢᠳ ᠯᠢ ᠴᠢᠶᠠᠩ ᠲᠦᠷᠦᠭᠦᠬᠡᠨ ᠲᠥᠷᠥ᠎ᠶᠢᠨ ᠶᠠᠪᠤᠳᠠᠯ᠎ᠤᠨ ᠬᠤᠷᠢᠶ᠎ᠠ᠎ᠵᠢᠨ ᠵᠠᠷᠯᠢᠭ᠋᠎ᠲᠤ ᠭᠠᠷ᠎ᠤᠨ ᠥᠰᠥᠭ ᠵᠢᠷᠤᠵᠤ᠂ 《ᠪᠥᠬᠥ ᠠᠷᠠᠳ᠎ᠤᠨ ᠤᠩᠰᠢᠯᠭ᠎ᠠ ᠎ᠶᠢ ᠠᠬᠢᠭᠤᠯᠬᠤ ᠳᠦᠷᠢᠮ》 (ᠳᠣᠷᠣᠭ᠍ᠰᠢ 《ᠳᠦᠷᠢᠮ》 ᠭᠡᠵᠦ ᠲᠣᠪᠴᠢᠯᠠᠨ᠎ᠠ)᠎ᠢ ᠨᠡᠢᠲᠡᠯᠡᠪᠡ᠂ 2026 ᠣᠨ᠎ᠤ 2 ᠰᠠᠷ᠎ᠠ᠎ᠶᠢᠨ 1᠎ᠡᠴᠡ ᠡᠬᠢᠯᠡᠵᠦ ᠬᠡᠷᠡᠭᠵᠢᠭᠦᠯᠦᠨ᠎ᠡ᠃

《ᠳᠦᠷᠢᠮ》 ᠨᠢ ᠪᠦᠬᠦ ᠠᠷᠠᠳ᠎ᠤᠨ ᠤᠩᠰᠢᠯᠭ᠎ᠠ᠎ᠶᠢ ᠠᠬᠢᠭᠤᠯᠵᠤ᠂ ᠨᠤᠮ᠎ᠤᠨ ᠬᠡᠰᠢᠭᠳᠤ ᠨᠡᠢᠭᠡᠮ᠎ᠦᠨ ᠪᠠᠢᠭᠤᠯᠤᠯᠲᠠ᠎ᠶᠢ ᠠᠬᠢᠭᠤᠯᠵᠤ᠂ ᠪᠦᠬᠦ ᠦᠨᠳᠦᠰᠦᠲᠡᠨ᠎ᠦ ᠦᠵᠡᠯ ᠰᠠᠨᠠᠭ᠎ᠠ ᠶᠣᠰᠣ᠌ ᠰᠤᠷᠲᠠᠬᠤᠨ᠎ᠤ ᠬᠡᠪ ᠪᠣᠯᠪᠠᠰᠤᠷᠠᠯ ᠪᠣᠯᠣᠨ ᠰᠢᠨᠵᠢᠯᠡᠬᠦ ᠤᠬᠠᠭᠠᠨ ᠰᠣᠶᠣᠯ᠎ᠤᠨ ᠬᠡᠪ ᠪᠣᠯᠪᠠᠰᠤᠷᠠᠯ᠎ᠢ ᠴᠢᠩᠭᠠᠳᠬᠠᠵᠤ᠂ ᠪᠦᠬᠦ ᠨᠡᠢᠭᠡᠮ᠎ᠦᠨ ᠪᠣᠯᠪᠠᠰᠤᠨ᠎ᠤ ᠲᠦᠪᠰᠢᠨ᠎ᠢ ᠳᠡᠭᠡᠭᠰᠢᠯᠡᠭᠦᠯᠵᠦ᠂ ᠨᠡᠢᠭᠡᠮ ᠵᠢᠷᠤᠮ᠎ᠤᠨ ᠰᠣᠶᠣᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠶᠢ ᠠᠬᠢᠭᠤᠯᠬᠤ᠎ᠪᠡᠷ ᠵᠤᠷᠢᠯᠭ᠎ᠠ᠎ᠪᠠᠨ ᠪᠤᠯᠭᠠᠪᠠ᠃ 《ᠳᠦᠷᠢᠮ》 ᠨᠢ ᠨᠡᠶ᠋ᠢᠲᠡ 6 ᠪᠦᠯᠦᠭ 45 ᠵᠦᠢᠯ ᠪᠠᠢᠵᠤ᠂ ᠭᠣᠣᠯᠳᠠᠭᠤ ᠳᠣᠣᠷᠠᠬᠢ ᠠᠭᠤᠯᠭ᠎ᠠ᠎ᠶᠢ ᠲᠣᠭᠲᠠᠭᠠᠪᠠ᠃

ᠨᠢᠭᠡ᠎ᠳᠦ᠂ ᠶᠡᠷᠦᠩᠬᠡᠢ ᠱᠠᠭᠠᠷᠳᠠᠯᠭ᠎ᠠ᠎ᠶᠢ ᠲᠣᠳᠣᠷᠬᠠᠢᠯᠠᠪᠠ᠃ ᠪᠦᠬᠦ ᠠᠷᠠᠳ᠎ᠤᠨ ᠤᠩᠰᠢᠯᠭ᠎ᠠ᠎ᠶᠢ ᠠᠬᠢᠭᠤᠯᠬᠤ ᠠᠵᠢᠯ᠎ᠤᠨ ᠵᠢᠯᠤᠭᠣᠳᠬᠤ ᠦᠵᠡᠯ ᠰᠠᠨᠠᠭ᠎ᠠ᠎ᠶᠢ ᠲᠣᠳᠣᠷᠬᠠᠢᠯᠠᠵᠤ᠂ ᠪᠦᠬᠦ ᠠᠷᠠᠳ᠎ᠢ ᠬᠠᠮᠤᠷᠤᠭᠰᠠᠨ᠂ ᠲᠦᠭᠡᠮᠡᠯ ᠬᠠᠷᠠᠭᠠᠯᠵᠠᠯᠳᠤ ᠥᠨᠳᠥᠷ ᠪᠦᠲᠦᠮᠵᠢᠲᠡᠢ ᠪᠦᠬᠦ ᠠᠷᠠᠳ᠎ᠤᠨ ᠤᠩᠰᠢᠯᠭ᠎ᠠ᠎ᠶᠢ ᠠᠬᠢᠭᠤᠯᠬᠤ ᠰᠢᠰᠲᠧᠮ᠎ᠢ ᠪᠠᠶ᠋ᠢᠭᠤᠯᠬᠤ᠎ᠪᠠᠷ ᠲᠣᠭᠲᠠᠭᠠᠵᠤ᠂ ᠬᠡᠪᠯᠡᠯ᠎ᠦᠨ ᠶᠠᠰᠤ ᠴᠢᠨᠠᠷ᠎ᠢ ᠳᠡᠭᠡᠭᠰᠢᠯᠡᠭᠦᠯᠵᠦ᠂ ᠨᠡᠩ ᠤᠯᠠᠨ ᠰᠢᠯᠢᠳᠡᠭ ᠬᠡᠪᠯᠡᠭᠳᠡᠬᠦᠨ ᠭᠠᠷᠭᠠᠵᠤ᠂ ᠪᠦᠬᠦ ᠨᠡᠢᠭᠡᠮ᠎ᠢᠶᠡᠷ᠎ᠢᠶᠡᠨ ᠨᠣᠮ ᠤᠩᠰᠢᠬᠤ ᠳᠤᠷᠠᠲᠠᠢ᠂ ᠰᠠᠢᠨ ᠨᠣᠮ ᠤᠩᠰᠢᠬᠤ᠂ ᠨᠣᠮ ᠤᠩᠰᠢᠬᠤ᠎ᠳᠠᠭᠠᠨ ᠴᠢᠳᠠᠮᠠᠭᠠᠢ ᠪᠠᠢᠬᠤ ᠬᠦᠨ ᠵᠤᠵᠠᠭᠠᠨ ᠠᠭᠤᠷ ᠠᠮᠢᠰᠬᠤᠯ᠎ᠢ ᠪᠤᠢ ᠪᠣᠯᠭᠠᠬᠤ᠎ᠶᠢ ᠠᠬᠢᠭᠤᠯᠤᠨ᠎ᠠ᠃

ᠬᠣᠶᠠᠷ᠎ᠲᠤ᠂ ᠪᠥᠬᠥ ᠠᠷᠠᠳ᠎ᠤᠨ ᠤᠩᠰᠢᠯᠭ᠎ᠠ᠎ᠶᠢ ᠳᠡᠯᠭᠡᠷᠡᠭᠦᠯᠬᠦ ᠡᠷᠴᠢᠮ᠎ᠢ ᠴᠢᠩᠭᠠᠷᠠᠭᠤᠯᠤᠨ᠎ᠠ᠃ ᠠᠭᠤᠯᠭ᠎ᠠ ᠨᠢ ᠡᠷᠡᠭᠦᠯ ᠥᠭᠡᠳᠡᠷᠬᠡᠭ᠂ ᠰᠣᠶᠣᠯ᠎ᠤᠨ ᠠᠭᠤᠯᠤᠭᠳᠠᠬᠤᠨ᠎ᠢ ᠢᠯᠡᠷᠡᠭᠦᠯᠦᠭᠰᠡᠨ᠂ ᠣᠯᠠᠨ ᠶᠠᠩᠵᠤ᠎ᠶᠢᠨ ᠬᠡᠯᠪᠡᠷᠢ ᠪᠦᠬᠦᠢ ᠪᠥᠬᠥ ᠠᠷᠠᠳ᠎ᠤᠨ ᠤᠩᠰᠢᠯᠭ᠎ᠠ᠎ᠶᠢ ᠳᠡᠯᠭᠡᠷᠡᠭᠦᠯᠬᠦ ᠠᠵᠢᠯᠯᠠᠭ᠎ᠠ ᠥᠷᠨᠢᠭᠦᠯᠬᠦ᠎ᠶᠢ ᠵᠣᠷᠢᠭ᠍ᠵᠢᠭᠤᠯᠤᠨ᠎ᠠ᠃ ᠪᠥᠬᠥ ᠠᠷᠠᠳ᠎ᠤᠨ ᠤᠩᠰᠢᠯᠭ᠎ᠠ᠎ᠶᠢᠨ ᠠᠵᠢᠯᠯᠠᠭ᠎ᠠ᠎ᠶᠢᠨ ᠲᠥᠷᠥᠯ ᠲᠡᠮᠳᠡᠭ᠎ᠢ ᠪᠣᠢᠵᠢᠭᠤᠯᠵᠤ᠂ ᠰᠢᠯᠢᠳᠡᠭ ᠬᠡᠪᠯᠡᠭᠳᠡᠬᠦᠨ᠎ᠢ ᠲᠠᠨᠢᠯᠴᠠᠭᠤᠯᠬᠤ᠎ᠶᠢ ᠰᠠᠢᠲᠤᠷ ᠬᠢᠵᠦ᠂ ᠠᠷᠠᠳ ᠢᠷᠭᠡᠳ᠎ᠦᠨ ᠰᠢᠯᠢᠳᠡᠭ ᠠᠭᠤᠯᠭ᠎ᠠ᠎ᠶᠢ ᠤᠩᠰᠢᠬᠤ᠎ᠶᠢ ᠬᠥᠲᠥᠯᠥᠨ ᠵᠢᠯᠣᠭᠣᠳᠤᠨ᠎ᠠ᠃ ᠵᠢᠯ ᠪᠦᠷᠢ᠎ᠶᠢᠨ 4 ᠰᠠᠷ᠎ᠠ᠎ᠶᠢᠨ ᠳᠥᠷᠪᠡᠳᠦᠭᠡᠷ ᠭᠠᠷᠠᠭ᠎ᠢ ᠪᠦᠬᠦ ᠠᠷᠠᠳ᠎ᠤᠨ ᠤᠩᠰᠢᠯᠭ᠎ᠠ᠎ᠶᠢᠨ ᠠᠵᠢᠯᠯᠠᠭᠠᠨ᠎ᠤ ᠭᠠᠷᠠᠭ᠎ᠢᠶᠠᠷ ᠲᠣᠭᠲᠠᠭᠠᠪᠠ᠃ ᠮᠡᠳᠡᠭᠡ ᠵᠠᠩᠭᠢ᠎ᠶᠢᠨ ᠮᠡᠷᠭᠡᠵᠢᠯ᠎ᠢ ᠠᠰᠢᠭ᠍ᠯᠠᠨ ᠪᠦᠬᠦ ᠠᠷᠠᠳ᠎ᠢᠶᠠᠷ᠎ᠢᠶᠠᠨ ᠤᠩᠰᠢᠨ ᠳᠡᠯᠭᠡᠷᠡᠭᠦᠯᠬᠦ ᠠᠵᠢᠯᠯᠠᠭ᠎ᠠ ᠥᠷᠨᠢᠭᠦᠯᠬᠦ᠎ᠶᠢ ᠳᠡᠮᠵᠢᠵᠦ᠂ ᠠᠵᠢᠯᠯᠠᠭ᠎ᠠ᠎ᠶᠢᠨ ᠨᠥᠯᠥᠭᠡᠯᠡᠬᠦ ᠬᠦᠴᠦᠨ᠎ᠢ ᠥᠷᠭᠡᠳᠬᠡᠨ᠎ᠡ᠃

ᠭᠤᠷᠪᠠ᠎ᠳᠤ᠂ ᠪᠥᠬᠥ ᠠᠷᠠᠳ᠎ᠤᠨ ᠤᠩᠰᠢᠯᠭ᠎ᠠ᠎ᠶᠢᠨ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠦᠨ᠎ᠡ᠃ ᠪᠥᠬᠥ ᠠᠷᠠᠳ᠎ᠤᠨ ᠤᠩᠰᠢᠯᠭ᠎ᠠ᠎ᠶᠢᠨ ᠲᠦᠬᠦᠭᠡᠷᠦᠮᠵᠢ᠎ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ᠎ᠪᠠᠷ ᠲᠥᠯᠥᠪᠵᠢᠭᠦᠯᠦᠨ ᠪᠠᠢᠭᠤᠯᠵᠤ᠂ ᠪᠠᠢᠭᠤᠯᠭ᠎ᠠ᠂ ᠰᠤᠷᠭᠠᠭᠤᠯᠢ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠂ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠪᠠᠢᠭᠤᠯᠤᠮᠵᠢ ᠵᠡᠷᠭᠡ᠎ᠶᠢᠨ ᠵᠣᠬᠢᠬᠤ ᠤᠩᠰᠢᠯᠭ᠎ᠠ᠎ᠶᠢᠨ ᠲᠦᠬᠦᠭᠡᠷᠦᠮᠵᠢ ᠪᠠᠶ᠋ᠢᠭᠤᠯᠬᠤ᠎ᠶᠢ ᠵᠣᠷᠢᠭ᠍ᠵᠢᠭᠤᠯᠤᠨ᠎ᠠ᠃ ᠲᠣᠭᠲᠠᠭᠠᠯ᠎ᠢ ᠦᠨᠳᠦᠰᠦᠯᠡᠪᠡᠯ᠂ ᠪᠣᠳᠠᠲᠤ ᠪᠠᠢᠳᠠᠯ᠎ᠢ ᠦᠨᠳᠦᠰᠦᠯᠡᠨ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ ᠠᠪᠴᠤ ᠪᠣᠳᠠᠲᠤ ᠴᠣᠭᠴᠠ᠎ᠵᠢᠨ ᠨᠣᠮ᠎ᠤᠨ ᠳᠡᠯᠭᠡᠭᠦᠷ᠎ᠦᠨ ᠬᠥᠭᠵᠢᠯᠲᠡ᠎ᠶᠢ ᠳᠡᠮᠵᠢᠵᠦ᠂ ᠪᠣᠳᠠᠲᠤ ᠴᠣᠭᠴᠠ᠎ᠵᠢᠨ ᠨᠣᠮ᠎ᠤᠨ ᠳᠡᠯᠭᠡᠭᠦᠷ᠎ᠦᠨ ᠤᠩᠰᠢᠯᠭ᠎ᠠ᠎ᠶᠢᠨ ᠨᠥᠬᠥᠴᠡᠯ᠎ᠢᠶᠡᠨ ᠰᠠᠢᠵᠢᠷᠠᠭᠤᠯᠵᠤ᠂ ᠤᠩᠰᠢᠯᠭ᠎ᠠ᠎ᠶᠢᠨ ᠠᠵᠢᠯᠯᠠᠭ᠎ᠠ ᠥᠷᠨᠢᠭᠦᠯᠬᠦ᠎ᠶᠢ ᠵᠣᠷᠢᠭ᠍ᠵᠢᠭᠤᠯᠤᠨ᠎ᠠ᠃ ᠲᠣᠭᠠᠴᠢᠯᠠᠭᠰᠠᠨ ᠤᠩᠰᠢᠯᠭ᠎ᠠ᠎ᠶᠢ ᠤᠯᠠᠮᠵᠢᠯᠠᠯᠲᠤ ᠤᠩᠰᠢᠯᠭ᠎ᠠ᠎ᠲᠠᠢ ᠤᠶᠠᠯᠳᠤᠭᠤᠯᠬᠤ᠎ᠶᠢ ᠳᠡᠮᠵᠢᠵᠦ᠂ ᠲᠣᠭᠠᠴᠢᠯᠠᠭᠰᠠᠨ ᠤᠩᠰᠢᠯᠭ᠎ᠠ᠎ᠶᠢᠨ ᠦᠢᠯᠡᠴᠢᠯᠡᠭᠡ ᠬᠠᠩᠭᠠᠭ᠍ᠴᠢ᠎ᠶᠢᠨ ᠠᠭᠤᠯᠭ᠎ᠠ᠎ᠶᠢᠨ ᠬᠠᠮᠢᠶᠠᠷᠤᠯᠲᠠ᠎ᠪᠠᠨ ᠴᠢᠩᠭᠠᠳᠬᠠᠵᠤ᠂ ᠴᠢᠨᠠᠷ ᠰᠠᠢᠲᠠᠢ ᠲᠣᠭᠠᠴᠢᠯᠠᠭᠰᠠᠨ ᠤᠩᠰᠢᠯᠭ᠎ᠠ᠎ᠶᠢᠨ ᠠᠭᠤᠯᠭ᠎ᠠ᠎ᠶᠢ ᠬᠦᠷᠭᠡᠬᠦ᠎ᠶᠢ ᠱᠠᠭᠠᠷᠳᠠᠨ᠎ᠠ᠃ ᠨᠡᠢᠭᠡᠮ᠎ᠦᠨ ᠬᠦᠴᠦᠨ᠎ᠦ ᠬᠠᠤᠯᠢ ᠶᠣᠰᠣᠭᠠᠷ ᠣᠷᠣᠯᠴᠠᠵᠤ ᠤᠩᠰᠢᠯᠭ᠎ᠠ᠎ᠶᠢᠨ ᠦᠢᠯᠡᠴᠢᠯᠡᠭᠡ ᠬᠠᠩᠭᠠᠬᠤ᠂ ᠣᠯᠠᠨ ᠨᠡᠶ᠋ᠢᠲᠡ᠎ᠶᠢᠨ ᠤᠩᠰᠢᠯᠭ᠎ᠠ᠎ᠶᠢᠨ ᠣᠷᠣᠨ ᠵᠠᠢ᠎ᠶᠢ ᠪᠠᠶ᠋ᠢᠭᠤᠯᠬᠤ᠎ᠳᠤ ᠣᠷᠣᠯᠴᠠᠬᠤ᠎ᠶᠢ ᠵᠣᠷᠢᠭ᠍ᠵᠢᠭᠤᠯᠤᠨ ᠳᠡᠮᠵᠢᠵᠦ᠂ ᠬᠠᠭᠤᠴᠢᠨ ᠨᠣᠮ ᠪᠢᠴᠢᠭ᠎ᠦᠨ ᠰᠣᠯᠢᠯᠴᠠᠭ᠎ᠠ ᠭᠦᠢᠯᠭᠡᠭᠡ᠎ᠶᠢ ᠥᠷᠨᠢᠭᠦᠯᠦᠨ᠂ ᠪᠥᠬᠥ ᠠᠷᠠᠳ᠎ᠤᠨ ᠤᠩᠰᠢᠯᠭ᠎ᠠ᠎ᠶᠢᠨ ᠦᠵᠡᠭᠳᠡᠯ ᠪᠠᠢᠳᠠᠯ᠎ᠢ ᠪᠠᠶᠠᠯᠢᠭ᠍ᠵᠢᠭᠤᠯᠤᠨ᠎ᠠ᠃

ᠳᠥᠷᠪᠡ᠎ᠳᠦ᠂ ᠪᠥᠬᠥ ᠠᠷᠠᠳ᠎ᠤᠨ ᠤᠩᠰᠢᠯᠭ᠎ᠠ᠎ᠶᠢᠨ ᠪᠠᠲᠤᠯᠠᠭ᠎ᠠ᠎ᠶᠢᠨ ᠠᠷᠭ᠎ᠠ ᠬᠡᠮᠵᠢᠶ᠎ᠡ᠎ᠶᠢ ᠴᠢᠩᠭᠠᠷᠠᠭᠤᠯᠤᠨ᠎ᠠ᠃ ᠪᠦᠬᠦ ᠠᠷᠠᠳ᠎ᠤᠨ ᠨᠣᠮ ᠤᠩᠰᠢᠬᠤ ᠪᠦᠷᠬᠦᠴᠡ᠎ᠶᠢ ᠥᠷᠭᠡᠳᠬᠡᠵᠦ᠂ ᠬᠥᠳᠡᠭᠡ ᠲᠣᠰᠬᠣᠨ᠎ᠤ ᠭᠠᠵᠠᠷ ᠣᠷᠣᠨ᠂ ᠬᠤᠪᠢᠰᠬᠠᠯ᠎ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ᠎ᠦ ᠭᠠᠵᠠᠷ ᠣᠷᠣᠨ᠂ ᠬᠢᠯᠢ ᠬᠢᠵᠠᠭᠠᠷ ᠣᠷᠣᠨ᠂ ᠬᠥᠭᠵᠢᠭᠡᠳᠦᠢ ᠭᠠᠵᠠᠷ ᠣᠷᠣᠨ᠎ᠤ ᠪᠦᠬᠦ ᠠᠷᠠᠳ᠎ᠤᠨ ᠨᠣᠮ ᠤᠩᠰᠢᠬᠤ᠎ᠶᠢ ᠭᠣᠣᠯᠳᠠᠯᠭ᠎ᠠ᠎ᠲᠠᠢ ᠲᠡᠳᠬᠦᠨ᠎ᠡ᠃ ᠨᠠᠰᠤᠨ᠎ᠳᠤ ᠥᠯᠥ ᠬᠦᠷᠦᠭᠰᠡᠳ᠂ ᠵᠡᠮᠳᠡᠭᠴᠦᠳ᠂ ᠨᠠᠰᠤᠲᠠᠢᠴᠤᠳ ᠵᠡᠷᠭᠡ᠎ᠶᠢᠨ ᠤᠩᠰᠢᠯᠭ᠎ᠠ᠎ᠶᠢᠨ ᠪᠠᠲᠤᠯᠠᠭ᠎ᠠ᠎ᠶᠢ ᠴᠢᠩᠭᠠᠳᠬᠠᠵᠤ᠂ ᠲᠣᠬᠢᠷᠠᠮᠵᠢᠲᠠᠢ ᠤᠩᠰᠢᠬᠤ ᠪᠢᠴᠢᠭ ᠬᠠᠩᠭᠠᠬᠤ᠂ ᠤᠩᠰᠢᠯᠭ᠎ᠠ᠎ᠶᠢᠨ ᠬᠢᠴᠢᠶᠡᠯ ᠨᠡᠭᠡᠭᠡᠬᠦ᠂ ᠪᠥᠬᠥ ᠠᠷᠠᠳ᠎ᠤᠨ ᠤᠩᠰᠢᠯᠭ᠎ᠠ᠎ᠶᠢᠨ ᠰᠠᠭᠠᠳ ᠦᠭᠡᠢ ᠲᠦᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠳᠡᠮᠵᠢᠬᠦ᠂ ᠨᠠᠰᠤᠲᠠᠢᠴᠤᠳ᠎ᠲᠤ ᠲᠣᠬᠢᠷᠠᠬᠤ ᠦᠢᠯᠡᠴᠢᠯᠡᠭᠡᠨ᠎ᠦ ᠪᠠᠷᠢᠮᠵᠢᠶ᠎ᠠ᠎ᠶᠢ ᠰᠢᠯᠢᠳᠡᠭᠵᠢᠭᠦᠯᠬᠦ ᠵᠡᠷᠭᠡ ᠠᠷᠭ᠎ᠠ ᠬᠡᠮᠵᠢᠶ᠎ᠡ᠎ᠶᠢ ᠲᠣᠭᠲᠠᠭᠠᠨ᠎ᠠ᠃ ᠬᠥᠳᠡᠭᠡ ᠲᠣᠰᠬᠣᠨ᠎ᠤ ᠤᠩᠰᠢᠯᠭ᠎ᠠ᠎ᠶᠢᠨ ᠲᠥᠯᠥᠪᠯᠡᠭᠡ᠎ᠶᠢ ᠲᠣᠳᠣᠷᠬᠠᠢ ᠲᠣᠭᠲᠠᠭᠠᠵᠤ᠂ ᠬᠤᠳᠠ ᠬᠥᠳᠡᠭᠡ᠎ᠶᠢᠨ ᠦᠨᠳᠦᠰᠦᠨ ᠤᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡ᠎ᠶᠢ ᠲᠡᠩᠴᠡᠬᠦᠷᠢᠰᠢᠬᠦᠯᠬᠦ᠎ᠶᠢ ᠠᠬᠢᠭᠤᠯᠤᠨ᠎ᠠ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ