ᠢᠲᠡᠭᠡᠮᠵᠢ ᠠᠯᠳᠠᠭᠰᠠᠨ ᠪᠣᠯᠪᠠᠴᠤ ᠢᠳᠡᠪᠬᠢᠲᠡᠢ᠎ᠪᠡᠷ ᠵᠣᠭᠣᠰ᠎ᠢᠶᠠᠨ ᠪᠤᠴᠠᠭᠠᠭᠰᠠᠨ ᠬᠤᠪᠢ ᠬᠥᠮᠥᠨ᠎ᠦ ᠢᠲᠡᠭᠡᠮᠵᠢ᠎ᠶᠢ ᠥᠨᠳᠥᠷ ᠪᠦᠲᠦᠮᠵᠢᠲᠡᠶ ᠪᠥᠭᠡᠳ ᠳᠥᠭᠥᠮ ᠳᠥᠲᠡ ᠲᠠᠬᠢᠨᠳᠠ ᠪᠣᠢ ᠪᠣᠯᠭᠠᠬᠤ᠎ᠶᠢ ᠳᠡᠮᠵᠢᠬᠦ᠎ᠶᠢᠨ ᠲᠥᠯᠥᠭᠡ᠂ 12 ᠳ᠋ᠤᠭᠠᠷ ᠰᠠᠷ᠎ᠠ᠎ᠶᠢᠨ 22᠎ᠤᠨ ᠡᠳᠦᠷ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠡᠴᠡ ᠢᠲᠡᠭᠡᠮᠵᠢ᠎ᠶᠢ ᠨᠢᠭᠡ ᠯᠡ ᠤᠳᠠᠭ᠎ᠠ᠎ᠳᠤ ᠰᠡᠷᠭᠦᠭᠡᠬᠦ ᠲᠥᠷᠥ᠎ᠶᠢᠨ ᠪᠣᠳᠣᠯᠭ᠎ᠠ᠎ᠶᠢᠨ ᠬᠣᠯᠪᠣᠭᠳᠠᠯ ᠪᠦᠬᠦᠢ ᠲᠣᠬᠢᠷᠠᠭᠤᠯᠤᠯᠲᠠ᠎ᠶᠢ ᠨᠡᠢᠲᠡᠯᠡᠪᠡ᠃
ᠬᠣᠯᠪᠣᠭᠳᠠᠯ ᠪᠦᠬᠦᠢ ᠲᠣᠬᠢᠷᠠᠭᠤᠯᠤᠯᠲᠠ᠎ᠶᠢ ᠦᠨᠳᠦᠰᠦᠯᠡᠪᠡᠯ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠢᠲᠡᠭᠡᠮᠵᠢ᠎ᠶᠢᠨ ᠮᠡᠳᠡᠭᠡ ᠵᠠᠩᠭᠢ᠎ᠶᠢᠨ ᠰᠢᠰᠲᠧᠮ᠎ᠳᠦ ᠢᠲᠡᠭᠡᠮᠵᠢᠲᠦ ᠵᠢᠭᠡᠯᠡᠯᠭᠡ᠎ᠶᠢᠨ ᠬᠤᠭᠤᠴᠠᠭ᠎ᠠ ᠨᠢ ᠬᠡᠲᠦᠷᠡᠭᠰᠡᠨ ᠮᠡᠳᠡᠭᠡ ᠵᠠᠩᠭᠢ ᠲᠠᠢ ᠬᠤᠪᠢ ᠬᠥᠮᠥᠨ᠎ᠳᠦ ᠯᠡ ᠡᠨᠡ ᠬᠦ᠌ ᠲᠥᠷᠥ᠍᠎ᠶᠢᠨ ᠪᠣᠳᠣᠯᠭ᠎ᠠ᠎ᠶᠢ ᠬᠡᠷᠡᠭᠵᠢᠭᠦᠯᠦᠨ᠎ᠡ; 2020 ᠣᠨ᠎ᠤ 1 ᠳ᠋ᠦ᠍ᠭᠡᠷ ᠰᠠᠷ᠎ᠠ᠎ᠶᠢᠨ 1᠎ᠦ ᠡᠳᠦᠷ᠎ᠡᠴᠡ 2025 ᠣᠨ᠎ᠤ 12 ᠳ᠋ᠤᠭᠠᠷ ᠰᠠᠷ᠎ᠠ᠎ᠶᠢᠨ 31᠎ᠦ ᠡᠳᠦᠷ᠎ᠤᠨ ᠬᠣᠭᠣᠷᠣᠨᠳᠤ ᠬᠤᠭᠤᠴᠠᠭ᠎ᠠ ᠨᠢ ᠬᠡᠲᠦᠷᠡᠭᠰᠡᠳ᠎ᠲᠦ ᠯᠠ ᠡᠨᠡ ᠬᠦ᠌ ᠲᠥᠷᠥ᠍᠎ᠶᠢᠨ ᠪᠣᠳᠣᠯᠭ᠎ᠠ᠎ᠶᠢ ᠬᠡᠷᠡᠭᠵᠢᠭᠦᠯᠦᠨ᠎ᠡ; ᠬᠤᠭᠤᠴᠠᠭ᠎ᠠ ᠨᠢ ᠬᠡᠲᠦᠷᠡᠭᠰᠡᠨ ᠭᠠᠭᠴᠠ ᠤᠳᠠᠭᠠᠨ᠎ᠤ ᠵᠢᠭᠡᠯᠡᠭᠰᠡᠨ ᠵᠣᠭᠣᠰ᠎ᠤᠨ ᠲᠣᠭ᠎ᠠ ᠨᠢ 1 ᠲᠦᠮᠡᠨ ᠲᠥᠭᠥᠷᠢᠭ᠎ᠡᠴᠡ ᠬᠡᠲᠦᠷᠡᠬᠦ ᠦᠭᠡᠢ ᠪᠠᠢᠳᠠᠯ᠎ᠳᠤ ᠡᠨᠡ ᠬᠦ᠌ ᠲᠥᠷᠥ᠍᠎ᠶᠢᠨ ᠪᠣᠳᠣᠯᠭ᠎ᠠ᠎ᠶᠢ ᠬᠡᠷᠡᠭᠵᠢᠭᠦᠯᠦᠨ᠎ᠡ; ᠡᠨᠡ ᠬᠦ᠌ ᠲᠥᠷᠥ᠍᠎ᠶᠢᠨ ᠪᠣᠳᠣᠯᠭ᠎ᠠ᠎ᠶᠢ ᠬᠡᠷᠡᠭᠵᠢᠭᠦᠯᠬᠦ ᠤᠷᠢᠲᠠᠯ ᠨᠥᠬᠥᠴᠡᠯ ᠪᠣᠯ ᠬᠤᠪᠢ ᠬᠥᠮᠥᠨ ᠨᠢ 2026 ᠣᠨ᠎ᠤ 3 ᠳ᠋ᠤᠭᠠᠷ ᠰᠠᠷ᠎ᠠ᠎ᠶᠢᠨ 31᠎ᠦ ᠡᠳᠦᠷ (ᠪᠠᠭᠲᠠᠨ᠎ᠠ)᠎ᠡᠴᠡ ᠡᠮᠦᠨ᠎ᠡ ᠬᠤᠭᠤᠴᠠᠭ᠎ᠠ ᠬᠡᠲᠦᠷᠡᠭᠰᠡᠨ ᠥᠭᠴᠡᠭᠡ᠎ᠪᠡᠨ ᠲᠣᠭ᠎ᠠ ᠶᠣᠰᠣᠭᠠᠷ ᠭᠦᠢᠴᠡᠳ ᠲᠥᠯᠥᠭᠰᠡᠨ ᠪᠠᠢᠬᠤ ᠬᠡᠷᠡᠭᠲᠡᠢ᠃ ᠳᠡᠭᠡᠷ᠎ᠡ ᠳᠤᠷᠠᠳᠤᠭᠰᠠᠨ ᠨᠥᠬᠥᠴᠡᠯ᠎ᠳᠦ ᠨᠡᠢᠴᠡᠬᠦ ᠬᠤᠭᠤᠴᠠᠭ᠎ᠠ ᠬᠡᠲᠦᠷᠡᠭᠰᠡᠨ ᠮᠡᠳᠡᠭᠡ ᠵᠠᠩᠭᠢ᠎ᠶᠢ ᠨᠢ ᠬᠤᠪᠢ ᠬᠥᠮᠥᠨ᠎ᠦ ᠢᠲᠡᠭᠡᠮᠵᠢ᠎ᠶᠢᠨ ᠮᠡᠳᠡᠭᠦᠯᠦᠯᠲᠡ᠎ᠳᠦ ᠢᠯᠡᠷᠡᠭᠦᠯᠬᠦ ᠦᠭᠡᠢ᠃